ᠵᠢᠨᠢᠡᠭ ᠲᠤᠭᠤᠷᠢᠭ ᠤᠨᠣᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2019/3/4
    ᠣᠷᠤᠨ ᠰᠠᠭᠤᠴᠠ ᠶᠢᠨ ᠪᠦᠳᠦᠭᠡᠨ ᠪᠠᠶᠢᠭᠤᠯᠤᠯᠳᠠ ᠶᠢᠨ ᠲᠣᠪᠴᠢᠶ᠎ᠠ ᠪᠣᠯ ᠵᠢᠨᠢᠩ ᠲᠣᠭᠤᠷᠢᠭ ᠤᠨ ᠵᠠᠰᠠᠭ ᠤᠨ ᠣᠷᠳᠤᠨ ᠤ ᠰᠠᠯᠠᠭ᠎ᠠ ᠮᠦᠴᠢᠷ ᠤᠨ ᠨᠢᠭᠡ᠂ ᠣᠳᠤᠬᠠᠨ ᠳᠤᠤᠷ᠎ᠠ ᠪᠠᠨ14 ᠬᠠᠷᠢᠶᠠᠳᠤ ᠪᠠᠶᠢᠭᠤᠯᠭ᠎ᠠ ᠲᠠᠢ ︵ᠬᠤᠳᠠ ᠶᠢᠨ ᠶᠠᠪᠤᠳᠠᠯ ᠤᠨ ᠬᠠᠮᠢᠶᠠᠷᠤᠯᠳᠠ ᠶᠢᠨ ᠰᠠᠯᠪᠤᠷᠢ᠂  ᠵᠠᠮ ᠤᠨ ᠳ᠋ᠧᠩ ᠤᠨ ᠬᠠᠮᠢᠶᠠᠷᠤᠯᠳᠠ ᠶᠢᠨ ᠰᠠᠯᠪᠤᠷᠢ᠂ ᠠᠭᠤᠳᠠᠮ ᠲᠠᠯᠠᠪᠠᠢ ᠵᠢᠨ‌ᠬᠠᠮᠢᠶᠠᠷᠤᠯᠳᠠ ᠶᠢᠨ ᠰᠠᠯᠪᠤᠷᠢ  ᠂ ᠳᠦᠭᠡᠭᠡᠯ ᠤᠰᠤᠨ ᠤ ᠺᠤᠮᠫᠠᠨᠢ᠂ ᠤᠰᠤ ᠭᠠᠳᠠᠭᠰᠢᠯᠠᠭᠤᠯᠬᠤ ᠬᠠᠮᠢᠶᠠᠷᠤᠯᠳᠠ ᠶᠢᠨ ᠰᠠᠯᠪᠤᠷᠢ᠂ ᠤᠰᠤᠨ ᠤ ᠴᠢᠨᠠᠷ ᠤᠨ ᠪᠠᠶᠢᠴᠠᠭᠠᠯᠳᠠ ᠶᠢᠨ ᠦᠷᠳᠡᠭᠡ᠂ ᠰᠢᠲᠠᠮᠠᠬᠠᠢ ᠬᠡᠢ ᠶᠢᠨ ᠬᠠᠮᠢᠶᠠᠷᠤᠯᠳᠠ ᠶᠢᠨ ᠠᠯᠪᠠᠨ ᠭᠡᠷ᠂ ᠬᠤᠳᠠ ᠶᠢᠨ ᠪᠦᠳᠦᠭᠡᠨ ᠪᠠᠶᠢᠭᠤᠯᠤᠯᠳᠠ ᠶᠢᠨ ᠬᠠᠤᠯᠢ ᠬᠡᠷᠡᠭᠵᠢᠭᠦᠯᠬᠦ ᠶᠡᠭᠡ ᠠᠩᠭᠢ ᠂ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ ᠤᠨ ᠬᠢᠨᠠᠯᠳᠠ ᠲᠠᠯᠪᠢᠬᠤ ᠦᠷᠳᠡᠭᠡ᠂ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ ᠤᠨ  ᠠᠮᠤᠷ ᠳᠦᠪᠰᠢᠨ ᠳᠤ ᠬᠢᠨᠠᠯᠲᠠ ᠲᠠᠯᠪᠢᠬᠤ ᠦᠷᠳᠡᠭᠡ᠂  ᠬᠥᠬᠡ ᠤᠭᠳᠠᠷᠭᠤᠢ ᠨᠣᠮᠢᠨ ᠤᠰᠤ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ᠂ ᠰᠢᠶᠤᠤ  ᠳ᠋ᠦᠡᠭ ᠲᠠᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ᠂  ᠪᠠᠶᠠᠨ‌‍ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ᠂ ᠶᠠᠩ ᠬᠤᠸᠠ ᠲᠠᠩ ᠬᠠᠮᠢᠶᠠᠷᠤᠯᠳᠠ ᠶᠢᠨ ᠰᠠᠯᠪᠤᠷᠢ︶᠃ 768 ᠠᠵᠢᠯᠳᠡᠨ ᠲᠠᠢ᠃ 1ᠨᠠᠮ ᠤᠨ ᠶᠡᠷᠦᠩᠬᠡᠢ ᠡᠭᠦᠷ  ᠂14 ᠨᠠᠮ ᠤᠨ ᠡᠭᠦᠷ᠂2 ᠬᠤᠯᠪᠤᠭᠠᠯᠭᠰᠠᠨ ᠨᠠᠮ ᠤᠨ ᠡᠭᠦᠷ᠂ 340 ᠨᠠᠮ ᠤᠨ ᠭᠡᠰᠢᠭᠦᠨ ᠲᠠᠢ᠃ ᠳᠡᠭᠡᠳᠦ ᠳᠡᠰ ᠤᠨ ᠳᠤᠰᠢᠶᠠᠯ ᠤᠨ ᠵᠡᠷᠭᠡ ᠲᠠᠢ 8 ᠬᠦᠮᠦᠨ᠂ ᠳᠤᠮᠳᠠ ᠳᠡᠰ ‍ᠦᠨ‌‍ᠲ᠋ᠤᠰᠢᠶᠠᠯ ᠤᠨ ᠵᠡᠷᠭᠡ ᠲᠠᠢ 51 ᠬᠦᠮᠦᠨ᠂ ᠠᠩᠬ᠎ᠠ‌‍ᠲ᠋ᠡᠰ ᠤᠨ ᠳᠤᠰᠢᠶᠠᠯ ᠤᠨ ᠵᠡᠷᠭᠡ ᠲᠠᠢ 43 ᠬᠦᠮᠦᠨ ᠪᠣᠢ᠃    ᠣᠷᠤᠨ ᠰᠠᠭᠤᠴᠠ ᠶᠢᠨ ᠪᠦᠳᠦᠭᠡᠨ ᠪᠠᠶᠢᠭᠤᠯᠤᠯᠳᠠ ᠶᠢᠨ ᠲᠣᠪᠴᠢᠶᠠᠨ ᠤ ᠤᠳᠤᠷᠢᠳᠬᠤ ᠪᠠᠭ ᠭᠡᠰᠢᠭᠦᠨ4 ᠬᠦᠮᠦᠨ  ︵1 ᠲᠣᠪᠴᠢᠶᠠᠨ ᠳᠠᠷᠤᠭ᠎ᠠ᠂ 2 ᠳᠡᠳ᠋‌‍ᠲ᠋ᠣᠪᠴᠢᠶᠠᠨ ᠳᠠᠷᠤᠭ᠎ᠠ︶᠂ ᠲᠣᠪᠴᠢᠶᠠᠨ ᠤ ᠠᠯᠪᠠᠨ ᠪᠠᠶᠢᠭᠤᠯᠭ᠎ᠠ ᠳᠤ7 ᠴᠢᠳᠠᠮᠵᠢᠳᠤ ᠲᠠᠰᠤᠭ ᠲᠠᠢ᠃ ᠲᠣᠬᠠᠶᠢᠯᠠᠪᠠᠯ᠂ ᠵᠠᠰᠠᠭ ᠤᠨ ᠠᠯᠪᠠᠨ ᠭᠡᠷ᠂ ᠠᠯᠪᠠᠨ ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠡᠳ᠋ ᠤᠨ ᠶᠠᠪᠤᠳᠠᠯ ᠬᠢᠨᠠᠨ ᠪᠣᠳᠤᠬᠤ ᠳᠠᠰᠤᠭ᠂ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠲᠠᠰᠤᠭ᠂ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢᠨ ᠲᠠᠰᠤᠭ᠂ ᠮᠡᠷᠭᠡᠵᠢᠯ ᠰᠤᠷᠠᠭ ᠵᠠᠩᠬᠢ ᠶᠢᠨ ᠲᠠᠰᠤᠭ᠂ ᠪᠠᠷᠢᠯᠭ᠎ᠠ ᠶᠢᠨ ᠶᠠᠪᠤᠳᠠᠯ ᠤᠨ ᠬᠠᠮᠢᠶᠠᠷᠤᠯᠳᠠ ᠶᠢᠨ ᠲᠠᠰᠤᠭ᠃     ᠭᠤᠤᠯᠳᠠᠭᠤ ᠲᠣᠣᠷᠠᠬᠢ ᠲᠠᠪᠤᠨ ᠲᠠᠯ᠎ᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠲᠠᠢ᠃ ᠨᠢᠭᠡ ᠳᠤ᠂ ᠬᠤᠳᠠ ᠶᠢᠨ ᠰᠠᠭᠤᠷᠢ ᠲᠣᠨᠤᠭ ᠳᠦᠬᠦᠭᠡᠷᠦᠮᠵᠢ ᠶᠢᠨ ᠳᠦᠯᠦᠪᠯᠡᠯᠭᠡ᠂ ᠪᠦᠳᠦᠭᠡᠨ ᠪᠠᠶᠢᠭᠤᠯᠤᠯᠳᠠ ᠪᠠ ᠬᠠᠮᠢᠶᠠᠷᠤᠯᠳᠠ᠃ ᠬᠤᠶᠠᠷ ᠲᠤ᠂110 ᠤᠯᠤᠰ ᠤᠨ ᠵᠠᠮ ᠠᠴᠠ ᠬᠤᠶᠢᠰᠢᠬᠢ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠳᠠ᠃ ᠭᠤᠷᠪᠠ ᠳᠤ᠂ ᠪᠦᠬᠦ ᠲᠣᠭᠤᠷᠢᠭ ᠤᠨ ᠢᠨᠵᠧᠨᠧᠷᠢᠩ ᠪᠠ110 ᠤᠯᠤᠰ ᠤᠨ ᠵᠠᠮ ᠠᠴᠠ ᠬᠤᠶᠢᠰᠢᠬᠢ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ᠃ ᠳᠦᠷᠪᠡ ᠳᠤ᠂ ᠵᠠᠰᠠᠭ ᠤᠨ ᠣᠷᠳᠤᠨ ᠠᠴᠠ ᠨᠡᠶᠢᠳᠡᠯᠡᠭᠰᠡᠨ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠢᠨᠠᠨ ᠵᠦᠪᠰᠢᠶᠡᠷᠬᠦ ᠬᠡᠷᠡᠭ ᠤᠴᠢᠷ ᠢ ᠭᠦᠢᠴᠡᠳᠭᠡᠨ ᠪᠡᠶᠡᠯᠡᠭᠦᠯᠬᠦ᠃ ᠲᠠᠪᠤ ᠳᠤ᠂ ᠬᠤᠳᠠ ᠪᠠ ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠤᠨ ᠠᠴᠠ ᠲᠣᠰᠢᠶᠠᠨ ᠦᠭᠭᠦᠭᠰᠡᠨ ᠪᠣᠰᠤᠳ ᠬᠡᠷᠡᠭ ᠤᠴᠢᠷ᠃                                              ᠣᠷᠴᠢᠭᠤᠯᠤᠭᠴᠢ᠄ ᠣᠳᠤᠩᠬᠤᠸᠠᠷ
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2