ᠵᠢᠨᠢᠩ ᠲᠣᠭᠤᠷᠢᠭ ᠤᠯᠤᠰ ᠤᠨ ︽ᠨᠢᠭᠡ ᠪᠦᠰᠡ ᠨᠢᠭᠡ ᠵᠠᠮ︾᠎ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ  ᠠᠳᠬᠤᠵᠤ᠂ ᠣᠷᠣᠨ ᠪᠦᠰᠡ ᠶᠢᠨ ᠴᠢᠨᠠᠷᠲᠠᠶ ᠠᠷᠠᠯᠵᠢᠶ᠎ᠠ ᠬᠤᠳᠠᠯᠳᠤᠭᠠᠨ ᠤ ᠪᠠᠷᠠᠭ᠎ᠠ ᠶᠢᠨ ᠭᠦᠶᠯᠭᠡᠭᠡᠨ ᠤ ᠲᠥᠪ ᠢ ᠥᠨᠳᠥᠷ ᠪᠠᠷᠢᠮᠵᠢᠶ᠎ᠠ ᠪᠠᠷ  ᠴᠢᠨᠠᠷ ᠰᠠᠶᠢᠲᠠᠶ ᠪᠠᠶᠢᠭᠤᠯᠤᠨ᠎ᠠ
ᠨᠡᠶᠢᠲᠡᠯᠡᠭᠰᠡᠨ ᠴᠠᠭ᠄
2019/11/18
   ᠰᠤᠷᠪᠤᠯᠵᠢᠯᠠᠭᠰᠠᠨ ᠵᠣᠴᠢᠨ  ᠄  ᠾᠦᠸᠧ ᠵᠢᠶᠠᠨ ᠵᠥᠩ    ᠰᠤᠷᠪᠤᠯᠵᠢᠯᠠᠭᠰᠠᠨ ᠴᠠᠭ    ᠄  2019 ᠤᠨ ᠎ ᠤ  11 ᠰᠠᠷ᠎ᠠ ᠶᠢᠨ 12᠎ ᠤ ᠡᠳᠦᠷ             ᠵᠢᠨᠢᠩ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠴᠠᠭ ᠤᠨ ᠪᠠᠶᠢᠳᠠᠯ ᠳᠤ ᠲᠤᠬᠢᠷᠠᠭᠤᠯᠤᠨ ᠂ ᠣᠳᠣ ᠦᠶ᠎ᠡ ᠶᠢᠨ ᠪᠠᠷᠠᠭ᠎ᠠ ᠶᠢᠨ ᠭᠦᠶᠯᠭᠡᠭᠡᠨ ᠤ ᠦᠢᠯᠡᠰ ᠤᠨ ᠬᠥᠭᠵᠢᠯᠲᠡ ᠶᠢᠨ ᠤᠷᠤᠰᠬᠠᠯ ᠢ ᠢᠳᠡᠪᠬᠢᠲᠡᠢ ᠡᠵᠡᠮᠳᠡᠨ᠂ ᠤᠯᠤᠰ ᠤᠨ ︽ᠨᠢᠭᠡ ᠪᠦᠰᠡ ᠨᠢᠭᠡ ᠵᠠᠮ︾ ᠪᠣᠯᠤᠨ ᠪᠡᠭᠡᠵᠢᠩ ᠲᠢᠶᠠᠨᠵᠢᠨ ᠾᠧᠪᠧᠶ ᠶᠢᠨ ᠬᠠᠮᠵᠢᠯᠴᠠᠨ ᠬᠥᠭᠵᠢᠬᠦ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ︽ ᠲᠤᠮᠳᠠᠳᠦ ᠮᠣᠩᠭᠤᠯ ᠤᠷᠤᠰ ᠤᠨ ᠠᠵᠤ ᠠᠬᠤᠢ ᠶᠢᠨ ᠬᠤᠩᠭᠢᠯ︾᠎ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠵᠤ᠂ ︽ᠲᠡᠮᠦᠷ ᠵᠠᠮ᠂  ᠵᠠᠰᠠᠮᠠᠯ ᠵᠠᠮ᠂  ᠨᠢᠰᠭᠡᠯ︾᠎ ᠎ ᠤᠨ ᠵᠠᠮ ᠤᠨ ᠠᠶᠠᠯᠠᠯ ᠤᠨ ᠣᠷᠣᠨ ᠪᠦᠰᠡ ᠶᠢᠨ ᠪᠠᠷᠠᠭ᠎ᠠ ᠶᠢᠨ ᠭᠦᠶᠯᠭᠡᠭᠡᠨ ᠤ ᠲᠥᠪ ᠢ ᠴᠣᠭᠴᠠᠯᠠᠵᠤ᠂ ︽ᠲᠣᠮᠣ ᠪᠠᠷᠠᠭ᠎ᠠ ᠶᠢᠨ ᠭᠦᠶᠯᠭᠡᠭᠡ︾᠎ ᠶᠢ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠣᠯᠭᠠᠬᠤ ᠶᠢ ᠪᠠᠷᠢᠮᠲᠠᠯᠠᠨ᠎ᠠ᠃ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠵᠢᠨᠢᠩ ᠤᠨ ᠤᠳᠤ ᠦᠶ᠎ᠡ ᠶᠢᠨ ᠪᠠᠷᠠᠭ᠎ᠠ ᠶᠢᠨ ᠭᠦᠶᠯᠭᠡᠭᠡᠨ ᠤ ᠬᠦᠷᠢᠶᠡᠯᠡᠩ ᠲᠣᠭᠤᠷᠢᠭ ᠤᠨ ᠨᠠᠮ ᠤᠨ ᠠᠵᠢᠯ ᠤᠨ ᠵᠦᠪᠯᠡᠯ ᠤᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠾᠦᠸᠧ ᠵᠢᠶᠠᠨ ᠵᠥᠩ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ᠵᠢᠨᠢᠩ ᠲᠣᠭᠤᠷᠢᠭ ᠬᠡᠳᠦᠨ ᠵᠢᠯ ᠤᠨ ᠴᠢᠷᠮᠠᠶᠢᠯᠭ᠎ᠠ ᠪᠠᠷ ᠳᠠᠮᠵᠢᠭᠠᠳ ᠬᠠᠭᠤᠷᠠᠶ ᠵᠠᠮ᠂ ᠲᠡᠮᠦᠷ ᠵᠠᠮ᠂ ᠠᠭᠠᠷ ᠤᠨ ᠠᠶᠠᠯᠠᠯ ᠭᠤᠷᠪᠠ ᠶᠢ ᠨᠢᠭᠡ ᠴᠣᠭᠴᠠᠵᠢᠭᠤᠯᠤᠭᠰᠠᠨ ᠪᠠᠷᠠᠭ᠎ᠠ ᠶᠢᠨ ᠭᠦᠶᠯᠭᠡᠭᠡᠨ ᠤ ᠰᠦᠯᠵᠢᠶ᠎ᠡ ᠪᠠᠷ ᠰᠠᠭᠤᠷᠢ ᠪᠣᠯᠭᠠᠭᠰᠠᠨ ᠵᠢᠨᠢᠩ ᠤᠨ ᠪᠠᠷᠠᠭ᠎ᠠ ᠶᠢᠨ ᠭᠦᠶᠯᠭᠡᠭᠡᠨ ᠤ ᠲᠥᠪ ᠤᠳᠤ ᠶᠠᠭ ᠤᠯᠠᠮ ᠨᠢᠭᠡ ᠠᠯᠬᠤᠮ ᠪᠦᠷᠢᠯᠳᠦᠵᠦ ᠪᠠᠶᠢᠨ᠎ᠠ ᠭᠡᠵᠡᠶ᠃ ︽ᠳᠤᠮᠳᠠᠳᠤ ᠤᠯᠤᠰ ᠂ ᠭᠠᠳᠠᠭᠠᠳᠤ ᠠᠷᠠᠯᠵᠢᠶᠠᠨ ᠤ ᠵᠠᠭᠤᠨ ᠬᠦᠴᠦᠷᠬᠡᠭ ᠬᠤᠲᠠ︾᠎ ᠳᠤ ᠠᠮᠵᠢᠯᠲᠠ ᠲᠠᠢ ᠣᠷᠣᠵᠤ᠂ ︽ᠤᠯᠤᠰ ᠎ ᠤᠨ ᠠᠩᠬᠠᠨ ᠤ ᠪᠦᠯᠦᠭ ᠤᠨ ᠬᠠᠭᠤᠷᠠᠶ ᠭᠠᠷᠠᠮ ᠤᠨ ᠬᠡᠯᠪᠡᠷᠢ ᠶᠢᠨ ᠪᠠᠷᠠᠭ᠎ᠠ ᠶᠢᠨ ᠭᠦᠶᠯᠭᠡᠭᠡᠨ ᠤ ᠬᠦᠶᠰᠦ ᠠᠴᠢᠶᠠᠯᠠᠭᠴᠢ ᠬᠤᠲᠠ︾᠎ ᠪᠠᠷ ᠵᠥᠪᠰᠢᠶᠡᠷᠡᠭᠳᠡᠵᠦ᠂ ᠤᠯᠠᠭᠠᠨᠴᠠᠪ — ᠡᠷᠢᠶᠡᠨ ᠬᠤᠲᠠ ᠶᠢᠨ ᠬᠠᠭᠤᠷᠠᠶ ᠭᠠᠷᠠᠮ ᠤᠨ ᠬᠡᠯᠪᠡᠷᠢ ︵ᠬᠠᠭᠤᠷᠠᠶ ᠳᠡᠭᠡᠷᠡᠬᠢ ᠬᠢᠯᠢ ᠶᠢᠨ ᠪᠣᠭᠤᠮᠲᠠ ᠶᠢᠨ ᠬᠡᠯᠪᠡᠷᠢ︶᠎ ᠶᠢᠨ ᠪᠠᠷᠠᠭ᠎ᠠ ᠶᠢᠨ ᠭᠦᠶᠯᠭᠡᠭᠡᠨ ᠤ ᠬᠦᠶᠰᠦ — 2019᠎  ᠤᠨ ᠤᠯᠤᠰ ᠤᠨ ᠪᠠᠷᠠᠭ᠎ᠠ ᠶᠢᠨ ᠭᠦᠶᠯᠭᠡᠭᠡᠨ ᠤ ᠬᠦᠶᠰᠦ ᠪᠦᠲᠦᠭᠡᠨ ᠪᠠᠶᠢᠭᠤᠯᠬᠤ ᠨᠡᠷᠡᠰ ᠢ ᠵᠥᠪᠰᠢᠶᠡᠷᠡᠪᠡ᠃       ᠾᠦᠸᠧ ᠵᠢᠶᠠᠨ ᠵᠥᠩ ᠲᠠᠨᠢᠯᠴᠠᠭᠤᠯᠬᠤ ᠳᠠᠭᠠᠨ᠂ ᠵᠢᠨᠢᠩ ᠤᠨ ᠤᠳᠤ ᠦᠶ᠎ᠡ ᠶᠢᠨ ᠪᠠᠷᠠᠭ᠎ᠠ ᠶᠢᠨ ᠭᠦᠶᠯᠭᠡᠭᠡᠨ ᠤ ᠬᠦᠷᠢᠶᠡᠯᠡᠩ ᠲᠣᠭᠤᠷᠢᠭ ᠢᠶᠠᠷ ᠭᠤᠤᠯ ᠪᠣᠯᠭᠠᠭᠰᠠᠨ ᠲᠣᠮᠣ ᠪᠠᠷᠠᠭ᠎ᠠ ᠶᠢᠨ ᠭᠦᠶᠯᠭᠡᠭᠡᠨ ᠤ ᠠᠵᠤ ᠦᠶᠯᠡᠰ ᠨᠢᠭᠡᠨᠲᠡ ᠠᠩᠬ᠎ᠠ ᠠᠯᠬᠤᠮ ᠬᠡᠪᠴᠢᠶᠡᠵᠢᠵᠦ᠂ ᠶᠡᠷᠦᠩᠬᠡᠶᠢᠯᠡᠭᠰᠡᠨ ᠪᠠᠷᠠᠭ᠎ᠠ ᠶᠢᠨ ᠭᠦᠶᠯᠭᠡᠭᠡᠨ ᠤ ᠣᠷᠣᠨ ︵15 ᠲᠡᠭᠰᠢ ᠳᠥᠷᠪᠡᠯᠵᠢᠨ ᠺᠢᠯᠣᠮᠧᠲᠷ︶᠂ ᠭᠠᠶᠢᠯᠢ ᠪᠠᠲᠤᠯᠠᠬᠤ ᠪᠠᠷᠠᠭ᠎ᠠ ᠶᠢᠨ ᠭᠦᠶᠯᠭᠡᠭᠡᠨ ᠤ ᠣᠷᠣᠨ ︵20 ᠲᠡᠭᠰᠢ ᠳᠥᠷᠪᠡᠯᠵᠢᠨ ᠺᠢᠯᠣᠮᠧᠲᠷ︶ ᠪᠠ ᠪᠠᠷᠠᠭ᠎ᠠ ᠶᠢᠨ ᠭᠦᠶᠯᠭᠡᠭᠡᠨ ᠤ ᠪᠣᠯᠪᠠᠰᠤᠷᠠᠭᠤᠯᠬᠤ ᠣᠷᠣᠨ ︵55 ᠲᠡᠭᠰᠢ ᠳᠥᠷᠪᠡᠯᠵᠢᠨ ᠺᠢᠯᠣᠮᠧᠲᠷ︶᠎ ᠢᠶᠠᠷ ᠨᠢᠭᠡ ᠴᠣᠭᠴᠠ ᠪᠣᠯᠭᠠᠭᠰᠠᠨ ︽ᠨᠢᠭᠡ ᠬᠦᠷᠢᠶᠡᠯᠡᠩ ᠲᠣᠭᠤᠷᠢᠭ︾᠎ ᠤᠨ ᠤᠳᠤ ᠦᠶ᠎ᠡ ᠶᠢᠨ ᠪᠠᠷᠠᠭ᠎ᠠ ᠶᠢᠨ ᠭᠦᠶᠯᠭᠡᠭᠡᠨ ᠤ ᠪᠠᠶᠢᠷᠢᠰᠢᠯ ᠢ ᠪᠣᠶ ᠪᠣᠯᠭᠠᠪᠠ᠃ ᠵᠢᠨᠢᠩ ᠤᠨ ᠤᠳᠤ ᠦᠶ᠎ᠡ ᠶᠢᠨ ᠪᠠᠷᠠᠭ᠎ᠠ ᠶᠢᠨ ᠭᠦᠶᠯᠭᠡᠭᠡᠨ ᠤ ᠬᠦᠷᠢᠶᠡᠯᠡᠩ ᠲᠣᠭᠤᠷᠢᠭ 2015 — 2018 ᠣᠨ ᠳᠤ ᠳᠥᠷᠪᠡᠨ ᠵᠢᠯ ᠳᠠᠷᠠᠭᠠᠯᠠᠨ ᠤᠯᠤᠰ ᠎ ᠤᠨ ᠪᠠᠷᠠᠭ᠎ᠠ ᠶᠢᠨ ᠭᠦᠶᠯᠭᠡᠭᠡ ᠪᠠ ᠬᠤᠳᠠᠯᠳᠤᠨ ᠠᠪᠬᠤ ᠬᠤᠯᠪᠣᠭᠠᠲᠤ ᠬᠤᠷᠠᠯ ᠠᠴᠠ ᠪᠥᠬᠦ ᠤᠯᠤᠰ ᠎ ᠤᠨ  ᠪᠠᠷᠠᠭ᠎ᠠ ᠶᠢᠨ ᠭᠦᠶᠯᠭᠡᠭᠡᠨ ᠤ ᠰᠢᠯᠢᠳᠡᠭ ᠬᠦᠷᠢᠶᠡᠯᠡᠩ ᠲᠣᠭᠤᠷᠢᠭ ᠢᠶᠠᠷ ᠦᠨᠡᠯᠡᠭᠳᠡᠪᠡ  ᠃ 2016 ᠣᠨ ᠳᠤ ᠥᠪᠡᠷᠲᠡᠭᠡᠨ ᠵᠠᠰᠠᠬᠤ ᠣᠷᠣᠨ ᠤ ᠲᠡᠰ ᠤᠨ ᠦᠢᠯᠡᠴᠢᠯᠡᠭᠡᠨ ᠤ ᠦᠢᠯᠡᠰ ᠲᠥᠪᠯᠡᠷᠡᠭᠰᠡᠨ ᠣᠷᠣᠨ ᠢᠶᠠᠷ ᠦᠨᠡᠯᠡᠭᠳᠡᠪᠡ  ᠃ 2017 ᠣᠨ ᠳᠤ ᠵᠢᠱᠢᠶ᠎ᠡ ᠦᠵᠡᠭᠦᠯᠬᠦ ᠪᠣᠳᠠᠰ ᠤᠨ ᠭᠦᠶᠯᠭᠡᠭᠡᠨ ᠤ ᠬᠦᠷᠢᠶᠡᠯᠡᠩ ᠲᠣᠭᠤᠷᠢᠭ ᠤᠨ ᠢᠷᠠᠭᠤ ᠠᠯᠳᠠᠷ ᠤᠨ ᠴᠣᠯᠠ ᠶᠢ ᠬᠦᠷᠲᠡᠪᠡ  ᠃ 2018 ᠣᠨ ᠳᠤ ᠤᠯᠤᠰ ᠎ ᠤᠨ ᠪᠠᠷᠢᠮᠵᠢᠶᠠᠵᠢᠭᠤᠯᠤᠯᠲᠠ ᠶᠢᠨ ᠬᠠᠮᠢᠶᠠᠷᠤᠯᠲᠠ ᠶᠢᠨ ᠵᠥᠪᠯᠡᠯ ᠠᠴᠠ ᠤᠯᠤᠰ ᠎ ᠤᠨ ᠲᠡᠰ ᠤᠨ ᠶᠡᠷᠦᠩᠬᠡᠶᠢᠯᠡᠭᠰᠡᠨ ᠦᠶᠯᠡᠴᠢᠯᠡᠭᠡᠨ ᠤ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠪᠣᠯᠭᠠᠬᠤ ᠪᠠᠷ ᠵᠥᠪᠰᠢᠶᠡᠷᠡᠪᠡ᠃ ᠣᠳᠣᠬᠠᠨ ᠳᠤ᠂ ᠬᠦᠷᠢᠶᠡᠯᠡᠩ ᠲᠣᠭᠤᠷᠢᠭ ᠨᠡᠶᠢᠲᠡ 21 ᠲᠡᠭᠰᠢ ᠳᠥᠷᠪᠡᠯᠵᠢᠨ ᠮᠧᠲᠷ ᠤᠨ  ᠨᠡᠶᠢᠳᠡ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠨᠡᠶᠢᠲᠡ 75 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ 29 ᠲᠥᠷᠥᠯ ᠵᠦᠶᠯ ᠣᠷᠣᠵᠤ  ᠰᠠᠭᠤᠷᠢᠰᠢᠪᠠ᠃         ᠢᠯᠠᠩᠭᠤᠶ᠎ᠠ ᠳᠣᠯᠣᠳᠤᠭᠠᠷ ᠰᠤᠮᠤ ᠶᠢᠨ ᠳᠤᠮᠳᠠᠳᠤ ᠧᠦ᠋ᠷᠣᠫᠠ ᠵᠢᠰᠢᠶᠠᠨ ᠤ ᠭᠠᠯᠲᠤ ᠲᠡᠷᠭᠡ ᠶᠢᠨ ᠬᠦᠶᠰᠦ ᠪᠠᠷᠠᠭ᠎ᠠ ᠶᠢᠨ ᠭᠦᠶᠯᠭᠡᠭᠡᠨ ᠤ ᠰᠠᠭᠤᠷᠢᠨ ᠭᠠᠵᠠᠷ ᠨᠢ 2016 ᠤᠨ ᠤ 11 ᠰᠠᠷ᠎ᠠ ᠶᠢᠨ 20᠎ ᠤ ᠡᠳᠦᠷ ᠠᠴᠠ ᠡᠬᠢᠯᠡᠨ ᠨᠡᠶᠢᠲᠡ 240 ᠴᠤᠪᠤᠭ᠎ᠠ ᠵᠢᠰᠢᠶᠠᠨ ᠤ ᠭᠠᠯᠲᠤ ᠲᠡᠷᠭᠡ ᠶᠠᠪᠤᠭᠤᠯᠵᠤ᠂ ᠪᠠᠷᠤᠭ 15 ᠲᠦᠮᠡᠨ ᠲᠣᠨ ᠪᠠᠷᠠᠭ᠎ᠠ ᠲᠡᠭᠡᠭᠡᠪᠦᠷᠢᠯᠡᠵᠦ᠂ ᠪᠠᠷᠠᠭ᠎ᠠ ᠶᠢᠨ ᠥᠷᠲᠡᠭ ᠨᠢ ᠪᠠᠷᠤᠭ 5.19 ᠳ᠋ᠦᠩᠰᠢᠭᠤᠷ ᠳ᠋ᠣᠯᠯᠠᠷ ᠬᠦᠷᠴᠦ᠂ ᠥᠪᠡᠷᠲᠡᠭᠡᠨ ᠵᠠᠰᠠᠬᠤ ᠣᠷᠣᠨ ᠤ ᠵᠢᠰᠢᠶᠠᠨ ᠤ ᠭᠠᠯᠲᠤ ᠲᠡᠷᠭᠡ ᠶᠢᠨ 39 %᠎ ᠶᠢ ᠡᠵᠡᠯᠡᠵᠦ᠂ ᠵᠠᠯᠭᠠᠭ᠎ᠠ ᠪᠠᠷ 5 ᠵᠤᠷᠪᠤᠰ ᠣᠯᠠᠨ ᠤᠯᠤᠰ ᠎ ᠤᠨ ᠵᠠᠮ ᠱᠤᠭᠤᠮ ᠢ ᠨᠡᠪᠲᠡᠷᠡᠭᠦᠯᠵᠦ᠂ ᠨᠡᠪᠲᠡᠷᠡᠬᠦ ᠬᠤᠲᠠ 6 ᠪᠣᠯᠵᠤ᠂ ᠭᠠᠳᠠᠭᠠᠳᠤ ᠳᠤ ᠭᠠᠷᠭᠠᠬᠤ ᠪᠠᠷᠠᠭ᠎ᠠ ᠶᠢᠨ ᠲᠥᠷᠥᠯ ᠵᠦᠶᠯ ᠳᠤ ᠪᠠᠷᠢᠯᠭ᠎ᠠ ᠶᠢᠨ ᠮᠠᠰᠢᠨ ᠮᠧᠬᠠᠨᠢᠭ ᠵᠢᠴᠢ ᠴᠠᠷᠭᠢ᠂ ᠮᠠᠰᠢᠨ ᠲᠥᠬᠦᠭᠡᠷᠦᠮᠵᠢ᠂ ᠲᠡᠮᠦᠷᠯᠢᠭ ᠴᠠᠬᠢᠯᠭᠠᠨ ᠮᠠᠲ᠋ᠧᠷᠢᠶᠠᠯ᠂ ᠵᠢᠵᠢᠭ ᠲᠠᠸᠠᠷ᠂ ᠮᠠᠰᠢᠨ ᠲᠡᠷᠭᠡ᠂ ᠮᠠᠰᠢᠨ  ᠲᠡᠷᠭᠡᠨ ᠤ ᠵᠠᠰᠠᠯ ᠴᠢᠮᠡᠭᠯᠡᠯ ᠤᠨ ᠮᠠᠲ᠋ᠧᠷᠢᠶᠠᠯ ᠵᠢᠴᠢ ᠬᠥᠩᠭᠡᠨ ᠨᠡᠬᠡᠮᠡᠯ ᠤᠨ ᠲᠥᠷᠥᠯ ᠤᠨ ᠥᠨᠳᠥᠷ ᠲᠡᠰ ᠤᠨ ᠦᠶᠯᠡᠳᠬᠦᠨ ᠪᠠᠭᠲᠠᠨ᠎ᠠ  ᠃ ᠭᠠᠳᠠᠭᠠᠳᠤ ᠠᠴᠠ ᠣᠷᠣᠭᠤᠯᠤᠭᠰᠠᠨ ᠪᠠᠷᠠᠭ᠎ᠠ ᠶᠢᠨ ᠲᠥᠷᠥᠯ ᠵᠦᠶᠯ ᠳᠤ ᠮᠣᠳᠣᠨ ᠮᠠᠲ᠋ᠧᠷᠢᠶᠠᠯ᠂ ᠴᠠᠭᠠᠰᠤᠨ ᠡᠭᠡᠳᠡᠩ ᠪᠠ ᠾᠷᠣᠮ ᠤᠨ ᠠᠭᠤᠷᠬᠠᠶ ᠵᠡᠷᠭᠡ ᠪᠠᠭᠲᠠᠨ᠎ᠠ᠃ ᠡᠭᠦᠨ ᠠᠴᠠ ᠭᠠᠳᠠᠨ᠎ᠠ᠂ ᠭᠠᠶᠢᠯᠢ ᠪᠠᠲᠤᠯᠠᠬᠤ ᠡᠳ᠋ ᠪᠠᠷᠠᠭ᠎ᠠ ᠶᠢᠨ ᠭᠦᠶᠯᠭᠡᠭᠡᠨ ᠤ ᠲᠥᠪ ︵B ᠬᠡᠯᠪᠡᠷᠢ ᠶᠢᠨ︶᠎ ᠢ ᠭᠤᠶᠤᠴᠢᠯᠠᠨ ᠮᠡᠳᠡᠭᠦᠯᠬᠦ ᠠᠵᠢᠯ ᠶᠠᠭ ᠤᠷᠤᠭᠰᠢᠲᠠᠶ ᠠᠬᠢᠵᠤ᠂ ᠨᠡᠶᠢᠲᠡ 10 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠭᠰᠠᠨ  ᠪᠸᠢ ᠶᠢᠩ ᠽᠢ L N G ᠲᠡᠮᠦᠷ  ᠢ ᠰᠣᠯᠢᠵᠤ ᠤᠭᠰᠠᠷᠠᠬᠤ  ᠬᠦᠮᠦᠷᠭᠡᠯᠡᠨ  ᠬᠠᠳᠠᠭᠠᠯᠠᠬᠤ ᠡᠳ᠋ ᠪᠠᠷᠠᠭ᠎ᠠ ᠶᠢᠨ ᠭᠦᠶᠯᠭᠡᠭᠡᠨ ᠤ ᠲᠥᠷᠥᠯ ᠵᠦᠶᠯ ᠳᠤ ᠠᠮᠵᠢᠯᠲᠠ ᠲᠠᠢ ᠪᠠᠷ ᠭᠠᠷ ᠤᠨ ᠦᠰᠦᠭ ᠵᠢᠷᠤᠪᠠ᠃         2019᠎  ᠤᠨ ᠤ 5 ᠰᠠᠷ᠎ᠠ ᠶᠢᠨ 22᠎ ᠤ  ᠡᠳᠦᠷ᠂ ᠮᠠᠨ ᠤ ᠤᠯᠤᠰ ᠎ ᠤᠨ ᠪᠡᠶ᠎ᠡ ᠪᠠᠨ ᠳᠠᠭᠠᠭᠠᠭᠰᠠᠨ ᠨᠠᠷᠠᠲᠤ ᠲᠡᠮᠳᠡᠭᠲᠦ ᠮᠠᠰᠢᠨ ᠲᠡᠷᠭᠡ ᠬᠠᠹᠤ H 6᠎ ᠶᠢ ᠳᠦᠭᠦᠷᠲᠡᠯ᠎ᠡ ᠲᠡᠭᠡᠭᠡᠭᠰᠡᠨ 1 ᠴᠤᠪᠤᠭ᠎ᠠ 43 ᠬᠠᠶᠢᠷᠴᠠᠭ ᠨᠡᠶᠢᠲᠡ 129 ᠮᠠᠰᠢᠨ ᠲᠡᠷᠭᠡ ᠲᠡᠭᠡᠭᠡᠭᠰᠡᠨ ᠳᠤᠮᠳᠠᠳᠤ ᠧᠦ᠋ᠷᠣᠫᠠ ᠵᠢᠰᠢᠶᠠᠨ ᠤ ᠭᠠᠯᠲᠤ ᠲᠡᠷᠭᠡ ᠥᠪᠥᠷ ᠮᠣᠩᠭᠤᠯ ᠤᠨ ᠤᠯᠠᠭᠠᠨᠴᠠᠪ ᠤᠨ ᠳᠣᠯᠣᠳᠤᠭᠠᠷ ᠰᠤᠮᠤ ᠶᠢᠨ ᠪᠠᠷᠠᠭ᠎ᠠ ᠶᠢᠨ ᠭᠦᠶᠯᠭᠡᠭᠡᠨ ᠤ ᠬᠦᠷᠢᠶᠡᠯᠡᠩ ᠠᠴᠠ ᠭᠠᠷᠴᠤ᠂ ᠤᠯᠠᠭᠠᠨᠴᠠᠪ ᠤᠨ ᠠᠩᠬ᠎ᠠ ᠤᠳᠠᠭ᠎ᠠ ᠳᠤᠮᠳᠠᠳᠤ ᠧᠦ᠋ᠷᠣᠫᠠ ᠵᠢᠰᠢᠶᠠᠨ ᠤ ᠭᠠᠯᠲᠤ ᠲᠡᠷᠭᠡ ᠪᠡᠶ᠎ᠡ ᠪᠠᠨ ᠳᠠᠭᠠᠭᠠᠵᠤ ᠮᠠᠰᠢᠨ ᠲᠡᠷᠭᠡ ᠠᠴᠢᠶᠠᠯᠠᠵᠤ ᠭᠠᠳᠠᠭᠠᠳᠤ ᠳᠤ ᠭᠠᠷᠭᠠᠬᠤ ᠶᠢ ᠪᠡᠶᠡᠯᠡᠭᠦᠯᠦᠭᠰᠡᠨ ᠢ ᠬᠠᠷᠠᠭᠤᠯᠵᠤ ᠪᠠᠶᠢᠨ᠎ᠠ᠃         ᠪᠥᠬᠦ ᠬᠤᠲᠠ ᠶᠢᠨ ᠬᠠᠮᠤᠭ ᠤᠨ ᠲᠣᠮᠣ ᠰᠢᠤᠳᠠᠨ ᠤ ᠲᠦᠷᠭᠡᠨ ᠬᠦᠷᠭᠡᠬᠦ ᠪᠠᠷᠠᠭ᠎ᠠ ᠶᠢᠨ ᠭᠦᠶᠯᠭᠡᠭᠡᠨ ᠤ ᠬᠦᠷᠢᠶᠡᠯᠡᠩ ᠢ 2016᠎  ᠤᠨ ᠤ 6 ᠰᠠᠷ᠎ᠠ ᠳᠤ ᠵᠢᠩᠬᠢᠨᠢ ᠪᠠᠷ ᠠᠰᠢᠭᠯᠠᠯᠲᠠ ᠳᠤ ᠣᠷᠣᠭᠤᠯᠵᠤ᠂ ᠬᠦᠷᠢᠶᠡᠯᠡᠩ ᠳᠤ ᠣᠷᠣᠭᠤᠯᠤᠭᠰᠠᠨ ᠰᠢᠤᠳᠠᠨ ᠤ ᠲᠦᠷᠭᠡᠨ ᠬᠦᠷᠭᠡᠬᠦ ᠠᠵᠤ ᠠᠬᠤᠶᠢᠯᠠᠯ 12 ᠡᠷᠦᠬᠡ᠂ ᠪᠠᠷᠠᠭ᠎ᠠ ᠶᠢᠨ ᠭᠦᠶᠯᠭᠡᠭᠡᠨ ᠤ ᠠᠵᠤ ᠠᠬᠤᠶᠢᠯᠠᠯ 2 ᠡᠷᠦᠬᠡ ᠣᠷᠣᠵᠤ  ᠰᠠᠭᠤᠷᠢᠰᠢᠭᠰᠠᠨ ᠲᠦᠷᠭᠡᠨ ᠢᠯᠡᠭᠡᠯᠲᠡ ᠶᠢᠨ ᠪᠠᠷᠠᠭ᠎ᠠ ᠶᠢᠨ ᠭᠦᠶᠯᠭᠡᠭᠡ ᠶᠢᠨ ᠨᠠᠷᠠᠲᠤ ᠲᠥᠷᠥᠯ ᠲᠡᠮᠳᠡᠭᠲᠦ ᠨᠢ ᠪᠦᠬᠦ ᠬᠤᠲᠠ ᠳᠤ 141 ᠲᠣᠤᠷ ᠴᠢᠭ᠋ ᠲᠣᠬᠢᠷᠠᠭᠤᠯᠵᠤ᠂ ᠵᠢᠨᠢᠩ ᠲᠣᠭᠤᠷᠢᠭ 71 ᠪᠠᠶᠢᠨ᠎ᠠ  ᠃ ᠪᠦᠬᠦ ᠬᠤᠲᠠ ᠶᠢᠨ ᠲᠦᠷᠭᠡᠨ ᠬᠦᠷᠭᠡᠬᠦ ᠠᠵᠢᠯ ᠤᠨ ᠠᠵᠢᠯᠲᠠᠨ 2600 ᠬᠥᠮᠦᠨ᠂ ᠵᠢᠨᠢᠩ ᠲᠣᠭᠤᠷᠢᠭ ᠤᠨ ᠲᠦᠷᠭᠡᠨ ᠬᠦᠷᠭᠡᠬᠦ ᠠᠵᠢᠯ ᠤᠨ ᠠᠵᠢᠯᠲᠠᠨ 1300 ᠬᠥᠮᠦᠨ  ᠪᠠᠶᠢᠨ᠎ᠠ᠃  ᠣᠳᠣᠬᠠᠨ ᠳᠤ ᠬᠦᠷᠢᠶᠡᠯᠡᠩ ᠲᠣᠭᠤᠷᠢᠭ ᠲᠤ 9 ᠠᠮᠤᠷ ᠲᠦᠪᠰᠢᠨ ᠤ ᠪᠠᠶᠢᠴᠠᠭᠠᠯᠲᠠ ᠶᠢᠨ ᠮᠠᠰᠢᠨ ᠪᠣᠶ᠂ ᠪᠦᠬᠦ ᠬᠤᠲᠠ ᠶᠢᠨ ᠬᠢᠯᠢ ᠪᠠᠷ ᠣᠷᠣᠵᠤ ᠭᠠᠷᠬᠤ ᠲᠦᠷᠭᠡᠨ ᠬᠦᠷᠭᠡᠬᠦ ᠵᠦᠶᠯ ᠢ ᠬᠤᠪᠢᠶᠠᠷᠢᠯᠠᠨ ᠰᠠᠯᠭᠠᠬᠤ ᠪᠠ ᠮᠠᠰᠢᠨ ᠢᠶᠠᠷ ᠥᠩᠭᠡᠷᠡᠬᠦ ᠠᠮᠤᠷ ᠲᠦᠪᠰᠢᠨ ᠤ ᠪᠠᠶᠢᠴᠠᠭᠠᠯᠲᠠ ᠶᠢᠨ ᠡᠭᠦᠷᠭᠡ ᠶᠢ ᠡᠭᠦᠷᠭᠡᠯᠡᠵᠦ᠂ ᠲᠤᠬᠠᠶᠢᠯᠠᠭᠰᠠᠨ ᠠᠵᠢᠯ ᠎ ᠤᠨ ᠬᠥᠭᠵᠢᠶᠡᠨᠲᠡᠶ ᠤᠯᠠᠷᠢᠯ ᠤᠨ ᠬᠠᠮᠤᠭ ᠤᠨ ᠥᠨᠳᠥᠷ ᠲᠡᠭᠡᠨ ᠡᠳᠦᠷ ᠲᠤ 20 ᠲᠦᠮᠡᠨ ᠬᠤᠪᠢ ᠰᠢᠶᠳᠪᠦᠷᠢᠯᠡᠵᠦ᠂ ᠵᠢᠯ ᠤᠨ ᠰᠢᠶᠳᠪᠦᠷᠢᠯᠡᠭᠰᠡᠨ ᠬᠡᠮᠵᠢᠶ᠎ᠡ 3648 ᠲᠦᠮᠡᠨ ᠬᠤᠪᠢ ᠳᠤ ᠬᠦᠷᠴᠡᠶ᠃        2018 ᠣᠨ ᠳᠤ᠂ ᠨᠢᠭᠡᠨᠲᠡ ᠡᠵᠡᠩᠨᠡᠬᠦ ᠨᠥᠬᠦᠴᠡᠯ ᠢ ᠪᠦᠷᠢᠯᠳᠦᠭᠦᠯᠦᠭᠰᠡᠨ ᠤᠮᠠᠷᠠᠲᠤ ᠶᠢᠨ ᠡᠬᠡ ᠬᠠᠭᠤᠷᠠᠶ ᠶᠢᠨ ᠭᠠᠷᠠᠮ ᠤᠨ ᠣᠯᠠᠨ ᠤᠯᠤᠰ ᠎ ᠤᠨ ᠪᠠᠷᠠᠭ᠎ᠠ ᠶᠢᠨ ᠭᠦᠶᠯᠭᠡᠭᠡᠨ ᠤ ᠲᠥᠪ ︽ᠲᠡᠷᠭᠡ ᠦᠭᠡᠢ ᠪᠠᠷ ᠳᠠᠭᠠᠭᠠᠴᠢᠯᠠᠨ ᠲᠡᠭᠡᠭᠡᠪᠦᠷᠢᠯᠡᠬᠦ︾ ᠲᠤᠷᠰᠢᠯᠲᠠ ᠵᠢᠴᠢ ︽ᠤᠯᠠᠭᠠᠨᠪᠠᠭᠠᠳᠤᠷ  ᠂ ᠤᠯᠠᠭᠠᠨ ᠦᠳᠡ᠂ ᠤᠯᠠᠭᠠᠨᠴᠠᠪ︾᠎  ᠣᠯᠠᠨ ᠤᠯᠤᠰ ᠎ ᠤᠨ ᠵᠠᠮ ᠲᠡᠭᠡᠭᠡᠪᠦᠷᠢ ᠶᠢᠨ ᠵᠥᠪᠰᠢᠶᠡᠷᠡᠯ ᠤᠨ ᠬᠢᠷᠢ ᠬᠡᠮ ᠢ ᠤᠷᠤᠭᠰᠢᠲᠠᠶ ᠣᠯᠵᠤ᠂ ᠤᠳᠤ ᠨᠢᠭᠡᠨᠲᠡ ᠲᠡᠭᠡᠭᠡᠪᠦᠷᠢ ᠶᠢᠨ ᠵᠠᠶ ᠨᠢ ᠬᠠᠮᠤᠭ ᠤᠨ ᠣᠬᠤᠷ᠂ ᠥᠪᠡᠷ ᠤᠨ ᠥᠷᠲᠡᠭ ᠨᠢ ᠬᠠᠮᠤᠭ ᠤᠨ ᠳᠣᠤᠷ᠎ᠠ ᠳᠤᠮᠳᠠᠳᠤ ᠣᠷᠣᠰ ᠮᠣᠩᠭᠤᠯ ᠤᠨ ᠲᠡᠭᠡᠭᠡᠪᠦᠷᠢ ᠶᠢᠨ ᠶᠡᠭᠡ ᠵᠠᠮ ᠪᠣᠯᠵᠤ᠂ ᠮᠠᠰᠢᠨ ᠲᠡᠷᠭᠡᠨ ᠤ ᠲᠡᠭᠡᠭᠡᠪᠦᠷᠢ ᠶᠢᠨ ᠲᠤᠬᠢᠷᠠᠭᠤᠯᠤᠨ ᠬᠦᠷᠭᠡᠬᠦ ᠰᠦᠯᠵᠢᠶ᠎ᠡ ᠨᠢᠭᠡᠨᠲᠡ ᠠᠩᠬᠠᠨ ᠤ ᠳᠦᠷᠰᠦ ᠪᠠᠶᠢᠳᠠᠯ ᠲᠠᠢ ᠪᠣᠯᠵᠠᠶ᠃         ᠤᠯᠠᠭᠠᠨᠴᠠᠪ ᠤᠨ ᠨᠢᠰᠬᠡᠯ ᠤᠨ ᠪᠠᠭᠤᠳᠠᠯ ᠤᠨ ᠠᠶᠠᠯᠠᠯ ᠤᠨ ᠥᠷᠲᠡᠭᠡᠨ ᠤ ᠠᠰᠠᠷ ᠤᠨ ᠣᠯᠠᠨ ᠤᠯᠤᠰ ᠤᠨ ᠴᠤᠪᠤᠷᠠᠯ ᠢ ᠥᠭᠡᠷᠡᠴᠢᠯᠡᠬᠦ ᠲᠥᠷᠥᠯ ᠵᠦᠢᠯ ᠨᠢ ᠨᠢᠭᠡᠨᠲᠡ ᠪᠦᠬᠦᠨ ᠢᠶᠠᠷ ᠢᠶᠠᠨ ᠪᠠᠷᠢᠯᠭ᠎ᠠ ᠳᠠᠭᠤᠰᠴᠤ᠂ ᠠᠶᠠᠨᠴᠢᠳ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠢ ᠨᠢᠭᠡᠨᠲᠡ ᠥᠭᠡᠷᠡᠴᠢᠯᠡᠨ ᠪᠠᠶᠢᠭᠤᠯᠵᠤ ᠳᠠᠭᠤᠰᠴᠠᠢ᠂ ᠲᠠᠷᠠᠭ᠎ᠠ ᠠᠯᠬᠤᠮ ᠳᠤ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠪᠠᠭᠤᠬᠤ ᠠᠶᠠᠨᠴᠢᠳ ᠪᠠ ᠪᠠᠷᠠᠭ᠎ᠠ ᠲᠡᠭᠡᠭᠡᠪᠦᠷᠢᠯᠡᠬᠦ ᠬᠠᠮᠵᠢᠯᠴᠠᠭ᠎ᠠ ᠶᠢᠨ ᠨᠢᠰᠬᠡᠯ ᠤᠨ ᠪᠠᠭᠤᠳᠠᠯ ᠪᠣᠯᠭᠠᠨ ᠳᠡᠰ ᠳᠡᠪᠰᠢᠭᠦᠯᠬᠦ ᠪᠠᠷ ᠪᠡᠯᠡᠳᠬᠡᠵᠦ᠂ ᠶᠠᠭ ᠣᠯᠠᠨ ᠤᠯᠤᠰ ᠤᠨ ᠠᠭᠠᠷ ᠤᠨ ᠲᠡᠭᠡᠭᠡᠪᠦᠷᠢ ᠶᠢᠨ ᠪᠣᠭᠤᠮᠲᠠ ᠨᠡᠭᠡᠭᠡᠬᠦ ᠪᠠᠷ ᠭᠤᠶᠤᠴᠢᠯᠠᠵᠤ᠂ ᠵᠢᠯ ᠤᠨ ᠡᠴᠦᠰ ᠤᠨ ᠡᠴᠦᠰ ᠲᠤ ᠴᠣᠬᠤᠯᠠᠪᠤᠷᠢᠯᠠᠬᠤ ᠪᠣᠯᠤᠮᠵᠢ ᠲᠠᠢ ᠪᠠᠶᠢᠨ᠎ᠠ᠃       ᠾᠦᠸᠧ ᠵᠢᠶᠠᠨ ᠵᠥᠩ ᠲᠠᠨᠢᠯᠴᠠᠭᠤᠯᠬᠤ ᠳᠠᠭᠠᠨ᠂ ᠣᠳᠣᠬᠠᠨ ᠳᠤ ᠮᠠᠨ ᠤ  ᠲᠤᠭᠤᠷᠢᠭ ᠤᠨ ᠠᠷᠠᠯᠵᠢᠶ᠎ᠠ ᠬᠤᠳᠠᠯᠳᠤᠭ᠎ᠠ ᠪᠠᠷᠠᠭ᠎ᠠ ᠶᠢᠨ ᠭᠦᠶᠯᠭᠡᠭᠡᠨ ᠤ ᠲᠥᠪ ᠤᠨ ᠣᠷᠣᠨ ᠪᠦᠰᠡ ᠶᠢᠨ ᠬᠠᠮᠲᠤᠷᠠᠯᠴᠠᠭ᠎ᠠ ᠳᠤ ᠶᠠᠭ ᠰᠢᠨ᠎ᠡ ᠠᠵᠠ ᠲᠣᠬᠢᠶᠠᠯ ᠪᠠ ᠥᠷᠢᠰᠥᠯᠳᠦᠭᠡᠨ ᠲᠤᠯᠭᠠᠷᠠᠵᠤ ᠪᠠᠶᠢᠬᠤ ᠶᠢᠨ ᠬᠠᠮᠲᠤ ᠪᠠᠰᠠ ᠵᠠᠷᠢᠮ ᠠᠰᠠᠭᠤᠳᠠᠯ ᠣᠷᠣᠰᠢᠵᠤ ᠪᠠᠶᠢᠨ᠎ᠠ᠄      ︵ᠨᠢᠭᠡ︶ ᠳᠤᠮᠳᠠᠳᠤ ᠧᠦ᠋ᠷᠣᠫᠠ ᠵᠢᠰᠢᠶᠠᠨ ᠤ ᠭᠠᠯᠲᠤ ᠲᠡᠷᠭᠡ ︽ᠳᠠᠬᠢᠨ ᠶᠠᠪᠤᠵᠤ ᠳᠠᠬᠢᠨ ᠪᠤᠴᠠᠬᠤ︾᠎ ᠶᠢ ᠪᠡᠶᠡᠯᠡᠭᠦᠯᠬᠦ ᠳᠤ ᠪᠡᠷᠬᠡᠲᠡᠶ ᠶᠤᠮ᠃ ᠡᠨᠡ ᠨᠢ ᠭᠤᠤᠯᠳᠠᠭᠤ ᠮᠠᠨ ᠤ  ᠲᠤᠭᠤᠷᠢᠭ ᠲᠤ ᠲᠤᠯᠭᠠᠭᠤᠷᠢᠯᠠᠬᠤ ᠦᠶᠯᠡᠳᠦᠯ ᠲᠠᠢ ᠲᠣᠮᠣ ᠬᠡᠯᠪᠡᠷᠢ ᠶᠢᠨ ᠠᠵᠤ ᠠᠬᠤᠶᠢᠯᠠᠯ ᠳᠤᠲᠠᠭᠳᠠᠵᠤ᠂ ᠡᠳ᠋ᠰᠢᠭᠦᠯᠦᠨ ᠴᠤᠭᠯᠠᠷᠠᠭᠤᠯᠬᠤ ᠨᠦᠭᠦᠴᠡᠯ ᠪᠦᠷᠢᠯᠳᠦᠭᠦᠯᠦᠭᠰᠡᠨ ᠦᠭᠡᠢ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢᠨ ᠠᠷᠭ᠎ᠠ ᠥᠬᠡᠶ ᠪᠠᠶᠢᠵᠤ᠂ ᠪᠤᠴᠠᠵᠤ ᠢᠷᠡᠬᠦ ᠲᠠᠸᠠᠷ ᠤᠨ ᠣᠯᠠᠩᠬᠢ ᠨᠢ ᠵᠡᠭᠦᠨ ᠬᠡᠰᠡᠭ ᠤᠨ ᠭᠠᠵᠠᠷ ᠣᠷᠣᠨ ᠳᠤ ᠤᠯᠠᠷᠢᠭᠤᠯᠤᠨ ᠪᠣᠯᠪᠠᠰᠤᠷᠠᠭᠤᠯᠬᠤ ᠪᠠ ᠬᠡᠷᠡᠭᠯᠡᠵᠦ ᠪᠠᠶᠢᠬᠤ ᠠᠴᠠ ᠪᠣᠯᠵᠠᠶ  ᠃ ᠡᠭᠦᠨ ᠤ ᠬᠠᠮᠲᠤ᠂ ᠮᠠᠨ ᠤ  ᠲᠤᠭᠤᠷᠢᠭ ᠤᠨ ᠥᠪᠡᠷᠲᠡᠭᠡᠨ ᠦᠶᠯᠡᠳᠪᠦᠷᠢᠯᠡᠭᠰᠡᠨ ᠦᠶᠯᠡᠳᠬᠦᠨ ᠨᠡᠯᠢᠶᠡᠳ ᠴᠥᠭᠡᠨ᠂ ᠮᠧᠬᠠᠨᠢᠭ ᠦᠶᠯᠡᠳᠬᠦᠨ᠂ ᠲᠡᠮᠦᠷᠯᠢᠭ ᠴᠠᠬᠢᠯᠭᠠᠨ ᠮᠠᠲ᠋ᠧᠷᠢᠶᠠᠯ᠂ ᠵᠢᠵᠢᠭ ᠲᠠᠸᠠᠷ ᠵᠡᠷᠭᠡ ᠨᠢ ᠴᠥᠮ ᠭᠠᠳᠠᠨᠠᠬᠢ ᠭᠠᠵᠠᠷ ᠣᠷᠣᠨ ᠠᠴᠠ ᠢᠷᠡᠵᠦ᠂ ︽ᠠᠷᠢᠬᠢ ᠮᠢᠬ᠎ᠠ ᠭᠡᠳᠡᠰᠦ  ᠎ ᠪᠠᠷ ᠥᠩᠭᠡᠷᠡᠬᠦ︾ ᠦᠵᠡᠭᠳᠡᠯ ᠢ ᠦᠨᠳᠦᠰᠦᠨ ᠠᠴᠠ ᠨᠢ ᠰᠢᠶᠳᠪᠦᠷᠢᠯᠡᠭᠰᠡᠨ ᠦᠭᠡᠢ ᠠᠴᠠ ᠪᠣᠯᠵᠤ᠂ ᠮᠠᠨ ᠤ  ᠲᠤᠭᠤᠷᠢᠭ ᠲᠤ ᠦᠵᠡᠭᠦᠯᠬᠦ ᠳᠠᠶᠢᠴᠢᠯᠠᠬᠤ ᠦᠶᠯᠡᠳᠦᠯ ᠬᠢᠵᠠᠭᠠᠷᠲᠠᠶ ᠪᠠᠶᠢᠨ᠎ᠠ᠃       ︵ᠬᠤᠶᠠᠷ︶ ᠪᠠᠷᠠᠭ᠎ᠠ ᠶᠢᠨ ᠭᠦᠶᠯᠭᠡᠭᠡᠨ ᠤ ᠬᠥᠲᠥᠴᠢ ᠠᠵᠤ ᠠᠬᠤᠶᠢᠯᠠᠯ ᠴᠥᠭᠡᠨ᠂ ᠭᠤᠷᠪᠠᠳᠠᠬᠢ ᠡᠲᠡᠭᠡᠳ ᠤᠨ ᠪᠠᠷᠠᠭ᠎ᠠ ᠶᠢᠨ ᠭᠦᠶᠯᠭᠡᠭᠡᠨ ᠤ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠬᠦᠷᠦᠯᠴᠡᠬᠦ ᠥᠬᠡᠶ᠃ ᠤᠯᠠᠮᠵᠢᠯᠠᠯᠲᠤ ᠡᠳ᠋ ᠪᠠᠷᠠᠭ᠎ᠠ ᠶᠢᠨ ᠭᠦᠶᠯᠭᠡᠭᠡᠨ ᠤ ᠠᠵᠤ ᠠᠬᠤᠶᠢᠯᠠᠯ ᠣᠯᠠᠨ᠂ ᠤᠳᠤ ᠦᠶ᠎ᠡ ᠶᠢᠨ ᠡᠳ᠋ ᠪᠠᠷᠠᠭ᠎ᠠ ᠶᠢᠨ ᠭᠦᠶᠯᠭᠡᠭᠡᠨ ᠤ ᠠᠵᠤ ᠠᠬᠤᠶᠢᠯᠠᠯ ᠴᠥᠭᠡᠨ᠂ ᠮᠠᠰᠢ ᠣᠯᠠᠨ ᠲᠡᠷᠢᠭᠦᠨ ᠤ ᠡᠳ᠋ ᠪᠠᠷᠠᠭ᠎ᠠ ᠶᠢᠨ ᠭᠦᠶᠯᠭᠡᠭᠡᠨ ᠤ ᠮᠡᠷᠭᠡᠵᠢᠯ ᠪᠠ ᠲᠤᠰᠬᠠᠶᠢᠵᠢᠭᠰᠠᠨ ᠬᠠᠮᠢᠶᠠᠷᠤᠯᠲᠠ ᠶᠢᠨ ᠠᠷᠭ᠎ᠠ ᠪᠠᠷᠢᠯ ᠨᠢ ᠠᠵᠢᠯ ᠲᠥᠷᠥᠯ ᠳᠤ ᠳᠡᠮᠡᠶ ᠰᠠᠶᠢᠨ ᠬᠡᠷᠡᠭᠯᠡᠭᠳᠡᠬᠦ ᠦᠭᠡᠢ ᠪᠣᠯᠬᠤᠷ᠂ ᠮᠠᠰᠢ ᠣᠯᠠᠨ ᠡᠳ᠋ ᠪᠠᠷᠠᠭ᠎ᠠ ᠶᠢᠨ ᠭᠦᠶᠯᠭᠡᠭᠡᠨ ᠤ ᠠᠵᠤ ᠠᠬᠤᠶᠢᠯᠠᠯ ᠨᠢ ᠮᠥᠨ ᠬᠦ ᠤᠯᠠᠮᠵᠢᠯᠠᠯᠲᠤ ᠬᠠᠮᠢᠶᠠᠷᠤᠯᠲᠠ ᠶᠢᠨ ᠠᠷᠭ᠎ᠠ ᠮᠠᠶ᠋ᠢᠭ ᠪᠠ ᠡᠳ᠋ ᠪᠠᠷᠠᠭ᠎ᠠ ᠶᠢᠨ ᠭᠦᠶᠯᠭᠡᠭᠡᠨ ᠤ ᠮᠡᠷᠭᠡᠵᠢᠯ ᠢ ᠬᠡᠷᠡᠭᠯᠡᠵᠦ᠂  ᠤᠯᠠᠮᠵᠢᠯᠠᠯᠲᠤ ᠡᠵᠡᠩᠨᠡᠯᠲᠡ ᠶᠢᠨ ᠣᠶᠢᠯᠠᠭᠠᠭᠳᠠᠬᠤᠨ ᠳᠤ ᠬᠦᠯᠢᠶᠡᠰᠦᠯᠡᠭᠳᠡᠵᠦ᠂ ᠮᠠᠰᠢ ᠣᠯᠠᠨ ᠠᠵᠤ ᠠᠬᠤᠶᠢᠯᠠᠯ ᠨᠢ ᠡᠳ᠋ ᠪᠠᠷᠠᠭ᠎ᠠ ᠶᠢᠨ ᠭᠦᠶᠯᠭᠡᠭᠡᠨ ᠤ ᠲᠤᠬᠠᠶᠢᠯᠠᠭᠰᠠᠨ ᠠᠵᠢᠯ ᠢᠶᠠᠨ ᠭᠤᠷᠪᠠᠳᠤᠭᠠᠷ ᠡᠲᠡᠭᠡᠳ ᠤᠨ ᠡᠳ᠋ ᠪᠠᠷᠠᠭ᠎ᠠ ᠶᠢᠨ ᠭᠦᠶᠯᠭᠡᠭᠡᠨ ᠤ ᠠᠵᠤ ᠠᠬᠤᠶᠢᠯᠠᠯ  ᠳᠤ ᠨᠠᠶᠢᠳᠠᠬᠤ ᠳᠤᠷ᠎ᠠ ᠦᠭᠡᠢ᠂ ᠬᠠᠷᠢᠨ ᠥᠪᠡᠰᠦᠪᠡᠨ ᠡᠳ᠋ ᠪᠠᠷᠠᠭ᠎ᠠ ᠶᠢᠨ ᠭᠦᠶᠯᠭᠡᠭᠡ ᠶᠢ ᠬᠠᠷᠢᠭᠤᠴᠠᠨ᠎ᠠ᠂ ᠡᠶᠢᠮᠦᠷᠬᠦᠤ ᠵᠠᠭᠪᠤᠷ ᠨᠢ ᠮᠠᠰᠢ ᠶᠡᠭᠡ ᠬᠡᠮᠵᠢᠶᠡᠨ ᠳᠡᠭᠡᠷ᠎ᠡ ᠥᠨᠳᠥᠷ ᠦᠷ᠎ᠡ ᠪᠦᠲᠦᠮᠵᠢ ᠲᠠᠢ᠂ ᠲᠤᠰᠬᠠᠶᠢᠵᠢᠭᠰᠠᠨ᠂ ᠨᠡᠶᠢᠭᠡᠮᠴᠢᠯᠡᠭᠰᠡᠨ ᠡᠳ᠋ ᠪᠠᠷᠠᠭ᠎ᠠ ᠶᠢᠨ ᠭᠦᠶᠯᠭᠡᠭᠡᠨ ᠤ ᠦᠶᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠪᠠ ᠠᠬᠢᠭᠤᠯᠤᠯ ᠢ ᠬᠢᠵᠠᠭᠠᠷᠯᠠᠭᠰᠠᠨ ᠪᠠᠶᠢᠨ᠎ᠠ᠃      ︵ᠭᠤᠷᠪᠠ︶ ᠪᠠᠷᠠᠭ᠎ᠠ ᠶᠢᠨ ᠭᠦᠶᠯᠭᠡᠭᠡᠨ ᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠴᠢᠭᠢᠭᠯᠢᠭ ᠨᠤᠭᠤ ᠭᠠᠵᠠᠷ ᠣᠷᠣᠰᠢᠵᠤ ᠪᠠᠶᠢᠬᠤ᠂  ᠲᠠᠷᠢᠶᠠᠨ ᠭᠠᠵᠠᠷ ᠤᠨ ᠲᠣᠬᠢᠷᠠᠭᠤᠯᠤᠯᠲᠠ ᠤᠳᠠᠭᠠᠨ ᠪᠠᠶᠢᠬᠤ᠂ ᠭᠠᠵᠠᠷ ᠬᠡᠷᠡᠭᠯᠡᠬᠦ ᠭᠦᠶᠴᠡᠳᠬᠡᠬᠦ ᠲᠤᠭ᠎ᠠ ᠰᠤᠯᠠ ᠪᠠᠶᠢᠬᠤ ᠵᠡᠷᠭᠡ ᠠᠰᠠᠭᠤᠳᠠᠯ ᠪᠣᠯᠤᠨ᠎ᠠ᠃ ᠨᠤᠭᠤ ᠭᠠᠵᠠᠷ ᠤᠨ ᠬᠠᠮᠠᠭᠠᠯᠠᠯᠲᠠ ᠶᠢᠨ ᠱᠤᠭᠤᠮ ᠪᠠ ᠦᠨᠳᠦᠰᠦᠨ ᠲᠠᠷᠢᠶᠠᠨ ᠭᠠᠵᠠᠷ ᠨᠢ ᠣᠳᠣᠬᠠᠨ ᠤ ᠬᠤᠲᠠ ᠶᠢᠨ ᠲᠥᠯᠥᠪᠵᠢᠭᠦᠯᠪᠡ᠂ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠯᠦᠭᠡ ᠬᠦᠨᠳᠦ ᠨᠣᠴᠢᠲᠠᠶ ᠵᠥᠷᠢᠴᠡᠯᠳᠦᠵᠦ᠂ ᠢᠯᠠᠩᠭᠤᠶ᠎ᠠ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠡᠵᠡᠯᠡᠨ ᠬᠡᠷᠡᠭᠯᠡᠬᠦ ᠬᠠᠮᠠᠭᠠᠯᠠᠯᠲᠠ ᠶᠢᠨ ᠣᠷᠣᠨ ᠪᠣᠯᠤᠨ᠎ᠠ᠃ ᠲᠥᠷᠥᠯ ᠵᠦᠶᠯ ᠤᠨ ᠠᠬᠢᠴᠠ ᠪᠠ ᠲᠥᠷᠥᠯ ᠵᠦᠶᠯ ᠤᠨ ᠨᠠᠶᠢᠳᠠᠪᠤᠷᠢᠵᠢᠬᠤ ᠶᠢ ᠬᠦᠨᠳᠦ ᠨᠣᠴᠢᠲᠠᠶ ᠨᠥᠯᠥᠭᠡᠯᠡᠵᠦ᠂ ᠥᠪᠡᠷᠲᠡᠭᠡᠨ ᠵᠠᠰᠠᠬᠤ ᠣᠷᠣᠨ ᠳᠠᠷᠤᠶ ᠲᠦᠷᠭᠡᠨ ᠵᠥᠪᠰᠢᠶᠡᠷᠡᠵᠦ ᠲᠣᠬᠢᠷᠠᠭᠤᠯᠤᠯᠲᠠ ᠬᠢᠬᠦ ᠴᠢᠬᠤᠯᠠᠲᠠᠶ ᠪᠠᠶᠢᠨ᠎ᠠ᠃ ᠪᠠᠷᠠᠭ᠎ᠠ ᠶᠢᠨ ᠭᠦᠶᠯᠭᠡᠭᠡᠨ ᠤ ᠲᠥᠷᠥᠯ ᠵᠦᠶᠯ ᠤᠨ ᠭᠠᠵᠠᠷ ᠬᠡᠷᠡᠭᠯᠡᠬᠦ ᠭᠦᠶᠴᠡᠳᠬᠡᠬᠦ ᠲᠤᠭ᠎ᠠ ᠶᠢᠨ ᠲᠠᠯ᠎ᠠ ᠪᠠᠷ᠂ ᠣᠳᠣᠬᠠᠨ ᠳᠤ ᠲᠤᠶᠢᠯ ᠤᠨ ᠮᠠᠭᠤ ᠪᠠᠶᠢᠨ᠎ᠠ᠂ ᠵᠢᠱᠢᠶᠡᠯᠡᠪᠡᠯ ᠪᠠᠷᠠᠭ᠎ᠠ ᠶᠢᠨ ᠭᠦᠶᠯᠭᠡᠭᠡᠨ ᠤ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠵᠠᠷᠢᠮ ᠭᠠᠵᠠᠷ ᠨᠢ ᠭᠠᠵᠠᠷ ᠰᠢᠷᠣᠶ ᠠᠰᠢᠭᠯᠠᠬᠤ ᠲᠥᠯᠥᠪᠵᠢᠭᠦᠯᠭᠡ ᠶᠢᠨ ᠬᠡᠪᠴᠢᠶᠡᠨ ᠳᠤ ᠪᠠᠶᠢᠬᠤ ᠥᠬᠡᠶ ᠮᠥᠷᠲᠡᠭᠡᠨ ᠭᠠᠵᠠᠷ ᠬᠡᠷᠡᠭᠯᠡᠬᠦ ᠭᠦᠶᠴᠡᠳᠬᠡᠬᠦ ᠲᠤᠭ᠎ᠠ ᠥᠬᠡᠶ ᠪᠠᠶᠢᠵᠤ᠂ ᠰᠢᠨ᠎ᠡ ᠲᠥᠷᠥᠯ ᠵᠦᠶᠯ ᠤᠨ ᠪᠣᠳᠠᠲᠠᠶᠢᠵᠢᠭᠤᠯᠤᠨ ᠪᠦᠲᠦᠭᠡᠨ ᠪᠠᠶᠢᠭᠤᠯᠬᠤ ᠶᠢ ᠬᠦᠨᠳᠦ ᠨᠣᠴᠢᠲᠠᠶ ᠨᠥᠯᠥᠭᠡᠯᠡᠵᠦ᠂ ᠥᠪᠡᠷᠲᠡᠭᠡᠨ ᠵᠠᠰᠠᠬᠤ ᠣᠷᠣᠨ ᠠᠴᠠ ᠭᠠᠵᠠᠷ ᠰᠢᠷᠣᠶ ᠠᠰᠢᠭᠯᠠᠬᠤ ᠶᠡᠷᠦᠩᠬᠡᠶ ᠲᠥᠯᠥᠪᠵᠢᠭᠦᠯᠭᠡ ᠳᠤ ᠲᠣᠬᠢᠷᠠᠭᠤᠯᠤᠯᠲᠠ ᠬᠢᠵᠦ᠂ ᠳᠡᠮᠵᠢᠯᠭᠡ ᠦᠵᠡᠭᠦᠯᠬᠦ ᠴᠢᠬᠤᠯᠠᠲᠠᠶ ᠪᠠᠶᠢᠨ᠎ᠠ᠃          ︵ᠳᠦᠷᠪᠡ︶ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠠᠯ᠎ᠠ ᠪᠠᠷ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠪᠣᠯᠤᠨ᠎ᠠ᠃ ᠨᠢᠭᠡ ᠳᠤ᠂ ᠲᠥᠷᠥᠯ ᠵᠦᠶᠯ ᠢ ᠨᠠᠶᠢᠳᠠᠪᠤᠷᠢᠵᠢᠭᠤᠯᠬᠤ ᠭᠠᠷ ᠭᠦᠶᠴᠡᠳᠬᠡᠯ ᠨᠢ ᠮᠠᠰᠢ ᠣᠯᠠᠨ᠂ ᠭᠦᠶᠴᠡᠳᠬᠡᠬᠦ ᠦᠶᠡᠯᠡᠯ ᠤᠨ ᠬᠤᠭᠤᠴᠠᠭ᠎ᠠ ᠨᠢ ᠤᠷᠲᠤ ᠪᠠᠶᠢᠨ᠎ᠠ᠃ ᠣᠳᠣᠬᠠᠨ ᠳᠤ ᠲᠥᠷᠥᠯ ᠵᠦᠶᠯ ᠢ ᠭᠦᠶᠴᠡᠳᠬᠡᠬᠦ ᠭᠠᠷᠳᠠᠮ ᠨᠢ ᠬᠤᠯᠪᠣᠭᠳᠠᠬᠤ ᠰᠠᠯᠠᠭ᠎ᠠ ᠮᠥᠴᠢᠷ ᠣᠯᠠᠨ᠂ ᠭᠠᠷᠳᠠᠮ ᠨᠢ ᠪᠤᠳᠤᠯᠢᠶᠠᠨᠲᠠᠶ᠂ ᠭᠦᠶᠴᠡᠳᠬᠡᠬᠦ ᠦᠶᠡᠯᠡᠯ ᠤᠨ ᠬᠤᠭᠤᠴᠠᠭ᠎ᠠ ᠨᠢ ᠤᠷᠲᠤ ᠮᠥᠷᠲᠡᠭᠡᠨ ᠴᠥᠭᠡᠨ ᠪᠤᠰᠤ ᠭᠠᠷᠳᠠᠮ ᠢ ᠳᠠᠩ ᠱᠤᠭᠤᠮ ᠤᠨ ᠮᠠᠶ᠋ᠢᠭ ᠢᠶᠠᠷ ᠭᠦᠶᠴᠡᠳᠬᠡᠬᠦ ᠪᠤᠶᠤ ᠬᠠᠷᠢᠯᠴᠠᠨ ᠤᠷᠢᠳᠠᠴᠢ ᠨᠥᠬᠦᠴᠡᠯ ᠪᠣᠯᠭᠠᠵᠤ᠂ ᠭᠠᠷᠳᠠᠮ ᠭᠦᠶᠴᠡᠳᠬᠡᠬᠦ ᠳᠤ ᠬᠦᠴᠢᠷ᠂ ᠲᠦᠷ ᠴᠠᠭ ᠪᠦᠬᠦᠨ ᠢ ᠪᠡᠶᠡᠯᠡᠭᠦᠯᠬᠦ ᠳᠤ ᠬᠦᠴᠢᠷ ᠪᠠᠶᠢᠵᠤ᠂ ᠲᠥᠷᠥᠯ ᠵᠦᠶᠯ ᠤᠨ ᠠᠬᠢᠴᠠ ᠶᠢ ᠬᠦᠨᠳᠦ ᠨᠣᠴᠢᠲᠠᠶ ᠨᠥᠯᠥᠭᠡᠯᠡᠵᠦ ᠪᠠᠶᠢᠨ᠎ᠠ᠃ ᠬᠤᠶᠠᠷ ᠲᠤ᠂ ᠬᠢᠨᠠᠨ ᠵᠥᠪᠰᠢᠶᠡᠷᠡᠬᠦ ᠨᠢ ᠣᠯᠠᠨ᠂ ᠲᠥᠷᠥᠯ ᠵᠦᠶᠯ ᠢ ᠬᠢᠨᠠᠨ ᠵᠥᠪᠰᠢᠶᠡᠷᠡᠬᠦ ᠳᠤ ᠬᠦᠴᠢᠷ᠂ ᠨᠠᠶᠢᠳᠠᠪᠤᠷᠢᠵᠢᠭᠤᠯᠬᠤ ᠨᠢ ᠤᠳᠠᠭᠠᠨ  ᠪᠠᠶᠢᠨ᠎ᠠ᠃ ᠭᠠᠵᠠᠷ ᠰᠢᠷᠣᠶ ᠶᠢ ᠮᠡᠳᠡᠭᠦᠯᠦᠨ ᠵᠥᠪᠰᠢᠶᠡᠷᠡᠭᠦᠯᠬᠦ᠂ ᠣᠢ ᠰᠢᠭᠤᠶ ᠡᠪᠡᠰᠦᠲᠦ ᠭᠠᠵᠠᠷ ᠢ ᠮᠡᠳᠡᠭᠦᠯᠦᠨ ᠵᠥᠪᠰᠢᠶᠡᠷᠡᠭᠦᠯᠬᠦ ᠂ ᠲᠥᠯᠥᠪᠵᠢᠭᠦᠯᠭᠡ ᠳᠤ ᠲᠣᠬᠢᠷᠠᠭᠤᠯᠤᠯᠲᠠ ᠬᠢᠬᠦ ᠵᠡᠷᠭᠡ ᠶᠢ ᠴᠥᠮ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠬᠦᠷᠴᠦ ᠭᠦᠶᠴᠡᠳᠬᠡᠬᠦ ᠴᠢᠬᠤᠯᠠᠲᠠᠶ ᠪᠠᠶᠢᠵᠤ᠂ ᠵᠠᠷᠢᠮ ᠭᠠᠷᠳᠠᠮ ᠢ ᠬᠤᠲᠠ ᠶᠢᠨ ᠱᠠᠲᠤᠨ ᠳᠤ ᠭᠦᠶᠴᠡᠳᠬᠡᠬᠦ ᠮᠥᠷᠲᠡᠭᠡᠨ ᠵᠠᠷᠢᠮ ᠭᠠᠷᠳᠠᠮ ᠢ ᠨᠢᠭᠡ ᠰᠠᠯᠠᠭ᠎ᠠ ᠮᠥᠴᠢᠷ ᠲᠤ ᠠᠷᠪᠠᠨ ᠬᠡᠳᠦᠨ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠢᠶᠠᠷ ᠳᠠᠮᠵᠢᠭᠤᠯᠤᠨ ᠬᠠᠮᠲᠤᠷᠠᠨ ᠬᠢᠨᠠᠭᠤᠯᠵᠤ᠂ ᠭᠦᠶᠴᠡᠳᠬᠡᠬᠦ ᠦᠶᠡᠯᠡᠯ ᠤᠨ ᠬᠤᠭᠤᠴᠠᠭ᠎ᠠ ᠨᠢ ᠬᠡᠲᠦᠷᠬᠡᠶ ᠤᠷᠲᠤ ᠪᠠᠶᠢᠳᠠᠭ᠃ ᠭᠤᠷᠪᠠ ᠳᠤ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠲᠡᠭᠦᠯᠳᠡᠷᠵᠢᠭᠡᠳᠦᠶ ᠪᠠᠶᠢᠨ᠎ᠠ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠶᠯ ᠨᠢ ᠴᠥᠮ ᠴᠢᠩᠭ᠎ᠠ ᠬᠦᠴᠦᠲᠡᠶ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠᠷ ᠲᠠᠲᠠᠬᠤ ᠴᠢᠬᠤᠯᠠᠲᠠᠶ ᠪᠣᠯᠪᠠᠴᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠲᠣᠭᠲᠠᠭᠠᠬᠤ ᠳᠠᠭᠠᠨ ᠴᠥᠮ ᠪᠠᠯᠠ ᠮᠥᠩᠭᠦ ᠶᠢ ᠬᠠᠰᠤᠵᠤ ᠬᠡᠯᠲᠦᠷᠢᠭᠦᠯᠬᠦ᠂ ᠱᠠᠩᠨᠠᠬᠤ ᠵᠡᠷᠭᠡ ᠲᠠᠯ᠎ᠠ ᠳᠤ ᠬᠤᠯᠪᠣᠭᠳᠠᠵᠤ᠂ ᠨᠡᠶᠢᠲᠡᠯᠡᠵᠦ ᠬᠡᠷᠡᠭᠵᠢᠭᠦᠯᠬᠦ ᠥᠬᠡᠶ ᠬᠦᠴᠢᠷᠲᠡᠶ ᠪᠠᠶᠢᠳᠠᠭ᠃ ᠳᠥᠷᠪᠡ ᠳᠤ ᠠᠵᠤ ᠠᠬᠤᠶᠢᠯᠠᠯ ᠤᠨ ᠳᠠᠷᠤᠭᠠᠰᠤ ᠬᠦᠨᠳᠦ ᠪᠠᠶᠢᠨ᠎ᠠ᠃ ᠵᠠᠷᠢᠮ ᠲᠥᠷᠥᠯ ᠵᠦᠶᠯ ᠢ ᠭᠦᠶᠴᠡᠳᠬᠡᠬᠦ ᠵᠠᠷᠤᠳᠠᠯ ᠨᠡᠯᠢᠶᠡᠳ ᠥᠨᠳᠥᠷ ᠪᠠᠶᠢᠵᠤ᠂ ᠠᠵᠤ ᠠᠬᠤᠶᠢᠯᠠᠯ ᠤᠨ ᠳᠠᠷᠤᠭᠠᠰᠤ ᠬᠦᠨᠳᠦ ᠪᠠᠶᠢᠨ᠎ᠠ᠃ ᠵᠢᠱᠢᠶᠡᠯᠡᠪᠡᠯ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠭᠠᠶᠢᠯᠢ᠂ ᠣᠢ ᠰᠢᠭᠤᠶ ᠡᠪᠡᠰᠦᠲᠦ ᠭᠠᠵᠠᠷ ᠢ ᠡᠵᠡᠯᠡᠨ ᠬᠡᠷᠡᠭᠯᠡᠭᠰᠡᠨ ᠲᠥᠯᠥᠪᠦᠷᠢ ᠰᠦᠶᠳᠬᠡᠯ ᠵᠡᠷᠭᠡ ᠨᠢ ᠠᠵᠤ ᠠᠬᠤᠶᠢᠯᠠᠯ ᠤᠨ ᠰᠢᠶᠳᠪᠦᠷᠢᠯᠡᠬᠦ ᠵᠢᠷᠤᠮ ᠣᠯᠠᠨ᠂ ᠳᠠᠷᠤᠭᠠᠰᠤ ᠬᠦᠨᠳᠦ ᠭᠡᠵᠦ ᠨᠡᠶᠢᠳᠡᠮ ᠲᠤᠰᠬᠠᠵᠤ ᠪᠠᠶᠢᠨ᠎ᠠ᠃         ᠾᠦᠸᠧ ᠵᠢᠶᠠᠨ ᠵᠦᠩ ᠪᠦᠬᠦ ᠲᠤᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠮᠠᠨ ᠤ ᠲᠤᠭᠤᠷᠢᠭ ᠤᠨ ᠪᠦᠬᠦ ᠤᠯᠤᠰ ᠲᠤ ᠴᠢᠬᠤᠯᠠ ᠨᠥᠯᠥᠭᠡ ᠪᠦᠬᠦᠢ ᠣᠷᠣᠨ ᠪᠦᠰᠡ ᠶᠢᠨ ᠴᠢᠨᠠᠷᠲᠠᠶ ᠠᠷᠠᠯᠵᠢᠶ᠎ᠠ ᠬᠤᠳᠠᠯᠳᠤᠭᠠᠨ ᠤ ᠪᠠᠷᠠᠭ᠎ᠠ ᠶᠢᠨ ᠭᠦᠶᠯᠭᠡᠭᠡᠨ ᠤ ᠲᠥᠪ ᠢ ᠪᠠᠶᠢᠭᠤᠯᠬᠤ ᠪᠠᠷ ᠴᠢᠷᠮᠠᠶᠢᠵᠤ᠂ ᠬᠤᠶᠢᠰᠢᠳᠠ ᠳᠣᠤᠷᠠᠬᠢ ᠬᠡᠳᠦᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠨ᠎ᠡ ᠭᠡᠵᠦ ᠲᠠᠨᠢᠯᠴᠠᠭᠤᠯᠪᠠ᠃        ︵ᠨᠢᠭᠡ︶ ᠳᠤᠮᠳᠠᠳᠤ ᠧᠦ᠋ᠷᠣᠫᠠ ᠵᠢᠰᠢᠶᠠᠨ ᠤ ᠭᠠᠯᠲᠤ ᠲᠡᠷᠭᠡ ᠶᠢᠨ ᠠᠵᠢᠯᠯᠠᠭᠠᠨ ᠤ ᠦᠷ᠎ᠡ ᠪᠦᠲᠦᠮᠵᠢ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠬᠢᠭᠡᠳ ᠧᠦ᠋ᠷᠣᠫᠠ ᠲᠤᠬᠠᠶ ᠶᠢᠨ ᠭᠠᠵᠠᠷ ᠤᠨ ᠪᠠᠷᠠᠭ᠎ᠠ ᠶᠢᠨ ᠭᠦᠶᠯᠭᠡᠭᠡᠨ᠂ ᠪᠠᠷᠠᠭ᠎ᠠ ᠶᠢᠨ ᠣᠷᠣᠯᠠᠯ ᠵᠡᠷᠭᠡ ᠠᠵᠤ ᠠᠬᠤᠶᠢᠯᠠᠯ ᠯᠤᠭ᠎ᠠ ᠨᠢᠭᠲᠠ ᠬᠠᠮᠲᠤᠷᠠᠯᠴᠠᠬᠤ ᠶᠢ ᠵᠣᠷᠢᠭᠵᠢᠭᠤᠯᠵᠤ᠂ ᠬᠤᠤᠰ ᠴᠢᠭᠯᠡᠯᠲᠦ ᠪᠠᠷᠠᠭ᠎ᠠ ᠶᠢᠨ ᠢᠷᠡᠯᠲᠡ ᠶᠢ ᠢᠳᠡᠪᠬᠢᠲᠡᠶ ᠪᠠᠷ ᠥᠷᠭᠡᠵᠢᠭᠦᠯᠦᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠪᠠᠷᠠᠭ᠎ᠠ ᠪᠠ ᠣᠯᠠᠨ ᠤᠯᠤᠰ ᠎ ᠤᠨ ᠰᠢᠤᠳᠠᠨ ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠢ ᠨᠡᠭᠡᠭᠡᠨ ᠬᠥᠭᠵᠢᠭᠦᠯᠵᠦ᠂ ᠡᠭᠡᠯᠵᠢ ᠶᠢᠨ ᠭᠠᠯᠲᠤ ᠲᠡᠷᠭᠡ ᠪᠠᠷ ᠲᠡᠭᠡᠭᠡᠪᠦᠷᠢᠯᠡᠬᠦ ᠳᠤ ᠲᠣᠬᠢᠷᠠᠬᠤ ᠳᠡᠭᠡᠳᠦ ᠲᠡᠰ ᠤᠨ ᠪᠠᠷᠠᠭ᠎ᠠ ᠲᠡᠭᠡᠭᠡᠪᠦᠷᠢᠯᠡᠬᠦ ᠲᠠᠸᠠᠷ ᠤᠨ ᠲᠡᠭᠡᠭᠡᠪᠦᠷᠢᠯᠡᠬᠦ ᠬᠡᠮᠵᠢᠶ᠎ᠡ ᠶᠢ ᠴᠢᠷᠮᠠᠶᠢᠨ ᠨᠡᠮᠡᠭᠳᠡᠭᠦᠯᠵᠦ᠂ ︽ᠴᠠᠭ  ᠢ ᠠᠷᠪᠢᠯᠠᠵᠤ᠂ ᠠᠭᠠᠷ ᠤᠨ ᠲᠡᠭᠡᠭᠡᠪᠦᠷᠢ ᠠᠴᠠ ᠬᠢᠮᠳᠠ ᠪᠠᠶᠢᠯᠭᠠᠬᠤ︾ ᠣᠨᠴᠠᠯᠢᠭᠲᠤ ᠳᠠᠪᠠᠭᠤᠯᠢᠭ ᠢ ᠭᠦᠶᠴᠡᠳ ᠪᠠᠳᠠᠷᠠᠭᠤᠯᠤᠨ᠎ᠠ᠃       ︵ᠬᠤᠶᠠᠷ︶ ᠣᠳᠣ ᠪᠠᠶᠢᠭ᠎ᠠ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠵᠦ᠂ ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠤᠨ᠎ᠠ᠃ ︽ᠲᠦᠯᠬᠢᠨ ᠠᠬᠢᠭᠤᠯᠬᠤ︾ ᠪᠠ ︽ᠲᠡᠳᠡᠨ ᠣᠷᠣᠭᠤᠯᠬᠤ︾᠎ ᠪᠠᠷ ᠳᠠᠮᠵᠢᠭᠤᠯᠤᠨ ᠂ ᠬᠤᠲᠠ ᠶᠢᠨ ᠲᠣᠭᠤᠷᠢᠭ ᠤᠨ ᠪᠠᠷᠠᠭ᠎ᠠ ᠶᠢᠨ ᠭᠦᠶᠯᠭᠡᠭᠡᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠳᠠᠶᠢᠴᠢᠯᠠᠵᠤ ᠪᠠᠶᠢᠭᠠᠳ ᠤᠮᠠᠷᠠᠲᠤ ᠶᠢᠨ ᠬᠠᠭᠤᠷᠠᠶ ᠭᠠᠷᠠᠮ ᠤᠨ ᠣᠯᠠᠨ ᠤᠯᠤᠰ ᠎ ᠤᠨ ᠪᠠᠷᠠᠭ᠎ᠠ ᠶᠢᠨ ᠭᠦᠶᠯᠭᠡᠭᠡᠨ ᠤ ᠬᠦᠷᠢᠶᠡᠯᠡᠩ ᠳᠤ ᠣᠷᠣᠭᠤᠯᠵᠤ᠂ ᠤᠮᠠᠷᠠᠲᠤ ᠶᠢᠨ ᠬᠠᠭᠤᠷᠠᠶ ᠭᠠᠷᠠᠮ ᠢ ᠪᠠᠷᠠᠭ᠎ᠠ ᠶᠢᠨ ᠭᠦᠶᠯᠭᠡᠭᠡᠨ ᠤ ᠬᠥᠲᠥᠴᠢ ᠠᠵᠤ ᠠᠬᠤᠶᠢᠯᠠᠯ ᠪᠣᠯᠭᠠᠨ ᠪᠦᠲᠦᠭᠡᠨ ᠪᠠᠶᠢᠭᠤᠯᠬᠤ ᠪᠠᠷ ᠬᠦᠴᠦᠯᠡᠨ ᠴᠢᠷᠮᠠᠶᠢᠨ᠎ᠠ᠃ ᠤᠯᠤᠰ ᠎ ᠤᠨ ᠳᠣᠲᠣᠭᠠᠳᠤ ᠭᠠᠳᠠᠭᠠᠳᠤ ᠶᠢᠨ ᠶᠡᠭᠡ ᠬᠡᠮᠵᠢᠶᠡᠨ ᠤ ᠡᠳ᠋ ᠪᠠᠷᠠᠭ᠎ᠠ ᠬᠥᠮᠥᠷᠭᠡᠯᠡᠨ ᠬᠠᠳᠠᠭᠠᠯᠠᠬᠤ ᠠᠵᠤ ᠠᠬᠤᠶᠢᠯᠠᠯ᠂ ᠭᠤᠷᠪᠠᠳᠠᠬᠢ ᠡᠲᠡᠭᠡᠳ ᠤᠨ ᠪᠠᠷᠠᠭ᠎ᠠ ᠶᠢᠨ ᠭᠦᠶᠯᠭᠡᠭᠡᠨ ᠤ ᠠᠵᠤ ᠠᠬᠤᠶᠢᠯᠠᠯ᠂ ᠪᠠᠷᠠᠭ᠎ᠠ ᠶᠢᠨ ᠲᠡᠭᠡᠭᠡᠪᠦᠷᠢ ᠶᠢ ᠣᠷᠣᠯᠠᠨ ᠭᠦᠶᠴᠡᠳᠬᠡᠬᠦ᠂ ᠣᠯᠠᠨ ᠬᠡᠯᠪᠡᠷᠢ ᠶᠢᠨ ᠪᠠᠷᠠᠭ᠎ᠠ ᠶᠢᠨ ᠭᠦᠶᠯᠭᠡᠭᠡᠨ ᠤ ᠠᠵᠤ ᠠᠬᠤᠶᠢᠯᠠᠯ ᠪᠣᠯᠤᠨ ᠪᠠᠷᠠᠭ᠎ᠠ ᠶᠢᠨ ᠭᠦᠶᠯᠭᠡᠭᠡᠨ ᠤ ᠮᠥᠩᠭᠦᠨ ᠭᠦᠶᠯᠭᠡᠭᠡᠨ ᠤ ᠦᠶᠯᠡᠴᠢᠯᠡᠭᠡᠨ ᠤ ᠠᠵᠤ ᠠᠬᠤᠶᠢᠯᠠᠯ ᠵᠡᠷᠭᠡ ᠶᠢ ᠴᠠᠭ ᠲᠤᠨᠢ ᠲᠤᠬᠢᠷᠠᠭᠤᠯᠤᠨ ᠣᠷᠣᠭᠤᠯᠵᠤ ᠢᠷᠡᠨ ᠪᠠᠷᠠᠭ᠎ᠠ ᠶᠢᠨ ᠭᠦᠶᠯᠭᠡᠭᠡᠨ ᠤ ᠰᠠᠭᠤᠷᠢᠨ ᠭᠠᠵᠠᠷ ᠲᠡᠰᠢ ᠲᠥᠪᠯᠡᠷᠡᠭᠦᠯᠵᠦ᠂ ᠬᠥᠭᠵᠢᠯᠲᠡ ᠶᠢᠨ ᠳᠠᠶᠢᠴᠢᠯᠠᠬᠤ ᠪᠠ ᠴᠤᠭᠯᠠᠷᠠᠭᠤᠯᠬᠤ ᠦᠶᠯᠡᠳᠦᠯ ᠢ ᠪᠡᠶᠡᠯᠡᠭᠦᠯᠦᠨ᠂ ᠦᠶᠯᠡᠴᠢᠯᠡᠭᠡᠨ ᠤ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃        ︵ᠭᠤᠷᠪᠠ︶ ᠬᠦᠷᠢᠶᠡᠯᠡᠩ ᠲᠣᠭᠤᠷᠢᠭ ᠤᠨ ᠵᠥᠭᠡᠯᠡᠨ᠂ ᠬᠠᠲᠠᠭᠤ ᠬᠡᠷᠡᠭᠰᠡᠯ ᠤᠨ ᠰᠠᠭᠤᠷᠢ ᠶᠢ ᠲᠡᠭᠦᠯᠳᠡᠷᠵᠢᠭᠦᠯᠬᠦ ᠬᠡᠷᠡᠭᠲᠡᠶ᠃ ᠮᠠᠨ ᠤ ᠲᠤᠭᠤᠷᠢᠭ ᠤᠨ ᠭᠠᠳᠠᠭᠠᠳᠤ ᠠᠷᠠᠯᠵᠢᠶᠠᠨ ᠤ ᠰᠠᠭᠤᠷᠢ ᠪᠡᠯᠡᠳᠬᠡᠮᠵᠢ ᠶᠢᠨ ᠴᠢᠳᠠᠮᠵᠢ ᠶᠢ ᠲᠡᠭᠦᠯᠳᠡᠷᠵᠢᠭᠦᠯᠦᠨ᠂ ︽ᠠᠵᠤ ᠠᠬᠤᠶ ᠶᠢᠨ ᠵᠠᠮ ᠥᠩᠭᠡᠷᠡᠬᠦ︾᠎ ᠶᠢ ᠬᠦᠴᠦᠯᠡᠨ ᠰᠢᠶᠳᠪᠦᠷᠢᠯᠡᠵᠦ᠂ ᠭᠠᠶᠢᠯᠢ ᠪᠠᠲᠤᠯᠠᠬᠤ ᠪᠠᠷᠠᠭ᠎ᠠ ᠶᠢᠨ ᠭᠦᠶᠯᠭᠡᠭᠡᠨ ᠤ ᠲᠥᠪ ︵B ᠬᠡᠯᠪᠡᠷᠢ︶᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ  ᠲᠤᠭᠤᠷᠢᠭ᠂ ᠲᠡᠮᠦᠷ ᠵᠠᠮ ᠤᠨ ᠪᠣᠭᠤᠮᠲᠠ ᠵᠢᠴᠢ ᠠᠭᠠᠷ ᠤᠨ ᠲᠡᠭᠡᠭᠡᠪᠦᠷᠢ ᠶᠢᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠵᠢᠴᠢ ᠭᠤᠶᠤᠴᠢᠯᠠᠨ ᠮᠡᠳᠡᠭᠦᠯᠬᠦ ᠵᠡᠷᠭᠡ ᠠᠵᠢᠯ ᠢ ᠲᠦᠷᠭᠡᠳᠬᠡᠨ ᠠᠬᠢᠭᠤᠯᠵᠤ᠂ ᠬᠦᠷᠢᠶᠡᠯᠡᠩ ᠲᠣᠭᠤᠷᠢᠭ ᠤᠨ ᠤᠰᠤ᠂ ᠴᠠᠬᠢᠯᠭᠠᠨ᠂ ᠬᠡᠢ᠂ ᠢᠯᠴᠢ ᠵᠡᠷᠭᠡ ᠰᠠᠭᠤᠷᠢ ᠢᠵᠢ ᠪᠦᠷᠢᠳᠦᠭᠦᠯᠬᠦ ᠪᠡᠯᠡᠳᠬᠡᠮᠵᠢ ᠶᠢᠨ ᠲᠡᠭᠦᠯᠳᠡᠷᠵᠢᠯᠲᠡ ᠶᠢ ᠲᠦᠷᠭᠡᠳᠬᠡᠨ᠎ᠡ᠃        ︵ᠳᠦᠷᠪᠡ︶ ᠲᠥᠷᠥ ᠶᠢᠨ ᠪᠣᠳᠣᠯᠭ᠎ᠠ ᠪᠠᠷ ᠲᠡᠳᠬᠦᠬᠦ ᠶᠢ ᠴᠢᠩᠭᠠᠳᠬᠠᠨ᠎ᠠ᠃ ᠨᠢᠭᠡ ᠳᠤ ᠭᠠᠵᠠᠷ ᠰᠢᠷᠣᠶ ᠶᠢᠨ ᠲᠥᠷᠥ ᠶᠢᠨ ᠪᠣᠳᠣᠯᠭ᠎ᠠ᠃ ᠪᠠᠷᠠᠭ᠎ᠠ ᠶᠢᠨ ᠭᠦᠶᠯᠭᠡᠭᠡᠨ ᠤ ᠲᠥᠷᠥᠯ ᠤᠨ ᠠᠵᠤ ᠠᠬᠤᠶᠢᠯᠠᠯ ᠤᠳ ᠭᠠᠵᠠᠷ ᠰᠢᠷᠣᠶ ᠬᠡᠷᠡᠭᠯᠡᠬᠦ ᠭᠠᠶᠢᠯᠢ᠂ ᠮᠡᠳᠡᠭᠦᠯᠦᠨ ᠵᠥᠪᠰᠢᠶᠡᠷᠡᠭᠦᠯᠬᠦ ᠲᠠᠯ᠎ᠠ ᠪᠠᠷ ᠣᠨᠴᠠ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠢᠶᠠᠷ ᠯᠠᠪᠯᠠᠯᠲᠠ ᠪᠣᠯᠭᠠᠨ᠎ᠠ᠃ ᠭᠠᠵᠠᠷ ᠰᠢᠷᠣᠶ ᠶᠢ ᠠᠰᠢᠭᠯᠠᠬᠤ ᠤᠨ ᠲᠥᠯᠥᠪᠯᠡᠭᠡ ᠶᠢᠨ ᠭᠦᠶᠴᠡᠳᠬᠡᠬᠦ ᠲᠤᠭ᠎ᠠ ᠶᠢᠨ ᠲᠠᠯ᠎ᠠ ᠪᠠᠷ ᠵᠣᠬᠢᠰᠲᠠᠶ  ᠪᠠᠶᠢᠯᠭᠠᠨ᠎ᠠ᠃  ᠭᠠᠵᠠᠷ ᠰᠢᠷᠣᠶ ᠶᠢᠨ ᠦᠨ᠎ᠡ ᠬᠠᠩᠰᠢ᠂ ᠤᠰᠤᠨ ᠴᠠᠬᠢᠯᠭᠠᠨ ᠤ ᠦᠨ᠎ᠡ ᠬᠠᠩᠰᠢ ᠶᠢᠨ ᠲᠠᠯ᠎ᠠ ᠪᠠᠷ ᠬᠥᠮᠥᠷᠭᠡᠯᠡᠨ ᠬᠠᠳᠠᠭᠠᠯᠠᠬᠤ ᠪᠠᠷᠠᠭ᠎ᠠ ᠶᠢᠨ ᠭᠦᠶᠯᠭᠡᠭᠡᠨ ᠤ ᠬᠡᠷᠡᠭᠯᠡᠬᠦ ᠭᠠᠵᠠᠷ ᠢ ᠠᠵᠤ ᠦᠶᠯᠡᠳᠪᠦᠷᠢ ᠳᠤ ᠬᠡᠷᠡᠭᠯᠡᠬᠦ ᠭᠠᠵᠠᠷ ᠤᠨ ᠪᠠᠷᠢᠮᠵᠢᠶ᠎ᠠ ᠪᠠᠷ ᠯᠠᠪᠯᠠᠯᠲᠠ ᠪᠣᠯᠭᠠᠨ᠎ᠠ᠃ ᠲᠦᠷᠢᠶᠡᠰᠦᠯᠡᠬᠦ ᠪᠠᠷ ᠬᠤᠳᠠᠯᠳᠤᠬᠤ ᠶᠢ ᠣᠷᠣᠯᠠᠭᠤᠯᠬᠤ ᠭᠠᠵᠠᠷ ᠰᠢᠷᠣᠶ ᠶᠢᠨ ᠡᠷᠭᠢᠯᠲᠡ ᠶᠢᠨ ᠵᠠᠭᠪᠤᠷ ᠢ ᠨᠡᠭᠡᠭᠡᠪᠡ᠃ ᠬᠤᠶᠠᠷ ᠲᠤ ᠭᠠᠶᠢᠯᠢ ᠰᠦᠶᠳᠬᠡᠯ ᠤᠨ ᠲᠥᠷᠥ ᠶᠢᠨ ᠪᠣᠳᠣᠯᠭ᠎ᠠ᠃ ᠪᠠᠷᠠᠭ᠎ᠠ ᠶᠢᠨ ᠭᠦᠶᠯᠭᠡᠭᠡᠨ ᠤ ᠲᠥᠷᠥᠯ ᠤᠨ ᠠᠵᠤ ᠠᠬᠤᠶᠢᠯᠠᠯ ᠤᠳ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠵᠦ᠂ ᠮᠠᠨ ᠤ ᠲᠤᠭᠤᠷᠢᠭ ᠲᠤ ᠪᠡᠯᠡ ᠣᠷᠣᠭᠤᠯᠵᠤ ᠪᠠᠶᠢᠭ᠎ᠠ ᠭᠠᠳᠠᠭᠠᠳᠤ ᠪᠡᠯᠡ ᠶᠢᠨ ᠪᠣᠭᠤᠮᠲᠠ ᠶᠢᠨ ᠭᠠᠶᠢᠯᠢ ᠲᠠᠲᠠᠪᠤᠷᠢᠯᠠᠬᠤ ᠠᠴᠠ ᠬᠡᠯᠲᠦᠷᠢᠭᠦᠯᠵᠦ᠂ ᠠᠵᠤ ᠠᠬᠤᠶᠢᠯᠠᠯ ᠠᠴᠠ 15 %᠎ ᠶᠢᠨ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢ ᠬᠠᠰᠤᠵᠤ ᠬᠡᠯᠲᠦᠷᠢᠭᠦᠯᠬᠦ ᠶᠢᠨ ᠬᠠᠮᠲᠤ ᠭᠤᠷᠪᠠ ᠶᠢ ᠬᠡᠯᠲᠦᠷᠢᠭᠦᠯᠬᠦ ᠬᠤᠶᠠᠷ ᠢ ᠬᠠᠭᠠᠰ ᠢᠶᠠᠷ ᠬᠠᠰᠤᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠭᠠᠶᠢᠯᠢ ᠰᠦᠶᠳᠬᠡᠯ ᠤᠨ ᠲᠠᠯ᠎ᠠ ᠪᠠᠷ ᠶᠡᠬᠡᠪᠡᠷ ᠳᠡᠮᠵᠢᠯᠭᠡ ᠦᠵᠡᠭᠦᠯᠬᠦ ᠬᠡᠷᠡᠭᠲᠡᠶ᠃ ᠭᠤᠷᠪᠠ ᠳᠤ ᠮᠥᠩᠭᠦᠨ ᠭᠦᠶᠯᠭᠡᠭᠡᠨ ᠤ ᠲᠥᠷᠥ ᠶᠢᠨ ᠪᠣᠳᠣᠯᠭ᠎ᠠ᠃ ᠶᠡᠷᠦᠩᠬᠡᠶ ᠪᠠᠩᠬᠢ᠂ ᠳᠠᠭᠠᠳᠬᠠᠯ᠂ ᠲᠡᠮᠳᠡᠭᠲᠦ ᠵᠢᠨ‌‍ᠶᠡᠷᠦᠩᠬᠡᠶ ᠺᠣᠮᠫᠠᠨᠢ᠂ ᠪᠠᠯᠠ ᠲᠣᠬᠢᠷᠠᠭᠤᠯᠭ᠎ᠠ ᠶᠢᠨ ᠲᠦᠷᠢᠶᠡᠰᠦᠯᠡᠯ᠂ ᠢᠲᠡᠭᠡᠮᠵᠢᠲᠦ ᠪᠠᠯᠠ ᠣᠷᠣᠭᠤᠯᠤᠯᠲᠠ ᠶᠢᠨ ᠺᠣᠮᠫᠠᠨᠢ᠂ ᠬᠤᠭᠤᠴᠠᠭᠠᠲᠤ ᠪᠠᠷᠠᠭ᠎ᠠ ᠶᠢᠨ ᠺᠣᠮᠫᠠᠨᠢ᠂ ᠮᠥᠩᠭᠦᠨ ᠭᠦᠶᠯᠭᠡᠭᠡᠨ ᠤ ᠲᠦᠷᠢᠶᠡᠰᠦᠯᠡᠯ ᠤᠨ ᠺᠣᠮᠫᠠᠨᠢ᠂ ᠬᠡᠷᠡᠭᠯᠡᠭᠡᠨ ᠤ ᠮᠥᠩᠭᠦᠨ ᠭᠦᠶᠯᠭᠡᠭᠡᠨ ᠤ ᠺᠣᠮᠫᠠᠨᠢ᠂ ᠡᠳ᠋ ᠤᠨ ᠶᠠᠪᠤᠳᠠᠯ ᠤᠨ ᠺᠣᠮᠫᠠᠨᠢ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ᠂ ᠭᠤᠷᠪᠠᠳᠠᠬᠢ ᠡᠲᠡᠭᠡᠳ ᠠᠴᠠ ᠲᠥᠯᠥᠬᠦ ᠺᠣᠮᠫᠠᠨᠢ ᠶᠢᠨ ᠬᠠᠤᠯᠢ ᠶᠢᠨ ᠡᠷᠬᠡᠲᠡᠨ ᠤ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠵᠢᠨᠢᠩ ᠲᠣᠭᠤᠷᠢᠭ ᠲᠤ ᠬᠦᠷᠦᠭᠰᠡᠨ ᠲᠥᠷᠥ ᠶᠢᠨ ᠪᠣᠳᠣᠯᠭ᠎ᠠ ᠶᠢᠨ ᠲᠡᠳᠬᠦᠮᠵᠢ ᠶᠢ ᠨᠡᠮᠡᠭᠳᠡᠭᠦᠯᠵᠦ᠂ ᠮᠠᠨ ᠤ ᠬᠤᠲᠠ ᠶᠢᠨ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠳᠤ ᠬᠦᠴᠢᠷᠲᠡᠶ ᠲᠤᠯᠭᠠᠷᠠᠵᠦ ᠪᠠᠶᠢᠬᠤ ᠠᠰᠠᠭᠤᠳᠠᠯ ᠢ ᠰᠢᠶᠳᠪᠦᠷᠢᠯᠡᠨ᠎ᠡ᠃                                            ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠡᠭ ᠲᠤᠭᠤᠷᠢᠭ  ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2