ᠯᠠᠨ ᠮᠢᠩ ᠹᠠᠩ
ᠨᠡᠶᠢᠲᠡᠯᠡᠭᠰᠡᠨ ᠴᠠᠭ᠄
2018/3/30
    ᠯᠠᠨ ᠮᠢᠩ ᠹᠠᠩ᠂ ᠡᠮᠡᠭᠳᠡᠢ᠂ ᠬᠢᠲᠠᠳ ᠦᠨᠳᠦᠰᠦᠳᠡᠨ᠂ 1966 ᠤᠨ ᠤ 5 ᠰᠠᠷ᠎ᠠ ᠳᠤ ᠲᠦᠷᠦᠪᠡ᠂ ᠾᠧᠪᠸᠢ ᠮᠤᠵᠢ ᠶᠢᠨ ᠢᠤᠢ ᠰᠢᠶᠠᠨ ᠤ ᠬᠦᠮᠦᠨ᠂ 1983 ᠤᠨ ᠤ 4 ᠰᠠᠷ᠎ᠠ ᠳᠤ ᠠᠵᠢᠯ ᠳᠤ ᠤᠷᠤᠯᠴᠠᠵᠤ᠂ 1991 ᠤᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠳᠤ ᠨᠠᠮ ᠳᠤ ᠡᠯᠰᠡᠭᠳᠡᠪᠡ᠂ ᠥᠪᠥᠷ ᠮᠤᠩᠭᠤᠯ ᠤᠨ ᠶᠡᠭᠡ ᠰᠤᠷᠭᠠᠭᠤᠯᠢ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠮᠡᠷᠭᠡᠵᠢᠯ ᠠᠴᠠ ᠲᠡᠭᠦᠰᠴᠦ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠃ ᠥᠨᠥ ᠵᠢᠨᠢᠩ ᠲᠤᠭᠤᠷᠢᠭ ᠤᠨ ᠪᠠᠢ ᠬᠠᠢ ᠽᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠵᠢᠨᠢᠩ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠠᠯ ᠤᠨ ᠨᠠᠮ ᠤᠨ ᠤᠳᠤᠷᠢᠳᠬᠤ ᠲᠤᠭᠤᠶᠢᠯᠠᠩ ᠤᠨ ᠬᠡᠰᠢᠭᠦᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠠᠯ ᠤᠨ ᠳᠡᠳ᠋ ᠡᠷᠬᠢᠯᠡᠭᠴᠢ ᠶᠢᠨ ᠳᠤᠰᠢᠶᠠᠯ ᠲᠠᠢ᠃     1983.04—1999.05 ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠤᠯᠠᠭᠠᠨᠴᠠᠪ ᠠᠶᠢᠮᠠᠭ ᠤᠨ ᠵᠢᠨᠢᠩ ᠬᠤᠳᠠ ᠶᠢᠨ ᠡᠳ᠋ ᠤᠨ ᠵᠠᠰᠠᠭ ᠤᠨ ᠲᠤᠪᠴᠢᠶᠠᠨ ᠳᠤ ᠠᠵᠢᠯᠯᠠᠪᠠ᠃     1999.05—2002.03 ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠤᠯᠠᠭᠠᠨᠴᠠᠪ ᠠᠶᠢᠮᠠᠭ ᠤᠨ ᠵᠢᠨᠢᠩ ᠬᠤᠳᠠ ᠶᠢᠨ ᠲᠤᠭ᠎ᠠ ᠪᠦᠷᠢᠳᠭᠡᠯ ᠤᠨ ᠲᠤᠪᠴᠢᠶ᠎ᠠ ᠶᠢᠨ ᠨᠠᠮ ᠤᠨ ᠡᠭᠦᠷ ᠤᠨ ᠳᠡᠳ᠋ ᠱᠦᠵᠢ ᠪᠠᠷ ᠠᠵᠢᠯᠯᠠᠪᠠ᠃     2002.03—2008.01 ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠤᠯᠠᠭᠠᠨᠴᠠᠪ ᠠᠶᠢᠮᠠᠭ ︵ᠬᠤᠳᠠ︶ ᠤᠨ ᠵᠢᠨᠢᠩ ᠬᠤᠳᠠ ︵ᠲᠤᠭᠤᠷᠢᠭ︶ ᠶᠢᠨ ᠬᠤᠳᠠ ᠶᠢᠨ ᠬᠠᠮᠢᠶᠠᠷᠤᠯᠳᠠ ᠶᠢᠨ ᠲᠤᠪᠴᠢᠶ᠎ᠠ ᠶᠢᠨ ᠳᠡᠳ᠋ ᠲᠤᠪᠴᠢᠶᠠᠨ ᠳᠠᠷᠤᠭ᠎ᠠ ︵ᠡᠨᠡ ᠬᠤᠭᠤᠴᠠᠭᠠᠨ ᠳᠤ᠄ 2004.09ᠬᠤᠳᠠ ᠶᠢᠨ ᠬᠠᠮᠢᠶᠠᠷᠤᠯᠳᠠ ᠶᠢᠨ ᠲᠤᠪᠴᠢᠶ᠎ᠠ ᠶᠢᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ ᠶᠢᠨ ᠳᠤᠰᠢᠶᠠᠯ ᠢ ᠵᠡᠷᠭᠡ ᠪᠠᠷ ᠡᠭᠦᠷᠭᠡᠯᠡᠪᠠ︶ ᠪᠠᠷ ᠠᠵᠢᠯᠯᠠᠪᠠ᠃     2008.01—2011.03 ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠤᠯᠠᠭᠠᠨᠴᠠᠪ ᠬᠤᠳᠠ ᠶᠢᠨ ᠵᠢᠨᠢᠩ ᠲᠤᠭᠤᠷᠢᠭ ᠤᠨ ᠮᠠ ᠯᠢᠶᠠᠨ ᠴᠢᠤᠢ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠰᠢᠶᠠᠩ ᠤᠨ ᠳᠠᠷᠤᠭ᠎ᠠ ᠪᠠᠷ ᠠᠵᠢᠯᠯᠠᠪᠠ᠃     2011.03—2017.10 ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠤᠯᠠᠭᠠᠨᠴᠠᠪ ᠬᠤᠳᠠ ᠶᠢᠨ ᠵᠢᠨᠢᠩ ᠲᠤᠭᠤᠷᠢᠭ ᠤᠨ ᠪᠠᠢ ᠬᠠᠢ ᠽᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ︵ᠡᠨᠡ ᠬᠤᠭᠤᠴᠠᠭᠠᠨ ᠳᠤ᠄ 2017.10ᠵᠢᠨᠢᠩ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠠᠯ ᠤᠨ ᠨᠠᠮ ᠤᠨ ᠤᠳᠤᠷᠢᠳᠬᠤ ᠲᠤᠭᠤᠶᠢᠯᠠᠩ ᠤᠨ ᠬᠡᠰᠢᠭᠦᠨ᠂ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠠᠯ ᠤᠨ ᠳᠡᠳ᠋ ᠡᠷᠬᠢᠯᠡᠭᠴᠢ ᠶᠢᠨ ᠰᠤᠩᠭᠤᠭᠤᠯᠢ ᠳᠤ ᠲᠡᠪᠰᠢᠭᠴᠢ︶ ᠪᠠᠷ ᠠᠵᠢᠯᠯᠠᠪᠠ᠃     2017.12—ᠤᠳᠤ ᠪᠤᠯᠳᠠᠯ᠎ᠠ᠂ ᠵᠢᠨᠢᠩ ᠲᠤᠭᠤᠷᠢᠭ ᠤᠨ ᠪᠠᠢ ᠬᠠᠢ ᠽᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠵᠢᠨᠢᠩ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠠᠯ ᠤᠨ ᠨᠠᠮ ᠤᠨ ᠤᠳᠤᠷᠢᠳᠬᠤ ᠲᠤᠭᠤᠶᠢᠯᠠᠩ ᠤᠨ ᠬᠡᠰᠢᠭᠦᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠠᠯ ᠤᠨ ᠳᠡᠳ᠋ ᠡᠷᠬᠢᠯᠡᠭᠴᠢ ᠪᠠᠷ ᠠᠵᠢᠯᠯᠠᠪᠠ᠃
 
ᠢᠷᠡᠯᠲᠡ᠄ ᠵᠢᠨᠢᠩ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2