ᠵᠢᠨᠢᠩ ᠲᠣᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠤᠨ ᠤ ᠳᠦᠴᠢᠨ ᠳᠣᠯᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/12/20
    2018ᠣᠨ ᠤ 12 ᠰᠠᠷ᠎ᠠ ᠶᠢᠨ19᠎ ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠤᠨ ᠤ ᠣᠷᠤᠯᠠᠭᠴᠢ ᠲᠣᠭᠤᠷᠢᠭ ᠤᠨ ᠳᠠᠷᠤᠭ᠎ᠠ᠂ ᠴᠠᠬᠠᠷ ᠨᠡᠭᠡᠭᠡᠯᠳᠡ ᠶᠢᠨ ᠣᠷᠤᠨ ᠤ ᠨᠠᠮ ᠤᠨ ᠠᠵᠢᠯ ᠤᠨ ᠵᠦᠪᠯᠡᠯ ᠤᠨ ᠱᠦᠵᠢ᠂ ᠬᠠᠮᠢᠶᠠᠷᠤᠯᠳᠠ ᠶᠢᠨ ᠣᠷᠤᠨ ᠤ ᠡᠷᠬᠢᠯᠡᠭᠴᠢ ᠵᠢᠢ ᠬᠤᠩ ᠵᠢᠨᠢᠩ ᠲᠣᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠤᠨ ᠤ ᠳᠦᠴᠢᠨ  ᠳᠣᠯᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠵᠦ᠂《〈ᠰᠢᠶᠠᠨ ᠠᠴᠠ ᠳᠡᠭᠡᠭᠰᠢᠬᠢ ᠨᠠᠮ ᠪᠠ ᠤᠯᠤᠰ ᠣᠷᠤᠨ ᠤ ᠠᠯᠪᠠᠨ ᠪᠠᠶᠢᠭᠤᠯᠭ᠎ᠠ ᠶᠢᠨ ᠨᠠᠮ ᠤᠨ ᠭᠡᠰᠢᠭᠦᠨ ᠤᠳᠤᠷᠢᠳᠤᠯᠭ᠎ᠠ ᠺᠠᠲᠠᠷ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠲᠣᠭᠲᠠᠭᠠᠯ ᠨᠤᠭᠤᠳ〉᠎ ᠶᠢ ᠨᠠᠶᠢᠳᠠᠪᠦᠷᠢᠵᠢᠭᠤᠯᠤᠨ ᠲᠤᠤᠱᠯᠠᠭᠤᠯᠵᠤ ᠪᠠᠶᠢᠭ᠎ᠠ ᠪᠠᠶᠢᠳᠠᠯ ᠤᠨ ᠨᠠᠶᠢᠳᠠᠯᠡᠯ》ᠰᠤᠷᠤᠯᠴᠠᠨ ᠳᠠᠮᠵᠢᠭᠤᠯᠵᠠᠢ᠃     ᠬᠤᠷᠠᠯ ᠠᠴᠠ《ᠰᠢᠶᠠᠨ ᠠᠴᠠ ᠳᠡᠭᠡᠭᠰᠢᠬᠢ ᠨᠠᠮ ᠪᠠ ᠤᠯᠤᠰ ᠣᠷᠤᠨ ᠤ ᠠᠯᠪᠠᠨ ᠪᠠᠶᠢᠭᠤᠯᠭ᠎ᠠ ᠶᠢᠨ ᠨᠠᠮ ᠤᠨ ᠭᠡᠰᠢᠭᠦᠨ ᠤᠳᠤᠷᠢᠳᠤᠯᠭ᠎ᠠ ᠺᠠᠲᠠᠷ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠲᠣᠭᠲᠠᠭᠠᠯ ᠨᠤᠭᠤᠳ》ᠤᠯᠠᠮ ᠨᠢᠭᠡ ᠠᠯᠬᠤᠮ ᠨᠠᠶᠢᠳᠠᠪᠦᠷᠢᠵᠢᠭᠤᠯᠤᠨ ᠲᠤᠤᠱᠯᠠᠭᠤᠯᠬᠤ ᠶᠢᠨ ᠳᠦᠯᠦᠭᠡ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠢᠨᠠᠷ ᠴᠢᠨᠰᠠᠭ᠎ᠠ ᠶᠢ ᠴᠢᠩᠭᠠᠳᠬᠠᠵᠤ᠂ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠦᠬᠦ ᠲᠠᠯ᠎ᠠ ᠪᠠᠷ ᠦᠪᠡᠷ ᠤᠨ ᠪᠠᠶᠢᠴᠠᠭᠠᠯᠲᠠ ᠬᠢᠵᠡᠢ᠂ ᠶᠡᠷᠦᠩᠬᠡᠢ ᠳᠤ ᠪᠡᠨ‌ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠬᠤᠷᠠᠯ ᠤᠨ ᠡᠮᠦᠨᠡᠬᠢ ᠪᠡᠯᠡᠳᠭᠡᠯ  ᠨᠡᠯᠢᠶᠡᠳ ᠯᠠᠪᠳᠠᠭᠤᠨ ᠪᠠᠳᠤᠲᠠᠢ ᠪᠠᠶᠢᠵᠤ᠂ ᠰᠢᠭᠦᠮᠵᠢᠯᠡᠯ ᠪᠠ ᠦᠪᠡᠷ ᠤᠨ ᠰᠢᠭᠦᠮᠵᠢᠯᠡᠯ ᠨᠠᠷᠢᠨ ᠬᠢᠨᠠᠮᠠᠭᠠᠢ᠂ ᠵᠠᠰᠠᠨ ᠴᠡᠭᠴᠡᠯᠡᠬᠦ ᠠᠷᠭ᠎ᠠ ᠣᠨᠤᠪᠴᠢᠲᠠᠢ᠂ ᠤᠯᠠᠩᠬᠢ ᠪᠠᠶᠢᠭᠤᠯᠭ᠎ᠠ ᠱᠠᠭᠠᠷᠳᠠᠯᠭ᠎ᠠ ᠶᠤᠰᠤᠭᠠᠷ ᠭᠦᠢᠴᠡᠳᠭᠡᠨ ᠮᠠᠲ᠋ᠧᠷᠢᠶᠠᠯ ᠢᠶᠠᠨ ᠲᠣᠰᠢᠶᠠᠭᠰᠠᠨ ᠭᠡᠵᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠪᠣᠯ ᠨᠠᠮ ᠤᠨ  ᠳᠤᠳᠤᠭᠠᠳᠤ ᠵᠢᠨ‌ᠤᠯᠤᠰ ᠳᠦᠷᠦ ᠶᠢᠨ ᠠᠮᠢᠳᠤᠷᠠᠯ ᠤᠨ ᠴᠢᠬᠤᠯᠠ ᠠᠭᠤᠯᠭ᠎ᠠ ᠮᠦᠨ᠂ ᠠᠷᠠᠳᠴᠢᠯᠠᠯ ᠢ ᠪᠠᠳᠠᠷᠠᠭᠤᠯᠬᠤ᠂ ᠨᠠᠮ ᠤᠨ ᠳᠤᠳᠤᠭᠠᠳᠤ ᠶᠢᠨ ᠬᠢᠨᠠᠯᠲᠠ ᠶᠢ ᠴᠢᠩᠭᠠᠳᠬᠠᠬᠤ᠂ ᠵᠦᠷᠢᠴᠡᠯ ᠮᠦᠷᠭᠦᠯᠳᠦᠭᠡᠨ ᠢ ᠰᠢᠢᠳᠪᠦᠷᠢᠯᠡᠬᠦ ᠴᠢᠬᠤᠯᠠ ᠠᠷᠭ᠎ᠠ ᠪᠠᠷᠢᠯ ᠪᠣᠯᠬᠤ ᠶᠤᠮ᠂ ᠲᠣᠭᠤᠷᠢᠭ ᠤᠨ ᠵᠠᠰᠠᠭ ᠤᠨ ᠣᠷᠳᠤᠨ ᠤ ᠨᠠᠮ ᠤᠨ ᠵᠤᠬᠢᠶᠠᠨ ᠪᠠᠶᠢᠭᠤᠯᠤᠯᠳᠠ ᠦᠵᠡᠯ ᠤᠬᠠᠮᠰᠠᠷ ᠲᠠᠨᠢᠯᠲᠠ ᠪᠠᠨ ᠳᠡᠭᠡᠭᠰᠢᠯᠡᠭᠦᠯᠦᠨ ᠳᠡᠭᠡᠳᠦ ᠱᠠᠳᠤᠨ ᠤ ᠱᠠᠭᠠᠷᠳᠠᠯᠭ᠎ᠠ ᠶᠤᠰᠤᠭᠠᠷ ᠥᠨᠥ ᠵᠢᠯ ‍ᠦᠨ‌‍ᠲ᠋ᠣᠭᠤᠷᠢᠭ ᠤᠨ ᠵᠠᠰᠠᠭ ᠤᠨ ᠣᠷᠳᠤᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠬᠤ ᠶᠢ ᠱᠠᠭᠠᠷᠳᠠᠵᠠᠢ  ᠃    ᠬᠤᠷᠠᠯ ᠳᠡᠭᠡᠷ᠎ᠡ《ᠤᠯᠠᠭᠠᠨᠴᠠᠪ ᠬᠤᠳᠠ ᠶᠢᠨ2018 ᠣᠨ ᠤ ᠦᠷ᠎ᠡ ᠪᠦᠳᠦᠮᠵᠢ ᠶᠢᠨ ᠬᠢᠨᠠᠨ ᠰᠢᠯᠭᠠᠬᠤ ᠪᠠᠷᠢᠮᠵᠢᠶ᠎ᠠ ᠵᠢᠴᠢ〈ᠭᠤᠷᠪᠠᠨ ᠶᠡᠭᠡ ᠪᠣᠭᠤᠮᠳᠠ ᠰᠢᠪᠳᠤᠯᠬᠤ ᠳᠠᠶᠢᠯᠠᠯᠳᠤᠭᠠᠨ〉᠎ ᠤ ᠳᠤᠰᠬᠠᠢ ᠬᠢᠨᠠᠨ ᠰᠢᠯᠭᠠᠬᠤ ᠪᠠᠷᠢᠮᠵᠢᠶ᠎ᠠ ᠶᠢᠨ ᠦᠷ᠎ᠡ ᠳ᠋ᠦᠡᠭ ᠤᠨ ᠬᠡᠷᠡᠭᠯᠡᠯᠳᠡ》᠂《 ᠵᠢᠨᠢᠩ ᠲᠣᠭᠤᠷᠢᠭ ᠤᠨ  ᠶᠠᠳᠠᠭᠤ ᠡᠷᠦᠬᠡ ᠶᠢᠨ ᠤᠬᠤᠷᠢᠵᠤ ᠭᠠᠷᠬᠤ ᠠᠵᠢᠯ ᠤᠨ ᠳᠦᠰᠦᠪ》ᠵᠡᠷᠭᠡ ᠬᠠᠮᠢᠶ᠎ᠠ ᠪᠦᠬᠦᠢ ᠠᠵᠢᠯ ᠢ ᠰᠣᠳᠤᠯᠤᠨ ᠶᠠᠷᠢᠯᠴᠠᠪᠠ᠃                                                       ᠣᠷᠴᠢᠭᠤᠯᠤᠭᠴᠢ᠄ ᠣᠳᠤᠩᠬᠤᠸᠠᠷ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2