1. ᠭᠠᠵᠠᠷ ᠰᠢᠨᠵᠢᠯᠡᠭᠡᠨ ᠭᠠᠵᠠᠷ ᠤᠨ ᠭᠠᠳᠠᠷᠭᠤ | ᠤᠯᠠᠭᠠᠨᠴᠠᠪ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠳᠤᠮᠳᠠ ᠭᠡᠰᠡᠭ ᠲᠤ ᠪᠠᠶᠢᠵᠤ᠂ ᠵᠡᠬᠦᠨᠰᠢ | ᠪᠠᠷᠠᠭᠤᠨᠰᠢ 458 ᠺᠢᠯᠤᠮᠧᠳ᠋ᠷ ᠤᠷᠲᠤ᠂ ᠡᠮᠦᠨᠡᠰᠢ ᠤᠮᠠᠷᠠᠰᠢ 442 ᠺᠢᠯᠤᠮᠧᠳ᠋ᠷ ᠦᠷᠭᠡᠨ᠂ ᠶᠡᠷᠦᠩᠭᠡᠢ ᠳᠠᠯᠠᠪᠠᠢ 5. | 45 ᠲᠦᠮᠡᠨ ᠳᠡᠭᠰᠢ ᠲᠦᠷᠪᠡᠯᠵᠢᠨ ᠺᠢᠯᠤᠮᠧᠳ᠋ᠷ ᠪᠤᠢ᠃ ᠭᠠᠵᠠᠷ ᠤᠨ ᠭᠠᠳᠠᠷᠭᠤ ᠨᠢ ᠤᠯᠠᠨ ᠶᠠᠩᠵᠤ ᠶᠢᠨ ᠲᠦᠷᠦᠯ | ᠬᠡᠯᠪᠡᠷᠢ ᠲᠠᠢ ᠪᠠᠶᠢᠵᠤ᠂ ᠬᠤᠶᠢᠨ᠎ᠠ ᠠᠴᠠ ᠡᠮᠦᠨᠡᠰᠢ ᠭᠤᠤᠯᠳᠠᠭᠤ ᠦᠪᠦᠷ ᠮᠤᠩᠭᠤᠯ ᠤᠨ ᠦᠨᠳᠦᠷᠯᠢᠭ᠂ | ᠤᠯᠠᠭᠠᠨᠴᠠᠪ ᠤᠨ ᠲᠤᠪᠤᠴᠠᠭ᠂ ᠮᠤᠨᠢ ᠠᠭᠤᠯᠠ ᠶᠢᠨ ᠠᠭᠤᠯᠠᠷᠬᠠᠭ ᠭᠠᠵᠠᠷ ᠪᠠ ᠳᠤᠪᠤᠴᠠᠭ ᠤᠨ ᠳᠡᠨᠵᠢ ᠵᠡᠷᠭᠡ | ᠲᠦᠷᠪᠡᠨ ᠬᠡᠰᠡᠭ ᠢᠶᠠᠷ ᠪᠦᠷᠢᠯᠳᠦᠪᠡ᠃ ᠮᠤᠨᠢ ᠠᠭᠤᠯᠠ ᠶᠢᠨ ᠨᠢᠷᠤᠭᠤᠳ ᠳᠠᠯᠠᠨ ᠬᠠᠷ᠎ᠠ ᠠᠭᠤᠯᠠᠨ ᠤ ᠵᠡᠬᠦᠨ | ᠬᠡᠰᠡᠭ ᠤᠨ ᠬᠦᠢᠲᠡᠨ ᠰᠢᠯᠢ ᠶᠢᠨ ᠵᠡᠬᠦᠨ ᠬᠡᠰᠡᠭ ᠲᠤ ᠪᠠᠭᠳᠠᠵᠤ᠂ ᠳᠠᠯᠠᠢ ᠶᠢᠨ ᠲᠦᠪᠰᠢᠨ ᠠᠴᠠ ᠳᠡᠭᠡᠭᠰᠢ 1595 | — 2150 ᠮᠧᠳ᠋ᠷ ᠪᠠᠶᠢᠵᠤ᠂ ᠳᠠᠯᠠᠨ ᠬᠠᠷ᠎ᠠ ᠠᠭᠤᠯᠠ ᠶᠢᠨ ᠰᠠᠯᠪᠤᠷᠢ ᠨᠢᠷᠤᠭᠤ ᠪᠤᠯᠬᠤ ᠮᠠᠩᠬᠠᠨ ᠠᠭᠤᠯᠠ᠂ ᠮᠠ | ᠲᠸᠦ ᠱᠠᠨ ᠠᠭᠤᠯᠠ᠂ ᠰᠤᠮᠤᠨ ᠠᠭᠤᠯᠠ ᠶᠢᠨ ᠬᠢᠵᠠᠭᠠᠷ ᠳᠤᠳᠤᠷᠠᠬᠢ ᠵᠡᠬᠦᠨ ᠡᠮᠦᠨᠡᠬᠢ ᠭᠡᠰᠡᠭ ᠢ ᠮᠤᠷᠤᠯᠵᠠᠨ | ᠤᠷᠢᠶᠠᠨ᠎ᠠ᠃ ᠳᠠᠳᠬᠠᠯ ᠢᠶᠠᠷ ᠢᠶᠠᠨ ᠳᠠᠯᠠᠨ ᠬᠠᠷ᠎ᠠ ᠠᠭᠤᠯᠠ ᠠᠴᠠ ᠡᠮᠦᠨᠡᠬᠢ ᠬᠡᠰᠡᠭ ᠢ ᠠᠭᠤᠯᠠᠨ ᠡᠮᠦᠨᠡᠬᠢ ᠭᠠᠵᠠᠷ | ᠤᠷᠤᠨ᠂ ᠬᠤᠶᠢᠨᠠᠬᠢ ᠬᠡᠰᠡᠭ ᠢ ᠠᠭᠤᠯᠠ ᠠᠷᠤ ᠶᠢᠨ ᠭᠠᠵᠠᠷ ᠤᠷᠤᠨ ᠭᠡᠳᠡᠭ᠃ ᠠᠭᠤᠯᠠᠨ ᠡᠮᠦᠨᠡᠬᠢ ᠭᠠᠵᠠᠷ | ᠤᠷᠤᠨ ᠤ ᠭᠠᠵᠠᠷ ᠤᠨ ᠪᠠᠶᠢᠴᠠ ᠪᠤᠳᠤᠯᠢᠶᠠᠨᠲᠠᠢ᠂ ᠳᠤᠪᠤᠴᠠᠭ ᠦᠷᠬᠦᠯᠵᠢᠯᠡᠵᠦ᠂ ᠭᠤᠤ ᠭᠠᠩᠭ᠎ᠠ ᠤᠯᠠᠨ᠂ | ᠬᠤᠭᠤᠷᠤᠨᠳᠤ ᠨᠢ ᠦᠨᠳᠦᠷ ᠠᠭᠤᠯᠠ ᠰᠦᠨᠳᠡᠷᠯᠡᠵᠦ᠂ ᠳᠤᠮᠳᠠᠴᠢ ᠳᠠᠯᠠᠢ ᠶᠢᠨ ᠲᠦᠪᠰᠢᠨ 1152 — 1321 | ᠮᠧᠳ᠋ᠷ ᠪᠠᠶᠢᠵᠤ᠂ ᠡᠬᠦᠨ ᠳᠤ ᠤᠯᠠᠭᠠᠨᠴᠠᠪ ᠤᠨ ᠬᠠᠮᠤᠭ ᠤᠨ ᠦᠨᠳᠦᠷ ᠴᠢᠭ ᠰᠤᠮᠤᠨ ᠠᠭᠤᠯᠠ ᠶᠢᠨ ᠭᠤᠤᠯ | ᠤᠷᠬᠢᠯ ᠤᠨ ᠳᠠᠯᠠᠢ ᠶᠢᠨ ᠲᠦᠪᠰᠢᠨ ᠨᠢ 2340 ᠮᠧᠳ᠋ᠷ ᠪᠤᠯᠤᠨ᠎ᠠ᠃ | 2. ᠠᠭᠤᠷ ᠠᠮᠢᠰᠬᠤᠯ ᠴᠠᠭ ᠠᠭᠤᠷ | ᠤᠯᠠᠭᠠᠨᠴᠠᠪ ᠤᠮᠠᠷᠠᠲᠤ ᠦᠷᠭᠡᠷᠢᠭ ᠤᠨ 40 — 44 ᠭᠷᠠᠳᠦ᠋ᠰ ᠤᠨ ᠬᠤᠭᠤᠷᠤᠨᠳᠤ ᠤᠷᠤᠰᠢᠵᠤ᠂ ᠳᠤᠮᠳᠠ | ᠬᠠᠯᠠᠭᠤᠨ ᠪᠦᠰᠡ ᠳᠤ ᠪᠠᠶᠢᠷᠢᠯᠠᠵᠤ᠂ ᠡᠬᠡ ᠬᠠᠭᠤᠷᠠᠢ ᠶᠢᠨ ᠴᠢᠨᠠᠷ ᠪᠦᠬᠦᠢ ᠤᠯᠠᠷᠢᠯ ᠤᠨ ᠰᠠᠯᠬᠢ ᠲᠠᠢ ᠠᠭᠤᠷ | ᠠᠮᠢᠰᠬᠤᠯ ᠤᠨ ᠤᠷᠤᠨ ᠳᠤ ᠪᠠᠭᠳᠠᠨ᠎ᠠ᠃ ᠤᠨᠴᠠᠭᠠᠢ ᠭᠠᠵᠠᠷ ᠵᠦᠢ ᠶᠢᠨ ᠨᠦᠬᠦᠴᠡᠯ ᠢᠶᠠᠷ ᠢᠶᠠᠨ ᠤᠨᠴᠠᠭᠠᠢ ᠠᠭᠤᠷ | ᠠᠮᠢᠰᠬᠤᠯ ᠤᠨ ᠤᠨᠴᠠᠯᠢᠭ ᠢ ᠪᠦᠷᠢᠯᠳᠦᠬᠦᠯᠪᠡ᠃ ᠵᠤᠨ ᠤ ᠤᠯᠠᠷᠢᠯ ᠤᠨ ᠳᠤᠮᠳᠠᠴᠢ ᠠᠭᠠᠷ ᠤᠨ ᠳᠤᠯᠠᠭᠠᠨ ᠨᠢ ᠬᠦᠷᠰᠢ | ᠵᠡᠷᠭᠡᠯᠡᠳᠡᠭᠡ ᠭᠠᠵᠠᠷ ᠤᠷᠤᠨ ︵ᠲᠡᠭᠦᠨ ᠤ ᠬᠤᠶᠢᠲᠤ ᠬᠡᠰᠡᠭ ᠤᠨ ᠭᠠᠵᠠᠷ ᠤᠷᠤᠨ ᠪᠠᠭᠳᠠᠨ᠎ᠠ︶ ᠠᠴᠠ ᠢᠯᠡᠳᠳᠡ | ᠳᠤᠤᠷ᠎ᠠ ᠪᠠᠶᠢᠵᠤ᠂ ᠬᠠᠮᠤᠭ ᠤᠨ ᠬᠠᠯᠠᠭᠤᠨ ᠰᠠᠷ᠎ᠠ ᠶᠢᠨ ᠠᠭᠠᠷ ᠤᠨ ᠳᠤᠮᠳᠠᠴᠢ ᠬᠡᠮᠵᠢᠶ᠎ᠡ ᠴᠦ 20℃ ᠠᠴᠠ ᠳᠤᠤᠷ᠎ᠠ | ᠪᠠᠶᠢᠵᠤ᠂ ᠵᠤᠨ ᠤ ᠴᠠᠭ ᠵᠤᠰᠠᠬᠤ ᠳᠤ ᠲᠦᠢᠯ ᠤᠨ ᠲᠤᠬᠢᠷᠠᠮᠵᠢᠲᠠᠢ ᠪᠠᠶᠢᠵᠤ᠂ ᠮᠠᠨ ᠤ ᠤᠯᠤᠰ ᠤᠨ ᠬᠠᠮᠤᠭ ᠰᠠᠶᠢᠨ | ᠵᠤᠰᠠᠬᠤ ᠠᠭᠤᠷ ᠠᠮᠢᠰᠬᠤᠯ ᠤᠨ ᠬᠤᠶᠠᠷ ᠤᠷᠤᠨ ︵ᠨᠦᠬᠦᠬᠡ ᠨᠢᠭᠡ ᠤᠷᠤᠨ ᠨᠢ ᠶᠦᠨ ᠬᠦᠢ ᠶᠢᠨ ᠦᠨᠳᠦᠷᠯᠢᠭ᠂ | ᠪᠢ ᠵᠢᠶᠧ᠂ ᠴᠢᠤᠢ ᠵᠢᠩ᠂ ᠺᠦᠨᠮᠢᠩ ᠵᠡᠷᠭᠡ ᠭᠠᠵᠠᠷ ᠪᠤᠢ︶ ᠤ ᠨᠢᠭᠡ ᠨᠢ ᠮᠥᠨ᠃ ᠪᠦᠬᠦ ᠬᠤᠲᠠ ᠶᠢᠨ ᠵᠢᠯ ᠤᠨ | ᠳᠤᠮᠳᠠᠴᠢ ᠬᠤᠷ᠎ᠠ ᠲᠤᠨᠤᠳᠠᠰᠤᠨ ᠤ ᠬᠡᠮᠵᠢᠶ᠎ᠡ 250 — 430 ᠮᠢᠯᠢᠮᠧᠳ᠋ᠷ᠂ 60% — 70% ᠶᠢᠨ | ᠬᠤᠷ᠎ᠠ ᠳᠤᠨᠤᠳᠠᠰᠤ ᠨᠢ ᠵᠤᠨ ᠤ ᠤᠯᠠᠷᠢᠯ ᠳᠤ ᠪᠠᠶᠢᠳᠠᠭ ᠠᠴᠠ ᠤᠯᠠᠭᠠᠨᠴᠠᠪ ᠤᠨ ᠵᠤᠨ ᠰᠡᠷᠢᠬᠦᠨ ᠴᠢᠬᠢᠭᠯᠢᠭ | ᠳᠡᠭᠡᠷ᠎ᠡ ᠪᠠᠨ ᠠᠭᠠᠷ ᠤᠨ ᠴᠡᠪᠡᠷᠴᠡ ᠪᠤᠬᠢᠷᠳᠤᠯ ᠦᠭᠡᠢ ᠪᠤᠯᠬᠤᠷ ᠳᠤᠮᠳᠠᠳᠤ ᠤᠯᠤᠰ ᠤᠨ ᠴᠠᠭ ᠠᠭᠤᠷ ᠤᠨ | ᠨᠡᠶᠢᠭᠡᠮᠯᠢᠭ ᠠᠴᠠ ︽ᠳᠤᠮᠳᠠᠳᠤ ᠤᠯᠤᠰ ᠤᠨ ᠲᠠᠯ᠎ᠠ ᠨᠤᠲᠤᠭ ᠤᠨ ᠵᠤᠰᠠᠯᠠᠩ ᠤᠨ ᠲᠦᠪ︾ ᠭᠡᠮᠡᠨ ᠨᠡᠷᠡᠶᠢᠳᠪᠡ᠃ |