ᠵᠢᠨᠢᠩ ᠲᠣᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠵᠢᠷᠠᠨ ᠭᠤᠷᠪᠠᠳᠤᠭᠠᠷ ᠤᠳᠠᠭᠠᠨ ᠤ  ᠪᠠᠶᠢᠡᠭᠭᠤ ᠵᠢᠨ‌ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019/12/3
      2019 ᠤᠨ ᠤ10 ᠰᠠᠷ᠎ᠠ ᠶᠢᠨ 14᠎ ᠤ ᠡᠳᠦᠷ᠂  ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠳᠠᠷᠤᠭ᠎ᠠ᠂ ᠴᠠᠬᠠᠷ ᠨᠡᠭᠡᠭᠡᠯᠲᠡ ᠶᠢᠨ ᠲᠣᠭᠤᠷᠢᠭ ᠤᠨ ᠨᠠᠮ ‍ᠤᠨ‌ᠠᠵᠢᠯ ᠤᠨ ᠵᠦᠪᠯᠡᠯ ᠤᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠢᠶ ᠬᠤᠩ ᠵᠢᠨᠢᠩ ᠲᠣᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 63 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠰᠣᠨᠣᠰᠴᠤ ᠴᠡᠭᠴᠡᠯᠡᠨ ᠰᠠᠶᠢᠵᠢᠷᠠᠭᠤᠯᠬᠤ ᠵᠡᠷᠭᠡ ᠬᠠᠮᠢᠶ᠎ᠠ ᠪᠦᠬᠦᠢ ᠤᠴᠢᠷ ᠢ ᠰᠤᠳᠤᠯᠪᠠ᠃ ᠳᠤᠤᠷ᠎ᠠ  ᠬᠤᠷᠠᠯ ᠤᠨ ᠭᠤᠤᠯ ᠵᠣᠷᠢᠭ ᠰᠠᠨᠠᠭ᠎ᠠ ᠶᠢ ᠳᠣᠤᠷᠠᠬᠢ ᠮᠡᠲᠦ ᠲᠣᠪᠴᠢᠯᠠᠶ᠎ᠠ᠄       ᠬᠤᠷᠠᠯ ᠠᠴᠠ ᠵᠢᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠠᠬᠢᠭᠤᠯᠵᠤ᠂ ᠱᠠᠲᠤᠴᠢ ᠴᠢᠨᠠᠷᠲᠠᠶ ᠴᠢᠬᠤᠯᠠ ᠦᠷ᠎ᠡ ᠪᠦᠲᠦᠮᠵᠢ ᠣᠯᠵᠠᠶ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠯᠤᠰ ᠲᠥᠷᠥ ᠶᠢᠨ ᠲᠠᠯ᠎ᠠ ᠪᠠᠷ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠥᠪ ᠴᠢᠩᠭ᠎ᠠ ᠨᠠᠷᠢᠨ ᠬᠢᠨᠠᠮᠠᠭᠠᠶ ᠣᠪᠣᠷ᠂  ᠴᠢᠩᠭ᠎ᠠ ᠬᠦᠴᠦᠲᠡᠶ ᠠᠷᠭ᠎ᠠ ᠬᠡᠮᠵᠢᠶ᠎ᠡ ᠪᠠᠷ ᠥᠪᠡᠷᠲᠡᠭᠡᠨ ᠵᠠᠰᠠᠬᠤ ᠣᠷᠣᠨ ᠤ ᠳᠤᠷᠠᠳᠤᠭᠰᠠᠨ ᠡᠯ᠎ᠡ ᠵᠦᠶᠯ ᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠦ ᠂  ᠴᠠᠭ ᠲᠤᠬᠠᠢ ᠳᠤᠨᠢ ᠦᠭᠡᠷᠡᠴᠢᠯᠡᠵᠦ᠂ ᠭᠦᠨᠵᠡᠭᠡᠶ ᠪᠠᠶᠢᠴᠠᠭᠠᠵᠤ ᠭᠦᠨᠵᠡᠭᠡᠶ ᠥᠭᠡᠷᠡᠴᠢᠯᠡᠬᠦ᠂ ᠴᠢᠩᠭ᠎ᠠ ᠪᠠᠶᠢᠴᠠᠭᠠᠵᠤ ᠴᠢᠩᠭ᠎ᠠ ᠵᠠᠰᠠᠬᠤ ᠶᠢ ᠪᠡᠶᠡᠯᠡᠭᠦᠯᠵᠦ᠂ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠠᠵᠢᠯ ᠢ ᠬᠠᠰᠢ ᠶᠠᠰᠤ ᠪᠠᠷ ᠥᠩᠭᠡᠷᠡᠭᠦᠯᠬᠦ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ  ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠥᠰᠦᠯ ᠳᠠᠬᠢ ᠵᠠᠰᠠᠭ ᠤᠨ ᠣᠷᠳᠣᠨ ᠤ ᠬᠤᠯᠪᠣᠭᠳᠠᠭᠰᠠᠨ ᠴᠡᠭᠴᠡᠯᠡᠨ ᠰᠠᠶᠢᠵᠢᠷᠠᠭᠤᠯᠬᠤ ᠵᠦᠶᠯᠡᠰ ᠲᠠᠢ ᠬᠠᠷᠭᠤᠭᠤᠯᠵᠤ᠂ ᠲᠥᠰᠦᠯ ᠢ ᠨᠠᠷᠢᠯᠢᠬᠵᠢᠭᠤᠯᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠲᠣᠭᠲᠠᠭᠰᠠᠨ ᠬᠤᠭᠤᠴᠠᠭᠠᠨ ᠳᠣᠲᠣᠷ᠎ᠠ ᠥᠨᠳᠥᠷ ᠪᠠᠷᠢᠮᠵᠢᠶ᠎ᠠ᠂ ᠴᠢᠨᠠᠷ ᠰᠠᠶᠢᠲᠠᠶ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ  ᠃ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠦᠨᠳᠦᠰᠦ ᠰᠤᠷᠪᠤᠯᠵᠢ ᠶᠢ ᠨᠢ ᠭᠦᠨᠵᠡᠭᠡᠶ ᠠᠭᠤᠳᠠᠯᠵᠤ ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠨᠢ ᠵᠡᠷᠭᠡᠪᠡᠷ ᠵᠠᠰᠠᠬᠤ ᠶᠢ ᠪᠡᠶᠡᠯᠡᠭᠦᠯᠵᠦ᠂ ᠪᠠᠶᠢᠩᠭᠤᠵᠢᠭᠰᠠᠨ᠂ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠬᠦᠴᠦᠯᠡᠨ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠭᠦᠨᠵᠡᠭᠡᠶᠢᠷᠡᠭᠦᠯᠬᠦ ᠬᠡᠷᠡᠭᠲᠡᠶ᠃       ᠵᠢᠶ ᠬᠤᠩ ᠴᠢᠬᠤᠯᠠᠴᠢᠯᠠᠭᠰᠠᠨ ᠨᠢ᠂ ᠤᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠨᠢ ᠮᠠᠨ ᠤ ᠲᠤᠭᠤᠷᠢᠭ ᠤᠨ ᠠᠵᠤ ᠦᠢᠯᠡᠰ ᠤᠨ ᠬᠥᠭᠵᠢᠯᠲᠡ᠂ ᠬᠤᠲᠠ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠳᠤ ᠲᠤᠶᠢᠯ ᠤᠨ ᠶᠡᠭᠡ ᠨᠥᠯᠥᠭᠡ ᠦᠵᠡᠭᠦᠯᠵᠡᠶ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠤᠬᠠᠶᠢᠯᠠᠭᠰᠠᠨ ᠠᠵᠢᠯ ᠢᠶᠠᠨ ᠨᠢᠭᠲᠠ ᠵᠤᠯᠭᠠᠭᠤᠯᠵᠦ᠂ ᠲᠤᠭ᠎ᠠ ᠪᠠᠷᠢᠮᠲᠠ ᠶᠢ ᠬᠤᠷᠢᠶᠠᠩᠭᠤᠶᠢᠯᠠᠬᠤ ᠵᠡᠷᠭᠡ ᠠᠵᠢᠯ ᠢ ᠦᠷᠭᠦᠯᠵᠢᠯᠡᠨ ᠵᠣᠬᠢᠶᠠᠨ ᠪᠠᠶᠢᠭᠤᠯᠤᠨ ᠡᠬᠢᠯᠡᠭᠦᠯᠵᠦ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠶᠢ ᠭᠦᠶᠴᠡᠳ ᠰᠤᠷᠤᠯᠴᠠᠨ ᠲᠣᠯᠢ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠢᠭᠡᠳᠦᠯᠲᠡᠶ‌‍ᠲ᠋ᠥ᠋ᠯᠥᠪᠵᠢᠭᠦᠯᠦᠨ ᠠᠬᠢᠭᠤᠯᠵᠤ᠂ ᠨᠢᠭᠡᠨ‌‍ᠰᠠᠭᠤᠷᠢ ᠲᠦᠬᠦᠭᠡᠷᠤᠮᠵᠢ ᠪᠦᠷᠢᠨ᠂ ᠪᠣᠳᠠᠲᠠᠶ ᠬᠡᠷᠡᠭᠴᠡᠭᠡ ᠲᠠᠢ ᠰᠢᠨ᠎ᠡ ᠬᠡᠯᠪᠡᠷᠢ ᠶᠢᠨ ᠤᠶᠤᠨᠲᠤ ᠬᠤᠲᠠ ᠶᠢᠨ ᠬᠡᠷᠡᠭᠯᠡᠭᠡᠨ ᠤ ᠲᠥᠷᠥᠯ ᠵᠦᠶᠯ ᠢ ᠪᠠᠶᠢᠭᠤᠯᠵᠤ᠂ ᠪᠣᠳᠠᠲᠠᠶ ᠶᠢ ᠡᠷᠬᠢᠮᠯᠡᠨ ᠥᠨᠳᠥᠷ ᠪᠦᠲᠦᠮᠵᠢᠲᠡᠶ ᠪᠠᠷ ᠮᠠᠨ ᠤ  ᠲᠤᠭᠤᠷᠢᠭ ᠤᠨ  ᠤᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠶ᠃       ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ  ᠬᠠᠷᠠᠯᠲᠠ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠵᠢᠯ ᠎ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠨᠢᠭᠲᠠ ᠬᠠᠮᠵᠢᠯᠴᠠᠵᠤ᠂ ᠬᠤᠷᠠᠯ ᠤᠨ ᠶᠠᠷᠢᠯᠴᠠᠭᠰᠠᠨ ᠰᠠᠨᠠᠯ ᠢ ᠨᠠᠷᠢᠨ ᠬᠢᠨᠠᠮᠠᠭᠠᠶ ᠬᠦᠯᠢᠶᠡᠨ ᠠᠪᠴᠤ᠂ ᠡᠯ᠎ᠡ ᠵᠦᠶᠯ ᠤᠨ ᠵᠥᠪᠯᠡᠬᠦ ᠰᠡᠳᠦᠪ ᠎ ᠤᠨ ᠲᠥᠰᠦᠯ ᠤᠨ ᠠᠭᠤᠯᠭ᠎ᠠ ᠶᠢ ᠲᠡᠭᠦᠯᠳᠡᠷᠵᠢᠭᠦᠯᠵᠦ᠂  ᠠᠷᠭ᠎ᠠ ᠪᠤᠲᠤᠯᠭ᠎ᠠ  ᠪᠠᠨ‌‍ᠲ᠋ᠤᠭᠲᠠᠭᠠᠵᠦ᠂ ᠬᠠᠷᠢᠭᠤᠴᠠᠯᠭ᠎ᠠ ᠪᠠᠨ ᠬᠤᠪᠢᠶᠠᠷᠢᠯᠡᠵᠦ᠂ ᠠᠷᠭ᠎ᠠ ᠪᠤᠳᠦᠯᠭ᠎ᠠ ᠪᠠᠨ ᠬᠡᠷᠡᠭᠵᠢᠭᠦᠯᠬᠦ᠂ ᠬᠠᠷᠠᠯᠲᠠ ᠡᠭᠦᠷᠭᠡ ᠪᠠᠨ ᠤᠯᠠᠮ ᠴᠢᠨᠠᠭᠰᠢᠳᠠ ᠲᠣᠳᠣᠷᠬᠠᠶᠢᠯᠠᠵᠤ᠂ ᠡᠯ᠎ᠡ ᠵᠦᠶᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ︵ᠳᠦᠷᠢᠮᠲᠦ︶ ᠴᠠᠭᠳᠠᠭᠠᠨ ᠤ ᠲᠡᠷᠭᠡ ᠵᠢᠴᠢ ᠣᠨᠴᠠ ᠲᠥᠷᠥᠯ ᠤᠨ ᠲᠤᠰᠬᠠᠶ ᠮᠡᠷᠭᠡᠵᠢᠯ ᠤᠨ ᠲᠡᠷᠭᠡ ᠶᠢ ᠬᠤᠳᠠᠯᠳᠤᠨ ᠠᠪᠬᠤ᠂ ᠬᠠᠭᠤᠴᠢᠨ ᠬᠤᠲᠠ ᠶᠢᠨ ᠲᠣᠭᠤᠷᠢᠭ ᠤᠨ ᠪᠣᠬᠢᠷ ᠤᠰᠤᠨ ᠤ ᠬᠤᠭᠤᠯᠠᠶ ᠶᠢᠨ ᠲᠣᠤᠷ  ᠢ ᠥᠭᠡᠷᠡᠴᠢᠯᠡᠬᠦ᠂ ᠲᠣᠭᠤᠷᠢᠭ ᠤᠨ ᠵᠤᠭᠠᠴᠠᠯ ᠤᠨ ᠪᠡᠯᠡ ᠣᠷᠣᠭᠤᠯᠤᠯᠲᠠ ᠶᠢᠨ ᠺᠣᠮᠫᠠᠨᠢ 2 ᠬᠤᠪᠢᠶᠠᠷᠢ ᠺᠣᠮᠫᠠᠨᠢ ᠪᠠᠶᠢᠭᠤᠯᠬᠤ ᠵᠡᠷᠭᠡ ᠬᠠᠮᠢᠶ᠎ᠠ ᠪᠦᠬᠦᠢ ᠤᠴᠢᠷ ᠶᠠᠪᠤᠳᠠᠯ ᠤᠨ ᠲᠤᠬᠠᠶ ᠰᠤᠳᠤᠯᠪᠠ᠃                                                              ᠤᠷᠴᠢᠭᠤᠯᠤᠭᠴᠢ᠄ ᠲᠤᠶᠠᠭ᠎ᠠ    
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2