︽ᠠᠮᠤᠭᠤᠯᠠᠩᠲᠦ ᠵᠢᠨᠢᠩ︾᠎ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ︽ᠱᠠᠯᠢᠭ ᠵᠠᠪᠬᠠᠶ ᠵᠦᠶᠯ᠂ ᠵᠣᠭᠤᠰ ᠨᠠᠭᠠᠳᠬᠤ᠂ ᠬᠤᠤᠷᠲᠤ ᠡᠳ᠋ ᠫᠠᠨᠽᠠᠯᠠᠭᠰᠠᠨ︾ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠴᠡᠭᠴᠡᠯᠡᠨ  ᠵᠠᠰᠠᠬᠤ ᠬᠡᠷᠡᠭᠲᠡᠢ
ᠨᠡᠶᠢᠲᠡᠯᠡᠭᠰᠡᠨ ᠴᠠᠭ᠄
2019/12/25
ᠰᠤᠷᠪᠤᠯᠵᠢᠯᠠᠭᠰᠠᠨ ᠵᠤᠴᠢᠨ᠄ ᠪᠠᠢ ᠶᠠᠨᠰᠤᠷᠪᠤᠯᠵᠢᠯᠠᠭᠰᠠᠨ ᠴᠠᠭ᠄ 2019 ᠤᠨ ᠤ12 ᠰᠠᠷ᠎ᠠ ᠶᠢᠨ19᠎ ᠤ ᠡᠳᠦᠷ              ︽ᠠᠮᠤᠭᠤᠯᠠᠩᠲᠦ ᠵᠢᠨᠢᠩ︾᠎ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠵᠤ᠂ ᠱᠠᠯᠢᠭ ᠵᠠᠪᠬᠠᠶ ᠵᠦᠶᠯ᠂ ᠵᠣᠭᠤᠰ ᠨᠠᠭᠠᠳᠬᠤ᠂ ᠬᠤᠤᠷᠲᠤ ᠡᠳ᠋ ᠫᠠᠨᠽᠠᠯᠠᠬᠤ ᠶᠠᠯᠠᠲᠤ ᠠᠵᠢᠯᠯᠠᠭ᠎ᠠ ᠳᠤ ᠤᠯᠠᠮ ᠨᠢᠭᠡ ᠠᠯᠬᠤᠮ ᠴᠣᠬᠢᠯᠲᠠ ᠥᠭᠴᠦ ᠴᠡᠭᠴᠡᠯᠡᠨ ᠵᠠᠰᠠᠵᠤ᠂ ︽ᠱᠠᠯᠢᠭ ᠵᠠᠪᠬᠠᠶ ᠵᠦᠶᠯ᠂ ᠵᠣᠭᠤᠰ ᠨᠠᠭᠠᠳᠬᠤ᠂ ᠬᠤᠤᠷᠲᠤ ᠡᠳ᠋ ᠫᠠᠨᠽᠠᠯᠠᠬᠤ︾ ᠠᠵᠢᠯ ᠢ ᠬᠠᠷ᠎ᠠ ᠪᠦᠯᠦᠭᠲᠡᠨ᠂ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠲᠠᠢ ᠤᠶᠠᠯᠳᠤᠭᠤᠯᠵᠤ᠂ ᠵᠢᠯ ᠤᠨ ᠡᠬᠢᠨ ᠳᠤ  ᠱᠠᠯᠢᠭ ᠵᠠᠪᠬᠠᠶ ᠵᠦᠶᠯ᠂ ᠵᠣᠭᠤᠰ ᠨᠠᠭᠠᠳᠬᠤ᠂ ᠬᠤᠤᠷᠲᠤ ᠡᠳ᠋ ᠫᠠᠨᠽᠠᠯᠠᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠲᠥᠰᠦᠯ ᠢ ᠲᠣᠭᠲᠠᠭᠠᠭᠰᠠᠨ ᠪᠥᠭᠡᠳ ᠪᠣᠳᠠᠲᠠᠶ ᠠᠵᠢᠯ ᠤᠨ ᠳᠤᠮᠳᠠ ᠨᠡᠯᠢᠶᠡᠳ ᠰᠠᠶᠢᠨ ᠠᠮᠵᠢᠯᠲᠠ ᠣᠯᠵᠤ᠂ ᠨᠡᠶᠢᠭᠡᠮ ᠤᠨ ᠪᠦᠬᠦᠯᠢ ᠴᠣᠭᠴᠠ ᠶᠢᠨ ᠠᠮᠤᠷ ᠲᠦᠪᠰᠢᠨ ᠤ ᠣᠷᠴᠢᠨ ᠨᠥᠬᠦᠴᠡᠯ ᠢ ᠶᠡᠬᠡᠪᠡᠷ ᠴᠡᠪᠡᠷᠰᠢᠭᠦᠯᠵᠦ ᠂ ᠥᠷᠭᠡᠨ ᠣᠯᠠᠨ ᠲᠦᠮᠡᠨ ᠳᠤ ᠠᠮᠤᠷ ᠲᠦᠪᠰᠢᠨ᠂ ᠲᠣᠭᠲᠠᠭᠤᠨ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠵᠤ ᠥᠭᠭᠦᠭᠰᠡᠨ ᠪᠠᠶᠢᠨ᠎ᠠ᠃ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠪᠠᠶ ᠶᠠᠨ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ᠵᠢᠨᠢᠩ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠢᠨ ᠰᠠᠨᠠᠭᠠᠴᠢᠯᠠᠭ᠎ᠠ ᠲᠠᠢ ᠪᠠᠷ ᠳᠠᠭᠠᠷᠢᠯᠲᠠ ᠬᠢᠬᠦ ᠰᠦᠷ ᠬᠦᠴᠦᠲᠦ ᠪᠠᠶᠢᠳᠠᠯ ᠢ ᠪᠠᠷᠢᠮᠲᠠᠯᠠᠵᠤ᠂ ᠱᠠᠯᠢᠭ ᠵᠠᠪᠬᠠᠶ  ᠂ ᠵᠣᠭᠤᠰ ᠮᠥᠷᠦ᠋ᠢᠴᠡᠬᠦ  ᠂ ᠬᠤᠤᠷ ᠫᠠᠨᠽᠠᠯᠠᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠦᠴᠦᠷᠬᠡᠭ ᠶᠡᠭᠡ ᠦᠶᠯᠡᠳᠦᠯ  