ᠵᠢᠨᠢᠩ ᠲᠣᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠤᠨ ᠤ ᠳᠦᠴᠢᠨ ᠨᠠᠢᠮᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/12/28
   2018ᠣᠨ ᠤ 12 ᠰᠠᠷ᠎ᠠ ᠶᠢᠨ27᠎ ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠤᠨ ᠤ ᠣᠷᠤᠯᠠᠭᠴᠢ ᠲᠣᠭᠤᠷᠢᠭ ᠤᠨ ᠳᠠᠷᠤᠭ᠎ᠠ᠂ ᠴᠠᠬᠠᠷ ᠨᠡᠭᠡᠭᠡᠯᠳᠡ ᠶᠢᠨ ᠣᠷᠤᠨ ᠤ ᠨᠠᠮ ᠤᠨ ᠠᠵᠢᠯ ᠤᠨ ᠵᠦᠪᠯᠡᠯ ᠤᠨ ᠱᠦᠵᠢ᠂ ᠬᠠᠮᠢᠶᠠᠷᠤᠯᠳᠠ ᠶᠢᠨ ᠣᠷᠤᠨ ᠤ ᠡᠷᠬᠢᠯᠡᠭᠴᠢ ᠵᠢᠢ ᠬᠤᠩ ᠵᠢᠨᠢᠩ ᠲᠣᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠤᠨ ᠤ ᠳᠦᠴᠢᠨ  ᠨᠠᠢᠮᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠵᠦ᠂《ᠵᠢᠨᠢᠩ ᠲᠣᠭᠤᠷᠢᠭ ᠤᠨ ᠴᠢᠳᠠᠪᠦᠷᠢᠳᠡᠨ ᠢ ᠬᠦᠭᠵᠢᠭᠦᠯᠬᠦ ᠳᠦᠯᠦᠪᠯᠡᠭᠡ ︵ᠲᠣᠷᠰᠢᠨ ᠬᠡᠷᠡᠭᠯᠡᠬᠦ︶ 2018-2022 ᠣᠨ》ᠵᠡᠷᠭᠡ ᠬᠠᠮᠢᠶ᠎ᠠ ᠪᠦᠬᠦᠢ ᠤᠴᠢᠷ ᠶᠠᠪᠤᠳᠠᠯ ᠢ ᠰᠤᠳᠤᠯᠤᠨ ᠬᠢᠨᠠᠨ ᠵᠦᠪᠯᠡᠪᠡ᠃    ᠬᠤᠷᠠᠯ ᠠᠴᠠ ᠨᠠᠮ ᠤᠨ ᠳᠦᠪ ᠬᠤᠷᠢᠶ᠎ᠠ᠂ ᠦᠪᠡᠷᠳᠡᠭᠡᠨ ᠵᠠᠰᠠᠬᠤ ᠣᠷᠤᠨ᠂ ᠬᠤᠳᠠ ᠶᠢᠨ ᠬᠠᠮᠢᠶ᠎ᠠ ᠪᠦᠬᠦᠢ ᠪᠢᠴᠢᠭ ᠮᠡᠲ᠋ᠧᠷᠢᠶᠠᠯ ᠤᠨ ᠱᠠᠭᠠᠷᠳᠠᠯᠭ᠎ᠠ ᠪᠠ ᠵᠢᠨᠢᠩ ᠲᠣᠭᠤᠷᠢᠭ ᠤᠨ ᠪᠣᠳᠠᠳᠤ ᠪᠠᠶᠢᠳᠠᠯ ᠲᠠᠢ ᠤᠶᠠᠯᠳᠤᠭᠤᠯᠤᠨ《ᠵᠢᠨᠢᠩ ᠲᠣᠭᠤᠷᠢᠭ ᠤᠨ ᠴᠢᠳᠠᠪᠦᠷᠢᠳᠡᠨ ᠢ ᠬᠦᠭᠵᠢᠭᠦᠯᠬᠦ ᠳᠦᠯᠦᠪᠯᠡᠭᠡ ︵ᠲᠣᠷᠰᠢᠨ ᠬᠡᠷᠡᠭᠯᠡᠬᠦ︶ 2018-2022 ᠣᠨ》᠎ ᠤ ᠡᠬᠡ ᠨᠤᠤᠷᠠᠭ ᠢ ᠲᠣᠭᠳᠠᠭᠠᠪᠠ  ᠃ ᠬᠤᠷᠠᠯ ᠠᠴᠠ ᠴᠢᠬᠤᠯᠠᠴᠢᠯᠠᠭᠰᠠᠨ ᠨᠢ᠂ ᠴᠢᠳᠠᠪᠦᠷᠢᠳᠡᠨ ᠪᠣᠯ ᠬᠦᠭᠵᠢᠯᠳᠡ ᠶᠢᠨ ᠪᠡᠯᠡ᠂ ᠰᠢᠨ᠎ᠡ ᠶᠢ ᠡᠭᠦᠳᠬᠦ ᠶᠢᠨ ᠰᠠᠭᠤᠷᠢ᠂ ᠬᠦᠴᠦᠷᠭᠡᠭ ᠣᠷᠤᠨ ᠤ ᠡᠬᠢ ᠪᠠᠶᠠᠯᠢᠭ ᠪᠣᠯᠣᠨ᠎ᠠ᠂ ᠰᠢᠨᠵᠢᠯᠡᠬᠦ ᠤᠬᠠᠭᠠᠨᠴᠢ᠂ ᠳᠦᠷᠢᠮᠵᠢᠭᠦᠨ᠂ ᠪᠠᠭᠲᠠᠭᠠᠮᠵᠢᠲᠠᠢ᠂ ᠦᠨᠳᠦᠷ ᠦᠷ᠎ᠡ ᠪᠦᠳᠦᠮᠵᠢ ᠲᠠᠢ ᠴᠢᠳᠠᠪᠦᠷᠢᠳᠡᠨ ᠤ ᠰᠢᠰᠲ᠋ᠧᠮ ᠢ ᠪᠠᠶᠢᠭᠤᠯᠵᠤ᠂ ᠮᠠᠨ ᠤ ᠲᠣᠭᠤᠷᠢᠭ ᠤᠨ ᠠᠵᠤ ᠠᠬᠤᠢ ᠨᠡᠶᠢᠭᠡᠮ ᠤᠨ ᠬᠦᠭᠵᠢᠯᠳᠡ ᠳᠤ ᠬᠦᠮᠦᠨ ᠤ ᠬᠦᠴᠦᠨ ᠤ ᠪᠠᠳᠤᠯᠠᠭ᠎ᠠ ᠶᠢ ᠬᠠᠩᠭᠠᠨ᠎ᠠ᠃     ᠬᠤᠷᠠᠯ ᠳᠡᠭᠡᠷ᠎ᠡ《 ᠵᠢᠨᠢᠩ ᠲᠣᠭᠤᠷᠢᠭ ᠤᠨ  ᠬᠦᠳᠡᠭᠡ ᠳᠤᠰᠬᠤᠨ ᠤ ᠬᠠᠮᠳᠤ ᠶᠢᠨ ᠠᠵᠤ ᠠᠬᠤᠢ ᠶᠢᠨ ᠣᠷᠤᠯᠭ᠎ᠠ ᠶᠢ ᠬᠡᠷᠡᠭᠯᠡᠬᠦ ᠠᠷᠭ᠎ᠠ  ︵ᠲᠣᠷᠰᠢᠨ ᠬᠡᠷᠡᠭᠯᠡᠬᠦ︶》᠂《 ᠵᠢᠨᠢᠩ ᠲᠣᠭᠤᠷᠢᠭ ᠤᠨ ᠲᠣᠬᠠᠢ ᠭᠠᠵᠠᠷ ᠤᠨ ᠴᠢᠳᠠᠪᠦᠷᠢᠳᠡᠨ ᠤ ᠬᠦᠮᠦᠵᠢᠭᠦᠯᠦᠨ ᠪᠣᠶᠢᠵᠢᠭᠤᠯᠬᠤ ᠶᠢ ᠬᠡᠷᠡᠭᠵᠢᠭᠦᠯᠬᠦ ᠠᠷᠭ᠎ᠠ ︵ᠲᠣᠷᠰᠢᠨ ᠬᠡᠷᠡᠭᠯᠡᠬᠦ︶》ᠵᠡᠷᠭᠡ ᠬᠠᠮᠢᠶ᠎ᠠ ᠪᠦᠬᠦᠢ ᠠᠵᠢᠯ ᠢ ᠰᠣᠳᠤᠯᠤᠨ ᠶᠠᠷᠢᠯᠴᠠᠪᠠ᠃                                            ᠣᠷᠴᠢᠭᠤᠯᠤᠭᠴᠢ᠄ ᠣᠳᠤᠩᠬᠤᠸᠠᠷ
 
ᠢᠷᠡᠯᠲᠡ᠄ ᠵᠢᠨᠢᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2