ᠵᠢᠨᠢᠡᠭ ᠲᠤᠭᠤᠷᠢᠭ ᠤᠨ ᠭᠡᠷ ᠪᠠᠶᠢᠰᠢᠩ ᠭᠠᠵᠠᠷ ᠬᠦᠷᠦᠩᠭᠡ ᠶᠢᠨ ᠬᠠᠮᠢᠶᠠᠷᠣᠯᠳᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2019/3/4
    ᠤᠯᠠᠭᠠᠨᠴᠠᠪ ᠬᠤᠳᠠ ᠶᠢᠨ ᠵᠢᠨᠢᠩ ᠲᠣᠭᠤᠷᠢᠭ ᠤᠨ ᠭᠡᠷ ᠪᠠᠶᠢᠰᠢᠩ ᠭᠠᠵᠠᠷ ᠬᠦᠷᠦᠩᠭᠡ ᠶᠢᠨ ᠬᠠᠮᠢᠶᠠᠷᠣᠯᠳᠠ ᠶᠢᠨ ᠲᠣᠪᠴᠢᠶ᠎ᠠ ᠨᠢ1983 ᠣᠨ ᠳᠤ ᠪᠠᠶᠢᠭᠤᠯᠤᠭᠳᠠᠵᠤ᠂ ᠲᠣᠭᠤᠷᠢᠭ ᠤᠨ ᠵᠠᠰᠠᠭ ᠤᠨ ᠣᠷᠳᠤᠨ ᠤ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠨᠢᠭᠡ ᠪᠣᠯᠣᠨ᠎ᠠ᠃ ᠭᠤᠤᠯ ᠡᠭᠦᠷᠭᠡ ᠬᠠᠷᠢᠭᠤᠴᠠᠯᠭ᠎ᠠ ᠨᠢ᠄ ᠬᠤᠳᠠ ᠶᠢᠨ ᠣᠷᠤᠨ ᠰᠠᠭᠤᠴᠠ ᠶᠢᠨ ᠪᠦᠳᠦᠭᠡᠨ ᠪᠠᠶᠢᠭᠤᠯᠤᠯᠳᠠ ᠶᠢᠨ ᠬᠦᠭᠵᠢᠯᠳᠡ ᠶᠢᠨ ᠳᠦᠰᠦᠪ ᠪᠠ ᠭᠡᠷ ᠪᠠᠶᠢᠰᠢᠩ ᠤᠨ ᠨᠡᠭᠡᠭᠡᠯᠳᠡ ᠶᠢᠨ ᠵᠢᠯ ᠤᠨ ᠳᠦᠯᠦᠪᠯᠡᠭᠡ ᠶᠢ ᠲᠣᠭᠳᠠᠭᠠᠨ᠎ᠠ᠃ ᠭᠡᠷ ᠪᠠᠶᠢᠰᠢᠩ  ᠠᠳᠠᠯ  ᠠᠬᠤᠢ ᠦᠢᠯᠡᠰ ᠤᠨ ᠵᠠᠬ᠎ᠠ ᠳᠡᠯᠭᠡᠭᠦᠷ ᠲᠤ ᠳᠦᠷᠦ ᠶᠢᠨ ᠪᠣᠳᠤᠯᠭ᠎ᠠ ᠶᠢ ᠤᠬᠠᠭᠤᠯᠵᠤ᠂ ᠬᠤᠷᠸ᠎ᠠ ᠲᠣᠬᠢᠷᠠᠭᠤᠯᠭ᠎ᠠ ᠬᠢᠵᠤ᠂ ᠦᠢᠯᠡᠴᠢᠯᠡᠭᠡ ᠶᠢ ᠬᠢᠨᠠᠨ ᠬᠠᠮᠢᠶᠠᠷᠬᠤ ᠪᠠ ᠵᠠᠬ᠎ᠠ ᠳᠡᠯᠭᠡᠭᠦᠷ ᠢ ᠪᠣᠶᠢᠵᠢᠭᠤᠯᠤᠨ᠎ᠠ᠃  ᠣᠷᠤᠨ ᠰᠠᠭᠤᠴᠠ ᠶᠢᠨ ᠪᠠᠳᠤᠯᠠᠭᠠᠨ ᠤ ᠰᠢᠰᠲ᠋ᠧᠮ ᠢ ᠪᠦᠳᠦᠭᠡᠨ ᠪᠠᠶᠢᠭᠤᠯᠵᠤ ᠬᠡᠷᠡᠭᠵᠢᠭᠦᠯᠦᠨ᠎ᠡ  ᠃ ᠭᠡᠷ ᠪᠠᠶᠢᠰᠢᠩ ᠪᠠ ᠠᠳᠠᠯ ᠠᠬᠤᠢ ᠶᠢᠨ ᠦᠢᠯᠡᠰ ᠤᠨ ᠮᠡᠷᠭᠡᠵᠢᠯ ᠤᠨ ᠬᠠᠮᠢᠶᠠᠷᠤᠯᠲᠠ ᠬᠢᠬᠦ ᠪᠠ ᠡᠳᠦᠷ ᠳᠤᠳᠤᠮ ᠤᠨ ᠠᠵᠢᠯ ᠤᠨ ᠬᠠᠮᠢᠶᠠᠷᠤᠨ᠎ᠠ᠃ ᠪᠣᠳᠠᠳᠠᠢ ᠪᠠᠷ ᠬᠡᠯᠡᠪᠡᠯ᠄ ᠵᠢᠨᠢᠩ ᠲᠣᠭᠤᠷᠢᠭ ᠤᠨ ᠭᠡᠷ ᠪᠠᠶᠢᠰᠢᠩ ᠤᠨ ᠨᠡᠭᠡᠭᠡᠯᠳᠡ ᠪᠦᠳᠦᠭᠡᠨ ᠪᠠᠶᠢᠭᠤᠯᠤᠯᠳᠠ ᠪᠠ ᠠᠶᠤᠯ ᠲᠠᠢ ᠭᠡᠷ ᠪᠠᠶᠢᠰᠢᠩ ᠵᠠᠰᠠᠨ ᠦᠭᠡᠷᠡᠴᠢᠯᠡᠯᠳᠡ ᠬᠢᠨ᠎ᠡ᠃ ᠪᠠᠳᠤᠯᠠᠭᠠᠨ ᠤ ᠴᠢᠨᠠᠷ ᠲᠠᠢ ᠣᠷᠤᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠪᠠ ᠬᠠᠮᠢᠶᠠᠷᠤᠯᠳᠠ ᠶᠢ ᠬᠠᠷᠢᠭᠤᠴᠠᠨ᠎ᠠ᠃ ᠭᠡᠷ ᠪᠠᠶᠢᠰᠢᠩ ᠤᠨ ᠳᠦᠷᠢᠶᠡᠰᠦᠯᠡᠬᠦ᠂ ᠨᠡᠶᠢᠳᠡ ᠶᠢᠨ ᠭᠡᠷ ᠪᠠᠶᠢᠰᠢᠩ ᠢ ᠬᠠᠮᠢᠶᠠᠷᠬᠤ᠂ ᠭᠡᠷ ᠪᠠᠶᠢᠰᠢᠩ ᠤᠨ ᠦᠢᠯᠡᠰ ᠤᠨ ᠦᠨ᠎ᠡ ᠶᠢᠨ ᠪᠠᠷᠤᠭᠴᠠᠭᠠᠯᠠᠨ ᠵᠢᠱᠢᠬᠦ᠂ ᠠᠳᠠᠯ ᠠᠬᠤᠢ ᠶᠢᠨ ᠬᠠᠮᠢᠶᠠᠷᠤᠯᠳᠠ ᠪᠠ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃ ᠭᠡᠷ ᠪᠠᠶᠢᠰᠢᠩ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠳᠦᠷᠢᠮᠵᠢᠭᠦᠯᠬᠦ᠂ ᠭᠡᠷ ᠪᠠᠶᠢᠰᠢᠩ ᠤᠨ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ  ᠂ ᠪᠠᠳᠤᠯᠠᠭᠠᠨ ᠤ ᠴᠢᠨᠠᠷ ᠎ ᠲᠠᠢ ᠣᠷᠤᠨ ᠰᠠᠭᠤᠴᠠ ᠶᠢᠨ ᠪᠦᠳᠦᠭᠡᠨ ᠪᠠᠶᠢᠭᠤᠯᠤᠯᠲᠠ᠂ ᠬᠤᠪᠢᠶᠠᠨ ᠲᠣᠬᠢᠷᠠᠭᠤᠯᠬᠤ ᠪᠠ ᠬᠠᠮᠢᠶᠠᠷᠬᠤ᠂ ᠣᠷᠤᠨ ᠰᠠᠭᠤᠴᠠ ᠶᠢᠨ ᠳᠦᠷᠢᠮ ᠲᠣᠭᠲᠠᠭᠠᠯ ᠢ ᠦᠭᠡᠷᠡᠴᠢᠯᠡᠬᠦ᠂ ᠰᠠᠭᠤᠭᠠᠯᠢ ᠠᠷᠠᠳ ᠤᠨ ᠲᠣᠭᠤᠷᠢᠭ ᠤᠨ ᠶᠡᠷᠦᠩᠬᠡᠶᠢᠯᠡᠭᠰᠡᠨ ᠰᠢᠯᠭᠠᠨ ᠪᠠᠶᠢᠴᠠᠭᠠᠯᠲᠠ ᠬᠢᠬᠦ᠂ ᠬᠤᠳᠠᠯᠳᠤᠭᠠᠨ ᠤ ᠭᠡᠷ ᠪᠠᠶᠢᠰᠢᠩ ᠤᠨ ᠤᠷᠢᠳᠴᠢᠯᠠᠨ ᠬᠤᠳᠠᠯᠳᠤᠬᠤ᠂ ᠨᠡᠶᠢᠳᠡ ᠶᠢᠨ ᠭᠡᠷ ᠪᠠᠶᠢᠰᠢᠩ ᠤᠨ ᠬᠠᠮᠢᠶᠠᠷᠤᠯᠳᠠ᠂ ᠬᠤᠪᠢ ᠶᠢᠨ ᠭᠡᠷ ᠪᠠᠰᠢᠢᠩ ᠤᠨ ᠳᠦᠷᠦ ᠶᠢᠨ ᠪᠣᠳᠤᠯᠭ᠎ᠠ ᠶᠢ ᠲᠤᠤᠱᠯᠠᠭᠤᠯᠬᠤ᠂ ᠭᠡᠷ ᠪᠠᠶᠢᠰᠢᠩ ᠤᠨ ᠳᠦᠷᠢᠶᠡᠰᠦᠯᠡᠬᠦ᠂ ᠭᠡᠷ ᠪᠠᠶᠢᠰᠢᠩ ᠤᠨ ᠠᠮᠤᠷ ᠳᠦᠪᠰᠢᠨ ᠤ ᠰᠢᠯᠭᠠᠨ ᠪᠠᠶᠢᠴᠠᠭᠠᠯᠳᠠ ᠬᠢᠬᠦ  ᠂ ᠭᠡᠷ ᠪᠠᠶᠢᠰᠢᠩ ᠤᠨ ᠵᠠᠭᠤᠴᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠬᠠᠮᠢᠶᠠᠷᠬᠤ᠂ ᠬᠦᠳᠡᠭᠡ ᠳᠤᠰᠬᠤᠨ ᠤ ᠠᠶᠤᠯ ᠎ ᠲᠠᠢ ᠭᠡᠷ ᠪᠠᠶᠢᠰᠢᠩ ᠶᠢ ᠦᠭᠡᠷᠡᠴᠢᠯᠡᠬᠦ᠂  ᠪᠠᠷᠢᠯᠭ᠎ᠠ ᠶᠢᠨ ᠡᠨᠧᠷᠬᠢ ᠠᠷᠪᠢᠯᠠᠬᠤ  ᠦᠭᠡᠷᠡᠴᠢᠯᠡᠬᠦ ᠵᠡᠷᠭᠡ ᠠᠵᠢᠯ ᠤᠨ ᠬᠠᠷᠢᠭᠤᠴᠠᠯᠭ᠎ᠠ  ᠶᠢ ᠡᠭᠦᠷᠭᠡᠯᠡᠵᠦ ᠪᠠᠶᠢᠨ᠎ᠠ᠃                                            ᠣᠷᠴᠢᠭᠤᠯᠤᠭᠴᠢ᠄ ᠣᠳᠤᠩᠬᠤᠸᠠᠷ
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2