ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠵᠢᠨᠢᠩ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠠᠵᠢᠯ ᠤᠨ ᠲᠥᠰᠦᠯ︾ ᠪᠠ ︽ᠵᠢᠨᠢᠩ ᠲᠣᠭᠤᠷᠢᠭ ᠤᠨ ᠤᠯᠤᠰ ᠎ ᠤᠨ ᠥᠮᠴᠢᠯᠡᠯ ᠤᠨ ᠠᠵᠤ ᠠᠬᠤᠶᠢᠯᠠᠯ ᠤᠨ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠠᠵᠢᠯ ᠤᠨ ᠲᠥᠰᠦᠯ︾᠎ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2019/11/4
ᠵᠢᠨᠢᠩ ᠵᠠᠰᠠᠭ ᠠᠯᠪᠠᠨ ﹇2019﹈ 60 ᠳ᠋ᠤᠭᠠᠷ ᠲᠣᠭᠠᠲᠤ        ᠲᠤᠭᠤᠷᠢᠭ ‍ᠤᠨ‌‍ᠰᠢᠭᠤᠳ ᠬᠠᠷᠢᠶ᠎ᠠ ᠡᠯ᠎ᠡ ᠨᠠᠮ ᠤᠨ ᠬᠤᠷᠢᠶ᠎ᠠ᠂ ᠨᠠᠮ ᠤᠨ ᠤᠳᠤᠷᠢᠳᠬᠤ ᠳᠤᠭᠤᠶᠢᠯᠠᠩ᠂ ᠡᠯ᠎ᠡ  ᠬᠤᠷᠢᠶ᠎ᠠ᠂ ᠠᠯᠪᠠᠨ ᠭᠡᠷ᠂ ᠲᠣᠪᠴᠢᠶ᠎ᠠ᠂  ᠤᠯᠠᠨ ᠨᠡᠶᠢᠳᠡ ᠶᠢᠨ ᠪᠦᠯᠬᠦᠮ᠂  ᠲᠤᠭᠤᠷᠢᠭ ᠤᠨ ᠰᠢᠭᠤᠳ ᠬᠠᠷᠢᠶ᠎ᠠ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄       ᠪᠥᠬᠦ  ᠲᠤᠭᠤᠷᠢᠭ ᠤᠨ ᠤᠯᠤᠰ ᠎ ᠤᠨ  ᠦᠮᠴᠢᠯᠡᠯᠳᠦ ᠡᠳ᠋ ᠬᠥᠷᠥᠩᠭᠡ ᠶᠢᠨ ︽ᠡᠬᠢ ᠪᠠᠶᠠᠯᠢᠭ︾᠎ ᠢ ᠬᠢᠨᠠᠨ ᠬᠠᠷᠭᠤᠭᠤᠯᠵᠤ᠂ ᠪᠥᠬᠦ  ᠲᠤᠭᠤᠷᠢᠭ ᠤᠨ ᠤᠯᠤᠰ ᠎ ᠤᠨ  ᠦᠮᠴᠢᠯᠡᠯᠳᠦ ᠡᠳ᠋ ᠬᠥᠷᠥᠩᠭᠡ ᠶᠢᠨ ᠶᠠᠰᠤ ᠴᠢᠨᠠᠷ  ᠎ ᠢ ᠬᠢᠨᠠᠨ ᠬᠠᠷᠭᠤᠭᠤᠯᠵᠤ᠂ ᠤᠯᠤᠰ ᠎ ᠤᠨ ᠦᠮᠴᠢᠯᠡᠯᠳᠦ ᠡᠳ᠋ ᠬᠥᠷᠥᠩᠭᠡ ᠶᠢᠨ ᠥᠮᠴᠢᠯᠡᠬᠦ ᠡᠷᠬᠡ ᠶᠢᠨ ᠬᠠᠷᠢᠴᠠᠭ᠎ᠠ ᠶᠢ ᠰᠢᠯᠤᠭᠤᠳᠬᠠᠨ᠂ ᠤᠯᠤᠰ ᠎ ᠤᠨ ᠦᠮᠴᠢᠯᠡᠯᠳᠦ ᠡᠳ᠋ ᠬᠥᠷᠥᠩᠭᠡ ᠶᠢᠨ ᠡᠵᠡᠩᠨᠡᠯᠲᠡ ᠶᠢᠨ ᠰᠠᠭᠤᠷᠢ ᠶᠢ ᠪᠠᠬᠢᠵᠢᠭᠦᠯᠵᠦ᠂ ᠤᠯᠤᠰ ᠎ ᠤᠨ ᠦᠮᠴᠢᠯᠡᠯᠳᠦ ᠡᠳ᠋ ᠬᠥᠷᠥᠩᠭᠡ ᠶᠢᠨ ᠥᠷᠲᠡᠭ ᠨᠡᠮᠡᠭᠳᠡᠬᠦ ᠵᠡᠷᠭᠡ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠶᠢᠨ ᠲᠤᠰᠠᠳᠠ᠂ 2019᠎  ᠤᠨ ᠤ 7 ᠳ᠋ᠤᠭᠠᠷ ᠰᠠᠷ᠎ᠠ ᠠᠴᠠ ᠡᠬᠢᠯᠡᠨ᠂ ᠪᠥᠬᠦ  ᠲᠤᠭᠤᠷᠢᠭ ᠤᠨ ᠤᠯᠤᠰ ᠎ ᠤᠨ  ᠦᠮᠴᠢᠯᠡᠯᠳᠦ ᠡᠳ᠋ ᠬᠥᠷᠥᠩᠭᠡ ᠶᠢᠨ ᠢᠯᠭᠠᠷᠠᠭᠤᠯᠤᠨ ᠪᠠᠶᠢᠴᠠᠭᠠᠬᠤ ᠠᠵᠢᠯ ᠢ ᠠᠯᠬᠤᠮ ᠳᠠᠷᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠲᠣᠭᠲᠠᠪᠠ᠂ ᠡᠭᠦᠨ ᠳᠤ ᠤᠯᠤᠰ ᠎ ᠤᠨ ᠦᠮᠴᠢᠯᠡᠯᠳᠦ  ᠠᠵᠤ ᠠᠬᠤᠶᠢᠯᠠᠯ ᠪᠣᠯᠤᠨ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠤᠯᠤᠰ ᠎ ᠤᠨ ᠦᠮᠴᠢᠯᠡᠯᠳᠦ  ᠡᠳ᠋ ᠬᠥᠷᠥᠩᠭᠡ ᠶᠢᠨ ᠥᠷᠲᠡᠭ ᠨᠡᠮᠡᠭᠳᠡᠭᠦᠯᠬᠦ ᠵᠡᠷᠭᠡ ᠪᠠᠭᠲᠠᠨ᠎ᠠ᠃ ᠡᠳᠦᠭᠡ ︽ᠵᠢᠨᠢᠩ ᠲᠣᠭᠤᠷᠢᠭ ᠤᠨ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠤᠯᠤᠰ ᠎ ᠤᠨ ᠦᠮᠴᠢᠯᠡᠯᠳᠦ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠠᠵᠢᠯ ᠤᠨ ᠲᠥᠰᠦᠯ︾ ᠪᠣᠯᠤᠨ ︽ᠵᠢᠨᠢᠩ ᠲᠣᠭᠤᠷᠢᠭ ᠤᠨ ᠤᠯᠤᠰ ᠎ ᠤᠨ ᠦᠮᠴᠢᠯᠡᠯᠳᠦ ᠠᠵᠤ ᠠᠬᠤᠶᠢᠯᠠᠯ ᠤᠨ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠠᠵᠢᠯ ᠤᠨ ᠲᠥᠰᠦᠯ︾᠎ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠤᠯᠤᠰ ᠤᠨ ᠦᠮᠴᠢᠯᠡᠯᠳᠦ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠬᠦ ᠶᠢᠨ ᠬᠠᠮᠲᠤ ᠠᠵᠢᠯ ᠤᠨ ᠳᠤᠮᠳᠠᠬᠢ ᠬᠤᠯᠪᠣᠭᠳᠠᠯ ᠪᠦᠬᠦᠢ ᠪᠠᠶᠢᠳᠠᠯ ᠪᠣᠯᠤᠨ ᠠᠰᠠᠭᠤᠳᠠᠯ ᠢᠶᠠᠨ  ᠲᠤᠭᠤᠷᠢᠭ ᠤᠨ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠠᠵᠢᠯ ᠤᠨ ᠠᠯᠪᠠᠨ ᠭᠡᠷ ︵B 5 ᠳ᠋ᠤᠭᠠᠷ ᠨᠣᠮᠧᠷᠲᠤ ᠠᠰᠠᠷ ᠤᠨ206 ᠠᠯᠪᠠᠨ ᠭᠡᠷ᠂ ᠬᠠᠷᠢᠯᠴᠠᠬᠤ ᠤᠲᠠᠰᠤ᠄ 8185658︶᠎ ᠳᠤ  ᠤᠳᠠᠰᠤᠳᠠᠵᠦ  ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃                                          2019 ᠤᠨ ᠤ7 ᠰᠠᠷ᠎ᠠ ᠶᠢᠨ30᠎ ᠤ ᠡᠳᠦᠷ                                               ᠤᠷᠴᠢᠭᠤᠯᠤᠭᠴᠢ᠄  ᠲᠤᠶᠠᠭ᠎ᠠ
 
ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2