ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠣᠷᠣᠯᠠᠨ ᠭᠦᠶᠴᠡᠳᠬᠡᠬᠦ ᠪᠠᠶᠢᠭᠤᠯᠤᠮᠵᠢ ᠪᠣᠯᠤᠨ ᠪᠠᠶᠢᠭᠤᠯᠤᠭᠰᠠᠨ ᠦᠨ᠎ᠡ ᠶᠢᠨ ᠵᠦᠪᠯᠡᠯᠭᠡ ᠥᠭᠬᠦ ᠪᠠᠶᠢᠭᠤᠯᠤᠮᠵᠢ ᠶᠢ ᠲᠥᠪᠯᠡᠷᠡᠭᠦᠯᠦᠨ ᠬᠠᠮᠢᠶᠠᠷᠬᠤ ᠠᠵᠢᠯ ᠤᠨ ᠤᠳᠤᠷᠢᠳᠬᠤ  ᠪᠠᠭ᠎ᠠ ᠳᠤᠭᠤᠶᠢᠯᠠᠩ ᠪᠠᠶᠢᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2019/11/4
ᠵᠢᠨᠢᠩ ᠵᠠᠰᠠᠭ ﹇2019﹈ 193 ᠳ᠋ᠤᠭᠠᠷ ᠲᠣᠭᠠᠲᠤ ᠰᠢᠶᠠᠩ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂  ᠲᠤᠭᠤᠷᠢᠭ ᠤᠨ ᠰᠢᠭᠤᠳ ᠬᠠᠷᠢᠶ᠎ᠠ ᠡᠯ᠎ᠡ ᠨᠢᠭᠡᠴᠡ᠂ ᠤᠯᠤᠰ ‍ᠤᠨ‌ᠦᠮᠴᠢᠯᠡᠯᠳᠦ ᠠᠵᠤ ᠠᠬᠤᠶᠢᠯᠠᠯ ᠄        ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠷᠪᠠᠨ ᠲᠠᠪᠤᠳᠤᠭᠠᠷ ᠬᠤᠭᠤᠴᠠᠭᠠᠨ ᠤ  56 ᠳ᠋ᠤᠭᠠᠷ  ᠤᠳᠠᠭᠠᠨ ᠤ ᠵᠠᠰᠠᠭ ᠤᠨ ᠣᠷᠳᠣᠨ ᠤ ᠬᠤᠷᠠᠯ ᠤᠨ ᠲᠣᠪᠴᠢ ︵﹇2019﹈ 8 ᠳ᠋ᠤᠭᠠᠷ ᠲᠣᠭᠠᠲᠤ︶᠎ ᠶᠢᠨ ᠵᠣᠷᠢᠭ ᠰᠠᠨᠠᠭ᠎ᠠ ᠶᠢ ᠦᠨᠳᠦᠰᠦᠯᠡᠨ᠂ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠣᠷᠣᠯᠠᠨ ᠭᠦᠶᠴᠡᠳᠬᠡᠬᠦ ᠪᠠᠶᠢᠭᠤᠯᠤᠮᠵᠢ ᠪᠠ ᠪᠠᠶᠢᠭᠤᠯᠤᠭᠰᠠᠨ ᠦᠨ᠎ᠡ ᠶᠢᠨ ᠵᠥᠪᠯᠡᠯᠭᠡ ᠥᠭᠬᠦ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠶᠢᠨ ᠲᠥᠯᠥᠭᠡ᠂ ᠰᠤᠳᠤᠯᠬᠤ ᠪᠠᠷ ᠳᠠᠮᠵᠢᠨ᠂ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠵᠢᠨᠢᠩ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠳᠤ ᠬᠤᠳᠠᠯᠳᠤᠨ ᠠᠪᠤᠭᠴᠢ ᠶᠢᠨ ᠬᠤᠪᠢ ᠪᠠᠷ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠵᠦᠶᠯᠡᠰ ᠲᠤ ᠲᠤᠰᠬᠠᠶ ᠦᠶᠯᠡᠴᠢᠯᠡᠭᠡ ᠬᠠᠩᠭᠠᠬᠤ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠣᠷᠣᠯᠠᠨ ᠭᠦᠶᠴᠡᠳᠬᠡᠬᠦ ᠪᠠᠶᠢᠭᠤᠯᠤᠮᠵᠢ ᠪᠠ ᠪᠠᠶᠢᠭᠤᠯᠤᠭᠰᠠᠨ ᠦᠨ᠎ᠡ ᠶᠢᠨ ᠵᠥᠪᠯᠡᠯᠭᠡ ᠥᠭᠬᠦ ᠪᠠᠶᠢᠭᠤᠯᠤᠮᠵᠢ ᠶᠢ ᠨᠢᠭᠡᠳᠦᠯᠲᠡᠶ ᠬᠠᠮᠢᠶᠠᠷᠬᠤ ᠡᠷᠬᠡ ᠣᠯᠭᠤᠭᠰᠠᠨ ᠤ ᠬᠠᠮᠲᠤ᠂ ᠠᠵᠢᠯ ᠤᠨ ᠤᠳᠤᠷᠢᠳᠬᠤ ᠳᠤᠭᠤᠶᠢᠯᠠᠩ  ᠎ ᠢ ᠪᠠᠶᠢᠭᠤᠯᠤᠨ᠎ᠠ᠃ ᠪᠣᠳᠠᠲᠠᠶ ᠪᠦᠷᠢᠯᠳᠦᠬᠦᠨ ᠨᠢ ᠳᠣᠤᠷᠠᠬᠢ ᠮᠡᠲᠦ᠄        ᠳᠤᠭᠤᠶᠢᠯᠠᠩ ᠤᠨ ᠳᠠᠷᠤᠭ᠎ᠠ᠄ ᠪᠠᠨ ᠰᠢᠤ ᠫᠢᠩ        ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠳᠡᠳ᠋ ᠳᠠᠷᠤᠭ᠎ᠠ        ᠳᠤᠭᠤᠶᠢᠯᠠᠩ ᠤᠨ  ᠳᠡᠳ᠋ ᠳᠠᠷᠤᠭ᠎ᠠ᠄ ᠯᠢ ᠰᠢᠶᠠᠩ ᠳ᠋ᠦᠩ       ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ        ᠵᠤᠤ ᠬᠤᠩ ᠢ       ᠲᠤᠭᠤᠷᠢᠭ ᠤᠨ  ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ        ᠪᠦᠷᠢᠯᠳᠦᠬᠦᠨ ᠭᠡᠰᠢᠭᠦᠨ᠄ ᠰᠢᠶᠠᠩ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂  ᠲᠤᠭᠤᠷᠢᠭ ᠤᠨ ᠰᠢᠭᠤᠳ ᠬᠠᠷᠢᠶ᠎ᠠ ᠡᠯ᠎ᠡ ᠨᠢᠭᠡᠴᠡ᠂ ᠤᠯᠤᠰ ᠎ ᠤᠨ  ᠦᠮᠴᠢᠯᠡᠯᠳᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠠᠷᠢᠶ᠎ᠠ ᠡᠯ᠎ᠡ ᠨᠢᠭᠡᠴᠡ᠂ ᠤᠯᠤᠰ ᠎ ᠤᠨ ᠦᠮᠴᠢᠯᠡᠯᠳᠦ  ᠠᠵᠤ ᠠᠬᠤᠶᠢᠯᠠᠯ ᠤᠨ ᠬᠠᠷᠢᠭᠤᠴᠠᠯᠭᠠᠲᠠᠨ        ᠤᠳᠤᠷᠢᠳᠬᠤ ᠳᠤᠭᠤᠶᠢᠯᠠᠩ ᠤᠨ ᠳᠣᠤᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠵᠢᠨᠢᠩ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠡᠯᠳᠡᠰ ᠲᠤ ᠪᠠᠶᠢᠷᠢᠯᠠᠭᠤᠯᠤᠨ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠸᠠᠩ ᠸᠧᠶ ᠪᠢᠨ ᠬᠠᠪᠰᠤᠷᠭᠠᠨ ᠡᠭᠦᠷᠭᠡᠯᠡᠵᠦ᠂ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ ᠲᠤᠰᠬᠠᠶ ᠦᠶᠯᠡᠴᠢᠯᠡᠭᠡ ᠬᠠᠩᠭᠠᠬᠤ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠣᠷᠣᠯᠠᠨ ᠭᠦᠶᠴᠡᠳᠬᠡᠬᠦ ᠪᠠᠶᠢᠭᠤᠯᠤᠮᠵᠢ ᠪᠣᠯᠤᠨ ᠪᠠᠶᠢᠭᠤᠯᠤᠭᠰᠠᠨ ᠦᠨ᠎ᠡ ᠶᠢᠨ  ᠵᠦᠪᠯᠡᠯᠭᠡ ᠥᠭᠬᠦ ᠪᠠᠶᠢᠭᠤᠯᠤᠮᠵᠢ ᠶᠢᠨ ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠨ᠎ᠠ᠃                                         2019 ᠤᠨ ᠤ  7 ᠰᠠᠷ᠎ᠠ ᠶᠢᠨ 22᠎ ᠤᠨ ᠡᠳᠦᠷ                                                 ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2