ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠵᠠᠷᠤᠳᠠᠯ ᠲᠤᠰᠢᠶᠠᠬᠤ ᠲᠤᠬᠠᠶ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2019/11/4
ᠵᠢᠨᠢᠩ ᠵᠠᠰᠠᠭ ᠠᠯᠪᠠᠨ ︹ 2019 ︺ 6 ᠳ᠋ᠤᠭᠠᠷ ᠲᠣᠭᠠᠲᠤ      ᠰᠢᠶᠠᠩ᠂ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂  ᠲᠤᠭᠤᠷᠢᠭ ᠤᠨ ᠰᠢᠭᠤᠳ ᠬᠠᠷᠢᠶ᠎ᠠ ᠡᠯ᠎ᠡ ᠨᠢᠭᠡᠴᠡ ᠳᠤ᠄       ᠤᠯᠠᠭᠠᠨᠴᠠᠪ ᠬᠤᠲᠠ ᠶᠢᠨ ᠨᠡᠶᠢᠭᠡᠮ ᠤᠨ ᠳᠠᠭᠠᠳᠬᠠᠯ ᠤᠨ ᠲᠣᠪᠴᠢᠶ᠎ᠠ ᠶᠢᠨ ︽ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠶᠳᠬᠡᠯ ᠲᠠᠲᠠᠪᠤᠷᠢᠯᠠᠨ ᠲᠤᠰᠢᠶᠠᠬᠤ ᠶᠢ ᠡᠷᠬᠢᠯᠡᠨ ᠭᠦᠶᠴᠡᠳᠬᠡᠬᠦ ᠴᠤᠪᠤᠷᠠᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠮᠡᠳᠡᠭᠳᠡᠯ︾᠎ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂  ᠲᠤᠭᠤᠷᠢᠭ ᠤᠨ ᠰᠢᠭᠤᠳ ᠬᠠᠷᠢᠶ᠎ᠠ ᠡᠯ᠎ᠡ ᠨᠢᠭᠡᠴᠡ ᠨᠦᠭᠦᠳ ᠲᠣᠰ ᠨᠢᠭᠡᠴᠡ ᠶᠢᠨ ᠢᠶᠠᠨ ᠠᠵᠢᠯᠲᠠᠨ ᠠᠵᠢᠯᠴᠢᠨ ᠳᠠᠭᠠᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠢ ᠳᠠᠷᠦ᠋ᠢᠬᠠᠨ ᠲᠤᠰᠢᠶᠠᠬᠤ ᠬᠡᠷᠡᠭᠲᠡᠶ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠶ᠎ᠡ᠄       ᠨᠢᠭᠡ᠂ ᠡᠯ᠎ᠡ  ᠪᠠᠶᠢᠭᠤᠯᠭ᠎ᠠ ᠠᠵᠢᠯ ᠦᠢᠯᠡᠰ ᠤᠨ ᠨᠢᠭᠡᠴᠡ ︽ᠡᠳ᠋ ᠤᠨ ᠵᠠᠰᠠᠭ ᠠᠴᠠ ᠲᠡᠵᠢᠭᠡᠵᠦ ᠪᠠᠶᠢᠭ᠎ᠠ ᠬᠥᠮᠦᠰ ᠤᠨ ᠪᠦᠷᠢᠳᠭᠡᠯ︾᠎ ᠢ ᠠᠪᠴᠤ ᠵᠢᠨᠢᠩ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠲᠥᠪ ᠤᠨ B 2 ᠳ᠋ᠤᠭᠠᠷ ᠠᠰᠠᠷ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠤᠨ ᠨᠢᠭᠡᠳᠦᠭᠡᠷ ᠳᠠᠪᠬᠤᠷᠯᠢᠭ ᠤᠨ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠲᠢᠩᠬᠢᠮ ᠳᠤ ᠢᠷᠡᠵᠦ ᠰᠦᠶᠳᠬᠡᠯ ᠲᠤᠰᠢᠶᠠᠭᠰᠠᠨ ᠬᠥᠮᠦᠨ ᠤ ᠲᠤᠭ᠎ᠠ ᠪᠣᠯᠤᠨ ᠰᠦᠶᠳᠬᠡᠯ ᠲᠤᠰᠢᠶᠠᠭᠰᠠᠨ ᠵᠣᠭᠤᠰ ᠤᠨ ᠲᠤᠭ᠎ᠠ ᠶᠢ ᠬᠢᠨᠠᠨ ᠲᠣᠭᠲᠠᠭᠠᠬᠤ ᠬᠡᠷᠡᠭᠲᠡᠶ᠃      ᠬᠤᠶᠠᠷ᠂ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠲᠣᠪᠴᠢᠶ᠎ᠠ ᠶᠢᠨ ᠬᠢᠨᠠᠨ ᠲᠣᠭᠲᠠᠭᠠᠭᠰᠠᠨ ︽ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠶᠳᠬᠡᠯ ᠲᠤᠰᠢᠶᠠᠬᠤ ᠵᠣᠭᠤᠰ ᠤᠨ ᠲᠤᠭ᠎ᠠ︾᠎ ᠶᠢ ᠦᠨᠳᠦᠰᠦᠯᠡᠨ ᠡᠳ᠋ ᠤᠨ ᠵᠠᠰᠠᠭ ᠠᠴᠠ ᠵᠣᠭᠤᠰ ᠭᠤᠶᠤᠴᠢᠯᠠᠵᠤ ᠪᠣᠯᠤᠨ᠎ᠠ᠃      ᠭᠤᠷᠪᠠ᠂ ᠪᠡᠯᠡ ᠮᠥᠩᠭᠦ ᠪᠠᠨ ᠳᠠᠩᠰᠠᠨ ᠳᠤ ᠣᠷᠣᠭᠤᠯᠤᠭᠰᠠᠨ ᠤ ᠳᠠᠷᠠᠭ᠎ᠠ ︽ᠬᠢᠨᠠᠨ ᠲᠣᠭᠲᠠᠭᠠᠭᠰᠠᠨ ᠬᠦᠰᠦᠨᠦᠭᠲᠦ︾᠎ ᠪᠠᠨ ᠠᠪᠴᠤ ᠵᠠᠰᠠᠭ ᠵᠠᠬᠢᠷᠭᠠᠨ ᠤ ᠦᠶᠯᠡᠴᠢᠯᠡᠭᠡᠨ ᠤ ᠲᠢᠩᠬᠢᠮ ᠤᠨ ᠭᠠᠶᠢᠯᠢ ᠶᠢᠨ ᠶᠠᠪᠤᠳᠠᠯ ᠤᠨ ᠴᠣᠩᠬᠤᠨ ᠳᠤ ᠣᠴᠢᠵᠤ ᠰᠦᠶᠳᠬᠡᠯ ᠲᠤᠰᠢᠶᠠᠬᠤ ᠬᠡᠷᠡᠭᠲᠡᠶ᠃      ᠳᠦᠷᠪᠡ᠂ ᠰᠦᠶᠳᠬᠡᠯ ᠲᠤᠰᠢᠶᠠᠬᠤ ᠨᠢᠭᠡᠴᠡ ᠨᠢ ᠰᠠᠷ᠎ᠠ ᠪᠠᠷ᠂ ᠤᠯᠠᠷᠢᠯ ᠢᠶᠠᠷ᠂ ᠬᠠᠭᠠᠰ ᠵᠢᠯ ᠪᠤᠶᠤ ᠨᠢᠭᠡ ᠵᠢᠯ ᠳᠤ ᠠᠵᠢᠯᠲᠠᠨ ᠠᠵᠢᠯᠴᠢᠨ ᠳᠠᠭᠠᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠲᠤᠰᠢᠶᠠᠬᠤ ᠪᠠᠷ ᠭᠤᠶᠤᠴᠢᠯᠠᠵᠤ ᠪᠣᠯᠤᠨ᠎ᠠ᠃ ᠨᠢᠭᠡ ᠵᠢᠯ ᠤᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠵᠠᠷᠤᠳᠠᠯ ᠤᠨ ᠡᠬᠢᠯᠡᠵᠦ ᠳᠠᠭᠤᠰᠬᠤ ᠴᠠᠭ ᠨᠢ ᠲᠤᠰ ᠵᠢᠯ ᠤᠨ 1 ᠰᠠᠷ᠎ᠠ ᠶᠢᠨ 1᠎ ᠤ ᠡᠳᠦᠷ ᠠᠴᠠ 12 ᠰᠠᠷ᠎ᠠ ᠶᠢᠨ 31᠎ ᠤ ᠡᠳᠦᠷ ᠪᠣᠯᠤᠨ᠎ᠠ᠂ ᠵᠢᠯ ᠠᠯᠤᠰᠯᠠᠨ ᠪᠣᠳᠣᠵᠤ ᠪᠣᠯᠬᠤ ᠦᠭᠡᠢ᠃      ᠲᠠᠪᠤ᠂ ᠡᠯ᠎ᠡ ᠨᠢᠭᠡᠴᠡ ᠡᠷᠬᠡᠪᠰᠢ ᠪᠦᠬᠦ ᠠᠵᠢᠯᠲᠠᠨ ᠠᠵᠢᠯᠴᠢᠨ ᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠵᠠᠷᠤᠳᠠᠯ  ᠎ ᠢ ᠲᠤᠰᠢᠶᠠᠬᠤ ᠬᠡᠷᠡᠭᠲᠡᠶ᠂ ᠰᠢᠨ᠎ᠡ ᠪᠠᠷ ᠠᠵᠢᠯ ᠳᠤ ᠭᠠᠷᠤᠭᠰᠠᠨ ᠬᠥᠮᠦᠨ ᠠᠵᠢᠯ ᠤᠨ ᠪᠠᠶᠢᠷᠢ ᠳᠤ ᠭᠠᠷᠬᠤ ᠠᠴᠠ ᠡᠮᠦᠨ᠎ᠡ ᠡᠷᠬᠡᠪᠰᠢ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠬᠤ ᠬᠡᠷᠡᠭᠲᠡᠶ᠃ ᠠᠵᠢᠯᠲᠠᠨ ᠠᠵᠢᠯᠴᠢᠨ ᠬᠥᠳᠡᠯᠮᠦᠷᠢ ᠶᠢᠨ ᠬᠠᠷᠢᠴᠠᠭ᠎ᠠ ᠪᠠᠨ ᠬᠦᠴᠦᠨ ᠦᠭᠡᠢ ᠪᠣᠯᠭᠠᠬᠤ ᠠᠴᠠ ᠡᠮᠦᠨ᠎ᠡ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠬᠠᠷᠢᠴᠠᠭ᠎ᠠ ᠪᠠᠨ ᠲᠠᠰᠤᠯᠵᠤ ᠪᠣᠯᠬᠤ ᠦᠭᠡᠢ᠃      ᠠᠩᠬ᠎ᠠ ᠤᠳᠠᠭ᠎ᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠬᠤ ᠴᠠᠭ  ᠎ ᠢ ︽ᠭᠠᠶᠢᠯᠢ ᠲᠠᠲᠠᠪᠤᠷᠢ ᠶᠢᠨ ᠵᠣᠭᠤᠰ ᠲᠤᠰᠢᠶᠠᠬᠤ ᠪᠢᠴᠢᠭ︾ ︵ᠪᠤᠶᠤ ︽ᠭᠠᠶᠢᠯᠢ ᠲᠠᠲᠠᠪᠤᠷᠢ ᠶᠢᠨ ᠭᠠᠶᠢᠯᠢ ᠲᠤᠰᠢᠶᠠᠭᠰᠠᠨ ᠭᠡᠷᠡᠴᠢ︾︶ ᠳᠡᠭᠡᠷ᠎ᠡ ᠲᠠᠭᠯᠠᠨ ᠶᠠᠪᠤᠭᠤᠯᠤᠭᠰᠠᠨ ᠡᠳᠦᠷ ᠬᠤᠭᠤᠴᠠᠭ᠎ᠠ ᠪᠠᠷ ᠪᠠᠷᠢᠮᠵᠢᠶ᠎ᠠ ᠪᠣᠯᠭᠠᠨ᠎ᠠ᠃ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠶᠠᠳᠤᠭᠠᠷ ᠲᠡᠰ ᠤᠨ ᠨᠢᠭᠡᠴᠡ ᠳᠤ ᠮᠡᠳᠡᠭᠳᠡᠬᠦ ᠶᠢ ᠬᠠᠷᠢᠭᠤᠴᠠᠨ᠎ᠠ᠃      ᠣᠨᠴᠠᠭᠠᠶᠢᠯᠠᠨ ᠮᠡᠳᠡᠭᠳᠡᠪᠡ᠃                                                 2019 ᠤᠨ ᠤ 8 ᠰᠠᠷ᠎ᠠ ᠶᠢᠨ8᠎ ᠤ ᠡᠳᠦᠷ                                                ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2