ᠵᠢᠨᠢᠡᠭ  ᠲᠤᠭᠤᠷᠢᠭ ᠤᠨ ᠬᠢᠨᠠᠨ ᠪᠤᠳᠤᠬᠤ ᠲᠣᠪᠴᠢᠶ᠎ᠠ
ᠨᠡᠶᠢᠲᠡᠯᠡᠭᠰᠡᠨ ᠴᠠᠭ᠄
2019/3/4
     ᠳᠦᠭᠦᠮ ᠲᠠᠨᠢᠯᠴᠠᠭᠤᠯᠭ᠎ᠠ᠄    ᠵᠢᠨᠢᠩ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ1984 ᠣᠨ ᠤ10 ᠰᠠᠷ᠎ᠠ ᠳᠤ ᠪᠠᠶᠢᠭᠤᠯᠤᠭᠳᠠᠨ᠂  ᠪᠠᠶᠢᠭᠤᠯᠭ᠎ᠠ ᠶᠢᠨ ᠳᠤᠲᠤᠷ᠎ᠠ ᠪᠠᠨ᠂ ᠠᠯᠪᠠᠨ ᠭᠡᠷ᠂ ᠡᠳ᠋ ᠤᠨ ᠵᠠᠰᠠᠭ ᠮᠦᠩᠭᠦᠨ ᠭᠦᠢᠯᠭᠡᠨ ᠤ ᠬᠢᠨᠠᠨ ᠪᠤᠳᠤᠬᠤ ᠲᠠᠰᠤᠭ᠂ ᠵᠠᠰᠠᠭ ᠵᠠᠬᠢᠷᠭᠠᠨ ᠪᠠ ᠠᠵᠢᠯ ᠦᠢᠯᠡᠰ ᠤᠨ ᠬᠢᠨᠠᠨ ᠪᠣᠳᠤᠬᠤ ᠲᠠᠰᠤᠭ᠂ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠶᠢᠨ ᠲᠠᠰᠤᠭ᠂ ᠨᠡᠶᠢᠭᠡᠮ ᠤᠨ ᠪᠠᠳᠤᠯᠠᠭ᠎ᠠ ᠬᠢᠨᠠᠨ ᠪᠣᠳᠤᠯᠲᠠ ᠶᠢᠨ ᠲᠠᠰᠤᠭ᠂ ᠠᠵᠤ ᠠᠬᠤᠢ ᠠᠷᠠᠯᠵᠢᠶᠠᠨ ᠤ ᠬᠢᠨᠠᠨ ᠪᠤᠳᠤᠯᠲᠠ ᠶᠢᠨ ᠲᠠᠰᠤᠭ᠂ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠠ ᠶᠢᠨ ᠲᠠᠰᠤᠭ᠂ ᠲᠠᠷᠢᠶᠠᠯᠠᠩ ᠪᠠ ᠡᠬᠢ ᠪᠠᠶᠠᠯᠢᠭ ᠣᠷᠴᠢᠨ ᠲᠤᠭᠤᠷᠢᠨ ᠤ ᠬᠢᠨᠠᠨ ᠪᠣᠳᠤᠯᠲᠠ ᠶᠢᠨ ᠲᠠᠰᠤᠭ ᠵᠡᠷᠭᠡ ᠨᠠᠢᠮᠠᠨ ᠴᠢᠳᠠᠮᠵᠢᠳᠤ ᠲᠠᠰᠤᠭ ᠬᠤᠪᠢᠶᠠᠵᠤ  ᠪᠠᠶᠢᠭᠰᠠᠨ᠃2015 ᠣᠨ ᠳᠤ ᠲᠠᠷᠢᠶᠠᠯᠠᠩ ᠪᠠ ᠡᠬᠢ ᠪᠠᠶᠠᠯᠢᠭ ᠣᠷᠴᠢᠨ ᠲᠤᠭᠤᠷᠢᠨ ᠤ ᠬᠢᠨᠠᠨ ᠪᠣᠳᠤᠯᠲᠠ ᠶᠢᠨ ᠲᠠᠰᠤᠭ ᠶᠢ ᠲᠠᠷᠢᠶᠠᠯᠠᠩ ᠤᠨ ᠬᠢᠨᠠᠨ ᠪᠣᠳᠤᠯᠲᠠ ᠶᠢᠨ ᠲᠠᠰᠤᠭ ᠪᠠ ᠡᠬᠢ ᠪᠠᠶᠠᠯᠢᠭ ᠣᠷᠴᠢᠨ ᠲᠤᠭᠤᠷᠢᠨ ᠤ ᠬᠢᠨᠠᠨ ᠪᠣᠳᠤᠯᠲᠠ ᠶᠢᠨ ᠲᠠᠰᠤᠭ ᠪᠣᠯᠭᠠᠨ ᠬᠤᠪᠢᠶᠠᠵᠤ᠂ ᠬᠠᠤᠯᠢ ᠳᠦᠷᠢᠮ ᠤᠨ ᠬᠢᠨᠠᠨ ᠪᠣᠳᠤᠬᠤ ᠲᠠᠰᠤᠭ ᠨᠡᠮᠡᠭᠰᠡᠨ ᠪᠠᠶᠢᠨ᠎ᠠ᠃ ᠣᠳᠤᠬᠠᠨ ᠳᠤ ᠨᠡᠶᠢᠳᠡ ᠠᠷᠪᠠᠨ ᠴᠢᠳᠠᠮᠵᠢᠳᠤ ᠲᠠᠰᠤᠭ ᠲᠠᠢ᠃ 2018 ᠣᠨ ᠤ 6 ᠰᠠᠷ᠎ᠠ ᠳᠤ ᠪᠡᠯᠡ ᠣᠷᠤᠭᠤᠯᠤᠯᠲᠠ ᠶᠢᠨ ᠦᠨᠡᠯᠡᠨ ᠬᠢᠨᠠᠬᠤ ᠳᠦᠪ ᠲᠣᠬᠢᠷᠠᠭᠤᠯᠵᠠᠢ  ᠃    ᠣᠳᠤᠬᠠᠨ ᠪᠠᠶᠢᠭᠤᠯᠭ᠎ᠠ ᠶᠢᠨ ᠪᠠᠶᠢᠭ᠎ᠠ ᠭᠠᠵᠠᠷ᠄    ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠤᠨ ᠤ ᠤᠯᠠᠭᠠᠨᠴᠠᠪ ᠬᠤᠳᠠ ᠶᠢᠨ ᠵᠢᠨᠢᠩ ᠲᠣᠭᠤᠷᠢᠭ ᠤᠨ ᠴᠠᠬᠠᠷ ᠵᠡᠭᠦᠨ ᠵᠡᠭᠡᠯᠢ ᠶᠢᠨ ᠵᠢᠨᠢᠩ ᠲᠣᠭᠤᠷᠢᠭ ᠤᠨ ᠬᠤᠳᠠᠯᠳᠤᠭᠠᠨ ᠤ ᠶᠠᠪᠤᠳᠠᠯ ᠲᠧᠭᠨᠢᠭ ᠮᠡᠷᠭᠡᠵᠢᠯ ᠰᠣᠶᠣᠯ ᠤᠨ ᠳᠦᠪ B ᠲᠣᠭᠤᠷᠢᠭ ᠤᠨ 3 ᠳ᠋ᠤᠭᠠᠷ ᠠᠰᠠᠷ ᠤᠨ ᠨᠢᠭᠡᠳᠦᠭᠡᠷ ᠳᠠᠪᠬᠤᠷᠭ᠎ᠠ ᠳᠤ ᠪᠣᠢ᠃        ᠡᠭᠦᠷᠭᠡ ᠬᠠᠷᠢᠭᠤᠴᠠᠯᠭ᠎ᠠ᠄       ︵ᠨᠢᠭᠡ︶ ᠡᠳ᠋ ᠤᠨ ᠵᠠᠰᠠᠭ ᠤᠨ ᠣᠷᠤᠯᠭ᠎ᠠ ᠪᠠ ᠬᠠᠤᠯᠢ ᠴᠠᠭᠠᠵᠠ ᠬᠠᠤᠯᠢ ᠳᠦᠷᠢᠮ ᠤᠨ ᠲᠣᠭᠳᠠᠭᠠᠭᠰᠠᠨ ᠬᠢᠨᠠᠨ ᠪᠤᠳᠤᠬᠤ ᠬᠢᠨᠠᠯᠳᠠ ᠲᠠᠯᠪᠢᠬᠤ ᠬᠡᠪᠴᠢᠶᠡᠨ ᠳᠠᠬᠢ ᠡᠳ᠋ ᠤᠨ  ᠶᠠᠪᠤᠳᠠᠯ ᠤᠨ ᠦᠨᠡᠨ ᠪᠤᠳᠠᠳᠤ ᠪᠠᠶᠢᠳᠠᠯ᠂ ᠬᠠᠤᠯᠢ ᠳᠤ ᠨᠡᠶᠢᠴᠡᠬᠦ ᠡᠰᠡᠬᠦ ᠪᠠ ᠦᠷ᠎ᠡ ᠠᠰᠢᠭ ᠤᠨ ᠪᠠᠶᠢᠳᠠᠯ ᠢ ᠬᠢᠨᠠᠨ ᠪᠤᠳᠤᠵᠤ ᠬᠢᠨᠠᠯᠲᠠ ᠲᠠᠯᠪᠢᠨ᠎ᠠ᠃      ︵ᠬᠤᠶᠠᠷ︶ ᠤᠯᠤᠰ ᠪᠠ ᠦᠪᠡᠷᠳᠡᠭᠡᠨ ᠵᠠᠰᠠᠬᠤ ᠣᠷᠤᠨ᠂ ᠬᠤᠳᠠ ᠶᠢᠨ ᠬᠢᠨᠠᠨ ᠪᠤᠳᠤᠬᠤ ᠬᠠᠤᠯᠢ ᠴᠠᠭᠠᠵᠠ ᠬᠠᠤᠯᠢ ᠳᠦᠷᠢᠮ᠂ ᠳᠦᠷᠢᠮ ᠲᠣᠭᠳᠠᠭᠠᠯ ᠢ ᠳᠤᠤᠱᠯᠠᠭᠤᠯᠤᠨ ᠨᠠᠶᠢᠳᠠᠪᠦᠷᠢᠵᠢᠭᠤᠯᠵᠤ᠂ ᠬᠢᠨᠠᠨ ᠪᠤᠳᠤᠬᠤ ᠠᠵᠢᠯ ᠤᠨ ᠬᠦᠭᠵᠢᠯᠳᠡ ᠶᠢᠨ ᠳᠦᠯᠦᠪᠯᠡᠭᠡ ᠪᠠ ᠮᠡᠷᠭᠡᠵᠢᠯ ᠤᠨ ᠬᠡᠪᠴᠢᠶᠡᠨ ᠤ ᠬᠢᠨᠠᠨ ᠪᠣᠳᠤᠬᠤ ᠠᠵᠢᠯ ᠤᠨ ᠳᠦᠯᠦᠪᠯᠡᠭᠡ ᠰᠤᠳᠤᠯᠤᠨ ᠳᠦᠯᠦᠪᠯᠡᠬᠦ ᠮᠦᠷᠳᠡᠭᠡᠨ ᠬᠢᠨᠠᠨ ᠪᠠᠶᠢᠴᠠᠭᠠᠭᠳᠠᠬᠤ ᠪᠠᠶᠢᠭᠤᠯᠭ᠎ᠠ ᠳᠤ ᠬᠢᠨᠠᠯᠲᠠ ᠲᠠᠯᠪᠢᠵᠤ ᠵᠠᠰᠠᠨ ᠴᠡᠭᠴᠡᠯᠡᠬᠦ ᠡᠭᠦᠷᠭᠡ ᠬᠠᠷᠢᠭᠤᠴᠠᠯᠭ᠎ᠠ ᠲᠠᠢ  ᠃        ︵ᠭᠤᠷᠪᠠ︶ ᠠᠷᠠᠳ ᠤᠨ ᠵᠠᠰᠠᠭ ᠤᠨ ᠣᠷᠳᠤᠨ ᠳᠤ᠂ ᠪᠦᠬᠦ ᠵᠢᠯ ᠵᠢᠱᠢᠨ ᠪᠤᠳᠤᠯᠲᠠ ᠶᠢᠨ ᠬᠡᠷᠡᠭᠵᠢᠭᠦᠯᠦᠭᠰᠡᠨ ᠪᠠᠶᠢᠳᠠᠯ ᠪᠠ ᠪᠤᠰᠤᠳ ᠡᠳ᠋ ᠤᠨ ᠵᠠᠰᠠᠭ ᠤᠨ ᠣᠷᠤᠯᠭ᠎ᠠ ᠶᠢᠨ ᠪᠠᠶᠢᠳᠠᠯ ᠢ ᠤᠷᠢᠳᠴᠢᠯᠠᠨ ᠲᠣᠰᠢᠶᠠᠵᠤ ᠬᠠᠷᠢᠭᠤ ᠮᠡᠳᠡᠭᠦᠯᠦᠨ᠎ᠡ᠃ ᠠᠷᠠᠳ ᠤᠨ ᠵᠠᠰᠠᠭ ᠤᠨ ᠣᠷᠳᠣᠨ ᠤ ᠨᠠᠶᠢᠳᠠᠯᠠᠭ᠎ᠠ ᠪᠠᠷ᠂ ᠠᠷᠠᠳ ᠤᠨ ᠳᠦᠯᠦᠭᠡᠯᠡᠭᠴᠢᠳ ᠤᠨ ᠬᠤᠷᠠᠯ ᠤᠨ ᠪᠠᠶᠢᠩᠭᠤ ᠶᠢᠨ ᠬᠤᠷᠠᠯ ᠳᠤ ᠵᠢᠱᠢᠨ ᠪᠤᠳᠤᠯᠲᠠ ᠶᠢᠨ ᠬᠡᠷᠡᠭᠵᠢᠭᠦᠯᠦᠭᠰᠡᠨ ᠪᠠᠶᠢᠳᠠᠯ ᠪᠠ ᠪᠤᠰᠤᠳ ᠡᠳ᠋ ᠤᠨ ᠵᠠᠰᠠᠭ ᠤᠨ ᠣᠷᠤᠯᠭ᠎ᠠ ᠶᠢᠨ ᠪᠠᠶᠢᠳᠠᠯ ᠢ ᠬᠢᠨᠠᠨ ᠪᠤᠳᠤᠭᠰᠠᠨ ᠠᠵᠢᠯ ᠤᠨ ᠬᠠᠷᠢᠭᠤ ᠮᠡᠳᠡᠭᠦᠯᠦᠯᠳᠡ  ᠬᠢᠨ᠎ᠡ᠃       ︵ᠳᠦᠷᠪᠡ︶ ᠳᠤᠤᠷᠠᠬᠢ ᠬᠡᠷᠡᠭ ᠤᠴᠢᠷ ᠢ ᠬᠢᠨᠠᠨ ᠪᠤᠳᠤᠵᠤ᠂ ᠬᠢᠨᠠᠨ ᠪᠣᠳᠤᠯᠲᠠ ᠶᠢᠨ ᠮᠡᠳᠡᠭᠦᠯᠦᠯᠳᠡ ᠬᠢᠵᠦ ᠂ ᠬᠠᠤᠯᠢ ᠳᠤ ᠲᠣᠭᠳᠠᠭᠰᠠᠨ ᠬᠡᠪᠴᠢᠶᠡᠨ ᠳᠤ ᠬᠢᠨᠡᠨ ᠪᠣᠳᠤᠯᠲᠠ ᠶᠢᠨ ᠰᠢᠢᠳᠪᠦᠷᠢ ᠭᠠᠷᠭᠠᠬᠤ ᠪᠤᠶᠤ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠲᠤᠷᠭᠠᠯᠲᠠ ᠪᠤᠶᠤ ᠰᠠᠨᠠᠭᠤᠯᠭ᠎ᠠ ᠳᠤᠷᠠᠳᠴᠦ᠂ ᠬᠠᠷᠠᠭᠠᠯᠵᠠᠭᠰᠠᠨ ᠬᠠᠤᠯᠢ ᠶᠢᠨ ᠬᠠᠷᠢᠭᠤᠴᠠᠯᠭ᠎ᠠ ᠶᠢ ᠡᠭᠦᠷᠭᠡᠯᠡᠬᠦ ᠪᠣᠯᠤᠨ᠎ᠠ᠃ 1.ᠲᠤᠰ ᠲᠣᠭᠤᠷᠢᠭ ᠤᠨ ᠬᠡᠪᠴᠢᠶᠠᠨ ᠤ ᠵᠢᠱᠢᠨ ᠪᠤᠳᠤᠯᠲᠠ ᠶᠢᠨ ᠬᠡᠷᠡᠭᠵᠢᠭᠦᠯᠦᠭᠰᠡᠨ ᠪᠠᠶᠢᠳᠠᠯ ᠪᠠ ᠪᠤᠰᠤᠳ ᠡᠳ᠋ ᠤᠨ ᠵᠠᠰᠠᠭ ᠤᠨ ᠣᠷᠤᠯᠭ᠎ᠠ ᠂ ᠲᠤᠭᠤᠷᠢᠭ ᠤᠨ ᠱᠠᠳᠤᠨ ᠤ ᠰᠠᠯᠠᠭ᠎ᠠ ᠮᠦᠴᠢᠷ ‍ᠦᠨ‌ᠵᠢᠱᠢᠨ ᠪᠤᠳᠤᠯᠲᠠ ᠶᠢᠨ ᠬᠡᠷᠡᠭᠵᠢᠭᠦᠯᠦᠭᠰᠡᠨ ᠪᠠᠶᠢᠳᠠᠯ᠂ ᠳᠦᠰᠦᠪ ᠤᠨ ᠭᠦᠢᠴᠡᠳᠭᠡᠯ ᠎ ᠤᠨ ᠪᠠᠶᠢᠳᠠᠯ᠂ ᠪᠤᠰᠤᠳ ᠡᠳ᠋ ᠤᠨ ᠵᠠᠰᠠᠭ ᠤᠨ ᠣᠷᠤᠯᠭ᠎ᠠ ᠶᠢᠨ ᠪᠠᠶᠢᠳᠠᠯ᠃ 2.ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠤᠨ ᠤ ᠡᠳ᠋ ᠤᠨ ᠵᠠᠰᠠᠭ ᠤᠨ ᠳᠦᠰᠦᠪ ᠤᠨ ᠭᠦᠢᠴᠡᠳᠭᠡᠯ ᠤᠨ ᠪᠠᠶᠢᠳᠠᠯ ᠪᠠ ᠪᠤᠰᠤᠳ ᠡᠳ᠋ ᠤᠨ ᠵᠠᠰᠠᠭ ᠤᠨ ᠣᠷᠤᠯᠭ᠎ᠠ ᠶᠢᠨ ᠪᠠᠶᠢᠳᠠᠯ᠃ 3.ᠡᠳ᠋ ᠤᠨ ᠵᠠᠰᠠᠭ ᠤᠨ ᠮᠦᠩᠭᠦ ᠬᠡᠷᠡᠭᠯᠡᠵᠦ ᠪᠠᠶᠢᠭ᠎ᠠ ᠠᠵᠢᠯ ᠦᠢᠯᠡᠰ ᠤᠨ ᠨᠢᠭᠡᠴᠡ ᠪᠠ ᠨᠡᠶᠢᠭᠡᠮ ᠤᠨ ᠪᠦᠯᠬᠦᠮ ᠤᠨ ᠡᠳ᠋ ᠤᠨ ᠵᠠᠰᠠᠭ ᠤᠨ ᠣᠷᠤᠯᠭ᠎ᠠ ᠶᠢᠨ ᠪᠠᠶᠢᠳᠠᠯ᠃ 4.ᠠᠷᠠᠳ ᠤᠨ ᠵᠠᠰᠠᠭ ᠤᠨ ᠣᠷᠳᠤᠨ ᠤ ᠪᠡᠯᠡ ᠣᠷᠤᠭᠤᠯᠤᠯᠲᠠ ᠪᠠ ᠠᠷᠠᠳ ᠤᠨ ᠵᠠᠰᠠᠭ ᠤᠨ ᠣᠷᠳᠤᠨ ᠤ ᠪᠡᠯᠡ ᠣᠷᠤᠭᠤᠯᠤᠯᠲᠠ ᠭᠤᠤᠯ ᠪᠣᠯᠭᠠᠭᠰᠠᠨ ᠳᠦᠷᠦᠯ ᠵᠦᠢᠯ ᠤᠨ ᠳᠦᠰᠦᠪ ᠤᠨ ᠬᠡᠷᠡᠭᠵᠢᠭᠦᠯᠦᠭᠰᠡᠨ ᠪᠠᠶᠢᠳᠠᠯ ᠪᠠ ᠭᠦᠢᠴᠡᠳᠭᠡᠭᠰᠡᠨ ᠪᠠᠶᠢᠳᠠᠯ᠃ 5. ᠬᠠᠮᠢᠶ᠎ᠠ ᠪᠦᠬᠦᠢ ᠤᠯᠤᠰ ᠤᠨ ᠦᠮᠴᠢᠯᠡᠯᠳᠦ ᠠᠵᠤ ᠠᠬᠤᠶᠢᠯᠠᠯ᠂ ᠠᠷᠠᠳ ᠤᠨ ᠵᠠᠰᠠᠭ ᠤᠨ ᠣᠷᠳᠤᠨ ᠤ ᠲᠣᠭᠲᠠᠭᠠᠭᠰᠠᠨ ᠤᠯᠤᠰ ᠤᠨ ᠬᠦᠷᠦᠩᠭᠡ ᠪᠠᠷ ᠬᠤᠪᠢ ᠣᠷᠤᠭᠤᠯᠭᠰᠠᠨ ᠪᠣᠶᠤ ᠭᠤᠤᠯ ᠤᠳᠤᠷᠢᠳᠬᠤ ᠪᠠᠶᠢᠷᠢ ᠡᠵᠡᠯᠡᠭᠰᠡᠨ ᠠᠵᠤ ᠠᠬᠤᠶᠢᠯᠠᠯ᠂ ᠮᠦᠩᠭᠦᠨ ᠭᠦᠢᠯᠭᠡᠭᠡᠨ ᠤ ᠪᠠᠶᠢᠭᠤᠯᠤᠮᠵᠢ  ᠶᠢᠨ ᠡᠳ᠋ ᠬᠦᠷᠦᠩᠭᠡ᠂ ᠦᠭᠴᠡᠭᠡ  ᠵᠢᠴᠢ ᠠᠰᠢᠭ ᠠᠯᠳᠠᠪᠦᠷᠢ᠃ 6. ᠠᠷᠠᠳ ᠤᠨ ᠵᠠᠰᠠᠭ ᠤᠨ ᠣᠷᠳᠤᠨ ᠤ ᠬᠠᠮᠢᠶᠠᠷᠤᠯᠲᠠ ᠪᠠ ᠨᠡᠶᠢᠭᠡᠮ ᠤᠨ ᠪᠦᠯᠬᠦᠮ ᠨᠢᠭᠡᠴᠡ ᠠᠴᠠ ᠠᠷᠠᠳ ᠤᠨ ᠵᠠᠰᠠᠭ ᠤᠨ ᠣᠷᠳᠤᠨ ᠪᠠ ᠪᠤᠰᠤᠳ ᠰᠠᠯᠠᠭ᠎ᠠ ᠮᠦᠴᠢᠷ ᠤᠨ ᠨᠠᠶᠢᠳᠠᠯᠠᠭ᠎ᠠ ᠪᠠᠷ ᠬᠠᠮᠢᠶᠠᠷᠴᠤ ᠪᠠᠶᠢᠭ᠎ᠠ ᠨᠡᠶᠢᠭᠡᠮ ᠤᠨ ᠪᠠᠳᠤᠯᠠᠭᠠᠨ ᠤ ᠰᠠᠭᠤᠷᠢ ᠮᠦᠩᠭᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠭᠤᠷᠢ ᠮᠦᠩᠭᠦ᠂ ᠨᠡᠶᠢᠭᠡᠮ ᠤᠨ ᠳᠡᠳᠭᠦᠮᠵᠢ ᠳᠡᠮᠵᠢᠯᠭᠡ ᠶᠢᠨ ᠮᠦᠩᠭᠦ ᠪᠠ ᠪᠤᠰᠤᠳ ᠬᠠᠮᠢᠶ᠎ᠠ ᠪᠦᠬᠦᠢ ᠰᠠᠭᠤᠷᠢ ᠮᠦᠩᠭᠦᠨ ᠤ ᠡᠳ᠋ ᠤᠨ ᠵᠠᠰᠠᠭ ᠤᠨ ᠣᠷᠤᠯᠭ᠎ᠠ᠃ 7. ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠠ ᠭᠠᠳᠠᠭᠠᠳᠤ ᠤᠯᠤᠰ ᠤᠨ ᠵᠠᠰᠠᠭ ᠤᠨ ᠣᠷᠳᠤᠨ ᠤ ᠬᠠᠪᠰᠤᠷᠤᠨ ᠳᠡᠮᠵᠢᠭᠰᠡᠨ ᠪᠠᠷᠠᠭᠠᠨ ᠤ ᠮᠦᠩᠭᠦ ᠶᠢᠨ ᠳᠦᠷᠦᠯ ᠵᠦᠢᠯ ᠤᠨ ᠡᠳ᠋ ᠤᠨ ᠵᠠᠰᠠᠭ ᠤᠨ ᠣᠷᠤᠯᠭ᠎ᠠ᠃ 8. ᠳᠡᠭᠡᠳᠦ ᠱᠠᠳᠤᠨ ᠤ ᠬᠢᠨᠠᠨ ᠪᠤᠳᠤᠬᠤ ᠲᠣᠪᠴᠢᠶᠠᠨ ᠠᠴᠠ ᠡᠷᠬᠡ ᠣᠯᠭᠤᠵᠤ ᠬᠢᠨᠠᠨ ᠪᠣᠳᠤᠭᠤᠯᠤᠭᠰᠠᠨ ᠪᠤᠰᠤᠳ ᠬᠢᠨᠠᠨ ᠪᠣᠳᠤᠬᠤ ᠬᠡᠷᠡᠭ ᠤᠴᠢᠷ᠃ 9. ᠬᠠᠤᠯᠢ᠂ ᠵᠠᠰᠠᠭ ᠵᠠᠬᠢᠷᠭᠠᠨ ᠤ ᠬᠠᠤᠯᠢ ᠴᠠᠭᠠᠵᠠ ᠶᠢᠨ ᠲᠣᠭᠳᠠᠭᠠᠭᠰᠠᠨ ᠬᠢᠨᠠᠨ ᠪᠤᠳᠤᠬᠤ ᠲᠤᠪᠴᠢᠶᠠᠨ ᠠᠴᠠ  ᠪᠡᠶᠡᠯᠡᠭᠦᠯᠬᠦ ᠪᠣᠰᠤᠳ ᠬᠢᠨᠠᠨ ᠪᠣᠳᠤᠬᠤ ᠬᠡᠷᠡᠭ ᠤᠴᠢᠷ᠃      ︵ᠲᠠᠪᠤ︶ ᠲᠣᠭᠳᠠᠭᠠᠯ ᠶᠣᠰᠤᠭᠠᠷ ᠲᠣᠭᠤᠷᠢᠭ ᠤᠨ ᠰᠢᠭᠤᠳ ᠡᠯ᠎ᠡ ᠰᠠᠯᠠᠭ᠎ᠠ ᠮᠦᠴᠢᠷ᠂ ᠰᠢᠶᠠᠩ ᠪᠠᠯᠭᠠᠰᠤ ᠶᠢᠨ ᠵᠠᠰᠠᠭ ᠤᠨ ᠣᠷᠳᠤᠨ ᠤ ᠤᠳᠤᠷᠢᠳᠤᠯᠭ᠎ᠠ ᠺᠠᠳ᠋ᠷ ᠵᠢᠴᠢ ᠬᠠᠤᠯᠢ ᠳᠤ ᠲᠣᠭᠲᠠᠭᠠᠭᠰᠠᠨ ᠬᠢᠨᠠᠨ ᠪᠤᠳᠤᠬᠤ ᠲᠤᠪᠴᠢᠶᠠᠨ ᠠᠴᠠ ᠬᠢᠨᠠᠯᠲᠠ ᠲᠠᠯᠪᠢᠬᠤ ᠪᠤᠰᠤᠳ ᠭᠤᠤᠯ ᠬᠠᠷᠢᠭᠤᠴᠠᠯᠭᠠᠳᠠᠨ ᠤ ᠬᠡᠷᠡᠭᠵᠢᠭᠦᠯᠬᠦ ᠠᠵᠤ ᠠᠬᠤᠢ ᠶᠢᠨ ᠬᠠᠷᠢᠭᠤᠴᠠᠯᠭ᠎ᠠ᠃       ︵ᠵᠢᠷᠭᠤᠭ᠎ᠠ︶ ᠤᠯᠤᠰ ᠣᠷᠣᠨ ᠤ ᠡᠳ᠋ ᠤᠨ ᠵᠠᠰᠠᠭ᠂ ᠬᠠᠤᠯᠢ ᠴᠠᠭᠠᠵᠠ᠂ ᠳᠦᠷᠢᠮ ᠲᠣᠭᠲᠠᠭᠠᠯ᠂ ᠳᠦᠷᠦ ᠶᠢᠨ ᠪᠣᠳᠣᠯᠭ᠎ᠠ ᠪᠠ ᠬᠤᠷᠸ᠎ᠠ ᠲᠣᠬᠢᠷᠠᠭᠤᠯᠭ᠎ᠠ ᠳᠤ ᠬᠤᠯᠪᠤᠭᠳᠠᠭᠰᠠᠨ ᠠᠷᠭ᠎ᠠ ᠠᠪᠴᠠᠯ ᠢ  ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠡᠳ᠋ ᠤᠨ ᠵᠠᠰᠠᠭ ᠤᠨ ᠳᠦᠰᠦᠪ ᠤᠨ ᠬᠠᠮᠢᠶᠠᠷᠤᠯᠳᠠ ᠪᠠ ᠤᠯᠤᠰ ᠤᠨ ᠬᠦᠷᠦᠩᠭᠡ ᠶᠢᠨ ᠬᠠᠮᠢᠶᠠᠷᠤᠨ ᠬᠡᠷᠡᠭᠯᠡᠬᠦ ᠵᠡᠷᠭᠡ ᠤᠯᠤᠰ ᠤᠨ ᠡᠳ᠋ ᠤᠨ ᠵᠠᠰᠠᠭ ᠤᠨ ᠣᠷᠤᠯᠭ᠎ᠠ ᠲᠠᠢ ᠬᠤᠯᠪᠤᠭᠳᠠᠭᠰᠠᠨ ᠣᠨᠴᠠᠭᠠᠢ ᠬᠡᠷᠡᠭ ᠤᠴᠢᠷ ᠢ ᠳᠤᠰᠬᠠᠶᠢᠯᠠᠨ ᠬᠢᠨᠠᠨ  ᠪᠣᠳᠤᠵᠤ ᠰᠣᠳᠤᠯᠤᠨ ᠪᠠᠶᠢᠴᠠᠭᠠᠨ᠎ᠠ᠂ ᠤᠯᠤᠰ ᠤᠨ ᠬᠦᠷᠦᠩᠭᠡ ᠮᠦᠩᠭᠦ ᠶᠢᠨ ᠬᠡᠷᠡᠭᠯᠡᠯᠳᠡ ᠪᠠ ᠵᠢᠭᠡᠯᠡᠯᠭᠡ ᠪᠣᠶᠤ ᠤᠯᠤᠰ ᠤᠨ ᠭᠠᠶᠢᠯᠢ ᠶᠢᠨ ᠣᠷᠤᠯᠭ᠎ᠠ ᠲᠠᠢ ᠬᠤᠯᠪᠤᠭᠳᠠᠭᠰᠠᠨ ᠪᠤᠰᠤᠳ ᠪᠠᠶᠢᠭᠤᠯᠭ᠎ᠠ ᠶᠢ ᠬᠢᠨᠠᠨ ᠪᠣᠳᠤᠵᠤ ᠰᠣᠳᠤᠯᠤᠨ ᠪᠠᠶᠢᠴᠠᠭᠠᠨ᠎ᠠ᠃     ︵ᠳᠣᠯᠤᠭ᠎ᠠ︶ ᠬᠠᠤᠯᠢ ᠶᠣᠰᠤᠭᠠᠷ ᠬᠢᠨᠠᠨ ᠪᠤᠳᠤᠬᠤ ᠰᠢᠢᠳᠪᠦᠷᠢ ᠶᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠵᠤ᠂ ᠢᠯᠡᠷᠡᠭᠦᠯᠦᠭᠰᠡᠨ ᠠᠰᠠᠭᠤᠳᠠᠯ ᠢ ᠵᠠᠰᠠᠵᠤ ᠰᠠᠶᠢᠵᠢᠷᠠᠭᠤᠯᠬᠤ ᠪᠠ ᠰᠢᠢᠳᠪᠦᠷᠢᠯᠡᠨ᠂ ᠬᠢᠨᠠᠨ ᠪᠤᠳᠤᠭᠤᠯᠬᠤ ᠪᠠᠶᠢᠭᠤᠯᠭ᠎ᠠ ᠶᠢᠨ ᠬᠢᠨᠠᠨ ᠪᠤᠳᠤᠬᠤ ᠰᠢᠢᠳᠪᠦᠷᠢ ᠳᠤ ᠳᠤᠷᠠᠳᠤᠭᠰᠠᠨ ᠵᠠᠰᠠᠭ ᠵᠠᠬᠢᠷᠭᠠᠨ ᠤ ᠲᠠᠬᠢᠨ ᠵᠦᠪᠯᠡᠬᠦ ᠰᠠᠨᠠᠭᠤᠯᠭ᠎ᠠ᠂ ᠵᠠᠰᠠᠭ ᠵᠠᠬᠢᠷᠭᠠᠨ ᠤ ᠵᠠᠷᠭᠤᠯᠳᠤᠭᠠᠨ ᠪᠣᠶᠤ ᠠᠷᠠᠳ ᠤᠨ ᠵᠠᠰᠠᠭ ᠤᠨ ᠣᠷᠳᠤᠨ ᠤ ᠬᠢᠨᠠᠨ ᠲᠠᠰᠤᠯᠤᠯᠲᠠ ᠳᠤᠮᠳᠠᠬᠢ ᠬᠠᠮᠢᠶ᠎ᠠ ᠪᠦᠬᠦᠢ ᠬᠡᠷᠡᠭ ᠤᠴᠢᠷ ᠢ ᠭᠦᠢᠴᠡᠳᠭᠡᠨ ᠪᠠᠶᠡᠯᠡᠭᠦᠯᠦᠨ᠎ᠡ  ᠃ ᠬᠠᠮᠢᠶ᠎ᠠ ᠪᠦᠬᠦᠢ ᠰᠠᠯᠠᠭ᠎ᠠ ᠮᠦᠴᠢᠷ ᠢ ᠬᠤᠯᠪᠤᠭᠳᠠᠯ ᠪᠦᠬᠦᠢ ᠴᠢᠬᠤᠯᠠ ᠬᠡᠷᠡᠭ ᠤᠴᠢᠷ ᠢ ᠬᠠᠪᠰᠤᠷᠤᠨ ᠳᠡᠮᠵᠢᠵᠦ ᠭᠦᠢᠴᠡᠳᠭᠡᠨ ᠪᠡᠶᠡᠯᠡᠭᠦᠯᠦᠨ᠎ᠡ᠃      ︵ᠨᠠᠢᠮᠠ︶ ᠳᠤᠳᠤᠭᠠᠳᠤ ᠶᠢᠨ ᠬᠢᠨᠠᠨ ᠪᠤᠳᠤᠬᠤ ᠠᠵᠢᠯ ᠢ ᠵᠢᠯᠤᠭᠤᠳᠬᠤ ᠪᠠ ᠬᠢᠨᠠᠯᠲᠠ ᠲᠠᠯᠪᠢᠵᠤ᠂ ᠨᠡᠶᠢᠭᠡᠮ ᠤᠨ ᠬᠢᠨᠠᠨ ᠪᠤᠳᠤᠬᠤ ᠪᠠᠶᠢᠭᠤᠯᠤᠮᠵᠢ ᠶᠢ ᠰᠢᠯᠭᠠᠨ ᠪᠠᠶᠢᠴᠠᠭᠠᠵᠤ᠂ ᠬᠠᠤᠯᠢ ᠶᠣᠰᠤᠭᠠᠷ ᠬᠢᠨᠠᠨ ᠪᠤᠳᠤᠭᠤᠯᠬᠤ ᠡᠳᠡᠭᠡᠳ ᠤᠨ ᠪᠠᠶᠢᠭᠤᠯᠭ᠎ᠠ ᠠᠴᠠ ᠭᠠᠷᠭᠠᠭᠰᠠᠨ ᠬᠠᠮᠢᠶ᠎ᠠ ᠪᠦᠬᠦᠢ ᠬᠢᠨᠠᠨ ᠪᠤᠳᠤᠬᠤ ᠮᠡᠳᠡᠭᠦᠯᠦᠯᠳᠡ ᠶᠢ ᠬᠢᠨᠠᠨ ᠪᠤᠳᠤᠵᠤ ᠬᠢᠨᠠᠯᠲᠠ ᠲᠠᠯᠪᠢᠨ᠎ᠠ᠃      ︵ᠶᠢᠰᠦ︶  ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠠᠴᠠ ᠲᠣᠰᠢᠶᠠᠭᠰᠠᠨ ᠦᠭᠭᠦᠭᠰᠡᠨ ᠪᠣᠰᠤᠳ  ᠤᠴᠢᠷ ᠶᠠᠪᠤᠳᠠᠯ᠂ ᠠᠵᠢᠯ‌ᠡᠭᠦᠷᠭᠡ ᠶᠢ ᠭᠦᠢᠴᠡᠳᠭᠡᠨ ᠪᠡᠶᠡᠯᠡᠭᠦᠯᠦᠨ᠎ᠡ᠃                                                      ᠣᠷᠴᠢᠭᠤᠯᠤᠭᠴᠢ᠄ ᠣᠳᠤᠩᠬᠤᠸᠠᠷ
 
ᠢᠷᠡᠯᠲᠡ᠄ ᠵᠢᠨᠢᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2