ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠵᠢᠨᠢᠩ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠠᠵᠢᠯ ᠤᠨ ᠲᠥᠰᠦᠯ︾ ᠪᠠ ︽ᠵᠢᠨᠢᠩ ᠲᠣᠭᠤᠷᠢᠭ ᠤᠨ ᠤᠯᠤᠰ  ᠤᠨ ᠥᠮᠴᠢᠯᠡᠯ ᠤᠨ ᠠᠵᠤ ᠠᠬᠤᠶᠢᠯᠠᠯ ᠤᠨ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2019/11/4
ᠵᠢᠨᠢᠩ ᠵᠠᠰᠠᠭ ᠠᠯᠪᠠᠨ ﹇2019﹈ 60 ᠳ᠋ᠤᠭᠠᠷ ᠲᠣᠭᠠᠲᠤ        ᠲᠤᠭᠤᠷᠢᠭ ‍ᠤᠨ‌‍ᠰᠢᠭᠤᠳ ᠬᠠᠷᠢᠶ᠎ᠠ ᠡᠯ᠎ᠡ ᠨᠠᠮ ᠤᠨ ᠬᠤᠷᠢᠶ᠎ᠠ᠂ ᠨᠠᠮ ᠤᠨ ᠤᠳᠤᠷᠢᠳᠬᠤ ᠳᠤᠭᠤᠶᠢᠯᠠᠩ᠂ ᠡᠯ᠎ᠡ  ᠬᠤᠷᠢᠶ᠎ᠠ᠂ ᠠᠯᠪᠠᠨ ᠭᠡᠷ᠂ ᠲᠣᠪᠴᠢᠶ᠎ᠠ᠂  ᠤᠯᠠᠨ ᠨᠡᠶᠢᠳᠡ ᠶᠢᠨ ᠪᠦᠯᠬᠦᠮ᠂  ᠲᠤᠭᠤᠷᠢᠭ ᠤᠨ ᠰᠢᠭᠤᠳ ᠬᠠᠷᠢᠶ᠎ᠠ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄       ᠪᠥᠬᠦ  ᠲᠤᠭᠤᠷᠢᠭ ᠤᠨ ᠤᠯᠤᠰ  ᠤᠨ  ᠦᠮᠴᠢᠯᠡᠯᠳᠦ ᠡᠳ᠋ ᠬᠥᠷᠥᠩᠭᠡ ᠶᠢᠨ ︽ᠡᠬᠢ ᠪᠠᠶᠠᠯᠢᠭ︾ ᠢ ᠬᠢᠨᠠᠨ ᠬᠠᠷᠭᠤᠭᠤᠯᠵᠤ᠂ ᠪᠥᠬᠦ  ᠲᠤᠭᠤᠷᠢᠭ ᠤᠨ ᠤᠯᠤᠰ  ᠤᠨ  ᠦᠮᠴᠢᠯᠡᠯᠳᠦ ᠡᠳ᠋ ᠬᠥᠷᠥᠩᠭᠡ ᠶᠢᠨ ᠶᠠᠰᠤ ᠴᠢᠨᠠᠷ   ᠢ ᠬᠢᠨᠠᠨ ᠬᠠᠷᠭᠤᠭᠤᠯᠵᠤ᠂ ᠤᠯᠤᠰ  ᠤᠨ ᠦᠮᠴᠢᠯᠡᠯᠳᠦ ᠡᠳ᠋ ᠬᠥᠷᠥᠩᠭᠡ ᠶᠢᠨ ᠥᠮᠴᠢᠯᠡᠬᠦ ᠡᠷᠬᠡ ᠶᠢᠨ ᠬᠠᠷᠢᠴᠠᠭ᠎ᠠ ᠶᠢ ᠰᠢᠯᠤᠭᠤᠳᠬᠠᠨ᠂ ᠤᠯᠤᠰ  ᠤᠨ ᠦᠮᠴᠢᠯᠡᠯᠳᠦ ᠡᠳ᠋ ᠬᠥᠷᠥᠩᠭᠡ ᠶᠢᠨ ᠡᠵᠡᠩᠨᠡᠯᠲᠡ ᠶᠢᠨ ᠰᠠᠭᠤᠷᠢ ᠶᠢ ᠪᠠᠬᠢᠵᠢᠭᠦᠯᠵᠦ᠂ ᠤᠯᠤᠰ  ᠤᠨ ᠦᠮᠴᠢᠯᠡᠯᠳᠦ ᠡᠳ᠋ ᠬᠥᠷᠥᠩᠭᠡ ᠶᠢᠨ ᠥᠷᠲᠡᠭ ᠨᠡᠮᠡᠭᠳᠡᠬᠦ ᠵᠡᠷᠭᠡ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠶᠢᠨ ᠲᠤᠰᠠᠳᠠ᠂ 2019  ᠤᠨ ᠤ 7 ᠳ᠋ᠤᠭᠠᠷ ᠰᠠᠷ᠎ᠠ ᠠᠴᠠ ᠡᠬᠢᠯᠡᠨ᠂ ᠪᠥᠬᠦ  ᠲᠤᠭᠤᠷᠢᠭ ᠤᠨ ᠤᠯᠤᠰ  ᠤᠨ  ᠦᠮᠴᠢᠯᠡᠯᠳᠦ ᠡᠳ᠋ ᠬᠥᠷᠥᠩᠭᠡ ᠶᠢᠨ ᠢᠯᠭᠠᠷᠠᠭᠤᠯᠤᠨ ᠪᠠᠶᠢᠴᠠᠭᠠᠬᠤ ᠠᠵᠢᠯ ᠢ ᠠᠯᠬᠤᠮ ᠳᠠᠷᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠲᠣᠭᠲᠠᠪᠠ᠂ ᠡᠭᠦᠨ ᠳᠤ ᠤᠯᠤᠰ  ᠤᠨ ᠦᠮᠴᠢᠯᠡᠯᠳᠦ  ᠠᠵᠤ ᠠᠬᠤᠶᠢᠯᠠᠯ ᠪᠣᠯᠤᠨ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠤᠯᠤᠰ  ᠤᠨ ᠦᠮᠴᠢᠯᠡᠯᠳᠦ  ᠡᠳ᠋ ᠬᠥᠷᠥᠩᠭᠡ ᠶᠢᠨ ᠥᠷᠲᠡᠭ ᠨᠡᠮᠡᠭᠳᠡᠭᠦᠯᠬᠦ ᠵᠡᠷᠭᠡ ᠪᠠᠭᠲᠠᠨ᠎ᠠ᠃ ᠡᠳᠦᠭᠡ ︽ᠵᠢᠨᠢᠩ ᠲᠣᠭᠤᠷᠢᠭ ᠤᠨ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠤᠯᠤᠰ  ᠤᠨ ᠦᠮᠴᠢᠯᠡᠯᠳᠦ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠠᠵᠢᠯ ᠤᠨ ᠲᠥᠰᠦᠯ︾ ᠪᠣᠯᠤᠨ ︽ᠵᠢᠨᠢᠩ ᠲᠣᠭᠤᠷᠢᠭ ᠤᠨ ᠤᠯᠤᠰ  ᠤᠨ ᠦᠮᠴᠢᠯᠡᠯᠳᠦ ᠠᠵᠤ ᠠᠬᠤᠶᠢᠯᠠᠯ ᠤᠨ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠠᠵᠢᠯ ᠤᠨ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠤᠯᠤᠰ ᠤᠨ ᠦᠮᠴᠢᠯᠡᠯᠳᠦ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠬᠦ ᠶᠢᠨ ᠬᠠᠮᠲᠤ ᠠᠵᠢᠯ ᠤᠨ ᠳᠤᠮᠳᠠᠬᠢ ᠬᠤᠯᠪᠣᠭᠳᠠᠯ ᠪᠦᠬᠦᠢ ᠪᠠᠶᠢᠳᠠᠯ ᠪᠣᠯᠤᠨ ᠠᠰᠠᠭᠤᠳᠠᠯ ᠢᠶᠠᠨ  ᠲᠤᠭᠤᠷᠢᠭ ᠤᠨ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠠᠵᠢᠯ ᠤᠨ ᠠᠯᠪᠠᠨ ᠭᠡᠷ ︵B 5 ᠳ᠋ᠤᠭᠠᠷ ᠨᠣᠮᠧᠷᠲᠤ ᠠᠰᠠᠷ ᠤᠨ206 ᠠᠯᠪᠠᠨ ᠭᠡᠷ᠂ ᠬᠠᠷᠢᠯᠴᠠᠬᠤ ᠤᠲᠠᠰᠤ᠄ 8185658︶ ᠳᠤ  ᠤᠳᠠᠰᠤᠳᠠᠵᠦ  ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃                                          2019 ᠤᠨ ᠤ7 ᠰᠠᠷ᠎ᠠ ᠶᠢᠨ30 ᠤ ᠡᠳᠦᠷ                                               ᠤᠷᠴᠢᠭᠤᠯᠤᠭᠴᠢ᠄  ᠲᠤᠶᠠᠭ᠎ᠠ
 
ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2