ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠬᠤᠳᠠ ᠶᠢᠨ ᠡᠳ᠋ ᠤᠨ ᠵᠠᠰᠠᠭ ᠲᠤ ᠭᠠᠵᠠᠷ ᠰᠢᠷᠦᠢ ᠶᠢᠨ ᠵᠠᠶᠢᠯᠠᠯᠳᠠ ᠶᠢᠨ ᠮᠦᠩᠭᠦ ᠶᠢ ᠲᠣᠰᠢᠶᠠᠬᠤ ᠲᠣᠬᠠᠢ  ᠬᠤᠯᠪᠤᠭᠳᠠᠯ ᠪᠦᠬᠦᠢ ᠪᠠᠶᠢᠳᠠᠯ ᠤᠨ ᠮᠡᠳᠡᠭᠦᠯᠦᠯᠳᠡ
ᠨᠡᠶᠢᠲᠡᠯᠡᠭᠰᠡᠨ ᠴᠠᠭ᠄
2019/2/21
                        ᠵᠢᠨᠢᠩ ᠵᠠᠰᠠᠭ〔2019〕1 ᠳ᠋ᠤᠭᠠᠷ ᠳᠤᠭᠠᠳᠤ ᠤᠯᠠᠭᠠᠨᠴᠠᠪ ᠬᠤᠳᠠ ᠵᠢᠨ‌ᠠᠷᠠᠳ ᠤᠨ ᠵᠠᠰᠠᠭ ᠤᠨ ᠣᠷᠳᠤᠨ᠄     2018 ᠣᠨ ᠤ12 ᠰᠠᠷ᠎ᠠ ᠶᠢᠨ26᠎ ᠤ ᠡᠳᠦᠷ᠂ ᠬᠤᠳᠠ ᠶᠢᠨ ᠡᠳ᠋ ᠤᠨ  ᠵᠠᠰᠠᠭ ᠤᠨ ᠲᠣᠪᠴᠢᠶᠠᠨ ᠠᠴᠠ《2018 ᠣᠨ ᠤ ᠤᠯᠤᠰ ᠤᠨ ᠦᠮᠴᠢᠯᠡᠯᠳᠦ ᠭᠠᠵᠠᠷ ᠰᠢᠷᠦᠢ ᠶᠢᠨ ᠬᠡᠷᠡᠭᠯᠡᠬᠦ ᠡᠷᠬᠡ ᠶᠢᠨ ᠵᠠᠶᠢᠯᠠᠯᠳᠠ ᠶᠢᠨ ᠮᠦᠩᠭᠦ ᠶᠢ ᠲᠣᠰᠢᠶᠠᠬᠤ ᠲᠤᠬᠠᠢ ᠮᠡᠳᠡᠭᠳᠡᠯ》 ︵ᠤᠯᠠᠭᠠᠨᠴᠠᠪ ᠡᠳ᠋ ᠪᠠᠶᠢᠭᠤᠯᠤᠯᠳᠠ〔2018〕1843 ᠳ᠋ᠤᠭᠠᠷ ᠳᠤᠭᠠᠳᠤ︶ ᠪᠢᠴᠢᠭ ᠮᠠᠲ᠋ᠧᠷᠢᠶᠠᠯ ᠠᠴᠠ ᠡᠯ᠎ᠡ ᠬᠤᠰᠢᠭᠤ ᠰᠢᠶᠠᠨ ᠬᠤᠳᠠ ᠲᠣᠭᠤᠷᠢᠭ 11 ᠰᠠᠷ᠎ᠠ ᠶᠢᠨ30᠎ ᠤ ᠡᠳᠦᠷ ᠪᠤᠯᠲᠠᠯᠠᠬᠢ ᠬᠦᠮᠦᠷᠭᠡᠨ ᠳᠤ ᠣᠷᠤᠭᠰᠠᠨ ᠭᠠᠵᠠᠷ ᠰᠢᠷᠦᠢ ᠶᠢᠨ ᠵᠠᠶᠢᠯᠠᠯᠳᠠ ᠶᠢᠨ ᠮᠦᠩᠭᠦᠨ ᠤ10%᠎ ᠶᠢ ᠬᠤᠳᠠ ᠶᠢᠨ ᠡᠳ᠋ ᠤᠨ ᠵᠠᠰᠠᠭ ᠲᠤ ᠲᠣᠰᠢᠶᠠᠬᠤ ᠶᠢ ᠱᠠᠭᠠᠷᠳᠠᠭᠰᠠᠨ᠂ ᠡᠭᠦᠨ ᠳᠤ ᠵᠢᠨᠢᠩ ᠲᠣᠭᠤᠷᠢᠭ ᠤᠨ ᠬᠦᠮᠦᠷᠭᠡᠨ ᠳᠤ ᠣᠷᠤᠭᠰᠠᠨ ᠭᠠᠵᠠᠷ ᠰᠢᠷᠦᠢ ᠶᠢᠨ ᠵᠠᠶᠢᠯᠠᠯᠳᠠ ᠶᠢᠨ ᠮᠦᠩᠭᠦ ᠨᠢ 72868 ᠳᠦᠮᠡᠨ ᠳᠦᠭᠦᠷᠢᠭ᠂ ᠲᠣᠰᠢᠶᠠᠬᠤ ᠮᠦᠩᠭᠦᠨ ᠤ ᠲᠤᠭ᠎ᠠ7286.8 ᠳᠦᠮᠡᠨ ᠳᠦᠭᠦᠷᠢᠭ ᠪᠣᠯᠤᠨ᠎ᠠ᠃ ᠳᠤᠤᠷ᠎ᠠ ᠵᠢᠨᠢᠩ ᠲᠣᠭᠤᠷᠢᠭ ᠤᠨ2018 ᠣᠨ ᠤ ᠭᠠᠵᠠᠷ ᠰᠢᠷᠦᠢ ᠶᠢᠨ ᠵᠠᠶᠢᠯᠠᠯᠳᠠ ᠶᠢᠨ ᠠᠰᠢᠭ ᠣᠷᠤᠯᠭ᠎ᠠ ᠶᠢᠨ ᠨᠠᠷᠢᠨ ᠪᠠᠶᠢᠳᠠᠯ ᠢ ᠬᠠᠷᠢᠭᠤ ᠮᠡᠳᠡᠭᠦᠯᠦᠶ᠎ᠡ᠄    12ᠰᠠᠷ᠎ᠠ ᠶᠢᠨ ᠰᠡᠭᠦᠯᠴᠢ ᠪᠣᠯᠲᠠᠯ᠎ᠠ᠂ ᠵᠢᠨᠢᠩ ᠲᠣᠭᠤᠷᠢᠭ ᠤᠨ ᠨᠡᠶᠢᠳᠡ ᠬᠤᠷᠢᠶᠠᠭᠰᠠᠨ ᠭᠠᠵᠠᠷ ᠰᠢᠷᠦᠢ ᠶᠢᠨ ᠵᠠᠶᠢᠯᠠᠯᠳᠠ ᠶᠢᠨ ᠮᠦᠩᠭᠦ 94130 ᠳᠦᠮᠡᠨ ᠳᠦᠭᠦᠷᠢᠭ᠃ ᠡᠭᠦᠨ ᠳᠤ᠂ ᠠᠵᠤ ᠦᠢᠯᠡᠳᠪᠦᠷᠢ ᠶᠢᠨ ᠭᠠᠵᠠᠷ ᠬᠡᠷᠡᠭᠯᠡᠬᠦ᠂ ᠵᠠᠰᠠᠭ ᠵᠠᠬᠢᠷᠭᠠᠨ ᠳᠤ ᠰᠢᠯᠵᠢᠭᠦᠯᠦᠨ ᠦᠭᠭᠦᠭᠰᠡᠨ ᠵᠢᠴᠢ ᠵᠠᠰᠠᠭ ᠤᠨ ᠣᠷᠳᠤᠨ ᠬᠡᠯᠡᠯᠴᠡᠭᠡᠷ ᠢᠶᠠᠷ ᠪᠠᠳᠤᠯᠠᠭᠰᠠᠨ ᠬᠠᠷᠠᠭᠠᠯᠵᠠᠯᠠᠯ ᠤᠨ ᠳᠦᠷᠦ ᠶᠢᠨ ᠪᠣᠳᠤᠯᠭ᠎ᠠ ᠵᠡᠷᠭᠡ ᠳᠤ ᠬᠤᠯᠪᠤᠭᠳᠠᠭᠰᠠᠨ ᠭᠠᠵᠠᠷ ᠰᠢᠷᠦᠢ ᠶᠢᠨ ᠠᠰᠢᠭ ᠣᠷᠤᠯᠭ᠎ᠠ ᠶᠢ ᠨᠦᠯᠦᠭᠡᠯᠡᠬᠦ ᠠᠵᠤ ᠠᠬᠤᠶᠢᠯᠠᠯ 21ᠡᠷᠦᠬᠡ ᠪᠠᠶᠢᠵᠤ᠂ ᠭᠠᠵᠠᠷ ᠰᠢᠷᠦᠢ ᠶᠢᠨ ᠵᠠᠶᠢᠯᠠᠯᠳᠠ ᠶᠢᠨ ᠮᠦᠩᠭᠦ 41101 ᠳᠦᠮᠡᠨ ᠳᠦᠭᠦᠷᠢᠭ᠃ ︵ᠳᠠᠭᠠᠯᠳᠤᠭᠤᠯᠤᠯ ᠬᠦᠰᠦᠨᠦᠭ᠄ 2018 ᠣᠨ ᠤ1-12 ᠰᠠᠷ᠎ᠠ ᠶᠢᠨ ᠵᠢᠨᠢᠩ ᠲᠣᠭᠤᠷᠢᠭ ‍ᠤᠨ‌ᠭᠠᠵᠠᠷ ᠰᠢᠷᠦᠢ ᠶᠢᠨ ᠵᠠᠶᠢᠯᠠᠯᠳᠠ ᠵᠢᠨ‌‍ᠰᠤᠷᠠᠭ ᠵᠠᠩᠬᠢ ᠶᠢᠨ ᠪᠦᠷᠢᠳᠭᠡᠯ ᠤᠨ ᠬᠦᠰᠦᠨᠦᠭ︶      ᠨᠢᠭᠡ᠂ ᠤᠯᠤᠰ ᠤᠨ ᠦᠮᠴᠢᠯᠡᠯᠳᠦ ᠠᠵᠤ ᠠᠬᠤᠶᠢᠯᠠᠯ ᠭᠠᠵᠠᠷ ᠬᠡᠷᠡᠭᠯᠡᠭᠰᠡᠨ ᠪᠠᠶᠢᠳᠠᠯ᠃ ᠳᠦᠷᠪᠡᠨ‌ᠤᠯᠤᠰ ᠤᠨ ᠦᠮᠴᠢᠯᠡᠯᠳᠦ ᠠᠵᠤ ᠠᠬᠤᠶᠢᠯᠠᠯ ᠭᠠᠵᠠᠷ ᠰᠢᠷᠦᠢ ᠶᠢᠨ ᠵᠠᠶᠢᠯᠠᠯᠳᠠ ᠶᠢᠨ ᠮᠦᠩᠭᠦ 13860 ᠳᠦᠮᠡᠨ ᠳᠦᠭᠦᠷᠢᠭ᠂ ᠪᠣᠳᠠᠳᠤ ᠠᠰᠢᠭ ᠣᠷᠤᠯᠭ᠎ᠠ  ᠦᠭᠡᠢ᠃  ᠨᠢᠭᠡ ᠳᠤ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠺᠤᠮᠫᠠᠨᠢ ᠠᠴᠠ ᠭᠠᠵᠠᠷ ᠰᠢᠷᠦᠢ ᠶᠢᠨ ᠵᠠᠶᠢᠯᠠᠯᠳᠠ ᠶᠢᠨ ᠮᠦᠩᠭᠦ 9 ᠪᠦᠯᠦᠭ ᠨᠡᠶᠢᠳᠡ10841 ᠳᠦᠮᠡᠨ ᠳᠦᠭᠦᠷᠢᠭ ᠲᠣᠰᠢᠶᠠᠵᠠᠢ᠃ ᠬᠤᠶᠠᠷ ᠲᠤ᠂ ᠭᠦᠸᠧ ᠷᠦᠩ ᠺᠤᠮᠫᠠᠨᠢ ᠠᠴᠠ ᠭᠠᠵᠠᠷ ᠰᠢᠷᠦᠢ ᠶᠢᠨ ᠵᠠᠶᠢᠯᠠᠯᠳᠠ ᠶᠢᠨ ᠮᠦᠩᠭᠦ 2 ᠪᠦᠯᠦᠭ ᠨᠡᠶᠢᠳᠡ459.3 ᠳᠦᠮᠡᠨ ᠳᠦᠭᠦᠷᠢᠭ ᠲᠣᠰᠢᠶᠠᠵᠠᠢ᠃ ᠭᠤᠷᠪᠠ ᠳᠤ᠂  ᠬᠤᠳᠠ ᠶᠢᠨ ᠤᠯᠤᠰ ᠤᠨ ᠡᠬᠢ ᠪᠠᠶᠠᠯᠢᠭ ᠤᠨ ᠺᠤᠮᠫᠠᠨᠢ ᠠᠴᠠ ᠭᠠᠵᠠᠷ ᠰᠢᠷᠦᠢ ᠶᠢᠨ ᠵᠠᠶᠢᠯᠠᠯᠳᠠ ᠶᠢᠨ ᠮᠦᠩᠭᠦ 4 ᠪᠦᠯᠦᠭ ᠨᠡᠶᠢᠳᠡ1560 ᠳᠦᠮᠡᠨ ᠳᠦᠭᠦᠷᠢᠭ ᠲᠣᠰᠢᠶᠠᠵᠠᠢ᠃ ᠳᠡᠭᠡᠷᠡᠬᠢ ᠭᠤᠷᠪᠠᠨ ᠺᠤᠮᠫᠠᠨᠢ ᠶᠢᠨ ᠭᠠᠵᠠᠷ ᠰᠢᠷᠦᠢ ᠶᠢᠨ ᠬᠡᠷᠡᠭᠯᠡᠯᠳᠡ ᠨᠢ ᠴᠦᠮ ᠪᠠᠳᠤᠯᠠᠭᠠᠨ ᠤ ᠴᠢᠨᠠᠷ ᠲᠠᠢ ᠣᠷᠤᠨ ᠰᠠᠭᠤᠴᠠ ᠶᠢᠨ ᠪᠦᠳᠦᠭᠡᠨ ᠪᠠᠶᠢᠭᠤᠯᠤᠯᠳᠠ ᠪᠠᠶᠢᠵᠤ᠂ ᠭᠠᠵᠠᠷ ᠰᠢᠷᠦᠢ ᠶᠢᠨ ᠵᠠᠶᠢᠯᠠᠯᠳᠠ ᠶᠢᠨ ᠮᠦᠩᠭᠦ ᠶᠢ ᠴᠦᠮ ᠪᠤᠴᠠᠭᠠᠨ ᠦᠭᠴᠦ ᠠᠰᠢᠭ ᠣᠷᠤᠯᠭ᠎ᠠ ᠪᠠᠶᠢᠬᠤ ᠦᠭᠡᠢ᠃ ᠳᠦᠷᠪᠡ ᠳᠤ᠂ ᠤᠯᠠᠭᠠᠨᠴᠠᠪ ᠤᠨ ᠢᠯᠴᠢ ᠶᠢᠨ ᠬᠦᠴᠦᠨ ᠤ ᠺᠤᠮᠫᠠᠨᠢ 1 ᠪᠦᠯᠦᠭ ᠨᠡᠶᠢᠳᠡ 999.7 ᠳᠦᠮᠡᠨ ᠳᠦᠭᠦᠷᠢᠭ ᠲᠣᠰᠢᠶᠠᠵᠠᠢ᠂ ᠠᠷᠠᠳ ᠤᠨ ᠠᠮᠢᠳᠤᠷᠠᠯ ᠶᠢ ᠰᠠᠶᠢᠵᠢᠷᠠᠭᠤᠯᠬᠤ ᠢᠨᠵᠧᠨᠧᠷᠢᠩ ᠳᠤ ᠬᠡᠷᠡᠭᠯᠡᠵᠦ᠂ ᠭᠠᠵᠠᠷ ᠰᠢᠷᠦᠢ ᠶᠢᠨ ᠵᠠᠶᠢᠯᠠᠯᠳᠠ ᠶᠢᠨ ᠮᠦᠩᠭᠦ  ᠶᠢ ᠪᠦᠬᠦᠨ ᠢ ᠪᠤᠴᠠᠭᠠᠨ ᠦᠭᠴᠦ ᠠᠰᠢᠭ ᠣᠷᠤᠯᠭ᠎ᠠ ᠪᠠᠶᠢᠬᠤ ᠦᠭᠡᠢ᠃     ᠬᠤᠶᠠᠷ᠂ ᠬᠠᠷᠠᠭᠠᠯᠵᠠᠯ ᠲᠠᠢ ᠳᠦᠷᠦ ᠶᠢᠨ ᠪᠣᠳᠤᠯᠭ᠎ᠠ ᠶᠢ ᠬᠡᠷᠡᠭᠵᠢᠭᠦᠯᠦᠭᠰᠡᠨ ᠪᠠᠶᠢᠳᠠᠯ᠃ ᠨᠢᠭᠡ ᠳᠤ᠂  ᠬᠡᠰᠡᠭ ᠪᠦᠯᠦᠭ ᠠᠵᠤ ᠦᠢᠯᠡᠳᠪᠦᠷᠢ ᠬᠤᠳᠠᠯᠳᠤᠭᠠᠨ ᠤ ᠠᠵᠤ ᠠᠬᠤᠶᠢᠯᠠᠯ ᠬᠦᠷᠢᠶᠡᠯᠡᠩ ᠳᠤ ᠣᠷᠤᠬᠤ ᠭᠠᠵᠠᠷ ᠰᠢᠷᠦᠢ ᠶᠢᠨ ᠦᠨ᠎ᠡ ᠨᠢ ᠮᠦ ᠪᠦᠷᠢ 2.5 ᠳᠦᠮᠡᠨ ᠳᠦᠭᠦᠷᠢᠭ ︵ᠳ᠋ᠦᠡᠭ ᠶᠠᠩ ᠭᠤᠸᠠᠩ ᠬᠤᠸᠠ ᠴᠧᠩ ᠪᠦᠸᠧ ᠮᠦ ᠪᠦᠷᠢ  ᠵᠦᠪᠬᠡᠨ1ᠳᠦᠮᠡᠨ ᠳᠦᠭᠦᠷᠢᠭ︶᠂ ᠦᠪᠡᠷ ᠤᠨ ᠦᠷᠳᠡᠭ ᠲᠤ ᠪᠠᠨ ᠴᠦ ᠬᠦᠷᠬᠦ ᠦᠭᠡᠢ᠃ ᠭᠠᠵᠠᠷ ᠰᠢᠷᠦᠢ ᠶᠢᠨ ᠵᠠᠶᠢᠯᠠᠯᠳᠠ ᠶᠢᠨ ᠮᠦᠩᠭᠦ ᠶᠢ ᠶᠡᠬᠡᠩᠬᠢ ᠶᠢ ᠨᠢ ᠬᠠᠷᠠᠭᠠᠯᠵᠠᠯᠠᠯ ᠤᠨ ᠳᠦᠷᠦ ᠶᠢᠨ ᠪᠣᠳᠤᠯᠭ᠎ᠠ ᠶᠢᠨ ᠬᠡᠯᠪᠡᠷᠢ ᠪᠠᠷ ᠪᠤᠴᠠᠭᠠᠨ ᠦᠭᠴᠡᠢ᠃ ᠡᠨᠡ ᠳᠦᠷᠦᠯ ᠤᠨ ᠠᠵᠤ ᠠᠬᠤᠶᠢᠯᠠᠯ16 ᠡᠷᠦᠬᠡ ᠪᠠᠶᠢᠵᠤ᠂ ᠬᠤᠯᠪᠤᠭᠳᠠᠭᠰᠠᠨ ᠭᠠᠵᠠᠷ ᠰᠢᠷᠦᠢ ᠨᠢ1115 ᠮᠦ᠂ ᠭᠠᠵᠠᠷ ᠰᠢᠷᠦᠢ ᠶᠢᠨ ᠵᠠᠶᠢᠯᠠᠯᠳᠠ ᠶᠢᠨ ᠮᠦᠩᠭᠦ10468 ᠳᠦᠮᠡᠨ ᠳᠦᠭᠦᠷᠢᠭ᠂ ᠬᠠᠷᠠᠭᠠᠯᠠᠵᠠᠯ ᠤᠨ ᠳᠦᠷᠦ ᠶᠢᠨ ᠪᠣᠳᠤᠯᠭ᠎ᠠ ᠶᠢ ᠪᠤᠳᠤᠨ ᠭᠠᠷᠭᠠᠭᠰᠠᠨ ᠤ ᠳᠠᠷᠠᠭ᠎ᠠ᠂ ᠭᠠᠵᠠᠷ ᠰᠢᠷᠦᠢ ᠶᠢᠨ ᠵᠠᠶᠢᠯᠠᠯᠳᠠ ᠶᠢᠨ ᠪᠣᠳᠠᠳᠤ ᠠᠰᠢᠭ ᠣᠷᠤᠯᠭ᠎ᠠ ᠨᠢ ᠵᠦᠪᠬᠡᠨ2142 ᠳᠦᠮᠡᠨ ᠳᠦᠭᠦᠷᠢᠭ ᠪᠠᠶᠢᠵᠤ᠂ ᠨᠤᠷᠠᠭᠠᠨ ᠨᠡᠭᠦᠯᠭᠡᠵᠦ ᠮᠡᠳᠡᠭᠦᠯᠬᠦ ᠦᠷᠡᠳᠡᠭ ᠨᠢ5575 ᠳᠦᠮᠡᠨ ᠳᠦᠭᠦᠷᠢᠭ ᠲᠤ ᠬᠦᠷᠴᠦ᠂ ᠪᠣᠳᠠᠳᠤ ᠣᠷᠤᠯᠭ᠎ᠠ ᠨᠢ ᠠᠰᠢᠭ ᠣᠷᠤᠯᠭ᠎ᠠ ᠠᠴᠠ ᠶᠡᠭᠡ ᠪᠣᠯᠣᠨ᠎ᠠ  ᠃ ᠬᠡᠷᠪᠡ ᠬᠤᠳᠠ ᠠᠴᠠ ᠳᠡᠭᠡᠭᠰᠢ ᠲᠣᠰᠢᠶᠠᠬᠤ ᠶᠢ ᠱᠠᠭᠠᠷᠳᠠᠪᠠᠯ ᠵᠦᠪᠬᠡᠨ ᠵᠢᠨᠢᠩ ᠲᠣᠭᠤᠷᠢᠭ ᠤᠨ ᠡᠳ᠋ ᠤᠨ ᠵᠠᠰᠠᠭ ᠠᠴᠠ ᠡᠭᠦᠷᠭᠡᠯᠡᠬᠦ ᠪᠣᠯᠣᠨ᠎ᠠ᠃ ᠬᠤᠶᠠᠷ ᠲᠤ᠂ ᠵᠢᠢ ᠲᠢᠶᠧ ᠭᠡᠷ ᠪᠠᠶᠢᠰᠢᠩ ᠤᠨ ᠺᠤᠮᠫᠠᠨᠢ ᠶᠢᠨ ᠲᠣᠰᠢᠶᠠᠭᠰᠠᠨ ᠭᠠᠵᠠᠷ ᠰᠢᠷᠦᠢ ᠶᠢᠨ ᠵᠠᠶᠢᠯᠠᠯᠳᠠ ᠶᠢᠨ ᠮᠦᠩᠭᠦ 6 ᠪᠦᠯᠦᠭ16773 ᠳᠦᠮᠡᠨ ᠳᠦᠭᠦᠷᠢᠭ ᠪᠠᠶᠢᠵᠤ᠂ ᠲᠣᠭᠤᠷᠢᠭ ᠤᠨ ᠡᠳ᠋ ᠤᠨ ᠵᠠᠰᠠᠭ ᠵᠢᠨᠢᠩ ᠲᠣᠭᠤᠷᠢᠭ ᠤᠨ ᠲᠠᠲᠠᠪᠦᠷᠢᠯᠠᠨ ᠬᠤᠷᠢᠶᠠᠮᠵᠢᠯᠠᠬᠤ ᠠᠯᠪᠠᠨ ᠭᠡᠷ ᠢᠶᠠᠷ ᠳᠠᠮᠵᠢᠨ16240 ᠳᠦᠮᠡᠨ ᠳᠦᠭᠦᠷᠢᠭ ᠢ ᠪᠤᠴᠠᠭᠠᠵᠤ᠂ ᠠᠰᠢᠭ ᠣᠷᠤᠯᠭ᠎ᠠ ᠨᠢ533 ᠳᠦᠮᠡᠨ ᠳᠦᠭᠦᠷᠢᠭ ᠪᠣᠯᠣᠨ᠎ᠠ᠃ ᠭᠤᠷᠪᠠ ᠳᠤ᠂ ᠭᠠᠵᠠᠷ ᠰᠢᠷᠦᠢ ᠶᠢᠨ ᠵᠠᠶᠢᠯᠠᠯᠳᠠ ᠶᠢᠨ ᠪᠤᠳᠠᠳᠤ ᠠᠰᠢᠭ ᠣᠷᠤᠯᠭ᠎ᠠ᠃ ᠳᠡᠭᠡᠷᠡᠬᠢ ᠬᠤᠶᠠᠷ ᠪᠠᠶᠢᠳᠠᠯ ᠢ ᠭᠠᠷᠭᠠᠭᠠᠳ᠂ 2018 ᠣᠨ ᠤ ᠵᠢᠨᠢᠩ ᠲᠣᠭᠤᠷᠢᠭ ᠤᠨ ᠪᠣᠳᠠᠳᠠᠢ ᠭᠠᠵᠠᠷ ᠰᠢᠷᠦᠢ ᠶᠢᠨ ᠵᠠᠶᠢᠯᠠᠯᠳᠠ ᠶᠢᠨ ᠬᠡᠮᠵᠢᠶ᠎ᠡ 876 ᠮᠦ᠂ ᠭᠠᠵᠠᠷ ᠰᠢᠷᠦᠢ ᠶᠢᠨ ᠵᠠᠶᠢᠯᠠᠯᠳᠠ ᠶᠢᠨ ᠮᠦᠩᠭᠦ530296 ᠳᠦᠮᠡᠨ ᠳᠦᠭᠦᠷᠢᠭ᠂ ᠮᠡᠳᠡᠭᠦᠯᠦᠨ ᠵᠦᠪᠰᠢᠶᠡᠷᠡᠭᠦᠯᠦᠭᠰᠡᠨ ᠵᠠᠷᠤᠳᠠᠯ ᠢ ᠭᠠᠷᠭᠠᠭᠠᠳ6159 ᠳᠦᠮᠡᠨ ᠳᠦᠭᠦᠷᠢᠭ ︵ ᠰᠢᠨ᠎ᠡ ᠪᠠᠷ ᠨᠡᠮᠡᠭᠳᠡᠭᠰᠡᠨ ᠵᠠᠷᠤᠳᠠᠯ1168 ᠳᠦᠮᠡᠨ ᠳᠦᠭᠦᠷᠢᠭ᠂ ᠲᠠᠷᠢᠶᠠᠨ ᠭᠠᠵᠠᠷ ᠡᠵᠡᠯᠡᠬᠦ ᠭᠠᠶᠢᠯᠢ53029 ᠳᠦᠮᠡᠨ ᠳᠦᠭᠦᠷᠢᠭ  ᠂ ᠲᠠᠲᠠᠪᠦᠷᠢᠯᠡᠨ ᠬᠤᠷᠢᠶᠠᠬᠤ ᠮᠦᠩᠭᠦ 2364 ᠳᠦᠮᠡᠨ ᠳᠦᠭᠦᠷᠢᠭ︶ ᠦᠯᠡᠳᠡᠵᠦ᠂ ᠴᠡᠪᠡᠷ ᠠᠰᠢᠭ ᠣᠷᠤᠯᠭ᠎ᠠ ᠨᠢ46870 ᠳᠦᠮᠡᠨ ᠳᠦᠭᠦᠷᠢᠭ᠃ ᠬᠡᠷᠪᠡ ᠬᠤᠳᠠ ᠠᠴᠠ ᠲᠣᠰᠢᠶᠠᠬᠤ ᠶᠢ ᠱᠠᠭᠠᠷᠳᠠᠪᠠᠯ ᠵᠦᠪᠬᠡᠨ ᠡᠨᠡᠬᠦ ᠪᠦᠯᠦᠭ ᠣᠷᠤᠯᠭ᠎ᠠ ᠶᠢᠨ10%᠎ ᠶᠢ ᠲᠣᠰᠢᠶᠠᠬᠤ ᠪᠣᠯᠣᠨ᠎ᠠ᠂ ᠳᠠᠷᠤᠢ4687 ᠳᠦᠮᠡᠨ ᠳᠦᠭᠦᠷᠢᠭ᠂ ᠬᠤᠳᠠ ᠶᠢᠨ ᠵᠠᠰᠠᠭ ᠤᠨ ᠣᠷᠳᠤᠨ ᠠᠴᠠ ᠬᠢᠨᠠᠨ ᠤᠩᠰᠢᠭᠠᠷᠠᠢ᠃       ᠮᠡᠳᠡᠭᠦᠯᠦᠯᠳᠡ ᠳᠠᠭᠤᠰᠪᠠ᠃                                               2019ᠣᠨ ᠤ1 ᠰᠠᠷ᠎ᠠ ᠶᠢᠨ3᠎ ᠤ ᠡᠳᠦᠷ                                              ᠣᠷᠴᠢᠭᠤᠯᠤᠭᠴᠢ᠄ ᠣᠳᠤᠩᠬᠤᠸᠠᠷ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2