ᠨᠡᠶᠢᠭᠡᠮ ᠤᠨ ᠪᠠᠲᠤᠯᠠᠪᠤᠷᠢ ᠶᠢᠨ ᠺᠠᠷᠲ ᠤᠨ 6 ᠶᠡᠭᠡ ᠴᠢᠲᠠᠪᠬᠢ
ᠨᠡᠶᠢᠲᠡᠯᠡᠭᠰᠡᠨ ᠴᠠᠭ᠄
2018/5/7
    ᠨᠡᠶᠢᠭᠡᠮ ᠤᠨ ᠪᠠᠲᠤᠯᠠᠪᠤᠷᠢ ᠶᠢᠨ ᠺᠠᠷᠲ ᠨᠢ ᠵᠦᠪᠬᠡᠨ ᠡᠮ ᠬᠤᠳᠠᠯᠳᠤᠨ ᠠᠪᠴᠤ ᠪᠤᠯᠬᠤ ᠪᠢᠰᠢ᠂ ᠬᠠᠷᠢᠨ ᠡᠯᠧᠺᠳ᠋ᠷᠣᠨ ᠬᠡᠷᠡᠴᠢ ᠪᠠᠷᠢᠮᠲᠠ᠂ ᠮᠡᠲᠡᠭᠡ ᠵᠠᠩᠬᠢ ᠶᠢᠨ ᠲᠡᠮᠲᠡᠭᠯᠡᠯ᠂ ᠦᠪᠡᠷᠳᠡᠭᠡᠨ ᠪᠠᠶᠢᠴᠠᠭᠠᠨ ᠠᠰᠠᠭᠤᠬᠤ᠂ ᠡᠮᠴᠢᠯᠡᠭᠦᠯᠦᠨ ᠳ᠋ᠦ᠋ᠩᠨᠡᠨ ᠪᠤᠳᠤᠬᠤ᠂ ᠰᠦᠢᠳᠬᠡᠯ ᠲᠤᠰᠢᠶᠠᠬᠤ ᠪᠠ ᠤᠯᠭᠤᠮᠵᠢ ᠠᠪᠬᠤ᠂ ᠮᠦᠩᠬᠦᠨ ᠬᠦᠢᠯᠭᠡᠭᠡᠨ ᠤ ᠰᠦᠢᠳᠬᠡᠯ ᠲᠤᠰᠢᠶᠠᠬᠤ ᠵᠡᠷᠭᠡ 6 ᠶᠡᠭᠡ ᠴᠢᠲᠠᠪᠬᠢ 102 ᠲᠦᠷᠦᠯ ᠤᠨ ᠬᠡᠷᠡᠭᠯᠡᠭᠡᠨ ᠲᠠᠢ ᠶᠤᠮ᠂ ᠲᠤᠤᠷ᠎ᠠ ᠨᠢᠭᠡ ᠨᠢᠭᠡ ᠪᠠᠷ ᠤᠢᠢᠯᠠᠭᠠᠶ᠎ᠠ᠃     ᠪᠡᠶ᠎ᠡ ᠶᠢᠨ ᠦᠨᠡᠮᠯᠡᠯ ᠤᠨ ᠬᠡᠷᠡᠴᠢ ᠪᠠᠷᠢᠮᠲᠠ ᠪᠤᠯᠤᠬᠰᠠᠨ ᠤ ᠬᠤᠪᠢ ᠳᠤ᠂ ᠨᠡᠶᠢᠭᠡᠮ ᠤᠨ ᠪᠠᠲᠤᠯᠠᠪᠤᠷᠢ ᠶᠢᠨ ᠺᠠᠷᠲ ᠢᠶᠠᠷ ᠢᠶᠠᠨ ᠠᠵᠢᠯ ᠤᠯᠤᠬᠰᠠᠨ ᠲᠠᠩᠰᠠᠨ ᠳᠤ ᠲᠡᠮᠲᠡᠭᠯᠡᠬᠦ᠂ ᠠᠵᠢᠯ ᠠᠯᠲᠠᠬᠰᠠᠨ ᠲᠡᠩᠰᠠᠨ ᠳᠤ ᠲᠡᠮᠲᠡᠭᠯᠡᠬᠦ᠂ ᠨᠡᠶᠢᠭᠡᠮ ᠤᠨ ᠲᠠᠭᠠᠳᠬᠠᠯ ᠳᠤ ᠤᠷᠤᠯᠴᠠᠬᠰᠠᠨ ᠲᠡᠮᠲᠡᠭᠯᠡᠯ᠂ ᠠᠵᠢᠯ ᠠᠴᠠ ᠪᠤᠯᠤᠬᠰᠠᠨ ᠬᠡᠮᠲᠤᠯ ᠢᠶᠠᠷ ᠲᠤᠲᠤᠯᠠᠬᠤ᠂ ᠠᠵᠢᠯ ᠮᠡᠷᠭᠡᠵᠢᠯ ᠤᠨ ᠪᠤᠯᠪᠠᠰᠤᠷᠠᠯ᠂ ᠮᠡᠷᠭᠡᠵᠢᠯ ᠴᠢᠲᠠᠪᠤᠷᠢ ᠶᠢᠨ ᠬᠢᠨᠠᠨ ᠲᠤᠬᠲᠠᠭᠠᠯᠲᠠ ᠵᠡᠷᠭᠡ ᠬᠦᠮᠦᠨ ᠤ ᠬᠦᠴᠦᠨ ᠤ ᠡᠬᠢ ᠪᠠᠶᠠᠯᠢᠬ ᠪᠤᠯᠤᠨ ᠨᠡᠶᠢᠭᠡᠮ ᠤᠨ ᠪᠠᠲᠤᠯᠠᠪᠤᠷᠢ ᠶᠢᠨ ᠠᠵᠢᠯ ᠢ ᠬᠦᠢᠴᠡᠳᠬᠡᠵᠦ ᠪᠤᠯᠬᠤ ᠮᠦᠷᠲᠡᠭᠡᠨ ᠡᠯ᠎ᠡ ᠲᠦᠷᠦᠯ ᠤᠨ ᠠᠵᠢᠯ ᠤᠯᠭᠤᠯᠲᠠ ᠶᠢᠨ ᠲᠡᠮᠵᠢᠯᠭᠡ ᠶᠢᠨ ᠲᠦᠷᠦ ᠶᠢᠨ ᠪᠤᠳᠤᠯᠭ᠎ᠠ ᠪᠤᠯᠤᠨ ᠠᠵᠢᠯ ᠤᠯᠭᠤᠯᠲᠠ ᠶᠢᠨ ᠦᠢᠯᠡᠴᠢᠯᠡᠭᠡ᠂ ᠨᠡᠶᠢᠭᠡᠮ ᠤᠨ ᠪᠠᠲᠤᠯᠠᠪᠤᠷᠢ ᠶᠢᠨ ᠦᠢᠯᠡᠴᠢᠯᠡᠭᠡ᠂ ᠴᠢᠲᠠᠪᠤᠷᠢᠲᠡᠨ ᠤ ᠦᠢᠯᠡᠴᠢᠯᠡᠭᠡ ᠶᠢ ᠡᠳ᠋ᠯᠡᠵᠦ ᠪᠤᠯᠤᠨ᠎ᠠ᠃    ᠡᠯᠧᠺᠳ᠋ᠷᠣᠨ ᠮᠡᠲᠡᠭᠡ ᠵᠠᠩᠬᠢ ᠶᠢ ᠲᠡᠮᠲᠡᠭᠯᠡᠬᠦ ᠠᠴᠢᠶᠠᠯᠠᠪᠤᠷᠢ ᠪᠤᠯᠤᠬᠰᠠᠨ ᠤ ᠬᠤᠪᠢ ᠳᠤ᠂ ᠨᠡᠶᠢᠭᠡᠮ ᠤᠨ ᠪᠠᠲᠤᠯᠠᠪᠤᠷᠢ ᠶᠢᠨ ᠺᠠᠷᠲ ᠨᠢ ᠬᠤᠪᠢ ᠬᠦᠮᠦᠨ ᠤ ᠦᠨᠳᠦᠰᠦᠨ ᠮᠡᠲᠡᠭᠡ ᠵᠠᠩᠬᠢ ᠪᠠ ᠬᠦᠮᠦᠨ ᠤ ᠬᠦᠴᠦᠨ ᠤ ᠡᠬᠢ ᠪᠠᠶᠠᠯᠢᠬ ᠪᠤᠯᠤᠨ ᠨᠡᠶᠢᠭᠡᠮ ᠤᠨ ᠪᠠᠲᠤᠯᠠᠪᠤᠷᠢ ᠶᠢᠨ ᠵᠠᠩᠬᠢᠯᠠᠭ᠎ᠠ ᠶᠢᠨ ᠠᠵᠢᠯ ᠤᠨ ᠮᠡᠲᠡᠭᠡ ᠵᠠᠩᠬᠢ ᠶᠢ ᠲᠡᠮᠲᠡᠭᠯᠡᠵᠦ᠂ ᠡᠯᠧᠺᠳ᠋ᠷᠣᠨ ᠦᠨᠡᠮᠯᠡᠯ ᠤᠨ ᠬᠠᠭᠤᠯᠪᠤᠷᠢ ᠲᠡᠪᠲᠡᠷ ᠢ ᠪᠦᠷᠢᠯᠲᠦᠭᠦᠯᠵᠦ᠂ ᠦᠨᠡᠮᠯᠡᠯ ᠲᠠᠢ ᠠᠳᠠᠯᠢᠬᠠᠨ ᠢᠶᠠᠷ ᠬᠡᠷᠡᠭᠯᠡᠵᠦ ᠪᠤᠯᠤᠨ᠎ᠠ᠃    ᠠᠵᠢᠯ ᠤᠨ ᠰᠢᠰᠲ᠋ᠧᠮ ᠤᠨ ᠡᠯᠧᠺᠳ᠋ᠷᠣᠨ ᠲᠦᠯᠬᠢᠬᠦᠷ ᠪᠤᠯᠤᠬᠰᠠᠨ ᠤ ᠬᠤᠪᠢ ᠳᠤ᠂ ᠨᠡᠶᠢᠭᠡᠮ ᠤᠨ ᠪᠠᠲᠤᠯᠠᠪᠤᠷᠢ ᠶᠢᠨ ᠺᠠᠷᠲ ᠨᠢ ᠪᠠᠰᠠ ᠦᠪᠡᠰᠦᠪᠡᠨ ᠦᠢᠯᠡᠴᠢᠯᠡᠬᠦ ᠰᠢᠯᠵᠢᠶ᠎ᠡ ᠪᠤᠶᠤ ᠪᠤᠰᠤᠳ ᠦᠢᠯᠡᠴᠢᠯᠡᠭᠡᠨ ᠤ ᠠᠷᠭ᠎ᠠ ᠵᠠᠮ ᠢᠶᠠᠷ ᠠᠷᠤ ᠲᠠᠯ᠎ᠠ ᠶᠢᠨ ᠰᠢᠰᠲ᠋ᠧᠮ ᠳᠤ ᠭᠠᠷᠴᠤ᠂ ᠬᠤᠪᠢ ᠬᠦᠮᠦᠨ ᠤ ᠡᠷᠬᠡ ᠠᠰᠢᠬ ᠤᠨ ᠮᠡᠲᠡᠭᠡ ᠵᠠᠩᠬᠢ ᠵᠢᠴᠢ ᠬᠠᠮᠢᠶ᠎ᠠ ᠪᠦᠬᠦᠢ ᠠᠵᠢᠯ ᠢ ᠦᠪᠡᠰᠦᠪᠡᠨ ᠬᠦᠢᠴᠡᠳᠭᠡᠵᠦ ᠪᠤᠯᠤᠨ᠎ᠠ᠃    ᠰᠦᠢᠳᠬᠡᠯ ᠢ ᠳ᠋ᠦ᠋ᠩᠨᠡᠨ ᠪᠤᠳᠤᠬᠤ ᠡᠯᠧᠺᠳ᠋ᠷᠣᠨ ᠦᠨᠡᠮᠯᠡᠯ ᠪᠤᠯᠤᠬᠰᠠᠨ ᠤ ᠬᠤᠪᠢ ᠳᠤ᠂ ᠨᠡᠶᠢᠭᠡᠮ ᠤᠨ ᠪᠠᠲᠤᠯᠠᠪᠤᠷᠢ ᠶᠢᠨ ᠺᠠᠷᠲ ᠨᠢ ᠲᠤᠰ ᠤᠷᠤᠨ ᠪᠤᠯᠤᠨ ᠤᠷᠤᠨ ᠠᠯᠤᠰᠯᠠᠬᠰᠠᠨ ᠡᠮ ᠡᠮᠨᠡᠯᠭᠡ ᠶᠢᠨ ᠲᠠᠭᠠᠳᠬᠠᠯ᠂ ᠠᠵᠢᠯ ᠠᠴᠠ ᠪᠤᠯᠤᠬᠰᠠᠨ ᠬᠡᠮᠲᠤᠯ ᠤᠨ ᠲᠠᠭᠠᠳᠬᠠᠯ᠂ ᠦᠷᠡᠵᠢᠯ ᠤᠨ ᠲᠠᠭᠠᠳᠬᠠᠯ ᠤᠨ ᠡᠮᠴᠢᠯᠡᠭᠡᠨ ᠤ ᠰᠦᠢᠳᠬᠡᠯ ᠢ ᠴᠠᠬ ᠲᠤᠬᠠᠢ ᠳᠤᠨᠢ ᠳ᠋ᠦ᠋ᠩᠨᠡᠨ ᠪᠤᠳᠤᠵᠦ᠂ ᠨᠤᠮᠧᠷ ᠠᠪᠬᠤ᠂ ᠡᠮᠴᠢᠯᠡᠬᠦᠯᠬᠦ᠂ ᠵᠢᠷᠮᠦᠰᠦᠨ ᠪᠤᠯᠤᠬᠰᠠᠨ ᠢᠶᠠᠷ ᠲᠡᠩᠰᠠᠯᠠᠬᠤ᠂ ᠡᠮᠨᠡᠯᠭᠡ ᠳᠤ ᠰᠠᠭᠤᠬᠤ ᠪᠠᠷ ᠲᠠᠩᠰᠠᠯᠠᠬᠤ᠂ ᠡᠮ ᠠᠪᠬᠤ ᠵᠡᠷᠭᠡ ᠡᠮᠴᠢᠯᠡᠭᠦᠯᠬᠦ ᠶᠠᠪᠤᠴᠠ ᠳᠠᠬᠢ ᠮᠡᠲᠡᠭᠡ ᠵᠠᠩᠬᠢ ᠶᠢᠨ ᠦᠢᠯᠡᠴᠢᠯᠡᠭᠡ ᠶᠢ ᠪᠡᠶᠡᠯᠡᠭᠦᠯᠵᠦ ᠴᠢᠲᠠᠨ᠎ᠠ᠃    ᠨᠡᠶᠢᠭᠡᠮ ᠤᠨ ᠪᠠᠲᠤᠯᠠᠪᠤᠷᠢ ᠶᠢᠨ ᠺᠠᠷᠲ ᠪᠤᠯᠤᠨ ᠪᠠᠩᠬᠢ ᠶᠢᠨ ᠬᠠᠷᠢᠯᠴᠠᠭᠠᠨ ᠤ ᠵᠠᠭᠤᠴᠢ ᠪᠤᠯᠤᠬᠰᠠᠨ ᠤ ᠬᠤᠪᠢ ᠳᠤ᠂ ᠨᠡᠶᠢᠭᠡᠮ ᠤᠨ ᠪᠠᠲᠤᠯᠠᠪᠤᠷᠢ ᠶᠢᠨ ᠺᠠᠷᠲ ᠤᠨ ᠪᠠᠩᠬᠢ ᠶᠢᠨ ᠲᠠᠩᠰᠠᠨ ᠤ ᠢᠯᠭᠠᠯ ᠢᠶᠠᠷ ᠲᠠᠮᠵᠢᠨ ᠰᠦᠢᠳᠬᠡᠯ ᠲᠤᠰᠢᠶᠠᠬᠤ ᠪᠠ ᠬᠠᠷᠠᠭᠠᠯᠵᠠᠯ ᠤᠨ ᠮᠦᠩᠬᠦ ᠪᠠᠨ ᠠᠪᠴᠤ ᠪᠤᠯᠤᠨ᠎ᠠ᠂ ᠲᠠᠷᠤᠢ ᠬᠤᠪᠢ ᠬᠦᠮᠦᠨ ᠤ ᠡᠯ᠎ᠡ ᠲᠦᠷᠦᠯ ᠤᠨ ᠨᠡᠶᠢᠭᠡᠮ ᠤᠨ ᠲᠠᠭᠠᠳᠬᠠᠯ ᠤᠨ ᠰᠦᠢᠳᠬᠡᠯ ᠲᠤᠰᠢᠶᠠᠬᠤ᠂ ᠬᠦᠮᠦᠨ ᠤ ᠶᠠᠪᠤᠲᠠᠯ ᠴᠢᠲᠠᠪᠤᠷᠢᠲᠠᠨ ᠤ ᠰᠢᠯᠭᠠᠯᠲᠠ ᠶᠢᠨ ᠰᠦᠢᠳᠬᠡᠯ ᠲᠤᠰᠢᠶᠠᠬᠤ᠂ ᠡᠯ᠎ᠡ ᠲᠦᠷᠦᠯ ᠤᠨ ᠨᠡᠶᠢᠭᠡᠮ ᠤᠨ ᠲᠠᠭᠠᠳᠬᠠᠯ ᠤᠨ ᠲᠤᠬᠲᠠᠬᠰᠠᠨ ᠬᠤᠭᠤᠴᠠᠭᠠᠨ ᠤ ᠬᠠᠷᠠᠭᠠᠯᠵᠠᠯ ᠪᠤᠯᠤᠨ ᠨᠢᠭᠡ ᠤᠳᠠᠭ᠎ᠠ ᠶᠢᠨ ᠴᠢᠨᠠᠷᠲᠠᠢ ᠬᠠᠷᠠᠭᠠᠯᠵᠠᠯ ᠠᠪᠬᠤ᠂ ᠲᠠᠩᠰᠠᠨ ᠠᠴᠠ ᠲᠠᠶᠢᠯᠤᠬᠰᠠᠨ ᠰᠦᠢᠳᠬᠡᠯ ᠢᠶᠠᠨ ᠠᠪᠬᠤ᠂ ᠠᠵᠢᠯ ᠤᠯᠭᠤᠯᠲᠠ ᠶᠢᠨ ᠲᠡᠮᠵᠢᠯᠭᠡ ᠶᠢᠨ ᠲᠦᠷᠦ ᠶᠢᠨ ᠪᠤᠳᠤᠯᠭ᠎ᠠ ᠶᠢᠨ ᠨᠦᠬᠦᠪᠦᠷᠢ ᠮᠦᠩᠬᠦ ᠠᠪᠬᠤ᠂ ᠭᠤᠤᠯᠲᠠᠯᠭ᠎ᠠ ᠲᠠᠢ ᠠᠵᠢᠯ ᠲᠦᠷᠦᠯ ︵ᠠᠵᠦ ᠠᠬᠤᠢᠢᠯᠠᠯ︶᠎ ᠤᠨ ᠬᠦᠯᠦᠰᠦᠨ ᠲᠠᠷᠢᠶᠠᠴᠢᠨ ᠤ ᠴᠠᠯᠢᠩ ᠠᠪᠬᠤ ᠵᠡᠷᠭᠡ᠃    ᠪᠠᠩᠬᠢ ᠶᠢᠨ ᠺᠠᠷᠲ ᠪᠤᠯᠤᠬᠰᠠᠨ ᠤ ᠬᠤᠪᠢ ᠳᠤ᠂ ᠨᠡᠶᠢᠭᠡᠮ ᠤᠨ ᠪᠠᠲᠤᠯᠠᠪᠤᠷᠢ ᠶᠢᠨ ᠺᠠᠷᠲ ᠤᠨ ᠪᠠᠩᠬᠢ ᠶᠢᠨ ᠲᠠᠩᠰᠠᠨ ᠤ ᠢᠯᠭᠠᠯ ᠢᠶᠠᠷ ᠵᠤᠭᠤᠰ ᠬᠠᠲᠠᠭᠠᠯᠠᠬᠤ ᠭᠠᠷᠭᠠᠨ ᠠᠪᠬᠤ᠂ ᠰᠢᠯᠵᠢᠭᠦᠯᠬᠦ᠂ ᠤᠷᠤᠯᠠᠨ ᠬᠤᠷᠢᠶᠠᠨ ᠠᠪᠬᠤ ᠤᠷᠤᠯᠠᠨ ᠲᠤᠰᠢᠶᠠᠬᠤ ᠵᠡᠷᠭᠡ ᠠᠵᠢᠯ ᠢ ᠬᠦᠢᠴᠡᠳᠬᠡᠵᠦ ᠪᠤᠯᠤᠨ᠎ᠠ᠃ ᠬᠡᠪᠡᠴᠤ ᠨᠡᠶᠢᠭᠡᠮ ᠤᠨ ᠪᠠᠲᠤᠯᠠᠪᠤᠷᠢ ᠶᠢᠨ ᠺᠠᠷᠲ ᠤᠨ ᠠᠴᠢᠶᠠᠯᠠᠵᠦ ᠪᠠᠶᠢᠭ᠎ᠠ ᠮᠦᠩᠬᠦᠨ ᠬᠦᠢᠯᠭᠡᠭᠡᠨ ᠤ ᠴᠢᠲᠠᠪᠬᠢ ᠨᠢ ᠵᠦᠪᠬᠡᠨ ᠵᠤᠭᠤᠰ ᠬᠠᠲᠠᠭᠠᠯᠠᠵᠦ ᠵᠤᠭᠤᠰ ᠭᠠᠷᠭᠠᠨ ᠠᠪᠴᠤ ᠪᠤᠯᠬᠤ ᠠᠴᠠ ᠪᠢᠰᠢ᠂ ᠬᠠᠲᠠᠭᠠᠯᠠᠮᠵᠢ ᠠᠴᠠ ᠬᠡᠲᠦᠷᠡᠲᠡᠯ᠎ᠡ ᠵᠠᠷᠤᠵᠦ ᠪᠤᠯᠬᠤ ᠦᠭᠡᠢ ᠤᠴᠢᠷ ᠠᠴᠠ᠂ ᠡᠩ ᠤᠨ ᠪᠠᠩᠬᠢ ᠶᠢᠨ ᠺᠠᠷᠲ ᠲᠠᠢ ᠶᠠᠮᠠᠷᠴᠤ ᠵᠦᠷᠢᠶ᠎ᠡ ᠦᠭᠡᠢ᠃ ᠺᠠᠷᠲ ᠲᠠᠷᠬᠠᠭᠠᠬᠰᠠᠨ ᠪᠠᠩᠬᠢ ᠨᠢ ᠨᠡᠶᠢᠭᠡᠮ ᠤᠨ ᠪᠠᠲᠤᠯᠠᠪᠤᠷᠢ ᠶᠢᠨ ᠺᠠᠷᠲ ᠠᠴᠠ ᠤᠨ ᠤ ᠰᠦᠢᠳᠬᠡᠯ ᠬᠤᠷᠢᠶᠠᠬᠤ ᠦᠭᠡᠢ ᠮᠦᠷᠲᠡᠭᠡᠨ ᠪᠠᠭ᠎ᠠ ᠬᠡᠮᠵᠢᠶᠡᠨ ᠤ ᠲᠠᠩᠰᠠᠨ ᠤ ᠡᠷᠦᠭᠡ ᠶᠢᠨ ᠬᠠᠮᠢᠶᠠᠷᠤᠯᠲᠠ ᠶᠢᠨ ᠰᠦᠢᠳᠬᠡᠯ ᠬᠤᠷᠢᠶᠠᠬᠤ ᠦᠭᠡᠢ ᠶᠤᠮ᠃     ᠠᠰᠠᠭᠤᠯᠲᠠ᠄ ᠶᠠᠮᠠᠷ ᠬᠦᠮᠦᠨ ᠨᠡᠶᠢᠭᠡᠮ ᠤᠨ ᠪᠠᠲᠤᠯᠠᠪᠤᠷᠢ ᠶᠢᠨ ᠺᠠᠷᠲ ᠢ ᠡᠷᠡᠮᠡᠯᠵᠡᠯᠡᠨ ᠠᠪᠴᠤ ᠪᠤᠯᠬᠤ ᠪᠤᠢ︖     ᠬᠠᠷᠢᠭᠤᠯᠲᠠ᠄ ᠮᠠᠨ ᠤ ᠤᠷᠤᠨ ᠳᠤ ᠠᠵᠢᠯ ᠤᠯᠤᠬᠰᠠᠨ ᠪᠤᠶᠤ ᠨᠡᠶᠢᠭᠡᠮ ᠤᠨ ᠲᠠᠭᠠᠳᠬᠠᠯ ᠳᠤ ᠤᠷᠤᠯᠴᠠᠬᠰᠠᠨ ᠲᠤᠮᠲᠠᠲᠤ ᠤᠯᠤᠰ ᠤᠨ ᠡᠬᠡ ᠬᠠᠭᠤᠷᠠᠢ ᠶᠢᠨ ᠡᠷᠬᠡᠲᠦ ᠠᠷᠠᠳ᠂ ᠰᠢᠶᠠᠩᠭᠠᠩ ᠤᠤᠮᠧᠨ ᠲᠠᠶᠢᠸᠠᠨ ᠤ ᠠᠷᠠᠳ᠂ ᠲᠤᠮᠲᠠᠲᠤ ᠶᠢᠨ ᠬᠠᠷᠢᠶᠠᠲᠦ᠂ ᠭᠠᠲᠠᠭᠠᠲᠦ ᠤᠯᠤᠰ ᠤᠨ ᠬᠦᠮᠦᠨ ᠪᠦᠭᠦᠨ ᠨᠡᠶᠢᠭᠡᠮ ᠤᠨ ᠪᠠᠲᠤᠯᠠᠪᠤᠷᠢ ᠶᠢᠨ ᠺᠠᠷᠲ ᠢ ᠡᠷᠡᠮᠡᠯᠵᠡᠯᠡᠨ ᠠᠪᠴᠤ ᠪᠤᠯᠤᠨ᠎ᠠ᠃     ᠠᠰᠠᠭᠤᠯᠲᠠ᠄ ᠨᠡᠶᠢᠭᠡᠮ ᠤᠨ ᠪᠠᠲᠤᠯᠠᠪᠤᠷᠢ ᠶᠢᠨ ᠺᠠᠷᠲ ᠢ ᠡᠷᠡᠮᠡᠯᠵᠡᠯᠡᠨ ᠠᠪᠬᠤ ᠳᠤ ᠰᠦᠢᠳᠬᠡᠯ ᠬᠤᠷᠢᠶᠠᠨ᠎ᠠ ᠤᠤ︖       ᠬᠠᠷᠢᠭᠤᠯᠲᠠ᠄ ᠮᠠᠨ ᠤ ᠤᠷᠤᠨ ᠳᠤ ᠠᠩᠬ᠎ᠠ ᠤᠳᠠᠭ᠎ᠠ ᠨᠡᠶᠢᠭᠡᠮ ᠤᠨ ᠪᠠᠲᠤᠯᠠᠪᠤᠷᠢ ᠶᠢᠨ ᠺᠠᠷᠲ ᠢ ᠡᠷᠡᠮᠡᠯᠵᠡᠯᠡᠨ ᠠᠪᠬᠤ ᠳᠤ ᠰᠦᠢᠳᠬᠡᠯ ᠬᠤᠷᠢᠶᠠᠬᠤ ᠦᠭᠡᠢ᠂ ᠺᠠᠷᠲ ᠢᠶᠠᠨ ᠨᠦᠬᠦᠨ ᠠᠪᠬᠤ ᠪᠤᠶᠤ ᠰᠤᠯᠢᠬᠤ ᠳᠤ ᠬᠦᠯᠦᠰᠦ ᠦᠷᠲᠡᠭ ᠤᠨ ᠵᠠᠷᠤᠲᠠᠯ ᠠᠪᠤᠨ᠎ᠠ᠃     ᠠᠰᠠᠭᠤᠯᠲᠠ᠄ ᠨᠡᠶᠢᠭᠡᠮ ᠤᠨ ᠪᠠᠲᠤᠯᠠᠪᠤᠷᠢ ᠶᠢᠨ ᠺᠠᠷᠲ ᠢ ᠬᠠᠮᠢᠭ᠎ᠠ ᠠᠴᠠ ᠡᠷᠡᠮᠡᠯᠵᠡᠯᠡᠨ ᠠᠪᠲᠠᠭ ᠪᠤᠢ︖    ᠬᠠᠷᠢᠭᠤᠯᠲᠠ᠄ ᠤᠳᠤᠬᠢ ᠱᠠᠲᠤᠨ ᠳᠤ᠂ ᠪᠠᠶᠢᠭᠤᠯᠤᠯᠭ᠎ᠠ ᠶᠢᠨ ᠠᠵᠢᠯᠲᠠᠨ ︵ᠬᠡᠷ᠎ᠡ ᠶᠢᠨ ᠲᠦᠷᠢᠮ ᠢᠶᠠᠷ ᠬᠡᠷᠡᠭᠯᠡᠭᠰᠡᠨ ᠬᠦᠮᠦᠰ ᠢ ᠪᠠᠭᠲᠠᠭᠠᠨ᠎ᠠ︶᠂ ᠠᠵᠢᠯ ᠠᠴᠠ ᠪᠠᠨ ᠲᠠᠷᠬᠠᠯᠠᠬᠲᠠᠵᠦ ᠠᠵᠢᠯ ᠠᠴᠠ ᠪᠠᠨ ᠠᠮᠠᠷᠠᠬᠰᠠᠨ ᠬᠦᠮᠦᠰ ᠤᠨ ᠬᠢ ᠶᠢ ᠪᠠᠶᠢᠭᠤᠯᠤᠯᠭ᠎ᠠ ᠠᠴᠠ ᠨᠡᠶᠢᠭᠡᠮ ᠤᠨ ᠪᠠᠲᠤᠯᠠᠪᠤᠷᠢ ᠶᠢᠨ ᠲᠤᠰᠬᠠᠢ ᠬᠠᠮᠢᠶᠠᠷᠤᠬᠴᠢ ᠠᠴᠠ ᠤᠷᠤᠯᠠᠨ ᠡᠷᠡᠮᠡᠯᠵᠡᠯᠡᠨ ᠠᠪᠤᠨ᠎ᠡ᠂ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠵᠢᠯᠲᠠᠨ᠂ ᠰᠤᠷᠭᠠᠭᠤᠯᠢ ᠳᠤ ᠪᠠᠶᠢᠭ᠎ᠠ ᠰᠤᠷᠤᠬᠴᠢ ᠶᠢᠨ ᠬᠢ ᠶᠢ ᠰᠤᠷᠭᠠᠭᠤᠯᠢ ᠶᠢᠨ ᠨᠡᠶᠢᠭᠡᠮ ᠤᠨ ᠪᠠᠲᠤᠯᠠᠪᠤᠷᠢ ᠶᠢᠨ ᠲᠤᠰᠬᠠᠢ ᠬᠠᠮᠢᠶᠠᠷᠤᠬᠴᠢ ᠠᠴᠠ ᠤᠷᠤᠯᠠᠨ ᠡᠷᠡᠮᠡᠯᠵᠡᠯᠡᠨ ᠠᠪᠤᠨ᠎ᠡ᠂ ᠬᠤᠪᠢ ᠶᠢᠨ ᠦᠢᠯᠡᠳᠪᠦᠷᠢ ᠬᠤᠲᠠᠯᠲᠤᠭᠠᠴᠢᠨ᠂ ᠴᠢᠯᠦᠭᠡᠳᠡᠢ ᠠᠵᠢᠯ ᠬᠢᠵᠦ ᠪᠠᠶᠢᠭ᠎ᠠ ᠬᠦᠮᠦᠰ ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ᠂ ᠨᠡᠶᠢᠭᠡᠮᠴᠢᠯᠡᠨ ᠬᠠᠮᠢᠶᠠᠷᠴᠤ ᠪᠠᠶᠢᠭ᠎ᠠ ᠠᠵᠢᠯ ᠠᠴᠠ ᠪᠠᠨ ᠠᠮᠠᠷᠠᠬᠰᠠᠨ ᠠᠵᠢᠯᠲᠠᠳ ᠤᠨ ᠬᠢ ᠶᠢ ᠵᠡᠭᠡᠯᠢ ᠭᠤᠲᠤᠮᠵᠢ ᠶᠢᠨ ᠨᠡᠶᠢᠭᠡᠮ ᠤᠨ ᠪᠠᠲᠤᠯᠠᠪᠤᠷᠢ ᠶᠢ ᠬᠠᠮᠵᠢᠨ ᠬᠦᠢᠴᠡᠳᠬᠡᠭᠴᠢ ᠪᠤᠶᠤ ᠨᠡᠶᠢᠭᠡᠮ ᠲᠤᠭᠤᠷᠢᠭ ᠤᠨ ᠨᠡᠶᠢᠭᠡᠮ ᠤᠨ ᠪᠠᠲᠤᠯᠠᠪᠤᠷᠢ ᠶᠢ ᠬᠠᠮᠵᠢᠬᠴᠢ ᠠᠴᠠ ᠤᠷᠤᠯᠠᠨ ᠡᠷᠡᠮᠡᠯᠵᠡᠯᠡᠨ ᠠᠪᠤᠨ᠎ᠠ᠂ ᠬᠦᠲᠡᠭᠡ ᠲᠤᠰᠬᠤᠨ ᠤ ᠰᠠᠭᠤᠭᠠᠯᠢ ᠠᠷᠠᠳ ᠤᠨ ᠬᠢ ᠶᠢ ᠰᠢᠶᠠᠩ ᠪᠠᠯᠭᠠᠰᠤ᠂ ᠲᠤᠰᠬᠤᠨ ᠭᠠᠴᠠᠭᠠᠨ ᠤ ᠨᠡᠶᠢᠭᠡᠮ ᠤᠨ ᠪᠠᠲᠤᠯᠠᠪᠤᠷᠢ ᠶᠢᠨ ᠬᠠᠮᠵᠢᠨ ᠬᠠᠮᠢᠶᠠᠷᠤᠬᠴᠢ ᠠᠴᠠ ᠤᠷᠤᠯᠠᠨ ᠡᠷᠡᠮᠡᠯᠵᠡᠯᠡᠨ ᠠᠪᠤᠨ᠎ᠠ︔ ᠨᠡᠶᠢᠭᠡᠮ ᠤᠨ ᠪᠠᠲᠤᠯᠠᠪᠤᠷᠢ ᠶᠢᠨ ᠺᠠᠷᠲ ᠤᠨ ᠦᠢᠯᠡᠴᠢᠯᠡᠭᠡᠨ ᠤ ᠴᠤᠩᠬᠤᠪᠴᠢ ᠶᠢ ᠲᠤᠬᠢᠷᠠᠭᠤᠯᠤᠬᠰᠠᠨ ᠬᠤᠶᠢᠨ᠎ᠠ᠂ ᠡᠷᠡᠮᠡᠯᠵᠡᠯᠡᠨ ᠠᠪᠤᠬᠴᠢ ᠨᠢ ᠰᠢᠭᠤᠳ ᠦᠢᠯᠡᠴᠢᠯᠡᠭᠡᠨ ᠤ ᠴᠤᠩᠬᠤᠪᠴᠢ ᠳᠤ ᠬᠦᠷᠴᠦ ᠡᠷᠡᠮᠡᠯᠵᠡᠯᠡᠨ ᠠᠪᠴᠤ ᠪᠤᠯᠤᠨ᠎ᠠ᠃ ᠤᠳᠤᠬᠠᠨ ᠳᠤ᠂ ᠪᠠᠰᠠ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠡᠶᠢᠭᠡᠮ ᠤᠨ ᠪᠠᠲᠤᠯᠠᠪᠤᠷᠢ ᠶᠢᠨ ᠺᠠᠷᠲ ᠤᠨ ᠦᠢᠯᠡᠴᠢᠯᠡᠭᠡᠨ ᠤ ᠰᠦᠯᠵᠢᠶ᠎ᠡ ︵www.12333k.cn︶᠎ ᠳᠤ ᠭᠠᠷᠴᠤ ᠮᠡᠲᠡᠭᠡ ᠵᠠᠩᠬᠢ ᠪᠠᠨ ᠲᠠᠭᠯᠠᠨ ᠰᠦᠯᠵᠢᠶᠡᠨ ᠲᠡᠭᠡᠷ᠎ᠡ ᠡᠷᠡᠮᠡᠯᠵᠡᠯᠡᠨ ᠠᠪᠴᠤ ᠪᠤᠯᠤᠨ᠎ᠡ᠃ ᠨᠡᠶᠢᠭᠡᠮ ᠤᠨ ᠪᠠᠲᠤᠯᠠᠪᠤᠷᠢ ᠶᠢᠨ ᠺᠠᠷᠲ ᠢᠶᠠᠨ ᠡᠷᠡᠮᠡᠯᠵᠡᠯᠡᠭᠡ ᠦᠭᠡᠢ ᠪᠤᠶᠤ ᠨᠢᠭᠡᠨᠲᠡ ᠡᠷᠡᠮᠡᠯᠵᠡᠯᠡᠭᠰᠡᠨ ᠬᠤᠶᠢᠨ᠎ᠡ ᠲᠤᠰᠤᠨ ᠤᠯᠬᠤ ᠠᠴᠠ ᠡᠮᠦᠨ᠎ᠡ᠂ ᠬᠡᠷᠪᠡ ᠺᠠᠷᠲ ᠬᠡᠷᠡᠭᠯᠡᠬᠦ ᠴᠢᠬᠤᠯᠠ ᠲᠠᠢ ᠪᠤᠯ᠂ ᠲᠠᠭᠠᠳᠬᠠᠯ ᠳᠤ ᠤᠷᠤᠯᠴᠠᠬᠴᠢ ᠪᠤᠶᠤ ᠨᠡᠶᠢᠲᠡᠬᠰᠠᠨ ᠪᠤᠰᠤᠳ ᠬᠦᠮᠦᠨ ᠨᠢ ᠲᠠᠭᠠᠳᠬᠠᠯ ᠳᠤ ᠤᠷᠤᠯᠴᠠᠬᠰᠠᠨ ᠭᠠᠵᠠᠷ ᠤᠨ ᠨᠡᠶᠢᠭᠡᠮ ᠤᠨ ᠪᠠᠲᠤᠯᠠᠪᠤᠷᠢ ᠶᠢᠨ ᠺᠠᠷᠲ ᠤᠨ ᠦᠢᠯᠡᠴᠢᠯᠡᠭᠡᠨ ᠤ ᠴᠤᠩᠬᠤᠪᠴᠢ ᠳᠤ ᠬᠦᠷᠴᠦ ᠲᠦᠷ ᠴᠠᠬ ᠤᠨ ᠨᠡᠶᠢᠭᠡᠮ ᠤᠨ ᠪᠠᠲᠤᠯᠠᠪᠤᠷᠢ ᠶᠢᠨ ᠺᠠᠷᠲ ᠢ ᠡᠷᠡᠮᠡᠯᠵᠡᠯᠡᠨ ᠠᠪᠴᠤ ᠪᠤᠯᠤᠨ᠎ᠠ᠃     ᠠᠰᠠᠭᠤᠯᠲᠠ᠄ ᠨᠡᠶᠢᠭᠡᠮ ᠤᠨ ᠪᠠᠲᠤᠯᠠᠪᠤᠷᠢ ᠶᠢᠨ ᠺᠠᠷᠲ ᠢ ᠡᠷᠡᠮᠡᠯᠵᠡᠯᠡᠨ ᠠᠪᠬᠤ ᠳᠤ ᠶᠠᠮᠠᠷ ᠶᠠᠮᠠᠷ ᠦᠨᠡᠮᠯᠡᠯ ᠬᠡᠷᠡᠭᠲᠡᠢ ᠪᠤᠢ︖     ᠬᠠᠷᠢᠭᠤᠯᠲᠠ᠄ ᠬᠤᠶᠠᠳᠤᠭᠠᠷ ᠦᠶ᠎ᠡ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠡᠷᠦᠭᠡ ᠠᠮᠠ ᠶᠢᠨ ᠲᠠᠩᠰᠠᠨ ᠤ ᠲᠡᠪᠲᠡᠷ᠂ ᠫᠠᠷᠰᠫᠤᠷᠲ᠂ ᠭᠠᠲᠠᠭᠠᠲᠦ ᠤᠯᠤᠰ ᠤᠨ ᠬᠦᠮᠦᠨ ᠤ ᠪᠠᠶᠢᠩᠭᠤ ᠰᠠᠭᠤᠭ᠎ᠠ ᠦᠨᠡᠮᠯᠡᠯ᠂ ᠰᠢᠶᠠᠩᠭᠠᠩ ᠤᠤᠮᠧᠨ ᠤ ᠰᠠᠭᠤᠭᠠᠯᠢ ᠠᠷᠠᠳ ᠤᠨ ᠲᠤᠲᠤᠷ ᠭᠠᠵᠠᠷ ᠲᠤ ᠨᠡᠪᠲᠡᠷᠡᠬᠦ ᠦᠨᠡᠮᠯᠡᠯ᠂ ᠲᠠᠶᠢᠸᠠᠨ ᠤ ᠰᠠᠭᠤᠭᠠᠯᠢ ᠠᠷᠠᠳ ᠤᠨ ᠲᠤᠲᠤᠷ ᠭᠠᠵᠠᠷ ᠲᠤ ᠨᠡᠪᠲᠡᠷᠡᠬᠦ ᠦᠨᠡᠮᠯᠡᠯ ᠵᠡᠷᠭᠡ᠃     ᠠᠰᠠᠭᠤᠯᠲᠠ᠄ ᠨᠡᠶᠢᠭᠡᠮ ᠤᠨ ᠪᠠᠲᠤᠯᠠᠪᠤᠷᠢ ᠶᠢᠨ ᠺᠠᠷᠲ ᠢᠶᠠᠨ ᠤᠯᠤᠬᠰᠠᠨ ᠬᠤᠶᠢᠨ᠎ᠠ ᠰᠢᠭᠤᠳ ᠬᠡᠷᠡᠭᠯᠡᠵᠦ ᠲᠡᠶᠢᠯᠦᠨ᠎ᠡ ᠤᠤ︖     ᠬᠠᠷᠢᠭᠤᠯᠲᠠ᠄ ᠲᠡᠶᠢᠯᠦᠨ᠎ᠡ᠃ ᠨᠡᠶᠢᠭᠡᠮ ᠤᠨ ᠪᠠᠲᠤᠯᠠᠪᠤᠷᠢ ᠶᠢᠨ ᠺᠠᠷᠲ ᠢᠶᠠᠨ ᠬᠤᠷᠢᠶᠠᠨ ᠤᠯᠤᠬᠰᠠᠨ ᠬᠤᠶᠢᠨ᠎ᠠ᠂ ᠺᠠᠷᠲᠨᠡᠭᠡᠭᠡᠬᠦ ᠭᠠᠷ ᠬᠦᠢᠴᠡᠳᠬᠡᠯ ᠬᠢᠬᠦ ᠴᠢᠬᠤᠯᠠ ᠦᠭᠡᠢ᠂ ᠠᠩᠬ᠎ᠠ ᠤᠳᠠᠭ᠎ᠠ ᠬᠡᠷᠡᠭᠯᠡᠬᠦ ᠳᠤ ᠲᠠᠷᠤᠢ ᠡᠯᠧᠺᠳ᠋ᠷᠣᠨ ᠬᠡᠷᠡᠴᠢ ᠶᠢᠨ ᠴᠢᠲᠠᠪᠬᠢ᠂ ᠮᠡᠲᠡᠭᠡ ᠵᠠᠩᠬᠢ ᠶᠢ ᠲᠡᠮᠲᠡᠭᠯᠡᠬᠦ ᠴᠢᠲᠠᠪᠬᠢ᠂ ᠦᠪᠡᠰᠦᠪᠡᠨ ᠪᠠᠶᠢᠴᠠᠭᠠᠨ ᠠᠰᠠᠭᠤᠬᠤ ᠴᠢᠲᠠᠪᠬᠢ᠂ ᠰᠦᠢᠳᠬᠡᠯ ᠲᠤᠰᠢᠶᠠᠬᠤ ᠪᠠ ᠬᠠᠷᠠᠭᠠᠯᠵᠠᠯ ᠢ ᠲᠠᠷᠬᠠᠭᠠᠬᠤ ᠴᠢᠲᠠᠪᠬᠢ ᠨᠢ ᠦᠪᠡᠷ ᠢᠶᠠᠨ ᠨᠡᠭᠡᠭᠡᠭᠲᠡᠴᠢᠬᠡᠨ᠎ᠡ ᠃ ᠬᠡᠷᠪᠡ ᠨᠡᠶᠢᠭᠡᠮ ᠤᠨ ᠪᠠᠲᠤᠯᠠᠪᠤᠷᠢ ᠶᠢᠨ ᠺᠠᠷᠲ ᠤᠨ ᠮᠦᠩᠬᠦᠨ ᠬᠦᠢᠯᠭᠡᠭᠡᠨ ᠤ ᠴᠢᠲᠠᠪᠬᠢ ᠶᠢᠨ ᠬᠠᠷᠠᠭᠠᠯᠵᠠᠯ ᠢᠶᠠᠨ ᠲᠤᠰᠤᠨ ᠠᠪᠬᠤ ᠪᠠ ᠮᠦᠩᠬᠦᠨ ᠬᠦᠢᠯᠭᠡᠭᠡᠨ ᠤ ᠰᠦᠢᠳᠬᠡᠯ ᠲᠤᠰᠢᠶᠠᠬᠤ ᠬᠡᠷᠡᠭᠯᠡᠭᠡᠨ ᠢ ᠨᠡᠭᠡᠭᠡᠬᠦ ᠬᠡᠪᠡᠯ᠂ ᠡᠷᠬᠡᠪᠰᠢ ᠺᠠᠷᠲ ᠤᠨ ᠡᠵᠡᠨ ᠨᠢ ᠺᠠᠷᠲ ᠢᠶᠠᠨ ᠪᠡᠶ᠎ᠡ ᠶᠢᠨ ᠦᠨᠡᠮᠯᠡᠯ ᠲᠠᠢ ᠪᠠᠨ ᠬᠠᠮᠲᠦ ᠺᠠᠷᠲ ᠲᠠᠷᠬᠠᠭᠠᠬᠰᠠᠨ ᠪᠠᠩᠬᠢ ᠶᠢᠨ ᠲᠤᠷ᠎ᠠ ᠶᠢᠨ ᠨᠢᠭᠡᠨ ᠰᠦᠯᠵᠢᠶᠡᠨ ᠴᠡᠭ ᠲᠤ ᠬᠦᠷᠴᠦ ᠠᠩᠬᠠᠨ ᠤ ᠮᠦᠩᠬᠦᠨ ᠬᠦᠢᠯᠭᠡᠭᠡᠨ ᠤ ᠨᠢᠭᠤᠴᠠ ᠨᠤᠮᠧᠷ ᠢᠶᠠᠨ ᠬᠠᠯᠠᠬᠤ ᠴᠢᠬᠤᠯᠠᠲᠠᠢ᠃    ᠠᠰᠠᠭᠤᠯᠲᠠ᠄ ᠨᠡᠶᠢᠭᠡᠮ ᠤᠨ ᠪᠠᠲᠤᠯᠠᠪᠤᠷᠢ ᠶᠢᠨ ᠺᠠᠷᠲ ᠨᠢ ᠬᠡᠲᠦᠨ ᠨᠢᠭᠤᠴᠠ ᠨᠤᠮᠧᠷ ᠲᠠᠢ ᠪᠤᠢ︖ ᠲᠤᠰᠪᠤᠷᠢ ᠬᠠᠮᠢᠭ᠎ᠠ ᠬᠡᠷᠡᠭᠯᠡᠲᠡᠭ ᠪᠢᠯᠡ︖    ᠬᠠᠷᠢᠭᠤᠯᠲᠠ᠄ ᠨᠡᠶᠢᠭᠡᠮ ᠤᠨ ᠪᠠᠲᠤᠯᠠᠪᠤᠷᠢ ᠶᠢᠨ ᠺᠠᠷᠲ ᠨᠢ ᠬᠤᠶᠠᠷ ᠨᠢᠭᠤᠴᠠ ᠨᠤᠮᠧᠷ ᠲᠠᠢ᠄ ᠨᠢᠭᠡ ᠨᠢ ᠨᠡᠶᠢᠭᠡᠮ ᠤᠨ ᠪᠠᠲᠤᠯᠠᠪᠤᠷᠢ ᠶᠢᠨ ᠨᠢᠭᠤᠴᠠ ᠨᠤᠮᠧᠷ᠂ ᠨᠦᠬᠦᠭᠡ ᠨᠢ ᠮᠦᠩᠬᠦᠨ ᠬᠦᠢᠯᠭᠡᠭᠡᠨ ᠤ ᠨᠢᠭᠤᠴᠠ ᠨᠤᠮᠧᠷ᠃ ᠭᠠᠷᠲᠠᠨ ᠬᠦᠢᠴᠡᠳᠬᠡᠭᠰᠡᠨ ᠦᠢᠯᠡᠴᠢᠯᠡᠭᠡᠨ ᠤ ᠴᠤᠩᠬᠤᠪᠴᠢ ᠵᠢᠴᠢ ᠦᠪᠡᠰᠦᠪᠡᠨ ᠦᠢᠯᠡᠴᠢᠯᠡᠨ ᠪᠠᠶᠢᠴᠠᠭᠠᠬᠤ ᠰᠢᠯᠵᠢᠶ᠎ᠡ ᠪᠠᠷ ᠪᠠᠶᠢᠴᠠᠭᠠᠨ ᠠᠰᠠᠭᠤᠬᠤ ᠪᠤᠶᠤ ᠨᠡᠶᠢᠭᠡᠮ ᠤᠨ ᠪᠠᠲᠤᠯᠠᠪᠤᠷᠢ ᠶᠢᠨ ᠠᠵᠢᠯ ᠢ ᠭᠠᠷᠲᠠᠨ ᠬᠢᠬᠦ ᠳᠤ᠂ ᠡᠰᠡᠭᠦᠯ᠎ᠡ ᠡᠮᠨᠡᠯᠭᠡ᠂ ᠡᠮ ᠤᠨ ᠲᠡᠯᠭᠡᠭᠦᠷ ᠲᠤ ᠡᠮ ᠡᠮᠨᠡᠯᠭᠡ ᠶᠢᠨ ᠲᠠᠭᠠᠳᠬᠠᠯ ᠤᠨ ᠲᠠᠩᠰᠠ ᠶᠢ ᠳ᠋ᠦ᠋ᠩᠨᠡᠨ ᠪᠤᠳᠤᠬᠤ ᠳᠤ ᠨᠡᠶᠢᠭᠡᠮ ᠤᠨ ᠪᠠᠲᠤᠯᠠᠪᠤᠷᠢ ᠶᠢᠨ ᠨᠢᠭᠤᠴᠠ ᠨᠤᠮᠧᠷ ᠢ ᠬᠡᠷᠡᠭᠯᠡᠨ᠎ᠡ︔ ᠪᠠᠩᠬᠢ᠂ ATM ᠮᠠᠰᠢᠨ᠂ POS ᠮᠠᠰᠢᠨ ᠲᠡᠭᠡᠷ᠎ᠡ ᠪᠠᠶᠢᠴᠠᠭᠠᠨ ᠠᠰᠠᠭᠤᠬᠤ ᠪᠤᠶᠤ ᠮᠦᠩᠬᠦᠨ ᠬᠦᠢᠯᠭᠡᠭᠡᠨ ᠤ ᠠᠵᠢᠯ ᠢ ᠭᠠᠷᠲᠠᠨ ᠬᠢᠬᠦ ᠳᠤ ᠮᠦᠩᠬᠦᠨ ᠬᠦᠢᠯᠭᠡᠭᠡᠨ ᠤ ᠨᠢᠭᠤᠴᠠ ᠨᠤᠮᠧᠷ ᠢ ᠬᠡᠷᠡᠭᠯᠡᠨ᠎ᠡ᠃    ᠠᠰᠠᠭᠤᠯᠲᠠ᠄ ᠺᠠᠷᠲ ᠢᠶᠠᠷ ᠢᠶᠠᠨ ᠬᠡᠷᠬᠢᠨ ᠰᠦᠢᠳᠬᠡᠯ ᠲᠤᠰᠢᠶᠠᠬᠤ ᠪᠤᠢ︖    ᠬᠠᠷᠢᠭᠤᠯᠲᠠ᠄ ᠰᠦᠢᠳᠬᠡᠯ ᠲᠤᠰᠢᠶᠠᠬᠴᠢ ᠨᠢ ᠨᠡᠶᠢᠭᠡᠮ ᠤᠨ ᠪᠠᠲᠤᠯᠠᠪᠤᠷᠢ ᠶᠢᠨ ᠺᠠᠷᠲ ᠤᠨ ᠬᠤᠷᠰᠢᠬᠰᠠᠨ ᠪᠠᠩᠬᠢ ᠂ ᠤᠷᠤᠨ ᠨᠤᠳᠤᠭ ᠤᠨ ᠭᠠᠶᠢᠯᠢ ᠶᠢᠨ ᠰᠠᠯᠠᠭ᠎ᠠ ᠮᠦᠴᠢᠷ ᠲᠠᠢ ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠲᠠᠭᠠᠳᠬᠠᠯ ᠤᠨ ᠰᠦᠢᠳᠬᠡᠯ ᠢ ᠪᠦᠭᠡᠮ ᠢᠶᠠᠷ ᠰᠢᠯᠵᠢᠭᠦᠯᠦᠨ ᠲᠤᠰᠢᠶᠠᠬᠤ ᠭᠤᠷᠪᠠᠨ ᠲᠠᠯ᠎ᠠ ᠶᠢᠨ ᠬᠡᠯᠡᠯᠴᠡᠭᠡᠷ ᠢ ᠲᠤᠬᠲᠠᠬᠰᠠᠨ ᠪᠠᠶᠢᠬᠤ ᠬᠡᠷᠡᠭᠲᠡᠢ᠂ ᠦᠪᠦᠷ ᠮᠤᠩᠭᠤᠯ ᠤᠨ 12333 ᠭᠠᠷ ᠤᠲᠠᠰᠤᠨ ᠤ ᠰᠢᠯᠵᠢᠶ᠎ᠡ᠂ ᠨᠡᠶᠢᠭᠡᠮ ᠤᠨ ᠪᠠᠲᠤᠯᠠᠪᠤᠷᠢ ᠶᠢᠨ ᠺᠠᠷᠲ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠡᠭ᠂ ᠦᠪᠡᠰᠦᠪᠡᠨ ᠦᠢᠯᠡᠴᠢᠯᠡᠬᠦ‍ ᠨᠢᠭᠡ ᠴᠤᠬᠴᠠᠵᠢᠬᠰᠠᠨ ᠮᠠᠰᠢᠨ ᠵᠡᠷᠭᠡ ᠠᠷᠭ᠎ᠠ ᠬᠡᠯᠪᠡᠷᠢ ᠪᠠᠷ ᠰᠦᠢᠳᠬᠡᠯ ᠲᠤᠰᠢᠶᠠᠬᠤ ᠲᠡᠰ ᠢ ᠦᠪᠡᠰᠦᠪᠡᠨ ᠰᠤᠩᠭᠤᠬᠤ ᠶᠢᠨ ᠬᠠᠮᠲᠦ᠂ ᠨᠡᠶᠢᠭᠡᠮ ᠤᠨ ᠪᠠᠲᠤᠯᠠᠪᠤᠷᠢ ᠶᠢᠨ ᠺᠠᠷᠲ ᠤᠨ ᠮᠦᠩᠬᠦᠨ ᠬᠦᠢᠯᠭᠡᠭᠡᠨ ᠤ ᠲᠠᠩᠰᠠᠨ ᠳᠤ ᠬᠦᠢᠴᠡᠳ ᠬᠡᠮᠵᠢᠶᠡᠨ ᠤ ᠨᠠᠰᠤᠵᠢᠯ ᠤᠨ ᠲᠠᠭᠠᠳᠬᠠᠯ ᠤᠨ ᠰᠦᠢᠳᠬᠡᠯ ᠢ ᠬᠠᠲᠠᠭᠠᠯᠠᠵᠦ᠂ ᠤᠷᠤᠨ ᠨᠤᠳᠤᠭ ᠤᠨ ᠭᠠᠶᠢᠯᠢ ᠶᠢᠨ ᠰᠠᠯᠠᠭ᠎ᠠ ᠮᠦᠴᠢᠷ ᠨᠢ ᠲᠠᠷᠤᠢ ᠲᠤᠬᠲᠠᠬᠰᠠᠨ ᠬᠤᠭᠤᠴᠠᠭᠠᠨ ᠳᠤ ᠰᠦᠢᠳᠬᠡᠯ ᠢ ᠰᠢᠯᠵᠢᠭᠦᠯᠦᠨ ᠲᠤᠰᠢᠶᠠᠨ᠎ᠠ᠃     ᠠᠰᠠᠭᠤᠯᠲᠠ᠄ ᠺᠠᠷᠲ ᠢᠶᠠᠷ ᠨᠠᠰᠤᠵᠢᠯ ᠤᠨ ᠲᠠᠭᠠᠳᠬᠠᠯ ᠤᠨ ᠮᠦᠩᠬᠦ ᠪᠠᠨ ᠬᠡᠷᠬᠢᠨ ᠭᠠᠷᠭᠠᠨ ᠠᠪᠬᠤ ᠪᠤᠢ︖     ᠬᠠᠷᠢᠭᠤᠯᠲᠠ᠄ ᠺᠠᠷᠲ ᠲᠠᠷᠬᠠᠭᠠᠬᠰᠠᠨ ᠪᠠᠩᠬᠢ ᠪᠤᠶᠤ ᠪᠤᠰᠤᠳ ᠪᠠᠩᠬᠢ ᠶᠢᠨ ᠲᠤᠷ᠎ᠠ ᠶᠢᠨ ᠨᠢᠭᠡ ᠡᠵᠡᠩᠨᠡᠯᠲᠡ ᠶᠢᠨ ᠰᠦᠯᠵᠢᠶᠡᠨ ᠴᠡᠭ᠂ ᠨᠡᠶᠢᠭᠡᠮ ᠤᠨ ᠪᠠᠲᠤᠯᠠᠪᠤᠷᠢ ᠶᠢᠨ ᠺᠠᠷᠲ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠡᠭ ᠪᠤᠶᠤ ATM ᠮᠠᠰᠢᠨ ᠢᠶᠠᠷ ᠨᠠᠰᠤᠵᠢᠯ ᠤᠨ ᠲᠠᠭᠠᠳᠬᠠᠯ ᠤᠨ ᠮᠦᠩᠬᠦ ᠵᠡᠷᠭᠡ ᠬᠠᠷᠠᠭᠠᠯᠵᠠᠯ ᠤᠨ ᠮᠦᠩᠬᠦ ᠶᠢ ᠦᠪᠡᠰᠦᠪᠡᠨ ᠭᠠᠷᠭᠠᠨ ᠠᠪᠴᠤ ᠪᠤᠯᠤᠨ᠎ᠠ︔ ᠮᠦᠨ ᠴᠤ ᠬᠤᠲᠠᠯᠲᠤᠭᠠᠨ ᠤ ᠲᠠᠯᠠᠪᠠᠢ᠂ ᠪᠠᠭᠤᠲᠠᠯ ᠵᠡᠷᠭᠡ ᠶᠢᠨ ᠲᠤᠷ᠎ᠠ ᠶᠢᠨ ᠨᠢᠭᠡᠨ POS ᠮᠠᠰᠢᠨ ᠲᠡᠭᠡᠷ᠎ᠡ ᠴᠤ ᠺᠠᠷᠲ ᠢᠶᠠᠨ ᠰᠢᠷᠪᠢᠵᠦ ᠬᠡᠷᠡᠭᠯᠡᠭᠡ ᠬᠢᠵᠦ ᠪᠤᠯᠤᠨ᠎ᠠ᠃     ᠠᠰᠠᠭᠤᠯᠲᠠ᠄ ᠺᠠᠷᠲ ᠢᠶᠠᠷ ᠢᠶᠠᠨ ᠬᠡᠷᠬᠢᠨ ᠡᠮᠴᠢᠯᠡᠭᠦᠯᠵᠦ ᠳ᠋ᠦ᠋ᠩᠨᠡᠨ ᠪᠤᠳᠤᠬᠤ ᠪᠤᠢ︖     ᠬᠠᠷᠢᠭᠤᠯᠲᠠ᠄ ᠡᠮ ᠡᠮᠨᠡᠯᠭᠡ ᠶᠢᠨ ᠲᠠᠭᠠᠳᠬᠠᠯ᠂ ᠦᠷᠡᠵᠢᠯ ᠤᠨ ᠲᠠᠭᠠᠳᠬᠠᠯ᠂ ᠠᠵᠢᠯ ᠠᠴᠠ ᠪᠤᠯᠤᠬᠰᠠᠨ ᠬᠡᠮᠲᠦᠯ ᠤᠨ ᠲᠠᠭᠠᠳᠬᠠᠯ ᠳᠤ ᠤᠷᠤᠯᠴᠠᠬᠰᠠᠨ ᠬᠦᠮᠦᠰ ᠪᠦᠷ ᠺᠠᠷᠲ ᠢᠶᠠᠷ ᠢᠶᠠᠨ ᠦᠪᠡᠷᠲᠡᠭᠡᠨ ᠵᠠᠰᠠᠬᠤ ᠤᠷᠤᠨ ᠤ ᠲᠤᠬᠲᠠᠬᠰᠠᠨ ᠴᠡᠭ ᠤᠨ ᠡᠮᠨᠡᠯᠭᠡ ᠳᠤ ᠡᠮᠴᠢᠯᠡᠭᠦᠯᠬᠦ ᠳᠤ᠂ ᠨᠡᠶᠢᠭᠡᠮ ᠤᠨ ᠪᠠᠲᠤᠯᠠᠪᠤᠷᠢ ᠶᠢᠨ ᠺᠠᠷᠲ ᠢᠶᠠᠷ ᠢᠶᠠᠨ ᠴᠠᠬ ᠲᠤᠬᠠᠢ ᠳᠤᠨᠢ ᠳ᠋ᠦ᠋ᠩᠨᠡᠨ ᠪᠤᠳᠤᠵᠦ ᠪᠤᠯᠤᠨ᠎ᠠ᠃     ᠠᠰᠠᠭᠤᠯᠲᠠ᠄ ᠨᠡᠶᠢᠭᠡᠮ ᠤᠨ ᠪᠠᠲᠤᠯᠠᠪᠤᠷᠢ ᠶᠢᠨ ᠺᠠᠷᠲ ᠢ ᠬᠡᠷᠬᠢᠨ ᠨᠦᠬᠦᠨ ᠠᠪᠬᠤ ᠪᠤᠶᠤ ᠰᠤᠯᠢᠬᠤ ᠪᠤᠢ︖     ᠬᠠᠷᠢᠭᠤᠯᠲᠠ᠄ ᠺᠠᠷᠲ ᠨᠦᠬᠦᠬᠦ᠂ ᠺᠠᠷᠲ ᠰᠤᠯᠢᠬᠤ ᠳᠤ ᠺᠠᠷᠲ ᠲᠠᠷᠬᠠᠭᠠᠬᠰᠠᠨ ᠪᠠᠩᠬᠢ ᠳᠤ ᠬᠦᠷᠴᠦ ᠨᠡᠶᠢᠭᠡᠮ ᠤᠨ ᠪᠠᠲᠤᠯᠠᠪᠤᠷᠢ ᠶᠢᠨ ᠺᠠᠷᠲ ᠤᠨ ᠦᠢᠯᠡᠴᠢᠯᠡᠭᠡᠨ ᠤ ᠴᠤᠩᠬᠤᠪᠴᠢ ᠳᠤ ᠬᠦᠷᠴᠦ ᠭᠠᠷ ᠬᠦᠢᠴᠡᠳᠬᠡᠯ ᠬᠢᠵᠦ᠂ ᠴᠠᠬ ᠲᠤᠬᠠᠢ ᠳᠤᠨᠢ ᠺᠠᠷᠲ ᠢᠶᠠᠨ ᠨᠦᠬᠦᠬᠦ ᠪᠤᠶᠤ ᠰᠤᠯᠢᠨ᠎ᠠ᠃ ᠤᠪᠤᠭ ᠨᠡᠷ᠎ᠡ ᠪᠠᠨ ᠦᠭᠡᠷᠡᠴᠢᠯᠡᠬᠦ᠂ ᠨᠡᠶᠢᠭᠡᠮ ᠤᠨ ᠪᠠᠲᠤᠯᠠᠪᠤᠷᠢ ᠶᠢᠨ ᠨᠤᠮᠧᠷ ᠢᠶᠠᠨ ᠦᠭᠡᠷᠡᠴᠢᠯᠡᠬᠦ ᠳᠤ ᠤᠷᠢᠲᠠᠪᠠᠷ ᠮᠡᠲᠡᠭᠡ ᠵᠠᠩᠬᠢ ᠪᠠᠨ ᠦᠭᠡᠷᠡᠴᠢᠯᠡᠬᠦ ᠭᠠᠷ ᠬᠦᠢᠴᠡᠳᠬᠡᠯ ᠬᠢᠨ᠎ᠡ᠃    ᠠᠰᠠᠭᠤᠯᠲᠠ᠄ ᠠᠵᠢᠯ ᠤᠯᠭᠤᠯᠲᠠ ᠶᠢᠨ ᠭᠠᠵᠠᠷ ᠪᠤᠯᠤᠨ ᠲᠠᠭᠠᠳᠬᠠᠯ ᠳᠤ ᠤᠷᠤᠯᠴᠠᠬᠰᠠᠨ ᠭᠠᠵᠠᠷ ᠨᠢ ᠬᠤᠪᠢᠷᠠᠬᠰᠠᠨ ᠬᠤᠶᠢᠨ᠎ᠠ ᠨᠡᠶᠢᠭᠡᠮ ᠤᠨ ᠪᠠᠲᠤᠯᠠᠪᠤᠷᠢ ᠶᠢᠨ ᠺᠠᠷᠲ ᠢᠶᠠᠨ ᠦᠷᠭᠦᠯᠵᠢᠯᠡᠨ ᠬᠡᠷᠡᠭᠯᠡᠵᠦ ᠪᠤᠯᠤᠨ᠎ᠠ ᠤᠤ︖    ᠬᠠᠷᠢᠭᠤᠯᠲᠠ᠄ ᠬᠡᠷᠡᠭᠯᠡᠵᠦ ᠪᠤᠯᠬᠤ ᠦᠭᠡᠢ᠃ ᠺᠠᠷᠲ ᠢᠶᠠᠨ ᠠᠪᠴᠤ ᠲᠤᠬᠠᠢ ᠶᠢᠨ ᠭᠠᠵᠠᠷ ᠤᠨ ᠤᠯᠠᠨ ᠨᠡᠶᠢᠲᠡ ᠶᠢᠨ ᠠᠵᠢᠯ ᠤᠯᠭᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠴᠤᠩᠬᠤᠪᠴᠢ ᠳᠤ ᠬᠦᠷᠴᠦ ᠠᠵᠢᠯ ᠤᠯᠤᠬᠰᠠᠨ ᠢᠶᠠᠷ ᠲᠡᠮᠲᠡᠭᠯᠡᠬᠦᠯᠬᠦ ᠪᠤᠶᠤ ᠨᠡᠶᠢᠭᠡᠮ ᠤᠨ ᠲᠠᠭᠠᠳᠬᠠᠯ ᠢ ᠭᠠᠷᠲᠠᠨ ᠬᠢᠵᠦ ᠪᠠᠶᠢᠭ᠎ᠠ ᠪᠠᠶᠢᠭᠤᠯᠤᠮᠵᠢ ᠶᠢᠨ ᠦᠢᠯᠡᠴᠢᠯᠡᠭᠡᠨ ᠤ ᠴᠤᠩᠬᠤᠪᠴᠢ ᠳᠤ ᠬᠦᠷᠴᠦ ᠲᠠᠭᠠᠳᠬᠠᠯ ᠳᠤ ᠤᠷᠤᠯᠴᠠᠬᠰᠠᠨ ᠬᠠᠷᠢᠴᠠᠭ᠎ᠠ ᠪᠠᠨ ᠲᠦᠷᠬᠡᠭᠡᠨ ᠰᠢᠯᠵᠢᠭᠦᠯᠦᠨ ᠵᠠᠯᠭᠠᠭᠤᠯᠬᠤ ᠶᠢᠨ ᠬᠠᠮᠲᠦ ᠨᠡᠶᠢᠭᠡᠮ ᠤᠨ ᠪᠠᠲᠤᠯᠠᠪᠤᠷᠢ ᠶᠢᠨ ᠺᠠᠷᠲ ᠤᠨ ᠦᠢᠯᠡᠴᠢᠯᠡᠭᠡᠨ ᠤ ᠴᠤᠩᠬᠤᠪᠴᠢ ᠳᠤ ᠬᠦᠷᠴᠦ ᠨᠡᠶᠢᠭᠡᠮ ᠤᠨ ᠪᠠᠲᠤᠯᠠᠪᠤᠷᠢ ᠶᠢᠨ ᠺᠠᠷᠲ ᠤᠨ ᠨᠢᠭᠡᠲᠦᠯᠲᠡᠢ ᠲᠦᠯᠦᠪᠵᠢᠭᠦᠯᠬᠦ ᠭᠠᠵᠠᠷ ᠲᠤ ᠬᠦᠷᠴᠦ ᠰᠢᠯᠵᠢᠭᠦᠯᠬᠦ ᠬᠡᠷᠡᠭᠲᠡᠢ᠃ ᠮᠤᠵᠢ ᠠᠯᠤᠰᠯᠠᠨ ᠰᠢᠯᠵᠢᠭᠦᠯᠬᠦ ᠳᠤ ᠰᠢᠯᠵᠢᠭᠦᠯᠦᠨ ᠭᠠᠷᠭᠠᠬᠰᠠᠨ ᠭᠠᠵᠠᠷ ᠨᠢ ᠤᠤᠯ ᠤᠨ ᠨᠡᠶᠢᠭᠡᠮ ᠤᠨ ᠪᠠᠲᠤᠯᠠᠪᠤᠷᠢ ᠶᠢᠨ ᠺᠠᠷᠲ ᠢ ᠬᠦᠴᠦᠨ ᠦᠭᠡᠢ ᠪᠤᠯᠭᠠᠬᠰᠠᠨ ᠬᠤᠶᠢᠨ᠎ᠠ ᠬᠦᠯᠢᠶᠡᠨ ᠠᠪᠴᠤ ᠵᠠᠯᠭᠠᠭᠤᠯᠤᠬᠰᠠᠨ ᠭᠠᠵᠠᠷ ᠲᠤ ᠲᠠᠬᠢᠨ ᠨᠡᠶᠢᠭᠡᠮ ᠤᠨ ᠪᠠᠲᠤᠯᠠᠪᠤᠷᠢ ᠶᠢᠨ ᠺᠠᠷᠲ ᠢ ᠡᠷᠡᠮᠡᠯᠵᠡᠯᠡᠨ ᠠᠪᠤᠨ᠎ᠠ᠃    ᠠᠰᠠᠭᠤᠯᠲᠠ᠄ ᠬᠡᠷᠡᠭᠯᠡᠬᠦ ᠦᠭᠡᠢ ᠪᠤᠯᠤᠬᠰᠠᠨ ᠨᠡᠶᠢᠭᠡᠮ ᠤᠨ ᠪᠠᠲᠤᠯᠠᠪᠤᠷᠢ ᠶᠢᠨ ᠺᠠᠷᠲ ᠢᠶᠠᠨ ᠬᠡᠷᠬᠢᠨ ᠰᠢᠢᠳᠪᠦᠷᠢᠯᠡᠬᠦ ᠪᠤᠢ︖    ᠬᠠᠷᠢᠭᠤᠯᠲᠠ᠄ ᠺᠠᠷᠲ ᠤᠨ ᠡᠵᠡᠨ ᠨᠢ ᠨᠠᠰᠤ ᠪᠠᠷᠠᠬᠰᠠᠨ᠂ ᠰᠤᠷᠠᠬ ᠦᠭᠡᠢ ᠪᠤᠯᠤᠬᠰᠠᠨ ᠪᠤᠶᠤ ᠬᠢᠯᠢ ᠠᠴᠠ ᠭᠠᠷᠴᠤ ᠭᠠᠳᠠᠭᠠᠳᠤ ᠳᠤ ᠰᠠᠭᠤᠷᠢᠰᠢᠬᠰᠠᠨ ᠵᠡᠷᠭᠡ ᠰᠢᠯᠲᠠᠭᠠᠨ ᠠᠴᠠ ᠪᠤᠯᠵᠦ ᠨᠡᠶᠢᠭᠡᠮ ᠤᠨ ᠪᠠᠲᠤᠯᠠᠪᠤᠷᠢ ᠶᠢᠨ ᠺᠠᠷᠲ ᠢᠶᠠᠨ ᠬᠡᠷᠡᠭᠯᠡᠬᠦ ᠴᠢᠬᠤᠯᠠ ᠦᠭᠡᠢ ᠪᠤᠯᠤᠬᠰᠠᠨ ᠪᠤᠯ᠂ ᠺᠠᠷᠲ ᠤᠨ ᠡᠵᠡᠨ ᠪᠤᠶᠤ ᠲᠡᠭᠦᠨ ᠤ ᠬᠠᠤᠯᠢ ᠳᠤ ᠲᠤᠬᠲᠠᠬᠰᠠᠨ ᠵᠠᠯᠭᠠᠮᠵᠢᠯᠠᠬᠴᠢ ᠨᠢ ᠺᠠᠷᠲ ᠢᠶᠠᠨ ᠠᠪᠴᠤ ᠭᠠᠷᠲᠠᠨ ᠬᠦᠢᠴᠡᠳᠭᠡᠭᠰᠡᠨ ᠦᠢᠯᠡᠴᠢᠯᠡᠭᠡᠨ ᠤ ᠪᠠᠶᠢᠭᠤᠯᠤᠮᠵᠢ ᠳᠤ ᠬᠦᠷᠴᠦ ᠠᠵᠢᠯ ᠢ ᠲᠠᠭᠤᠰᠬᠠᠬᠤ ᠭᠠᠷ ᠬᠦᠢᠴᠡᠳᠬᠡᠯ ᠢ ᠬᠢᠵᠦ᠂ ᠲᠠᠬᠢᠨ ᠨᠡᠶᠢᠭᠡᠮ ᠤᠨ ᠪᠠᠲᠤᠯᠠᠪᠤᠷᠢ ᠶᠢᠨ ᠺᠠᠷᠲ ᠤᠨ ᠦᠢᠯᠡᠴᠢᠯᠡᠭᠡᠨ ᠤ ᠴᠤᠩᠬᠤᠪᠴᠢ ᠳᠤ ᠬᠦᠷᠴᠦ ᠨᠡᠶᠢᠭᠡᠮ ᠤᠨ ᠪᠠᠲᠤᠯᠠᠪᠤᠷᠢ ᠶᠢᠨ ᠬᠡᠷᠡᠭᠯᠡᠭᠡᠨ ᠢ ᠬᠦᠴᠦᠨ ᠦᠭᠡᠢ ᠪᠤᠯᠭᠠᠬᠤ ᠭᠠᠷ ᠬᠦᠢᠴᠡᠳᠬᠡᠯ ᠬᠢᠵᠦ᠂ ᠡᠴᠦᠰ ᠲᠤ ᠺᠠᠷᠲ ᠲᠠᠷᠬᠠᠭᠠᠬᠰᠠᠨ ᠪᠠᠩᠬᠢ ᠶᠢᠨ ᠲᠤᠷ᠎ᠠ ᠶᠢᠨ ᠨᠢᠭᠡ ᠲᠤᠤᠷᠴᠢᠯᠠᠬᠰᠠᠨ ᠡᠵᠡᠩᠨᠡᠯᠲᠡ ᠶᠢᠨ ᠰᠦᠯᠵᠢᠶᠡᠨ ᠴᠡᠭ ᠲᠤ ᠬᠦᠷᠴᠦ ᠡᠷᠦᠭᠡ ᠶᠢ ᠬᠦᠴᠦᠨ ᠦᠭᠡᠢ ᠪᠤᠯᠭᠠᠬᠤ᠂ ᠺᠠᠷᠲ ᠢ ᠬᠦᠴᠦᠨ ᠦᠭᠡᠢ ᠪᠤᠯᠭᠠᠬᠤ ᠭᠠᠷ ᠬᠦᠢᠴᠡᠳᠬᠡᠯ ᠬᠢᠨ᠎ᠡ᠃ ᠬᠡᠭᠡᠭᠰᠡᠨ ᠢᠶᠠᠷ ᠮᠡᠲᠡᠭᠦᠯᠦᠭᠰᠡᠨ ᠮᠦᠷᠲᠡᠭᠡᠨ ᠺᠠᠷᠲ ᠨᠦᠬᠦᠬᠦ ᠭᠠᠷ ᠬᠦᠢᠴᠡᠳᠬᠡᠯ ᠢ ᠬᠢᠭᠰᠡᠨ ᠪᠤᠯᠪᠠᠴᠤ ᠲᠠᠬᠢᠨ ᠨᠡᠶᠢᠭᠡᠮ ᠤᠨ ᠪᠠᠲᠤᠯᠠᠪᠤᠷᠢ ᠶᠢᠨ ᠺᠠᠷᠲ ᠢᠶᠠᠨ ᠡᠷᠢᠨ ᠤᠯᠤᠬᠰᠠᠨ ᠪᠤᠯ᠂ ᠨᠡᠶᠢᠭᠡᠮ ᠤᠨ ᠪᠠᠲᠤᠯᠠᠪᠤᠷᠢ ᠶᠢᠨ ᠺᠠᠷᠲ ᠤᠨ ᠦᠢᠯᠡᠴᠢᠯᠡᠭᠡᠨ ᠤ ᠴᠤᠩᠬᠤᠪᠴᠢ ᠪᠤᠶᠤ ᠺᠠᠷᠲ ᠲᠠᠷᠬᠠᠭᠠᠬᠰᠠᠨ ᠪᠠᠩᠬᠢ ᠶᠢᠨ ᠲᠤᠷ᠎ᠠ ᠶᠢᠨ ᠨᠢᠭᠡᠨ ᠡᠵᠡᠩᠨᠡᠯᠲᠡ ᠶᠢᠨ ᠰᠦᠯᠵᠢᠶᠡᠨ ᠴᠡᠭ ᠲᠤ ᠬᠦᠷᠴᠦ ᠺᠠᠷᠲ ᠢᠶᠠᠨ ᠬᠦᠴᠦᠨ ᠦᠭᠡᠢ ᠪᠤᠯᠭᠠᠬᠤ ᠭᠠᠷ ᠬᠦᠢᠴᠡᠳᠬᠡᠯ ᠢ ᠬᠢᠵᠦ ᠪᠤᠯᠤᠨ᠎ᠠ᠃                                                          ᠤᠷᠴᠢᠭᠤᠯᠤᠭᠴᠢ᠄ ᠡᠷᠬᠢᠮᠪᠠᠶᠠᠷ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2