ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠳ᠋ᠠ ᠾᠧ ᠸᠠᠨ ᠴᠠᠰᠤᠨ ᠴᠠᠨ᠎ᠠ ᠶᠢᠨ ᠲᠠᠯᠠᠪᠤᠷ ᠤᠨ ᠨᠦᠬᠦᠪᠦᠷᠢ ᠮᠦᠩᠭᠦ  ᠭᠤᠶᠤᠴᠢᠯᠠᠬᠤ ᠪᠢᠴᠢᠭ
ᠨᠡᠶᠢᠲᠡᠯᠡᠭᠰᠡᠨ ᠴᠠᠭ᠄
2019/2/21
ᠵᠢᠨᠢᠩ ᠵᠠᠰᠠᠭ〔2019〕15 ᠳ᠋ᠤᠭᠠᠷ ᠳᠤᠭᠠᠳᠤ ᠤᠯᠠᠭᠠᠨᠴᠠᠪ ᠬᠤᠳᠠ ᠵᠢᠨ‌ᠠᠷᠠᠳ ᠤᠨ ᠵᠠᠰᠠᠭ ᠤᠨ ᠣᠷᠳᠤᠨ᠄     ᠤᠯᠤᠰ ᠤᠨ《ᠭᠤᠷᠪᠠᠨ ᠳ᠋ᠦᠩᠰᠢᠭᠤᠷ ᠬᠦᠮᠦᠨ ᠮᠦᠰᠦ ᠴᠠᠰᠤᠨ ᠬᠦᠳᠡᠯᠭᠡᠭᠡᠨ ᠳᠤ ᠣᠷᠤᠯᠴᠠᠶ᠎ᠠ》ᠭᠡᠬᠦ ᠤᠷᠢᠶᠠᠯᠠᠯ ᠢ  ᠢᠳᠡᠪᠬᠢᠯᠡᠨ ᠳᠠᠭᠠᠵᠤ᠂ ᠪᠦᠬᠦ ᠲᠠᠯ᠎ᠠ ᠪᠠᠷ ᠵᠠᠯᠠᠭᠤᠴᠤᠳ ᠪᠠᠭᠠᠴᠤᠳ ᠤᠨ ᠪᠡᠶ᠎ᠡ ᠲᠠᠮᠢᠷ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠪᠠ ᠮᠦᠰᠦ ᠴᠠᠰᠤᠨ ᠬᠦᠳᠡᠯᠭᠡᠭᠡᠨ ᠢ ᠬᠦᠭᠵᠢᠭᠦᠯᠬᠦ ᠶᠢᠨ ᠬᠠᠮᠳᠤ᠂ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠤᠨ ᠠᠴᠠ ᠤᠯᠠᠭᠠᠨᠴᠠᠪ ᠤᠨ ᠡᠪᠦᠯ ᠤᠨ ᠤᠯᠠᠷᠢᠯ ᠤᠨ ᠵᠤᠭᠠᠴᠠᠯ ᠤᠨ ᠰᠢᠨ᠎ᠡ ᠣᠷᠤᠨ ᠢ ᠪᠦᠳᠦᠭᠡᠨ ᠪᠠᠶᠢᠭᠤᠯᠬᠤ ᠬᠠᠷᠠᠯᠲᠠ ᠶᠢ ᠴᠣᠭᠴᠠᠯᠠᠨ ᠪᠠᠶᠢᠭᠤᠯᠬᠤ ᠵᠣᠷᠢᠯᠭ᠎ᠠ ᠪᠠᠷ ᠤᠯᠠᠭᠠᠨᠴᠠᠪ ᠬᠤᠳᠠ ᠶᠢᠨ ᠵᠢᠨᠢᠩ ᠲᠣᠭᠤᠷᠢᠭ ᠤᠨ ᠭᠦᠸᠧ ᠷᠦᠩ ᠪᠡᠯᠡ ᠣᠷᠤᠭᠤᠯᠤᠯᠲᠠ ᠶᠢᠨ ᠬᠢᠵᠠᠭᠠᠷᠳᠤ ᠺᠤᠮᠫᠠᠨᠢ ᠪᠡᠯᠡ ᠣᠷᠤᠭᠤᠯᠤᠨ ᠳ᠋ᠠ ᠾᠧ ᠸᠠᠨ ᠴᠠᠰᠤᠨ ᠴᠠᠨ᠎ᠠ ᠶᠢᠨ ᠲᠠᠯᠠᠪᠤᠷ ᠢ ᠪᠠᠶᠢᠭᠤᠯᠵᠠᠢ᠃     ᠳ᠋ᠠ ᠾᠧ ᠸᠠᠨ ᠴᠠᠰᠤᠨ ᠴᠠᠨ᠎ᠠ ᠶᠢᠨ ᠲᠠᠯᠠᠪᠤᠷ  ᠤᠨ ᠶᠡᠷᠦᠩᠬᠡᠢ ᠪᠡᠯᠡ ᠣᠷᠤᠭᠤᠯᠤᠯᠲᠠ1ᠳ᠋ᠦᠩᠰᠢᠭᠤᠷ  ᠳᠦᠭᠦᠷᠢᠭ᠂ 187 ᠳᠦᠮᠡᠨ ᠺᠦᠸᠠᠲ ᠮᠧᠲᠷ ᠲᠠᠯᠠᠪᠠᠢ ᠲᠠᠢ᠂ ᠴᠠᠰᠤᠨ ᠤ ᠲᠠᠯᠠᠪᠠᠢ 28 ᠳᠦᠮᠡᠨ ᠺᠦᠸᠠᠲ ᠮᠧᠲᠷ ᠂ ᠠᠩᠬ᠎ᠠ ᠳᠤᠮᠳᠠ ᠳᠡᠭᠡᠳᠦ ᠭᠤᠷᠪᠠᠨ ᠳᠡᠰ ᠤᠨ ᠴᠠᠰᠤᠨ ᠳᠤ ᠭᠤᠯᠭᠤᠬᠤ ᠱᠣᠭᠤᠮ ᠨᠡᠶᠢᠳᠡ12 ᠵᠤᠷᠪᠤᠰ ᠪᠠᠶᠢᠵᠤ᠂ ᠬᠤᠶᠠᠷ ᠬᠦᠮᠦᠨ ᠤ ᠳᠡᠭᠦᠵᠢᠯᠡᠭᠦᠷ ᠳᠡᠷᠭᠡᠨ ᠱᠤᠭᠤᠮ 2 ᠵᠤᠷᠪᠤᠰ᠂ ᠰᠢᠳᠢᠳᠦ ᠬᠡᠪᠢᠰ4 ᠵᠤᠷᠪᠤᠰ᠂ ᠴᠠᠰᠤᠨ ᠳᠤ ᠭᠤᠯᠭᠤᠬᠤ ᠪᠠᠭᠠᠵᠢ 5000 ᠢᠵᠢ ᠪᠤᠢ᠃ ᠴᠠᠰᠤᠨ ᠲᠣᠭᠯᠠᠭᠠᠮ ᠤᠨ ᠬᠡᠰᠡᠭ ᠲᠤ ᠴᠠᠰᠤᠨ ᠳᠤ ᠭᠤᠯᠭᠤᠬᠤ ᠮᠣᠲ᠋ᠤᠷ᠂ ᠴᠠᠰᠤᠨ ᠤ ᠴᠢᠷᠭ᠎ᠠ ᠵᠡᠷᠭᠡ ᠠᠷᠪᠠ ᠭᠠᠷᠤᠢ ᠴᠠᠰᠤ ᠮᠦᠰᠦᠨ ᠴᠡᠩᠭᠡᠨ ᠤ ᠳᠦᠷᠦᠯ ᠵᠦᠢᠯ ᠪᠠᠶᠢᠨ᠎ᠠ᠃ ᠳ᠋ᠠ ᠾᠧ ᠸᠠᠨ ᠴᠠᠰᠤᠨ ᠴᠠᠨ᠎ᠠ ᠶᠢᠨ ᠲᠠᠯᠠᠪᠤᠷ 12 ᠰᠠᠷ᠎ᠠ ᠶᠢᠨ 8᠎ ᠤ ᠡᠳᠦᠷ ᠠᠴᠠ ᠡᠬᠢᠯᠡᠨ ᠡᠵᠡᠩᠨᠡᠵᠦ᠂ ᠵᠢᠨᠢᠩ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠦᠨ᠎ᠡ ᠳᠦᠯᠦᠪᠦᠷᠢ ᠦᠭᠡᠢ ᠴᠠᠰᠤᠨ ᠳᠤ ᠭᠤᠯᠭᠤᠬᠤ ᠬᠢᠴᠢᠶᠡᠯ ᠣᠷᠤᠵᠤ᠂ ᠰᠤᠷᠤᠭᠴᠢ ᠪᠠ ᠭᠡᠷ ᠤᠨ ᠠᠬᠠᠮᠠᠳ ᠤᠨ ᠦᠨᠳᠦᠷ ᠦᠨᠡᠯᠡᠯᠳᠡ ᠶᠢ ᠤᠯᠤᠭᠰᠠᠨ ᠮᠦᠷᠳᠡᠭᠡᠨ ᠴᠠᠰᠤᠨ ᠴᠠᠨ᠎ᠠ ᠶᠢᠨ ᠲᠠᠯᠠᠪᠤᠷ ᠡᠵᠡᠩᠨᠡᠵᠦ ᠡᠬᠢᠯᠡᠭᠰᠡᠨ ᠠᠴᠠ ᠨᠠᠭᠠᠰᠢ ᠪᠡᠭᠡᠵᠢᠩ᠂ ᠲᠢᠶᠠᠨ ᠶᠢᠨ᠂ ᠾᠧᠪᠸᠢ ᠪᠠ ᠬᠦᠬᠡᠬᠤᠲᠠ᠂ ᠪᠤᠭᠤᠳᠤ᠂ ᠣᠷᠳᠤᠰ ᠵᠡᠷᠭᠡ ᠭᠠᠵᠠᠷ ᠣᠷᠤᠨ ᠤ ᠵᠣᠭᠠᠴᠠᠭᠰᠠᠳ ᠬᠦᠷᠦᠯᠴᠡᠨ ᠢᠷᠡᠵᠦ᠂ ᠴᠠᠰᠤᠨ ᠳᠤ ᠭᠤᠯᠭᠤᠨ᠂ ᠵᠣᠭᠠᠴᠠᠵᠤ᠂ ᠤᠯᠠᠭᠠᠨᠴᠠᠪ ᠤᠨ ᠵᠣᠭᠠᠴᠠᠯ ᠤᠨ ᠦᠢᠯᠡᠰ ᠤᠨ ᠰᠢᠨ᠎ᠡ ᠬᠠᠭᠤᠳᠠᠰᠤ ᠶᠢ ᠳᠡᠮᠳᠡᠭᠯᠡᠭᠰᠡᠨ ᠪᠠᠶᠢᠨ᠎ᠠ᠃ ᠣᠳᠤᠬᠠᠨ ᠪᠣᠯᠳᠠᠯ᠎ᠠ᠂ ᠴᠠᠰᠤᠨ ᠴᠠᠨ᠎ᠠ ᠶᠢᠨ ᠲᠠᠯᠠᠪᠤᠷ ᠨᠡᠶᠢᠳᠡ 6 ᠳᠦᠮᠡ ᠭᠠᠷᠤᠢ ᠵᠣᠭᠠᠴᠠᠭᠰᠠᠳ ᠢ ᠬᠦᠯᠢᠶᠡᠨ ᠠᠪᠤᠭᠰᠠᠨ ᠪᠠᠶᠢᠨ᠎ᠠ᠃     ᠳ᠋ᠠ ᠾᠧ ᠸᠠᠨ ᠴᠠᠰᠤᠨ ᠴᠠᠨ᠎ᠠ ᠶᠢᠨ ᠲᠠᠯᠠᠪᠤᠷ ᠡᠵᠡᠩᠨᠡᠯᠳᠡ ᠶᠢᠨ ᠨᠦᠭᠦᠴᠡᠯ ᠢ ᠪᠦᠷᠢᠯᠳᠦᠭᠦᠯᠦᠭᠰᠡᠨ ᠪᠣᠯᠪᠠᠴᠦ ᠲᠣᠨᠤᠭ ᠳᠦᠬᠦᠭᠡᠷᠦᠮᠵᠢ ᠪᠦᠷᠢᠨ ᠭᠦᠢᠴᠡᠳ ᠪᠣᠰᠤ᠂ ᠵᠢᠨᠢᠩ ᠲᠣᠭᠤᠷᠢᠭ ᠤᠨ ᠡᠳ᠋ ᠤᠨ ᠵᠠᠰᠠᠭ ᠤᠨ ᠬᠦᠴᠦᠨ ᠴᠢᠳᠠᠯ ᠬᠦᠷᠦᠯᠴᠡᠬᠦ ᠦᠭᠡᠢ ᠵᠡᠷᠭᠡ ᠪᠠᠶᠢᠳᠠᠯ ᠣᠷᠤᠰᠢᠵᠤ ᠪᠠᠶᠢᠭ᠎ᠠ ᠲᠣᠯᠠ ᠬᠤᠳᠠ ᠶᠢᠨ ᠵᠠᠰᠠᠭ ᠤᠨ ᠣᠷᠳᠤᠨ ᠠᠴᠠ ᠵᠣᠬᠢᠬᠤ ᠬᠡᠮᠵᠢᠶᠠᠨ ᠤ ᠨᠦᠬᠦᠪᠦᠷᠢ ᠮᠦᠩᠭᠦ ᠭᠤᠶᠤᠴᠢᠯᠠᠵᠤ᠂ ᠳ᠋ᠠ ᠾᠧ ᠸᠠᠨ ᠴᠠᠰᠤᠨ ᠴᠠᠨ᠎ᠠ ᠶᠢᠨ ᠲᠠᠯᠠᠪᠤᠷ ᠢ ᠨᠢᠭᠡᠨ ᠤᠯᠠᠭᠠᠨᠴᠠᠪ ᠤᠨ ᠡᠪᠦᠯ ᠤᠨ ᠤᠯᠠᠷᠢᠯ ᠤᠨ ᠬᠡᠭᠡᠷ᠎ᠡ ᠭᠠᠳᠠᠨᠠᠬᠢ ᠮᠦᠰᠦ ᠴᠠᠰᠤᠨ ᠬᠦᠳᠡᠯᠭᠡᠭᠡᠨ ᠤ ᠴᠢᠬᠤᠯᠠ ᠰᠠᠭᠤᠷᠢᠨ ᠭᠠᠵᠠᠷ ᠪᠣᠯᠭᠠᠨ ᠪᠦᠳᠦᠭᠡᠨ ᠪᠠᠶᠢᠭᠤᠯᠬᠤ ᠪᠠᠷ ᠭᠤᠶᠤᠴᠢᠯᠠᠵᠤ ᠪᠠᠶᠢᠨ᠎ᠠ᠃    ᠣᠨᠴᠠᠠᠭᠠᠶᠢᠯᠠᠨ ᠭᠤᠶᠤᠴᠢᠯᠠᠪᠠ᠃                                             2019ᠣᠨ ᠤ1 ᠰᠠᠷ᠎ᠠ ᠶᠢᠨ11᠎ ᠤ ᠡᠳᠦᠷ                                          ︵ᠣᠷᠴᠢᠢᠭᠤᠯᠤᠭᠴᠢ᠄ ᠣᠳᠤᠩᠬᠤᠸᠠᠷ )
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2