ᠵᠢᠨᠢᠩ ᠲᠣᠭᠤᠷᠢᠭ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2019/3/4
    ᠵᠢᠨᠢᠩ ᠲᠣᠭᠤᠷᠢᠭ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠣᠪᠴᠢᠶ᠎ᠠ ᠶᠢᠨ ᠤᠤᠯ ᠤᠨ ᠨᠡᠷ᠎ᠡ ᠨᠢ ᠵᠢᠨᠢᠩ ᠲᠣᠭᠤᠷᠢᠭ ᠤᠨ ᠬᠦᠳᠡᠯᠮᠦᠷᠢ ᠬᠦᠴᠦᠨ ᠪᠠ ᠨᠡᠶᠢᠭᠡᠮ ᠤᠨ ᠪᠠᠳᠤᠯᠠᠭ᠎ᠠ ᠶᠢᠨ ᠲᠣᠪᠴᠢᠶ᠎ᠠ  ᠪᠠᠶᠢᠵᠤ᠂2010 ᠣᠨ ᠤ11 ᠰᠠᠷ᠎ᠠ ᠳᠤ ᠣᠳᠤ ᠶᠢᠨ ᠨᠡᠷ᠎ᠡ ᠪᠠᠷ ᠬᠠᠯᠠᠪᠠ᠃ ᠲᠣᠰ ᠲᠣᠪᠴᠢᠶ᠎ᠠ ᠨᠢ ᠵᠢᠨᠢᠩ ᠤᠨ ᠵᠠᠰᠠᠭ ᠤᠨ ᠣᠷᠳᠤᠨ ᠤ ᠰᠠᠯᠠᠭ᠎ᠠ ᠮᠦᠴᠢᠷ ᠤᠨ  ᠨᠢᠭᠡ ᠪᠤᠯᠤᠨ᠎ᠠ  ᠃ ᠭᠤᠤᠯ ᠨᠢ ᠪᠦᠬᠦ ᠲᠣᠭᠤᠷᠢᠭ ᠤᠨ ᠬᠦᠮᠦᠨ ᠤ ᠬᠦᠴᠦᠨ ᠤ ᠡᠬᠢ ᠪᠠᠶᠠᠯᠢᠭ ᠤᠨ ᠨᠡᠭᠡᠭᠡᠯᠳᠡ ᠬᠠᠮᠢᠶᠠᠷᠤᠯᠳᠠ᠂ ᠴᠡᠷᠢᠭ ᠠᠴᠠ ᠬᠠᠯᠠᠭᠳᠠᠭᠰᠠᠨ ᠺᠠᠳ᠋ᠷ ᠤᠨ ᠬᠠᠮᠢᠶᠠᠷᠤᠯᠳᠠ᠂ ᠲᠠᠬᠢᠨ ᠠᠵᠢᠯ ᠣᠯᠭᠤᠯᠲᠠ᠂ ᠨᠡᠶᠢᠭᠡᠮ ᠤᠨ ᠳᠠᠭᠠᠳᠬᠠᠯ᠂ ᠬᠦᠳᠡᠯᠮᠦᠷᠢ ᠬᠦᠴᠦᠨ ᠤ ᠬᠠᠷᠢᠴᠠᠭ᠎ᠠ ᠶᠢ ᠵᠣᠬᠢᠴᠠᠭᠤᠯᠬᠤ᠂ ᠬᠦᠳᠡᠯᠮᠦᠷᠢ ᠬᠦᠴᠦᠨ ᠤ ᠮᠠᠷᠭᠤᠯᠳᠤᠭᠠᠨ ᠢ ᠰᠢᠢᠳᠪᠦᠷᠢᠯᠡᠬᠦ᠂ ᠬᠦᠳᠡᠯᠮᠦᠷᠢ ᠶᠢᠨ ᠪᠠᠳᠤᠯᠠᠭᠠᠨ ᠳᠤ ᠬᠢᠨᠠᠯᠲᠠ ᠲᠠᠯᠪᠢᠬᠤ᠂ ᠮᠡᠷᠭᠡᠵᠢᠯ ᠤᠨ ᠪᠣᠯᠪᠠᠰᠤᠷᠠᠯ ᠪᠠ ᠦᠨᠡᠯᠡᠯᠳᠡ ᠬᠢᠬᠦ ᠵᠡᠷᠭᠡ ᠠᠵᠢᠯ ᠢ ᠬᠠᠷᠢᠭᠤᠴᠠᠵᠤ ᠪᠣᠢ᠃ ᠠᠯᠪᠠᠨ ᠪᠠᠶᠢᠭᠤᠯᠭ᠎ᠠ ᠳᠣᠳᠤᠷ᠎ᠠ ᠪᠠᠨ11 ᠴᠢᠳᠠᠮᠵᠢᠳᠤ ᠲᠠᠰᠤᠭ ᠪᠠᠶᠢᠨ᠎ᠠ᠂ ᠠᠯᠪᠠᠨ ᠭᠡᠷ᠂ ᠡᠳ᠋ ᠤᠨ ᠶᠠᠪᠤᠳᠠᠯ ᠬᠢᠨᠠᠨ ᠪᠣᠳᠤᠬᠤ ᠳᠦᠯᠦᠪᠯᠡᠭᠡ ᠶᠢᠨ ᠲᠠᠰᠤᠭ᠂ ᠠᠵᠢᠯ ᠣᠯᠭᠤᠯᠲᠠ ᠪᠠ ᠨᠠᠰᠤᠵᠢᠯ ᠤᠨ ᠳᠠᠭᠠᠳᠬᠠᠯ ᠤᠨ ᠲᠠᠰᠤᠭ᠂ ᠠᠯᠪᠠᠳᠠᠨ ᠤ ᠬᠠᠮᠢᠶᠠᠷᠤᠯᠳᠠ ᠶᠢᠨ ᠲᠠᠰᠤᠭ᠂ ᠮᠡᠷᠭᠡᠵᠢᠯ ᠤᠨ ᠴᠢᠳᠠᠪᠦᠷᠢᠳᠡᠨ ᠤ ᠬᠠᠮᠢᠶᠠᠷᠤᠯᠳᠠ ᠶᠢᠨ ᠲᠠᠰᠤᠭ᠂ ᠠᠵᠢᠯ ᠦᠢᠯᠡᠰ ᠤᠨ ᠨᠢᠭᠡᠴᠡ ᠶᠢᠨ ᠠᠵᠢᠯᠳᠡᠨ ᠤ ᠬᠠᠮᠢᠶᠠᠷᠤᠯᠳᠠ ᠶᠢᠨ ᠲᠠᠰᠤᠭ᠂ ᠴᠠᠯᠢᠩ ᠬᠦᠯᠦᠰᠦ ᠶᠢᠨ ᠲᠠᠰᠤᠭ᠂ ᠺᠠᠳ᠋ᠷ ᠠᠵᠢᠯᠳᠠᠨ ᠤ ᠰᠤᠷᠭᠠᠨ ᠬᠦᠮᠦᠵᠢᠭᠦᠯᠬᠦ ᠲᠠᠰᠤᠭ᠂ ᠡᠮ ᠡᠮᠨᠡᠯᠭᠡ ᠪᠠ ᠠᠵᠢᠯ ᠤᠨ ᠰᠢᠷᠬᠠᠳᠤᠯ ᠤᠨ ᠳᠠᠭᠠᠳᠬᠠᠯ ᠤᠨ ᠲᠠᠰᠤᠭ᠂ ᠬᠦᠳᠡᠯᠮᠦᠷᠢ ᠪᠠ ᠨᠡᠶᠢᠭᠡᠮ ᠤᠨ ᠪᠠᠳᠤᠯᠠᠭᠠᠨ ᠤ ᠬᠢᠨᠠᠯᠳᠠ ᠶᠢᠨ ᠲᠠᠰᠤᠭ᠂ ᠬᠦᠳᠡᠯᠮᠦᠷᠢ ᠬᠦᠴᠦᠨ ᠤ ᠮᠠᠷᠭᠤᠯᠳᠤᠭᠠᠨ ᠤ ᠰᠢᠭᠦᠨ ᠲᠠᠰᠤᠯᠤᠯᠳᠠ ᠶᠢᠨ ᠵᠦᠪᠯᠡᠯ ᠤᠨ ᠠᠯᠪᠠᠨ ᠭᠡᠷ ᠪᠣᠢ᠃ ᠲᠠᠪᠤᠨ ᠠᠵᠢᠯ ᠦᠢᠯᠡᠰ ᠤᠨ ᠨᠢᠭᠡᠴᠡ ᠨᠢ᠄ ᠵᠢᠨᠢᠩ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠲᠣᠪᠴᠢᠶ᠎ᠠ᠂ ᠵᠢᠨᠢᠩ ᠲᠣᠭᠤᠷᠢᠭ ᠤᠨ ᠬᠦᠳᠡᠯᠮᠦᠷᠢ ᠬᠦᠴᠦᠨ ᠤ ᠠᠵᠢᠯ ᠣᠯᠭᠤᠯᠲᠠ ᠶᠢᠨ ᠲᠣᠪᠴᠢᠶ᠎ᠠ᠂ᠵᠢᠨᠢᠩ ᠲᠣᠭᠤᠷᠢᠭ ᠤᠨ ᠡᠮ ᠡᠮᠨᠡᠯᠭᠡ ᠳᠠᠭᠠᠳᠬᠠᠯ ᠤᠨ ᠲᠣᠪᠴᠢᠶ᠎ᠠ᠂ ᠵᠢᠨᠢᠩ ᠲᠣᠭᠤᠷᠢᠭ ᠤᠨ ᠭᠠᠳᠠᠭᠰᠢ ᠭᠠᠷᠤᠭᠰᠠᠨ ᠠᠵᠢᠯᠳᠠᠨ ᠤ ᠬᠠᠮᠢᠶᠠᠷᠤᠯᠳᠠ ᠶᠢᠨ ᠲᠣᠪᠴᠢᠶ᠎ᠠ᠂ ᠬᠦᠳᠡᠯᠮᠦᠷᠢ ᠬᠦᠴᠦᠨ ᠤ ᠬᠢᠨᠠᠨ ᠬᠠᠮᠢᠶᠠᠷᠬᠤ ᠰᠠᠯᠪᠤᠷᠢ ᠲᠣᠭᠤᠶᠢᠯᠠᠩ  ᠪᠣᠢ᠃                                                            ᠣᠷᠴᠢᠭᠤᠯᠤᠭᠴᠢ᠄ ᠣᠳᠤᠩᠬᠤᠸᠠᠷ
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2