ᠵᠢᠨᠢᠩ ᠲᠣᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠵᠢᠷᠠᠨ ᠬᠤᠶᠠᠳᠤᠭᠠᠷ ᠤᠳᠠᠭᠠᠨ ᠤ  ᠪᠠᠶᠢᠡᠭᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019/12/3
      2019᠎  ᠤᠨ ᠤ 9 ᠰᠠᠷ᠎ᠠ ᠶᠢᠨ 20᠎ ᠤ ᠡᠳᠦᠷ᠂  ᠲᠤᠭᠤᠷᠢᠭ ᠤᠨ ᠨᠠᠮ ᠤᠨ  ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ᠂ ᠴᠠᠬᠠᠷ  ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠵᠦᠪᠯᠡᠯ ᠤᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠢᠶ ᠬᠤᠩ ᠵᠢᠨᠢᠩ ᠲᠣᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 62 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ  ᠲᠤᠭᠤᠷᠢᠭ ᠤᠨ ᠨᠠᠮ ᠤᠨ ᠬᠤᠷᠢᠶ᠎ᠠ ᠶᠢᠨ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠲᠤᠬᠠᠶ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠪᠠ ᠬᠤᠷᠠᠯ ᠤᠨ ᠵᠣᠷᠢᠭ ᠰᠠᠨᠠᠭ᠎ᠠ ᠵᠡᠷᠭᠡ ᠬᠠᠮᠢᠶ᠎ᠠ ᠪᠦᠬᠦᠢ ᠵᠦᠶᠯᠡᠰ ᠢ ᠤᠯᠠᠮᠵᠢᠯᠠᠨ  ᠰᠤᠷᠤᠯᠴᠠᠵᠦ ᠰᠤᠳᠤᠯᠪᠠ᠃ ᠳᠤᠤᠷ᠎ᠠ  ᠬᠤᠷᠠᠯ ᠤᠨ ᠭᠤᠤᠯ ᠵᠣᠷᠢᠭ ᠰᠠᠨᠠᠭ᠎ᠠ ᠶᠢ ᠳᠣᠤᠷᠠᠬᠢ ᠮᠡᠲᠦ ᠲᠣᠪᠴᠢᠯᠠᠶ᠎ᠠ᠄       ᠬᠤᠷᠠᠯ ᠠᠴᠠ ᠵᠢᠭᠠᠭᠰᠠᠨ ᠨᠢ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠪᠠᠶᠢᠷᠢᠯᠠᠭᠤᠯᠤᠯᠲᠠ ᠪᠣᠯᠤᠨ᠎ᠠ᠃ ᠤᠭ ᠰᠠᠨᠠᠭ᠎ᠠ ᠪᠠᠨ ᠪᠠᠷᠢᠮᠲᠠᠯᠠᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ᠂ ᠵᠥᠷᠢᠶ᠎ᠡ ᠪᠠᠨ ᠡᠷᠢᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠡᠷᠦᠩᠬᠡᠶ ᠱᠠᠭᠠᠷᠳᠠᠯᠭ᠎ᠠ ᠶᠢ ᠪᠦᠬᠦ ᠲᠠᠯ᠎ᠠ ᠪᠠᠷ ᠡᠵᠡᠮᠳᠡᠵᠦ᠂ ᠡᠯ᠎ᠡ ᠵᠦᠶᠯ ᠤᠨ ᠲᠣᠬᠢᠷᠠᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ᠤᠭ ᠵᠣᠬᠢᠶᠠᠯ ᠢ ᠰᠤᠷᠤᠯᠴᠠᠵᠤ ᠤᠭ ᠶᠣᠰᠣ ᠶᠢ ᠣᠶᠢᠯᠠᠭᠠᠬᠤ ᠶᠢ ᠪᠠᠷᠢᠮᠲᠠᠯᠠᠵᠤ᠂ ᠦᠵᠡᠯ ᠰᠠᠨᠠᠭᠠᠨ ᠤ ᠦᠨᠳᠦᠰᠦ ᠪᠣᠯᠬᠤ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠤᠯᠴᠠᠯᠭ᠎ᠠ ᠶᠢᠨ ᠲᠠᠰᠤᠷᠠᠯᠲᠠ ᠦᠭᠡᠢ ᠭᠦᠨᠵᠡᠭᠡᠶᠢᠷᠡᠬᠦ ᠶᠢ ᠠᠬᠢᠭᠤᠯᠬᠤ ᠬᠡᠷᠡᠭᠲᠡᠶ᠃ ᠪᠠᠶᠢᠴᠠᠭᠠᠨ ᠰᠤᠳᠤᠯᠤᠯᠲᠠ ᠬᠢᠵᠦ᠂ ᠤᠨᠢᠨ ᠳᠡᠭᠡᠷ᠎ᠡ ᠨᠢ ᠪᠠᠶᠢᠴᠠᠭᠠᠨ ᠰᠤᠳᠤᠯᠤᠯᠲᠠ ᠬᠢᠵᠦ᠂ ᠪᠣᠳᠠᠲᠤ ᠪᠠᠶᠢᠳᠠᠯ ᠢ ᠪᠠᠶᠢᠴᠠᠭᠠᠬᠤ᠂ ᠪᠣᠳᠠᠲᠠᠶ ᠠᠷᠭ᠎ᠠ  ᠬᠡᠮᠵᠢᠶ᠎ᠡ ᠭᠠᠷᠭᠠᠬᠤ᠂ ᠪᠣᠳᠠᠲᠠᠶ ᠦᠷ᠎ᠡ ᠪᠦᠲᠦᠮᠵᠢ ᠶᠢ ᠡᠷᠬᠢᠮᠯᠡᠬᠦ ᠳᠡᠭᠡᠷ᠎ᠡ ᠦᠨᠡᠨᠬᠦ ᠬᠦᠴᠦ ᠲᠠᠯᠪᠢᠬᠤ ᠬᠡᠷᠡᠭᠲᠡᠶ  ᠃ ᠠᠰᠠᠭᠤᠳᠠᠯ ᠢ ᠭᠦᠨᠵᠡᠭᠡᠶ ᠪᠠᠶᠢᠴᠠᠭᠠᠨ ᠦᠵᠡᠵᠦ᠂  ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠣᠷᠣᠰᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠣᠨᠣᠪᠴᠢᠲᠠᠶ ᠪᠠᠶᠢᠴᠠᠭᠠᠨ ᠡᠷᠢᠬᠦ ᠬᠡᠷᠡᠭᠲᠡᠢ᠃ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ︽ᠥᠭᠡᠷᠡᠴᠢᠯᠡᠨ ᠰᠠᠶᠢᠵᠢᠷᠠᠭᠤᠯᠬᠤ︾᠎ ᠶᠢ ᠢᠮᠠᠭᠲᠠ ᠲᠤᠭᠤᠰᠢᠯᠠᠭᠤᠯᠵᠠᠶ ᠂ ᠲᠡᠷᠡ ᠳᠠᠷᠤᠶ ᠳᠤᠨᠢ ᠪᠠᠶᠢᠴᠠᠭᠠᠵᠤ ᠲᠡᠷᠡ ᠳᠠᠷᠤᠶ ᠳᠤᠨᠢ ᠥᠭᠡᠷᠡᠴᠢᠯᠡᠨ ᠰᠠᠶᠢᠵᠢᠷᠠᠭᠤᠯᠵᠤ᠂  ᠴᠡᠭᠴᠡᠯᠡᠨ  ᠰᠠᠶᠢᠵᠢᠷᠠᠭᠤᠯᠬᠤ ᠶᠢ ᠴᠠᠭ ᠢᠮᠠᠭᠲᠠ ᠴᠢᠩᠭ᠎ᠠ ᠠᠩᠬᠠᠷᠴᠤ᠂ ᠱᠠᠲᠤ ᠦᠶ᠎ᠡ ᠶᠢᠨ ᠬᠠᠷᠠᠯᠲᠠ ᠪᠠᠨ ᠲᠣᠳᠣᠷᠬᠠᠶᠢᠯᠠᠵᠤ᠂ ᠦᠷᠭᠦᠯᠵᠢᠯᠡᠨ ᠴᠡᠭᠴᠡᠯᠡᠨ ᠰᠠᠶᠢᠵᠢᠷᠠᠭᠤᠯᠵᠤ᠂ ᠭᠤᠤᠯ ᠰᠡᠳᠦᠪᠲᠦ ᠬᠥᠮᠦᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠶ᠃       ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠬᠤᠷᠠᠯ ᠤᠨ ᠶᠠᠷᠢᠯᠴᠠᠭᠰᠠᠨ ᠰᠠᠨᠠᠯ ᠢ ᠨᠠᠷᠢᠨ ᠬᠢᠨᠠᠮᠠᠭᠠᠶ ᠬᠦᠯᠢᠶᠡᠨ ᠠᠪᠴᠤ᠂ ᠡᠯ᠎ᠡ ᠵᠦᠶᠯ ᠤᠨ ᠵᠥᠪᠯᠡᠬᠦ ᠰᠡᠳᠦᠪ ᠤᠨ ᠠᠭᠤᠯᠭ᠎ᠠ ᠶᠢ ᠲᠡᠭᠦᠯᠳᠡᠷᠵᠢᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠬᠠᠷᠠᠯᠲᠠ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠵᠢᠯ ᠎ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠡᠮᠬᠢ ᠵᠢᠷᠤᠮ ᠲᠠᠢ ᠠᠬᠢᠬᠤ ᠶᠢ ᠪᠠᠲᠤᠯᠠᠬᠤ ᠬᠡᠷᠡᠭᠲᠡᠶ᠃       ᠬᠤᠷᠠᠯ ᠠᠴᠠ ᠪᠠᠰᠠ ᠵᠢᠨᠢᠩ ᠲᠣᠭᠤᠷᠢᠭ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠠᠵᠠᠷ ᠬᠡᠷᠡᠭᠯᠡᠬᠦ ᠭᠠᠵᠠᠷ ᠤᠨ ᠦᠨ᠎ᠡ ᠶᠢᠨ ᠪᠠᠷᠢᠮᠵᠢᠶ᠎ᠠ᠂ ᠠᠵᠤ ᠦᠶᠯᠡᠳᠪᠦᠷᠢ ᠶᠢᠨ ᠪᠠᠷᠠᠭ᠎ᠠ ᠶᠢᠨ ᠭᠦᠶᠯᠭᠡᠭᠡᠨ ᠤ ᠲᠥᠷᠥᠯ ᠵᠦᠶᠯ ᠤᠨ ᠰᠠᠭᠤᠷᠢ ᠲᠥᠬᠦᠭᠡᠷᠦᠮᠵᠢ ᠶᠢᠨ ᠢᠵᠢ ᠪᠦᠷᠢᠳᠦᠭᠦᠯᠬᠦ ᠵᠢᠴᠢ ᠭᠦᠸᠧ ᠷᠦᠩ ᠺᠣᠮᠫᠠᠨᠢ ᠶᠢᠨ ᠬᠡᠰᠡᠭ ᠪᠠᠭ᠎ᠠ ᠲᠣᠭᠤᠷᠢᠭ ᠤᠨ ᠢᠯᠴᠢ ᠬᠠᠩᠭᠠᠬᠤ ᠤᠰᠤ ᠬᠠᠩᠭᠠᠬᠤ ᠠᠵᠢᠯ ᠳᠤ ᠬᠤᠶᠠᠳᠠᠬᠢ ᠤᠳᠠᠭ᠎ᠠ ᠬᠠᠮᠢᠶᠠᠷᠬᠤ ᠲᠣᠤᠷ ᠤᠨ ᠥᠭᠡᠷᠡᠴᠢᠯᠡᠯᠲᠡ ᠵᠢᠴᠢ ᠪᠣᠬᠢᠷ ᠤᠰᠤᠨ ᠤ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠵᠡᠷᠭᠡ 16 ᠲᠦᠷᠦᠯ ᠤᠨ ᠵᠥᠪᠯᠡᠬᠦ ᠵᠦᠶᠯ ᠢ ᠶᠠᠷᠢᠯᠴᠠᠨ  ᠰᠤᠳᠤᠯᠪᠠ᠃                                                          ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2