ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ︽ᠵᠢᠨᠢᠩ ᠲᠣᠭᠤᠷᠢᠭ ᠤᠨ ᠳᠤᠭᠤᠶ ᠲᠡᠷᠭᠡ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ︾᠎ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2019/11/13
            ᠵᠢᠨᠢᠩ ᠵᠠᠰᠠᠭ   ﹇2019﹈ 75 ᠳ᠋ᠤᠭᠠᠷ ᠲᠤᠭᠠᠳᠦ     ᠰᠢᠶᠠᠩ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂  ᠲᠤᠭᠤᠷᠢᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠨᠢᠭᠡᠴᠡ ᠳᠤ᠄     ᠡᠳᠦᠭᠡ ︽ᠵᠢᠨᠢᠩ ᠲᠣᠭᠤᠷᠢᠭ ᠤᠨ ᠳᠤᠭᠤᠶ ᠲᠡᠷᠭᠡ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ︾᠎ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃                                         2019᠎ ᠤᠨ 10 ᠰᠠᠷ᠎ᠠ ᠶᠢᠨ 30᠎ ᠤ ᠡᠳᠦᠷ       ᠵᠢᠨᠢᠩ ᠲᠣᠭᠤᠷᠢᠭ ᠤᠨ ᠳᠤᠭᠤᠶ ᠲᠡᠷᠭᠡ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ       ᠳᠤᠭᠤᠶ ᠲᠡᠷᠭᠡᠨ ᠤ ᠵᠠᠮ ᠬᠠᠷᠢᠯᠴᠠᠭᠠᠨ ᠤ ᠠᠳᠡᠯ᠂ ᠭᠠᠯ ᠤᠨ ᠠᠶᠤᠯ ᠤᠨ ᠠᠳᠡᠯ ᠢ ᠪᠠᠭᠠᠰᠬᠠᠵᠤ᠂ ᠳᠤᠭᠤᠶ ᠲᠡᠷᠭᠡᠨ ᠤ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠦᠬᠦ ᠲᠠᠯ᠎ᠠ ᠪᠠᠷ ᠵᠠᠰᠠᠵᠤ᠂ ᠬᠡᠰᠡᠭ ᠳᠤᠭᠤᠶ ᠲᠡᠷᠭᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ᠂ ᠬᠤᠲᠠ ᠶᠢᠨ ᠦᠵᠡᠮᠵᠢ ᠶᠢ ᠨᠥᠯᠥᠭᠡᠯᠡᠬᠦ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠬᠦ ᠶᠢᠨ ᠲᠤᠰᠠᠳᠠ᠂ ᠮᠠᠨ ᠤ  ᠲᠤᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠪᠦᠬᠦ  ᠲᠤᠭᠤᠷᠢᠭ  ᠎ ᠤᠨ ᠬᠡᠪᠴᠢᠶᠡᠨ ᠳᠤ ᠳᠤᠭᠤᠶ ᠲᠡᠷᠭᠡ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠪᠠᠷ ᠲᠣᠭᠲᠠᠵᠤ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃ ᠨᠢᠭᠡ᠂ ᠵᠢᠯᠣᠭᠤᠳᠬᠤ ᠦᠵᠡᠯ ᠰᠠᠨᠠᠭ᠎ᠠ      ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠲᠠᠢ ᠤᠶᠠᠯᠳᠤᠭᠤᠯᠤᠨ᠂ ᠳᠤᠭᠤᠶ ᠲᠡᠷᠭᠡ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠳᠤᠭᠤᠶ ᠲᠡᠷᠭᠡ ᠶᠢᠨ ᠬᠠᠮᠢᠶᠠᠷᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠥᠷᠭᠡᠨ ᠣᠯᠠᠨ ᠲᠦᠮᠡᠨ ᠤ ᠠᠮᠢ ᠨᠠᠰᠤ  ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠂ ᠨᠡᠶᠢᠭᠡᠮ ᠤᠨ ᠲᠣᠭᠲᠠᠭᠤᠨ  ᠂ ᠡᠶ᠎ᠡ ᠵᠣᠬᠢᠴᠠᠯ ᠲᠠᠢ ᠪᠠᠶᠢᠬᠤ ᠶᠢ ᠠᠬᠢᠭᠤᠯᠬᠤ ᠬᠡᠷᠡᠭᠲᠡᠢ᠃ ᠬᠤᠶᠠᠷ᠂ ᠠᠵᠢᠯ ᠤᠨ ᠬᠠᠷᠠᠯᠲᠠ      ︵ᠨᠢᠭᠡ︶ ᠬᠠᠮᠢᠶᠠᠷᠤᠯᠲᠠ ᠨᠢ ᠵᠢᠷᠤᠮᠵᠢᠯ ᠲᠠᠢ ᠪᠥᠭᠡᠳ ᠡᠮᠬᠢ ᠵᠢᠷᠤᠮ ᠲᠠᠢ ᠪᠠᠶᠢᠬᠤ ᠬᠡᠷᠡᠭᠳᠡᠢ᠃ ᠴᠠᠬᠢᠯᠭᠠᠨ ᠬᠥᠳᠡᠯᠭᠡᠭᠦᠷᠲᠦ ᠲᠡᠷᠭᠡᠨ ᠤ ᠡᠳᠦᠷ ᠲᠤᠲᠤᠮ ᠤᠨ ᠵᠢᠷᠤᠮᠵᠢᠭᠰᠠᠨ ᠬᠠᠮᠢᠶᠠᠷᠤᠯᠲᠠ ᠶᠢ ᠡᠬᠢ ᠡᠭᠦᠰᠦᠯ ᠠᠴᠠ ᠨᠢ ᠬᠡᠷᠡᠭᠵᠢᠭᠦᠯᠵᠦ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠵᠢᠴᠢ ᠵᠠᠮ ᠬᠠᠷᠢᠯᠴᠠᠭᠠᠨ ᠤ ᠠᠳᠡᠯ ᠢᠯᠡᠷᠬᠡᠶ ᠪᠠᠭᠤᠷᠠᠵᠤ᠂ ᠴᠠᠬᠢᠯᠭᠠᠨ ᠬᠥᠳᠡᠯᠭᠡᠭᠦᠷᠲᠦ ᠲᠡᠷᠭᠡ ᠶᠠᠪᠤᠭᠤᠯᠬᠤ᠂ ᠵᠣᠭᠰᠣᠭᠠᠬᠤ ᠡᠮᠬᠢ ᠳᠢᠭᠯᠢᠮ ᠤᠨ ᠵᠢᠷᠤᠮᠵᠢᠯ ᠡᠮᠬᠢ ᠳᠢᠭᠯᠢᠮ ᠲᠠᠢ ᠪᠠᠶᠢᠬᠤ ᠬᠡᠷᠡᠭᠲᠡᠶ᠃      ︵ᠬᠤᠶᠠᠷ︶ ᠰᠡᠷᠭᠡᠶᠢᠯᠡᠨ ᠡᠵᠡᠮᠳᠡᠬᠦ ᠨᠢ ᠬᠦᠴᠦᠲᠡᠶ ᠪᠠᠶᠢᠬᠤ ᠬᠡᠷᠡᠭᠳᠡᠢ᠃ ᠴᠠᠬᠢᠯᠭᠠᠨ ᠬᠥᠳᠡᠯᠭᠡᠭᠦᠷᠲᠦ ᠲᠡᠷᠭᠡ ᠬᠤᠯᠠᠭᠠᠶᠢᠯᠠᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠪᠠ ᠲᠡᠭᠦᠨ ᠳᠤ ᠴᠣᠬᠢᠯᠲᠠ ᠥᠭᠬᠦ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠡᠶᠢᠭᠡᠮ ᠤᠨ ᠬᠦᠴᠦᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠪᠠᠶᠢᠭᠠᠳ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ᠂ ᠴᠠᠬᠢᠯᠭᠠᠨ ᠬᠥᠳᠡᠯᠭᠡᠭᠦᠷᠲᠦ ᠲᠡᠷᠭᠡ ᠬᠤᠯᠠᠭᠠᠶᠢᠯᠠᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ  ᠰᠡᠷᠭᠡᠶᠢᠯᠡᠨ ᠬᠢᠵᠠᠭᠠᠷᠯᠠᠬᠤ ᠪᠠ ᠪᠠᠭᠠᠰᠬᠠᠬᠤ ᠬᠡᠷᠡᠭᠲᠡᠶ᠃      ︵ᠭᠤᠷᠪᠠ︶ ᠴᠠᠬᠢᠯᠭᠠᠨ ᠬᠥᠳᠡᠯᠭᠡᠭᠦᠷᠲᠦ ᠲᠡᠷᠭᠡ ᠴᠡᠨᠡᠭᠯᠡᠬᠦ ᠪᠠᠭᠠᠨ᠎ᠠ ᠶᠢᠨ ᠪᠦᠲᠦᠭᠡᠨ ᠪᠠᠶᠢᠭᠤᠯᠤᠯᠲᠠ ᠶᠢ ᠪᠠᠷᠢᠮᠵᠢᠶ᠎ᠠ ᠳᠤ ᠬᠦᠷᠦᠭᠦᠯᠦᠨ᠎ᠡ᠃ ᠡᠨᠡ ᠵᠢᠯ ᠥᠭᠡᠷᠡᠴᠢᠯᠡᠨ ᠰᠠᠶᠢᠵᠢᠷᠠᠭᠤᠯᠤᠭᠰᠠᠨ 6  ᠪᠠᠭ᠎ᠠ ᠲᠣᠭᠤᠷᠢᠭ ᠲᠤ ᠴᠠᠬᠢᠯᠭᠠᠨ ᠬᠥᠳᠡᠯᠭᠡᠭᠦᠷᠲᠦ ᠲᠡᠷᠭᠡᠨ ᠤ ᠴᠠᠬᠢᠯᠭᠠᠨ ᠴᠡᠨᠡᠭᠯᠡᠬᠦ ᠪᠤᠯᠠᠭᠠᠷᠢ ᠪᠠᠶᠢᠭᠤᠯᠵᠤ᠂ ᠠᠰᠠᠷ ᠤᠨ ᠬᠤᠩᠭᠢᠯ ᠳᠤ ᠬᠠᠤᠯᠢ ᠪᠤᠰᠤ ᠪᠠᠷ ᠴᠠᠬᠢᠯᠭᠠᠨ ᠴᠡᠨᠡᠭᠯᠡᠬᠦ ᠦᠵᠡᠭᠳᠡᠯ ᠢ ᠪᠦᠲᠦᠮᠵᠢᠲᠡᠶ ᠬᠤᠷᠢᠭᠯᠠᠵᠤ᠂ ᠠᠷᠠᠳ ᠣᠯᠠᠨ ᠤ ᠬᠡᠷᠡᠭᠴᠡᠭᠡ ᠶᠢ ᠬᠠᠩᠭᠠᠵᠤ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠭᠠᠯ ᠤᠨ ᠠᠶᠤᠯ ᠤᠨ ᠠᠳᠡᠯ ᠢ ᠪᠦᠲᠦᠮᠵᠢᠲᠡᠶ ᠪᠠᠭᠤᠷᠠᠭᠤᠯᠤᠨ᠎ᠠ᠃ ᠭᠤᠷᠪᠠ᠂ ᠠᠯᠬᠤᠮ ᠳᠠᠷᠠᠭ᠎ᠠ ᠠᠷᠭ᠎ᠠ ᠬᠡᠮᠵᠢᠶ᠎ᠡ        ︵ᠨᠢᠭᠡ︶ ᠤᠬᠠᠭᠤᠯᠤᠨ ᠪᠡᠯᠡᠳᠬᠡᠬᠦ ᠱᠠᠲᠤ ᠦᠶ᠎ᠡ       1 . ᠵᠣᠬᠢᠶᠠᠨ ᠪᠠᠶᠢᠭᠤᠯᠤᠨ ᠳᠠᠶᠢᠴᠢᠯᠠᠬᠤ ᠠᠵᠢᠯ ᠢ ᠰᠠᠶᠢᠲᠤᠷ ᠬᠢᠨ᠎ᠡ᠃ ᠠᠵᠢᠯ ᠤᠨ ᠲᠥᠰᠦᠯ ᠲᠣᠭᠲᠠᠭᠠᠵᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠶᠢᠭᠤᠯᠵᠤ᠂ ᠳᠠᠶᠢᠴᠢᠯᠠᠯᠲᠠ ᠪᠠᠶᠢᠷᠢᠯᠠᠭᠤᠯᠤᠯᠲᠠ ᠬᠢᠨ᠎ᠡ  ᠃ ᠴᠠᠬᠢᠯᠭᠠᠨ ᠬᠥᠳᠡᠯᠭᠡᠭᠦᠷᠲᠦ ᠲᠡᠷᠭᠡ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃       2 . ᠠᠵᠢᠯ ᠢ ᠡᠷᠴᠢᠮᠳᠠᠢ ᠦᠷᠨᠢᠭᠦᠯᠵᠦ ᠰᠠᠶᠢᠲᠤᠷ ᠬᠢᠨ᠎ᠡ  ᠃ ᠷᠠᠳᠢᠣ᠋ ᠲᠧᠯᠸᠢᠰ᠂ ᠰᠣᠨᠢᠨ ᠰᠡᠳᠬᠦᠯ ᠤᠨ ᠰᠦᠯᠵᠢᠶ᠎ᠡ᠂ ᠸᠢᠴᠠᠲ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠢ ᠭᠦᠶᠴᠡᠳ ᠬᠡᠷᠡᠭᠯᠡᠨ᠂ ᠨᠡᠶᠢᠭᠡᠮ ᠳᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠭᠠᠯ ᠰᠡᠷᠭᠡᠶᠢᠯᠡᠬᠦ᠂ ᠴᠠᠬᠢᠯᠭᠠᠨ ᠴᠡᠨᠡᠭᠯᠡᠬᠦ ᠪᠠᠭᠠᠨ᠎ᠠ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠤᠨ ᠵᠣᠷᠢᠯᠭ᠎ᠠ᠂ ᠠᠴᠢ ᠬᠤᠯᠪᠣᠭᠳᠠᠯ ᠪᠣᠯᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠠᠯᠪᠠᠨ ᠵᠠᠷ ᠨᠠᠭᠠᠬᠤ᠂ ᠵᠠᠮ ᠬᠠᠷᠢᠯᠴᠠᠭᠠᠨ ᠤ ᠪᠣᠯᠪᠠᠰᠤᠨ ᠎ ᠢ ᠢᠳᠬᠠᠨ ᠰᠤᠷᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠣᠯᠠᠨ ᠵᠦᠶᠯ ᠤᠨ ᠬᠡᠯᠪᠡᠷᠢ ᠶᠢ ᠠᠪᠴᠤ ᠂ ᠤᠬᠠᠭᠤᠯᠭ᠎ᠠ ᠶᠢᠨ ᠠᠵᠢᠯ ᠢ ᠨᠢᠭᠡᠴᠡ᠂ ᠨᠡᠶᠢᠭᠡᠮ ᠲᠣᠭᠤᠷᠢᠭ᠂ ᠲᠡᠷᠭᠡ ᠬᠥᠰᠬᠡ ᠨᠢᠭᠡᠪᠦᠷᠢ ᠶᠢᠨ ᠪᠣᠷᠣᠯᠠᠭᠤᠯᠤᠨ ᠬᠤᠳᠠᠯᠳᠤᠬᠤ ᠭᠠᠵᠠᠷ ᠲᠤ ᠭᠦᠨᠵᠡᠭᠡᠶᠢᠷᠡᠭᠦᠯᠵᠦ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠰᠠᠶᠢᠨ ᠰᠠᠶᠢᠬᠠᠨ ᠨᠡᠶᠢᠭᠡᠮ ᠤᠨ ᠣᠷᠴᠢᠨ ᠠᠬᠤᠶ ᠶᠢ ᠪᠤᠢ ᠪᠣᠯᠭᠠᠬᠤ ᠬᠡᠷᠡᠭᠲᠡᠶ᠃        ︵ᠬᠤᠶᠠᠷ︶ ᠶᠡᠷᠦᠩᠬᠡᠶᠢᠯᠡᠨ ᠵᠠᠰᠠᠬᠤ ᠱᠠᠲᠤ ᠦᠶ᠎ᠡ       1 .  ᠡᠬᠢ ᠡᠭᠦᠰᠦᠯ ᠠᠴᠠ ᠨᠢ ᠵᠢᠭᠰᠠᠭᠠᠨ ᠪᠠᠶᠢᠴᠠᠭᠠᠵᠤ ᠬᠠᠮᠢᠶᠠᠷᠬᠤ ᠶᠢ ᠴᠢᠩᠭᠠᠷᠠᠭᠤᠯᠤᠨ᠎ᠠ᠃ ᠪᠦᠬᠦ  ᠲᠤᠭᠤᠷᠢᠭ ᠤᠨ ᠴᠠᠬᠢᠯᠭᠠᠨ ᠬᠥᠳᠡᠯᠭᠡᠭᠦᠷᠲᠦ ᠲᠡᠷᠭᠡ ᠡᠵᠡᠩᠨᠡᠵᠦ ᠪᠠᠶᠢᠭ᠎ᠠ ᠡᠷᠦᠬᠡ ᠶᠢᠨ ᠪᠠᠶᠢᠳᠠᠯ ᠢ ᠣᠶᠢᠯᠠᠭᠠᠵᠤ ᠪᠠᠶᠢᠴᠠᠭᠠᠬᠤ ᠪᠠᠨ ᠴᠢᠩᠭᠠᠳᠬᠠᠵᠤ᠂ ᠨᠥᠬᠦᠴᠡᠯ ᠳᠤ ᠨᠡᠶᠢᠴᠡᠬᠦ ᠦᠭᠡᠢ ᠴᠠᠬᠢᠯᠭᠠᠨ ᠬᠥᠳᠡᠯᠭᠡᠭᠦᠷᠲᠦ ᠲᠡᠷᠭᠡ ᠪᠣᠷᠣᠯᠠᠭᠤᠯᠬᠤ ᠶᠢ ᠴᠢᠩᠭ᠎ᠠ ᠴᠠᠭᠠᠵᠠᠯᠠᠵᠤ᠂ ᠬᠠᠤᠯᠢ ᠪᠤᠰᠤ ᠪᠠᠷ ᠴᠢᠨᠠᠷ ᠮᠠᠭᠤᠲᠠᠶ ᠴᠠᠬᠢᠯᠭᠠᠨ ᠬᠥᠳᠡᠯᠭᠡᠭᠦᠷᠲᠦ ᠲᠡᠷᠭᠡ ᠦᠶᠯᠡᠳᠪᠦᠷᠢᠯᠡᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠶᠳᠪᠦᠷᠢᠯᠡᠬᠦ ᠬᠡᠷᠡᠭᠲᠡᠶ᠃ ᠪᠦᠬᠦ  ᠲᠤᠭᠤᠷᠢᠭ ᠤᠨ ᠴᠠᠬᠢᠯᠭᠠᠨ ᠬᠥᠳᠡᠯᠭᠡᠭᠦᠷᠲᠦ ᠲᠡᠷᠭᠡᠨ ᠤ  ᠨᠠᠷᠠ ᠬᠠᠯᠬᠠᠯᠠᠬᠤ ᠰᠢᠬᠦᠷ ᠤᠭᠰᠠᠷᠠᠬᠤ ᠦᠶᠯᠡᠴᠢᠯᠡᠭᠡ ᠪᠠᠶᠢᠬᠤ ᠶᠢ ᠣᠯᠵᠤ ᠮᠡᠳᠡᠪᠡᠯ᠂ ᠳᠠᠩᠰᠠᠯᠠᠨ ᠲᠡᠮᠳᠡᠭᠯᠡᠬᠦ ᠶᠢᠨ ᠬᠠᠮᠲᠤ ᠰᠢᠮᠳᠠᠭᠤᠯᠤᠨ ᠴᠡᠭᠴᠡᠯᠡᠨ ᠥᠭᠡᠷᠡᠴᠢᠯᠡᠭᠦᠯᠵᠦ᠂ ᠴᠡᠭᠴᠡᠯᠡᠨ ᠥᠭᠡᠷᠡᠴᠢᠯᠡᠬᠦ ᠦᠭᠡᠢ ᠶᠢ ᠨᠢ ᠲᠣᠭᠲᠠᠭᠠᠯ ᠶᠣᠰᠣᠭᠠᠷ ᠰᠢᠶᠳᠬᠡᠨ ᠲᠣᠷᠭᠠᠬᠤ ᠬᠡᠷᠡᠭᠲᠡᠶ᠃       2 .ᠥᠩᠭᠡᠨ ᠲᠠᠯ᠎ᠠ ᠠᠴᠠ ᠵᠠᠰᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃  ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠨᠢ ᠳᠤᠭᠤᠶ ᠲᠡᠷᠭᠡ ᠶᠢ ᠲᠣᠭᠲᠠᠭᠠᠯ ᠶᠣᠰᠣᠭᠠᠷ ᠶᠠᠪᠤᠭᠤᠯᠬᠤ ᠦᠭᠡᠢ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠳᠦᠷ ᠲᠤᠲᠤᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠤᠨ ᠭᠤᠤᠯᠳᠠᠯᠭ᠎ᠠ ᠳᠤ ᠣᠷᠣᠭᠤᠯᠵᠤ᠂ ᠬᠡᠪᠰᠢᠭᠰᠡᠨ ᠬᠠᠮᠢᠶᠠᠷᠤᠯᠲᠠ ᠶᠢ ᠪᠠᠲᠤᠯᠠᠬᠤ ᠬᠡᠷᠡᠭᠲᠡᠶ᠃ ᠴᠠᠬᠢᠯᠭᠠᠨ ᠬᠥᠳᠡᠯᠭᠡᠭᠦᠷᠲᠦ ᠲᠡᠷᠭᠡᠨ ᠤ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠬᠤ ᠬᠡᠷᠡᠭᠲᠡᠶ᠃       3 . ︽ᠭᠤᠷᠪᠠᠨ ᠵᠠᠪᠠᠯ ᠪᠠᠶᠢᠴᠠᠭᠠᠬᠤ︾ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠨᠦᠬᠡᠨ ᠵᠠᠮ᠂ ᠡᠭᠦᠳᠡᠨ ᠲᠢᠩᠬᠢᠮ᠂ ᠠᠰᠠᠷ ᠤᠨ ᠱᠠᠲᠤᠨ ᠤ ᠡᠭᠦᠳᠡ᠂ ᠠᠰᠠᠷ ᠤᠨ ᠱᠠᠲᠤᠨ ᠤ ᠲᠠᠰᠤᠯᠭ᠎ᠠ ᠵᠡᠷᠭᠡ ᠨᠡᠪᠲᠡᠷᠡᠬᠦ ᠵᠠᠮ᠂ ᠠᠮᠤᠷ ᠲᠦᠪᠰᠢᠨ ᠭᠠᠷᠬᠤ ᠡᠭᠦᠳᠡ ᠪᠠᠷ ᠳᠤᠭᠤᠶ ᠲᠡᠷᠭᠡ ᠵᠣᠭᠰᠣᠭᠠᠬᠤ  ᠪᠠᠶᠢᠬᠤ ᠡᠰᠡᠬᠦ᠂ ᠴᠠᠬᠢᠯᠭᠠᠨ ᠬᠡᠷᠡᠭᠯᠡᠬᠦ ᠠᠮᠤᠷ ᠲᠦᠪᠰᠢᠨ ᠤ ᠱᠠᠭᠠᠷᠳᠠᠯᠭ᠎ᠠ ᠶᠢ ᠵᠥᠷᠢᠴᠡᠨ ᠳᠤᠭᠤᠶ ᠲᠡᠷᠭᠡᠨ ᠳᠤ ᠳᠤᠷ᠎ᠠ ᠪᠠᠷ ᠴᠠᠬᠢᠯᠭᠠᠨ ᠴᠡᠨᠡᠭᠯᠡᠵᠦ ᠪᠠᠶᠢᠬᠤ ᠡᠰᠡᠬᠦ᠃ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠲᠣᠭᠤᠷᠢᠭ ᠤᠨ ᠠᠳᠠᠯ ᠠᠬᠤᠢ ᠶᠢᠨ ᠦᠶᠯᠡᠴᠢᠯᠡᠭᠡᠨ ᠤ ᠠᠵᠤ ᠠᠬᠤᠶᠢᠯᠠᠯ ᠪᠤᠶᠤ ᠪᠤᠰᠤᠳ ᠬᠠᠮᠢᠶᠠᠷᠤᠭᠴᠢ ᠳᠤᠭᠤᠶ ᠲᠡᠷᠭᠡ ᠶᠢ ᠲᠣᠭᠤᠷᠢᠨ ᠪᠠᠶᠢᠴᠠᠭᠠᠬᠤ᠂ ᠪᠠᠶᠢᠴᠠᠭᠠᠬᠤ ᠠᠵᠢᠯ ᠤᠨ ︽ᠭᠤᠷᠪᠠᠨ ᠵᠠᠪᠠᠯ ᠪᠠᠶᠢᠴᠠᠭᠠᠬᠤ︾ ᠱᠠᠭᠠᠷᠳᠠᠯᠭ᠎ᠠ ᠶᠢ ᠰᠠᠶᠢᠲᠤᠷ ᠬᠢᠵᠦ᠂ ᠰᠠᠭᠤᠭᠠᠯᠢ ᠠᠷᠠᠳ ᠤᠨ ᠲᠣᠭᠤᠷᠢᠭ᠂ ᠠᠵᠤ ᠠᠬᠤᠶᠢᠯᠠᠯ ᠤᠨ ᠬᠠᠮᠲᠤ ᠶᠢᠨ ᠪᠠᠶᠢᠷᠢ᠂ ᠲᠦᠷᠢᠶᠡᠰᠦᠯᠡᠭᠰᠡᠨ ᠭᠡᠷ ᠪᠠᠶᠢᠰᠢᠩ ᠵᠡᠷᠭᠡ ᠣᠷᠣᠨ ᠪᠦᠰᠡ ᠶᠢᠨ ᠴᠠᠬᠢᠯᠭᠠᠨ ᠬᠥᠳᠡᠯᠭᠡᠭᠦᠷᠲᠦ ᠲᠡᠷᠭᠡ ᠶᠢ ᠲᠣᠭᠲᠠᠭᠠᠯ ᠠᠴᠠ ᠵᠥᠷᠢᠴᠡᠨ ᠵᠣᠭᠰᠣᠭᠠᠬᠤ᠂ ᠴᠠᠬᠢᠯᠭᠠᠨ ᠴᠡᠨᠡᠭᠯᠡᠬᠦ ᠭᠠᠯ ᠤᠨᠲᠠᠷᠠᠭᠠᠬᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠪᠠ ᠳᠠᠭᠠᠵᠤ ᠠᠬᠢᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃        ︵ᠭᠤᠷᠪᠠ︶ ᠬᠡᠪ ᠤᠨ ᠪᠠᠶᠢᠳᠠᠯ ᠢᠶᠠᠷ ᠴᠢᠩᠭ᠎ᠠ ᠬᠠᠮᠢᠶᠠᠷᠬᠤ ᠱᠠᠲᠤ ᠦᠶ᠎ᠡ       1 . ᠴᠢᠩᠭ᠎ᠠ ᠪᠠᠶᠢᠴᠠᠭᠠᠨ ᠰᠢᠶᠳᠪᠦᠷᠢᠯᠡᠵᠦ ᠬᠥᠲᠥᠯᠥᠨ ᠵᠢᠯᠣᠭᠤᠳᠬᠤ ᠬᠡᠷᠡᠭᠲᠡᠶ᠃ ᠨᠢᠭᠡ ᠳᠤ ᠲᠤᠭᠤᠷᠢᠭ ᠎ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠨᠢ ᠳᠤᠭᠤᠶ ᠲᠡᠷᠭᠡᠨ ᠤ ᠶᠠᠪᠤᠵᠤ ᠰᠠᠭᠤᠬᠤ ᠵᠢᠮ᠎ᠡ ᠶᠣᠰᠣ ᠶᠢ ᠦᠨᠳᠦᠰᠦᠯᠡᠨ᠂ ᠵᠠᠮ  ᠬᠠᠷᠢᠯᠴᠠᠭᠠᠨ ᠤ ᠲᠥᠰᠦᠯ ᠢ ᠲᠣᠭᠲᠠᠭᠠᠵᠤ᠂ ᠬᠠᠤᠯᠢ ᠲᠣᠭᠲᠠᠭᠠᠯ ᠶᠣᠰᠣᠭᠠᠷ ᠳᠤᠭᠤᠶ ᠲᠡᠷᠭᠡ ᠶᠢ ᠶᠠᠪᠤᠭᠤᠯᠵᠦ᠂ ᠳᠥᠷᠪᠡᠨ ᠬᠦᠷᠳᠦᠲᠦ ᠲᠡᠷᠭᠡᠨ ᠤ ᠬᠠᠤᠯᠢ ᠪᠤᠰᠤ ᠪᠠᠷ ᠶᠠᠪᠤᠵᠤ ᠪᠠᠶᠢᠭ᠎ᠠ ᠵᠡᠷᠭᠡ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠪᠠᠶᠢᠴᠠᠭᠠᠨ ᠰᠢᠶᠳᠪᠦᠷᠢᠯᠡᠬᠦ ᠶᠢᠨ ᠬᠠᠮᠲᠤ ᠦᠢᠯᠡ ᠪᠠᠶᠢᠳᠠᠯ ᠢ ᠨᠢ ᠦᠵᠡᠵᠦ ᠪᠠᠶᠢᠭᠠᠳ ᠲᠤᠬᠠᠶ ᠶᠢᠨ ᠲᠠᠯᠠᠪᠠᠢ ᠶᠢᠨ ᠠᠮᠤᠷ ᠲᠦᠪᠰᠢᠨ ᠤ ᠬᠥᠮᠦᠵᠢᠯ ᠰᠤᠷᠤᠯᠴᠠᠯᠭ᠎ᠠ ᠳᠤ ᠣᠷᠣᠯᠴᠠᠬᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠮᠡᠳᠡᠪᠡᠯ ᠵᠣᠬᠢᠬᠤ ᠶᠢ ᠨᠢ ᠬᠢᠨᠠᠨ ᠰᠢᠯᠭᠠᠬᠤ᠂ ᠪᠣᠯᠪᠠᠰᠤᠨ ᠢᠶᠠᠷ ᠢᠳᠬᠠᠨ ᠰᠤᠷᠭᠠᠬᠤ ᠠᠵᠢᠯᠯᠠᠭ᠎ᠠ ᠳᠤ ᠣᠷᠣᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠥᠮᠦᠵᠢᠯ ᠬᠢᠬᠦ ᠬᠡᠷᠡᠭᠲᠡᠶ᠃ ᠬᠤᠶᠠᠷ ᠲᠤ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠵᠠᠮ ᠬᠠᠷᠢᠯᠴᠠᠭᠠᠨ ᠤ ᠠᠳᠡᠯ ᠳᠤ ᠬᠤᠯᠪᠣᠭᠳᠠᠭᠰᠠᠨ ᠲᠤᠬᠠᠶ ᠶᠢᠨ ᠬᠥᠮᠦᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠦᠶᠯᠡᠳᠪᠦᠷᠢᠯᠡᠯ ᠪᠣᠷᠣᠯᠠᠭᠤᠯᠭ᠎ᠠ ᠶᠢᠨ ᠠᠵᠤ ᠠᠬᠤᠶᠢᠯᠠᠯ ᠳᠤ ᠢᠷᠭᠡᠨ ᠤ ᠬᠡᠷᠡᠭ ᠤᠨ ᠵᠠᠭᠠᠯᠳᠤᠯᠭ᠎ᠠ ᠭᠠᠷᠭᠠᠭᠤᠯᠵᠤ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠪᠣᠷᠣᠯᠠᠭᠤᠯᠤᠯᠲᠠ ᠶᠢᠨ ᠡᠬᠢ ᠡᠭᠦᠰᠦᠯ ᠤᠨ ᠪᠠᠶᠢᠴᠠᠭᠠᠯᠲᠠ ᠥᠷᠨᠢᠭᠦᠯᠵᠦ᠂  ᠬᠠᠤᠯᠢ ᠪᠤᠰᠤ ᠪᠠᠷ ᠴᠠᠬᠢᠯᠭᠠᠨ ᠬᠥᠳᠡᠯᠭᠡᠭᠦᠷᠲᠦ ᠲᠡᠷᠭᠡ ᠵᠢᠴᠢ ᠭᠤᠷᠪᠠ᠂ ᠳᠥᠷᠪᠡᠨ ᠬᠦᠷᠳᠦᠲᠦ ᠴᠠᠬᠢᠯᠭᠠᠨ ᠬᠥᠳᠡᠯᠭᠡᠭᠦᠷᠲᠦ ᠲᠡᠷᠭᠡ ᠶᠢ ᠪᠣᠷᠣᠯᠠᠭᠤᠯᠤᠭᠰᠠᠨ ᠪᠠᠶᠢᠪᠠᠯ᠂ ᠪᠣᠷᠣᠯᠠᠭᠤᠯᠬᠤ ᠶᠢ ᠨᠢ ᠴᠥᠮ ᠵᠠᠷᠯᠢᠭᠳᠠᠨ ᠵᠣᠭᠰᠣᠭᠠᠬᠤ ᠶᠢᠨ ᠬᠠᠮᠲᠤ ᠵᠠᠭᠤᠴᠢᠯᠠᠭᠤᠷ ᠤᠨ ᠬᠢᠨ ᠢᠯᠡᠴᠢᠯᠡᠬᠦ ᠬᠡᠷᠡᠭᠲᠡᠶ᠃ ᠭᠤᠷᠪᠠ ᠳᠤ ᠴᠠᠬᠢᠯᠭᠠᠨ ᠬᠥᠳᠡᠯᠭᠡᠭᠦᠷᠲᠦ ᠲᠡᠷᠭᠡ ᠶᠢ ᠵᠣᠭᠰᠣᠭᠠᠬᠤ ᠡᠮᠬᠢ ᠳᠢᠭᠯᠢᠮ ᠤᠨ ᠬᠠᠮᠲᠤᠷᠠᠨ ᠬᠠᠤᠯᠢ ᠬᠡᠷᠡᠭᠵᠢᠭᠦᠯᠬᠦ ᠬᠠᠮᠢᠶᠠᠷᠤᠯᠲᠠ ᠶᠢ ᠥᠷᠨᠢᠭᠦᠯᠵᠦ᠂ ᠲᠡᠷᠭᠡ ᠬᠥᠰᠬᠡ ᠶᠢᠨ ᠵᠣᠭᠰᠣᠭᠠᠬᠤ ᠡᠮᠬᠢ ᠳᠢᠭᠯᠢᠮ ᠢ ᠰᠠᠶᠢᠲᠤᠷ ᠬᠠᠮᠠᠭᠠᠯᠠᠵᠤ᠂ ᠮᠠᠰᠢᠨᠲᠤ ᠪᠤᠰᠤ ᠲᠡᠷᠭᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠲᠠᠯᠪᠢᠬᠤ ᠵᠡᠷᠭᠡ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠬᠦ ᠬᠡᠷᠡᠭᠲᠡᠶ᠃ ᠳᠥᠷᠪᠡ ᠳᠤ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠠᠮᠤᠷ ᠲᠦᠪᠰᠢᠨ ᠢᠶᠠᠷ ᠴᠠᠬᠢᠯᠭᠠᠨ ᠴᠡᠨᠡᠭᠯᠡᠬᠦ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠲᠡᠷᠭᠡᠨ ᠤ ᠡᠵᠡᠨ ᠤ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠨ᠎ᠡ᠃      2 .ᠲᠤᠰᠢᠶᠠᠯ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ ᠴᠡᠭᠴᠡᠯᠡᠨ ᠵᠠᠰᠠᠬᠤ ᠠᠵᠢᠯ ᠳᠤ ᠬᠠᠭᠠᠰ ᠵᠢᠯ ᠪᠦᠷᠢ ᠨᠢᠭᠡ ᠤᠳᠠᠭ᠎ᠠ ᠪᠦᠬᠦ ᠲᠠᠯ᠎ᠠ ᠶᠢᠨ ᠬᠢᠨᠠᠨ ᠰᠢᠯᠭᠠᠯᠲᠠ ᠬᠢᠵᠦ᠂ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠳᠤᠭᠤᠶ ᠲᠡᠷᠭᠡ ᠶᠢᠨ ᠬᠠᠮᠢᠶᠠᠷᠤᠯᠲᠠ ᠶᠢᠨ ᠳᠤᠲᠠᠭᠳᠠᠯ ᠪᠣᠯᠤᠨ ᠪᠠᠭᠤᠷᠠᠶ ᠭᠤᠭᠴᠤᠭ᠎ᠠ ᠳᠤ ᠴᠢᠭᠯᠡᠭᠦᠯᠦᠨ᠂ ᠪᠦᠲᠦᠮᠵᠢᠲᠡᠶ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠳᠤᠷᠠᠳᠴᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠵᠢᠯ ᠤᠨ ᠦᠷ᠎ᠡ ᠪᠦᠲᠦᠭᠡᠯ ᠢᠶᠠᠨ ᠪᠠᠬᠢᠵᠢᠭᠦᠯᠬᠦ ᠬᠡᠷᠡᠭᠲᠡᠶ᠃        ᠲᠦᠷᠪᠡ᠂ ᠠᠵᠢᠯ ᠤᠨ ᠱᠠᠭᠠᠷᠳᠠᠯᠭ᠎ᠠ       ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠶ᠃ ᠡᠯ᠎ᠡ ᠬᠠᠮᠢᠶ᠎ᠠ ᠪᠦᠬᠦᠢ ᠨᠢᠭᠡᠴᠡ ᠨᠦᠭᠦᠳ ᠬᠡᠪ ᠤᠨ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠬᠤ᠂ ᠠᠷᠠᠳ ᠣᠯᠠᠨ ᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ᠂ ᠨᠡᠶᠢᠭᠡᠮ ᠤᠨ ᠲᠣᠭᠲᠠᠭᠤᠨ  ᠎ ᠢ ᠦᠨᠡᠨᠬᠦ  ᠪᠠᠳᠤᠯᠠᠵᠦ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠶᠢᠨ ᠴᠢᠬᠤᠯᠠ ᠴᠢᠨᠠᠷ  ᠎ ᠢ ᠭᠦᠶᠴᠡᠳ ᠲᠠᠨᠢᠵᠤ᠂ ᠬᠦᠴᠦᠲᠡᠶ ᠠᠷᠭ᠎ᠠ ᠬᠡᠮᠵᠢᠶ᠎ᠡ ᠢ ᠡᠷᠡᠰ ᠰᠢᠭᠤᠷᠬᠠᠶ ᠬᠡᠷᠡᠭᠵᠢᠭᠦᠯᠬᠦ ᠶᠢ ᠪᠡᠶᠡᠯᠡᠭᠦᠯᠵᠦ᠂ ᠡᠯ᠎ᠡ ᠵᠦᠶᠯ ᠤᠨ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠬᠤ ᠬᠡᠷᠡᠭᠲᠡᠶ᠃       ︵ᠬᠤᠶᠠᠷ︶ ᠥᠷᠭᠡᠨ ᠢᠶᠠᠷ ᠤᠬᠠᠭᠤᠯᠵᠤ ᠬᠥᠲᠥᠯᠥᠨ ᠵᠢᠯᠣᠭᠤᠳᠤᠨ᠎ᠠ᠃ ᠡᠯ᠎ᠡ ᠲᠥᠷᠥᠯ ᠤᠨ ᠵᠠᠭᠤᠴᠢ ᠶᠢ ᠬᠡᠷᠡᠭᠯᠡᠨ ᠳᠤᠭᠤᠶ ᠲᠡᠷᠭᠡ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ ᠦᠷᠭᠦᠯᠵᠢᠯᠡᠨ ᠥᠷᠭᠡᠨ ᠢᠶᠠᠷ ᠤᠬᠠᠭᠤᠯᠵᠤ᠂ ᠡᠷᠦᠬᠡ ᠪᠣᠯᠭᠠᠨ ᠳᠤ ᠮᠡᠳᠡᠭᠦᠯᠬᠦ ᠪᠠᠷ ᠴᠢᠷᠮᠠᠶᠢᠵᠤ᠂ ᠨᠡᠶᠢᠭᠡᠮ ᠤᠨ ᠡᠯ᠎ᠡ ᠡᠲᠡᠭᠡᠳ ᠪᠣᠯᠤᠨ ᠣᠯᠠᠨ ᠲᠦᠮᠡᠨ ᠤ ᠣᠶᠢᠯᠠᠭᠠᠯᠴᠠᠭ᠎ᠠ ᠳᠡᠮᠵᠢᠯᠭᠡ ᠶᠢ ᠣᠯᠬᠤ ᠬᠡᠷᠡᠭᠲᠡᠶ᠃ ᠳᠤᠭᠤᠶ ᠲᠡᠷᠭᠡ ᠰᠥᠷᠴᠦ ᠶᠠᠪᠤᠬᠤ᠂ ᠤᠯᠠᠭᠠᠨ ᠳ᠋ᠧᠩ ᠢ ᠵᠥᠷᠢᠴᠡᠬᠦ ᠵᠡᠷᠭᠡ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠢᠯᠡᠴᠢᠯᠡᠬᠦ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃       ︵ᠭᠤᠷᠪᠠ︶ ᠬᠠᠮᠵᠢᠯᠴᠠᠨ ᠬᠠᠮᠵᠢᠯᠴᠠᠬᠤ ᠪᠠᠨ ᠴᠢᠩᠭᠠᠳᠬᠠᠬᠤ ᠬᠡᠷᠡᠭᠲᠡᠶ᠃ ᠲᠤᠰᠬᠠᠶ ᠵᠦᠶᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢᠨ ᠬᠤᠯᠪᠣᠭᠳᠠᠬᠤ ᠬᠡᠪᠴᠢᠶ᠎ᠡ ᠨᠢ ᠥᠷᠭᠡᠨ᠂ ᠡᠭᠦᠷᠭᠡ ᠬᠠᠲᠠᠭᠤ ᠪᠡᠷᠬᠡ ᠪᠣᠯᠬᠤᠷ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠰᠢᠲᠠᠷ᠎ᠠ︾᠎ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠶᠴᠡᠳᠬᠡᠨ᠂ ᠨᠢᠭᠲᠠ ᠬᠠᠮᠵᠢᠯᠴᠠᠵᠤ᠂ ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠬᠦ᠂ ᠵᠡᠷᠭᠡ ᠪᠠᠷ ᠠᠳᠬᠤᠬᠤ ᠰᠠᠶᠢᠨ ᠰᠠᠶᠢᠬᠠᠨ ᠠᠵᠢᠯ ᠤᠨ ᠪᠠᠶᠢᠷᠢᠰᠢᠯ ᠢ ᠴᠢᠷᠮᠠᠶᠢᠨ ᠪᠤᠢ ᠪᠣᠯᠭᠠᠬᠤ ᠬᠡᠷᠡᠭᠲᠡᠶ᠃ ᠴᠡᠭᠴᠡᠯᠡᠨ ᠵᠠᠰᠠᠬᠤ ᠠᠵᠢᠯᠯᠠᠭ᠎ᠠ ᠶᠢᠨ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ  ᠨᠠᠶᠢᠳᠠᠪᠤᠷᠢᠵᠢᠭᠤᠯᠵᠦ  ᠂ ᠳᠤᠭᠤᠶ ᠲᠡᠷᠭᠡᠨ ᠤ ᠬᠠᠮᠢᠶᠠᠷᠤᠯᠲᠠ ᠶᠢ ᠵᠢᠷᠤᠮᠵᠢᠭᠤᠯᠤᠨ᠂ ᠵᠦᠶ ᠵᠣᠬᠢᠰᠲᠠᠶ ᠪᠣᠯᠭᠠᠵᠤ᠂ ᠪᠠᠶᠢᠩᠭᠤᠵᠢᠭᠤᠯᠤᠨ ᠠᠵᠢᠯᠯᠠᠭᠤᠯᠵᠤ᠂ ᠦᠷ᠎ᠡ ᠪᠦᠲᠦᠮᠵᠢ ᠶᠢ ᠦᠨᠡᠨᠬᠦ ᠪᠠᠲᠤᠯᠠᠬᠤ ᠬᠡᠷᠡᠭᠲᠡᠶ᠃       ︵ᠲᠦᠷᠪᠡ︶ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠳᠠᠯᠠᠬᠤ ᠬᠡᠷᠡᠭᠲᠡᠶ᠃ ᠴᠡᠭᠴᠡᠯᠡᠨ ᠵᠠᠰᠠᠬᠤ ᠬᠤᠭᠤᠴᠠᠭᠠᠨ ᠳᠤ᠂ ᠲᠤᠰᠬᠠᠶ ᠵᠦᠶᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠴᠡᠭᠴᠡᠯᠡᠨ ᠵᠠᠰᠠᠬᠤ ᠠᠵᠢᠯ ᠤᠨ ᠠᠬᠢᠴᠠ ᠶᠢ ᠰᠢᠮᠳᠠᠭᠤᠯᠤᠨ ᠪᠠᠶᠢᠴᠠᠭᠠᠵᠤ᠂ ᠠᠰᠠᠭᠤᠳᠠᠯ ᠪᠠᠶᠢᠬᠤ ᠶᠢ ᠣᠯᠵᠤ ᠮᠡᠳᠡᠪᠡᠯ ᠴᠠᠭ ᠲᠤᠬᠠᠶ ᠳᠤᠨᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠠᠵᠢᠯ ᠢᠶᠠᠨ ᠨᠠᠶᠢᠳᠠᠪᠤᠷᠢᠵᠢᠭᠤᠯᠤᠭᠰᠠᠨ ᠦᠭᠡᠢ ᠠᠴᠠ ᠪᠣᠯᠵᠤ ᠬᠥᠮᠦᠨ  ᠎ ᠤ ᠠᠳᠠᠯ  ᠪᠤᠶᠤ ᠴᠠᠬᠢᠯᠭᠠᠨ ᠬᠥᠳᠡᠯᠭᠡᠭᠦᠷᠲᠦ ᠲᠡᠷᠭᠡᠨ ᠤ ᠵᠠᠮ ᠬᠠᠷᠢᠯᠴᠠᠭᠠᠨ ᠤ ᠠᠳᠠᠯ  ᠂ ᠭᠠᠯ ᠤᠨ ᠠᠶᠤᠯ ᠤᠨ ᠠᠳᠡᠯ ᠭᠠᠷᠤᠭᠰᠠᠨ ᠪᠦᠬᠦᠨ ᠢ ᠴᠥᠮ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠶᠳᠪᠦᠷᠢᠯᠡᠬᠦ ᠬᠡᠷᠡᠭᠲᠡᠶ᠃        ᠳᠠᠭᠠᠯᠳᠤᠭᠤᠯᠤᠯ                                                           ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2