ᠬᠤᠯᠤᠭᠠᠨ᠎ᠠ ᠶᠢᠨ ᠬᠢᠵᠢᠭ ᠤᠨ ᠬᠠᠯᠳᠠᠪᠤᠷᠢ ᠠᠪᠤᠭᠰᠠᠨ ᠥᠪᠥᠷ ᠮᠣᠩᠭᠤᠯ ᠤᠨ ᠬᠤᠶᠠᠷ ᠡᠪᠡᠳᠴᠢᠲᠡᠨ ᠤ ᠨᠢᠭᠡᠨ ᠤ ᠬᠢᠨᠢ ᠡᠪᠡᠳᠴᠢᠨ ᠨᠢ ᠬᠦᠨᠳᠦ ᠪᠠᠶᠢᠭᠰᠠᠭᠠᠷ
ᠨᠡᠶᠢᠲᠡᠯᠡᠭᠰᠡᠨ ᠴᠠᠭ᠄
2019/11/18
      ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠳᠦᠷ ᠤᠨ ᠰᠣᠨᠢᠨ ᠤ ᠮᠡᠳᠡᠭᠡᠯᠡᠭᠰᠡᠨ ᠢᠶᠠᠷ᠂ ᠪᠡᠭᠡᠵᠢᠩ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠺᠣᠮᠢᠰ ᠠᠴᠠ ᠣᠶᠢᠯᠠᠭᠠᠭᠰᠠᠨ ᠢᠶᠠᠷ᠂ ᠪᠡᠭᠡᠵᠢᠩ ᠬᠤᠲᠠ ᠠᠴᠠ ᠣᠨᠣᠰᠢᠯᠠᠭᠰᠠᠨ᠂ ᠬᠤᠯᠤᠭᠠᠨ᠎ᠠ ᠶᠢᠨ ᠬᠢᠵᠢᠭ ᠤᠨ ᠬᠠᠯᠳᠠᠪᠤᠷᠢ ᠠᠪᠤᠭᠰᠠᠨ ᠥᠪᠥᠷ ᠮᠣᠩᠭᠤᠯ ᠤᠨ ᠬᠤᠶᠠᠷ ᠡᠪᠡᠳᠴᠢᠲᠡᠨ ᠤ ᠨᠢᠭᠡᠨ ᠤ ᠬᠢᠨᠢ ᠡᠪᠡᠳᠴᠢᠨ ᠤ ᠪᠠᠶᠢᠳᠠᠯ ᠲᠣᠭᠲᠠᠪᠤᠷᠢᠲᠠᠢ ᠪᠣᠯᠵᠤ᠂ ᠨᠥᠭᠦᠭᠡ ᠨᠢᠭᠡᠨ ᠤ ᠬᠢᠨᠢ ᠡᠪᠡᠳᠴᠢᠨ ᠨᠢ ᠬᠦᠨᠳᠦ ᠪᠠᠶᠢᠭ᠎ᠠ ᠪᠣᠯᠪᠠᠴᠤ ᠴᠢᠨᠠᠭᠰᠢᠳᠠ ᠬᠦᠨᠳᠦᠷᠡᠭᠡ ᠦᠭᠡᠢ ᠭᠡᠵᠡᠢ᠃       ᠰᠢᠨ ᠵᠢᠩ ᠪᠣᠣ ᠰᠣᠨᠢᠨ ᠤ 12᠎ ᠤᠨ ᠰᠥᠨᠢ ᠪᠠᠷ ᠮᠡᠳᠡᠭᠡᠯᠡᠭᠰᠡᠨ ᠠᠴᠠ ᠦᠵᠡᠪᠡᠯ᠂ ᠪᠡᠭᠡᠵᠢᠩ ᠬᠤᠲᠠ ᠬᠤᠯᠤᠭᠠᠨ᠎ᠠ ᠶᠢᠨ ᠬᠢᠵᠢᠭ ᠤᠨ ᠬᠠᠯᠳᠠᠪᠤᠷᠢ ᠠᠪᠤᠭᠰᠠᠨ ᠬᠤᠶᠠᠷ ᠡᠪᠡᠳᠴᠢᠲᠡᠨ ᠢ ᠡᠮᠴᠢᠯᠡᠯ᠎ᠡ ᠭᠡᠰᠡᠨ ᠢ ᠠᠯᠪᠠᠨ ᠤ ᠲᠠᠯ᠎ᠠ ᠠᠴᠠ ᠲᠣᠳᠣᠯᠠᠵᠤ ᠨᠤᠲᠠᠯᠠᠭᠰᠠᠨ ᠪᠠᠶᠢᠨ᠎ᠠ᠃       11 ᠰᠠᠷ᠎ᠠ ᠶᠢᠨ 12᠎ ᠤᠨ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠰᠥᠨᠢᠳ ᠵᠡᠭᠦᠨ ᠬᠤᠰᠢᠭᠤᠨ ᠤ ᠬᠤᠶᠠᠷ ᠮᠠᠯᠴᠢᠨ ᠤ ᠡᠪᠡᠳᠴᠢᠨ ᠢ ᠡᠮᠨᠡᠯᠭᠡ ᠶᠢᠨ ᠲᠤᠰᠬᠠᠢ ᠮᠡᠷᠭᠡᠵᠢᠯᠲᠡᠨ ᠠᠴᠠ ᠬᠠᠮᠲᠤᠷᠠᠨ ᠣᠨᠣᠰᠢᠯᠠᠭ᠎ᠠ ᠬᠢᠭᠰᠡᠨ ᠤ ᠳ᠋ᠦᠩ ᠳᠤ᠂ ᠲᠡᠳᠡ ᠠᠭᠤᠰᠬᠢ ᠪᠠᠷ ᠳᠠᠮᠵᠢᠨ ᠬᠠᠯᠳᠠᠪᠤᠷᠢᠯᠠᠬᠤ ᠬᠤᠯᠤᠭᠠᠨ᠎ᠠ ᠶᠢᠨ ᠬᠢᠵᠢᠭ ᠲᠤ ᠨᠡᠷᠪᠡᠭᠳᠡᠭᠰᠡᠨ ᠢ ᠣᠨᠣᠰᠢᠯᠠᠵᠤ ᠲᠣᠳᠣᠯᠠᠭᠰᠠᠨ ᠪᠠᠶᠢᠨ᠎ᠠ᠃ ᠣᠳᠣᠬᠠᠨ ᠳᠤ ᠡᠨᠡ ᠬᠤᠶᠠᠷ ᠡᠪᠡᠳᠴᠢᠲᠡᠨ ᠢ ᠨᠢᠭᠡᠨᠲᠡ ᠪᠡᠭᠡᠵᠢᠩ ᠬᠤᠲᠠ ᠶᠢᠨ ᠴᠣᠣ ᠶᠠᠩ ᠲᠣᠭᠤᠷᠢᠭ ᠤᠨ ᠬᠠᠮᠢᠶ᠎ᠠ ᠲᠠᠢ ᠡᠮᠴᠢᠯᠡᠭᠡᠨ ᠤ ᠪᠠᠶᠢᠭᠤᠯᠤᠮᠵᠢ ᠲᠣᠬᠢᠷᠠᠮᠵᠢᠲᠠᠢ ᠡᠮᠨᠡᠨ ᠵᠠᠰᠠᠵᠤ᠂ ᠬᠠᠮᠢᠶ᠎ᠠ ᠲᠠᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠢᠬᠡᠨᠳᠡ ᠨᠠᠶᠢᠳᠠᠪᠤᠷᠢᠵᠢᠭᠤᠯᠤᠭᠰᠠᠨ ᠪᠠᠶᠢᠨ᠎ᠠ᠃ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠡᠨᠡ ᠬᠤᠶᠠᠷ ᠡᠪᠡᠳᠴᠢᠲᠡᠨ ᠢ ᠥᠪᠥᠷ ᠮᠣᠩᠭᠤᠯ ᠤᠨ ᠲᠤᠬᠠᠢ ᠶᠢᠨ ᠭᠠᠵᠠᠷ ᠤᠨ ᠡᠮᠨᠡᠯᠭᠡ ᠶᠢᠨ ᠪᠠᠶᠢᠭᠤᠯᠤᠮᠵᠢ ᠶᠢᠨ ᠲᠦᠷᠭᠡᠨ ᠠᠪᠤᠷᠠᠯᠲᠠ ᠶᠢᠨ ᠮᠠᠰᠢᠨ ᠢᠶᠠᠷ ᠪᠡᠭᠡᠵᠢᠩ ᠳᠤ ᠬᠦᠷᠭᠡᠵᠦ ᠢᠷᠡᠭᠰᠡᠨ ᠶᠤᠮ᠃ ᠣᠳᠣ ᠪᠣᠯᠲᠠᠯ᠎ᠠ ᠡᠨᠡ ᠬᠤᠶᠠᠷ ᠡᠪᠡᠳᠴᠢᠲᠡᠨ ᠲᠠᠢ ᠣᠶᠢᠷᠠᠲᠤᠭᠰᠠᠨ ᠬᠥᠮᠥᠰ ᠲᠤ ᠬᠠᠯᠠᠭᠤᠷᠠᠬᠤ ᠵᠡᠷᠭᠡ ᠬᠡᠪ ᠤᠨ ᠪᠤᠰᠤ ᠪᠠᠶᠢᠳᠠᠯ ᠭᠠᠷᠤᠭ᠎ᠠ ᠦᠭᠡᠢ ᠪᠠᠶᠢᠨ᠎ᠠ᠃       ᠠᠵᠤ ᠠᠬᠤᠢ ᠶᠢᠨ ᠰᠢᠨᠵᠢᠯᠡᠭᠡᠨ ᠤ ᠰᠦᠯᠵᠢᠶᠡᠨ ᠳᠤ 12᠎ ᠤᠨ ᠰᠥᠨᠢ ᠮᠡᠳᠡᠭᠡᠯᠡᠭᠰᠡᠨ ᠢ ᠦᠨᠳᠤᠰᠦᠯᠡᠪᠡᠯ᠂ ᠴᠣᠣ ᠶᠠᠩ ᠡᠮᠨᠡᠯᠭᠡ ᠶᠢᠨ ᠬᠤᠷᠢᠶᠠᠨ ᠤ ᠬᠠᠮᠢᠶ᠎ᠠ ᠲᠠᠢ ᠬᠠᠷᠢᠭᠤᠴᠠᠯᠭᠠᠲᠠᠨ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠬᠤ ᠳᠤ ᠪᠠᠨ ᠣᠯᠠᠨ ᠲᠦᠮᠡᠨ ᠰᠠᠨᠳᠤᠷᠴᠤ ᠠᠶᠤᠬᠤ ᠬᠡᠷᠡᠭ ᠦᠭᠡᠢ᠂ ᠣᠳᠣᠬᠠᠨ ᠳᠤ ᠪᠦᠬᠦ ᠵᠦᠢᠯ ᠬᠢᠨᠠᠯᠲᠠ ᠪᠠ ᠡᠵᠡᠮᠰᠢᠯ ᠳᠤ ᠪᠠᠶᠢᠨ᠎ᠠ ᠭᠡᠵᠡᠢ᠃       ᠬᠤᠯᠤᠭᠠᠨ᠎ᠠ ᠶᠢᠨ ᠬᠢᠵᠢᠭ ᠤᠨ ᠶᠡᠷᠦ ᠶᠢᠨ ᠮᠡᠳᠡᠯᠭᠡ᠄       ᠬᠤᠯᠤᠭᠠᠨ᠎ᠠ ᠶᠢᠨ ᠬᠢᠵᠢᠭ ᠪᠣᠯ ᠬᠤᠯᠤᠭᠠᠨ᠎ᠠ ᠶᠢᠨ ᠬᠢᠵᠢᠭ ᠤᠨ ᠸᠢᠷᠦ᠋ᠰ ᠠᠴᠠ ᠪᠣᠯᠵᠤ ᠬᠠᠯᠳᠠᠪᠤᠷᠢᠯᠠᠳᠠᠭ ᠡᠪᠡᠳᠴᠢᠨ ᠶᠤᠮ᠂ ᠡᠨᠡ ᠨᠢ ᠮᠡᠷᠡᠭᠴᠢ ᠠᠮᠢᠲᠠᠨ ᠤ ᠬᠤᠭᠤᠷᠣᠨᠳᠤ ᠬᠠᠯᠳᠠᠪᠤᠷᠢᠯᠠᠳᠠᠭ᠃ ᠡᠨᠡ ᠬᠢᠵᠢᠭ ᠪᠣᠯ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾᠎ ᠳᠤ ᠲᠣᠭᠲᠠᠭᠠᠭᠰᠠᠨ ᠬᠥᠬᠡ ᠳᠡᠰ ᠤᠨ ᠡᠪᠡᠳᠴᠢᠨ ᠶᠤᠮ᠃ ᠬᠤᠯᠤᠭᠠᠨ᠎ᠠ ᠶᠢᠨ ᠬᠢᠵᠢᠭ ᠤᠨ ᠬᠠᠯᠳᠠᠪᠤᠷᠢ ᠠᠪᠤᠭᠰᠠᠨ ᠬᠥᠮᠥᠨ ᠤ ᠡᠪᠡᠳᠴᠢᠨ ᠤ ᠢᠯᠡᠷᠡᠯ ᠨᠢ ᠲᠦᠷᠭᠡᠨ᠂ ᠡᠷᠡᠰᠳᠡᠬᠦ ᠨᠣᠷᠮ᠎ᠠ ᠨᠢ ᠥᠨᠳᠥᠷ᠂ ᠬᠠᠯᠳᠠᠪᠤᠷᠢᠲᠤ ᠴᠢᠨᠠᠷ ᠨᠢ ᠴᠢᠩᠭ᠋᠎ᠠ᠂ ᠲᠠᠷᠬᠠᠵᠤ ᠲᠦᠭᠡᠬᠦ ᠨᠢ ᠮᠥᠨ ᠬᠤᠷᠳᠤᠨ ᠶᠤᠮ᠃ ᠡᠨᠡ ᠬᠢᠵᠢᠭ ᠡᠪᠡᠳᠴᠢᠨ ᠪᠥᠭᠡᠰᠦ ᠪᠠᠷ ᠳᠠᠮᠵᠢᠵᠤ ᠬᠠᠯᠳᠠᠪᠤᠷᠢᠯᠠᠬᠤ ᠪᠥᠭᠡᠳ ᠪᠠᠰᠠ ᠬᠥᠮᠥᠨ ᠬᠥᠮᠥᠨ ᠤ ᠬᠤᠭᠤᠷᠣᠨᠳᠤ ᠬᠠᠯᠳᠠᠪᠤᠷᠢᠯᠠᠵᠤ᠂ ᠬᠢᠵᠢᠭ ᠲᠠᠷᠬᠠᠭᠰᠠᠨ ᠣᠷᠣᠨ ᠳᠤ ᠬᠡᠭᠡᠷ᠎ᠡ ᠭᠠᠳᠠᠨ᠎ᠠ ᠠᠵᠢᠯᠯᠠᠳᠠᠭ ᠬᠥᠮᠥᠨ᠂ ᠡᠰᠡᠪᠡᠯ ᠲᠠᠷᠪᠠᠭ᠎ᠠ ᠠᠩᠨᠠᠵᠤ ᠢᠳᠡᠳᠡᠭ ᠬᠥᠮᠥᠨ ᠠᠮᠠᠷᠬᠠᠨ ᠬᠠᠯᠳᠠᠪᠤᠷᠢ ᠠᠪᠳᠠᠭ ᠶᠤᠮ᠃       ᠨᠢᠶᠠᠨ ᠳᠠᠷᠤᠭᠴᠢ ︵抗生素︶︶ ᠵᠡᠷᠭᠡ ᠡᠮ ᠲᠠᠩ ᠢᠶᠠᠷ ᠴᠠᠭ ᠲᠤᠬᠠᠢ ᠳᠤ ᠨᠢ ᠡᠮᠴᠢᠯᠡᠪᠡᠯ᠂ ᠡᠨᠡ ᠡᠪᠡᠳᠴᠢᠨ ᠤ ᠡᠷᠡᠰᠳᠡᠯ ᠤᠨ ᠨᠣᠷᠮ᠎ᠠ ᠶᠢ ᠪᠠᠭᠤᠷᠠᠭᠤᠯᠵᠤ ᠳᠡᠶᠢᠯᠦᠨ᠎ᠡ᠃ ᠬᠥᠮᠥᠰ ᠬᠢᠵᠢᠭ ᠳᠡᠯᠭᠡᠷᠡᠭᠰᠡᠨ ᠣᠷᠣᠨ ᠳᠤ ᠣᠴᠢᠬᠤ ᠦᠭᠡᠢ᠂ ᠬᠠᠯᠳᠠᠪᠤᠷᠢ ᠠᠪᠤᠭᠰᠠᠨ ᠬᠥᠮᠥᠨ ᠲᠠᠢ ᠣᠶᠢᠷᠠᠳᠬᠤ ᠦᠭᠡᠢ᠂ ᠪᠥᠭᠡᠰᠦ ᠬᠢᠭᠤᠷᠰᠤᠨ ᠳᠤ ᠬᠠᠵᠠᠭᠳᠠᠬᠤ ᠠᠴᠠ ᠰᠡᠷᠭᠡᠶᠢᠯᠡᠬᠦ ᠵᠡᠷᠭᠡ ᠠᠷᠭ᠎ᠠ ᠬᠡᠮᠵᠢᠶ᠎ᠡ ᠠᠪᠬᠤ ᠬᠡᠷᠡᠭᠲᠡᠢ ᠪᠥᠭᠡᠳ ᠬᠡᠷᠪᠡ ᠡᠪᠡᠳᠴᠢᠨ ᠤ ᠢᠯᠡᠷᠡᠯ ᠲᠠᠢ ᠪᠣᠯᠪᠠᠯ ᠳᠠᠷᠦ᠋ᠢᠬᠠᠨ ᠡᠮᠨᠡᠯᠭᠡ ᠶᠢᠨ ᠬᠤᠷᠢᠶ᠎ᠠ ᠪᠤᠶᠤ ᠬᠢᠵᠢᠭ ᠢ ᠰᠡᠷᠭᠡᠶᠢᠯᠡᠬᠦ ᠰᠠᠯᠠᠭ᠎ᠠ ᠮᠥᠴᠢᠷ ᠲᠠᠢ ᠬᠠᠷᠢᠯᠴᠠᠬᠤ ᠬᠡᠷᠡᠭᠲᠡᠢ᠃                               ᠪᠡᠯᠡᠳᠬᠡᠭᠰᠡᠨ ᠨᠢ᠄ ᠲᠤᠶᠠᠭ᠎ᠠ                               ᠢᠷᠡᠯᠳᠡ᠄ ᠲᠥᠪ ᠷᠠᠳᠢᠣ᠋ ᠶᠢᠨ ᠮᠣᠩᠭᠤᠯ ᠰᠦᠯᠵᠢᠶ᠎ᠡ
 
ᠢᠷᠡᠯᠲᠡ᠄ ᠲᠥᠪ ᠷᠠᠳᠢᠣ᠋ ᠶᠢᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2