ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠵᠢᠨᠢᠩ ᠲᠣᠭᠤᠷᠢᠭ ᠤᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠲᠠᠪᠴᠠᠩ  ᠎ ᠢ ᠬᠡᠷᠡᠭᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2019/10/23
       ᠵᠢᠨᠢᠩ ᠵᠠᠰᠠᠭ ᠠᠯᠪᠠᠨ ﹇2019﹈ 8 ᠳ᠋ᠤᠭᠠᠷ ᠲᠣᠭᠠᠲᠤ              ᠲᠣᠭᠤᠷᠢᠭ ᠤᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠥᠭᠡᠷᠡᠴᠢᠯᠡᠯᠲᠡ ᠳᠤ ᠣᠷᠣᠯᠴᠠᠬᠤ ᠬᠤᠯᠪᠣᠭᠳᠠᠯ ᠪᠦᠬᠦᠢ  ᠪᠠᠶᠢᠭᠤᠯᠭ᠎ᠠ ᠳᠤ᠄ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︿ᠠᠯᠪᠠᠨ ᠶᠠᠪᠤᠳᠠᠯ ᠳᠤ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠠᠬᠢᠭᠤᠯᠬᠤ ᠲᠤᠬᠠᠶ ᠵᠢᠯᠣᠭᠤᠳᠬᠤ ᠰᠠᠨᠠᠯ﹀᠎ ᠤᠨ ᠮᠡᠳᠡᠭᠳᠡᠯ︾ ︵ᠲᠥᠪ ᠠᠯᠪᠠᠨ ᠲᠠᠷᠬᠠᠭᠠᠭᠰᠠᠨ ︹ 2014 ︺ 40  ᠳ᠋ᠤᠭᠡᠷ ᠲᠣᠭᠠᠲᠤ︶ ᠪᠣᠯᠤᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠨ ᠲᠢᠩᠬᠢᠮ ᠤᠨ ᠠᠯᠪᠠᠨ ᠭᠡᠷ ᠤᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠨ ᠶᠠᠪᠤᠳᠠᠯ ᠳᠤ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ﹀᠎ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠨᠠᠮ ᠠᠯᠪᠠᠨ ᠲᠠᠷᠬᠠᠭᠠᠭᠰᠠᠨ ︹ 2015 ︺ 50 ᠳ᠋ᠤᠭᠠᠷ ᠲᠣᠭᠠᠲᠤ︶᠎ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠭᠡᠷᠡᠴᠢᠯᠡᠯᠲᠡ ᠬᠢᠭᠰᠡᠨ ᠤ ᠳᠠᠷᠠᠭ᠎ᠠ ᠦᠯᠡᠳᠡᠭᠡᠭᠰᠡᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠵᠢᠨᠢᠩ ᠲᠣᠭᠤᠷᠢᠭ ᠤᠨ ᠠᠯᠪᠠᠨ ᠶᠠᠪᠤᠳᠠᠯ ᠳᠤ ᠲᠡᠷᠭᠡ ᠬᠡᠷᠡᠭᠯᠡᠬᠦ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠲᠠᠪᠴᠠᠩ ᠳᠤ ᠣᠷᠣᠭᠤᠯᠤᠨ ᠨᠢᠭᠡᠳᠦᠯᠲᠡᠶ ᠬᠢᠨᠠᠯᠲᠠ ᠲᠠᠯᠪᠢᠵᠤ ᠬᠠᠮᠢᠶᠠᠷᠤᠨ᠎ᠠ᠃  ᠲᠤᠭᠤᠷᠢᠭ ᠎ ᠤᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠲᠠᠪᠴᠠᠩ  ᠎ ᠢ 3 ᠰᠠᠷ᠎ᠠ ᠰᠢᠬᠠᠮ ᠲᠤᠷᠰᠢᠨ ᠠᠵᠢᠯᠯᠠᠭᠤᠯᠵᠤ᠂ ᠨᠢᠭᠡᠨᠲᠡ ᠵᠢᠩᠬᠢᠨᠢ ᠪᠠᠷ ᠠᠵᠢᠯᠯᠠᠭᠤᠯᠬᠤ ᠨᠥᠬᠦᠴᠡᠯ ᠢ ᠪᠦᠷᠢᠯᠳᠦᠭᠦᠯᠵᠦ᠂ ᠡᠳᠦᠭᠡ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠲᠠᠪᠴᠠᠩ ᠤᠨ ᠬᠤᠯᠪᠣᠭᠳᠠᠯ ᠪᠦᠬᠦᠢ ᠵᠦᠶᠯᠡᠰ ᠢ ᠳᠣᠤᠷᠠᠬᠢ ᠮᠡᠲᠦ ᠮᠡᠳᠡᠭᠳᠡᠶ᠎ᠡ᠄        ᠨᠢᠭᠡ᠂ ᠡᠯ᠎ᠡ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠥᠭᠡᠷᠡᠴᠢᠯᠡᠯᠲᠡ ᠳᠤ ᠣᠷᠣᠯᠴᠠᠬᠤ  ᠪᠠᠶᠢᠭᠤᠯᠭ᠎ᠠ ᠨᠦᠭᠦᠳ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠮᠡᠳᠡᠭᠡ ᠵᠠᠩᠭᠢᠴᠢᠯᠠᠯᠲᠠ ᠶᠢᠨ ᠬᠠᠮᠢᠶᠠᠷᠤᠯᠲᠠ ᠶᠢᠨ ᠲᠠᠪᠴᠠᠩ ᠤᠨ ᠬᠡᠷᠡᠭᠯᠡᠯᠲᠡ ᠬᠠᠮᠢᠶᠠᠷᠤᠯᠲᠠ ᠶᠢᠨ ᠠᠵᠢᠯ ᠢ  ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠰᠬᠠᠶ ᠬᠥᠮᠦᠨ ᠵᠢᠭᠠᠨ ᠲᠣᠭᠲᠠᠭᠠᠵᠤ ᠲᠣᠰ ᠰᠢᠰᠲ᠋ᠧᠮ ᠤᠨ ᠬᠠᠮᠠᠭᠠᠯᠠᠯᠲᠠ ᠬᠠᠮᠢᠶᠠᠷᠤᠯᠲᠠ ᠶᠢ ᠬᠠᠷᠢᠭᠤᠴᠠᠭᠤᠯᠤᠨ᠂ ᠰᠢᠰᠲ᠋ᠧᠮ ᠤᠨ ᠴᠢᠳᠠᠮᠵᠢ ᠶᠢᠨ ᠦᠶᠯᠡᠳᠦᠯ ᠢ ᠭᠦᠶᠴᠡᠳ ᠬᠡᠷᠡᠭᠯᠡᠵᠦ᠂ ᠲᠣᠰ  ᠪᠠᠶᠢᠭᠤᠯᠭ᠎ᠠ ᠶᠢᠨ ᠢᠶᠠᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠡᠷᠡᠭᠯᠡᠯᠲᠡ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃       ᠬᠤᠶᠠᠷ᠂ ᠡᠯ᠎ᠡ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠥᠭᠡᠷᠡᠴᠢᠯᠡᠯᠲᠡ ᠳᠤ ᠣᠷᠣᠯᠴᠠᠬᠤ  ᠪᠠᠶᠢᠭᠤᠯᠭ᠎ᠠ  ᠨᠦᠭᠦᠳ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ 2019᠎ ᠤᠨ 3 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠲᠠᠪᠴᠠᠩ ᠤᠨ ᠲᠡᠷᠭᠡ ᠲᠣᠮᠢᠯᠠᠬᠤ ᠴᠢᠳᠠᠮᠵᠢ ᠶᠢ ᠪᠥᠬᠦ ᠲᠠᠯ᠎ᠠ ᠪᠠᠷ ᠬᠡᠷᠡᠭᠯᠡᠵᠦ᠂ ᠲᠡᠷᠭᠡ ᠲᠣᠮᠢᠯᠠᠬᠤ ᠴᠤᠪᠤᠷᠠᠯ ᠢ ᠲᠡᠭᠦᠯᠳᠡᠷᠵᠢᠭᠦᠯᠦᠨ᠂ ᠪᠣᠭᠤᠮᠲᠠ ᠶᠢ ᠴᠢᠩᠭ᠎ᠠ ᠠᠳᠬᠤᠵᠤ ᠬᠢᠨᠠᠨ ᠵᠥᠪᠰᠢᠶᠡᠷᠡᠵᠦ᠂ ᠠᠯᠪᠠᠨ ᠲᠡᠷᠭᠡ ᠶᠢ ᠬᠤᠪᠢ ᠪᠠᠢ ᠢᠶᠠᠨ ᠬᠡᠷᠡᠭᠯᠡᠬᠦ ᠶᠢ ᠰᠡᠷᠭᠡᠶᠢᠯᠡᠬᠦ ᠬᠡᠷᠡᠭᠲᠡᠶ᠃       