ᠵᠢᠨᠢᠩ ᠲᠣᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠵᠢᠷᠠᠨ ᠳᠥᠷᠪᠡᠳᠦᠭᠡᠷ ᠤᠳᠠᠭᠠᠨ ᠤ  ᠪᠠᠶᠢᠡᠭᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019/12/4
      2019᠎  ᠤᠨ ᠤ 11 ᠰᠠᠷ᠎ᠠ ᠶᠢᠨ 12᠎ ᠤᠨ ᠡᠳᠦᠷ᠂  ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ᠂ ᠴᠠᠬᠠᠷ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠵᠦᠪᠯᠡᠯ ᠤᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠢᠶ ᠬᠤᠩ ᠵᠢᠨᠢᠩ ᠲᠣᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 32 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠵᠢᠴᠢ 64 ᠳ᠋ᠤᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠨᠡᠶᠢᠭᠡᠮ ᠳᠤ ᠬᠠᠨᠳᠤᠭᠤᠯᠤᠨ ᠢᠯᠡ ᠪᠠᠷ ᠠᠵᠢᠯᠲᠠᠨ ᠡᠯᠰᠡᠬᠦ ᠵᠡᠷᠭᠡ ᠬᠠᠮᠢᠶ᠎ᠠ ᠪᠦᠬᠦᠢ ᠤᠴᠢᠷ ᠶᠠᠪᠤᠳᠠᠯ ᠤᠨ ᠲᠤᠬᠠᠶ ᠰᠤᠳᠤᠯᠪᠠ᠃       ᠬᠤᠷᠠᠯ ᠠᠴᠠ ᠵᠢᠭᠠᠭᠰᠠᠨ ᠨᠢ  ᠂ ᠠᠯᠪᠠᠨ ᠶᠠᠪᠤᠳᠠᠯ ᠤᠨ ᠬᠦᠯᠢᠶᠡᠨ ᠵᠣᠴᠢᠯᠠᠬᠤ ᠦᠶᠯᠡᠴᠢᠯᠡᠭᠡᠨ ᠤ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠬᠤᠷᠠᠯ ᠤᠨ ᠣᠶᠤᠨᠴᠢᠯᠠᠭᠰᠠᠨ ᠦᠶᠯᠡᠴᠢᠯᠡᠭᠡᠨ ᠤ ᠬᠡᠷᠡᠭᠴᠡᠭᠡ ᠶᠢ ᠦᠨᠡᠨᠬᠦ ᠬᠠᠩᠭᠠᠬᠤ ᠶᠢᠨ ᠲᠥᠯᠥᠭᠡ᠂ ᠲᠤᠭᠤᠷᠢᠭ ᠤᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠠᠴᠠ ᠨᠡᠶᠢᠭᠡᠮ ᠨᠡᠶᠢᠳᠡ ᠠᠴᠠ ᠢᠯᠡ ᠪᠠᠷ ᠠᠵᠢᠯᠲᠠᠨ ᠡᠯᠰᠡᠬᠦ ᠪᠠᠷ ᠪᠠᠶᠢᠨ᠎ᠠ᠃       ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠎ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠨᠠᠷᠢᠨ ᠨᠢᠮᠪᠠᠶ ᠪᠠᠶᠢᠷᠢᠯᠠᠭᠤᠯᠵᠤ᠂ ᠨᠠᠷᠢᠨ ᠬᠢᠨᠠᠮᠠᠭᠠᠶ ᠨᠠᠶᠢᠳᠠᠪᠤᠷᠢᠵᠢᠭᠤᠯᠬᠤ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠶᠯ ᠤᠨ ᠠᠵᠢᠯ ᠢᠶᠠᠨ ᠨᠠᠷᠢᠯᠢᠭ ᠬᠢᠬᠦ ᠶᠢ ᠠᠬᠢᠭᠤᠯᠬᠤ ᠬᠡᠷᠡᠭᠲᠡᠶ  ᠃  ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠢᠳᠡᠪᠬᠢᠲᠡᠶ ᠪᠠᠷ  ᠡᠯᠡᠰᠴᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠢᠯ ᠳᠠᠷᠠᠭᠠᠯᠠᠨ ᠤᠷᠢᠨ ᠬᠡᠷᠡᠭᠯᠡᠬᠦ ᠶᠢ ᠥᠷᠨᠢᠭᠦᠯᠬᠦ ᠵᠠᠷᠴᠢᠮ ᠶᠣᠰᠣᠭᠠᠷ᠂ ᠤᠷᠢᠨ ᠬᠡᠷᠡᠭᠯᠡᠬᠦ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠴᠢᠳᠠᠪᠤᠷᠢᠲᠠᠨ ᠤ ᠬᠥᠭᠵᠢᠯᠲᠡ ᠶᠢ  ᠦᠨᠡᠨᠬᠦ ᠪᠤᠢ ᠪᠣᠯᠭᠠᠬᠤ ᠬᠡᠷᠡᠭᠲᠡᠶ  ᠃    ᠬᠤᠷᠠᠯ ᠢᠶᠠᠷ ᠶᠠᠷᠢᠯᠴᠠᠭᠰᠠᠨ ᠰᠠᠨᠠᠯ ᠢ ᠬᠢᠨᠠᠮᠠᠭᠠᠶ ᠬᠦᠯᠢᠶᠡᠨ ᠠᠪᠴᠤ᠂ ᠡᠯ᠎ᠡ ᠵᠦᠶᠯ ᠤᠨ ᠵᠥᠪᠯᠡᠬᠦ ᠰᠡᠳᠦᠪ ᠎ ᠤᠨ ᠠᠭᠤᠯᠭ᠎ᠠ ᠶᠢ ᠲᠡᠭᠦᠯᠳᠡᠷᠵᠢᠭᠦᠯᠦᠨ᠂ ᠬᠠᠷᠢᠭᠤᠴᠠᠯᠭ᠎ᠠ ᠶᠢᠨ ᠬᠠᠷᠠᠯᠲᠠ ᠪᠠᠨ ᠲᠣᠳᠣᠷᠬᠠᠶᠢᠯᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠡᠯ᠎ᠡ ᠵᠦᠶᠯ ᠤᠨ ᠠᠵᠢᠯ ᠤᠨ ᠡᠮᠬᠢ ᠵᠢᠷᠤᠮ ᠲᠠᠢ ᠠᠬᠢᠬᠤ ᠶᠢ ᠦᠨᠡᠨᠬᠦ ᠪᠠᠲᠤᠯᠠᠬᠤ ᠬᠡᠷᠡᠭᠲᠡᠶ᠃       ᠬᠤᠷᠠᠯ ᠠᠴᠠ ᠪᠠᠰᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠭᠦᠬᠦ ᠲᠢᠩᠬᠢᠮ ᠢ ᠪᠠᠶᠢᠭᠤᠯᠬᠤ ᠬᠠᠮᠢᠶ᠎ᠠ ᠪᠦᠬᠦᠢ ᠤᠴᠢᠷ ᠶᠠᠪᠤᠳᠠᠯ᠂ ᠱᠠᠩᠬᠠᠢ ᠳᠤ ᠰᠠᠭᠤᠬᠤ ᠠᠷᠠᠯᠵᠢᠶᠠᠴᠢᠨ ᠤᠷᠢᠬᠤ ᠬᠠᠷᠢᠯᠴᠠᠬᠤ ᠭᠠᠵᠠᠷ ᠢ ᠪᠠᠶᠢᠭᠤᠯᠬᠤ ᠵᠡᠷᠭᠡ ᠬᠠᠮᠢᠶ᠎ᠠ ᠪᠦᠬᠦᠢ ᠤᠴᠢᠷ ᠶᠠᠪᠤᠳᠠᠯ ᠤᠨ ᠲᠤᠬᠠᠶ ᠰᠤᠳᠤᠯᠪᠠ᠃                                                                        ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2