ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ‍ᠤᠨ‌ᠠᠯᠪᠠᠨ ᠪᠠᠶᠢᠭᠤᠯᠭ᠎ᠠ ᠠᠵᠢᠯ ᠦᠢᠯᠡᠰ ‍ᠤᠨ‌ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠴᠢᠩᠭᠠᠳᠬᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2019/11/4
ᠵᠢᠨᠢᠩ ᠵᠠᠰᠠᠭ ᠠᠯᠪᠠᠨ ﹇2019﹈ 18 ᠳ᠋ᠤᠭᠠᠷ ᠲᠣᠭᠠᠲᠤ       ᠰᠢᠶᠠᠩ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠤᠭᠤᠷᠢᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠨᠢᠭᠡᠴᠡ ᠳᠤ᠄       ︽ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠴᠢᠩᠭᠠᠳᠬᠠᠬᠤ ᠲᠤᠬᠠᠶ ᠮᠡᠳᠡᠭᠳᠡᠯ︾ ︵ᠤᠯᠠᠭᠠᠨᠴᠠᠪ ᠵᠠᠰᠠᠭ ᠠᠯᠪᠠᠨ ᠦᠰᠦᠭ ︹ 2019 ︺ 12 ᠳ᠋ᠤᠭᠠᠷ ᠲᠣᠭᠠᠲᠤ︶᠎ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠤᠨ  ᠨᠠᠶᠢᠳᠠᠪᠦᠷᠢᠵᠢᠭᠤᠯᠵᠦ᠂  ᠲᠤᠭᠤᠷᠢᠭ ᠤᠨ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠦᠨᠡᠨᠬᠦ ᠰᠠᠶᠢᠲᠤᠷ ᠬᠢᠬᠦ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠪᠡ᠄       ᠨᠢᠭᠡ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂  ᠵᠠᠩᠬᠢᠯᠭ᠎ᠠ ᠶᠢᠨ ᠴᠢᠭ ᠢ ᠡᠵᠡᠮᠳᠡᠬᠦ ᠬᠡᠷᠡᠭᠲᠡᠶ       ᠣᠳᠣᠬᠠᠨ ᠳᠤ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠨᠢᠭᠡᠨᠲᠡ ᠪᠡᠯᠡᠳᠬᠡᠯ ᠬᠤᠭᠤᠴᠠᠭᠠᠨ ᠳᠤ ᠣᠷᠣᠪᠠ᠂ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ 2019᠎  ᠤᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠬᠡᠪ ᠤᠨ ᠬᠢᠨᠠᠨ ᠲᠣᠭᠲᠠᠭᠠᠵᠤ ᠰᠦᠢᠳᠬᠡᠯ ᠲᠤᠰᠢᠶᠠᠬᠤ ᠶᠢ ᠪᠥᠬᠦ ᠲᠠᠯ᠎ᠠ ᠪᠠᠷ ᠪᠡᠶᠡᠯᠡᠭᠦᠯᠵᠦ᠂ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠨᠡᠶᠢᠭᠡᠮ ᠤᠨ ᠳᠠᠭᠠᠳᠬᠠᠯ ᠤᠨ ᠭᠠᠷᠲᠠᠨ ᠭᠦᠶᠴᠡᠳᠬᠡᠬᠦ ᠪᠠᠶᠢᠭᠤᠯᠤᠮᠵᠢ ᠳᠤ ᠣᠷᠣᠭᠤᠯᠤᠨ᠎ᠠ᠃   ᠵᠢᠨᠢᠩ ᠲᠤᠭᠤᠷᠢᠭ  2016᠎ ᠤᠨ 5 ᠳ᠋ᠤᠭᠠᠷ ᠰᠠᠷ᠎ᠠ ᠳᠤ ᠡᠨᠡᠬᠦ ᠠᠵᠢᠯ ᠢ ᠪᠥᠬᠦ ᠲᠠᠯ᠎ᠠ ᠪᠠᠷ ᠡᠬᠢᠯᠡᠭᠦᠯᠦᠭᠰᠡᠨ ᠪᠣᠯᠪᠠᠴᠤ᠂ ᠣᠳᠣᠬᠠᠨ ᠤ ᠠᠵᠢᠯ ᠢ ᠠᠬᠢᠭᠤᠯᠬᠤ ᠬᠤᠷᠳᠤᠴᠠ ᠤᠳᠠᠭᠠᠨ ᠪᠠᠶᠢᠵᠤ᠂ ᠬᠠᠮᠵᠢᠯᠴᠠᠬᠤ ᠥᠬᠡᠶ᠂ ᠰᠠᠨᠠᠭᠠᠴᠢᠯᠠᠭᠠᠲᠤ ᠪᠤᠰᠤ᠂ ᠢᠳᠡᠪᠬᠢᠲᠡᠢ ᠪᠤᠰᠤ ᠠᠰᠠᠭᠤᠳᠠᠯ ᠣᠷᠣᠰᠢᠵᠤ᠂ ᠡᠨᠡᠬᠦ ᠠᠵᠢᠯ ᠎ ᠤᠨ ᠤᠷᠤᠭᠰᠢᠲᠠᠶ ᠥᠷᠨᠢᠬᠦ ᠶᠢ ᠬᠦᠨᠳᠦ ᠨᠣᠴᠢᠲᠠᠶ ᠨᠥᠯᠥᠭᠡᠯᠡᠭᠰᠡᠨ ᠪᠠᠶᠢᠨ᠎ᠠ᠃ ᠡᠭᠦᠨ ᠳᠤ᠂  ᠲᠤᠭᠤᠷᠢᠭ ᠤᠨ ᠬᠠᠷᠢᠶ᠎ᠠ ᠪᠦᠬᠦᠢ ᠡᠯ᠎ᠡ ᠨᠢᠭᠡᠴᠡ ᠨᠦᠭᠦᠳ ᠳᠠᠷᠦ᠋ᠢᠬᠠᠨ ᠬᠥᠳᠡᠯᠦᠯᠴᠡᠵᠦ᠂ ︽ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠴᠢᠩᠭᠠᠳᠬᠠᠬᠤ ᠲᠤᠬᠠᠶ ᠮᠡᠳᠡᠭᠳᠡᠯ︾᠎ ᠤᠨ ᠱᠠᠭᠠᠷᠳᠠᠯᠭ᠎ᠠ ᠶᠣᠰᠣᠭᠠᠷ᠂ ᠨᠡᠶᠢᠭᠡᠮ ᠤᠨ ᠳᠠᠭᠠᠳᠬᠠᠯ ᠤᠨ ᠭᠠᠷᠲᠠᠨ ᠭᠦᠶᠴᠡᠳᠬᠡᠬᠦ ᠪᠠᠶᠢᠭᠤᠯᠤᠮᠵᠢ ᠳᠤ ᠳ᠋ᠦᠩᠨᠡᠨ ᠪᠤᠳᠤᠭᠰᠠᠨ ᠮᠠᠲ᠋ᠧᠷᠢᠶᠠᠯ ᠬᠠᠩᠭᠠᠭᠰᠠᠨ ᠥᠬᠡᠶ ᠨᠢᠭᠡᠴᠡ ᠪᠦᠬᠦᠨ ᠡᠷᠬᠡᠪᠰᠢ 4 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠱᠠᠭᠠᠷᠳᠠᠯᠭ᠎ᠠ ᠶᠣᠰᠣᠭᠠᠷ ᠳ᠋ᠦᠩᠨᠡᠨ ᠪᠤᠳᠤᠭᠰᠠᠨ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠶ  ᠃ ᠨᠡᠶᠢᠭᠡᠮ ᠤᠨ ᠳᠠᠭᠠᠳᠬᠠᠯ ᠤᠨ ᠭᠠᠷᠲᠠᠨ ᠭᠦᠶᠴᠡᠳᠬᠡᠬᠦ ᠪᠠᠶᠢᠭᠤᠯᠤᠮᠵᠢ ᠨᠢᠭᠡᠨᠲᠡ ᠳ᠋ᠦᠩᠨᠡᠨ ᠪᠣᠳᠣᠭᠰᠠᠨ ᠬᠠᠭᠤᠳᠠᠰᠤ ᠪᠠᠨ ᠭᠠᠷᠭᠠᠭᠰᠠᠨ ᠨᠢᠭᠡᠴᠡ ᠪᠦᠬᠦᠨ ᠡᠳ᠋ ᠤᠨ ᠵᠠᠰᠠᠭ ᠲᠠᠢ ᠳᠠᠷᠦ᠋ᠢᠬᠠᠨ ᠳ᠋ᠦᠩᠨᠡᠨ ᠪᠣᠳᠣᠵᠤ᠂ 6 ᠳ᠋ᠤᠭᠠᠷ ᠰᠠᠷ᠎ᠠ ᠳᠤ ᠬᠡᠪ ᠤᠨ ᠶᠣᠰᠣᠭᠠᠷ ᠬᠢᠨᠠᠨ ᠲᠣᠭᠲᠠᠭᠠᠵᠤ ᠰᠦᠶᠳᠬᠡᠯ ᠲᠤᠰᠢᠶᠠᠬᠤ ᠶᠢ ᠪᠡᠶᠡᠯᠡᠭᠦᠯᠵᠦ᠂ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠨᠡᠶᠢᠭᠡᠮ ᠤᠨ ᠳᠠᠭᠠᠳᠬᠠᠯ ᠤᠨ ᠭᠠᠷᠲᠠᠨ ᠭᠦᠶᠴᠡᠳᠬᠡᠬᠦ ᠪᠠᠶᠢᠭᠤᠯᠤᠮᠵᠢ ᠳᠤ ᠲᠤᠰᠢᠶᠠᠨ ᠣᠯᠭᠤᠨ᠎ᠠ᠃         ᠬᠤᠶᠠᠷ᠂ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠰᠠᠶᠢᠲᠤᠷ ᠬᠢᠵᠦ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ         ᠵᠣᠬᠢᠶᠠᠨ ᠪᠠᠶᠢᠭᠤᠯᠬᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ᠂ ᠡᠳ᠋ ᠤᠨ ᠵᠠᠰᠠᠭ᠂ ᠣᠷᠣᠨ ᠲᠤᠭ᠎ᠠ ᠶᠢᠨ ᠠᠯᠪᠠᠨ ᠭᠡᠷ ᠵᠡᠷᠭᠡ ᠰᠠᠯᠠᠭ᠎ᠠ ᠮᠥᠴᠢᠷ ᠤᠳ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠲᠣᠰ ᠰᠠᠯᠠᠭ᠎ᠠ ᠮᠥᠴᠢᠷ ᠤᠨ ᠢᠶᠠᠨ ᠡᠭᠦᠷᠭᠡᠯᠡᠵᠦ ᠪᠦᠬᠦᠢ ᠠᠵᠢᠯ ᠤᠨ ᠡᠭᠦᠷᠭᠡ ᠪᠠᠨ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠠᠰᠠᠭᠤᠳᠠᠯ ᠢ ᠰᠢᠶᠳᠪᠦᠷᠢᠯᠡᠵᠦ᠂ ᠰᠠᠯᠠᠭ᠎ᠠ ᠮᠥᠴᠢᠷ ᠠᠴᠠ ᠪᠣᠯᠵᠤ ᠠᠵᠢᠯ ᠢ ᠪᠦᠬᠦᠯᠢ ᠴᠣᠭᠴᠠ ᠪᠠᠷ ᠨᠢ ᠲᠦᠯᠬᠢᠨ ᠠᠬᠢᠭᠤᠯᠬᠤ ᠶᠢ ᠨᠥᠯᠥᠭᠡᠯᠡᠭᠰᠡᠨ ᠪᠦᠬᠦᠨ ᠤ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠶ᠃ ᠡᠯ᠎ᠡ ᠨᠢᠭᠡᠴᠡ ᠲᠣᠰ ᠪᠢᠴᠢᠭ ᠮᠠᠲ᠋ᠧᠷᠢᠶᠠᠯ ᠢ ᠬᠦᠯᠢᠶᠡᠨ ᠠᠪᠤᠭᠰᠠᠨ ᠤ ᠳᠠᠷᠠᠭ᠎ᠠ᠂ ᠭᠤᠤᠯ ᠤᠳᠤᠷᠢᠳᠤᠯᠭ᠎ᠠ ᠨᠢ ᠲᠡᠷᠡ ᠳᠠᠷᠤᠶ ᠳᠤᠨᠢ ᠬᠦᠴᠦᠨ ᠢᠶᠠᠨ ᠵᠣᠬᠢᠶᠠᠨ ᠪᠠᠶᠢᠭᠤᠯᠤᠨ ᠠᠵᠢᠯ ᠢᠶᠠᠨ ᠥᠷᠨᠢᠭᠦᠯᠵᠦ᠂ ᠲᠤᠰᠬᠠᠶ ᠬᠥᠮᠦᠨ ᠲᠤᠬᠢᠷᠠᠭᠤᠯᠤᠨ ᠬᠠᠷᠢᠭᠤᠴᠠᠭᠤᠯᠵᠤ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠪᠡᠯᠡᠳᠬᠡᠯ ᠬᠤᠭᠤᠴᠠᠭᠠᠨ ᠤ ᠳ᠋ᠦᠩᠨᠡᠨ ᠪᠣᠳᠣᠬᠤ ᠠᠵᠢᠯ ᠢ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠬᠦ ᠬᠡᠷᠡᠭᠲᠡᠶ᠂ ᠬᠤᠶᠠᠳᠤᠭᠠᠷ ᠲᠡᠰ ᠤᠨ ᠨᠢᠭᠡᠴᠡ ᠶᠢᠨ ᠰᠠᠯᠠᠭ᠎ᠠ ᠮᠥᠴᠢᠷ ᠨᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠬᠠᠷᠢᠶ᠎ᠠ ᠨᠢᠭᠡᠴᠡ ᠳᠡᠭᠡᠨ ᠳᠠᠮᠵᠢᠭᠤᠯᠬᠤ ᠬᠡᠷᠡᠭᠲᠡᠶ᠃ ᠠᠵᠢᠯ ᠤᠨ ᠡᠭᠦᠷᠭᠡ ᠪᠠᠨ ᠬᠤᠭᠤᠴᠠᠭ᠎ᠠ ᠶᠣᠰᠣᠭᠠᠷ ᠪᠡᠶᠡᠯᠡᠭᠦᠯᠵᠦ ᠳᠠᠶᠢᠯᠠᠬᠤ ᠦᠭᠡᠢ ᠨᠢᠭᠡᠴᠡ ᠶᠢ ᠪᠦᠬᠦ ᠲᠤᠭᠤᠷᠢᠭ ᠎ ᠤᠨ ᠬᠡᠪᠴᠢᠶᠡᠨ ᠳᠤ ᠨᠡᠪᠲᠡᠷᠡᠭᠦᠯᠵᠦ᠂ ᠨᠢᠭᠡᠴᠡ ᠶᠢᠨ ᠭᠤᠤᠯ ᠤᠳᠤᠷᠢᠳᠤᠯᠭ᠎ᠠ ᠲᠠᠢ ᠪᠣᠯᠵᠣᠨ ᠶᠠᠷᠢᠯᠴᠠᠬᠤ ᠶᠢᠨ ᠬᠠᠮᠲᠤ ᠨᠢᠭᠡᠴᠡ ᠶᠢᠨ ᠲᠤᠬᠠᠶᠢᠯᠠᠭᠰᠠᠨ ᠠᠵᠢᠯ ᠤᠨ ᠵᠠᠷᠤᠳᠠᠯ ᠢ ᠨᠢ ᠵᠣᠭᠰᠣᠭᠠᠬᠤ ᠬᠡᠷᠡᠭᠲᠡᠶ᠃        ᠠᠵᠢᠯ ᠎ ᠤᠨ ᠬᠡᠷᠡᠭᠴᠡᠭᠡ ᠪᠠᠨ ᠦᠨᠳᠦᠰᠦᠯᠡᠨ᠂ ᠵᠢᠨᠢᠩ ᠲᠣᠭᠤᠷᠢᠭ ᠤᠨ  ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠳᠤ ᠳᠣᠤᠷᠠᠬᠢ ᠮᠡᠲᠦ ᠲᠣᠬᠢᠷᠠᠭᠤᠯᠤᠯᠲᠠ ᠬᠢᠶ᠎ᠡ᠄        ᠳᠤᠭᠤᠶᠢᠯᠠᠩ ᠤᠨ ᠳᠠᠷᠤᠭ᠎ᠠ᠄ ᠪᠠᠨ ᠰᠢᠤ ᠫᠢᠩ          ᠲᠤᠭᠤᠷᠢᠭ ‍ᠤᠨ‌ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠳᠡᠳ᠋ ᠳᠠᠷᠤᠭ᠎ᠠ        ᠳᠡᠳ᠋ ᠳᠤᠭᠤᠶᠢᠯᠠᠩ ᠤᠨ ᠳᠠᠷᠤᠭ᠎ᠠ  ᠄        ᠶᠠᠨ ᠮᠠᠨ ᠯᠢ           ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠣᠷᠣᠨ ᠲᠤᠭ᠎ᠠ ᠶᠢᠨ ᠠᠯᠪᠠᠨ ᠭᠡᠷ ᠤᠨ ᠡᠷᠬᠢᠯᠡᠭᠴᠢ ᠎       ᠎ ᠶᠢᠨ ᠴᠢᠶᠣᠤ ᠯᠠᠨ        ᠲᠤᠭᠤᠷᠢᠭ ᠤᠨ ᠵᠠᠰᠠᠭ ᠤᠨ ᠤᠷᠳᠤᠨ ᠤ ᠠᠯᠪᠠᠨ ᠭᠡᠷ ᠤᠨ ᠳᠡᠳ᠋ ᠡᠷᠬᠢᠯᠡᠭᠴᠢ        ᠪᠦᠷᠢᠯᠳᠦᠬᠦᠨ ᠭᠡᠰᠢᠭᠦᠨ᠄        ᠷᠧᠨ ᠶᠦᠩ ᠱᠧᠩ       ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ  ᠎ ᠶᠢᠨ ᠲᠤᠪᠴᠢᠶᠠᠨ ᠤ ᠳᠠᠷᠤᠭ᠎ᠠ        ᠪᠠᠨ‌‍ᠰᠢᠨ ᠴᠢᠶᠠᠩ       ᠲᠣᠭᠤᠷᠢᠭ ᠤᠨ ᠬᠢᠨᠠᠨ ᠪᠤᠳᠤᠬᠤ ᠲᠣᠪᠴᠢᠶᠠᠨ ᠤ ᠳᠠᠷᠤᠭ᠎ᠠ        ᠯᠢ ᠰᠢᠶᠠᠩ ᠳ᠋ᠦᠩ         ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ        ᠾᠧᠦ ᠭᠤᠸᠠᠩ ᠯᠢᠨ       ᠲᠣᠭᠤᠷᠢᠭ ᠤᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ        ᠴᠢᠶᠣᠤ ᠪᠦᠦ ᠫᠢᠩ         ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠳᠠᠷᠤᠭ᠎ᠠ       ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ  ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠪᠠᠶᠢᠷᠢᠯᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠴᠢᠶᠣᠤ ᠪᠦᠦ ᠫᠢᠩ ᠨᠥᠬᠦᠷ ᠬᠠᠪᠰᠤᠷᠭᠠᠨ ᠬᠠᠷᠢᠭᠤᠴᠠᠨ᠎ᠠ᠃       ᠣᠨᠴᠠᠭᠠᠶᠢᠯᠠᠨ ᠮᠡᠳᠡᠭᠳᠡᠪᠡ᠃                                                                  2019 ᠤᠨ ᠤ 4 ᠰᠠᠷ᠎ᠠ ᠶᠢᠨ 9᠎ ᠤ ᠡᠳᠦᠷ                                                ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2