ᠵᠢᠨᠢᠩ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ
ᠨᠡᠶᠢᠲᠡᠯᠡᠭᠰᠡᠨ ᠴᠠᠭ᠄
2019/3/4
    ᠭᠤᠣᠯ ᠡᠭᠦᠷᠭᠡ ᠬᠠᠷᠢᠭᠤᠴᠠᠯᠭ᠎ᠠ᠄    ︵ᠨᠢᠭᠡ︶ ᠡᠳ᠋ ᠤᠨ ᠵᠠᠰᠠᠭ᠂ ᠭᠠᠶᠢᠯᠢ ᠲᠠᠲᠠᠪᠤᠷᠢ ᠶᠢᠨ ᠲᠤᠬᠠᠢ ᠤᠯᠤᠰ ᠤᠨ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠪᠦᠬᠦ ᠲᠣᠭᠤᠷᠢᠭ ᠤᠨ ᠡᠳ᠋ ᠤᠨ ᠵᠠᠰᠠᠭ᠂ ᠭᠠᠶᠢᠯᠢ ᠲᠠᠲᠠᠪᠤᠷᠢ ᠶᠢᠨ ᠳᠤᠮᠳᠠ ᠤᠷᠳᠤ ᠬᠤᠭᠤᠴᠠᠭᠠᠨ ᠤ ᠲᠥᠯᠥᠪᠵᠢᠭᠦᠯᠭᠡ᠂ ᠲᠥᠯᠥᠪᠯᠡᠭᠡ ᠶᠢ ᠲᠤᠭᠤᠷᠪᠢᠨ ᠲᠤᠭᠳᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠲᠤᠭᠤᠷᠢᠭ ᠤᠨ ᠬᠡᠪᠴᠢᠶᠡᠨ ᠤ ᠠᠵᠤ ᠠᠬᠤᠢ ᠶᠢᠨ ᠪᠠᠶᠢᠳᠠᠯ ᠢ ᠬᠤᠷᠸ᠎ᠠ ᠲᠠᠯ᠎ᠠ ᠠᠴᠠ ᠵᠠᠳᠠᠯᠤᠨ ᠲᠥᠰᠥᠭᠡᠯᠡᠵᠦ᠂ ᠡᠯ᠎ᠡ ᠲᠥᠷᠥᠯ ᠤᠨ ᠠᠵᠤ ᠠᠬᠤᠢ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠨ᠎ᠠ︔ ᠡᠳ᠋ ᠤᠨ ᠵᠠᠰᠠᠭ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠯᠡᠨ ᠠᠵᠤ ᠠᠬᠤᠢ ᠶᠢᠨ ᠲᠣᠬᠢᠷᠠᠭᠤᠯᠭ᠎ᠠ ᠶᠢ ᠬᠡᠷᠡᠭᠵᠢᠭᠦᠯᠬᠦ ᠪᠠ ᠨᠡᠶᠢᠭᠡᠮ ᠤᠨ ᠡᠳ᠋ ᠤᠨ ᠶᠠᠪᠤᠳᠠᠯ ᠢ ᠶᠡᠷᠦᠩᠬᠡᠶᠢᠯᠡᠨ ᠲᠡᠩᠴᠡᠭᠦᠷᠢᠲᠡᠢ ᠪᠣᠯᠭᠠᠬᠤ ᠰᠠᠨᠠᠭᠤᠯᠭ᠎ᠠ ᠶᠢ ᠳᠤᠷᠠᠳᠤᠨ ᠭᠠᠷᠭᠠᠨ᠎ᠠ᠃     ︵ ᠬᠤᠶᠠᠷ︶ ᠵᠢᠨᠢᠩ ᠲᠣᠭᠤᠷᠢᠭ ᠤᠨ ᠡᠳ᠋ ᠤᠨ ᠵᠠᠰᠠᠭ᠂ ᠡᠳ᠋ ᠤᠨ ᠶᠠᠪᠤᠳᠠᠯ᠂ ᠨᠢᠭᠲᠠᠯᠠᠨ ᠪᠤᠳᠣᠭᠴᠢ ᠶᠢᠨ ᠬᠠᠮᠢᠶᠠᠷᠣᠯᠳᠠ ᠶᠢᠨ ᠬᠠᠣᠯᠢ ᠴᠠᠭᠠᠵᠠ ᠬᠠᠣᠯᠢ ᠲᠦᠷᠢᠮ ᠢ ᠲᠣᠣᠱᠯᠠᠭᠤᠯᠤᠨ ᠬᠡᠷᠡᠭᠵᠢᠭᠦᠯᠵᠦ᠂ ᠪᠦᠬᠦ ᠲᠣᠭᠤᠷᠢᠭ ᠤᠨ ᠡᠳ᠋ ᠤᠨ ᠵᠠᠰᠠᠭ᠂ ᠡᠳ᠋ ᠤᠨ ᠶᠠᠪᠤᠳᠠᠯ᠂ ᠨᠢᠭᠲᠠᠯᠠᠨ ᠪᠤᠳᠣᠭᠴᠢ ᠶᠢᠨ ᠬᠠᠮᠢᠶᠠᠷᠣᠯᠳᠠ ᠶᠢᠨ ᠲᠠᠯ᠎ᠠ ᠶᠢᠨ ᠪᠣᠳᠠᠳᠠᠢ ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠬᠤ ᠪᠦᠭᠡᠳ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠭᠤᠷᠪᠠ︶  ᠵᠢᠨᠢᠩ ᠲᠣᠭᠤᠷᠢᠭ ᠤᠨ ᠲᠤᠰ ᠱᠠᠲᠤᠨ ᠤ ᠡᠯ᠎ᠡ ᠲᠥᠷᠥᠯ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠲᠤᠰ ᠱᠠᠲᠤᠨ ᠤ ᠡᠳ᠋ ᠤᠨ ᠵᠠᠰᠠᠭ ᠤᠨ ᠲᠥᠰᠥᠪ ᠤᠨ ᠭᠦᠢᠴᠡᠳᠬᠡᠯ ᠢ ᠨᠠᠶᠢᠷᠠᠭᠤᠯᠤᠨ ᠬᠤᠷᠢᠶᠠᠩᠭᠤᠶᠢᠯᠠᠵᠤ᠂ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠡᠳ᠋ ᠤᠨ ᠵᠠᠰᠠᠭ ᠤᠨ ᠲᠥᠰᠥᠪ ᠵᠢᠴᠢ ᠬᠡᠷᠡᠭᠵᠢᠭᠦᠯᠦᠭᠰᠡᠨ ᠪᠠᠶᠢᠳᠠᠯ ᠢ ᠮᠡᠳᠡᠭᠦᠯᠵᠦ᠂ ᠵᠢᠨᠢᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠡᠳ᠋ ᠤᠨ ᠵᠠᠰᠠᠭ ᠤᠨ ᠲᠥᠰᠥᠪ ᠤᠨ ᠭᠦᠢᠴᠡᠳᠬᠡᠯ ᠢ ᠮᠡᠳᠡᠭᠦᠯᠦᠨ᠎ᠡ᠃ ᠵᠢᠨᠢᠩ ᠲᠣᠭᠤᠷᠢᠭ ᠤᠨ ᠲᠤᠰ ᠱᠠᠲᠤᠨ ᠤ ᠵᠠᠷᠤᠳᠠᠯ ᠵᠠᠷᠤᠯᠭ᠎ᠠ ᠶᠢᠨ ᠪᠠᠷᠢᠮᠵᠢᠶ᠎ᠠ᠂ ᠲᠤᠭ᠎ᠠ ᠨᠤᠷᠮ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠰᠠᠯᠠᠭ᠎ᠠ ᠮᠦᠴᠢᠷ ︵ᠨᠢᠭᠡᠴᠡ︶᠎ ᠶᠢᠨ ᠣᠨ ᠤ ᠲᠥᠰᠥᠪ ᠤᠨ ᠭᠦᠢᠴᠡᠳᠬᠡᠯ ᠤᠨ ᠬᠢᠨᠠᠨ ᠬᠠᠷᠭᠤᠭᠤᠯᠵᠤ ᠴᠣᠬᠤᠯᠠᠪᠤᠷᠢᠯᠠᠬᠤ ᠶᠢ ᠬᠠᠷᠢᠭᠤᠴᠠᠨ᠎ᠠ᠃  ᠵᠢᠨᠢᠩ ᠲᠣᠭᠤᠷᠢᠭ ᠤᠨ ᠡᠳ᠋ ᠤᠨ ᠵᠠᠰᠠᠭ ᠤᠨ ᠴᠢᠨᠠᠷᠲᠠᠢ ᠪᠡᠯᠡ ᠮᠦᠩᠭᠦ ᠶᠢ ᠶᠡᠷᠦᠩᠬᠡᠶᠢᠯᠡᠨ ᠳᠡᠩᠴᠡᠭᠦᠷᠢ ᠲᠠᠢ ᠪᠣᠯᠭᠠᠨ᠎ᠠ᠃    ︵ᠳᠦᠷᠪᠡ︶  ᠤᠯᠤᠰ᠂ ᠦᠪᠡᠷᠳᠡᠭᠡᠨ ᠵᠠᠰᠠᠬᠤ ᠣᠷᠤᠨ ᠤ ᠭᠠᠶᠢᠯᠢ ᠲᠠᠲᠠᠪᠤᠷᠢ ᠶᠢᠨ ᠬᠠᠮᠢᠶ᠎ᠠ ᠪᠦᠬᠦᠢ ᠳᠦᠷᠦ ᠶᠢᠨ ᠪᠣᠳᠤᠯᠭ᠎ᠠ᠂ ᠬᠠᠤᠯᠢ ᠴᠠᠭᠠᠵᠠ᠂ ᠳᠦᠷᠢᠮ ᠲᠣᠭᠲᠠᠭᠠᠯ ᠢ ᠲᠤᠤᠱᠯᠠᠭᠤᠯᠬᠤ ᠠᠷᠭ᠎ᠠ ᠪᠠᠷᠢᠯ ᠵᠢᠴᠢ ᠭᠠᠶᠢᠯᠢ ᠲᠠᠲᠠᠪᠤᠷᠢ ᠶᠢᠨ ᠲᠣᠬᠢᠷᠠᠭᠤᠯᠭ᠎ᠠ ᠶᠢᠨ ᠲᠥᠰᠥᠯ ᠢ ᠰᠤᠳᠤᠯᠤᠨ ᠲᠤᠭᠤᠷᠪᠢᠨ ᠲᠣᠭᠲᠠᠭᠠᠨ᠎ᠠ᠃ ᠵᠠᠰᠠᠭ ᠤᠨ ᠣᠷᠳᠣᠨ ᠤ ᠭᠠᠶᠢᠯᠢ ᠶᠢᠨ ᠣᠷᠣᠯᠭ᠎ᠠ ᠶᠢᠨ ᠳᠦᠯᠦᠪᠯᠡᠭᠡ ᠶᠢ ᠬᠠᠷᠢᠭᠤᠴᠠᠵᠤ᠂ ᠭᠠᠶᠢᠯᠢ ᠶᠢᠨ ᠨᠣᠷᠮ᠎ᠠ᠂ ᠳᠦᠷᠦᠯ ᠳᠦᠢᠯ ᠤᠨ ᠲᠣᠬᠢᠷᠠᠭᠤᠯᠭ᠎ᠠ ᠪᠠ ᠭᠠᠶᠢᠯᠢ ᠠᠴᠠ ᠬᠡᠯᠳᠦᠷᠢᠭᠦᠯᠬᠦ ᠰᠠᠨᠠᠭᠤᠯᠭ᠎ᠠ ᠶᠢ ᠳᠤᠷᠠᠳᠤᠨ᠎ᠠ᠃    ︵ᠲᠠᠪᠤ︶ ᠵᠢᠨᠢᠩ ᠲᠣᠭᠤᠷᠢᠭ ᠤᠨ ᠡᠳ᠋ ᠤᠨ ᠵᠠᠰᠠᠭ ᠤᠨ ᠨᠡᠶᠢᠳᠡ ᠶᠢᠨ ᠣᠷᠤᠯᠭ᠎ᠠ ᠵᠠᠷᠣᠯᠭ᠎ᠠ ᠶᠢ ᠬᠠᠮᠢᠶᠠᠷᠣᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠪᠠ ᠨᠡᠶᠢᠭᠡᠮ ᠤᠨ ᠪᠦᠯᠬᠦᠮ ᠤᠨ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢ ᠬᠠᠮᠢᠶᠠᠷᠣᠨ᠎ᠠ᠃ ︽ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠳ᠋ ᠤᠨ ᠶᠠᠪᠤᠳᠠᠯ ᠤᠨ ᠲᠦᠷᠢᠮ︾ ︽ᠠᠵᠢᠯ ᠦᠢᠯᠡᠰ ᠤᠨ ᠨᠢᠭᠡᠴᠡ ᠶᠢᠨ ᠡᠳ᠋ ᠤᠨ ᠶᠠᠪᠤᠳᠠᠯ ᠤᠨ ᠲᠦᠷᠢᠮ︾ ᠪᠠ ︽ᠦᠨᠳᠣᠰᠦᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠶᠢᠨ ᠡᠳ᠋ ᠤᠨ ᠶᠠᠪᠤᠳᠠᠯ ᠤᠨ ᠲᠦᠷᠢᠮ︾᠎ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠵᠢᠷᠭᠤᠭ᠎ᠠ︶ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠦᠰᠤᠪ᠂ ᠲᠥᠰᠥᠪ ᠤᠨ ᠬᠦᠢᠴᠡᠳᠭᠡᠯ ᠤᠨ ᠲᠥᠰᠥᠯ ᠢ ᠬᠠᠷᠢᠭᠤᠴᠠᠨ ᠬᠢᠨᠠᠨ ᠬᠠᠷᠭᠤᠭᠤᠯᠬᠤ ᠪᠠ ᠬᠤᠷᠢᠶᠠᠩᠭᠤᠶᠢᠯᠠᠨ ᠨᠠᠶᠢᠷᠠᠭᠤᠯᠤᠨ ᠲᠤᠭᠳᠠᠭᠠᠵᠦ᠂ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠳᠦᠷᠢᠮ ᠪᠠ ᠠᠷᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠬᠥᠷᠥᠩᠭᠡ ᠶᠢᠨ ᠠᠰᠢᠭ ᠣᠯᠵᠠᠪᠤᠷᠢ ᠶᠢ ᠬᠤᠷᠢᠶᠠᠵᠦ᠂ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠳᠦᠷᠢᠮ ᠵᠢᠴᠢ ᠵᠠᠰᠠᠭ ᠤᠨ ᠣᠷᠳᠣᠨ ᠬᠢᠭᠡᠳ ᠠᠵᠤ ᠠᠬᠤᠶᠢᠯᠠᠯ ᠤᠨ ᠬᠤᠪᠢᠶᠠᠷᠢᠯᠠᠯᠲᠠ ᠶᠢᠨ ᠳᠦᠷᠢᠮ ᠪᠠ ᠠᠷᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠬᠥᠷᠥᠩᠭᠡ ᠶᠢᠨ ᠦᠨᠡᠯᠡᠨ ᠵᠢᠱᠢᠬᠦ ᠠᠵᠢᠯ ᠢ ᠲᠤᠭᠳᠠᠭᠠᠯ ᠶᠤᠰᠤᠭᠠᠷ ᠬᠠᠮᠢᠶᠠᠷᠤᠨ᠎ᠠ᠃    ︵ᠳᠣᠯᠤᠭ᠎ᠠ︶ ᠵᠢᠨᠢᠩ ᠲᠣᠭᠤᠷᠢᠭ ‍ᠤᠨ‌ᠡᠳ᠋ ᠤᠨ ᠵᠠᠰᠠᠭ ᠤᠨ ᠠᠵᠤ ᠠᠬᠤᠢ ᠶᠢᠨ ᠬᠦᠭᠵᠢᠯᠲᠡ‌‍ᠪᠠ ᠡᠯ᠎ᠡ ᠳᠦᠷᠦᠯ ᠤᠨ ᠠᠵᠢᠯ ᠦᠢᠯᠡᠰ ᠤᠨ ᠳᠤᠰᠬᠠᠢ ᠵᠠᠷᠤᠳᠠᠯ ᠮᠦᠩᠭᠦ ᠶᠢ ᠬᠠᠮᠢᠶᠠᠷᠴᠦ᠂ ᠵᠢᠨᠢᠩ ᠲᠣᠭᠤᠷᠢᠭ ‍ᠤᠨ‌‍ᠲ᠋ᠠᠷᠢᠶᠠᠯᠠᠩ ᠤᠨ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ︵ᠨᠠᠢᠮᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠵᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠨᠡᠶᠢᠭᠡᠮ ᠤᠨ ᠪᠠᠲᠤᠯᠠᠭ᠎ᠠ ᠪᠠ ᠠᠵᠢᠯ ᠤᠯᠭᠤᠬᠤ ᠵᠢᠴᠢ ᠡᠮ ᠡᠮᠨᠡᠯᠭᠡ ᠡᠷᠡᠭᠦᠯ ᠬᠠᠮᠠᠭᠠᠯᠠᠯ ᠤᠨ ᠵᠠᠷᠤᠯᠭ᠎ᠠ ᠶᠢ ᠬᠠᠮᠢᠶᠠᠷᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠵᠤ ᠪᠦᠬᠦ ᠣᠷᠣᠨ ᠤ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ︵ᠰᠠᠭᠤᠷᠢ ᠮᠥᠩᠭᠦ︶᠎ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠠᠲᠤᠯᠠᠭ᠎ᠠ ᠶᠢᠨ ᠲᠥᠰᠥᠪ ᠪᠠ ᠲᠥᠰᠥᠪ ᠤᠨ ᠭᠦᠢᠴᠡᠳᠬᠡᠯ ᠤᠨ ᠲᠦᠰᠤᠯ ᠢ ᠨᠠᠶᠢᠷᠠᠭᠤᠯᠤᠨ ᠲᠤᠭᠳᠠᠭᠠᠨ᠎ᠠ᠃     ︵ᠶᠢᠰᠦ︶ ᠵᠠᠰᠠᠭ ᠤᠨ ᠣᠷᠳᠣᠨ ᠤ ᠲᠣᠲᠣᠭᠠᠳᠤ ᠭᠠᠳᠠᠭᠠᠲᠤ ᠶᠢᠨ ᠥᠷᠢ ᠥᠭᠴᠡᠭᠡ ᠶᠢᠨ ᠬᠠᠮᠢᠶᠠᠷᠣᠯᠲᠠ ᠶᠢᠨ ᠲᠤᠬᠠᠢ ᠤᠯᠤᠰ ᠤᠨ ᠲᠦᠷᠢᠮ ᠪᠠ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠲᠤᠭᠤᠷᠢᠭ ᠤᠨ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢᠨ ᠬᠠᠮᠢᠶᠠᠷᠤᠯᠲᠠ ᠶᠢᠨ ᠳᠦᠷᠢᠮ ᠪᠠ ᠠᠷᠭ᠎ᠠ ᠶᠢ ᠬᠠᠤᠯᠢ ᠶᠤᠰᠤᠭᠠᠷ ᠲᠣᠭᠲᠠᠭᠠᠨ᠎ᠠ︔ ᠵᠠᠰᠠᠭ ᠤᠨ ᠣᠷᠳᠣᠨ ᠤ ᠲᠣᠲᠤᠭᠠᠲᠤ ᠭᠠᠳᠠᠭᠠᠲᠤ ᠶᠢᠨ ᠥᠷᠢ ᠥᠭᠴᠡᠭᠡ ᠶᠢ ᠨᠢᠭᠡᠳᠦᠯᠲᠡᠢ ᠬᠠᠮᠢᠶᠠᠷᠬᠤ ᠶᠢ ᠬᠠᠷᠢᠭᠤᠴᠠᠨ᠎ᠠ᠃    ︵ᠠᠷᠪᠠ︶ ᠲᠣᠭᠤᠷᠢᠭ ᠤᠨ ᠨᠢᠭᠲᠠᠯᠠᠨ ᠪᠣᠳᠣᠭᠴᠢ ᠶᠢᠨ ᠠᠵᠢᠯ ᠤᠨ ᠬᠠᠮᠢᠶᠠᠷᠤᠯᠲᠠ ᠶᠢ ᠬᠠᠷᠢᠭᠤᠴᠠᠵᠤ᠂ ᠨᠢᠭᠲᠠᠯᠠᠨ ᠪᠣᠳᠣᠭᠴᠢ ᠶᠢᠨ ᠬᠠᠤᠯᠢ ᠴᠠᠭᠠᠵᠠ ᠳᠦᠷᠢᠮ ᠲᠣᠭᠳᠠᠭᠠᠯ ᠶᠢ ᠬᠡᠷᠡᠭᠵᠢᠭᠦᠯᠦᠨ ᠲᠤᠤᠱᠯᠠᠭᠤᠯᠵᠤ᠂ ᠨᠢᠭᠲᠠᠯᠠᠨ ᠪᠣᠳᠣᠭᠴᠢ ᠶᠢᠨ ᠦᠢᠯᠡ ᠠᠵᠢᠯᠠᠯᠭ᠎ᠠ ᠳᠤ ᠬᠢᠨᠠᠯᠲᠠ ᠲᠠᠯᠪᠢᠬᠤ ᠪᠠ ᠵᠢᠷᠤᠮᠵᠢᠭᠤᠯᠵᠤ᠂ ᠨᠢᠭᠲᠠᠯᠠᠨ ᠪᠣᠳᠣᠬᠤ ᠮᠡᠷᠭᠡᠵᠢᠯᠲᠡᠨ ᠤ ᠰᠢᠯᠭᠠᠯᠲᠠ ᠳᠤ ᠨᠡᠷ᠎ᠡ ᠮᠡᠳᠡᠭᠦᠯᠬᠦ ᠠᠵᠢᠯ᠂ ᠠᠵᠤ ᠠᠬᠤᠶᠢᠯᠠᠯ ᠤᠨ〈ᠨᠢᠭᠲᠠᠯᠠᠨ ᠪᠣᠳᠣᠭᠴᠢ ᠶᠢᠨ ᠬᠠᠤᠯᠢ 〉᠎ ᠶᠢᠨ ᠪᠣᠯᠪᠠᠰᠤᠷᠠᠯ ᠵᠡᠷᠭᠡ ᠶᠢ ᠵᠣᠬᠢᠶᠠᠨ ᠪᠠᠶᠢᠭᠤᠯᠵᠤ ᠶᠠᠪᠤᠭᠳᠠᠭᠤᠯᠤᠨ᠎ᠠ᠃    ︵ᠠᠷᠪᠠᠨ ᠨᠢᠭᠡ︶ ᠡᠳ᠋ ᠤᠨ ᠵᠠᠰᠠᠭ ᠭᠠᠶᠢᠯᠢ ᠳᠠᠳᠠᠪᠤᠷᠢ ᠶᠢᠨ ᠬᠠᠤᠯᠢ ᠳᠦᠷᠢᠮ᠂ ᠲᠥᠷᠥ ᠶᠢᠨ ᠪᠣᠳᠣᠯᠭ᠎ᠠ ᠶᠢᠨ ᠬᠡᠷᠡᠭᠵᠢᠬᠦᠯᠤᠯᠳᠡ ᠶᠢᠨ ᠪᠠᠶᠢᠳᠠᠯ ᠢ ᠬᠢᠨᠠᠨ ᠪᠠᠶᠢᠴᠠᠭᠠᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠳᠠᠬᠢ ᠬᠦᠨᠳᠦ ᠶᠡᠭᠡ ᠠᠰᠠᠭᠤᠳᠠᠯ ᠤᠳ ᠢ ᠲᠤᠰᠬᠠᠵᠤ᠂ ᠡᠳ᠋ ᠤᠨ ᠵᠠᠰᠠᠭ ᠤᠨ ᠬᠠᠮᠢᠶᠠᠷᠤᠯᠲᠠ ᠶᠢ ᠴᠢᠩᠭᠠᠳᠬᠠᠬᠤ ᠲᠥᠷᠥ ᠶᠢᠨ ᠪᠣᠳᠣᠯᠭ᠎ᠠ ᠪᠠ ᠰᠠᠨᠠᠭᠤᠯᠭ᠎ᠠ ᠶᠢ ᠲᠤᠷᠠᠳᠤᠨ᠎ᠠ᠃    ︵ᠠᠷᠪᠠᠨ ᠬᠤᠶᠠᠷ︶ ᠡᠳ᠋ ᠤᠨ ᠵᠠᠰᠠᠭ ᠤᠨ ᠰᠢᠨᠵᠢᠯᠡᠬᠦ ᠤᠬᠠᠭᠠᠨᠴᠢ ᠰᠣᠳᠤᠯᠠᠭᠠᠨ ᠪᠠ ᠰᠤᠷᠭᠠᠨ ᠬᠦᠮᠦᠵᠢᠯ ᠤᠨ ᠳᠦᠯᠦᠪᠯᠡᠭᠡ ᠶᠢᠨ ᠲᠣᠭᠲᠠᠭᠠᠵᠤ᠂ ᠡᠳ᠋ ᠤᠨ ᠵᠠᠰᠠᠭ ᠤᠨ ᠴᠢᠳᠠᠪᠦᠷᠢᠳᠡᠨ ᠤ ᠪᠣᠯᠪᠠᠰᠤᠷᠠᠯ ᠢ ᠵᠣᠬᠢᠶᠠᠨ ᠪᠠᠶᠢᠭᠤᠯᠵᠤ᠂ ᠡᠳ᠋ ᠤᠨ ᠵᠠᠰᠠᠭ ᠤᠨ ᠰᠤᠷᠠᠭ ᠵᠠᠩᠬᠢ ᠪᠠ ᠡᠳ᠋ ᠤᠨ ᠵᠠᠰᠠᠭ ᠤᠨ ᠤᠬᠠᠭᠤᠯᠭ᠎ᠠ ᠶᠢᠨ ᠠᠵᠢᠯ ᠢ ᠬᠠᠷᠢᠭᠤᠴᠠᠨ᠎ᠠ᠃    ︵ᠠᠷᠪᠠᠨ ᠭᠤᠷᠪᠠ︶ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠠ ᠳᠡᠭᠡᠳᠦ ᠱᠠᠳᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠭᠦᠢᠴᠡᠳᠭᠡᠯᠭᠡᠬᠦ ᠪᠠᠷ ᠲᠤᠰᠢᠶᠠᠭᠰᠠᠨ ᠪᠣᠰᠣᠳ ᠶᠠᠪᠤᠳᠠᠯ ᠤᠳ ᠢ ᠳᠠᠭᠠᠭᠠᠨ ᠭᠦᠢᠴᠡᠳᠬᠡᠨ᠎ᠡ᠃                                        ᠣᠷᠴᠢᠭᠤᠯᠤᠭᠴᠢ᠄ ᠣᠳᠤᠩᠬᠤᠸᠠᠷ
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2