ᠵᠢᠨᠢᠩ ᠲᠣᠭᠤᠷᠢᠭ ᠠᠷᠪᠠᠨ ᠲᠠᠪᠣᠳᠣᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠬᠤᠶᠠᠳᠣᠭᠠᠷ ᠣᠳᠠᠭᠠᠨ ᠤ ᠪᠠᠶᠢᠩᠭᠤ ᠶᠢᠨ ᠶᠠᠪᠤᠳᠠᠯ ᠤᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2018/5/16
     2018 ᠣᠨ ᠤ 1 ᠰᠠᠷ᠎ᠠ ᠶᠢᠨ 11᠎ ᠤ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠢᠨᠢᠩ ᠲᠣᠭᠤᠷᠢᠭ ᠤᠨ ᠳᠠᠷᠤᠭ᠎ᠠ ᠹᠦ᠋ ᠬᠠᠢ ᠴᠢᠩ ᠠᠷᠪᠠᠨ ᠲᠠᠪᠣᠳᠣᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠬᠤᠶᠠᠳᠤᠭᠠᠷ ᠣᠳᠠᠭᠠᠨ ᠤ ᠪᠠᠶᠢᠩᠭᠤ ᠶᠢᠨ ᠶᠠᠪᠤᠳᠠᠯ ᠤᠨ ᠬᠤᠷᠠᠯ ᠢ  ᠡᠷᠬᠢᠯᠡᠨ ᠶᠠᠪᠤᠭᠳᠠᠭᠤᠯᠵᠤ᠂ ᠠᠶᠤᠯᠬᠦᠢ ᠦᠢᠯᠡᠳᠪᠦᠷᠢᠯᠡᠯ ᠤᠨ ᠠᠵᠢᠯ ᠤᠨ ᠲᠤᠬᠠᠢ ᠰᠤᠳᠤᠯᠤᠨ ᠶᠠᠷᠢᠯᠴᠠᠵᠤ ᠪᠠᠶᠢᠷᠢᠯᠠᠭᠤᠯᠤᠯᠲᠠ ᠬᠢᠪᠡ᠃      ᠬᠤᠷᠠᠯ ᠳᠤ ᠵᠢᠭᠠᠭᠰᠠᠨ ᠨᠢ  ᠂ ᠡᠯ᠎ᠡ  ᠪᠠᠶᠢᠭᠤᠯᠣᠯᠭ᠎ᠠ ᠰᠠᠯᠠᠭ᠎ᠠ ᠮᠦᠴᠢᠷ ᠡᠷᠬᠡᠪᠰᠢ ᠴᠠᠭ ᠢᠮᠠᠭᠲᠠ ᠠᠶᠤᠯᠬᠦᠢ ᠦᠢᠯᠡᠳᠪᠦᠷᠢᠯᠡᠯ ᠳᠤ ᠠᠩᠬᠠᠷᠤᠯ ᠢᠶᠠᠨ ᠲᠠᠯᠪᠢᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠶᠤᠯᠬᠦᠢ ᠦᠢᠯᠡᠳᠪᠦᠷᠢᠯᠡᠯ ᠤᠨ ᠠᠵᠢᠯ ᠤᠨ ᠲᠤᠬᠠᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠪᠠᠶᠢᠷᠢᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠣᠮᠳᠠᠳᠦ ᠣᠯᠣᠰ ᠤᠨ ᠣᠨᠴᠠᠯᠢᠭᠲᠣ ᠨᠡᠶᠢᠭᠡᠮ ᠵᠢᠷᠣᠮᠲᠣ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠠᠮᠣᠷ ᠲᠦᠪᠰᠢᠨ ᠬᠦᠭᠵᠢᠯᠳᠡ ᠶᠢᠨ ᠵᠠᠷᠴᠢᠮ ᠢ ᠪᠠᠲᠤᠲᠠᠢ ᠪᠣᠢ ᠪᠣᠯᠭᠠᠨ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭ᠎ᠠ ᠠᠳᠬᠤᠵᠤ᠂ ᠪᠦᠬᠦ ᠲᠣᠭᠤᠷᠢᠭ ᠤᠨ ᠠᠵᠣ ᠠᠬᠤᠢ ᠨᠡᠶᠢᠭᠡᠮ ᠤᠨ ᠦᠷᠭᠦᠯᠵᠢᠯᠡᠭᠦᠶᠢᠴᠡ ᠡᠷᠡᠭᠦᠯ ᠬᠦᠭᠵᠢᠯᠲᠡ ᠶᠢ ᠠᠬᠢᠭᠤᠯᠣᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠢᠯᠠᠯᠲᠠ ᠶᠢ ᠣᠯᠬᠤ ᠳᠤ ᠠᠶᠤᠯᠬᠦᠢ ᠦᠢᠯᠡᠳᠪᠦᠷᠢᠯᠡᠯ ᠤᠨ ᠰᠢᠯᠢᠳᠡᠭ ᠣᠷᠴᠢᠨ ᠢ ᠪᠣᠢ ᠪᠣᠯᠭᠠᠬᠤ ᠬᠡᠷᠡᠭᠲᠡᠢ ᠭᠡᠵᠠᠢ᠃      ᠬᠤᠷᠠᠯ ᠳᠤ ᠴᠢᠬᠤᠯᠠᠴᠢᠯᠠᠭᠰᠠᠨ ᠨᠢ᠂ ᠡᠯ᠎ᠡ ᠪᠠᠶᠢᠭᠤᠯᠣᠯᠭ᠎ᠠ ᠰᠠᠯᠠᠭ᠎ᠠ ᠮᠦᠴᠢᠷ ᠡᠷᠬᠡᠪᠰᠢ ᠠᠶᠤᠯᠭᠦᠢ ᠦᠢᠯᠡᠳᠪᠦᠷᠢᠯᠡᠯ ᠤᠨ ᠴᠢᠬᠤᠯᠠ ᠴᠢᠨᠠᠷ ᠤᠨ ᠲᠤᠬᠠᠢ ᠣᠶᠢᠯᠠᠭᠠᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠳᠤ ᠪᠠᠨ ᠬᠢᠴᠢᠶᠡᠩᠭᠦᠢ ᠪᠠᠶᠢᠵᠣ᠂ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠪᠠ  ᠱᠠᠭᠠᠷᠲᠠᠯᠭ᠎ᠠ ᠲᠠᠢ ᠨᠢᠭᠲᠠ ᠤᠶᠤᠯᠳᠤᠭᠤᠯᠤᠨ᠂ ᠣᠷᠢᠳᠴᠢᠯᠠᠨ ᠲᠦᠯᠦᠪᠯᠡᠨ ᠡᠷᠲᠡ ᠪᠠᠶᠢᠷᠢᠯᠠᠭᠤᠯᠵᠤ᠂ ᠠᠶᠤᠯᠭᠦᠢ ᠦᠢᠯᠡᠳᠪᠦᠷᠢᠯᠡᠯ ᠤᠨ ᠴᠠᠭ ᠤᠨ ᠬᠤᠪᠢᠶᠠᠷᠢ᠂ ᠦᠢᠯᠡᠳᠪᠦᠷᠢᠯᠡᠯ ᠤᠨ ᠱᠣᠭᠤᠮ᠂  ᠬᠠᠷᠢᠭᠤᠴᠠᠯᠭ᠎ᠠ ᠶᠢᠨ ᠪᠢᠴᠢᠭ ᠢ ᠲᠣᠭᠲᠠᠭᠠᠵᠣ᠂ ᠡᠯ᠎ᠡ ᠲᠦᠷᠦᠯ ᠤᠨ ᠠᠵᠢᠯ ᠢᠶᠠᠨ ᠪᠤᠲᠠᠲᠠᠶᠢᠵᠢᠭᠤᠯᠬᠤ ᠶᠢ ᠠᠬᠢᠭᠤᠯᠵᠤ᠂ ᠬᠠᠷᠢᠯᠴᠠᠨ ᠬᠠᠪᠰᠣᠷᠣᠯᠴᠠᠨ᠂ ᠬᠠᠮᠲᠣᠷᠠᠨ ᠠᠵᠢᠯᠯᠠᠵᠣ᠂ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ  ᠲᠣᠣᠱᠯᠠᠭᠤᠯᠣᠨ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ  ᠠᠳᠡᠯ ᠭᠠᠷᠬᠤ ᠶᠢ ᠴᠢᠩᠭ᠎ᠠ ᠰᠡᠷᠭᠡᠶᠢᠯᠡᠨ᠂ ᠪᠦᠬᠦ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠲᠣᠭᠲᠠᠪᠣᠷᠢᠲᠠᠢ ᠬᠦᠭᠵᠢᠯᠲᠡ ᠶᠢ ᠪᠠᠲᠣᠯᠠᠬᠤ ᠬᠡᠷᠡᠭᠲᠡᠢ ᠭᠡᠵᠠᠢ᠃                                                                             ︵ᠤᠷᠴᠢᠭᠤᠯᠤᠭᠴᠢ᠄ ᠡᠷᠬᠢᠮᠪᠠᠶᠠᠷ︶
 
ᠢᠷᠡᠯᠲᠡ᠄ ᠵᠢᠨᠢᠩ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2