| | ᠬᠦᠳᠡᠭᠡ ᠳᠤ ᠲᠦᠷᠦᠵᠦ ᠦᠰᠦᠭᠰᠡᠨ ᠬᠦᠮᠦᠰ ᠲᠤ ᠵᠤᠭ᠎ᠠ ᠨᠢ ᠮᠠᠰᠢ ᠳᠠᠨᠢᠯ ᠳᠠᠰᠤᠯ ᠪᠠᠶᠢᠬ᠎ᠠ᠃ | ᠦᠩᠭᠡᠷᠡᠭᠰᠡᠨ ᠳᠤ ᠬᠦᠮᠦᠰ ᠵᠤᠭ᠎ᠠ ᠶᠢ ᠬᠤᠭᠤᠯᠠᠨ ᠤ ᠤᠷᠤᠨ ᠳᠤ ᠢᠳᠡᠳᠡᠭ ᠪᠠᠶᠢᠵᠠᠢ᠂ ᠪᠢᠳᠠᠨ ᠢ ᠪᠠᠭ᠎ᠠ ᠪᠠᠶᠢᠬᠤ ᠳᠤ | ᠬᠡᠦᠬᠡᠳ ᠤᠳ ᠵᠤᠭ᠎ᠠ ᠢᠳᠡᠵᠦ ᠦᠯᠦ ᠪᠠᠨ ᠳᠠᠷᠤᠳᠠᠭ ᠪᠠᠶᠢᠬᠰᠠᠨ ᠶᠤᠮ᠃ ᠵᠤᠭ᠎ᠠ ᠭᠡᠵᠤ ᠪᠢᠯᠢᠭ ᠤᠨ ᠤᠯᠠᠷᠢᠯ ᠤᠨ | ᠳᠠᠪᠤᠨ ᠰᠠᠷ᠎ᠠ ᠶᠢᠨ ᠦᠶ᠎ᠡ ᠪᠠᠷ ᠰᠠᠭᠤᠳᠠᠭ ᠬᠠᠶᠢᠯᠠᠰᠤᠨ ᠮᠤᠳᠤᠨ ᠤ ᠴᠡᠴᠡᠭ ᠢ ᠬᠡᠯᠡᠵᠦ ᠪᠠᠶᠢᠨ᠎ᠠ᠃ ᠲᠡᠭᠦᠨ ᠢ | ᠦᠷᠡᠯᠡᠬᠦ ᠠᠴᠠ ᠨᠢ ᠡᠮᠦᠨ᠎ᠡ ᠢᠳᠡᠳᠡᠭ᠃ | ᠤᠳᠤ ᠠᠮᠢᠳᠤᠷᠠᠯ ᠰᠠᠶᠢᠵᠢᠷᠠᠵᠦ ᠮᠢᠬ᠎ᠠ ᠳᠤᠰᠤ ᠡᠯᠪᠡᠭ ᠪᠤᠯᠤᠬᠰᠠᠨ ᠪᠣᠯᠬᠤᠷ ᠵᠤᠭ᠎ᠠ ᠢᠳᠡᠬᠦ ᠬᠥᠮᠥᠨ | ᠮᠠᠰᠢᠴᠦ᠋ᠬᠡᠨ ᠪᠣᠯᠵᠤ᠂ ᠲᠡᠷᠡ ᠨᠢ ᠠᠭᠠᠵᠢᠮ ᠢᠶᠠᠷ ᠬᠦᠮᠦᠰ ᠲᠤ ᠮᠠᠷᠳᠠᠬᠳᠠᠬᠤ ᠪᠤᠯᠵᠦ ᠪᠠᠶᠢᠨ᠎ᠠ᠃ ᠭᠡᠬᠦ ᠳᠡᠭᠡᠨ | ᠵᠤᠭ᠎ᠠ ᠨᠢ ᠬᠦᠮᠦᠨ ᠤ ᠡᠷᠡᠬᠦᠯ ᠮᠡᠨᠳᠤ ᠳᠤ ᠮᠠᠰᠢ ᠳᠤᠰᠠᠳᠠᠢ ᠪᠠᠶᠢᠳᠠᠭ᠃ ᠡᠩ ᠳᠡᠷᠢᠬᠦᠨ ᠳᠤ ᠵᠤᠭ᠎ᠠ ᠨᠢ ᠮᠠᠷᠢᠶ᠎ᠠ ᠶᠢ | ᠰᠢᠭᠤᠷᠠᠭᠤᠯᠤᠨ᠎ᠠ᠃ ᠵᠤᠭ᠎ᠠ ᠶᠢᠨ ᠬᠤᠭᠤᠯᠠᠨ ᠰᠢᠷᠬᠡᠭᠯᠢᠭ ᠤᠨᠠᠭᠤᠯᠤᠭᠳᠠᠴᠠ ᠮᠠᠰᠢ ᠦᠨᠳᠦᠷ ᠪᠥᠭᠡᠳ ᠳᠡᠬᠦᠨ ᠳᠤ | ᠠᠭᠤᠯᠤᠭᠳᠠᠬᠤ ᠨᠠᠪᠴᠢᠨ ᠤ ᠨᠤᠭᠤᠭᠠᠨ ᠡᠳ᠋ ᠨᠢ ᠰᠢᠨ᠎ᠡ ᠬᠠᠭᠤᠴᠢᠨ ᠤ ᠰᠣᠯᠢᠯᠴᠠᠭ᠎ᠠ ᠲᠦᠷᠭᠡᠳᠬᠡᠬᠦ ᠦᠢᠯᠡᠳᠦᠯ ᠲᠠᠢ | ᠪᠣᠯᠬᠤᠷ ᠡᠷᠡᠬᠦᠯ ᠮᠡᠨᠳᠤ ᠳᠤ ᠳᠤᠰᠠᠳᠠᠢ ᠪᠠᠶᠢᠳᠠᠭ᠃ | ᠳᠡᠶᠢᠮᠦ ᠠᠴᠠ ᠲᠡᠷᠡ ᠨᠢ ᠮᠠᠷᠢᠶ᠎ᠠ ᠰᠢᠭᠤᠷᠠᠭᠤᠯᠬᠤ ᠪᠦᠳᠦᠬᠦᠯᠢᠭ ᠢᠳᠡᠬᠡᠨ ᠳᠤ ᠳᠤᠭᠠᠴᠠᠬᠳᠠᠨ᠎ᠠ᠃ ᠬᠢᠲᠠᠳ | ᠡᠮ ᠤᠨ ᠤᠬᠠᠭᠠᠨ ᠳᠤ ᠵᠤᠭ᠎ᠠ ᠶᠢ ᠰᠢᠬᠡᠯᠬᠡᠬᠦ ᠦᠢᠯᠡᠳᠦᠯ ᠲᠠᠢ ᠭᠡᠳᠡᠭ᠂ ︽ᠡᠪᠡᠰᠦᠨ ᠡᠮ ᠤᠨ ᠳᠤᠪᠴᠢ︾ ᠳᠤ | ᠪᠠᠰᠠ ︽ᠵᠤᠭ᠎ᠠ ᠶᠢ ᠤᠳᠠᠭᠠᠨ ᠢᠳᠡᠪᠡᠯ ᠪᠡᠶ᠎ᠡ ᠶᠢᠨ ᠵᠢᠩ ᠢ ᠪᠠᠭᠤᠷᠠᠭᠤᠯᠳᠠᠭ︾ ᠭᠡᠵᠦ ᠲᠡᠮᠳᠡᠭᠯᠡᠭᠰᠡᠨ ᠪᠠᠶᠢᠨ᠎ᠠ᠃ | ᠡᠶᠢᠮᠦ ᠠᠴᠠ ᠮᠠᠷᠢᠶ᠎ᠠ ᠰᠢᠭᠤᠷᠠᠭᠤᠯᠬᠤ ᠳᠤ ᠵᠤᠭ᠎ᠠ ᠪᠣᠯ ᠰᠠᠶᠢᠨ ᠰᠤᠩᠭᠤᠯᠳᠠ ᠮᠥᠨ᠃ | ᠵᠤᠭ᠎ᠠ ᠨᠢ ᠪᠠᠰᠠ ᠨᠡᠯᠢᠶᠡᠳ ᠬᠦᠢᠳᠠᠨ ᠴᠢᠨᠠᠷ ᠲᠠᠢ ᠪᠠᠶᠢᠵᠦ ᠵᠢᠷᠦᠬᠡᠨ ᠤ ᠬᠠᠯᠠᠭᠤᠨ ᠢ ᠲᠤᠭᠤᠬᠤ | ᠦᠢᠯᠡᠳᠦᠯ ᠲᠠᠢ᠃ ᠭᠡᠬᠦ ᠳᠡᠭᠡᠨ ᠳᠡᠬᠦᠨ ᠢ ᠪᠠᠭ᠎ᠠ ᠬᠠᠯᠠᠭᠤᠨ ᠴᠢᠨᠠᠷ ᠲᠠᠢ ᠢᠳᠡᠬᠡᠨ ᠲᠠᠢ ᠬᠤᠯᠢᠵᠦ ᠢᠳᠡᠪᠡᠯ ᠵᠤᠬᠢᠨ᠎ᠠ | ᠂ ᠢᠩᠬᠢᠪᠠᠯ ᠬᠤᠳᠤᠭᠤᠳᠤ ᠠᠭᠤᠰᠬᠢᠨ ᠳᠤ ᠦᠭᠬᠦ ᠬᠤᠤᠷᠳᠠᠯ ᠨᠢ ᠪᠠᠭᠠᠰᠳᠠᠭ᠃ ᠵᠤᠭ᠎ᠠ ᠪᠠᠰᠠ ᠬᠠᠯᠠᠭᠤᠨ | ᠰᠠᠭᠤᠬᠰᠠᠨ ᠪᠤᠶᠤ ᠡᠪᠡᠳᠴᠢᠨ ᠤ ᠪᠠᠺᠲ᠋ᠧᠷᠢ ᠬᠠᠯᠳᠠᠪᠤᠷᠢᠯᠠᠬᠰᠠᠨ ᠠᠴᠠ ᠪᠤᠯᠤᠬᠰᠠᠨ ᠬᠠᠨᠢᠶᠠᠳᠤ ᠶᠢ ᠵᠤᠬᠰᠤᠭᠠᠵᠦ | ᠴᠠᠷ ᠢ ᠠᠷᠢᠯᠭᠠᠬᠤ ᠳᠤ ᠨᠡᠯᠢᠶᠡᠳ ᠳᠤᠰᠠᠳᠠᠢ ᠪᠠᠶᠢᠳᠠᠭ᠃ ᠵᠤᠭ᠎ᠠ ᠳᠤ ᠠᠭᠤᠯᠤᠬᠳᠠᠬᠤ ᠳᠡᠮᠦᠷ ᠪᠠ ᠺᠠᠯᠼ ᠤᠨ | ᠬᠡᠮᠵᠢᠶ᠎ᠠ ᠨᠡᠯᠢᠶᠡᠳ ᠥᠨᠳᠥᠷ ᠪᠠᠶᠢᠵᠦ᠂ ᠡᠪᠡᠰᠦᠨ ᠬᠦᠴᠢᠯ ᠤᠨ ᠠᠭᠤᠯᠤᠬᠳᠠᠴᠠ ᠨᠢ ᠬᠠᠷᠢᠨ ᠬᠠᠷᠢᠴᠠᠩᠭᠤᠢ ᠪᠠᠭ᠎ᠠ | ᠪᠠᠶᠢᠳᠠᠭ᠃ ᠡᠩ ᠤᠨ ᠪᠠᠶᠢᠳᠠᠯ ᠳᠤ ᠬᠤᠭᠤᠯᠠᠨ ᠰᠢᠷᠭᠡᠭᠯᠢᠭ ᠨᠢ ᠦᠨᠳᠦᠷ ᠤᠯᠠᠩᠬᠢ ᠤᠷᠭᠤᠮᠠᠯ ᠤᠨ ᠡᠪᠡᠰᠦᠨ | ᠬᠦᠴᠢᠯ ᠨᠢ ᠴᠦ ᠦᠨᠳᠦᠷ ᠪᠠᠶᠢᠳᠠᠭ᠂ ᠭᠡᠲᠡᠯ᠎ᠡ ᠵᠤᠭ᠎ᠠ ᠶᠢᠨ ᠡᠪᠡᠰᠦᠨ ᠬᠦᠴᠢᠯ ᠤᠨ ᠠᠭᠤᠯᠤᠬᠳᠠᠴᠠ ᠨᠢ ᠬᠠᠷᠢᠨ | ᠪᠠᠭ᠎ᠠ ᠰᠢᠭ᠋ ᠪᠠᠶᠢᠵᠤ᠂ ᠳᠡᠮᠦᠷ ᠪᠠ ᠺᠠᠯᠼᠢ ᠨᠦᠬᠦᠪᠦᠷᠢᠯᠡᠬᠦ ᠳᠤ ᠵᠤᠬᠢᠬᠤ ᠦᠢᠯᠡᠳᠦᠯ ᠲᠠᠢ ᠶᠤᠮ᠃ ᠡᠬᠦᠨ ᠠᠴᠠ | ᠭᠠᠳᠠᠨ᠎ᠠ᠂ ᠵᠤᠭ᠎ᠠ ᠨᠢ ᠪᠠᠰᠠ ᠠᠭᠤᠰᠬᠢ ᠶᠢ ᠰᠠᠶᠢᠵᠢᠷᠠᠭᠤᠯᠵᠤ ᠳᠠᠶᠢᠪᠤᠰᠢᠷᠠᠭᠤᠯᠬᠤ ᠦᠢᠯᠡᠳᠦᠯ ᠲᠠᠢ ᠪᠠᠶᠢᠳᠠᠭ᠃ | | ᠢᠷᠡᠯᠳᠡ᠄ ᠠᠷᠠᠳ ᠤᠨ ᠰᠦᠯᠵᠢᠶ᠎ᠡ | ᠪᠡᠯᠡᠳᠬᠡᠭᠰᠡᠨ ᠨᠢ᠄ ᠲᠤᠶᠠᠭ᠎ᠠ | |