2017 ᠣᠨ ᠤ ᠵᠢᠨᠢᠩ ᠲᠣᠭᠤᠷᠢᠭ  ᠤᠨ ᠵᠠᠰᠠᠭ ᠤᠨ ᠣᠷᠲᠣᠨ ᠤ ᠠᠵᠢᠯ ᠤᠨ ᠮᠡᠲᠡᠭᠦᠯᠥᠯᠲᠡ
ᠨᠡᠶᠢᠲᠡᠯᠡᠭᠰᠡᠨ ᠴᠠᠭ᠄
2018/5/22
——2017 ᠣᠨ ᠤ 12 ᠰᠠᠷ᠎ᠠ ᠶᠢᠨ 6᠎ ᠤ ᠡᠲᠥᠷ ᠵᠢᠨᠢᠩ ᠲᠣᠭᠤᠷᠢᠭ ᠤᠨ ᠠᠷᠪᠠᠨ ᠲᠠᠪᠣᠲᠣᠭᠠᠷ ᠬᠤᠭᠤᠴᠠᠭᠠᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ  ᠨᠢᠬᠡᠲᠣᠭᠡᠷ ᠣᠲᠠᠭᠠᠨ ᠤ  ᠬᠤᠷᠠᠯᠲᠣᠭᠠᠨ ᠲᠡᠬᠡᠷ᠎ᠡ                                                          ᠹᠦ᠋ ᠬᠠᠢ ᠴᠢᠩ     ᠲᠥᠯᠥᠬᠡᠯᠡᠭᠴᠢᠳ ᠡ᠄    ᠣᠲᠣ ᠪᠢ ᠠᠷᠠᠳ ᠤᠨ ᠵᠠᠰᠠᠭ ᠤᠨ ᠤᠷᠲᠤᠨ ᠢ ᠲᠥᠯᠥᠬᠡᠯᠡᠵᠤ ᠶᠡᠭᠡ ᠬᠤᠷᠠᠯ ᠳᠤ ᠠᠵᠢᠯ ᠢᠶᠠᠨ ᠮᠡᠲᠡᠬᠦᠯᠥᠶ᠎ᠡ᠂ ᠬᠢᠨᠠᠨ ᠵᠥᠪᠯᠡᠬᠦ ᠪᠤᠯᠪᠠᠤ᠂ ᠡᠬᠦᠨ ᠤ ᠬᠠᠮᠲᠣ ᠣᠯᠣᠰ ᠲᠥᠷᠥ ᠶᠢᠨ ᠵᠥᠪᠯᠡᠯᠬᠡᠨ ᠤ ᠬᠡᠰᠢᠬᠦᠳ ᠵᠢᠴᠢ ᠬᠤᠷᠠᠯᠲᠣᠭᠠᠨ ᠳᠤ ᠣᠷᠣᠯᠴᠠᠭᠰᠠᠨ ᠨᠥᠬᠦᠳ ᠨᠠᠷ ᠰᠠᠨᠠᠭᠤᠯᠭ᠎ᠠ ᠲᠣᠷᠠᠲᠣᠭᠠᠷᠠᠢ᠃     ᠨᠢᠬᠡ᠂ ᠥᠩᠬᠡᠷᠡᠭᠰᠡᠨ ᠲᠠᠪᠣᠨ ᠵᠢᠯ ᠤᠨ ᠠᠵᠢᠯ ᠤᠨ ᠡᠷᠬᠢᠴᠠᠬᠦᠯᠥᠯ    ᠲᠣᠭᠤᠷᠢᠭ ᠤᠨ ᠠᠷᠪᠠᠨ ᠲᠥᠷᠪᠡᠲᠥᠭᠡᠷ ᠬᠤᠭᠤᠴᠠᠭᠠᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠨᠢᠬᠡᠲᠥᠬᠡᠷ ᠣᠲᠠᠭᠠᠨ ᠤ ᠬᠤᠷᠠᠯᠲᠣᠭᠠᠨ ᠠᠴᠠ ᠨᠠᠭᠠᠰᠢᠬᠢ ᠲᠠᠪᠣᠨ ᠵᠢᠯ ᠪᠣᠯ ᠵᠢᠨᠢᠩ ᠤᠨ ᠬᠥᠭᠵᠢᠯᠲᠡ ᠶᠢᠨ ᠶᠠᠪᠣᠴᠠ ᠎ ᠳᠠᠬᠢ ᠵᠢᠷ ᠤᠨ ᠪᠣᠰᠤ ᠲᠠᠪᠣᠨ ᠵᠢᠯ ᠪᠣᠯᠣᠨ᠎ᠠ᠃ ᠡᠨᠡ ᠲᠠᠪᠣᠨ ᠵᠢᠯ ᠳᠤ᠂ ᠠᠷᠪᠠᠨ ᠨᠠᠢᠮᠠᠳᠤᠭᠠᠷ ᠶᠡᠭᠡ ᠬᠤᠷᠠᠯ ᠤᠨ ᠥᠵᠡᠯ ᠰᠠᠨᠠᠭᠠᠨ ᠤ ᠵᠢᠯᠣᠭᠤᠲᠣᠯᠭ᠎ᠠ ᠲᠤᠤᠷ᠎ᠠ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠲᠣᠨ ᠵᠢᠴᠢ ᠲᠣᠭᠤᠷᠢᠭ ᠤᠨ ᠨᠠᠮ ᠤᠨ ᠬᠤᠷᠢᠶᠠᠨ ᠤ ᠵᠦᠪ ᠤᠨᠤᠪᠴᠢᠲᠠᠢ ᠤᠲᠤᠷᠢᠲᠣᠯᠭ᠎ᠠ ᠲᠣᠣᠷ᠎ᠠ᠂ ᠲᠣᠭᠤᠷᠢᠭ ᠤᠨ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠵᠢᠴᠢ ᠤᠯᠤᠰ ᠲᠥᠷᠥ ᠶᠢᠨ ᠵᠥᠪᠯᠡᠯᠬᠡᠨ ᠤ ᠬᠢᠨᠠᠯᠲᠠ ᠪᠠ ᠬᠠᠪᠰᠣᠷᠣᠮᠵᠢ ᠶᠢᠨ ᠲᠣᠣᠷ᠎ᠠ᠂ ᠲᠣᠭᠤᠷᠢᠭ ᠤᠨ ᠵᠠᠰᠠᠭ ᠤᠨ ᠣᠷᠲᠣᠨ ᠪᠥᠬᠦ ᠲᠣᠭᠤᠷᠢᠭ ᠤᠨ ᠡᠯ᠎ᠡ ᠥᠨᠲᠥᠰᠥᠲᠡᠨ ᠤ ᠠᠷᠠᠳ ᠲᠥᠮᠡᠨ ᠢ ᠪᠦᠯᠬᠦᠮᠳᠡᠭᠦᠯᠦᠨ᠂ ᠤᠲᠤᠷᠢᠳᠴᠤ᠂ ︽ᠲᠠᠪᠤ ᠶᠢ ᠨᠢᠬᠡ ᠴᠣᠭᠴᠠᠵᠢᠭᠤᠯᠬᠤ︾᠎  ᠶᠡᠷᠤᠩᠬᠡᠢ ᠲᠥᠰᠥᠪ ᠢ ᠨᠢᠬᠡᠲᠥᠯᠲᠠᠢ ᠲᠥᠯᠥᠪᠯᠡᠨ ᠠᠬᠢᠭᠤᠯᠵᠣ᠂ ︽ᠲᠥᠷᠪᠡᠨ ᠪᠥᠬᠦ ᠲᠠᠯ᠎ᠠ︾᠎ ᠎ ᠶᠢᠨ ᠪᠠᠶᠢᠯᠲᠣᠬᠤ ᠪᠣᠲᠣᠯᠭ᠎ᠠ ᠶᠢᠨ ᠪᠠᠶᠢᠷᠢᠭᠤᠯᠣᠯᠲᠠ ᠶᠢ ᠵᠣᠬᠢᠴᠠᠩᠭᠤᠢ ᠠᠬᠢᠭᠤᠯᠵᠣ᠂ ︽ᠲᠠᠪᠣᠨ ᠶᠡᠭᠡ︾  ᠬᠥᠭᠵᠢᠯᠲᠡ ᠶᠢᠨ  ᠪᠣᠲᠣᠯᠭ᠎ᠠ ᠶᠢ ᠬᠢᠨᠠᠮᠠᠭᠠᠢ ᠥᠢᠯᠡᠲᠥᠯᠬᠡᠵᠢᠬᠦᠯᠥᠨ᠂ ︽ᠲᠠᠪᠣᠨ ᠬᠤᠲᠠ ᠶᠢ ᠬᠠᠮᠲᠣᠪᠡᠷ ᠪᠠᠶᠢᠭᠤᠯᠬᠤ︾᠎ ᠶᠢ ᠪᠠᠷᠢᠮᠲᠠᠯᠠᠵᠣ᠂ ︽ᠬᠤᠶᠠᠷ ᠲᠥᠪ︾᠎ ᠢ ᠬᠠᠮᠲᠣᠪᠡᠷ ᠪᠥᠲᠥᠬᠡᠵᠣ᠂ ︽ᠲᠥᠷᠪᠡᠨ ᠰᠠᠭᠤᠷᠢᠨ ᠭᠠᠵᠠᠷ︾᠎ ᠢ ᠬᠠᠮᠲᠣᠪᠡᠷ ᠪᠠᠶᠢᠭᠤᠯᠵᠤ᠂ ᠬᠥᠭᠵᠢᠯᠲᠡ ᠶᠢᠨ ᠰᠡᠳᠬᠢᠬᠦᠢ ᠪᠠᠨ ᠰᠢᠨᠡᠳᠬᠡᠨ᠂ ᠠᠵᠢᠯ ᠤᠨ ᠠᠷᠭ᠎ᠠ ᠪᠠᠷᠢᠯ ᠢᠶᠠᠨ ᠲᠡᠬᠦᠯᠲᠡᠷᠵᠢᠬᠦᠯᠵᠤ ᠂ ᠯᠠᠪᠲᠠᠭᠤᠨ ᠬᠥᠭᠵᠢᠵᠥ ᠪᠠᠲᠣᠲᠠᠢ ᠠᠵᠢᠯᠯᠠᠵᠣ᠂ ᠲᠣᠭᠤᠷᠢᠭ ᠤᠨ ᠠᠷᠪᠠᠨ ᠲᠥᠷᠪᠡᠲᠥᠬᠡᠷ ᠬᠤᠭᠤᠴᠠᠭᠠᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ  ᠲᠣᠭᠲᠠᠭᠠᠭᠰᠠᠨ ᠡᠬᠦᠷᠬᠡ ᠬᠠᠷᠠᠯᠲᠠ ᠪᠠᠨ ᠠᠮᠵᠢᠯᠲᠠᠲᠠᠢ ᠬᠥᠢᠴᠡᠳᠬᠡᠪᠡ᠃ ︽ᠠᠷᠪᠡᠨ ᠬᠤᠶᠠᠲᠣᠭᠠᠷ ᠲᠠᠪᠣᠨ ᠵᠢᠯ︾᠎ ᠤᠨ ᠲᠥᠯᠥᠪᠵᠢᠬᠦᠯᠬᠡ ᠪᠠᠨ ᠴᠠᠭ ᠲᠣᠬᠠᠢ ᠳᠤᠨᠢ ᠪᠡᠶᠡᠯᠡᠬᠦᠯᠵᠤ᠂ ︽ᠠᠷᠪᠠᠨ ᠭᠤᠷᠪᠠᠲᠣᠭᠠᠷ ᠲᠠᠪᠣᠨ ᠵᠢᠯ︾ ᠎ ᠤᠨ ᠲᠥᠯᠥᠪᠵᠢᠬᠦᠯᠬᠡ ᠪᠠᠨ ᠤᠷᠤᠭᠰᠢᠲᠠᠢ ᠪᠣᠲᠠᠲᠠᠶᠢᠵᠢᠭᠤᠯᠪᠠ  ᠃ ᠲᠠᠪᠣᠨ ᠵᠢᠯ ᠤᠨ ᠲᠣᠷᠰᠢᠲᠠ ᠪᠥᠬᠦ ᠲᠠᠯ᠎ᠠ ᠪᠠᠷ ᠭᠦᠨᠵᠡᠭᠡᠢ ᠶᠡᠭᠡ ᠠᠮᠵᠢᠯᠲᠠ ᠤᠯᠤᠭᠰᠠᠨ ᠪᠠᠶᠢᠨ᠎ᠠ᠃ ᠡᠯ᠎ᠡ ᠲᠦᠷᠦᠯ ᠠᠵᠢᠯ ᠤᠶᠢᠯᠡᠰ ᠤᠨ ᠤᠷᠤᠭᠤᠯᠤᠯᠳᠠ ᠪᠠ ᠣᠯᠣᠭᠰᠠᠨ ᠠᠮᠵᠢᠯᠲᠠ ᠥᠩᠬᠡᠷᠡᠭᠰᠡᠨ ᠡᠯ᠎ᠡ ᠴᠠᠭ ᠥᠶ᠎ᠡ ᠠᠴᠠ ᠲᠠᠪᠠᠵᠣ  ᠂ ᠠᠵᠣ ᠠᠬᠤᠢ ᠨᠡᠶᠢᠬᠡᠮ ᠤᠨ ᠬᠥᠭᠵᠢᠯᠲᠡ ᠶᠢᠨ ᠰᠢᠨ᠎ᠡ ᠲᠥᠯᠥᠪ ᠪᠠᠶᠢᠲᠠᠯ ᠢ ᠪᠥᠬᠦ ᠲᠠᠯ᠎ᠠ ᠪᠠᠷ ᠪᠥᠲᠥᠬᠡᠭᠰᠡᠨ ᠪᠠᠶᠢᠨ᠎ᠠ᠃     ᠲᠠᠪᠣᠨ ᠵᠢᠯ ᠤᠨ ᠲᠣᠷᠰᠢ᠂  ᠪᠢᠲᠡ ᠰᠢᠨ᠎ᠡ ᠬᠥᠭᠵᠢᠯᠲᠡ ᠶᠢᠨ ᠵᠠᠷᠴᠢᠮ ᠢ ᠪᠠᠷᠢᠮᠲᠠᠯᠠᠵᠣ᠂ ᠬᠥᠴᠢᠷ ᠪᠡᠷᠬᠡᠰᠢᠶᠡᠯ ᠢ ᠲᠤᠭᠤᠯᠵᠤ᠂ ᠮᠡᠷᠡᠶᠢᠨ ᠴᠢᠷᠮᠠᠶᠢᠯᠭ᠎ᠠ ᠪᠠᠷ ᠲᠠᠮᠵᠢᠨ ᠠᠵᠣ ᠠᠬᠤᠢ ᠶᠢᠨ ᠬᠥᠭᠵᠢᠯᠲᠡ ᠶᠢᠨ ᠠᠰᠤᠷᠤ ᠶᠡᠭᠡ ᠠᠮᠵᠢᠯᠲᠠ ᠤᠯᠤᠭᠰᠠᠨ ᠪᠠᠶᠢᠨ᠎ᠠ᠃ ᠬᠠᠩᠭᠠᠯᠭ᠎ᠠ ᠶᠢᠨ ᠲᠠᠯ᠎ᠠ ᠶᠢᠨ ᠪᠥᠲᠥᠴᠠ ᠶᠢᠨ ᠴᠢᠨᠡᠷᠲᠡᠢ ᠥᠬᠡᠷᠡᠴᠢᠯᠡᠯᠲᠡ ᠪᠠᠷ ᠭᠤᠣᠯ ᠱᠣᠭᠤᠮ ᠢᠶᠠᠨ ᠪᠣᠯᠭᠠᠵᠣ᠂ ᠲᠡᠷᠢᠶᠠᠯᠠᠩ ᠮᠠᠯ ᠠᠵᠣ ᠠᠬᠤᠢ ᠶᠢᠨ ᠠᠵᠣ ᠥᠢᠯᠡᠰᠴᠢᠯᠡᠯᠲᠡ᠂ ᠰᠢᠨ᠎ᠡ ᠮᠠᠶ᠋ᠢᠭ ᠤᠨ ᠠᠵᠣ ᠥᠢᠯᠡᠳᠪᠥᠷᠢᠵᠢᠯᠡᠯᠲᠡ᠂ ᠣᠲᠣ ᠥᠶ᠎ᠡ ᠶᠢᠨ ᠥᠢᠯᠡᠴᠢᠯᠡᠯᠬᠡᠨ ᠤ ᠥᠢᠯᠡᠰ ᠵᠡᠷᠬᠡ ᠭᠤᠷᠪᠠ ᠶᠢᠨ ᠵᠣᠬᠢᠴᠠᠩᠭᠤᠢ ᠬᠥᠭᠵᠢᠯᠲᠡ ᠎ ᠶᠢ ᠨᠢᠬᠡᠲᠥᠯᠲᠠᠢ ᠲᠥᠯᠥᠪᠵᠢᠬᠦᠯᠥᠨ᠂  ᠭᠠᠲᠠᠭᠠᠲᠣ ᠨᠡᠬᠡᠬᠡᠯᠲᠡ ᠶᠢ ᠪᠥᠬᠦ ᠲᠠᠯ᠎ᠠ ᠪᠠᠷ ᠥᠷᠬᠡᠳᠬᠡᠨ᠂ ᠠᠵᠣ ᠠᠬᠤᠢ ᠶᠢᠨ ᠬᠥᠭᠵᠢᠯᠲᠡ᠂ ᠴᠢᠨᠠᠷ ᠴᠢᠨᠰᠠᠭ᠎ᠠ ᠪᠠ ᠬᠢᠷᠢ ᠪᠥᠲᠥᠮᠵᠢ ᠶᠢᠨ ᠲᠡᠬᠡᠭᠰᠢᠯᠡᠯᠲᠡ ᠵᠢᠴᠢ ᠲᠡᠰ ᠲᠠᠪᠰᠢᠯᠲᠠ ᠶᠢ ᠰᠢᠨᠲᠠᠷᠠᠰᠢ ᠥᠬᠡᠢ ᠲᠥᠯᠬᠢᠨ ᠠᠬᠢᠭᠤᠯᠪᠠ᠃ 2017 ᠣᠨ ᠳᠤ᠂ ᠭᠠᠵᠠᠷ ᠣᠷᠣᠨ ᠤ ᠥᠢᠯᠡᠳᠪᠥᠷᠢᠯᠡᠯ ᠤᠨ ᠶᠡᠷᠥᠩᠬᠡᠢ ᠥᠷᠲᠡᠭ 180 ᠳ᠋ᠥᠩᠰᠢᠭᠤᠷ  ᠲᠥᠬᠦᠷᠢᠭ ᠢ ᠪᠡᠶᠡᠯᠡᠬᠦᠯᠵᠣ᠂ ᠵᠢᠯ ᠪᠥᠷᠢ ᠳᠤ ᠲᠣᠮᠲᠠᠴᠢ ᠪᠠᠷ 7.4%᠎ ᠪᠠᠷ ᠨᠡᠮᠡᠭᠲᠡᠪᠡ᠂ ᠨᠡᠶᠢᠬᠡᠮ ᠤᠨ ᠬᠡᠷᠡᠭᠯᠡᠬᠡᠨ ᠤ ᠲᠠᠸᠠᠷ ᠤᠨ  ᠵᠢᠵᠢᠭᠯᠡᠨ  ᠪᠣᠷᠣᠯᠠᠭᠤᠯᠬᠤ ᠶᠡᠷᠥᠩᠬᠡᠢ ᠥᠷᠲᠡᠭ 91.7 ᠳ᠋ᠥᠩᠰᠢᠭᠤᠷ ᠲᠥᠬᠦᠷᠢᠭ ᠬᠥᠷᠴᠤ᠂ ᠵᠢᠯ ᠪᠥᠷᠢ ᠲᠣᠮᠲᠠᠴᠢ ᠎ ᠪᠠᠷ 10 %᠎ ᠪᠠᠷ ᠨᠡᠮᠡᠭᠲᠡᠬᠦᠯᠪᠡ  ᠃ ᠬᠤᠲᠠ ᠪᠠᠯᠭᠠᠰᠣᠨ ᠤ ᠰᠠᠭᠤᠭᠠᠯᠢ ᠠᠷᠠᠳ ᠤᠨ ᠬᠥᠮᠥᠨ ᠪᠥᠷᠢ ᠶᠢᠨ ᠡᠵᠡᠮᠰᠢᠵᠣ ᠪᠣᠯᠬᠤ ᠣᠷᠣᠯᠭ᠎ᠠ ᠨᠢ 30770 ᠲᠥᠬᠦᠷᠢᠭ ᠬᠥᠷᠴᠣ᠂ ᠵᠢᠯ ᠪᠥᠷᠢ ᠳᠤ ᠲᠣᠮᠲᠠᠴᠢ ᠪᠠᠷ8.3 %᠎ ᠪᠠᠷ  ᠨᠡᠮᠡᠭᠲᠡᠬᠦᠯᠪᠡ᠃ ᠲᠠᠷᠢᠶᠠᠴᠢᠳ ᠤᠨ ᠬᠥᠮᠥᠨ ᠪᠥᠷᠢ ᠶᠢᠨ ᠡᠵᠡᠮᠰᠢᠵᠣ ᠪᠣᠯᠬᠤ ᠣᠷᠣᠯᠭ᠎ᠠ ᠨᠢ14910 ᠲᠥᠬᠦᠷᠢᠭ ᠬᠥᠷᠴᠣ᠂ ᠵᠢᠯ ᠪᠥᠷᠢ 9.5 %᠎ ᠪᠠᠷ ᠥᠰᠪᠡ᠃ ᠲᠣᠭᠲᠠᠮᠠᠯ  ᠬᠥᠷᠥᠩᠬᠡ ᠶᠢᠨ  ᠪᠡᠯᠡ ᠤᠷᠤᠭᠤᠯᠤᠯᠳᠠ ᠨᠢ 647 ᠳ᠋ᠥᠩᠰᠢᠭᠤᠷ ᠲᠥᠬᠦᠷᠢᠭ ᠢ ᠪᠡᠶᠡᠯᠡᠬᠦᠯᠥᠨ᠂ ᠲᠡᠣᠬᠡᠨ ᠳᠠᠬᠢ ᠰᠢᠨ᠎ᠡ ᠪᠠᠶᠢᠲᠠᠯ ᠢ ᠡᠬᠦᠳᠪᠡ᠃  ᠶᠡᠷᠥᠲᠡ ᠶᠢᠨ ᠨᠡᠶᠢᠲᠡ ᠶᠢᠨ ᠣᠷᠢᠳᠴᠢᠯᠠᠨ ᠪᠤᠲᠤᠯᠲᠠ ᠶᠢᠨ ᠣᠷᠣᠯᠭ᠎ᠠ ᠨᠢ ᠨᠡᠶᠢᠲᠡ 75.1ᠳ᠋ᠥᠩᠰᠢᠭᠤᠷ ᠲᠥᠬᠦᠷᠢᠭ ᠢ ᠪᠡᠶᠡᠯᠡᠬᠦᠯᠵᠣ᠂ ᠲᠡᠭᠡᠷ᠎ᠡ ᠡᠬᠡᠯᠵᠢ ᠶᠢᠨ  ᠲᠠᠪᠣᠨ ᠵᠢᠯ ᠤᠨ ᠭᠤᠷᠪᠠᠨ ᠲᠠᠬᠢᠨ ᠪᠣᠯᠣᠨ᠎ᠠ᠃ ᠲᠣᠰᠬᠤᠨ ᠤ ᠠᠵᠣ ᠠᠬᠤᠢ ᠲᠣᠭᠲᠠᠪᠣᠷᠢᠲᠠᠢ ᠬᠥᠭᠵᠢᠪᠡ᠃ ᠥᠢᠯᠡᠰᠴᠢᠯᠡᠭᠰᠡᠨ  ᠲᠠᠷᠢᠶᠠᠯᠠᠩ ᠮᠠᠯ ᠠᠵᠣ ᠠᠬᠤᠢ ᠶᠢᠨ ᠤᠷᠤᠶᠢᠯᠠᠭᠴᠢ ᠠᠵᠣ ᠠᠬᠤᠶᠢᠯᠠᠯ 22 ᠡᠷᠥᠬᠡ ᠢ ᠤᠷᠢᠨ ᠠᠪᠴᠢᠷᠠᠵᠣ ᠪᠣᠵᠠᠭᠠᠶᠢᠷᠠᠭᠤᠯᠣᠨ᠂ ᠲᠠᠷᠢᠶᠠᠯᠠᠩ ᠮᠠᠯ ᠠᠵᠣ ᠠᠬᠤᠢ ᠶᠢᠨ ᠪᠥᠲᠥᠬᠡᠭᠲᠡᠭᠦᠨ ᠤ  ᠪᠣᠯᠪᠠᠰᠣᠷᠠᠭᠤᠯᠣᠯᠲᠠ ᠶᠢᠨ ᠨᠣᠷᠮ᠎ᠠ ᠨᠢ 53 % ᠬᠥᠷᠥᠭᠰᠡᠨ ᠪᠠᠶᠢᠨ᠎ᠠ᠃ ᠡᠯ᠎ᠡ ᠲᠥᠷᠥᠯ ᠤᠨ ᠲᠡᠷᠢᠶᠠᠴᠢᠳ ᠤᠨ ᠬᠠᠮᠲᠣᠷᠠᠭᠰᠠᠨ ᠲᠣᠰᠬᠠᠢ ᠬᠤᠷᠰᠢᠶᠠᠵᠢᠯ 152 ᠡᠷᠥᠬᠡ  ᠳᠤ ᠬᠥᠷᠴᠣ᠂ ᠮᠠᠯᠴᠢᠨ ᠲᠠᠷᠢᠶᠠᠴᠢᠨ ᠤ ᠠᠵᠣ ᠥᠢᠯᠡᠰᠴᠢᠯᠡᠯᠲᠡ ᠶᠢᠨ ᠡᠵᠡᠩᠨᠡᠯᠲᠠ ᠠᠴᠠ ᠤᠯᠤᠭᠰᠠᠨ ᠣᠷᠣᠯᠭ᠎ᠠ ᠨᠢ 40᠎ %᠎ ᠳᠤ ᠬᠥᠷᠪᠡ᠃   ᠲᠥᠮᠥᠰᠥ  ᠲᠠᠷᠢᠬᠤ ᠥᠢᠯᠡᠳᠪᠥᠷᠢᠯᠡᠯ  ᠤᠨ ᠬᠥᠴᠥᠨ ᠪᠥᠬᠦ ᠣᠯᠣᠰ ᠤᠨ ᠰᠢᠶᠠᠨ ᠤ ᠣᠷᠣᠨ ᠲᠡᠰ ‍ᠦᠨ‌ᠨᠢᠬᠡᠲᠥᠬᠡᠷ ᠪᠠᠶᠢᠷᠢ ᠎ ᠳᠤ ᠣᠷᠣᠪᠠ᠃  ︽ᠥᠵᠡᠰᠬᠦᠯᠡᠩᠲᠣ ᠰᠠᠶᠢᠬᠠᠨ ᠬᠥᠲᠡᠭᠡ ᠲᠣᠰᠬᠤᠨ︾᠎ ᠤ  ᠪᠥᠲᠥᠬᠡᠨ‌‍ᠪᠠᠶᠢᠭᠤᠯᠣᠯᠲᠠ ᠶᠢ  ᠪᠣᠲᠠᠲᠠᠶᠢᠵᠢᠭᠤᠯᠵᠣ᠂ ᠨᠢᠬᠡ ᠰᠢᠶᠠᠩ ᠨᠢᠬᠡ ᠪᠠᠯᠭᠠᠰᠣ 25  ᠵᠠᠰᠠᠭ ᠵᠠᠬᠢᠷᠭᠠᠨ ᠤ ᠲᠣᠰᠬᠤᠨ ᠵᠢᠴᠢ 116 ᠪᠠᠶᠢᠭᠠᠯᠢᠯᠢᠭ ᠲᠣᠰᠬᠤᠨ ᠤ ᠰᠠᠭᠤᠷᠢ ᠲᠥᠬᠦᠬᠡᠷᠥᠮᠵᠢ ᠶᠢᠨ ᠪᠥᠲᠥᠬᠡᠨ ᠪᠠᠶᠢᠭᠤᠯᠣᠯᠲᠠ ᠪᠠ ᠨᠡᠶᠢᠲᠡ ᠶᠢᠨ ᠥᠢᠯᠡᠴᠢᠯᠡᠯᠬᠡᠨ ᠤ ᠪᠠᠶᠢᠭᠤᠯᠣᠯᠲᠠ ᠶᠢᠨ  ᠢᠨᠵᠧᠨᠧᠷᠢᠩ ᠢᠶᠠᠨ   ᠪᠡᠶᠡᠯᠡᠬᠦᠯᠵᠣ᠂  ᠬᠥᠲᠡᠭᠡ ᠲᠣᠰᠬᠤᠨ ᠤ ᠦᠢᠯᠡᠳᠪᠦᠷᠢᠯᠡᠯ ᠠᠮᠢᠲᠣᠷᠠᠯ ᠤᠨ ᠨᠥᠬᠦᠴᠠᠯ ᠶᠡᠬᠡᠪᠡᠷ  ᠰᠠᠶᠢᠵᠢᠷᠠᠵᠣ᠂ ᠴᠤ᠋ ᠰᠢᠨ᠎ᠡ  ᠲᠥᠷᠰᠥ ᠪᠠᠶᠢᠲᠠᠯ ᠲᠠᠢ ᠪᠣᠯᠣᠭᠰᠠᠨ ᠪᠠᠶᠢᠨ᠎ᠠ᠃ ᠠᠵᠣ ᠥᠢᠯᠡᠳᠪᠥᠷᠢ ᠠᠵᠣ ᠠᠬᠤᠢ ᠳᠤᠭᠳᠠᠭᠤᠨ ᠤ ᠲᠣᠮᠲᠠ ᠣᠷᠣᠭᠰᠢᠯᠠᠪᠠ᠃ 2017 ᠣᠨ ᠳᠤ ᠬᠡᠪᠴᠢᠶ᠎ᠡ ᠠᠴᠠ ᠲᠡᠬᠡᠭᠰᠢ ᠠᠵᠣ ᠥᠢᠯᠡᠳᠪᠥᠷᠢ ᠶᠢᠨ ᠥᠢᠯᠡᠳᠪᠥᠷᠢᠯᠡᠯ ᠤᠨ ᠶᠡᠷᠥᠩᠬᠡᠢ ᠥᠷᠲᠡᠭ ᠨᠢ 123 ᠳ᠋ᠥᠩᠰᠢᠭᠤᠷ ᠲᠥᠬᠦᠷᠢᠭ ᠢ ᠪᠡᠶᠡᠯᠡᠬᠦᠯᠵᠣ᠂ ᠲᠠᠪᠣᠨ ᠵᠢᠯ ᠤᠨ ᠲᠣᠷᠰᠢ ᠠᠵᠣ ᠥᠢᠯᠡᠳᠪᠥᠷᠢ ᠶᠢᠨ ᠲᠣᠭᠲᠠᠮᠠᠯ ᠬᠥᠷᠥᠩᠬᠡ ᠶᠢᠨ ᠤᠷᠤᠭᠤᠯᠤᠯᠲᠠ 220 ᠳ᠋ᠥᠩᠰᠢᠭᠤᠷ ᠲᠥᠬᠦᠷᠢᠭ ᠬᠥᠷᠥᠭᠰᠡᠨ ᠪᠠᠶᠢᠨ᠎ᠠ᠃ ᠲᠠᠷᠢᠶᠠᠯᠠᠩ ᠮᠠᠯ ᠠᠵᠣ ᠠᠬᠤᠢ ᠶᠢᠨ ᠪᠥᠲᠥᠬᠡᠭᠲᠡᠬᠦᠨ ᠤ  ᠪᠣᠯᠪᠠᠰᠣᠷᠠᠭᠤᠯᠣᠯᠲᠠ ᠶᠢᠨ ᠥᠢᠯᠡᠰ ᠪᠠᠭ᠎ᠠ ᠠᠴᠠ ᠶᠡᠭᠡ ᠲᠠᠶᠢᠰᠢ᠂ ᠲᠡᠬᠡᠲᠤ ᠲᠡᠰ ᠤᠨ ᠨᠡᠷᠡᠲᠥ ᠲᠡᠮᠲᠡᠭ ᠵᠥᠭ ᠲᠠᠪᠰᠢᠨ ᠣᠷᠣᠯ᠎ᠠ᠃  ᠴᠢᠦ ᠱᠢ ᠴᠠᠪᠠᠣᠯᠢᠭ ᠣᠭᠤᠷᠠᠭ᠂ ᠳ᠋ᠦᠩ ᠯᠠᠢ ᠱᠥᠨ ᠮᠢᠬ᠎ᠠ  ᠪᠣᠯᠪᠠᠰᠣᠷᠠᠭᠤᠯᠬᠤ ᠲᠥᠷᠥᠯ ᠵᠥᠢᠯ ᠣᠲᠠᠯ ᠥᠬᠡᠢ ᠪᠠᠶᠢᠭᠤᠯᠣᠭᠲᠠᠨ ᠥᠢᠯᠡᠳᠪᠥᠷᠢᠯᠡᠯ ᠢᠶᠠᠨ ᠡᠬᠢᠯᠡᠬᠦᠯᠬᠦ ᠪᠣᠯᠣᠨ᠎ᠠ᠃ ᠴᠠᠰᠣᠲᠣ ᠲᠠᠯ᠎ᠠ ᠰᠥᠨ ᠤ ᠥᠢᠯᠡᠳᠪᠥᠷᠢ ᠶᠢᠨ ᠰᠢᠩᠬᠡᠨ ᠰᠥ  ᠪᠡᠬᠡᠵᠢᠩ ᠲᠢᠶᠠᠨᠵᠢᠨ ᠾᠸᠪᠧᠢ ᠵᠢᠴᠢ ᠣᠯᠣᠰ ᠤᠨ ᠣᠯᠠᠨ ᠠᠷᠪᠢᠨ ᠨᠢᠬᠡᠲᠥᠬᠡᠷ ᠬᠤᠶᠠᠲᠣᠭᠠᠷ ᠱᠣᠭᠤᠮ ᠤᠨ ᠶᠡᠭᠡ ᠬᠤᠲᠠ ᠪᠠᠷ ᠪᠣᠷᠣᠯᠠᠭᠤᠯᠣᠭᠲᠠᠵᠣ ᠪᠠᠶᠢᠨ᠎ᠠ᠃ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠣ ᠥᠢᠯᠡᠰ ᠠᠯᠭᠤᠷ ᠬᠥᠴᠥᠷᠬᠡᠭᠵᠢᠵᠥ  ᠂ ᠠᠩᠬ᠎ᠠ  ᠠᠯᠬᠤᠮ ᠤᠨ ᠬᠡᠪᠴᠢᠶ᠎ᠡ ᠲᠠᠢ ᠪᠣᠯᠪᠠ᠃ ᠪᠡᠬᠡᠵᠢᠩ  ᠵᠢᠨᠢᠩ  ᠴᠠᠬᠢᠯᠭᠠᠨ ᠢᠯᠴᠢ ᠬᠠᠮᠲᠣᠷᠠᠨ ᠥᠢᠯᠡᠳᠬᠦ ᠲᠥᠷᠥᠯ ᠵᠥᠢᠯ ᠰᠥᠯᠵᠢᠶ᠎ᠡ ᠬᠠᠮᠲᠣᠷᠠᠨ ᠴᠠᠬᠢᠯᠭᠠᠨ ᠬᠠᠩᠭᠠᠵᠣ᠂ ᠰᠠᠨ ᠰᠢᠨ ᠪᠣᠲᠠᠲᠣ ᠥᠢᠯᠡᠰ᠂ ᠬᠠᠢ ᠯᠢ ᠡᠯᠧᠺᠲᠷᠣᠨ ᠵᠡᠷᠬᠡ ᠰᠢᠯᠭᠠᠷᠠᠭᠰᠠᠨ ᠠᠵᠣ ᠠᠬᠤᠶᠢᠯᠠᠯ ᠤᠨ ᠬᠥᠭᠵᠢᠯᠲᠡ ᠶᠢᠨ ᠬᠠᠨᠲᠣᠰᠢ ᠨᠢ ᠨᠡᠯᠢᠶᠡᠳ ᠰᠠᠶᠢᠨ ᠪᠠᠶᠢᠨ᠎ᠠ᠃ ᠳ᠋ᠦᠩ ᠶᠠᠩ ᠭᠤᠸᠠᠩ ᠥᠨᠲᠥᠷ ᠳᠠᠷᠤᠯᠲᠠᠲᠤ ᠢᠯᠲᠡᠰᠥ᠂ ᠵᠦᠩ ᠵᠢᠦᠢ ᠯᠢᠲ᠋ᠢ ᠶᠢᠨ ᠳ᠋ᠢᠶᠠᠨ ‍ᠥᠥᠢ ᠵᠡᠷᠬᠡ ᠲᠥᠷᠥᠯ ᠵᠥᠢᠯ ᠢ ᠭᠠᠷᠲᠠᠨ ᠪᠠᠶᠢᠭᠤᠯᠵᠣ ᠡᠬᠢᠯᠡᠪᠡ᠃ ᠶᠡᠭᠡ ᠳ᠋ᠸᠶᠢᠲᠨ ᠶᠢᠨ ᠠᠵᠣ ᠥᠢᠯᠡᠰ ᠠᠯᠭᠤᠷ  ᠪᠠᠶᠢᠭᠤᠯᠣᠭᠲᠠᠨ ᠥᠳᠲᠥᠷ ᠲᠥᠷᠬᠡᠨ ᠬᠥᠭᠵᠢᠪᠡ᠃  ᠬᠤᠸᠠ ᠸᠧᠢ ᠡᠬᠦᠯᠡᠨ ᠳ᠋ᠸᠶᠢᠲᠨ ᠶᠢᠨ ᠲᠥᠪ ᠠᠵᠢᠯᠯᠠᠵᠣ ᠡᠬᠢᠯᠡᠪᠡ᠂ ᠵᠢᠨᠢᠩ —— ᠪᠡᠬᠡᠵᠢᠩ ᠬᠤᠭᠤᠷᠣᠨᠲᠣ ᠰᠢᠭᠤᠳ ᠨᠡᠪᠲᠡᠷᠡᠭᠦ ᠬᠡᠷᠡᠯ ᠲᠠᠲᠠᠯᠭ᠎ᠠ ᠶᠢ ᠲᠡᠪᠢᠰᠴᠣ ᠲᠠᠭᠤᠰᠪᠠ᠃ ᠷᠤᠸᠠᠨ ᠲᠥᠩ ᠬᠥᠲᠡᠯᠬᠡᠬᠦ ᠬᠥᠴᠥᠨ᠂  ᠠᠶᠢᠫᠥᠣ᠋ ᠵᠡᠷᠬᠡ ᠭᠠᠲᠠᠭᠠᠲᠣ ᠲᠣᠲᠣᠭᠠᠲᠣ ᠳᠤ ᠨᠡᠷᠡᠲᠠᠢ ᠠᠵᠣ ᠠᠬᠤᠶᠢᠯᠠᠯ ᠨᠤᠭᠤᠳ ᠲᠠᠷᠠᠭᠠᠯᠠᠨ ᠰᠠᠭᠤᠷᠢᠰᠢᠵᠣ᠂ ᠬᠤᠸᠠ ᠲᠠᠨᠩ᠂ ᠬᠤᠩ ᠯᠢᠶᠠᠨ ᠵᠢᠦ ᠦ᠋ ᠵᠡᠷᠬᠡ ᠲᠠᠭᠤᠲᠠᠯᠭ᠎ᠠ ᠶᠢᠨ ᠲᠥᠪ ᠤᠨ ᠭᠠᠳᠠᠭᠰᠢ  ᠳᠠᠭᠠᠭᠠᠴᠢᠯᠠᠭᠤᠯᠤᠭᠰᠠᠨ ᠰᠠᠭᠤᠲᠠᠯ ᠨᠢ 5000 ᠣᠷᠣ ᠬᠥᠷᠴᠣ᠂ ᠣᠮᠠᠷᠠᠲᠣ ᠣᠷᠣᠨ ᠤ ᠲᠣᠮᠣ ᠳ᠋ᠸᠶᠢᠲᠨ ᠶᠢᠨ ᠲᠥᠪ ᠢ ᠪᠠᠶᠢᠭᠤᠯᠬᠤ ᠳᠤ ᠪᠠᠲᠣ ᠪᠠᠬᠢ ᠰᠠᠭᠤᠷᠢ ᠲᠠᠯᠪᠢᠭᠰᠠᠨ ᠪᠠᠶᠢᠨ᠎ᠠ᠃ ᠤᠲᠤ ᠥᠶ᠎ᠡ ᠶᠢᠨ ᠥᠢᠯᠡᠴᠢᠯᠡᠯᠬᠡᠨ ᠤ ᠥᠢᠯᠡᠰ ᠥᠳᠲᠥᠷ ᠲᠥᠷᠬᠡᠨ ᠬᠥᠭᠵᠢᠪᠡ᠃ ᠭᠠᠵᠠᠷ ᠤᠷᠤᠨ ᠤ ᠴᠢᠨᠠᠷᠲᠠᠢ ᠠᠷᠠᠯᠵᠢᠶ᠎ᠠ ᠬᠤᠳᠠᠯᠳᠤᠭᠠᠨ ᠤ ᠪᠣᠲᠠᠰ ᠤᠨ ᠬᠥᠢᠯᠬᠡᠬᠡᠨ ᠤ ᠲᠥᠪ ᠤᠨ ᠪᠠᠶᠢᠭᠤᠯᠣᠯᠲᠠ  ᠶᠢ ᠬᠥᠴᠥᠲᠠᠢ ᠠᠬᠢᠭᠤᠯᠵᠣ᠂ ᠵᠢᠨᠢᠩ ᠤᠨ ᠣᠲᠣ ᠥᠶ᠎ᠡ ᠶᠢᠨ ᠪᠣᠲᠠᠰ ᠤᠨ ᠬᠥᠢᠯᠬᠡᠬᠡᠨ ᠤ ᠬᠥᠷᠢᠶᠡᠯᠡᠩ ᠤᠨ ᠶᠡᠷᠥᠩᠬᠡᠢ ᠪᠡᠯᠡ ᠣᠷᠣᠭᠤᠯᠣᠯᠲᠠ 68 ᠳ᠋ᠥᠩᠰᠢᠭᠤᠷ ᠲᠥᠬᠦᠷᠢᠭ ᠢ ᠪᠡᠶᠡᠯᠡᠬᠦᠯᠵᠣ᠂ ᠪᠥᠬᠦ ᠣᠯᠣᠰ ᠤᠨ ᠰᠢᠯᠢᠲᠡᠭ ᠪᠣᠲᠠᠰ ᠤᠨ ᠬᠥᠢᠯᠬᠡᠬᠡᠨ ᠤ ᠬᠥᠷᠢᠶᠡᠯᠡᠩ ᠢᠶᠠᠷ ᠰᠣᠩᠭᠤᠭᠲᠠᠪᠠ᠃ ᠵᠢᠨᠢᠩ ᠤᠨ ᠠᠷᠠᠰᠣ ᠰᠢᠷᠢ ᠎ ᠶᠢᠨ ᠬᠤᠲᠠ ᠶᠢ ᠪᠠᠶᠢᠭᠤᠯᠣᠨ᠂ ᠠᠷᠠᠰᠣ ᠰᠢᠷᠢ ᠶᠢᠨ ᠠᠵᠣ ᠥᠢᠯᠡᠰ ᠢ  ᠪᠣᠵᠠᠭᠠᠶᠢᠷᠠᠭᠤᠯᠵᠣ᠂ ︽ᠲᠠᠯ᠎ᠠ ᠨᠣᠲᠤᠭ ᠤᠨ ᠠᠷᠠᠰᠣ ᠰᠢᠷᠢ ᠶᠢᠨ ᠬᠤᠲᠠ︾᠎ ᠶᠢᠨ ᠨᠡᠷᠡᠲᠥ ᠲᠡᠮᠲᠡᠭ ᠢ ᠤᠯᠭᠤᠪᠠ᠃ ᠡᠬᠦᠨ ᠤ ᠲᠠᠭᠠᠣ᠂ ︽ᠥᠪᠡᠷᠲᠡᠬᠡᠨ ᠵᠠᠰᠠᠬᠤ ᠣᠷᠣᠨ ᠤ ᠲᠣᠰᠬᠠᠢ ᠠᠷᠠᠯᠵᠢᠶᠠᠨ ᠤ ᠲᠠᠯᠠᠪᠣᠷ ᠤᠨ ᠤᠶᠤᠨ ᠤ ᠥᠮᠴᠢ ᠶᠢᠨ ᠭᠤᠣᠯᠲᠠᠯᠭᠠᠲᠣ ᠬᠠᠮᠠᠭᠠᠯᠠᠭᠰᠠᠨ ᠨᠢᠬᠡᠴᠡ︾᠂ ᠲᠠᠪᠣᠨ ᠤᠲᠤᠲᠤ ᠲᠣᠰᠬᠠᠢ ᠠᠷᠠᠯᠵᠢᠶᠠᠨ ᠤ ᠲᠠᠯᠠᠪᠠᠢ᠂ ᠣᠯᠣᠰ ᠤᠨ 4A ᠲᠡᠰ ᠤᠨ ᠵᠢᠭᠤᠯᠴᠢᠯᠠᠯ ᠤᠨ ᠭᠠᠵᠠᠷ ᠢᠶᠠᠷ ᠥᠨᠡᠯᠡᠭᠲᠡᠪᠡ᠃ ᠥᠪᠥᠷ ᠮᠣᠩᠭᠤᠯ ᠤᠨ ᠰᠢᠣᠲᠠᠨ ᠤ ᠡᠯᠧᠺᠲᠷᠣᠨ ᠠᠵᠣ ᠥᠢᠯᠡᠳᠪᠥᠷᠢ ᠶᠢᠨ ᠪᠣᠣᠬᠢᠶ᠎ᠠ ᠥᠢᠯᠡᠰ ᠤᠨ ᠬᠥᠷᠢᠶᠡᠯᠡᠩ᠂ ᠲᠠᠯ᠎ᠠ ᠨᠣᠲᠤᠭ ᠤᠨ ᠲᠣᠷᠭᠠᠨ ᠵᠠᠮ ᠥᠵᠡᠬᠦᠯᠥᠯᠬᠡ ᠠᠷᠠᠯᠵᠢᠶᠠᠨ ᠤ  ᠲᠥᠪ ᠢ ᠪᠠᠶᠢᠭᠤᠯᠵᠣ  ᠠᠵᠢᠯ ᠢᠶᠠᠨ ᠡᠬᠢᠯᠡᠬᠦᠯᠪᠡ᠃ ᠥᠪᠡᠷᠲᠡᠬᠡᠨ ᠵᠠᠰᠠᠬᠤ ᠣᠷᠣᠨ ᠤ ᠠᠩᠬᠠᠲᠠᠭᠴᠢ ᠲᠢᠶᠠᠨᠵᠢᠨ ᠤ ᠥᠪᠡᠷᠲᠡᠬᠡᠨ ᠠᠷᠠᠯᠵᠢᠶᠠᠯᠠᠬᠤ ᠣᠷᠣᠨ ᠤ ᠵᠠᠬᠦᠨ ᠬᠢᠵᠠᠭᠠᠷ ᠤᠨ ᠭᠠᠲᠠᠭᠠᠲᠣ ᠠᠴᠠ ᠤᠷᠤᠭᠤᠯᠤᠭᠰᠠᠨ ᠪᠠᠷᠠᠭᠠᠨ ᠤ ᠵᠢᠨᠢᠩ ᠳᠠᠬᠢ ᠰᠢᠭᠤᠳ ᠪᠣᠷᠣᠯᠠᠭᠤᠯᠬᠤ ᠲᠥᠪ ᠢ ᠡᠷᠬᠢᠯᠡᠨ ᠪᠠᠶᠢᠭᠤᠯᠵᠣ ᠠᠵᠢᠯ ᠢᠶᠠᠨ ᠡᠬᠢᠯᠡᠬᠦᠯᠪᠠ᠂ ᠲᠣᠮᠲᠠᠲᠣ ᠣᠯᠣᠰ ᠤᠨ ᠰᠢᠨ ᠶᠠ ᠪᠣᠣ ᠯᠦ ᠬᠤᠲᠠᠯᠲᠣᠭᠠᠨ ᠤ ᠬᠤᠲᠠ ᠶᠢ ᠠᠮᠵᠢᠯᠲᠠᠲᠠᠢ ᠤᠷᠢᠨ ᠠᠪᠴᠢᠷᠠᠵᠣ᠂ ᠠᠷᠠᠯᠵᠢᠶᠠᠨ ᠤ ᠥᠷᠲᠡᠭ ᠨᠢ 2.3 ᠳ᠋ᠥᠩᠰᠢᠭᠤᠷ ᠲᠥᠬᠦᠷᠢᠭ ᠬᠦᠷᠪᠡ᠃ ᠤᠮᠠᠷᠠᠲᠣ ᠤᠷᠤᠨ ᠤ ᠯᠦ ᠭᠠᠩ ᠣᠯᠠᠨ ᠣᠯᠣᠰ ᠤᠨ ᠪᠣᠲᠠᠰ ᠤᠨ ᠬᠥᠢᠯᠬᠡᠬᠡᠨ ᠤ ᠲᠥᠪ ᠤᠨ ᠲᠥᠷᠥᠯ ᠵᠣᠶᠢᠯ ᠤᠷᠣᠭᠰᠢᠲᠠᠢ ᠶᠠᠪᠣᠭᠲᠠᠵᠣ᠂ ᠲᠣᠯᠣᠲᠣᠭᠠᠷ ᠰᠣᠮᠣ ᠳᠠᠬᠢ ᠲᠣᠮᠲᠠᠲᠣ ᠡᠸᠦ᠋ᠷᠦᠫᠡ ᠡᠬᠡᠯᠵᠢ ᠶᠢᠨ ᠭᠠᠯ ᠲᠡᠷᠬᠡ ᠶᠢᠨ ᠪᠣᠲᠠᠰ ᠤᠨ ᠭᠥᠢᠯᠬᠡᠬᠡᠨ ᠤ  ᠠᠭᠤᠯᠵᠠᠷ ᠤᠨ ᠰᠠᠭᠤᠷᠢᠨ ᠭᠠᠵᠠᠷ᠂ ᠲᠣᠮᠲᠠᠲᠣ ᠡᠸᠦ᠋ᠷᠦᠫᠡ ᠶᠢᠨ ᠬᠤᠭᠤᠷᠣᠨᠲᠣ 56 ᠡᠬᠡᠯᠵᠢ ᠲᠡᠬᠡᠬᠡᠪᠥᠷᠢ ᠶᠢ ᠬᠥᠢᠴᠡᠳᠬᠡᠪᠡ᠃ ᠰᠢᠨ᠎ᠡ ᠪᠠᠷ ᠪᠠ ᠥᠷᠬᠦᠯᠵᠢᠯᠡᠨ ᠪᠠᠶᠢᠭᠤᠯᠣᠭᠲᠠᠵᠣ ᠪᠠᠶᠢᠭ᠎ᠠ ᠡᠯ᠎ᠡ ᠲᠥᠷᠥᠯ ᠤᠨ ᠠᠵᠣ ᠥᠢᠯᠡᠳᠪᠥᠷᠢ ᠶᠢᠨ ᠠᠷᠠᠯᠵᠢᠶᠠᠨ ᠤ ᠥᠢᠯᠡᠴᠢᠯᠡᠯᠬᠡᠨ ᠤ ᠥᠢᠯᠡᠰ ᠤᠨ ᠲᠥᠷᠥᠯ ᠵᠥᠢᠯ 88 ᠳ᠋ᠥᠩᠰᠢᠭᠤᠷ ᠲᠥᠬᠦᠷᠢᠭ  ᠪᠡᠯᠡ ᠣᠷᠣᠭᠤᠯᠣᠯᠲᠠ ᠶᠢ ᠪᠡᠶᠡᠯᠡᠬᠦᠯᠵᠣ᠂ ᠲᠡᠬᠡᠷ᠎ᠡ ᠡᠬᠡᠯᠵᠢ ᠶᠢᠨ ᠲᠠᠪᠣᠨ ᠵᠢᠯ ᠤᠨ 4 ᠲᠠᠬᠢᠨ ᠪᠣᠯᠣᠨ᠎ᠠ᠃ ᠬᠤᠩ ᠰᠢᠩ ᠮᠧᠢ ᠺᠠᠢ ᠯᠥᠩ᠂ ᠪᠥᠸᠧ ᠶᠣᠸᠠᠨ ᠯᠠᠨ ᠬᠠᠢ ᠵᠡᠷᠬᠡ ᠥᠨᠲᠥᠷ ᠲᠡᠰ ᠤᠨ ᠠᠵᠤ ᠥᠢᠯᠡᠰ ᠤᠨ ᠶᠡᠷᠥᠩᠬᠡᠶᠢᠯᠡᠭᠰᠡᠨ ᠴᠣᠭᠴᠠ ᠪᠠ ᠣᠲᠣᠨ ᠲᠡᠰ ᠤᠨ ᠪᠠᠭᠤᠲᠠᠯ ᠡᠬᠢᠯᠡᠵᠣ ᠠᠵᠢᠯᠯᠠᠪᠠ᠃  ᠬᠤ᠋ ᠱᠠᠨ ᠰᠣᠶᠣᠯ ᠠᠷᠠᠯᠵᠢᠶᠠᠨ ᠤ ᠵᠡᠬᠡᠯᠢ᠂ ᠲᠡᠷᠢᠶᠡᠯᠡᠭ ᠤᠨ ᠪᠥᠲᠥᠬᠡᠭᠲᠠᠬᠦᠨ ᠤ ᠠᠷᠠᠯᠵᠢᠶᠠᠨ ᠤ ᠲᠥᠪ ᠪᠠ 7 ᠠᠷᠠᠳ ᠲᠤ ᠲᠥᠬᠦᠮ ᠬᠥᠷᠢᠶᠡᠯᠡᠩ ᠢ ᠪᠠᠶᠢᠭᠤᠯᠪᠠ᠃ ᠪᠥᠬᠦ ᠬᠥᠴᠥᠨ ᠢᠶᠠᠷ ᠤᠯᠠᠭᠠᠨᠴᠠᠪ ᠢ ᠬᠤᠲᠠ ᠶᠢᠨ ᠣᠯᠠᠷᠢᠯ ᠤᠨ ᠴᠢᠨᠡᠷᠲᠠᠢ ᠵᠢᠭᠤᠯᠴᠢᠯᠠᠯ ᠤᠨ ᠭᠠᠵᠠᠷ ᠪᠣᠯᠭᠠᠨ ᠪᠥᠲᠥᠬᠡᠨ ᠪᠠᠶᠢᠭᠤᠯᠵᠣ᠂ ᠵᠢᠨᠢᠩ ᠤᠨ ᠬᠤᠪᠢᠰᠬᠠᠯᠲᠣ ᠲᠠᠶᠢᠯᠠᠯᠲᠣᠭᠠᠨ ᠎ ᠤ ᠲᠣᠷᠠᠰᠬᠠᠯ ᠤᠨ ᠬᠥᠷᠢᠶᠡᠯᠡᠩ ᠪᠠᠶᠢᠭᠤᠯᠣᠭᠲᠠᠨ ᠠᠵᠢᠯ ᠢᠶᠠᠨ ᠡᠬᠢᠯᠡᠬᠦᠯᠪᠡ᠃ ᠪᠥᠬᠦ ᠣᠯᠣᠰ ᠤᠨ 4A ᠲᠡᠰ ᠤᠨ ᠵᠢᠭᠤᠯᠴᠢᠯᠠᠯ ᠤᠨ ᠭᠠᠵᠠᠷ ᠂  ᠣᠯᠣᠰ ᠤᠨ ᠲᠡᠰ ᠤᠨ ᠣᠯᠠᠭᠠᠨ ᠤ ᠰᠣᠩᠭᠤᠲᠠᠭ ᠥᠵᠡᠮᠵᠢ ᠶᠢᠨ ᠲᠣᠭᠤᠷᠢᠭ ᠢᠶᠠᠷ ᠥᠨᠡᠯᠡᠭᠲᠡᠪᠡ᠃ ᠲᠠᠯ᠎ᠠ ᠨᠤᠳᠤᠭ ᠤᠨ ᠳᠤᠷᠭᠠᠨ ᠵᠠᠮ ᠤᠨ ᠦᠵᠡᠰᠭᠦᠯᠡᠩ ᠤᠨ ᠲᠦᠪ ᠠᠩᠬᠠᠨ ᠤ ᠬᠡᠪᠴᠢᠶ᠎ᠡ ᠲᠠᠢ ᠪᠣᠯᠪᠠ᠃ ᠣᠷᠣᠰ ᠮᠣᠩᠭᠤᠯ ᠺᠣᠷᠢᠶᠠ ᠶᠢᠨ ᠲᠠᠸᠠᠷ ᠤᠨ ᠥᠵᠡᠬᠦᠯᠥᠯᠬᠡ ᠶᠢᠨ ᠬᠤᠷᠠᠯ᠂ ᠣᠯᠠᠨ ᠣᠯᠣᠰ ᠤᠨ ᠬᠡᠬᠡᠷ᠎ᠡ ᠪᠠᠭᠤᠲᠠᠯᠯᠠᠬᠤ ᠴᠣᠭᠯᠠᠭᠠᠨ᠂ ᠲᠣᠮᠲᠠᠲᠣ ᠣᠯᠣᠰ ᠤᠨ ᠥᠢᠯᠡᠰ ᠪᠣᠰᠬᠠᠨ ᠰᠢᠨ᠎ᠡ ᠶᠢ ᠡᠬᠦᠳᠬᠦ ᠥᠵᠡᠬᠦᠯᠥᠯᠬᠡ ᠶᠢᠨ ᠬᠤᠷᠠᠯ᠂ ᠪᠥᠬᠦ ᠣᠯᠣᠰ ᠤᠨ ᠨᠣᠮ ᠰᠣᠲᠣᠷ ᠤᠨ ᠠᠷᠠᠯᠵᠢᠶᠠᠨ ᠤ ᠥᠵᠡᠬᠦᠯᠥᠯᠬᠡ ᠶᠢᠨ  ᠬᠤᠷᠠᠯ᠂ ᠮᠥᠰᠥ ᠴᠠᠰᠤᠨ ᠤ ᠣᠷᠠᠯᠢᠭ ᠤᠨ ᠨᠠᠶᠢᠷ᠂ ᠲᠣᠮᠲᠠᠲᠣ ᠮᠣᠩᠭᠤᠯ ᠣᠷᠣᠰ ᠤᠨ ᠲᠠᠯ᠎ᠠ ᠨᠣᠲᠤᠭ ᠤᠨ ᠰᠣᠶᠣᠯ ᠤᠨ ᠨᠠᠶᠢᠷ᠂ ᠠᠷᠠᠰᠣ ᠰᠢᠷᠢ ᠶᠢᠨ ᠬᠤᠪᠴᠠᠰᠣᠨ ᠡᠳ᠋ᠯᠡᠯ ᠤᠨ ᠥᠵᠡᠬᠦᠯᠥᠯᠬᠡ ᠵᠡᠷᠬᠡ ᠨᠢᠬᠡ ᠪᠥᠯᠥᠭ ᠨᠡᠷᠡᠲᠥ ᠲᠡᠮᠲᠡᠭᠲᠥ‌ᠥᠵᠡᠬᠦᠯᠥᠯᠬᠡ ᠶᠢᠨ ᠬᠤᠷᠠᠯ ᠪᠠ ᠬᠥᠲᠡᠯᠬᠡᠬᠡᠨ ᠢ ᠶᠡᠪᠣᠭᠲᠠᠭᠤᠯᠵᠣ᠂ ᠡᠨᠡ ᠨᠢ ᠤᠲᠤ ᠥᠶ᠎ᠡ ᠶᠢᠨ ᠥᠢᠯᠡᠴᠢᠯᠡᠯᠬᠡᠨ ᠤ ᠥᠢᠯᠡᠰ ᠤᠨ ᠬᠥᠭᠵᠢᠯᠲᠡ ᠶᠢᠨ ᠰᠢᠨ᠎ᠡ ᠡᠬᠦᠲᠥᠯᠲᠠ ᠪᠣᠯᠣᠨ᠎ᠠ᠃ ᠭᠠᠳᠠᠭᠠᠳᠤ ᠨᠡᠬᠡᠬᠡᠯᠲᠡ ᠲᠠᠰᠣᠷᠠᠯᠲᠠ ᠥᠬᠡᠢ ᠥᠷᠬᠡᠳᠪᠡ᠃ ︽ᠪᠡᠬᠡᠵᠢᠩ᠂ ᠲᠢᠶᠠᠨᠵᠢᠨ᠂ ᠾᠧᠪᠸᠢ︾᠎ ᠶᠢᠨ ᠨᠢᠬᠡ  ᠴᠣᠭᠴᠠᠵᠢᠯᠠᠯᠲᠠ ᠳᠤ  ᠠᠭᠤᠰᠣᠯᠴᠠᠵᠣ᠂ ︽ᠣᠯᠠᠭᠠᠨᠴᠠᠪ ᠳ᠋ᠠᠲ᠋ᠥ᠋ᠩ ᠴᠢᠭᠤᠯᠤᠯᠳᠤ ᠬᠠᠭᠠᠯᠭ᠎ᠠ︾ ᠣᠷᠲᠣ ᠴᠠᠭᠠᠨ ᠬᠡᠷᠡᠮ ᠤᠨ ᠭᠤᠷᠪᠠᠨ ᠠᠭᠤᠯᠵᠠᠷ ᠤᠨ ᠬᠤᠯᠪᠣᠭᠠᠯᠠᠬᠤ ᠪᠠᠶᠢᠯᠲᠣᠬᠤ ᠪᠣᠲᠣᠯᠭ᠎ᠠ ᠪᠠ ︽ᠲᠣᠮᠲᠠᠲᠣ ᠮᠣᠩᠭᠤᠯ ᠣᠷᠣᠰ ᠤᠨ ᠠᠵᠣ ᠠᠬᠤᠢ ᠶᠢᠨ ᠬᠤᠩᠬᠢᠯ︾᠎ ᠎ ᠤᠨ ᠪᠠᠶᠢᠭᠤᠯᠣᠯᠲᠠ᠂ ᠪᠡᠬᠡᠵᠢᠩ ᠤᠨ ᠨᠡᠶᠢᠰᠯᠡᠯ ᠤᠨ ᠪᠣᠰᠣ ᠴᠢᠳᠠᠮᠵᠢ ᠶᠢ ᠵᠤᠬᠢᠴᠠᠭᠤᠯᠬᠤ ᠪᠠ ᠪᠡᠬᠡᠵᠢᠩ ᠲᠢᠶᠠᠨᠵᠢᠨ ᠤ ᠠᠵᠣ ᠥᠢᠯᠡᠰ ᠤᠨ ᠰᠢᠯᠵᠢᠯᠲᠡ ᠶᠢ ᠢᠲᠡᠪᠬᠢᠲᠠᠢ ᠲᠠᠭᠠᠴᠢᠯᠠᠨ ᠠᠪᠴᠣ᠂ ᠪᠡᠬᠡᠵᠢᠩ ᠮᠣᠩᠭᠤᠯ ᠣᠯᠣᠰ ᠤᠨ ᠬᠠᠷᠠᠭᠠᠯᠵᠠᠭᠰᠠᠨ ᠬᠠᠪᠰᠣᠷᠣᠮᠵᠢ ᠶᠢᠨ ᠣᠷᠣᠨ ᠢ ᠬᠥᠨᠵᠡᠬᠡᠢ ᠥᠷᠬᠡᠳᠬᠡᠪᠡ᠃ ᠣᠯᠣᠰ ᠤᠨ ︽ᠨᠢᠬᠡ ᠪᠥᠰᠡ ᠨᠢᠬᠡ ᠵᠠᠮ ︾ ᠲᠣᠮᠲᠠᠲᠣ ᠡᠸᠦ᠋ᠷᠦᠫᠡ ᠶᠢᠨ ᠡᠬᠡᠯᠵᠢ ᠶᠢᠨ ᠲᠡᠮᠥᠷ ᠵᠠᠮ ᠤᠨ ᠠᠭᠤᠯᠵᠠᠷ ᠤᠨ ᠬᠤᠲᠠ ᠪᠠᠷ ᠵᠥᠪᠰᠢᠶᠡᠷᠡᠭᠲᠡᠪᠡ᠃ ᠪᠥᠬᠦ ᠣᠯᠣᠰ ᠤᠨ ᠴᠣᠷ ᠤᠨ ᠭᠠᠭᠴᠠ ᠮᠣᠵᠢ ᠣᠷᠣᠨ ᠤ ᠪᠣᠰᠣ ᠬᠤᠲᠠ ᠶᠢᠨ ᠲᠣᠮᠲᠠᠲᠣ ᠡᠸᠦ᠋ᠷᠦᠫᠡ  ᠡᠬᠡᠯᠵᠢ  ᠶᠢᠨ  ᠸᠠᠭᠤᠨ ᠤ ᠠᠭᠤᠯᠵᠠᠷ ᠤᠨ ᠬᠤᠲᠠ ᠪᠣᠯᠣᠨ᠎ᠠ᠃ ᠵᠢᠨᠢᠩ ᠤᠨ ᠨᠢᠰᠬᠡᠯ ᠤᠨ ᠪᠠᠭᠤᠲᠠᠯ ᠨᠢ ᠣᠯᠠᠨ ᠣᠯᠣᠰ ᠤᠨ ᠪᠠᠷᠠᠭᠠᠨ ᠤ ᠵᠥᠬᠡᠬᠡᠪᠥᠷᠢᠯᠡᠯᠳᠡ ᠶᠢᠨ ᠪᠠᠭᠤᠲᠠᠯ ᠢᠶᠠᠷ ᠰᠣᠩᠭᠤᠭᠲᠠᠵᠣ᠂ ᠶᠡᠭᠡ‌ᠨᠡᠬᠡᠬᠡᠯᠲᠠ᠂ ᠬᠠᠮᠲᠣᠷᠠᠯᠴᠠᠭ᠎ᠠ ᠨᠢ ᠬᠥᠭᠵᠢᠯᠲᠡ ᠶᠢᠨ ᠭᠤᠣᠯ ᠠᠶᠢᠵᠢᠮ ᠪᠠ ᠬᠥᠲᠡᠯᠬᠡᠬᠦ ᠬᠥᠴᠥᠨ ᠪᠣᠯᠣᠭᠰᠠᠨ ᠪᠠᠶᠢᠨ᠎ᠠ᠃ ᠬᠤᠲᠠᠯᠲᠣᠭᠠᠴᠢᠨ ᠤᠷᠢᠵᠣ ᠪᠡᠯᠡ ᠤᠷᠤᠭᠤᠯᠤᠭᠰᠠᠨ ᠲᠠᠯ᠎ᠠ ᠪᠠᠷ ᠢᠯᠡᠳᠲᠡ ᠠᠮᠵᠢᠯᠲᠠ ᠣᠯᠪᠠ᠂ ᠲᠠᠪᠣᠨ ᠵᠢᠯ ᠳᠤ᠂ ᠡᠯ᠎ᠡ ᠲᠥᠷᠥᠯ ᠵᠥᠢᠯ ᠤᠨ ᠪᠠᠶᠢᠭᠤᠯᠣᠯᠲᠠ ᠵᠢᠨ‌ᠤᠷᠢᠵᠤ  ᠠᠪᠴᠢᠷᠠᠭᠰᠠᠨ ᠮᠥᠩᠬᠦ 600 ᠳ᠋ᠥᠩᠰᠢᠭᠤᠷ ᠲᠥᠬᠦᠷᠢᠭ  ᠬᠥᠷᠴᠣ᠂ ᠬᠥᠭᠵᠢᠯᠲᠡ ᠶᠢᠨ ᠰᠠᠭᠤᠷᠢ ᠪᠠᠨ  ᠪᠠᠲᠣᠳᠬᠠᠭᠰᠠᠨ‌‍ᠪᠠᠶᠢᠨ᠎ᠠ᠃    ᠲᠠᠪᠣᠨ ᠵᠢᠯ ᠤᠨ ᠲᠣᠷᠰᠢ᠂ ᠪᠢᠲᠡ ᠬᠤᠲᠠ ᠬᠥᠲᠡᠭᠡ ᠶᠢ ᠬᠠᠮᠲᠣ ᠴᠣᠭᠴᠠᠵᠢᠭᠤᠯᠣᠨ  ᠬᠥᠭᠵᠢᠬᠦᠯᠬᠦ ᠶᠢ ᠪᠠᠷᠢᠮᠳᠠᠯᠠᠵᠤ᠂  ᠨᠢᠬᠡᠲᠥᠯᠲᠡᠢ ᠲᠥᠰᠥᠪᠯᠡᠨ ᠠᠬᠢᠭᠤᠯᠵᠣ᠂ ᠪᠠᠶᠢᠭᠤᠯᠣᠯᠲᠠ ᠬᠠᠮᠢᠶᠠᠷᠣᠯᠲᠠ ᠶᠢ ᠬᠠᠮᠲᠣ ᠴᠢᠬᠤᠯᠠᠴᠢᠯᠠᠵᠣ᠂ ᠬᠤᠲᠠ ᠶᠢᠨ ᠲᠥᠷᠢ ᠲᠥᠷᠬᠦ ᠲᠡᠣᠬᠡᠨ ᠴᠢᠨᠠᠷᠲᠠᠢ ᠬᠤᠪᠢᠷᠠᠯᠲᠠ ᠲᠠᠢ ᠪᠣᠯᠪᠠ᠃ ᠭᠠᠵᠠᠷ ᠣᠷᠣᠨ ᠤ ᠭᠤᠣᠯ ᠬᠤᠲᠠ ᠶᠢ ᠪᠠᠶᠢᠭᠤᠯᠬᠤ ᠬᠥᠭᠵᠢᠯᠲᠡ ᠶᠢᠨ ᠰᠡᠳᠬᠢᠴᠠ ᠶᠢ  ᠪᠣᠢ ᠪᠣᠯᠭᠠᠵᠣ᠂  ᠲᠡᠬᠡᠲᠥ ᠲᠥᠪᠰᠢᠨ ᠢᠶᠠᠷ ᠡᠬᠢᠯᠡᠬᠦ ᠲᠥᠯᠥᠪᠯᠡᠭᠡ᠂ ᠥᠨᠲᠥᠷ ᠪᠠᠷᠢᠮᠵᠢᠶ᠎ᠠ ᠪᠠᠷ ᠪᠠᠶᠢᠭᠤᠯᠬᠤ ᠪᠠ ᠥᠨᠲᠥᠷ ᠲᠥᠪᠰᠢᠨ ᠢᠶᠠᠷ ᠬᠠᠮᠢᠶᠠᠷᠠᠬᠤ ᠶᠢ ᠪᠠᠷᠢᠮᠲᠠᠯᠠᠵᠣ᠂ ᠬᠤᠲᠠ ᠬᠥᠲᠡᠭᠡ ᠶᠢᠨ ᠨᠢᠬᠡ ᠴᠣᠭᠴᠠᠵᠢᠯᠠᠯᠲᠠ ᠶᠢᠨ ᠶᠠᠪᠣᠴᠠ ᠶᠢ ᠨᠢᠭᠡᠳᠦᠯᠲᠠᠢ ᠲᠥᠰᠥᠪᠯᠡᠨ ᠠᠬᠢᠭᠤᠯᠪᠠ᠃ ᠣᠲᠣᠬᠢᠴᠢᠯᠠᠭᠰᠠᠨ ᠰᠢᠨ᠎ᠡ ᠮᠠᠶ᠋ᠢᠭ ᠤᠨ ᠬᠤᠲᠠ ᠶᠢ ᠪᠥᠬᠦ ᠲᠠᠯ᠎ᠠ ᠪᠠᠷ ᠪᠦᠲᠦᠭᠡᠨ ᠪᠠᠶᠢᠭᠤᠯᠵᠣ᠂ ᠪᠠᠶᠢᠭᠤᠯᠣᠭᠰᠠᠨ ᠬᠡᠪᠴᠢᠶ᠎ᠡ ᠨᠢ 2012 ᠣᠨ ᠤ 41 ᠲᠡᠭᠰᠢ ᠲᠥᠷᠪᠡᠯᠵᠢᠨ ᠺᠢᠯᠣᠮᠧᠲᠷ ᠠᠴᠠ 70 ᠲᠡᠭᠰᠢ ᠲᠥᠷᠪᠡᠯᠵᠢᠨ ᠺᠢᠯᠣᠮᠧᠲᠷ  ᠪᠣᠯᠵᠣ ᠥᠷᠬᠡᠳᠪᠡ᠃ ᠵᠢᠨᠢᠩ ᠤᠨ ᠨᠢᠰᠬᠡᠯ ᠤᠨ ᠪᠠᠭᠤᠲᠠᠯ ᠪᠠᠶᠢᠭᠤᠯᠣᠭᠲᠠᠨ ᠠᠵᠢᠯᠯᠠᠭᠰᠠᠨ ᠪᠥᠬᠡᠳ 17 ᠬᠤᠲᠠ ᠣᠷᠣᠭᠤ ᠠᠶᠠᠯᠠᠯ ᠨᠡᠪᠲᠡᠷᠡᠪᠡ᠃ ᠬᠦᠬᠡᠬᠤᠲᠠ ᠠᠴᠠ ᠴᠢᠭᠤᠯᠤᠯᠳᠤ ᠬᠠᠭᠠᠯᠭ᠎ᠠ ᠬᠦᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠢ ᠱᠣᠭᠤᠮ ᠤᠨ ᠵᠢᠨᠢᠩ ᠠᠴᠠ ᠬᠥᠬᠡᠬᠤᠲᠠ ᠬᠥᠷᠬᠦ ᠵᠠᠮ ᠨᠡᠪᠲᠡᠷᠡᠨ ᠠᠵᠢᠯᠯᠠᠵᠣ᠂ ᠵᠢᠨᠢᠩ ᠳ᠋ᠠᠲ᠋ᠥ᠋ᠩ ᠤᠨ ᠥᠨᠲᠥᠷ ᠬᠤᠷᠲᠣᠴᠠᠲᠣ ᠲᠡᠮᠥᠷ ᠵᠠᠮ ᠢ ︽ᠠᠷᠪᠠᠨ ᠭᠤᠷᠪᠠᠲᠣᠭᠠᠷ ᠲᠠᠪᠣᠨ ᠵᠢᠯ ᠤᠨ ᠲᠥᠯᠥᠪᠯᠡᠭᠡ︾᠎ ᠳᠤ ᠲᠥᠰᠥᠪᠯᠡᠨ ᠣᠷᠣᠭᠤᠯᠵᠣ᠂ ᠬᠤᠲᠠ ᠲᠣᠭᠤᠷᠢᠭᠰᠠᠨ ᠡᠮᠦᠨ᠎ᠡ ᠵᠠᠮ᠂ ᠬᠤᠲᠠ ᠲᠣᠭᠤᠷᠢᠭᠰᠠᠨ ᠵᠡᠭᠦᠨ ᠵᠠᠮ᠂  ᠨᠢᠰᠬᠡᠯ ᠤᠨ ᠪᠠᠭᠤᠲᠠᠯ ᠤᠨ ᠲᠥᠷᠬᠡᠨ ᠵᠠᠮ᠂ 110 ᠣᠯᠣᠰ ᠤᠨ ᠵᠠᠮ ᠤᠨ ᠬᠤᠲᠠ ᠶᠢᠨ ᠳᠤᠮᠳᠠᠬᠢ ᠲᠥᠷᠬᠡᠨ ᠵᠠᠮ ᠲᠡᠷᠭᠡ ᠨᠡᠪᠲᠡᠷᠡᠵᠦ᠂ ᠴᠢᠬᠤᠯᠠ ᠶᠡᠭᠡ ᠰᠠᠭᠤᠷᠢ ᠲᠥᠬᠦᠬᠡᠷᠥᠮᠵᠢ ᠶᠢᠨ ᠪᠦᠲᠦᠭᠡᠨ ᠪᠠᠶᠢᠭᠤᠯᠣᠯᠲᠠ ᠲᠡᠤᠬᠡᠨ ᠴᠢᠨᠠᠷᠲᠠᠢ ᠰᠢᠪᠲᠣᠯᠣᠲᠠ ᠤᠯᠵᠦ᠂  ᠬᠤᠲᠠ ᠶᠢᠨ ᠡᠮᠦᠨ᠎ᠡ ᠬᠤᠶᠢᠨ᠎ᠠ ᠵᠡᠭᠦᠨ ᠪᠠᠷᠠᠭᠤᠨ ᠠᠴᠠ ᠣᠷᠣᠵᠣ ᠭᠠᠷᠬᠤ ᠰᠦᠯᠵᠢᠯᠳᠦᠭᠰᠡᠨ ᠵᠠᠮ ᠬᠠᠷᠢᠯᠴᠠᠭᠠᠨ ᠤ ︽ᠠᠭᠤᠯᠵᠠᠷ ᠬᠤᠲᠠ︾ ᠪᠣᠯᠣᠭᠰᠠᠨ ᠪᠠᠶᠢᠨ᠎ᠠ᠃ ᠲᠡᠥᠬᠡᠨ ᠠᠴᠠ ᠠᠪᠣᠭᠠᠳ ᠬᠡᠪᠴᠢᠶ᠎ᠡ ᠪᠠᠷ ᠬᠠᠮᠤᠭ ᠤᠨ ᠶᠡᠭᠡ ᠬᠤᠲᠠ ᠶᠢᠨ ᠵᠠᠮ᠂ ᠡᠯ᠎ᠡ ᠲᠥᠷᠥᠯ ᠤᠨ ᠬᠤᠭᠤᠯᠠᠢ ᠶᠢᠨ ᠲᠣᠣᠷ ᠢ ᠰᠢᠨ᠎ᠡ ᠪᠠᠷ ᠪᠠᠶᠢᠭᠤᠯᠵᠦ᠂ ᠥᠷᠬᠦᠯᠵᠢᠯᠡᠨ ᠪᠠᠶᠢᠭᠤᠯᠬᠤ ᠪᠠ ᠵᠠᠰᠠᠨ ᠰᠠᠶᠢᠵᠢᠷᠠᠭᠤᠯᠬᠤ ᠢᠨᠵᠧᠨᠧᠷᠢᠩ ᠢ  ᠪᠦᠬᠦ ᠬᠦᠴᠦ ᠪᠠᠷ ᠨᠠᠶᠢᠳᠠᠪᠦᠷᠢᠵᠢᠭᠤᠯᠵᠦ᠂ ᠰᠠᠭᠤᠷᠢ ᠲᠥᠬᠦᠬᠡᠷᠥᠮᠵᠢ ᠶᠢᠨ ᠪᠦᠲᠦᠭᠡᠨ ᠪᠠᠶᠢᠭᠤᠯᠣᠯᠲᠠ ᠬᠦᠨᠳᠦ ᠴᠢᠬᠤᠯᠠ ᠠᠮᠵᠢᠯᠲᠠ ᠤᠯᠪᠠ᠃ ᠰᠢᠨ᠎ᠡ ᠬᠠᠭᠤᠴᠢᠨ ᠲᠣᠭᠤᠷᠢᠭ ᠤᠨ ᠰᠢᠨ᠎ᠡ ᠪᠠᠷ ᠦᠷᠬᠦᠯᠵᠢᠯᠡᠨ ᠵᠠᠰᠠᠭᠰᠠᠨ ᠵᠠᠮ ᠨᠡᠶᠢᠲᠡ 220 ᠵᠤᠷᠪᠤᠰ᠂ ᠬᠥᠲᠡᠭᠡ ᠲᠣᠰᠬᠤᠨ ᠤ ᠵᠠᠮ ᠢ 120 ᠺᠢᠯᠣᠮᠧᠲᠷ᠂ 356  ᠵᠢᠵᠢᠭ ᠵᠡᠬᠡᠯᠢ ᠭᠤᠲᠣᠮᠵᠢ ᠶᠢ ᠲᠥᠪᠯᠡᠷᠡᠬᠦᠯᠥᠨ ᠵᠠᠰᠠᠨ ᠴᠡᠭᠴᠡᠯᠡᠪᠡ᠃ ᠢᠯᠴᠢ ᠬᠠᠩᠭᠠᠬᠤ ᠬᠤᠭᠤᠯᠠᠢ ᠶᠢᠨ ᠲᠣᠣᠷ 262 ᠺᠢᠯᠣᠮᠧᠲᠷ᠂ ᠣᠰᠣ ᠬᠠᠩᠭᠠᠬᠤ ᠬᠤᠭᠤᠯᠠᠢ ᠶᠢᠨ ᠲᠣᠣᠷ 327 ᠺᠢᠯᠣᠮᠧᠲᠷ᠂ ᠪᠣᠷᠣᠭᠠᠨ ᠤ ᠣᠰᠣ ᠪᠤᠬᠢᠷᠳᠤᠯ ᠣᠰᠣ ᠶᠢ ᠭᠠᠳᠠᠭᠰᠢᠯᠠᠭᠤᠯᠬᠤ ᠬᠤᠭᠤᠯᠠᠢ ᠶᠢᠨ ᠲᠣᠣᠷ 469 ᠺᠢᠯᠣᠮᠧᠲᠷ ᠵᠠᠰᠠᠬᠤ ᠶᠢ ᠪᠡᠶᠡᠯᠡᠭᠦᠯᠪᠡ᠃ ᠤᠰᠤᠨ ᠰᠤᠷᠪᠤᠯᠵᠢ ᠶᠢᠨ ᠰᠠᠭᠤᠷᠢᠨ ᠭᠠᠵᠠᠷ 3᠎ ᠶᠢ ᠪᠠᠶᠢᠭᠤᠯᠵᠣ᠂ ᠡᠲᠥᠷ ᠪᠥᠷᠢ ᠶᠢᠨ ᠣᠰᠣ ᠬᠠᠩᠭᠠᠬᠤ ᠶᠡᠷᠥᠩᠬᠡᠢ ᠬᠡᠮᠵᠢᠶ᠎ᠡ ᠨᠢ 7.1 ᠲᠥᠮᠡᠨ ᠲᠤᠨ‌‍ᠳᠥ ᠬᠦᠷᠴᠦ᠂ ᠤᠰᠤᠨ ᠬᠠᠩᠭᠠᠯᠭ᠎ᠠ ᠶᠢᠨ ᠲᠦᠭᠡᠮᠡᠯᠵᠢᠭᠰᠡᠨ ᠨᠣᠷᠮ᠎ᠠ ᠨᠢ 96% ᠎ ᠳᠤ ᠬᠦᠷᠪᠡ᠃ ᠬᠤᠲᠠ ᠶᠢᠨ ᠲᠦᠪᠯᠡᠷᠡᠭᠦᠯᠦᠨ ᠢᠯᠴᠢ ᠬᠠᠩᠭᠠᠬᠤ ᠨᠢ ᠰᠦᠯᠵᠢᠶᠡᠨ ᠳᠤ ᠤᠷᠤᠵᠦ ᠠᠵᠢᠯᠯᠠᠬᠤ  ᠶᠢ ᠪᠡᠶᠡᠯᠡᠬᠦᠯᠵᠣ᠂ ᠢᠯᠴᠢ ᠬᠠᠩᠭᠠᠬᠤ ᠴᠢᠳᠠᠮᠵᠢ ᠨᠢ 3220 ᠲᠥᠮᠡᠨ ᠲᠡᠭᠰᠢ ᠳᠦᠷᠪᠡᠯᠵᠢᠨ ᠮᠧᠲᠷ ᠲᠤ ᠬᠥᠷᠴᠣ᠂ ᠲᠦᠪᠯᠡᠷᠡᠭᠦᠯᠦᠨ ᠢᠯᠴᠢ ᠬᠠᠩᠭᠠᠬᠤ ᠲᠦᠭᠡᠮᠡᠯᠵᠢᠭᠰᠡᠨ ᠨᠤᠷᠮ᠎ᠠ ᠨᠢ 94%᠎ ᠳᠤ ᠬᠦᠷᠪᠡ᠃ ᠨᠡᠶᠢᠲᠡ ᠶᠢᠨ ᠵᠠᠮ ᠬᠠᠷᠢᠯᠴᠠᠭᠠᠨ ᠤ ᠥᠢᠯᠡᠰ ᠢ ᠶᠡᠬᠡᠪᠡᠷ ᠬᠦᠭᠵᠢᠭᠦᠯᠵᠦ᠂ ᠨᠡᠶᠢᠲᠡ ᠶᠢᠨ ᠮᠠᠰᠢᠨ ᠤ ᠵᠠᠮ ᠱᠣᠭᠤᠮ 36 ᠵᠣᠷᠪᠣᠰ ᠲᠤ ᠬᠥᠷᠴᠣ᠂ ᠨᠡᠶᠢᠲᠡ ᠶᠢᠨ ᠮᠠᠰᠢᠨ 417 ᠰᠠᠤᠷᠢ ᠳᠤ ᠬᠦᠷᠴᠦ᠂ ᠠᠶᠠᠯᠠᠨ ᠡᠵᠡᠩᠨᠡᠬᠦ ᠵᠠᠮ ᠨᠢ 2012 ᠣᠨ ᠤ 284 ᠺᠢᠯᠣᠮᠧᠲᠷ ᠪᠠᠶᠢᠭᠰᠠᠨ ᠠᠴᠠ ᠪᠠᠨ 634 ᠺᠢᠯᠣᠮᠧᠲᠷ ᠪᠣᠯᠵᠣ ᠲᠠᠬᠢᠨ ᠢᠶᠠᠷ ᠨᠡᠮᠡᠭᠳᠡᠵᠦ᠂ ᠬᠤᠲᠠ‌‍ᠬᠥ᠋ᠲᠡᠭᠡ ᠶᠢᠨ ᠨᠠᠶᠢᠲᠠ ᠶᠢᠨ ᠵᠠᠮ ᠬᠠᠷᠢᠯᠴᠠᠭ᠎ᠠ ᠶᠢ ᠨᠠᠶᠢᠳᠠᠮ ᠪᠦᠷᠬᠦᠭᠦᠯᠪᠡ᠃ ᠬᠠᠮᠲᠤ ᠪᠠᠷ ᠡᠳ᠋ᠯᠡᠬᠦ ᠲᠣᠭᠤᠢ ᠲᠡᠷᠬᠡ ᠶᠢ ᠤᠷᠤᠭᠤᠯᠵᠦ᠂ ᠠᠷᠠᠳ ᠲᠥᠮᠡᠨ ᠳᠤ ᠪᠤᠬᠢᠷᠳᠤᠯ ᠦᠭᠡᠢ ᠳᠤᠤᠷ᠎ᠠ ᠨᠡᠭᠦᠷᠡᠰᠦᠲᠦᠷᠦᠭᠴᠢ ᠠᠮᠢᠲᠣᠷᠠᠯ ᠤᠨ ᠠᠷᠭ᠎ᠠ ᠮᠠᠶ᠋ᠢᠭ ᠢ ᠪᠦᠬᠦ ᠲᠠᠯ᠎ᠠ ᠪᠠᠷ ᠰᠠᠨᠠᠭᠠᠴᠢᠯᠠᠪᠠ᠃ ᠬᠤᠲᠠ ᠶᠢᠨ ᠬᠠᠮᠢᠶᠠᠷᠣᠯᠲᠠ ᠶᠢ ᠪᠥᠬᠦ ᠲᠠᠯ᠎ᠠ ᠪᠠᠷ ᠴᠢᠩᠭᠠᠳᠬᠠᠵᠦ᠂ ᠲᠣᠣᠷ ᠰᠥᠯᠵᠢᠶᠡᠲᠥ ᠴᠢᠨᠠᠷᠲᠠᠢ ᠬᠢᠨᠠᠨ ᠬᠠᠮᠢᠶᠠᠷᠣᠯᠲᠠ ᠶᠢ ᠪᠦᠬᠦ ᠲᠠᠯ᠎ᠠ ᠪᠠᠷ ᠪᠦᠷᠬᠦᠭᠦᠯᠪᠡ᠃ ᠤᠷᠴᠢᠨ ᠲᠣᠭᠤᠷᠢᠨ ᠢ ᠬᠠᠮᠠᠭᠠᠯᠠᠨ ᠴᠡᠪᠡᠷᠰᠢᠬᠦᠯᠬᠦ ᠮᠠᠰᠢᠨ ᠲᠡᠷᠬᠡ ᠶᠢ 142 ᠰᠠᠤᠷᠢ ᠰᠢᠨ᠎ᠡ ᠪᠠᠷ ᠬᠤᠲᠠᠯᠲᠣᠨ ᠠᠪᠴᠣ᠂ ᠮᠧᠬᠠᠨᠢᠭ ᠢᠶᠠᠷ ᠠᠵᠢᠯᠯᠠᠬᠤ ᠨᠣᠷᠮ᠎ᠠ ᠨᠢ 80% ᠬᠦᠷᠪᠡ᠃ ᠰᠢᠨ᠎ᠡ ᠪᠠᠷᠢᠭᠰᠠᠨ ᠪᠠ ᠰᠢᠨᠡᠳᠴᠢᠯᠡᠨ ᠪᠠᠷᠢᠭᠰᠠᠨ ᠣᠰᠣ ᠪᠠᠷ ᠴᠡᠪᠡᠷᠰᠢᠬᠦᠯᠬᠦ ᠵᠣᠷᠯᠣᠩ ᠨᠡᠶᠢᠲᠡ 108 ᠰᠠᠭᠤᠷᠢ ᠪᠠᠶᠢᠵᠣ᠂ ᠠᠮᠢᠲᠣᠷᠠᠯ ᠤᠨ ᠬᠤᠭ ᠨᠣᠪᠰᠢ ᠶᠢ ᠪᠤᠬᠢᠷᠳᠤᠯ ᠦᠭᠡᠢ ᠰᠢᠢᠳᠪᠦᠷᠢᠯᠡᠬᠦ ᠨᠣᠷᠮ᠎ᠠ ᠨᠢ 96.5 %᠎ ᠳᠤ ᠬᠦᠷᠴᠦ᠂ ᠬᠤᠲᠠ ᠶᠢᠨ ᠶᠡᠷᠥᠩᠬᠡᠢ ᠬᠠᠮᠢᠶᠠᠷᠣᠯᠲᠠ ᠶᠢᠨ ᠲᠥᠪᠰᠢᠨ ᠣᠯᠠᠮ ᠨᠢᠬᠡ ᠠᠯᠬᠤᠮ ᠲᠡᠬᠡᠭᠰᠢᠯᠡᠪᠡ᠃ ᠤᠶᠤᠨᠲᠤ ᠵᠢᠨᠢᠩ ᠡᠬᠢᠯᠡᠵᠣ ᠠᠵᠢᠯᠯᠠᠨ᠂ ᠠᠮᠣᠷ ᠲᠥᠪᠰᠢᠨ ᠬᠤᠲᠠ᠂ ᠣᠶᠣᠨᠲᠣ ᠬᠤᠲᠠ ᠶᠢᠨ ᠬᠠᠮᠢᠶᠠᠷᠣᠯᠲᠠ᠂ ᠨᠡᠶᠢᠲᠠ ᠶᠢᠨ WIFI ᠵᠡᠷᠬᠡ ᠠᠷᠪᠠᠨ ᠲᠥᠷᠥᠯ ᠵᠥᠢᠯ ᠥᠪᠡᠷᠲᠡᠬᠡᠨ ᠵᠠᠰᠠᠬᠤ ᠣᠷᠣᠨ ᠳᠤ ᠬᠠᠮᠤᠭ ᠲᠡᠷᠢᠬᠦᠨ ᠳᠤ ᠨᠡᠪᠲᠡᠷᠡᠭᠦᠯᠪᠡ᠃ ᠨᠠᠨ ᠱᠠ ᠾᠧ ᠭᠤᠤᠯ ᠎ ᠢ ᠶᠡᠷᠥᠩᠬᠡᠶᠢᠯᠡᠨ ᠵᠠᠰᠠᠬᠤ ᠢᠨᠵᠧᠨᠧᠷᠢᠩ ᠢ ᠡᠬᠢᠯᠡᠨ ᠪᠠᠶᠢᠭᠤᠯᠵᠦ᠂ 6 ᠵᠤᠷᠪᠤᠰ ︽ᠪᠢᠲᠡᠭᠦᠤ ᠵᠠᠮ︾᠎ ᠢ ᠨᠡᠪᠲᠡᠷᠡᠬᠦᠯᠵᠣ᠂ 5 ᠰᠠᠭᠤᠷᠢ ︽ᠢᠪᠴᠤᠤ ᠨᠠᠷᠢᠨ ᠬᠥᠬᠦᠷᠬᠡ︾᠎ ᠎ ᠶᠢ ᠦᠷᠭᠡᠳᠬᠡᠵᠦ᠂ ᠡᠨᠡ ᠨᠢ ᠭᠤᠣᠯ ᠬᠤᠲᠠ ᠤᠷᠤᠨ ᠤ ᠵᠠᠮ ᠬᠠᠷᠢᠯᠴᠠᠭᠠᠨ ᠤ ᠲᠦᠭᠵᠢᠷᠡᠯ ᠤᠨ ᠠᠰᠠᠭᠤᠲᠠᠯ ᠢ ᠪᠥᠲᠥᠮᠵᠢᠲᠠᠢ ᠰᠢᠢᠳᠪᠦᠷᠢᠯᠡᠪᠡ᠃ ᠬᠤᠲᠠ ᠶᠢᠨ ᠲᠥᠪ ᠤᠨ ᠭᠤᠣᠯ ᠵᠠᠬᠡᠯᠢ ᠭᠤᠳᠤᠮᠵᠢ᠂ ᠠᠰᠠᠷ ᠲᠠᠭᠲᠣ ᠵᠡᠷᠬᠡ ᠳᠤ ᠥᠩᠬᠡ ᠨᠡᠮᠡᠷᠢᠯᠡᠬᠦ ᠢᠨᠵᠧᠨᠧᠷᠢᠩ ᠢ ᠳᠠᠭᠤᠰᠬᠠᠪᠠ᠃ ᠨᠣᠮ ᠤᠨ ᠰᠠᠩ᠂ ᠣᠷᠠᠨ ᠵᠢᠷᠤᠭ ᠤᠨ ᠤᠷᠳᠤᠨ᠂ ᠲᠠᠮᠢᠷ ᠤᠨ ᠤᠷᠳᠤᠨ᠂ ᠮᠥᠽᠸᠢ᠂ ᠲᠧᠭᠨᠢᠭ ᠮᠡᠷᠬᠡᠵᠢᠯ ᠤᠨ ᠤᠷᠳᠤᠨ ᠵᠡᠷᠬᠡ ᠨᠡᠶᠢᠲᠠ ᠶᠢᠨ ᠥᠢᠯᠡᠴᠢᠯᠡᠯᠬᠡᠨ ᠤ ᠲᠦᠷᠦᠯ ᠵᠤᠶᠢᠯ ᠢ ᠪᠠᠶᠢᠭᠤᠯᠪᠠ᠃    ᠥᠩᠬᠡᠷᠡᠭᠰᠡᠨ ᠲᠠᠪᠣᠨ ᠵᠢᠯ ᠳᠤ᠂ ᠮᠡᠨ ᠤ ᠲᠣᠭᠤᠷᠢᠭ ᠠᠮᠢ ᠠᠬᠤᠢ ᠶᠢᠨ ᠪᠥᠲᠥᠬᠡᠨ ᠪᠠᠶᠢᠭᠤᠯᠣᠯᠲᠠ ᠳᠤ ᠬᠠᠮᠤᠭ ᠶᠡᠭᠡ ᠬᠡᠷᠡᠭᠯᠡᠯᠲᠡ ᠤᠷᠤᠭᠤᠯᠵᠦ᠂ ᠬᠡᠪᠴᠢᠶ᠎ᠡ ᠪᠠᠷ  ᠶᠡᠭᠡ᠂ ᠤᠶᠢᠵᠢᠭᠤᠯᠤᠯᠳᠠ ᠶᠢᠨ ᠦᠷ᠎ᠡ ᠪᠦᠲᠦᠮᠵᠢ ᠪᠠᠷ ᠰᠢᠯᠢᠲᠡᠭ ᠲᠠᠪᠣᠨ ᠵᠢᠯ ᠪᠣᠯᠣᠨ᠎ᠠ᠃ ︽ᠲᠡᠩᠰᠤᠭ ᠰᠠᠶᠢᠬᠠᠨ ᠠᠭᠤᠯᠠ ᠣᠰᠣ︾ ᠎ ᠶᠢ ᠳᠠᠬᠢᠨ ᠪᠠᠶᠢᠭᠤᠯᠬᠤ ᠪᠠᠶᠢᠯᠲᠣᠬᠤ ᠪᠣᠲᠣᠯᠭ᠎ᠠ ᠶᠢ ᠶᠡᠬᠡᠪᠡᠷ ᠬᠡᠷᠡᠭᠵᠢᠬᠦᠯᠵᠥ᠂ ︽ᠭᠤᠷᠪᠠᠨ ᠠᠭᠤᠯᠠ ᠬᠤᠶᠠᠷ  ᠭᠤᠤᠯ︾᠎ ᠎ ᠢᠶᠠᠷ ᠭᠤᠣᠯ ᠪᠣᠯᠭᠠᠭᠰᠠᠨ ᠥᠢᠵᠢᠭᠤᠯᠣᠯᠲᠠ ᠶᠢᠨ ᠠᠵᠢᠯᠯᠠᠭ᠎ᠠ ᠶᠢ ᠪᠥᠬᠦ ᠬᠥᠴᠥᠨ ᠢᠶᠠᠷ ᠶᠠᠪᠤᠭᠳᠠᠭᠤᠯᠵᠦ᠂ ᠡᠬᠦᠨ ᠳᠤ ᠡᠯ᠎ᠡ ᠲᠥᠷᠥᠯ ᠤᠨ ᠮᠤᠲᠤᠨ ᠤᠷᠭᠤᠮᠠᠯ ᠢ ᠨᠠᠶᠢᠲᠡ 3000 ᠴᠢᠬᠢ ᠲᠠᠷᠢᠨ ᠥᠢᠵᠢᠭᠤᠯᠵᠣ᠂ ᠣᠯᠣᠰ ᠪᠠᠶᠢᠭᠤᠯᠣᠭᠲᠠᠭᠰᠠᠨ ᠠᠴᠠ ᠨᠠᠭᠠᠰᠢᠬᠢ 60 ᠵᠢᠯ ᠤᠨ ᠥᠢᠵᠢᠭᠤᠯᠣᠯᠲᠠ ᠶᠢᠨ ᠪᠥᠬᠦ ᠬᠡᠮᠵᠢᠶᠡᠨ ᠤ 5.2 ᠲᠠᠬᠢᠨ ᠪᠠᠶᠢᠵᠣ᠂ ᠰᠢᠨ᠎ᠡ ᠪᠠᠷ ᠨᠡᠮᠡᠭᠲᠡᠭᠰᠡᠨ ᠥᠢᠵᠢᠭᠤᠯᠣᠯᠲᠠ ᠶᠢᠨ ᠲᠠᠯᠠᠪᠠᠢ 399.6 ᠾᠧᠺᠲ᠋ᠠᠷ᠂  ᠬᠤᠲᠠ  ᠶᠢᠨ ᠲᠥᠪ ᠤᠨ ᠲᠤᠭᠤᠷᠢᠨ ᠳᠤ ︽300 ᠮᠧᠲᠷ ᠲᠤ ᠮᠤᠳᠤ ᠴᠡᠴᠡᠭ ᠬᠠᠷᠠᠭᠳᠠᠵᠦ᠂ 500 ᠮᠧᠲᠷ ᠲᠤ ᠴᠡᠴᠡᠷᠯᠢᠭ ᠦᠵᠡᠭᠳᠡᠬᠦ︾ ᠥᠩᠬᠡ ᠥᠵᠡᠮᠵᠢ ᠎ ᠶᠢ ᠪᠡᠶᠡᠯᠡᠭᠦᠯᠵᠦ᠂ ᠨᠢᠬᠡᠨᠲᠡ ᠪᠠᠶᠢᠭᠤᠯᠣᠭᠰᠠᠨ ᠥᠢᠵᠢᠭᠤᠯᠣᠯᠲᠠ ᠶᠢᠨ ᠪᠦᠷᠬᠦᠯᠲᠡ ᠶᠢᠨ ᠨᠣᠷᠮ᠎ᠠ᠂ ᠨᠣᠭᠤᠭᠠᠨ ᠭᠠᠵᠠᠷ ᠤᠨ ᠨᠣᠷᠮ᠎ᠠ᠂ ᠬᠥᠮᠥᠨ ᠪᠥᠷᠢ ᠳᠤ ᠲᠡᠭᠰᠢᠳᠬᠡᠭᠰᠡᠨ ᠴᠡᠴᠡᠷᠯᠢᠭ ᠤᠨ ᠨᠣᠭᠤᠭᠠᠨ ᠭᠠᠵᠠᠷ ᠤᠨ ᠬᠡᠮᠵᠢᠶ᠎ᠡ ᠨᠢ ᠲᠣᠰ  ᠪᠥᠷᠢ 39.8%᠂  36.7%᠂ 28.6 ᠲᠡᠭᠰᠢ ᠲᠥᠷᠪᠡᠯᠵᠢᠨ ᠮᠧᠲᠷ  ᠬᠥᠷᠴᠣ᠂ ᠪᠦᠬᠦ ᠣᠯᠣᠰ ᠤᠨ ᠲᠣᠮᠲᠠᠴᠢ ᠪᠠᠷᠢᠮᠵᠢᠶ᠎ᠠ ᠠᠴᠠ ᠬᠡᠲᠥᠷᠢᠭᠰᠡᠨ ᠪᠠᠶᠢᠨ᠎ᠠ᠃ ︽ ᠭᠤᠷᠪᠠᠨ ᠠᠭᠤᠯᠠ ᠬᠤᠶᠠᠷ ᠭᠤᠤᠯ︾  ᠎ ᠨᠢ ᠬᠤᠲᠠ ᠶᠢᠨ ᠳᠥᠷᠢ ᠲᠥᠷᠬᠦ ᠪᠠ  ᠬᠢᠷᠢ ᠲᠥᠪᠰᠢᠨ ᠢ ᠲᠡᠬᠡᠭᠰᠢᠯᠡᠬᠦᠯᠬᠦ ᠪᠡᠯᠭᠡ ᠲᠡᠮᠳᠡᠭ ᠤᠨ ᠴᠢᠨᠠᠷᠲᠠᠢ ᠥᠵᠡᠮᠵᠢ ᠪᠣᠯᠪᠠ᠂ ᠪᠠᠢ ᠴᠢᠤᠸᠠᠨ ᠱᠠᠨ ᠠᠭᠤᠯᠠᠨ  ᠎ ᠤ ᠠᠮᠢ ᠠᠬᠤᠢ ᠶᠢ  ᠰᠡᠷᠬᠦᠬᠡᠨ ᠵᠠᠰᠠᠬᠤ  ᠵᠢᠴᠢ ᠴᠡᠴᠡᠷᠯᠢᠭ ᠪᠠᠶᠢᠭᠤᠯᠬᠤ ᠢᠨᠵᠧᠨᠧᠷᠢᠩ  ᠎ ᠨᠢ ︽ ᠲᠣᠮᠲᠠᠲᠣ ᠶᠢᠨ ᠰᠠᠭᠤᠭᠠᠯᠢ ᠠᠷᠠᠳ ᠤᠨ ᠣᠷᠴᠢᠨ ᠲᠤᠭᠤᠷᠢᠨ ᠤ  ᠱᠠᠩᠨᠠᠯ︾ ᠎ ᠢ ᠬᠥᠷᠲᠡᠵᠣ᠂ ᠨᠠᠷᠠᠰᠣᠨ ᠭᠤᠣᠯ ᠠᠮᠢ ᠠᠬᠤᠢ ᠶᠢᠨ ᠬᠥᠷᠢᠶᠡᠯᠡᠩ ᠨᠢ ᠥᠪᠡᠷᠲᠡᠬᠡᠨ ᠵᠠᠰᠠᠬᠤ ᠣᠷᠣᠨ ᠤ 3A ᠲᠡᠰ ᠤᠨ ᠵᠢᠭᠤᠯᠴᠢᠯᠠᠯ ᠤᠨ ᠭᠠᠵᠠᠷ ᠪᠠ ᠣᠰᠣᠨ ᠠᠰᠢᠭᠯᠠᠯᠲᠠ ᠶᠢᠨ ᠥᠵᠡᠮᠵᠢ ᠶᠢᠨ ᠭᠠᠵᠠᠷ ᠢᠶᠠᠷ ᠥᠨᠡᠯᠡᠭᠲᠡᠭᠰᠡᠨ ᠪᠠᠶᠢᠨ᠎ᠠ᠃ ᠡᠶᠢᠨᠬᠦ  ᠥᠢᠵᠢᠭᠤᠯᠣᠯᠲᠠ ᠶᠢᠨ ᠬᠤᠲᠠ᠂ ᠠᠮᠢ ᠠᠬᠤᠢ ᠶᠢᠨ ᠬᠤᠲᠠ᠂ ᠤᠷᠤᠰᠢᠨ ᠰᠠᠭᠤᠬᠤ ᠳᠤ ᠲᠠᠭᠠᠲᠠᠢ ᠬᠤᠲᠠ᠂ ᠥᠵᠡᠰᠬᠦᠯᠡᠩᠲᠣ  ᠬᠤᠲᠠ ᠪᠤᠯᠪᠠ᠃ 2016 ᠣᠨ ᠳᠤ ᠠᠮᠵᠢᠯᠲᠠᠲᠠᠢ ᠪᠠᠷ ᠣᠯᠣᠰ ᠤᠨ ᠲᠡᠰ ᠤᠨ ᠠᠮᠢ ᠠᠬᠤᠢ ᠶᠢᠨ ᠴᠡᠴᠡᠷᠯᠢᠭᠲᠦ ᠬᠤᠲᠠ ᠪᠠᠷ ᠡᠷᠬᠦᠮᠵᠢᠯᠡᠭᠲᠡᠪᠡ᠃     ᠲᠠᠪᠣᠨ ᠵᠢᠯ ᠤᠨ ᠲᠤᠷᠰᠢ᠂ ᠪᠢᠲᠡ ᠥᠷᠬᠡᠨ ᠣᠯᠠᠨ ᠠᠷᠠᠳ ᠲᠥᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠣ᠂ ᠠᠷᠠᠳ ᠤᠨ ᠠᠮᠢᠲᠣᠷᠠᠯ ᠢ ᠰᠠᠶᠢᠵᠢᠷᠠᠭᠤᠯᠬᠤ ᠶᠢ ᠲᠡᠷᠢᠬᠦᠨ ᠪᠠᠶᠢᠷᠢᠨ ᠳᠤ ᠲᠠᠯᠪᠢᠵᠤ᠂ ᠬᠠᠮᠲᠣᠪᠡᠷ ᠬᠥᠭᠵᠢᠨ᠂ ᠠᠷᠠᠳ ᠢᠷᠬᠡᠳ ᠤᠨ ᠬᠥᠷᠲᠡᠮᠵᠢ ᠶᠢᠨ ᠲᠥᠷᠥᠭᠲᠡᠯ ᠶᠡᠬᠡᠪᠡᠷ ᠲᠡᠭᠡᠭᠰᠢᠯᠡᠭᠰᠡᠨ ᠪᠠᠶᠢᠨ᠎ᠠ᠃ ᠡᠬᠦᠷᠢᠲᠡ ᠠᠷᠠᠳ ᠤᠨ ᠠᠮᠢᠲᠣᠷᠠᠯ ᠎ ᠢ ᠰᠠᠶᠢᠵᠢᠷᠠᠭᠤᠯᠬᠤ ᠶᠢ ᠵᠠᠰᠠᠭ ᠤᠨ ᠣᠷᠲᠣᠨ ᠤ ᠠᠵᠢᠯ ᠤᠨ  ᠡᠬᠦᠰᠥᠯᠲᠡ ᠶᠢᠨ ᠴᠡᠭ ᠪᠠ ᠲᠡᠬᠦᠰᠬᠡᠯ ᠤᠨ ᠴᠡᠭ ᠢᠶᠠᠨ  ᠪᠣᠯᠭᠠᠵᠣ᠂ ᠠᠷᠠᠳ ᠤᠨ ᠭᠤᠣᠯ ᠪᠣᠯᠬᠤ ᠠᠮᠢᠲᠣᠷᠠᠯ ᠤᠨ ᠵᠠᠷᠤᠳᠠᠯ ᠢ ᠤᠷᠢᠳᠴᠢᠯᠠᠨ ᠪᠠᠲᠤᠯᠠᠨ᠂ ᠲᠠᠪᠣᠨ ᠵᠢᠯ ᠥᠷᠬᠦᠯᠵᠢᠯᠡᠨ᠂ ᠡᠳ᠋ ᠤᠨ ᠵᠠᠰᠠᠭ ᠠᠴᠠ ᠠᠷᠠᠳ ᠤᠨ ᠠᠮᠢᠲᠣᠷᠠᠯ ᠪᠠ ᠨᠡᠶᠢᠬᠡᠮ ᠤᠨ ᠠᠵᠢᠯ ᠥᠢᠯᠡᠰ ᠲᠤ ᠵᠠᠷᠣᠴᠠᠭᠤᠯᠣᠭᠰᠠᠨ ᠵᠠᠷᠣᠲᠠᠯ ᠨᠢ ᠡᠳ᠋ ᠤᠨ ᠵᠠᠰᠠᠭ ᠤᠨ ᠶᠡᠷᠥᠩᠬᠡᠢ ᠵᠠᠷᠣᠲᠠᠯ ᠤᠨ 80%᠎ ᠠᠴᠠ ᠳᠡᠭᠡᠭᠰᠢᠬᠢ ᠡᠵᠡᠯᠡᠵᠣ ᠂ ᠣᠯᠠᠨ ᠠᠷᠪᠢᠨ ᠠᠷᠠᠳ ᠤᠨ ᠠᠮᠢᠲᠣᠷᠠᠯ ᠤᠨ ᠢᠨᠵᠧᠨᠧᠷᠢᠩ ᠢ ᠬᠡᠷᠡᠭᠵᠢᠬᠦᠯᠥᠭᠰᠡᠨ ᠪᠠᠶᠢᠨ᠎ᠠ᠃ ᠶᠠᠲᠠᠭᠤ ᠎ ᠠᠴᠠ ᠠᠩᠬᠢᠵᠢᠷᠠᠭᠤᠯᠬᠤ ᠪᠣᠭᠤᠮᠲᠠ ᠰᠢᠪᠲᠣᠯᠬᠤ ᠶᠢ ᠬᠦᠴᠦᠲᠠᠢ ᠠᠬᠢᠭᠤᠯᠪᠠ᠃ ᠶᠠᠲᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠣᠯᠬᠤ ᠶᠢ ᠬᠠᠮᠤᠭ ᠬᠥᠨᠲᠣ ᠣᠯᠣᠰ ᠲᠥᠷᠥ ᠶᠢᠨ ᠡᠬᠦᠷᠬᠡ᠂ ᠬᠠᠮᠤᠭ ᠶᠡᠭᠡ ᠠᠷᠠᠳ ᠤᠨ ᠠᠮᠢᠲᠣᠷᠠᠯ ᠤᠨ ᠢᠨᠵᠧᠨᠧᠷᠢᠩ ᠪᠣᠯᠭᠠᠬᠤ ᠶᠢ ᠪᠠᠷᠢᠮᠲᠠᠯᠠᠵᠣ᠂ ᠪᠠᠶᠢᠭᠤᠯᠤᠮᠵᠢ ᠪᠠᠨ ᠲᠡᠬᠦᠯᠲᠡᠷᠵᠢᠬᠦᠯᠵᠤ᠂ ᠠᠷᠭ᠎ᠠ ᠪᠠᠷᠢᠯ ᠢᠶᠠᠨ ᠰᠠᠶᠢᠵᠢᠷᠠᠭᠤᠯᠵᠣ᠂ ᠤᠨᠢᠨ ᠲᠡᠬᠡᠷ᠎ᠡ ᠨᠢ ᠶᠠᠲᠠᠭᠤ ᠶᠢ ᠲᠡᠳᠬᠦᠵᠥ ᠶᠠᠲᠠᠭᠤ ᠠᠴᠠ ᠠᠩᠭᠢᠵᠢᠷᠠᠭᠤᠯᠬᠤ ᠡᠯ᠎ᠡ ᠵᠥᠢᠯ ᠤᠨ ᠲᠥᠷᠥ ᠶᠢᠨ ᠪᠣᠲᠣᠯᠭ᠎ᠠ ᠶᠢ ᠪᠥᠬᠦ ᠲᠠᠯ᠎ᠠ ᠪᠠᠷ ᠨᠡᠶᠢᠲᠠᠪᠣᠷᠢᠵᠢᠭᠤᠯᠵᠣ᠂ ᠶᠠᠲᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠣᠯᠬᠤ ᠥᠷ᠎ᠡ ᠪᠥᠲᠥᠮᠵᠢ ᠱᠠᠲᠣ ᠥᠶ᠎ᠡ ᠶᠢᠨ ᠴᠢᠨᠡᠷᠲᠠᠢ  ᠠᠮᠵᠢᠯᠲᠠ ᠣᠯᠣᠭᠰᠠᠨ ᠪᠠᠶᠢᠨ᠎ᠠ᠃ ᠲᠠᠪᠣᠨ ᠵᠢᠯ ᠤᠨ ᠲᠤᠷᠰᠢ᠂ 894 ᠡᠷᠥᠬᠡ ᠠᠶᠢᠯ 1813 ᠬᠥᠮᠥᠨ ᠲᠣᠭᠲᠠᠪᠣᠷᠢᠲᠠᠢ ᠶᠠᠲᠠᠭᠤ ᠠᠴᠠ ᠠᠩᠬᠢᠵᠢᠷᠠᠭᠰᠠᠨ ᠪᠠᠶᠢᠨ᠎ᠠ᠃ ᠠᠵᠢᠯ ᠤᠯᠭᠤᠵᠦ ᠠᠳᠠᠯ ᠤᠶᠢᠯᠡᠰ ᠪᠤᠰᠬᠠᠬᠤ ᠶᠢ ᠬᠦᠴᠦᠲᠠᠢ ᠠᠬᠢᠭᠤᠯᠣᠭᠰᠠᠨ ᠪᠠᠶᠢᠨ᠎ᠠ᠃ ᠠᠵᠢᠯ ᠣᠯᠭᠤᠯᠲᠠ ᠶᠢᠨ ᠲᠥᠷᠥ ᠶᠢᠨ ᠪᠣᠲᠣᠯᠭ᠎ᠠ ᠶᠢ ᠢᠳᠡᠪᠬᠢᠲᠠᠢ ᠬᠡᠷᠡᠭᠵᠢᠬᠦᠯᠵᠥ᠂ ᠥᠢᠯᠡᠰ ᠪᠣᠰᠬᠠᠬᠤ ᠶᠢ ᠳᠠᠶᠢᠴᠢᠯᠠᠬᠤ᠂ ᠠᠵᠢᠯ ᠣᠯᠭᠤᠯᠲᠠ ᠶᠢᠨ ᠳᠠᠰᠬᠠᠯᠵᠢᠭᠤᠯᠤᠯᠲᠠ ᠬᠢᠬᠦ᠂ ᠵᠢᠬᠡᠯᠡᠯᠬᠡ ᠠᠪᠴᠣ ᠶᠠᠲᠠᠭᠤ ᠶᠢ ᠲᠡᠳᠬᠦᠬᠦ ᠵᠡᠷᠬᠡ ᠣᠯᠠᠨ ᠠᠷᠭ᠎ᠠ ᠬᠡᠮᠵᠢᠶ᠎ᠡ ᠠᠪᠴᠣ᠂ ᠲᠠᠪᠣᠨ ᠵᠢᠯ ᠤᠨ ᠬᠤᠭᠤᠷᠣᠨᠲᠣ 6.8 ᠲᠥᠮᠡᠨ ᠰᠢᠨ᠎ᠡ ᠠᠵᠢᠯ ᠣᠯᠣᠭᠰᠠᠳ ᠨᠡᠮᠡᠭᠲᠡᠭᠰᠡᠨ ᠪᠠᠶᠢᠨ᠎ᠠ᠃ ᠬᠤᠲᠠ ᠪᠠᠯᠭᠠᠰᠣ ᠳᠤ ᠲᠠᠩᠰᠠᠯᠠᠭᠰᠠᠨ ᠠᠵᠢᠯ ᠠᠯᠳᠠᠬᠤ ᠨᠣᠷᠮ᠎ᠠ ᠶᠢ 4%᠎ ᠶᠢᠨ ᠲᠣᠲᠣᠷ᠎ᠠ ᠬᠢᠵᠠᠭᠠᠷᠯᠠᠭᠰᠠᠨ ᠪᠠᠶᠢᠨ᠎ᠠ᠃ ᠬᠠᠮᠲᠣ ᠪᠠᠷ ᠥᠢᠯᠡᠰ ᠪᠣᠰᠬᠠᠬᠤ ᠲᠣᠮᠣ ᠠᠰᠠᠷ ᠬᠡᠷᠡᠭᠯᠡᠯᠲᠡ ᠳᠤ ᠤᠷᠤᠵᠦ᠂ ᠠᠮᠵᠢᠯᠲᠠ ᠎ ᠲᠠᠢ ᠪᠠᠷ ᠣᠷᠣᠨ ᠤ ᠲᠡᠰ ᠤᠨ ᠥᠢᠯᠡᠰ ᠪᠣᠰᠬᠠᠬᠤ ᠢᠨᠵᠧᠨᠧᠷᠢᠩ ᠤᠨ ᠬᠤᠰᠢᠭᠤ ᠰᠢᠶᠠᠨ ᠪᠠ ᠣᠯᠣᠰ ᠤᠨ  ᠲᠡᠰ ᠤᠨ ᠨᠣᠲᠤᠭ ᠲᠠᠭᠠᠨ ᠪᠣᠴᠠᠵᠣ ᠥᠢᠯᠡᠰ ᠪᠣᠰᠬᠠᠬᠤ ᠲᠣᠷᠰᠢᠯᠲᠠ ᠶᠢᠨ ᠬᠤᠲᠠ ᠪᠠᠷ ᠥᠨᠡᠯᠡᠭᠲᠡᠪᠡ᠃ ᠠᠷᠠᠳ ᠤᠨ ᠠᠮᠢᠲᠣᠷᠠᠯ ᠢ ᠪᠠᠲᠣᠯᠠᠬᠤ ᠲᠣᠣᠷ ᠢᠶᠠᠨ ᠪᠠᠲᠣ ᠪᠠᠬᠢ  ᠪᠣᠯᠭᠠᠪᠠ᠃ ᠬᠤᠲᠠ ᠬᠥᠲᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ ᠲᠥᠷᠢᠮ ᠢ ᠪᠥᠬᠦ ᠲᠠᠯ᠎ᠠ ᠪᠠᠷ ᠪᠦᠷᠬᠦᠭᠦᠯᠵᠦ᠂ ᠲᠠᠪᠣᠨ ᠵᠢᠯ ᠲᠠᠷᠠᠭᠠᠯᠠᠨ᠂ ᠠᠵᠣ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ ᠠᠵᠢᠯᠲᠠᠳ ᠤᠨ ᠠᠰᠠᠷᠠᠮᠵᠢ ᠶᠢᠨ ᠮᠥᠩᠬᠦ ᠶᠢ ᠳᠡᠭᠡᠭᠰᠢᠯᠡᠭᠦᠯᠪᠡ᠃ ᠬᠤᠲᠠ ᠬᠦᠳᠡᠭᠡ ᠶᠢᠨ ᠳᠤᠤᠷ᠎ᠠ ᠪᠠᠲᠤᠯᠠᠭᠠᠲᠤ ᠮᠥᠩᠬᠦ ᠶᠢ ᠵᠢᠯ ᠲᠠᠷᠠᠭᠠᠯᠠᠨ ᠨᠡᠮᠡᠭᠳᠡᠭᠦᠯᠵᠦ᠂ ᠪᠠᠲᠤᠯᠠᠭᠠᠲᠤ ᠮᠥᠩᠭᠦ ᠶᠢ ᠨᠠᠶᠢᠲᠡ 7.7 ᠳ᠋ᠥᠩᠰᠢᠭᠤᠷ ᠲᠦᠭᠦᠷᠢᠭ ᠲᠠᠷᠬᠠᠭᠠᠵᠦ᠂ 3 ᠲᠥᠮᠨ ᠣᠷᠴᠢᠮ ᠤᠨ ᠳᠤᠤᠷ᠎ᠠ ᠪᠠᠲᠤᠯᠠᠭᠠᠲᠤ ᠬᠦᠮᠦᠰ ᠤᠨ ᠦᠨᠳᠦᠰᠦᠨ ᠠᠮᠢᠲᠣᠷᠠᠯ  ᠎ ᠢ ᠵᠤᠬᠢᠰᠲᠠᠢ ᠪᠠᠲᠤᠯᠠᠪᠠ ᠃ ᠲᠠᠪᠣᠨ ᠵᠢᠯ ᠤᠨ ᠲᠤᠷᠰᠢ᠂ ᠡᠮᠴᠢᠯᠡᠬᠡᠨ ᠤ ᠠᠰᠠᠷᠠᠮᠵᠢ ᠶᠢᠨ ᠮᠥᠩᠬᠦ᠂ ᠲᠥᠷ ᠴᠠᠭ ᠤᠨ ᠠᠰᠠᠷᠠᠮᠵᠢ ᠶᠢᠨ ᠮᠥᠩᠬᠦ᠂  ᠡᠪᠥᠯ ᠤᠨ ᠨᠡᠬᠦᠷᠡᠰᠥ ᠠᠪᠬᠤ ᠲᠡᠳᠬᠦᠮᠵᠢ ᠶᠢᠨ ᠮᠥᠩᠬᠦ᠂ ᠠᠮᠢᠲᠣᠷᠠᠯ ᠤᠨ ᠳᠣᠣᠷ᠎ᠠ ᠪᠠᠲᠤᠯᠠᠭᠠᠲᠤ ᠬᠡᠷ ᠪᠥᠯᠢ ᠶᠢᠨ ᠤᠶᠤᠲᠠᠳ ᠎ ᠲᠤ ᠵᠣᠷᠢᠭᠤᠯᠣᠭᠰᠠᠨ ᠰᠣᠷᠣᠯᠭ᠎ᠠ ᠶᠢᠨ ᠲᠡᠳᠬᠦᠮᠵᠢ ᠶᠢᠨ ᠮᠥᠩᠬᠦ ᠶᠢ ᠨᠡᠶᠢᠲᠠ 1.5 ᠳ᠋ᠥᠩᠰᠢᠭᠤᠷ ᠲᠥᠬᠦᠷᠢᠭ ᠲᠠᠷᠬᠠᠭᠠᠨ ᠥᠭᠬᠦᠭᠰᠡᠨ ᠪᠠᠶᠢᠨ᠎ᠠ᠃ 80 ᠨᠠᠰᠤᠨ ᠠᠴᠠ  ᠲᠡᠭᠡᠭᠰᠢᠬᠢ ᠨᠠᠰᠣᠲᠠᠶᠢᠴᠣᠳ ᠲᠤ ᠥᠨᠲᠥᠷ ᠨᠠᠰᠣᠨ ᠤ ᠠᠰᠠᠷᠠᠮᠵᠢ ᠶᠢᠨ ᠮᠥᠩᠬᠦ ᠲᠠᠷᠬᠠᠭᠠᠵᠣ᠂ ᠲᠥᠪᠯᠡᠷᠡᠩᠬᠦᠢ ᠪᠠ ᠲᠠᠷᠬᠠᠢ ᠪᠤᠲᠠᠷᠬᠠᠢ ᠬᠠᠩᠭᠠᠨ ᠲᠡᠵᠢᠬᠡᠬᠦ ᠲᠠᠪᠣᠨ ᠪᠠᠲᠣᠯᠭᠠᠲᠣ ᠡᠷᠥᠬᠡ ᠶᠢᠨ ᠲᠡᠵᠢᠬᠡᠨ ᠬᠠᠩᠭᠠᠬᠤ ᠪᠠᠷᠢᠮᠵᠢᠶ᠎ᠠ ᠶᠢ ᠳᠡᠭᠡᠭᠰᠢᠯᠡᠭᠦᠯᠪᠡ᠃  ᠰᠢᠨ᠎ᠡ ᠬᠥᠲᠡᠭᠡ ᠲᠣᠰᠬᠤᠨ ᠤ ᠬᠤᠷᠰᠢᠶᠠᠵᠢᠯ ᠤᠨ ᠥᠬᠡᠷᠡᠴᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠬᠥᠬᠡᠬᠤᠲᠠ ᠪᠣᠭᠤᠲᠣ ᠬᠤᠶᠠᠷ ᠣᠷᠣᠨ ᠤ ᠳᠠᠭᠠᠳᠬᠠᠯ ᠳᠤ ᠤᠷᠤᠬᠤ ᠪᠠ ᠡᠮᠨᠡᠯᠬᠡ ᠶᠢᠨ ᠵᠠᠷᠣᠲᠠᠯ ᠢ  ᠴᠠᠭ ᠲᠤᠬᠠᠢ ᠳᠤᠨᠢ ᠪᠣᠲᠣᠬᠤ ᠶᠢ ᠪᠡᠶᠡᠯᠡᠭᠦᠯᠵᠦ᠂ ᠲᠠᠪᠣᠨ ᠵᠢᠯ ᠲᠠᠷᠠᠭᠠᠯᠠᠨ ᠬᠤᠲᠠ ᠰᠢᠶᠠᠩ ᠤᠨ ᠰᠠᠭᠤᠭᠠᠯᠢ ᠠᠷᠠᠳ ᠤᠨ ᠡᠮᠴᠢᠯᠡᠬᠡᠨ ᠤ ᠲᠠᠭᠠᠳᠬᠠᠯ ᠤᠨ ᠲᠡᠳᠬᠦᠮᠵᠢ ᠶᠢᠨ ᠮᠦᠩᠭᠦ ᠶᠢᠨ ᠪᠠᠷᠢᠮᠵᠢᠶ᠎ᠠ ᠶᠢ ᠲᠡᠬᠡᠭᠰᠢᠯᠡᠬᠦᠯᠥᠭᠰᠡᠨ ᠪᠠᠶᠢᠨ᠎ᠠ᠃ ᠤᠷᠤᠨ ᠰᠠᠭᠤᠴᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠥᠷᠬᠡᠳᠬᠡᠪᠡ᠃  ᠬᠤᠲᠠ ᠶᠢᠨ ᠲᠦᠪ ᠤᠨ ᠲᠤᠭᠤᠷᠢᠨ ᠳᠤ ᠬᠥᠷᠢᠶ᠎ᠡ ᠬᠡᠪᠴᠢᠶ᠎ᠡ ᠪᠠᠷ ᠬᠠᠮᠤᠭ ᠥᠷᠬᠡᠨ᠂ ᠬᠥᠴᠥᠯᠡᠴᠡ ᠪᠠᠷ ᠬᠠᠮᠤᠭ ᠶᠡᠭᠡ᠂ ᠪᠡᠯᠡ ᠤᠷᠤᠭᠤᠯᠤᠯᠲᠠ ᠪᠠᠷ ᠬᠠᠮᠤᠭ ᠠᠷᠪᠢᠨ ᠪᠥᠷᠬᠡ  ᠎ ᠶᠢᠨ ᠲᠤᠭᠤᠷᠢᠭ ᠢ ᠵᠠᠰᠠᠨ ᠦᠭᠡᠷᠡᠴᠢᠯᠡᠬᠦ ᠪᠠ ᠪᠠᠲᠣᠯᠭᠠᠲᠣ ᠴᠢᠨᠠᠷᠲᠠᠢ ᠰᠠᠭᠤᠭᠠᠯᠢ ᠲᠣᠭᠤᠷᠢᠭ ᠤᠨ ᠢᠨᠵᠧᠨᠧᠷᠢᠩ ᠢ ᠪᠠᠶᠢᠭᠤᠯᠤᠭᠰᠠᠨ ᠪᠠᠶᠢᠨ᠎ᠠ᠂ ᠲᠠᠪᠣᠨ ᠵᠢᠯ ᠤᠨ ᠲᠤᠷᠰᠢ᠂ 635 ᠲᠥᠮᠡᠨ ᠲᠡᠭᠰᠢ ᠲᠥᠷᠪᠡᠯᠵᠢᠨ ᠮᠧᠲᠷ ᠪᠥᠷᠬᠡ ᠶᠢᠨ ᠲᠤᠭᠤᠷᠢᠭ ᠢ ᠦᠭᠡᠷᠡᠴᠢᠯᠡᠵᠦ᠂ 315 ᠲᠥᠮᠡᠨ ᠲᠡᠭᠰᠢ ᠲᠥᠷᠪᠡᠯᠵᠢᠨ ᠮᠧᠲᠷ ᠢ ᠡᠵᠡᠯᠡᠬᠦ 3 ᠲᠥᠮᠡᠨ ᠡᠷᠥᠬᠡ ᠪᠠᠲᠣᠯᠭᠠᠲᠣ ᠭᠡᠷ ᠪᠠᠶᠢᠰᠢᠩ ᠢ ᠪᠥᠲᠥᠬᠡᠨ ᠪᠠᠶᠢᠭᠤᠯᠵᠣ᠂ ᠬᠢᠮᠲᠠᠬᠠᠨ ᠪᠠᠷ ᠭᠡᠷ ᠪᠠᠶᠢᠰᠢᠩ ᠲᠥᠷᠢᠶᠡᠰᠥᠯᠡᠬᠦ ᠲᠡᠳᠬᠦᠮᠵᠢ ᠶᠢᠨ ᠮᠥᠩᠬᠦ  ᠶᠢ 0.5 ᠳ᠋ᠥᠩᠰᠢᠭᠤᠷ ᠲᠦᠭᠦᠷᠢᠭ ᠲᠠᠷᠬᠠᠭᠠᠵᠦ᠂ ᠬᠥᠲᠡᠭᠡ ᠲᠣᠰᠬᠤᠨ ᠤ 3700 ᠡᠷᠥᠬᠡ ᠠᠶᠣᠯᠲᠠᠢ ᠬᠡᠷ ᠪᠠᠶᠢᠰᠢᠩ ᠢ ᠥᠬᠡᠷᠡᠴᠢᠯᠡᠨ ᠪᠠᠶᠢᠭᠤᠯᠵᠦ᠂ ᠬᠠᠭᠤᠴᠢᠷᠠᠭᠰᠠᠨᠨ ᠰᠠᠭᠤᠭᠠᠯᠢ ᠲᠣᠭᠤᠷᠢᠭ ᠤᠨ ᠡᠨᠧᠷᠭᠢ ᠠᠷᠪᠢᠯᠠᠬᠤ ᠥᠬᠡᠷᠡᠴᠢᠯᠡᠯᠲᠠ 160 ᠲᠥᠮᠡᠨ ᠲᠡᠭᠰᠢ ᠲᠥᠷᠪᠡᠯᠵᠢᠨ ᠮᠧᠲᠷ ᠲᠤ ᠬᠦᠷᠪᠡ  ᠃ 181.9 ᠲᠥᠮᠡᠨ ᠲᠡᠭᠰᠢ ᠲᠥᠷᠪᠡᠯᠵᠢᠨ ᠮᠧᠲᠷ ᠢ ᠡᠵᠡᠯᠡᠬᠦ 1.5 ᠲᠥᠮᠡᠨ ᠥᠯᠡᠲᠡᠭᠲᠡᠯ ᠪᠠᠶᠢᠰᠢᠩ ᠪᠠ 122.4 ᠲᠦᠮᠡᠨ ᠲᠡᠭᠰᠢ ᠳᠦᠷᠪᠡᠯᠵᠢᠨ ᠮᠧᠲᠷ ︽ᠳᠠᠷᠤᠭᠳᠠᠨ ᠬᠲᠠᠭᠠᠯᠠᠭᠲᠠᠵᠣ︾ ᠪᠠᠶᠢᠭ᠎ᠠ ᠪᠠᠶᠢᠰᠢᠩ ᠶᠢ ᠪᠠᠭᠤᠷᠠᠭᠤᠯᠪᠠ᠂ ᠣᠷᠣᠨ ᠎ ᠳᠤᠨᠢ ᠪᠠᠶᠢᠷᠢᠰᠢᠭᠤᠯᠬᠤ ᠪᠠ ᠣᠨᠲᠣᠣ ᠭᠠᠵᠠᠷ ᠪᠠᠶᠢᠷᠢᠰᠢᠭᠤᠯᠬᠤ ᠵᠡᠷᠬᠡ ᠬᠡᠯᠪᠡᠷᠢ ᠪᠠᠷ ᠲᠠᠮᠵᠢᠨ᠂ ᠨᠢᠬᠡ ᠪᠥᠯᠥᠭ ᠣᠯᠠᠨ ᠵᠢᠯ ᠣᠷᠣᠨ ᠰᠠᠭᠤᠴᠠ ᠪᠠᠨ ᠣᠯᠤᠭ᠎ᠠ ᠦᠭᠡᠢ ᠬᠥᠮᠥᠰ ᠰᠢᠨ᠎ᠡ ᠬᠡᠷ ᠲᠤ ᠪᠠᠨ ᠨᠠᠬᠦᠵᠣ ᠣᠷᠣᠭᠰᠠᠨ ᠪᠠᠶᠢᠨ᠎ᠠ᠃    ᠲᠠᠪᠣᠨ ᠵᠢᠯ ᠤᠨ ᠲᠤᠷᠰᠢ᠂ ᠪᠢᠲᠡ ᠲᠥᠪᠯᠡᠷᠡᠬᠦᠯᠥᠨ ᠲᠥᠰᠥᠪᠯᠡᠵᠣ ᠪᠥᠬᠦᠨ ᠢ ᠬᠠᠮᠤᠷᠬᠤ  ᠂  ᠵᠣᠬᠢᠴᠠᠩᠭᠤᠢ ᠬᠥᠭᠵᠢᠬᠦ᠂ ᠵᠡᠷᠭᠡᠪᠡᠷ ᠲᠥᠯᠬᠢᠨ ᠠᠬᠢᠭᠤᠯᠬᠤ᠂ ᠨᠡᠶᠢᠬᠡᠮ ᠤᠨ ᠡᠯ᠎ᠡ ᠠᠵᠢᠯ ᠥᠢᠯᠡᠰ ᠪᠥᠬᠦ ᠲᠠᠯ᠎ᠠ ᠪᠠᠷ ᠤᠷᠤᠭᠰᠢᠯᠠᠬᠤ ᠶᠢ ᠪᠠᠷᠢᠮᠲᠠᠯᠠᠪᠠ᠃ ᠰᠣᠷᠭᠠᠨ ᠬᠥᠮᠥᠵᠢᠯ ᠢ ᠤᠷᠢᠳᠴᠢᠯᠠᠨ ᠬᠥᠭᠵᠢᠬᠦᠯᠬᠦ ᠶᠢ ᠪᠠᠷᠢᠮᠲᠠᠯᠠᠪᠠ᠃ ᠲᠠᠪᠣᠨ ᠵᠢᠯ ᠤᠨ ᠲᠤᠷᠰᠢ᠂ ᠰᠣᠷᠭᠠᠨ ᠬᠥᠮᠥᠵᠢᠯ ᠤᠨ ᠰᠠᠭᠤᠷᠢ ᠲᠥᠬᠦᠬᠡᠷᠥᠮᠵᠢ ᠶᠢᠨ ᠪᠥᠲᠥᠬᠡᠨ ᠪᠠᠶᠢᠭᠤᠯᠣᠯᠲᠠ ᠳᠤ ᠨᠡᠶᠢᠲᠠ 8.5 ᠳ᠋ᠥᠩᠰᠢᠭᠤᠷ ᠲᠦᠭᠦᠷᠢᠭ ᠪᠡᠯᠡ ᠣᠷᠣᠭᠤᠯᠵᠣ᠂ 31.6 ᠲᠥᠮᠡᠨ ᠲᠡᠭᠰᠢ ᠲᠥᠷᠪᠡᠯᠵᠢᠨ ᠮᠧᠲᠷ ᠰᠢᠨ᠎ᠡ ᠰᠣᠷᠣᠭᠴᠢ ᠶᠢᠨ ᠪᠠᠶᠢᠷᠢ ᠶᠢ ᠪᠠᠶᠢᠭᠤᠯᠵᠣ᠂  ᠰᠦᠯᠢᠶᠤᠤ ᠴᠠᠪᠠᠤ ᠶᠢᠨ ᠲᠠᠮᠢᠷ ᠤᠨ ᠲᠠᠯᠠᠪᠣᠷ 23᠎ ᠶᠢ ᠪᠠᠶᠢᠭᠤᠯᠵᠣ᠂ 9 ᠪᠠᠭ᠎ᠠ ᠰᠣᠷᠭᠠᠭᠤᠯᠢ ᠪᠠ 7 ᠬᠡᠣᠬᠡᠳ ᠤᠨ  ᠴᠡᠴᠡᠷᠯᠢᠭ ᠢ ᠲᠠᠷᠠᠭᠠᠯᠠᠨ ᠪᠠᠶᠢᠭᠤᠯᠣᠭᠰᠠᠨ ᠪᠥᠬᠡᠳ ᠡᠬᠢᠯᠡᠵᠣ ᠠᠵᠢᠯᠯᠠᠭᠰᠠᠨ ᠪᠠᠶᠢᠨ᠎ᠠ᠂ ᠪᠥᠬᠦ ᠨᠡᠶᠢᠬᠡᠮ ᠠᠴᠠ ᠨᠡᠶᠢᠲᠡ 1040 ᠣᠶᠣᠨᠲᠠᠳ ᠢ ᠣᠷᠢᠨ ᠠᠪᠴᠢᠷᠠᠵᠣ ᠨᠢᠬᠡᠲᠥᠬᠡᠷ ᠹᠷᠣᠨᠲ ᠤᠨ ᠵᠢᠭᠠᠨ ᠰᠣᠷᠭᠠᠯᠲᠠ ᠶᠢ ᠡᠷᠴᠢᠮᠵᠢᠬᠦᠯᠪᠡ᠃ ᠪᠠᠭᠰᠢ ᠶᠢᠨ ᠲᠣᠭᠤᠶᠢᠯᠠᠩ᠂ ᠰᠣᠷᠭᠠᠭᠤᠯᠢ ᠶᠢᠨ ᠵᠠᠬᠢᠷᠣᠯ ᠤᠨ ᠲᠣᠭᠤᠶᠢᠯᠠᠩ  ᠪᠠ ᠠᠩᠬᠢ ᠶᠢᠨ ᠬᠡᠷ ᠤᠨ ᠰᠣᠷᠭᠠᠨ ᠬᠥᠮᠥᠵᠢᠯ ᠤᠨ ︽ᠭᠤᠷᠪᠠᠨ ᠥᠬᠡᠷᠡᠴᠢᠯᠡᠯᠲᠡ︾᠎ ᠶᠢ  ᠪᠥᠬᠦ ᠲᠠᠯ᠎ᠠ ᠪᠠᠷ ᠬᠡᠷᠡᠭᠵᠢᠬᠦᠯᠵᠥ᠂ ᠰᠣᠷᠭᠠᠨ ᠬᠥᠮᠥᠵᠢᠯ  ᠵᠢᠭᠠᠨ ᠰᠣᠷᠭᠠᠯᠲᠠ ᠶᠢᠨ ᠴᠢᠨᠡᠷ ᠴᠢᠨᠰᠠᠭ᠎ᠠ ᠳᠠᠰᠤᠷᠠᠯᠳᠠ ᠥᠬᠡᠢ ᠲᠡᠬᠡᠭᠰᠢᠯᠡᠵᠥ᠂  ᠤᠯᠤᠰ ᠠᠴᠠ ᠠᠯᠪᠠᠨ ᠵᠢᠷᠣᠮ ᠤᠨ ᠰᠣᠷᠭᠠᠨ ᠬᠥᠮᠥᠵᠢᠯ ᠤᠨ ᠲᠡᠩᠴᠡᠪᠥᠷᠢᠲᠠᠢ ᠬᠥᠭᠵᠢᠯᠲᠡ ᠶᠢ ᠰᠢᠯᠭᠠᠨ ᠪᠠᠶᠢᠴᠠᠭᠠᠵᠣ᠂ ᠪᠥᠬᠦ ᠬᠤᠲᠠ ᠶᠢᠨ ᠪᠠᠭ᠎ᠠ ᠲᠣᠮᠲᠠᠲᠣ ᠰᠣᠷᠭᠠᠭᠤᠯᠢ ᠶᠢᠨ  ᠰᠤᠷᠭᠠᠨ ᠬᠥᠮᠥᠵᠢᠯ ᠤᠨ ᠬᠤᠰᠢᠭᠤᠴᠢ ᠴᠡᠷᠢᠭ ᠪᠣᠯᠣᠭᠰᠠᠨ ᠪᠠᠶᠢᠨ᠎ᠠ᠃ ᠰᠣᠶᠣᠯ ᠲᠠᠮᠢᠷ ᠢᠶᠠᠷ ᠠᠷᠠᠳ ᠲᠤ ᠠᠰᠢᠭ ᠭᠥᠷᠲᠡᠬᠡᠬᠦ ᠢᠨᠵᠧᠨᠧᠷᠢᠩ ᠢ ᠬᠥᠨᠵᠡᠬᠡᠢ ᠥᠷᠨᠢᠬᠦᠯᠪᠡ᠃ ᠰᠣᠶᠣᠯ ᠤᠨ ᠪᠠᠶᠢᠭᠤᠯᠤᠮᠵᠢ ᠶᠢᠨ ᠥᠬᠡᠷᠡᠴᠢᠯᠡᠯᠲᠡ ᠶᠢ ᠤᠷᠤᠭᠰᠢᠲᠠᠢ ᠲᠥᠯᠬᠢᠨ ᠠᠬᠢᠭᠤᠯᠵᠣ᠂ ︽ᠲᠥᠮᠡᠨ ᠪᠥᠯᠬᠦᠮ ᠮᠢᠩᠭᠠᠨ ᠲᠠᠯᠠᠪᠣᠷ︾᠎ ᠤᠨ ᠠᠷᠠᠳ ᠲᠤ ᠠᠰᠢᠭ ᠬᠥᠷᠲᠡᠬᠡᠬᠦ ᠢᠨᠵᠧᠨᠧᠷᠢᠩ ᠢ ᠢᠲᠡᠪᠬᠢᠲᠠᠢ ᠥᠷᠨᠢᠬᠦᠯᠪᠡ᠃ ᠪᠠᠷᠢᠮᠲᠠᠲᠣ ᠺᠢᠨᠣ᠋ ︽ᠤᠯᠠᠭᠠᠨᠬᠦᠥ︾  ᠂ ᠥᠯᠢᠬᠡᠷᠲᠣ ᠺᠢᠨᠣ᠋ ︽ᠶᠦᠨ ᠱᠦ ᠪᠢ︾᠎ ᠶᠢᠨ ᠠᠩᠬ᠎ᠠ ᠥᠵᠡᠬᠦᠯᠬᠦ ᠶᠣᠰᠣᠯᠠᠯ ᠢ ᠠᠮᠵᠢᠯᠲᠠᠲᠠᠢ ᠡᠷᠬᠢᠯᠡᠪᠡ᠃ ︽ᠣᠯᠠᠭᠠᠨ ᠲᠣᠷᠰᠣᠮᠵᠢ᠂ ᠬᠥᠩᠬᠢᠨᠡᠮ᠎ᠡ ᠴᠡᠷᠢᠭ ᠤᠨ ᠲᠠᠭᠤᠯᠠᠯ︾  ᠬᠡᠬᠦ ᠬᠠᠯᠠᠮᠵᠢ ᠶᠢᠨ ᠲᠣᠭᠯᠠᠯᠲᠠ ᠪᠠ ᠲᠣᠮᠤ ᠦᠵᠡᠭᠳᠡᠯᠲᠦ ᠲᠠᠭᠤᠣ ᠪᠥᠵᠢᠭ ᠤᠨ ᠲᠣᠣᠯᠢᠰᠲᠣ ᠵᠦᠴᠦᠭᠡ ︽ᠪᠡᠷᠬᠡᠰᠢᠶᠡᠯᠲᠣ ᠵᠢᠨᠢᠩ ᠵᠠᠮ︾  ᠵᠡᠷᠬᠡ  ᠲᠣᠭᠯᠠᠯᠲᠠ ᠨᠢ ᠵᠢᠨᠢᠩ ᠤᠨ ᠨᠡᠷ᠎ᠡ ᠠᠯᠲᠠᠷ ᠢ ᠲᠡᠭᠡᠭᠰᠢᠯᠡᠬᠦᠯᠥᠭᠰᠡᠨ ᠪᠠᠶᠢᠨ᠎ᠠ᠃ ᠠᠷᠠᠳ ᠢᠷᠭᠡᠳ ᠬᠠᠮᠲᠣᠪᠡᠷ ᠪᠡᠶ᠎ᠡ ᠴᠢᠬᠢᠷᠠᠭᠵᠢᠭᠤᠯᠬᠤ ᠬᠥᠲᠡᠯᠬᠡᠬᠡᠨ ᠢ ᠥᠷᠨᠢᠬᠦᠯᠵᠣ᠂ 24 ᠬᠥᠯ ᠪᠥᠮᠪᠦᠭᠡ ᠶᠢᠨ ᠲᠡᠯᠡᠪᠣᠷ ᠪᠠ ᠰᠠᠭᠰᠣᠨ ᠪᠥᠮᠪᠦᠭᠡ ᠶᠢᠨ ᠲᠠᠯᠠᠪᠣᠷ ᠢ ᠪᠠᠶᠢᠭᠤᠯᠵᠣ᠂ 8 ᠰᠣᠷᠭᠠᠭᠤᠯᠢ ᠨᠢ ᠣᠯᠣᠰ ᠤᠨ ᠲᠡᠰ  ᠤᠨ ᠰᠣᠷᠭᠠᠭᠤᠯᠢ ᠶᠢᠨ ᠬᠥᠷᠢᠶᠠᠨ ᠤ ᠬᠥᠯ ᠪᠥᠮᠪᠦᠭᠡ ᠶᠢᠨ ᠥᠪᠡᠷᠮᠢᠴᠠ ᠰᠣᠷᠭᠠᠭᠤᠯᠢ ᠪᠠᠷ ᠰᠣᠩᠭᠤᠭᠲᠠᠪᠠ᠃  ︽ᠲᠦᠮᠡᠨ ᠬᠦᠮᠦᠨ ᠤ ᠶᠠᠪᠣᠭᠠᠨ ᠠᠯᠬᠤᠯᠲᠠ︾᠂ ︽ᠵᠢᠨᠢᠩ ᠤᠨ ᠪᠡᠶ᠎ᠡ ᠴᠢᠬᠢᠷᠠᠭᠵᠢᠭᠤᠯᠬᠤ ᠪᠥᠵᠢᠭ︾᠂ ︽ᠬᠤ᠋ ᠱᠠᠨ ᠬᠠᠪᠣᠷ︾ ᠵᠡᠷᠭᠡ ᠨᠢ ᠪᠥᠬᠦ ᠠᠷᠠᠳ ᠤᠨ ᠴᠢᠨᠠᠷᠲᠠᠢ ᠲᠠᠮᠢᠷ ᠣᠷᠠᠯᠢᠭ ᠤᠨ ᠬᠥᠲᠡᠯᠬᠡᠬᠡᠨ ᠤ ᠰᠣᠩᠭᠤᠲᠠᠭ ᠬᠥᠲᠡᠯᠬᠡᠬᠡᠨ ᠪᠣᠯᠵᠣ᠂ ︽ᠣᠯᠠᠨ ᠣᠯᠣᠰ ᠤᠨ ᠮᠠᠷᠠᠹᠣᠨ ᠭᠦᠶᠦᠯᠳᠡ ᠶᠢᠨ ᠲᠡᠮᠡᠴᠡᠬᠡᠨ︾᠎ ᠂ ᠲᠠᠯ᠎ᠠ ᠨᠣᠲᠤᠭ ᠤᠨ ᠪᠠ ᠬᠠ ᠲᠡᠷᠭᠡᠨ ᠤ ᠤᠷᠤᠯᠳᠤᠭᠠᠨ ᠵᠡᠷᠬᠡ  ᠬᠥᠲᠡᠯᠬᠡᠬᠡᠨ ᠢ ᠠᠮᠵᠢᠯᠲᠠᠲᠠᠢ ᠡᠷᠬᠢᠯᠡᠪᠡ᠃ ᠡᠮᠴᠢᠯᠡᠭᠡ ᠡᠷᠡᠬᠦᠯ ᠬᠠᠮᠠᠭᠠᠯᠠᠯ  ᠤᠨ ᠤᠶᠢᠯᠡᠰ ᠡᠷᠡᠬᠦᠯ ᠢᠶᠠᠷ ᠬᠥᠭᠵᠢᠪᠡ᠃ ᠲᠣᠭᠤᠷᠢᠭ  ᠂ ᠰᠢᠶᠠᠩ  ︵ᠵᠠᠬᠡᠯᠢ  ᠭᠤᠲᠣᠮᠵᠢ︶᠂ ᠲᠣᠰᠬᠤᠨ ︵ᠨᠡᠶᠢᠬᠡᠮ ᠲᠣᠭᠤᠷᠢᠭ︶ ᠭᠤᠷᠪᠠᠨ ᠲᠡᠰ ᠤᠨ ᠡᠷᠡᠬᠦᠯ ᠬᠠᠮᠠᠭᠠᠯᠠᠯ ᠠᠷᠢᠭᠤᠨ ᠴᠡᠪᠡᠷ ᠤᠨ ᠥᠢᠯᠡᠴᠢᠯᠡᠯᠬᠡᠨ  ᠎ ᠤ ᠰᠢᠰᠲ᠋ᠧᠮ ᠢ ᠣᠯᠠᠮ ᠨᠢᠬᠡ ᠠᠯᠬᠤᠮ ᠲᠡᠬᠦᠯᠲᠡᠷᠵᠢᠬᠦᠯᠵᠥ᠂ ᠦᠨᠳᠦᠰᠦᠨ ᠱᠠᠲᠤᠨ ᠤ ᠡᠮ ᠡᠮᠨᠡᠯᠭᠡ ᠶᠢᠨ ᠪᠠᠶᠢᠭᠤᠯᠤᠮᠵᠢ ᠪᠦᠬᠦᠨ ᠢ ᠪᠦᠷᠬᠦᠪᠡ᠃ ᠬᠤᠲᠠ ᠶᠢᠨ ᠭᠤᠷᠪᠠᠳᠤᠭᠠᠷ ᠡᠮᠨᠡᠯᠭᠡ ᠶᠢᠨ ᠬᠤᠷᠢᠶ᠎ᠠ ᠶᠢᠨ ᠰᠢᠨ᠎ᠡ ᠡᠮᠨᠡᠯᠭᠡ ᠶᠢᠨ ᠲᠤᠭᠤᠷᠢᠭ ᠬᠡᠷᠡᠭᠯᠡᠭᠡᠨ ᠳᠤ ᠤᠷᠤᠪᠠ᠃ ︽ᠪᠠᠭ᠎ᠠ ᠡᠪᠡᠳᠴᠢᠨ ᠢ ᠨᠡᠶᠢᠬᠡᠮ ᠲᠣᠭᠤᠷᠢᠭ ᠲᠤ ᠪᠠᠨ ᠵᠠᠰᠠᠵᠣ᠂ ᠶᠡᠭᠡ ᠡᠪᠡᠳᠴᠢᠨ ᠢ ᠰᠢᠶᠠᠨ ᠤ ᠲᠤᠭᠤᠷᠢᠭ ᠲᠤ ᠪᠠᠨ ᠵᠠᠰᠠᠬᠤ︾᠎ ᠪᠠᠷ ᠬᠠᠷᠠᠯᠲᠠ ᠪᠠᠨ ᠪᠣᠯᠭᠠᠵᠣ᠂ ᠠᠶᠢᠯ ᠡᠷᠦᠬᠡ ᠶᠢᠨ ᠡᠮᠴᠢ ᠶᠢᠨ ᠭᠡᠷᠡᠴᠢᠯᠡᠬᠦ ᠥᠢᠯᠡᠴᠢᠯᠡᠭᠡ ᠶᠢ ᠬᠡᠷᠡᠭᠵᠢᠬᠦᠯᠵᠥ᠂ ᠪᠥᠬᠦ ᠲᠠᠯ᠎ᠠ ᠪᠠᠷ ︽ᠡᠮᠨᠡᠯᠬᠡ ᠶᠢᠨ ᠬᠤᠯᠪᠣᠭᠠᠲᠣ ᠴᠣᠭᠴᠠ︾᠎ ᠶᠢᠨ ᠪᠥᠲᠥᠬᠡᠨ ᠪᠠᠶᠢᠭᠤᠯᠣᠯᠲᠠ ᠶᠢ ᠲᠥᠯᠬᠢᠨ ᠠᠬᠢᠭᠤᠯᠣᠶ᠎ᠠ᠃ ︽ᠠᠵᠣ ᠵᠢᠷᠭᠠᠯᠲᠣ ᠭᠡᠷ ᠪᠥᠯᠢ ᠪᠥᠲᠥᠬᠡᠨ ᠪᠠᠶᠢᠭᠤᠯᠬᠤ︾ ᠠᠵᠢᠯ ᠢ ᠬᠥᠨᠵᠡᠬᠡᠢ ᠥᠷᠨᠢᠬᠦᠯᠵᠥ᠂ ︽ᠬᠤᠶᠠᠳᠠᠬᠢ ᠬᠡᠣᠬᠡᠳ︾ ᠠᠪᠬᠤ ᠲᠥᠷᠥ ᠶᠢᠨ ᠪᠣᠲᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠦᠶ᠎ᠡ᠃ ᠨᠡᠶᠢᠬᠡᠮ ᠲᠣᠭᠤᠷᠢᠭ ᠤᠨ ᠪᠥᠲᠥᠬᠡᠨ ᠪᠠᠶᠢᠭᠤᠯᠣᠯᠲᠠ ᠢᠯᠡᠳᠲᠡ ᠠᠮᠵᠢᠯᠲᠠ ᠤᠯᠪᠠ  ᠃ 1000 ᠲᠡᠭᠰᠢ ᠲᠥᠷᠪᠡᠯᠵᠢᠨ ᠮᠧᠲᠷ ᠠᠴᠠ  ᠲᠡᠬᠡᠭᠰᠢᠬᠢ ᠥᠨᠲᠥᠷ ᠪᠠᠷᠢᠮᠵᠢᠶᠠᠨ ᠤ ᠲᠠᠯᠠᠪᠤᠷ 33 ᠪᠠᠶᠢᠵᠦ᠂ 410 ᠤᠶᠤᠳᠠᠳ ᠢ ᠨᠡᠶᠢᠬᠡᠮ ᠲᠣᠭᠤᠷᠢᠭ ᠤᠨ ᠨᠢᠬᠡᠲᠥᠬᠡᠷ ᠹᠠᠷᠤᠨᠲ ᠲᠤ ᠠᠵᠢᠯᠯᠠᠭᠤᠯᠵᠦ  ᠂ ᠴᠠᠯᠢᠩ ᠮᠥᠩᠬᠦ ᠨᠢ ᠰᠠᠷ᠎ᠠ ᠶᠢᠨ 500 ᠲᠥᠬᠦᠷᠢᠭ ᠠᠴᠠ 2775 ᠲᠥᠬᠦᠷᠢᠭ ᠪᠣᠯᠵᠣ ᠨᠡᠮᠡᠭᠲᠡᠪᠡ᠃ ᠨᠡᠶᠢᠬᠡᠮ ᠲᠣᠭᠤᠷᠢᠭ ᠤᠨ ᠢᠨᠲ᠋ᠧᠷᠨᠧᠲ ᠤᠨ ᠬᠠᠮᠢᠶᠠᠷᠣᠯᠲᠠ  ᠶᠢ ᠲᠥᠯᠬᠢᠨ ᠠᠬᠢᠭᠤᠯᠵᠣ᠂ ᠨᠡᠶᠢᠬᠡᠮ  ᠲᠣᠭᠤᠷᠢᠭ ᠤᠨ ᠠᠷᠠᠳ ᠲᠤ ᠥᠢᠯᠡᠴᠢᠯᠡᠬᠦ᠂ ᠵᠥᠷᠢᠴᠡᠯ ᠢ ᠰᠢᠢᠳᠪᠦᠷᠢᠯᠡᠬᠦ᠂ ᠨᠡᠶᠢᠬᠡᠮ ᠢ ᠬᠠᠮᠢᠶᠠᠷᠬᠤ ᠴᠢᠲᠠᠪᠣᠷᠢ ᠲᠠᠰᠣᠷᠠᠯᠲᠠ ᠥᠬᠡᠢ ᠳᠡᠭᠡᠭᠰᠢᠯᠡᠵᠦ᠂ ᠨᠡᠶᠢᠬᠡᠮ ᠲᠣᠭᠤᠷᠢᠭ ᠤᠨ  ᠪᠥᠲᠥᠬᠡᠨ ᠪᠠᠶᠢᠭᠤᠯᠣᠯᠲᠠ ᠥᠪᠡᠷᠲᠡᠬᠡᠨ ᠵᠠᠰᠠᠬᠤ ᠣᠷᠣᠨ ᠤ  ᠲᠡᠷᠢᠬᠦᠨ ᠡᠩᠨᠡᠬᠡᠨ ᠳᠤ ᠤᠷᠤᠪᠠ᠃ ︽ᠠᠮᠣᠷ ᠲᠠᠶᠢᠪᠣᠩ ᠬᠠᠣᠯᠢ ᠪᠠᠷ ᠵᠠᠰᠠᠭᠰᠠᠨ ᠵᠢᠨᠢᠩ ︾᠎  ᠎ ᠤᠨ ᠪᠠᠶᠢᠭᠤᠯᠤᠯᠲᠠ ᠶᠢ ᠢᠳᠡᠪᠬᠢᠲᠠᠢ ᠠᠬᠢᠭᠤᠯᠪᠠ᠃ ᠵᠠᠬᠢᠲᠠᠯ ᠰᠣᠷᠪᠣᠯᠵᠢᠯᠠᠭ᠎ᠠ ᠎ ᠶᠢᠨ ᠠᠵᠢᠯ ᠤᠨ ᠪᠠᠶᠢᠭᠤᠯᠤᠮᠵᠢ ᠶᠢ ᠰᠢᠨᠡᠳᠬᠡᠨ᠂ ᠲᠤᠭᠤᠷᠢᠭ ᠤᠨ ᠳᠡᠰ ᠤᠨ ᠤᠳᠤᠷᠢᠳᠤᠯᠭ᠎ᠠ ︽ᠥᠨᠲᠥᠰᠥᠨ ᠱᠠᠲᠣᠨ ᠳᠤ ᠪᠠᠭᠤᠵᠣ  ᠶᠡᠭᠡ  ᠰᠣᠷᠪᠣᠯᠵᠢᠯᠠᠭ᠎ᠠ ᠬᠥᠯᠢᠶᠠᠬᠦ︾ ᠪᠠ ︽ᠵᠠᠭᠤᠨ ᠬᠤᠨᠤᠭ ᠤᠨ ᠰᠢᠪᠲᠤᠯᠤᠯᠲᠠ︾᠎ ᠶᠢᠨ ᠬᠦᠳᠡᠯᠭᠡᠭᠡᠨ ᠢ ᠨᠢᠭᠡᠳᠦᠯᠲᠠᠢ ᠦᠷᠨᠢᠭᠦᠯᠵᠦ᠂ ᠨᠡᠶᠢᠬᠡᠮ ᠲᠣᠭᠤᠷᠢᠭ ᠤᠨ ᠵᠠᠰᠠᠨ ᠵᠥᠪᠲᠡᠬᠡᠬᠦ᠂ ᠰᠣᠷᠭᠠᠨ ᠬᠥᠮᠥᠵᠢᠯ ᠤᠨ ᠬᠠᠪᠰᠣᠷᠣᠮᠵᠢ  ᠲᠥᠪᠬᠢᠨᠡᠬᠦᠯᠬᠦ ᠵᠡᠷᠬᠡ ᠠᠵᠢᠯ  ᠣᠷᠣᠭᠰᠢᠲᠠᠢ ᠬᠢᠵᠤ᠂ ᠣᠯᠠᠨ ᠲᠥᠮᠡᠨ  ᠎ ᠤ ᠠᠰᠢᠭ  ᠲᠣᠰᠠ ᠲᠠᠢ ᠬᠤᠯᠪᠣᠭᠲᠠᠬᠤ ᠨᠢᠭᠡ ᠪᠥᠯᠥᠭ ᠵᠠᠬᠢᠲᠠᠯ ᠰᠣᠷᠪᠣᠯᠵᠢᠯᠠᠭ᠎ᠠ ᠶᠢᠨ ᠵᠥᠷᠢᠴᠡᠯ ᠪᠠ ᠠᠰᠠᠭᠤᠲᠠᠯ ᠢ ᠰᠶᠢᠳᠪᠥᠷᠢᠯᠡᠪᠡ᠃ ᠨᠡᠶᠢᠬᠡᠮ ᠤᠨ〈 ᠠᠮᠣᠷ ᠢ ᠪᠠᠲᠣᠯᠠᠬᠤ ᠪᠤᠱᠤᠭ᠎ᠠ ᠰᠡᠷᠭᠡᠶᠢᠯᠡᠨ ᠡᠵᠡᠮᠳᠡᠬᠦ ᠰᠢᠰᠲ᠋ᠧᠮ〉᠎ ᠢ ᠲᠡᠬᠦᠯᠲᠡᠷᠵᠢᠬᠦᠯᠥᠨ ᠰᠠᠶᠢᠵᠢᠷᠠᠭᠤᠯᠵᠣ  ᠂ ᠡᠯ᠎ᠡ ᠲᠥᠷᠥᠯ ᠤᠨ ᠶᠠᠯᠠᠲᠣ ᠠᠵᠢᠯᠯᠠᠭ᠎ᠠ ᠎ ᠳᠤ ᠬᠦᠨᠳᠦ ᠴᠤᠬᠢᠯᠲᠠ ᠦᠭᠴᠦ᠂ ᠡᠯ᠎ᠡ ᠲᠥᠷᠥᠯ ᠤᠨ ᠬᠠᠣᠯᠢ ᠠᠴᠠ ᠵᠥᠷᠢᠴᠡᠭᠰᠡᠨ ᠠᠵᠢᠯᠯᠠᠭ᠎ᠠ ᠶᠢ ᠮᠡᠲᠡᠭᠲᠡᠮ᠎ᠡ ᠪᠠᠭᠤᠷᠠᠭᠤᠯᠵᠣ᠂ ᠠᠷᠠᠳ ᠲᠥᠮᠡᠨ ᠤ ᠲᠠᠶᠢᠪᠣᠩ ᠰᠡᠳᠬᠢᠯᠬᠡ ᠮᠡᠲᠡᠭᠲᠡᠮ᠎ᠡ ᠴᠢᠩᠭᠠᠷᠠᠪᠠ᠃ ᠠᠮᠣᠷ ᠲᠥᠪᠰᠢᠨ   ᠤᠶᠢᠯᠡᠳᠪᠦᠷᠢᠯᠡᠯ ᠤᠨ ᠶᠡᠷᠥᠩᠬᠡᠢ ᠬᠢᠨᠠᠨ ᠬᠠᠮᠢᠶᠠᠷᠣᠯᠲᠠ ᠪᠠ ᠠᠵᠢᠯ ᠤᠶᠢᠯᠡᠰ ᠤᠨ ᠬᠢᠨᠠᠨ ᠬᠠᠮᠢᠶᠠᠷᠣᠯᠲᠠ ᠪᠠᠨ ᠪᠥᠬᠦ ᠲᠠᠯ᠎ᠠ ᠪᠠᠷ ᠴᠢᠩᠭᠠᠳᠬᠠᠵᠣ᠂ ᠠᠮᠣᠷ ᠲᠥᠪᠰᠢᠨ ᠤᠶᠢᠯᠡᠳᠪᠦᠷᠢᠯᠡᠯ ᠎ ᠤᠨ ᠪᠠᠶᠢᠲᠠᠯ ᠢ ᠳᠤᠭᠳᠠᠩᠭᠤᠢ ᠪᠤᠯᠭᠠᠪᠠ᠃ ᠲᠥᠪ ᠤᠨ ᠤᠷᠴᠢᠨ ᠲᠣᠭᠤᠷᠢᠨ ᠤ ᠬᠠᠮᠠᠭᠠᠯᠠᠯᠲᠠ ᠪᠠ ᠭᠠᠵᠠᠷ ᠰᠢᠷᠣᠢ ᠶᠢᠨ ᠬᠢᠨᠠᠨ ᠪᠠᠶᠢᠴᠠᠭᠠᠯᠲᠠ ᠶᠢᠨ  ᠬᠠᠷᠢᠭᠤ ᠰᠠᠨᠠᠯ ᠤᠨ ᠦᠭᠡᠷᠡᠴᠢᠯᠡᠨ ᠵᠠᠰᠠᠬᠤ ᠠᠵᠢᠯ ᠢ ᠬᠢᠨᠠᠮᠠᠭᠠᠢ ᠠᠳᠬᠤᠵᠣ᠂ ᠣᠷᠴᠢᠨ ᠲᠣᠭᠤᠷᠢᠨ ᠤ ᠬᠠᠣᠯᠢ ᠠᠴᠠ ᠵᠥᠷᠢᠴᠡᠭᠰᠡᠨ ᠠᠵᠢᠯᠯᠠᠭ᠎ᠠ ᠎ ᠳᠤ ᠬᠥᠨᠲᠣ ᠴᠣᠬᠢᠯᠲᠠ ᠥᠭᠴᠦ᠂ ᠠᠷᠠᠳ ᠲᠥᠮᠡᠨ ᠤ ᠰᠠᠶᠢᠨ ᠰᠠᠶᠢᠬᠠᠨ  ᠠᠵᠢᠯ ᠠᠮᠢᠲᠣᠷᠠᠯ ᠤᠨ ᠤᠷᠴᠢᠨ ᠲᠣᠭᠤᠷᠢᠨ ᠢ ᠴᠢᠷᠮᠠᠶᠢᠨ ᠬᠠᠩᠭᠠᠪᠠ᠃ ︽ ᠲᠠᠪᠣᠨ ᠬᠤᠲᠠ ᠶᠢ  ᠵᠡᠷᠬᠡᠪᠡᠷ ᠪᠠᠶᠢᠭᠤᠯᠬᠤ︾ ᠠᠵᠢᠯ ᠦᠷ᠎ᠡ ᠪᠦᠲᠦᠮᠵᠢ ᠤᠯᠪᠠ᠃ ︽ ᠲᠠᠪᠣᠨ ᠬᠤᠲᠠ ᠶᠢ ᠵᠡᠷᠬᠡᠪᠡᠷ ᠪᠠᠶᠢᠭᠤᠯᠬᠤ︾᠎  ᠠᠵᠢᠯ ᠢ ᠠᠷᠠᠳ ᠤᠨ ᠠᠮᠢᠲᠣᠷᠠᠯ ᠤᠨ ᠢᠨᠵᠧᠨᠧᠷᠢᠩ᠂ ᠬᠥᠭᠵᠢᠯᠲᠡ ᠶᠢᠨ ᠢᠨᠵᠧᠨᠧᠷᠢᠩ ᠪᠠ ᠣᠷᠴᠢᠨ ᠲᠣᠭᠤᠷᠢᠨ ᠤ ᠢᠨᠵᠧᠨᠧᠷᠢᠩ ᠪᠤᠯᠭᠠᠨ ᠠᠳᠬᠤᠵᠦ᠂ ᠪᠠᠶᠢᠭᠤᠯᠣᠯᠭ᠎ᠠ ᠨᠢᠬᠡᠴᠡ ᠪᠠ ᠠᠷᠠᠳ ᠣᠯᠠᠨ ᠬᠠᠮᠲᠣᠪᠡᠷ ᠪᠠᠶᠢᠭᠤᠯᠬᠤ ᠪᠠᠷ ᠲᠠᠮᠵᠢᠨ᠂ ᠬᠠᠮᠲᠣᠪᠡᠷ ᠬᠤᠲᠠ ᠪᠠᠶᠢᠭᠤᠯᠬᠤ ᠶᠡᠭᠡ ᠬᠥᠴᠥᠨ ᠢ ᠬᠤᠷᠠᠮᠲᠣᠭᠤᠯᠪᠠ᠃ ᠣᠯᠣᠰ ᠤᠨ ᠣᠢ ᠰᠢᠭᠤᠢ ᠶᠢᠨ ᠬᠤᠲᠠ᠂ ᠣᠯᠣᠰ ᠤᠨ ᠠᠷᠢᠭᠤᠨ ᠴᠡᠪᠡᠷ ᠤᠨ ᠬᠤᠲᠠ ᠶᠢ ᠠᠮᠵᠢᠯᠲᠠ ᠲᠠᠢ ᠪᠥᠲᠥᠬᠡᠨ ᠪᠠᠶᠢᠭᠤᠯᠵᠣ᠂ ᠣᠯᠣᠰ ᠤᠨ ᠪᠣᠯᠪᠠᠰᠤᠨ ᠬᠤᠲᠠ ᠶᠢᠨ ᠪᠠᠶᠢᠴᠠᠭᠠᠨ ᠰᠢᠯᠭᠠᠯᠲᠠ ᠶᠢ ᠭᠤᠷᠪᠡᠨ ᠵᠢᠯ ᠬᠥᠯᠢᠶᠠᠨ ᠠᠪᠴᠣ᠂ ᠣᠯᠣᠰ ᠤᠨ ᠢᠳᠡᠭᠡᠨ ᠤ ᠠᠮᠣᠷ ᠲᠥᠪᠰᠢᠨ ᠤ ᠵᠢᠱᠢᠶᠡᠴᠢ ᠬᠤᠲᠠ ᠪᠠ ᠤᠷᠴᠢᠨ ᠲᠣᠭᠤᠷᠢᠨ ᠢ ᠬᠠᠮᠠᠭᠠᠯᠠᠬᠤ ᠵᠢᠱᠢᠶᠡᠴᠢ ᠬᠤᠲᠠ ᠶᠢ ᠪᠥᠲᠥᠬᠡᠨ ᠪᠠᠶᠢᠭᠤᠯᠬᠤ ᠲᠣᠬᠠᠢ ᠠᠵᠢᠯᠯᠠᠭ᠎ᠠ ᠢᠲᠡᠪᠬᠢᠲᠠᠢ ᠶᠠᠪᠣᠭᠲᠠᠵᠣ ᠪᠠᠶᠢᠨ᠎ᠠ᠃ ︽ᠲᠠᠪᠣᠨ ᠬᠤᠲᠠ ᠶᠢ ᠵᠡᠷᠬᠡᠪᠡᠷ ᠪᠠᠶᠢᠭᠤᠯᠬᠤ︾ ᠎ ᠶᠢ ᠪᠣᠲᠠᠲᠠᠢ ᠬᠡᠷᠡᠭᠵᠢᠬᠦᠯᠥᠭᠰᠡᠨ ᠨᠢ ᠬᠤᠲᠠ ᠶᠢᠨ ᠣᠷᠴᠢᠨ ᠲᠣᠭᠤᠷᠢᠨ ᠳᠤ ᠶᠡᠭᠡ  ᠬᠤᠪᠢᠷᠠᠯᠲᠠ ᠭᠠᠷᠴᠣ᠂ ᠬᠤᠲᠠ ᠶᠢᠨ ᠲᠥᠷᠢ ᠲᠥᠷᠬᠦ ᠶᠡᠬᠡᠪᠡᠷ ᠰᠠᠶᠢᠵᠢᠷᠠᠵᠣ᠂ ᠬᠤᠲᠠ ᠶᠢᠨ ᠪᠣᠯᠪᠠᠰᠣᠨ ᠤ ᠬᠡᠮᠵᠢᠶ᠎ᠠ ᠶᠡᠬᠡᠪᠡᠷ ᠲᠡᠬᠡᠭᠰᠢᠯᠡᠭᠰᠡᠨ ᠪᠠᠶᠢᠨ᠎ᠠ᠃ ᠠᠷᠠᠳ ᠣᠯᠠᠨ ᠣᠯᠠᠮ ᠵᠣᠯ ᠵᠢᠷᠭᠠᠯᠲᠠᠢ᠂ ᠣᠯᠣᠯᠲᠠ ᠠᠮᠵᠢᠯᠲᠠ  ᠎ ᠲᠠᠢ᠂ ᠪᠣᠯᠪᠠᠰᠣᠨ ᠰᠤᠷᠲᠠᠯ ᠨᠢ ᠨᠡᠶᠢᠲᠡᠮ ᠴᠢᠩᠭᠠᠷᠠᠪᠠ᠃ ᠬᠤᠲᠠ ᠶᠢᠨ ᠨᠡᠷ᠎ᠡ ᠠᠯᠲᠠᠷ ᠴᠣᠣᠷᠢᠶᠠᠲᠣᠬᠤ ᠶᠢ ᠲᠠᠭᠠᠯᠲᠣᠨ ᠠᠷᠠᠳ ᠤᠨ ᠰᠡᠳᠬᠢᠯ  ᠪᠠᠶᠠᠰᠤᠨ᠂ ᠣᠯᠠᠮ ᠢᠲᠡᠬᠡᠯ ᠲᠡᠭᠦᠯᠳᠡᠷ ᠪᠣᠯᠣᠭᠰᠠᠨ ᠪᠠᠶᠢᠨ᠎ᠠ᠃    ᠠᠵᠣ ᠠᠬᠤᠢ᠂ ᠬᠤᠲᠠ ᠶᠢᠨ ᠪᠠᠶᠢᠭᠤᠯᠣᠯᠲᠠ᠂ ᠠᠵᠣ ᠥᠢᠯᠡᠰ ᠵᠡᠷᠬᠡ ᠣᠷᠤᠨ ᠵᠠᠢ ᠳᠤ ᠰᠢᠨᠵᠢᠯᠡᠭᠡ ᠮᠡᠷᠬᠡᠵᠢᠯ ᠬᠡᠷᠡᠭᠵᠢᠬᠦᠯᠥᠭᠰᠡᠨ ᠬᠡᠪᠴᠢᠶ᠎ᠠ ᠣᠯᠠᠮ ᠠᠴᠠ ᠦᠷᠭᠡᠵᠢᠨ᠂ ᠰᠢᠨᠵᠢᠯᠡᠭᠡ ᠮᠡᠷᠬᠡᠵᠢᠯ ᠤᠨ ᠥᠷ᠎ᠡ ᠪᠥᠲᠥᠮᠵᠢ ᠶᠢᠨ  ᠪᠣᠲᠠᠲᠠᠶᠢᠵᠢᠬᠤ ᠨᠣᠷᠮ᠎ᠠ ᠵᠢᠯ ᠲᠠᠷᠠᠭᠠᠯᠠᠨ ᠲᠡᠬᠡᠭᠰᠢᠯᠡᠪᠡ᠃ ᠭᠤᠷᠪᠠᠲᠣᠭᠠᠷ ᠤᠲᠠᠭᠠᠨᠨ ᠤ ᠪᠥᠬᠦ ᠣᠯᠣᠰ ᠤᠨ ᠠᠵᠣ ᠠᠬᠤᠢ ᠶᠢᠨ  ᠶᠡᠷᠥᠩᠬᠡᠢ ᠪᠠᠶᠢᠴᠠᠭᠠᠯᠲᠠ ᠶᠢ ᠪᠥᠬᠦ ᠲᠠᠯ᠎ᠠ ᠪᠠᠷ ᠪᠡᠶᠡᠯᠡᠭᠦᠯᠪᠡ᠃ ᠲᠠᠩᠰᠠ ᠡᠪᠬᠡᠮᠡᠯ ᠤᠨ ᠬᠠᠮᠠᠭᠠᠯᠠᠯᠲᠠ ᠪᠠ ᠨᠡᠬᠡᠬᠡᠨ ᠠᠰᠢᠭᠯᠠᠯᠲᠠ ᠰᠢᠨ᠎ᠡ ᠠᠮᠵᠢᠯᠲᠠ ᠲᠠᠢ ᠪᠤᠯᠪᠠ᠂ ᠴᠠᠭ ᠠᠭᠤᠷ ᠤᠨ ᠮᠡᠳᠡᠭᠡ ᠠᠵᠣ ᠠᠬᠤᠢ ᠨᠡᠶᠢᠬᠡᠮ ᠤᠨ ᠬᠥᠭᠵᠢᠯᠲᠡ ᠳᠤ ᠴᠢᠬᠤᠯᠠ ᠤᠶᠢᠯᠡᠳᠤᠯ ᠦᠵᠡᠭᠦᠯᠪᠡ᠃ ᠰᠣᠨᠢᠨ ᠮᠡᠲᠡᠬᠡᠨ ᠤ  ᠥᠢᠯᠡᠰ ᠲᠠᠰᠣᠷᠠᠯᠲᠠ ᠥᠬᠡᠢ ᠬᠥᠴᠥᠷᠬᠡᠭᠵᠢᠪᠡ᠂ ᠨᠠᠮ ᠤᠨ ᠵᠡᠪᠰᠡᠭᠲᠥ ᠬᠥᠴᠥᠨ ᠤ  ᠤᠲᠤᠷᠢᠲᠤᠯᠭ᠎ᠠ ᠶᠢ ᠡᠷᠡᠰ ᠪᠠᠷᠢᠮᠲᠠᠯᠠᠵᠣ ᠂ ᠬᠤᠶᠠᠷ ᠢ ᠬᠥᠷᠢᠶᠡᠯᠡᠨ ᠬᠠᠮᠲᠣᠪᠡᠷ ᠪᠠᠶᠢᠭᠤᠯᠬᠤ ᠬᠥᠲᠡᠯᠬᠡᠬᠡᠨ ᠢ ᠢᠲᠡᠪᠬᠢᠲᠠᠢ ᠥᠷᠨᠢᠬᠦᠯᠪᠡ᠃ ᠥᠪᠡᠷᠲᠡᠬᠡᠨ ᠵᠠᠰᠠᠬᠤ ᠣᠷᠣᠨ ᠪᠠᠶᠢᠭᠤᠯᠣᠭᠲᠠᠭᠰᠠᠨ 70 ᠵᠢᠯ ᠤᠨ ᠣᠢ ᠶᠢ ᠥᠪᠡᠭᠲᠡᠰᠢ ᠶᠡᠬᠡᠪᠡᠷ ᠪᠡᠯᠭᠡᠯᠡᠵᠤ᠂ ᠡᠯ᠎ᠡ ᠥᠨᠲᠥᠰᠥᠲᠡᠨ ᠤ ᠬᠠᠮᠲᠣᠪᠡᠷ ᠪᠥᠯᠬᠦᠮᠲᠠᠨ ᠲᠡᠮᠡᠴᠡᠬᠦ ᠥᠵᠡᠯ ᠤᠬᠠᠮᠰᠠᠷ ᠤᠨ ᠰᠠᠭᠤᠷᠢ ᠣᠯᠠᠮ ᠪᠠᠲᠤ ᠪᠠᠬᠢ ᠪᠣᠯᠪᠠ᠃ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠶᠡᠷᠥᠩᠬᠡᠶᠢᠯᠡᠭᠰᠡᠨ ᠥᠬᠡᠷᠡᠴᠢᠯᠡᠯᠲᠠ ᠶᠢ ᠬᠥᠨᠵᠡᠬᠡᠶᠢᠷᠡᠬᠦᠯᠵᠣ᠂ ︽ᠭᠤᠷᠪᠠᠨ ᠲᠠᠷᠢᠶᠠᠯᠠᠩ︾᠎ ᠳᠤ ᠥᠢᠯᠡᠴᠢᠯᠡᠬᠦ ᠥᠢᠯᠡᠴᠢᠯᠡᠯᠬᠡᠨ ᠤ ᠲᠥᠪᠰᠢᠨ ᠎ ᠢᠶᠠᠨ ᠪᠥᠬᠦ ᠲᠠᠯ᠎ᠠ ᠎ ᠪᠠᠷ ᠲᠡᠬᠡᠭᠰᠢᠯᠡᠬᠦᠯᠪᠡ᠃ ᠥᠢᠯᠡᠳᠪᠥᠷᠢ ᠬᠤᠲᠠᠯᠲᠣᠭᠠᠨ ᠤ ᠬᠤᠯᠪᠣᠭ᠎ᠠ ᠬᠢᠬᠡᠳ ᠠᠵᠢᠯᠴᠢᠨ ᠤ  ᠡᠪᠯᠡᠯ ᠠᠵᠣ  ᠠᠬᠤᠶᠢᠯᠠᠯ ᠲᠠᠢ ᠬᠠᠷᠢᠯᠴᠠᠬᠤ᠂ ᠠᠵᠢᠯᠲᠠᠳ ᠤᠨ ᠬᠦᠭᠦᠷᠭᠡ ᠬᠤᠯᠪᠤᠭᠠᠰᠤ ᠶᠢᠨ ᠥᠢᠯᠡᠲᠥᠯ ᠢ ᠬᠥᠢᠴᠡᠳ ᠪᠠᠲᠠᠷᠠᠭᠤᠯᠵᠣ᠂ ᠠᠵᠢᠯᠲᠠᠳ ᠤᠨ ᠬᠠᠣᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠪᠠ᠃ ᠰᠠᠶᠢᠨ ᠲᠣᠷᠠᠴᠣᠳ ᠤᠨ ᠥᠢᠯᠡᠴᠢᠯᠡᠯᠬᠡᠨ ᠤ ᠬᠥᠲᠡᠯᠬᠡᠬᠡᠨ ᠢ ᠬᠥᠨᠵᠡᠬᠡᠢ ᠦᠷᠨᠢᠭᠦᠯᠵᠦ᠂ ᠠᠷᠠᠳ ᠤᠨ ᠪᠥᠯᠬᠦᠮ ᠤᠨ ᠠᠵᠢᠯᠯᠠᠭ᠎ᠠ ᠠᠮᠢᠳᠤᠯᠢᠭ ᠰᠠᠶᠢᠬᠠᠨ ᠶᠠᠪᠤᠭᠳᠠᠪᠠ᠃ ᠠᠬᠠᠮᠠᠳ ᠺᠠᠳ᠋ᠷᠴᠤᠳ ᠤᠨ ᠠᠵᠢᠯ ᠢ ᠬᠠᠯᠠᠮᠵᠢᠯᠡᠨ ᠲᠡᠮᠵᠢᠵᠣ᠂  ᠡᠮᠡᠭᠲᠡᠶᠢᠴᠦᠳ ᠤᠨ ᠬᠤᠯᠪᠣᠭ᠎ᠠ᠂ ᠣᠯᠠᠭᠠᠨ ᠵᠠᠭᠠᠯᠮᠠᠶᠢᠲᠠᠨ ᠤ ᠨᠡᠶᠢᠬᠡᠮᠯᠢᠭ ᠪᠠ ᠵᠡᠮᠲᠡᠭᠴᠥᠳ ᠤᠨ ᠨᠡᠶᠢᠬᠡᠮᠯᠢᠭ ᠤᠨ ᠠᠵᠢᠯ ᠰᠢᠨ᠎ᠡ ᠥᠷ᠎ᠡ ᠪᠥᠲᠥᠮᠵᠢ ᠣᠯᠣᠭᠰᠠᠨ ᠪᠠᠶᠢᠨ᠎ᠠ᠃     ᠲᠠᠪᠣᠨ ᠵᠢᠯ ᠤᠨ ᠲᠤᠷᠰᠢ᠂  ᠪᠢᠲᠡ  ᠬᠠᠣᠯᠢ ᠪᠠᠷ  ᠲᠥᠷᠥ ᠵᠠᠰᠠᠬᠤ ᠶᠢ ᠪᠠᠷᠢᠮᠲᠠᠯᠠᠵᠣ᠂ ᠡᠬᠦᠷᠬᠡ ᠬᠠᠷᠢᠭᠤᠴᠠᠯᠭ᠎ᠠ  ᠪᠠᠨ ᠬᠥᠢᠴᠠᠳ ᠡᠬᠦᠷᠬᠡᠯᠡᠵᠣ᠂ ᠲᠣᠰ ᠪᠡᠶ᠎ᠡ ᠶᠢᠨ ᠪᠥᠲᠥᠬᠡᠨ ᠪᠠᠶᠢᠭᠤᠯᠣᠯᠲᠠ ᠪᠠᠨ ᠲᠠᠰᠣᠷᠠᠯᠲᠠ ᠥᠬᠡᠢ ᠴᠢᠩᠭᠠᠳᠬᠠᠪᠠ᠃ ︽ᠵᠠᠰᠠᠭ ᠢ ᠴᠣᠮᠬᠠᠳᠬᠠᠨ ᠡᠷᠬᠡ ᠶᠢ ᠲᠠᠯᠪᠢᠬᠤ᠂ ᠲᠠᠯᠪᠢᠬᠤ ᠪᠠ ᠬᠠᠮᠢᠶᠠᠷᠬᠤ ᠶᠢ ᠣᠶᠠᠯᠲᠣᠭᠤᠯᠬᠤ᠂ ᠥᠢᠯᠡᠴᠢᠯᠡᠯᠬᠡ ᠶᠢ ᠰᠢᠨᠡᠳᠬᠡᠬᠦ︾ ᠥᠬᠡᠷᠡᠴᠢᠯᠡᠯᠲᠠ ᠶᠢ ᠯᠠᠪᠲᠠᠭᠤᠨ ᠠᠬᠢᠭᠤᠯᠵᠣ᠂ ᠵᠥᠪᠲᠡᠯᠴᠡᠬᠦ ᠳᠦᠷᠢᠮ᠂ ᠰᠣᠷᠭᠠᠨ ᠬᠥᠮᠥᠵᠢᠯ ᠤᠨ ᠵᠢᠭᠠᠨ ᠰᠣᠷᠭᠠᠯᠲᠠ᠂  ᠡᠳ᠋ ᠤᠨ ᠵᠠᠰᠠᠭ ᠭᠠᠶᠢᠯᠢ ᠮᠥᠩᠬᠦᠨ ᠭᠦᠢᠯᠭᠡᠭᠡ᠂ ᠨᠡᠶᠢᠭᠡᠮ ᠲᠣᠭᠤᠷᠢᠭ ᠤᠨ ᠬᠠᠮᠢᠶᠠᠷᠣᠯᠲᠠ ᠵᠡᠷᠬᠡ  ᠴᠢᠬᠤᠯᠠ ᠥᠬᠡᠷᠡᠴᠢᠯᠡᠯᠲᠡ ᠶᠢᠨ ᠡᠬᠦᠷᠬᠡ ᠶᠢ ᠵᠢᠩᠬᠢᠨᠢ ᠬᠡᠷᠡᠭᠵᠢᠬᠦᠯᠪᠡ᠃ ᠬᠥᠲᠡᠭᠡ ᠲᠣᠰᠬᠤᠨ ᠤ ᠭᠠᠵᠠᠷ ᠰᠢᠷᠥᠢ ᠲᠠᠯ᠎ᠠ ᠨᠣᠲᠤᠭ ᠤᠨ ᠲᠥᠷᠢᠶᠡᠰᠥᠯᠡᠨ ᠡᠵᠡᠩᠨᠡᠬᠦ ᠡᠷᠬᠡ ᠶᠢ ᠲᠠᠩᠰᠠᠯᠠᠵᠣ ᠥᠨᠡᠮᠯᠡᠯ ᠤᠯᠭᠤᠬᠤ ᠠᠵᠢᠯᠯᠠᠭ᠎ᠠ ᠡᠷᠴᠢᠮᠲᠠᠢ ᠶᠡᠪᠣᠭᠲᠠᠪᠠ᠃ ᠴᠢᠬᠤᠯᠠ ᠶᠡᠭᠡ ᠲᠦᠷᠦᠯ ᠵᠤᠶᠢᠯ ᠢ ᠬᠢᠨᠠᠨ ᠵᠥᠪᠰᠢᠶᠡᠷᠡᠬᠦ ︽ᠰᠠᠭᠠᠳ ᠦᠭᠡᠢ  ᠵᠠᠮ︾᠎ ᠢ ᠨᠡᠪᠲᠡᠷᠡᠭᠦᠯᠪᠡ᠃ ︽ᠬᠤᠶᠠᠷ ᠢ ᠰᠣᠭᠤᠴᠢᠵᠣ᠂ ᠨᠢᠬᠡ ᠶᠢ ᠢᠯᠡ ᠪᠣᠯᠭᠠᠬᠤ︾ ᠲᠣᠭᠲᠠᠯᠴᠠᠭ᠎ᠠ ᠶᠢ ᠪᠥᠬᠦ ᠲᠠᠯ᠎ᠠ ᠪᠠᠷ ᠲᠥᠯᠬᠢᠨ ᠠᠬᠢᠭᠤᠯᠵᠣ᠂ ᠵᠠᠰᠠᠭ ᠤᠨ ᠣᠷᠲᠣᠨ ᠪᠠ ᠰᠠᠯᠠᠭ᠎ᠠ ᠮᠦᠴᠢᠷ ᠤᠨ ᠲᠥᠰᠥᠪ᠂ ︽ᠠᠯᠪᠠᠨ ᠤ ᠭᠤᠷᠪᠠᠨ ᠵᠠᠷᠣᠲᠠᠯ︾ ᠎ ᠤᠨ ᠣᠷᠢᠳᠴᠢᠯᠠᠭᠰᠠᠨ ᠪᠣᠲᠣᠯᠲᠠ ᠶᠢ ᠪᠦᠬᠦᠨ ᠢ ᠨᠡᠶᠢᠬᠡᠮ ᠳᠤ ᠨᠡᠶᠢᠲᠡᠯᠡᠵᠣ᠂ ᠲᠤᠭᠲᠠᠮᠠᠯ ᠬᠥᠷᠥᠩᠬᠡ ᠶᠢᠨ ᠳᠠᠩᠰᠠᠯᠠᠬᠤ ᠠᠵᠢᠯ ︽ᠬᠠᠭᠤᠴᠢᠨ ᠢ ᠵᠣᠭᠰᠣᠭᠠᠵᠣ ᠰᠢᠨ᠎ᠡ ᠶᠢ ᠲᠠᠷᠬᠠᠭᠠᠬᠤ︾᠂ ᠠᠯᠪᠠᠨ ᠲᠡᠷᠬᠡ ᠶᠢᠨ ᠥᠬᠡᠷᠡᠴᠢᠯᠡᠯᠲᠡ ᠤᠷᠤᠭᠰᠢᠲᠠᠢ ᠶᠠᠪᠤᠭᠳᠠᠪᠠ᠃ ᠬᠠᠣᠯᠢ ᠪᠠᠷ ᠵᠠᠰᠠᠭ ᠪᠠᠷᠢᠬᠤ ᠶᠢ  ᠪᠥᠬᠦ ᠲᠠᠯ᠎ᠠ ᠪᠠᠷ ᠲᠥᠯᠬᠢᠨ ᠠᠬᠢᠭᠤᠯᠵᠣ᠂ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠎ ᠤᠨ ᠬᠠᠣᠯᠢ ᠶᠢᠨ ᠬᠢᠨᠠᠯᠲᠠ᠂ ᠠᠵᠢᠯ ᠤᠨ ᠬᠢᠨᠠᠯᠲᠠ  ᠪᠠ ᠣᠯᠣᠰ ᠲᠥᠷᠥ ᠶᠢᠨ ᠵᠥᠪᠯᠡᠯᠬᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠣᠬᠠᠮᠰᠠᠷ ᠠᠴᠠ ᠪᠠᠨ ᠬᠥᠯᠢᠶᠠᠨ ᠠᠪᠤᠪᠠ᠃ ᠲᠠᠪᠣᠨ ᠵᠢᠯ ᠳᠤ ᠬᠤᠲᠠ ᠲᠣᠭᠤᠷᠢᠭ ᠬᠤᠶᠠᠷ ᠲᠡᠰ ᠤᠨ ᠠᠷᠠᠳ ᠤᠨ  ᠲᠥᠯᠥᠬᠡᠯᠡᠭᠴᠢᠳ ᠤᠨ ᠶᠡᠭᠡ ᠬᠤᠷᠠᠯ ᠤᠨ ᠵᠦᠪᠯᠡᠯᠭᠡ᠂ ᠣᠯᠣᠰ ᠲᠥᠷᠥ ᠶᠢᠨ ᠵᠥᠪᠯᠡᠯᠬᠡᠨ ᠤ ᠰᠠᠨᠠᠯ ᠲᠣᠷᠠᠲᠣᠯᠭ᠎ᠠ 670 ᠬᠤᠪᠢ ᠶᠢ ᠬᠥᠯᠢᠶᠠᠨ ᠠᠪᠣᠯ᠎ᠠ᠃ ︽ᠠᠷᠠᠳ ᠤᠨ ᠰᠠᠨᠠᠯ ᠤᠨ ᠰᠥᠯᠵᠢᠶ᠎ᠡ︾᠂ ︽ᠲᠣᠭᠤᠷᠢᠭ ᠤᠨ ᠲᠠᠷᠤᠭ᠎ᠠ ᠶᠢᠨ  ᠵᠠᠬᠢᠲᠠᠯ ᠤᠨ ᠬᠠᠶᠢᠷᠴᠠᠭ︾ ᠵᠡᠷᠬᠡ ᠬᠦᠰᠡᠯ ᠰᠠᠭᠠᠷᠳᠠᠯᠭ᠎ᠠ ᠠᠷᠭ᠎ᠠ ᠵᠠᠮ ᠢ ᠣᠯᠠᠮ ᠨᠢᠬᠡ ᠠᠯᠬᠤᠮ ᠰᠠᠭᠠᠳ ᠦᠭᠡᠢ ᠨᠡᠪᠲᠡᠷᠡᠬᠦᠯᠵᠣ᠂ ᠨᠡᠶᠢᠲᠠ3835 ᠬᠤᠪᠢ ᠠᠷᠠᠳ ᠤᠨ ᠵᠠᠭᠠᠯᠲᠣᠯᠭ᠎ᠠ ᠰᠣᠷᠪᠣᠯᠵᠢᠯᠠᠭ᠎ᠠ ᠶᠢ ᠬᠥᠯᠢᠶᠠᠨ ᠠᠪᠤᠪᠠ᠃ ︽6.5︾  ᠬᠠᠣᠯᠢ ᠴᠠᠭᠠᠵᠠ ᠶᠢ ᠲᠥᠬᠡᠮᠡᠯᠵᠢᠬᠦᠯᠬᠦ ᠠᠵᠢᠯᠯᠠᠭ᠎ᠠ ᠪᠥᠬᠦ ᠲᠠᠯ᠎ᠠ ᠪᠠᠷ ᠪᠡᠶᠡᠯᠡᠭᠲᠡᠵᠥ᠂ ᠪᠥᠬᠦ ᠠᠷᠠᠳ ᠤᠨ ᠬᠠᠣᠯᠢ ᠴᠠᠭᠠᠵᠠ ᠶᠢᠨ ᠥᠵᠡᠯ ᠣᠬᠠᠮᠰᠠᠷ  ᠣᠯᠠᠮ ᠨᠢᠬᠡ ᠠᠯᠬᠤᠮ ᠲᠡᠬᠡᠭᠰᠢᠯᠡᠭᠰᠡᠨ ᠪᠠᠶᠢᠨ᠎ᠠ᠃ ᠨᠠᠮ ᠤᠨ ᠤᠯᠠᠨ ᠲᠦᠮᠡᠨᠴᠢ ᠱᠣᠭᠤᠮ ᠤᠨ ᠬᠥᠮᠥᠵᠢᠯ ᠤᠨ ᠤᠶᠢᠯᠡᠳᠦᠯᠭᠡᠵᠢᠭᠦᠯᠬᠦ ᠬᠥᠲᠡᠯᠬᠡᠬᠡᠨ ᠪᠠ ︽ᠭᠤᠷᠪᠠᠨ ᠴᠢᠩᠭ᠎ᠠ ᠭᠤᠷᠪᠠᠨ ᠪᠣᠲᠠᠲᠠᠢ  ︾᠂ ︽ᠬᠤᠶᠠᠷ ᠢ ᠰᠣᠷᠣᠯᠴᠠᠵᠣ ᠬᠢᠷᠢ ᠲᠡᠩᠴᠡᠭᠰᠡᠨ ᠨᠠᠮ ᠤᠨ ᠬᠡᠰᠢᠬᠦᠨ ᠪᠣᠯᠬᠤ︾ ᠲᠣᠰᠬᠠᠢ ᠰᠡᠲᠥᠪᠲᠥ ᠬᠥᠮᠥᠵᠢᠯ ᠢ ᠬᠥᠨᠵᠡᠬᠡᠢ ᠥᠷᠨᠢᠬᠦᠯᠪᠡ᠃ ᠲᠥᠪ ᠤᠨ ︽ᠨᠠᠢᠮᠠᠨ ᠵᠣᠷᠪᠣᠰ ᠲᠣᠭᠲᠠᠭᠠᠯ︾ ᠥᠪᠡᠷᠲᠡᠬᠡᠨ ᠵᠠᠰᠠᠬᠤ ᠣᠷᠣᠨ ᠤ 28 ᠨᠥᠬᠦᠪᠥᠷᠢ ᠲᠣᠭᠲᠠᠭᠠᠯ ᠪᠠ ᠬᠤᠲᠠ ᠶᠢᠨ ᠬᠤᠷᠢᠶᠠᠨ ᠤ ᠬᠠᠮᠢᠶ᠎ᠠ ᠪᠥᠬᠦᠢ ᠲᠣᠭᠲᠠᠭᠠᠯ ᠢ ᠬᠢᠨᠠᠮᠠᠭᠠᠢ  ᠬᠡᠷᠡᠭᠵᠢᠬᠦᠯᠵᠥ᠂ ︽ᠲᠥᠷᠪᠡᠨ ᠰᠣᠷᠲᠠᠯ︾᠎ ᠤᠨ ᠲᠣᠰᠬᠠᠢ  ᠴᠡᠭᠴᠡᠯᠡᠯᠳᠡ ᠶᠢ ᠲᠥᠯᠬᠢᠨ ᠠᠬᠢᠭᠤᠯᠵᠣ᠂ ᠪᠠᠶᠢᠭᠤᠯᠣᠯᠭ᠎ᠠ ᠨᠢᠬᠡᠴᠡ ᠶᠢᠨ ᠬᠡᠪ ᠰᠣᠷᠲᠠᠯ ᠮᠡᠲᠡᠭᠲᠡᠮ᠎ᠡ ᠰᠠᠶᠢᠵᠢᠷᠠᠪᠠ᠃ ᠵᠠᠰᠠᠭ ᠵᠠᠬᠢᠷᠭᠠᠨ ᠤ ᠴᠢᠲᠡᠮᠵᠢ ᠪᠠ ᠵᠠᠰᠠᠭ ᠤᠨ ᠣᠷᠲᠣᠨ ᠤ ᠬᠡᠷᠡᠭᠵᠢᠬᠦᠯᠬᠦ ᠬᠥᠴᠥᠨ ᠪᠥᠬᠦ ᠲᠠᠯ᠎ᠠ ᠎ ᠪᠠᠷ ᠲᠡᠬᠡᠭᠰᠢᠯᠡᠪᠡ  ᠃ ᠰᠠᠬᠢᠯᠭ᠎ᠠ ᠪᠠᠲᠣ ᠪᠠ ᠶᠣᠰᠣ ᠲᠥᠷᠢᠮ ᠢ ᠡᠬᠦᠷᠢᠲᠡ ᠲᠡᠷᠢᠬᠦᠨ ᠪᠠᠶᠢᠷᠢᠨ ᠳᠤ ᠲᠠᠯᠪᠢᠵᠣ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ᠂ ᠬᠢᠨᠠᠨ  ᠪᠣᠲᠣᠬᠤ ᠪᠠᠶᠢᠴᠠᠭᠠᠯᠲᠠ ᠪᠠᠨ ᠴᠢᠩᠭᠠᠳᠬᠠᠵᠣ᠂ ᠡᠳ᠋ ᠤᠨ ᠵᠠᠰᠠᠭ ᠤᠨ  ᠪᠡᠯᠡ ᠮᠦᠩᠭᠦ᠂ ᠵᠠᠰᠠᠭ ᠤᠨ ᠤᠷᠳᠤᠨ ᠤ ᠪᠡᠯᠡ ᠤᠷᠤᠭᠤᠯᠤᠯᠳᠠ᠂ ᠵᠠᠰᠠᠭ ᠤᠨ ᠤᠷᠳᠤᠨ ᠤ ᠬᠤᠲᠠᠯᠲᠣᠨ ᠠᠪᠬᠤ ᠪᠠ ᠲᠦᠷᠦᠯ ᠵᠣᠶᠢᠯ ᠤᠨ  ᠳᠠᠭᠠᠭᠠᠴᠢᠯᠠᠯᠳᠠ ᠵᠠᠷᠯᠠᠬᠤ ᠳᠤ ᠬᠢᠨᠠᠯᠲᠠ ᠲᠠᠯᠪᠢᠬᠤ ᠬᠠᠮᠢᠶᠠᠷᠣᠯᠲᠠ ᠪᠠᠨ ᠴᠢᠩᠭᠠᠳᠬᠠᠪᠠ᠃ ᠵᠠᠰᠠᠭ ᠤᠨ ᠥᠢᠯᠡᠴᠢᠯᠡᠯᠬᠡᠨ ᠤ ᠣᠷᠴᠢᠨ ᠲᠣᠭᠤᠷᠢᠨ ᠢ ᠲᠠᠰᠣᠷᠠᠯᠲᠠ ᠥᠬᠡᠢ ᠰᠢᠯᠢᠳᠡᠭᠵᠢᠭᠦᠯᠵᠦ᠂  ᠬᠠᠣᠯᠢ ᠪᠠᠷ ᠵᠠᠰᠠᠬᠤ ᠵᠠᠰᠠᠭ ᠤᠨ ᠣᠷᠲᠣᠨ᠂ ᠦᠷ᠎ᠡ ᠠᠰᠢᠭ ᠪᠦᠲᠦᠮᠵᠢᠲᠠᠢ ᠵᠠᠰᠠᠭ ᠤᠨ ᠤᠷᠳᠤᠨ᠂ ᠠᠷᠢᠭᠤᠨ ᠴᠢᠬᠡᠴᠢ ᠵᠠᠰᠠᠭ ᠤᠨ ᠣᠷᠲᠣᠨ ᠤ ᠪᠦᠲᠦᠭᠡᠨ ᠪᠠᠶᠢᠭᠤᠯᠣᠯᠲᠠ ᠰᠢᠨ᠎ᠡ ᠠᠮᠵᠢᠯᠲᠠ ᠣᠯᠣᠭᠰᠠᠨ ᠪᠠᠶᠢᠨ᠎ᠠ᠃     ᠲᠥᠯᠥᠬᠡᠯᠡᠭᠴᠢᠳ ᠡ᠂ ᠥᠩᠬᠡᠷᠡᠭᠰᠡᠨ ᠲᠠᠪᠣᠨ ᠵᠢᠯ ᠳᠤ ᠮᠡᠨ ᠤ ᠲᠣᠭᠤᠷᠢᠭ ᠤᠨ ᠶᠡᠷᠤᠩᠬᠡᠢ ᠪᠣᠲᠠᠲᠣ ᠬᠥᠴᠥᠨ ᠢᠯᠡᠷᠬᠡᠢ ᠨᠡᠮᠡᠭᠲᠡᠵᠥ᠂ ᠬᠤᠲᠠ ᠰᠢᠶᠠᠩ ᠤᠨ ᠣᠷᠴᠢᠨ ᠲᠣᠭᠤᠷᠢᠨ ᠮᠡᠲᠡᠭᠲᠡᠮ᠎ᠡ ᠬᠤᠪᠢᠷᠠᠯᠲᠠ ᠭᠠᠷᠴᠣ᠂ ᠠᠷᠠᠳ ᠤᠨ ᠠᠮᠢᠲᠣᠷᠠᠯ ᠰᠠᠶᠢᠵᠢᠷᠠᠨ᠂ ᠺᠠᠳ᠋ᠷ ᠤᠯᠠᠨ ᠲᠦᠮᠡᠨ ᠤ  ᠴᠤᠭ ᠵᠢᠪᠬᠤᠭ᠎ᠠ ᠪᠠᠲᠠᠷᠠᠭᠰᠠᠨ ᠪᠠᠶᠢᠨ᠎ᠠ᠃  ᠲᠠᠪᠣᠨ ᠵᠢᠯ ᠤᠨ ᠲᠤᠷᠰᠢ᠂ ᠪᠢᠳᠡ ᠤᠯᠠᠨ ᠴᠢᠬᠤᠯᠠ ᠠᠷᠭ᠎ᠠ ᠪᠠᠷᠢᠯ ᠠᠪᠴᠣ ᠠᠷᠪᠢᠨ ᠴᠢᠬᠤᠯᠠ ᠠᠵᠢᠯᠯᠠᠭ᠎ᠠ ᠶᠢ ᠲᠥᠯᠬᠢᠨ ᠠᠬᠢᠭᠤᠯᠣᠭᠰᠠᠨ ᠪᠠᠶᠢᠨ᠎ᠠ  ᠂ ᠪᠢᠲᠡᠨ ᠤ ᠬᠦᠭᠵᠢᠯᠲᠡ ᠳᠤ ᠣᠷᠲᠣ ᠬᠤᠭᠤᠴᠠᠭ᠎ᠠ ᠎ ᠪᠠᠷ ᠣᠷᠣᠰᠢᠵᠣ ᠪᠠᠶᠢᠭᠰᠠᠨ ᠠᠰᠠᠭᠤᠲᠠᠯ ᠤᠳ ᠲᠠᠷᠠᠭᠠᠯᠠᠨ  ᠰᠶᠢᠳᠪᠥᠷᠢᠯᠡᠭᠲᠡᠵᠥ᠂ ᠦᠩᠭᠡᠷᠡᠭᠰᠡᠨ ᠳᠤ ᠬᠢᠵᠦ ᠪᠦᠲᠦᠭᠡᠵᠦ ᠴᠢᠳᠠᠭᠰᠠᠨ ᠦᠭᠡᠢ ᠠᠵᠢᠯ ᠶᠠᠪᠤᠳᠠᠯ ᠢᠶᠠᠨ ᠬᠢᠵᠦ ᠪᠦᠲᠦᠭᠡᠪᠡ᠃ ᠡᠲᠡᠬᠡᠷ ᠥᠷ᠎ᠡ ᠪᠥᠲᠥᠮᠵᠢ ᠶᠢ ᠣᠯᠣᠭᠰᠠᠨ ᠨᠢ ᠰᠢ  ᠎ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠴᠢᠩᠭ᠎ᠠ ᠣᠲᠣᠷᠢᠲᠣᠯᠭ᠎ᠠ ᠪᠠ ᠬᠥᠨᠵᠡᠬᠡᠢ ᠬᠠᠶᠢᠷ᠎ᠠ ᠬᠠᠯᠠᠮᠵᠢ ᠶᠢᠨ  ᠥᠷ᠎ᠡ ᠳ᠋ᠦᠩ᠂  ᠲᠡᠬᠡᠲᠣ ᠱᠠᠲᠣᠨ ᠤ ᠨᠠᠮ ᠤᠨ ᠬᠤᠷᠢᠶ᠎ᠠ᠂ ᠵᠠᠰᠠᠭ ᠤᠨ ᠣᠷᠲᠣᠨ ᠪᠠ  ᠲᠣᠭᠤᠷᠢᠭ ᠤᠨ ᠬᠤᠷᠢᠶᠠᠨ ᠤ ᠵᠥᠪ ᠣᠨᠣᠪᠴᠢᠲᠠᠢ ᠤᠳᠤᠷᠢᠳᠤᠯᠭ᠎ᠠ᠂ ᠰᠢᠨᠵᠢᠯᠡᠬᠦ ᠣᠬᠠᠭᠠᠨᠴᠢ ᠰᠢᠢᠳᠪᠦᠷᠢᠳᠦ ᠪᠣᠲᠣᠯᠭ᠎ᠠ ᠶᠢᠨ ᠥᠷ᠎ᠡ ᠳ᠋ᠥᠩ᠂ ᠪᠥᠬᠦ  ᠲᠣᠭᠤᠷᠢᠭ ᠤᠨ ᠥᠨᠲᠥᠰᠥᠲᠡᠨ ᠨᠦᠭᠦᠳ ᠬᠠᠮᠲᠣᠪᠠᠷ ᠪᠥᠯᠬᠦᠮᠲᠠᠨ ᠲᠡᠮᠡᠴᠡᠵᠦ ᠬᠠᠲᠠᠭᠤᠵᠢᠯᠲᠠᠢ ᠠᠵᠢᠯᠯᠠᠭᠰᠠᠨ ᠤ ᠥᠷ᠎ᠡ ᠳ᠋ᠥᠩ ᠮᠥᠨ  ᠃ ᠨᠡᠶᠢᠬᠡᠮ ᠤᠨ ᠡᠯ᠎ᠡ ᠱᠠᠲᠣᠨ ᠤ  ᠬᠠᠯᠠᠭᠤᠨ ᠲᠡᠮᠵᠢᠯᠬᠡ ᠪᠠ ᠬᠠᠪᠰᠤᠷᠤᠯᠭ᠎ᠠ  ᠶᠢᠨ ᠥᠷ᠎ᠡ ᠳ᠋ᠥᠩ  ᠮᠥᠨ᠃ ᠠᠲᠡ  ᠪᠢ ᠲᠣᠭᠤᠷᠢᠭ ᠤᠨ  ᠠᠷᠠᠳ ᠤᠨ ᠵᠠᠰᠠᠭ ᠤᠨ ᠣᠷᠲᠣᠨ  ᠢ ᠲᠥᠯᠥᠬᠡᠯᠡᠨ᠂ ᠡᠯ᠎ᠡ ᠱᠠᠲᠤᠨ ᠳᠤ ᠰᠢᠷᠭᠠᠭᠤ ᠠᠵᠢᠯᠯᠠᠵᠣ ᠪᠠᠶᠢᠭ᠎ᠠ ᠡᠯ᠎ᠡ ᠺᠠᠳ᠋ᠷ ᠠᠷᠠᠳ ᠲᠥᠮᠡᠨ  ᠂ ᠵᠠᠰᠠᠭ ᠤᠨ ᠣᠷᠲᠣᠨ ᠳᠤ ᠶᠡᠭᠡ ᠲᠡᠮᠵᠢᠯᠬᠡ ᠥᠵᠡᠬᠦᠯᠥᠭᠰᠡᠨ ᠠᠷᠠᠳ ᠤᠨ ᠲᠥᠯᠥᠬᠡᠯᠡᠭᠴᠢᠳ᠂ ᠣᠯᠣᠰ ᠲᠥᠷᠥ ᠶᠢᠨ ᠵᠥᠪᠯᠡᠯᠬᠡᠨ ᠤ ᠬᠡᠰᠢᠬᠦᠨ᠂ ᠵᠢᠨᠢᠩ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ   ᠥᠷᠬᠡᠨ ᠣᠯᠠᠨ ᠨᠥᠬᠦᠳ ᠨᠠᠶᠢᠵᠠ ᠨᠠᠷ ᠲᠤ ᠪᠠᠨ  ᠴᠢᠩ ᠰᠡᠳᠬᠢᠯ ᠤᠨ  ᠬᠥᠨᠲᠣᠳᠬᠡᠯ ᠲᠠᠯᠠᠷᠬᠠᠯ ᠢᠶᠠᠨ ᠲᠡᠪᠰᠢᠬᠦᠯᠥᠶ᠎ᠡ᠃    ᠲᠥᠯᠥᠬᠡᠯᠡᠭᠴᠢᠳ ᠡ᠂ ᠲᠠᠪᠣᠨ ᠵᠢᠯ ᠤᠨ ᠮᠡᠷᠡᠶᠢᠨ ᠴᠢᠷᠮᠠᠶᠢᠯᠭ᠎ᠠ ᠪᠠᠷ ᠰᠡᠳᠬᠢᠯ ᠳᠤᠭᠳᠤᠯᠤᠮ᠎ᠠ ᠬᠢᠷᠢ ᠪᠥᠲᠥᠮᠵᠢ ᠤᠯᠤᠭᠰᠠᠨ ᠶᠤᠮ᠃ ᠲᠠᠪᠣᠨ ᠵᠢᠯ ᠤᠨ ᠥᠢᠯᠡᠲᠥᠯᠬᠡ ᠶᠢᠨ ᠰᠦᠪᠡᠭᠴᠢᠯᠡᠯ᠂  ᠬᠤᠷᠠᠮᠲᠣᠭᠤᠯᠣᠭᠰᠠᠨ ᠲᠤᠷᠰᠢᠯᠭ᠎ᠠ ᠨᠢ ᠲᠤᠶᠢᠯ ᠤᠨ ᠬᠤᠪᠤᠷ ᠨᠠᠨᠳᠢᠨ ᠶᠤᠮ᠃ ᠪᠢᠳᠡ ᠵᠠᠰᠠᠭ ᠤᠨ ᠣᠷᠲᠣᠨ ᠤ ᠠᠵᠢᠯ ᠢ ᠬᠢᠬᠦ ᠳ᠋ᠡᠬᠡᠨ‌‍ᠲ᠋ᠣᠣᠷᠠᠬᠢ ᠬᠡᠲᠣᠨ ᠵᠣᠷᠪᠣᠰ ᠢ ᠪᠠᠷᠢᠮᠲᠠᠯᠠᠬᠤ ᠶᠢ ᠬᠥᠨᠵᠡᠬᠡᠢ ᠰᠠᠷᠡᠵᠣ ᠮᠡᠲᠡᠭᠰᠡᠨ ᠪᠠᠶᠢᠨ᠎ᠠ᠃ ᠠᠯᠢᠪᠠ ᠠᠵᠢᠯ ᠳᠤ ᠡᠷᠬᠡᠪᠰᠢ ᠨᠠᠮ ᠤᠨ ᠣᠲᠣᠷᠢᠲᠣᠯᠭ᠎ᠠ ᠶᠢ ᠪᠠᠷᠢᠮᠲᠠᠯᠠᠬᠤ ᠬᠡᠷᠡᠭᠲᠡᠢ᠂ ᠣᠯᠣᠰ ᠲᠥᠷᠥ ᠶᠢᠨ ᠥᠵᠡᠯ ᠣᠬᠠᠮᠰᠡᠷ ᠂ ᠪᠦᠬᠦ ᠲᠠᠯ᠎ᠠ ᠶᠢᠨ ᠥᠵᠡᠯ ᠤᠬᠠᠮᠰᠠᠷ᠂ ᠭᠤᠤᠯᠯᠠᠭᠴᠢ ᠥᠵᠡᠯ ᠤᠬᠠᠮᠰᠠᠷ᠂ ᠲᠠᠭᠠᠨ ᠰᠤᠷᠤᠯᠴᠠᠬᠤ ᠥᠵᠡᠯ ᠤᠬᠠᠮᠰᠠᠷ ᠢᠶᠠᠨ ᠪᠣᠲᠠᠲᠠᠢ ᠴᠢᠩᠭᠠᠳᠬᠠᠵᠣ᠂ ᠲᠥᠪ ᠂ ᠥᠪᠡᠷᠲᠡᠬᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ ᠪᠠ ᠲᠣᠭᠤᠷᠢᠭ ᠤᠨ ᠨᠠᠮ ᠤᠨ ᠬᠤᠷᠢᠶᠠᠨ ᠤ ᠡᠯ᠎ᠡ ᠲᠥᠷᠥᠯ ᠤᠨ ᠰᠢᠢᠳᠪᠦᠷᠢᠲᠦ ᠪᠣᠲᠣᠯᠭ᠎ᠠ ᠶᠢ ᠭᠤᠶᠢᠪᠢᠰᠢ ᠥᠬᠡᠢ ᠲᠤᠤᠱᠯᠠᠭᠤᠯᠤᠨ ᠨᠠᠶᠢᠳᠠᠪᠦᠷᠢᠵᠢᠭᠤᠯᠪᠠ᠃ ᠠᠷᠠᠳ ᠢ ᠴᠢᠨᠡᠬᠡᠯᠢᠭᠵᠢᠬᠦᠯᠬᠦ ᠪᠠᠷ ᠥᠨᠲᠥᠰᠥ ᠪᠣᠯᠭᠠᠵᠣ᠂ ᠠᠷᠠᠳ ᠲᠦᠮᠡᠨ ᠢᠶᠠᠷ ᠭᠤᠤᠯ ᠪᠤᠯᠭᠠᠭᠰᠠᠨ ᠬᠦᠭᠵᠢᠯᠲᠡ ᠶᠢᠨ ᠦᠵᠡᠯ ᠰᠠᠨᠠᠭ᠎ᠠ ᠶᠢ ᠡᠷᠬᠡᠪᠰᠢ ᠪᠠᠷᠢᠮᠲᠠᠯᠠᠵᠦ᠂ ᠠᠷᠠᠳ ᠢ ᠴᠢᠨᠡᠭᠡᠯᠢᠭᠵᠢᠭᠦᠯᠬᠦ ᠪᠠᠷ ᠦᠨᠳᠦᠰᠦ ᠪᠤᠯᠭᠠᠵᠦ᠂ ᠠᠷᠠᠳ ᠲᠤ ᠠᠰᠢᠭ ᠬᠦᠷᠲᠡᠭᠡᠬᠦ ᠶᠢ ᠲᠡᠷᠢᠭᠦᠨ ᠪᠠᠶᠢᠷᠢᠨ ᠳᠤ ᠲᠠᠯᠪᠢᠵᠦ᠂ ᠠᠷᠠᠳ ᠤᠨ ᠠᠰᠢᠭ ᠢ ᠴᠢᠬᠤᠯᠠᠴᠢᠯᠠᠨ᠂ ᠥᠬᠡᠷᠡᠴᠢᠯᠡᠯᠲᠡ ᠬᠦᠭᠵᠢᠯᠲᠡ ᠶᠢᠨ ᠥᠷ᠎ᠡ ᠠᠰᠢᠭ ᠢ ᠥᠷᠬᠡᠨ ᠣᠯᠠᠨ ᠠᠷᠠᠳ ᠲᠥᠮᠡᠨ ᠳᠤ  ᠬᠥᠷᠲᠡᠬᠡᠬᠦ ᠪᠠᠷ ᠴᠢᠷᠮᠠᠶᠢᠬᠤ  ᠬᠡᠷᠡᠭᠲᠡᠢ  ᠃ ᠡᠷᠬᠡᠪᠰᠢ  ᠬᠥᠭᠵᠢᠯᠲᠡ  ᠶᠢ ᠲᠥᠷᠬᠡᠳᠬᠡᠬᠦ ᠪᠠᠷ ᠨᠢᠬᠡᠲᠥᠬᠡᠷ ᠡᠬᠦᠷᠬᠡ ᠪᠠᠨ ᠪᠣᠯᠭᠠᠵᠣ᠂ ᠲᠠᠷᠢᠬᠦᠨ ᠲᠡᠰ ᠢ ᠡᠬᠦᠳᠬᠦ ᠥᠵᠡᠯ ᠤᠬᠠᠮᠰᠠᠷ ᠢ ᠡᠬᠦᠷᠢᠲᠠ ᠪᠠᠲᠣᠯᠠᠵᠣ᠂ ᠯᠡᠪᠲᠠᠭᠤᠨ ᠪᠠᠷ ᠤᠷᠤᠭᠰᠢᠯᠠᠵᠦ ᠰᠢᠯᠢᠳᠡᠭ ᠤᠨ ᠳᠤᠮᠳᠠ ᠲᠦᠷᠭᠡᠨ ᠬᠦᠭᠵᠢᠬᠦ  ᠶᠢ ᠪᠠᠷᠢᠮᠲᠠᠯᠠᠵᠣ᠂ ᠵᠢᠨᠢᠩ ᠤᠨ ᠬᠥᠭᠵᠢᠯᠲᠡ ᠶᠢ ᠪᠥᠬᠦ ᠣᠯᠣᠰ ᠪᠥᠬᠦ ᠤᠷᠤᠨ ᠤ ᠲᠥᠰᠥᠪᠯᠡᠯᠲᠡ ᠶᠢᠨ ᠲᠣᠮᠲᠠ ᠲᠥᠯᠬᠢᠨ ᠠᠬᠢᠭᠤᠯᠣᠶ᠎ᠠ᠃ ᠡᠷᠬᠡᠪᠰᠢ ᠲᠥᠷᠥᠯ ᠵᠥᠢᠯ ᠤᠨ ᠪᠠᠶᠢᠭᠤᠯᠣᠯᠲᠠ ᠪᠠᠷ ᠭᠤᠣᠯ ᠲᠥᠰᠢᠯᠬᠡ ᠪᠣᠯᠭᠠᠬᠤ ᠶᠢ  ᠪᠠᠷᠢᠮᠲᠠᠯᠠᠨ᠂ ᠪᠡᠯᠡ ᠣᠷᠤᠭᠤᠯᠣᠯᠲᠠ ᠪᠠᠷ ᠠᠵᠣ ᠠᠬᠤᠢ ᠨᠡᠶᠢᠬᠡᠮ ᠤᠨ ᠬᠥᠭᠵᠢᠯᠲᠡ ᠎ ᠳᠤ ᠥᠵᠡᠬᠦᠯᠬᠦ  ᠬᠥᠴᠥᠨ ᠤ ᠥᠢᠯᠡᠲᠣᠯ  ᠢ ᠪᠦᠷᠢᠮᠦᠰᠦᠨ  ᠪᠡᠲᠡᠷᠠᠭᠤᠯᠵᠣ᠂  ᠶᠡᠭᠡ ᠲᠦᠷᠦᠯ ᠵᠤᠶᠢᠯ  ᠶᠡᠭᠡ ᠪᠡᠯᠡ ᠣᠷᠣᠭᠤᠯᠣᠯᠲᠠ ᠪᠠᠷ ᠶᠡᠭᠡ ᠬᠥᠭᠵᠢᠯᠲᠡ ᠶᠢ ᠠᠬᠢᠭᠤᠯᠤᠨ᠎ᠠ᠃ ᠡᠷᠬᠡᠪᠰᠢ ᠥᠬᠡᠷᠡᠴᠢᠯᠡᠯᠲᠡ ᠨᠡᠭᠡᠭᠡᠯᠲᠡ ᠪᠠᠷ ᠬᠥᠭᠵᠢᠯᠲᠡ ᠶᠢᠨ ᠭᠤᠣᠯ ᠬᠥᠲᠡᠯᠬᠡᠬᠦ ᠬᠥᠴᠥᠨ  ᠪᠣᠯᠭᠠᠵᠣ᠂ ᠤᠨᠤᠴᠢᠳᠠᠢ ᠶᠠᠲᠠᠭᠤ ᠠᠴᠠ ᠠᠩᠬᠢᠵᠢᠷᠠᠭᠤᠯᠣᠨ ᠪᠣᠭᠤᠮᠲᠠ ᠰᠢᠪᠲᠣᠯᠬᠤ᠂ ᠴᠢᠬᠤᠯᠠ ᠶᠡᠭᠡ ᠲᠦᠷᠦᠯ ᠵᠤᠶᠢᠯ᠂ ᠬᠤᠲᠠ ᠶᠢᠨ ᠨᠡᠭᠡᠭᠡᠯᠲᠡ ᠶᠢᠨ ᠪᠦᠲᠦᠭᠡᠨ ᠪᠠᠶᠢᠭᠤᠯᠤᠯᠲᠠ᠂ ᠪᠡᠯᠡ ᠣᠷᠣᠭᠤᠯᠣᠯᠲᠠ ᠶᠢᠨ ᠪᠠᠲᠣᠯᠠᠪᠣᠷᠢ ᠵᠡᠷᠬᠡ ᠲᠠᠯ᠎ᠠ ᠎ ᠪᠠᠷ ᠰᠢᠨ᠎ᠡ ᠶᠢ ᠰᠥᠪᠡᠭᠴᠢᠯᠡᠵᠥ᠂ ᠭᠤᠤᠯᠳᠠᠯᠭᠠᠳᠤ ᠬᠦᠷᠢᠶᠡᠨ ᠳᠠᠬᠢ ᠥᠬᠡᠷᠡᠴᠢᠯᠡᠯᠲᠡ ᠶᠢ ᠲᠠᠰᠣᠷᠠᠯᠲᠠ ᠥᠬᠡᠢ ᠬᠥᠨᠵᠡᠬᠡᠶᠢᠷᠡᠬᠦᠯᠵᠣ᠂ ᠭᠠᠳᠠᠭᠠᠳᠤ ᠲᠠᠢ ᠬᠠᠷᠢᠯᠴᠠᠨ ᠶᠠᠪᠤᠯᠴᠠᠬᠤ ᠪᠠᠨ ᠴᠢᠩᠭᠠᠳᠬᠠᠵᠣ᠂ ᠲᠣᠲᠣᠭᠠᠲᠣ  ᠬᠦᠳᠡᠯᠭᠡᠬᠦ ᠬᠥᠴᠥᠨ ᠪᠠ ᠬᠥᠭᠵᠢᠯᠲᠡ ᠶᠢᠨ ᠠᠮᠢᠵᠢᠷᠠᠯ ᠤᠨ ᠬᠥᠴᠥᠨ ᠎ ᠳᠤ ᠬᠠᠮᠤᠭ ᠤᠨ ᠶᠡᠭᠡ ᠬᠡᠮᠵᠢᠶ᠎ᠡ ᠪᠠᠷ ᠰᠡᠲᠡᠯᠲᠠ ᠥᠭᠬᠦᠶ᠎ᠡ ᠃ ᠪᠣᠲᠠᠲᠠᠢ ᠬᠠᠲᠠᠭᠤᠵᠢᠯᠲᠠᠢ ᠬᠢᠬᠦ ᠪᠠᠷ ᠬᠡᠪ ᠰᠣᠷᠲᠠᠯ ᠢᠶᠠᠨ ᠪᠤᠯᠭᠠᠬᠤ ᠶᠢ ᠡᠷᠬᠡᠪᠰᠢ ᠪᠠᠷᠢᠮᠲᠠᠯᠠᠵᠦ᠂ ᠠᠩᠬᠠᠨ ᠤ ᠵᠣᠷᠢᠯᠲᠠ ᠪᠠᠨ ᠮᠡᠷᠲᠠᠯ  ᠥᠬᠡᠢ᠂ ᠡᠬᠦᠷᠬᠡ ᠬᠠᠷᠢᠭᠤᠴᠠᠯᠭ᠎ᠠ ᠪᠠᠨ ᠪᠠᠲᠣ ᠴᠡᠭᠡᠵᠢᠯᠡᠵᠦ᠂ ᠡᠬᠦᠷᠬᠡ ᠬᠠᠷᠢᠭᠤᠴᠠᠯᠭ᠎ᠠ ᠪᠠᠨ ᠴᠢᠩᠭᠠᠳᠬᠠᠵᠣ᠂ ᠠᠵᠢᠯ ᠤᠨ ᠪᠥᠲᠥᠮᠵᠢ ᠪᠠᠨ ᠲᠡᠭᠡᠭᠰᠢᠯᠡᠬᠦᠯᠥᠨ᠂ ᠵᠠᠰᠠᠭ ᠤᠨ ᠣᠷᠲᠣᠨ ᠤ ᠡᠯ᠎ᠡ ᠠᠵᠢᠯ ᠲᠥᠷᠥᠯ ᠤᠨ ᠨᠡᠩ ᠶᠡᠭᠡ ᠠᠮᠵᠢᠯᠲᠠ ᠤᠯᠬᠤ ᠶᠢ ᠲᠥᠯᠬᠢᠨ ᠠᠬᠢᠭᠤᠯᠤᠶ᠎ᠠ᠃    ᠲᠥᠯᠥᠬᠡᠯᠡᠭᠴᠢᠳ ᠡ᠂ ᠬᠢᠷᠢ ᠪᠥᠲᠥᠮᠵᠢ ᠪᠠᠨ ᠨᠤᠲᠠᠯᠠᠬᠤ ᠶᠢᠨ ᠬᠠᠮᠲᠣ᠂  ᠵᠢᠨᠢᠩ ᠤᠨ ᠬᠠᠮᠤᠭ ᠤᠨ ᠳᠤᠪᠤᠶᠢᠮ᠎ᠠ ᠪᠠ ᠬᠠᠮᠤᠭ ᠤᠨ ᠦᠨᠳᠦᠰᠦᠨ ᠠᠰᠠᠭᠤᠲᠠᠯ ᠪᠣᠯ ᠬᠦᠭᠵᠢᠯᠲᠡ ᠨᠢ ᠬᠥᠢᠴᠡᠳ ᠪᠣᠰᠣ᠂ ᠬᠦᠭᠵᠢᠯᠲᠡ ᠨᠢ ᠲᠡᠩᠴᠡᠭᠦᠷᠢ ᠥᠬᠡᠢ ᠠᠰᠠᠭᠤᠲᠠᠯ ᠭᠡᠰᠡᠨ ᠢ ᠪᠢᠳᠡ ᠰᠡᠷᠡᠵᠣ ᠮᠡᠲᠡᠭᠰᠡᠨ ᠪᠠᠶᠢᠨ᠎ᠠ᠂ ᠡᠨᠡ ᠨᠢ ᠠᠷᠠᠳ ᠲᠥᠮᠡᠨ ᠤ ᠡᠲᠥᠷ ᠢᠷᠡᠭᠦᠶ᠎ᠡ ᠨᠡᠮᠡᠭᠲᠡᠵᠥ ᠪᠠᠶᠢᠭ᠎ᠠ ᠰᠠᠶᠢᠨ ᠰᠠᠶᠢᠬᠠᠨ ᠠᠮᠢᠲᠣᠷᠠᠯ ᠤᠨ ᠱᠠᠭᠠᠷᠳᠠᠯᠠᠭ᠎ᠠ ᠶᠢ ᠬᠠᠩᠭᠠᠬᠤ ᠳᠤ ᠭᠤᠣᠯ ᠬᠢᠵᠠᠭᠠᠷᠯᠠᠯ ᠪᠣᠯᠵᠤ ᠪᠠᠶᠢᠨ᠎ᠠ᠃ ᠭᠤᠣᠯ ᠢᠯᠡᠷᠡᠯ ᠨᠢ᠂ ᠠᠵᠣ ᠠᠬᠤᠢ ᠶᠢᠨ ᠶᠡᠷᠥᠩᠬᠡᠢ ᠬᠡᠮᠵᠢᠶ᠎ᠡ ᠪᠠᠭ᠎ᠠ᠂  ᠠᠵᠣ ᠥᠢᠯᠡᠰᠴᠢᠯᠡᠭᠰᠡᠨ ᠲᠥᠪᠰᠢᠨ ᠲᠣᠣᠷ᠎ᠠ᠂ ᠶᠡᠭᠡ ᠠᠵᠣ ᠠᠬᠤᠶᠢᠯᠡᠯ᠂ ᠶᠡᠭᠡ ᠲᠦᠷᠦᠯ ᠵᠤᠶᠢᠯ ᠤᠨ ᠲᠤᠯᠭᠠᠭᠤᠷᠢ ᠪᠠᠷ ᠲᠣᠲᠠᠮᠠᠭ᠂ ᠬᠥᠭᠵᠢᠯᠲᠡ ᠶᠢ ᠲᠥᠷᠬᠡᠳᠬᠡᠬᠦ ᠡᠬᠦᠷᠬᠡ ᠬᠥᠨᠲᠣ ᠨᠤᠴᠢᠲᠠᠢ ᠪᠠᠶᠢᠭᠰᠠᠭᠠᠷ᠂ ᠡᠳ᠋ ᠤᠨ ᠵᠠᠰᠠᠭ ᠤᠨ ᠣᠷᠤᠯᠭ᠎ᠠ ᠵᠠᠷᠤᠯᠭ᠎ᠠ ᠶᠢᠨ ᠵᠥᠷᠢᠴᠠᠯ ᠨᠡᠯᠢᠶᠡᠳ ᠲᠣᠪᠣᠶᠢᠮ᠎ᠡ᠂ ᠦᠨᠳᠦᠰᠦᠨ ᠱᠠᠳᠤᠨ ᠤ ᠨᠡᠶᠢᠲᠠ ᠶᠢᠨ ᠤᠶᠢᠯᠡᠴᠢᠯᠡᠭᠡ ᠬᠥᠢᠴᠡᠳ ᠪᠣᠰᠣ ᠪᠠᠶᠢᠨ᠎ᠠ᠃ ᠶᠠᠲᠠᠭᠤ ᠠᠴᠠ ᠠᠩᠬᠢᠵᠢᠷᠠᠭᠤᠯᠣᠨ ᠪᠣᠭᠤᠮᠲᠠ ᠰᠢᠪᠲᠣᠯᠬᠤ ᠡᠬᠦᠷᠬᠡ ᠬᠥᠨᠲᠣ᠂ ᠠᠷᠠᠳ ᠤᠨ ᠠᠮᠢᠲᠣᠷᠠᠯ ᠨᠡᠶᠢᠬᠡᠮ  ᠤᠨ ᠠᠵᠢᠯ ᠥᠢᠯᠡᠰ  ᠪᠠᠰᠠ ᠥᠷᠢ ᠥᠭᠴᠡᠭᠡ ᠲᠠᠢ᠂ ᠨᠡᠶᠢᠬᠡᠮ ᠤᠨ ᠬᠠᠮᠢᠶᠠᠷᠣᠯᠲᠠ ᠶᠢᠨ ᠬᠡᠮᠵᠢᠶ᠎ᠡ ᠪᠠᠰᠠ ᠲᠡᠬᠡᠭᠰᠢᠯᠡᠬᠦᠯᠬᠦ ᠴᠢᠬᠤᠯᠠᠲᠠᠢ᠂ ᠠᠷᠠᠳ ᠤᠨ ᠠᠮᠢᠲᠣᠷᠠᠯ ᠢ ᠰᠠᠶᠢᠵᠢᠷᠠᠭᠤᠯᠬᠤ ᠪᠠ ᠲᠣᠭᠲᠠᠭᠤᠨ ᠢ ᠪᠠᠲᠣᠯᠠᠬᠤ ᠡᠬᠦᠷᠬᠡ ᠪᠠᠰᠠ ᠬᠥᠴᠢᠷᠲᠡᠯ ᠣᠷᠣᠰᠢᠵᠣ  ᠪᠠᠶᠢᠨ᠎ᠠ᠃ ᠣᠰᠣ᠂ ᠭᠠᠵᠠᠷ ᠰᠢᠷᠣᠢ ᠵᠡᠷᠬᠡ ᠡᠬᠢ ᠪᠠᠶᠠᠯᠢᠭ ᠤᠨ ᠣᠷᠴᠢᠨ ᠲᠣᠭᠤᠷᠢᠨ ᠤ ᠬᠢᠵᠠᠭᠠᠷᠯᠠᠯ ᠡᠲᠣᠷ ᠲᠣᠲᠣᠮ ᠲᠣᠪᠣᠶᠢᠵᠣ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠪᠠᠰᠠ ᠴᠢᠩᠭᠠᠳᠬᠠᠬᠤ ᠴᠢᠬᠤᠯᠠ ᠲᠠᠢ ᠪᠠᠶᠢᠨ᠎ᠠ᠃ ᠨᠢᠬᠡ ᠪᠥᠯᠥᠭ  ᠺᠠᠳ᠋ᠷ ᠠᠵᠢᠯᠲᠠᠳ ᠤᠨ ᠥᠵᠡᠯ ᠰᠠᠨᠠᠭ᠎ᠠ  ᠭᠦᠢᠴᠡᠳ ᠴᠢᠯᠥᠬᠡᠯᠡᠭᠲᠡᠭᠡ ᠥᠬᠡᠢ᠂ ᠰᠢᠨ᠎ᠡ ᠶᠢ ᠡᠬᠦᠳᠬᠦ ᠥᠵᠡᠯ ᠣᠬᠠᠮᠰᠠᠷ ᠢᠲᠡᠪᠬᠢ ᠪᠣᠰᠣ᠂ ᠣᠷᠴᠢᠨ ᠲᠣᠭᠤᠷᠢᠨ ᠤ  ᠬᠥᠭᠵᠢᠯᠲᠡ ᠣᠯᠠᠮ ᠨᠢᠬᠡ ᠠᠯᠬᠤᠮ ᠰᠠᠶᠢᠵᠢᠷᠠᠬᠤ ᠴᠢᠬᠤᠯᠠᠲᠠᠢ ᠪᠠᠶᠢᠨ᠎ᠠ ᠃ ᠡᠲᠡᠬᠡᠷ ᠠᠰᠠᠭᠤᠲᠠᠯ ᠢ ᠰᠶᠢᠳᠪᠥᠷᠢᠯᠡᠬᠦ ᠳᠤ ᠪᠢᠲᠡ ᠣᠯᠠᠮ ᠢᠲᠡᠪᠬᠢ ᠣᠪᠣᠷ ᠢᠶᠠᠷ ᠬᠠᠨᠲᠣᠵᠣ᠂ ᠣᠯᠠᠮ ᠬᠦᠴᠦᠲᠠᠢ ᠠᠷᠭ᠎ᠠ ᠪᠠᠷᠢᠯ ᠢᠶᠠᠷ ᠬᠢᠨᠠᠮᠠᠭᠠᠢ ᠰᠶᠢᠳᠪᠥᠷᠢᠯᠡᠬᠦ ᠴᠢᠬᠤᠯᠠᠲᠠᠢ ᠪᠠᠶᠢᠨ᠎ᠠ᠃      ᠬᠤᠶᠠᠷ᠂ ᠬᠤᠶᠢᠰᠢᠲᠠ  ᠶᠢᠨ ᠲᠠᠪᠣᠨ ᠵᠢᠯ ᠤᠨ  ᠬᠥᠭᠵᠢᠯᠲᠡ ᠶᠢᠨ ᠬᠠᠷᠠᠯᠲᠠ ᠵᠢᠴᠢ ᠭᠤᠣᠯ ᠡᠬᠦᠷᠬᠡ     ᠨᠠᠮ ᠤᠨ ᠠᠷᠪᠠ ᠶᠢᠰᠥᠲᠥᠬᠡᠷ ᠶᠡᠭᠡ ᠬᠤᠷᠠᠯ ᠲᠡᠭᠡᠷ᠎ᠡ ᠲᠣᠮᠲᠠᠲᠣ ᠣᠯᠣᠰ ᠤᠨ ᠣᠨᠴᠠᠯᠢᠭ ᠲᠠᠢ ᠨᠡᠶᠢᠬᠡᠮ ᠵᠢᠷᠤᠮᠲᠣ ᠰᠢᠨ᠎ᠡ ᠴᠠᠭ ᠥᠶ᠎ᠡ ᠳᠤ ᠣᠷᠣᠭᠰᠠᠨ ᠴᠢᠬᠤᠯᠠ ᠶᠡᠭᠡ ᠨᠣᠲᠠᠯᠠᠯᠲᠠ ᠶᠢ ᠬᠢᠭᠰᠡᠨ ᠪᠠᠶᠢᠨ᠎ᠠ᠃ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠲᠣᠮᠲᠠᠲᠣ ᠣᠯᠣᠰ ᠤᠨ ᠣᠨᠴᠠᠯᠢᠭ ᠲᠠᠢ ᠨᠡᠶᠢᠬᠡᠮ ᠵᠢᠷᠤᠮ ᠤᠨ ᠥᠵᠡᠯ ᠰᠠᠨᠠᠭᠠᠨ ᠎ ᠤ ᠵᠢᠯᠥᠭᠤᠳᠬᠤ ᠪᠠᠶᠢᠷᠢ ᠰᠠᠭᠤᠷᠢ ᠶᠢ ᠪᠠᠲᠣᠯᠠᠵᠣ᠂  ︽ᠬᠤᠶᠡᠷ ᠵᠠᠭᠤᠨ ᠵᠢᠯ︾᠎ ᠤᠨ ᠲᠡᠮᠡᠴᠡᠬᠦ ᠬᠠᠷᠠᠯᠲᠠ ᠶᠢᠨ ᠠᠤᠭ᠎ᠠ ᠲᠥᠯᠥᠪᠯᠡᠭᠡ ᠶᠢ ᠲᠣᠭᠲᠠᠭᠠᠪᠠ᠃ ᠡᠨᠡ ᠪᠣᠯ ᠪᠢᠲᠡᠨ ᠤ ᠰᠢᠨ᠎ᠡ ᠠᠶᠠᠨ ᠢᠶᠠᠨ ᠡᠬᠢᠯᠡᠬᠦᠯᠵᠣ᠂ ᠰᠢᠨ᠎ᠡ ᠬᠠᠭᠤᠲᠠᠰᠣ ᠶᠢ ᠨᠡᠭᠡᠭᠡᠬᠦ ᠠᠵᠢᠯᠯᠠᠭ᠎ᠠ ᠶᠢᠨ ᠬᠦᠲᠦᠯᠪᠦᠷᠢ ᠪᠣᠯᠣᠨ᠎ᠠ᠃ ᠬᠤᠶᠢᠰᠢᠲᠠ ᠶᠢᠨ ᠲᠠᠪᠣᠨ ᠵᠢᠯ ᠳᠤ᠂ ︽ᠬᠤᠶᠠᠷ ᠵᠠᠭᠤᠨ ᠵᠢᠯ︾᠎ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠲᠡᠤᠬᠡ ᠶᠢᠨ ᠠᠭᠤᠯᠵᠠᠷ ᠬᠤᠭᠤᠴᠠᠭ᠎ᠠ ᠪᠤᠯᠤᠨ᠎ᠠ᠃ ᠪᠢᠲᠡ ᠥᠬᠡᠷᠡᠴᠢᠯᠡᠯᠲᠡ ᠬᠢᠵᠣ ᠴᠢᠯᠥᠬᠡᠲᠠᠢ ᠶᠠᠪᠤᠯᠴᠠᠭᠰᠠᠨ 40 ᠵᠢᠯ ᠤᠨ ᠣᠢ᠂ ᠰᠢᠨ᠎ᠡ ᠲᠣᠮᠲᠠᠲᠣ ᠣᠯᠣᠰ ᠪᠠᠶᠢᠭᠤᠯᠣᠭᠲᠠᠭᠰᠠᠨ 70 ᠵᠢᠯ ᠤᠨ ᠣᠢ᠂ ᠪᠦᠬᠦ ᠲᠠᠯ᠎ᠠ ᠪᠠᠷ ᠴᠢᠨᠡᠬᠡᠯᠢᠭ ᠨᠡᠶᠢᠬᠡᠮ ᠢ ᠪᠠᠶᠢᠭᠤᠯᠬᠤ ᠪᠠ ᠲᠣᠮᠲᠠᠲᠣ ᠣᠯᠣᠰ ᠤᠨ ᠡᠪ ᠬᠠᠮᠲᠣ ᠨᠠᠮ ᠪᠠᠶᠢᠭᠤᠯᠣᠭᠲᠠᠭᠰᠠᠨ 100 ᠵᠢᠯ ᠤᠨ ᠣᠢ ᠵᠡᠷᠬᠡ ᠴᠢᠬᠤᠯᠠ ᠴᠠᠭ  ᠮᠥᠴᠡ ᠨᠦᠭᠦᠳ ᠢ ᠤᠭᠲᠤᠬᠤ  ᠪᠣᠯᠣᠨ᠎ᠠ᠂ ᠬᠤᠶᠢᠰᠢᠲᠠ ᠶᠢᠨ ᠲᠠᠪᠣᠨ ᠵᠢᠯ ᠤᠨ ᠠᠵᠢᠯ ᠢᠶᠠᠨ ᠰᠠᠶᠢᠲᠣᠷ ᠬᠢᠬᠦ ᠳᠤ ᠡᠬᠦᠷᠬᠡ ᠬᠥᠨᠲᠣ᠂  ᠠᠯᠣᠰ ᠬᠡᠲᠥ ᠶᠢᠨ ᠠᠴᠢ ᠬᠤᠯᠪᠣᠭᠲᠠᠯ ᠲᠠᠢ  ᠶᠣᠮ᠃     ᠢᠷᠡᠭᠡᠳᠤᠢ ᠳᠤ ᠬᠠᠨᠳᠤᠨ᠂ ᠮᠠᠨ ᠤ  ᠲᠣᠭᠤᠷᠢᠭ ᠶᠠᠭ  ᠰᠠᠶ᠋ᠢᠬᠠᠨ ᠶᠡᠭᠡ ᠥᠢᠯᠡᠰ ᠪᠥᠲᠥᠬᠡᠬᠦ ᠪᠠᠶᠢᠯᠲᠣᠬᠤ ᠪᠤᠳᠤᠯᠭ᠎ᠠ ᠶᠢᠨ ᠴᠠᠭ ᠲᠤᠬᠢᠶᠠᠯ ᠪᠠ ᠰᠢᠵᠢᠷ ᠠᠯᠲᠠᠨ ᠬᠥᠭᠵᠢᠯᠲᠡ ᠶᠢᠨ ᠴᠠᠭ ᠥᠶ᠎ᠡ ᠳᠤ ᠪᠠᠶᠢᠨ᠎ᠠ᠂ ᠣᠯᠣᠰ ᠤᠨ ︽ᠨᠢᠬᠡ ᠪᠥᠰᠡ ᠨᠢᠬᠡ ᠵᠠᠮ︾᠂ ︽ ᠲᠣᠮᠲᠠᠲᠣ ᠮᠣᠩᠭᠤᠯ ᠣᠷᠣᠰ  ᠠᠵᠣ ᠠᠬᠤᠢ ᠶᠢᠨ ᠬᠤᠩᠭᠢᠯ︾᠂ ︽ᠪᠡᠬᠡᠵᠢᠩ ᠲᠢᠶᠠᠨᠵᠢᠨ ᠾᠧᠪᠸᠢ ᠵᠣᠬᠢᠴᠠᠩᠭᠤᠢ ᠬᠥᠭᠵᠢᠬᠦ︾ ᠵᠡᠷᠬᠡ ᠨᠡᠬᠡᠬᠡᠨ ᠬᠠᠮᠲᠤᠷᠠᠬᠤ ᠪᠠᠶᠢᠯᠲᠣᠬᠤ ᠪᠣᠲᠣᠯᠭ᠎ᠠ ᠶᠢᠨ ᠬᠥᠨᠵᠡᠬᠡᠢ ᠬᠡᠷᠡᠭᠵᠢᠬᠦᠯᠥᠯᠲᠡ ᠨᠢ ᠪᠢᠲᠡᠨ ᠳᠤ ᠣᠯᠲᠠᠰᠢ ᠥᠬᠡᠢ ᠲᠡᠥᠬᠡᠨ ᠵᠠᠪᠰᠢᠶᠠᠨ ᠢ ᠠᠪᠴᠢᠷᠠᠵᠣ ᠥᠭᠬᠦᠭᠰᠡᠨ ᠪᠠᠶᠢᠨ᠎ᠠ᠃ ᠲᠥᠪ ᠪᠠ ᠥᠪᠡᠷᠲᠡᠬᠡᠨ ᠵᠠᠰᠠᠬᠤ ᠣᠷᠣᠨ ᠠᠴᠠ ᠵᠠᠬ᠎ᠠ ᠬᠢᠵᠠᠭᠠᠷ ᠤᠨ ᠴᠥᠬᠡᠨ ᠲᠣᠭᠠᠲᠣ ᠥᠨᠲᠥᠰᠥᠲᠡᠨ ᠎ ᠤ ᠣᠷᠣᠨ ᠪᠠ ᠶᠠᠲᠠᠭᠤ ᠬᠥᠴᠢᠷᠲᠠᠯ ᠲᠠᠢ ᠣᠷᠣᠨ ᠳᠤ  ᠲᠡᠮᠵᠢᠯᠬᠡ ᠥᠵᠡᠬᠦᠯᠬᠦ  ᠲᠥᠷᠥ ᠶᠢᠨ ᠪᠣᠲᠣᠯᠭ᠎ᠠ ᠣᠯᠠᠮ ᠠᠷᠪᠢᠵᠢᠵᠣ᠂ ᠪᠢᠲᠡᠨ ᠳᠤ ᠤᠷᠢᠲᠣ ᠭᠠᠷᠤᠭ᠎ᠠ ᠥᠬᠡᠢ ᠲᠥᠷᠥ ᠶᠢᠨ ᠪᠣᠲᠣᠯᠭ᠎ᠠ ᠶᠢᠨ ᠣᠷᠴᠢᠨ ᠲᠣᠭᠤᠷᠢᠨ ᠢ ᠬᠠᠩᠭᠠᠵᠤ ᠥᠭᠬᠦᠯ᠎ᠡ᠃ ᠵᠢᠨᠢᠩ ᠤᠨ ︽ᠬᠤᠲᠠ ᠲᠤᠭᠤᠷᠢᠭ ᠨᠢᠬᠡ  ᠴᠣᠭᠴᠠ︾  ᠎ ᠶᠢᠨ ᠣᠯᠣᠰ ᠲᠥᠷᠥ ᠶᠢᠨ ᠲᠠᠪᠠᠭᠤᠯᠢᠭ᠂ ︽ᠲᠥᠷᠪᠡᠨ ᠵᠥᠭ ᠨᠠᠢᠮᠠᠨ ᠵᠣᠪᠬᠢᠰ ᠲᠤ ᠨᠡᠪᠲᠡᠷᠡᠬᠦ︾ ᠣᠷᠣᠨ ᠪᠠᠶᠢᠷᠢ ᠶᠢᠨ ᠲᠠᠪᠠᠭᠤᠯᠢᠭ᠂ ︽ ᠲᠠᠯ᠎ᠠ ᠨᠣᠲᠤᠭ ᠤᠨ ᠵᠣᠰᠠᠯᠠᠩ ᠤᠨ ᠬᠤᠲᠠ︾ ᠎ ᠶᠢᠨ ᠴᠠᠭ ᠠᠭᠤᠷ ᠤᠨ ᠲᠠᠪᠠᠭᠤᠯᠢᠭ᠂ ᠤᠨᠴᠠᠭᠠᠶᠢᠯᠠᠨ ᠪᠢᠲᠡ ︽ᠠᠭᠠᠷ ᠠᠶᠠᠯᠠᠯ ᠤᠨ ᠴᠠᠭ ᠥᠶ᠎ᠡ︾᠂ ︽ᠲᠥᠷᠬᠡᠨ ᠲᠠᠮᠥᠷ ᠵᠠᠮ ᠤᠨ ᠴᠠᠭ ᠥᠶ᠎ᠡ  ︾ ᠪᠠ ︽ᠪᠡᠬᠡᠵᠢᠩ ᠲᠠᠢ ᠨᠢᠬᠡ ᠬᠤᠲᠠᠴᠢᠯᠠᠬᠤ ᠴᠠᠭ ᠥᠶ᠎ᠡ︾᠎ ᠶᠢ ᠤᠭᠲᠣᠵᠣ ᠢᠷᠡᠭᠰᠡᠨ᠂ ᠡᠨᠡ ᠨᠢ ᠪᠢᠲᠡᠨ ᠳᠤ ᠣᠯᠠᠮ ᠠᠴᠠ ᠲᠡᠪᠡᠭᠤᠯᠢᠭ ᠨᠥᠬᠦᠴᠠᠯ ᠢ ᠬᠠᠩᠭᠠᠵᠣ ᠥᠭᠬᠦᠯ᠎ᠡ᠃ ᠪᠢᠲᠡ ᠵᠥᠪᠬᠡᠨ ᠬᠥᠭᠵᠢᠯᠲᠡ ᠶᠢᠨ ᠶᠡᠭᠡ ᠬᠠᠨᠲᠣᠰᠢ ᠎ ᠢ ᠲᠠᠭᠠᠵᠣ᠂ ᠢᠯᠡᠯᠲᠡ ᠶᠢᠨ ᠵᠣᠷᠢᠭ ᠰᠠᠨᠠᠭ᠎ᠠ ᠪᠠᠨ ᠪᠠᠲᠣᠳᠬᠠᠵᠣ᠂ ᠨᠢᠬᠡ ᠰᠡᠳᠬᠢᠯ ᠨᠢᠬᠡ ᠵᠣᠷᠢᠭ ᠢᠶᠠᠷ ᠦᠵᠡᠯᠳᠡ ᠪᠠᠨ ᠨᠢᠬᠡᠳᠬᠡᠵᠣ  ᠬᠥᠴᠥᠨ ᠴᠢᠲᠠᠯ ᠢᠶᠠᠨ ᠬᠠᠮᠲᠤᠷᠠᠭᠤᠯᠵᠦ᠂ ᠰᠢᠨ᠎ᠡ ᠲᠡᠤᠬᠡ ᠶᠢᠨ ᠠᠶᠠᠨ ᠵᠠᠮ ᠳᠤ ᠴᠢᠨᠡᠭᠡᠯᠢᠭ ᠨᠡᠶᠢᠭᠡᠮ ᠎ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠦ᠂ ᠵᠢᠨᠢᠩ ᠤᠨ ᠠᠵᠦ ᠠᠬᠤᠢ ᠨᠡᠶᠢᠭᠡᠮ ᠤᠨ ᠲᠦᠷᠭᠡᠨ ᠬᠦᠭᠵᠢᠯᠲᠡ ᠶᠢ ᠪᠡᠶᠡᠯᠡᠭᠦᠯᠬᠦ ᠳᠤ ᠪᠢᠳᠡᠨ ᠳᠤ ᠦᠨᠳᠦᠰᠦᠨ ᠰᠠᠭᠤᠷᠢ᠂ ᠨᠥᠬᠦᠴᠠᠯ  ᠂ ᠢᠲᠡᠭᠡᠯ ᠵᠤᠷᠢᠭ᠂ ᠬᠦᠴᠦᠨ ᠴᠢᠳᠠᠯ ᠪᠦᠷᠢᠨ ᠪᠠᠶᠢᠨ᠎ᠠ᠃     ᠬᠤᠶᠢᠰᠢᠲᠠ ᠶᠢᠨ ᠲᠠᠪᠣᠨ ᠵᠢᠯ ᠳᠤ  ᠂ ᠵᠠᠰᠠᠭ ᠤᠨ ᠣᠷᠲᠣᠨ ᠤ ᠠᠵᠢᠯ ᠤᠨ ᠶᠡᠷᠥᠩᠬᠡᠢ ᠰᠡᠳᠬᠢᠴᠡ ᠪᠠ ᠬᠠᠷᠠᠯᠲᠠ ᠪᠣᠯ ᠲᠣᠮᠲᠠᠲᠣ ᠣᠯᠣᠰ ᠤᠨ ᠣᠨᠴᠠᠯᠢᠭ ᠲᠠᠢ ᠨᠡᠶᠢᠬᠡᠮ  ᠵᠢᠷᠣᠮᠲᠣ ᠲᠤᠭ ᠢ ᠦᠨᠳᠦᠷ ᠮᠠᠨᠳᠤᠭᠤᠯᠵᠦ᠂ ᠳ᠋ᠧᠩ ᠰᠢᠶᠣᠣ ᠫᠢᠩ ᠤᠨ ᠤᠨᠤᠯ᠂ ︽ᠭᠤᠷᠪᠠ ᠶᠢ ᠲᠥᠯᠥᠬᠡᠯᠡᠬᠦ ᠴᠢᠬᠤᠯᠠ ᠥᠵᠡᠯ ᠰᠠᠨᠠᠭ᠎ᠠ︾᠂ ᠰᠢᠨᠵᠢᠯᠡᠬᠦ ᠣᠬᠠᠭᠠᠨᠴᠢ ᠬᠥᠭᠵᠢᠯᠲᠡ ᠶᠢᠨ ᠥᠵᠡᠯᠲᠡ ᠪᠠ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠲᠣᠮᠲᠠᠲᠣ ᠣᠯᠣᠰ ᠤᠨ ᠣᠨᠴᠠᠯᠢᠭ ᠲᠠᠢ ᠨᠡᠶᠢᠬᠡᠮ ᠵᠢᠷᠤᠮ ᠤᠨ ᠥᠵᠡᠯ ᠰᠠᠨᠠᠭ᠎ᠠ ᠪᠠᠷ  ᠵᠢᠯᠣᠭᠤᠲᠣᠯᠭ᠎ᠠ ᠪᠣᠯᠭᠠᠵᠣ᠂ ᠨᠡᠮ ᠤᠨ ᠠᠷᠪᠠ ᠶᠢᠰᠥᠲᠥᠬᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠣᠣᠱᠯᠠᠭᠤᠯᠣᠨ᠂ ︽ᠲᠠᠪᠣᠨ ᠶᠢ ᠨᠢᠬᠡ ᠴᠣᠭᠴᠠᠵᠢᠭᠤᠯᠬᠤ︾ ᠶᠡᠷᠥᠩᠬᠡᠢ ᠪᠠᠶᠢᠷᠢᠰᠢᠯ ᠪᠠ ︽ᠲᠥᠷᠪᠡᠨ ᠪᠥᠬᠦ ᠲᠠᠯ᠎ᠠ︾᠎ ᠶᠢᠨ ᠪᠠᠶᠢᠯᠲᠣᠬᠤ ᠪᠣᠲᠣᠯᠭ᠎ᠠ ᠶᠢᠨ ᠪᠠᠶᠢᠷᠢᠭᠤᠯᠣᠯ ᠲᠠᠢ ᠨᠢᠭᠲᠠ ᠤᠶᠠᠯᠳᠤᠭᠤᠯᠤᠨ᠂ ︽ᠲᠠᠪᠣᠨ ᠶᠡᠭᠡ ᠬᠥᠭᠵᠢᠯᠲᠡ ᠶᠢᠨ ᠣᠨᠣᠯ︾`᠎ ᠢ ᠥᠢᠯᠡᠲᠥᠯᠬᠡᠵᠢᠬᠦᠯᠵᠥ᠂ ᠬᠥᠭᠵᠢᠯᠲᠡ᠂ ᠠᠮᠢ ᠠᠬᠤᠢ᠂ ᠠᠷᠠᠳ ᠤᠨ ᠠᠮᠢᠲᠣᠷᠠᠯ ᠭᠤᠷᠪᠠᠨ ᠰᠠᠭᠤᠷᠢ ᠪᠠᠨ ᠪᠠᠲᠣᠯᠠᠵᠣ᠂ ︽ᠭᠤᠷᠪᠠᠨ ᠶᠡᠭᠡ ᠨᠡᠬᠡᠬᠡᠨ ᠬᠥᠭᠵᠢᠬᠦᠯᠬᠦ ᠪᠠᠶᠢᠯᠲᠣᠬᠤ ᠪᠣᠲᠣᠯᠭ᠎ᠠ︾᠎ ᠶᠢ ᠬᠥᠨᠵᠡᠬᠡᠢ  ᠬᠡᠷᠡᠭᠵᠢᠬᠦᠯᠵᠥ᠂ ᠲᠤᠮᠤ ᠳ᠋ᠸᠢᠢᠲ᠋ᠠ᠂ ᠶᠡᠭᠡ ᠵᠢᠭᠤᠯᠴᠢᠯᠠᠯ᠂ ᠶᠡᠭᠡ ᠪᠣᠲᠠᠰ ᠤᠨ ᠬᠥᠢᠯᠬᠡᠬᠡᠨ ᠵᠡᠷᠭᠡ ᠭᠤᠷᠪᠠᠨ ᠶᠡᠭᠡ ᠠᠵᠣ ᠥᠢᠯᠡᠰ ᠢ ᠴᠢᠩᠭ᠎ᠠ ᠠᠳᠬᠤᠵᠣ᠂  ︽ᠲᠥᠷᠪᠡᠨ ᠶᠡᠭᠡ ᠲᠣᠯᠭᠠᠭᠤᠷᠢ ᠠᠵᠣ ᠥᠢᠯᠡᠰ︾᠎ ᠢᠶᠠᠨ ᠰᠠᠶᠢᠲᠣᠷ ᠬᠢᠵᠤ᠂ ︽ᠲᠠᠪᠣᠨ ᠶᠡᠭᠡ ᠰᠢᠨ᠎ᠡ ᠪᠠᠷ ᠮᠠᠨᠲᠣᠭᠰᠠᠨ ᠥᠢᠯᠡᠴᠢᠯᠡᠯᠬᠡᠨ ᠤ ᠥᠢᠯᠡᠰ︾ ᠎ ᠢ ᠪᠦᠢᠵᠢᠭᠤᠯᠵᠦ᠂ ᠴᠢᠬᠤᠯᠠ ᠶᠡᠭᠡ ᠲᠥᠭᠰᠢᠬᠦᠷᠢ ᠶᠢ ᠰᠡᠷᠬᠡᠶᠢᠯᠡᠨ ᠠᠷᠢᠯᠭᠠᠵᠦ᠂ ᠤᠨᠤᠴᠢᠳᠠᠢ ᠶᠠᠲᠠᠭᠤ ᠠᠴᠠ ᠠᠩᠬᠢᠵᠢᠷᠠᠭᠤᠯᠬᠤ᠂ ᠪᠤᠬᠢᠷᠳᠤᠯ ᠎ ᠢ ᠰᠡᠷᠬᠡᠶᠢᠯᠡᠨ ᠵᠠᠰᠠᠬᠤ ︽ᠭᠤᠷᠪᠡᠨ ᠶᠡᠭᠡ ᠪᠣᠭᠤᠮᠲᠠ ᠰᠢᠪᠲᠣᠯᠬᠤ ᠲᠠᠶᠢᠯᠠᠯᠲᠣᠭᠠᠨ︾᠎ ᠢ ᠰᠠᠶᠢᠲᠣᠷ ᠬᠢᠵᠦ᠂ ᠲᠠᠪᠠᠭᠤᠯᠢᠭ ᠲᠠᠯ᠎ᠠ ᠪᠠᠨ ᠪᠠᠲᠠᠷᠠᠭᠤᠯᠵᠣ᠂ ᠲᠣᠲᠠᠭᠲᠠᠯ ᠲᠠᠢ ᠲᠠᠯ᠎ᠠ ᠪᠠᠨ ᠨᠥᠬᠦᠪᠥᠷᠢᠯᠡᠨ᠂ ᠠᠰᠠᠭᠤᠲᠠᠯ ᠢ ᠰᠢᠢᠳᠪᠦᠷᠢᠯᠡᠵᠦ᠂ ᠠᠵᠣ ᠠᠬᠤᠢ ᠨᠡᠶᠢᠬᠡᠮ ᠤᠨ  ᠲᠣᠭᠲᠠᠪᠣᠷᠢᠲᠠᠢ ᠬᠥᠭᠵᠢᠬᠦ ᠶᠢ ᠪᠠᠲᠣᠯᠠᠶ᠎ᠠ᠃ ᠴᠢᠨᠡᠬᠡᠯᠢᠭ ᠪᠣᠯᠪᠠᠰᠤᠨ᠂ ᠠᠮᠣᠷ ᠲᠠᠶᠢᠪᠣᠩ ᠡᠶ᠎ᠡ ᠵᠤᠬᠢᠴᠠᠩᠭᠤᠢ᠂ ᠠᠮᠢ ᠠᠬᠤᠢ ᠶᠢᠨ ᠤᠷᠤᠰᠢᠨ ᠰᠠᠭᠤᠬᠤ ᠳᠤ ᠲᠠᠭᠠᠲᠠᠢ ᠲᠠᠩᠰᠤᠭ ᠰᠠᠶᠢᠬᠠᠨ ᠵᠢᠨᠢᠩ ᠢ ᠪᠦᠬᠦ ᠲᠠᠯ᠎ᠠ ᠎ ᠪᠠᠷ ᠪᠥᠲᠥᠬᠡᠨ ᠪᠠᠶᠢᠭᠤᠯᠣᠶ᠎ᠠ᠃ ᠣᠲᠣ ᠪᠦᠬᠦ ᠲᠣᠭᠤᠷᠢᠭ  ᠤᠨ ᠤᠷᠤᠨ ᠨᠣᠲᠤᠭ ᠤᠨ ᠤᠶᠢᠯᠡᠳᠪᠦᠷᠢᠯᠡᠯ ᠤᠨ ᠶᠡᠷᠥᠩᠬᠡᠢ ᠦᠷᠲᠡᠭ ᠵᠢᠯ ᠪᠥᠷᠢ 7%᠎ ᠪᠠᠷ  ᠨᠡᠮᠡᠭᠲᠡᠵᠥ᠂ ᠡᠩ ᠤᠨ  ᠤᠯᠠᠨ ᠨᠡᠶᠢᠲᠡ ᠶᠢᠨ ᠤᠷᠢᠳᠴᠢᠯᠠᠨ ᠪᠤᠳᠤᠬᠤ ᠤᠷᠤᠯᠭ᠎ᠠ ᠨᠢ ᠵᠢᠯ ᠪᠥᠷᠢ ᠳᠤ 6% ᠤᠷᠴᠢᠮ ᠨᠡᠮᠡᠭᠳᠡᠵᠦ᠂ ᠲᠤᠭᠲᠠᠮᠠᠯ ᠬᠥᠷᠥᠩᠬᠡ ᠶᠢᠨ ᠪᠡᠯᠡ ᠤᠷᠤᠭᠤᠯᠤᠯᠲᠠ ᠲᠠᠪᠣᠨ ᠵᠢᠯ ᠳᠤ ᠨᠡᠶᠢᠲᠡ400 ᠳ᠋ᠥᠩᠰᠢᠭᠤᠷ ᠲᠦᠭᠦᠷᠢᠭ ᠢ ᠪᠡᠶᠡᠯᠡᠭᠦᠯᠵᠦ᠂ ᠨᠡᠶᠢᠬᠡᠮ ᠤᠨ ᠬᠡᠷᠡᠭᠯᠡᠬᠡᠨ ᠤ ᠰᠣᠯᠠ ᠪᠣᠷᠣᠯᠠᠭᠤᠯᠬᠤ ᠶᠡᠷᠤᠩᠬᠡᠢ ᠬᠡᠮᠵᠢᠶ᠎ᠡ ᠵᠢᠯ ᠪᠥᠷᠢ 8.5%᠎ ᠪᠠᠷ  ᠨᠡᠮᠡᠭᠲᠡᠵᠥ᠂ ᠬᠤᠲᠠ ᠪᠠᠯᠭᠠᠰᠣ ᠶᠢᠨ ᠬᠥᠮᠥᠨ ᠪᠥᠷᠢ ᠳᠤ ᠲᠡᠭᠰᠢᠳᠬᠡᠭᠰᠡᠨ ᠡᠵᠡᠮᠲᠠᠵᠣ ᠪᠣᠯᠬᠤ ᠤᠷᠤᠯᠭ᠎ᠠ ᠪᠠ ᠲᠠᠷᠢᠶᠠᠴᠢᠳ ᠤᠨ ᠬᠥᠮᠥᠨ ᠪᠥᠷᠢ ᠳᠤ ᠲᠡᠭᠰᠢᠳᠬᠡᠭᠰᠡᠨ    ᠡᠵᠡᠮᠲᠡᠵᠣ ᠪᠣᠯᠬᠤ  ᠣᠷᠣᠯᠭ᠎ᠠ ᠶᠢ ᠵᠢᠯ ᠪᠥᠷᠢ 8% ᠪᠠ 7%᠎ ᠪᠠᠷ ᠨᠡᠮᠡᠭᠳᠡᠭᠦᠯᠪᠡ᠃     ᠲᠡᠬᠡᠷ᠎ᠡ ᠳᠤᠷᠠᠳᠤᠭᠰᠠᠨ ᠬᠠᠷᠠᠯᠲᠠ ᠶᠢ ᠥᠨᠲᠥᠰᠥᠯᠡᠨ᠂ ᠬᠤᠶᠢᠰᠢᠲᠠ ᠶᠢᠨ ᠲᠠᠪᠣᠨ ᠵᠢᠯ ᠳᠤ ᠪᠥᠬᠦ ᠬᠥᠴᠥᠨ ᠢᠶᠠᠷ ᠲᠣᠣᠷᠠᠬᠢ ᠵᠢᠷᠭᠤᠭᠠᠨ ᠵᠤᠶᠢᠯ ᠤᠨ ᠠᠵᠢᠯ ᠢ  ᠭᠤᠣᠯᠲᠠᠯᠭ᠎ᠠ ᠲᠠᠢ ᠠᠳᠬᠤᠨ᠎ᠠ᠃      ︵ᠨᠢᠭᠡ︶   ︽ᠭᠤᠷᠪᠠᠨ ᠲᠦᠪ︾  ᠎ ᠢ ᠴᠤᠭᠴᠠᠯᠠᠨ ᠪᠠᠶᠢᠭᠤᠯᠵᠦ᠂  ᠠᠵᠦ ᠠᠬᠤᠢ ᠶᠢᠨ ᠬᠦᠭᠵᠢᠯᠲᠡ ᠶᠢᠨ ᠰᠢᠨ᠎ᠡ ᠳᠠᠪᠠᠭᠤᠯᠢᠭ  ᠎ ᠢ ᠭᠦᠨᠵᠡᠭᠡᠶᠢᠷᠡᠭᠦᠯᠦᠨ ᠠᠬᠢᠭᠤᠯᠤᠶ᠎ᠠ      ᠲᠤᠮᠤ ᠳ᠋ᠸᠢᠢᠲ᠋ᠠ ᠶᠢ ᠬᠦᠭᠵᠢᠭᠦᠯᠵᠦ᠂ ᠤᠮᠠᠷᠠᠲᠦ ᠶᠢᠨ ᠲᠤᠮᠤ ᠳ᠋ᠸᠢᠢᠲ᠋ᠠ ᠶᠢᠨ ᠲᠦᠪ ᠢ ᠴᠤᠭᠴᠠᠯᠠᠨ  ᠪᠠᠶᠢᠭᠤᠯᠤᠶ᠎ᠠ  ᠃ ᠤᠯᠤᠰ ᠤᠨ ︽ᠪᠡᠭᠡᠵᠢᠩ ᠲᠢᠶᠠᠨᠵᠢᠨ ᠾᠧᠪᠧᠢ ᠤᠷᠤᠨ ᠤ ᠳ᠋ᠸᠢᠢᠲ᠋ᠠ ᠶᠢᠨ ᠬᠤᠩᠭᠢᠯ︾᠎ ᠤᠨ ᠪᠦᠲᠦᠭᠡᠨ ᠪᠠᠶᠢᠭᠤᠯᠤᠯᠲᠠ ᠳᠤ ᠠᠭᠤᠰᠤᠯᠴᠠᠵᠦ᠂  ᠲᠤᠮᠤ ᠳ᠋ᠸᠢᠢᠲ᠋ᠠ ᠶᠢᠨ ᠠᠵᠦ ᠤᠶᠢᠯᠡᠰ ᠨᠢ ᠠᠵᠦ ᠠᠬᠤᠢ ᠨᠡᠶᠢᠭᠡᠮ ᠤᠨ ᠬᠦᠭᠵᠢᠯᠲᠡ ᠢ ᠲᠦᠯᠬᠢᠨ ᠠᠬᠢᠭᠤᠯᠬᠤ ᠰᠢᠨ᠎ᠡ ᠬᠦᠴᠦ ᠪᠤᠯᠬᠤ ᠶᠢ ᠪᠠᠷᠢᠮᠲᠠᠯᠠᠵᠦ᠂ ᠲᠤᠮᠤ ᠳ᠋ᠸᠢᠢᠲ᠋ᠠ ᠎ ᠶᠢᠨ ᠭᠤᠤᠯᠯᠠᠭᠴᠢ ᠡᠵᠡᠩᠨᠡᠬᠦ ᠬᠡᠯᠪᠡᠷᠢ᠂ ᠬᠤᠯᠪᠤᠭᠠᠲᠤ ᠡᠵᠡᠩᠨᠡᠬᠦ ᠬᠡᠯᠪᠡᠷᠢ ᠪᠤᠯᠤᠨ ᠤᠯᠠᠷᠢᠨ ᠬᠤᠪᠢᠰᠴᠦ ᠡᠵᠡᠩᠨᠡᠬᠦ ᠬᠡᠯᠪᠡᠷᠢ ᠳᠤ ᠲᠦᠪᠯᠡᠷᠡᠨ᠂ ᠳ᠋ᠸᠢᠢᠲ᠋ᠠ ᠶᠢᠨ ᠬᠠᠳᠠᠭᠠᠯᠠᠮᠵᠢ ᠶᠢᠨ ᠠᠬᠢᠴᠠ᠂ ᠳᠠᠭᠤᠳᠠᠯᠭ᠎ᠠ ᠶᠢᠨ ᠤᠶᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠪᠠ ᠫᠷᠤᠭ᠍ᠷᠠᠮ ᠤᠨ ᠨᠡᠭᠡᠭᠡᠯᠲᠡ ᠵᠡᠷᠭᠡ ᠲᠤᠮᠤ ᠳ᠋ᠸᠢᠢᠲ᠋ᠠ ᠶᠢᠨ ᠠᠵᠦ ᠤᠶᠢᠯᠡᠰ ᠤᠨ ᠬᠦᠭᠵᠢᠯᠲᠡ ᠶᠢ ᠲᠦᠷᠭᠡᠳᠬᠡᠵᠦ᠂ ᠤᠮᠠᠷᠠᠲᠦ ᠤᠷᠤᠨ ᠳᠤ ᠬᠠᠨᠳᠦᠭᠤᠯᠤᠭᠰᠠᠨ ︽ᠪᠡᠭᠡᠵᠢᠩ ᠲᠢᠶᠠᠨᠵᠢᠨ ᠾᠧᠪᠧᠢ︾ ᠤᠷᠤᠨ ᠳᠤ ᠤᠶᠢᠯᠡᠴᠢᠯᠡᠬᠦ ᠲᠤᠮᠤ ᠳ᠋ᠸᠢᠢᠲ᠋ᠠ ᠶᠢᠨ ᠲᠦᠪ ᠪᠤᠯᠤᠨ ︽ᠲᠠᠯ᠎ᠠ ᠨᠤᠲᠤᠭ ᠤᠨ ᠡᠭᠦᠯᠡᠨ ᠵᠠᠪᠠ︾᠎ ᠶᠢ ᠬᠦᠴᠦᠯᠡᠨ ᠪᠠᠶᠢᠭᠤᠯᠤᠨ᠎ᠠ᠃ ᠭᠤᠤᠯᠯᠠᠭᠴᠢ ᠡᠵᠡᠩᠨᠡᠬᠦ ᠬᠡᠯᠪᠡᠷᠢ ᠨᠢ ᠳ᠋ᠸᠢᠢᠲ᠋ᠠ ᠶᠢᠨ ᠬᠠᠳᠠᠭᠠᠯᠠᠮᠵᠢ ᠶᠢᠨ ᠪᠦᠲᠦᠭᠡᠨ ᠪᠠᠶᠢᠭᠤᠯᠤᠯᠳᠠ ᠪᠤᠯᠤᠨ ᠭᠠᠮᠰᠢᠭ ᠤᠨ ᠪᠡᠯᠡᠳᠬᠡᠯ ᠤᠨ ᠲᠦᠪ ᠢᠶᠠᠷ ᠭᠤᠤᠯ ᠪᠤᠯᠭᠠᠨ᠂ ᠪᠦᠬᠦ ᠬᠦᠴᠦᠨ ᠢᠶᠠᠷ ᠬᠤᠸᠠ ᠸᠧᠢ ᠶᠢᠨ ᠬᠤᠶᠠᠳᠤᠭᠠᠷ ᠬᠤᠭᠤᠴᠠᠭ᠎ᠠ᠂ ᠠᠶᠢᠫᠦᠤ ᠺᠤᠮᠫᠠᠨᠢ᠂ ᠵᠦᠩ ᠯᠢᠶᠠᠨ ᠯᠢ ᠰᠢᠨ᠂ ᠶᠧᠦ ᠺᠧ ᠳ᠋ᠧ ᠵᠡᠷᠭᠡ ᠳ᠋ᠸᠢᠢᠲ᠋ᠠ ᠶᠢᠨ ᠲᠦᠪ ᠤᠨ ᠲᠦᠷᠦᠯ ᠵᠤᠶᠢᠯ ᠤᠨ ᠪᠦᠲᠦᠭᠡᠨ ᠪᠠᠶᠢᠭᠤᠯᠤᠯᠲᠠ᠂ ᠠ ᠯᠢ ᠪᠠ ᠪᠠ᠂ ᠲᠧᠩ ᠰᠢᠶᠦ᠋ᠨ ᠵᠡᠷᠭᠡ ᠨᠢᠭᠡ ᠪᠦᠯᠦᠭ ᠳ᠋ᠸᠢᠢᠲ᠋ᠠ ᠶᠢᠨ ᠬᠡᠷᠡᠭᠯᠡᠭᠡᠨ ᠤ ᠠᠵᠦ ᠠᠬᠤᠶᠢᠯᠠᠯ ᠢ ᠤᠷᠢᠨ ᠤᠷᠤᠭᠤᠯᠬᠤ᠂ ᠲᠤᠮᠤ ᠳ᠋ᠸᠢᠢᠲ᠋ᠠ ᠎ ᠶᠢ ᠴᠤᠭᠯᠠᠭᠤᠯᠬᠤ᠂ ᠵᠠᠳᠠᠯᠤᠨ ᠰᠤᠳᠤᠯᠬᠤ ᠪᠠ ᠡᠵᠡᠩᠨᠡᠬᠦ ᠠᠵᠦ ᠤᠶᠢᠯᠡᠰ ᠤᠨ ᠲᠠᠪᠴᠠᠩ ᠢ ᠴᠤᠭᠴᠠᠯᠠᠨ ᠪᠠᠶᠢᠭᠤᠯᠵᠦ ᠂ 2022 ᠤᠨ ᠪᠤᠯᠬᠤ ᠳᠤ᠂  ᠲᠤᠮᠤ ᠳ᠋ᠸᠢᠢᠲ᠋ᠠ ᠶᠢᠨ ᠤᠶᠢᠯᠡᠴᠢᠯᠡᠭᠦᠷ ᠮᠠᠰᠢᠨ 100 ᠲᠦᠮᠡᠨ ᠰᠠᠤᠷᠢ ᠳᠤ ᠬᠦᠷᠴᠦ᠂ ᠭᠤᠤᠯ ᠡᠵᠡᠩᠨᠡᠯᠲᠡ ᠶᠢᠨ ᠤᠷᠤᠯᠭ᠎ᠠ ᠨᠢ ᠵᠠᠭᠤᠨ ᠳ᠋ᠦᠩᠰᠢᠭᠤᠷ ᠢ ᠳᠠᠪᠠᠭ᠋ᠤ ᠪᠤᠯᠤᠨ᠎ᠠ᠃  ᠬᠤᠯᠪᠤᠭᠠᠲᠦ ᠡᠵᠡᠩᠨᠡᠬᠦ ᠬᠡᠯᠪᠡᠷᠢ ᠶᠢᠨ ᠤᠶᠢᠯᠡᠴᠢᠯᠡᠭᠡ ᠪᠠᠨ ᠭᠠᠳᠠᠭᠰᠢ ᠳᠠᠭᠠᠭᠠᠴᠢᠯᠠᠭᠤᠯᠬᠤ ᠪᠠᠷ ᠭᠤᠤᠯ ᠪᠤᠯᠭᠠᠵᠦ᠂ ᠬᠤᠸᠠ ᠲᠠᠩ ᠪᠤᠯᠤᠨ ᠬᠤᠩ ᠯᠢᠶᠠᠨ ᠵᠢᠦ ᠦ᠋ ᠵᠡᠷᠭᠡ ᠤᠶᠢᠯᠡᠴᠢᠯᠡᠭᠡ ᠪᠠᠨ ᠭᠠᠳᠠᠭᠰᠢ ᠳᠠᠭᠠᠭᠠᠴᠢᠯᠠᠭᠤᠯᠬᠤ ᠠᠵᠦ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠥᠸᠧ ᠶᠤᠸᠠᠢ᠂ ᠰᠠᠨ ᠶᠤᠸᠠᠨ ᠵᠡᠷᠭᠡ ᠤᠶᠢᠯᠡᠴᠢᠯᠡᠭᠡ ᠪᠠᠨ ᠭᠠᠳᠠᠭᠰᠢ ᠳᠠᠭᠠᠭᠠᠴᠢᠯᠠᠭᠤᠯᠬᠤ ᠠᠵᠦ ᠠᠬᠤᠶᠢᠯᠠᠯ ᠢ ᠤᠷᠢᠨ ᠤᠷᠤᠭᠤᠯᠬᠤ᠂ ᠨᠢᠭᠡ ᠪᠦᠯᠦᠭ ᠲᠤᠮᠤ ᠳ᠋ᠸᠢᠢᠲ᠋ᠠ ᠶᠢᠨ ᠬᠡᠷᠡᠭᠯᠡᠭᠡ ᠶᠢᠨ ᠤᠶᠢᠯᠡᠴᠢᠯᠡᠭᠡᠨ ᠤ ᠲᠠᠪᠴᠠᠩ ᠢ ᠪᠠᠶᠢᠭᠤᠯᠬᠤ᠂ ᠤᠮᠠᠷᠠᠲᠦ ᠶᠢᠨ ᠶᠡᠭᠡ ᠬᠡᠪᠴᠢᠶᠡᠨ ᠤ ᠳᠠᠭᠤᠳᠠᠯᠭ᠎ᠠ ᠎ ᠶᠢᠨ ᠲᠦᠪ ᠤᠨ ᠠᠵᠦ ᠤᠶᠢᠯᠡᠰ ᠴᠤᠭᠯᠠᠷᠠᠭᠰᠠᠨ ᠤᠷᠤᠨ ᠢ ᠬᠦᠴᠦᠯᠡᠨ ᠪᠠᠶᠢᠭᠤᠯᠵᠦ᠂ 2022 ᠤᠨ ᠪᠤᠯᠬᠤ ᠳᠤ᠂ ᠤᠶᠢᠯᠡᠴᠢᠯᠡᠭᠡ ᠪᠠᠨ ᠭᠠᠳᠠᠭᠰᠢ ᠳᠠᠭᠠᠭᠠᠴᠢᠯᠠᠭᠤᠯᠬᠤ ᠳᠠᠭᠤᠳᠠᠯᠭ᠎ᠠ ᠶᠢᠨ ᠲᠦᠪ ᠤᠨ ᠰᠠᠭᠤᠳᠠᠯ ᠢ 3 ᠲᠦᠮᠡᠨ ᠤᠷᠤ ᠪᠤᠯᠭᠠᠨ ᠪᠠᠶᠢᠭᠤᠯᠤᠨ᠎ᠠ᠃ ᠤᠯᠠᠷᠢᠨ ᠬᠤᠪᠢᠰᠴᠦ ᠡᠵᠡᠩᠨᠡᠬᠦ ᠬᠡᠯᠪᠡᠷᠢ ᠶᠢᠨ ᠫᠷᠤᠭ᠍ᠷᠠᠮ ᠤᠨ ᠨᠡᠭᠡᠭᠡᠯᠲᠡ ᠶᠢᠨ ᠬᠡᠷᠡᠭᠯᠡᠭᠡ ᠎ ᠪᠠᠷ ᠭᠤᠤᠯ ᠪᠤᠯᠭᠠᠵᠦ᠂ ᠷᠤᠸᠠᠨ ᠲᠥᠩ ᠬᠦᠳᠡᠯᠭᠡᠬᠦ ᠬᠦᠴᠦ ᠯᠦᠭᠡ ᠶᠢᠨ ᠬᠠᠮᠲᠦᠷᠠᠯᠴᠠᠭ᠎ᠠ ᠶᠢ ᠲᠦᠷᠭᠡᠳᠬᠡᠨ᠂ ᠯᠧ ᠶᠧ ᠤᠷᠤᠨ ᠵᠠᠢ ᠪᠤᠯᠤᠨ ᠲᠤᠮᠤ ᠳ᠋ᠸᠢᠢᠲ᠋ᠠ ᠶᠢᠨ ᠮᠡᠳᠡᠷᠡᠬᠦᠢ ᠶᠢᠨ ᠲᠦᠪ ᠢ ᠪᠦᠲᠦᠭᠡᠨ ᠪᠠᠶᠢᠭᠤᠯᠵᠦ᠂ ᠰᠤᠷᠭᠠᠨ ᠬᠦᠮᠦᠵᠢᠯ ᠤᠨ ᠡᠭᠦᠯᠡᠨ ᠳ᠋ᠸᠢᠢᠲ᠋ᠠ ᠶᠢᠨ ᠲᠠᠪᠴᠠᠩ ᠢ ᠪᠦᠲᠦᠭᠡᠨ ᠪᠠᠶᠢᠭᠤᠯᠤᠨ᠎ᠠ᠃ ᠪᠡᠭᠡᠵᠢᠩ ᠤᠨ ᠯᠧ ᠹᠦ᠋ ᠶᠦᠨ ᠎ ᠲᠠᠢ ᠬᠠᠮᠲᠣᠷᠠᠯᠴᠠᠨ᠂ ᠡᠮ ᠡᠮᠨᠡᠯᠭᠡ ᠶᠢᠨ ᠡᠭᠦᠯᠡᠨ ᠳ᠋ᠸᠢᠢᠲ᠋ᠠ ᠶᠢᠨ ᠲᠠᠪᠴᠠᠩ ᠢ ᠪᠦᠲᠦᠭᠡᠨ ᠪᠠᠶᠢᠭᠤᠯᠤᠨ᠎ᠠ︔ ᠪᠠᠢ ᠳ᠋ᠦ᠋ ᠲᠠᠢ ᠬᠠᠮᠲᠦᠷᠠᠨ ᠬᠤᠤᠰ ᠡᠭᠦᠳᠦᠯᠲᠡ ᠶᠢᠨ ᠲᠦᠪ ᠢ ᠪᠦᠲᠦᠭᠡᠨ ᠪᠠᠶᠢᠭᠤᠯᠵᠦ᠂ ᠨᠢᠭᠡ ᠪᠦᠯᠦᠭ ᠲᠤᠮᠤ ᠳ᠋ᠸᠢᠢᠲ᠋ᠠ ᠎ ᠶᠢᠨ ᠲᠤᠯᠭᠠᠭᠤᠷᠢ ᠠᠵᠦ ᠠᠬᠤᠶᠢᠯᠠᠯ ᠢ ᠪᠤᠶᠢᠵᠢᠭᠤᠯᠵᠦ᠂ ᠲᠤᠮᠤ ᠳ᠋ᠸᠢᠢᠲ᠋ᠠ ᠶᠢᠨ ᠪᠠᠯᠭᠠᠰᠤ ᠶᠢ ᠪᠦᠲᠦᠭᠡᠨ ᠪᠠᠶᠢᠭᠤᠯᠵᠦ᠂ ᠲᠤᠮᠤ ᠳ᠋ᠸᠢᠢᠲ᠋ᠠ ᠶᠢᠨ ᠵᠰᠠᠭ ᠤᠨ ᠬᠡᠷᠡᠭᠯᠡᠭᠡ᠂ ᠠᠷᠠᠯᠵᠢᠶᠠᠨ ᠤ  ᠬᠡᠷᠡᠭᠯᠡᠭᠡ᠂ ᠠᠷᠠᠳ ᠤᠨ ᠬᠡᠷᠡᠭᠯᠡᠭᠡ ᠵᠡᠷᠭᠡ ᠲᠤᠰ ᠪᠦᠷᠢ ᠶᠢᠨ ᠬᠦᠷᠢᠶᠡᠨ ᠳᠠᠬᠢ ᠬᠡᠷᠡᠭᠯᠡᠭᠡ ᠶᠢ ᠠᠬᠢᠭᠤᠯᠵᠦ᠂ ᠤᠶᠢᠯᠡᠰ ᠡᠷᠬᠢᠯᠡᠨ ᠰᠢᠨ᠎ᠡ ᠶᠢ ᠡᠭᠦᠳᠬᠦ  ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃      ᠲᠤᠮᠤ ᠪᠤᠳᠠᠰ ᠤᠨ ᠭᠦᠢᠯᠭᠡᠭᠡ ᠶᠢ ᠪᠦᠲᠦᠭᠡᠨ ᠪᠠᠶᠢᠭᠤᠯᠵᠦ᠂ ᠭᠠᠵᠠᠷ ᠤᠷᠤᠨᠴᠢ ᠴᠢᠨᠠᠷᠲᠠᠢ ᠠᠷᠠᠯᠵᠢᠶ᠎ᠠ ᠬᠤᠳᠠᠯᠳᠤᠭᠠᠨ ᠤ ᠪᠤᠳᠠᠰ ᠤᠨ ᠭᠦᠢᠯᠭᠡᠭᠡᠨ ᠤ ᠲᠦᠪ ᠢ ᠴᠤᠭᠴᠠᠯᠠᠨ ᠪᠠᠶᠢᠭᠤᠯᠤᠨ᠎ᠠ᠃ ᠵᠠᠮ ᠬᠠᠷᠢᠯᠴᠠᠭᠠᠨ ᠤ ᠪᠠᠶᠢᠷᠢᠰᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠦ᠂ ︽ᠨᠢᠭᠡ ᠪᠦᠰᠡ ᠨᠢᠭᠡ ᠵᠠᠮ︾ ᠳᠤᠮᠳᠠᠲᠦ ᠡᠸᠤᠷᠦ᠋ᠫᠡ ᠡᠭᠡᠯᠵᠢ ᠶᠢᠨ ᠸᠠᠭᠤᠨ ᠤ ᠲᠡᠮᠦᠷ ᠵᠠᠮ ᠤᠨ ᠠᠭᠤᠯᠵᠠᠷ ᠬᠤᠲᠠ ᠪᠤᠯᠬᠤ ᠡᠨᠡ ᠬᠦ ᠲᠠᠪᠴᠠᠩ ᠢ ᠰᠠᠶᠢᠨ ᠠᠰᠢᠭᠯᠠᠵᠦ᠂ ︽ᠪᠤᠳᠠᠰ ᠤᠨ ᠭᠦᠢᠯᠭᠡᠭᠡ +︾᠎ ᠢ ᠲᠦᠯᠬᠢᠨ ᠠᠬᠢᠭᠤᠯᠤᠨ᠎ᠠ᠃ ᠵᠢᠨᠢᠩ ᠤᠨ ᠤᠳᠤ ᠦᠶ᠎ᠡ ᠶᠢᠨ ᠪᠤᠳᠠᠰ ᠤᠨ ᠭᠦᠢᠯᠭᠡᠭᠡᠨ ᠤ ᠬᠦᠷᠢᠶᠠᠯᠡᠩ ᠢᠶᠠᠷ ᠭᠤᠤᠯᠳᠠᠯᠭ᠎ᠠ ᠪᠤᠯᠭᠠᠵᠦ᠂ ᠬᠦᠷᠢᠶᠡᠯᠡᠩ ᠤᠨ ᠦᠨᠳᠦᠰᠦᠨ ᠰᠠᠭᠤᠷᠢ ᠪᠤᠯᠤᠨ ᠢᠵᠢ ᠪᠦᠷᠢᠨ ᠲᠤᠨᠤᠭ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ B ᠬᠡᠯᠪᠡᠷᠢ ᠶᠢᠨ ᠭᠠᠶᠢᠯᠢ  ᠦᠭᠡᠢ ᠪᠤᠳᠠᠰ ᠤᠨ ᠭᠦᠢᠯᠭᠡᠭᠡᠨ ᠤ ᠲᠦᠪ ᠪᠤᠯᠭᠠᠨ ᠪᠠᠶᠢᠭᠤᠯᠵᠦ᠂ ᠠᠵᠦ ᠤᠶᠢᠯᠡᠰ ᠤᠨ ᠴᠤᠭᠯᠠᠷᠠᠯ ᠪᠠ ᠳᠠᠭᠠᠭᠠᠴᠠ ᠎ ᠶᠢ ᠳᠡᠭᠡᠭᠰᠢᠯᠡᠭᠦᠯᠦᠨ᠎ᠡ᠃ 2022 ᠤᠨ ᠪᠤᠯᠬᠤ ᠳᠤ᠂ ᠪᠤᠳᠠᠰ ᠤᠨ ᠭᠦᠢᠯᠭᠡᠭᠡᠨ ᠤ ᠬᠦᠷᠢᠶᠡᠯᠡᠩ ᠤᠨ ᠡᠵᠡᠩᠨᠡᠯᠲᠡ ᠎ ᠶᠢᠨ ᠤᠷᠤᠯᠭ᠎ᠠ ᠶᠢ 100 ᠳ᠋ᠦᠩᠰᠢᠭᠤᠷ ᠲᠦᠭᠦᠷᠢᠭ ᠲᠤ ᠬᠦᠷᠭᠡᠨ᠂ ᠭᠠᠶᠢᠯᠢ ᠶᠢᠨ ᠤᠷᠤᠯᠭ᠎ᠠ ᠶᠢ 3 ᠳ᠋ᠦᠩᠰᠢᠭᠤᠷ ᠲᠦᠭᠦᠷᠢᠭ ᠲᠤ ᠬᠦᠷᠭᠡᠬᠦ ᠶᠢ ᠪᠡᠶᠡᠯᠡᠭᠦᠯᠵᠦ᠂ ᠤᠯᠤᠰ ᠤᠨ ᠳᠡᠰ ᠤᠨ ᠵᠢᠱᠢᠶ᠎ᠡ ᠦᠵᠡᠭᠦᠯᠬᠦ ᠪᠤᠳᠠᠰ ᠤᠨ ᠭᠦᠢᠯᠭᠡᠭᠡᠨ ᠎ ᠤ ᠬᠦᠷᠢᠶᠡᠯᠡᠩ ᠪᠤᠯᠤᠨ ᠤᠯᠤᠰ ᠤᠨ ᠪᠠᠷᠢᠮᠵᠢᠶᠠᠵᠢᠭᠰᠠᠨ ᠪᠤᠳᠠᠰ ᠤᠨ ᠭᠦᠢᠯᠭᠡᠭᠡᠨ ᠤ ᠬᠦᠷᠢᠶᠡᠯᠡᠩ ᠪᠤᠯᠭᠠᠨ ᠪᠠᠶᠢᠭᠤᠯᠤᠨ᠎ᠠ᠃ ᠳᠤᠯᠤᠳᠤᠭᠠᠷ ᠰᠤᠮᠤ ᠶᠢᠨ ᠳᠤᠮᠳᠠᠲᠦ  ᠡᠸᠦ᠋ᠷᠦᠫᠡ ᠡᠭᠡᠯᠵᠢ ᠶᠢᠨ ᠸᠠᠭᠤᠨ ᠤ ᠪᠤᠳᠠᠰ ᠤᠨ ᠭᠦᠢᠯᠭᠡᠭᠡᠨ ᠤ ᠰᠠᠭᠤᠷᠢᠨ ᠭᠠᠵᠠᠷ ᠤᠨ ᠪᠠᠶᠢᠭᠤᠯᠣᠯᠲᠠ ᠵᠢᠨ‌‍ᠭ᠊ ‍ᠦ᠋ᠴᠦᠯᠡᠴᠡ ᠶᠢ ᠴᠢᠩᠭᠠᠳᠬᠠᠵᠦ᠂ ᠳᠤᠮᠳᠠᠲᠦ ᠡᠸᠦ᠋ᠷᠦᠫᠡ ᠡᠭᠡᠯᠵᠢ ᠶᠢᠨ ᠸᠠᠭᠤᠨ ᠤ ᠦᠶᠡᠯᠡᠯ ᠳᠠᠪᠲᠠᠮᠵᠢ ᠶᠢ ᠪᠤᠭᠤᠨᠢᠰᠬᠠᠨ ᠨᠡᠮᠡᠭᠳᠡᠭᠦᠯᠵᠦ᠂ ᠳᠤᠯᠤᠳᠤᠭᠠᠷ ᠰᠤᠮᠤ ᠎ ᠶᠢᠨ ᠳᠤᠮᠳᠠᠲᠦ ᠡᠸᠦ᠋ᠷᠦᠫᠡ ᠡᠭᠡᠯᠵᠢ ᠶᠢᠨ ᠸᠠᠭᠤᠨ ᠤ ᠪᠤᠳᠠᠰ ᠤᠨ ᠭᠦᠢᠯᠭᠡᠭᠡᠨ ᠤ ᠰᠠᠭᠤᠷᠢᠨ ᠭᠠᠵᠠᠷ ᠪᠤᠯᠤᠨ ᠲᠢᠶᠠᠨᠵᠢᠨ ᠭᠠᠷᠠᠮ᠂ ᠼᠣᠣ ᠹᠧᠢ ᠳ᠋ᠢᠶᠠᠨ ᠭᠠᠷᠠᠮ ᠤᠨ ᠬᠠᠷᠢᠯᠴᠠᠨ ᠬᠤᠯᠪᠤᠭᠠᠯᠠᠵᠦ ᠬᠠᠷᠢᠯᠴᠠᠨ ᠨᠡᠪᠲᠡᠷᠡᠯᠴᠡᠬᠦ ᠲᠤᠭᠲᠠᠯᠴᠠᠭ᠎ᠠ ᠶᠢ ᠪᠠᠶᠢᠭᠤᠯᠵᠦ᠂ ︽ᠲᠠᠯ᠎ᠠ ᠨᠤᠲᠤᠭ ᠤᠨ ᠲᠤᠷᠭᠠᠨ ᠵᠠᠮ︾ ᠪᠤᠳᠠᠰ ᠤᠨ ᠭᠦᠢᠯᠭᠡᠭᠡᠨ ᠤ ᠰᠠᠷᠠᠭᠤᠯ ᠳᠠᠷᠳᠠᠩ ᠵᠠᠮ ᠢ ᠴᠤᠭᠴᠠᠯᠠᠨ ᠪᠠᠶᠢᠭᠤᠯᠤᠨ᠎ᠠ᠃ ᠳᠤᠮᠳᠠᠲᠦ ᠮᠤᠩᠭᠤᠯ ᠤᠷᠤᠰ ᠤᠨ ᠪᠤᠯᠪᠠᠰᠤᠷᠠᠭᠤᠯᠬᠤ ᠠᠵᠦ ᠤᠶᠢᠯᠡᠰ ᠎ ᠤᠨ ᠬᠦᠷᠢᠶᠡᠯᠡᠩ ᠪᠤᠯᠤᠨ ᠤᠯᠠᠨ ᠲᠦᠮᠡᠨ ᠤ ︽ᠭᠠᠳᠠᠭᠠᠳᠦ ᠶᠢᠨ ᠬᠦᠮᠦᠷᠭᠡ︾  ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠦ᠂ ᠪᠤᠴᠠᠬᠤ ᠠᠶᠠᠨ ᠤ ᠠᠴᠢᠶ᠎ᠠ ᠲᠡᠭᠡᠭᠡᠪᠦᠷᠢ ᠶᠢᠨ ᠳᠠᠭᠠᠭᠠᠴᠠ ᠶᠢ ᠨᠡᠮᠡᠭᠳᠡᠭᠦᠯᠵᠦ᠂ ᠳᠤᠮᠳᠠᠲᠦ ᠡᠸᠦ᠋ᠷᠦᠫᠡ ᠡᠭᠡᠯᠵᠢ ᠶᠢᠨ ᠸᠠᠭᠤᠨ ᠤ ︽ᠳᠠᠬᠢᠨ ᠬᠦᠷᠴᠦ ᠳᠠᠬᠢᠨ ᠪᠤᠴᠠᠬᠤ︾ ᠪᠠᠶᠢᠳᠠᠯ ᠎ ᠢ ᠬᠡᠪ ᠤᠨ ᠪᠤᠯᠭᠠᠬᠤ ᠶᠢ ᠠᠬᠢᠭᠤᠯᠵᠦ᠂ ᠳᠤᠯᠤᠳᠤᠭᠠᠷ ᠰᠤᠮᠤ ᠶᠢᠨ ᠳᠤᠮᠳᠠᠲᠦ ᠡᠸᠦ᠋ᠷᠦᠫᠡ ᠡᠭᠡᠯᠵᠢ ᠶᠢᠨ ᠸᠠᠭᠤᠨ ᠤ ᠪᠤᠳᠠᠰ ᠭᠦᠢᠯᠭᠡᠭᠡᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠪᠡᠷᠲᠡᠭᠡᠨ ᠵᠠᠰᠠᠬᠤ ᠤᠷᠤᠨ ᠤ ᠤᠳᠤᠬᠢᠴᠢᠯᠠᠭᠰᠠᠨ᠂ ᠵᠢᠱᠢᠶ᠎ᠡ ᠦᠵᠡᠭᠦᠯᠬᠦ ᠬᠡᠯᠪᠡᠷᠢ ᠶᠢᠨ ᠪᠤᠳᠠᠰ ᠤᠨ ᠭᠦᠢᠯᠭᠡᠭᠡᠨ ᠤ ᠤᠶᠢᠯᠡᠴᠢᠯᠡᠭᠡᠨ ᠤ ᠰᠠᠭᠤᠷᠢᠨ ᠭᠠᠵᠠᠷ ᠪᠠ ᠰᠢᠨ᠎ᠡ ᠬᠡᠯᠪᠡᠷᠢ ᠶᠢᠨ ᠲᠡᠮᠦᠷ ᠵᠠᠮ ᠤᠨ ᠶᠡᠷᠦᠩᠬᠡᠶᠢᠯᠡᠭᠰᠡᠨ ᠪᠤᠳᠠᠰ ᠤᠨ ᠬᠦᠷᠢᠶᠡᠯᠡᠩ ᠤᠨ ᠤᠷᠤᠨ ᠪᠤᠯᠭᠠᠬᠤ ᠪᠠᠷ ᠬᠦᠴᠦᠯᠡᠨ ᠴᠢᠷᠮᠠᠶᠢᠨ᠎ᠠ᠃ ᠤᠮᠠᠷᠠᠲᠦ ᠶᠢᠨ ᠡᠬᠡ ᠬᠠᠭᠤᠷᠠᠢ ᠶᠢᠨ ᠭᠠᠷᠠᠮ ᠤᠨ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠠᠵᠦ ᠤᠶᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠦ᠂ ᠭᠠᠶᠢᠯᠢ ᠦᠭᠡᠢ ᠬᠦᠮᠦᠷᠭᠡ᠂ ᠪᠤᠳᠠᠰ ᠤᠨ ᠭᠦᠢᠯᠭᠡᠭᠡᠨ ᠤ ᠲᠤᠬᠢᠷᠠᠭᠤᠯᠤᠨ ᠬᠦᠷᠭᠡᠬᠦ᠂ ᠢᠯᠭᠠᠨ ᠪᠤᠯᠪᠠᠰᠤᠷᠠᠭᠤᠯᠬᠤ ᠵᠡᠷᠭᠡ ᠭᠤᠷᠪᠠᠨ ᠬᠦᠷᠢᠶᠡᠯᠡᠩ ᠢ ᠪᠦᠲᠦᠭᠡᠨ ᠪᠠᠶᠢᠭᠤᠯᠵᠦ᠂ ᠪᠠᠷᠠᠭᠠᠨ ᠭᠦᠢᠯᠭᠡᠭᠡᠨ ᠤ ᠪᠤᠯᠪᠠᠰᠦᠷᠠᠭᠤᠯᠤᠯᠲᠠ᠂ ᠲᠠᠸᠠᠷ ᠤᠨ ᠲᠦᠪᠯᠡᠷᠡᠭᠦᠯᠦᠨ ᠲᠠᠷᠬᠠᠭᠠᠬᠤ᠂ ᠪᠤᠤᠭᠢᠶ᠎ᠠ ᠰᠢᠤᠳᠠᠨ ᠢ ᠢᠯᠭᠠᠬᠤ ᠵᠡᠷᠭᠡ ᠤᠳᠦ ᠦᠶ᠎ᠡ ᠶᠢᠨ ᠪᠤᠳᠠᠰ ᠤᠨ ᠭᠦᠢᠯᠭᠡᠭᠡᠨ ᠤ ᠳᠡᠭᠡᠲᠦ ᠳᠤᠤᠷᠠᠲᠦ ᠤᠷᠤᠰᠬᠠᠯ ᠤᠨ ᠠᠵᠦ ᠤᠶᠢᠯᠡᠰ ᠢ ᠲᠠᠰᠤᠷᠠᠯᠲᠠ ᠦᠭᠡᠢ ᠦᠷᠭᠡᠳᠬᠡᠨ᠂ ᠤᠳᠤ ᠦᠶ᠎ᠡ ᠶᠢᠨ ᠠᠵᠦ ᠤᠶᠢᠯᠡᠰ ᠤᠨ ᠪᠦᠷᠢᠨ ᠬᠡᠯᠬᠢᠶ᠎ᠡ ᠶᠢ ᠪᠠᠶᠢᠭᠤᠯᠵᠦ᠂ ᠤᠷᠤᠰ ᠮᠤᠩᠭᠤᠯ ᠤᠨ ᠡᠯᠧᠺᠲᠷᠤᠨ ᠬᠤᠳᠠᠯᠳᠤᠭᠠᠨ ᠤ ᠠᠵᠦ ᠠᠬᠤᠶᠢᠯᠠᠯ ᠤᠨ ᠤᠷᠤᠯᠠᠵᠦ ᠠᠪᠴᠦ ᠪᠤᠷᠤᠯᠠᠭᠤᠯᠬᠤ ᠰᠠᠭᠤᠷᠢᠨ ᠭᠠᠵᠠᠷ ᠢ ᠵᠤᠬᠢᠶᠠᠨ ᠪᠠᠶᠢᠭᠤᠯᠤᠨ᠎ᠠ᠃ ᠤᠯᠠᠨ ᠳᠠᠪᠬᠤᠷᠭᠠᠲᠦ᠂ ᠲᠤᠰᠬᠠᠶᠢᠴᠢᠯᠠᠭᠰᠠᠨ᠂ ᠦᠪᠡᠷᠮᠢᠴᠡ ᠤᠨᠴᠠᠯᠢᠭ ᠪᠦᠬᠦᠢ ᠶᠡᠭᠡ ᠬᠤᠲᠠ ᠶᠢᠨ ᠬᠡᠯᠪᠡᠷᠢᠲᠦ ᠠᠷᠠᠯᠵᠢᠶ᠎ᠠ ᠬᠤᠳᠠᠯᠳᠤᠭᠠᠨ ᠤ ᠤᠶᠢᠯᠡᠴᠢᠯᠡᠭᠡᠨ ᠤ ᠤᠶᠢᠯᠡᠰ ᠰᠢᠰᠲ᠋ᠧᠮ ᠢ ᠴᠤᠭᠴᠠᠯᠠᠨ ᠪᠠᠶᠢᠭᠤᠯᠬᠤ ᠪᠠᠷ ᠭᠤᠤᠯ ᠪᠤᠯᠭᠠᠵᠦ᠂ ᠤᠯᠠᠮᠵᠢᠯᠠᠯᠲᠦ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠤᠶᠢᠯᠡᠰ ᠤᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠶᠢ ᠠᠬᠢᠭᠤᠯᠵᠦ᠂ ᠵᠢᠵᠢᠭᠯᠡᠨ ᠬᠤᠳᠠᠯᠳᠤᠬᠤ ᠠᠵᠦ ᠠᠬᠤᠶᠢᠯᠠᠯ ᠤᠨ ᠰᠢᠨ᠎ᠡ ᠶᠢ ᠡᠭᠦᠳᠦᠨ ᠡᠵᠡᠩᠨᠡᠬᠦ ᠶᠢ ᠪᠡᠶᠡᠯᠡᠭᠦᠯᠵᠦ᠂ ᠬᠡᠷᠡᠭᠯᠡᠭᠡ ᠶᠢ ᠤᠬᠢ ᠰᠠᠶᠢᠨ᠂ ᠶᠠᠰᠦ ᠴᠢᠨᠠᠷ ᠲᠠᠢ᠂ ᠦᠪᠡᠷᠮᠢᠴᠡ ᠤᠨᠴᠠᠯᠢᠭ ᠲᠠᠢ ᠪᠤᠯᠭᠠᠨ᠎ᠠ᠃ ᠤᠯᠠᠨ ᠲᠦᠮᠡᠨ ᠤ ᠠᠮᠢᠳᠦᠷᠠᠯ ᠤᠨ ᠤᠶᠢᠯᠡᠴᠢᠯᠡᠭᠡᠨ ᠤ ᠬᠡᠷᠡᠭᠴᠡᠭᠡ ᠶᠢ ᠬᠠᠩᠭᠠᠬᠤ ᠪᠠᠷ ᠭᠤᠤᠯ ᠪᠤᠯᠭᠠᠵᠦ᠂ ᠡᠷᠡᠭᠦᠯ ᠮᠡᠨᠳᠦ᠂ ᠨᠠᠰᠤᠵᠢᠯ ᠤᠨ ᠠᠰᠠᠷᠠᠮᠵᠢ᠂ ᠭᠡᠷ ᠤᠨ ᠶᠠᠪᠦᠳᠠᠯ ᠵᠡᠷᠭᠡ ᠨᠡᠶᠢᠭᠡᠮ ᠲᠤᠭᠤᠷᠢᠭ ᠎ ᠤᠨ ᠠᠮᠢᠳᠦᠷᠠᠯ ᠤᠨ ᠤᠶᠢᠯᠡᠴᠢᠯᠡᠭᠡᠨ ᠤ ᠤᠶᠢᠯᠡᠰ ᠢ ᠢᠳᠡᠪᠬᠢᠲᠠᠢ ᠬᠦᠭᠵᠢᠭᠦᠯᠵᠦ᠂ ᠨᠢᠭᠡ ᠪᠦᠯᠦᠭ ᠴᠢᠨᠠᠷ ᠰᠠᠶᠢᠲᠠᠢ ᠠᠮᠢᠳᠤᠷᠠᠯ ᠤᠨ ᠤᠶᠢᠯᠡᠴᠢᠯᠡᠭᠡᠨ ᠤ ᠤᠶᠢᠯᠡᠰ ᠤᠨ ᠲᠦᠷᠦᠯ ᠵᠤᠶᠢᠯ ᠢ ᠤᠷᠢᠨ ᠠᠪᠴᠢᠷᠠᠬᠤ ᠪᠠ ᠪᠦᠲᠦᠭᠡᠨ ᠪᠠᠶᠢᠭᠤᠯᠵᠦ᠂ ᠪᠦᠬᠦ ᠲᠠᠯ᠎ᠠ ᠪᠠᠷ ᠤᠶᠢᠯᠡᠴᠢᠯᠡᠭᠡᠨ ᠤ ᠤᠶᠢᠯᠡᠰ ᠤᠨ ᠶᠠᠰᠦ ᠴᠢᠨᠠᠷ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠢᠨ᠎ᠡ ᠲᠤᠭᠤᠷᠢᠭ ᠤᠨ ᠴᠢᠳᠠᠮᠵᠢ ᠶᠢ ᠲᠡᠭᠦᠯᠳᠡᠷᠵᠢᠭᠦᠯᠦᠨ᠂ ᠰᠢᠨ᠎ᠡ ᠲᠤᠭᠤᠷᠢᠭ ᠲᠤ ᠠᠷᠠᠯᠵᠢᠶ᠎ᠠ ᠬᠤᠳᠠᠯᠳᠤᠭᠠᠨ ᠤ ᠤᠷᠴᠢᠨ ᠲᠤᠭᠤᠷᠢᠨ ᠢ ᠪᠤᠢ ᠪᠤᠯᠭᠠᠬᠤ ᠪᠠᠷ ᠭᠤᠤᠯ ᠪᠤᠯᠭᠠᠵᠦ᠂ ᠨᠢᠭᠡ ᠪᠦᠯᠦᠭ ᠤᠯᠤᠰ ᠤᠨ ᠨᠡᠷᠡᠲᠦ ᠠᠷᠠᠯᠵᠢᠶ᠎ᠠ ᠬᠤᠳᠠᠯᠳᠤᠭᠠᠨ ᠤ ᠠᠵᠦ ᠠᠬᠤᠶᠢᠯᠠᠯ ᠢ ᠤᠷᠢᠨ ᠠᠪᠴᠢᠷᠠᠵᠦ᠂ ᠰᠢᠨ᠎ᠡ ᠬᠠᠭᠤᠴᠢᠨ ᠲᠤᠭᠤᠷᠢᠭ ᠢ  ᠪᠦᠷᠬᠦᠭᠰᠡᠨ ᠭᠤᠤᠯᠯᠠᠭᠴᠢ ᠠᠷᠠᠯᠵᠢᠶᠠᠨ ᠤ ᠤᠷᠴᠢᠨ ᠢ ᠪᠦᠲᠦᠭᠡᠨ ᠪᠠᠶᠢᠭᠤᠯᠵᠦ᠂ ᠭᠤᠤᠯᠯᠠᠭᠴᠢ ᠠᠷᠠᠯᠵᠢᠶᠠᠨ ᠤ ᠤᠷᠴᠢᠨ ᠤ ᠰᠠᠴᠤᠷᠠᠬᠤ ᠬᠦᠴᠦᠨ ᠪᠠ ᠨᠦᠯᠦᠭᠡᠯᠡᠬᠦ ᠬᠦᠴᠦᠨ ᠢ ᠳᠡᠭᠡᠰᠢᠯᠡᠭᠦᠯᠦᠶ᠎ᠡ᠃ ᠡᠯᠧᠺᠲᠷᠤᠨ ᠬᠤᠳᠠᠯᠳᠤᠭᠠᠨ ᠤ ᠶᠠᠪᠦᠳᠠᠯ ᠢ ᠬᠦᠴᠦᠯᠡᠨ ᠬᠦᠭᠵᠢᠭᠦᠯᠵᠦ᠂ ᠬᠤᠲᠠ ᠶᠢᠨ ᠲᠤᠬᠢᠷᠠᠭᠤᠯᠤᠨ ᠬᠦᠷᠭᠡᠬᠦ ᠲᠦᠪ ᠢ ᠢᠳᠡᠪᠬᠢᠯᠡᠨ ᠪᠤᠶᠢᠵᠢᠭᠤᠯᠵᠦ᠂ ᠰᠢᠥᠳᠠᠨ ᠶᠠᠪᠦᠳᠠᠯ ᠤᠨ ᠪᠤᠳᠠᠰ ᠤᠨ ᠭᠦᠢᠯᠭᠡᠭᠡ ᠪᠠᠷ ᠲᠤᠯᠤᠭᠠᠶᠢᠯᠠᠭᠤᠯᠤᠭᠰᠠᠨ ᠡᠯᠧᠺᠲᠷᠤᠨ ᠬᠤᠳᠠᠯᠳᠤᠭ᠎ᠠ ᠵᠢᠴᠢ ᠪᠤᠤᠬᠢᠶ᠎ᠠ ᠪᠠᠷ ᠲᠤᠬᠢᠷᠠᠭᠤᠯᠤᠨ ᠬᠦᠷᠭᠡᠬᠦ ᠲᠤᠭᠲᠠᠯᠴᠠᠭ᠎ᠠ ᠶᠢ ᠪᠠᠶᠢᠭᠤᠯᠵᠦ᠂ ᠭᠠᠵᠠᠷ ᠤᠷᠤᠨᠴᠢ ᠴᠢᠨᠠᠷᠲᠠᠢ ᠡᠯᠧᠺᠲᠷᠤᠨ ᠬᠤᠳᠠᠯᠳᠤᠭᠠᠨ ᠤ ᠠᠵᠢᠯᠯᠠᠨ ᠡᠵᠡᠩᠨᠡᠬᠦ ᠲᠦᠪ ᠢ ᠪᠦᠲᠦᠭᠡᠨ ᠪᠠᠶᠢᠭᠤᠯᠤᠨ᠎ᠠ᠃     ᠲᠤᠮᠤ ᠵᠢᠭᠤᠯᠴᠢᠯᠠᠯ ᠢ ᠴᠤᠭᠴᠠᠯᠠᠨ ᠪᠠᠶᠢᠭᠤᠯᠵᠦ᠂  ᠵᠢᠭᠤᠯᠴᠢᠯᠠᠯ ᠰᠡᠯᠡᠭᠦᠴᠡᠯ ᠤᠨ ᠠᠮᠠᠷᠠᠯᠲᠠ ᠶᠢᠨ ᠭᠠᠵᠠᠷ ᠤᠨ ᠲᠦᠪᠯᠡᠷᠡᠭᠦᠯᠵᠦ ᠲᠠᠷᠬᠠᠭᠠᠬᠤ ᠤᠷᠤᠨ ᠢ ᠪᠦᠲᠦᠭᠡᠨ ᠪᠠᠶᠢᠭᠤᠯᠤᠨ᠎ᠠ᠃    ︽ᠪᠡᠭᠡᠵᠢᠩ ᠲᠡᠭᠦᠷᠭᠡ ᠶᠢᠨ ᠲᠠᠯ᠎ᠠ ᠨᠤᠲᠤᠭ᠂ ᠵᠤᠰᠠᠯᠠᠩ ᠤᠨ ᠬᠤᠲᠠ︾ ᠵᠡᠷᠭᠡ ᠨᠡᠷᠡᠲᠦ ᠵᠢᠭᠤᠯᠴᠢᠯᠠᠯ ᠤᠨ ᠤᠷᠴᠢᠨ ᠳᠤ᠂ ᠭᠤᠤᠯ ᠤᠷᠤᠨ ᠳᠤ ᠪᠠᠶᠢᠷᠢᠯᠠᠬᠤ ᠵᠢᠭᠤᠯᠴᠢᠯᠠᠯ ᠤᠨ ᠲᠦᠪᠯᠡᠷᠡᠯ ᠲᠠᠷᠬᠠᠯᠲᠠ ᠶᠢᠨ ᠴᠢᠳᠠᠮᠵᠢ ᠶᠢ ᠭᠦᠢᠴᠡᠳ ᠪᠠᠳᠠᠷᠠᠭᠤᠯᠵᠦ᠂ ᠠᠶᠠᠯᠠᠯ ᠵᠢᠭᠤᠯᠴᠢᠯᠠᠯ ᠤᠨ ᠰᠢᠯᠢᠳᠡᠭ ᠰᠤᠭᠤᠮ ᠢ ᠨᠡᠭᠡᠭᠡᠨ ᠬᠦᠭᠵᠢᠭᠦᠯᠵᠦ᠂ ᠵᠢᠭᠤᠯᠴᠢᠯᠠᠯ ᠰᠡᠯᠡᠭᠦᠴᠡᠯ ᠤᠨ ᠠᠮᠠᠷᠠᠯᠲᠠ ᠶᠢᠨ ᠭᠠᠵᠠᠷ ᠤᠨ ᠲᠦᠪᠯᠡᠷᠡᠭᠦᠯᠵᠦ ᠲᠠᠷᠬᠠᠭᠠᠬᠤ ᠤᠷᠤᠨ ᠢ ᠪᠦᠲᠦᠭᠡᠨ ᠪᠠᠶᠢᠭᠤᠯᠤᠨ᠎ᠠ᠃ ᠤᠯᠠᠭᠠᠨ ᠵᠢᠭᠤᠯᠴᠢᠯᠠᠯ ᠢ ᠡᠷᠴᠢᠮ ᠲᠠᠢ ᠬᠦᠭᠵᠢᠭᠦᠯᠵᠦ᠂ ᠵᠢᠨᠢᠩ ᠤᠨ ᠬᠤᠪᠢᠰᠬᠠᠯ ᠤᠨ ᠳᠠᠶᠢᠯᠠᠯᠳᠤᠭᠠᠨ ᠤ ᠳᠤᠷᠠᠰᠬᠠᠯ ᠤᠨ ᠬᠦᠷᠢᠶᠡᠯᠡᠩ ᠢ ᠨᠢᠮᠪᠠᠶᠢᠯᠠᠨ ᠪᠠᠶᠢᠭᠤᠯᠵᠦ᠂ ᠦᠵᠡᠮᠵᠢ ᠶᠢᠨ ᠤᠷᠤᠨ ᠤ ᠤᠳᠬ᠎ᠠ ᠠᠭᠤᠯᠭ᠎ᠠ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠤᠯᠠᠭᠠᠨ ᠵᠢᠭᠤᠯᠴᠢᠯᠠᠯ ᠤᠨ ᠲᠠᠲᠠᠬᠤ ᠬᠦᠴᠦ ᠪᠠ ᠨᠦᠯᠦᠭᠡᠯᠡᠬᠦ ᠬᠦᠴᠦᠨ ᠢ ᠨᠡᠮᠡᠭᠳᠡᠭᠦᠯᠦᠨ᠎ᠡ᠃ ᠬᠦᠳᠡᠭᠡ ᠲᠤᠰᠬᠤᠨ ᠤ ᠵᠢᠭᠤᠯᠴᠢᠯᠠᠯ ᠤᠨ ᠤᠶᠢᠯᠡᠰ ᠢ ᠡᠷᠴᠢᠮ ᠲᠠᠢ ᠬᠦᠭᠵᠢᠭᠦᠯᠵᠦ᠂ ᠨᠢᠭᠡ ᠪᠦᠯᠦᠭ ᠬᠤᠷᠢᠶᠠᠨ ᠲᠡᠭᠦᠬᠦ ᠬᠦᠷᠢᠶᠡᠯᠡᠩ ᠪᠠ ᠤᠳᠤᠨ ᠳᠡᠰ ᠤᠨ ᠲᠠᠷᠢᠶᠠᠴᠢᠨ ᠠᠶᠢᠯ ᠤᠨ ᠰᠡᠯᠡᠭᠦᠴᠡᠯ ᠤᠨ ᠭᠠᠵᠠᠷ ᠢ ᠪᠦᠲᠦᠭᠡᠨ ᠪᠠᠶᠢᠭᠤᠯᠵᠦ᠂ ᠰᠢᠨ ᠯᠠᠨ ᠲᠤ ᠲᠦᠮᠡᠨ ᠮᠦ ᠲᠠᠷᠢᠶᠠᠯᠠᠩ ᠤᠨ ᠶᠡᠷᠦᠩᠬᠡᠢ ᠴᠤᠭᠴᠠ᠂ ᠢ ᠨᠥᠸᠧ ᠲᠦᠮᠡᠨ ᠮᠦ ᠰᠠᠷᠭᠠᠢ ᠴᠡᠴᠡᠭ ᠤᠨ ᠬᠦᠷᠢᠶᠡᠯᠡᠩ᠂ ᠲᠦᠮᠡᠨ ᠮᠦ ᠠᠵᠦ ᠠᠬᠤᠢ ᠶᠢᠨ ᠤᠢ ᠰᠢᠭᠤᠢ ︽ᠭᠤᠷᠪᠠᠨ ᠤᠨᠴᠠᠯᠢᠭᠲᠤ ᠠᠶᠠᠯᠠᠯ ᠵᠢᠭᠤᠯᠴᠢᠯᠠᠯ ᠤᠨ ᠠᠵᠦ ᠤᠶᠢᠯᠡᠰ ᠤᠨ ᠪᠦᠰᠡ︾᠎ ᠶᠢ ᠭᠤᠤᠯᠳᠠᠯᠭ᠎ᠠ ᠲᠠᠢ ᠪᠠᠷ ᠪᠦᠲᠦᠭᠡᠨ ᠪᠠᠶᠢᠭᠤᠯᠤᠨ᠎ᠠ᠃ ᠬᠤᠲᠠ ᠶᠢᠨ ᠲᠥᠪ ᠤᠨ ᠵᠢᠭᠤᠯᠴᠢᠯᠠᠯ ᠤᠨ ᠤᠶᠢᠯᠡᠴᠢᠯᠡᠭᠡᠨ ᠤ ᠪᠡᠯᠡᠳᠬᠡᠮᠵᠢ ᠶᠢᠨ ᠪᠠᠶᠢᠭᠤᠯᠤᠯᠲᠠ ᠶᠢ ᠲᠦᠷᠭᠡᠳᠬᠡᠨ᠂ ᠰᠢᠨ᠎ᠡ ᠬᠠᠭᠤᠴᠢᠨ ᠲᠤᠭᠤᠷᠢᠭ ᠤᠨ ᠬᠤᠭᠤᠯᠠᠯᠠᠵᠦ ᠪᠠᠶᠢᠷᠢᠯᠠᠬᠤ᠂ ᠬᠤᠳᠠᠯᠳᠤᠭ᠎ᠠ ᠮᠠᠶᠢᠮᠠᠢ᠂  ᠵᠤᠭ᠎ᠠ ᠴᠡᠩᠭᠡᠯ᠂ ᠰᠡᠯᠡᠭᠦᠴᠡᠯ ᠵᠡᠷᠭᠡ ᠢᠵᠢ ᠪᠦᠷᠢᠨ ᠡᠵᠡᠩᠨᠡᠯᠲᠡ ᠶᠢᠨ ᠬᠡᠯᠪᠡᠷᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ︽ᠵᠤᠷᠯᠤᠩ ᠤᠨ ᠦᠭᠡᠷᠡᠴᠢᠯᠡᠯᠳᠡ︾᠎ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠦ᠂ ︽ᠭᠤᠷᠪᠠᠨ ᠠᠭᠤᠯᠠ ᠬᠤᠶᠠᠷ ᠭᠤᠣᠯ︾ ᠪᠠ ᠵᠢᠨᠢᠩ ᠤᠨ ᠬᠤᠪᠢᠰᠬᠠᠯ ᠤᠨ ᠳᠠᠶᠢᠯᠠᠯᠳᠤᠭᠠᠨ ᠤ ᠳᠤᠷᠠᠰᠬᠠᠯ ᠤᠨ ᠬᠦᠷᠢᠶᠡᠯᠡᠩ ᠵᠡᠷᠭᠡ ᠵᠢᠭᠤᠯᠴᠢᠯᠠᠯ ᠎ ᠤᠨ ᠭᠠᠵᠠᠷ ᠤᠨ ᠨᠠᠶᠢᠲᠡ ᠶᠢᠨ ᠵᠤᠷᠯᠤᠩ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠦ᠂ ᠲᠤᠰᠤ ᠬᠡᠢ ᠨᠡᠮᠡᠬᠦ᠂ ᠤᠰᠤ ᠴᠠᠬᠢᠯᠭᠠᠨ ᠬᠠᠩᠭᠠᠯᠭ᠎ᠠ᠂  ᠲᠡᠷᠭᠡᠨ ᠵᠤᠭᠰᠤᠭᠠᠯ ᠤᠨ ᠬᠡᠭᠡᠷ᠎ᠡ ᠪᠠᠭᠤᠳᠠᠯᠯᠠᠬᠤ ᠭᠠᠵᠠᠷ᠂ ᠮᠡᠳᠡᠭᠡᠯᠡᠯ ᠲᠤᠤᠷ ᠰᠦᠯᠵᠢᠶ᠎ᠡ ᠵᠡᠷᠭᠡ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠡᠷᠭᠡᠪᠡᠷ ᠲᠦᠯᠬᠢᠨ ᠠᠬᠢᠭᠤᠯᠵᠦ᠂ ᠤᠷᠤᠨ ᠬᠡᠪᠴᠢᠶᠡᠨ ᠤ ᠵᠢᠭᠤᠯᠴᠢᠯᠠᠯᠳᠠ᠂ ᠳᠦᠷᠪᠡᠨ ᠤᠯᠠᠷᠢᠯ ᠤᠨ ᠵᠢᠭᠤᠯᠴᠢᠯᠠᠯᠲᠠ ᠵᠢᠴᠢ ᠤᠯᠠᠨ ᠬᠡᠯᠪᠡᠷᠢ ᠶᠢᠨ ᠵᠢᠭᠤᠯᠴᠢᠯᠠᠯ ᠤᠨ ᠬᠦᠭᠵᠢᠯᠲᠡ ᠳᠤ ᠦᠨᠳᠦᠰᠦᠨ ᠪᠠᠲᠦᠯᠠᠭ᠎ᠠ ᠶᠢ ᠬᠠᠩᠭᠠᠶ᠎ᠠ᠃ ᠵᠤᠭᠠᠴᠠᠨ ᠵᠤᠰᠠᠵᠦ ᠪᠡᠶ᠎ᠡ ᠰᠤᠪᠢᠯᠠᠬᠤ᠂ ᠨᠠᠰᠦᠲᠠᠶᠢᠴᠤᠤᠯ ᠤᠨ ᠠᠮᠠᠷᠠᠨ ᠰᠡᠯᠡᠭᠦᠴᠡᠬᠦ᠂ ᠲᠡᠷᠭᠡᠨ ᠵᠤᠭᠰᠤᠭᠠᠯ ᠤᠨ ᠬᠡᠭᠡᠷ᠎ᠡ ᠪᠠᠭᠤᠳᠠᠯᠯᠠᠬᠤ ᠭᠠᠵᠠᠷ᠂ ᠰᠤᠶᠤᠯ ᠰᠢᠨᠵᠢᠯᠡᠭᠡ ᠺᠢᠨᠣ᠋ ᠲᠧᠯᠸᠢᠰ ᠵᠡᠷᠭᠡ ᠤᠯᠠᠨ ᠲᠦᠷᠦᠯ ᠤᠨ ᠵᠢᠭᠤᠯᠴᠢᠯᠠᠯ ᠤᠨ ᠰᠢᠨ᠎ᠡ ᠡᠵᠡᠩᠨᠡᠬᠦ ᠬᠡᠯᠪᠡᠷᠢ ᠪᠠ ᠰᠢᠨ᠎ᠡ ᠪᠦᠲᠦᠭᠡᠭᠳᠡᠬᠦᠨ ᠢ ᠪᠦᠬᠦ ᠬᠦᠴᠦ ᠪᠠᠷ ᠢᠶᠠᠨ ᠨᠡᠭᠡᠭᠡᠨ ᠬᠦᠭᠵᠢᠭᠦᠯᠵᠦ᠂  ᠵᠢᠭᠤᠯᠴᠢᠯᠠᠯ ᠤᠨ ᠤᠶᠢᠯᠡᠰ ᠪᠠ ᠡᠯ᠎ᠡ ᠠᠵᠦ ᠤᠶᠢᠯᠡᠰ ᠤᠨ ᠬᠠᠷᠢᠯᠴᠠᠨ ᠠᠭᠤᠰᠤᠯᠴᠠᠨ ᠬᠦᠭᠵᠢᠬᠦ ᠶᠢ ᠲᠦᠯᠬᠢᠨ ᠠᠬᠢᠭᠤᠯᠵᠦ᠂ ᠵᠢᠭᠤᠯᠴᠢᠯᠠᠯ ᠤᠨ ᠠᠵᠦ ᠤᠶᠢᠯᠡᠰ ᠤᠨ ᠬᠡᠪᠴᠢᠶᠡᠵᠢᠭᠦᠯᠦᠭᠰᠡᠨ᠂ ᠨᠠᠷᠢᠯᠢᠭᠵᠢᠭᠤᠯᠤᠭᠰᠠᠨ᠂ ᠵᠠᠬ᠎ᠠ ᠳᠡᠯᠭᠡᠭᠦᠷᠴᠢᠯᠡᠭᠰᠡᠨ ᠂ ᠳᠡᠯᠡᠬᠡᠶᠢᠴᠢᠯᠡᠭᠰᠡᠨ ᠬᠡᠮᠵᠢᠶᠡᠨ ᠳᠤ ᠬᠦᠷᠭᠡᠵᠦ  ᠂ ᠲᠤᠮᠤ ᠵᠢᠭᠤᠯᠴᠢᠯᠠᠯ ᠢ ᠰᠢᠨ᠎ᠡ ᠠᠵᠦ ᠠᠬᠤᠢ ᠶᠢᠨ ᠦᠰᠦᠯᠲᠡ ᠶᠢᠨ ᠴᠢᠭ  ᠪᠤᠯᠭᠠᠶ᠎ᠠ᠃    ︵ᠬᠤᠶᠠᠷ︶  ᠠᠵᠦ ᠤᠶᠢᠯᠡᠰ ᠤᠨ ᠬᠡᠯᠪᠡᠷᠢ ᠪᠠᠨ ᠬᠤᠪᠢᠷᠠᠭᠤᠯᠵᠦ ᠳᠡᠰ ᠳᠡᠪᠰᠢᠬᠦ ᠶᠢ ᠪᠦᠬᠦ ᠲᠠᠯ᠎ᠠ ᠪᠠᠷ ᠲᠦᠷᠭᠡᠳᠬᠡᠨ᠂ ᠤᠳᠤᠬᠢᠴᠢᠯᠠᠭᠰᠠᠨ ᠠᠵᠦ ᠤᠶᠢᠯᠡᠰ ᠤᠨ ᠰᠢᠨ᠎ᠡ ᠴᠤᠭᠴᠠ ᠶᠢ ᠴᠤᠭᠴᠠᠯᠠᠨ ᠪᠠᠶᠢᠭᠤᠯᠤᠨ᠎ᠠ᠃     ︽ᠳᠦᠷᠪᠡᠨ ᠶᠡᠭᠡ ᠲᠤᠯᠭᠠᠭᠤᠷᠢ ᠠᠵᠦ ᠤᠶᠢᠯᠡᠰ︾᠎ ᠢ ᠬᠦᠴᠦᠷᠬᠡᠭᠵᠢᠭᠦᠯᠦᠨ᠎ᠡ᠃ ᠤᠳᠤᠬᠢᠴᠢᠯᠠᠭᠰᠠᠨ ᠠᠵᠦ ᠤᠶᠢᠯᠡᠰ ᠤᠨ ᠰᠢᠨ᠎ᠡ ᠴᠤᠭᠴᠠ ᠶᠢ ᠴᠤᠭᠴᠠᠯᠠᠨ ᠪᠠᠶᠢᠭᠤᠯᠵᠦ᠂ ᠠᠵᠦ ᠠᠬᠤᠢ ᠶᠢᠨ ᠬᠦᠭᠵᠢᠯᠲᠡ ᠶᠢᠨ ᠬᠦᠴᠦᠯᠡᠴᠡ ᠶᠢ ᠡᠷᠬᠡᠪᠰᠢ ᠪᠤᠳᠠᠲᠦ ᠠᠵᠦ ᠠᠬᠤᠢ ᠳᠤ ᠬᠠᠨᠳᠤᠭᠤᠯᠵᠦ᠂ ᠦᠷᠭᠡᠨ ᠪᠦᠲᠦᠴᠡᠲᠦ ᠦᠭᠡᠷᠡᠴᠢᠯᠡᠯᠲᠡ ᠶᠢᠨ ᠬᠠᠩᠭᠠᠯᠭ᠎ᠠ ᠪᠠᠷ ᠭᠤᠣᠯ ᠱᠤᠭᠤᠮ ᠢᠶᠠᠨ ᠪᠤᠯᠭᠠᠵᠦ᠂ ᠤᠯᠠᠮᠵᠢᠯᠠᠯᠲᠦ ᠠᠵᠦ ᠤᠶᠢᠯᠡᠰ ᠢ ᠳᠡᠪᠰᠢᠨ ᠰᠢᠯᠢᠳᠡᠭᠵᠢᠭᠦᠯᠵᠦ᠂ ᠰᠢᠨ᠎ᠡ ᠪᠠᠷ ᠪᠤᠢ ᠪᠤᠯᠤᠭᠰᠠᠨ ᠠᠵᠦ ᠤᠶᠢᠯᠡᠰ ᠤᠨ ᠬᠦᠭᠵᠢᠯᠲᠡ ᠶᠢ ᠲᠦᠷᠭᠡᠳᠬᠡᠵᠦ᠂ ᠰᠢᠨ᠎ᠡ ᠠᠵᠦ ᠠᠬᠤᠢ ᠶᠢᠨ ᠦᠰᠦᠯᠲᠡ ᠶᠢ ᠪᠤᠶᠢᠵᠢᠭᠤᠯᠤᠨ᠂ ᠰᠢᠨ᠎ᠡ ᠬᠦᠳᠡᠯᠭᠡᠭᠡᠨ ᠤ ᠡᠨᠧᠷᠬᠢ ᠶᠢ ᠪᠦᠷᠢᠯᠳᠦᠭᠦᠯᠦᠨ᠎ᠡ ᠃ ᠲᠠᠷᠢᠶᠠᠯᠠᠩ ᠮᠠᠯ ᠠᠵᠦ ᠠᠬᠤᠢ ᠶᠢᠨ ᠪᠦᠲᠦᠭᠡᠭᠳᠡᠭᠦᠨ ᠤ ᠪᠤᠯᠪᠠᠰᠤᠷᠠᠭᠤᠯᠤᠯᠲᠠ᠂ ᠰᠢᠨ᠎ᠡ ᠡᠨᠧᠷᠬᠢ ᠰᠢᠨ᠎ᠡ ᠮᠠᠲ᠋ᠧᠷᠢᠶᠠᠯ᠂ ᠲᠤᠨᠤᠭ ᠲᠦᠬᠦᠭᠡᠷᠦᠮᠵᠢ ᠤᠶᠢᠯᠡᠳᠬᠦ᠂ ᠨᠤᠲᠤᠭ ᠤᠷᠤᠨ ᠤ ᠤᠨᠴᠠᠯᠢᠭᠲᠤ ︽ᠳᠦᠷᠪᠡᠨ ᠶᠡᠭᠡ ᠲᠤᠯᠭᠠᠭᠤᠷᠢ ᠠᠵᠦ ᠤᠶᠢᠯᠡᠰ︾᠎ ᠢ ᠭᠤᠤᠯᠳᠠᠯᠭ᠎ᠠ ᠲᠠᠢ ᠪᠠᠷ ᠬᠥᠭᠵᠢᠭᠦᠯᠦᠨ᠎ᠡ᠃ ᠲᠠᠷᠢᠶᠠᠯᠠᠩ ᠮᠠᠯ ᠠᠵᠦ ᠠᠬᠤᠢ ᠶᠢᠨ ᠪᠦᠲᠦᠭᠡᠭᠳᠡᠭᠦᠨ ᠢ ᠪᠤᠯᠪᠠᠰᠤᠷᠠᠭᠤᠯᠬᠤ ᠠᠵᠦ ᠤᠶᠢᠯᠡᠰ ᠨᠢ ᠵᠠᠪᠠᠯ ᠪᠠᠷᠢᠮᠵᠢᠶᠠᠵᠢᠭᠰᠠᠨ᠂ ᠨᠡᠷ᠎ᠡ ᠲᠡᠮᠳᠡᠭᠴᠢᠯᠡᠭᠰᠡᠨ᠂ ᠦᠨᠳᠦᠷ ᠳᠡᠰᠴᠢᠯᠡᠬᠦ ᠶᠢ ᠪᠠᠷᠢᠮᠲᠠᠯᠠᠵᠦ᠂ ᠤᠨᠴᠠᠯᠢᠭᠲᠦ ᠲᠡᠮᠳᠡᠭᠲᠦ᠂ ᠪᠤᠬᠢᠷᠳᠤᠯ ᠦᠭᠡᠢ ᠲᠡᠮᠳᠡᠭᠲᠦ ᠶᠢ ᠴᠢᠷᠮᠠᠶᠢᠨ ᠪᠥᠲᠥᠬᠡᠵᠥ᠂ ᠲᠠᠷᠢᠶᠠᠯᠠᠩ ᠮᠠᠯ ᠠᠵᠦ ᠠᠬᠤᠢ ᠶᠢᠨ ᠪᠦᠲᠦᠭᠡᠭᠳᠡᠭᠦᠨ ᠢ ᠪᠤᠯᠪᠠᠰᠤᠷᠠᠭᠤᠯᠬᠤ ᠲᠤᠮᠤ ᠠᠵᠦ ᠠᠬᠤᠶᠢᠯᠠᠯ ᠢ ᠤᠷᠢᠨ ᠤᠷᠤᠭᠤᠯᠵᠦ᠂ ᠪᠤᠬᠢᠷᠳᠤᠯ ᠦᠭᠡᠢ ᠲᠠᠷᠢᠶᠠᠯᠠᠩ ᠮᠠᠯ ᠠᠵᠦ ᠠᠬᠤᠢ ᠶᠢᠨ ᠪᠦᠲᠦᠭᠡᠭᠳᠡᠭᠦᠨ ᠢ ᠪᠤᠯᠪᠠᠰᠤᠷᠠᠭᠤᠯᠬᠤ ᠬᠦᠷᠢᠶ᠎ᠡ ᠬᠡᠪᠴᠢᠶ᠎ᠡ ᠶᠢ ᠲᠠᠰᠤᠷᠠᠯᠲᠠ ᠦᠭᠡᠢ ᠦᠷᠭᠡᠳᠬᠡᠨ᠂ ᠨᠠᠷᠢᠯᠢᠭ ᠪᠤᠯᠪᠠᠰᠤᠷᠠᠭᠤᠯᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠲᠠᠸᠠᠷ ᠤᠨ ᠨᠡᠮᠡᠯᠲᠡ ᠦᠷᠲᠡᠭ ᠢ ᠨᠡᠮᠡᠭᠳᠡᠭᠦᠯᠦᠨ᠎ᠡ᠃ ᠢᠨᠲ᠋ᠧᠷᠨᠧᠲ ᠰᠦᠯᠵᠢᠶ᠎ᠡ ᠶᠢᠨ ᠴᠠᠭ ᠡᠷᠡᠨ ᠤ ᠰᠤᠷᠠᠭ ᠵᠠᠩᠭᠢᠴᠢᠯᠠᠬᠤ ᠪᠤᠯᠤᠨ ᠡᠯ᠎ᠡ ᠠᠵᠦ ᠤᠶᠢᠯᠡᠰ ᠤᠨ ᠠᠭᠤᠰᠤᠯᠴᠠᠨ ᠬᠦᠭᠵᠢᠬᠦ ᠰᠢᠨ᠎ᠡ ᠲᠤᠬᠢᠶᠠᠯ ᠢ ᠴᠢᠩᠭ᠎ᠠ ᠠᠳᠬᠤᠨ᠂ ︽ᠢᠨᠲ᠋ᠧᠷᠨᠧᠲ ᠰᠦᠯᠵᠢᠶ᠎ᠡ + ᠰᠢᠨᠵᠢᠯᠡᠭᠡ ᠮᠡᠷᠭᠡᠵᠢᠯ︾᠂ ︽ᠢᠨᠲ᠋ᠧᠷᠨᠧᠲ ᠰᠦᠯᠵᠢᠶ᠎ᠡ + ᠪᠤᠷᠤᠯᠠᠭᠤᠯᠭ᠎ᠠ︾  ᠵᠡᠷᠭᠡ ᠰᠢᠨ᠎ᠡ ᠵᠠᠭᠪᠤᠷ ᠢ ᠭᠦᠢᠴᠡᠳ ᠠᠰᠢᠭᠯᠠᠵᠤ᠂ ᠲᠠᠷᠢᠶᠠᠯᠠᠩ ᠮᠠᠯ ᠠᠵᠦ ᠠᠬᠤᠢ ᠶᠢᠨ ᠪᠦᠲᠦᠭᠡᠭᠳᠡᠭᠦᠨ ᠢ ᠪᠣᠯᠪᠠᠰᠤᠷᠠᠭᠤᠯᠬᠤ ᠤᠶᠢᠯᠡᠰ ᠤᠨ ᠬᠦᠭᠵᠢᠯᠲᠡ ᠶᠢᠨ ᠤᠷᠤᠨ ᠵᠠᠢ ᠪᠠ ᠬᠦᠭᠵᠢᠯᠲᠡ ᠶᠢᠨ ᠵᠠᠮ ᠢ ᠬᠦᠴᠦᠯᠡᠨ ᠦᠷᠭᠡᠳᠬᠡᠵᠦ᠂ ᠪᠤᠬᠢᠷᠳᠤᠯ ᠦᠭᠡᠢ ᠲᠠᠷᠢᠶᠠᠯᠠᠩ ᠮᠠᠯ ᠠᠵᠦ ᠠᠬᠤᠢ ᠶᠢᠨ ᠪᠦᠲᠦᠭᠡᠭᠳᠡᠭᠦᠨ ᠢ ᠪᠤᠯᠪᠠᠰᠤᠷᠠᠭᠤᠯᠬᠤ ᠤᠶᠢᠯᠡᠰ ᠢ ᠰᠤᠷᠠᠭ ᠵᠠᠩᠭᠢᠴᠢᠯᠠᠯᠠᠲᠠ ᠲᠠᠢ ᠤᠶᠠᠯᠳᠤᠭᠤᠯᠤᠨ ᠬᠦᠭᠵᠢᠭᠦᠯᠦᠨ᠎ᠡ᠃ ᠵᠢᠯ ᠤᠨ 35 ᠳ᠋ᠦᠩᠰᠢᠭᠤᠷ ᠮᠧᠲᠷ ‍ᠦᠨ‌ᠤᠷᠲᠦ ᠬᠢᠮ᠎ᠠ ᠶᠢᠨ ᠪᠦᠷᠬᠦᠭᠦᠯ ᠤᠨ ᠴᠠᠪᠠᠤᠯᠢᠭ ᠤᠭᠤᠷᠠᠭ ᠢ ᠤᠶᠢᠯᠡᠳᠪᠦᠷᠢᠯᠡᠬᠦ ᠲᠦᠷᠦᠯ ᠵᠤᠶᠢᠯ᠂  ᠵᠢᠯ ᠤᠨ 54 ᠲᠦᠮᠡᠨ ᠦᠬᠡᠷ ᠬᠤᠨᠢ ᠨᠢᠳᠤᠯᠠᠬᠤ ᠳ᠋ᠦᠩ ᠯᠠᠢ ᠱᠦᠨ ᠮᠢᠬᠠᠨ ᠤ ᠵᠤᠶᠢᠯ ᠤᠨ ᠤᠶᠢᠯᠡᠳᠪᠦᠷᠢᠯᠡᠯ ᠪᠠ ᠵᠢᠯ ᠤᠨ 4.2 ᠲᠦᠮᠡᠨ ᠲᠤᠨ ᠰᠦᠨ ᠤ ᠪᠦᠲᠦᠭᠡᠭᠳᠡᠬᠦᠨ ᠢ ᠤᠶᠢᠯᠡᠳᠪᠦᠷᠢᠯᠡᠬᠦ ᠴᠠᠰᠤᠲᠤ ᠲᠠᠯ᠎ᠠ ᠰᠦᠨ ᠤ ᠤᠶᠢᠯᠡᠰ ᠤᠨ ᠲᠦᠷᠦᠯ ᠵᠤᠶᠢᠯ ᠨᠢ ᠤᠶᠢᠯᠡᠳᠪᠦᠷᠢᠯᠡᠯ ᠤᠨ ᠦᠷ᠎ᠡ ᠪᠦᠲᠦᠮᠵᠢ ᠳᠡᠭᠡᠨ ᠬᠥᠷᠬᠡᠬᠦ ᠶᠢ ᠬᠦᠴᠦᠯᠡᠨ ᠠᠬᠢᠭᠤᠯᠵᠦ᠂ ᠲᠦᠮᠦᠰᠦ ᠪᠠ ᠦᠬᠡᠷ ᠬᠤᠨᠢᠨ ᠮᠢᠬᠠᠨ ᠤ ᠵᠤᠶᠢᠯᠡᠰ ᠢ ᠨᠠᠷᠢᠯᠢᠭ ᠪᠤᠯᠪᠠᠰᠤᠷᠠᠭᠤᠯᠬᠤ ᠪᠠᠷ ᠭᠤᠣᠯ ᠪᠤᠯᠭᠠᠭᠰᠠᠨ ᠲᠠᠷᠢᠶᠠᠯᠠᠩ ᠮᠠᠯ ᠠᠵᠦ ᠠᠬᠤᠢ ᠶᠢᠨ ᠪᠦᠲᠦᠭᠡᠭᠳᠡᠭᠦᠨ ᠢ ᠪᠤᠯᠪᠠᠰᠤᠷᠠᠭᠤᠯᠬᠤ ᠬᠦᠷᠢᠶᠡᠯᠡᠩ ᠢ ᠲᠦᠯᠦᠪᠯᠡᠨ ᠪᠠᠶᠢᠭᠤᠯᠵᠦ᠂ 2022 ᠤᠨ ᠪᠤᠯᠬᠤ ᠳᠤ ᠲᠠᠷᠢᠶᠠᠯᠠᠩ ᠮᠠᠯ ᠠᠵᠦ ᠠᠬᠤᠢ ᠶᠢᠨ  ᠪᠦᠲᠦᠭᠡᠭᠳᠡᠭᠦᠨ ᠢ ᠪᠤᠯᠪᠠᠰᠤᠷᠠᠭᠤᠯᠬᠤ ᠤᠶᠢᠯᠡᠰ ᠤᠨ ᠤᠶᠢᠯᠡᠳᠪᠦᠷᠢᠯᠡᠯ ᠤᠨ ᠦᠷᠲᠡᠭ ᠢ 40 ᠳ᠋ᠦᠩᠰᠢᠭᠤᠷ ᠲᠦᠭᠦᠷᠢᠭ ᠢ ᠳᠠᠪᠠᠭᠤᠯᠬᠤ ᠎ ᠪᠠᠷ ᠴᠢᠷᠮᠠᠶᠢᠨ᠎ᠠ᠃ ᠰᠢᠨ᠎ᠡ ᠡᠨᠧᠷᠬᠢ ᠰᠢᠨ᠎ᠡ ᠮᠠᠲ᠋ᠧᠷᠢᠶᠠᠯ ᠤᠨ ᠠᠵᠦ ᠤᠶᠢᠯᠡᠰ ᠨᠢ ᠦᠨᠳᠦᠷ ᠳᠠᠷᠤᠯᠳᠠᠲᠤ ᠢᠯᠳᠠᠰᠦ  ᠂ ᠯᠢᠲ᠋ᠢ ᠢᠶᠤᠨ ᠳ᠋ᠢᠶᠠᠨ ᡂᠢ ᠶᠢᠨ ᠮᠠᠲ᠋ᠧᠷᠢᠶᠠᠯ ᠢᠶᠠᠷ ᠭᠤᠤᠯ ᠪᠤᠯᠭᠠᠭᠰᠠᠨ ᠰᠢᠨ᠎ᠡ ᠡᠨᠧᠷᠬᠢ ᠰᠢᠨ᠎ᠡ ᠮᠠᠲ᠋ᠧᠷᠢᠶᠠᠯ ᠤᠨ ᠨᠡᠭᠡᠭᠡᠨ ᠠᠰᠢᠭᠯᠠᠯᠲᠠ ᠶᠢ ᠲᠦᠷᠭᠡᠳᠬᠡᠨ ᠠᠬᠢᠭᠤᠯᠵᠦ᠂ ᠰᠢᠨ᠎ᠡ ᠡᠨᠧᠷᠬᠢ ᠰᠢᠨ᠎ᠡ ᠮᠠᠲ᠋ᠧᠷᠢᠶᠠᠯ ᠤᠨ ᠠᠵᠦ ᠤᠶᠢᠯᠡᠰ ᠨᠢ ᠰᠢᠨ᠎ᠡ ᠨᠢᠭᠡᠨ ᠡᠭᠡᠯᠵᠢ ᠶᠢᠨ ᠠᠵᠦ ᠠᠬᠤᠢ ᠶᠢᠨ ᠬᠦᠭᠵᠢᠯᠲᠡ ᠶᠢᠨ ᠬᠦᠳᠡᠯᠭᠡᠭᠡᠨ ᠤ ᠰᠤᠷᠪᠦᠯᠵᠢ ᠪᠠ ᠢᠷᠡᠭᠡᠳᠤᠢ ᠶᠢᠨ ᠠᠵᠦ ᠠᠬᠤᠢ ᠬᠦᠭᠵᠢᠯᠲᠡ ᠶᠢᠨ ᠳᠠᠪᠠᠭᠤᠯᠢᠭ ᠠᠵᠦ ᠤᠶᠢᠯᠡᠰ ᠪᠤᠯᠬᠤ ᠶᠢ ᠲᠦᠯᠬᠢᠨ ᠠᠬᠢᠭᠤᠯᠤᠨ᠎ᠠ᠃ ᠬᠠᠢ ᠯᠢ ᠡᠯᠧᠺᠲᠷᠤᠨ ᠦᠨᠳᠦᠷ ᠳᠠᠷᠤᠯᠳᠠᠲᠤ ᠢᠯᠳᠠᠰᠦ ︵ᠬᠤᠶᠠᠳᠤᠭᠠᠷ ᠬᠤᠭᠤᠴᠠᠭ᠎ᠠ︶ ᠪᠠ ᠳ᠋ᠦᠩ ᠶᠠᠩ ᠭᠤᠸᠠᠩ ᠦᠨᠳᠦᠷ ᠳᠠᠷᠤᠯᠳᠠᠲᠤ ᠢᠯᠳᠠᠰᠦ ᠵᠡᠷᠭᠡ ᠲᠦᠷᠦᠯ ᠵᠤᠶᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ 2022 ᠤᠨ ᠪᠤᠯᠬᠤ ᠳᠤ 5000 ᠲᠦᠮᠡᠨ ᠲᠡᠭᠰᠢ ᠳᠦᠷᠪᠡᠯᠵᠢᠨ ᠮᠧᠲᠷ ᠤᠨ ᠤᠶᠢᠯᠡᠳᠪᠦᠷᠢᠯᠡᠯ ᠤᠨ ᠴᠢᠳᠠᠮᠵᠢ ᠎ ᠲᠠᠢ ᠪᠤᠯᠭᠠᠨ᠂ ︽ᠳᠤᠮᠳᠠᠲᠦ ᠤᠯᠤᠰ ᠤᠨ ᠢᠯᠳᠠᠰᠤ ᠶᠢᠨ ᠬᠤᠲᠠ︾᠎ ᠎ ᠶᠢ ᠪᠦᠲᠦᠭᠡᠨ ᠪᠠᠶᠢᠭᠤᠯᠤᠨ᠎ᠠ᠃ ᠰᠠᠨ  ᠰᠢᠨ ᠪᠤᠳᠠᠲᠤ ᠤᠶᠢᠯᠡᠰ᠂ ᠲᠢᠶᠠᠨᠵᠢᠨ ᠤ ᠵᠦᠩ ᠵᠢᠦᠢ ᠵᠡᠷᠭᠡ ᠲᠤᠯᠤᠭᠠᠶᠢᠯᠠᠭᠰᠠᠨ ᠠᠵᠦ ᠠᠬᠤᠶᠢᠯᠠᠯ ᠢᠶᠠᠷ ᠭᠤᠣᠯ ᠪᠤᠯᠭᠠᠵᠦ ᠂ ᠯᠢᠲ᠋ᠢ ᠢᠶᠤᠨ ᠳ᠋ᠢᠶᠠᠨ ᡂᠢ ᠶᠢᠨ ᠮᠠᠲ᠋ᠧᠷᠢᠶᠠᠯ ᠢ ᠬᠦᠴᠦᠯᠡᠨ ᠬᠦᠭᠵᠢᠭᠦᠯᠵᠦ᠂ ᠳᠡᠭᠡᠲᠦ ᠳᠤᠤᠷᠠᠲᠦ ᠤᠷᠤᠰᠬᠠᠯ ᠤᠨ ᠠᠵᠦ ᠤᠶᠢᠯᠡᠰ ᠢ ᠲᠠᠰᠤᠷᠠᠯᠲᠠ ᠦᠭᠡᠢ ᠦᠷᠭᠡᠳᠬᠡᠨ᠂ ᠠᠵᠦ ᠤᠶᠢᠯᠡᠰ ᠤᠨ ᠬᠡᠯᠬᠢᠶ᠎ᠡ ᠶᠢ ᠤᠷᠲᠤᠳᠬᠠᠨ᠂ ᠠᠵᠦ ᠤᠶᠢᠯᠡᠰ ᠤᠨ ᠬᠤᠷᠠᠨ ᠴᠤᠭᠯᠠᠷᠠᠯ ᠤᠨ ᠬᠦᠭᠵᠢᠯᠲᠡ ᠶᠢ ᠪᠦᠷᠢᠯᠳᠦᠭᠦᠯᠦᠨ᠎ᠡ᠃ ᠲᠤᠨᠤᠭ ᠲᠦᠬᠦᠭᠡᠷᠦᠮᠵᠢ ᠤᠶᠢᠯᠡᠳᠬᠦ ᠠᠵᠦ ᠤᠶᠢᠯᠡᠰ ᠨᠢ ᠠᠵᠦ ᠠᠬᠤᠶᠢᠯᠠᠯ ᠤᠨ ᠬᠦᠭᠵᠢᠯᠲᠡ ᠶᠢ ᠳᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠤᠨᠤᠭ ᠲᠦᠬᠦᠭᠡᠷᠦᠮᠵᠢ ᠤᠶᠢᠯᠡᠳᠬᠦ ᠠᠵᠦ ᠤᠶᠢᠯᠡᠰ ᠤᠨ ᠲᠦᠷᠭᠡᠨ ᠬᠦᠭᠵᠢᠬᠦ ᠶᠢ ᠠᠬᠢᠭᠤᠯᠤᠨ᠎ᠠ᠃ ᠤᠳᠤ ᠪᠠᠶᠢᠭ᠎ᠠ ᠲᠤᠨᠤᠭ ᠲᠦᠬᠦᠭᠡᠷᠦᠮᠵᠢ ᠤᠶᠢᠯᠡᠳᠬᠦ ᠠᠵᠦ ᠠᠬᠤᠶᠢᠯᠠᠯ ᠤᠨ ᠬᠦᠭᠵᠢᠯᠲᠡ ᠶᠢ ᠢᠳᠡᠪᠬᠢᠲᠠᠢ ᠳᠡᠳᠬᠦᠨ ᠳᠡᠮᠵᠢᠵᠦ᠂ ᠵᠠᠬ᠎ᠠ ᠳᠡᠯᠭᠡᠭᠦᠷ ᠲᠤ ᠬᠠᠨᠳᠤᠭᠤᠯᠵᠦ᠂ ᠤᠶᠢᠯᠡᠳᠪᠦᠷᠢᠯᠡᠯ᠂ ᠰᠤᠷᠤᠯᠴᠠᠯᠭ᠎ᠠ᠂ ᠰᠤᠳᠤᠯᠭ᠎ᠠ᠂ ᠬᠡᠷᠡᠭᠯᠡᠭᠡ ᠶᠢ ᠤᠶᠠᠯᠳᠤᠭᠤᠯᠤᠭᠰᠠᠨ ᠰᠢᠨ᠎ᠡ ᠶᠢ ᠡᠭᠦᠳᠬᠦ ᠲᠤᠭᠲᠠᠯᠴᠠᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠵᠦ ᠠᠬᠤᠶᠢᠯᠠᠯ ᠤᠨ ᠭᠤᠣᠯ ᠦᠷᠢᠰᠦᠯᠳᠦᠬᠦ ᠬᠦᠴᠦᠨ ᠢ ᠲᠦᠷᠭᠡᠳᠬᠡᠨ ᠳᠡᠭᠡᠭᠰᠢᠯᠡᠭᠦᠯᠦᠨ᠎ᠡ᠃ ᠨᠠᠶᠢᠰᠯᠠᠯ ᠤᠨ ᠪᠤᠰᠤ ᠴᠢᠳᠠᠮᠵᠢ ᠶᠢ ᠪᠤᠳᠠᠷᠬᠠᠢ ᠪᠤᠯᠭᠠᠨ ᠬᠦᠩᠭᠡᠷᠡᠭᠡᠬᠦ ᠪᠠ ᠠᠵᠦ ᠤᠶᠢᠯᠡᠰ ᠤᠨ ᠰᠢᠯᠵᠢᠯᠲᠡ ᠶᠢᠨ ᠡᠨᠡ ᠬᠦ ᠲᠤᠬᠢᠶᠠᠯ ᠢ ᠴᠢᠩᠭ᠎ᠠ ᠠᠳᠬᠤᠨ᠂ ᠪᠡᠭᠡᠵᠢᠩ ᠮᠤᠩᠭᠤᠯ ᠤᠯᠤᠰ ᠤᠨ ᠬᠠᠮᠲᠦᠷᠠᠯᠴᠠᠭᠠᠨ ᠤ ᠠᠵᠦ ᠤᠶᠢᠯᠡᠰ ᠤᠨ ᠬᠦᠷᠢᠶᠡᠯᠡᠩ ᠢ ᠲᠦᠯᠦᠪᠯᠡᠨ  ᠪᠠᠶᠢᠭᠤᠯᠵᠦ᠂ 2018 ᠤᠨ ᠳᠤ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠳᠠᠶᠢᠴᠢᠯᠠᠨ ᠡᠬᠢᠯᠡᠭᠦᠯᠦᠨ᠎ᠡ᠃ ᠵᠦᠩ ᠭᠤᠸᠠᠨ ᠼᠦᠨ ᠰᠢᠨᠵᠢᠯᠡᠭᠡ ᠮᠡᠷᠭᠡᠵᠢᠯ ᠤᠨ ᠬᠦᠷᠢᠶᠡᠯᠡᠩ ᠪᠠ ᠪᠡᠭᠡᠵᠢᠩ ᠮᠤᠩᠭᠤᠯ ᠤᠯᠤᠰ ᠤᠨ ᠬᠠᠮᠲᠤᠷᠠᠯᠴᠠᠭᠠᠨ ᠤ ᠠᠵᠦ ᠤᠶᠢᠯᠡᠰ ᠤᠨ ᠬᠦᠷᠢᠶᠡᠯᠡᠩ ᠢ ᠲᠦᠰᠢᠭᠯᠡᠵᠦ᠂ ᠡᠨᠧᠷᠬᠢ ᠳᠤ ᠭᠠᠮᠲᠠᠢ ᠤᠷᠴᠢᠨ ᠲᠤᠭᠤᠷᠢᠨ ᠤ ᠬᠠᠮᠠᠭᠠᠯᠠᠯ ᠲᠠᠢ᠂ ᠰᠢᠨ᠎ᠡ ᠡᠨᠧᠷᠬᠢ ᠶᠢᠨ ᠮᠠᠰᠢᠨ ᠲᠡᠷᠭᠡ᠂ ᠤᠶᠤᠨᠲᠤ ᠶᠢᠨ ᠡᠭᠦᠳᠦᠯᠲᠡ ᠵᠡᠷᠭᠡ ᠬᠦᠷᠢᠶ᠎ᠡ ᠬᠡᠪᠴᠢᠶᠡᠨ ᠤ ᠴᠢᠬᠤᠯᠠ ᠲᠤᠭᠤᠷᠢᠨ ᠎ ᠳᠤ᠂ ᠨᠢᠭᠡ ᠪᠦᠯᠦᠭ ᠲᠤᠨᠤᠭ ᠲᠦᠬᠦᠭᠡᠷᠦᠮᠵᠢ ᠤᠶᠢᠯᠡᠳᠬᠦ ᠲᠦᠷᠦᠯ ᠵᠤᠶᠢᠯ ᠢ ᠲᠠᠲᠠᠨ ᠤᠷᠤᠭᠤᠯᠵᠦ᠂ ᠮᠠᠨ ᠤ ᠲᠤᠭᠤᠷᠢᠭ ᠤᠨ ᠲᠤᠨᠤᠭ ᠲᠦᠬᠦᠭᠡᠷᠦᠮᠵᠢ ᠤᠶᠢᠯᠡᠳᠬᠦ ᠤᠶᠢᠯᠡᠰ ᠢ ᠥᠨᠲᠥᠷᠵᠢᠬᠦᠯᠥᠭᠰᠡᠨ᠂ ᠤᠶᠤᠨᠴᠢᠯᠠᠭᠰᠠᠨ ᠴᠢᠭᠯᠡᠯ ᠢᠶᠠᠷ ᠬᠦᠭᠵᠢᠬᠦ ᠶᠢ ᠲᠦᠯᠬᠢᠨ ᠠᠬᠢᠭᠤᠯᠵᠦ᠂ ᠤᠯᠤᠰ ᠤᠨ ᠳᠡᠰ ᠤᠨ ᠠᠵᠦ ᠠᠬᠤᠶᠢᠯᠠᠯ ᠤᠨ ᠵᠢᠱᠢᠶ᠎ᠡ ᠦᠵᠡᠭᠦᠯᠬᠦ ᠲᠤᠭᠤᠷᠢᠭ ᠢ ᠪᠦᠲᠦᠭᠡᠨ ᠪᠠᠶᠢᠭᠤᠯᠤᠶ᠎ᠠ᠃ ᠤᠷᠤᠨ ᠨᠤᠲᠤᠭ ᠤᠨ ᠤᠨᠴᠠᠯᠢᠭᠲᠦ ᠠᠵᠦ ᠤᠶᠢᠯᠡᠰ ᠨᠢ ᠤᠷᠤᠨ ᠨᠤᠲᠤᠭ ᠤᠨ ᠠᠷᠠᠰᠦ ᠰᠢᠷᠢ᠂ ᠬᠤᠪᠴᠠᠰᠦ ᠵᠠᠰᠠᠯ᠂ ᠮᠤᠳᠤᠨ ᠮᠠᠲ᠋ᠧᠷᠢᠶᠠᠯ ᠤᠨ ᠤᠯᠠᠮᠵᠢᠯᠠᠯᠲᠦ ᠲᠠᠪᠠᠭᠤᠯᠢᠭ ᠎ ᠲᠤ ᠰᠠᠭᠤᠷᠢᠯᠠᠵᠦ᠂ ᠠᠷᠠᠰᠦᠨ ᠡᠳ᠋ᠯᠡᠯ ᠤᠨ ᠠᠵᠦ ᠤᠶᠢᠯᠡᠰ ᠤᠨ ᠳᠠᠬᠢᠨᠲᠠ ᠮᠠᠨᠳᠤᠨ ᠬᠦᠭᠵᠢᠬᠦ ᠪᠠ ᠳᠤᠯᠤᠳᠤᠭᠠᠷ ᠰᠤᠮᠤ ᠶᠢᠨ ᠳᠤᠮᠳᠠᠲᠦ ᠡᠸᠦ᠋ᠷᠦᠫᠡ ᠡᠭᠡᠯᠵᠢ ᠶᠢᠨ ᠸᠠᠭᠤᠨ ᠤ ᠵᠠᠮ ᠨᠡᠪᠲᠡᠷᠡᠯ ᠤᠨ ᠤᠯᠳᠠᠰᠢ ᠦᠭᠡᠢ ᠲᠤᠬᠢᠶᠠᠯ ᠢ ᠴᠢᠩᠭ᠎ᠠ ᠠᠳᠬᠤᠨ᠂ ᠠᠷᠠᠰᠦ ᠰᠢᠷᠢ᠂ ᠬᠤᠪᠴᠠᠰᠤ ᠬᠤᠨᠠᠷ ᠪᠤᠯᠤᠨ ᠮᠤᠳᠤᠨ ᠮᠠᠲ᠋ᠧᠷᠢᠶᠠᠯ ᠤᠨ ᠤᠶᠢᠯᠡᠳᠪᠦᠷᠢᠯᠡᠯ ᠤᠨ ᠠᠵᠦ ᠤᠶᠢᠯᠡᠰ ᠢ ᠬᠦᠴᠦᠯᠡᠨ ᠬᠦᠭᠵᠢᠭᠦᠯᠦᠨ᠎ᠡ᠃ ᠤᠯᠠᠨ ᠤᠯᠤᠰ ᠤᠨ ᠠᠷᠠᠰᠦ ᠰᠢᠷᠢ ᠶᠢᠨ ᠲᠤᠮᠤ ᠬᠤᠳᠠᠯᠳᠤᠭᠠᠨ ᠤ ᠬᠤᠲᠠ ᠪᠤᠯᠤᠨ ᠠᠷᠠᠰᠦᠨ ᠡᠳ᠋ᠯᠡᠯ ᠤᠨ ᠤᠶᠢᠯᠡᠳᠪᠦᠷᠢᠯᠡᠯ ᠤᠨ ᠬᠦᠷᠢᠶᠡᠯᠡᠩ ᠢᠶᠠᠷ ᠲᠠᠪᠴᠠᠩ ᠪᠤᠯᠭᠠᠵᠦ᠂ ᠠᠷᠠᠰᠦ ᠰᠢᠷᠢ ᠶᠢᠨ ᠤᠶᠢᠯᠡᠳᠪᠦᠷᠢᠯᠡᠯ ᠢ ᠵᠠᠬ᠎ᠠ ᠳᠡᠯᠭᠡᠭᠦᠷ ᠤᠨ ᠪᠤᠷᠤᠯᠠᠭᠤᠯᠭ᠎ᠠ ᠪᠠᠷ ᠳᠠᠶᠢᠴᠢᠯᠠᠭᠤᠯᠤᠨ᠂ ᠪᠦᠬᠦ ᠲᠠᠯ᠎ᠠ ᠪᠠᠷ ᠠᠵᠦ ᠤᠶᠢᠯᠡᠰ ᠤᠨ ᠴᠠᠷ᠎ᠠ ᠬᠦᠷᠢᠶ᠎ᠡ᠂ ᠶᠠᠰᠦ ᠴᠢᠨᠠᠷ᠂ ᠦᠷ᠎ᠡ ᠠᠰᠢᠭ ᠢ ᠳᠡᠭᠡᠭᠰᠢᠯᠡᠭᠦᠯᠦᠨ᠎ᠡ᠃ ᠰᠢᠨ᠎ᠡ ᠶᠠ ᠪᠣᠣ ᠯᠦ ᠠᠷᠠᠯᠵᠢᠶ᠎ᠠ ᠬᠤᠳᠠᠯᠳᠤᠭᠠᠨ ᠤ ᠬᠤᠲᠠ ᠳᠤ ᠲᠦᠰᠢᠭᠯᠡᠨ᠂ ᠬᠤᠪᠴᠠᠰᠦ ᠵᠠᠰᠠᠯ ᠤᠶᠢᠯᠡᠳᠪᠦᠷᠢᠯᠡᠬᠦ ᠲᠤᠮᠤ ᠠᠵᠦ ᠠᠬᠤᠶᠢᠯᠠᠯ ᠢ ᠤᠷᠢᠨ ᠤᠷᠤᠭᠤᠯᠵᠦ᠂ ᠤᠷᠤᠰ ᠮᠤᠩᠭᠤᠯ ᠡᠸᠦ᠋ᠷᠦᠫᠡ ᠳᠤ ᠬᠠᠨᠳᠤᠭᠤᠯᠤᠭᠰᠠᠨ ᠬᠤᠪᠴᠠᠰᠤ ᠵᠠᠰᠠᠯ ᠤᠨ ᠠᠷᠠᠯᠵᠢᠶ᠎ᠠ ᠶᠢ ᠬᠦᠭᠵᠢᠭᠦᠯᠵᠦ᠂ ᠵᠢᠨᠢᠩ ᠤᠨ ᠤᠯᠠᠨ ᠤᠯᠤᠰ ᠤᠨ ᠠᠷᠠᠰᠦ ᠰᠢᠷᠢ ᠶᠢᠨ ᠲᠤᠮᠤ ᠬᠤᠳᠠᠯᠳᠤᠭᠠᠨ ᠤ ᠬᠤᠲᠠ᠂ ᠰᠢᠨ᠎ᠡ ᠶᠠ ᠪᠣᠣ ᠯᠦ ᠠᠷᠠᠯᠵᠢᠶ᠎ᠠ ᠬᠤᠳᠠᠯᠳᠤᠭᠠᠨ ᠤ ᠬᠤᠲᠠ ᠶᠢ ᠤᠷᠤᠰ ᠮᠤᠩᠭᠤᠯ ᠡᠸᠦ᠋ᠷᠦᠫᠡ ᠳᠤ ᠬᠠᠨᠳᠤᠭᠤᠯᠤᠭᠰᠠᠨ ᠠᠷᠠᠰᠦ ᠰᠢᠷᠢ ᠠᠷᠠᠰᠦᠨ ᠡᠳ᠋ᠯᠡᠯ ᠤᠨ ᠲᠤᠮᠤ ᠰᠤᠯᠢᠯᠴᠠᠭᠠᠨ ᠤ ᠵᠠᠬ᠎ᠠ ᠳᠡᠯᠭᠡᠭᠦᠷ ᠪᠤᠯᠤᠨ ᠳᠤᠮᠳᠠᠲᠦ ᠤᠯᠤᠰ ᠤᠨ ᠬᠤᠪᠴᠠᠰᠤ ᠵᠠᠰᠠᠯ ᠤᠨ ᠭᠠᠳᠠᠭᠠᠳᠦ ᠠᠷᠠᠯᠵᠢᠶᠠᠨ ᠤ ᠰᠢᠨ᠎ᠡ ᠰᠠᠭᠤᠷᠢᠨ ᠪᠤᠯᠭᠠᠬᠤ ᠪᠠᠷ ᠴᠢᠷᠮᠠᠶᠢᠨ᠎ᠠ᠃ 2022 ᠤᠨ ᠪᠤᠯᠲᠠᠯ᠎ᠠ᠂ ᠠᠷᠠᠰᠦᠨ ᠡᠳ᠋ᠯᠡᠯ ᠪᠤᠯᠤᠨ ᠬᠤᠪᠴᠠᠰᠤ ᠵᠠᠰᠠᠯ ᠤᠶᠢᠯᠡᠳᠪᠦᠷᠢᠯᠡᠬᠦ ᠠᠵᠦ ᠠᠬᠤᠶᠢᠯᠠᠯ ᠢ 100 ᠡᠷᠦᠬᠡ ᠠᠴᠠ ᠳᠡᠭᠡᠭᠰᠢ ᠤᠷᠢᠨ ᠤᠷᠤᠭᠤᠯᠵᠦ᠂ ᠠᠷᠠᠰᠦᠨ ᠡᠳ᠋ᠯᠡᠯ ᠪᠠ ᠬᠤᠪᠴᠠᠰᠦ ᠵᠠᠰᠠᠯ ᠤᠨ ᠦᠢᠯᠡᠳᠪᠦᠷᠢᠯᠡᠯ ᠪᠤᠷᠤᠯᠠᠭᠤᠯᠭ᠎ᠠ ᠵᠢᠨ‌ᠠᠵᠢᠯᠲᠠᠳ 3 ᠲᠦᠮᠡ ᠬᠦᠮᠦᠨ ᠳᠤ ᠬᠦᠷᠴᠦ᠂ ᠠᠷᠠᠰᠦ ᠰᠢᠷᠢ ᠪᠤᠯᠤᠨ ᠬᠤᠪᠴᠠᠰᠤ ᠵᠠᠰᠠᠯ ᠤᠨ ᠤᠶᠢᠯᠡᠳᠪᠦᠷᠢᠯᠡᠯ ᠤᠨ ᠦᠷᠲᠡᠭ ᠪᠣᠯᠤᠨ ᠪᠤᠷᠤᠯᠠᠭᠤᠯᠭ᠎ᠠ ᠶᠢᠨ ᠤᠷᠤᠯᠭ᠎ᠠ 30 ᠳ᠋ᠦᠩᠰᠢᠭᠤᠷ ᠲᠦᠭᠦᠷᠢᠭ ᠢ ᠳᠠᠪᠠᠭ᠋ᠤ ᠪᠤᠯᠤᠨ᠎ᠠ᠃ ︽ᠳᠤᠮᠲᠠᠲᠦ ᠮᠤᠩᠭᠤᠯ ᠤᠷᠤᠰ ᠤᠨ ᠠᠵᠦ ᠠᠬᠤᠢ ᠶᠢᠨ ᠬᠤᠩᠭᠢᠯ︾᠎ ᠤᠨ ᠪᠦᠲᠦᠭᠡᠨ ᠪᠠᠶᠢᠭᠤᠯᠤᠯᠲᠠ ᠶᠢᠨ ᠲᠤᠬᠢᠶᠠᠯ ᠢ ᠠᠳᠬᠤᠵᠦ᠂ ᠳᠤᠮᠳᠠᠲᠦ ᠡᠸᠦ᠋ᠷᠦᠫᠡ ᠡᠭᠡᠯᠵᠢ ᠶᠢᠨ ᠸᠠᠭᠤᠨ ᠤ ᠲᠡᠭᠡᠭᠡᠪᠦᠷᠢ ᠶᠢᠨ ᠳᠠᠪᠠᠭᠤᠯᠢᠭ ᠢ ᠲᠦᠰᠢᠭᠯᠡᠵᠦ᠂ ᠮᠤᠳᠤᠨ ᠮᠠᠲ᠋ᠧᠷᠢᠶᠠᠯ ᠤᠨ ᠲᠦᠪᠯᠡᠷᠡᠭᠦᠯᠦᠨ ᠲᠠᠷᠬᠠᠭᠠᠬᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠮᠤᠳᠤᠨ ᠮᠠᠲ᠋ᠧᠷᠢᠶᠠᠯ ᠪᠤᠯᠪᠠᠰᠤᠷᠠᠭᠤᠯᠬᠤ ᠠᠷᠠᠯᠵᠢᠶᠠᠨ ᠤ ᠬᠦᠭᠵᠢᠯᠲᠡ ᠶᠢ ᠳᠡᠳᠬᠦᠨ ᠳᠡᠮᠵᠢᠵᠦ᠂ 2022 ᠤᠨ ᠪᠤᠯᠬᠤ ᠳᠤ ᠨᠡᠯᠢᠶᠡᠳ ᠦᠷᠭᠡᠨ ᠬᠡᠪᠴᠢᠶ᠎ᠡ ᠎ ᠲᠠᠢ᠂ ᠨᠦᠯᠦᠭᠡᠯᠡᠬᠦ ᠬᠦᠴᠦᠨ ᠲᠠᠢ ᠮᠤᠳᠤᠨ ᠮᠠᠲ᠋ᠧᠷᠢᠶᠠᠯ ᠤᠨ ᠠᠵᠦ ᠤᠶᠢᠯᠡᠰ ᠤᠨ ᠬᠦᠷᠢᠶᠡᠯᠡᠩ ᠢ ᠪᠦᠲᠦᠭᠡᠨ ᠪᠠᠶᠢᠭᠤᠯᠤᠨ᠎ᠠ᠃     ︽ᠲᠠᠪᠤᠨ ᠶᠡᠭᠡ ᠰᠢᠨ᠎ᠡ ᠪᠠᠷ ᠮᠠᠨᠳᠤᠵᠦ ᠪᠠᠶᠢᠭ᠎ᠠ ᠤᠶᠢᠯᠡᠴᠢᠯᠡᠭᠡᠨ ᠤ ᠤᠶᠢᠯᠡᠰ︾᠎ ᠢ ᠬᠦᠴᠦᠯᠡᠨ ᠬᠦᠭᠵᠢᠭᠦᠯᠦᠨ᠎ᠡ᠃ ᠰᠢᠨ᠎ᠡ ᠴᠠᠭ ᠦᠶ᠎ᠡ ᠶᠢᠨ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢᠨ ᠰᠢᠨ᠎ᠡ ᠬᠤᠪᠢᠷᠠᠯᠲᠠ ᠶᠢ ᠤᠨᠤᠪᠴᠢᠲᠠᠢ ᠠᠳᠬᠤᠵᠦ᠂ ᠰᠤᠶᠤᠯ᠂ ᠡᠮᠴᠢᠯᠡᠭᠡ ᠨᠠᠰᠤᠵᠢᠯ᠂ ᠪᠡᠶ᠎ᠡ ᠶᠢᠨ ᠲᠠᠮᠢᠷ᠂ ᠮᠦᠩᠭᠦᠨ ᠭᠦᠢᠯᠭᠡᠭᠡ᠂ ᠬᠤᠷᠠᠯ ᠦᠵᠡᠰᠭᠦᠯᠡᠩ ᠵᠡᠷᠭᠡ ᠲᠠᠪᠤᠨ ᠶᠡᠭᠡ ᠰᠢᠨ᠎ᠡ ᠪᠠᠷ ᠮᠠᠨᠳᠤᠵᠦ ᠪᠠᠶᠢᠭ᠎ᠠ ᠤᠶᠢᠯᠡᠴᠢᠯᠡᠭᠡᠨ ᠤ ᠤᠶᠢᠯᠡᠰ ᠤᠨ ᠬᠦᠭᠵᠢᠯᠲᠡ ᠎ ᠶᠢᠨ ᠪᠡᠯᠡ ᠤᠷᠤᠭᠤᠯᠤᠯᠲᠠ ᠶᠢ ᠦᠷᠭᠡᠳᠬᠡᠬᠦ ᠰᠢᠨ᠎ᠡ ᠬᠦᠷᠢᠶ᠎ᠡ ᠴᠠᠷ᠎ᠠ᠂ ᠠᠵᠢᠯ ᠤᠯᠭᠤᠯᠲᠠ ᠶᠢ ᠨᠡᠮᠡᠭᠳᠡᠭᠦᠯᠬᠦ ᠰᠢᠨ᠎ᠡ ᠤᠷᠤᠨ ᠵᠠᠢ᠂ ᠠᠵᠦ ᠠᠬᠤᠢ ᠶᠢ ᠬᠦᠭᠵᠢᠭᠦᠯᠬᠦ ᠰᠢᠨ᠎ᠡ ᠲᠤᠯᠭᠠᠭᠤᠷᠢ ᠪᠤᠯᠭᠠᠬᠤ ᠬᠡᠷᠡᠭᠲᠡᠢ᠃ ᠰᠤᠶᠤᠯ ᠤᠨ ᠤᠶᠢᠯᠡᠰ ᠤᠨ ᠲᠠᠯ᠎ᠠ ᠪᠠᠷ ᠮᠤᠩᠭᠤᠯ ᠶᠤᠸᠠᠨ ᠤ ᠰᠤᠶᠤᠯ᠂  ᠪᠠᠷᠠᠭᠤᠨ ᠵᠠᠮ ᠤᠨ ᠰᠤᠶᠤᠯ᠂ ᠬᠤᠪᠢᠰᠬᠠᠯ ᠤᠨ  ᠰᠣᠶᠣᠯ ᠢ ᠮᠠᠨ ᠤ ᠲᠤᠭᠤᠷᠢᠭ  ᠤᠨ ᠰᠣᠶᠣᠯ ᠳᠤ ᠠᠭᠤᠰᠤᠯᠴᠠᠭᠤᠯᠤᠨ ᠢᠲᠡᠬᠡᠰᠢᠬᠦᠯᠵᠣ᠂ ᠤᠷᠤᠨ ᠨᠤᠲᠤᠭ ᠤᠨ ᠤᠨᠴᠠᠯᠢᠭᠲᠤ ᠰᠤᠶᠤᠯ ᠪᠤᠯᠤᠨ ᠤᠯᠠᠨ ᠶᠠᠩᠵᠦᠲᠦ ᠰᠤᠶᠤᠯ ᠤᠨ ᠰᠤᠳᠤᠯᠭᠠᠨ ᠪᠠ ᠨᠡᠭᠡᠭᠡᠯᠲᠡ ᠶᠢ ᠨᠡᠮᠡᠭᠳᠡᠭᠦᠯᠵᠦ᠂ ᠲᠡᠤᠬᠡ ᠶᠢᠨ ᠳᠤᠷᠠᠰᠬᠠᠯᠲᠦ ᠪᠤᠳᠠᠰ ᠢ ᠬᠠᠮᠠᠭᠠᠯᠠᠨ ᠠᠰᠢᠭᠯᠠᠬᠤ ᠪᠤᠯᠤᠨ ᠰᠤᠶᠤᠯ ᠤᠨ ᠦᠪ ᠢ ᠬᠠᠮᠠᠭᠠᠯᠠᠨ ᠤᠯᠠᠮᠵᠢᠯᠠᠬᠤ ᠶᠢ ᠴᠢᠩᠭᠠᠳᠬᠠᠵᠦ᠂ ᠬᠦᠮᠦᠰ ᠲᠤ ᠵᠢᠨᠢᠩ ᠤᠨ ᠳᠤᠷᠠᠳᠬᠠᠯ᠂ ᠵᠢᠨᠢᠩ ᠤᠨ ᠰᠠᠭᠤᠭᠳᠠᠯ ᠢ ᠦᠯᠡᠳᠡᠭᠡᠨ᠎ᠡ ᠃ ︽ᠤᠯᠠᠨ ᠨᠠᠶᠢᠲᠡ ᠶᠢᠨ ᠰᠤᠶᠤᠯ ᠤᠨ ᠤᠶᠢᠯᠡᠴᠢᠯᠡᠭᠡᠨ ᠤ ᠪᠠᠲᠦᠯᠠᠭ᠎ᠠ ᠶᠢᠨ ᠬᠠᠤᠯᠢ︾᠎ ᠶᠢ ᠲᠤᠤᠱᠯᠠᠭᠤᠯᠤᠨ ᠬᠡᠷᠡᠭᠵᠢᠭᠦᠯᠵᠦ᠂ ᠤᠯᠠᠨ ᠨᠠᠶᠢᠲᠡ ᠶᠢᠨ ᠰᠤᠶᠤᠯ ᠤᠨ ᠤᠶᠢᠯᠡᠴᠢᠯᠡᠭᠡᠨ ᠤ ᠲᠤᠭᠲᠠᠯᠴᠠᠭ᠎ᠠ ᠶᠢ ᠲᠡᠭᠦᠯᠳᠡᠷᠵᠢᠭᠦᠯᠵᠦ᠂ ︽ᠰᠤᠶᠤᠯ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤᠪᠡᠷ ᠡᠳ᠋ᠯᠡᠬᠦ︾᠂ ︽ᠤᠯᠠᠨ ᠤᠳᠠᠭᠠᠨ ᠤ ᠰᠠᠶᠢᠬᠠᠨ ᠵᠦᠴᠦᠭᠡ ᠲᠤᠰᠬᠤᠨ ᠨᠡᠶᠢᠭᠡᠮ ᠲᠤᠭᠤᠷᠢᠭ ᠠᠭᠤᠳᠠᠮ ᠲᠠᠯᠠᠪᠠᠢ ᠳᠤ ᠤᠷᠤᠬᠤ︾ ᠵᠡᠷᠭᠡ ᠠᠷᠠᠳ ᠢ ᠬᠠᠯᠠᠮᠵᠢᠯᠠᠬᠤ ᠰᠤᠶᠤᠯ ᠤᠨ ᠠᠵᠢᠯᠯᠠᠭ᠎ᠠ ᠶᠢ ᠭᠦᠨᠵᠡᠭᠡᠢ ᠦᠷᠨᠢᠭᠦᠯᠤᠨ᠎ᠡ᠃ ᠰᠢ ᠶᠢᠨ ᠫᠢᠩ ᠶᠡᠷᠦᠩᠬᠡᠢ ᠱᠦᠵᠢ ᠶᠢᠨ   ᠤᠯᠠᠭᠠᠨᠮᠦ᠋ᠴᠢᠷ ᠤᠨ ᠤᠶᠢᠯᠡᠰ ᠤᠨ ᠬᠦᠭᠵᠢᠯᠲᠡ ᠶᠢᠨ ᠴᠢᠬᠤᠯᠠ ᠵᠢᠭᠠᠪᠦᠷᠢ ᠶᠢᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠮᠠᠨ ᠤ ᠲᠤᠭᠤᠷᠢᠭ ᠤᠨ ᠤᠯᠠᠭᠠᠨᠮᠦ᠋ᠴᠢᠷ ᠤᠨ ᠪᠠᠬᠢᠯᠡᠯᠲᠡ ᠪᠠ ᠡᠩᠨᠡᠭᠡ ᠶᠢ ᠪᠠᠶᠢᠭᠤᠯᠵᠦ᠂ ᠨᠡᠩ ᠤᠯᠠᠨ ᠰᠢᠯᠢᠳᠡᠭ ᠪᠦᠲᠦᠭᠡᠯ ᠢ ᠲᠤᠭᠤᠷᠪᠢᠨ ᠪᠦᠲᠦᠭᠡᠵᠦ᠂ ᠤᠯᠠᠮ ᠰᠠᠶᠢᠨ ᠢᠶᠠᠷ ᠦᠨᠳᠦᠰᠦᠨ ᠱᠠᠲᠤᠨ ᠳᠤ ᠭᠦᠨᠵᠡᠭᠡᠶᠢᠷᠡᠨ᠂ ᠠᠷᠠᠳ ᠲᠤ ᠤᠶᠢᠯᠡᠴᠢᠯᠡᠨ᠎ᠡ᠃ ᠨᠡᠶᠢᠰᠯᠡᠯ ᠤᠨ ᠰᠤᠶᠤᠯ ᠤᠨ ᠪᠦᠯᠬᠦᠮ᠂ ᠰᠤᠶᠤᠯ ᠤᠨ ᠵᠠᠬ᠎ᠠ ᠳᠡᠯᠭᠡᠭᠦᠷ᠂ ᠺᠢᠨᠣ᠋ ᠲᠧᠯᠸᠢᠰ ᠤᠨ ᠰᠦᠯᠵᠢᠶᠡᠨ ᠤ ᠦᠷᠲᠡᠭᠡ ᠶᠢᠨ ᠬᠤᠭᠤᠷᠤᠨᠳᠤᠬᠢ ᠬᠠᠮᠲᠦᠷᠠᠯᠴᠠᠭ᠎ᠠ ᠶᠢ ᠴᠢᠩᠭᠠᠳᠬᠠᠨ᠂ ᠰᠤᠶᠤᠯ ᠤᠨ ᠴᠤᠤᠲᠦ ᠬᠦᠮᠦᠰ᠂ ᠤᠷᠠᠯᠢᠭ ᠤᠨ ᠪᠦᠯᠬᠦᠮ᠂ ᠺᠢᠨᠣ᠋ ᠲᠧᠯᠸᠢᠰ ᠤᠨ ᠪᠦᠯᠦᠭᠯᠡᠯ ᠤᠨ ᠮᠠᠨ ᠤ ᠲᠤᠭᠤᠷᠢᠭ ᠲᠤ ᠢᠷᠡᠵᠦ ᠠᠪᠢᠶᠠᠰ ᠪᠢᠯᠢᠭ ᠢᠶᠠᠨ ᠪᠠᠳᠠᠷᠠᠭᠤᠯᠵᠦ ᠲᠤᠭᠤᠷᠢᠨ ᠳᠤᠭᠯᠠᠬᠤ ᠰᠠᠭᠤᠷᠢᠰᠢᠵᠤ ᠲᠤᠭᠯᠠᠬᠤ ᠶᠢ ᠤᠷᠢᠨ ᠲᠠᠲᠠᠵᠦ᠂ ᠨᠡᠶᠢᠰᠯᠡᠯ ᠤᠨ ᠰᠤᠶᠤᠯ ᠤᠷᠠᠯᠢᠭ ᠤᠨ ᠲᠤᠭᠤᠷᠪᠢᠨ ᠪᠦᠲᠦᠭᠡᠬᠦ ᠪᠠ ᠲᠤᠭᠯᠠᠯᠲᠠ ᠭᠠᠷᠭᠠᠬᠤ ᠰᠢᠨ᠎ᠡ ᠰᠠᠭᠤᠷᠢᠨ ᠢ ᠪᠦᠲᠦᠭᠡᠨ ᠪᠠᠶᠢᠭᠤᠯᠤᠨ᠎ᠠ᠃ ᠡᠮᠴᠢᠯᠡᠭᠡ ᠨᠠᠰᠤᠵᠢᠯ ᠤᠨ ᠤᠶᠢᠯᠡᠰ ᠤᠨ ᠲᠠᠯ᠎ᠠ ᠪᠠᠷ ᠵᠠᠮ ᠬᠠᠷᠢᠯᠴᠠᠭᠠᠨ ᠤ ᠤᠷᠤᠨ ᠪᠠᠶᠢᠷᠢ ᠪᠠ ᠵᠤᠨ ᠤ ᠰᠡᠷᠢᠭᠦᠨ ᠴᠢᠭᠢᠭᠯᠢᠭ ᠠᠭᠤᠷ ᠠᠮᠢᠰᠬᠤᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠦ᠂ ᠪᠠᠢ ᠸᠠᠩ᠂ ᠹᠦ᠋ ᠷᠦᠢ ᠵᠡᠷᠭᠡ ᠡᠮᠴᠢᠯᠡᠭᠡ ᠠᠰᠠᠷᠠᠮᠵᠢ ᠶᠢ ᠬᠠᠮᠲᠤᠷᠠᠭᠤᠯᠤᠭᠰᠠᠨ ᠲᠦᠷᠦᠯ ᠵᠤᠶᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠦ᠂ ᠨᠢᠭᠡ ᠪᠦᠯᠦᠭ ᠨᠠᠰᠤᠵᠢᠯ ᠤᠨ ᠠᠰᠠᠷᠠᠮᠵᠢ ᠶᠢᠨ ᠨᠡᠶᠢᠭᠡᠮ ᠲᠤᠭᠤᠷᠢᠭ ᠪᠠ ᠨᠠᠰᠤᠵᠢᠯ ᠤᠨ ᠠᠰᠠᠷᠠᠮᠵᠢ ᠶᠢᠨ ᠭᠡᠷ ᠬᠦᠷᠦᠩᠭᠡ ᠶᠢᠨ ᠲᠦᠷᠦᠯ ᠵᠤᠶᠢᠯ ᠢ ᠤᠷᠢᠨ ᠤᠷᠤᠭᠤᠯᠵᠦ᠂ ᠤᠷᠤᠨ ᠤ ᠲᠦᠪ ᠲᠠᠢ ᠲᠦᠰᠢᠯᠡᠯᠴᠡᠭᠰᠡᠨ᠂ ᠨᠡᠶᠢᠰᠯᠡᠯ ᠢ ᠪᠠᠷᠠᠯᠠᠭᠰᠠᠨ᠂ ᠤᠮᠠᠷᠠᠲᠦ ᠤᠷᠤᠨ ᠳᠤ ᠨᠦᠯᠦᠭᠡ ᠲᠠᠢ ᠳᠤᠮᠳᠠ ᠳᠡᠭᠡᠲᠦ ᠳᠡᠰ ᠤᠨ ᠡᠮᠴᠢᠯᠡᠭᠡ᠂ ᠨᠠᠰᠤᠵᠢᠯ ᠤᠨ ᠠᠰᠠᠷᠠᠮᠵᠢ᠂ ᠪᠡᠶ᠎ᠡ ᠰᠤᠪᠢᠯᠠᠯᠲᠠ ᠶᠢᠨ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃ ᠨᠡᠶᠢᠰᠯᠡᠯ ᠤᠨ ᠡᠮᠴᠢᠯᠡᠭᠡ ᠶᠢᠨ ᠰᠤᠷᠪᠦᠯᠵᠢ ᠶᠢᠨ ᠬᠠᠵᠠᠭᠤ ᠬᠠᠪᠢ ᠶᠢᠨ ᠭᠠᠵᠠᠷ ᠤᠷᠤᠨ ᠢᠶᠠᠷ ᠨᠡᠪᠲᠡᠷᠡᠵᠦ ᠲᠠᠷᠬᠠᠬᠤ ᠲᠣᠬᠢᠶᠠᠯ ᠢ ᠠᠳᠬᠤᠨ᠂ ᠪᠡᠭᠡᠵᠢᠩ ᠤᠷᠤᠨ ᠤ ᠡᠮ ᠡᠮᠨᠡᠯᠭᠡ᠂ ᠡᠮᠴᠢᠯᠡᠭᠡ ᠡᠷᠡᠭᠦᠯᠵᠢᠯ ᠤᠨ ᠪᠠᠭᠠᠵᠢ ᠬᠡᠷᠡᠭᠰᠡᠯ  ᠵᠢᠴᠢ ᠵᠠᠷᠤᠴᠠᠭᠤᠯᠭ᠎ᠠ ᠶᠢᠨ ᠪᠤᠳᠠᠰ ᠢ ᠤᠶᠢᠯᠡᠳᠪᠦᠷᠢᠯᠡᠬᠦ ᠠᠵᠦ ᠠᠬᠤᠶᠢᠯᠠᠯ ᠪᠤᠯᠤᠨ ᠲᠦᠷᠦᠯ ᠵᠤᠶᠢᠯ ᠢ ᠢᠳᠡᠪᠬᠢᠲᠠᠢ ᠵᠠᠯᠭᠠᠮᠵᠢᠯᠠᠵᠦ᠂ ᠬᠤᠲᠠ ᠶᠢᠨ ᠭᠤᠷᠪᠠᠳᠤᠭᠠᠷ ᠡᠮᠨᠡᠯᠭᠡ ᠶᠢᠨ ᠬᠤᠷᠢᠶ᠎ᠠ ᠪᠤᠯᠤᠨ ᠪᠡᠭᠡᠵᠢᠩ ᠤᠨ ᠨᠡᠷᠡᠲᠦ ᠡᠮᠴᠢᠯᠡᠭᠡ ᠶᠢᠨ ᠪᠠᠶᠢᠭᠤᠯᠤᠮᠵᠢ ᠶᠢᠨ ᠠᠯᠤᠰ ᠤᠨ ᠡᠮᠴᠢᠯᠡᠭᠡ᠂  ᠮᠡᠷᠭᠡᠵᠢᠯᠲᠡᠳ  ᠤᠨᠤᠰᠢᠯᠠᠬᠤ᠂ ᠠᠵᠢᠯᠲᠠᠨ ᠤ ᠪᠤᠯᠪᠠᠰᠤᠷᠠᠭᠤᠯᠤᠯᠲᠠ᠂ ᠡᠮᠨᠡᠯᠭᠡ ᠰᠢᠯᠵᠢᠨ ᠡᠮᠴᠢᠯᠡᠭᠦᠯᠬᠦ ᠵᠡᠷᠭᠡ ᠤᠯᠠᠨ ᠲᠠᠯ᠎ᠠ ᠶᠢᠨ ᠬᠠᠮᠲᠤᠷᠠᠯᠴᠠᠭ᠎ᠠ ᠶᠢ ᠦᠷᠭᠡᠳᠬᠡᠨ᠂ ᠬᠤᠲᠠ ᠶᠢᠨ ᠠᠷᠠᠳ ᠭᠡᠷ ᠤᠨ ᠢᠶᠠᠨ ᠡᠭᠦᠳᠡᠨ ᠳᠤ ᠰᠢᠯᠢᠳᠡᠭ ᠰᠠᠶᠢᠨ ᠡᠮᠴᠢᠯᠡᠭᠡᠨ ᠤ ᠤᠶᠢᠯᠡᠴᠢᠯᠡᠭᠡ ᠶᠢ ᠬᠦᠷᠲᠡᠨ᠎ᠡ᠃  ᠪᠡᠶ᠎ᠡ ᠶᠢᠨ ᠲᠠᠮᠢᠷ ᠎ ᠤᠨ ᠤᠶᠢᠯᠡᠰ ᠤᠨ ᠲᠠᠯ᠎ᠠ ᠪᠠᠷ‌‍ᠪᠡᠭᠡᠵᠢᠩ ᠴᠢᠭᠤᠯᠤᠯᠳᠤ ᠬᠠᠭᠠᠯᠭ᠎ᠠ ᠶᠢᠨ ᠡᠪᠦᠯ ᠤᠨ ᠣᠯᠠᠷᠢᠯ ᠤᠨ ᠤᠯᠢᠮᠫᠢᠺ ᠤᠨ ᠤᠷᠤᠯᠳᠤᠭᠠᠨ ᠪᠠ ᠦᠪᠡᠷᠲᠡᠭᠡᠨ ᠵᠠᠰᠠᠬᠤ ᠣᠷᠣᠨ ᠤ ︽ᠠᠷᠪᠠᠨ ᠳᠦᠷᠪᠡᠳᠦᠭᠡᠷ ᠬᠤᠭᠤᠴᠠᠭᠠᠨ ᠤ  ᠪᠡᠶ᠎ᠡ ᠶᠢᠨ ᠲᠠᠮᠢᠷ ᠤᠨ ᠴᠤᠭᠯᠠᠭᠠᠨ︾᠎ ᠢ ᠳᠠᠭᠠᠭᠠᠴᠢᠯᠠᠨ ᠡᠷᠬᠢᠯᠡᠬᠦ ᠲᠤᠬᠢᠶᠠᠯ ᠢ ᠠᠳᠬᠤᠨ᠂  ᠭᠤᠤᠯᠳᠠᠯᠭᠠᠲᠤ ᠪᠡᠶ᠎ᠡ ᠶᠢᠨ ᠲᠠᠮᠢᠷ ᠤᠨ ᠤᠷᠳᠤᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠦ᠂ ᠦᠨᠳᠦᠷ ᠪᠠᠷᠢᠮᠵᠢᠶᠠᠲᠦ ᠤᠮᠪᠠᠯᠲᠠ ᠶᠢᠨ ᠤᠷᠳᠤᠨ᠂ ᠲᠤᠤᠷ ᠪᠦᠮᠪᠦᠭᠡ ᠶᠢᠨ ᠤᠷᠳᠤᠨ᠂ ᠮᠦᠰᠦ ᠲᠡᠰᠢᠬᠦ ᠤᠷᠳᠤᠨ ᠪᠤᠯᠤᠨ ᠬᠦᠯ ᠪᠦᠮᠪᠦᠭᠡᠨ ᠤ ᠪᠤᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠤᠯᠢᠮᠫᠢᠺ  ᠤᠨ ᠠᠵᠦ ᠠᠬᠤᠢ ᠳᠤ ᠢᠳᠡᠪᠬᠢᠲᠠᠢ ᠠᠭᠤᠰᠤᠯᠴᠠᠨ᠂ ᠶᠠᠪᠠᠭᠠᠨ ᠠᠯᠬᠤᠯᠲᠠ ᠪᠠᠷ ᠪᠡᠶ᠎ᠡ ᠪᠠᠨ ᠴᠢᠬᠢᠷᠠᠭᠵᠢᠭᠤᠯᠬᠤ᠂ ᠠᠭᠤᠯᠠᠷᠬᠠᠭ ᠭᠠᠵᠠᠷ ᠬᠡᠭᠡᠷᠡᠯᠡᠬᠦ᠂ ᠠᠭᠤᠯᠠᠨ ᠳᠤ ᠠᠪᠠᠷᠢᠵᠦ ᠬᠠᠳᠠᠨ ᠳᠤ ᠮᠠᠴᠤᠬᠤ ᠵᠡᠷᠭᠡ ᠵᠤᠭ᠎ᠠ ᠴᠠᠩᠬᠡᠯᠲᠥ᠂ ᠪᠡᠶᠡᠴᠢᠯᠡᠨ ᠮᠡᠳᠡᠷᠡᠬᠦ᠂ ᠡᠷᠡᠭᠦᠯ ᠴᠢᠭᠢᠷᠠᠭ ᠤᠨ ᠤᠨᠴᠠᠯᠢᠭ ᠪᠦᠬᠦᠢ ᠪᠡᠶ᠎ᠡ ᠲᠠᠮᠢᠷ ᠤᠨ ᠲᠦᠷᠦᠯ ᠵᠤᠶᠢᠯ ᠢ ᠲᠦᠷᠭᠡᠳᠬᠡᠨ ᠬᠦᠭᠵᠢᠭᠦᠯᠵᠦ᠂ ᠤᠯᠠᠨ ᠲᠦᠮᠡᠨ ᠤ ᠪᠡᠶ᠎ᠡ ᠶᠢᠨ ᠲᠠᠮᠢᠷ ᠪᠠ ᠦᠷᠢᠰᠦᠯᠳᠦᠭᠡᠨᠲᠦ ᠪᠡᠶ᠎ᠡ ᠶᠢᠨ ᠲᠠᠮᠢᠷ ᠤᠨ ᠬᠠᠷᠢᠯᠴᠠᠨ ᠬᠦᠭᠵᠢᠬᠦ ᠶᠢ ᠠᠬᠢᠭᠤᠯᠤᠨ᠂ ᠪᠦᠬᠦ ᠠᠷᠠᠳ ᠢᠶᠠᠷ ᠢᠶᠠᠨ ᠪᠡᠶ᠎ᠡ ᠪᠠᠨ ᠪᠤᠯᠪᠠᠰᠤᠷᠠᠭᠤᠯᠬᠤ ᠪᠤᠯᠤᠨ ᠪᠦᠬᠦ ᠠᠷᠠᠳ ᠢᠶᠠᠷ ᠢᠶᠠᠨ ᠴᠢᠬᠢᠷᠠᠭᠵᠢᠬᠤ ᠶᠢ ᠭᠦᠨᠵᠡᠭᠡᠢ ᠠᠬᠢᠭᠤᠯᠤᠨ᠎ᠠ᠃ ᠲᠤᠰᠬᠠᠶᠢᠵᠢᠭᠰᠠᠨ᠂ ᠠᠵᠢᠯ ᠤᠨ ᠴᠢᠯᠤᠭᠡᠨ ᠤ ᠬᠤᠯᠪᠤᠭᠠᠲᠦ ᠤᠷᠤᠯᠳᠤᠭᠠᠨ ᠵᠡᠷᠭᠡ ᠭᠠᠵᠠᠷ ᠤᠷᠤᠨᠴᠢ ᠴᠢᠨᠠᠷᠲᠠᠢ᠂ ᠪᠦᠬᠦ ᠤᠯᠤᠰ ᠤᠨ ᠴᠢᠨᠠᠷᠲᠠᠢ᠂ ᠨᠡᠩ ᠴᠢᠨᠠᠭᠰᠢᠯᠠᠪᠠᠯ ᠳᠡᠯᠡᠬᠡᠢ ᠶᠢᠨ ᠴᠢᠨᠠᠷᠲᠠᠢ ᠤᠷᠤᠯᠳᠤᠭᠠᠨ ᠤ ᠶᠠᠪᠤᠳᠠᠯ ᠢ ᠳᠠᠭᠠᠭᠠᠴᠢᠯᠠᠨ ᠡᠷᠬᠢᠯᠡᠬᠦ ᠪᠠᠷ ᠴᠢᠷᠮᠠᠶᠢᠵᠦ᠂ ᠨᠡᠶᠢᠰᠯᠡᠯ ᠠᠴᠠ ᠬᠠᠮᠤᠭ ᠤᠨ ᠤᠶᠢᠷᠠᠬᠠᠨ ᠪᠠᠶᠢᠷᠢᠰᠢᠬᠤ ᠪᠡᠶ᠎ᠡ ᠶᠢᠨ ᠲᠠᠮᠢᠷ ᠤᠨ ᠪᠤᠯᠪᠠᠰᠤᠷᠠᠯ ᠤᠨ ᠰᠠᠭᠤᠷᠢᠨ ᠭᠠᠵᠠᠷ ᠪᠣᠯᠤᠨ ᠰᠡᠯᠡᠭᠦᠦ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠲᠦᠪ ᠪᠤᠯᠭᠠᠨ ᠪᠠᠶᠢᠭᠤᠯᠤᠨ᠎ᠠ᠃ ᠮᠦᠩᠭᠦᠨ ᠭᠦᠢᠯᠭᠡᠭᠡᠨ ᠤ ᠤᠶᠢᠯᠡᠰ ᠤᠨ ᠲᠠᠯ᠎ᠠ ᠪᠠᠷ ᠪᠠᠩᠬᠢ ᠪᠠ ᠦᠨᠡᠲᠦ ᠲᠡᠮᠳᠡᠭᠲᠦ᠂ ᠳᠠᠭᠠᠳᠬᠠᠯ᠂ ᠰᠠᠭᠤᠷᠢ ᠮᠦᠩᠭᠦ ᠶᠢᠨ ᠺᠤᠮᠫᠠᠨᠢ ᠵᠡᠷᠭᠡ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠮᠠᠨ ᠤ ᠲᠤᠭᠤᠷᠢᠭ ᠲᠤ ᠰᠠᠭᠤᠷᠢᠰᠢᠭᠤᠯᠬᠤ ᠪᠠᠷ ᠢᠳᠡᠪᠬᠢᠲᠠᠢ ᠤᠷᠢᠨ ᠤᠷᠤᠭᠤᠯᠵᠦ᠂ ᠠᠷᠠᠳ ᠠᠴᠠ ᠡᠵᠡᠩᠨᠡᠬᠦ ᠪᠠᠩᠬᠢ᠂ ᠮᠦᠩᠭᠦᠨ ᠭᠦᠢᠯᠭᠡᠭᠡᠨ ᠤ ᠭᠠᠳᠠᠭᠰᠢ ᠳᠦᠷᠢᠶᠡᠰᠦᠯᠡᠬᠦ ᠺᠤᠮᠫᠠᠨᠢ᠂ ᠬᠡᠷᠡᠭᠯᠡᠭᠡ ᠶᠢᠨ ᠮᠦᠩᠭᠦᠨ ᠭᠦᠢᠯᠭᠡᠭᠡᠨ ᠤ ᠺᠤᠮᠫᠠᠨᠢ᠂ ᠮᠠᠰᠢᠨ ᠲᠡᠷᠭᠡᠨ ᠤ ᠮᠦᠩᠭᠦᠨ ᠭᠦᠢᠯᠭᠡᠭᠡᠨ ᠤ ᠺᠤᠮᠫᠠᠨᠢ ᠵᠡᠷᠭᠡ ᠰᠢᠨ᠎ᠡ ᠬᠡᠯᠪᠡᠷᠢ ᠶᠢᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠪᠠᠶᠢᠭᠤᠯᠬᠤ ᠪᠠᠷ ᠢᠳᠡᠪᠬᠢᠯᠡᠨ ᠲᠡᠮᠡᠴᠡᠨ᠎ᠡ᠃ ppp ᠬᠠᠮᠲᠦᠷᠠᠯᠴᠠᠭᠠᠨ ᠤ ᠵᠠᠭᠪᠤᠷ ᠢ ᠬᠡᠷᠡᠭᠵᠢᠭᠦᠯᠵᠦ᠂ ᠵᠠᠰᠠᠭ ᠤᠨ ᠤᠷᠳᠤᠨ ᠪᠤᠯᠤᠨ ᠨᠡᠶᠢᠭᠡᠮ ᠤᠨ ᠪᠡᠯᠡ ᠤᠷᠤᠭᠤᠯᠤᠯᠲᠠ ᠶᠢᠨ ᠬᠠᠮᠲᠦᠷᠠᠬᠤ ᠬᠦᠷᠢᠶ᠎ᠡ ᠬᠡᠪᠴᠢᠶ᠎ᠡ ᠶᠢ ᠦᠷᠭᠡᠳᠬᠡᠨ᠂ ᠨᠡᠩ ᠤᠯᠠᠨ ᠨᠡᠶᠢᠭᠡᠮ ᠤᠨ ᠬᠦᠷᠦᠩᠭᠡ ᠶᠢ ᠠᠵᠦ ᠠᠬᠤᠢ ᠨᠡᠶᠢᠭᠡᠮ ᠤᠨ ᠬᠦᠭᠵᠢᠯᠲᠡ ᠳᠤ ᠤᠷᠤᠯᠴᠠᠭᠤᠯᠬᠤ ᠪᠠᠷ ᠲᠠᠲᠠᠨ ᠤᠷᠤᠭᠤᠯᠤᠨ᠎ᠠ᠃ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠮᠦᠩᠭᠦᠨ ᠭᠦᠢᠯᠭᠡᠭᠡᠨ ᠤ ᠤᠶᠢᠯᠡᠴᠢᠯᠡᠭᠡᠨ ᠤ ᠪᠤᠳᠠᠲᠦ ᠴᠤᠭᠴᠠ ᠶᠢᠨ ᠠᠵᠦ ᠠᠬᠤᠢ ᠶᠢᠨ ᠴᠢᠳᠠᠪᠦᠷᠢ ᠶᠢ ᠨᠡᠮᠡᠭᠳᠡᠭᠦᠯᠦᠨ᠂ ᠰᠢᠭᠤᠳ ᠪᠡᠯᠡ ᠤᠷᠤᠭᠤᠯᠤᠯᠲᠠ ᠶᠢᠨ ᠡᠵᠡᠯᠡᠭᠦᠨ ᠢ ᠨᠡᠮᠡᠭᠳᠡᠭᠦᠯᠦᠶ᠎ᠡ᠃  ᠬᠠᠮ ᠦᠵᠡᠰᠬᠦᠯᠡᠩ ᠤᠨ ᠤᠶᠢᠯᠡᠰ ᠤᠨ ᠲᠠᠯ᠎ᠠ ᠪᠠᠷ ᠨᠡᠷᠡᠲᠦ  ᠬᠠᠮ ᠦᠵᠡᠰᠬᠦᠯᠡᠩ ᠢ ᠬᠦᠴᠦᠯᠡᠨ ᠪᠤᠶᠢᠵᠢᠭᠤᠯᠵᠦ᠂ ᠳᠤᠮᠳᠠᠲᠦ ᠤᠯᠤᠰ ᠤᠨ ︽ᠬᠤᠤᠰ ᠡᠭᠦᠳᠦᠯᠲᠡ︾᠎ ᠶᠢᠨ ᠦᠵᠡᠰᠬᠦᠯᠡᠩ᠂ ᠬᠤᠶᠠᠳᠤᠭᠠᠷ ᠬᠤᠭᠤᠴᠠᠭᠠᠨ ᠤ ᠰᠤᠶᠤᠯ ᠤᠨ ᠤᠶᠢᠯᠡᠰ ᠤᠨ ᠠᠷᠠᠯᠵᠢᠶᠠᠨ ᠤ ᠴᠤᠭᠯᠠᠭᠠᠨ᠂ ᠲᠦᠮᠦᠰᠦᠨ ᠤ ᠤᠶᠢᠯᠡᠰ ᠤᠨ ᠶᠠᠷᠢᠯᠴᠠᠬᠤ ᠴᠤᠭᠯᠠᠭᠠᠨ᠂ ᠠᠷᠠᠰᠦ ᠰᠢᠷᠢ ᠶᠢᠨ ᠤᠶᠢᠯᠡᠰ ᠤᠨ ᠦᠵᠡᠰᠬᠦᠯᠡᠩ ᠵᠢᠴᠢ ᠴᠠᠭ ᠤᠨ ᠤᠷᠤᠰᠬᠠᠯ ᠢᠶᠠᠷ ᠲᠦᠯᠦᠪᠯᠡᠨ ᠵᠢᠷᠤᠭᠯᠠᠬᠤ ᠤᠷᠤᠯᠳᠤᠭᠠᠨ᠂ ᠤᠯᠠᠨ ᠤᠯᠤᠰ ᠤᠨ ᠲᠠᠯ᠎ᠠ ᠨᠤᠲᠤᠭ ᠤᠨ ᠰᠤᠶᠤᠯ ᠳᠠᠭᠤᠤ ᠤᠷᠠᠯᠢᠭ ᠤᠨ ᠨᠠᠶᠢᠷ᠂ ᠤᠯᠠᠨ ᠤᠯᠤᠰ ᠤᠨ ᠬᠡᠭᠡᠷ᠎ᠡ ᠪᠠᠭᠤᠳᠠᠯᠯᠠᠬᠤ ᠴᠤᠭᠯᠠᠭᠠᠨ᠂ ᠲᠠᠯ᠎ᠠ ᠨᠤᠲᠤᠭ ᠤᠨ ᠪᠠ ᠬᠠ ᠲᠡᠷᠭᠡᠨ ᠤ ᠤᠷᠤᠯᠳᠤᠭᠠᠨ ᠵᠡᠷᠭᠡ ᠦᠵᠡᠰᠬᠦᠯᠡᠩ ᠤᠨ ᠬᠦᠳᠡᠯᠭᠡᠭᠡᠨ ᠢ ᠦᠷᠨᠢᠭᠦᠯᠵᠦ᠂ ᠳᠤᠮᠳᠠᠲᠦ ᠮᠤᠩᠭᠤᠯ ᠤᠷᠤᠰ ᠤᠨ ᠤᠨᠴᠠᠯᠢᠭᠲᠤ ᠲᠠᠸᠠᠷ ᠤᠨ ᠦᠵᠡᠰᠬᠦᠯᠡᠩ᠂ ᠤᠯᠠᠨ ᠤᠯᠤᠰ ᠤᠨ ᠮᠤᠳᠤᠨ ᠮᠠᠲ᠋ᠧᠷᠢᠶᠠᠯ ᠤᠨ  ᠤᠶᠢᠯᠡᠰ ᠤᠨ ᠦᠵᠡᠰᠬᠦᠯᠡᠩ ᠵᠡᠷᠭᠡ ᠨᠢᠭᠡ ᠪᠦᠯᠦᠭ ᠰᠢᠨ᠎ᠡ ᠬᠡᠯᠪᠡᠷᠢ ᠶᠢᠨ ᠦᠵᠡᠰᠬᠦᠯᠡᠩ ᠢ ᠵᠤᠬᠢᠶᠠᠨ ᠪᠠᠶᠢᠭᠤᠯᠵᠦ᠂ ᠬᠦᠮᠦᠨ ᠤ ᠤᠷᠤᠰᠬᠠᠯ᠂ ᠪᠤᠳᠠᠰ ᠤᠨ ᠭᠦᠢᠯᠭᠡᠭᠡ᠂ ᠰᠤᠷᠠᠭ ᠵᠠᠩᠭᠢ ᠶᠢᠨ ᠤᠷᠤᠰᠬᠠᠯ᠂ ᠪᠡᠯᠡ ᠮᠦᠩᠭᠦᠨ ᠤ ᠤᠷᠤᠰᠬᠠᠯ ᠮᠠᠨ ᠤ ᠲᠤᠭᠤᠷᠢᠭ ᠲᠤ ᠲᠦᠪᠯᠡᠷᠡᠨ ᠴᠤᠭᠯᠠᠷᠠᠬᠤ ᠶᠢ ᠳᠠᠶᠢᠴᠢᠯᠠᠨ᠂ ᠵᠢᠨᠢᠩ ᠲᠤᠭᠤᠷᠢᠭ ᠢ ᠬᠠᠮ ᠦᠵᠡᠰᠬᠦᠯᠡᠩ ᠤᠨ ᠠᠵᠦ ᠠᠬᠤᠢ ᠶᠢᠨ  ᠲᠡᠷᠢᠭᠦᠨ ᠤ ᠤᠷᠤᠨ ᠪᠤᠯᠭᠠᠨ  ᠪᠠᠶᠢᠭᠤᠯᠤᠨ᠎ᠠ᠃    ︵ᠭᠤᠷᠪᠠ︶  ᠬᠤᠲᠠ ᠬᠦᠳᠡᠭᠡ ᠲᠤᠰᠬᠤᠨ ᠤ ᠬᠦᠭᠵᠢᠯᠲᠡ ᠶᠢ ᠨᠢᠭᠡᠳᠦᠯᠲᠠᠢ ᠲᠦᠯᠦᠪᠯᠡᠨ᠂ ᠰᠢᠨ᠎ᠡ ᠬᠡᠯᠪᠡᠷᠢ ᠶᠢᠨ ᠬᠤᠲᠠᠴᠢᠯᠠᠯᠲᠠ ᠶᠢᠨ ᠬᠦᠭᠵᠢᠯᠲᠡ ᠶᠢᠨ ᠰᠢᠨ᠎ᠡ ᠪᠦᠲᠦᠴᠡ ᠶᠢ ᠴᠤᠭᠴᠠᠯᠠᠨ ᠪᠠᠶᠢᠭᠤᠯᠤᠨ᠎ᠠ᠃     ᠬᠦᠮᠦᠨ ᠠᠷᠠᠳ ᠢᠶᠠᠷ ᠭᠤᠣᠯ ᠪᠤᠯᠭᠠᠭᠰᠠᠨ ᠰᠢᠨ᠎ᠡ ᠬᠡᠯᠪᠡᠷᠢ ᠶᠢᠨ ᠬᠤᠲᠠᠴᠢᠯᠠᠯᠲᠠ ᠶᠢᠨ ᠵᠠᠷᠴᠢᠮ ᠢ ᠪᠠᠷᠢᠮᠲᠠᠯᠠᠵᠦ ᠂ ᠬᠤᠲᠠ ᠶᠢᠨ ᠬᠦᠭᠵᠢᠯᠲᠡ ᠶᠢᠨ ᠰᠢᠨ᠎ᠡ ᠴᠢᠭᠯᠡᠯ ᠢ ᠵᠤᠬᠢᠴᠠᠨ ᠳᠠᠭᠠᠵᠦ᠂ ︽ᠬᠤᠲᠠ ᠨᠢ ᠠᠮᠢᠳᠤᠷᠠᠯ ᠢ ᠨᠡᠩ ᠰᠠᠶᠢᠨ ᠰᠠᠶᠢᠬᠠᠨ ᠪᠤᠯᠭᠠᠬᠤ︾᠎ ᠶᠢ ᠬᠦᠴᠦᠯᠡᠨ ᠪᠡᠶᠡᠯᠡᠭᠦᠯᠵᠦ᠂ ︽ᠨᠢᠭᠡ ᠬᠦᠨᠳᠦᠳᠬᠡᠯ᠂ ᠲᠠᠪᠤᠨ ᠨᠢᠭᠡᠳᠤᠯᠲᠠᠢ ᠲᠦᠯᠦᠪᠯᠡᠭᠡ︾᠎ ᠶᠢᠨ ᠱᠠᠭᠠᠷᠳᠠᠯᠭ᠎ᠠ ᠶᠤᠰᠤᠭᠠᠷ᠂ ᠬᠤᠲᠠ ᠬᠦᠳᠡᠭᠡ ᠲᠤᠰᠬᠤᠨ ᠤ ᠪᠠᠶᠢᠷᠢᠯᠠᠭᠤᠯᠤᠯᠲᠠ ᠶᠢ ᠨᠢᠭᠡᠳᠦᠯᠲᠠᠢ ᠲᠦᠯᠦᠪᠯᠡᠨ᠂ ᠰᠠᠭᠤᠷᠢ ᠲᠦᠬᠦᠭᠡᠷᠦᠮᠵᠢ ᠶᠢ ᠲᠡᠭᠦᠯᠳᠡᠷᠵᠢᠭᠦᠯᠦᠨ᠂ ᠡᠯ᠎ᠡ ᠤᠨᠴᠠᠯᠢᠭ ᠢ ᠪᠦᠷᠢᠯᠳᠦᠭᠦᠯᠦᠭᠰᠡᠨ᠂ ᠴᠢᠳᠠᠮᠵᠢ ᠨᠢ ᠬᠠᠷᠢᠯᠴᠠᠨ ᠨᠦᠬᠦᠪᠦᠷᠢᠯᠡᠭᠰᠡᠨ᠂ ᠵᠤᠬᠢᠴᠠᠩᠭᠤᠢ ᠳᠠᠭᠠᠯᠳᠤᠭᠰᠠᠨ᠂ ᠠᠵᠦ ᠤᠶᠢᠯᠡᠰ ᠠᠭᠤᠰᠤᠯᠴᠠᠭᠰᠠᠨ ᠬᠤᠲᠠ ᠬᠦᠳᠡᠭᠡ ᠲᠤᠰᠬᠤᠨ ᠤ ᠨᠢᠭᠡ ᠴᠤᠭᠴᠠᠵᠢᠭᠰᠠᠨ ᠬᠦᠭᠵᠢᠯᠲᠡ ᠶᠢᠨ ᠰᠢᠨ᠎ᠡ ᠪᠦᠲᠦᠴᠡ ᠶᠢ ᠴᠤᠭᠴᠠᠯᠠᠨ ᠪᠠᠶᠢᠭᠤᠯᠵᠦ᠂ ᠤᠳᠤᠬᠢᠴᠢᠯᠠᠭᠰᠠᠨ ᠤᠷᠤᠨ ᠨᠤᠲᠤᠭ ᠤᠨ ᠴᠢᠨᠠᠷᠲᠠᠢ ᠲᠦᠪ ᠬᠤᠲᠠ ᠶᠢ ᠪᠦᠲᠦᠭᠡᠨ ᠪᠠᠶᠢᠭᠤᠯᠤᠨ᠎ᠠ᠃ 2022 ᠤᠨ ᠪᠤᠯᠬᠤ ᠳᠤ᠂ ᠬᠦᠮᠦᠨ ᠠᠮᠠ ᠶᠢᠨ ᠲᠤᠭ᠎ᠠ 60 ᠲᠦᠮᠡ ᠶᠢ ᠳᠠᠪᠠᠵᠦ᠂ ᠪᠠᠶᠢᠩᠭᠤ ᠰᠠᠭᠤᠭ᠎ᠠ ᠬᠦᠮᠦᠨ ᠠᠮᠠ ᠶᠢᠨ ᠬᠤᠲᠠ ᠪᠠᠯᠭᠠᠰᠦᠴᠢᠯᠠᠯᠲᠠ ᠶᠢᠨ ᠨᠤᠷᠮ᠎ᠠ 95%᠎ ᠶᠢ ᠳᠠᠪᠠᠭ᠋ᠤ ᠪᠤᠯᠤᠨ᠎ᠠ᠃ ᠬᠤᠲᠠ ᠬᠦᠳᠡᠭᠡ ᠲᠤᠰᠬᠤᠨ ᠤ ᠲᠦᠯᠦᠪᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠵᠡᠮᠳᠡᠬᠦ ᠴᠢᠨᠠᠷᠲᠠᠢ ᠲᠦᠯᠦᠪᠯᠡᠭᠡ ᠪᠤᠯᠤᠨ ᠲᠤᠰᠬᠠᠢ ᠵᠤᠶᠢᠯ ᠤᠨ ᠲᠦᠯᠦᠪᠯᠡᠭᠡ ᠶᠢ ᠨᠠᠶᠢᠷᠠᠭᠤᠯᠤᠨ ᠵᠤᠬᠢᠶᠠᠬᠤ ᠡᠷᠴᠢᠮ ᠢ ᠨᠡᠮᠡᠭᠳᠡᠭᠦᠯᠵᠦ᠂ ︽ᠬᠠᠷᠢᠮᠠᠭᠠᠢ ᠬᠦᠪᠦᠩ ᠬᠤᠲᠠ︾᠂ ︽ᠤᠰᠤ ᠠᠷᠪᠢᠯᠠᠬᠤ ᠬᠤᠲᠠ︾᠂ ︽ᠠᠵᠦ ᠤᠶᠢᠯᠡᠰ ᠠᠭᠤᠰᠤᠯᠴᠠᠬᠤ︾ ᠵᠡᠷᠭᠡ ᠲᠤᠰᠬᠠᠢ ᠵᠤᠶᠢᠯ ᠤᠨ ᠲᠦᠯᠦᠪᠯᠡᠭᠡ ᠶᠢ ᠨᠠᠶᠢᠷᠠᠭᠤᠯᠤᠨ ᠵᠤᠬᠢᠶᠠᠬᠤ ᠠᠵᠢᠯᠯᠠᠭ᠎ᠠ ᠶᠢ ᠡᠬᠢᠯᠡᠭᠦᠯᠵᠦ᠂ ᠰᠢᠨ᠎ᠡ ᠨᠢᠭᠡᠨ ᠡᠭᠡᠯᠵᠢ ᠶᠢᠨ ᠬᠤᠲᠠ ᠶᠢᠨ ᠤᠶᠢᠷ᠎ᠠ ᠦᠶ᠎ᠡ ᠶᠢᠨ ᠪᠦᠲᠦᠭᠡᠨ ᠪᠠᠶᠢᠭᠤᠯᠤᠯᠲᠠ ᠶᠢᠨ ᠲᠦᠯᠦᠪᠯᠡᠭᠡ ᠪᠤᠯᠤᠨ ᠭᠠᠵᠠᠷ ᠳᠤᠤᠷᠠᠬᠢ ᠶᠡᠷᠦᠩᠬᠡᠢ ᠬᠤᠭᠤᠯᠠᠢ ᠎ ᠶᠢᠨ ᠬᠤᠩᠭᠢᠯ᠂ ᠤᠳᠠᠭᠠᠰᠢᠷᠠᠭᠤᠯᠬᠤ ᠵᠠᠮ ᠬᠠᠷᠢᠯᠴᠠᠭᠠᠨ ᠤ ᠰᠢᠰᠲ᠋ᠧᠮ᠂ ᠮᠠᠰᠢᠨ ᠲᠡᠷᠭᠡᠨ ᠤ ᠵᠤᠭᠰᠤᠭᠠᠯ᠂ ᠴᠠᠬᠢᠯᠭᠠᠨ ᠬᠤᠯᠪᠤᠭ᠎ᠠ᠂ ᠭᠠᠮᠰᠢᠭ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠲᠤᠰᠬᠠᠢ ᠵᠤᠶᠢᠯ ᠤᠨ ᠲᠦᠯᠦᠪᠯᠡᠭᠡ ᠶᠢ ᠪᠡᠶᠡᠯᠡᠭᠦᠯᠵᠦ᠂ ᠠᠵᠦ ᠠᠬᠤᠢ ᠨᠡᠶᠢᠭᠡᠮ ᠤᠨ ᠬᠦᠭᠵᠢᠯᠲᠡ᠂ ᠭᠠᠵᠠᠷ ᠰᠢᠷᠤᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠤᠷᠴᠢᠨ ᠲᠤᠭᠤᠷᠢᠨ ᠤ ᠬᠠᠮᠠᠭᠠᠯᠠᠯᠲᠠ᠂ ᠬᠤᠲᠠ ᠶᠢᠨ ᠶᠡᠷᠦᠩᠬᠡᠢ ᠪᠦᠲᠦᠭᠡᠨ ᠪᠠᠶᠢᠭᠤᠯᠤᠯᠲᠠ ᠵᠡᠷᠭᠡ  ︽ᠤᠯᠠᠨ ᠲᠦᠯᠦᠪᠯᠡᠭᠡ ᠨᠢᠭᠡᠳᠬᠦ︾᠎ ᠶᠢ ᠪᠦᠬᠦ ᠲᠠᠯ᠎ᠠ ᠪᠠᠷ ᠠᠬᠢᠭᠤᠯᠵᠦ᠂ ᠨᠢᠭᠡ ᠬᠠᠭᠤᠳᠠᠰᠦ  ᠵᠢᠷᠤᠭ ᠲᠦᠯᠦᠪᠯᠡᠭᠡ ᠪᠠᠷ ᠵᠠᠬᠢᠷᠤᠨ ᠬᠠᠮᠢᠶᠠᠷᠬᠤ ᠶᠢ ᠪᠠᠲᠦᠯᠠᠨ᠎ᠠ᠃ ᠬᠤᠲᠠ ᠪᠠᠯᠭᠠᠰᠤᠨ ᠤ ᠲᠦᠯᠦᠪᠯᠡᠭᠡ ᠶᠢ ᠪᠦᠲᠦᠭᠡᠨ ᠪᠠᠶᠢᠭᠤᠯᠬᠤ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂  ᠰᠢᠨ᠎ᠡ ᠬᠡᠯᠪᠡᠷᠢ ᠶᠢᠨ ᠬᠤᠲᠠ ᠪᠠᠯᠭᠠᠰᠤᠴᠢᠯᠠᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠤᠯᠤᠰ ᠤᠨ ᠤᠰᠤ ᠠᠷᠪᠢᠯᠠᠬᠤ ᠮᠠᠶ᠋ᠢᠭ ᠤᠨ ᠬᠤᠲᠠ ᠶᠢ ᠡᠭᠦᠳᠦᠨ ᠪᠠᠶᠢᠭᠤᠯᠤᠨ᠎ᠠ᠃ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠦᠪᠡᠷᠲᠡᠭᠡᠨ ᠵᠠᠰᠠᠬᠤ ᠤᠷᠤᠨ ᠤ ︽ᠳᠤᠯᠤᠭᠠᠨ ᠲᠤᠤᠷ︾  ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠣᠯᠲᠠ ᠶᠢ ᠬᠢᠨᠠᠮᠠᠭᠠᠢ ᠬᠡᠷᠡᠭᠵᠢᠭᠦᠯᠵᠦ᠂ ᠤᠯᠤᠰ ᠠᠴᠠ ᠦᠷ᠎ᠡ ᠠᠰᠢᠭ ᠰᠠᠶᠢᠨ ᠪᠡᠯᠡ ᠤᠷᠤᠭᠤᠯᠤᠯᠲᠠ ᠶᠢ ᠦᠷᠭᠡᠳᠬᠡᠬᠦ᠂ ᠳᠤᠮᠳᠠ ᠪᠠᠷᠠᠭᠤᠨ ᠭᠠᠵᠠᠷ ᠤᠷᠤᠨ ᠢ ᠳᠡᠮᠵᠢᠵᠦ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠪᠠ ᠦᠪᠡᠷᠲᠡᠭᠡᠨ ᠵᠠᠰᠠᠬᠤ ᠤᠷᠤᠨ ᠠᠴᠠ ᠤᠳᠤᠬᠢᠴᠢᠯᠠᠭᠰᠠᠨ ᠰᠠᠭᠤᠷᠢ ᠲᠦᠬᠦᠭᠡᠷᠦᠮᠵᠢ ᠶᠢᠨ ᠲᠤᠤᠷ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠠᠰᠢᠭᠲᠠᠢ ᠴᠠᠭ ᠲᠤᠬᠢᠶᠠᠯ ᠢ ᠠᠳᠬᠤᠵᠦ᠂ ᠵᠤᠬᠢᠰᠲᠠᠢ ᠤᠷᠢᠳᠴᠢᠯᠠᠬᠤ᠂ ᠵᠤᠬᠢᠰᠲᠠᠢ ᠪᠠᠶᠢᠷᠢᠰᠢᠭᠤᠯᠬᠤ᠂ ᠲᠤᠤᠷ ᠰᠦᠯᠵᠢᠶ᠎ᠡ ᠶᠢ ᠲᠡᠭᠦᠯᠳᠡᠷᠵᠢᠭᠦᠯᠬᠦ᠂ ᠶᠠᠰᠦ ᠴᠢᠨᠠᠷ ᠢ ᠪᠠᠲᠦᠯᠠᠬᠤ᠂ ᠴᠢᠳᠠᠯ ᠤᠨ ᠢᠶᠠᠨ ᠬᠢᠷᠢ ᠪᠠᠷ ᠬᠢᠬᠦ ᠵᠠᠷᠴᠢᠮ ᠤᠨ ᠶᠤᠰᠤᠭᠠᠷ᠂ ᠪᠦᠬᠦ ᠬᠡᠪᠴᠢᠶ᠎ᠡ ᠪᠠᠷ ᠪᠦᠷᠬᠦᠬᠦ᠂ ᠴᠢᠳᠠᠮᠵᠢ ᠢᠵᠢ ᠪᠦᠷᠢᠨ᠂ ᠤᠶᠤᠨ ᠴᠢᠳᠠᠪᠦᠷᠢᠲᠦ᠂ ᠦᠨᠳᠦᠷ ᠦᠷ᠎ᠡ ᠠᠰᠢᠭᠲᠠᠢ᠂ ᠠᠶᠤᠯ ᠦᠭᠡᠢ ᠳᠦᠭᠦᠮ ᠲᠦᠳᠡ ᠤᠳᠤᠬᠢᠴᠢᠯᠠᠭᠰᠠᠨ ᠰᠠᠭᠤᠷᠢ ᠲᠦᠬᠦᠭᠡᠷᠦᠮᠵᠢ ᠶᠢᠨ ᠲᠤᠤᠷ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃  ᠭᠤᠣᠯ ᠪᠠ ᠳᠡᠳ᠋ ᠵᠠᠮ ᠱᠤᠭᠤᠮ ᠤᠨ ᠲᠤᠤᠷ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠠᠶᠢᠲᠡ ᠶᠢᠨ ᠵᠠᠮ ᠬᠠᠷᠢᠯᠴᠠᠭ᠎ᠠ ᠪᠤᠯᠤᠨ ᠳᠤᠭᠤᠢ ᠲᠡᠷᠭᠡᠨ ᠤ ᠵᠠᠮ᠂ ᠶᠠᠪᠠᠭᠠᠨ ᠬᠦᠮᠦᠨ ᠤ ᠵᠠᠮ ᠤᠨ ᠤᠳᠠᠭᠠᠰᠢᠷᠠᠭᠤᠯᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠦ᠂ ︽ᠪᠢᠲᠡᠭᠦᠦ ᠵᠠᠮ︾᠎ ᠢ ᠨᠡᠪᠲᠡᠷᠡᠭᠦᠯᠵᠦ᠂ ︽ᠨᠠᠷᠢᠨ ᠵᠠᠮ︾᠎ ᠢ ᠦᠷᠭᠡᠨ ᠪᠤᠯᠭᠠᠵᠦ᠂ ᠬᠤᠲᠠ ᠶᠢᠨ ᠬᠦᠮᠦᠨ ᠠᠮᠠ ᠪᠠ ᠮᠠᠰᠢᠨ ᠲᠡᠷᠭᠡᠨ ᠤ ᠲᠤᠭ᠎ᠠ ᠨᠢᠭᠳᠠᠰᠢᠯ ᠲᠠᠢ ᠨᠠᠶᠢᠴᠡᠭᠰᠡᠨ ᠲᠡᠷᠭᠡᠨ ᠵᠤᠭᠰᠤᠭᠠᠯ ᠢ ᠪᠠᠶᠢᠭᠤᠯᠵᠦ᠂ ᠴᠠᠬᠢᠯᠭᠠᠨ ᠴᠡᠨᠡᠭᠯᠡᠬᠦ ᠲᠦᠬᠦᠭᠡᠷᠦᠮᠵᠢ ᠶᠢ ᠢᠵᠢ ᠪᠦᠷᠢᠨ ᠪᠠᠶᠢᠭᠤᠯᠵᠦ᠂ ᠵᠠᠮ ᠬᠠᠷᠢᠯᠴᠠᠭᠠᠨ ᠤ ᠲᠦᠭᠵᠢᠷᠡᠯ ᠤᠨ ᠠᠰᠠᠭᠤᠳᠠᠯ ᠢ ᠪᠠᠲᠦᠲᠠᠢ ᠰᠢᠢᠳᠪᠦᠷᠢᠯᠡᠵᠦ᠂ ᠬᠤᠲᠠ ᠶᠢᠨ ᠠᠶᠢᠵᠠᠮ ᠴᠤᠬᠢᠯᠭ᠎ᠠ ᠶᠢ ᠲᠦᠷᠭᠡᠳᠬᠡᠵᠦ᠂ ᠠᠷᠠᠳ ᠤᠨ ᠠᠮᠢᠳᠦᠷᠠᠯ ᠢ ᠳᠦᠭᠦᠮ ᠲᠦᠳᠡ ᠲᠤᠬᠢᠯᠢᠭ  ᠪᠤᠯᠭᠠᠨ᠎ᠠ᠃ ᠤᠰᠤᠨ ᠬᠠᠩᠭᠠᠯᠭ᠎ᠠ᠂ ᠳᠤᠯᠠᠭᠠᠯᠠᠭ᠎ᠠ᠂ ᠰᠢᠲᠠᠮᠠᠬᠠᠢ ᠬᠡᠢ᠂ ᠤᠰᠤ ᠭᠠᠳᠠᠭᠰᠢᠯᠠᠭᠤᠯᠬᠤ ᠵᠡᠷᠭᠡ ᠰᠠᠭᠤᠷᠢ ᠲᠦᠬᠦᠭᠡᠷᠦᠮᠵᠢ ᠶᠢᠨ ᠲᠤᠤᠷ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠦ᠂ ᠭᠤᠣᠯ ᠵᠡᠭᠡᠯᠢ ᠶᠢᠨ ᠪᠠᠴᠢᠮ ᠪᠠᠶᠢᠳᠠᠯ ᠢ ᠠᠷᠭᠠᠴᠠᠭᠠᠬᠤ ᠤᠰᠤᠨ ᠰᠤᠷᠪᠤᠯᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠴᠠᠬᠢᠯᠭᠠᠨ ᠬᠠᠩᠭᠠᠬᠤ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠨ᠎ᠡ᠃ 2022 ᠤᠨ ᠪᠤᠯᠬᠤ ᠳᠤ᠂ ᠤᠰᠤᠨ ᠬᠠᠩᠭᠠᠯᠭ᠎ᠠ ᠶᠢᠨ ᠲᠦᠭᠡᠮᠡᠯᠵᠢᠬᠦ ᠨᠤᠷᠮ᠎ᠠ᠂ ᠲᠦᠪᠯᠡᠷᠡᠭᠰᠡᠨ ᠳᠤᠯᠠᠭᠠᠯᠠᠭ᠎ᠠ ᠶᠢᠨ ᠲᠦᠭᠡᠮᠡᠯᠵᠢᠬᠦ ᠨᠤᠷᠮ᠎ᠠ᠂ ᠰᠢᠲᠠᠮᠠᠬᠠᠢ ᠬᠡᠢ ᠶᠢᠨ ᠲᠦᠭᠡᠮᠡᠯᠵᠢᠬᠦ ᠨᠤᠷᠮ᠎ᠠ ᠪᠠ ᠪᠤᠬᠢᠷ ᠤᠰᠤ ᠶᠢ ᠰᠢᠢᠳᠪᠦᠷᠢᠯᠡᠬᠦ ᠨᠤᠷᠮ᠎ᠠ 95%᠎ ᠶᠢ ᠳᠠᠪᠠᠭ᠋ᠤ ᠪᠤᠯᠤᠨ᠎ᠠ᠃ ᠨᠠᠨ ᠱᠠ ᠾᠧ ᠭᠤᠣᠯ ᠤᠨ ᠶᠡᠷᠦᠩᠬᠡᠢ ᠴᠡᠭᠴᠡᠯᠡᠨ ᠵᠠᠰᠠᠯᠲᠠ ᠶᠢ ᠪᠡᠶᠡᠯᠡᠭᠦᠯᠵᠦ᠂ ᠪᠠ ᠸᠠᠩ ᠾᠧ ᠭᠤᠣᠯ ᠪᠠ ᠨᠠᠨ ᠱᠠ ᠾᠧ ᠭᠤᠣᠯ ᠬᠤᠶᠠᠷ ᠶᠡᠭᠡ ᠤᠰᠤᠨ ᠰᠢᠰᠲ᠋ᠧᠮ ᠢ ᠨᠡᠪᠲᠡᠷᠡᠭᠦᠯᠵᠦ᠂ ︽ᠬᠤᠶᠠᠷ ᠭᠤᠣᠯ ᠢᠶᠠᠷ ᠬᠦᠷᠢᠶᠡᠯᠡᠭᠳᠡᠵᠦ᠂ ᠠᠭᠤᠯᠠ ᠤᠰᠤ ᠲᠦᠰᠢᠯᠴᠡᠭᠰᠡᠨ︾ ᠦᠵᠡᠰᠬᠦᠯᠡᠩᠲᠦ ᠰᠠᠶᠢᠬᠠᠨ ᠠᠭᠤᠯᠠᠨ ᠬᠤᠲᠠ ᠶᠢ ᠪᠦᠲᠦᠭᠡᠨ ᠪᠠᠶᠢᠭᠤᠯᠤᠨ᠎ᠠ᠃ ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠨᠠᠷᠢᠯᠢᠭᠵᠢᠭᠤᠯᠤᠨ ᠳᠡᠭᠡᠭᠰᠢᠯᠡᠭᠦᠯᠦᠨ᠎ᠡ᠃ ᠬᠤᠲᠠ ᠶᠢᠨ ᠬᠠᠤᠯᠢ ᠬᠡᠷᠡᠭᠵᠢᠭᠦᠯᠬᠦ ᠶᠡᠷᠦᠩᠬᠡᠢ ᠪᠠᠶᠢᠭᠤᠯᠤᠯ ᠤᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠦ᠂ ᠬᠤᠲᠠ ᠶᠢᠨ ᠬᠠᠮᠢᠶᠠᠷᠤᠯᠲᠠ ᠶᠢᠨ ᠠᠵᠢᠯ ᠢ ᠬᠠᠯᠠᠨ ᠰᠠᠶᠢᠵᠢᠷᠠᠭᠤᠯᠵᠦ᠂ ᠬᠤᠲᠠ ᠶᠢᠨ ᠬᠠᠮᠢᠶᠠᠷᠤᠯᠲᠠ ᠶᠢ ᠨᠠᠷᠢᠯᠢᠭ᠂ ᠤᠨᠤᠪᠴᠢᠲᠠᠢ᠂ ᠤᠶᠤᠨ ᠤᠬᠠᠭᠠᠨᠴᠢ ᠪᠣᠯᠭᠠᠬᠤ ᠶᠢ ᠪᠡᠶᠡᠯᠡᠭᠦᠯᠦᠨ᠎ᠡ᠃〈 ᠬᠦᠨᠦᠭᠡᠯᠭᠦᠶᠢᠵᠢᠯ᠂ ᠬᠡᠮᠵᠢᠭᠳᠡᠯ ᠬᠠᠰᠤᠯᠲᠠ᠂ ᠡᠬᠢ ᠪᠠᠶᠠᠯᠢᠭᠵᠢᠭᠤᠯᠬᠤ〉᠎ ᠶᠢ ᠠᠰᠢᠭᠯᠠᠬᠤ ᠪᠠᠷ ᠬᠠᠷᠠᠯᠲᠠ ᠪᠠᠨ ᠪᠤᠯᠭᠠᠵᠦ᠂ ᠬᠤᠲᠠ ᠬᠦᠳᠡᠭᠡ ᠲᠤᠰᠬᠤᠨ ᠤ ᠡᠳᠦᠷ ᠳᠤᠲᠤᠮ ᠤᠨ ᠠᠮᠢᠳᠤᠷᠠᠯ ᠤᠨ ᠬᠤᠭ ᠨᠣᠪᠰᠢ ᠶᠢ ᠨᠢᠭᠡ ᠴᠤᠭᠴᠠᠵᠢᠭᠤᠯᠵᠤ ᠲᠦᠷᠦᠯᠵᠢᠭᠦᠯᠦᠨ ᠬᠤᠷᠢᠶᠠᠬᠤ ᠶᠢ ᠢᠳᠡᠪᠬᠢᠲᠠᠢ ᠠᠬᠢᠭᠤᠯᠵᠦ᠂ ᠡᠮ ᠡᠮᠨᠡᠯᠭᠡ ᠶᠢᠨ ᠬᠠᠶᠠᠭᠳᠠᠮᠠᠯ ᠬᠤᠭ᠂  ᠬᠤᠭᠤᠯᠠᠨ ᠭᠡᠷ ᠤᠨ ᠬᠤᠭ ᠨᠤᠪᠰᠢ᠂ ᠢᠯᠭᠠᠳᠠᠰᠤᠨ ᠤ ᠬᠤᠭ ᠨᠤᠪᠰᠢ ᠶᠢ ᠬᠤᠣᠷ ᠬᠦᠨᠦᠭᠡᠯ ᠦᠭᠡᠢ ᠰᠢᠢᠳᠪᠦᠷᠢᠯᠡᠬᠦ ᠶᠢ100%᠎ ᠪᠠᠷ ᠪᠡᠶᠡᠯᠡᠭᠦᠯᠵᠦ᠂ ᠬᠤᠭ ᠨᠤᠪᠰᠢ ᠶᠢ ᠰᠢᠢᠳᠪᠦᠷᠢᠯᠡᠵᠦ ᠤᠷᠴᠢᠨ ᠲᠤᠭᠤᠷᠢᠨ ᠤ ᠬᠠᠮᠠᠭᠠᠯᠠᠯᠲᠠ ᠶᠢ ᠡᠭᠡᠯᠵᠢᠯᠡᠭᠡᠳᠤ ᠠᠵᠦ ᠠᠬᠤᠢ ᠶᠢᠨ ᠬᠡᠯᠬᠢᠶ᠎ᠡ  ᠪᠤᠯᠭᠠᠵᠤ ᠪᠥᠷᠢᠯᠲᠥᠬᠦᠯᠥᠨ᠎ᠡ᠃ ᠤᠷᠴᠢᠨ ᠲᠤᠭᠤᠷᠢᠨ ᠢ ᠴᠡᠪᠡᠷᠯᠡᠨ ᠠᠷᠢᠭᠤᠳᠬᠠᠬᠤ ᠬᠦᠴᠦ ᠎ ᠪᠠᠨ ᠨᠡᠮᠡᠭᠳᠡᠭᠦᠯᠵᠦ᠂ ᠮᠧᠬᠠᠨᠢᠭᠵᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠮᠧᠬᠠᠨᠢᠭᠵᠢᠭᠤᠯᠤᠯᠲᠠ ᠶᠢᠨ ᠨᠤᠷᠮ᠎ᠠ 90%᠎ ᠠᠴᠠ ᠳᠠᠪᠠᠭ᠋ᠤ ᠪᠤᠯᠤᠨ᠎ᠠ᠃ ᠵᠠᠰᠠᠭ ᠤᠨ ᠤᠷᠳᠤᠨ ᠤ ᠬᠤᠳᠠᠯᠳᠤᠨ ᠠᠪᠬᠤ ᠤᠶᠢᠯᠡᠴᠢᠯᠡᠭᠡ ᠶᠢᠨ ᠬᠦᠴᠦᠯᠡᠴᠡ ᠶᠢ ᠤᠯᠠᠮ ᠨᠢᠭᠡ ᠠᠯᠬᠤᠮ ᠴᠢᠩᠭᠠᠳᠬᠠᠨ᠂ ᠨᠡᠶᠢᠭᠡᠮ ᠤᠨ ᠪᠡᠯᠡ ᠤᠷᠤᠭᠤᠯᠤᠯᠲᠠ ᠶᠢ ᠤᠳᠤᠷᠢᠳᠤᠨ ᠪᠦᠬᠦ ᠲᠠᠯ᠎ᠠ ᠪᠠᠷ ᠬᠤᠲᠠ ᠶᠢᠨ ᠨᠡᠶᠢᠭᠡᠮ ᠲᠤᠭᠤᠷᠢᠭ ᠤᠨ ᠤᠶᠢᠯᠡᠴᠢᠯᠡᠭᠡᠨ ᠤ ᠬᠦᠷᠢᠶᠡᠨ ᠳᠤ ᠤᠷᠤᠭᠤᠯᠵᠦ᠂ ᠰᠠᠭᠤᠭᠠᠯᠢ ᠠᠷᠠᠳ ᠤᠨ ᠤᠯᠠᠨ ᠶᠠᠩᠵᠦ ᠶᠢᠨ᠂ ᠦᠪᠡᠷᠮᠢᠴᠡ ᠤᠨᠴᠠᠯᠢᠭ ᠲᠠᠢ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ︽ᠬᠦᠳᠡᠭᠡ ᠲᠤᠰᠬᠤᠨ ᠢ ᠰᠡᠷᠭᠦᠭᠡᠨ ᠬᠦᠭᠵᠢᠭᠦᠯᠬᠦ ᠪᠠᠶᠢᠯᠳᠤᠬᠤ ᠪᠤᠳᠤᠯᠭ᠎ᠠ︾᠎ ᠶᠢ ᠬᠦᠴᠦᠯᠡᠨ ᠬᠡᠷᠡᠭᠵᠢᠭᠦᠯᠦᠨ᠎ᠡ᠃  ᠬᠦᠳᠡᠭᠡ ᠲᠤᠰᠬᠤᠨ ᠤ ᠤᠷᠤᠰᠢᠨ ᠲᠤᠭᠲᠠᠨᠢᠬᠤ ᠤᠷᠴᠢᠨ ᠲᠤᠭᠤᠷᠢᠨ ᠢ ᠰᠠᠶᠢᠵᠢᠷᠠᠭᠤᠯᠬᠤ ᠨᠢ ᠬᠤᠲᠠ ᠬᠦᠳᠡᠭᠡ ᠲᠤᠰᠬᠤᠨ ᠢ ᠨᠢᠭᠡ ᠴᠣᠭᠴᠠᠵᠢᠭᠤᠯᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠭᠡᠳᠡᠭ ᠢ ᠪᠠᠷᠢᠮᠲᠠᠯᠠᠵᠦ᠂ ᠠᠵᠦ ᠤᠶᠢᠯᠡᠰ ᠬᠦᠭᠵᠢᠨ ᠮᠠᠨᠳᠤᠭᠰᠠᠨ᠂ ᠠᠮᠢ ᠠᠬᠤᠢ ᠤᠷᠤᠰᠢᠨ ᠲᠤᠭᠲᠠᠨᠢᠬᠤ ᠳᠤ ᠲᠤᠬᠢᠷᠠᠮᠵᠢᠲᠠᠢ᠂ ᠬᠦᠳᠡᠭᠡ ᠶᠢᠨ ᠵᠠᠩᠰᠢᠯ ᠪᠤᠯᠪᠠᠰᠤᠨ᠂ ᠴᠡᠭᠴᠡᠯᠡᠨ ᠵᠠᠰᠠᠬᠤ ᠨᠢ ᠦᠷ᠎ᠡ ᠪᠦᠲᠦᠮᠵᠢᠲᠠᠢ᠂  ᠠᠮᠢᠳᠤᠷᠠᠯ ᠴᠢᠨᠡᠭᠡᠯᠢᠭᠵᠢᠬᠦ ᠶᠢᠨ ᠶᠡᠷᠦᠩᠬᠡᠢ ᠱᠠᠭᠠᠷᠳᠠᠯᠭ᠎ᠠ ᠶᠢᠨ ᠶᠤᠰᠤᠭᠠᠷ᠂ ︽ᠦᠵᠡᠰᠬᠦᠯᠡᠩᠲᠦ ᠬᠦᠳᠡᠭᠡ ᠲᠤᠰᠬᠤᠨ︾᠎ ᠢ ᠪᠦᠲᠦᠭᠡᠨ ᠪᠠᠶᠢᠭᠤᠯᠬᠤ ᠲᠠᠢ ᠤᠶᠠᠯᠳᠤᠭᠤᠯᠵᠦ᠂ ᠠᠶᠢᠯ ᠲᠤᠰᠬᠤᠨ ᠤ ᠪᠦᠬᠦ ᠲᠠᠯ᠎ᠠ ᠶᠢᠨ ᠲᠦᠯᠦᠪᠯᠡᠭᠡ ᠶᠢ ᠯᠠᠪᠳᠠᠭᠤᠨ ᠠᠳᠬᠤᠵᠦ᠂ ᠬᠦᠳᠡᠭᠡ ᠲᠤᠰᠬᠤᠨ ᠤ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠡᠭᠦᠯᠳᠡᠷᠵᠢᠭᠦᠯᠵᠦ᠂ ᠬᠦᠳᠡᠭᠡ ᠲᠤᠰᠬᠤᠨ ᠤ ᠳᠦᠷᠢ ᠲᠦᠷᠬᠦ ᠶᠢ ᠴᠡᠭᠴᠡᠯᠡᠨ ᠵᠠᠰᠠᠬᠤ ᠶᠢ ᠴᠢᠩᠭᠠᠳᠬᠠᠵᠦ᠂ ᠤᠷᠲᠤ ᠤᠳᠠᠭᠠᠨ ᠬᠠᠮᠢᠶᠠᠷᠴᠦ ᠬᠠᠮᠠᠭᠠᠯᠠᠬᠤ ᠲᠤᠭᠲᠠᠯᠴᠠᠭ᠎ᠠ ᠶᠢ ᠪᠦᠷᠢᠨ ᠲᠡᠭᠦᠯᠳᠡᠷ ᠪᠤᠯᠭᠠᠵᠦ᠂ ᠦᠨᠡᠨ ᠬᠦ ᠬᠦᠳᠡᠭᠡ ᠲᠤᠰᠬᠤᠨ ᠢ ᠦᠵᠡᠰᠬᠦᠯᠡᠩᠲᠡᠢ ᠪᠤᠯᠭᠠᠨ᠎ᠠ᠃ ᠳᠤᠪᠤᠶᠢᠭᠰᠠᠨ ᠤᠨᠴᠠᠯᠢᠭ ᠲᠠᠢ ᠠᠵᠦ ᠦᠢᠯᠡᠳᠪᠦᠷᠢᠯᠡᠯ ᠳᠤ ᠲᠤᠯᠭᠠᠭᠤᠷᠢᠯᠠᠨ᠂ ᠮᠢᠨ ᠹᠧᠩ᠂ ᠫᠧᠩ ᠴᠧᠩ᠂ ᠰᠢᠩ ᠳ᠋ᠠ ᠶᠧ ᠵᠡᠷᠭᠡ ᠠᠵᠦ ᠠᠬᠤᠶᠢᠯᠠᠯ ᠢᠶᠠᠷ ᠲᠤᠯᠤᠭᠠᠶᠢᠯᠠᠭᠤᠯᠤᠨ᠂  ᠡᠭᠦᠯᠳᠡᠷ ᠤᠨ ᠲᠦᠮᠦᠰᠦ ᠡᠭᠦᠯᠳᠡᠷ ᠤᠨ ᠮᠠᠯ ᠤᠨ ᠠᠵᠦ ᠤᠶᠢᠯᠡᠰ ᠢ ᠬᠦᠴᠦᠷᠬᠡᠭᠵᠢᠭᠦᠯᠵᠦ᠂ ᠪᠦᠬᠦ ᠤᠯᠤᠰ ᠲᠤ ᠬᠠᠨᠳᠤᠭᠰᠠᠨ ᠡᠭᠦᠯᠳᠡᠷ ᠤᠨ ᠲᠦᠮᠦᠰᠦ ᠡᠭᠦᠯᠳᠡᠷ ᠤᠨ ᠮᠠᠯ ᠤᠨ ᠤᠶᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠬᠦ ᠬᠦᠴᠦ ᠪᠠᠷ ᠪᠦᠲᠦᠭᠡᠨ ᠪᠠᠶᠢᠭᠤᠯᠤᠨ᠎ᠠ᠃ ᠬᠦᠳᠡᠭᠡ ᠲᠤᠰᠬᠤᠨ ᠤ ᠬᠠᠮᠲᠦ ᠨᠠᠶᠢᠲᠡ ᠶᠢᠨ ᠠᠵᠦ ᠠᠬᠤᠢ ᠶᠢ ᠬᠦᠴᠦᠯᠡᠨ ᠬᠦᠭᠵᠢᠭᠦᠯᠦᠨ᠎ᠡ᠃ ︽ᠨᠢᠭᠡ ᠲᠤᠰᠬᠤᠨ ᠨᠢᠭᠡ ᠤᠶᠢᠯᠡᠳᠬᠦᠨ︾  ᠎ ᠤ ᠬᠦᠭᠵᠢᠯᠲᠡ ᠶᠢᠨ ᠰᠡᠳᠬᠢᠴᠡ ᠶᠢᠨ ᠶᠤᠰᠤᠭᠠᠷ᠂ ᠪᠤᠬᠢᠷᠳᠤᠯ ᠦᠭᠡᠢ ᠵᠢᠮᠢᠰ ᠨᠤᠭᠤᠭ᠎ᠠ ᠶᠢ ᠰᠤᠨᠢᠷᠬᠠᠵᠤ ᠲᠡᠭᠦᠬᠦ᠂ ᠲᠦᠮᠦᠰᠦ ᠶᠢ ᠦᠨᠳᠦᠷ ᠪᠦᠲᠦᠮᠵᠢᠲᠠᠢ ᠪᠠᠷ ᠲᠠᠷᠢᠵᠦ ᠤᠶᠢᠵᠢᠭᠤᠯᠬᠤ᠂ ᠲᠠᠷᠢᠶᠠᠯᠠᠩ ᠤᠨ ᠪᠦᠲᠦᠭᠡᠭᠳᠡᠭᠦᠨ ᠢ ᠬᠦᠮᠦᠷᠭᠡᠯᠡᠨ  ᠬᠠᠳᠠᠭᠠᠯᠠᠬᠤ᠂ ᠦᠪᠡᠷᠮᠢᠴᠡ ᠤᠨᠴᠠᠯᠢᠭ ᠲᠠᠢ ᠲᠡᠵᠢᠭᠡᠨ ᠦᠷᠡᠵᠢᠭᠦᠯᠬᠦ ᠵᠡᠷᠭᠡ ᠠᠵᠦ ᠤᠶᠢᠯᠡᠰ ᠢ ᠬᠦᠴᠦᠯᠡᠨ ᠪᠤᠶᠢᠵᠢᠭᠤᠯᠵᠦ᠂ ᠭᠠᠴᠠᠭ᠎ᠠ ᠲᠤᠰᠬᠤᠨ ᠤ ᠡᠷᠬᠢᠯᠡᠭᠰᠡᠨ ᠠᠵᠦ ᠠᠬᠤᠶᠢᠯᠠᠯ᠂ ᠲᠤᠰᠬᠤᠨ ᠠᠵᠦ ᠠᠬᠤᠶᠢᠯᠠᠯ ᠤᠨ ᠬᠠᠮᠲᠤᠷᠠᠯᠴᠠᠭ᠎ᠠ᠂ ᠬᠤᠷᠰᠢᠶᠠᠵᠢᠯ ᠪᠠᠶᠢᠭᠤᠯᠬᠤ᠂ ᠬᠦᠳᠡᠯᠮᠦᠷᠢ ᠬᠦᠴᠦᠨ ᠤ ᠤᠶᠢᠯᠡᠴᠢᠯᠡᠭᠡ᠂ ᠠᠵᠦ ᠠᠬᠤᠢ ᠵᠢᠨ‌ᠤᠢ ᠰᠢᠭᠤᠢ ᠶᠢ ᠬᠦᠭᠵᠢᠭᠦᠯᠬᠦ ᠵᠡᠷᠭᠡ ᠬᠡᠪ ᠵᠠᠭᠪᠤᠷ ᠢᠶᠠᠷ ᠳᠠᠮᠵᠢᠨ᠂ ᠭᠠᠵᠠᠷ ᠤᠷᠤᠨ ᠤ ᠪᠠᠶᠢᠳᠠᠯ ᠳᠠᠭᠠᠨ ᠲᠤᠬᠢᠷᠠᠭᠤᠯᠤᠨ ᠬᠦᠳᠡᠭᠡ ᠲᠤᠰᠬᠤᠨ ᠤ ᠬᠠᠮᠲᠦ ᠨᠠᠶᠢᠲᠡ ᠶᠢᠨ ᠠᠵᠦ ᠠᠬᠤᠢ ᠶᠢ ᠬᠦᠭᠵᠢᠭᠦᠯᠦᠨ ᠪᠤᠵᠠᠭᠠᠶᠢᠷᠠᠭᠤᠯᠤᠨ᠎ᠠ᠃ ᠲᠡᠭᠦᠨ ᠤ ᠬᠠᠮᠲᠦ ᠲᠤᠯᠤᠭᠠᠶᠢᠯᠠᠭᠰᠠᠨ ᠠᠵᠦ ᠠᠬᠤᠶᠢᠯᠠᠯ ᠢᠶᠠᠷ ᠬᠦᠲᠦᠯᠦᠭᠦᠯᠦᠨ᠂ ᠲᠠᠷᠢᠶᠠᠯᠠᠩ ᠮᠠᠯ ᠠᠵᠦ ᠤᠶᠢᠯᠡᠰ ᠤᠨ  ᠲᠤᠯᠤᠭᠠᠶᠢᠯᠠᠭᠰᠠᠨ ᠠᠵᠦ ᠠᠬᠤᠶᠢᠯᠠᠯ ᠪᠠ ᠲᠠᠷᠢᠶᠠᠴᠢᠳ ᠤᠨ ᠠᠰᠢᠭ ᠲᠤᠰᠠ ᠶᠢ ᠬᠤᠯᠪᠤᠬᠤ ᠲᠤᠭᠲᠠᠯᠴᠠᠭ᠎ᠠ ᠶᠢ ᠲᠤᠭᠲᠠᠭᠠᠨ ᠲᠡᠭᠦᠯᠳᠡᠷᠵᠢᠭᠦᠯᠵᠦ᠂ ᠲᠠᠷᠢᠶᠠᠴᠢᠳ ᠢ ᠠᠵᠦ ᠤᠶᠢᠯᠡᠰᠴᠢᠯᠡᠭᠰᠡᠨ ᠡᠵᠡᠩᠨᠡᠯᠲᠡ ᠪᠠ ᠬᠠᠮᠲᠦ ᠶᠢᠨ ᠠᠵᠦ ᠠᠬᠤᠢ ᠶᠢᠨ ᠳᠤᠮᠳᠠ ᠠᠴᠠ ᠨᠡᠩ ᠤᠯᠠᠨ ᠠᠰᠢᠭ ᠲᠤᠰᠠ ᠤᠯᠭᠤᠭᠤᠯᠵᠤ᠂ ᠠᠵᠦ ᠤᠶᠢᠯᠡᠰ ᠢ ᠦᠨᠡᠨ ᠬᠦ ᠬᠦᠴᠦᠷᠬᠡᠭ ᠪᠤᠯᠭᠠᠵᠦ᠂ ᠲᠠᠷᠢᠶᠠᠴᠢᠳ ᠢ ᠦᠨᠡᠨ ᠬᠦ ᠪᠠᠶᠠᠵᠢᠭᠤᠯᠤᠨ᠎ᠠ᠃ ᠬᠤᠲᠠ ᠡᠭᠦᠳᠦᠨ ᠪᠠᠶᠢᠭᠤᠯᠬᠤ ᠪᠠᠬᠢᠯᠡᠯᠲᠡ ᠶᠢᠨ ᠳᠠᠶᠢᠨ ᠢ ᠡᠷᠡᠰ ᠢᠯᠠᠨ᠎ᠠ᠃  ︽ᠲᠠᠪᠤᠨ ᠬᠤᠲᠠ ᠶᠢ ᠬᠠᠮᠲᠦᠪᠡᠷ ᠡᠭᠦᠳᠦᠨ ᠪᠠᠶᠢᠭᠤᠯᠬᠤ︾ ᠠᠵᠢᠯ ᠤᠨ ᠲᠤᠷᠰᠢᠯᠭ᠎ᠠ ᠶᠢ ᠬᠢᠨᠠᠮᠠᠭᠠᠢ ᠳ᠋ᠦᠩᠨᠡᠨ᠂ ᠠᠰᠠᠭᠤᠳᠠᠯ᠂ ᠬᠠᠷᠠᠯᠲᠠ᠂ ᠤᠯᠠᠨ ᠲᠦᠮᠡᠨ ᠢᠶᠠᠷ ᠤᠳᠤᠷᠢᠳᠤᠮᠵᠢ ᠪᠤᠯᠭᠠᠬᠤ ᠎ ᠶᠢ ᠪᠠᠷᠢᠮᠲᠠᠯᠠᠵᠦ᠂ ᠠᠵᠢᠯ ᠳᠡᠭᠡᠷ᠎ᠡ ᠪᠠᠨ ᠳᠠᠬᠢᠨ ᠠᠩᠬᠠᠷᠤᠯ ᠢᠶᠠᠨ ᠲᠦᠪᠯᠡᠷᠡᠭᠦᠯᠵᠦ᠂ ᠠᠷᠭ᠎ᠠ ᠪᠠᠷᠢᠯ ᠳᠡᠭᠡᠷ᠎ᠡ ᠪᠠᠨ ᠲᠠᠬᠢᠨ ᠰᠢᠨ᠎ᠡ ᠶᠢ ᠡᠭᠦᠳᠴᠦ᠂ ᠬᠡᠷᠡᠭᠵᠢᠭᠦᠯᠬᠦ ᠳᠡᠭᠡᠷ᠎ᠡ ᠪᠠᠨ ᠲᠠᠬᠢᠨ ᠬᠦᠴᠦ ᠲᠠᠯᠪᠢᠨ᠂ ᠰᠢᠨ᠎ᠡ ᠨᠢᠭᠡᠨ ᠡᠭᠡᠯᠵᠢ ᠶᠢᠨ ᠬᠤᠲᠠ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠦᠨ᠎ᠡ᠃ ᠠᠯᠪᠠᠨ ᠪᠠᠶᠢᠭᠤᠯᠭ᠎ᠠ ᠨᠢᠭᠡᠴᠡ ᠶᠢᠨ ᠰᠠᠭᠤᠭᠠᠯᠢ ᠲᠤᠭᠤᠷᠢᠭ ᠢ ᠬᠠᠪᠰᠤᠷᠤᠨ ᠳᠡᠮᠵᠢᠬᠦ ᠬᠦᠳᠡᠯᠭᠡᠭᠡᠨ ᠢ ᠦᠷᠬᠦᠯᠵᠢᠯᠡᠭᠦᠯᠵᠦ᠂ ᠪᠦᠬᠦ ᠨᠡᠶᠢᠭᠡᠮ ᠢᠶᠠᠷ ᠢᠶᠠᠨ ᠰᠠᠶᠢᠨ ᠳᠤᠷ᠎ᠠ ᠠᠴᠠ ᠪᠠᠨ ᠬᠤᠲᠠ ᠪᠠᠶᠢᠭᠤᠯᠬᠤ ᠬᠦᠳᠡᠯᠭᠡᠭᠡᠨ ᠳᠤ ᠤᠶᠢᠯᠡᠴᠢᠯᠡᠬᠦ ᠰᠢᠨ᠎ᠡ ᠬᠡᠪ ᠪᠠᠶᠢᠳᠠᠯ ᠢ ᠢᠳᠡᠪᠬᠢᠲᠠᠢ ᠡᠷᠢᠯᠬᠢᠯᠡᠵᠦ᠂ ᠪᠦᠬᠦ ᠠᠷᠠᠳ ᠢᠶᠠᠷ ᠢᠶᠠᠨ ᠤᠷᠤᠯᠴᠠᠬᠤ᠂ ᠺᠠᠳ᠋ᠷ ᠪᠡᠶ᠎ᠡ ᠪᠠᠷ ᠢᠶᠠᠨ ᠳᠠᠭᠠᠭᠤᠯᠬᠤ᠂ ᠳᠤᠲᠠᠭᠳᠠᠯ ᠢ ᠨᠦᠬᠦᠬᠦ᠂ ᠳᠠᠪᠠᠭᠤᠯᠢᠭ ᠲᠠᠯ᠎ᠠ ᠪᠠᠨ ᠪᠠᠳᠠᠷᠠᠭᠤᠯᠬᠤ᠂ ᠪᠦᠬᠦ ᠲᠠᠯ᠎ᠠ ᠪᠠᠷ ᠲᠦᠯᠬᠢᠨ ᠠᠬᠢᠭᠤᠯᠬᠤ᠂ ᠪᠦᠬᠦ ᠲᠠᠯ᠎ᠠ ᠪᠠᠷ ᠳᠡᠪᠰᠢᠭᠦᠯᠬᠦ᠂ ᠪᠦᠬᠦ ᠲᠤᠭᠤᠷᠢᠭ ᠤᠨ ᠬᠦᠴᠦᠨ ᠴᠢᠳᠠᠯ ᠢᠶᠠᠷ ᠪᠦᠬᠦ ᠤᠯᠤᠰ ᠤᠨ ᠪᠤᠯᠪᠠᠰᠤᠨ ᠬᠤᠲᠠ᠂ ᠠᠮᠦᠷ ᠲᠦᠪᠰᠢᠨ ᠢᠳᠡᠭᠡᠨ ᠤ ᠵᠢᠱᠢᠶᠡᠴᠢ ᠬᠤᠲᠠ ᠪᠤᠯᠤᠨ ᠤᠯᠤᠰ ᠤᠨ ᠤᠷᠴᠢᠨ ᠠᠬᠤᠢ ᠶᠢᠨ ᠬᠠᠮᠠᠭᠠᠯᠠᠯᠲᠠ ᠶᠢᠨ ᠵᠢᠱᠢᠶᠡᠴᠢ ᠬᠤᠲᠠ ᠶᠢ ᠡᠭᠦᠳᠦᠨ ᠪᠠᠶᠢᠭᠤᠯᠤᠨ᠎ᠠ᠃     ︵ᠳᠦᠷᠪᠡ︶ ᠦᠭᠡᠷᠡᠴᠢᠯᠡᠯᠳᠡ ᠨᠡᠭᠡᠭᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠴᠢᠳᠠᠮᠵᠢ ᠶᠢᠨ ᠬᠦᠭᠵᠢᠯᠲᠡ ᠶᠢ ᠬᠤᠷᠠᠮᠳᠤᠭᠤᠯᠤᠨ ᠲᠦᠷᠭᠡᠳᠬᠡᠨ᠎ᠡ᠃     ᠦᠭᠡᠷᠡᠴᠢᠯᠡᠯᠲᠡ ᠨᠡᠭᠡᠭᠡᠯᠲᠡ ᠶᠢ ᠵᠤᠭᠰᠤᠰᠢ ᠦᠭᠡᠢ ᠦᠷᠬᠦᠯᠵᠢᠯᠡᠭᠦᠯᠬᠦ ᠶᠢ ᠢᠮᠠᠭᠲᠠ ᠪᠠᠷᠢᠮᠲᠠᠯᠠᠵᠦ᠂ ᠦᠭᠡᠷᠡᠴᠢᠯᠡᠯᠲᠡ ᠶᠢ ᠴᠢᠩᠭ᠎ᠠ ᠠᠳᠬᠤᠵᠦ᠂ ᠨᠡᠭᠡᠭᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠦ ᠠᠬᠤᠢ ᠨᠡᠶᠢᠭᠡᠮ ᠤᠨ ᠬᠦᠭᠵᠢᠯᠲᠡ ᠶᠢᠨ ᠬᠦᠳᠡᠯᠭᠡᠬᠦ ᠬᠦᠴᠦ ᠪᠠ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠴᠢᠩᠭᠠᠳᠬᠠᠨ᠎ᠠ᠃ ᠭᠤᠤᠯᠳᠠᠯᠭᠠᠲᠤ ᠬᠦᠷᠢᠶ᠎ᠡ ᠬᠡᠪᠴᠢᠶᠡᠨ ᠳᠤ ᠦᠭᠡᠷᠡᠴᠢᠯᠡᠯᠲᠡ ᠶᠢ ᠴᠢᠩᠭᠠᠳᠬᠠᠶ᠎ᠠ᠃ ᠬᠠᠩᠭᠠᠯᠭ᠎ᠠ ᠶᠢᠨ ᠲᠠᠯ᠎ᠠ ᠳᠤ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠭᠤᠷᠪᠠ ᠶᠢ ᠪᠠᠭᠠᠰᠬᠠᠬᠤ ᠨᠢᠭᠡ ᠶᠢ ᠪᠠᠭᠤᠷᠠᠭᠤᠯᠬᠤ ᠪᠠ ᠨᠢᠭᠡ ᠶᠢ ᠨᠦᠬᠦᠪᠦᠷᠢᠯᠡᠬᠦ︾᠎ ᠶᠢ ᠦᠷᠬᠦᠯᠵᠢᠯᠡᠨ ᠠᠬᠢᠭᠤᠯᠤᠨ᠎ᠠ᠃ ︽ᠵᠠᠰᠠᠭ ᠢ ᠴᠤᠮᠬᠠᠳᠬᠠᠨ ᠡᠷᠬᠡ ᠶᠢ ᠲᠠᠯᠪᠢᠬᠤ᠂ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ᠂ ᠤᠶᠢᠯᠡᠴᠢᠯᠡᠭᠡ ᠶᠢ ᠰᠢᠯᠢᠳᠡᠭᠵᠢᠭᠦᠯᠬᠦ︾ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠠᠩ ᠭᠠᠭᠴᠠ ᠴᠤᠩᠬᠤ᠂  ᠶᠡᠷᠦᠩᠬᠡᠢ ᠭᠠᠷᠳᠠᠨ ᠰᠢᠢᠳᠪᠦᠷᠢᠯᠡᠬᠦ᠂ ᠪᠠᠶᠢᠭᠤᠯᠭ᠎ᠠ ᠶᠢᠨ ᠬᠠᠮᠲᠤᠷᠠᠯᠴᠠᠭ᠎ᠠ ᠵᠡᠷᠭᠡ ᠠᠵᠢᠯᠯᠠᠭ᠎ᠠ ᠶᠢ ᠪᠦᠬᠦ ᠲᠠᠯ᠎ᠠ ᠪᠠᠷ ᠠᠬᠢᠭᠤᠯᠵᠦ᠂ ᠲᠦᠪᠯᠡᠷᠡᠭᠦᠯᠦᠨ ᠰᠢᠢᠳᠪᠦᠷᠢᠯᠡᠬᠦ᠂ ᠬᠦᠯᠢᠶᠡᠨ ᠠᠪᠴᠦ ᠰᠢᠢᠳᠪᠦᠷᠢᠯᠡᠬᠦ ᠶᠢ ᠰᠠᠯᠭᠠᠬᠤ ᠠᠵᠢᠯᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠢᠨᠲ᠋ᠧᠷᠨᠧᠲ ᠰᠦᠯᠵᠢᠶ᠎ᠡ + ᠵᠠᠰᠠᠭ ᠤᠨ ᠶᠠᠪᠤᠳᠠᠯ ᠤᠨ ᠤᠶᠢᠯᠡᠴᠢᠯᠡᠭᠡ︾ ᠎ ᠶᠢ ᠪᠦᠬᠦ ᠲᠠᠯ᠎ᠠ ᠪᠠᠷ ᠠᠬᠢᠭᠤᠯᠵᠦ᠂ ᠪᠦᠬᠦ ᠲᠤᠭᠤᠷᠢᠭ ᠤᠨ ︽ᠨᠢᠭᠡ ᠲᠠᠪᠴᠠᠩ ᠢᠶᠠᠷ ᠰᠢᠢᠳᠪᠦᠷᠢᠯᠡᠬᠦ᠂ ᠤᠯᠠᠨ ᠪᠠᠶᠢᠭᠤᠯᠣᠯᠭ᠎ᠠ ᠬᠠᠮᠲᠦ ᠡᠳ᠋ᠯᠡᠬᠦ︾ ᠶᠡᠷᠦᠩᠬᠡᠢ ᠨᠠᠶᠢᠲᠡ ᠶᠢᠨ ᠤᠶᠢᠯᠡᠴᠢᠯᠡᠭᠡᠨ ᠤ ᠲᠠᠪᠴᠠᠩ ᠢ ᠡᠭᠦᠰᠬᠡᠨ ᠪᠠᠶᠢᠭᠤᠯᠵᠦ᠂ ᠬᠢᠨᠠᠨ ᠵᠦᠪᠰᠢᠶᠡᠷᠡᠬᠦ ᠶᠠᠪᠤᠴᠠ ᠪᠠ ᠬᠢᠨᠠᠨ ᠵᠦᠪᠰᠢᠶᠡᠷᠡᠬᠦ ᠴᠠᠭ ᠤᠨ ᠬᠢᠵᠠᠭᠠᠷ ᠢ ᠤᠯᠠᠮ ᠨᠢᠭᠡ ᠠᠯᠬᠤᠮ ᠪᠤᠭᠤᠨᠢᠰᠬᠠᠵᠦ᠂ ᠵᠠᠰᠠᠭ ᠤᠨ ᠤᠷᠳᠤᠨ ᠤ ᠡᠭᠦᠷᠭᠡ ᠴᠢᠳᠠᠮᠵᠢ ᠶᠢ ᠬᠢᠨᠠᠨ ᠵᠦᠪᠰᠢᠶᠡᠷᠡᠬᠦ ᠠᠵᠢᠯ ᠢᠶᠠᠷ ᠭᠤᠤᠯᠯᠠᠵᠦ ᠪᠠᠶᠢᠭᠰᠠᠨ ᠠᠴᠠ ᠪᠠᠨ ᠬᠢᠨᠠᠨ ᠬᠠᠮᠢᠶᠠᠷᠬᠤ ᠠᠵᠢᠯ ᠢᠶᠠᠷ ᠭᠤᠤᠯᠯᠠᠬᠤ ᠬᠤᠪᠢᠷᠠᠯᠲᠠ ᠶᠢ ᠲᠦᠯᠬᠢᠨ ᠠᠬᠢᠭᠤᠯᠵᠦ᠂ ︽ᠬᠤᠶᠠᠷ ᠢ ᠰᠤᠭᠤᠴᠢᠵᠦ᠂ ᠨᠢᠭᠡ ᠶᠢ ᠢᠯᠡ ᠪᠤᠯᠭᠠᠬᠤ︾ ᠬᠢᠨᠠᠨ ᠬᠠᠮᠢᠶᠠᠷᠤᠯᠲᠠ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠬᠦᠳᠡᠭᠡ ᠲᠤᠰᠬᠤᠨ ᠤ ᠶᠡᠷᠦᠩᠬᠡᠢ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠠᠭᠠᠭᠠᠴᠢᠯᠠᠭᠰᠠᠨ ᠭᠠᠵᠠᠷ ᠤᠨ ᠦᠮᠴᠢ ᠶᠢᠨ ᠡᠷᠬᠡ᠂ ᠳᠠᠭᠠᠭᠠᠴᠢᠯᠠᠬᠤ ᠡᠷᠬᠡ᠂ ᠡᠵᠡᠩᠨᠡᠬᠦ ᠡᠷᠬᠡ ᠶᠢᠨ ︽ᠭᠤᠷᠪᠠᠨ ᠡᠷᠬᠡ ᠶᠢᠨ ᠬᠤᠪᠢᠶᠠᠷᠢᠯᠠᠯᠲᠠ︾᠎ ᠶᠢᠨ ᠳᠦᠷᠢᠮ ᠢ ᠲᠡᠭᠦᠯᠳᠡᠷᠵᠢᠭᠦᠯᠦᠨ᠎ᠡ᠃ ︽ᠤᠯᠠᠨ ᠦᠨᠡᠮᠯᠡᠯ ᠢ ᠨᠢᠭᠡᠳᠬᠡᠬᠦ︾ ᠳᠠᠩᠰᠠᠯᠠᠬᠤ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠪᠦᠬᠦ ᠶᠠᠪᠤᠴᠠ ᠶᠢᠨ ᠡᠯᠧᠺᠲᠷᠤᠨᠵᠢᠬᠦ ᠶᠢ ᠲᠦᠯᠬᠢᠨ ᠠᠬᠢᠭᠤᠯᠤᠨ᠎ᠠ᠃ ᠡᠳ᠋ ᠤᠨ ᠵᠠᠰᠠᠭ ᠤᠨ ᠪᠠᠶᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠰᠠᠭ ᠤᠨ ᠤᠷᠳᠤᠨ ᠤ ᠪᠡᠯᠡ ᠤᠷᠤᠭᠤᠯᠤᠯᠲᠠ ᠶᠢᠨ ᠲᠦᠷᠦᠯ ᠵᠤᠶᠢᠯ ᠢ ᠰᠢᠯᠭᠠᠷᠠᠭᠤᠯᠬᠤ ᠠᠵᠢᠯ ᠢ ᠲᠡᠭᠦᠯᠳᠡᠷᠵᠢᠭᠦᠯᠵᠦ᠂ ᠵᠠᠰᠠᠭ ᠤᠨ ᠤᠷᠳᠤᠨ ᠤ ᠬᠤᠳᠠᠯᠳᠤᠨ ᠠᠪᠬᠤ ᠤᠶᠢᠯᠡᠴᠢᠯᠡᠭᠡᠨ ᠤ ᠬᠦᠷᠢᠶ᠎ᠡ ᠴᠠᠷ᠎ᠠ ᠶᠢ ᠦᠷᠭᠡᠳᠬᠡᠨ᠎ᠡ᠃ ᠠᠵᠢᠯ ᠤᠶᠢᠯᠡᠰ ᠤᠨ ᠨᠢᠭᠡᠴᠢ ᠶᠢᠨ ᠠᠯᠪᠠᠨ ᠤ ᠲᠡᠷᠭᠡ ᠶᠢᠨ ᠦᠭᠡᠷᠡᠴᠢᠯᠡᠯᠲᠡ ᠶᠢ ᠪᠡᠶᠡᠯᠡᠭᠦᠯᠦᠨ᠎ᠡ᠃ ᠪᠦᠬᠦ ᠲᠠᠯ᠎ᠠ ᠪᠠᠷ ᠨᠡᠭᠡᠭᠡᠨ ᠬᠤᠷᠰᠢᠬᠤ ᠶᠢ ᠪᠠᠷᠢᠮᠲᠠᠯᠠᠨ᠎ᠠ᠃ ᠪᠡᠭᠡᠵᠢᠩ ᠲᠢᠶᠠᠨᠵᠢᠨ ᠾᠧᠪᠧᠢ ᠤᠷᠤᠨ ᠤ ᠬᠠᠮᠲᠤᠷᠠᠨ ᠬᠦᠭᠵᠢᠬᠦ᠂ ︽ᠨᠢᠭᠡ ᠪᠦᠰᠡ ᠨᠢᠭᠡ ᠵᠠᠮ︾ ᠪᠠ ︽ᠳᠤᠮᠳᠠᠲᠦ ᠮᠤᠩᠭᠤᠯ ᠤᠷᠤᠰ ᠤᠨ ᠠᠵᠦ ᠠᠬᠤᠢ ᠶᠢᠨ ᠬᠤᠩᠬᠢᠯ︾᠎ ᠤᠨ ᠪᠦᠲᠦᠭᠡᠨ ᠪᠠᠶᠢᠭᠤᠯᠤᠯᠲᠠ ᠵᠡᠷᠭᠡ ᠴᠢᠬᠤᠯᠠ ᠶᠡᠭᠡ ᠲᠤᠬᠢᠶᠠᠯ ᠢ ᠴᠢᠩᠭ᠎ᠠ ᠠᠳᠬᠤᠨ᠂ ᠨᠠᠶᠢᠰᠯᠡᠯ ᠤᠨ ᠠᠵᠦ ᠤᠶᠢᠯᠡᠰ ᠤᠨ ᠰᠢᠯᠵᠢᠯᠲᠡ ᠪᠠ ᠨᠠᠶᠢᠰᠯᠡᠯ ᠤᠨ ᠴᠢᠳᠠᠮᠵᠢ ᠶᠢ ᠵᠤᠬᠢᠴᠠᠭᠤᠯᠤᠨ ᠨᠡᠪᠲᠡᠷᠡᠭᠦᠯᠬᠦ ᠲᠤᠭᠤᠷᠢᠨ ᠳᠤ᠂  ︽ᠬᠦᠷᠢᠶᠡᠯᠡᠩ ᠲᠤᠭᠤᠷᠢᠭ ᠢ ᠬᠠᠮᠲᠦ ᠪᠠᠷ ᠪᠠᠶᠢᠭᠤᠯᠬᠤ︾ ᠵᠡᠷᠭᠡ ᠬᠡᠪ ᠵᠠᠭᠪᠤᠷ ᠢ ᠰᠦᠪᠡᠭᠴᠢᠯᠡᠵᠦ᠂ ᠭᠠᠵᠠᠷ ᠤᠷᠤᠨ ᠠᠯᠤᠰᠯᠠᠭᠰᠠᠨ᠂ ᠬᠦᠷᠢᠶ᠎ᠡ ᠬᠡᠪᠴᠢᠶ᠎ᠡ ᠠᠯᠤᠰᠯᠠᠭᠰᠠᠨ᠂ ᠤᠯᠠᠨ ᠳᠠᠪᠬᠤᠷᠭᠠᠲᠤ ᠬᠤᠷᠰᠢᠶ᠎ᠠ ᠬᠠᠮᠲᠤᠷᠠᠯᠴᠠᠭᠠᠨ ᠤ ᠲᠣᠭᠲᠠᠯᠴᠠᠭ᠎ᠠ ᠶᠢ ᠡᠭᠦᠰᠬᠡᠨ ᠪᠠᠶᠢᠭᠤᠯᠤᠨ᠎ᠠ᠃ ᠪᠡᠭᠡᠵᠢᠩ ᠲᠢᠶᠠᠨᠵᠢᠨ ᠾᠧᠪᠧᠢ ᠤᠷᠤᠨ ᠤ ᠬᠠᠮᠲᠤᠷᠠᠨ ᠬᠦᠭᠵᠢᠯᠲᠡ ᠶᠢᠨ ᠳᠤᠮᠳᠠ ᠠᠴᠠ ᠰᠢᠨ᠎ᠡ ᠰᠢᠪᠲᠤᠯᠤᠯᠲᠠ ᠶᠢ ᠴᠢᠷᠮᠠᠶᠢᠨ ᠤᠯᠵᠦ᠂ ᠨᠡᠶᠢᠰᠯᠡᠯ ᠤᠨ ᠬᠦᠭᠵᠢᠯᠲᠡ ᠶᠢ ᠬᠠᠮᠲᠦ ᠪᠠᠷ ᠡᠳ᠋ᠯᠡᠬᠦ ᠶᠠᠪᠤᠴᠠ ᠶᠢᠨ ᠳᠤᠮᠳᠠ ᠠᠴᠠ ᠰᠢᠨ᠎ᠡ ᠠᠮᠵᠢᠯᠲᠠ ᠪᠦᠲᠦᠭᠡᠯ ᠢ ᠡᠷᠢᠯᠬᠢᠯᠡᠨ᠎ᠡ᠃ ᠮᠤᠩᠭᠤᠯ ᠱᠠᠨ ᠰᠢ ᠾᠧᠪᠧᠢ ᠶᠢᠨ ᠤᠷᠲᠤ ᠴᠠᠭᠠᠨ ᠬᠡᠷᠡᠮ ︽ᠭᠤᠷᠪᠠᠨ ᠠᠭᠤᠯᠵᠠᠷ︾ ᠤᠷᠤᠨ ᠤ ᠬᠠᠮᠲᠤᠷᠠᠯᠴᠠᠭᠠᠨ ᠳᠤ ᠢᠳᠡᠪᠬᠢᠲᠠᠢ ᠤᠷᠤᠯᠴᠠᠨ᠂ ᠠᠵᠦ ᠤᠶᠢᠯᠡᠰ ᠤᠨ ᠬᠦᠭᠵᠢᠯᠲᠡ ᠶᠢᠨ ᠬᠠᠷᠢᠯᠴᠠᠨ ᠨᠦᠬᠦᠪᠦᠷᠢᠯᠡᠵᠦ ᠬᠠᠷᠢᠯᠴᠠᠨ ᠠᠬᠢᠭᠤᠯᠬᠤ᠂ ᠨᠠᠶᠢᠲᠡ ᠶᠢᠨ ᠤᠶᠢᠯᠡᠴᠢᠯᠡᠭᠡ ᠶᠢ ᠬᠠᠮᠲᠤ ᠪᠠᠷ ᠪᠠᠶᠢᠭᠤᠯᠵᠦ ᠬᠠᠮᠲᠦ ᠪᠠᠷ ᠡᠳ᠋ᠯᠡᠬᠦ ᠵᠡᠷᠭᠡ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠳᠠᠪᠰᠢᠯᠲᠠ ᠶᠢ ᠤᠯᠬᠤ ᠪᠠᠷ ᠴᠢᠷᠮᠠᠶᠢᠨ᠎ᠠ᠃  ᠤᠮᠠᠷᠠᠲᠣ ᠳᠤ ᠬᠠᠨᠳᠤᠨ ᠨᠡᠭᠡᠭᠡᠨ ᠬᠦᠭᠵᠢᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠳᠤᠮᠳᠠᠲᠦ ᠡᠸᠦ᠋ᠷᠦᠫᠡ ᠡᠭᠡᠯᠵᠢ ᠶᠢᠨ ᠸᠠᠭᠤᠨ ᠪᠠ ᠤᠯᠤᠰ ᠤᠨ ᠵᠠᠮ ᠳᠠᠭᠠᠤ ᠤᠯᠤᠰ ᠤᠨ ᠨᠦᠬᠦᠷᠰᠡᠭ ᠬᠤᠲᠠ ᠶᠢᠨ ᠬᠠᠷᠢᠴᠠᠭ᠎ᠠ ᠪᠠᠶᠢᠭᠤᠯᠬᠤ ᠳᠤ ᠲᠦᠰᠢᠭᠯᠡᠨ᠂ ᠠᠭᠠᠷ ᠤᠨ ᠭᠠᠷᠠᠮ ᠤᠨ ᠠᠵᠦ ᠠᠬᠤᠢ ᠪᠠ ᠤᠯᠠᠨ ᠤᠯᠤᠰ ᠤᠨ ᠪᠤᠳᠠᠰ ᠤᠨ ᠭᠦᠢᠯᠭᠡᠭᠡ ᠶᠢ ᠬᠦᠴᠦᠯᠡᠨ ᠬᠦᠭᠵᠢᠭᠦᠯᠵᠦ᠂ ᠤᠷᠤᠰ ᠮᠤᠩᠭᠤᠯ ᠡᠸᠦ᠋ᠷᠦᠫᠡ ᠳᠤ ᠬᠠᠨᠳᠤᠭᠤᠯᠤᠭᠰᠠᠨ᠂ ᠪᠡᠭᠡᠵᠢᠩ ᠲᠢᠶᠠᠨᠵᠢᠨ ᠾᠧᠪᠧᠢ ᠤᠷᠤᠨ ᠳᠤ ᠤᠶᠢᠯᠡᠴᠢᠯᠡᠬᠦ ᠠᠵᠦ ᠠᠬᠤᠢ ᠰᠢᠨᠵᠢᠯᠡᠭᠡ ᠮᠡᠷᠭᠡᠵᠢᠯ ᠤᠨ ᠬᠠᠮᠲᠤᠷᠠᠯᠴᠠᠭᠠᠨ ᠤ ᠤᠷᠤᠨ ᠪᠤᠯᠤᠨ ᠲᠠᠸᠠᠷ ᠤᠨ ᠤᠶᠢᠯᠡᠳᠪᠦᠷᠢᠯᠡᠯ ᠤᠨ ᠠᠷᠠᠯᠵᠢᠶᠠᠨ ᠤ ᠤᠷᠤᠨ ᠢ ᠪᠦᠲᠦᠭᠡᠨ ᠪᠠᠶᠢᠭᠤᠯᠤᠨ᠎ᠠ᠃ ᠬᠤᠳᠠᠯᠳᠤᠭᠠᠴᠢᠨ ᠤᠷᠢᠵᠦ ᠪᠡᠯᠡ ᠤᠷᠤᠭᠤᠯᠬᠤ ᠨᠢ ᠨᠡᠭᠡᠭᠡᠨ ᠬᠠᠮᠲᠤᠷᠠᠬᠤ ᠶᠢ ᠠᠬᠢᠭᠤᠯᠬᠤ ᠴᠢᠬᠤᠯᠠ ᠵᠠᠮ ᠪᠤᠯᠬᠤ ᠶᠢ ᠪᠠᠷᠢᠮᠲᠠᠯᠠᠵᠦ᠂ ᠬᠦᠭᠵᠢᠯᠲᠡ ᠳᠠᠪᠰᠢᠯᠲᠠ ᠶᠢ ᠠᠬᠢᠭᠤᠯᠬᠤ ᠴᠢᠬᠤᠯᠠ ᠬᠦᠳᠡᠯᠭᠡᠭᠦᠷ ᠪᠤᠯᠭᠠᠵᠦ᠂ ᠪᠦᠬᠦ ᠬᠦᠴᠦᠨ ᠴᠢᠳᠠᠯ ᠢᠶᠠᠷ ᠢᠶᠠᠨ ᠦᠷ᠎ᠡ ᠠᠰᠢᠭᠲᠤ ᠪᠡᠯᠡ ᠤᠷᠤᠭᠤᠯᠤᠯᠲᠠ ᠶᠢ ᠦᠷᠭᠡᠳᠬᠡᠨ᠂ ᠬᠦᠭᠵᠢᠯᠲᠡ ᠶᠢᠨ ᠨᠦᠭᠡᠴᠡ ᠬᠦᠴᠦ ᠶᠢ ᠲᠠᠰᠤᠷᠠᠯᠲᠠ ᠦᠭᠡᠢ ᠪᠠᠬᠢᠵᠢᠭᠦᠯᠦᠨ᠎ᠡ᠃ ︽ᠲᠦᠷᠦᠯ ᠵᠤᠶᠢᠯ ᠎ ᠨᠢ ᠡᠷᠬᠢᠮ᠂ ᠤᠶᠢᠯᠡᠴᠢᠯᠡᠭᠡ ᠨᠢ ᠲᠡᠷᠢᠭᠦᠨ ᠳᠤ︾ ᠵᠠᠷᠴᠢᠮ ᠢ ᠪᠠᠲᠤ ᠪᠤᠢ ᠪᠤᠯᠭᠠᠵᠦ᠂ ︽ᠰᠠᠭᠠᠳ ᠦᠭᠡᠢ ᠵᠠᠮ︾᠎ ᠢ ᠬᠢᠨᠠᠨ ᠵᠦᠪᠰᠢᠶᠡᠷᠡᠬᠦ ᠶᠢ ᠲᠡᠭᠦᠯᠳᠡᠷᠵᠢᠭᠦᠯᠵᠦ᠂ ᠠᠵᠦ ᠠᠬᠤᠶᠢᠯᠠᠯ ᠤᠨ ᠪᠡᠯᠡ ᠤᠷᠤᠭᠤᠯᠤᠯᠲᠠ ᠶᠢᠨ ᠲᠦᠷᠦᠯ ᠵᠤᠶᠢᠯ ᠤᠨ ᠠᠮᠠᠯᠠᠯᠲᠠ ᠶᠢᠨ ᠳᠦᠷᠢᠮ ᠲᠤᠭᠲᠠᠭᠠᠯ ᠪᠠ ᠦᠯᠦ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠵᠢᠯ ᠢ ᠲᠤᠷᠰᠢᠬᠤ ᠠᠵᠢᠯ᠂ ᠲᠦᠷᠦᠯ ᠵᠤᠶᠢᠯ ᠤᠨ ᠠᠵᠢᠯᠯᠠᠭᠠᠨ ᠤ ᠪᠦᠬᠦ ᠶᠠᠪᠤᠴᠠ ᠶᠢ ᠤᠷᠤᠯᠠᠨ ᠭᠦᠢᠴᠡᠳᠬᠡᠬᠦ᠂ ᠬᠠᠮᠲᠤᠷᠠᠨ ᠬᠢᠨᠠᠵᠦ ᠵᠦᠪᠰᠢᠶᠡᠷᠡᠬᠦ ᠵᠡᠷᠭᠡ ᠤᠶᠢᠯᠡᠴᠢᠯᠡᠭᠡ ᠶᠢ ᠬᠡᠷᠡᠭᠵᠢᠭᠦᠯᠵᠦ᠂ ᠠᠵᠦ ᠠᠬᠤᠶᠢᠯᠠᠯ ᠪᠤᠯᠤᠨ ᠲᠦᠷᠦᠯ ᠵᠤᠶᠢᠯ ᠳᠤ ᠬᠠᠮᠤᠭ ᠤᠨ ᠰᠢᠯᠢᠳᠡᠭ ᠤᠶᠢᠯᠡᠴᠢᠯᠡᠭᠡᠨ ᠤ ᠤᠷᠴᠢᠨ ᠲᠤᠭᠤᠷᠢᠨ ᠢ ᠬᠠᠩᠭᠠᠬᠤ ᠪᠠᠷ ᠴᠢᠷᠮᠠᠶᠢᠨ᠎ᠠ᠃ ᠬᠤᠳᠠᠯᠳᠤᠭᠠᠴᠢᠨ ᠤᠷᠢᠵᠦ ᠪᠡᠯᠡ ᠤᠷᠤᠭᠤᠯᠬᠤ ᠲᠦᠷᠦ ᠶᠢᠨ ᠪᠤᠳᠤᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠤ᠂ ᠤᠯᠠᠨ ᠳᠠᠪᠬᠤᠷᠭᠠᠲᠦ᠂ ᠤᠯᠠᠨ ᠠᠷᠭ᠎ᠠ ᠵᠠᠮ᠂ ᠤᠯᠠᠨ ᠡᠰᠢᠴᠢᠯᠡᠭᠰᠡᠨ ᠬᠦᠷᠦᠩᠭᠡ ᠤᠷᠤᠭᠤᠯᠤᠭᠴᠢ ᠤᠷᠢᠬᠤ ᠲᠤᠤᠷ ᠢ ᠴᠤᠭᠴᠠᠯᠠᠨ ᠪᠠᠶᠢᠭᠤᠯᠵᠦ᠂ ᠲᠡᠷᠢᠭᠦᠨ ᠳᠡᠰ ᠤᠨ ᠠᠵᠦ ᠤᠶᠢᠯᠡᠰ ᠪᠠ ᠠᠵᠦ ᠤᠶᠢᠯᠡᠰ ᠤᠨ ᠲᠡᠷᠢᠭᠦᠨ ᠳᠡᠰ ᠤᠨ ᠪᠤᠯᠬᠤ ᠶᠢ ᠠᠩᠬᠠᠷᠤᠯ ᠳᠠᠭᠠᠨ ᠠᠪᠴᠦ᠂ ᠴᠢᠳᠠᠮᠠᠭᠠᠢ ᠪᠠᠷ ᠬᠦᠷᠦᠩᠭᠡ ᠤᠷᠤᠭᠤᠯᠤᠭᠴᠢ ᠤᠷᠢᠬᠤ᠂ ᠤᠨᠤᠪᠴᠢᠲᠠᠢ ᠪᠠᠷ ᠬᠦᠷᠦᠩᠭᠡ ᠤᠷᠤᠭᠤᠯᠤᠭᠴᠢ ᠤᠷᠢᠬᠤ ᠶᠢ ᠴᠢᠩᠭᠠᠳᠬᠠᠵᠦ᠂ ᠨᠢᠭᠡ ᠪᠦᠯᠦᠭ ᠡᠷᠡᠭᠦᠯ ᠰᠠᠷᠠᠭᠤᠯ ᠢᠶᠠᠷ ᠬᠦᠭᠵᠢᠬᠦ ᠢᠷᠡᠭᠡᠳᠤᠢ ᠲᠠᠢ᠂ ᠰᠢᠨᠵᠢᠯᠡᠭᠡ ᠮᠡᠷᠭᠡᠵᠢᠯ ᠤᠨ ᠬᠢᠷᠢ ᠲᠦᠪᠰᠢᠨ ᠦᠨᠳᠦᠷ᠂ ᠳᠠᠶᠢᠯᠠᠨ ᠳᠠᠭᠠᠭᠤᠯᠬᠤ ᠴᠢᠳᠠᠪᠦᠷᠢᠲᠠᠢ ᠶᠡᠭᠡ ᠲᠦᠷᠦᠯ ᠵᠤᠶᠢᠯ ᠤᠳ ᠢ ᠰᠢᠮᠳᠠᠨ ᠤᠷᠢᠨ᠎ᠠ᠃ 2022 ᠤᠨ ᠪᠤᠯᠬᠤ ᠳᠤ᠂ ᠳ᠋ᠦᠩᠰᠢᠭᠤᠷ ᠲᠦᠭᠦᠷᠢᠭ ᠠᠴᠠ ᠳᠠᠪᠠᠭᠰᠠᠨ ᠲᠦᠷᠦᠯ ᠵᠤᠶᠢᠯ ᠢ 50 ᠨᠡᠷᠡᠰ᠂ 10 ᠳ᠋ᠦᠩᠰᠢᠭᠤᠷ ᠲᠦᠭᠦᠷᠢᠭ ᠠᠴᠠ ᠳᠠᠪᠠᠭᠰᠠᠨ ᠲᠦᠷᠦᠯ ᠵᠤᠶᠢᠯ ᠢ 5 ᠨᠡᠷᠡᠰ ᠠᠴᠠ ᠳᠡᠭᠡᠭᠰᠢ ᠤᠷᠢᠨ ᠤᠷᠤᠭᠤᠯᠬᠤ ᠪᠠᠷ ᠴᠢᠷᠮᠠᠶᠢᠨ᠎ᠠ᠃     ︵ᠳᠠᠪᠤ︶ ᠪᠤᠬᠢᠷᠳᠤᠯ ᠦᠭᠡᠢ ᠭᠦᠭᠵᠢᠯᠳᠡ ᠶᠢ ᠠᠬᠢᠭᠤᠯᠵᠤ᠂  ᠤᠷᠤᠰᠢᠨ ᠰᠠᠭᠤᠬᠤ ᠳᠤ ᠳᠤᠬᠢᠷᠠᠮᠵᠢᠳᠠᠢ ᠭᠤᠸ᠎ᠠ ᠦᠵᠡᠰᠭᠦᠯᠡᠩ ᠰᠢᠨ᠎ᠡ ᠭᠡᠷ ᠤᠷᠤᠨ ᠢᠶᠠᠨ ᠪᠥᠳᠥᠭᠡᠨ ᠪᠠᠶᠢᠭᠤᠯᠤᠨ᠎ᠠ᠃    ︽ᠨᠤᠮᠢᠨ ᠲᠠᠩᠰᠤᠭ ᠠᠭᠤᠯᠠ ᠤᠰᠤ ᠪᠤᠯ ᠦᠨᠢ ᠮᠦᠩᠬᠡ ᠶᠢᠨ ᠦᠪ ᠬᠦᠷᠦᠩᠭᠡ︾ ᠭᠡᠬᠦ ᠤᠶᠢᠯᠠᠭᠠᠭᠳᠠᠬᠤᠨ ᠢ ᠪᠠᠳᠤ ᠪᠤᠢ ᠪᠤᠯᠭᠠᠵᠤ᠂ ᠤᠷᠴᠢᠨ ᠲᠤᠭᠤᠷᠢᠨ ᠤ ᠬᠠᠮᠠᠭᠠᠯᠠᠯᠳᠠ ᠪᠤᠯᠤᠨ ᠵᠠᠰᠠᠯᠳᠠ ᠶᠢ ᠴᠢᠩᠭᠠᠳᠬᠠᠨ᠂ ᠠᠮᠢ ᠠᠬᠤᠢ ᠎ ᠶᠢᠨ ᠬᠤᠷᠢᠭ᠎ᠠ ᠱᠤᠭᠤᠮ ᠢ ᠪᠠᠳᠤ ᠰᠠᠬᠢᠵᠤ᠂ ᠠᠮᠢ ᠠᠬᠤᠢ ᠶᠢᠨ ᠤᠯᠠᠭᠠᠨ ᠱᠤᠭᠤᠮ ᠳᠤ ᠬᠥᠨᠳᠡᠭᠦ ᠦᠭᠡᠢ ᠪᠠᠶᠢᠵᠤ᠂ ᠪᠤᠬᠢᠷᠳᠤᠯ ᠦᠭᠡᠢ ᠭᠦᠭᠵᠢᠯᠳᠡ᠂ ᠤᠷᠴᠢᠯᠳᠠ ᠭᠦᠭᠵᠢᠯᠳᠡ᠂ ᠳᠤᠤᠷ᠎ᠠ  ᠨᠡᠭᠦᠷᠡᠰᠦᠳᠦᠷᠦᠭᠴᠢ ᠭᠦᠭᠵᠢᠯᠳᠡ ᠶᠢ ᠨᠡᠩ ᠰᠠᠨᠠᠭᠠᠴᠢᠯᠠᠭ᠎ᠠ ᠠᠴᠠ ᠪᠠᠨ ᠭᠦᠭᠵᠢᠭᠦᠯᠦᠨ᠂ ᠠᠷᠠᠳ ᠲᠥᠮᠡᠨ ᠤ ᠡᠳᠦᠷ ᠢᠷᠡᠭᠦᠶ᠎ᠡ ᠨᠡᠮᠡᠭᠳᠡᠵᠦ ᠪᠠᠶᠢᠭ᠎ᠠ ᠭᠤᠸ᠎ᠠ ᠰᠠᠶᠢᠬᠠᠨ ᠠᠮᠢ ᠠᠬᠤᠢ ᠶᠢᠨ ᠤᠷᠴᠢᠨ ᠲᠤᠭᠤᠷᠢᠨ ᠤ ᠳᠤᠬᠠᠢ ᠭᠡᠷᠡᠭᠴᠡᠭᠡ ᠶᠢ ᠳᠠᠰᠤᠷᠠᠯᠳᠠ ᠦᠭᠡᠢ ᠬᠠᠩᠭᠠᠨ᠂ ᠤᠮᠠᠷᠠᠳᠤ ᠬᠢᠵᠠᠭᠠᠷ ᠤᠨ ᠦᠵᠡᠮᠵᠢ ᠶᠢᠨ ᠤᠷᠤᠨ ᠢᠶᠠᠨ ᠨᠡᠩ ᠦᠵᠡᠰᠭᠦᠯᠡᠩᠳᠤ ᠰᠠᠶᠢᠬᠠᠨ ᠪᠤᠯᠭᠠᠨ ᠪᠥᠳᠥᠭᠡᠨ ᠪᠠᠶᠢᠭᠤᠯᠤᠨ᠎ᠠ᠃ ᠠᠮᠢ ᠠᠬᠤᠢ ᠶᠢᠨ ᠪᠥᠳᠥᠭᠡᠨ ᠪᠠᠶᠢᠭᠤᠯᠤᠯᠳᠠ ᠶᠢᠨ ᠬᠠᠮᠠᠭᠠᠯᠠᠯᠳᠠ ᠪᠠ ᠬᠠᠮᠢᠶᠠᠷᠤᠯᠳᠠ ᠶᠢ ᠴᠢᠩᠭᠠᠳᠬᠠᠨ᠎ᠠ᠃ ᠤᠯᠤᠰ ᠠᠴᠠ ᠪᠠᠭᠤᠯᠭᠠᠭᠰᠠᠨ ᠪᠡᠭᠡᠵᠢᠩ ᠲᠢᠶᠠᠨᠵᠢᠨ ᠤ ᠡᠯᠡᠰᠦᠨ ᠰᠢᠭᠤᠭ᠎ᠠ ᠶᠢᠨ ᠡᠬᠢ ᠰᠤᠷᠪᠤᠯᠵᠢ ᠪᠠᠷ ᠭᠤᠤᠯ ᠪᠤᠯᠭᠠᠭᠰᠠᠨ ᠭᠤᠤᠯᠳᠠᠯᠭ᠎ᠠ ᠲᠠᠢ ᠠᠮᠢ ᠠᠬᠤᠢ ᠶᠢᠨ ᠪᠥᠳᠥᠭᠡᠨ ᠪᠠᠶᠢᠭᠤᠯᠤᠯᠳᠠ ᠶᠢᠨ ᠡᠭᠦᠷᠭᠡ ᠎ ᠶᠢ ᠰᠠᠶᠢᠳᠤᠷ ᠭᠡᠷᠡᠭᠵᠢᠭᠦᠯᠵᠦ᠂ ᠵᠠᠰᠠᠮᠠᠯ ᠵᠠᠮ᠂ ᠲᠡᠮᠦᠷ ᠵᠠᠮ ᠳᠠᠭᠠᠦ ᠶᠢᠨ ᠪᠤᠬᠢᠷᠳᠤᠯ ᠦᠭᠡᠢ ᠤᠷᠳᠤ ᠭᠤᠳᠤᠮ ᠤᠨ ᠵᠢᠱᠢᠶ᠎ᠡ ᠦᠵᠡᠭᠦᠯᠭᠦ ᠢᠨᠵᠧᠨᠧᠷᠢᠩ ᠬᠢᠭᠡᠳ ᠭᠤᠤᠯᠳᠠᠯᠭ᠎ᠠ ᠲᠠᠢ ᠤᠷᠤᠨ ᠲᠤᠭᠤᠷᠢᠭ ᠤᠨ ᠨᠤᠭᠤᠭᠠᠷᠠᠭᠤᠯᠤᠯᠳᠠ ᠶᠢᠨ ᠢᠨᠵᠧᠨᠧᠷᠢᠩ ᠢ ᠪᠥᠭᠦ ᠭᠦᠴᠦᠨ ᠢᠶᠠᠷ ᠠᠳᠬᠤᠨ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠪᠤᠯᠤᠨ ᠨᠤᠭᠤ ᠭᠠᠵᠠᠷ ᠢ ᠬᠠᠮᠠᠭᠠᠯᠠᠨ ᠰᠡᠷᠭᠦᠭᠡᠭᠦ ᠶᠢ ᠴᠢᠩᠭᠠᠳᠬᠠᠵᠤ᠂ ᠠᠮᠢ ᠠᠬᠤᠢ ᠶᠢᠨ ᠨᠤᠭᠤᠭᠠᠷᠠᠭᠤᠯᠤᠯᠳᠠ᠂ ᠠᠵᠤ ᠠᠬᠤᠢ ᠶᠢᠨ ᠤᠢ᠂ ᠵᠤᠭᠠᠴᠠᠯ ᠢᠶᠠᠷ ᠭᠤᠤᠯ ᠪᠤᠯᠭᠠᠭᠰᠠᠨ ︽ᠪᠤᠬᠢᠷᠳᠤᠯ ᠦᠭᠡᠢ ᠠᠮᠢ ᠠᠬᠤᠢ ᠶᠢᠨ ᠭᠦᠳᠡᠭᠡ ᠳᠤᠰᠬᠤᠨ︾᠎ ᠢ ᠪᠥᠳᠥᠭᠡᠨ ᠪᠠᠶᠢᠭᠤᠯᠤᠨ᠎ᠠ᠃ ᠪᠥᠳᠥᠭᠡᠨ ᠪᠠᠶᠢᠭᠤᠯᠤᠯᠳᠠ ᠪᠤᠯᠤᠨ ᠬᠠᠮᠠᠭᠠᠯᠠᠯᠳᠠ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠳᠠᠯᠠᠵᠤ᠂ ︽ᠭᠤᠷᠪᠠᠨ ᠠᠭᠤᠯᠠ ᠬᠤᠶᠠᠷ ᠭᠤᠤᠯ︾᠂ ᠵᠠᠮ᠂ ᠴᠡᠴᠡᠷᠯᠢᠭ ᠵᠡᠷᠭᠡ ᠭᠤᠤᠯᠳᠠᠯᠭ᠎ᠠ ᠲᠠᠢ ᠤᠷᠤᠨ ᠲᠤᠭᠤᠷᠢᠭ ᠤᠨ ᠲᠠᠷᠢᠭᠰᠠᠨ ᠤ ᠳᠠᠷᠠᠭᠠᠬᠢ ᠤᠢ ᠮᠤᠳᠤᠨ ᠤ ᠬᠠᠮᠢᠶᠠᠷᠤᠯᠳᠠ ᠪᠤᠯᠤᠨ ᠬᠠᠮᠠᠭᠠᠯᠠᠯᠳᠠ ᠶᠢ ᠴᠢᠩᠭᠠᠳᠬᠠᠨ᠂ ᠤᠢ ᠡᠪᠡᠰᠦᠨ ᠤ ᠭᠠᠯ ᠤᠨ ᠠᠶᠤᠯ ᠢ ᠰᠡᠷᠭᠡᠶᠢᠯᠡᠭᠦ ᠪᠤᠯᠤᠨ ᠮᠠᠯᠵᠢᠬᠤ ᠶᠢ ᠴᠠᠭᠠᠵᠠᠯᠠᠬᠤ ᠠᠵᠢᠯ ᠢ ᠪᠥᠭᠦ ᠭᠦᠴᠦᠨ ᠎ ᠢᠶᠠᠷ ᠠᠳᠬᠤᠵᠤ᠂ ᠬᠢᠯᠪᠠᠷ ᠪᠤᠰᠤ ᠤᠯᠤᠭᠰᠠᠨ ᠠᠮᠢ ᠠᠬᠤᠢ ᠶᠢᠨ ᠪᠥᠳᠥᠭᠡᠨ ᠪᠠᠶᠢᠭᠤᠯᠤᠯᠳᠠ ᠶᠢᠨ ᠦᠷ᠎ᠡ ᠪᠥᠳᠥᠭᠡᠯ ᠎ ᠢ ᠰᠠᠶᠢᠳᠤᠷ ᠬᠠᠮᠠᠭᠠᠯᠠᠨ᠂ ᠪᠤᠬᠢᠷᠳᠤᠯ ᠦᠭᠡᠢ ᠠᠮᠢ ᠠᠬᠤᠢ ᠶᠢᠨ ᠬᠠᠮᠠᠭᠠᠯᠠᠯᠳᠠ ᠶᠢᠨ ᠬᠠᠯᠬᠠᠪᠴᠢ ᠶᠢ ᠪᠠᠶᠢᠭᠤᠯᠤᠨ᠎ᠠ᠃ 2022 ᠤᠨ ᠪᠤᠯᠬᠤ ᠳᠤ ᠬᠤᠳᠠ ᠶᠢᠨ ᠨᠤᠭᠤᠭᠠᠷᠠᠭᠤᠯᠤᠯᠳᠠ ᠶᠢᠨ ᠨᠤᠷᠮ᠎ᠡ ᠶᠢ 40.9% ᠪᠤᠯᠳᠠᠯ᠎ᠠ ᠲᠡᠭᠡᠭᠰᠢᠯᠡᠭᠦᠯᠦᠨ᠂ ᠨᠤᠭᠤᠭᠠᠷᠠᠭᠤᠯᠤᠯᠳᠠ ᠶᠢᠨ ᠪᠥᠷᠭᠦᠴᠡ ᠶᠢᠨ ᠨᠤᠷᠮ᠎ᠠ ᠶᠢ 44.7% ᠪᠤᠯᠭᠠᠵᠤ᠂  ᠬᠥᠮᠥᠨ ᠳᠤᠮᠳᠠᠴᠢ ᠶᠢᠨ ᠴᠡᠴᠡᠷᠯᠢᠭ ᠤᠨ ᠵᠥᠯᠭᠡ ᠭᠠᠵᠠᠷ ᠤᠨ ᠲᠠᠯᠠᠪᠠᠢ ᠶᠢ 29.8  ᠲᠡᠭᠰᠢ ᠲᠥᠷᠪᠡᠯᠵᠢᠨ ᠮᠧᠲᠷ ᠪᠤᠯᠳᠠᠯ᠎ᠠ ᠲᠡᠭᠡᠭᠰᠢᠯᠡᠭᠦᠯᠦᠨ᠂ ᠤᠯᠤᠰ ᠤᠨ ᠠᠮᠢ ᠠᠬᠤᠢ ᠶᠢᠨ ᠴᠡᠴᠡᠷᠯᠢᠭᠳᠦ ᠬᠤᠳᠠ ᠪᠤᠯᠬᠤ ᠪᠠᠷ ᠴᠢᠷᠮᠠᠶᠢᠨ᠎ᠠ᠃ ᠤᠷᠴᠢᠨ ᠲᠤᠭᠤᠷᠢᠨ ᠤ ᠬᠠᠮᠠᠭᠠᠯᠠᠯᠳᠠ ᠶᠢ ᠪᠥᠭᠦ ᠲᠠᠯ᠎ᠠ ᠪᠠᠷ ᠴᠢᠩᠭᠠᠳᠬᠠᠨ᠎ᠠ᠃  ᠨᠠᠮ ᠤᠨ ᠲᠥᠪ ᠬᠤᠷᠢᠶ᠎ᠠ᠂ ᠥᠪᠡᠷᠳᠡᠭᠡᠨ ᠵᠠᠰᠠᠬᠤ ᠤᠷᠤᠨ ᠤ ᠤᠷᠴᠢᠨ ᠠᠬᠤᠢ ᠶᠢᠨ ᠬᠠᠮᠠᠭᠠᠯᠠᠯᠳᠠ ᠶᠢᠨ ᠰᠤᠩᠭᠤᠨ ᠪᠠᠶᠢᠴᠠᠭᠠᠵᠤ ᠴᠡᠭᠴᠡᠯᠡᠨ ᠵᠠᠰᠠᠬᠤ ᠰᠠᠨᠠᠯ ᠢ ᠨᠠᠶᠢᠳᠠᠪᠤᠷᠢᠵᠢᠭᠤᠯᠤᠨ᠂ ᠠᠭᠠᠷ ᠮᠠᠨᠳᠤᠯ᠂ ᠤᠰᠤ᠂ ᠬᠦᠷᠦᠰᠦᠨ ᠤ ᠪᠤᠷᠬᠢᠳᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠎ ᠤ ᠲᠥᠯᠥᠪᠯᠡᠭᠡ ᠶᠢ ᠭᠦᠨᠵᠡᠭᠡᠢ ᠨᠠᠶᠢᠳᠠᠪᠤᠷᠢᠵᠢᠭᠤᠯᠤᠨ᠎ᠠ᠃ ᠪᠥᠭᠦ ᠠᠷᠠᠳ ᠬᠠᠮᠳᠤᠪᠠᠷ ᠵᠠᠰᠠᠬᠤ᠂ ᠡᠭᠢ ᠰᠤᠷᠪᠤᠯᠵᠢ ᠶᠢ ᠰᠡᠷᠭᠡᠶᠢᠯᠡᠨ ᠵᠠᠰᠠᠬᠤ ᠶᠢ ᠪᠠᠷᠢᠮᠳᠠᠯᠠᠨ᠂ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠭᠡᠷᠡᠭᠵᠢᠭᠦᠯᠵᠦ᠂ ᠲᠦᠭᠦᠭᠡᠢ ᠨᠡᠭᠦᠷᠡᠰᠦ ᠶᠢ ᠰᠤᠯᠠ ᠰᠢᠳᠠᠭᠠᠬᠤ ᠶᠢ ᠶᠡᠭᠡ ᠬᠦᠴᠦᠨ ᠢᠶᠠᠷ ᠴᠡᠭᠴᠡᠯᠡᠵᠦ ᠂ 10 ᠠᠭᠤᠷᠰᠢᠯᠳᠠ ᠶᠢᠨ ᠲᠤᠨ ᠠᠴᠠ ᠳᠤᠷᠤᠭᠰᠢᠬᠢ ᠨᠡᠭᠦᠷᠡᠰᠦ ᠰᠢᠳᠠᠭᠠᠬᠤ ᠵᠤᠤᠬ᠎ᠠ ᠶᠢ ᠲᠤᠤᠱᠳᠠᠢ ᠠᠷᠢᠯᠭᠠᠵᠤ᠂ ᠰᠢᠷ᠎ᠠ ᠲᠡᠮᠳᠡᠭᠳᠦ ᠲᠡᠷᠭᠡ ᠪᠤᠯᠤᠨ ᠬᠠᠭᠤᠴᠢᠨ ᠲᠡᠷᠭᠡ ᠶᠢ ᠪᠥᠭᠦᠨ ᠢ ᠲᠠᠶᠠᠭᠳᠠᠨ᠂ ᠡᠪᠦᠯ ᠳᠡᠭᠡᠨ ᠠᠷᠢᠭᠤᠨ ᠴᠡᠪᠡᠷ ᠎ ᠢᠶᠠᠷ ᠲᠤᠯᠠᠭᠠᠯᠠᠬᠤ ᠶᠢ ᠠᠬᠢᠭᠤᠯᠵᠤ᠂ ᠨᠡᠭᠦᠷᠡᠰᠦ ᠶᠢ ᠴᠠᠬᠢᠯᠭᠠᠨ ᠪᠤᠯᠭᠠᠨ ᠥᠭᠡᠷᠡᠴᠢᠯᠡᠭᠦ ᠳᠤᠯᠠᠭᠠᠯᠠᠭ᠎ᠠ ᠶᠢᠨ ᠢᠨᠵᠧᠨᠧᠷᠢᠩ ᠢ ᠭᠡᠷᠡᠭᠵᠢᠭᠦᠯᠦᠨ᠎ᠡ᠃ ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠶᠢ ᠲᠥᠷᠭᠡᠳᠭᠡᠨ᠂ ᠤᠰᠤᠨ ᠤ ᠡᠬᠢ ᠪᠠᠶᠠᠯᠢᠭ ᠤᠨ ᠬᠤᠷᠤᠭᠳᠠᠯ ᠪᠠ ᠪᠥᠳᠥᠭᠡᠨ ᠪᠠᠶᠢᠭᠤᠯᠬᠤ ᠭᠠᠵᠠᠷ ᠵᠡᠷᠭᠡ ᠶᠢᠨ ᠶᠡᠷᠦᠩᠭᠡᠢ ᠭᠡᠮᠵᠢᠶ᠎ᠡ ᠬᠢᠭᠡᠳ ᠭᠦᠴᠦᠯᠡᠴᠡ ᠶᠢ ᠬᠤᠤᠰ ᠢᠶᠠᠷ ᠡᠵᠡᠮᠰᠢᠭᠦ ᠱᠠᠭᠠᠷᠳᠠᠯᠭ᠎ᠠ ᠶᠢ ᠴᠢᠩᠭ᠎ᠠ ᠭᠡᠷᠡᠭᠵᠢᠭᠦᠯᠵᠦ᠂ ︽ᠭᠤᠤᠯ ᠮᠥᠷᠡᠨ ᠤ ᠳᠠᠷᠤᠭ᠎ᠠ︾᠎ ᠶᠢᠨ ᠤᠰᠤᠨ ᠤ ᠠᠮᠢ ᠠᠬᠤᠢ ᠶᠢ ᠬᠠᠮᠠᠭᠠᠯᠠᠬᠤ ᠳᠥᠷᠢᠮ ᠢ ᠬᠢᠨᠠᠮᠠᠭᠠᠢ ᠨᠠᠶᠢᠳᠠᠪᠤᠷᠢᠵᠢᠭᠤᠯᠤᠨ᠂ ᠤᠰᠤᠨ ᠎ ᠤ ᠪᠤᠬᠢᠷᠳᠤᠯ ᠤᠨ ᠪᠤᠳᠠᠰ ᠤᠨ ᠭᠠᠳᠠᠭᠰᠢᠯᠠᠯᠲᠠ ᠢ ᠪᠠᠭᠠᠰᠬᠠᠬᠤ ᠶᠢ ᠪᠠᠷᠢᠮᠲᠠᠯᠠᠵᠦ᠂ ᠤᠤᠭᠤᠬᠤ ᠤᠰᠤᠨ ᠤ ᠡᠭᠢ ᠰᠤᠷᠪᠤᠯᠵᠢ ᠶᠢᠨ ᠬᠠᠮᠠᠭᠠᠯᠠᠯᠳᠠ ᠶᠢ ᠴᠢᠩᠭᠠᠳᠬᠠᠨ᠎ᠠ᠃ ᠬᠥᠷᠥᠰᠥᠨ ᠤ ᠪᠤᠬᠢᠷᠳᠤᠯ ᠢ ᠬᠠᠮᠢᠶᠠᠷᠤᠨ ᠡᠵᠡᠮᠳᠡᠭᠦ ᠶᠢ ᠴᠢᠩᠭᠠᠳᠬᠠᠵᠤ᠂ ᠲᠠᠷᠢᠶᠠᠯᠠᠩ ᠤᠨ ᠤᠯᠠᠨ ᠡᠬᠢᠳᠦ ᠪᠤᠬᠢᠷᠳᠤᠯ ᠢ ᠰᠡᠷᠭᠡᠶᠢᠯᠡᠨ ᠵᠠᠰᠠᠬᠤ ᠶᠢ ᠰᠠᠶᠢᠳᠤᠷ ᠬᠢᠵᠦ᠂ ᠲᠤᠰᠬᠤᠨ ᠤ  ᠤᠷᠤᠨ ᠰᠠᠭᠤᠴᠠ ᠶᠢᠨ ᠤᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠨ᠎ᠡ᠃ ᠤᠷᠴᠢᠨ ᠲᠤᠭᠤᠷᠢᠨ ᠢ ᠬᠢᠨᠠᠨ ᠬᠠᠮᠢᠶᠠᠷᠬᠤ ᠲᠤᠤᠷᠵᠢᠯᠳᠠ ᠶᠢᠨ ᠬᠠᠮᠢᠶᠠᠷᠤᠯᠳᠠ ᠶᠢ ᠭᠦᠨᠵᠡᠭᠡᠶᠢᠷᠡᠭᠦᠯᠵᠦ᠂ ᠤᠷᠴᠢᠨ ᠠᠬᠤᠢ ᠶᠢᠨ ᠬᠠᠦᠯᠢ ᠭᠡᠷᠡᠭᠵᠢᠭᠦᠯᠭᠦ ᠶᠢ ᠴᠢᠩᠭᠠᠳᠬᠠᠨ᠂ ᠪᠠᠶᠢᠭᠤᠯᠭ᠎ᠠ ᠨᠢᠭᠡᠴᠡ ᠶᠢᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠬᠠᠮᠢᠶᠠᠷᠬᠤ ᠶᠢ ᠠᠬᠢᠭᠤᠯᠤᠨ᠂ ᠤᠷᠴᠢᠨ ᠲᠤᠭᠤᠷᠢᠨ ᠤ ᠬᠠᠦᠯᠢ ᠶᠢ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠥᠭᠭᠦ ᠥᠨᠳᠥᠷ ᠳᠠᠷᠤᠴᠠ ᠶᠢᠨ ᠪᠠᠶᠢᠳᠠᠯ ᠢ ᠭᠡᠵᠢᠶᠡᠳᠡ ᠪᠠᠷᠢᠮᠳᠠᠯᠠᠨ᠎ᠠ᠃ ᠵᠠᠰᠠᠭ ᠤᠨ ᠤᠷᠳᠤᠨ ᠎ ᠢᠶᠠᠷ ᠭᠤᠤᠯ ᠤᠳᠤᠷᠢᠳᠤᠮᠵᠢ ᠪᠤᠯᠭᠠᠭᠰᠠᠨ᠂ ᠠᠵᠤ ᠠᠬᠤᠶᠢᠯᠠᠯ ᠢᠶᠠᠷ ᠭᠤᠤᠯ ᠴᠤᠭᠴᠠ ᠪᠤᠯᠭᠠᠭᠰᠠᠨ᠂ ᠨᠡᠶᠢᠭᠡᠮ ᠤᠨ ᠵᠤᠬᠢᠶᠠᠨ ᠪᠠᠶᠢᠭᠤᠯᠤᠯᠳᠠ ᠪᠤᠯᠤᠨ ᠤᠯᠠᠨ ᠨᠡᠶᠢᠳᠡ ᠪᠠᠷ ᠢᠶᠠᠨ ᠬᠠᠮᠳᠤᠪᠠᠷ ᠤᠷᠤᠯᠴᠠᠭᠰᠠᠨ ᠤᠷᠴᠢᠨ ᠲᠤᠭᠤᠷᠢᠨ ᠢ ᠴᠡᠭᠴᠡᠯᠡᠨ ᠵᠠᠰᠠᠬᠤ ᠶᠢ ᠢᠳᠡᠪᠬᠢᠳᠡᠢ ᠪᠠᠶᠢᠭᠤᠯᠤᠨ᠂ ᠪᠥᠭᠦ ᠨᠡᠶᠢᠭᠡᠮ ᠤᠨ ᠤᠷᠴᠢᠨ ᠲᠤᠭᠤᠷᠢᠨ ᠤ ᠦᠵᠡᠯ ᠤᠬᠠᠮᠰᠠᠷ ᠪᠤᠯᠤᠨ ᠤᠯᠠᠨ ᠨᠡᠶᠢᠳᠡ ᠶᠢᠨ ᠤᠷᠤᠯᠴᠠᠬᠤ ᠭᠡᠮᠵᠢᠶ᠎ᠡ ᠶᠢ ᠳᠡᠭᠡᠭᠰᠢᠯᠡᠭᠦᠯᠦᠨ᠂ ᠡᠨᠡᠭᠦ ᠴᠡᠯᠮᠡᠭ ᠲᠡᠭᠷᠢ ᠴᠡᠩᠭᠡᠭ ᠤᠰᠤ ᠎ ᠪᠠᠨ ᠰᠠᠶᠢᠳᠤᠷ ᠬᠠᠮᠠᠭᠠᠯᠠᠨ᠎ᠠ᠃ ᠪᠤᠬᠢᠷᠳᠤᠯ ᠦᠭᠡᠢ ᠦᠢᠯᠡᠳᠪᠦᠷᠢᠯᠡᠯ ᠠᠮᠢᠳᠤᠷᠠᠯ ᠤᠨ ᠠᠷᠭ᠎ᠠ ᠭᠡᠯᠪᠡᠷᠢ ᠶᠢᠨ ᠪᠥᠷᠢᠯᠳᠦᠭᠦ ᠶᠢ ᠠᠬᠢᠭᠤᠯᠤᠨ᠎ᠠ᠃ ᠡᠬᠢ ᠪᠠᠶᠠᠯᠢᠭ ᠤᠨ ᠠᠰᠢᠭᠯᠠᠯᠳᠠ ᠶᠢ ᠠᠷᠪᠢᠯᠠᠨ ᠭᠠᠮᠨᠠᠭᠰᠠᠨ᠂ ᠦᠢᠯᠡᠳᠪᠦᠷᠢᠯᠡᠯ ᠎ ᠤᠨ ᠶᠠᠪᠤᠴᠠ ᠶᠢ ᠴᠡᠪᠡᠷ ᠴᠡᠮᠴᠡᠭᠡᠷ ᠪᠤᠯᠭᠠᠭᠰᠠᠨ᠂ ᠬᠠᠶᠠᠭᠳᠠᠮᠠᠯ ᠪᠤᠳᠠᠰ ᠤᠨ ᠰᠢᠢᠳᠪᠦᠷᠢᠯᠡᠯᠳᠡ ᠶᠢ ᠬᠤᠤᠷ ᠦᠭᠡᠢ ᠪᠤᠯᠭᠠᠭᠰᠠᠨ᠂ ᠠᠵᠤ ᠦᠢᠯᠡᠰ ᠤᠨ ᠭᠡᠯᠬᠢᠶ᠎ᠡ ᠶᠢᠨ ᠤᠷᠴᠢᠯᠵᠢᠭᠤᠯᠤᠯᠳᠠ ᠶᠢ ᠪᠥᠭᠦ ᠲᠠᠯ᠎ᠠ ᠪᠠᠷ ᠠᠬᠢᠭᠤᠯᠵᠤ᠂ ᠪᠤᠬᠢᠷᠳᠤᠯ ᠦᠭᠡᠢ ᠦᠢᠯᠡᠳᠪᠦᠷᠢᠯᠡᠯ ᠤᠨ ᠲᠤᠭᠲᠠᠯᠴᠠᠭ᠎ᠠ ᠶᠢ ᠪᠠᠶᠢᠭᠤᠯᠤᠨ᠎ᠠ᠃ ᠰᠢᠨ᠎ᠡ ᠪᠠᠷ ᠨᠡᠮᠡᠭᠳᠡᠭᠰᠡᠨ ᠪᠥᠳᠥᠭᠡᠨ ᠪᠠᠶᠢᠭᠤᠯᠤᠯᠳᠠ ᠳᠤ ᠭᠡᠷᠡᠭᠯᠡᠭᠦ ᠭᠠᠵᠠᠷ ᠤᠨ ᠬᠢᠨᠠᠯᠳᠠ ᠬᠠᠮᠢᠶᠠᠷᠤᠯᠳᠠ ᠶᠢ ᠴᠢᠩᠭᠠᠳᠬᠠᠨ᠂ ᠵᠥᠪᠰᠢᠶᠡᠷᠡᠭᠰᠡᠨ ᠪᠤᠯᠪᠠᠴᠤ ᠬᠠᠩᠭᠠᠭᠰᠠᠨ ᠦᠭᠡᠢ᠂ ᠬᠠᠩᠭᠠᠭᠰᠠᠨ ᠪᠤᠯᠪᠠᠴᠤ ᠭᠠᠵᠠᠷ ᠢᠶᠠᠨ ᠭᠡᠷᠡᠭᠯᠡᠭᠰᠡᠨ ᠦᠭᠡᠢ ᠪᠠᠶᠢᠳᠠᠯ ᠢ ᠪᠥᠭᠦ ᠲᠠᠯ᠎ᠠ ᠪᠠᠷ ᠴᠡᠭᠴᠡᠯᠡᠵᠦ᠂ ᠭᠠᠵᠠᠷ ᠲᠠᠷᠢᠶ᠎ᠠ ᠶᠢ ᠬᠠᠦᠯᠢ ᠪᠤᠰᠤ ᠪᠠᠷ ᠬᠡᠷᠡᠭᠯᠡᠬᠦ ᠶᠢ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠵᠦ᠂ ᠭᠠᠵᠠᠷ ᠬᠠᠩᠭᠠᠬᠤ ᠨᠤᠷᠮ᠎ᠡ ᠪᠤᠯᠤᠨ ᠡᠷᠴᠢᠮᠵᠢᠭᠦᠯᠦᠨ ᠠᠰᠢᠭᠯᠠᠬᠤ ᠬᠢᠷᠢ ᠲᠥᠪᠰᠢᠨ ᠢ ᠲᠡᠭᠡᠭᠰᠢᠯᠡᠭᠦᠯᠦᠨ᠎ᠡ᠃ ᠠᠮᠢ ᠠᠬᠤᠢ ᠶᠢᠨ ᠬᠠᠮᠠᠭᠠᠯᠠᠯᠳᠠ ᠶᠢᠨ ᠬᠤᠷᠢᠭ᠎ᠠ ᠱᠤᠭᠤᠮ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠬᠤᠳᠠ ᠪᠠᠯᠭᠠᠰᠤ ᠶᠢᠨ ᠨᠡᠭᠡᠭᠡᠯᠳᠡ ᠶᠢᠨ ᠵᠠᠭᠠᠭ ᠭᠠᠵᠠᠷ ᠵᠡᠷᠭᠡ ᠭᠤᠷᠪᠠᠨ ᠵᠦᠢᠯ ᠤᠨ ᠡᠵᠡᠮᠳᠡᠭᠦ ᠱᠤᠭᠤᠮ ᠢ ᠲᠥᠯᠥᠪᠯᠡᠨ ᠳᠤᠭᠳᠠᠭᠠᠬᠤ ᠠᠵᠢᠯ ᠢ ᠪᠡᠶᠡᠯᠡᠭᠦᠯᠦᠨ᠎ᠡ᠃ ᠲᠥᠷᠥᠯ ᠵᠦᠢᠯ ᠢ ᠵᠥᠪᠰᠢᠶᠡᠷᠡᠭᠦ ᠪᠤᠭᠤᠮᠳᠠ ᠶᠢ ᠴᠢᠩᠭ᠎ᠠ ᠰᠠᠬᠢᠵᠤ᠂ ᠡᠨᠧᠷᠭᠢ ᠶᠢᠨ ᠪᠤᠬᠢᠷᠳᠤᠯ ᠪᠤᠯᠤᠨ ᠪᠤᠬᠢᠷᠳᠤᠯ ᠪᠤᠳᠠᠰ ᠤᠨ ᠭᠠᠳᠠᠭᠰᠢᠯᠠᠭᠤᠯᠤᠯᠳᠠ ᠶᠢ ᠴᠢᠩᠭ᠎ᠠ ᠡᠵᠡᠮᠳᠡᠨ᠂ ᠤᠷᠴᠢᠨ ᠲᠤᠭᠤᠷᠢᠨ ᠤ ᠶᠠᠰᠤ ᠴᠢᠨᠠᠷ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃ ᠪᠥᠭᠦ ᠠᠷᠠᠳ ᠢᠶᠠᠷ ᠢᠶᠠᠨ ᠡᠨᠧᠷᠭᠢ ᠠᠷᠪᠢᠯᠠᠬᠤ ᠠᠵᠢᠯᠯᠠᠭᠠᠨ ᠤ ᠲᠥᠯᠥᠪᠯᠡᠭᠡ ᠶᠢ ᠭᠡᠷᠡᠭᠵᠢᠭᠦᠯᠵᠦ᠂ ᠠᠷᠪᠢᠯᠠᠨ ᠭᠠᠮᠨᠠᠬᠤ ᠭᠡᠯᠪᠡᠷᠢ ᠶᠢᠨ  ᠪᠠᠶᠢᠭᠤᠯᠣᠯᠭ᠎ᠠ᠂ ᠪᠤᠬᠢᠷᠳᠤᠯ ᠦᠭᠡᠢ ᠭᠡᠷ ᠪᠥᠯᠢ᠂ ᠪᠤᠬᠢᠷᠳᠤᠯ ᠦᠭᠡᠢ ᠰᠤᠷᠭᠠᠭᠤᠯᠢ᠂ ᠪᠤᠬᠢᠷᠳᠤᠯ ᠦᠭᠡᠢ ᠨᠡᠶᠢᠭᠡᠮ ᠲᠤᠭᠤᠷᠢᠭ ᠪᠤᠯᠤᠨ ᠪᠤᠬᠢᠷᠳᠤᠯ ᠦᠭᠡᠢ ᠪᠠᠷ  ᠭᠠᠳᠠᠭᠰᠢᠯᠠᠭᠤᠯᠬᠤ ᠵᠡᠷᠭᠡ ᠠᠵᠢᠯᠯᠠᠭ᠎ᠠ ᠶᠢ ᠢᠳᠡᠪᠬᠢᠳᠡᠢ ᠥᠷᠨᠢᠭᠦᠯᠦᠨ᠂ ᠪᠥᠭᠦ ᠠᠷᠠᠳ ᠢᠶᠠᠷ ᠢᠶᠠᠨ ᠠᠮᠢ ᠠᠬᠤᠢ ᠶᠢᠨ ᠪᠤᠯᠪᠠᠰᠤᠨ ᠢ ᠬᠠᠮᠳᠤᠪᠠᠷ ᠪᠠᠶᠢᠭᠤᠯᠬᠤ ᠰᠠᠶᠢᠨ ᠰᠠᠶᠢᠬᠠᠨ ᠭᠡᠪ ᠰᠤᠷᠳᠠᠯ ᠎ ᠤᠨ ᠪᠤᠢ ᠪᠤᠯᠬᠤ ᠶᠢ ᠠᠬᠢᠭᠤᠯᠤᠨ᠎ᠠ᠃     ︵ᠵᠢᠷᠭᠤᠭ᠎ᠠ︶ ᠠᠷᠠᠳ ᠤᠨ ᠠᠮᠢᠳᠤᠷᠠᠯ ᠤᠨ ᠠᠰᠢᠭ ᠬᠦᠷᠲᠡᠭᠡᠮᠵᠢ ᠶᠢ ᠰᠠᠶᠢᠵᠢᠷᠠᠭᠤᠯᠵᠦ᠂ ᠵᠤᠯ ᠵᠢᠷᠭᠠᠯᠲᠦ ᠪᠤᠯᠪᠠᠰᠤᠨ ᠡᠶ᠎ᠡ ᠵᠤᠬᠢᠴᠠᠯᠲᠤ ᠰᠢᠨ᠎ᠡ ᠪᠠᠶᠢᠳᠠᠯ ᠢ ᠪᠤᠢ ᠪᠤᠯᠭᠠᠨ᠎ᠠ    ᠠᠷᠠᠳ ᠲᠥᠮᠡᠨ ᠢᠶᠠᠷ ᠭᠤᠤᠯ ᠪᠤᠯᠭᠠᠭᠰᠠᠨ ᠭᠦᠭᠵᠢᠯᠳᠡ ᠶᠢᠨ ᠰᠡᠳᠬᠢᠴᠡ ᠶᠢ ᠦᠢᠯᠡᠳᠦᠯᠭᠡᠵᠢᠭᠦᠯᠵᠦ᠂ ᠠᠷᠠᠳ ᠲᠥᠮᠡᠨ ᠤ ᠠᠰᠢᠭ ᠳᠤᠰᠠ ᠶᠢ ᠭᠡᠵᠢᠶᠡᠳᠡ ᠥᠨᠳᠥᠷ ᠪᠠᠶᠢᠷᠢᠨ ᠳᠤ ᠲᠠᠯᠪᠢᠵᠤ᠂ ᠥᠭᠡᠷᠡᠴᠢᠯᠡᠯᠳᠡ ᠭᠦᠭᠵᠢᠯᠳᠡ ᠶᠢᠨ ᠦᠷ᠎ᠡ ᠪᠥᠳᠥᠭᠡᠯ ᠢ ᠨᠡᠩ ᠡᠷᠭᠡ ᠲᠡᠭᠰᠢ ᠪᠠᠷ ᠪᠥᠭᠦ ᠠᠷᠠᠳ ᠲᠥᠮᠡᠨ ᠳᠤ ᠡᠳ᠋ᠯᠡᠭᠦᠯᠦᠨ᠂ ᠠᠷᠠᠳ ᠲᠥᠮᠡᠨ ᠤ ᠤᠯᠤᠯᠳᠠ ᠶᠢᠨ ᠲᠥᠷᠥᠭᠳᠡᠯ᠂ ᠵᠤᠯ ᠵᠢᠷᠭᠠᠯᠳᠤ ᠲᠥᠷᠥᠭᠳᠡᠯ᠂ ᠠᠮᠤᠷ ᠲᠥᠪᠰᠢᠨ ᠲᠥᠷᠥᠭᠳᠡᠯ ᠤᠯᠬᠤ ᠶᠢ ᠨᠡᠩ ᠢᠯᠡᠭᠦᠦ ᠲᠡᠭᠦᠯᠳᠡᠷᠵᠢᠭᠦᠯᠦᠨ ᠪᠠᠳᠤᠯᠠᠵᠤ᠂ ᠨᠡᠩ ᠥᠷᠭᠦᠯᠵᠢᠳᠡ ᠶᠢᠨ ᠪᠤᠯᠭᠠᠨ᠎ᠠ᠃ ᠶᠠᠳᠠᠭᠤ ᠠᠴᠠ ᠠᠩᠭᠢᠵᠢᠷᠠᠭᠤᠯᠵᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠡᠷᠡᠰ ᠢᠯᠠᠨ᠎ᠠ᠃ ︽ᠬᠤᠶᠠᠷ ᠵᠤᠪᠠᠭ᠋ᠤ ᠦᠭᠡᠢ᠂ ᠭᠤᠷᠪᠠᠨ ᠪᠠᠳᠤᠯᠠᠭ᠎ᠠ︾ ᠎ ᠶᠢᠨ ᠬᠠᠷᠠᠯᠳᠠ ᠶᠢᠨ ᠲᠤᠭᠤᠷᠢᠨ ᠳᠤ᠂ ︽ᠲᠠᠪᠤᠨ ᠨᠢᠭᠡ ᠪᠥᠯᠥᠭ︾ ᠪᠠ ︽ᠵᠢᠷᠭᠤᠭᠠᠨ ᠤᠨᠤᠪᠴᠢᠳᠠᠢ︾ ᠶᠠᠳᠠᠭᠤ ᠎ ᠠᠴᠠ ᠠᠩᠭᠢᠵᠢᠷᠠᠭᠤᠯᠬᠤ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠤᠳᠤᠷᠢᠳᠤᠯᠭ᠎ᠠ ᠪᠠᠨ ᠴᠢᠩᠭᠠᠳᠬᠠᠨ ᠬᠠᠷᠢᠭᠤᠴᠠᠯᠭ᠎ᠠ ᠪᠠᠨ ᠳᠦᠷᠢᠮᠵᠢᠭᠦᠯᠵᠦ᠂ ᠡᠯ᠎ᠡ ᠵᠦᠢᠯ ᠤᠨ ᠶᠠᠳᠠᠭᠤ ᠶᠢ ᠳᠡᠳᠭᠦᠭᠦ ᠲᠥᠷᠥ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠦᠨᠡᠨᠬᠦ ᠰᠠᠶᠢᠳᠤᠷ ᠠᠳᠬᠤᠵᠤ᠂ ᠨᠡᠶᠢᠭᠡᠮ ᠤᠨ ᠪᠠᠳᠤᠯᠠᠭ᠎ᠠ ᠶᠢ ᠪᠥᠭᠦᠨ ᠢ ᠬᠠᠮᠤᠷᠬᠤ᠂ ᠮᠥᠩᠭᠦᠨ ᠭᠦᠢᠯᠭᠡᠭᠡ ᠪᠠᠷ ᠶᠠᠳᠠᠭᠤ ᠶᠢ ᠳᠡᠳᠭᠦᠭᠦ᠂ ᠠᠵᠤ ᠤᠶᠢᠯᠡᠰ ᠢᠶᠠᠷ ᠶᠠᠳᠠᠭᠤ ᠶᠢ ᠳᠡᠳᠭᠦᠭᠦ᠂ ᠡᠷᠡᠭᠦᠯ ᠡᠩᠭᠡ ᠡᠮ ᠡᠮᠨᠡᠯᠭᠡ ᠪᠠᠷ ᠶᠠᠳᠠᠭᠤ ᠶᠢ ᠳᠡᠳᠭᠦᠭᠦ᠂ ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠭᠦᠭᠦ᠂ ᠳᠤᠰᠬᠤᠨ ᠤ ᠨᠡᠶᠢᠳᠡ ᠶᠢᠨ ᠠᠵᠤ ᠠᠬᠤᠢ ᠶᠢ ᠭᠦᠭᠵᠢᠭᠦᠯᠦᠨ ᠪᠤᠵᠠᠭᠠᠶᠢᠷᠠᠭᠤᠯᠬᠤ ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠤᠨ ᠵᠢᠩᠭᠢᠨᠢ ᠪᠠᠷ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠦᠨ᠎ᠡ᠃ ᠠᠵᠢᠯ ᠤᠯᠭᠤᠵᠤ ᠠᠳᠠᠯ ᠦᠢᠯᠡᠰ ᠪᠤᠰᠬᠠᠬᠤ ᠎ ᠶᠢ ᠢᠳᠡᠪᠬᠢᠳᠡᠢ ᠪᠠᠷ ᠥᠷᠭᠡᠳᠭᠡᠨ᠎ᠡ᠃ ᠠᠵᠢᠯ ᠤᠯᠭᠤᠬᠤ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠪᠤᠯᠤᠨ ᠠᠵᠢᠯ ᠤᠯᠭᠤᠬᠤ ᠲᠥᠷᠥ ᠶᠢᠨ ᠪᠤᠳᠤᠯᠭ᠎ᠠ ᠶᠢ ᠢᠳᠡᠪᠬᠢᠳᠡᠢ ᠪᠠᠷ ᠪᠠᠷᠢᠮᠳᠠᠯᠠᠨ᠂ ᠠᠵᠢᠯ ᠤᠯᠬᠤ ᠳᠤ ᠭᠦᠴᠢᠷᠳᠡᠢ ᠬᠦᠮᠦᠰ᠂ ᠶᠡᠭᠡ ᠰᠤᠷᠭᠠᠭᠤᠯᠢ ᠠᠴᠠ ᠲᠡᠭᠦᠰᠦᠭᠰᠡᠨ ᠤᠶᠤᠳᠠᠳ᠂ ᠠᠵᠢᠯ ᠦᠭᠡᠢ ᠭᠡᠷ ᠪᠥᠯᠢ᠂  ᠴᠡᠷᠢᠭ ᠎ ᠠᠴᠠ ᠬᠠᠯᠠᠭᠳᠠᠭᠰᠠᠳ ᠪᠠ ᠰᠢᠯᠵᠢᠭᠰᠡᠨ ᠴᠡᠷᠢᠭ ᠵᠡᠷᠭᠡ ᠭᠤᠤᠯᠳᠠᠯᠭ᠎ᠠ ᠲᠠᠢ ᠬᠦᠮᠦᠰ ᠤᠨ ᠠᠵᠢᠯ ᠤᠯᠭᠤᠯᠳᠠ ᠶᠢ ᠲᠥᠯᠥᠪᠵᠢᠭᠦᠯᠦᠨ ᠠᠬᠢᠭᠤᠯᠤᠨ᠎ᠠ᠃ ᠠᠳᠠᠯ ᠦᠢᠯᠡᠰ ᠪᠤᠰᠬᠠᠬᠤ ᠬᠦᠷᠢᠶᠡᠯᠡᠩ ᠲᠤᠭᠤᠷᠢᠭ ᠵᠡᠷᠭᠡ ᠠᠳᠠᠯ ᠦᠢᠯᠡᠰ ᠪᠤᠰᠬᠠᠬᠤ ᠳᠠᠪᠴᠠᠩ ᠤᠨ ᠪᠥᠳᠥᠭᠡᠨ ᠪᠠᠶᠢᠭᠤᠯᠤᠯᠳᠠ ᠶᠢ ᠰᠠᠶᠢᠳᠤᠷ ᠠᠳᠬᠤᠨ᠂ ᠬᠠᠮᠲᠤᠪᠡᠷ ᠪᠤᠰᠬᠠᠬᠤ᠂ ᠬᠠᠮᠲᠦᠪᠡᠷ ᠳᠠᠭᠠᠭᠠᠴᠢᠯᠠᠬᠤ᠂ ᠬᠠᠮᠲᠦᠪᠡᠷ ᠳᠡᠮᠵᠢᠬᠦ᠂ ᠬᠠᠮᠲᠦᠪᠡᠷ ᠪᠠᠵᠠᠭᠠᠬᠤ ᠵᠡᠷᠭᠡ ᠰᠢᠨ᠎ᠡ ᠡᠵᠡᠩᠨᠡᠯᠳᠡ ᠶᠢᠨ ᠬᠡᠯᠪᠡᠷᠢ ᠰᠢᠨ᠎ᠡ ᠬᠡᠪ ᠵᠠᠭᠪᠦᠷ ᠢ ᠪᠤᠶᠢᠵᠢᠭᠤᠯᠤᠨ ᠬᠦᠭᠵᠢᠭᠦᠯᠵᠦ᠂  ᠤᠯᠠᠨ ᠲᠦᠮᠡᠨ ᠢᠶᠠᠷ ᠢᠶᠠᠨ ᠤᠶᠢᠯᠡᠰ ᠪᠤᠰᠬᠠᠬᠤ᠂ ᠦᠢ ᠲᠦᠮᠡᠨ ᠎ ᠢᠶᠠᠷ ᠢᠶᠠᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠤᠨ᠎ᠠ᠃ ᠠᠵᠢᠯ ᠤᠯᠬᠤ ᠳᠤ ᠬᠦᠴᠢᠷᠲᠠᠢ ᠬᠦᠮᠦᠰ ᠤᠨ ᠴᠢᠳᠠᠪᠦᠷᠢ ᠶᠢᠨ ᠪᠤᠯᠪᠠᠰᠤᠷᠠᠯ ᠪᠠ ᠠᠵᠢᠯ ᠤᠯᠭᠤᠯᠲᠠ ᠶᠢ ᠬᠠᠪᠰᠤᠷᠤᠨ ᠳᠡᠳᠬᠦᠬᠦ ᠶᠢ ᠴᠢᠩᠭᠠᠳᠬᠠᠵᠦ᠂ ᠤᠯᠠᠨ ᠨᠠᠶᠢᠲᠡ ᠶᠢᠨ ᠠᠵᠢᠯ ᠤᠯᠭᠤᠯᠲᠠ ᠶᠢᠨ ᠤᠶᠢᠯᠡᠴᠢᠯᠡᠭᠡ ᠶᠢ ᠪᠦᠬᠦ ᠲᠠᠯ᠎ᠠ ᠪᠠᠷ ᠬᠠᠩᠭᠠᠵᠦ᠂ ᠤᠯᠠᠨ ᠠᠷᠭ᠎ᠠ ᠵᠠᠮ ᠢᠶᠠᠷ ᠠᠵᠢᠯ ᠤᠯᠵᠦ ᠤᠶᠢᠯᠡᠰ ᠪᠤᠰᠬᠠᠬᠤ ᠶᠢ ᠠᠬᠢᠭᠤᠯᠵᠦ᠂ ᠬᠤᠲᠠ ᠪᠠᠯᠭᠠᠰᠤ  ᠎ ᠶᠢᠨ ᠳᠠᠩᠰᠠᠯᠠᠭᠰᠠᠨ ᠠᠵᠢᠯ ᠠᠯᠳᠠᠬᠤ ᠨᠤᠷᠮ᠎ᠠ ᠶᠢ 4%᠎ ᠶᠢᠨ ᠳᠤᠳᠤᠷ᠎ᠠ ᠪᠠᠶᠢᠯᠭᠠᠨ᠎ᠠ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ ᠃ ᠬᠤᠷᠢᠭ᠎ᠠ ᠰᠤᠭᠤᠮ ᠢ ᠪᠠᠲᠤᠯᠠᠬᠤ᠂ ᠨᠢᠭᠲᠠ ᠲᠤᠤᠷ ᠢ ᠪᠦᠷᠢᠳᠦᠭᠦᠯᠬᠦ ᠲᠤᠭᠲᠠᠯᠴᠠᠭ᠎ᠠ ᠶᠢ ᠪᠠᠶᠢᠭᠤᠯᠬᠤ ᠰᠭᠠᠷᠳᠠᠯᠭ᠎ᠠ ᠶᠢᠨ ᠶᠤᠰᠤᠭᠠᠷ᠂ ᠪᠦᠬᠦ ᠠᠷᠠᠳ ᠢ ᠬᠠᠮᠤᠷᠤᠭᠰᠠᠨ᠂ ᠬᠤᠲᠠ ᠬᠦᠳᠡᠭᠡ ᠶᠢ ᠨᠢᠭᠡᠳᠦᠯᠲᠠᠢ ᠲᠦᠯᠦᠪᠯᠡᠬᠦ᠂ ᠡᠷᠬᠡ ᠬᠠᠷᠢᠭᠤᠴᠠᠯᠭ᠎ᠠ ᠨᠢ ᠲᠤᠳᠤᠷᠬᠠᠢ᠂ ᠪᠠᠲᠤᠯᠠᠭ᠎ᠠ ᠨᠢ ᠲᠤᠬᠢᠷᠠᠮᠵᠢᠲᠠᠢ᠂  ᠨᠦᠭᠡᠴᠡ ᠲᠠᠢ ᠤᠯᠠᠨ ᠳᠠᠪᠬᠤᠷᠭᠠᠲᠦ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠤᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠤᠷᠤᠯᠴᠠᠬᠤ ᠲᠦᠯᠦᠪᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠤᠲᠠ ᠪᠠᠯᠭᠠᠰᠤᠨ ᠤ ᠠᠵᠢᠯᠲᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠪᠠ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠳᠦᠷᠢᠮ ᠢ ᠲᠡᠭᠦᠯᠳᠡᠷᠵᠢᠭᠦᠯᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠤᠨ  ᠡᠮᠴᠢᠯᠡᠭᠡ ᠶᠢᠨ ᠳᠠᠭᠠᠳᠬᠠᠯ ᠤᠨ ᠳᠦᠷᠢᠮ ᠪᠠ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠢ ᠨᠢᠭᠡᠳᠦᠯᠳᠡᠢ ᠲᠡᠭᠦᠯᠳᠡᠷᠵᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠬᠠᠮᠤᠷᠤᠯᠳᠠ ᠶᠢᠨ ᠨᠤᠷᠮ᠎ᠠ ᠶᠢ 100%᠎ ᠳᠤ ᠬᠦᠷᠭᠡᠶ᠎ᠡ᠃ ᠬᠤᠲᠠ ᠬᠦᠳᠡᠭᠡ ᠶᠢᠨ ᠨᠡᠶᠢᠭᠡᠮ ᠤᠨ ᠲᠤᠰᠠᠯᠠᠮᠵᠢ᠂ ᠭᠠᠮᠰᠢᠭ ᠢ ᠰᠡᠷᠭᠡᠶᠢᠯᠡᠵᠦ ᠭᠠᠮᠰᠢᠭ ᠎ ᠢ ᠪᠠᠭᠠᠰᠬᠠᠬᠤ ᠲᠤᠰᠠᠯᠠᠮᠵᠢ᠂ ᠨᠡᠶᠢᠭᠡᠮ ᠲᠤᠭᠤᠷᠢᠭ ᠤᠨ ᠤᠶᠢᠯᠡᠴᠢᠯᠡᠭᠡ᠂ ᠨᠡᠶᠢᠭᠡᠮ ᠤᠨ ᠠᠰᠠᠷᠠᠮᠵᠢ ᠶᠢᠨ ᠤᠶᠢᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ ᠪᠦᠷᠢᠨ ᠲᠡᠭᠦᠯᠳᠡᠷ ᠪᠤᠯᠭᠠᠵᠦ᠂ ᠬᠤᠲᠠ ᠬᠦᠳᠡᠭᠡ ᠶᠢᠨ ᠨᠡᠶᠢᠭᠡᠮ ᠤᠨ ᠳᠤᠤᠷ᠎ᠠ ᠪᠠᠲᠤᠯᠠᠭ᠎ᠠ᠂ ᠡᠮᠴᠢᠯᠡᠭᠡᠨ ᠤ ᠲᠤᠰᠠᠯᠠᠮᠵᠢ᠂ ᠳᠤᠯᠠᠭᠠᠯᠠᠭ᠎ᠠ ᠶᠢᠨ ᠨᠦᠬᠦᠪᠦᠷᠢ ᠶᠢᠨ ᠲᠠᠷᠬᠠᠭᠠᠯᠲᠠ᠂ ᠶᠠᠳᠠᠭᠤ ᠬᠦᠴᠢᠷᠳᠡᠯᠲᠠᠢ ᠤᠶᠤᠲᠠᠳ ᠢ ᠳᠡᠳᠬᠦᠬᠦ ᠵᠡᠷᠭᠡ ᠠᠵᠢᠯ ᠢ ᠰᠠᠶᠢᠲᠤᠷ ᠬᠢᠵᠦ᠂ ᠦᠨᠦᠴᠢᠨ ᠬᠡᠤᠬᠡᠳ᠂ ᠬᠦᠴᠢᠷᠳᠡᠯᠲᠠᠢ ᠬᠡᠤᠬᠡᠳ ᠪᠠᠭᠠᠴᠤᠤᠯ᠂ ᠦᠨᠳᠦᠷ ᠨᠠᠰᠤᠲᠠᠢ ᠨᠠᠰᠤᠲᠠᠳ᠂ ᠵᠡᠮᠳᠡᠭᠴᠤᠳ᠂ ︽ᠭᠤᠷᠪᠠᠨ ᠠᠷᠠᠳ︾ ᠵᠡᠷᠭᠡ ᠪᠠᠭᠤᠷᠠᠶᠢᠴᠤᠤᠯ ᠪᠤᠯᠤᠨ ᠬᠠᠷᠠᠭᠠᠯᠵᠠᠬᠤ ᠡᠳᠡᠭᠡᠳ ᠤᠨ ᠨᠦᠬᠦᠪᠦᠷᠢ  ᠎ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠦᠴᠢᠷᠳᠡᠯᠲᠠᠢ ᠤᠯᠠᠨ ᠲᠦᠮᠡᠨ ᠤ ᠨᠡᠶᠢᠭᠡᠮ ᠤᠨ ᠳᠤᠤᠷ᠎ᠠ ᠪᠠᠲᠤᠯᠠᠭ᠎ᠠ ᠶᠢᠨ ᠬᠤᠷᠢᠭ᠎ᠠ ᠰᠤᠭᠤᠮ ᠎ ᠢ ᠪᠠᠬᠢᠵᠢᠭᠦᠯᠦᠨ᠎ᠡ᠃ ᠤᠷᠤᠨ ᠰᠠᠭᠤᠴᠠ ᠶᠢᠨ ᠢᠨᠵᠧᠨᠧᠷᠢᠩ ᠢ ᠭᠦᠨᠵᠡᠭᠡᠶᠢᠷᠡᠭᠦᠯᠦᠨ ᠬᠡᠷᠡᠭᠵᠢᠭᠦᠯᠦᠨ᠎ᠡ᠃  ︽ᠭᠡᠷ ᠪᠠᠶᠢᠰᠢᠩ ᠪᠤᠯ ᠰᠠᠭᠤᠬᠤ ᠳᠤ ᠬᠡᠷᠡᠭᠯᠡᠳᠡᠭ᠂ ᠬᠠᠷᠢᠨ ᠠᠷᠠᠯᠵᠢᠶᠠᠯᠠᠬᠤ ᠳᠤ ᠬᠡᠷᠡᠭᠯᠡᠳᠡᠭ ᠪᠢᠰᠢ︾ ᠭᠡᠬᠦ ᠳ᠋ᠦᠩᠨᠡᠯᠳᠡ ᠶᠢ ᠴᠢᠩᠭ᠎ᠠ ᠡᠵᠡᠮᠳᠡᠨ᠂ ᠬᠠᠭᠤᠴᠢᠨ ᠬᠤᠲᠠ ᠶᠢᠨ ᠵᠠᠰᠠᠨ ᠰᠢᠨᠡᠴᠢᠯᠡᠯᠲᠡ ᠪᠠ ᠰᠢᠨ᠎ᠡ ᠲᠤᠭᠤᠷᠢᠭ ᠤᠨ ᠪᠦᠲᠦᠭᠡᠨ ᠪᠠᠶᠢᠭᠤᠯᠤᠯᠲᠠ᠂ ᠰᠠᠭᠤᠷᠢ ᠲᠦᠬᠦᠭᠡᠷᠦᠮᠵᠢ ᠪᠠ ᠨᠠᠶᠢᠲᠡ ᠶᠢᠨ ᠤᠶᠢᠯᠡᠴᠢᠯᠡᠭᠡ᠂ ᠭᠠᠵᠠᠷ ᠳᠤᠤᠷᠠᠬᠢ ᠪᠦᠲᠦᠭᠡᠨ ᠪᠠᠶᠢᠭᠤᠯᠤᠯᠲᠠ ᠪᠠ ᠭᠠᠵᠠᠷ ᠳᠡᠭᠡᠷᠡᠬᠢ ᠪᠦᠲᠦᠭᠡᠨ ᠪᠠᠶᠢᠭᠤᠯᠤᠯᠲᠠ ᠶᠢ ᠨᠢᠭᠡᠳᠦᠯᠲᠠᠢ ᠠᠳᠬᠤᠵᠦ᠂ ᠬᠤᠲᠠ ᠶᠢᠨ ᠪᠦᠷᠭᠡ ᠶᠢᠨ ᠲᠤᠭᠤᠷᠢᠭ ᠤᠨ ᠵᠠᠰᠠᠨ ᠰᠢᠨᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠬᠠᠭᠤᠴᠢᠨ ᠰᠠᠭᠤᠭᠠᠯᠢ ᠲᠤᠭᠤᠷᠢᠭ ᠤᠨ ᠤᠰᠤ ᠴᠠᠬᠢᠯᠭᠠᠨ ᠢᠯᠴᠢ ᠶᠢᠨ ᠬᠠᠩᠭᠠᠯᠭ᠎ᠠ ᠶᠢᠨ ᠰᠠᠭᠤᠷᠢ ᠲᠦᠬᠦᠭᠡᠷᠦᠮᠵᠢ ᠶᠢ ᠪᠦᠬᠦ ᠲᠠᠯ᠎ᠠ ᠪᠠᠷ ᠵᠠᠰᠠᠨ ᠰᠢᠨᠡᠴᠢᠯᠡᠵᠦ᠂ ᠤᠷᠤᠰᠢᠨ ᠰᠠᠭᠤᠬᠤ ᠣᠷᠴᠢᠨ ᠲᠤᠭᠤᠷᠢᠨ ᠢ ᠲᠠᠰᠤᠷᠠᠯᠲᠠ ᠦᠭᠡᠢ ᠵᠠᠰᠠᠨ ᠰᠠᠶᠢᠵᠢᠷᠠᠭᠤᠯᠤᠨ᠎ᠠ ᠃ ᠪᠤᠬᠢᠷᠳᠤᠯ ᠦᠭᠡᠢ ᠪᠠᠷᠢᠯᠭ᠎ᠠ ᠶᠢᠨ ᠠᠵᠢᠯᠯᠠᠭ᠎ᠠ ᠶᠢ ᠶᠠᠪᠤᠭᠳᠠᠭᠤᠯᠵᠦ᠂ ᠪᠠᠷᠢᠯᠭ᠎ᠠ ᠶᠢᠨ ᠵᠢᠷᠤᠭ ᠲᠦᠯᠦᠪᠯᠡᠭᠡ ᠶᠢᠨ ᠬᠢᠷᠢ ᠬᠡᠮᠵᠢᠶ᠎ᠡ ᠪᠠ ᠴᠢᠨᠠᠷ ᠴᠢᠨᠰᠠᠭ᠎ᠠ ᠶᠢ ᠳᠡᠭᠡᠭᠰᠢᠯᠡᠬᠦᠯᠵᠦ᠂ ᠭᠤᠶᠢᠲᠠ ᠠᠭᠤᠯᠠ ᠤᠰᠤ᠂ ᠦᠩᠭᠡ ᠦᠵᠡᠮᠵᠢ ᠶᠢ ᠬᠤᠲᠠ ᠳᠤ ᠠᠭᠤᠰᠤᠭᠤᠯᠤᠨ ᠰᠠᠭᠤᠭᠠᠯᠢ ᠲᠤᠭᠤᠷᠢᠭ ᠲᠤ ᠰᠠᠭᠤᠷᠢᠰᠢᠭᠤᠯᠤᠨ᠎ᠠ᠃ ᠠᠳᠠᠯ ᠠᠬᠤᠢ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠨ᠂  ᠬᠢᠷᠢ ᠬᠡᠮ ᠲᠠᠢ᠂ ᠬᠦᠴᠦᠨ ᠴᠢᠳᠠᠯ ᠲᠠᠢ ᠠᠳᠠᠯ ᠠᠬᠤᠢ ᠶᠢᠨ ᠬᠠᠮᠢᠶᠠᠷᠤᠯᠲᠠ ᠎ ᠶᠢᠨ ᠠᠵᠦ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠳᠡᠳᠬᠦᠨ ᠳᠡᠮᠵᠢᠵᠦ᠂ ᠳᠠᠭᠠᠭᠠᠮᠠᠭᠠᠢ᠂ ᠶᠡᠷᠤᠮᠳᠡᠭ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ ᠢ ᠡᠭᠦᠰᠬᠡᠨ ᠪᠠᠶᠢᠭᠤᠯᠵᠦ᠂ ᠠᠳᠠᠯ ᠠᠬᠤᠢ ᠶᠢᠨ ᠳᠦᠷᠢᠮᠵᠢᠭᠰᠡᠨ ᠤᠶᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠠᠳᠠᠯ ᠠᠬᠤᠢ ᠶᠢᠨ ᠬᠠᠮᠢᠶᠠᠷᠤᠯᠲᠠ ᠶᠢᠨ ᠪᠦᠬᠦᠨ ᠢ ᠬᠠᠮᠤᠷᠠᠬᠤ ᠶᠢ ᠪᠡᠶᠡᠯᠡᠭᠦᠯᠦᠨ᠎ᠡ᠃ ᠠᠷᠠᠳ ᠲᠤ ᠲᠠᠭᠠᠰᠢᠶᠠᠭᠳᠠᠭᠰᠠᠨ ᠰᠤᠷᠭᠠᠨ ᠬᠦᠮᠦᠵᠢᠯ ᠢ ᠰᠠᠶᠢᠲᠤᠷ ᠡᠷᠬᠢᠯᠡᠨ᠎ᠡ᠃ ᠰᠤᠷᠭᠠᠨ ᠬᠦᠮᠦᠵᠢᠯ ᠤᠨ ︽ᠭᠤᠷᠪᠠᠨ ᠲᠦᠷᠦᠯ ᠤᠨ ᠦᠭᠡᠷᠡᠴᠢᠯᠡᠯᠲᠡ︾᠎ ᠶᠢ ᠦᠷᠬᠦᠯᠵᠢᠯᠡᠨ ᠭᠦᠨᠵᠡᠭᠡᠶᠢᠷᠡᠭᠦᠯᠵᠦ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠤᠷᠭᠠᠭᠤᠯᠢ ᠶᠢᠨ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ᠂ ᠪᠠᠭᠰᠢ ᠨᠠᠷ ᠤᠨ ᠪᠤᠯᠪᠠᠰᠤᠷᠠᠯ ᠢ ᠳᠡᠭᠡᠰᠢᠯᠡᠭᠦᠯᠬᠦ ᠪᠠ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠰᠤᠷᠭᠠᠭᠤᠯᠢ ᠶᠢᠨ ᠠᠭᠤᠯᠤᠭᠳᠠᠬᠤᠨ ᠤ ᠬᠡᠯᠪᠡᠷᠢ ᠶᠢᠨ ᠬᠦᠭᠵᠢᠯᠲᠡ ᠶᠢ ᠴᠢᠩᠭᠠᠳᠬᠠᠵᠦ᠂ ᠰᠤᠷᠭᠠᠭᠤᠯᠢ ᠶᠢᠨ ᠬᠦᠷᠢᠶᠡᠯᠡᠩ ᠤᠨ ᠰᠤᠶᠤᠯ ᠤᠨ ᠵᠢᠱᠢᠶᠡᠴᠢ ᠰᠤᠷᠭᠠᠭᠤᠯᠢ ᠶᠢ ᠪᠦᠲᠦᠭᠡᠨ ᠪᠠᠶᠢᠭᠤᠯᠬᠤ ᠠᠵᠢᠯᠯᠠᠭ᠎ᠠ ᠶᠢ ᠦᠷᠨᠢᠭᠦᠯᠦᠨ᠎ᠡ᠃ ᠭᠤᠷᠪᠠᠳᠤᠭᠠᠷ ᠡᠭᠡᠯᠵᠢ ᠶᠢᠨ ᠰᠤᠷᠬᠤ ᠎ ᠠᠴᠠ ᠡᠮᠦᠨᠡᠬᠢ ᠬᠦᠮᠦᠵᠢᠯ ᠢ ᠰᠠᠶᠢᠵᠢᠷᠠᠭᠤᠯᠬᠤ ᠲᠦᠯᠦᠪᠯᠡᠭᠡ ᠶᠢ ᠨᠠᠶᠢᠳᠠᠪᠦᠷᠢᠵᠢᠭᠤᠯᠵᠦ᠂ ᠰᠤᠷᠬᠤ ᠠᠴᠠ ᠡᠮᠦᠨᠡᠬᠢ ᠬᠦᠮᠦᠵᠢᠯ ᠤᠨ ᠬᠢᠷᠢ ᠲᠦᠪᠰᠢᠨ ᠢ ᠰᠠᠶᠢᠵᠢᠷᠠᠭᠤᠯᠤᠨ᠎ᠠ᠃ ᠨᠡᠶᠢᠭᠡᠮ ᠳᠠᠶᠠᠭᠠᠷ ᠤᠨ ᠬᠦᠴᠦᠨ ᠢᠶᠠᠷ ᠰᠤᠷᠭᠠᠨ ᠬᠦᠮᠦᠵᠢᠯ ᠢ ᠬᠦᠭᠵᠢᠭᠦᠯᠦᠨ ᠡᠷᠬᠢᠯᠡᠬᠦ ᠶᠢ ᠳᠡᠳᠬᠦᠨ ᠳᠦᠷᠢᠮᠵᠢᠭᠦᠯᠦᠨ᠎ᠡ᠃ ᠪᠠᠭᠰᠢ ᠨᠠᠷ ᠤᠨ ᠮᠤᠷᠠᠯ ᠰᠤᠷᠲᠠᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠦ᠂ ᠦᠨᠳᠦᠷ ᠪᠤᠯᠪᠠᠰᠤᠷᠠᠯ ᠲᠠᠢ ᠪᠠᠭᠰᠢ ᠨᠠᠷ ᠤᠨ ᠡᠩᠨᠡᠭᠡ ᠶᠢ ᠬᠦᠮᠦᠵᠢᠭᠦᠯᠦᠨ᠎ᠡ᠃ ᠪᠡᠭᠡᠵᠢᠩ ᠵᠡᠷᠭᠡ ᠤᠷᠤᠶᠢᠯᠠᠭᠰᠠᠨ ᠭᠠᠵᠠᠷ ᠤᠷᠤᠨ ᠤ ᠰᠢᠯᠢᠳᠡᠭ ᠰᠤᠷᠭᠠᠨ ᠬᠦᠮᠦᠵᠢᠯ ᠤᠨ ᠰᠤᠷᠪᠤᠯᠵᠢ ᠳᠤ ᠲᠦᠰᠢᠭᠯᠡᠨ᠂ ᠭᠠᠳᠠᠭᠰᠢ ᠬᠠᠮᠲᠤᠷᠠᠨ ᠰᠤᠷᠭᠠᠭᠤᠯᠢ ᠡᠷᠬᠢᠯᠡᠬᠦ ᠠᠷᠭ᠎ᠠ ᠵᠠᠮ ᠢ ᠨᠡᠭᠡᠭᠡᠨ ᠦᠷᠭᠡᠳᠬᠡᠵᠦ ᠂ ᠬᠠᠮᠲᠤᠷᠠᠨ ᠰᠤᠷᠭᠠᠭᠤᠯᠢ ᠡᠷᠬᠢᠯᠡᠬᠦ ᠰᠢᠨ᠎ᠡ ᠲᠡᠮᠳᠡᠭᠲᠦ ᠶᠢ ᠪᠦᠲᠦᠭᠡᠨ ᠪᠠᠶᠢᠭᠤᠯᠵᠦ᠂ ᠮᠠᠨ ᠤ ᠲᠤᠭᠤᠷᠢᠭ ᠢᠶᠠᠨ ᠦᠪᠡᠷᠲᠡᠭᠡᠨ ᠵᠠᠰᠠᠬᠤ ᠤᠷᠤᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠪᠠ ᠦᠨᠳᠦᠷ ᠳᠤᠮᠳᠠᠲᠦ ᠶᠢᠨ ᠱᠠᠲᠤ ᠦᠶ᠎ᠡ ᠶᠢᠨ ᠰᠤᠷᠭᠠᠨ ᠬᠦᠮᠦᠵᠢᠯ ᠤᠨ ᠤᠷᠤᠶᠢᠯᠠᠭᠰᠠᠨ ᠤᠷᠤᠨ᠂ ᠡᠯ᠎ᠡ ᠲᠦᠷᠦᠯ ᠤᠨ ᠰᠤᠷᠭᠠᠨ ᠬᠦᠮᠦᠵᠢᠯ ᠲᠡᠩᠴᠡᠭᠦᠷᠢ ᠲᠠᠢ ᠬᠦᠭᠵᠢᠭᠰᠡᠨ ᠵᠢᠱᠢᠶᠡᠴᠢ ᠤᠷᠤᠨ ᠪᠤᠯᠭᠠᠨ ᠪᠠᠶᠢᠭᠤᠯᠤᠨ᠎ᠠ᠃ ᠡᠷᠡᠭᠦᠯ ᠮᠡᠨᠳᠦ ᠵᠢᠨᠢᠩ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠎ ᠶᠢᠨ ᠦᠭᠡᠷᠡᠴᠢᠯᠡᠬᠦ ᠠᠵᠢᠯ ᠢ ᠰᠠᠶᠢᠲᠤᠷ ᠬᠢᠵᠦ᠂ ᠡᠮᠴᠢᠯᠡᠭᠡ᠂ ᠡᠮ ᠡᠮᠨᠡᠯᠭᠡ᠂ ᠡᠮ ᠡᠮᠨᠡᠯᠭᠡ ᠶᠢᠨ ᠳᠠᠭᠠᠳᠬᠠᠯ ᠵᠡᠷᠭᠡ ︽ᠭᠤᠷᠪᠠᠨ ᠡᠮᠴᠢᠯᠡᠭᠡᠨ ᠤ ᠤᠶᠢᠯᠡᠰ ᠬᠤᠯᠪᠤᠯᠳᠤᠨ ᠬᠦᠳᠡᠯᠬᠦ︾᠎ ᠶᠢ ᠠᠬᠢᠭᠤᠯᠤᠨ᠎ᠠ᠃ ᠨᠡᠶᠢᠭᠡᠮ ᠤᠨ ᠳᠤᠤᠷ᠎ᠠ ᠪᠠᠲᠤᠯᠠᠭᠠᠲᠦ ᠡᠳᠡᠭᠡᠳ᠂ ᠤᠨᠴᠠ ᠬᠦᠴᠢᠷᠳᠡᠯᠲᠠᠢ ᠬᠦᠮᠦᠰ᠂ ᠳᠠᠩᠰᠠ ᠪᠠᠶᠢᠭᠤᠯᠵᠦ ᠺᠠᠷᠲ ᠲᠠᠢ ᠤᠯᠤᠭᠰᠠᠨ ᠶᠠᠳᠠᠭᠤ ᠬᠦᠴᠢᠷᠲᠠᠢ ᠬᠦᠮᠦᠨ ᠠᠮᠠ ᠶᠢᠨ ᠡᠮᠴᠢᠯᠡᠭᠡᠨ ᠤ ᠲᠤᠰᠠᠯᠠᠮᠵᠢ ᠶᠢ ᠡᠬᠢᠯᠡᠵᠦ ᠦᠭᠬᠦ ᠪᠠᠷᠢᠮᠵᠢᠶ᠎ᠠ ᠶᠢ ᠬᠦᠴᠦᠨ ᠦᠭᠡᠢ ᠪᠤᠯᠭᠠᠵᠦ᠂ ᠡᠮᠴᠢᠯᠡᠭᠡᠨ ᠤ ᠲᠤᠰᠠᠯᠠᠮᠵᠢ ᠪᠠ ᠬᠦᠨᠳᠦ ᠡᠪᠡᠳᠴᠢᠨ ᠤ ᠳᠠᠭᠠᠳᠬᠠᠯ ᠤᠨ ᠪᠦᠲᠦᠮᠵᠢᠲᠠᠢ ᠵᠠᠯᠭᠠᠯᠳᠤᠬᠤ ᠠᠬᠢᠴᠠ ᠶᠢ ᠲᠦᠷᠭᠡᠳᠬᠡᠨ᠂ ᠬᠦᠴᠢᠷᠳᠡᠯᠲᠠᠢ ᠤᠯᠠᠨ ᠲᠦᠮᠡᠨ ᠤ ᠡᠮᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ︽ᠡᠮᠴᠢᠯᠡᠭᠡᠨ ᠤ ᠬᠤᠯᠪᠤᠭᠠᠲᠤ ᠴᠤᠭᠴᠠ︾᠎ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠦ᠂ ᠠᠶᠢᠯ ᠡᠷᠦᠬᠡ ᠶᠢᠨ ᠡᠮᠴᠢ ᠶᠢᠨ ᠭᠡᠷᠡᠴᠢᠯᠡᠬᠦ ᠤᠶᠢᠯᠡᠴᠢᠯᠡᠭᠡ ᠶᠢ ᠬᠡᠷᠡᠭᠵᠢᠭᠦᠯᠵᠦ᠂ ᠲᠠᠪᠤᠨ ᠵᠢᠯ ᠤᠨ ᠳᠤᠲᠤᠷ᠎ᠠ ᠭᠡᠷᠡᠴᠢᠯᠡᠬᠦ ᠬᠠᠮᠤᠷᠤᠯᠳᠠ ᠶᠢᠨ ᠨᠤᠷᠮ᠎ᠠ ᠶᠢ 80%᠎ ᠠᠴᠠ ᠳᠡᠭᠡᠭᠰᠢ ᠪᠤᠯᠭᠠᠵᠦ᠂ ᠭᠤᠤᠯᠳᠠᠯᠭ᠎ᠠ ᠲᠠᠢ ᠬᠦᠮᠦᠰ 100%᠎ ᠳᠤ ᠬᠦᠷᠦᠨ᠎ᠡ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠎ ᠤᠨ ᠤᠶᠢᠯᠡᠴᠢᠯᠡᠭᠡᠨ ᠤ ᠰᠢᠰᠲ᠋ᠧᠮ ᠪᠤᠯᠤᠨ ᠪᠦᠬᠦ ᠰᠠᠯᠠᠭᠠᠨ ᠤ ᠡᠮᠴᠢ ᠶᠢᠨ ᠡᠩᠨᠡᠭᠡ ᠶᠢᠨ ᠪᠦᠲᠦᠭᠡᠨ ᠪᠠᠶᠢᠭᠤᠯᠤᠯᠲᠠ ᠎ ᠶᠢ ᠴᠢᠩᠭᠠᠳᠬᠠᠵᠦ᠂ ᠨᠡᠷᠡᠲᠦ ᠡᠮᠴᠢ ᠶᠢᠨ ᠠᠵᠢᠯᠯᠠᠬᠤ ᠲᠠᠰᠤᠭ ᠨᠡᠶᠢᠭᠡᠮ ᠲᠤᠭᠤᠷᠢᠭ ᠲᠤ ᠤᠷᠤᠬᠤ ᠠᠵᠢᠯ ᠢ ᠠᠬᠢᠭᠤᠯᠵᠦ᠂ ︽ᠬᠦᠩᠭᠡᠨ ᠡᠪᠡᠳᠴᠢᠨ ᠢ ᠨᠡᠶᠢᠭᠡᠮ ᠲᠤᠭᠤᠷᠢᠭ ᠲᠤ ᠡᠮᠨᠡᠭᠦᠯᠬᠦ᠂ ᠬᠦᠨᠳᠦ ᠡᠪᠡᠳᠴᠢᠨ ᠡᠮᠨᠡᠯᠭᠡ ᠳᠤ ᠰᠢᠯᠵᠢᠬᠦ᠂ ᠡᠷᠡᠭᠦᠯᠵᠢᠪᠡᠯ ᠨᠡᠶᠢᠭᠡᠮ ᠲᠤᠭᠤᠷᠢᠭ ᠲᠤ ᠪᠤᠴᠠᠬᠤ︾ ᠡᠮᠴᠢᠯᠡᠭᠦᠯᠬᠦ ᠪᠦᠲᠦᠴᠡ ᠶᠢ ᠪᠦᠷᠢᠯᠳᠦᠭᠦᠯᠦᠨ᠎ᠡ᠃ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠬᠥᠲᠡᠯᠬᠡᠬᠡᠨ ᠢ ᠬᠥᠨᠵᠡᠬᠡᠢ ᠥᠷᠨᠢᠭᠦᠯᠵᠤ᠂ ᠡᠷᠡᠬᠦᠯ ᠴᠢᠬᠢᠷᠠᠭ ᠪᠣᠯᠪᠠᠰᠣᠨ ᠰᠠᠶᠢᠬᠠᠨ ᠠᠮᠢᠲᠣᠷᠠᠯ ᠤᠨ ᠬᠡᠯᠪᠡᠷᠢ ᠶᠢ ᠰᠠᠨᠠᠭᠠᠴᠢᠯᠠᠶ᠎ᠠ᠃ ᠲᠦᠯᠦᠪᠯᠡᠭᠡᠳᠦ ᠦᠷᠡᠵᠢᠯ ᠤᠶᠢᠯᠡᠴᠢᠯᠡᠭᠡᠨ ᠤ ᠬᠠᠮᠢᠶᠠᠷᠣᠯᠲᠠ ᠪᠠᠨ ᠥᠬᠡᠷᠡᠴᠢᠯᠡᠨ ᠰᠠᠶᠢᠵᠢᠷᠠᠭᠤᠯᠵᠣ᠂  ᠰᠢᠯᠢᠲᠡᠭ ᠲᠥᠷᠥᠵᠣ ᠰᠢᠯᠢᠲᠡᠭ ᠪᠥᠢᠵᠢᠭᠤᠯᠬᠤ ᠬᠢᠷᠢ ᠲᠥᠪᠰᠢᠨ ᠢ ᠲᠡᠭᠡᠭᠰᠢᠯᠡᠬᠦᠯᠥᠶ᠎ᠡ᠃ ︽ᠣᠯᠣᠰ ᠤᠨ ᠲᠡᠰ ᠤᠨ ᠠᠷᠢᠭᠤᠨ ᠴᠡᠪᠡᠷ  ᠬᠤᠲᠠ︾᠎ ᠶᠢ ᠪᠠᠶᠢᠭᠤᠯᠣᠭᠰᠠᠨ ᠥᠷ᠎ᠡ ᠪᠥᠲᠥᠮᠵᠢ ᠪᠠᠨ ᠪᠠᠬᠢᠵᠢᠭᠦᠯᠦᠭᠰᠡᠨ ᠤ ᠰᠠᠭᠤᠷᠢᠨ ᠲᠡᠬᠡᠷ᠎ᠡ᠂ ︽ᠤᠲᠠᠭᠠᠨ ᠴᠢᠨᠡᠷᠲᠠᠢ ᠡᠪᠡᠳᠴᠢᠨ ᠢ ᠶᠡᠷᠥᠩᠬᠡᠶᠢᠯᠡᠨ ᠰᠡᠷᠭᠡᠶᠢᠯᠡᠬᠦ  ᠵᠢᠱᠢᠶᠡᠴᠢ ᠲᠤᠭᠤᠷᠢᠭ︾᠎ ᠎ ᠢ  ᠡᠬᠦᠲᠥᠨ ᠪᠠᠶᠢᠭᠤᠯᠬᠤ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠬᠦᠯᠵᠣ᠂ ᠨᠡᠶᠢᠲᠡ ᠶᠢᠨ ᠡᠷᠡᠬᠦᠯ ᠬᠠᠮᠠᠭᠠᠯᠠᠯ  ᠪᠠ ᠬᠥᠨᠲᠣ ᠡᠪᠡᠳᠴᠢᠨ ᠤ ᠰᠡᠷᠬᠡᠶᠢᠯᠡᠯᠲᠡ ᠶᠢᠨ  ᠠᠵᠢᠯᠯᠠᠭ᠎ᠠ ᠶᠢ ᠰᠠᠶᠢᠲᠣᠷ ᠬᠢᠵᠤ᠂ ᠣᠯᠣᠰ ᠤᠨ ᠲᠡᠰ ᠤᠨ ᠡᠷᠡᠬᠦᠯ ᠴᠢᠬᠢᠷᠠᠭ ᠬᠤᠲᠠ ᠶᠢ ᠲᠡᠮᠡᠴᠠᠨ ᠪᠠᠶᠢᠭᠤᠯᠣᠶ᠎ᠠ᠃ ᠠᠮᠣᠷ ᠲᠥᠪᠰᠢᠨ  ᠵᠢᠨᠢᠩ ᠤᠨ ᠪᠥᠲᠥᠬᠡᠨ ᠪᠠᠶᠢᠭᠤᠯᠣᠯᠲᠠ ᠶᠢ ᠲᠥᠯᠬᠢᠨ ᠠᠬᠢᠭᠤᠯᠣᠶ᠎ᠠ᠃ ᠨᠡᠶᠢᠬᠡᠮ ᠤᠨ ᠲᠥᠪᠬᠢᠨᠡᠬᠦᠯᠥᠯᠲᠡ ᠶᠢᠨ ᠲᠥᠷᠢᠮ ᠤᠨ ᠪᠠᠶᠢᠭᠤᠯᠣᠯᠲᠠ ᠶᠢ ᠴᠢᠩᠭᠠᠳᠬᠠᠵᠣ᠂ ᠨᠠᠮ ᠤᠨ ᠬᠤᠷᠢᠶᠠᠨ ᠤ ᠣᠲᠤᠷᠢᠲᠤᠯᠭ᠎ᠠ ᠂  ᠵᠠᠰᠠᠭ ᠤᠨ ᠣᠷᠲᠣᠨ ᠤ ᠡᠬᠦᠷᠬᠡ ᠬᠠᠷᠢᠭᠤᠴᠠᠯᠭ᠎ᠠ᠂ ᠨᠡᠶᠢᠬᠡᠮ ᠤᠨ  ᠵᠣᠬᠢᠴᠠᠯ᠂ ᠨᠡᠶᠢᠲᠡ ᠶᠢᠨ  ᠤᠷᠤᠯᠴᠠᠯᠭ᠎ᠠ᠂  ᠬᠠᠣᠯᠢ ᠎ ᠎ ᠪᠠᠷ ᠵᠠᠰᠠᠬᠤ ᠶᠢᠨ ᠪᠠᠲᠣᠯᠠᠪᠣᠷᠢ ᠶᠢᠨ ᠨᠡᠶᠢᠬᠡᠮ ᠤᠨ ᠬᠠᠮᠢᠶᠡᠷᠣᠯᠲᠠ ᠶᠢᠨ ᠰᠢᠰᠲ᠋ᠧᠮ ᠢ ᠲᠡᠬᠦᠯᠲᠡᠷᠵᠢᠬᠦᠯᠵᠤ᠂ ᠨᠡᠶᠢᠬᠡᠮ ᠤᠨ  ᠬᠠᠮᠢᠶᠠᠷᠣᠯᠲᠠ ᠶᠢᠨ ᠨᠡᠶᠢᠬᠡᠮᠴᠢᠯᠡᠯᠲᠡ᠂  ᠬᠠᠣᠯᠢᠴᠢᠯᠠᠯᠲᠠ᠂ ᠤᠶᠤᠨᠴᠢᠯᠠᠯᠳᠠ᠂ ᠮᠡᠷᠭᠡᠵᠢᠭᠰᠡᠨ ᠬᠢᠷᠢ ᠲᠥᠪᠰᠢᠨ ᠢ ᠳᠡᠭᠡᠭᠰᠢᠯᠡᠭᠦᠯᠦᠶ᠎ᠡ᠃ ᠠᠶᠣᠯᠬᠦᠢ ᠤᠶᠢᠯᠡᠳᠪᠦᠷᠢᠯᠡᠯ ᠤᠨ ᠬᠤᠷᠢᠭ᠎ᠠ ᠱᠣᠭᠤᠮ ᠤᠨ ᠤᠬᠠᠮᠰᠠᠷ ᠢ ᠪᠠᠲᠣ ᠪᠠᠶᠢᠭᠤᠯᠵᠣ᠂ ᠨᠠᠮ ᠵᠠᠰᠠᠭ  ᠬᠠᠮᠲᠣᠪᠡᠷ ᠬᠠᠷᠢᠭᠤᠴᠠᠬᠤ᠂ ᠨᠢᠬᠡ ᠪᠠᠶᠢᠷᠢ ᠬᠤᠶᠡᠷ ᠬᠠᠷᠢᠭᠤᠴᠠᠯᠭ᠎ᠠ ᠶᠢ ᠪᠠᠷᠢᠮᠲᠠᠯᠠᠵᠣ᠂ ᠠᠶᠣᠯᠬᠦᠢ ᠤᠶᠢᠯᠡᠳᠪᠦᠷᠢᠯᠡᠯ ᠤᠨ ᠶᠡᠭᠡ ᠰᠤᠷᠢᠯᠳᠠ ᠶᠡᠭᠡ ᠪᠠᠶᠢᠴᠠᠭᠠᠯᠳᠠ ᠶᠢ ᠬᠡᠪᠰᠢᠮᠡᠯ ᠳᠤᠭᠳᠠᠯᠴᠠᠭ᠎ᠠ ᠪᠤᠯᠭᠠᠵᠤ᠂ ᠲᠥᠢᠯ ᠤᠨ ᠶᠡᠭᠡ ᠪᠠ ᠶᠡᠭᠡ ᠠᠶᠤᠯ ᠭᠠᠷᠬᠤ ᠶᠢ ᠡᠷᠡᠰ ᠰᠡᠷᠬᠡᠶᠢᠯᠡᠬᠦ  ᠬᠡᠷᠡᠭᠲᠡᠢ᠃ ᠵᠠᠬᠢᠲᠠᠯ ᠰᠣᠷᠪᠣᠯᠵᠢᠯᠠᠯᠭ᠎ᠠ ᠶᠢᠨ ᠠᠵᠢᠯ ᠢ ᠡᠷᠬᠡᠪᠰᠢ ᠰᠠᠶᠢᠲᠣᠷ  ᠬᠢᠵᠣ᠂  ᠭᠤᠣᠯ ᠵᠠᠬᠢᠲᠠᠯ ᠰᠣᠷᠪᠣᠯᠵᠢᠯᠠᠯᠭ᠎ᠠ ᠶᠢᠨ  ᠬᠤᠷᠠᠮᠲᠣᠭᠰᠠᠨ ᠬᠡᠷᠡᠭ ᠵᠠᠷᠭᠤ ᠶᠢ ᠨᠡᠶᠢᠲᠠᠪᠣᠷᠢᠲᠠᠢ  ᠰᠶᠢᠳᠪᠥᠷᠢᠯᠡᠬᠦ   ᠬᠡᠷᠡᠭᠲᠡᠢ᠃  ᠴᠢᠬᠤᠯᠠ ᠶᠡᠭᠡ ᠰᠢᠢᠳᠪᠦᠷᠢᠲᠦ ᠨᠡᠶᠢᠬᠡᠮ ᠤᠨ ᠠᠶᠣᠯ ᠲᠥᠭᠰᠢᠬᠦᠷᠢ ᠶᠢ ᠦᠨᠡᠯᠡᠬᠦ ᠲᠥᠷᠢᠮ ᠢ  ᠬᠡᠷᠡᠭᠵᠢᠬᠦᠯᠵᠥ᠂ ᠵᠥᠷᠢᠴᠡᠯ ᠮᠠᠷᠭᠤᠯᠲᠣᠭᠠᠨ ᠢ ᠤᠷᠢᠳᠴᠢᠯᠠᠨ ᠰᠢᠢᠳᠪᠦᠷᠢᠯᠡᠬᠦ ᠪᠠ ᠠᠷᠢᠯᠭᠠᠬᠤ ᠪᠤᠯᠤᠨ᠎ᠠ᠃ ᠶᠡᠷᠥᠩᠬᠡᠶᠢᠯᠡᠨ ᠲᠤᠭᠲᠠᠪᠤᠷᠢᠵᠢᠭᠤᠯᠬᠤ   ᠲᠥᠪ ᠤᠨ ᠪᠥᠲᠥᠬᠡᠨ ᠪᠠᠶᠢᠭᠤᠯᠣᠯᠲᠠ ᠶᠢ ᠠᠬᠢᠭᠤᠯᠵᠣ᠂ ᠨᠡᠶᠢᠬᠡᠮ ᠤᠨ ᠡᠶ᠎ᠡ ᠵᠤᠬᠢᠴᠠᠩᠭᠤᠢ ᠲᠤᠭᠲᠠᠭᠤᠨ ᠢ ᠥᠨᠡᠨᠬᠦ ᠬᠠᠮᠠᠭᠠᠯᠠᠨ᠎ᠠ᠃ ᠨᠡᠶᠢᠬᠡᠮ ᠤᠨ ᠠᠮᠣᠷ ᠢ ᠰᠡᠷᠬᠡᠶᠢᠯᠡᠨ ᠬᠠᠮᠠᠭᠠᠯᠠᠬᠤ ︽ ᠲᠡᠭᠷᠢ ᠶᠢᠨ ᠲᠣᠣᠷ ᠢᠨᠵᠧᠨᠧᠷᠢᠩ︾᠎ ᠢ  ᠪᠥᠲᠥᠬᠡᠨ ᠪᠠᠶᠢᠭᠤᠯᠵᠣ᠂ ᠨᠡᠶᠢᠬᠡᠮ ᠤᠨ ᠠᠮᠣᠷ ᠢ ᠬᠠᠮᠠᠭᠠᠯᠠᠬᠤ ᠲᠣᠪᠣᠶᠢᠮ᠎ᠠ ᠠᠰᠠᠭᠤᠲᠠᠯ ᠢ ᠶᠡᠬᠡᠪᠡᠷ ᠵᠠᠰᠠᠵᠣ᠂  ᠡᠯ᠎ᠡ ᠲᠥᠷᠥᠯ ᠤᠨ  ᠶᠡᠯᠡᠲᠣ ᠠᠵᠢᠯᠯᠠᠭ᠎ᠠ ᠎ ᠳᠤ ᠬᠠᠣᠯᠢ ᠶᠣᠰᠣᠭᠠᠷ ᠴᠣᠬᠢᠯᠲᠠ ᠥᠭᠴᠥ᠂ ᠠᠷᠠᠳ ᠢᠷᠬᠡᠳ ᠤᠨ ᠠᠮᠣᠷ ᠲᠠᠶᠢᠪᠣᠩ ᠲᠥᠷᠥᠭᠲᠡᠯ ᠢ ᠲᠡᠭᠡᠭᠰᠢᠯᠡᠬᠦᠯᠥᠶ᠎ᠡ᠃  ᠨᠡᠶᠢᠬᠡᠮ ᠲᠣᠭᠤᠷᠢᠭ ᠤᠨ  ᠪᠥᠲᠥᠬᠡᠨ ᠪᠠᠶᠢᠭᠤᠯᠣᠯᠲᠠ ᠶᠢ  ᠴᠢᠩᠭᠠᠳᠬᠠᠶ᠎ᠠ᠃ ︽ᠨᠡᠶᠢᠬᠡᠮ  ᠲᠣᠭᠤᠷᠢᠭ ᠢ ᠴᠢᠩᠭ᠎ᠠ  ᠠᠳᠬᠤᠬᠤ ᠨᠢ  ᠠᠷᠠᠳ ᠤᠨ ᠠᠮᠢᠲᠣᠷᠠᠯ ᠢ ᠠᠳᠬᠤᠬᠤ ᠎ ᠲᠠᠢ ᠠᠲᠡᠯᠢ᠂ ᠨᠡᠶᠢᠬᠡᠮ  ᠲᠣᠭᠤᠷᠢᠭ ᠢ ᠴᠢᠩᠭ᠎ᠠ  ᠠᠳᠬᠤᠬᠤ ᠨᠢ   ᠬᠥᠭᠵᠢᠯᠲᠡ ᠶᠢ  ᠠᠳᠬᠤᠬᠤ ᠲᠠᠢ ᠠᠲᠡᠯᠢ︾ ᠭᠡᠬᠦ ᠤᠶᠢᠯᠠᠭᠠᠳᠠᠬᠤᠨ ᠢ ᠪᠣᠢ ᠪᠣᠯᠭᠠᠵᠣ᠂ ︽ᠨᠡᠶᠢᠬᠡᠮ ᠲᠣᠭᠤᠷᠢᠭ ᠤᠨ ᠲᠥᠷᠪᠡᠨ ᠲᠥᠷᠥᠯ ᠤᠨ ᠥᠬᠡᠷᠡᠴᠢᠯᠡᠯᠲᠡ︾᠎ ᠶᠢ  ᠥᠷᠬᠦᠯᠵᠢ ᠶᠢᠨ ᠴᠢᠨᠡᠷᠲᠡᠢ ᠲᠥᠯᠬᠢᠨ ᠠᠬᠢᠭᠤᠯᠵᠣ᠂ ᠨᠡᠶᠢᠬᠡᠮ ᠲᠣᠭᠤᠷᠢᠭ ᠤᠨ ᠰᠠᠭᠤᠷᠢ ᠲᠥᠬᠦᠬᠡᠷᠥᠮᠵᠢ ᠶᠢᠨ ᠪᠥᠲᠥᠬᠡᠨ ᠪᠠᠶᠢᠭᠤᠯᠣᠯᠲᠠ ᠶᠢ  ᠥᠷᠬᠡᠳᠬᠡᠨ᠂ ᠤᠶᠤᠳᠠᠳ ᠤᠨ ᠨᠡᠶᠢᠬᠡᠮ ᠲᠣᠭᠤᠷᠢᠭ ᠤᠨ ᠠᠵᠢᠯᠲᠠᠨ ᠤ ᠡᠯᠰᠡᠯᠲᠡ ᠪᠠ ᠬᠠᠷᠠᠭᠠᠯᠵᠠᠯ ᠤᠨ ᠲᠥᠷᠢᠮ ᠢ ᠲᠡᠬᠦᠯᠲᠡᠵᠢᠬᠦᠯᠵᠣ᠂ ᠨᠡᠶᠢᠬᠡᠮ ᠲᠣᠭᠤᠷᠢᠭ ᠤᠨ ᠤᠶᠤᠲᠠᠨ ᠠᠵᠢᠯᠲᠠᠳ ᠢ ᠠᠵᠢᠯ ᠎ ᠳᠠᠭᠠᠨ ᠤᠷᠤᠬᠤ᠂ ᠠᠵᠢᠯ ᠳᠠᠭᠠᠨ ᠦᠯᠡᠳᠡᠬᠦ᠂ ᠠᠵᠢᠯ ᠢᠶᠠᠨ ᠰᠠᠶᠢᠨ ᠬᠢᠬᠦ᠂ ᠡᠷᠡᠮᠡᠯᠵᠡᠯ ᠲᠠᠢ ᠠᠵᠢᠯᠯᠠᠬᠤ ᠪᠤᠯᠭᠠᠨ᠎ᠠ  ᠂᠂  ᠨᠡᠶᠢᠬᠡᠮ ᠲᠣᠭᠤᠷᠢᠭ ᠤᠨ ᠥᠢᠯᠡᠴᠢᠯᠡᠬᠡᠨ ᠤ ᠰᠢᠰᠲ᠋ᠧᠮ ᠢ ᠣᠯᠠᠮ ᠨᠢᠬᠡ ᠠᠯᠬᠤᠮ ᠲᠡᠭᠦᠯᠳᠡᠷᠵᠢᠭᠦᠯᠵᠦ᠂ ᠦᠢᠯᠡᠴᠢᠯᠡᠯᠭᠡᠨ ᠤ ᠠᠭᠤᠯᠭ᠎ᠠ ᠪᠠᠨ ᠥᠷᠬᠡᠳᠬᠡᠵᠣ᠂ ᠥᠢᠯᠡᠴᠢᠯᠡᠯᠬᠡᠨ ᠤ ᠴᠢᠲᠡᠮᠵᠢ ᠪᠠᠨ ᠰᠠᠶᠢᠵᠢᠷᠠᠭᠤᠯᠵᠣ᠂   ᠰᠠᠭᠤᠭᠠᠯᠢ ᠠᠷᠠᠳ ᠤᠨ ᠥᠪᠡᠷᠮᠢᠴᠠ ᠴᠢᠨᠠᠷᠲᠠᠢ᠂ ᠣᠯᠠᠮ ᠲᠠᠪᠬᠤᠷᠭᠠᠲᠣ ᠥᠢᠯᠡᠴᠢᠯᠡᠯᠬᠡᠨ ᠤ ᠱᠠᠭᠠᠷᠲᠠᠯᠭ᠎ᠠ ᠶᠢ ᠲᠠᠰᠣᠷᠠᠯᠲᠠ ᠥᠬᠡᠢ ᠬᠠᠩᠭᠠᠶ᠎ᠠ᠃  ᠨᠡᠶᠢᠬᠡᠮ ᠲᠣᠭᠤᠷᠢᠭ ᠤᠨ  ᠵᠥᠪᠲᠡᠯᠴᠡᠭᠡ ᠪᠠ ᠨᠡᠶᠢᠬᠡᠮ  ᠲᠣᠭᠤᠷᠢᠭ ᠤᠨ ᠵᠠᠰᠠᠯᠲᠠ ᠶᠢᠨ ᠬᠦᠴᠦᠨ ᠲᠠᠢ ᠠᠷᠭ᠎ᠠ ᠵᠠᠮ ᠢ ᠢᠲᠡᠪᠬᠢᠲᠠᠢ ᠰᠥᠪᠡᠭᠴᠢᠯᠡᠵᠥ᠂ ᠰᠠᠭᠤᠭᠠᠯᠢ ᠠᠷᠠᠳ  ᠤᠨ ᠦᠪᠡᠷᠲᠡᠭᠡᠨ ᠵᠠᠰᠠᠬᠤ ᠥᠢᠯᠡᠲᠥᠯ ᠢ ᠬᠥᠢᠴᠡᠳ  ᠪᠠᠲᠠᠷᠠᠭᠤᠯᠣᠨ᠂ ᠨᠡᠶᠢᠬᠡᠮ ᠲᠣᠭᠤᠷᠢᠭ ᠤᠨ ᠵᠠᠰᠠᠯᠲᠠ ᠪᠠ ᠰᠠᠭᠤᠭᠠᠯᠢ ᠠᠷᠠᠳ ᠤᠨ ᠦᠪᠡᠷᠲᠡᠭᠡᠨ ᠵᠠᠰᠠᠬᠤ ᠨᠢ ᠡᠷᠡᠬᠦᠯ ᠢᠶᠠᠷ ᠬᠠᠷᠢᠯᠴᠠᠨ ᠥᠢᠯᠡᠴᠢᠯᠡᠬᠦ ᠶᠢ ᠪᠡᠶᠡᠯᠡᠬᠦᠯᠥᠶ᠎ᠡ᠃ ᠡᠶ᠎ᠡ ᠵᠣᠬᠢᠴᠠᠩᠭᠤᠢ ᠨᠡᠶᠢᠭᠡᠮ ᠎ ᠢ ᠬᠠᠮᠲᠣᠪᠡᠷ ᠪᠥᠲᠥᠬᠡᠨ ᠪᠠᠶᠢᠭᠤᠯᠬᠤ ᠶᠢ ᠲᠥᠯᠬᠢᠨ ᠠᠬᠢᠭᠤᠯᠣᠶ᠎ᠠ᠃ ︽ᠰᠢᠨᠵᠢᠯᠡᠭᠡ ᠮᠡᠷᠬᠡᠵᠢᠯ ᠤᠨ ᠬᠦᠴᠦᠷᠬᠡᠭ ᠲᠤᠭᠤᠷᠢᠭ︾᠎ ᠤᠨ ᠪᠠᠶᠢᠯᠲᠣᠬᠤ ᠪᠣᠲᠣᠯᠭ᠎ᠠ ᠶᠢ ᠬᠥᠨᠵᠡᠬᠡᠢ  ᠬᠡᠷᠡᠭᠵᠢᠬᠦᠯᠵᠥ᠂  ᠡᠯ᠎ᠡ ᠲᠥᠷᠥᠯ ᠤᠨ ᠲᠣᠰᠬᠠᠢ ᠮᠡᠷᠬᠡᠵᠢᠯ ᠤᠨ  ᠴᠢᠲᠡᠪᠣᠷᠢᠲᠠᠳ ᠤᠨ ᠡᠩᠨᠡᠬᠡᠨ ᠤ ᠪᠠᠶᠢᠭᠤᠯᠣᠯᠲᠠ ᠶᠢ ᠨᠢᠭᠡᠳᠦᠯᠲᠠᠢ ᠲᠥᠰᠥᠪᠯᠡᠨ ᠠᠬᠢᠭᠤᠯᠣᠶ᠎ᠠ᠃ ᠴᠢᠨᠡᠷ ᠴᠢᠨᠰᠠᠭ᠎ᠠ ᠪᠠᠷ ᠲᠣᠭᠤᠷᠢᠭ ᠢᠶᠠᠨ ᠮᠡᠨᠲᠣᠭᠤᠯᠬᠤ ᠶᠢ ᠴᠢᠬᠤᠯᠠᠴᠢᠯᠠᠨ᠂ ᠨᠡᠷᠡᠲᠦ ᠲᠡᠮᠳᠡᠭᠲᠦ ᠶᠢᠨ ᠡᠬᠦᠲᠥᠨ ᠪᠠᠶᠢᠭᠤᠯᠣᠯᠲᠠ ᠶᠢ ᠴᠢᠩᠭᠠᠳᠬᠠᠶ᠎ᠠ᠃ ᠠᠷᠠᠳ ᠤᠨ ᠴᠡᠷᠢᠭ ᠤᠨ ᠪᠡᠯᠡᠳᠬᠡᠯ ᠠᠯᠪᠠ ᠶᠢᠨ ᠠᠵᠢᠯ ᠢ  ᠴᠢᠩᠭᠠᠳᠬᠠᠵᠣ᠂ ᠴᠡᠷᠢᠭ ᠠᠷᠠᠳ ᠤᠨ ᠠᠭᠤᠰᠤᠯᠴᠠᠨ ᠬᠥᠭᠵᠢᠬᠦ ᠶᠢ ᠠᠬᠢᠭᠤᠯᠣᠶ᠎ᠠ᠃ ᠨᠠᠮ ᠤᠨ ᠥᠨᠲᠥᠰᠥᠲᠡᠨ ᠤ ᠠᠵᠢᠯ ᠤᠨ ᠴᠢᠭᠯᠡᠯᠲᠡ ᠲᠥᠷᠥ ᠶᠢᠨ ᠪᠣᠲᠣᠯᠭ᠎ᠠ ᠶᠢ ᠬᠢᠨᠠᠮᠠᠭᠠᠢ ᠬᠡᠷᠡᠭᠵᠢᠬᠦᠯᠵᠥ᠂ ᠱᠠᠰᠢᠨ ᠰᠣᠷᠲᠠᠬᠤᠨ ᠤ ᠠᠵᠢᠯ ᠢ ᠬᠠᠣᠯᠢ ᠶᠣᠰᠣᠭᠠᠷ  ᠬᠠᠮᠢᠶᠠᠷᠣᠶ᠎ᠠ᠃ ︽ᠣᠯᠠᠭᠠᠨ ᠵᠠᠭᠠᠯᠮᠠᠶᠢᠲᠠᠨ ᠤ ᠬᠠᠣᠯᠢ︾᠎ ᠶᠢ ᠬᠢᠨᠠᠮᠠᠭᠠᠢ ᠲᠣᠣᠱᠯᠠᠭᠤᠯᠣᠨ᠂ ︽ᠡᠨᠡᠷᠢᠯ ᠬᠠᠶᠢᠷ᠎ᠡ ᠶᠢ ᠲᠥᠮᠡᠨ ᠠᠶᠢᠯ ᠳᠤ ᠬᠥᠷᠬᠡᠬᠦ︾ ᠬᠥᠲᠡᠯᠬᠡᠬᠡᠨ ᠢ ᠪᠠᠲᠣᠲᠠᠢ ᠥᠷᠨᠢᠬᠦᠯᠥᠶ᠎ᠠ᠃ ︽ᠡᠮᠡᠭᠳᠡᠶᠢᠴᠦᠳ ᠬᠡᠤᠬᠡᠳ ᠤᠨ ᠬᠥᠭᠵᠢᠯᠲᠡ ᠶᠢᠨ ᠬᠥᠲᠥᠯᠪᠥᠷᠢ︾᠎ ᠶᠢ ᠪᠥᠬᠦ ᠲᠠᠯ᠎ᠠ ᠪᠠᠷ ᠨᠡᠶᠢᠲᠠᠪᠣᠷᠢᠵᠢᠭᠤᠯᠵᠣ᠂ ᠡᠮᠡᠭᠳᠡᠶᠢᠴᠦᠳ ᠬᠡᠤᠬᠡᠳ ᠤᠨ ᠬᠠᠣᠯᠢ ᠶᠣᠰᠣᠨ ᠤ ᠡᠷᠬᠡ ᠠᠰᠢᠭ ᠎ ᠢ ᠥᠨᠡᠨᠬᠦ ᠬᠠᠮᠠᠭᠠᠯᠠᠶ᠎ᠠ᠃ ᠪᠦᠬᠦ ᠣᠯᠣᠰ ᠤᠨ ᠳᠦᠷᠪᠡᠳᠦᠭᠡᠷ ᠣᠲᠠᠭᠠᠨ ᠤ ᠠᠵᠣ ᠠᠬᠤᠢ ᠶᠢᠨ ᠨᠡᠶᠢᠲᠡᠮ  ᠪᠠᠶᠢᠴᠠᠭᠠᠯᠲᠠ ᠶᠢᠨ ᠠᠵᠢᠯ ᠢ ᠬᠢᠨᠡᠮᠠᠭᠠᠢ ᠬᠢᠵᠣ᠂  ᠪᠥᠷᠢᠳᠬᠡᠯ ᠤᠨ ᠠᠵᠢᠯ ᠢ ᠬᠠᠣᠯᠢ ᠶᠣᠰᠣᠭᠠᠷ ᠰᠠᠶᠢᠲᠣᠷ ᠬᠢᠶ᠎ᠠ᠃ ᠠᠵᠢᠯᠴᠢᠨ ᠤ ᠡᠪᠯᠡᠯ᠂  ᠥᠢᠯᠡᠳᠪᠥᠷᠢ ᠬᠤᠲᠠᠯᠲᠣᠭᠠᠨ ᠤ ᠬᠤᠯᠪᠣᠭᠠᠲᠣ ᠬᠤᠷᠠᠯ᠂  ᠡᠪ ᠬᠠᠮᠲᠣ ᠵᠠᠯᠠᠭᠤᠴᠣᠳ ᠤᠨ ᠡᠪᠯᠡᠯ ᠵᠡᠷᠬᠡ ᠪᠦᠯᠬᠦᠮ ᠵᠣᠬᠢᠶᠠᠨ ᠪᠠᠶᠢᠭᠤᠯᠤᠯᠲᠠ ᠶᠢᠨ ᠬᠠᠷᠢᠯᠴᠠᠨ ᠬᠤᠯᠪᠣᠭᠠᠯᠠᠬᠤ ᠥᠢᠯᠡᠲᠥᠯ ᠢ  ᠪᠡᠲᠠᠷᠠᠭᠤᠯᠣᠶ᠎ᠠ᠃ ᠰᠣᠨᠢᠨ ᠮᠡᠲᠡᠬᠡᠨ ᠤ ᠣᠬᠠᠭᠤᠯᠭ᠎ᠠ ᠶᠢ  ᠴᠢᠬᠤᠯᠠᠴᠢᠯᠠᠵᠣ᠂ ᠨᠡᠶᠢᠬᠡᠮ ᠤᠨ  ᠶᠡᠷᠢᠯᠴᠠᠭᠠᠨ ᠤ ᠠᠵᠢᠯ ᠤᠨ ᠤᠳᠤᠷᠢᠳᠤᠮᠵᠢ ᠶᠢ  ᠴᠢᠩᠭᠠᠳᠬᠠᠶ᠎ᠠ᠃ ᠠᠬᠠᠮᠠᠳ ᠺᠠᠳ᠋ᠷᠴᠤᠳ᠂ ᠨᠠᠰᠣᠲᠠᠶᠢᠴᠣᠳ ᠪᠠ ᠵᠡᠮᠲᠡᠭᠴᠥᠳ ᠤᠨ ᠠᠵᠢᠯ ᠥᠢᠯᠡᠰ ᠢ ᠬᠠᠯᠠᠮᠵᠢᠯᠠᠵᠣ᠂ ᠴᠠᠭ ᠠᠭᠤᠷ ᠤᠨ  ᠥᠢᠯᠡᠴᠢᠯᠡᠭᠡ᠂ ᠲᠠᠩᠰᠠ ᠡᠪᠬᠡᠮᠡᠯ ᠤᠨ ᠬᠠᠮᠢᠶᠠᠷᠣᠯᠲᠠ ᠵᠡᠷᠭᠡ ᠠᠵᠢᠯ ᠢ ᠶᠡᠷᠣᠩᠬᠡᠢ ᠲᠥᠰᠥᠪᠯᠡᠵᠤ᠂ ᠨᠡᠶᠢᠬᠡᠮ ᠤᠨ ᠪᠥᠬᠦ ᠲᠠᠯ᠎ᠠ ᠪᠠᠷ ᠬᠥᠭᠵᠢᠬᠦ ᠶᠢ ᠲᠥᠯᠬᠢᠨ ᠠᠬᠢᠭᠤᠯᠣᠶ᠎ᠠ᠃      ᠭᠤᠷᠪᠠ᠂ ᠠᠷᠠᠳ ᠲᠤ ᠲᠠᠭᠠᠰᠢᠶᠠᠭᠳᠠᠭᠰᠠᠨ ᠵᠠᠰᠠᠭ ᠤᠨ ᠤᠷᠳᠤᠨ ᠢ ᠪᠦᠬᠦ ᠬᠦᠴᠦ ᠪᠠᠷ ᠪᠦᠲᠦᠭᠡᠨ  ᠪᠠᠶᠢᠭᠤᠯᠤᠶ᠎ᠠ᠃     ᠰᠢᠨ᠎ᠡ ᠴᠠᠭ ᠦᠶ᠎ᠡ ᠶᠢᠨ ᠡᠬᠢᠯᠡᠯᠲᠡ ᠶᠢᠨ ᠴᠢᠭ ᠤᠨ ᠵᠤᠭᠰᠤᠭᠠᠯ ᠳᠤ᠂ ᠪᠢᠳᠡ ᠡᠷᠬᠡᠪᠰᠢ ᠡᠭᠦᠷᠢᠳᠡ ᠴᠤᠭ ᠪᠠᠳᠠᠷᠠᠩᠭᠤᠢ᠂ ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ ᠭᠦᠢᠴᠡᠳᠬᠡᠵᠦ᠂ ᠡᠭᠦᠷᠢᠳᠡ ᠪᠤᠴᠠᠰᠢ ᠦᠭᠡᠢ ᠤᠷᠮ᠎ᠠ ᠵᠤᠷᠢᠭ ᠪᠠ ᠴᠦᠬᠦᠷᠡᠰᠢ ᠦᠭᠡᠢ ᠲᠡᠮᠡᠴᠡᠬᠦ ᠰᠦᠷ ᠰᠦᠯᠳᠡ ᠪᠠᠷ ᠢᠶᠠᠨ᠂ ᠰᠢᠨ᠎ᠡ ᠨᠢᠭᠡᠨ ᠡᠭᠡᠯᠵᠢ ᠶᠢᠨ ᠵᠠᠰᠠᠭ ᠤᠨ ᠤᠷᠳᠤᠨ ᠤ ᠰᠢᠨ᠎ᠡ ᠬᠦᠭᠵᠢᠯ᠂ ᠰᠢᠨ᠎ᠡ ᠠᠮᠵᠢᠯᠲᠠ ᠶᠢ ᠢᠯᠡᠷᠡᠭᠦᠯᠦᠨ᠎ᠡ᠃ ᠲᠡᠮᠦᠷ ᠳᠠᠪᠲᠠᠬᠤ ᠳᠤ ᠦᠪᠡᠷ ᠢᠶᠠᠨ ᠬᠠᠲᠠᠭᠤ ᠪᠠᠶᠢᠬᠤ ᠬᠡᠷᠡᠭᠲᠠᠢ᠃ ᠪᠢᠳᠡ ᠡᠷᠬᠡᠪᠰᠢ ᠪᠦᠬᠦ ᠲᠤᠭᠤᠷᠢᠭ ᠤᠨ ᠡᠯ᠎ᠡ ᠦᠨᠳᠦᠰᠦᠲᠡᠨ ᠤ ᠠᠷᠠᠳ ᠲᠦᠮᠡᠨ ᠢ ᠳᠠᠶᠢᠴᠢᠯᠠᠨ ᠬᠤᠶᠢᠰᠢᠳᠠ ᠶᠢᠨ ᠲᠠᠪᠤᠨ ᠵᠢᠯ ᠤᠨ ᠵᠢᠷᠤᠭ ᠲᠦᠯᠦᠪᠯᠡᠭᠡ ᠶᠢ ᠪᠤᠳᠠᠲᠠᠢ ᠪᠡᠶᠡᠯᠡᠭᠦᠯᠵᠦ᠂ ᠡᠷᠬᠡᠪᠰᠢ ᠦᠴᠦᠬᠡᠨ ᠴᠦ ᠡᠷᠡᠭᠡᠯᠵᠡᠯ ᠦᠭᠡᠢ ᠪᠠᠷ ᠵᠠᠰᠠᠭ ᠤᠨ ᠤᠷᠳᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠡᠭᠦᠷᠭᠡ ᠶᠢ ᠡᠭᠦᠷᠭᠡᠯᠡᠵᠦ᠂ ᠠᠶᠢᠯ ᠪᠤᠯᠭᠠᠨ ᠤ ᠵᠤᠪᠠᠯ ᠵᠦᠳᠡᠭᠦᠷᠢ ᠪᠠᠶᠠᠷ ᠪᠠᠶᠠᠰᠤᠯ ᠢ ᠰᠡᠳᠬᠢᠯ ᠳᠡᠭᠡᠨ ᠠᠪᠴᠦ᠂ ᠦᠨᠡᠨ ᠪᠤᠳᠠᠲᠠᠢ ᠬᠢᠷᠢ ᠪᠦᠲᠦᠮᠵᠢ ᠪᠠᠷ ᠠᠷᠠᠳ ᠤᠯᠠᠨ ᠤ ᠢᠲᠡᠭᠡᠯ ᠰᠡᠳᠬᠢᠯ ᠢ ᠤᠯᠵᠦ᠂ ᠠᠷᠠᠳ ᠲᠤ ᠲᠠᠭᠠᠰᠢᠶᠠᠭᠳᠠᠭᠰᠠᠨ ᠵᠠᠰᠠᠭ ᠤᠨ ᠤᠷᠳᠤᠨ ᠢ ᠪᠦᠲᠦᠭᠡᠨ ᠪᠠᠶᠢᠭᠤᠯᠤᠨ᠎ᠠ᠃ ᠨᠢᠭᠡ ᠳᠤ ᠦᠨᠡᠨᠴᠢ ᠰᠢᠳᠤᠷᠭᠤ ᠪᠠᠷ ᠡᠭᠦᠷᠭᠡᠯᠡᠨ᠎ᠡ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠎ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠤᠯᠤᠰ ᠲᠦᠷᠦ ᠶᠢᠨ ᠲᠡᠷᠢᠭᠦᠨ ᠡᠭᠦᠷᠭᠡ ᠪᠤᠯᠭᠠᠵᠦ᠂ ︽ᠳᠦᠷᠪᠡᠨ ᠤᠬᠠᠮᠰᠠᠷ︾᠎ ᠢ ᠴᠢᠩᠭᠠᠳᠬᠠᠨ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠡᠷᠬᠡ ᠰᠦᠷ ᠪᠠ ᠲᠦᠪᠯᠡᠷᠡᠩᠭᠦᠢ ᠨᠢᠭᠡᠳᠦᠯᠲᠠᠢ ᠤᠳᠤᠷᠢᠳᠤᠯᠭ᠎ᠠ ᠶᠢ ᠢᠮᠠᠭᠲᠠ ᠬᠠᠮᠠᠭᠠᠯᠠᠵᠦ᠂ ᠨᠠᠮ ᠤᠨ ᠤᠯᠤᠰ ᠲᠦᠷᠦ ᠶᠢᠨ ᠵᠠᠮ ᠱᠤᠭᠤᠮ ᠢ ᠡᠷᠡᠰ ᠪᠠᠲᠤ ᠬᠡᠷᠡᠭᠵᠢᠭᠦᠯᠵᠦ᠂ ᠤᠯᠤᠰ ᠲᠤᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠤᠰᠤ ᠳᠦᠷᠢᠮ ᠢ ᠡᠷᠡᠰ ᠴᠢᠩᠭ᠎ᠠ ᠵᠢᠷᠤᠮᠯᠠᠨ ᠰᠠᠬᠢᠵᠦ᠂ ᠤᠯᠤᠰ ᠲᠦᠷᠦ ᠶᠢᠨ ᠵᠤᠭᠰᠤᠯᠲᠠ᠂ ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠮᠦᠷ ᠤᠨ ᠲᠠᠯ᠎ᠠ ᠪᠠᠷ ᠨᠠᠮ ᠤᠨ ᠲᠦᠪ ᠬᠤᠷᠢᠶ᠎ᠠ ᠲᠠᠢ ᠳᠡᠭᠡᠲᠦ ᠬᠡᠮᠵᠢᠶ᠎ᠡ ᠪᠠᠷ ᠦᠵᠡᠯᠲᠡ ᠨᠢᠭᠡᠲᠠᠢ ᠪᠠᠶᠢᠵᠦ᠂ ᠨᠠᠮ ᠳᠠᠭᠠᠨ ᠦᠨᠡᠨᠴᠢ᠂ ᠤᠯᠤᠰ ᠳᠠᠭᠠᠨ ᠦᠨᠡᠨᠴᠢ᠂ ᠠᠷᠠᠳ  ᠲᠦᠮᠡᠨ ᠳᠡᠭᠡᠨ ᠦᠨᠡᠨᠴᠢ᠂ ᠠᠵᠢᠯ ᠤᠶᠢᠯᠡᠰ ᠲᠡᠭᠡᠨ ᠦᠨᠡᠨᠴᠢ ᠪᠠᠶᠢᠬᠤ ᠶᠢ ᠪᠤᠳᠠᠲᠠᠢ ᠠᠵᠢᠯ ᠤᠨ ᠢᠶᠠᠨ ᠳᠤᠮᠳᠠ ᠢᠯᠡᠷᠡᠭᠦᠯᠤᠨ᠎ᠡ᠃ ︽ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠲᠦ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠬᠦᠭᠵᠢᠯᠲᠡ ᠶᠢ ᠰᠡᠳᠬᠢᠵᠦ᠂ ᠬᠠᠷᠢᠭᠤᠴᠠᠯᠭ᠎ᠠ ᠶᠢ ᠭᠦᠢᠴᠡᠳᠬᠡᠵᠦ ᠪᠤᠳᠠᠲᠠᠢ ᠠᠵᠢᠯᠯᠠᠵᠦ  ᠠᠯᠭᠠᠰᠠᠯᠳᠠ  ᠎ ᠶᠢ ᠠᠬᠢᠭᠤᠯᠬᠤ︾  ᠶᠡᠭᠡ ᠰᠤᠷᠤᠯᠴᠠᠯᠭ᠎ᠠ ᠶᠡᠭᠡ ᠶᠠᠷᠢᠯᠴᠠᠯᠭ᠎ᠠ ᠶᠢᠨ ᠬᠦᠳᠡᠯᠭᠡᠭᠡᠨ ᠢ ᠯᠠᠪᠳᠠᠭᠤᠨ ᠦᠷᠨᠢᠭᠦᠯᠵᠦ᠂ ᠰᠢ ᠎ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠲᠦ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠤᠶᠤᠨ ᠤᠬᠠᠭᠠᠨ ᠢᠶᠠᠨ ᠵᠡᠪᠰᠡᠭᠯᠡᠵᠦ᠂ ᠤᠶᠢᠯᠡᠳᠦᠯᠭᠡ ᠪᠠᠨ ᠵᠢᠯᠤᠭᠤᠳᠤᠭᠤᠯᠵᠦ᠂ ᠠᠵᠢᠯ ᠢᠶᠠᠨ  ᠲᠦᠯᠬᠢᠨ ᠤᠷᠤᠭᠰᠢᠭᠤᠯᠤᠶ᠎ᠠ᠃ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠨ᠂ ᠵᠤᠷᠢᠭᠲᠠᠢ ᠪᠠᠷ ᠡᠭᠦᠷᠭᠡᠯᠡᠬᠦ ᠶᠢ ᠢᠮᠠᠭᠲᠠ ᠵᠠᠰᠠᠭ ᠤᠨ ᠤᠷᠳᠤᠨ ᠤ ᠤᠬᠠᠮᠰᠠᠷ ᠪᠤᠯᠭᠠᠵᠦ᠂ ᠰᠢᠨ᠎ᠡ ᠴᠠᠭ ᠦᠶ᠎ᠡ ᠶᠢᠨ ᠤᠯᠭᠤᠭᠰᠠᠨ ᠰᠢᠨ᠎ᠡ ᠡᠭᠦᠷᠭᠡ ᠲᠤᠰᠢᠶᠠᠯ ᠢ ᠦᠨᠡᠨ ᠬᠦ ᠡᠭᠦᠷᠭᠡᠯᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠠᠨᠠᠭᠠᠴᠢᠯᠭ᠎ᠠ ᠠᠴᠠ ᠪᠠᠨ ᠭᠠᠷᠳᠠᠨ ᠬᠢᠬᠦ᠂ ᠶᠡᠭᠡ ᠡᠭᠦᠷᠭᠡ ᠬᠠᠷᠢᠭᠤᠴᠠᠯᠭ᠎ᠠ ᠪᠠᠷ ᠲᠤᠮᠤ ᠠᠵᠦ ᠤᠶᠢᠯᠡᠰ ᠢ ᠡᠭᠦᠷᠭᠡᠯᠡᠨ᠂ ᠶᠡᠭᠡ ᠬᠦᠭᠵᠢᠯᠲᠡ ᠶᠢ ᠠᠬᠢᠭᠤᠯᠤᠨ᠎ᠠ᠃ ᠬᠤᠶᠠᠷ ᠲᠤ ᠬᠠᠤᠯᠢ ᠪᠠᠷ ᠵᠠᠰᠠᠭ ᠶᠠᠪᠤᠭᠤᠯᠤᠨ᠎ᠠ᠃ ᠬᠠᠤᠯᠢ ᠠᠴᠠ ᠡᠷᠬᠡ ᠤᠯᠭᠤᠭᠰᠠᠨ ᠦᠭᠡᠢ ᠪᠤᠯ ᠬᠢᠬᠦ ᠦᠭᠡᠢ᠂ ᠬᠠᠤᠯᠢ ᠪᠠᠷ ᠲᠤᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠵᠠᠪᠠᠯ ᠪᠡᠶᠡᠯᠡᠭᠦᠯᠬᠦ᠂ ᠵᠠᠰᠠᠭ ᠤᠨ ᠤᠷᠳᠤᠨ ᠤ ᠠᠵᠢᠯ ᠢ ᠬᠠᠤᠯᠢ ᠪᠠᠷ ᠵᠠᠰᠠᠬᠤ ᠵᠠᠮ ᠳᠤ ᠤᠷᠤᠭᠤᠯᠤᠨ᠎ᠠ᠃ ᠵᠠᠰᠠᠭ ᠤᠨ ᠤᠷᠳᠤᠨ ᠤ ᠬᠠᠤᠯᠢ ᠳᠦᠷᠢᠮ ᠎ ᠤᠨ ᠠᠵᠢᠯ ᠢ ᠴᠢᠩᠭᠠᠳᠬᠠᠨ᠂ ᠳᠦᠷᠢᠮᠵᠢᠭᠰᠡᠨ ᠪᠢᠴᠢᠭ ᠮᠠᠲ᠋ᠧᠷᠢᠶᠠᠯ ᠢ ᠡᠷᠡᠰ ᠴᠢᠩᠭ᠎ᠠ ᠳᠠᠩᠰᠠᠯᠠᠨ ᠪᠠᠶᠢᠴᠠᠭᠠᠵᠦ᠂ ᠬᠠᠤᠯᠢ ᠴᠠᠭᠠᠵᠠ ᠶᠢᠨ ᠵᠦᠪᠯᠡᠭᠴᠢ ᠪᠤᠯᠤᠨ ᠠᠯᠪᠠᠨ ᠲᠤᠰᠢᠶᠠᠯ ᠤᠨ ᠬᠠᠤᠯᠢᠴᠢ ᠶᠢᠨ ᠳᠦᠷᠢᠮ ᠢ ᠲᠡᠭᠦᠯᠳᠡᠷᠵᠢᠭᠦᠯᠵᠦ᠂ ᠤᠯᠠᠨ ᠨᠠᠶᠢᠲᠡ ᠪᠠᠷ ᠢᠶᠠᠨ ᠤᠷᠤᠯᠴᠠᠬᠤ᠂ ᠲᠤᠰᠬᠠᠢ ᠮᠡᠷᠭᠡᠵᠢᠯᠲᠡᠳ ᠨᠤᠲᠠᠯᠠᠬᠤ᠂ ᠠᠶᠤᠯ ᠲᠦᠭᠰᠢᠭᠦᠷᠢ ᠶᠢᠨ ᠦᠨᠡᠯᠡᠯᠲᠡ᠂ ᠬᠠᠤᠯᠢ ᠳᠤ ᠨᠠᠶᠢᠴᠡᠭᠰᠡᠨ ᠬᠢᠨᠠᠨ ᠪᠠᠶᠢᠴᠠᠭᠠᠯᠲᠠ᠂ ᠬᠠᠮᠲᠦ ᠪᠠᠷ ᠶᠠᠷᠢᠯᠴᠠᠵᠦ ᠰᠢᠢᠳᠪᠦᠷᠢ ᠠᠪᠬᠤ ᠶᠢ ᠵᠠᠰᠠᠭ ᠤᠨ ᠤᠷᠳᠤᠨ ᠤ ᠴᠢᠬᠤᠯᠠ ᠪᠤᠳᠤᠯᠭ᠎ᠠ ᠲᠤᠭᠲᠠᠭᠠᠬᠤ ᠬᠠᠤᠯᠢ ᠶᠤᠰᠤᠨ ᠤ ᠶᠠᠪᠤᠴᠠ ᠪᠤᠯᠭᠠᠬᠤ ᠶᠢ ᠪᠠᠷᠢᠮᠲᠠᠯᠠᠵᠦ᠂ ᠬᠠᠤᠯᠢ ᠶᠤᠰᠤᠭᠠᠷ ᠪᠤᠳᠤᠯᠭ᠎ᠠ ᠲᠤᠭᠲᠠᠭᠠᠬᠤ᠂ ᠰᠢᠨᠵᠢᠯᠡᠬᠦ ᠤᠬᠠᠭᠠᠨᠴᠢ ᠪᠠᠷ ᠪᠤᠳᠤᠯᠭ᠎ᠠ ᠲᠤᠭᠲᠠᠭᠠᠬᠤ ᠂ ᠠᠷᠠᠳᠴᠢᠯᠠᠯ ᠢᠶᠠᠷ ᠪᠤᠳᠤᠯᠭ᠎ᠠ ᠲᠤᠭᠲᠠᠭᠠᠬᠤ᠂ ᠳᠦᠷᠢᠮ ᠤᠨ ᠶᠤᠰᠤᠭᠠᠷ ᠤᠴᠢᠷ ᠰᠢᠢᠳᠪᠦᠷᠢᠯᠡᠬᠦ᠂ ᠬᠠᠤᠯᠢ ᠶᠤᠰᠤᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠢ ᠢᠯᠡ ᠪᠤᠯᠭᠠᠬᠤ ᠎ ᠶᠢ ᠬᠦᠴᠦᠯᠡᠨ ᠠᠬᠢᠭᠤᠯᠵᠦ᠂ ᠠᠷᠠᠳ ᠤᠯᠠᠨ ᠤ ᠪᠠᠶᠢᠳᠠᠯ ᠢ ᠮᠡᠳᠡᠬᠦ ᠡᠷᠬᠡ᠂ ᠤᠷᠤᠯᠴᠠᠬᠤ ᠡᠷᠬᠡ᠂ ᠬᠢᠨᠠᠯᠲᠠ ᠲᠠᠯᠪᠢᠬᠤ ᠡᠷᠬᠡ ᠶᠢ ᠪᠠᠲᠦᠯᠠᠵᠦ᠂ ᠵᠠᠰᠠᠭ ᠤᠨ ᠤᠷᠳᠤᠨ ᠤ ᠠᠵᠢᠯ ᠤᠨ ᠢᠯᠡ ᠲᠤᠳᠤ ᠴᠢᠨᠠᠷ ᠢ ᠴᠢᠩᠭᠠᠳᠬᠠᠵᠦ᠂ ᠡᠷᠬᠡ ᠮᠡᠳᠡᠯ ᠢ ᠤᠯᠠᠮ ᠲᠦᠪ ᠴᠢᠩᠭ᠎ᠠ ᠪᠤᠯᠭᠠᠨ᠎ᠠ᠃ ᠦᠪᠡᠷ ᠤᠨ ᠤᠬᠠᠮᠰᠠᠷ ᠠᠴᠠ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ᠂ ᠠᠵᠢᠯ ᠎ ᠤᠨ ᠬᠢᠨᠠᠯᠲᠠ ᠪᠤᠯᠤᠨ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠲᠠ ᠶᠢ ᠬᠦᠯᠢᠶᠡᠨ ᠠᠪᠴᠦ᠂ ᠠᠷᠠᠳᠴᠢᠯᠠᠭᠰᠠᠨ ᠨᠠᠮ ᠪᠦᠯᠦᠭ᠂ ᠤᠶᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ ᠪᠦᠯᠦᠭ ᠤᠨ ᠪᠤᠰᠤ ᠬᠦᠮᠦᠰ ᠪᠤᠯᠤᠨ ᠠᠷᠠᠳ ᠤᠨ ᠪᠦᠯᠬᠦᠮ ᠤᠨ ᠰᠠᠨᠠᠯ ᠪᠠ ᠰᠠᠨᠠᠭᠤᠯᠭ᠎ᠠ ᠶᠢ ᠳᠡᠯᠭᠡᠷᠡᠩᠭᠦᠢ ᠰᠤᠨᠤᠰᠴᠦ᠂ ᠠᠷᠠᠳ ᠎ ᠤᠨ ᠲᠦᠯᠦᠭᠡᠯᠡᠭᠴᠢᠳ  ᠎ ᠤᠨ ᠰᠠᠨᠠᠭᠤᠯᠭ᠎ᠠ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠬᠢᠨᠠᠮᠠᠭᠠᠢ ᠭᠦᠢᠴᠡᠳᠬᠡᠨ᠎ᠡ᠃ ︽ᠳᠤᠯᠤᠭ᠎ᠠ ᠲᠠᠪᠤ︾ ᠬᠠᠤᠯᠢ ᠴᠠᠭᠠᠵᠠ ᠶᠢᠨ ᠮᠡᠳᠡᠯᠭᠡ ᠲᠦᠭᠡᠮᠡᠯᠵᠢᠭᠦᠯᠬᠦ ᠲᠦᠯᠦᠪᠯᠡᠭᠡ᠂ ᠬᠠᠤᠯᠢ ᠪᠠᠷ ᠵᠠᠰᠠᠭ ᠶᠠᠪᠤᠭᠤᠯᠬᠤ ᠴᠢᠳᠠᠪᠦᠷᠢ ᠪᠠ ᠬᠢᠷᠢ ᠲᠦᠪᠰᠢᠨ ᠢ ᠳᠡᠭᠡᠭᠰᠢᠭᠦᠯᠦᠨ᠎ᠡ᠃ ᠭᠤᠷᠪᠠ ᠳᠤ ᠴᠢᠩᠭ᠎ᠠ ᠠᠳᠬᠤᠵᠦ ᠰᠢᠷᠭᠠᠭᠤ ᠠᠵᠢᠯᠯᠠᠨ᠎ᠠ᠃ ᠢᠮᠠᠭᠲᠠ ᠬᠦᠴᠦᠲᠠᠢ ᠠᠳᠬᠤᠵᠦ ᠨᠠᠶᠢᠳᠠᠪᠦᠷᠢᠵᠢᠭᠤᠯᠬᠤ ᠶᠢ ᠵᠠᠰᠠᠭ ᠤᠨ ᠤᠷᠳᠤᠨ ᠤ ᠠᠵᠢᠯ ᠤᠨ ᠭᠤᠤᠯ ᠠᠶᠢᠵᠠᠮ ᠴᠤᠬᠢᠯᠭ᠎ᠠ ᠪᠤᠯᠭᠠᠵᠦ᠂ ᠦᠨᠡᠨ ᠦᠭᠡ ᠶᠠᠷᠢᠬᠤ᠂ ᠪᠤᠳᠠᠲᠠᠢ ᠶᠠᠪᠤᠳᠠᠯ ᠢ ᠶᠠᠷᠢᠯᠴᠠᠬᠤ᠂ ᠪᠤᠳᠠᠲᠠᠢ ᠠᠷᠭ᠎ᠠ ᠠᠪᠴᠢᠯ ᠠᠪᠬᠤ᠂ ᠪᠤᠳᠠᠲᠠᠢ ᠦᠷ᠎ᠡ ᠠᠰᠢᠭ ᠤᠯᠬᠤ ᠪᠠᠷ ᠴᠢᠷᠮᠠᠶᠢᠬᠤ᠂ ᠭᠠᠪᠰᠢᠭᠠᠢ ᠲᠦᠷᠭᠡᠨ ᠪᠠ ᠤᠳᠠᠭᠠᠨ ᠳᠠᠭᠠᠭᠠᠮᠠᠭᠠᠢ ᠪᠠᠶᠢᠬᠤ ᠶᠢ ᠤᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠦ᠂ ᠵᠤᠷᠢᠭᠲᠠᠢ ᠪᠠᠷ ᠬᠠᠲᠠᠭᠤ ᠪᠡᠷᠬᠡᠰᠢᠶᠡᠯ ᠢ ᠲᠤᠭᠤᠯᠤᠨ ᠳᠠᠪᠠᠵᠦ᠂ ᠬᠠᠳᠠᠭᠠᠰᠤ ᠬᠠᠳᠠᠬᠤ ᠵᠤᠷᠢᠭ ᠰᠠᠨᠠᠭ᠎ᠠ ᠪᠠᠷ ᠵᠤᠶᠢᠯ ᠪᠦᠷᠢ ᠶᠢᠨ ᠠᠵᠢᠯ ᠢ ᠪᠠᠲᠦᠲᠠᠢ ᠬᠢᠵᠦ ᠨᠢᠮᠪᠠᠢ ᠬᠢᠵᠦ ᠰᠠᠶᠢᠲᠤᠷ ᠬᠢᠨ᠎ᠡ᠃ ᠤᠷᠠᠮᠰᠢᠭᠤᠯᠭ᠎ᠠ ᠶᠢᠨ ᠠᠵᠢᠯᠯᠠᠭ᠎ᠠ ᠪᠠ ᠠᠯᠳᠠᠭ᠎ᠠ ᠪᠤᠷᠤᠭᠤ ᠶᠢ ᠪᠠᠭᠲᠠᠭᠠᠨ ᠵᠠᠯᠠᠷᠠᠭᠤᠯᠬᠤ ᠠᠵᠢᠯᠯᠠᠭ᠎ᠠ ᠶᠢ ᠲᠡᠭᠦᠯᠳᠡᠷᠵᠢᠭᠦᠯᠵᠦ᠂ ᠠᠵᠢᠯᠲᠠᠨ ᠤ ᠡᠷᠴᠢ ᠵᠤᠷᠢᠭ ᠢ ᠬᠦᠪᠴᠢᠯᠡᠵᠦ᠂ ᠡᠭᠦᠷᠭᠡᠯᠡᠭᠴᠢ ᠳᠤ ᠲᠦᠰᠢᠭ ᠪᠤᠯᠬᠤ᠂ ᠠᠵᠢᠯ ᠬᠢᠬᠦ ᠰᠠᠨᠠᠭᠠᠲᠠᠢ᠂ ᠠᠵᠢᠯ ᠬᠢᠬᠦ ᠵᠤᠷᠢᠭᠲᠠᠢ᠂ ᠠᠵᠢᠯ ᠬᠢᠵᠦ ᠴᠢᠳᠠᠬᠤ ᠭᠦᠨ ᠵᠤᠵᠠᠭᠠᠨ ᠤᠷᠴᠢᠨ ᠲᠤᠭᠤᠷᠢᠨ ᠢ ᠪᠤᠢ ᠪᠤᠯᠭᠠᠨ᠎ᠠ᠃ ᠨᠢᠭᠡᠨᠲᠡ ᠲᠤᠭᠲᠠᠭᠰᠠᠨ ᠠᠵᠢᠯ ᠤᠨ ᠬᠠᠷᠠᠯᠲᠠ ᠶᠢᠨ ᠤᠷᠴᠢᠨ ᠳᠤ᠂  ᠦᠨᠡᠨ ᠢ ᠪᠠᠷᠢᠮᠲᠠᠯᠠᠵᠦ ᠪᠤᠳᠠᠲᠠᠢ ᠎ ᠪᠠᠷ ᠬᠠᠨᠳᠤᠬᠤ᠂ ᠠᠵᠢᠯ ᠬᠢᠵᠦ ᠠᠵᠦ ᠤᠶᠢᠯᠡᠰ ᠡᠷᠬᠢᠯᠡᠬᠦ ᠰᠤᠷᠲᠠᠯ ᠢ ᠶᠡᠭᠡ ᠪᠠᠷ ᠡᠷᠢᠯᠬᠢᠯᠡᠵᠦ᠂ ᠠᠵᠢᠯ ᠤᠨ ᠭᠤᠤᠯᠳᠠᠯᠭ᠎ᠠ ᠪᠠᠨ ᠪᠤᠳᠠᠲᠤ ᠠᠵᠢᠯ ᠬᠢᠬᠦ᠂ ᠪᠤᠳᠠᠲᠤ ᠦᠷ᠎ᠡ ᠠᠰᠢᠭ ᠤᠯᠬᠤ ᠳᠡᠭᠡᠷ᠎ᠡ ᠲᠠᠯᠪᠢᠵᠦ᠂ ᠪᠦᠬᠦ ᠴᠢᠳᠠᠯ ᠢᠶᠠᠷ ᠎ ᠢᠶᠠᠨ ᠠᠬᠢᠴᠠ ᠶᠢ ᠠᠳᠬᠤᠨ᠂ ᠴᠦᠬᠦᠷᠡᠯ ᠦᠭᠡᠢ ᠪᠠᠷ ᠬᠡᠷᠡᠭᠵᠢᠭᠦᠯᠦᠯᠲᠡ ᠶᠢ ᠠᠳᠬᠤᠨ᠂ ᠶᠠᠪᠤᠳᠠᠯ ᠪᠦᠬᠦᠨ ᠢ ᠨᠠᠶᠢᠳᠠᠪᠦᠷᠢᠵᠢᠭᠤᠯᠵᠦ᠂ ᠤᠴᠢᠷ ᠪᠤᠯᠭᠠᠨ ᠬᠠᠷᠢᠭᠤ ᠲᠠᠢ ᠪᠠᠶᠢᠬᠤ ᠶᠢ ᠪᠠᠲᠤᠯᠠᠨ᠎ᠠ᠃ ᠳᠦᠷᠪᠡ ᠳᠤ ᠠᠷᠢᠭᠤᠨ ᠴᠢᠭᠡᠴᠢ ᠎ ᠪᠠᠷ ᠵᠠᠰᠠᠭ ᠪᠠᠷᠢᠨ᠎ᠠ᠃ ᠠᠷᠢᠭᠤᠨ ᠴᠢᠭᠡᠴᠢ ᠪᠠᠷ ᠵᠠᠰᠠᠭ ᠪᠠᠷᠢᠬᠤ ᠶᠢ ᠢᠮᠠᠭᠲᠠ ᠵᠠᠰᠠᠭ ᠤᠨ ᠤᠷᠳᠤᠨ ᠤ ᠠᠵᠢᠯ ᠤᠨ ᠦᠨᠳᠦᠰᠦᠨ ᠱᠠᠭᠠᠷᠳᠠᠯᠭ᠎ᠠ ᠪᠤᠯᠭᠠᠵᠦ᠂ ᠢᠯᠵᠠᠷᠠᠯ ᠢ ᠡᠰᠡᠷᠭᠦᠴᠡᠵᠦ ᠠᠷᠢᠭᠤᠨ ᠴᠢᠭᠡᠴᠢ ᠶᠢ ᠡᠷᠬᠢᠮᠯᠡᠬᠦ ᠶᠢ ᠭᠤᠶᠢᠪᠢᠰᠢ ᠦᠭᠡᠢ ᠭᠦᠨᠵᠡᠭᠡᠶᠢᠷᠡᠭᠦᠯᠦᠨ᠎ᠡ᠃ ︽ᠬᠤᠶᠠᠷ ᠢ ᠰᠤᠷᠤᠯᠴᠠᠵᠦ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ︾᠎ ᠶᠢ ᠬᠡᠪᠰᠢᠨ ᠳᠦᠷᠢᠮᠵᠢᠭᠦᠯᠬᠦ ᠶᠢ ᠯᠠᠪᠳᠠᠭᠤᠨ ᠪᠤᠳᠠᠲᠠᠢ ᠠᠬᠢᠭᠤᠯᠵᠦ᠂  ︽ᠤᠭ ᠰᠠᠨᠠᠭ᠎ᠠ ᠪᠠᠨ ᠮᠠᠷᠲᠠᠯ ᠦᠭᠡᠢ᠂  ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠦᠮᠦᠵᠢᠯ ᠤᠨ ᠬᠦᠳᠡᠯᠭᠡᠭᠡᠨ ᠢ ᠭᠦᠨᠵᠡᠭᠡᠢ ᠦᠷᠨᠢᠭᠦᠯᠵᠦ᠂ ᠰᠢᠨᠲᠠᠷᠠᠰᠢ ᠦᠭᠡᠢ ᠪᠠᠷ ᠰᠤᠷᠲᠠᠯ ᠢ ᠴᠡᠭᠴᠡᠯᠡᠵᠦ ᠰᠠᠬᠢᠯᠭ᠎ᠠ ᠶᠢ ᠪᠠᠷᠢᠮᠲᠠᠯᠠᠬᠤ᠂ ︽ᠳᠦᠷᠪᠡᠨ ᠰᠤᠷᠲᠠᠯ︾᠎ ᠤᠨ ᠠᠰᠠᠭᠤᠳᠠᠯ ᠢ ᠦᠷᠭᠦᠯᠵᠢᠯᠡᠨ ᠵᠠᠰᠠᠵᠦ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠵᠤᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ ᠴᠢᠩᠭᠠᠳᠬᠠᠨ᠂ ᠠᠷᠢᠭᠤᠨ ᠴᠢᠭᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨᠴᠢ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠴᠢᠩᠭᠠᠷᠠᠬᠤ ᠶᠢ ᠳᠠᠶᠢᠴᠢᠯᠠᠨ᠎ᠠ᠃ ᠰᠠᠬᠢᠯᠭ᠎ᠠ ᠪᠠᠲᠤ ᠪᠠ ᠶᠤᠰᠤ ᠳᠦᠷᠢᠮ ᠢᠶᠠᠨ ᠡᠮᠦᠨ᠎ᠡ ᠪᠠᠨ ᠪᠠᠷᠢᠬᠤ ᠶᠢ ᠪᠠᠷᠢᠮᠲᠠᠯᠠᠵᠦ᠂  ᠬᠦᠨᠳᠦᠳᠭᠡᠨ ᠪᠢᠰᠢᠷᠡᠵᠦ᠂ ᠰᠡᠷᠭᠡᠶᠢᠯᠡᠨ ᠬᠢᠴᠢᠶᠡᠵᠦ᠂ ᠦᠨᠳᠦᠰᠦᠨ ᠰᠠᠭᠠᠷᠳᠠᠯᠭ᠎ᠠ ᠶᠢ ᠰᠠᠬᠢᠨ᠎ᠠ᠃ ︽ᠠᠯᠪᠠᠨ ᠤ ᠭᠤᠷᠪᠠᠨ ᠵᠠᠷᠤᠳᠠᠯ︾᠎ ᠢ ᠴᠢᠩᠭ᠎ᠠ ᠬᠠᠮᠢᠶᠠᠷᠴᠦ᠂ ᠵᠠᠰᠠᠭ ᠤᠨ ᠤᠷᠳᠤᠨ ᠤ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠎ ᠶᠢᠨ ᠬᠠᠮᠢᠶᠠᠷᠤᠯᠲᠠ ᠶᠢ ᠴᠢᠩᠭᠠᠳᠬᠠᠵᠤ᠂ ᠳᠦᠷᠢᠮ ᠲᠤᠭᠲᠠᠭᠠᠯ ᠢᠯᠡ ᠲᠤᠳᠤ᠂ ᠪᠠᠷᠢᠮᠵᠢᠶ᠎ᠠ ᠰᠢᠨᠵᠢᠯᠡᠬᠦ ᠤᠬᠠᠭᠠᠨᠴᠢ᠂ ᠬᠢᠵᠠᠭᠠᠷᠯᠠᠬᠤ ᠬᠦᠴᠦᠨ ᠲᠠᠢ ᠤᠷᠢᠳᠴᠢᠯᠠᠨ ᠪᠤᠳᠤᠬᠤ ᠳᠦᠷᠢᠮ ᠢ ᠡᠭᠦᠰᠬᠡᠨ ᠪᠠᠶᠢᠭᠤᠯᠤᠨ᠎ᠠ᠃ ᠵᠠᠰᠠᠭ ᠤᠨ ᠤᠷᠳᠤᠨ ᠤ ᠦᠷᠢ ᠦᠭᠴᠡᠭᠡ ᠶᠢᠨ ᠲᠦᠭᠰᠢᠭᠦᠷᠢ ᠶᠢ ᠡᠷᠡᠰ ᠴᠢᠩᠭ᠎ᠠ ᠡᠵᠡᠮᠳᠡᠨ ᠰᠡᠷᠭᠡᠶᠢᠯᠡᠵᠦ᠂ ᠵᠠᠰᠠᠭ ᠤᠨ ᠤᠷᠳᠤᠨ ᠎ ᠤ ᠦᠷᠢ ᠦᠭᠴᠡᠭᠡ ᠶᠢ ᠢᠳᠡᠪᠬᠢᠲᠠᠢ ᠯᠠᠪᠳᠠᠭᠤᠨ ᠢᠶᠠᠷ ᠰᠢᠢᠳᠪᠦᠷᠢᠯᠡᠨ᠎ᠡ᠃ ᠵᠠᠰᠠᠭ ᠤᠨ ᠤᠷᠳᠤᠨ ᠤ ᠪᠡᠯᠡ ᠤᠷᠤᠭᠤᠯᠤᠯᠲᠠ᠂ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠬᠢᠨᠠᠨ ᠬᠠᠮᠢᠶᠠᠷᠤᠯᠲᠠ᠂ ᠤᠯᠠᠨ ᠨᠠᠶᠢᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠡᠳ᠋ ᠤᠨ ᠵᠠᠰᠠᠭ ᠤᠨ ᠪᠡᠯᠡ ᠮᠦᠩᠭᠦ ᠶᠢ ᠬᠤᠪᠢᠶᠠᠷᠢᠯᠠᠨ ᠬᠡᠷᠡᠭᠯᠡᠬᠦ ᠵᠡᠷᠬᠡ ᠭᠤᠤᠯᠳᠠᠯᠭ᠎ᠠ ᠲᠠᠢ ᠬᠦᠷᠢᠶ᠎ᠡ ᠬᠡᠪᠴᠢᠶ᠎ᠡ ᠶᠢ ᠰᠠᠶᠢᠲᠤᠷ ᠠᠩᠬᠠᠷᠴᠦ᠂ ᠬᠢᠨᠠᠨ ᠪᠤᠳᠤᠯᠲᠠ ᠳᠤ ᠬᠢᠨᠠᠯᠲᠠ ᠲᠠᠯᠪᠢᠬᠤ ᠪᠠ ᠴᠢᠭᠡᠴᠢ ᠵᠠᠰᠠᠭ ᠤᠨ ᠲᠦᠭᠰᠢᠭᠦᠷᠢ ᠶᠢ ᠡᠵᠡᠮᠳᠡᠨ ᠰᠡᠷᠭᠡᠶᠢᠯᠡᠨ᠎ᠡ᠃ ᠬᠢᠨᠠᠨ ᠪᠠᠶᠢᠴᠠᠭᠠᠬᠤ ᠺᠤᠮᠢᠰ ᠤᠨ ᠠᠵᠢᠯ ᠢ ᠬᠤᠷᠰᠢᠨ ᠳᠡᠮᠵᠢᠵᠦ᠂  ᠡᠯ᠎ᠡ ᠵᠤᠶᠢᠯ ᠤᠨ ᠭᠠᠵᠢᠭᠤ ᠰᠤᠷᠲᠠᠯ ᠢ ᠡᠷᠡᠰ ᠴᠢᠩᠭ᠎ᠠ ᠪᠠᠶᠢᠴᠠᠭᠠᠨ ᠵᠠᠯᠠᠷᠠᠭᠤᠯᠵᠦ᠂ ᠬᠡᠪ ᠰᠤᠷᠲᠠᠯ ᠲᠦᠪ ᠴᠢᠭᠡᠴᠢ ᠵᠠᠰᠠᠭ ᠤᠨ ᠶᠠᠪᠤᠳᠠᠯ ᠤᠨ ᠤᠷᠴᠢᠨ ᠲᠤᠭᠤᠷᠢᠨ ᠢ ᠴᠢᠷᠮᠠᠶᠢᠨ ᠪᠤᠢ ᠪᠤᠯᠭᠠᠨ᠎ᠠ᠃     ᠲᠦᠯᠦᠭᠡᠯᠡᠭᠴᠢᠳ ᠡ᠂ ᠪᠢᠳᠡ ᠨᠢᠭᠡᠨᠲᠡ ᠳᠤᠮᠳᠠᠲᠦ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠳᠤ ᠠᠯᠬᠤᠨ ᠤᠷᠤᠭᠰᠠᠨ᠂ ᠰᠢᠨ᠎ᠡ ᠴᠠᠭ ᠦᠶ᠎ᠡ ᠰᠢᠨ᠎ᠡ ᠡᠭᠦᠷᠭᠡ ᠶᠢ ᠤᠯᠭᠤᠵᠦ᠂ ᠰᠢᠨ᠎ᠡ ᠡᠬᠢᠯᠡᠯᠲᠡ ᠶᠢᠨ ᠴᠢᠭ ᠰᠢᠨ᠎ᠡ ᠠᠶᠠᠨ ᠵᠠᠮ ᠢ ᠡᠬᠢᠯᠡᠭᠦᠯᠪᠡ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠨᠢ ᠰᠢᠨ᠎ᠡ ᠡᠭᠡᠯᠵᠢ ᠶᠢᠨ ᠵᠠᠰᠠᠭ ᠤᠨ ᠤᠷᠳᠤᠨ ᠤ ᠡᠭᠦᠷᠭᠡᠯᠡᠬᠦ ᠲᠡᠤᠬᠡᠨ ᠡᠭᠦᠷᠭᠡ ᠬᠠᠷᠢᠭᠤᠴᠠᠯᠭ᠎ᠠ ᠮᠦᠨ ᠃ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠬᠤ ᠬᠦᠰᠡᠯ  ᠡᠷᠡᠮᠡᠯᠵᠡᠯ ᠪᠤᠯ ᠪᠢᠳᠡᠨ ᠤ ᠲᠡᠮᠡᠴᠡᠬᠦ ᠬᠠᠷᠠᠯᠲᠠ ᠮᠦᠨ᠃ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠪᠢᠳᠡᠨ ᠨᠡᠩ ᠢᠯᠡᠭᠦᠤ ᠪᠦᠯᠬᠦᠮᠳᠡᠨ ᠨᠢᠭᠲᠠᠷᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠪᠠᠷ ᠲᠤᠤᠱᠯᠠᠭᠤᠯᠤᠨ ᠬᠡᠷᠡᠭᠵᠢᠭᠦᠯᠵᠦ᠂ ᠲᠤᠭᠤᠷᠢᠭ ᠤᠨ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠤᠤᠷ᠎ᠠ᠂ ᠤᠭ ᠰᠠᠨᠠᠭ᠎ᠠ ᠪᠠᠨ ᠮᠠᠷᠲᠠᠯ ᠦᠭᠡᠢ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠂ ᠡᠷᠡᠰ ᠵᠤᠷᠢᠭᠯᠠᠨ ᠵᠢᠳᠬᠦᠨ ᠴᠢᠷᠮᠠᠶᠢᠵᠦ᠂ ᠴᠢᠩᠭ᠎ᠠ ᠠᠳᠬᠤᠵᠦ ᠰᠢᠷᠭᠠᠭᠤ ᠠᠵᠢᠯᠯᠠᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠮᠵᠢᠯᠲᠠ ᠶᠢ ᠴᠢᠷᠮᠠᠶᠢᠨ ᠤᠯᠵᠦ᠂ ᠪᠠᠶᠠᠨ ᠴᠢᠨᠡᠭᠡᠯᠢᠭ ᠪᠤᠯᠪᠠᠰᠤᠨ ᠂ ᠠᠮᠦᠷ ᠲᠠᠶᠢᠪᠤᠩ ᠡᠶ᠎ᠡ ᠵᠤᠬᠢᠴᠠᠩᠭᠤᠢ᠂ ᠠᠮᠢ ᠠᠬᠤᠢ ᠤᠷᠤᠰᠢᠨ ᠲᠤᠭᠲᠠᠨᠢᠬᠤ ᠳᠤ ᠲᠤᠬᠢᠷᠠᠮᠵᠢᠲᠠᠢ ᠦᠵᠡᠰᠬᠦᠯᠡᠩᠲᠦ ᠰᠠᠶᠢᠬᠠᠨ ᠵᠢᠨᠢᠩ ᠢᠶᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ ᠲᠡᠮᠡᠴᠡᠵᠡᠭᠡᠶ᠎ᠡ︕                                                      ︵ᠤᠷᠴᠢᠭᠤᠯᠤᠭᠴᠢ᠄ ᠡᠷᠬᠢᠮᠪᠠᠶᠠᠷ︶
 
ᠢᠷᠡᠯᠲᠡ᠄ ᠵᠢᠨᠢᠩ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2