ᠰᠢᠷ᠎ᠡ ᠦᠨᠳᠦᠰᠦ ᠠᠴᠠ ᠰᠢᠯᠦᠬᠡᠢ ᠡᠪᠡᠳᠴᠢᠨ ᠢ ᠡᠰᠡᠷᠭᠦᠴᠡᠬᠦ ᠪᠦᠷᠢᠯᠳᠦᠭᠦᠨ ᠢ ᠭᠠᠷᠭᠠᠨ ᠠᠪᠤᠪᠠ
ᠨᠡᠶᠢᠲᠡᠯᠡᠭᠰᠡᠨ ᠴᠠᠭ᠄
2019/10/28
       10 ᠰᠠᠷ᠎ᠠ ᠶᠢᠨ 22᠎ ᠤᠨ ᠡᠳᠦᠷ  ᠰᠤᠷᠪᠤᠯᠵᠢᠯᠠᠬᠴᠢ  ᠦᠪᠡᠷᠳᠡᠭᠡᠨ  ᠵᠠᠰᠠᠬᠤ  ᠤᠷᠤᠨ ᠤ  ᠰᠢᠨᠵᠢᠯᠡᠬᠦ  ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ  ᠤᠢᠢᠯᠠᠭᠠᠬᠰᠠᠨ ᠢᠶᠠᠷ᠂  ᠦᠪᠦᠷ  ᠮᠤᠩᠭᠤᠯ ᠤᠨ  ᠪᠠᠢ  ᠬᠠᠨ  ᠰᠢᠦᠢ  ᠮᠦ  ᠠᠮᠢᠳᠤ‌‍ᠪᠤᠳᠠᠰ ᠤᠨ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠬᠢᠵᠠᠭᠠᠷᠳᠤ  ᠺᠤᠮᠫᠠᠨᠢ ᠶᠢᠨ  ᠪᠡᠶ᠎ᠡ ᠪᠠᠨ‌‍ᠲ᠋ᠠᠭᠠᠭᠠᠨ‌‍ᠰᠤᠳᠤᠯᠤᠬᠰᠠᠨ︽ᠨᠢᠭᠡ ᠵᠦᠢᠯ ᠤᠨ ᠰᠢᠷ᠎ᠠ ᠦᠨᠳᠦᠰᠦ ᠠᠴᠠ ᠠᠰᠢᠭ ᠲᠠᠢ ᠪᠦᠷᠢᠯᠳᠦᠭᠦᠨ ᠢ ᠭᠠᠷᠭᠠᠨ ᠠᠪᠬᠤ ᠠᠷᠭ᠎ᠠ ᠵᠢᠴᠢ ᠭᠠᠷᠭᠠᠨ  ᠠᠪᠤᠬᠰᠠᠨ‌‍ᠪᠦ᠋ᠷᠢᠯᠳᠦᠭᠦᠨ ᠤ ᠬᠡᠷᠡᠭᠯᠡᠯᠳᠡ︾ ᠤᠯᠤᠰ ᠤᠨ ᠡᠭᠦᠳᠦᠯᠳᠡ ᠶᠢᠨ ᠲᠤᠰᠬᠠᠢ ᠠᠰᠢᠭ ᠢ ᠬᠦᠷᠳᠡᠵᠤ᠂ ᠡᠨᠡ ᠬᠦ  ᠲᠤᠰᠬᠠᠢ  ᠠᠰᠢᠭ ᠨᠢ ᠰᠢᠯᠦᠬᠡᠢ ᠡᠪᠡᠳᠴᠢᠨ ᠢ ᠡᠰᠡᠷᠭᠦᠴᠡᠬᠦ ᠪᠠᠰᠠ ᠨᠢᠭᠡ ᠰᠢᠨ᠎ᠡ ᠠᠷᠭ᠎ᠠ ᠪᠤᠯᠵᠠᠢ᠃               ᠰᠢᠯᠦᠬᠡᠢ ᠡᠪᠡᠳᠴᠢᠨ ᠪᠤᠯ ᠬᠠᠯᠠᠭᠤᠨ ᠪᠦᠰᠡ ᠪᠤᠯᠤᠨ ᠳᠡᠳ᠋ ᠬᠠᠯᠠᠭᠤᠨ ᠪᠦᠰᠡᠨ ᠤ  ᠤᠷᠤᠨ ᠤ  ᠬᠦᠭᠵᠢᠵᠤ  ᠪᠠᠶᠢᠭ᠎ᠠ ᠤᠯᠤᠰ ᠤᠨ ᠬᠠᠮᠤᠭ ᠬᠦᠨᠳᠦ ᠨᠤᠴᠢᠳᠠᠢ ᠬᠠᠯᠳᠠᠪᠤᠷᠢᠳᠤ ᠡᠪᠡᠳᠴᠢᠨ ᠤ ᠨᠢᠭᠡ ᠪᠠᠶᠢᠵᠤ᠂ ᠳᠡᠯᠡᠬᠡᠢ ᠶᠢᠨ ᠡᠷᠡᠭᠦᠯ ᠬᠠᠮᠠᠭᠠᠯᠠᠯ ‍ᠤᠨ‌ᠵᠤᠬᠢᠶᠠᠨ‌‍ᠪᠠᠶᠢᠭᠤᠯᠤᠯᠳᠠ ᠶᠢᠨ ᠮᠡᠳᠡᠭᠡᠯᠡᠯ ᠢ‌ᠦᠨᠳᠦᠰᠦᠯᠡᠪᠡᠯ᠂  2008 ᠤᠨ ᠳᠤ ᠪᠦᠬᠦ  ᠪᠦᠮᠪᠦᠷᠴᠡᠭ ᠲᠤ  2.43ᠳ᠋ᠦᠩᠰᠢᠭᠤᠷ ᠬᠦᠮᠦᠨ ᠰᠢᠯᠦᠬᠡᠢ ᠡᠪᠡᠳᠴᠢᠨ ᠢᠶᠠᠨ ᠡᠮᠨᠡᠭᠦᠯᠵᠤ᠂ 86.3 ᠲᠦᠮᠡᠨ ᠬᠦᠮᠦᠨ ᠰᠢᠯᠦᠬᠡᠢ ᠡᠪᠡᠳᠴᠢᠨ ᠢᠶᠠᠷ ᠠᠮᠢ ᠪᠠᠨ‌ᠠᠯᠳᠠᠵᠠᠢ᠃ ᠤᠳᠤᠬᠠᠨ ᠳᠤ ᠰᠢᠯᠦᠬᠡᠢ ᠶᠢ ᠡᠰᠡᠷᠭᠦᠴᠡᠬᠦ ᠡᠮ ᠮᠠᠰᠢ ᠬᠢᠵᠠᠭᠠᠷ ᠲᠠᠢ᠂ ᠪᠦᠬᠦ ᠪᠦᠮᠪᠦᠷᠴᠡᠭ ᠤᠨ ᠰᠢᠯᠦᠬᠡᠢ ᠵᠢ‌ᠡᠰᠡᠷᠭᠦᠴᠡᠬᠦ ᠯᠤᠳᠤ ᠶᠡᠭᠡ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠬᠦ ᠦᠭᠡᠢ ᠪᠠᠶᠢᠭᠰᠠᠭᠠᠷ᠃  ᠰᠢᠯᠦᠬᠡᠢ ᠶᠢ ᠡᠰᠡᠷᠭᠦᠴᠡᠬᠦ ᠡᠮ ᠤᠨ ᠰᠤᠳᠤᠯᠤᠨ ᠨᠡᠭᠡᠭᠡᠯᠳᠡ ᠶᠢᠨ ᠦᠶᠡᠯᠡᠯ ᠤᠨ ᠬᠤᠭᠤᠴᠠᠭ᠎ᠠ ᠤᠷᠲᠤ ᠪᠠ ᠰᠤᠳᠤᠯᠤᠨ  ᠨᠡᠭᠡᠭᠡᠬᠦ  ᠬᠦᠴᠢᠷ  ᠪᠡᠷᠬᠡᠰᠢᠶᠡᠯ ᠨᠢ ᠰᠢᠨ᠎ᠡ ᠡᠮ ᠢ ᠰᠤᠳᠤᠯᠤᠨ ᠨᠡᠭᠡᠭᠡᠬᠦ ᠬᠤᠷᠳᠤᠴᠠ ᠶᠢ ᠶᠡᠭᠡ ᠪᠠᠷ ᠬᠢᠵᠠᠭᠠᠷᠯᠠᠵᠤ ᠪᠤᠢ᠃             ᠦᠪᠦᠷ ᠮᠤᠩᠭᠤᠯ ᠤᠨ ᠪᠠᠢ ᠬᠠᠨ ᠰᠢᠦᠢ ᠮᠦ ᠠᠮᠢᠳᠤ ᠪᠤᠳᠠᠰ ᠤᠨ  ᠰᠢᠨᠵᠢᠯᠡᠬᠦ  ᠤᠬᠠᠭᠠᠨ  ᠲᠧᠭᠨᠢᠢᠡ  ᠮᠡᠷᠭᠡᠵᠢᠯ ‍ᠤᠨ‌‍ᠬᠢᠵᠠᠭᠠᠷᠳᠤ ᠺᠤᠮᠫᠠᠨᠢ ᠨᠡᠭᠡᠭᠡᠨ ᠰᠤᠳᠤᠯᠤᠯᠳᠠ ᠬᠢᠬᠦ ᠶᠠᠪᠤᠴᠠ ᠳᠤ ᠰᠢᠷ᠎ᠡ ᠦᠨᠳᠦᠰᠦ ᠶᠢᠨ ᠬᠡᠰᠡᠭ ᠠᠴᠠ ᠭᠠᠷᠭᠠᠨ‌ᠠᠪᠤᠬᠰᠠᠨ ᠪᠦᠷᠢᠯᠳᠦᠭᠦᠨ ᠤ ᠬᠤᠤᠷᠳᠤ ᠰᠢᠯᠦᠬᠡᠢ ᠬᠤᠷᠤᠬᠠᠢ ᠶᠢ ᠪᠡᠶ᠎ᠡ ᠶᠢᠨ ᠭᠠᠳᠠᠨ᠎ᠠ ᠡᠰᠡᠷᠭᠦᠴᠡᠬᠦ ᠴᠢᠳᠠᠪᠤᠷᠢ ᠨᠢ  ᠢᠰᠢᠭᠡᠨ  ᠰᠢᠷᠠᠯᠵᠢ ᠵᠢᠨ‌ᠡᠰᠲᠧᠷ ᠲᠠᠢ ᠠᠳᠠᠯᠢᠪᠳᠤᠷ᠂ ᠭᠡᠪᠡᠴᠦ ᠢᠰᠢᠭᠡᠨ ᠰᠢᠷᠠᠯᠵᠢ ᠶᠢᠨ ᠲᠦᠷᠦᠯ ᠠᠴᠠ ᠭᠠᠳᠠᠨᠠᠬᠢ  ᠰᠢᠯᠦᠬᠡᠢ ᠶᠢ  ᠡᠰᠡᠷᠭᠦᠴᠡᠬᠦ ᠡᠮ ‍ᠤᠨ‌ᠦᠢᠯᠡᠳᠦᠯ ᠠᠴᠠ ᠰᠠᠶᠢᠨ  ᠪᠠᠶᠢᠵᠤ᠂  ᠰᠢᠯᠦᠬᠡᠢ ᠶᠢ  ᠡᠰᠡᠷᠭᠦᠴᠡᠬᠦ  ᠰᠢᠨ᠎ᠡ  ᠨᠢᠭᠡᠨ  ᠡᠮ  ᠪᠤᠯᠬᠤ  ᠪᠤᠯᠤᠮᠵᠢ ᠲᠠᠢ  ᠪᠠᠶᠢᠬᠤ ᠶᠢ ᠢᠯᠡᠷᠡᠭᠦᠯᠵᠡᠢ᠃                            ᠢᠷᠡᠯᠳᠡ᠄  ᠦᠪᠦᠷ ᠮᠣᠩᠭᠤᠯ ᠤᠨ ᠡᠳᠦᠷ ᠤᠨ ᠰᠣᠨᠢᠨ                            ᠪᠡᠯᠡᠳᠬᠡᠭᠰᠡᠨ ᠨᠢ᠄ ᠲᠤᠶᠠᠭ᠎ᠠ
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2