ᠭᠠᠷᠭᠠᠵᠦ᠂ ᠱᠠᠯᠢᠭ ᠵᠠᠪᠬᠠᠶ ᠵᠣᠭᠤᠰ ᠮᠥᠷᠦ᠋ᠢᠴᠡᠬᠦ ᠬᠤᠤᠷ ᠫᠠᠨᠽᠠᠯᠠᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠦᠲᠦᠮᠵᠢᠲᠡᠶ ᠴᠡᠭᠴᠡᠯᠡᠭᠰᠡᠨ ᠪᠠᠶᠢᠨ᠎ᠠ᠃ ᠠᠮᠤᠷ ᠢ ᠬᠠᠮᠠᠭᠠᠯᠠᠬᠤ ᠠᠷᠠᠳ ᠤᠨ ᠴᠠᠭᠳᠠᠭ᠎ᠠ ᠱᠠᠯᠢᠭ ᠵᠠᠪᠬᠠᠶ ᠵᠦᠶᠯ ᠪᠠ ᠵᠣᠭᠤᠰ ᠨᠠᠭᠠᠳᠬᠤ ᠳᠤ ᠬᠤᠯᠪᠣᠭᠳᠠᠭᠰᠠᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠨᠢᠭᠡᠪᠦᠷᠢ ᠶᠢᠨ ᠰᠦᠪᠡᠭᠴᠢ ᠶᠢ ᠢᠮᠠᠭᠲᠠ ᠴᠢᠩᠭ᠎ᠠ ᠠᠩᠬᠠᠷᠴᠤ᠂ ᠬᠡᠷᠡᠭ ᠪᠣᠯᠭᠠᠨ ᠳᠠᠩᠰᠠᠯᠠᠬᠤ ᠪᠠᠷᠢᠮᠵᠢᠶ᠎ᠠ ᠳᠤ ᠬᠦᠷᠦᠭᠰᠡᠨ ᠪᠦᠬᠦᠨ ᠢ ᠴᠥᠮ ᠬᠡᠷᠡᠭ ᠪᠣᠯᠭᠠᠨ ᠳᠠᠩᠰᠠᠯᠠᠵᠤ ᠲᠦᠢᠯᠪᠤᠷᠢᠲᠠᠶ ᠪᠠᠶᠢᠴᠠᠭᠠᠪᠠ  ᠃ ᠬᠤᠯᠪᠣᠭᠳᠠᠬᠤ ᠬᠡᠪᠴᠢᠶ᠎ᠡ ᠨᠢ ᠥᠷᠭᠡᠨ᠂ ᠬᠡᠷᠡᠭ ᠲᠤ ᠬᠤᠯᠪᠣᠭᠳᠠᠭᠰᠠᠨ ᠬᠥᠮᠦᠨ ᠣᠯᠠᠨ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠱᠠᠯᠢᠭ ᠵᠠᠪᠬᠠᠶ ᠵᠦᠶᠯᠡᠰ ᠪᠠ ᠵᠣᠭᠤᠰ ᠨᠠᠭᠠᠳᠤᠭᠰᠠᠨ ᠬᠡᠷᠡᠭ ᠢ ᠴᠢᠩᠭ᠎ᠠ ᠠᠩᠬᠠᠷᠴᠤ᠂ ︽ᠭᠤᠤᠯ ᠶᠠᠯ᠎ᠠ ᠬᠢᠭᠰᠡᠨ ᠰᠡᠵᠢᠭᠯᠡᠯᠲᠡᠶ ᠬᠥᠮᠦᠨ ᠢ  ᠦᠯᠦ ᠲᠠᠯᠪᠢᠬᠤ᠂ ᠭᠤᠤᠯ ᠬᠦᠴᠦᠨ ᠪᠠ ᠠᠰᠢᠭ ᠲᠤᠰᠠ ᠶᠢᠨ ᠬᠡᠯᠬᠢᠶ᠎ᠡ ᠶᠢ ᠠᠷᠢᠯᠭᠠᠬᠤ ᠦᠭᠡᠢ ᠪᠣᠯ ᠦᠯᠦ ᠲᠠᠯᠪᠢᠬᠤ  ᠬᠠᠮᠠᠭᠠᠯᠠᠬᠤ ᠰᠢᠬᠦᠷ ᠢ  ᠲᠤᠳᠤᠯᠠᠬᠤ ᠦᠭᠡᠢ ᠪᠣᠯ  ᠦᠯᠦ ᠲᠠᠯᠪᠢᠬᠤ︾  ᠎ ᠪᠠᠷ ᠵᠠᠷᠴᠢᠮ ᠪᠣᠯᠭᠠᠵᠤ᠂ ᠡᠷᠡᠰ ᠢᠶᠠᠷ ᠡᠴᠦᠰ ᠲᠤᠨᠢ ᠲᠤᠯᠲᠠᠯ᠎ᠠ ᠪᠠᠶᠢᠴᠠᠭᠠᠪᠠ᠃ ᠬᠥᠳᠡᠭᠡ ᠲᠣᠰᠬᠤᠨ ᠤ ᠭᠠᠵᠠᠷ ᠣᠷᠣᠨ ᠤ ᠨᠡᠭᠦᠳᠡᠯᠯᠡᠨ ᠵᠣᠭᠤᠰ ᠨᠠᠭᠠᠳᠬᠤ᠂ ᠬᠢᠯᠢ ᠠᠯᠤᠰᠯᠠᠭᠰᠠᠨ ᠰᠦᠯᠵᠢᠶ᠎ᠡ ᠪᠠᠷ ᠵᠣᠭᠤᠰ ᠨᠠᠭᠠᠳᠬᠤ ᠵᠡᠷᠭᠡ ᠬᠦᠨᠳᠦ ᠨᠣᠴᠢᠲᠠᠶ ᠬᠤᠤᠷ ᠬᠥᠨᠥᠭᠡᠯ ᠤᠴᠠᠷᠠᠭᠤᠯᠤᠭᠰᠠᠨ ᠠᠰᠠᠭᠤᠳᠠᠯ ᠪᠠ ᠰᠢᠨ᠎ᠡ ᠬᠡᠯᠪᠡᠷᠢ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠭᠯᠡᠭᠦᠯᠦᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ   ︽ᠱᠠᠯᠢᠭ ᠵᠠᠪᠬᠠᠶ ᠵᠦᠶᠯᠡᠰ᠂ ᠵᠣᠭᠤᠰ ᠨᠠᠭᠠᠳᠬᠤ᠂ ᠬᠤᠤᠷᠲᠤ ᠡᠳ᠋ ᠫᠠᠨᠽᠠᠯᠠᠬᠤ︾᠂ ︽ᠬᠢᠯᠢ ᠠᠯᠤᠰᠯᠠᠭᠰᠠᠨ ᠰᠦᠯᠵᠢᠶ᠎ᠡ ᠪᠠᠷ ᠵᠣᠭᠤᠰ ᠨᠠᠭᠠᠳᠬᠤ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ︾ ᠵᠡᠷᠭᠡ ᠰᠢᠷᠢᠰ ᠲᠤᠰᠬᠠᠶ ᠠᠵᠢᠯᠯᠠᠭ᠎ᠠ ᠶᠢ ᠥᠷᠨᠢᠭᠦᠯᠪᠡ᠃ ᠡᠭᠦᠨ ᠤ ᠬᠠᠮᠲᠤ ᠬᠡᠷᠡᠭ ᠲᠤ ᠬᠤᠯᠪᠣᠭᠳᠠᠭᠰᠠᠨ ᠬᠥᠮᠦᠰ ᠢ ᠪᠠᠷᠢᠪᠴᠢᠯᠠᠬᠤ ᠪᠠ ᠬᠡᠷᠡᠭ ᠲᠤ ᠬᠤᠯᠪᠣᠭᠳᠠᠭᠰᠠᠨ ᠵᠣᠭᠤᠰ ᠮᠥᠩᠭᠦ ᠡᠳ᠋ ᠪᠣᠳᠠᠰ ᠢ  ᠬᠤᠷᠢᠶᠠᠮᠵᠢᠯᠠᠬᠤ ᠶᠢ ᠬᠡᠷᠡᠭᠵᠢᠭᠦᠯᠵᠦ᠂ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠭᠦᠨ ᠮᠠᠯᠲᠠᠬᠤ ᠪᠠᠷ  ᠬᠦᠴᠦᠯᠡᠵᠦ᠂ ᠬᠠᠤᠯᠢ ᠪᠤᠰᠤ ᠪᠠᠷ ᠣᠯᠤᠭᠰᠠᠨ ᠠᠰᠢᠭ ᠣᠯᠵᠠᠪᠤᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠨᠡᠬᠡᠮᠵᠢᠯᠡᠨ ᠲᠤᠰᠢᠶᠠᠯᠭᠠᠵᠤ᠂ ᠱᠠᠯᠢᠭ ᠵᠠᠪᠬᠠᠶ ᠵᠣᠭᠤᠰ ᠮᠥᠷᠦ᠋ᠢᠴᠡᠬᠦ ᠬᠤᠤᠷᠲᠤ ᠡᠳ᠋ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠪᠣᠶ ᠪᠣᠯᠬᠤ ︽ᠬᠥᠷᠥᠰᠥ ᠰᠢᠷᠣᠶ︾᠎ ᠶᠢ ᠲᠤᠶᠢᠯᠪᠤᠷᠢᠲᠠᠢ ᠠᠷᠢᠯᠭᠠᠪᠠ᠃          ᠪᠠᠶ ᠶᠠᠨ ᠲᠠᠨᠢᠯᠴᠠᠭᠤᠯᠬᠤ ᠳᠠᠭᠠᠨ᠂ ᠤᠳᠤ ᠪᠣᠯᠲᠠᠯ᠎ᠠ ᠵᠢᠨᠢᠩ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠱᠠᠯᠢᠭ ᠵᠠᠪᠬᠠᠶ ᠵᠦᠶᠯ᠂ ᠵᠣᠭᠤᠰ ᠨᠠᠭᠠᠳᠬᠤ᠂ ᠬᠤᠤᠷᠲᠤ ᠡᠳ᠋ ᠫᠠᠨᠽᠠᠯᠠᠬᠤ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ ᠨᠡᠶᠢᠲᠡ 36 ᠤᠳᠠᠭ᠎ᠠ ᠥᠷᠨᠢᠭᠦᠯᠵᠦ᠂ ᠤᠷᠢᠳ ᠬᠤᠵᠢᠳ 800 ᠭᠠᠷᠤᠶ ᠴᠠᠭᠳᠠᠭ᠎ᠠ ᠬᠥᠳᠡᠯᠭᠡᠵᠦ᠂ ᠱᠠᠯᠢᠭ ᠵᠠᠪᠬᠠᠶ ᠵᠦᠶᠯ ᠳᠤ ᠬᠤᠯᠪᠣᠭᠳᠠᠭᠰᠠᠨ 7 ᠬᠡᠷᠡᠭ ᠢ ᠰᠢᠶᠳᠪᠦᠷᠢᠯᠡᠵᠦ᠂ ᠱᠠᠯᠢᠭ ᠵᠠᠪᠬᠠᠶ ᠵᠦᠶᠯ ᠳᠤ ᠬᠤᠯᠪᠣᠭᠳᠠᠭᠰᠠᠨ ᠬᠠᠤᠯᠢ ᠶᠢ ᠵᠥᠷᠢᠴᠡᠭᠰᠡᠨ 13 ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠰᠢᠶᠳᠪᠦᠷᠢᠯᠡᠭᠰᠡᠨ ᠪᠠᠶᠢᠨ᠎ᠠ ᠭᠡᠵᠡᠶ᠃ ᠵᠣᠭᠤᠰ ᠨᠠᠭᠠᠳᠬᠤ ᠳᠤ ᠬᠤᠯᠪᠣᠭᠳᠠᠭᠰᠠᠨ 72 ᠬᠡᠷᠡᠭ ᠢ ᠰᠢᠶᠳᠪᠦᠷᠢᠯᠡᠵᠦ᠂ ᠵᠣᠭᠤᠰ ᠨᠠᠭᠠᠳᠬᠤ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ 524 ᠬᠥᠮᠦᠨ ᠳᠤ ᠴᠣᠬᠢᠯᠲᠠ ᠥᠭᠴᠦ ᠰᠢᠶᠳᠪᠦᠷᠢᠯᠡᠪᠡ᠃ ᠬᠤᠤᠷᠲᠤ ᠡᠳ᠋ ᠲᠤ ᠬᠤᠯᠪᠣᠭᠳᠠᠭᠰᠠᠨ ᠶᠠᠯᠠᠲᠤ ᠠᠵᠢᠯᠯᠠᠭ᠎ᠠ ᠳᠤ᠂ ︽2019 ᠣᠨ᠂ ᠬᠤᠶᠠᠷ ᠲᠤ ᠴᠣᠬᠢᠯᠲᠠ ᠥᠭᠴᠦ ᠬᠤᠶᠠᠷ ᠢ ᠬᠢᠵᠠᠭᠠᠷᠯᠠᠬᠤ︾ ᠲᠤᠰᠬᠠᠶ ᠠᠵᠢᠯᠯᠠᠭ᠎ᠠ ᠪᠠᠷ ᠭᠤᠤᠯ ᠰᠢᠵᠢᠮ ᠪᠣᠯᠭᠠᠵᠤ᠂ ᠶᠡᠭᠡ ᠬᠡᠷᠡᠭ ᠢ ᠲᠤᠭᠤᠷᠠᠲᠠᠯ᠎ᠠ ᠰᠢᠶᠳᠪᠦᠷᠢᠯᠡᠬᠦ ᠪᠠᠷ ᠴᠢᠷᠮᠠᠶᠢᠵᠤ᠂ ᠪᠠᠭ᠎ᠠ ᠬᠡᠷᠡᠭ ᠢ ᠭᠦᠨ ᠠᠭᠤᠳᠠᠯᠵᠤ᠂ ᠴᠣᠬᠢᠯᠲᠠ ᠥᠭᠬᠦ ᠦᠷ᠎ᠡ ᠪᠦᠲᠦᠮᠵᠢ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠪᠡ᠃ ᠡᠨᠡ ᠵᠢᠯ ᠬᠤᠤᠷᠲᠤ ᠡᠳ᠋ ᠲᠤ ᠬᠤᠯᠪᠣᠭᠳᠠᠭᠰᠠᠨ ᠨᠡᠶᠢᠲᠡ 85 ᠵᠠᠰᠠᠭ ᠵᠠᠬᠢᠷᠭᠠᠨ ᠤ ᠬᠡᠷᠡᠭ᠂ 82 ᠬᠥᠮᠦᠨ ᠢ ᠰᠢᠶᠳᠪᠦᠷᠢᠯᠡᠵᠦ᠂ 5 ᠬᠤᠤᠷᠲᠤ ᠡᠳ᠋ ᠢ ᠬᠠᠤᠯᠢ ᠪᠤᠰᠤ ᠪᠠᠷ ᠡᠵᠡᠮᠰᠢᠭᠰᠡᠨ ᠬᠡᠷᠡᠭ᠂ 5 ᠬᠥᠮᠦᠨ ᠢ ᠰᠢᠶᠳᠪᠦᠷᠢᠯᠡᠵᠦ᠂ ᠵᠣᠭᠤᠰ ᠨᠠᠭᠠᠳᠬᠤ ᠳᠤ ᠬᠤᠯᠪᠣᠭᠳᠠᠭᠰᠠᠨ 6 ᠡᠷᠡᠭᠦᠤ ᠶᠢᠨ ᠬᠡᠷᠡᠭ ᠢ ᠰᠢᠶᠳᠪᠦᠷᠢᠯᠡᠪᠡ᠃ 12 ᠬᠥᠮᠦᠨ ᠢ ᠡᠷᠡᠭᠦᠤ ᠶᠢᠨ ᠬᠡᠷᠡᠭ ᠢᠶᠠᠷ ᠲᠦᠷ ᠬᠤᠷᠢᠵᠤ᠂ 105.01 ᠭᠷᠠᠮ ᠬᠤᠤᠷᠲᠤ ᠡᠳ᠋ ᠬᠤᠷᠢᠶᠠᠨ ᠠᠪᠤᠪᠠ᠃         ᠪᠠᠶ ᠶᠠᠨ ᠰᠤᠷᠪᠤᠯᠵᠢᠯᠠᠭᠴᠢ ᠳᠤ ᠵᠢᠨᠢᠩ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠱᠠᠯᠢᠭ ᠵᠠᠪᠬᠠᠶ ᠵᠦᠶᠯ᠂ ᠵᠣᠭᠤᠰ ᠨᠠᠭᠠᠳᠬᠤ᠂ ᠬᠤᠤᠷᠲᠤ ᠡᠳ᠋ ᠫᠠᠨᠽᠠᠯᠠᠬᠤ ᠳᠤ ᠴᠣᠬᠢᠯᠲᠠ ᠥᠭᠬᠦ ᠠᠵᠢᠯ ᠎ ᠤᠨ ᠭᠢᠯᠠᠰ ᠴᠡᠭ  ᠢ ᠲᠠᠨᠢᠯᠴᠠᠭᠤᠯᠵᠠᠶ᠄ ᠵᠢᠨᠢᠩ ᠲᠣᠭᠤᠷᠢᠭ ᠤᠨ ᠭᠠᠯᠲᠤ ᠲᠡᠷᠭᠡᠨ ᠥᠷᠲᠡᠭᠡ᠂ ᠳᠥᠷᠪᠡᠳᠦᠭᠡᠷ ᠵᠠᠰᠠᠮᠠᠯ ᠵᠠᠮ᠂ ᠴᠡᠷᠢᠭ ᠤᠨ ᠥᠷᠲᠡᠭᠡ ᠶᠢᠨ  ᠤᠶᠢᠷ᠎ᠠ  ᠬᠠᠪᠢ ᠶᠢᠨ ᠨᠡᠶᠢᠭᠡᠮ ᠤᠨ ᠠᠮᠤᠷ ᠲᠦᠪᠰᠢᠨ ᠤ ᠣᠷᠴᠢᠨ ᠲᠣᠭᠤᠷᠢᠨ ᠶᠡᠷᠦᠨᠢ ᠲᠡᠶᠢᠮᠦ ᠰᠠᠶᠢᠨ ᠪᠢᠰᠢ᠂ ᠬᠡᠳᠦ᠋ᠢᠪᠡᠷ  ᠤᠶᠢᠷ᠎ᠠ ᠶᠢᠨ ᠵᠢᠯ ᠳᠤ ᠡᠷᠭᠢᠨ ᠲᠣᠭᠤᠷᠢᠨ ᠤ ᠠᠮᠤᠷ ᠲᠦᠪᠰᠢᠨ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ ᠪᠠᠶᠢᠭ᠎ᠠ ᠪᠣᠯᠪᠠᠴᠤ ᠲᠤᠶᠢᠯᠪᠤᠷᠢᠲᠠᠢ ᠠᠷᠢᠯᠭᠠᠭᠰᠠᠨ ᠥᠬᠡᠶ᠃ ᠢᠩᠭᠢᠭᠡᠳ ᠡᠨᠡ ᠵᠢᠯ ᠤᠨ ᠡᠬᠢ ᠪᠠᠷ᠂ ᠪᠠᠶ ᠶᠠᠨ ᠳᠡᠳ᠋ ᠳᠠᠷᠤᠭ᠎ᠠ ᠪᠡᠶ᠎ᠡ ᠪᠠᠷ ᠢᠶᠠᠨ ᠳᠤᠭᠤᠶᠢᠯᠠᠩ ᠤᠨ ᠳᠠᠷᠤᠭ᠎ᠠ ᠪᠣᠯᠵᠤ᠂ ᠠᠮᠤᠷ ᠢ ᠬᠠᠮᠠᠭᠠᠯᠠᠬᠤ᠂ ᠣᠨᠴᠠ ᠴᠠᠭᠳᠠᠭ᠎ᠠ ᠪᠣᠯᠤᠨ ᠴᠢᠶᠣᠤ ᠳ᠋ᠦᠩ ᠤᠨ ᠲᠣᠮᠢᠯᠠᠭᠰᠠᠨ ᠰᠠᠯᠪᠤᠷᠢ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠢ ᠭᠠᠯᠲᠤ ᠲᠡᠷᠭᠡᠨ ᠥᠷᠲᠡᠭᠡᠨ ᠤ ᠡᠷᠭᠢᠨ ᠲᠣᠭᠤᠷᠢᠨ ᠤ ︽ᠱᠠᠯᠢᠭ ᠵᠠᠪᠬᠠᠶ ᠵᠦᠶᠯ᠂ ᠵᠣᠭᠤᠰ ᠨᠠᠭᠠᠳᠬᠤ᠂ ᠬᠤᠤᠷᠲᠤ ᠡᠳ᠋ ᠫᠠᠨᠽᠠᠯᠠᠬᠤ︾ ᠠᠮᠤᠷ ᠢ ᠬᠠᠮᠠᠭᠠᠯᠠᠬᠤ ᠲᠤᠰᠬᠠᠶ ᠠᠵᠢᠯᠯᠠᠭᠠᠨ ᠤ ᠤᠳᠤᠷᠢᠳᠬᠤ ᠳᠤᠭᠤᠶᠢᠯᠠᠩ  ᠪᠠᠶᠢᠭᠤᠯᠵᠦ  ᠂ ᠠᠯᠪᠠᠨ ᠭᠡᠷ ᠢ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠭᠡ ᠠᠩᠭᠢ ᠳᠤ ᠲᠣᠬᠢᠷᠠᠭᠤᠯᠪᠠ᠃ ᠭᠠᠯᠲᠤ ᠲᠡᠷᠭᠡᠨ ᠥᠷᠲᠡᠭᠡ᠂ ᠳᠥᠷᠪᠡᠳᠦᠭᠡᠷ ᠵᠠᠰᠠᠮᠠᠯ ᠵᠠᠮ᠂ ᠴᠡᠷᠢᠭ ᠤᠨ ᠥᠷᠲᠡᠭᠡ ᠶᠢᠨ ᠣᠶᠢᠷᠠᠯᠴᠠᠭᠠᠬᠢ ᠨᠡᠶᠢᠭᠡᠮ ᠤᠨ ᠠᠮᠤᠷ ᠲᠦᠪᠰᠢᠨ ᠤ ᠣᠷᠴᠢᠨ ᠲᠣᠭᠤᠷᠢᠨ ᠎ ᠢ ᠲᠥᠪᠯᠡᠷᠡᠭᠦᠯᠦᠨ ᠲᠤᠰᠬᠠᠶ ᠴᠡᠭᠴᠡᠯᠡᠨ ᠵᠠᠰᠠᠵᠤ᠂ ︽ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ᠂ ᠲᠣᠭᠤᠷᠢᠨ ᠴᠠᠭᠳᠠᠵᠤ ᠰᠡᠷᠭᠡᠶᠢᠯᠡᠬᠦ᠂ ᠴᠣᠬᠢᠯᠲᠠ ᠥᠭᠴᠦ ᠴᠡᠭᠴᠡᠯᠡᠨ ᠵᠠᠰᠠᠬᠤ᠂  ᠤᠬᠠᠭᠤᠯᠤᠨ ᠬᠥᠲᠥᠯᠥᠨ ᠵᠢᠯᠣᠭᠤᠳᠬᠤ︾ ᠠᠵᠢᠯ ᠢᠶᠠᠷ ᠭᠠᠷᠲᠠᠨ ᠪᠣᠯᠭᠠᠵᠤ᠂ ᠰᠢᠯᠵᠢᠮᠡᠯ ᠴᠠᠭᠳᠠᠭᠠᠨ ᠤ ᠶᠠᠪᠤᠳᠠᠯ ᠤᠨ ᠥᠷᠥᠭᠡᠨ ᠤ ᠰᠢᠨ᠎ᠡ ᠵᠠᠭᠪᠤᠷ  ᠢ ᠳᠡᠯᠭᠡᠷᠡᠭᠦᠯᠦᠨ ᠬᠡᠷᠡᠭᠯᠡᠵᠦ᠂ ᠴᠠᠭᠳᠠᠭᠠᠨ ᠤ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠵᠡᠭᠡᠯᠢ  ᠭᠤᠳᠤᠮᠵᠢ ᠳᠤ  ᠲᠤᠬᠢᠷᠠᠭᠤᠯᠵᠦ᠂ ᠭᠠᠯᠲᠤ ᠲᠡᠷᠭᠡᠨ ᠥᠷᠲᠡᠭᠡ᠂ ᠳᠥᠷᠪᠡᠳᠦᠭᠡᠷ ᠵᠠᠮ ᠤᠨ ᠵᠠᠮ ᠤᠨ ᠠᠭᠤᠯᠵᠠᠷ ᠲᠠᠬᠢ ᠵᠢᠵᠢᠭ ᠪᠠᠭᠤᠳᠠᠯ ᠤᠨ ᠦᠶᠯᠡᠰ ᠢ ᠲᠥᠪᠯᠡᠷᠡᠭᠦᠯᠦᠨ ᠪᠠᠶᠢᠷᠢᠯᠠᠭᠤᠯᠵᠤ᠂ ᠵᠡᠭᠡᠯᠢ ᠳᠡᠭᠡᠷᠡᠬᠢ ᠴᠠᠭᠳᠠᠨ ᠲᠣᠭᠤᠷᠢᠬᠤ ᠬᠠᠨᠳᠤᠯᠭᠠᠲᠤ ᠴᠢᠨᠠᠷ ᠪᠠ  ᠪᠦᠳᠦᠮᠵᠢᠳᠦ ᠴᠢᠨᠠᠷ  ᠢ ᠳᠡᠭᠡᠭᠰᠢᠯᠡᠭᠦᠯᠦᠨ᠂ ᠪᠦᠬᠦᠯᠢ ᠴᠣᠭᠴᠠ ᠶᠢᠨ ᠰᠡᠷᠭᠡᠶᠢᠯᠡᠨ ᠡᠵᠡᠮᠳᠡᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠢᠯᠠᠩᠭᠤᠶ᠎ᠠ ᠠᠷᠠᠳ ᠣᠯᠠᠨ ᠤ ᠲᠤᠰᠬᠠᠯ ᠴᠢᠩᠭ᠎ᠠ ᠪᠠᠶᠢᠭ᠎ᠠ ᠭᠡᠷ ᠪᠦᠯᠢ ᠶᠢᠨ ᠮᠠᠶ᠋ᠢᠭ ᠤᠨ ᠵᠢᠵᠢᠭ ᠪᠠᠭᠤᠳᠠᠯ ᠤᠨ ᠦᠶᠯᠡᠰ ᠲᠤ ᠱᠠᠯᠢᠭ ᠵᠠᠪᠬᠠᠢ ᠵᠦᠢᠯ ᠪᠠ ᠲᠣᠭᠲᠠᠭᠠᠯ ᠠᠴᠠ ᠵᠥᠷᠢᠴᠡᠨ ᠵᠣᠴᠢᠨ ᠲᠠᠲᠠᠬᠤ ᠦᠵᠡᠭᠳᠡᠯ ᠣᠷᠣᠰᠢᠵᠤ ᠪᠠᠶᠢᠭ᠎ᠠ ᠳᠤ ᠴᠢᠭᠯᠡᠭᠦᠯᠦᠨ᠂ ᠪᠢᠳᠡ ᠴᠠᠭᠳᠠᠭᠠᠨ ᠤ ᠬᠦᠴᠦᠨ ᠢ ᠲᠤᠰᠬᠠᠶ ᠬᠡᠷᠡᠭᠯᠡᠨ᠂ 24 ᠴᠠᠭ ᠤᠨ ᠳᠣᠲᠣᠷ᠎ᠠ ᠠᠩᠭᠢ ᠬᠤᠪᠢᠶᠠᠨ ᠲᠣᠭᠤᠷᠢᠨ ᠡᠵᠡᠮᠳᠡᠵᠦ ᠴᠡᠭᠴᠡᠯᠡᠨ ᠵᠠᠰᠠᠬᠤ ᠠᠵᠢᠯ ᠢ ᠦᠷᠨᠢᠭᠦᠯᠵᠦ᠂ ︽ᠬᠥᠳᠡᠯᠭᠡᠬᠦ ᠳᠤᠮᠳᠠ ᠠᠵᠢᠯ ᠳᠤ ᠪᠡᠯᠡᠳᠬᠡᠬᠦ︾᠎ ᠶᠢ  ᠦᠨᠡᠨᠬᠦ ᠪᠡᠶᠡᠯᠡᠭᠦᠯᠦᠭᠰᠡᠨ ᠪᠠᠶᠢᠨ᠎ᠠ᠃ ᠴᠠᠭᠳᠠᠬᠤ ᠨᠣᠷᠮ᠎ᠠ ᠪᠠ ᠬᠡᠷᠡᠭ ᠬᠠᠮᠢᠶᠠᠷᠬᠤ ᠨᠣᠷᠮ᠎ᠠ ᠨᠢ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠭᠰᠠᠨ ᠢᠶᠠᠷ ᠪᠠᠷᠠᠬᠤ ᠦᠭᠡᠢ ᠪᠠᠰᠠ ᠡᠳᠦᠷ ᠲᠤᠲᠤᠮ ᠤᠨ ᠴᠠᠭᠳᠠᠨ ᠲᠣᠭᠤᠷᠢᠬᠤ᠂  ᠣᠯᠠᠨ ᠲᠦᠮᠡᠨ ᠤ ᠲᠦᠭᠰᠢᠭᠦᠷᠢ  ᠶᠢ ᠮᠡᠳᠡᠭᠦᠯᠵᠦ ᠲᠤᠰᠠᠯᠠᠮᠵᠢ ᠭᠤᠶᠤᠬᠤ ᠶᠢ ᠬᠦᠯᠢᠶᠡᠨ ᠠᠪᠬᠤ ᠦᠶᠯᠡᠳᠦᠯ ᠦᠵᠡᠭᠦᠯᠵᠦ᠂  ᠴᠡᠷᠢᠭ ᠠᠷᠠᠳ ᠤᠨ ᠡᠶ᠎ᠡ ᠵᠣᠬᠢᠴᠠᠯ ᠲᠠᠢ ᠬᠠᠷᠢᠴᠠᠭᠠᠨ ᠤ ᠠᠰᠢᠭᠲᠠᠢ ᠪᠣᠯᠤᠭᠰᠠᠨ ᠪᠠᠶᠢᠨ᠎ᠠ᠃ ᠡᠭᠦᠨ ᠳᠤ ᠡᠷᠭᠢᠨ ᠲᠣᠭᠤᠷᠢᠨ ᠤ ᠵᠢᠵᠢᠭ ᠪᠠᠭᠤᠳᠠᠯ ᠤᠨ ᠦᠨᠡᠨ ᠨᠡᠷ᠎ᠡ ᠪᠠᠷ ᠳᠠᠩᠰᠠᠯᠠᠭᠤᠯᠬᠤ ᠳᠦᠷᠢᠮ ᠪᠣᠯᠤᠨ ᠮᠡᠳᠡᠭᠡ ᠵᠠᠩᠭᠢ ᠶᠢ ᠳᠡᠭᠡᠭᠰᠢ ᠳᠠᠮᠵᠢᠭᠤᠯᠬᠤ ᠠᠵᠢᠯ ᠢ ᠪᠠᠭᠲᠠᠭᠠᠵᠤ᠂ ᠵᠢᠵᠢᠭ ᠪᠠᠭᠤᠳᠠᠯ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠨᠡᠶᠢᠭᠡᠮ ᠤᠨ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠬᠤ ᠬᠡᠷᠡᠭᠲᠡᠶ᠃ ᠵᠢᠵᠢᠭ ᠪᠠᠭᠤᠳᠠᠯ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠣᠯᠵᠤ ᠮᠡᠳᠡᠬᠦ᠂ ᠰᠡᠷᠭᠡᠶᠢᠯᠡᠬᠦ ᠪᠠ ᠴᠣᠬᠢᠯᠲᠠ ᠥᠭᠬᠦ ᠴᠢᠳᠠᠪᠤᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠨᠡᠮᠡᠭᠳᠡᠭᠦᠯᠬᠦ ᠬᠡᠷᠡᠭᠲᠡᠶ᠃        ᠬᠠᠭᠠᠰ ᠵᠢᠯ ᠰᠢᠬᠠᠮ ᠤᠨ ᠲᠤᠰᠬᠠᠶ ᠴᠡᠭᠴᠡᠯᠡᠯᠲᠡ ᠪᠠᠷ ᠳᠠᠮᠵᠢᠨ᠂ ᠡᠷᠭᠢᠨ ᠲᠣᠭᠤᠷᠢᠨ ᠤ ᠨᠡᠶᠢᠭᠡᠮ ᠤᠨ ᠣᠷᠴᠢᠨ ᠲᠣᠭᠤᠷᠢᠨ ᠮᠡᠳᠡᠭᠳᠡᠮ᠎ᠡ ᠰᠠᠶᠢᠵᠢᠷᠠᠵᠤ᠂ ᠭᠡᠷ ᠪᠦᠯᠢ ᠶᠢᠨ ᠵᠢᠵᠢᠭ ᠪᠠᠭᠤᠳᠠᠯ ᠢ ᠪᠦᠬᠦᠨ ᠢ ᠬᠦᠴᠦᠨ ᠦᠭᠡᠢ ᠪᠣᠯᠭᠠᠵᠤ᠂ ᠱᠠᠯᠢᠭ ᠵᠠᠪᠬᠠᠶ ᠵᠦᠶᠯ᠂ ᠵᠣᠭᠤᠰ ᠨᠠᠭᠠᠳᠬᠤ᠂ ᠬᠤᠤᠷᠲᠤ ᠡᠳ᠋ ᠫᠠᠨᠽᠠᠯᠠᠬᠤ ᠦᠵᠡᠭᠳᠡᠯ ᠢ  ᠬᠤᠷᠢᠭᠯᠠᠭᠰᠠᠨ ᠪᠠᠶᠢᠨ᠎ᠠ᠃        ᠪᠠᠶ ᠶᠠᠨ ᠰᠤᠷᠪᠤᠯᠵᠢᠯᠠᠭᠴᠢ ᠳᠤ ᠵᠢᠨᠢᠩ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠱᠠᠯᠢᠭ ᠵᠠᠪᠬᠠᠶ ᠵᠦᠶᠯ᠂ ᠵᠣᠭᠤᠰ ᠨᠠᠭᠠᠳᠬᠤ᠂ ᠬᠤᠤᠷᠲᠤ ᠡᠳ᠋ ᠫᠠᠨᠽᠠᠯᠠᠬᠤ ᠳᠤ ᠴᠣᠬᠢᠯᠲᠠ ᠥᠭᠬᠦ ᠠᠵᠢᠯ ᠥᠷᠨᠢᠭᠦᠯᠬᠦ ᠲᠠᠯ᠎ᠠ ᠪᠠᠷ ᠪᠠᠰᠠ ᠮᠠᠰᠢ ᠣᠯᠠᠨ ᠳᠠᠯᠳᠠ ᠴᠢᠨᠠᠷᠲᠠᠶ ᠠᠰᠠᠭᠤᠳᠠᠯ ᠣᠷᠣᠰᠢᠵᠤ ᠪᠠᠶᠢᠨ᠎ᠠ  ᠭᠡᠵᠡᠢ  ᠃ ︽ᠱᠠᠯᠢᠭ ᠵᠠᠪᠬᠠᠶ ᠵᠦᠶᠯ᠂ ᠵᠣᠭᠤᠰ ᠨᠠᠭᠠᠳᠬᠤ᠂ ᠬᠤᠤᠷᠲᠤ ᠡᠳ᠋ ᠫᠠᠨᠽᠠᠯᠠᠬᠤ︾᠎ ᠨᠢ ᠮᠠᠰᠢ ᠶᠡᠭᠡ ᠳᠠᠯᠳᠠ ᠴᠢᠨᠠᠷᠲᠠᠶ᠂ ᠨᠡᠶᠢᠭᠡᠮ ᠳᠤ ᠨᠡᠪᠴᠢᠬᠦ ᠴᠢᠨᠠᠷ ᠢᠶᠠᠷ ᠴᠢᠩᠭ᠎ᠠ ᠪᠣᠯᠪᠠᠴᠤ ᠪᠠᠰᠠ ᠨᠡᠶᠢᠭᠡᠮ ᠤᠨ ᠬᠥᠭᠵᠢᠯᠲᠡ ᠶᠢᠨ ᠶᠠᠪᠤᠴᠠ ᠳᠠᠬᠢ ᠵᠠᠶᠢᠯᠠᠰᠢ ᠥᠬᠡᠶ ᠦᠷ᠎ᠡ ᠪᠦᠲᠦᠭᠡᠯ ᠮᠥᠨ᠂ ᠡᠨᠡ ᠪᠣᠯ ᠣᠳᠣᠬᠠᠨ ᠤ ᠪᠥᠬᠦ ᠤᠯᠤᠰ ᠤᠨ ᠬᠡᠪᠴᠢᠶᠡᠨ ᠳᠤ ᠣᠷᠣᠰᠢᠵᠤ ᠪᠠᠶᠢᠭ᠎ᠠ ᠬᠠᠮᠲᠤ ᠶᠢᠨ ᠠᠰᠠᠭᠤᠳᠠᠯ ᠪᠣᠯᠤᠨ᠎ᠠ᠃ ᠮᠠᠨ ᠤ  ᠲᠤᠭᠤᠷᠢᠭ ᠤᠨ ᠪᠣᠳᠠᠲᠠᠶ ᠠᠵᠢᠯ ᠢ ᠦᠨᠳᠦᠰᠦᠯᠡᠪᠡᠯ᠂ ︽ᠱᠠᠯᠢᠭ ᠵᠠᠪᠬᠠᠶ ᠵᠦᠶᠯ᠂ ᠵᠣᠭᠤᠰ ᠨᠠᠭᠠᠳᠬᠤ᠂ ᠬᠤᠤᠷ ᠲᠠᠲᠠᠬᠤ︾ ᠠᠵᠢᠯ ᠤᠨ ᠣᠳᠣᠬᠠᠨ ᠳᠤ ᠲᠤᠯᠭᠠᠷᠠᠵᠤ ᠪᠠᠶᠢᠭ᠎ᠠ ᠠᠰᠠᠭᠤᠳᠠᠯ ᠵᠢᠴᠢ ᠬᠦᠴᠢᠷᠳᠡᠯ ᠪᠣᠯ ᠳᠠᠷᠤᠶ ᠳᠣᠲᠣᠭᠠᠳᠤ ᠶᠢ ᠬᠠᠮᠠᠭᠠᠯᠠᠬᠤ ᠠᠵᠢᠯ ᠨᠦᠰᠡᠷ ᠬᠦᠨᠳᠦ ᠪᠠᠶᠢᠵᠤ᠂ ᠢᠯᠠᠩᠭᠤᠶ᠎ᠠ ᠡᠨᠡ ᠵᠢᠯ ᠪᠣᠯ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠶᠡᠬᠡᠪᠡᠷ ᠥᠷᠨᠢᠭᠦᠯᠵᠦ᠂ ︽ᠱᠠᠯᠢᠭ ᠵᠠᠪᠬᠠᠶ ᠵᠦᠶᠯ ᠵᠣᠭᠤᠰ ᠨᠠᠭᠠᠳᠬᠤ ᠬᠤᠤᠷ ᠲᠠᠲᠠᠬᠤ︾ ᠠᠵᠢᠯ ᠤᠨ ᠭᠦᠨᠵᠡᠭᠡᠶ ᠥᠷᠨᠢᠬᠦ ᠶᠢ ᠬᠦᠨᠳᠦ ᠨᠣᠴᠢᠲᠠᠶ ᠨᠥᠯᠥᠭᠡᠯᠡᠵᠦ᠂  ᠦᠷᠭᠦᠯᠵᠢᠯᠡᠨ ᠶᠠᠪᠤᠭᠳᠠᠵᠤ ᠳᠡᠶᠢᠯᠬᠦ ᠦᠭᠡᠢ ᠠᠰᠠᠭᠤᠳᠠᠯ ᠣᠷᠣᠰᠢᠵᠤ  ᠪᠠᠶᠢᠨ᠎ᠠ᠃        ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠢ ᠰᠦᠯᠵᠢᠶᠡᠨ ᠤ ᠪᠣᠯᠵᠣᠭᠠᠲᠤ ᠭᠡᠷ ᠪᠠᠶᠢᠰᠢᠩ ᠪᠣᠯ ᠬᠠᠮᠲᠤ ᠪᠠᠷ ᠡᠳ᠋ᠯᠡᠬᠦ ᠠᠵᠤ ᠠᠬᠤᠢ ᠶᠢᠨ ᠳᠣᠤᠷ ᠮᠡᠨᠳᠦᠯᠡᠭᠰᠡᠨ ᠨᠢᠭᠡ ᠵᠦᠶᠯ ᠤᠨ ᠡᠵᠡᠩᠨᠡᠯᠲᠡ ᠶᠢᠨ ᠵᠠᠭᠪᠤᠷ ᠮᠥᠨ᠂ ᠲᠡᠷᠡ ᠨᠢ ᠬᠤᠪᠢ ᠬᠥᠮᠦᠨ ᠥᠪᠡᠷ ᠤᠨ ᠡᠳ᠋ᠯᠡᠵᠦ ᠪᠠᠶᠢᠭ᠎ᠠ ᠣᠷᠣᠨ ᠰᠠᠭᠤᠴᠠ ᠶᠢᠨ ᠡᠬᠢ ᠪᠠᠶᠠᠯᠢᠭ ᠢᠶᠠᠨ ᠪᠠᠭᠤᠳᠠᠯ ᠤᠨ ᠦᠶᠯᠡᠰ ᠵᠢᠴᠢ ᠲᠦᠷᠢᠶᠡᠰᠦᠨ ᠭᠡᠷ ᠪᠠᠶᠢᠰᠢᠩ ᠲᠠᠢ ᠠᠳᠠᠯᠢᠪᠲᠤᠷ ᠠᠷᠭ᠎ᠠ ᠬᠡᠮᠵᠢᠶ᠎ᠡ ᠠᠪᠴᠤ᠂ ᠬᠤᠨᠣᠭᠯᠠᠬᠤ ᠴᠢᠬᠤᠯᠠᠲᠠᠶ ᠬᠥᠮᠦᠰ ᠲᠤ ᠬᠠᠮᠲᠤ ᠪᠠᠷ ᠡᠳ᠋ᠯᠡᠭᠦᠯᠵᠦ᠂ ᠡᠩ ᠤᠨ ᠪᠠᠶᠢᠳᠠᠯ ᠳᠤ ᠰᠦᠯᠵᠢᠶ᠎ᠡ ᠪᠠᠷ ᠳᠠᠮᠵᠢᠭᠤᠯᠤᠨ ᠠᠷᠠᠯᠵᠢᠶᠠᠨ ᠤ ᠶᠠᠪᠤᠴᠠ ᠶᠢ ᠪᠡᠶᠡᠯᠡᠭᠦᠯᠵᠦ᠂  ᠦᠨᠡᠨ ᠮᠡᠳᠡᠭᠡ ᠵᠠᠩᠭᠢ ᠶᠢ ᠡᠵᠡᠮᠰᠢᠬᠦ ᠶᠢᠨ ᠠᠷᠭ᠎ᠠ ᠦᠭᠡᠢ ᠪᠠᠶᠢᠬᠤ ᠶᠢ ᠵᠢᠭᠠᠵᠤ ᠪᠠᠶᠢᠨ᠎ᠠ᠃ ᠬᠠᠮᠲᠤ ᠪᠠᠷ ᠡᠳ᠋ᠯᠡᠬᠦ ᠠᠵᠤ ᠠᠬᠤᠢ ᠶᠢᠨ ᠰᠦᠯᠵᠢᠶᠡᠨ ᠤ ᠪᠣᠯᠵᠣᠭᠠᠲᠤ ᠭᠡᠷ ᠪᠣᠯᠤᠭᠰᠠᠨ ᠤ ᠬᠤᠪᠢ ᠳᠤ᠂ ᠠᠳᠠᠯᠢ ᠪᠤᠰᠤ ᠤᠯᠠᠮᠵᠢᠯᠠᠯᠲᠤ ᠤᠳᠬ᠎ᠠ ᠠᠭᠤᠯᠭ᠎ᠠ ᠳᠡᠭᠡᠷᠡᠬᠢ ᠬᠤᠨᠣᠭᠯᠠᠬᠤ ᠨᠢᠭᠡᠴᠢ ᠪᠣᠯᠬᠤ ᠪᠥᠭᠡᠳ ᠲᠦᠷᠢᠶᠡᠰᠦᠯᠡᠬᠦ ᠭᠡᠷ ᠪᠠᠶᠢᠰᠢᠩ ᠲᠠᠢ ᠪᠠᠰᠠ ᠵᠣᠬᠢᠬᠤ ᠢᠯᠭᠠᠭ᠎ᠠ ᠲᠠᠢ ᠪᠠᠶᠢᠵᠤ᠂ ᠢᠯᠡᠷᠡᠬᠦ ᠴᠠᠭ ᠨᠢ ᠨᠡᠯᠢᠶᠡᠳ ᠣᠬᠤᠷ ᠪᠠᠶᠢᠳᠠᠭ᠃ ᠡᠶᠢᠮᠦ ᠠᠴᠠ ᠣᠳᠣᠬᠠᠨ ᠳᠤ ᠬᠠᠤᠯᠢ ᠴᠠᠭᠠᠵᠠ ᠶᠢᠨ ᠲᠠᠯ᠎ᠠ ᠪᠠᠷ ᠴᠤ ᠭᠡᠰᠡᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠲᠠᠯ᠎ᠠ ᠪᠠᠷ ᠴᠤ ᠭᠡᠰᠡᠨ ᠴᠥᠮ ᠬᠤᠭᠤᠰᠣᠨ ᠪᠠᠶᠢᠨ᠎ᠠ᠃ ᠭᠡᠪᠡᠴᠦ ᠡᠶᠢᠮᠦᠷᠬᠦᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠨᠢ ᠠᠮᠠᠷᠬᠠᠨ ᠬᠠᠤᠯᠢ ᠶᠢ ᠵᠥᠷᠢᠴᠡᠵᠦ ᠶᠠᠯ᠎ᠠ ᠬᠢᠬᠦ ᠠᠰᠠᠭᠤᠳᠠᠯ ᠡᠭᠦᠰᠳᠡᠭ᠃ ᠣᠳᠣᠬᠠᠨ ᠳᠤ ᠨᠢᠭᠡᠨᠲᠡ ᠣᠯᠠᠨ  ᠨᠡᠶᠢᠳᠡ ᠶᠢᠨ ᠠᠮᠤᠷ ᠲᠦᠪᠰᠢᠨ ᠢ ᠨᠥᠯᠥᠭᠡᠯᠡᠬᠦ‍ ᠨᠢᠭᠡ ᠶᠡᠭᠡ ᠳᠠᠯᠳᠠ ᠭᠡᠮ ᠪᠣᠯᠵᠠᠶ  ᠃        ᠪᠠᠶ ᠶᠠᠨ ᠰᠤᠷᠪᠤᠯᠵᠢᠯᠠᠭᠴᠢ ᠳᠤ ᠵᠢᠨᠢᠩ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ︽ᠱᠠᠯᠢᠭ ᠵᠠᠪᠬᠠᠶ ᠵᠦᠶᠯ ᠵᠣᠭᠤᠰ ᠮᠥᠷᠦ᠋ᠢᠴᠡᠬᠦ ᠬᠤᠤᠷ ᠲᠠᠲᠠᠬᠤ︾ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠳᠠᠷᠠᠭ᠎ᠠ ᠠᠯᠬᠤᠮ ᠤᠨ ᠠᠵᠢᠯ ᠎ ᠤᠨ ᠲᠥᠯᠥᠪᠯᠡᠭᠡ ᠶᠢ ᠲᠠᠨᠢᠯᠴᠠᠭᠤᠯᠪᠠ᠄        ᠨᠢᠭᠡ  ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠱᠠᠯᠢᠭ ᠵᠠᠪᠬᠠᠶ ᠵᠦᠶᠯ ᠵᠣᠭᠤᠰ ᠨᠠᠭᠠᠳᠬᠤ ᠬᠤᠤᠷ ᠲᠠᠲᠠᠬᠤ︾ ᠠᠵᠢᠯ ᠤᠨ ᠥᠷᠨᠢᠯᠲᠡ ᠶᠢ ᠨᠡᠮᠡᠭᠳᠡᠭᠦᠯᠬᠦ ᠬᠡᠷᠡᠭᠲᠡᠶ᠃ ︽ᠱᠠᠯᠢᠭ ᠵᠠᠪᠬᠠᠶ ᠵᠦᠶᠯ ᠵᠣᠭᠤᠰ ᠨᠠᠭᠠᠳᠬᠤ ᠬᠤᠤᠷ ᠲᠠᠲᠠᠬᠤ︾ ᠎ ᠶᠢ ᠬᠤᠷᠢᠭᠯᠠᠬᠤ ᠲᠤᠰᠬᠠᠶ ᠵᠦᠶᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ  ᠢ ᠭᠦᠶᠴᠡᠳ ᠲᠠᠨᠢᠵᠤ᠂ ᠲᠥᠪᠯᠡᠷᠡᠭᠦᠯᠦᠨ ᠢᠯᠭᠠᠷᠠᠭᠤᠯᠵᠤ ᠴᠡᠭᠴᠡᠯᠡᠨ ᠵᠠᠰᠠᠬᠤ ᠠᠵᠢᠯᠯᠠᠭ᠎ᠠ ᠶᠢ ᠠᠮᠤᠷ ᠢ ᠬᠠᠮᠠᠭᠠᠯᠠᠬᠤ ᠲᠣᠭᠲᠠᠭᠤᠨ ᠪᠠᠶᠢᠳᠠᠯ ᠢ ᠬᠠᠮᠠᠭᠠᠯᠠᠬᠤ ᠨᠢᠭᠡ ᠵᠦᠶᠯ ᠤᠨ ᠴᠢᠬᠤᠯᠠ ᠡᠭᠦᠷᠭᠡ ᠪᠣᠯᠭᠠᠨ ᠠᠳᠬᠤᠵᠤ᠂ ᠲᠣᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠢᠮᠪᠠᠶ ᠵᠣᠬᠢᠶᠠᠨ ᠪᠠᠶᠢᠭᠤᠯᠵᠤ᠂ ᠨᠠᠷᠢᠨ ᠨᠢᠮᠪᠠᠶ ᠪᠠᠶᠢᠷᠢᠯᠠᠭᠤᠯᠤᠨ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠵᠤ᠂ ᠠᠮᠤ ᠲᠦᠪᠰᠢᠨ ᠤ ᠠᠵᠢᠯ ᠢ ᠲᠦᠯᠬᠢᠨ ᠠᠬᠢᠭᠤᠯᠵᠤ᠂ ᠲᠤᠰᠬᠠᠶ ᠵᠦᠶᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃        ᠬᠤᠶᠠᠷ  ᠂ ︽ᠱᠠᠯᠢᠭ ᠵᠠᠪᠬᠠᠶ ᠵᠦᠶᠯ ᠵᠣᠭᠤᠰ ᠨᠠᠭᠠᠳᠬᠤ ᠬᠤᠤᠷᠲᠤ ᠡᠳ᠋ ᠫᠠᠨᠽᠠᠯᠠᠬᠤ︾᠎ ᠶᠢ ᠬᠤᠷᠢᠭᠯᠠᠬᠤ ᠲᠤᠰᠬᠠᠶ ᠵᠦᠶᠯ ᠤᠨ ᠠᠵᠢᠯᠯᠠᠭ᠎ᠠ ᠶᠢ ᠵᠣᠷᠢᠯᠭ᠎ᠠ ᠲᠠᠢ᠂ ᠲᠥᠯᠥᠪᠯᠡᠭᠡ ᠲᠠᠢ ᠪᠠᠷ ᠥᠷᠨᠢᠭᠦᠯᠦᠨ᠎ᠡ᠃ ︽ᠱᠠᠯᠢᠭ ᠵᠠᠪᠬᠠᠶ ᠵᠦᠶᠯ᠂ ᠵᠣᠭᠤᠰ ᠨᠠᠭᠠᠳᠬᠤ᠂ ᠬᠤᠤᠷᠲᠤ ᠡᠳ᠋ ᠫᠠᠨᠽᠠᠯᠠᠬᠤ︾᠎ ᠶᠢ ᠬᠤᠷᠢᠭᠯᠠᠬᠤ  ᠠᠵᠢᠯ ᠢ ᠡᠷᠬᠡᠪᠰᠢ ᠬᠠᠨᠳᠤᠯᠭᠠᠲᠤ ᠴᠢᠨᠠᠷᠲᠠᠶ᠂ ᠲᠥᠯᠥᠪᠯᠡᠭᠡ ᠲᠠᠢ᠂ ᠠᠯᠬᠤᠮ ᠳᠠᠷᠠᠭ᠎ᠠ ᠲᠠᠢ ᠪᠠᠷ ᠥᠷᠨᠢᠭᠦᠯᠬᠦ ᠬᠡᠷᠡᠭᠲᠡᠶ᠂ ᠣᠨᠴᠠᠭᠠᠶᠢᠯᠠᠨ ᠬᠥᠮᠦᠨ ᠬᠠᠷ᠎ᠠ ᠨᠡᠯᠢᠶᠡᠳ ᠲᠥᠪᠯᠡᠷᠡᠭᠰᠡᠨ ᠲᠠᠯᠠᠪᠤᠷ᠂ ᠠᠷᠢᠬᠢᠨ ᠮᠤᠬᠤᠯᠠᠭ᠂ K T V᠂ ᠰᠥᠨᠢ ᠶᠢᠨ ᠨᠠᠶᠢᠷ ᠤᠨ ᠭᠠᠵᠠᠷ᠂ ᠤᠬᠢᠶᠠᠯᠭ᠎ᠠ ᠶᠢᠨ ᠲᠥᠪ᠂ ᠬᠥᠯ ᠵᠠᠰᠠᠯᠭ᠎ᠠ ᠶᠢᠨ ᠭᠠᠵᠠᠷ᠂ ᠵᠤᠭᠠᠴᠠᠯ ᠤᠨ ᠭᠠᠵᠠᠷ᠂ ᠵᠣᠴᠢᠳ ᠤᠨ ᠪᠠᠭᠤᠳᠠᠯ᠂ ᠲᠣᠭᠯᠠᠭᠠᠮ ᠤᠨ ᠲᠢᠩᠬᠢᠮ ᠵᠡᠷᠭᠡ ᠵᠤᠭ᠎ᠠ ᠴᠡᠩᠭᠡᠯ ᠤᠨ ᠦᠶᠯᠡᠴᠢᠯᠡᠭᠡᠨ ᠤ ᠠᠵᠢᠯ ᠲᠥᠷᠥᠯ ᠢ ᠴᠡᠭᠴᠡᠯᠡᠨ ᠵᠠᠰᠠᠵᠦ᠂ 24 ᠴᠠᠭ ᠲᠤ ᠲᠣᠭᠤᠷᠢᠨ ᠴᠠᠭᠳᠠᠬᠤ ᠠᠷᠭ᠎ᠠ ᠮᠠᠶ᠋ᠢᠭ ᠢ ᠬᠡᠷᠡᠭᠵᠢᠭᠦᠯᠦᠨ᠎ᠡ  ᠃
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2