ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ︽ᠵᠢᠨᠢᠩ ᠲᠣᠭᠤᠷᠢᠭ ᠤᠨ ᠪᠣᠯᠪᠠᠰᠤᠨ ᠢᠶᠠᠷ ᠨᠣᠬᠠᠶ ᠲᠡᠵᠢᠭᠡᠬᠦ ᠵᠢᠴᠢ ᠲᠡᠨᠦᠭᠦᠯ ᠨᠣᠬᠠᠶ ᠶᠢ ᠬᠤᠷᠢᠶᠠᠨ ᠠᠪᠴᠤ ᠬᠠᠮᠢᠶᠠᠷᠬᠤ ᠠᠵᠢᠯ ᠤᠨ ᠬᠡᠷᠡᠭᠵᠢᠭᠦᠯᠬᠦ ᠲᠥᠰᠦᠯ︾᠎ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2019/12/5
               ᠵᠢᠨᠢᠩ ᠵᠠᠰᠠᠭ  ︹ 2019 ︺74  ᠳ᠋ᠤᠭᠡᠷ ᠲᠣᠭᠠᠲᠤ ᠰᠢᠶᠠᠩ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠤᠭᠤᠷᠢᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠨᠢᠭᠡᠴᠡ ᠳᠤ᠄        ᠡᠳᠦᠭᠡ ︽ᠵᠢᠨᠢᠩ ᠲᠣᠭᠤᠷᠢᠭ ᠤᠨ ᠪᠣᠯᠪᠠᠰᠤᠨ ᠢᠶᠠᠷ ᠨᠣᠬᠠᠶ ᠲᠡᠵᠢᠭᠡᠬᠦ ᠵᠢᠴᠢ ᠲᠡᠨᠦᠭᠦᠯ ᠨᠣᠬᠠᠶ ᠶᠢ ᠬᠤᠷᠢᠶᠠᠮᠵᠢᠯᠠᠨ ᠬᠠᠮᠢᠶᠠᠷᠬᠤ ᠠᠵᠢᠯ ᠤᠨ ᠬᠡᠷᠡᠭᠵᠢᠭᠦᠯᠬᠦ ᠲᠥᠰᠦᠯ︾᠎ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃                                             2019᠎  ᠤᠨ ᠤ 10 ᠰᠠᠷ᠎ᠠ ᠶᠢᠨ 30᠎ ᠤ ᠡᠳᠦᠷ         ᠵᠢᠨᠢᠩ  ᠲᠤᠭᠤᠷᠢᠭ ᠤᠨ ᠪᠣᠯᠪᠠᠰᠤᠨ ᠢᠶᠠᠷ ᠨᠣᠬᠠᠶ ᠲᠡᠵᠢᠭᠡᠬᠦ ᠵᠢᠴᠢ ᠲᠡᠨᠦᠭᠦᠯ ᠨᠣᠬᠠᠶ ᠶᠢ ᠬᠤᠷᠢᠶᠠᠮᠵᠢᠯᠠᠨ ᠬᠠᠮᠢᠶᠠᠷᠬᠤ ᠠᠵᠢᠯ ᠤᠨ ᠬᠡᠷᠡᠭᠵᠢᠭᠦᠯᠬᠦ ᠲᠥᠰᠦᠯ       ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾᠎ ᠶᠢ ᠦᠶᠯᠡᠳᠦᠯᠭᠡᠵᠢᠭᠦᠯᠦᠨ᠂ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠵᠤ᠂ ᠮᠠᠨ ᠤ ᠲᠤᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠦᠬᠦ ᠲᠤᠭᠤᠷᠢᠭ ᠤᠨ ᠬᠡᠪᠴᠢᠶᠡᠨ ᠳᠤ ᠪᠣᠯᠪᠠᠰᠤᠨ ᠢᠶᠠᠷ ᠨᠣᠬᠠᠶ ᠲᠡᠵᠢᠭᠡᠬᠦ ᠦᠢᠯᠡ ᠠᠵᠢᠯᠯᠠᠭ᠎ᠠ ᠵᠢᠴᠢ ᠲᠡᠨᠦᠭᠦᠯ ᠨᠣᠬᠠᠶ ᠶᠢ ᠬᠤᠷᠢᠶᠠᠨ ᠠᠪᠴᠤ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠶᠢᠨ ᠲᠤᠰᠠᠳᠠ᠂  ᠤᠨᠴᠠᠭᠠᠶᠢᠯᠠᠨ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃        ᠨᠢᠭᠡ᠂ ᠠᠵᠢᠯ ᠤᠨ ᠬᠠᠷᠠᠯᠲᠠ         ᠪᠣᠯᠪᠠᠰᠤᠨ ᠪᠤᠰᠤ ᠨᠣᠬᠠᠶ ᠲᠡᠵᠢᠭᠡᠬᠦ᠂ ᠲᠡᠨᠦᠭᠦᠯ ᠨᠣᠬᠠᠶ ᠶᠢ ᠬᠤᠷᠢᠶᠠᠨ ᠠᠪᠬᠤ ᠵᠡᠷᠭᠡ ᠰᠠᠭᠤᠭᠠᠯᠢ ᠠᠷᠠᠳ ᠤᠨ ᠠᠩᠬᠠᠷᠴᠤ ᠪᠠᠶᠢᠭ᠎ᠠ ᠠᠰᠠᠭᠤᠳᠠᠯ ᠢ ᠰᠢᠶᠳᠪᠦᠷᠢᠯᠡᠵᠦ᠂ ︽ ᠲᠡᠵᠢᠭᠡᠭᠰᠡᠨ ᠨᠣᠬᠠᠶ ᠎ ᠪᠠᠨ  ᠬᠠᠮᠢᠶᠠᠷᠬᠤ᠂ ᠨᠣᠬᠠᠶ ᠲᠡᠵᠢᠭᠡᠬᠦ ᠳᠤ ᠤᠷᠢᠳᠠᠪᠠᠷ ᠬᠥᠮᠦᠨ ᠢ ᠬᠠᠮᠢᠶᠠᠷᠬᠤ︾ ᠵᠠᠷᠴᠢᠮ ᠢ ᠪᠠᠷᠢᠮᠲᠠᠯᠠᠨ᠂ ᠪᠦᠬᠦ ᠲᠤᠭᠤᠷᠢᠭ ᠤᠨ ᠰᠠᠭᠤᠭᠠᠯᠢ ᠠᠷᠠᠳ ᠤᠨ  ᠪᠤᠯᠪᠠᠰᠤᠨ ᠪᠤᠰᠤ ᠪᠠᠷ ᠨᠣᠬᠠᠶ ᠲᠡᠵᠢᠭᠡᠬᠦ ᠪᠠᠶᠢᠳᠠᠯ ᠢ ᠪᠦᠬᠦ ᠲᠠᠯ᠎ᠠ ᠪᠠᠷ ᠠᠷᠢᠯᠭᠠᠵᠤ᠂ ᠪᠣᠯᠪᠠᠰᠤᠨ ᠪᠤᠰᠤ ᠨᠣᠬᠠᠶ ᠲᠡᠵᠢᠭᠡᠬᠦ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠵᠤ᠂ ᠪᠣᠯᠪᠠᠰᠤᠨ ᠢᠶᠠᠷ ᠨᠣᠬᠠᠶ ᠲᠡᠵᠢᠭᠡᠬᠦ ᠵᠢᠴᠢ ᠲᠡᠨᠦᠭᠦᠯ ᠨᠣᠬᠠᠶ ᠶᠢ ᠬᠤᠷᠢᠶᠠᠨ ᠠᠪᠬᠤ ᠵᠡᠷᠭᠡ ᠤᠷᠲᠤ ᠬᠤᠭᠤᠴᠠᠭᠠᠨ ᠤ ᠪᠦᠲᠦᠮᠵᠢᠲᠡᠶ ᠦᠢᠯᠡ ᠠᠵᠢᠯᠯᠠᠭ᠎ᠠ ᠶᠢ ᠰᠦᠪᠡᠭᠴᠢᠯᠡᠨ ᠪᠠᠶᠢᠭᠤᠯᠬᠤ ᠬᠡᠷᠡᠭᠲᠡᠶ᠃        ᠬᠤᠶᠠᠷ᠂ ᠠᠰᠠᠭᠤᠳᠠᠯ ᠢ ᠭᠤᠤᠯᠳᠠᠯᠭ᠎ᠠ ᠲᠠᠢ ᠰᠢᠶᠳᠪᠦᠷᠢᠯᠡᠬᠦ        ᠬᠤᠲᠠ ᠶᠢᠨ ᠲᠣᠭᠤᠷᠢᠭ ᠲᠤ ᠲᠡᠵᠢᠭᠡᠬᠦ ᠶᠢ ᠴᠠᠭᠠᠵᠠᠯᠠᠬᠤ᠂  ᠨᠣᠬᠠᠶ ᠲᠡᠵᠢᠭᠡᠬᠦ ᠴᠠᠷᠤᠯᠲᠠ ᠶᠢᠨ ᠠᠰᠠᠭᠤᠳᠠᠯ  ᠂ ᠲᠡᠨᠦᠭᠦᠯ ᠨᠣᠬᠠᠶ ᠶᠢ ᠬᠤᠷᠢᠶᠠᠮᠵᠢᠯᠠᠵᠤ ᠠᠪᠤᠷᠠᠨ ᠡᠮᠨᠡᠬᠦ ᠠᠰᠠᠭᠤᠳᠠᠯ  ᠂  ᠲᠡᠵᠢᠭᠡᠭᠰᠡᠨ ᠨᠣᠬᠠᠶ ᠎ ᠪᠠᠨ ᠤᠶᠠᠬᠤ ᠦᠭᠡᠢ᠂ ᠠᠮᠠᠪᠴᠢ ᠵᠡᠭᠦᠯᠭᠡᠬᠦ ᠦᠭᠡᠢ᠂ ᠨᠣᠬᠠᠶ ᠪᠠᠨ ᠤᠬᠢᠶᠠᠵᠦ ᠴᠡᠪᠡᠷᠯᠡᠬᠦ ᠦᠭᠡᠢ ᠵᠡᠷᠭᠡ ᠪᠠᠶᠢᠳᠠᠯ᠂ ᠨᠣᠬᠠᠶ ᠳᠠᠭᠠᠭᠤᠯᠵᠤ ᠣᠯᠠᠨ ᠨᠡᠶᠢᠳᠡ ᠶᠢᠨ ᠲᠠᠯᠠᠪᠤᠷ ᠢᠶᠠᠷ ᠣᠷᠣᠵᠤ ᠭᠠᠷᠬᠤ ᠠᠰᠠᠭᠤᠳᠠᠯ᠂ ᠬᠥᠷᠰᠢ ᠵᠡᠷᠭᠡᠯᠡᠳᠡᠭᠡ ᠶᠢᠨ ᠠᠮᠢᠳᠤᠷᠠᠯ ᠢ ᠨᠥᠯᠥᠭᠡᠯᠡᠭᠰᠡᠨ ᠠᠰᠠᠭᠤᠳᠠᠯ᠂ ᠨᠣᠬᠠᠶ ᠶᠢᠨ ᠡᠵᠡᠨ ᠬᠠᠮᠢᠶᠠᠷᠤᠯᠲᠠ ᠶᠢ ᠳᠠᠭᠠᠬᠤ ᠦᠭᠡᠢ᠂ ᠬᠠᠤᠯᠢ ᠬᠡᠷᠡᠭᠵᠢᠭᠦᠯᠬᠦ ᠶᠢ ᠬᠠᠷᠰᠢᠯᠠᠬᠤ ᠪᠤᠶᠤ ᠬᠠᠤᠯᠢ ᠶᠢ ᠬᠦᠴᠦᠷᠬᠡᠭᠯᠡᠯ ᠢᠶᠠᠷ ᠡᠰᠡᠷᠭᠦᠴᠡᠬᠦ ᠠᠰᠠᠭᠤᠳᠠᠯ  ᠂ ᠲᠡᠵᠢᠭᠡᠭᠰᠡᠨ ᠨᠣᠬᠠᠶ ᠪᠠᠨ ᠣᠷᠬᠢᠬᠤ ᠠᠰᠠᠭᠤᠳᠠᠯ  ᠂ ᠲᠡᠨᠦᠭᠦᠯ ᠨᠣᠬᠠᠶ ᠶᠢ ᠬᠤᠷᠢᠶᠠᠨ ᠠᠪᠬᠤ ᠭᠠᠵᠠᠷ ᠬᠦᠴᠢᠷᠲᠡᠶ ᠪᠠᠶᠢᠬᠤ ᠠᠰᠠᠭᠤᠳᠠᠯ ᠎ ᠢ  ᠭᠤᠤᠯᠳᠠᠯᠭ᠎ᠠ ᠲᠠᠢ ᠰᠢᠢᠳᠪᠦᠷᠢᠯᠡᠨ᠎ᠡ᠃        ᠭᠤᠷᠪᠠ᠂ ᠰᠢᠶᠳᠪᠦᠷᠢᠯᠡᠬᠦ ᠠᠷᠭ᠎ᠠ        ᠵᠠᠰᠠᠭ ᠤᠨ ᠣᠷᠳᠣᠨ ᠠᠴᠠ ᠨᠡᠶᠢᠲᠡᠯᠡᠨ ᠬᠡᠷᠡᠭᠵᠢᠭᠦᠯᠵᠦ᠂  ᠠᠰᠠᠭᠤᠳᠠᠯ ᠢ ᠵᠢᠷᠤᠮᠵᠢᠭᠤᠯᠬᠤ ᠪᠠ ᠮᠡᠳᠡᠭᠳᠡᠵᠦ ᠂ ᠲᠧᠯᠸᠢᠰ ᠬᠤᠷᠢᠶ᠎ᠠ᠂ ᠰᠣᠨᠢᠨ᠂   ᠲᠤᠤᠷ ᠰᠦᠯᠵᠢᠶ᠎ᠡ᠂ ᠪᠢᠴᠢᠯ ᠪᠦᠷᠭᠡ  ᠎ ᠪᠠᠷ ᠳᠠᠮᠵᠢᠭᠤᠯᠤᠨ ᠤᠬᠠᠭᠤᠯᠬᠤ ᠶᠢᠨ ᠬᠠᠮᠲᠤ ᠤᠬᠠᠭᠤᠯᠭ᠎ᠠ ᠶᠢᠨ ᠬᠠᠭᠤᠳᠠᠰᠤ ᠶᠢ ᠲᠠᠷᠬᠠᠭᠠᠬᠤ ᠬᠡᠷᠡᠭᠲᠡᠶ᠃ ᠨᠢᠭᠡ ᠳᠤ᠂ ᠬᠤᠲᠠ ᠶᠢᠨ ᠲᠣᠭᠤᠷᠢᠭ ᠲᠤ ᠲᠡᠵᠢᠭᠡᠬᠦ ᠶᠢ  ᠴᠠᠭᠠᠵᠠᠯᠠᠵᠦ᠂ ᠨᠣᠬᠠᠶ ︵ᠳᠣᠭᠰᠢᠨ ᠨᠣᠬᠠᠶ᠂ ᠲᠣᠮᠣ ᠨᠣᠬᠠᠶ︶ ᠲᠡᠵᠢᠭᠡᠬᠦ ᠠᠰᠠᠭᠤᠳᠠᠯ ᠢ ᠲᠠᠷᠢᠶᠠᠯᠠᠩ ᠮᠠᠯ ᠠᠵᠤ ᠠᠬᠤᠢ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠬᠠᠷᠢᠭᠤᠴᠠᠨ ᠬᠦᠷᠢᠶ᠎ᠡ ᠬᠡᠪᠴᠢᠶ᠎ᠡ ᠶᠢ ᠬᠤᠪᠢᠶᠠᠷᠢᠯᠠᠨ ᠲᠣᠭᠲᠠᠭᠠᠬᠤ ᠶᠢᠨ ᠬᠠᠮᠲᠤ ᠲᠡᠵᠢᠭᠡᠬᠦ ᠶᠢ ᠴᠠᠭᠠᠵᠠᠯᠠᠬᠤ ᠨᠣᠬᠠᠶ ᠶᠢ ᠮᠠᠭᠠᠳᠯᠠᠨ ᠲᠣᠭᠲᠠᠭᠠᠨ᠎ᠠ  ᠃ ᠬᠤᠶᠠᠷ ᠲᠤ  ᠂ ᠨᠣᠬᠠᠶ ᠲᠡᠵᠢᠭᠡᠬᠦ ᠠᠰᠠᠭᠤᠳᠠᠯ ᠢ ᠲᠦᠷ ᠴᠠᠭ ᠲᠠᠷᠢᠶᠠᠯᠠᠩ ᠮᠠᠯ ᠠᠵᠤ ᠠᠬᠤᠢ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠬᠠᠮᠢᠶᠠᠷᠴᠦ᠂ ᠨᠣᠬᠠᠶ ᠳᠤ ᠵᠥᠪᠬᠡᠨ ᠮᠡᠳᠡᠭᠡ ᠵᠠᠩᠭᠢ ᠳᠠᠩᠰᠠᠯᠠᠭᠤᠯᠬᠤ ᠶᠢᠨ ᠬᠠᠮᠲᠤ ᠬᠤᠷᠢᠶᠠᠵᠤ ᠠᠪᠤᠭᠰᠠᠨ ᠲᠡᠨᠦᠭᠦᠯ ᠨᠣᠬᠠᠶ  ᠂ ᠡᠵᠡᠨ ᠦᠭᠡᠢ ᠨᠣᠬᠠᠶ ᠳᠤ ᠬᠢᠵᠢᠭ ᠤᠨ ᠪᠠᠶᠢᠴᠠᠭᠠᠯᠲᠠ ᠬᠢᠵᠦ᠂ ᠬᠢᠵᠢᠭ ᠡᠪᠡᠳᠴᠢᠨ ᠳᠤ ᠨᠡᠷᠪᠡᠭᠳᠡᠭᠰᠡᠨ ᠳᠤᠨᠢ ᠠᠷᠭ᠎ᠠ ᠬᠡᠮᠵᠢᠶ᠎ᠡ ᠠᠪᠬᠤ  ᠬᠡᠷᠡᠭᠲᠠᠢ  ᠃ ᠭᠤᠷᠪᠠ ᠳᠤ᠂ ᠲᠡᠨᠦᠭᠦᠯ ᠨᠣᠬᠠᠶ ᠶᠢᠨ ᠠᠰᠠᠭᠤᠳᠠᠯ ᠢ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠠᠴᠠ ᠲᠤᠰᠬᠠᠶ ᠬᠥᠮᠦᠨ  ᠲᠤᠮᠢᠯᠠᠵᠦ ᠲᠤᠰᠬᠠᠶ ᠳᠤᠭᠤᠶᠢᠯᠠᠩ  ᠢ ᠵᠣᠬᠢᠶᠠᠨ ᠪᠠᠶᠢᠭᠤᠯᠵᠤ᠂ ᠨᠣᠬᠠᠶ ᠶᠢ ᠬᠤᠷᠢᠶᠠᠨ ᠠᠪᠬᠤ ᠭᠠᠵᠠᠷ ᠲᠤ ᠬᠦᠷᠭᠡᠵᠦ ᠂ ᠲᠡᠨᠦᠭᠦᠯ ᠨᠣᠬᠠᠶ ᠶᠢ ᠤᠷᠢᠳᠠᠪᠠᠷ ᠳᠠᠩᠰᠠᠯᠠᠨ ᠲᠡᠮᠳᠡᠭᠯᠡᠵᠦ᠂ ᠰᠡᠭᠦᠳᠡᠷ ᠲᠠᠲᠠᠬᠤ ᠶᠢᠨ ᠬᠠᠮᠲᠤ ᠨᠣᠬᠠᠶ ᠶᠢᠨ ᠦᠰᠦ᠂ ᠲᠥᠷᠥᠯ ᠵᠦᠶᠯ᠂ ᠡᠪᠡᠳᠴᠢᠨ ᠡᠮᠭᠡᠭ ᠪᠠᠶᠢᠬᠤ ᠡᠰᠡᠬᠦ ᠵᠡᠷᠭᠡ ᠮᠡᠳᠡᠭᠡ ᠵᠠᠩᠭᠢ ᠶᠢ ᠳᠠᠩᠰᠠᠯᠠᠨ᠎ᠠ  ᠃ ᠳᠥᠷᠪᠡ ᠳᠤ᠂ ᠨᠣᠬᠠᠶ ᠪᠠᠨ ᠲᠤᠭᠤᠷᠢᠭᠤᠯᠬᠤ ᠳᠤ ᠨᠣᠬᠠᠶ ᠤᠶᠠᠬᠤ ᠦᠭᠡᠢ᠂ ᠠᠮᠠᠪᠴᠢ ᠵᠡᠭᠦᠬᠦ ᠦᠭᠡᠢ᠂  ᠤᠬᠢᠶᠠᠵᠦ ᠴᠡᠪᠡᠷᠯᠡᠬᠦ ᠦᠭᠡᠢ ᠵᠡᠷᠭᠡ ᠠᠰᠠᠭᠤᠳᠠᠯ ᠤᠳ ᠬᠤᠳᠠᠯᠳᠤᠭᠠᠨ ᠤ ᠶᠡᠭᠡ ᠵᠡᠭᠡᠯᠢ᠂ ᠠᠭᠤᠳᠠᠮ ᠲᠠᠯᠠᠪᠠᠢ ᠎ ᠳᠤ ᠡᠭᠦᠰᠪᠠᠯ  ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠬᠠᠷᠢᠭᠤᠴᠠᠨ ᠰᠢᠶᠳᠬᠡᠵᠦ᠂ ᠴᠡᠴᠡᠷᠯᠢᠭ ᠎ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠬᠠᠷᠢᠭᠤᠴᠠᠨ ᠰᠢᠶᠳᠬᠡᠨ᠎ᠡ  ᠃ ᠲᠠᠪᠤ ᠳᠤ᠂ ᠨᠣᠬᠠᠶ ᠳᠠᠭᠠᠭᠤᠯᠤᠨ ᠣᠯᠠᠨ ᠨᠡᠶᠢᠲᠡ ᠶᠢᠨ ᠲᠠᠯᠠᠪᠤᠷ ᠢᠶᠠᠷ ᠣᠷᠣᠵᠤ ᠭᠠᠷᠬᠤ ᠠᠰᠠᠭᠤᠳᠠᠯ ᠢ ᠣᠯᠠᠨ ᠨᠡᠶᠢᠲᠡ ᠶᠢᠨ ᠲᠠᠯᠠᠪᠤᠷ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠷᠢᠭᠤᠴᠠᠨ ᠮᠡᠳᠡᠭᠦᠯᠵᠦ᠂ ᠬᠤᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠬᠤᠲᠠ ᠶᠢᠨ ᠦᠵᠡᠮᠵᠢ ᠣᠷᠴᠢᠨ ᠲᠣᠭᠤᠷᠢᠨ ᠢ ᠡᠪᠳᠡᠭᠰᠡᠨ ᠠᠵᠢᠯᠯᠠᠭ᠎ᠠ ᠶᠢ ᠦᠨᠳᠦᠰᠦᠯᠡᠵᠦ ᠰᠢᠶᠳᠬᠡᠨ᠎ᠡ  ᠃ ᠵᠢᠷᠭᠤᠭ᠎ᠠ ᠳᠤ᠂ ᠨᠣᠬᠠᠶ ᠳᠠᠭᠤ ᠲᠠᠯᠪᠢᠨ ᠠᠷᠠᠳ ᠢ ᠦᠶᠮᠡᠭᠦᠯᠵᠦ᠂ ᠬᠥᠷᠰᠢ ᠵᠡᠷᠭᠡᠯᠡᠳᠡᠭᠡ ᠶᠢᠨ ᠠᠮᠢᠳᠤᠷᠠᠯ ᠢ ᠨᠥᠯᠥᠭᠡᠯᠡᠭᠰᠡᠨ ᠠᠰᠠᠭᠤᠳᠠᠯ ᠢ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠠᠴᠠ ︽ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠶᠳᠬᠡᠬᠦ ᠳᠦᠷᠢᠮ︾᠎ ᠢ ᠦᠨᠳᠦᠰᠦᠯᠡᠨ ᠰᠢᠶᠳᠬᠡᠨ᠎ᠡ᠃ ᠲᠤᠯᠤᠭ᠎ᠠ ᠳᠤ᠂  ᠨᠤᠬᠠᠢ ᠲᠡᠵᠢᠭᠡᠭᠰᠡᠳ ᠬᠠᠮᠢᠶᠠᠷᠤᠯᠲᠠ ᠶᠢ ᠳᠠᠭᠠᠬᠤ ᠦᠭᠡᠢ᠂ ᠬᠠᠤᠯᠢ ᠬᠡᠷᠡᠭᠵᠢᠭᠦᠯᠬᠦ ᠶᠢ ᠬᠠᠷᠰᠢᠯᠠᠬᠤ ᠪᠤᠶᠤ ᠬᠠᠤᠯᠢ ᠶᠢ ᠬᠦᠴᠦᠷᠬᠡᠭᠯᠡᠯ ᠢᠶᠠᠷ ᠡᠰᠡᠷᠭᠦᠴᠡᠬᠦ ᠠᠰᠠᠭᠤᠳᠠᠯ ᠢ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠠᠴᠠ ᠰᠢᠶᠳᠪᠦᠷᠢᠯᠡᠨ᠎ᠡ  ᠃  ᠨᠠᠢᠮᠠ ᠳᠤ᠂ ᠨᠣᠬᠠᠶ ᠲᠡᠵᠢᠭᠡᠵᠦ ᠨᠣᠬᠠᠶ ᠪᠠᠨ ᠣᠷᠬᠢᠬᠤ ᠠᠰᠠᠭᠤᠳᠠᠯ ᠢ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠬᠠᠷᠢᠭᠤᠴᠠᠵᠤ ᠪᠠᠶᠢᠭᠠᠳ ᠬᠤᠲᠠ ᠶᠢᠨ ᠦᠵᠡᠮᠵᠢ ᠶᠢ ᠡᠪᠳᠡᠭᠰᠡᠨ ᠠᠰᠠᠭᠤᠳᠠᠯ ᠢ ᠰᠢᠢᠳᠬᠡᠨ᠎ᠡ  ᠃ ᠶᠢᠰᠦ ᠳᠤ  ᠂ ᠲᠡᠨᠦᠭᠦᠯ ᠨᠣᠬᠠᠶ ᠬᠤᠷᠢᠶᠠᠨ ᠠᠪᠬᠤ ᠭᠠᠵᠠᠷ ᠤᠨ ᠬᠦᠴᠢᠷᠳᠡᠯᠲᠡᠶ ᠠᠰᠠᠭᠤᠳᠠᠯ ᠢ ᠲᠠᠷᠢᠶᠠᠯᠠᠩ ᠮᠠᠯ ᠠᠵᠤ ᠠᠬᠤᠢ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠰᠢᠶᠠᠩ ᠪᠠᠯᠭᠠᠰᠤ ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠠᠢ ᠬᠠᠮᠲᠤᠷᠠᠨ ᠭᠠᠵᠠᠷ ᠰᠣᠩᠭᠤᠨ ᠪᠦᠲᠦᠭᠡᠨ ᠪᠠᠶᠢᠭᠤᠯᠬᠤ ᠬᠡᠷᠡᠭᠲᠡᠶ᠃ ᠳᠠᠭᠠᠯᠳᠤᠭᠤᠯᠤᠯ᠄         1 .ᠵᠢᠨᠢᠩ ᠲᠣᠭᠤᠷᠢᠭ ᠤᠨ ᠪᠣᠯᠪᠠᠰᠤᠨ ᠢᠶᠠᠷ ᠨᠣᠬᠠᠶ ᠲᠡᠵᠢᠭᠡᠬᠦ ᠪᠠ ᠲᠡᠨᠦᠭᠦᠯ ᠨᠣᠬᠠᠶ ᠶᠢ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ         2 . ᠪᠣᠯᠪᠠᠰᠤᠨ ᠢᠶᠠᠷ ᠨᠣᠬᠠᠶ ᠲᠡᠵᠢᠭᠡᠬᠦ ᠵᠢᠴᠢ ᠲᠡᠨᠦᠭᠦᠯ ᠨᠣᠬᠠᠶ ᠶᠢ  ᠬᠤᠷᠢᠶᠠᠨ ᠵᠠᠰᠠᠬᠤ ᠡᠯ᠎ᠡ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠬᠠᠷᠢᠭᠤᠴᠠᠯᠭ᠎ᠠ                                                      ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2