ᠵᠢᠨᠢᠩ ᠲᠣᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠤᠨ ᠤ ᠳᠦᠴᠢᠨ ᠨᠢᠭᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/11/7
    2018ᠣᠨ ᠤ 11 ᠰᠠᠷ᠎ᠠ ᠶᠢᠨ 6᠎ ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠤᠨ ᠤ ᠣᠷᠤᠯᠠᠭᠴᠢ ᠲᠣᠭᠤᠷᠢᠭ ᠤᠨ ᠳᠠᠷᠤᠭ᠎ᠠ᠂ ᠴᠠᠬᠠᠷ ᠨᠡᠭᠡᠭᠡᠯᠳᠡ ᠶᠢᠨ ᠣᠷᠤᠨ ᠤ ᠨᠠᠮ ᠤᠨ ᠠᠵᠢᠯ ᠤᠨ ᠵᠦᠪᠯᠡᠯ ᠤᠨ ᠱᠦᠵᠢ᠂ ᠬᠠᠮᠢᠶᠠᠷᠤᠯᠳᠠ ᠶᠢᠨ ᠣᠷᠤᠨ ᠤ ᠡᠷᠬᠢᠯᠡᠭᠴᠢ ᠵᠢᠢ ᠬᠤᠩ ᠵᠢᠨᠢᠩ ᠲᠣᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠤᠨ ᠤ ᠳᠦᠴᠢᠨ ᠨᠢᠭᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠵᠦ᠂《ᠵᠢᠨᠢᠩ ᠲᠣᠭᠤᠷᠢᠭ ᠤᠨ ᠳᠣᠮᠤ ᠳ᠋ᠸᠶᠢᠲ᠋ᠠ ᠶᠢᠨ ᠦᠢᠯᠡᠰ ᠤᠨ ᠬᠦᠭᠵᠢᠯᠳᠡ ᠶᠢᠨ ᠬᠡᠷᠡᠭᠵᠢᠭᠦᠯᠬᠦ ᠳᠦᠰᠦᠪ》᠎ ᠶᠢ ᠬᠢᠨᠠᠨ ᠵᠦᠪᠯᠡᠬᠦ ᠵᠡᠷᠭᠡ ᠬᠠᠮᠢᠶ᠎ᠠ ᠪᠦᠬᠦᠢ ᠤᠴᠢᠷ ᠶᠠᠪᠤᠳᠠᠯ ᠢ ᠰᠣᠳᠣᠯᠤᠨ ᠶᠠᠷᠢᠯᠴᠠᠪᠠ᠃    ᠬᠤᠷᠠᠯ ᠠᠴᠠ᠂ ᠵᠢᠨᠢᠩ ᠲᠣᠭᠤᠷᠢᠭ ᠤᠨ ᠳᠣᠮᠤ ᠳ᠋ᠸᠶᠢᠲ᠋ᠠ ᠶᠢᠨ ᠦᠢᠯᠡᠰ ᠤᠨ ᠬᠦᠭᠵᠢᠯᠳᠡ ᠶᠢ ᠤᠯᠠᠮ ᠨᠢᠭᠡ ᠠᠯᠬᠤᠮ ᠬᠦᠭᠵᠢᠭᠦᠯᠬᠦ᠂ ᠰᠢᠨ᠎ᠡ ᠪᠠᠷ ᠪᠣᠢ ᠪᠣᠯᠤᠭᠰᠠᠨ ᠠᠵᠤ ᠦᠢᠯᠡᠰ ᠢ ᠪᠣᠶᠢᠵᠢᠭᠤᠯᠬᠤ᠂ ᠤᠶᠤᠨᠴᠢ ᠵᠢᠨᠢᠩ ᠤᠨ ᠪᠦᠳᠦᠭᠡᠨ ᠪᠠᠶᠢᠭᠤᠯᠤᠬᠤ ᠵᠡᠷᠭᠡ ᠲᠠᠢ ᠵᠣᠬᠢᠴᠠᠭᠤᠯᠤᠨ᠂《ᠵᠢᠨᠢᠩ ᠲᠣᠭᠤᠷᠢᠭ ᠤᠨ ᠳᠣᠮᠤ ᠳ᠋ᠸᠶᠢᠲ᠋ᠠ ᠶᠢᠨ ᠦᠢᠯᠡᠰ ᠤᠨ ᠬᠦᠭᠵᠢᠯᠳᠡ ᠶᠢᠨ ᠬᠡᠷᠡᠭᠵᠢᠭᠦᠯᠬᠦ ᠳᠦᠰᠦᠪ》᠎ ᠤᠨ ᠡᠬᠡ ᠨᠣᠣᠷᠠᠭ ᠢ ᠲᠣᠭᠲᠠᠭᠠᠪᠠ᠃    ᠬᠤᠷᠠᠯ ᠳᠡᠭᠡᠷ᠎ᠡ᠂ ᠪᠦᠬᠦ ᠲᠣᠭᠤᠷᠢᠭ ᠤᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠠᠵᠢᠯ ᠤᠨ ᠪᠠᠶᠢᠷᠢᠯᠠᠭᠤᠯᠤᠯᠲᠠ ᠬᠢᠵᠡᠢ᠃ ᠲᠣᠭᠤᠷᠢᠭ ᠤᠨ ᠡᠯ᠎ᠡ ᠰᠠᠯᠠᠭ᠎ᠠ ᠮᠦᠴᠢᠷ  ᠳᠡᠭᠡᠳᠦ ᠱᠠᠳᠤᠨ ᠤ ᠱᠠᠭᠠᠷᠳᠠᠯᠭ᠎ᠠ ᠪᠠ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠠᠵᠢᠯ ᠤᠨ ᠳᠠᠩᠰᠠ ᠡᠪᠬᠡᠮᠡᠯ ᠶᠣᠰᠤᠭᠠᠷ ᠨᠠᠷᠢᠨ ᠨᠢᠮᠪᠠᠢ ᠠᠵᠢᠯ ᠪᠠᠨ ᠡᠮᠬᠢᠯᠡᠨ ᠪᠦᠷᠢᠨᠰᠢᠭᠦᠯᠵᠦ᠂ ᠪᠠᠶᠢᠳᠠᠯ ᠢ ᠨᠠᠷᠢᠨ ᠭᠦᠢᠴᠡᠳ ᠤᠶᠢᠯᠠᠭᠠᠨ᠂ ᠠᠵᠢᠯ ᠤᠨ ᠠᠷᠭ᠎ᠠ ᠪᠠᠨ ᠨᠠᠷᠢᠯᠢᠭᠵᠢᠭᠤᠯᠤᠨ ᠠᠬᠢᠴᠠ ᠪᠠᠨ ᠳᠦᠷᠭᠡᠳᠭᠡᠨ ᠳᠠᠷᠤᠢ ᠳᠦᠷᠭᠡᠨ ᠡᠯ᠎ᠡ ᠳᠦᠷᠦᠯ ᠤᠨ ᠠᠰᠠᠭᠤᠳᠠᠯ ᠢ ᠰᠢᠢᠳᠪᠦᠷᠢᠯᠡᠵᠦ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠠᠵᠢᠯ ᠦᠨᠡᠨ ᠬᠦ ᠪᠤᠳᠠᠲᠠᠢ ᠦᠷ᠎ᠡ ᠪᠦᠳᠦᠮᠵᠢ ᠣᠯᠬᠤ ᠶᠢ ᠪᠠᠳᠤᠯᠠᠬᠤ ᠬᠡᠷᠡᠭᠳᠡᠢ ᠭᠡᠵᠦ ᠴᠢᠬᠤᠯᠠᠴᠢᠯᠠᠵᠠᠢ  ᠃    ᠡᠭᠦᠨ ᠠᠴᠠ ᠭᠠᠳᠠᠨ᠎ᠠ᠂《 ᠵᠢᠨᠢᠩ ᠲᠤᠭᠤᠷᠢᠭ ᠤᠨ ᠠᠷᠠᠯᠵᠢᠶᠠᠴᠢᠨ ᠤᠷᠢᠵᠤ ᠪᠡᠯᠡ ᠣᠷᠤᠭᠤᠯᠬᠤ ᠠᠵᠢᠯ ᠤᠨ ᠳᠦᠰᠦᠪ》᠂《 ᠵᠢᠨᠢᠩ ᠲᠣᠭᠤᠷᠢᠭ ᠤᠨ ᠲᠣᠨᠤᠭ ᠳᠦᠬᠦᠭᠡᠷᠦᠮᠵᠢ ᠦᠢᠯᠡᠳᠬᠦ  ᠦᠢᠯᠡᠰ᠂ ᠰᠢᠨ᠎ᠡ ᠡᠨᠧᠷᠬᠢ ᠰᠢᠨ᠎ᠡ ᠮᠠᠲ᠋ᠧᠷᠢᠶᠠᠯ ᠤᠨ ᠦᠢᠯᠡᠰ᠂ ᠭᠠᠵᠠᠷ ᠣᠷᠤᠨ ᠤ ᠣᠨᠴᠠᠯᠢᠭᠲᠤ ᠦᠢᠯᠡᠰ ᠤᠨ ᠬᠦᠭᠵᠢᠯᠳᠡ ᠶᠢ ᠳᠦᠷᠭᠡᠳᠭᠡᠨ ᠴᠢᠨᠠᠷᠵᠢᠭᠤᠯᠵᠤ ᠬᠦᠭᠵᠢᠭᠦᠯᠬᠦ ᠳᠦᠰᠦᠪ 》᠂《ᠵᠢᠨᠢᠩ ᠲᠣᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠦᠭᠵᠢᠯᠳᠡ ᠶᠢᠨ ᠲᠣᠷᠰᠢᠨ ᠬᠡᠷᠡᠭᠯᠡᠬᠦ ᠠᠷᠭ᠎ᠠ》ᠵᠡᠷᠭᠡ ᠳᠦᠰᠦᠪ ᠢ ᠬᠢᠨᠠᠨ ᠵᠦᠪᠯᠡᠪᠡ᠃                                            ᠣᠷᠴᠢᠭᠤᠯᠤᠭᠴᠢ᠄ ᠣᠳᠤᠩᠬᠤᠸᠠᠷ
 
ᠢᠷᠡᠯᠲᠡ᠄ ᠵᠢᠨᠢᠩ ᠲᠣᠭᠤᠷᠢᠭ ‍ᠤᠨ‌ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠢᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2