ᠵᠢᠨᠢᠩ ᠲᠣᠭᠤᠷᠢᠭ ᠠᠷᠪᠠᠨ ᠲᠠᠪᠣᠳᠣᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠨᠢᠭᠡᠳᠦᠭᠡᠷ ᠣᠳᠠᠭᠠᠨ ᠤ ᠪᠠᠶᠢᠩᠭᠤ ᠵᠢᠨ‌‍ᠶᠠᠪᠤᠳᠠᠯ ᠤᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2018/5/16
     2017 ᠣᠨ ᠤ12 ᠰᠠᠷ᠎ᠠ ᠶᠢᠨ10᠎ ᠤ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠢᠨᠢᠩ ᠲᠣᠭᠤᠷᠢᠭ ᠤᠨ ᠳᠠᠷᠤᠭ᠎ᠠ ᠹᠦ᠋ ᠬᠠᠢ ᠴᠢᠩ ᠠᠷᠪᠠᠨ ᠲᠠᠪᠣᠳᠣᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠨᠢᠭᠡᠳᠦᠭᠡᠷ ᠣᠳᠠᠭᠠᠨ ᠤ ᠪᠠᠶᠢᠩᠭᠤ ᠶᠢᠨ ᠶᠠᠪᠤᠳᠠᠯ ᠤᠨ ᠬᠤᠷᠠᠯ ᠢ ᠡᠷᠬᠢᠯᠡᠨ ᠶᠠᠪᠤᠭᠳᠠᠭᠤᠯᠵᠤ᠂ ᠣᠳᠣᠷᠢᠳᠣᠯᠭ᠎ᠠ ᠺᠠᠳ᠋ᠷ ᠨᠠᠷ ᠤᠨ ᠠᠵᠢᠯ ᠤᠨ ᠬᠤᠪᠢᠶᠠᠷᠢᠯᠠᠯ ᠵᠢᠴᠢ ᠬᠤᠶᠢᠰᠢᠲᠠ ᠶᠢᠨ ᠠᠵᠢᠯ ᠤᠨ ᠲᠣᠬᠠᠢ ᠱᠠᠭᠠᠷᠲᠠᠯᠭ᠎ᠠ ᠳᠤ ᠬᠤᠯᠪᠤᠭᠳᠠᠬᠤ ᠠᠰᠠᠭᠤᠳᠠᠯ ᠤᠳ ᠢ ᠰᠤᠳᠤᠯᠤᠨ ᠶᠠᠷᠢᠯᠴᠠᠪᠠ᠃      ᠬᠤᠷᠠᠯ ᠳᠤ ᠠᠵᠢᠯ ᠤᠨ ᠱᠠᠭᠠᠷᠳᠠᠯᠭ᠎ᠠ ᠪᠣᠯᠣᠨ ᠠᠵᠢᠯᠲᠠᠨ ᠤ ᠰᠣᠯᠢᠭᠳᠠᠯ ᠢ ᠦᠨᠳᠦᠰᠦᠯᠡᠨ᠂ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠠᠷᠤᠭ᠎ᠠ᠂ ᠳᠡᠳ᠋ ᠳᠠᠷᠤᠭ᠎ᠠ᠂ ᠪᠠᠶᠢᠴᠠᠭᠠᠨ ᠰᠣᠳᠣᠯᠣᠭᠴᠢ ᠵᠢᠴᠢ ᠴᠠᠬᠠᠷ ᠠᠵᠣ ᠠᠬᠤᠢ ᠶᠢᠨ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠣᠯᠲᠠ ᠶᠢᠨ ᠵᠦᠪᠯᠡᠯ ᠵᠢᠴᠢ ᠣᠳᠣ ᠦᠶ᠎ᠡ ᠶᠢᠨ ᠪᠠᠷᠠᠭᠠᠨ ᠤ ᠣᠷᠣᠰᠬᠠᠯ ᠤᠨ ᠲᠣᠭᠤᠷᠢᠭ ᠤᠨ ᠬᠠᠮᠢᠶᠠᠷᠣᠯᠲᠠ ᠶᠢᠨ ᠵᠥᠪᠯᠡᠯ ᠪᠠ ᠰᠢᠨ᠎ᠡ ᠲᠣᠭᠤᠷᠢᠭ ᠤᠨ ᠬᠠᠮᠢᠶᠠᠷᠣᠯᠲᠠ ᠶᠢᠨ ᠵᠦᠪᠯᠡᠯ ᠤᠨ ᠡᠯ᠎ᠡ ᠣᠳᠣᠷᠢᠳᠣᠯᠭ᠎ᠠ ᠶᠢᠨ ᠠᠵᠢᠯ ᠤᠨ ᠬᠤᠪᠢᠶᠠᠷᠢᠯᠠᠯᠲᠠ ᠳᠤ ᠲᠣᠬᠢᠷᠠᠭᠤᠯᠤᠯᠲᠠ ᠬᠢᠵᠠᠢ᠃      ᠬᠤᠷᠠᠯ ᠳᠤ ᠵᠢᠭᠠᠭᠰᠠᠨ ᠨᠢ ᠵᠢᠨᠢᠩ ᠲᠣᠭᠤᠷᠢᠭ ᠤᠨ ᠠᠷᠪᠠᠨ ᠲᠠᠪᠣᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠣᠳᠠᠭᠠᠨ ᠤ ᠬᠤᠷᠠᠯ ᠢᠶᠠᠷ ᠰᠣᠩᠭᠤᠭᠲᠠᠭᠰᠠᠨ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠢᠨ᠎ᠡ ᠨᠢᠭᠡᠨ ᠬᠤᠭᠤᠴᠠᠭᠠᠨ ᠤ ᠤᠳᠤᠷᠢᠳᠬᠤ ᠪᠠᠭ ᠵᠠᠪᠠᠯ ᠰᠢᠨ᠎ᠡ ᠠᠮᠵᠢᠯᠲᠠ ᠲᠠᠢ᠂ ᠰᠢᠨ᠎ᠡ ᠨᠦᠯᠦᠭᠡ ᠲᠠᠢ ᠪᠠᠶᠢᠵᠦ᠂ ᠬᠦᠭᠵᠢᠯᠲᠡ ᠶᠢ ᠴᠢᠩᠭ᠎ᠠ ᠠᠳᠬᠤᠨ᠂《ᠲᠠᠪᠦ ᠶᠢ ᠨᠢᠭᠡ ᠴᠤᠭᠴᠠᠵᠢᠭᠤᠯᠬᠤ》ᠶᠡᠷᠦᠩᠬᠡᠢ ᠪᠠᠶᠢᠷᠢᠯᠠᠭᠤᠯᠤᠯᠳᠠ ᠶᠢ ᠨᠢᠭᠡᠳᠦᠯᠲᠡᠢ ᠠᠬᠢᠭᠤᠯᠵᠤ᠂《ᠳᠦᠷᠪᠡᠨ ᠪᠦᠬᠦ ᠲᠠᠯ᠎ᠠ》᠎ ᠶᠢᠨ ᠪᠠᠶᠢᠯᠳᠤᠬᠤ ᠪᠣᠳᠤᠯᠭ᠎ᠠ ᠶᠢᠨ ᠪᠠᠶᠢᠷᠢᠯᠠᠭᠤᠯᠤᠯᠳᠠ ᠶᠢ ᠲᠣᠬᠢᠷᠠᠭᠤᠯᠤᠨ ᠠᠬᠢᠭᠤᠯᠵᠤ᠂ ᠬᠠᠩᠭᠠᠯᠲᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠣᠯ ᠱᠤᠭᠤᠮ ᠪᠣᠯᠭᠠᠨ᠂ ︽ᠲᠠᠪᠤᠨ ᠶᠡᠭᠡ︾ ᠬᠦᠭᠵᠢᠯᠲᠡ ᠶᠢᠨ ᠵᠠᠷᠴᠢᠮ ᠢ ᠨᠠᠷᠢᠨ ᠬᠢᠨᠠᠮᠠᠭᠠᠢ ᠬᠡᠷᠡᠭᠵᠢᠭᠦᠯᠵᠦ᠂ ︽ᠲᠠᠪᠤᠨ ᠬᠤᠲᠠ︾᠎ ᠶᠢ ᠬᠠᠮᠲᠤᠷᠠᠨ ᠪᠠᠶᠢᠭᠤᠯᠬᠤ᠂ ︽ᠬᠤᠶᠠᠷ ᠲᠥᠪ︾᠎ ᠢ ᠬᠠᠮᠲᠤᠪᠡᠷ ᠪᠠᠶᠢᠭᠤᠯᠬᠤ᠂ ︽ᠳᠥᠷᠪᠡᠨ ᠶᠡᠭᠡ ᠰᠠᠭᠤᠷᠢᠨ ᠭᠠᠵᠠᠷ︾᠎ ᠢ ᠬᠠᠮᠲᠤᠪᠡᠷ ᠪᠠᠶᠢᠭᠤᠯᠬᠤ ᠶᠢ ᠪᠠᠷᠢᠮᠲᠠᠯᠠᠵᠤ᠂ ᠬᠦᠭᠵᠢᠯᠲᠡ ᠶᠢᠨ ᠰᠡᠳᠬᠢᠮᠵᠢ ᠪᠠᠨ ᠰᠢᠨᠡᠴᠢᠯᠡᠨ᠂ ᠠᠵᠢᠯ ᠤᠨ ᠠᠷᠭ᠎ᠠ ᠠᠪᠴᠢᠯ ᠢᠶᠠᠨ ᠲᠡᠭᠦᠯᠳᠡᠷᠵᠢᠭᠦᠯᠵᠦ᠂ ᠪᠦᠬᠦ ᠲᠣᠭᠤᠷᠢᠭ ᠤᠨ ᠠᠵᠣ ᠠᠬᠤᠢ ᠶᠢᠨ ᠦᠷᠭᠦᠯᠵᠢᠯᠡᠭᠦᠶᠢᠴᠡ ᠡᠷᠡᠭᠦᠯ ᠬᠦᠭᠵᠢᠯᠲᠡ ᠶᠢ ᠪᠠᠲᠣᠯᠠᠨ᠂ ᠨᠡᠶᠢᠭᠡᠮ ᠤᠨ ᠡᠯ᠎ᠡ ᠲᠥᠷᠦᠯ ᠤᠨ ᠠᠵᠢᠯ ᠦᠢᠯᠡᠰ ᠤᠨ ᠪᠦᠬᠦ ᠲᠠᠯ᠎ᠠ ᠶᠢᠨ ᠬᠦᠭᠵᠢᠯᠲᠡ ᠶᠢ ᠠᠬᠢᠭᠤᠯᠬᠤ ᠬᠡᠷᠡᠭᠲᠡᠢ ᠭᠡᠵᠠᠢ᠃      ᠬᠤᠷᠠᠯ ᠳᠤ ᠴᠢᠩᠭᠠᠳᠬᠠᠭᠰᠠᠨ ᠨᠢ᠂ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠡᠷᠬᠡᠪᠰᠢ ᠵᠦᠪ ᠣᠯᠣᠰ ᠲᠦᠷᠦ ᠶᠢᠨ ᠴᠢᠭᠯᠡᠯ ᠢ ᠪᠠᠷᠢᠮᠲᠠᠯᠠᠨ᠂ ᠬᠦᠭᠵᠢᠯᠲᠡ ᠶᠢ ᠭᠤᠣᠯ ᠠᠳᠬᠤᠨ᠂ ᠬᠤᠲᠠ ᠶᠢᠨ ᠪᠦᠳᠦᠭᠡᠨ ᠪᠠᠶᠢᠭᠤᠯᠣᠯᠲᠠ ᠪᠠ ᠬᠠᠮᠢᠶᠠᠷᠤᠯᠲᠠ ᠶᠢ ᠴᠢᠩᠭ᠎ᠠ ᠠᠳᠬᠤᠨ᠂ ᠠᠷᠠᠳ ᠤᠨ ᠠᠮᠢᠳᠣᠷᠠᠯ ᠢ ᠣᠯᠠᠮ ᠰᠠᠶᠢᠵᠢᠷᠠᠭᠤᠯᠣᠨ᠂ ᠨᠡᠶᠢᠭᠡᠮ ᠤᠨ ᠡᠯ᠎ᠡ ᠲᠠᠯ᠎ᠠ ᠶᠢᠨ ᠠᠵᠢᠯ ᠢ ᠠᠬᠢᠭᠤᠯᠵᠤ᠂ ᠵᠠᠰᠠᠭ ᠤᠨ ᠣᠷᠳᠤᠨ ᠤ ᠪᠦᠳᠦᠭᠡᠨ ᠪᠠᠶᠢᠭᠤᠯᠣᠯᠲᠠ ᠪᠠᠨ ᠰᠠᠶᠢᠲᠣᠷ ᠬᠢᠬᠦ ᠬᠡᠷᠡᠭᠲᠡᠢ ᠭᠡᠵᠠᠢ᠃      ᠬᠤᠷᠠᠯ ᠳᠤ ᠪᠠᠰᠠ ᠵᠠᠬᠢᠳᠠᠯ ᠰᠤᠷᠪᠤᠯᠵᠢᠯᠠᠭ᠎ᠠ ᠶᠢᠨ ᠠᠮᠣᠷ ᠲᠣᠭᠲᠠᠭᠤᠨ ᠢ ᠪᠠᠲᠤᠯᠠᠬᠤ  ᠂ ᠶᠠᠳᠠᠭᠤᠰ ᠤᠨ ᠲᠤᠭᠤᠷᠢᠭ ᠢ ᠵᠠᠰᠠᠨ ᠰᠠᠶᠢᠵᠢᠷᠠᠭᠤᠯᠬᠤ᠂  ᠰᠢᠯᠵᠢᠭᠦᠯᠵᠦ ᠨᠡᠭᠦᠯᠭᠡᠨ ᠲᠥᠪᠬᠢᠨᠡᠭᠦᠯᠬᠦ᠂ ᠠᠶᠤᠯᠬᠦᠢ ᠦᠢᠯᠡᠳᠪᠦᠷᠢᠯᠡᠯ ᠵᠡᠷᠭᠡ ᠨᠢᠳᠣᠨ ᠡᠮᠦᠨᠡᠬᠢ ᠴᠢᠬᠤᠯᠠ ᠠᠵᠢᠯ ᠳᠤ ᠲᠣᠬᠢᠷᠠᠭᠤᠯᠤᠯᠲᠠ ᠬᠢᠵᠡᠢ᠃                                                                                 ︵ᠤᠷᠴᠢᠭᠤᠯᠤᠭᠴᠢ᠄ ᠡᠷᠬᠢᠮᠪᠠᠶᠠᠷ︶
 
ᠢᠷᠡᠯᠲᠡ᠄ ᠵᠢᠨᠢᠩ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2