ᠬᠦᠬᠡᠬᠤᠳᠡ ᠠᠴᠠ ᠪᠡᠭᠡᠵᠢᠩ  ᠬᠦᠷᠬᠦ ᠳᠡᠭᠡᠳᠦ ᠬᠤᠷᠳᠤᠴᠠᠲᠤ  ᠭᠠᠯᠳᠦ ᠲᠡᠷᠭᠡ  2 ᠴᠠᠭ 18 ᠮᠢᠨᠦ᠋ᠲ ᠬᠡᠷᠡᠭᠯᠡᠬᠦ  ᠪᠤᠯᠵᠠᠢ
ᠨᠡᠶᠢᠲᠡᠯᠡᠭᠰᠡᠨ ᠴᠠᠭ᠄
2019/11/29
      25᠎ ᠤ ᠡᠳᠦᠷ᠂ ᠳᠤᠮᠳᠠᠳᠤ ᠤᠯᠤᠰ ᠎ ᠤᠨ ᠲᠡᠮᠦᠷ ᠵᠠᠮ ᠤᠨ ᠬᠥᠬᠡᠬᠤᠲᠠ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠳ᠋ᠠᠶ ᠬᠤᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠬᠥᠬᠡ ᠬᠤᠲᠠ ᠠᠴᠠ ᠪᠡᠭᠡᠵᠢᠩ  ᠬᠦᠷᠬᠦ ᠲᠦᠷᠭᠡᠨ ᠤ ᠲᠡᠮᠦᠷ ᠵᠠᠮ ᠬᠠᠮᠤᠭ ᠬᠤᠷᠳᠤᠨ ᠳᠠᠭᠠᠨ 2 ᠴᠠᠭ 18 ᠮᠢᠨᠦ᠋ᠲ  ᠪᠤᠯᠤᠨ᠎ᠠ ᠭᠡᠵᠦ ᠲᠠᠨᠢᠯᠴᠠᠭᠤᠯᠵᠠᠢ᠃        ᠳ᠋ᠠᠶ ᠬᠤᠩ ᠲᠠᠨᠢᠯᠴᠠᠭᠤᠯᠬᠤ ᠳᠠᠭᠠᠨ᠂ ᠬᠥᠬᠡ ᠬᠤᠲᠠ ᠎ ᠠᠴᠠ ᠪᠡᠭᠡᠵᠢᠩ  ᠬᠦᠷᠬᠦ  ᠳᠡᠭᠡᠳᠦ ᠬᠤᠷᠳᠤᠴᠠᠲᠤ ᠲᠡᠮᠦᠷ ᠵᠠᠮ ᠨᠢ ᠪᠡᠭᠡᠵᠢᠩ ᠠᠴᠠ ᠴᠢᠭᠤᠯᠤᠯᠲᠤ ᠬᠠᠭᠠᠯᠭ᠎ᠠ ᠬᠦᠷᠬᠦ᠂ ᠴᠢᠭᠤᠯᠤᠯᠲᠤ ᠬᠠᠭᠠᠯᠭ᠎ᠠ ᠠᠴᠠ ᠬᠥᠬᠡᠬᠤᠲᠠ ᠬᠦᠷᠬᠦ  ᠳᠡᠭᠡᠳᠦ ᠬᠤᠷᠳᠤᠴᠠᠲᠤ ᠲᠡᠮᠦᠷ ᠵᠠᠮ ᠢᠶᠠᠷ ᠪᠦᠷᠢᠯᠳᠦᠵᠦ᠂ ᠲᠡᠷᠭᠡ ᠨᠡᠪᠲᠡᠷᠡᠭᠰᠡᠨ ᠤ ᠳᠠᠷᠠᠭ᠎ᠠ 20 ᠬᠤᠤᠰ ᠣᠷᠴᠢᠮ  ᠳᠡᠭᠡᠳᠦ ᠬᠤᠷᠳᠤᠴᠠᠲᠤ ᠭᠠᠯᠲᠤ ᠲᠡᠷᠭᠡ ᠶᠢ ᠨᠡᠪᠲᠡᠷᠡᠭᠦᠯᠬᠦ ᠪᠠᠷ ᠪᠣᠶ᠃ ᠬᠥᠬᠡᠬᠤᠲᠠ᠂ ᠪᠤᠭᠤᠲᠤ᠂ ᠤᠯᠠᠭᠠᠨᠴᠠᠪ ᠴᠥᠮ ᠪᠡᠭᠡᠵᠢᠩ ᠳᠤ ᠣᠷᠣᠬᠤ  ᠳᠡᠭᠡᠳᠦ ᠬᠤᠷᠳᠤᠴᠠᠲᠤ ᠲᠡᠮᠦᠷ ᠵᠠᠮ ᠤᠨ ᠴᠤᠪᠤᠭ᠎ᠠ ᠲᠡᠷᠭᠡ ᠲᠠᠢ ᠪᠠᠶᠢᠵᠤ᠂ ᠬᠥᠬᠡ ᠬᠤᠲᠠ ᠠᠴᠠ ᠪᠡᠭᠡᠵᠢᠩ ᠳᠤ ᠣᠷᠣᠬᠤ ᠴᠠᠭ ᠨᠢ ᠣᠳᠣᠬᠠᠨ ᠤ ᠬᠠᠮᠤᠭ ᠤᠨ ᠬᠤᠷᠳᠤᠨ ᠨᠢ 9 ᠴᠠᠭ ᠭᠠᠷᠤᠶ ᠪᠠᠶᠢᠭᠰᠠᠨ ᠠᠴᠠ ᠪᠠᠨ 3 ᠴᠠᠭ ᠤᠨ ᠳᠣᠲᠣᠷ᠎ᠠ ᠪᠠᠭᠠᠰᠴᠤ᠂ ᠬᠠᠮᠤᠭ ᠤᠨ ᠬᠤᠷᠳᠤᠨ ᠳᠠᠭᠠᠨ 2 ᠴᠠᠭ 18 ᠮᠢᠨᠦ᠋ᠲ ᠲᠤ ᠪᠡᠭᠡᠵᠢᠩ ᠤᠨ ᠬᠤᠶᠢᠲᠤ ᠥᠷᠲᠡᠭᠡ ᠳᠤ ᠬᠦᠷᠦᠨ᠎ᠡ᠃        ᠴᠢᠭᠤᠯᠤᠯᠲᠤ ᠬᠠᠭᠠᠯᠭ᠎ᠠ  ᠠᠴᠠ ᠬᠦᠬᠡᠬᠤᠳᠡ ᠬᠦᠷᠬᠦ  ᠂ ᠪᠡᠭᠡᠵᠢᠩ ᠠᠴᠠ ᠴᠢᠭᠤᠯᠤᠯᠲᠤ ᠬᠠᠭᠠᠯᠭ᠎ᠠ ᠬᠦᠷᠬᠦ  ᠳᠡᠭᠡᠳᠦ ᠬᠤᠷᠳᠤᠴᠠᠳᠦ ᠲᠡᠮᠦᠷ ᠵᠠᠮ ᠤᠯᠤᠰ ᠎ ᠤᠨ ᠲᠡᠮᠦᠷ ᠵᠠᠮ ᠤᠨ ᠪᠦᠯᠦᠭᠯᠡᠯ ᠤᠨ ᠨᠢᠭᠡᠳᠦᠯᠲᠡᠶ ᠲᠣᠬᠢᠷᠠᠭᠤᠯᠤᠯᠲᠠ ᠶᠣᠰᠣᠭᠠᠷ ᠠᠰᠢᠭᠯᠠᠯᠲᠠ ᠳᠤ ᠣᠷᠣᠬᠤ ᠪᠣᠯᠤᠨ᠎ᠠ᠃ ᠲᠥᠯᠥᠪᠯᠡᠭᠡ ᠶᠣᠰᠣᠭᠠᠷ᠂  ᠲᠤᠰ ᠳᠡᠭᠡᠳᠦ ᠬᠤᠷᠳᠤᠴᠠᠳᠦ ᠲᠡᠮᠦᠷ ᠵᠠᠮ 12 ᠰᠠᠷ᠎ᠠ ᠶᠢᠨ ᠰᠡᠭᠦᠯᠴᠢ ᠪᠠᠷ ᠵᠡᠷᠭᠡᠪᠡᠷ ᠨᠡᠪᠲᠡᠷᠡᠨ᠎ᠡ᠃       ᠣᠶᠢᠯᠠᠭᠠᠭᠰᠠᠨ ᠢᠶᠠᠷ᠂  ᠴᠢᠭᠤᠯᠤᠯᠲᠤ ᠬᠠᠭᠠᠯᠭ᠎ᠠ  ᠠᠴᠠ ᠬᠦᠬᠡᠬᠤᠳᠡ ᠬᠦᠷᠬᠦ ᠲᠦᠷᠭᠡᠨ ᠤ ᠲᠡᠮᠦᠷ ᠵᠠᠮ ᠤᠨ  ᠤᠯᠠᠭᠠᠨᠴᠠᠪ ᠠᠴᠠ ᠬᠥᠬᠡᠬᠤᠲᠠ ᠬᠦᠷᠬᠦ ᠬᠡᠰᠡᠭ ᠨᠢ 2017᠎ ᠤᠨ 8 ᠰᠠᠷ᠎ᠠ ᠳᠤ ᠠᠰᠢᠭᠯᠠᠯᠲᠠ ᠳᠤ ᠣᠷᠣᠪᠠ᠃ ᠡᠨᠡ ᠵᠢᠯ ᠤᠨ 6 ᠰᠠᠷ᠎ᠠ ᠠᠴᠠ ᠨᠠᠰᠢ᠂  ᠴᠢᠭᠤᠯᠤᠯᠲᠤ ᠬᠠᠭᠠᠯᠭ᠎ᠠ  ᠠᠴᠠ ᠬᠦᠬᠡᠬᠤᠳᠡ ᠬᠦᠷᠬᠦ ᠲᠦᠷᠭᠡᠨ ᠤ ᠲᠡᠮᠦᠷ ᠵᠠᠮ ᠤᠨ ᠬᠤᠸᠠᠢ ᠠᠨ ᠠᠴᠠ ᠤᠯᠠᠭᠠᠨᠴᠠᠪ ᠬᠦᠷᠬᠦ ᠬᠡᠰᠡᠭ ᠤᠨ ᠬᠤᠯᠪᠣᠭᠠᠯᠠᠨ ᠲᠤᠷᠰᠢᠬᠤ ᠪᠠ ᠲᠤᠷᠰᠢᠨ ᠠᠵᠢᠯᠯᠠᠭᠤᠯᠬᠤ ᠵᠡᠷᠭᠡ ᠬᠤᠯᠪᠣᠭᠳᠠᠯ ᠪᠦᠬᠦᠢ ᠠᠵᠢᠯ ᠢ ᠨᠢᠭᠡᠨᠲᠡ ᠳᠠᠭᠤᠰᠬᠠᠪᠠ᠃ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠢᠨᠵᠧᠨᠧᠷᠢᠩ ᠪᠣᠯᠤᠭᠰᠠᠨ ᠪᠡᠭᠡᠵᠢᠩ ᠠᠴᠠ ᠴᠢᠭᠤᠯᠤᠯᠲᠤ ᠬᠠᠭᠠᠯᠭ᠎ᠠ ᠬᠦᠷᠬᠦ ᠳᠡᠭᠡᠳᠦ ᠬᠤᠷᠳᠤᠴᠠᠲᠤ ᠲᠡᠮᠦᠷ ᠵᠠᠮ 10 ᠰᠠᠷ᠎ᠠ ᠶᠢᠨ 5᠎ ᠤ ᠡᠳᠦᠷ ᠠᠴᠠ ᠡᠬᠢᠯᠡᠨ ᠲᠤᠷᠰᠢᠵᠤ᠂ ᠪᠡᠭᠡᠵᠢᠩ ᠠᠴᠠ ᠴᠢᠭᠤᠯᠤᠯᠲᠤ ᠬᠠᠭᠠᠯᠭ᠎ᠠ ᠬᠦᠷᠬᠦ  ᠳᠡᠭᠡᠳᠦ ᠬᠤᠷᠳᠤᠴᠠᠲᠤ ᠲᠡᠮᠦᠷ ᠵᠠᠮ ᠬᠤᠯᠪᠣᠭᠠᠯᠠᠨ ᠲᠤᠷᠰᠢᠬᠤ ᠠᠵᠢᠯ ᠤᠷᠤᠭᠰᠢᠲᠠᠶ ᠶᠠᠪᠤᠭᠳᠠᠵᠤ᠂ ᠲᠡᠮᠦᠷ ᠵᠠᠮ ᠤᠨ ᠰᠠᠯᠠᠭ᠎ᠠ ᠮᠥᠴᠢᠷ  ᠤᠨ ᠳᠡᠭᠡᠳᠦ  ᠬᠤᠷᠳᠤᠴᠠᠲᠤ ᠲᠡᠮᠦᠷ ᠵᠠᠮ ᠢ ᠨᠡᠪᠲᠡᠷᠡᠭᠦᠯᠦᠨ ᠡᠵᠡᠩᠨᠡᠬᠦ ᠡᠮᠦᠨᠡᠬᠢ ᠬᠤᠭᠤᠴᠠᠭᠠᠨ ᠤ ᠠᠵᠢᠯ ᠢ ᠲᠦᠷᠭᠡᠪᠴᠢᠯᠡᠨ ᠠᠬᠢᠭᠤᠯᠬᠤ ᠪᠣᠯᠤᠨ᠎ᠠ᠃       ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ  ᠲᠦᠯᠦᠪᠵᠢᠬᠦᠯᠭᠡ ᠪᠣᠯᠤᠨ ᠤᠯᠤᠰ ᠎ ᠤᠨ ᠤᠷᠲᠤ ᠬᠤᠭᠤᠴᠠᠭᠠᠨ ᠤ ᠲᠡᠮᠦᠷ ᠵᠠᠮ ᠤᠨ ᠲᠣᠤᠷ ᠤᠨ ᠲᠥᠯᠥᠪᠵᠢᠭᠦᠯᠪᠡ ᠶᠣᠰᠣᠭᠠᠷ᠂ ᠳᠤᠮᠳᠠᠳᠤ ᠤᠯᠤᠰ ᠎ ᠤᠨ ᠲᠡᠮᠦᠷ ᠵᠠᠮ ᠤᠨ ᠬᠥᠬᠡᠬᠤᠲᠠ ᠲᠣᠪᠴᠢᠶ᠎ᠠ ᠶᠢᠨ ᠪᠦᠯᠦᠭᠯᠡᠯᠲᠦ ᠺᠣᠮᠫᠠᠨᠢ ᠬᠤᠯᠪᠣᠭᠳᠠᠯ ᠪᠦᠬᠦᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠠᠢ ᠬᠠᠮᠲᠤᠷᠠᠨ ᠪᠤᠭᠤᠲᠤ ᠠᠴᠠ ᠢᠷᠭᠠᠶ ᠬᠦᠷᠬᠦ  ᠳᠡᠭᠡᠳᠦ ᠬᠤᠷᠳᠤᠴᠠᠲᠤ ᠲᠡᠮᠦᠷ ᠵᠠᠮ ᠤᠨ ᠪᠤᠭᠤᠲᠤ ᠎ ᠠᠴᠠ  ᠬᠦᠢ ᠨᠦᠡᠭ ᠳ᠋ᠤᠸᠠᠨ  ᠬᠦᠷᠬᠦ ᠬᠡᠰᠡᠭ᠂ ᠵᠢᠨᠢᠩ ᠠᠴᠠ  ᠳ᠋ᠠᠲ᠋ᠤᠩ  ᠂ ᠶᠤᠸᠠᠨ ᠫᠢᠡᠭ ᠬᠦᠷᠬᠦ  ᠳᠡᠭᠡᠳᠦ  ᠬᠤᠷᠳᠤᠴᠠᠲᠤ ᠲᠡᠮᠦᠷ ᠵᠠᠮ᠂ ᠪᠤᠭᠤᠲᠤ ᠠᠴᠠ ᠰᠢ ᠠᠨ ᠬᠦᠷᠬᠦ  ᠳᠡᠭᠡᠳᠦ ᠬᠤᠷᠳᠤᠴᠠᠲᠤ ᠲᠡᠮᠦᠷ ᠵᠠᠮ ᠤᠨ ᠣᠷᠳᠣᠰ ᠠᠴᠠ  ᠢᠦᠢ ᠯᠢᠨ ᠬᠦᠷᠬᠦ ᠬᠡᠰᠡᠭ ᠤᠨ 3 ᠭᠤᠤᠯᠳᠠᠯᠭ᠎ᠠ ᠲᠠᠢ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠠᠵᠢᠯ ᠢ ᠶᠠᠭ ᠢᠳᠡᠪᠬᠢᠲᠡᠢ ᠠᠬᠢᠭᠤᠯᠵᠤ ᠪᠠᠶᠢᠨ᠎ᠠ᠃                                                ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2