ᠭᠤᠷᠪᠠ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠮᠡᠳᠡᠭᠡ ᠵᠠᠩᠭᠢᠴᠢᠯᠠᠯᠲᠠ ᠶᠢᠨ ᠬᠠᠮᠢᠶᠠᠷᠤᠯᠲᠠ ᠶᠢᠨ ᠲᠠᠪᠴᠠᠩ ᠳᠠᠭᠤᠰᠤᠭᠰᠠᠨ ᠤ ᠳᠠᠷᠠᠭ᠎ᠠ᠂ ᠡᠯ᠎ᠡ  ᠪᠠᠶᠢᠭᠤᠯᠭ᠎ᠠ ᠨᠦᠭᠦᠳ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠪᠣᠯᠤᠨ ᠵᠢᠯᠣᠭᠤᠴᠢ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠰᠢᠨᠡᠳᠬᠡᠨ ᠬᠠᠮᠠᠭᠠᠯᠠᠵᠤ ᠲᠡᠭᠦᠯᠳᠡᠷᠵᠢᠭᠦᠯᠦᠨ᠂ ᠮᠡᠳᠡᠭᠡ ᠵᠠᠩᠭᠢ ᠶᠢᠨ ᠵᠥᠪ ᠣᠨᠣᠪᠴᠢᠲᠠᠶ ᠪᠦᠷᠢᠨ ᠪᠦᠲᠦᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃      ᠳᠦᠷᠪᠡ᠂ ᠡᠯ᠎ᠡ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠥᠭᠡᠷᠡᠴᠢᠯᠡᠯᠲᠡ ᠳᠤ ᠣᠷᠣᠯᠴᠠᠬᠤ ᠪᠠᠶᠢᠭᠤᠯᠭ᠎ᠠ ᠶᠢᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠤᠭᠰᠠᠷᠠᠭᠰᠠᠨ ᠲᠤᠨᠤᠭ ᠲᠦᠭᠦᠭᠡᠷᠤᠮᠵᠢ ᠶᠢᠨ ᠬᠡᠪ ᠤᠨ ᠠᠵᠢᠯᠯᠠᠭᠠᠨ ᠢ ᠦᠨᠡᠨᠬᠦ ᠪᠠᠲᠤᠯᠠᠵᠤ᠂ ᠲᠡᠷᠭᠡ ᠬᠥᠰᠬᠡ ᠶᠢᠨ ᠠᠵᠢᠯᠯᠠᠭᠠᠨ ᠤ ᠮᠡᠳᠡᠭᠡ ᠵᠠᠩᠭᠢ ᠶᠢ ᠪᠦᠷᠢᠨ ᠭᠦᠶᠴᠡᠳ ᠲᠡᠮᠳᠡᠭᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠳᠤ ᠳᠥᠭᠦᠮ ᠦᠵᠡᠭᠦᠯᠬᠦ ᠬᠡᠷᠡᠭᠲᠡᠶ᠃ ᠦᠵᠦᠭᠦᠷ ᠲᠥᠬᠦᠭᠡᠷᠦᠮᠵᠢ ᠶᠢ ᠳᠤᠷ᠎ᠠ ᠪᠠᠷ ᠢᠶᠠᠨ ᠨᠤᠷᠠᠭᠠᠬᠤ᠂ ᠬᠠᠭᠠᠬᠤ᠂ ᠡᠪᠳᠡᠭᠡᠳ ᠬᠤᠬᠢᠷᠠᠯ ᠤᠴᠠᠷᠠᠭᠤᠯᠤᠭᠰᠠᠨ ᠪᠠᠶᠢᠭᠤᠯᠭ᠎ᠠ  ᠥᠪᠡᠰᠦᠪᠡᠨ ᠬᠤᠳᠠᠯᠳᠤᠨ ᠠᠪᠬᠤ ᠪᠠ ᠰᠡᠯᠪᠢᠨ ᠵᠠᠰᠠᠬᠤ ᠬᠡᠷᠡᠭᠲᠡᠶ᠃      ᠲᠠᠪᠤ᠂ ᠡᠯ᠎ᠡ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠥᠭᠡᠷᠡᠴᠢᠯᠡᠯᠲᠡ ᠳᠤ ᠣᠷᠣᠯᠴᠠᠬᠤ ᠪᠠᠶᠢᠭᠤᠯᠭ᠎ᠠ ᠶᠢᠨ ᠠᠯᠪᠠᠨ ᠶᠠᠪᠤᠳᠠᠯ ᠤᠨ ᠲᠡᠷᠭᠡ ᠬᠥᠰᠬᠡ ᠶᠢ ᠬᠢᠨᠠᠨ ᠵᠥᠪᠰᠢᠶᠡᠷᠡᠬᠦ ᠭᠠᠷᠳᠠᠮ ᠢ ᠭᠦᠶᠴᠡᠳᠬᠡᠬᠦ ᠪᠠᠶᠢᠭᠤᠯᠭ᠎ᠠ ᠶᠢᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠭᠤᠤᠯᠴᠢᠯᠠᠨ ᠬᠠᠮᠢᠶᠠᠷᠤᠭᠴᠢ ᠨᠢ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠲᠠᠪᠴᠠᠩ ᠢᠶᠠᠷ ᠳᠠᠮᠵᠢᠭᠤᠯᠤᠨ ᠥᠪᠡᠰᠦᠪᠡᠨ ᠬᠢᠨᠠᠨ ᠵᠥᠪᠰᠢᠶᠡᠷᠡᠵᠦ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠨᠢ ᠮᠡᠳᠡᠭᠡ ᠵᠠᠩᠭᠢ ᠶᠢᠨ ᠲᠠᠪᠴᠠᠩ ᠢᠶᠠᠷ ᠳᠠᠮᠵᠢᠭᠤᠯᠤᠨ ᠬᠢᠨᠠᠨ ᠵᠥᠪᠰᠢᠶᠡᠷᠡᠬᠦ ᠶᠠᠪᠤᠴᠠ ᠳᠤ ᠬᠢᠨᠠᠯᠲᠠ ᠬᠠᠮᠢᠶᠠᠷᠤᠯᠲᠠ ᠬᠢᠬᠦ ᠬᠡᠷᠡᠭᠲᠡᠶ᠃       ᠵᠢᠷᠭᠤᠭ᠎ᠠ᠂ ᠡᠯ᠎ᠡ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠥᠭᠡᠷᠡᠴᠢᠯᠡᠯᠲᠡ ᠳᠤ ᠣᠷᠣᠯᠴᠠᠬᠤ ᠪᠠᠶᠢᠭᠤᠯᠭ᠎ᠠ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠰᠢᠨᠡᠳᠬᠡᠬᠦ ᠳᠡᠭᠡᠨ ᠴᠠᠭ ᠲᠤᠬᠠᠶ ᠳᠤᠨᠢ ᠳᠤᠮᠳᠠᠳᠤ ᠤᠯᠤᠰ ᠎ ᠤᠨ ᠺᠤ ᠲᠦᠩ ᠶᠦᠨ ︵ᠪᠡᠭᠡᠵᠢᠩ︶᠎ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠬᠠᠷᠢᠯᠴᠠᠵᠤ ᠲᠦᠭᠦᠭᠡᠷᠤᠮᠵᠢ ᠤᠭᠰᠠᠷᠠᠬᠤ ᠬᠡᠷᠡᠭᠲᠡᠶ᠂ ᠬᠡᠷᠡᠭᠯᠡᠬᠦ ᠶᠠᠪᠤᠴᠠ ᠳᠤ ᠬᠡᠷᠪᠡ ᠮᠡᠷᠭᠡᠵᠢᠯ᠂ ᠠᠵᠢᠯᠯᠠᠭᠤᠯᠬᠤ ᠠᠰᠠᠭᠤᠳᠠᠯ ᠲᠤᠯᠭᠠᠷᠠᠪᠠᠯ ᠴᠠᠭ ᠲᠤᠬᠠᠶ ᠳᠤᠨᠢ ᠳᠤᠮᠳᠠᠳᠤ ᠤᠯᠤᠰ ᠎ ᠤᠨ ᠺᠤ ᠲᠦᠩ ᠶᠦᠨ ︵ᠪᠡᠭᠡᠵᠢᠩ︶᠎ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠬᠠᠷᠢᠯᠴᠠᠵᠤ ᠰᠢᠶᠳᠪᠦᠷᠢᠯᠡᠬᠦ ᠪᠤᠶᠤ ᠲᠣᠭᠤᠷᠢᠭ ᠤᠨ ᠪᠠᠶᠢᠭᠤᠯᠭ᠎ᠠ ᠎ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠲᠠᠢ ᠬᠠᠷᠢᠯᠴᠠᠬᠤ ᠬᠡᠷᠡᠭᠲᠡᠶ᠃  ᠳᠤᠮᠳᠠᠳᠤ ᠤᠯᠤᠰ ᠎ ᠤᠨ  ᠺᠤ ᠲᠦᠩ ︵ᠪᠡᠭᠡᠵᠢᠩ︶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ 18911526920᠂ 010 — 89772690  ᠃ᠲᠤᠭᠤᠷᠢᠭ ᠤᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠯᠴᠠᠬᠤ ᠤᠲᠠᠰᠤ᠄ 18204745777᠂ 0474 - 8188378᠃                                                    ᠣᠨᠴᠠᠭᠠᠶᠢᠯᠠᠨ ᠮᠡᠳᠡᠭᠳᠡᠪᠡ᠃                                    2019 ᠤᠨ ᠤ 3 ᠰᠠᠷ᠎ᠠ ᠶᠢᠨ 1᠎ ᠤ ᠡᠳᠦᠷ                                                         ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2