ᠵᠢᠨᠢᠡᠭ ᠲᠤᠭᠤᠷᠢᠭ ᠤᠨ ᠮᠡᠳᠡᠭᠡ ᠵᠠᠩᠬᠢ ᠶᠢᠨ ᠠᠵᠢᠯ ᠤᠨ ᠲᠡᠷᠢᠭᠦᠨ ᠤ ᠪᠠᠶᠢᠭᠤᠯᠤᠯᠭ᠎ᠠ ᠪᠤᠯᠤᠨ ᠲᠡᠷᠢᠭᠦᠨ ᠤ ᠬᠤᠪᠢ ᠬᠦᠮᠦᠨ ᠢ ᠬᠦᠬᠢᠭᠦᠯᠦᠨ ᠰᠠᠶᠢᠰᠢᠶᠠᠬᠤ ᠳᠤᠬᠠᠢ ᠵᠢᠨᠢᠩ ᠲᠤᠭᠤᠷᠢᠭ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2018/5/14
                                    ᠵᠢᠨᠢᠩ ᠵᠠᠰᠠᠭ ᠠᠯᠪᠠᠨ〔2018〕16 ᠳ᠋ᠤᠭᠠᠷ ᠳᠤᠭᠠᠳᠤ2017 ᠤᠨ ᠤ ᠪᠦᠬᠦ ᠲᠤᠭᠤᠷᠢᠭ ᠤᠨ ᠮᠡᠳᠡᠭᠡ ᠵᠠᠩᠬᠢ ᠶᠢᠨ ᠠᠵᠢᠯ ᠤᠨ ᠲᠡᠷᠢᠭᠦᠨ ᠤ ᠪᠠᠶᠢᠭᠤᠯᠤᠯᠭ᠎ᠠ ᠪᠤᠯᠤᠨ ᠲᠡᠷᠢᠭᠦᠨ ᠤ ᠬᠤᠪᠢ ᠬᠦᠮᠦᠨ ᠢ ᠬᠦᠬᠢᠭᠦᠯᠦᠨ ᠰᠠᠶᠢᠰᠢᠶᠠᠬᠤ ᠳᠤᠬᠠᠢ ᠵᠢᠨᠢᠩ ᠲᠤᠭᠤᠷᠢᠭ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯᠰᠢᠶᠠᠩ᠂ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠤᠭᠤᠷᠢᠭ ᠤᠨ ᠰᠢᠭᠤᠳ ᠬᠠᠷᠢᠶ᠎ᠠ ᠡᠯ᠎ᠡ ᠪᠠᠶᠢᠭᠤᠯᠤᠯᠭ᠎ᠠ ᠨᠢᠭᠡᠴᠡ᠄     ᠲᠤᠭᠤᠷᠢᠭ ᠤᠨ ᠵᠠᠰᠠᠭ ᠤᠨ ᠤᠷᠳᠤᠨ ᠤ ᠠᠯᠪᠠᠨ ᠭᠡᠷ ᠰᠦᠯᠵᠢᠶᠠᠨ ᠪᠦᠯᠦᠭᠯᠡᠯ ᠤᠨ ᠦᠨᠡᠯᠡᠯᠭᠡ ᠶᠢᠨ ᠳᠤᠬᠠᠢ ᠬᠤᠯᠪᠤᠭᠳᠠᠯ ᠪᠦᠬᠦᠢ ᠲᠤᠭᠳᠠᠭᠠᠯ ᠢ ᠦᠨᠳᠦᠰᠦᠯᠡᠨ᠂ ᠴᠤᠭᠴᠠ ᠦᠨᠡᠯᠡᠯᠭᠡ ᠪᠠᠷ ᠳᠠᠮᠵᠢᠨ᠂ ᠬᠠᠤᠯᠢ ᠴᠠᠭᠠᠵᠠ ᠶᠢᠨ ᠲᠤᠪᠴᠢᠶ᠎ᠠ᠂ ᠤᠷᠴᠢᠨ ᠠᠬᠤᠢ ᠶᠢ ᠬᠠᠮᠠᠭᠠᠯᠠᠬᠤ ᠲᠤᠪᠴᠢᠶ᠎ᠠ᠂ ᠴᠢᠶᠤᠤ ᠰᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠡᠷᠭᠡ 8 ᠪᠠᠶᠢᠭᠤᠯᠤᠯᠭ᠎ᠠ ᠶᠢ ᠮᠡᠳᠡᠭᠡ ᠵᠠᠩᠬᠢ ᠮᠡᠳᠡᠭᠦᠯᠦᠨ ᠬᠦᠷᠭᠡᠬᠦ ᠬᠢᠷᠢ ᠪᠦᠳᠦᠮᠵᠢ ᠤᠷᠤᠶᠢᠯᠠᠭᠰᠠᠨ ᠨᠢᠭᠡᠴᠡ ᠪᠠᠷ᠂ ᠶᠠᠰᠤ ᠴᠢᠨᠠᠷ ᠲᠧᠭᠨᠢᠭ ᠮᠡᠷᠭᠡᠵᠢᠯ ᠤᠨ ᠬᠢᠨᠠᠯᠳᠠ ᠲᠠᠯᠪᠢᠬᠤ ᠲᠤᠪᠴᠢᠶ᠎ᠠ᠂ ᠤᠷᠤᠨ ᠰᠠᠭᠤᠴᠠ ᠡᠳ᠋ᠯᠡᠩ ᠤᠨ ᠬᠠᠮᠢᠶᠠᠷᠤᠯᠳᠠ ᠶᠢᠨ ᠲᠤᠪᠴᠢᠶ᠎ᠠ᠂ ᠴᠢᠤᠸᠠᠨ ᠱᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠡᠷᠬᠡ 8 ᠪᠠᠶᠢᠭᠤᠯᠤᠯᠭ᠎ᠠ ᠶᠢ ᠮᠡᠳᠡᠭᠡ ᠵᠠᠩᠬᠢ ᠮᠡᠳᠡᠭᠦᠯᠦᠨ ᠬᠦᠷᠭᠡᠬᠦ ᠬᠢᠷᠢ ᠪᠦᠳᠦᠮᠵᠢ ᠰᠢᠯᠢᠳᠡᠭ ᠨᠢᠭᠡᠴᠡ ᠪᠠᠷ᠂ ᠯᠢ ᠵᠢᠤᠸᠠᠨ ᠵᠡᠷᠭᠡ 23 ᠨᠦᠬᠦᠳ ᠢ ᠪᠦᠬᠦ ᠲᠤᠭᠤᠷᠢᠭ ᠤᠨ ᠮᠡᠳᠡᠭᠡ ᠵᠠᠩᠬᠢ ᠮᠡᠳᠡᠭᠦᠯᠦᠨ ᠬᠦᠷᠭᠡᠬᠦ ᠲᠡᠷᠢᠭᠦᠨ ᠤ ᠬᠤᠪᠢ ᠬᠦᠮᠦᠨ ᠢᠶᠠᠷ ᠰᠤᠩᠭᠤᠪᠠ᠃     ᠡᠯ᠎ᠡ ᠪᠠᠶᠢᠭᠤᠯᠤᠯᠭ᠎ᠠ ᠮᠡᠳᠡᠭᠡ ᠵᠠᠩᠬᠢ ᠮᠡᠳᠡᠭᠦᠯᠦᠨ ᠭᠦᠷᠭᠡᠬᠦ ᠠᠵᠢᠯ ᠢ ᠴᠢᠬᠤᠯᠠᠴᠢᠯᠠᠨ ᠦᠵᠡᠵᠤ᠂ ᠲᠦᠷᠦ ᠶᠢᠨ ᠪᠤᠳᠤᠯᠭ᠎ᠠ ᠪᠤᠯᠤᠨ ᠠᠵᠢᠯ ᠤᠨ ᠲᠠᠯ᠎ᠠ ᠶᠢᠨ ᠰᠤᠳᠤᠯᠭᠠᠨ ᠢᠶᠠᠨ ᠡᠷᠴᠢᠮᠵᠢᠭᠦᠯᠦᠨ᠂ ᠲᠤᠭᠤᠷᠢᠭ ᠤᠨ ᠨᠠᠮ ᠤᠨ ᠬᠤᠷᠢᠶ᠎ᠠ ᠂ ᠵᠠᠰᠠᠭ ᠤᠨ ᠤᠷᠳᠤᠨ ᠤ ᠭᠤᠤᠯ ᠠᠵᠢᠯ ᠤᠨ ᠲᠤᠭᠤᠷᠢᠨ ᠳᠤ ᠦᠢᠯᠡᠴᠢᠯᠡᠵᠦ᠂ ᠵᠠᠩᠬᠢ ᠶᠢᠨ ᠦᠢᠯᠡᠴᠢᠯᠡᠭᠡᠨ ᠤ ᠮᠧᠬᠠᠨᠢᠰᠮ ᠲᠤᠭᠳᠠᠯᠴᠠᠭ᠎ᠠ ᠪᠤᠯᠤᠨ ᠠᠷᠭ᠎ᠠ ᠪᠠᠷᠢᠯ ᠢᠶᠠᠨ ᠰᠢᠨᠡᠴᠢᠯᠡᠨ᠂ ᠵᠠᠩᠬᠢ ᠶᠢᠨ ᠴᠠᠷ᠎ᠠ ᠬᠦᠷᠢᠶ᠎ᠡ ᠪᠠᠨ ᠦᠷᠭᠡᠳᠬᠡᠨ᠂ ᠦᠷᠭᠦᠯᠵᠢᠯᠡᠨ ᠲᠤᠭᠤᠷᠢᠭ ᠤᠨ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠰᠢᠨ᠎ᠡ ᠬᠠᠨᠳᠤᠰᠢ᠂ ᠰᠢᠨ᠎ᠡ ᠪᠠᠶᠢᠳᠠᠯ᠂ ᠰᠢᠨ᠎ᠡ ᠠᠰᠠᠭᠤᠳᠠᠯ ᠢ ᠮᠦᠷᠳᠡᠨ ᠳᠤᠰᠬᠠᠵᠤ᠂ ᠬᠠᠨᠳᠤᠰᠢ ᠶᠢᠨ ᠳ᠋ᠦᠩᠨᠡᠯᠳᠡ ᠪᠤᠯᠤᠨ ᠠᠰᠠᠭᠤᠳᠠᠯ ᠤᠨ ᠵᠠᠳᠠᠯᠤᠯ ᠢ ᠡᠷᠴᠢᠮᠵᠢᠭᠦᠯᠦᠨ᠂ ᠦᠨᠳᠦᠰᠦᠨ ᠱᠠᠳᠤᠨ ᠤ ᠪᠠᠶᠢᠳᠠᠯ ᠢ ᠪᠠᠶᠢᠴᠠᠭᠠᠨ ᠰᠤᠳᠤᠯᠬᠤ ᠪᠠ ᠨᠡᠶᠢᠳᠡᠯᠢᠭ ᠬᠡᠷᠡᠭ ᠤᠨ ᠵᠢᠱᠢᠶ᠎ᠡ ᠶᠢ ᠵᠠᠳᠠᠯᠤᠨ ᠰᠢᠨᠵᠢᠯᠡᠬᠦ ᠶᠢ ᠴᠢᠩᠭᠠᠳᠬᠠᠨ᠂ ᠲᠦᠪᠡᠭᠳᠡᠢ ᠠᠰᠠᠭᠤᠳᠠᠯ ᠢ ᠰᠢᠢᠳᠪᠦᠷᠢᠯᠡᠬᠦ᠂ ᠬᠡᠷᠡᠭᠵᠢᠭᠦᠯᠦᠯᠳᠡ ᠶᠢᠨ ᠶᠠᠪᠤᠴᠠ ᠶᠢ ᠠᠬᠢᠭᠤᠯᠬᠤ᠂ ᠭᠦᠭᠵᠢᠯᠳᠡ ᠶᠢᠨ ᠠᠷᠭ᠎ᠠ ᠶᠢ ᠡᠷᠢᠯᠬᠢᠯᠡᠬᠦ ᠳᠤ ᠵᠤᠬᠢᠰᠳᠠᠢ ᠰᠠᠨᠠᠭᠤᠯᠭ᠎ᠠ ᠳᠤᠷᠠᠳᠴᠤ᠂ ᠨᠡᠩ ᠰᠠᠶᠢᠨ ᠢᠶᠠᠷ ᠳᠤᠰᠠᠯᠠᠭᠴᠢ ᠶᠢᠨ ᠦᠢᠯᠡᠳᠦᠯ ᠢᠶᠠᠨ ᠪᠠᠳᠠᠷᠠᠭᠤᠯᠵᠤ᠂ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢᠨᠵᠢᠯᠡᠬᠦ ᠤᠬᠠᠭᠠᠨᠴᠢ ᠰᠢᠢᠳᠦᠯᠳᠡ ᠳᠤ ᠪᠦᠬᠦ ᠲᠠᠯ᠎ᠠ ᠶᠢᠨ᠂ ᠦᠨᠳᠦᠷ ᠴᠢᠨᠠᠷ ᠲᠠᠢ᠂ ᠦᠨ᠎ᠡ ᠴᠠᠨ᠎ᠠ ᠲᠠᠢ ᠮᠡᠳᠡᠭᠡ ᠵᠠᠩᠬᠢ ᠶᠢ ᠬᠠᠩᠭᠠᠬᠤ ᠶᠢ ᠨᠠᠶᠢᠳᠠᠶ᠎ᠠ᠃     ᠳᠠᠭᠠᠯᠳᠤᠭᠤᠯᠤᠯ᠄ 1. 2017 ᠤᠨ ᠤ ᠵᠠᠰᠠᠭ ᠤᠨ ᠤᠷᠳᠤᠨ ᠤ ᠮᠡᠳᠡᠭᠡ ᠵᠠᠩᠬᠢ ᠶᠢᠨ ᠠᠵᠢᠯ ᠤᠨ ᠲᠡᠷᠢᠭᠦᠨ ᠤ ᠪᠠᠶᠢᠭᠤᠯᠤᠯᠭ᠎ᠠ ᠪᠤᠯᠤᠨ ᠲᠡᠷᠢᠭᠦᠨ ᠤ ᠬᠤᠪᠢ ᠬᠦᠮᠦᠨ ᠤ ᠨᠡᠷᠡᠰ ᠤᠨ ᠵᠢᠨᠰᠠᠭᠠᠯᠳᠠ                                                                                                        2018 ᠤᠨ ᠤ 4 ᠰᠠᠷ᠎ᠠ ᠶᠢᠨ 24᠎ ᠤ ᠡᠳᠤᠷᠳᠠᠭᠠᠯᠳᠤᠭᠤᠯᠤᠯ 1᠄       2017 ᠤᠨ ᠤ ᠵᠠᠰᠠᠭ ᠤᠨ ᠤᠷᠳᠤᠨ ᠤ ᠮᠡᠳᠡᠭᠡ ᠵᠠᠩᠬᠢ ᠶᠢᠨ ᠠᠵᠢᠯ ᠤᠨ ᠲᠡᠷᠢᠭᠦᠨ ᠤ ᠪᠠᠶᠢᠭᠤᠯᠤᠯᠭ᠎ᠠ ᠨᠢᠭᠡᠴᠡ ᠪᠤᠯᠤᠨ ᠲᠡᠷᠢᠭᠦᠨ ᠤ ᠬᠤᠪᠢ ᠬᠦᠮᠦᠨ ᠤ ᠨᠡᠷᠡᠰ ᠤᠨ ᠵᠢᠨᠰᠠᠭᠠᠯᠳᠠ     ᠨᠢᠭᠡ᠂ ᠲᠡᠷᠢᠭᠦᠨ ᠤ ᠪᠠᠶᠢᠭᠤᠯᠤᠯᠭ᠎ᠠ ᠨᠢᠭᠡᠴᠡ ᠶᠢᠨ ᠨᠡᠷᠡᠰ ᠤᠨ ᠵᠢᠭᠰᠠᠭᠠᠯᠳᠠ     1. ᠬᠢᠷᠢ ᠪᠦᠳᠦᠮᠵᠢ ᠤᠷᠤᠶᠢᠯᠠᠭᠰᠠᠨ ᠨᠢᠭᠡᠴᠡ     ᠰᠢᠶᠠᠩ ᠪᠠᠯᠭᠠᠰᠤ ᠵᠡᠭᠡᠯᠢ ᠭᠤᠳᠤᠮᠵᠢ᠄ ᠴᠢᠶᠤᠤ ᠰᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠴᠢᠶᠤᠤ ᠳ᠋ᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ     ᠲᠤᠭᠤᠷᠢᠭ ᠤᠨ ᠰᠢᠭᠤᠳ ᠬᠠᠷᠢᠶ᠎ᠠ ᠪᠠᠶᠢᠭᠤᠯᠤᠯᠭ᠎ᠠ ᠨᠢᠭᠡᠴᠡ᠄ ᠬᠠᠤᠯᠢ ᠴᠠᠭᠠᠵᠠ ᠶᠢᠨ ᠲᠤᠪᠴᠢᠶ᠎ᠠ᠂ ᠤᠷᠴᠢᠨ ᠠᠬᠤᠢ ᠶᠢ ᠬᠠᠮᠠᠭᠠᠯᠠᠬᠤ ᠲᠤᠪᠴᠢᠶ᠎ᠠ᠂ ᠬᠤᠳᠠ ᠶᠢᠨ ᠬᠠᠮᠢᠶᠠᠷᠤᠯᠳᠠ ᠶᠢᠨ ᠲᠤᠪᠴᠢᠶ᠎ᠠ᠂ ᠰᠤᠨᠢᠨ ᠮᠡᠳᠡᠭᠡᠨ ᠤ ᠲᠦᠪ᠂ ᠢᠳᠡᠭᠡᠨ ᠤ ᠵᠦᠢᠯ ᠪᠤᠯᠤᠨ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ᠂ ᠡᠷᠡᠭᠦᠯ ᠬᠠᠮᠠᠭᠠᠯᠠᠯ ᠪᠤᠯᠤᠨ ᠲᠦᠯᠦᠪᠯᠡᠭᠡᠳᠦ ᠦᠷᠡᠵᠢᠯ ᠤᠨ ᠲᠤᠪᠴᠢᠶ᠎ᠠ     2. ᠬᠢᠷᠢ ᠪᠦᠳᠦᠮᠵᠢ ᠰᠢᠯᠢᠳᠡᠭ ᠨᠢᠭᠡᠴᠡ     ᠰᠢᠶᠠᠩ ᠪᠠᠯᠭᠠᠰᠤ ᠵᠡᠭᠡᠯᠢ ᠭᠤᠳᠤᠮᠵᠢ᠄ ᠴᠢᠤᠸᠠᠨ ᠱᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠴᠢᠶᠠᠨ ᠶᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ     ᠲᠤᠭᠤᠷᠢᠭ ᠤᠨ ᠰᠢᠭᠤᠳ ᠬᠠᠷᠢᠶ᠎ᠠ ᠪᠠᠶᠢᠭᠤᠯᠤᠯᠭ᠎ᠠ ᠨᠢᠭᠡᠴᠡ᠄ ᠶᠠᠰᠤ ᠴᠢᠨᠠᠷ ᠲᠧᠭᠨᠢᠭ ᠮᠡᠷᠭᠡᠵᠢᠯ ᠤᠨ ᠬᠢᠨᠠᠯᠳᠠ ᠲᠠᠯᠪᠢᠬᠤ ᠲᠤᠪᠴᠢᠶ᠎ᠠ᠂ ᠤᠷᠤᠨ ᠰᠠᠭᠤᠴᠠ ᠡᠳ᠋ᠯᠡᠩ ᠤᠨ ᠬᠠᠮᠢᠶᠠᠷᠤᠯᠳᠠ ᠶᠢᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠠᠵᠤ ᠠᠬᠤᠢ ᠪᠠ ᠮᠡᠳᠡᠭᠡ ᠵᠠᠩᠬᠢᠵᠢᠯᠳᠠ ᠶᠢᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶ᠎ᠠ     ᠬᠤᠶᠠᠷ᠂ ᠲᠡᠷᠢᠭᠦᠨ ᠤ ᠬᠤᠪᠢ ᠬᠦᠮᠦᠨ ᠤ ᠨᠡᠷᠡᠰ ᠤᠨ ᠵᠢᠭᠰᠠᠭᠠᠯᠳᠠ    ᠵᠤᠤ ᠶᠠᠨ ︵ᠲᠤᠭᠤᠷᠢᠭ ᠤᠨ ᠬᠠᠤᠯᠢ ᠴᠠᠭᠠᠵᠠ ᠶᠢᠨ ᠲᠤᠪᠴᠢᠶ᠎ᠠ︶    ᠭᠤᠤ ᠬᠠᠨ ᠨᠢ ︵ᠲᠤᠭᠤᠷᠢᠭ ᠤᠨ ᠬᠠᠤᠯᠢ ᠴᠠᠭᠠᠵᠠ ᠶᠢᠨ ᠲᠤᠪᠴᠢᠶ᠎ᠠ︶    ᠵᠢᠶᠤᠤ ᠶᠠᠨ ︵ᠲᠤᠭᠤᠷᠢᠭ ᠤᠨ ᠤᠷᠴᠢᠨ ᠠᠬᠤᠢ ᠶᠢ ᠬᠠᠮᠠᠭᠠᠯᠠᠬᠤ ᠲᠤᠪᠴᠢᠶ᠎ᠠ︶    ᠵᠠᠩ ᠶᠠᠨ ᠨᠢᠩ ︵ᠲᠤᠭᠤᠷᠢᠭ ᠤᠨ ᠤᠷᠴᠢᠨ ᠠᠬᠤᠢ ᠶᠢ ᠬᠠᠮᠠᠭᠠᠯᠠᠬᠤ ᠲᠤᠪᠴᠢᠶ᠎ᠠ︶    ᠶᠠᠩ ᠵᠢᠶᠦ᠋ᠨ ᠫᠢᠩ ︵ᠲᠤᠭᠤᠷᠢᠭ ᠤᠨ ᠬᠤᠳᠠ ᠶᠢᠨ ᠬᠠᠮᠢᠶᠠᠷᠤᠯᠳᠠ ᠶᠢᠨ ᠲᠤᠪᠴᠢᠶ᠎ᠠ︶    ᠯᠦ ᠵᠢᠩ ︵ᠲᠤᠭᠤᠷᠢᠭ ᠤᠨ ᠬᠤᠳᠠ ᠶᠢᠨ ᠬᠠᠮᠢᠶᠠᠷᠤᠯᠳᠠ ᠶᠢᠨ ᠲᠤᠪᠴᠢᠶ᠎ᠠ︶    ᠸᠠᠩ ᠸᠧᠨ ᠲᠢᠩ ︵ᠲᠤᠭᠤᠷᠢᠭ ᠤᠨ ᠢᠳᠡᠭᠡᠨ ᠤ ᠵᠦᠢᠯ ᠪᠤᠯᠤᠨ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ︶    ᠵᠠᠩ ᠯᠢ ᠫᠢᠩ ︵ᠲᠤᠭᠤᠷᠢᠭ ᠤᠨ ᠢᠳᠡᠭᠡᠨ ᠤ ᠵᠦᠢᠯ ᠪᠤᠯᠤᠨ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ︶    ᠵᠢᠶᠠ ᠬᠤᠢ ︵ᠲᠤᠭᠤᠷᠢᠭ ᠤᠨ ᠡᠷᠡᠭᠦᠯ ᠬᠠᠮᠠᠭᠠᠯᠠᠯ ᠪᠤᠯᠤᠨ ᠲᠦᠯᠦᠪᠯᠡᠭᠡᠳᠦ ᠦᠷᠡᠵᠢᠯ ᠤᠨ ᠲᠤᠪᠴᠢᠶ᠎ᠠ︶    ᠬᠠᠨ ᠰᠢᠨ ᠢᠤᠢ ︵ᠲᠤᠭᠤᠷᠢᠭ ᠤᠨ ᠡᠷᠡᠭᠦᠯ ᠬᠠᠮᠠᠭᠠᠯᠠᠯ ᠪᠤᠯᠤᠨ ᠲᠦᠯᠦᠪᠯᠡᠭᠡᠳᠦ ᠦᠷᠡᠵᠢᠯ ᠤᠨ ᠲᠤᠪᠴᠢᠶ᠎ᠠ︶    ᠭᠦ᠋ ᠷᠠᠨ ︵ᠲᠤᠭᠤᠷᠢᠭ ᠤᠨ ᠤᠷᠤᠨ ᠰᠠᠭᠤᠴᠠ ᠡᠳ᠋ᠯᠡᠩ ᠤᠨ ᠬᠠᠮᠢᠶᠠᠷᠤᠯᠳᠠ ᠶᠢᠨ ᠲᠤᠪᠴᠢᠶ᠎ᠠ︶    ᠵᠤᠤ ᠰᠢᠤᠸᠠᠢ ᠪᠢᠩ ︵ᠲᠤᠭᠤᠷᠢᠭ ᠤᠨ ᠡᠳ᠋ ᠤᠨ ᠵᠠᠰᠠᠭ ᠤᠨ ᠲᠤᠪᠴᠢᠶ᠎ᠠ︶    ᠰᠢᠤᠢ ᠪᠢᠩ ᠪᠢᠩ ︵ᠲᠤᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶ᠎ᠠ︶    ᠰᠦᠨ ᠯᠢᠨ ︵ᠲᠤᠭᠤᠷᠢᠭ ᠤᠨ ᠠᠵᠤ ᠠᠬᠤᠢ ᠪᠠ ᠮᠡᠳᠡᠭᠡ ᠵᠠᠩᠬᠢᠵᠢᠯᠳᠠ ᠶᠢᠨ ᠲᠤᠪᠴᠢᠶ᠎ᠠ︶    ᠵᠠᠩ ᠶᠦᠩ ᡁᠢ ︵ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ︶    ᠶᠠᠩ ᠶᠠᠨ ᠰᠢᠶᠠ ︵ᠲᠤᠭᠤᠷᠢᠭ ᠤᠨ ᠶᠠᠰᠤ ᠴᠢᠨᠠᠷ ᠲᠧᠭᠨᠢᠭ ᠮᠡᠷᠭᠡᠵᠢᠯ ᠤᠨ ᠬᠢᠨᠠᠯᠳᠠ ᠲᠠᠯᠪᠢᠬᠤ ᠲᠤᠪᠴᠢᠶ᠎ᠠ︶    ᠵᠠᠩ ᠵᠢᠶᠧ ︵ᠰᠤᠨᠢᠨ ᠮᠡᠳᠡᠭᠡᠨ ᠤ ᠲᠦᠪ︶    ᠯᠢ ᠵᠢᠤᠸᠠᠨ ︵ᠴᠢᠶᠤᠤ ᠰᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶      ᠯᠦᠸᠧ ᠶᠠᠨ ᠫᠢᠩ ︵ᠴᠢᠶᠤᠤ ᠰᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶    ᠵᠤᠤ ᠵᠢᠶᠧ ︵ᠴᠢᠶᠤᠤ ᠳ᠋ᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶    ᠶᠠᠩ ᠵᠢᠶᠧ ︵ᠴᠢᠶᠤᠤ ᠳ᠋ᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶    ᠪᠠᠢ ᠳ᠋ᠦᠩ ᠨᠢ ︵ᠴᠢᠶᠠᠨ ᠶᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶    ᠸᠧᠢ ᠶᠢᠩ ︵ᠴᠢᠤᠸᠠᠨ ᠱᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶                                                                                                                    ︵ᠤᠷᠴᠢᠭᠤᠯᠤᠭᠴᠢ᠄ ᠡᠷᠬᠢᠮᠪᠠᠶᠠᠷ︶                                                         ᠵᠢᠨᠢᠩ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ                               2018 ᠤᠨ ᠤ 4 ᠰᠠᠷ᠎ᠠ ᠶᠢᠨ 24᠎ ᠤ ᠡᠳᠤᠷ ᠳᠠᠷᠤᠮᠠᠯᠯᠠᠨ ᠲᠠᠷᠬᠠᠭᠠᠪᠠ
 
ᠢᠷᠡᠯᠲᠡ᠄ ᠵᠢᠨᠢᠩ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2