ᠵᠢᠨᠢᠩ ᠲᠣᠭᠤᠷᠢᠭ ‍ᠦᠨ‌ᠠᠷᠪᠠᠨ ᠲᠠᠪᠣᠳᠣᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠳᠦᠴᠢᠳᠦᠭᠡᠷ ᠣᠳᠠᠭᠠᠨ ᠤ ᠪᠠᠶᠢᠩᠭᠤ ᠶᠢᠨ ᠶᠠᠪᠤᠳᠠᠯ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2018/10/31
    2018 ᠣᠨ ᠤ 10 ᠰᠠᠷ᠎ᠠ ᠶᠢᠨ 30᠎ ᠤ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠤᠨ ᠤ ᠣᠷᠤᠯᠠᠭᠴᠢ ᠲᠣᠭᠤᠷᠢᠭ ᠤᠨ ᠳᠠᠷᠤᠭ᠎ᠠ᠂ ᠴᠠᠬᠠᠷ ᠠᠵᠤ ᠠᠬᠤᠢ ᠶᠢᠨ ᠨᠡᠭᠡᠭᠡᠯᠳᠡ ᠶᠢᠨ ᠣᠷᠤᠨ ᠤ ᠨᠠᠮ ᠤᠨ ᠠᠵᠢᠯ ᠤᠨ ᠵᠦᠪᠯᠡᠯ  ᠤᠨ ᠱᠦᠵᠢ᠂ ᠬᠠᠮᠢᠶᠠᠷᠤᠯᠳᠠ ᠶᠢᠨ ᠵᠦᠪᠯᠡᠯ ᠤᠨ ᠡᠷᠬᠢᠯᠡᠭᠴᠢ ᠵᠢᠢ ᠬᠤᠩ ᠠᠴᠠ ᠵᠢᠨᠢᠩ ᠲᠣᠭᠤᠷᠢᠭ ᠤᠨ ᠠᠷᠪᠠᠨ ᠲᠠᠪᠣᠳᠣᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠳᠦᠴᠢᠳᠦᠭᠡᠷ ᠣᠳᠠᠭᠠᠨ ᠤ ᠪᠠᠶᠢᠩᠭᠤ ᠶᠢᠨ ᠶᠠᠪᠤᠳᠠᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠳᠡᠭᠡᠷ᠎ᠡ ᠭᠤᠤᠯᠳᠠᠭᠤ1-9 ᠰᠠᠷ᠎ᠠ ᠶᠢᠨ ᠶᠡᠭᠡ ᠬᠡᠮᠵᠢᠶᠡᠨ ᠤ ᠪᠡᠯᠡ ᠮᠦᠩᠭᠦ ᠶᠢᠨ ᠬᠡᠷᠡᠭᠯᠡᠭᠰᠡᠨ ᠪᠠᠶᠢᠳᠠᠯ ᠪᠠ1-9 ᠰᠠᠷ᠎ᠠ ᠶᠢᠨ ᠡᠳ᠋ ᠤᠨ ᠵᠠᠰᠠᠭ ᠤᠨ ᠳᠦᠯᠦᠪᠯᠡᠯᠭᠡ ᠶᠢᠨ ᠬᠡᠷᠡᠭᠵᠢᠭᠦᠯᠦᠭᠰᠡᠨ ᠪᠠᠶᠢᠳᠠᠯ ᠢ ᠰᠤᠳᠤᠯᠤᠨ ᠶᠠᠷᠢᠯᠴᠠᠪᠠ  ᠃     ᠬᠤᠷᠠᠯ ᠠᠴᠠ ᠴᠢᠬᠤᠯᠠᠴᠢᠯᠠᠭᠰᠠᠨ ᠨᠢ᠂ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠰᠣᠳᠤᠯᠤᠨ ᠶᠠᠷᠢᠯᠴᠠᠭᠰᠠᠨ ᠰᠠᠨᠠᠯ ᠳᠣᠷᠠᠳᠤᠯᠭ᠎ᠠ ᠶᠢ ᠬᠤᠷᠢᠶᠠᠩᠭᠤᠶᠢᠯᠠᠨ ᠠᠪᠴᠤ᠂ ᠡᠳ᠋ ᠤᠨ ᠵᠠᠰᠠᠭ ᠤᠨ ᠳᠦᠯᠦᠪᠯᠡᠯᠭᠡ ᠶᠢᠨ ᠬᠡᠷᠡᠭᠵᠢᠭᠦᠯᠦᠭᠰᠡᠨ ᠪᠠᠶᠢᠳᠠᠯ ᠢ ᠨᠠᠷᠢᠯᠢᠭ ᠬᠢᠨᠠᠨ ᠲᠣᠩᠭᠠᠨ ᠪᠦᠷᠢᠨᠰᠢᠭᠦᠯᠦᠨ ᠳᠡᠭᠦᠯᠳᠡᠷᠵᠢᠭᠦᠯᠵᠦ᠂ ᠬᠤᠳᠠ ᠶᠢᠨ ᠡᠳ᠋ ᠤᠨ ᠵᠠᠰᠠᠭ ᠤᠨ ᠳᠦᠯᠦᠪᠯᠡᠯᠭᠡ ᠶᠢᠨ ᠬᠡᠷᠡᠭᠵᠢᠭᠦᠯᠦᠭᠰᠡᠨ ᠪᠠᠶᠢᠳᠠᠯ ᠢ ᠯᠠᠪᠯᠠᠨ ᠦᠨᠳᠦᠰᠦᠯᠡᠵᠦ ᠵᠣᠬᠢᠰᠲᠠᠢ ᠲᠣᠬᠢᠷᠠᠭᠤᠯᠵᠤ᠂ ᠵᠠᠰᠠᠭ ᠤᠨ ᠣᠷᠳᠤᠨ ᠤ ᠵᠠᠷᠤᠳᠠᠯ ᠢ ᠪᠠᠭᠠᠰᠬᠠᠨ ᠠᠷᠪᠢᠯᠠᠨ ᠭᠠᠮᠨᠠᠵᠤ᠂《ᠭᠤᠷᠪᠠᠨ ᠶᠠᠪᠤᠳᠠᠯ》᠎ ᠤᠨ ᠵᠠᠷᠤᠳᠠᠯ ᠢ ᠴᠢᠩᠭ᠎ᠠ ᠡᠵᠡᠮᠰᠢᠨ᠂ ᠪᠦᠷᠢᠯᠭᠡᠨ ᠰᠦᠢᠳᠭᠡᠬᠦ ᠶᠢ ᠡᠷᠡᠰ ᠬᠤᠷᠢᠭᠯᠠᠵᠦ᠂ ᠲᠠᠰᠤᠷᠠᠯᠳᠠ ᠦᠭᠡᠢ ᠡᠳ᠋ ᠤᠨ ᠵᠠᠰᠠᠭ ᠤᠨ ᠬᠡᠷᠡᠭᠯᠡᠭᠡᠨ ᠤ ᠨᠣᠷᠮ᠎ᠠ ᠶᠢ ᠳᠡᠭᠡᠭᠰᠢᠯᠡᠭᠦᠯᠦᠨ᠂ ᠵᠠᠷᠤᠳᠠᠯ ᠮᠦᠩᠭᠦ ᠪᠠᠨ ᠵᠦᠪ ᠣᠨᠤᠪᠴᠢᠲᠠᠢ ᠬᠡᠷᠡᠭᠯᠡᠬᠦ ᠶᠢ ᠱᠠᠭᠠᠷᠳᠠᠵᠠᠢ᠃     ᠬᠤᠷᠠᠯ ᠠᠴᠠ᠂ ᠤᠯᠠᠭᠠᠨᠴᠠᠪ ᠬᠤᠳᠠ ᠶᠢᠨ ᠬᠦᠭᠵᠢᠯᠳᠡ ᠦᠭᠡᠷᠡᠴᠢᠯᠡᠯᠳᠠ ᠶᠢᠨ ᠵᠦᠪᠯᠡᠯ ᠤᠨ ᠳᠡᠮᠵᠢᠭᠤᠯᠤᠨ ᠨᠡᠶᠢᠳᠡᠯᠡᠭᠰᠡᠨ2019 ᠣᠨ ᠤ ᠳᠦᠪ ᠬᠤᠷᠢᠶᠠᠨ ᠤ ᠳᠦᠰᠦᠪ ᠤᠨ ᠳᠤᠳᠤᠷᠠᠬᠢ ᠪᠡᠯᠡ ᠣᠷᠤᠭᠤᠯᠬᠤ ᠳᠦᠯᠦᠪᠯᠡᠯᠭᠡ ᠶᠢᠨ ᠲᠣᠬᠠᠢ ᠪᠢᠴᠢᠭ ᠮᠠᠲ᠋ᠧᠷᠢᠶᠠᠯ ᠶᠣᠰᠤᠭᠠᠷ᠂ ᠲᠣᠭᠤᠷᠢᠭ ᠤᠨ ᠬᠦᠭᠵᠢᠯᠳᠡ ᠦᠭᠡᠷᠡᠴᠢᠯᠡᠯᠳᠠ ᠶᠢᠨ ᠵᠦᠪᠯᠡᠯ ᠨᠠᠷᠢᠨ ᠬᠢᠨᠠᠮᠠᠭᠠᠢ ᠳᠤᠩᠭᠠᠨ ᠪᠣᠳᠤᠯᠬᠢᠯᠠᠵᠤ᠂  ᠮᠠᠨ ᠤ ᠲᠣᠭᠤᠷᠢᠭ ᠤᠨ ᠨᠢᠭᠡᠳᠦᠭᠡᠷ ᠪᠦᠯᠦᠭ ᠶᠡᠭᠡ ᠳᠣᠮᠤ ᠨᠦᠭᠡᠴᠡ ᠳᠦᠷᠦᠯ ᠵᠦᠢᠯ ᠪᠠ 2019 ᠣᠨ ᠤ ᠨᠢᠭᠡᠳᠦᠭᠡᠷ ᠪᠦᠯᠦᠭ ᠳᠦᠪ ᠬᠤᠷᠢᠶᠠᠨ ᠤ ᠳᠦᠰᠦᠪ ᠤᠨ ᠳᠤᠳᠤᠷᠠᠬᠢ ᠪᠡᠯᠡ ᠣᠷᠤᠭᠤᠯᠤᠯᠳᠠ ᠶᠢᠨ ᠳᠦᠷᠦᠯ ᠵᠦᠢᠯ ᠢ ᠡᠮᠬᠢᠯᠡᠨ ᠴᠡᠭᠴᠡᠯᠡᠬᠦ ᠶᠢ ᠱᠠᠭᠠᠷᠳᠠᠵᠠᠢ  ᠃     ᠬᠤᠷᠠᠯ ᠳᠤ ᠳᠡᠭᠡᠷ᠎ᠡ  ᠡᠭᠦᠨ ᠠᠴᠠ ᠭᠠᠳᠠᠨ᠎ᠠ᠂ ᠨᠠᠮ ᠤᠨ ᠰᠤᠷᠳᠠᠯ ᠴᠡᠭᠴᠡᠯᠡᠬᠦ ᠠᠵᠢᠯ ᠤᠨ ᠲᠣᠬᠠᠢ ᠪᠠᠶᠢᠷᠢᠯᠠᠭᠤᠯᠤᠯᠳᠠ ᠬᠢᠵᠦ᠂ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ᠂ ᠪᠦᠬᠦ ᠲᠠᠯ᠎ᠠ ᠪᠠᠷ ᠨᠠᠮ ᠢᠶᠠᠨ ᠴᠢᠩᠭ᠎ᠠ ᠵᠠᠰᠠᠬᠤ ᠶᠢ ᠲᠤᠤᠱᠯᠠᠭᠤᠯᠵᠤ᠂《ᠳᠦᠷᠪᠡᠨ ᠤᠬᠠᠮᠰᠠᠷ》᠎ ᠢ ᠪᠠᠳᠤᠵᠢᠭᠤᠯᠤᠨ᠂《 ᠳᠦᠷᠪᠡᠨ ᠢᠳᠡᠭᠡᠯ》᠎ ᠢ ᠭᠤᠶᠢᠪᠢᠰᠢ ᠦᠭᠡᠢ ᠪᠠᠷᠢᠮᠳᠠᠯᠠᠨ᠂ ᠦᠵᠡᠯ ᠰᠠᠨᠠᠭ᠎ᠠ ᠪᠠ ᠤᠯᠤᠰ ᠳᠦᠷᠦ ᠶᠢᠨ ᠤᠬᠠᠮᠰᠠᠷ ᠤᠨ ᠬᠤᠪᠢ ᠳᠤ ᠳᠦᠪ ᠤᠨ ᠨᠠᠮ ᠤᠨ ᠬᠤᠷᠢᠶᠠᠨ ᠤ ᠦᠵᠡᠯ ᠤᠬᠠᠮᠰᠠᠷ ᠲᠠᠢ ᠠᠳᠠᠯᠢ ᠦᠨᠳᠦᠷ ᠪᠠᠶᠢᠷᠢᠨ ᠳᠤ ᠲᠠᠯᠪᠢᠨ᠂ ᠬᠠᠷᠢᠭᠤᠴᠠᠯᠭ᠎ᠠ ᠪᠠᠨ ᠴᠢᠩᠭᠠᠳᠬᠠᠨ᠂ ᠢᠯᠵᠠᠷᠠᠮᠠᠯ ᠢ ᠡᠰᠡᠷᠭᠦᠴᠡᠨ᠂ ᠨᠠᠮ ᠤᠨ ᠰᠤᠷᠳᠠᠯ ᠴᠡᠭᠴᠡᠯᠡᠬᠦ ᠪᠠ ᠢᠯᠵᠠᠷᠠᠮᠠᠯ ᠢ ᠡᠰᠡᠷᠭᠦᠴᠡᠬᠦ ᠠᠵᠢᠯ ᠢ ᠴᠢᠩᠭᠠᠳᠬᠠᠨ ᠪᠦᠬᠦ ᠲᠠᠯ᠎ᠠ ᠪᠠᠷ ᠨᠠᠮ ᠢᠶᠠᠨ ᠴᠢᠩᠭ᠎ᠠ ᠵᠠᠰᠠᠵᠤ ᠦᠷᠭᠦᠯᠵᠢᠯᠡᠨ ᠬᠦᠭᠵᠢᠬᠦ ᠶᠢ ᠱᠠᠭᠠᠷᠳᠠᠭᠰᠠᠨ ᠪᠠᠶᠢᠨ᠎ᠠ᠃                                                         ᠣᠷᠴᠢᠭᠤᠯᠤᠭᠴᠢ᠄ ᠣᠳᠤᠩᠬᠤᠸᠠᠷ    
 
ᠢᠷᠡᠯᠲᠡ᠄ ᠵᠢᠨᠢᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2