2018 ᠣᠨ ᠤ ᠵᠢᠨᠢᠩ ᠲᠤᠭᠤᠷᠢᠭ ᠤᠨ ᠵᠠᠰᠠᠭ ᠤᠨ ᠣᠷᠳᠤᠨ ᠤ ᠠᠵᠢᠯ ᠤᠨ    ᠢᠯᠡᠳᠭᠡᠯ
ᠨᠡᠶᠢᠲᠡᠯᠡᠭᠰᠡᠨ ᠴᠠᠭ᠄
2019/6/28
   2018 ᠣᠨ ᠤ ᠵᠢᠨᠢᠩ ᠲᠤᠭᠤᠷᠢᠭ ᠤᠨ ᠵᠠᠰᠠᠭ ᠤᠨ ᠣᠷᠳᠤᠨ ᠤ    ᠠᠵᠢᠯ ᠤᠨ ᠢᠯᠡᠳᠭᠡᠯ            ——2018 ᠣᠨ ᠤ 3 ᠰᠠᠷ᠎ᠠ ᠶᠢᠨ 7᠎ ᠤ ᠡᠲᠥᠷ ᠵᠢᠨᠢᠩ ᠲᠣᠭᠤᠷᠢᠭ ᠤᠨ ᠠᠷᠪᠠᠨ ᠲᠠᠪᠣᠲᠣᠭᠠᠷ ᠬᠤᠭᠤᠴᠠᠭᠠᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ  ᠬᠤᠶᠠᠳᠤᠭᠠᠷ ᠣᠲᠠᠭᠠᠨ ᠤ  ᠬᠤᠷᠠᠯᠲᠣᠭᠠᠨ ᠲᠡᠬᠡᠷ᠎ᠡ                                       ᠹᠦ᠋ ᠬᠠᠢ ᠴᠢᠩᠲᠥᠯᠥᠬᠡᠯᠡᠭᠴᠢᠳ ᠡ᠄     ᠣᠲᠣ ᠪᠢ ᠲᠤᠭᠤᠷᠢᠭ ᠤᠨ ᠠᠷᠠᠳ ᠤᠨ ᠵᠠᠰᠠᠭ ᠤᠨ ᠤᠷᠲᠤᠨ ᠢ ᠲᠥᠯᠥᠬᠡᠯᠡᠵᠤ ᠶᠡᠭᠡ ᠬᠤᠷᠠᠯ ᠳᠤ ᠠᠵᠢᠯ ᠢᠶᠠᠨ ᠮᠡᠲᠡᠬᠦᠯᠥᠶ᠎ᠡ᠂ ᠬᠢᠨᠠᠨ ᠵᠥᠪᠯᠡᠬᠦ ᠪᠤᠯᠪᠠᠤ᠂ ᠡᠬᠦᠨ ᠤ ᠬᠠᠮᠲᠣ ᠣᠯᠣᠰ ᠲᠥᠷᠥ ᠶᠢᠨ ᠵᠥᠪᠯᠡᠯᠬᠡᠨ ᠤ ᠬᠡᠰᠢᠬᠦᠳ ᠵᠢᠴᠢ ᠬᠤᠷᠠᠯᠲᠣᠭᠠᠨ ᠳᠤ ᠣᠷᠣᠯᠴᠠᠭᠰᠠᠨ ᠨᠥᠬᠦᠳ ᠰᠠᠨᠠᠭᠤᠯᠭ᠎ᠠ ᠲᠣᠷᠠᠲᠣᠭᠠᠷᠠᠢ᠃     ᠨᠢᠭᠡ᠂  2017ᠣᠨ ᠤ ᠠᠵᠢᠯ ᠤᠨ ᠡᠷᠬᠢᠴᠠᠬᠦᠯᠥᠯ       ᠦᠩᠭᠡᠷᠡᠭᠰᠡᠨ ᠵᠢᠯ ᠳᠤ᠂ ᠲᠤᠭᠤᠷᠢᠭ ᠤᠨ ᠠᠷᠠᠳ ᠤᠨ ᠵᠠᠰᠠᠭ ᠤᠨ ᠤᠷᠲᠤᠨ ᠲᠤᠭᠤᠷᠢᠭ ᠡᠯ᠎ᠡ ᠡᠳᠡᠭᠡᠳ  ᠡᠯ᠎ᠡ ᠦᠨᠳᠦᠰᠦᠳᠡᠨ ᠢ ᠪᠦᠯᠬᠦᠮᠳᠡᠭᠦᠯᠦᠨ ᠳᠠᠭᠠᠭᠤᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ  ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠵᠤ᠂ ᠲᠤᠤᠱᠯᠠᠭᠤᠯᠤᠨ ᠨᠠᠶᠢᠳᠠᠪᠦᠷᠢᠵᠢᠭᠤᠯᠵᠤ᠂ ︿︿ᠲᠠᠪᠤ ᠶᠢ ᠨᠢᠭᠡ ᠨᠢᠭᠡ ᠴᠤᠭᠴᠠᠴᠢᠯᠠᠬᠤ﹀﹀ ᠶᠡᠷᠦᠩᠬᠡᠢ ᠴᠤᠭᠴᠠ ᠶᠢᠨ ᠪᠠᠶᠢᠷᠢᠰᠢᠭᠤᠯᠤᠯᠲᠠ ᠶᠢ  ᠨᠢᠬᠡᠲᠥᠯᠲᠠᠢ ᠲᠥᠯᠥᠪᠯᠡᠨ ᠠᠬᠢᠭᠤᠯᠵᠣ᠂ ︽ᠲᠥᠷᠪᠡᠨ ᠪᠥᠬᠦ ᠲᠠᠯ᠎ᠠ︾᠎ ᠎ ᠶᠢᠨ ᠪᠠᠶᠢᠯᠲᠣᠬᠤ ᠪᠣᠲᠣᠯᠭ᠎ᠠ ᠶᠢᠨ ᠪᠠᠶᠢᠷᠢᠭᠤᠯᠣᠯᠲᠠ ᠶᠢ ᠵᠣᠬᠢᠴᠠᠩᠭᠤᠢ ᠠᠬᠢᠭᠤᠯᠵᠣ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠤᠯ ᠱᠤᠭᠤᠮ ᠪᠣᠯᠭᠠᠵᠤ᠂ ᠰᠢᠨ᠎ᠡ ᠭᠦᠭᠵᠢᠯᠳᠡ ᠶᠢᠨ ᠳᠦᠰᠦᠪ ᠢ ᠬᠢᠨᠠᠮᠠᠭᠠᠢ ᠦᠢᠯᠡᠳᠦᠯᠭᠡᠵᠢᠭᠦᠯᠵᠦ᠂ ᠲᠤᠭᠳᠠᠭᠤᠨ ᠢᠶᠠᠷ ᠭᠦᠭᠵᠢᠬᠦ ᠠᠵᠢᠯ ᠤᠨ ᠦᠨᠳᠦᠰᠦᠨ ᠰᠠᠨᠠᠭ᠎ᠠ ᠪᠠᠨ ᠪᠠᠷᠢᠮᠳᠠᠯᠠᠵᠤ᠂ ᠡᠷᠡᠰ ᠵᠣᠷᠢᠭᠯᠠᠨ ᠵᠢᠳᠭᠦᠨ ᠴᠢᠷᠮᠠᠶᠢᠨ᠂ ᠯᠠᠪᠳᠠᠭᠤᠨ ᠢᠶᠠᠷ ᠠᠵᠢᠯᠯᠠᠵᠤ᠂ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠭᠦᠭᠵᠢᠭᠰᠡᠨ ᠠᠰᠤᠷᠤ ᠶᠡᠭᠡ ᠠᠮᠵᠢᠯᠲᠠ ᠣᠯᠣᠭᠰᠠᠨ ᠪᠠᠶᠢᠨ᠎ᠠ᠃ 2017ᠣᠨ ᠳᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 153.4 ᠳ᠋ᠦᠩᠰᠢᠭᠤᠷ ᠳᠦᠭᠦᠷᠢᠭ ᠢ ᠪᠡᠶᠡᠯᠡᠭᠦᠯᠦᠨ᠂ 5.9%᠎ ᠪᠠᠷ ᠨᠡᠮᠡᠭᠳᠡᠭᠰᠡᠨ ᠪᠠᠶᠢᠨ᠎ᠠ᠃ ᠬᠡᠪᠴᠢᠶᠡᠨ ᠳᠤ ᠬᠦᠷᠦᠭᠰᠡᠨ ᠠᠵᠤ ᠦᠢᠯᠡᠳᠪᠦᠷᠢ ᠶᠢᠨ ᠨᠡᠮᠡᠭᠳᠡᠯ ᠬᠤᠷᠳᠤᠴᠠ ᠨᠢ 6.7%᠃ ᠲᠣᠭᠲᠠᠮᠠᠯ ᠬᠥᠷᠥᠩᠬᠡ ᠶᠢᠨ  ᠪᠡᠯᠡ ᠤᠷᠤᠭᠤᠯᠤᠯᠳᠠ ᠨᠢ 68.5 ᠳ᠋ᠥᠩᠰᠢᠭᠤᠷ ᠲᠥᠬᠦᠷᠢᠭ ᠢ ᠪᠡᠶᠡᠯᠡᠬᠦᠯᠵᠠᠢ᠃ ᠨᠡᠶᠢᠬᠡᠮ ᠤᠨ ᠬᠡᠷᠡᠭᠯᠡᠬᠡᠨ ᠤ ᠲᠠᠸᠠᠷ ᠤᠨ ᠵᠢᠵᠢᠭᠯᠡᠨ ᠪᠣᠷᠣᠯᠠᠭᠤᠯᠬᠤ ᠶᠡᠷᠥᠩᠬᠡᠢ ᠥᠷᠲᠡᠭ 91.2 ᠳ᠋ᠥᠩᠰᠢᠭᠤᠷ ᠲᠥᠬᠦᠷᠢᠭ ᠬᠥᠷᠴᠤ᠂ 8.0 %᠎ ᠪᠠᠷ ᠨᠡᠮᠡᠭᠲᠡᠪᠡ  ᠃ ᠶᠡᠷᠥᠲᠡ ᠶᠢᠨ ᠨᠡᠶᠢᠲᠡ ᠶᠢᠨ ᠣᠷᠢᠳᠴᠢᠯᠠᠨ ᠪᠤᠲᠤᠯᠲᠠ ᠶᠢᠨ ᠣᠷᠣᠯᠭ᠎ᠠ ᠨᠢ ᠨᠡᠶᠢᠲᠡ 11.4 ᠳ᠋ᠥᠩᠰᠢᠭᠤᠷ ᠲᠥᠬᠦᠷᠢᠭ ᠢ ᠪᠡᠶᠡᠯᠡᠬᠦᠯᠵᠠᠢ᠃ ᠭᠦᠭᠵᠢᠯᠳᠡ ᠶᠢᠨ ᠴᠢᠨᠠᠷ ᠴᠢᠨᠰᠠᠭ᠎ᠠ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠦᠭᠵᠢᠯᠳᠡ ᠶᠢᠨ ᠬᠦᠴᠦᠨ ᠢᠶᠠᠨ ᠤᠯᠠᠮ ᠪᠠᠳᠤᠵᠢᠭᠤᠯᠤᠨ᠎ᠠ᠃     ︵ᠨᠢᠭᠡ︶ ᠠᠵᠤ ᠠᠬᠤᠢ ᠶᠢᠨ ᠭᠦᠭᠵᠢᠯᠳᠡ ᠳᠠᠬᠢᠨ ᠰᠢᠨ᠎ᠡ ᠳᠡᠭᠳᠡᠷ ᠲᠤ ᠭᠠᠷᠪᠠ᠃ ᠭᠦᠭᠵᠢᠯᠲᠡ ᠶᠢ ᠢᠮᠠᠭᠳᠠ ᠨᠢᠭᠡᠳᠦᠭᠡᠷ ᠪᠠᠶᠢᠷᠢᠨ ᠳᠤ ᠲᠠᠯᠪᠢᠵᠤ᠂ ᠪᠦᠬᠦ ᠲᠠᠯ᠎ᠠ ᠪᠠᠷ ᠶᠡᠭᠡ ᠳᠣᠮᠤ ᠳᠦᠷᠦᠯ ᠵᠦᠢᠯ ᠤᠨ ᠪᠠᠶᠢᠭᠤᠯᠤᠯᠲᠠ ᠶᠢᠨ ᠰᠢᠪᠳᠤᠯᠤᠯᠲᠠ ᠬᠢᠵᠤ᠂ ᠪᠦᠬᠦ ᠵᠢᠯ ᠤᠨ ᠬᠡᠷᠡᠭᠵᠢᠭᠦᠯᠦᠭᠳᠡᠭᠰᠡᠨ ᠳ᠋ᠥᠩᠰᠢᠭᠤᠷ ᠲᠥᠬᠦᠷᠢᠭ  ᠠᠴᠠ ᠳᠡᠭᠡᠭᠰᠢᠬᠢ ᠳᠦᠷᠦᠯ ᠵᠦᠢᠯ 93 ᠳᠦᠷᠦᠯ ᠪᠠᠶᠢᠵᠤ  ᠂ ᠶᠡᠭᠡ ᠳᠣᠮᠤ ᠳᠦᠷᠦᠯ ᠵᠦᠢᠯ ᠤᠨ ᠳᠠᠶᠢᠴᠢᠯᠠᠨ ᠳᠠᠭᠠᠭᠤᠯᠬᠤ ᠦᠢᠯᠡᠳᠦᠯ ᠤᠯᠠᠮ ᠢᠯᠡᠷᠬᠡᠢ ᠪᠣᠯᠵᠠᠢ᠃  ᠲᠣᠰᠬᠤᠨ ᠤ ᠠᠵᠣ ᠠᠬᠤᠢ ᠲᠣᠭᠲᠠᠪᠣᠷᠢᠲᠠᠢ ᠬᠥᠭᠵᠢᠪᠡ᠃ ᠡᠭᠦᠯᠳᠡᠷ ᠤᠨ ᠮᠠᠯ᠂ ᠡᠭᠦᠯᠳᠡᠷ ᠤᠨ ᠲᠠᠷᠢᠶᠠᠨ ᠤ ᠦᠢᠯᠡᠳᠪᠦᠷᠢᠯᠡᠯ ᠤᠨ ᠴᠢᠳᠠᠪᠦᠷᠢ ᠤᠯᠠᠮ ᠨᠢᠭᠡ ᠠᠯᠬᠤᠮ ᠳᠡᠭᠡᠭᠰᠢᠯᠡᠵᠦ᠂ ᠮᠠᠯ ᠠᠵᠤ ᠠᠬᠤᠢ ᠶᠢᠨ ᠠᠵᠤ ᠦᠢᠯᠡᠰᠵᠢᠬᠦ ᠬᠤᠷᠳᠤᠴᠠ ᠤᠯᠠᠮ ᠨᠢᠭᠡ ᠠᠯᠬᠤᠮ ᠨᠡᠮᠡᠭᠳᠡᠭᠰᠡᠨ‌‍ᠪᠠᠶᠢᠨ᠎ᠠ᠃ ︿︿ᠪᠦᠬᠦ ᠤᠯᠤᠰ ᠤᠨ ᠳᠦᠮᠦᠰᠦᠨ ᠠᠵᠤ ᠦᠢᠯᠡᠰᠴᠢᠯᠡᠯᠳᠡ ᠶᠢᠨ ᠨᠡᠷᠡᠳᠦ ᠳᠡᠮᠳᠡᠭᠳᠦ ᠶᠢᠨ ᠵᠢᠱᠢᠶ᠎ᠡ ᠦᠵᠡᠭᠦᠯᠬᠦ ᠲᠣᠭᠤᠷᠢᠭ﹀﹀᠎ ᠶᠢ ᠡᠭᠦᠳᠦᠨ ᠪᠦᠳᠦᠭᠡᠬᠦ ᠠᠵᠢᠯ ᠡᠮᠬᠢ ᠴᠡᠭᠴᠡ ᠲᠠᠢ ᠶᠠᠪᠤᠭᠳᠠᠵᠤ᠂ ᠰᠢᠩ ᠳ᠋ᠠ ᠶᠧ ᠦᠷ᠎ᠡ ᠶᠢᠨ ᠭᠠᠭ᠋ᠠᠢ ᠶᠢᠨ ᠦᠷᠡᠵᠢᠭᠦᠯᠦᠨ ᠳᠡᠵᠢᠭᠡᠬᠦ ᠪᠠᠷᠢᠮᠵᠢᠶᠠᠴᠢᠯᠠᠭᠰᠠᠨ ᠵᠢᠱᠢᠶ᠎ᠡ ᠦᠵᠡᠭᠦᠯᠬᠦ ᠲᠣᠭᠤᠷᠢᠭ ᠠᠮᠵᠢᠯᠲᠠ ᠲᠠᠢ ᠦᠪᠡᠷᠳᠡᠭᠡᠨ ᠵᠠᠰᠠᠬᠤ ᠣᠷᠣᠨ ᠤ ᠰᠢᠯᠭᠠᠨ ᠪᠠᠶᠢᠴᠠᠭᠠᠯᠲᠠ ᠶᠢ ᠦᠩᠭᠡᠷᠡᠭᠡᠪᠠ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠴᠢᠯᠡᠭᠰᠡᠨ 22 ᠡᠷᠦᠬᠡ ᠠᠵᠤ ᠠᠬᠤᠶᠢᠯᠠᠯ ᠢ ᠲᠠᠲᠠᠨ ᠣᠷᠣᠭᠤᠯᠵᠤ ᠬᠦᠮᠦᠵᠢᠭᠦᠯᠵᠤ᠂ ᠲᠠᠷᠢᠶᠠᠯᠠᠩ ᠮᠠᠯ ᠠᠵᠤ ᠠᠬᠤᠢ ᠶᠢᠨ ᠪᠦᠳᠦᠭᠡᠭᠳᠦᠭᠦᠨ ᠤ ᠪᠣᠯᠪᠠᠰᠣᠷᠠᠭᠤᠯᠣᠯᠲᠠ ᠶᠢᠨ ᠨᠣᠷᠮ᠎ᠠ ᠨᠢ 53% ᠬᠦᠷᠴᠠᠢ᠃ ᠡᠯ᠎ᠡ ᠳᠦᠷᠦᠯ ᠤᠨ ᠲᠠᠷᠢᠶᠠᠴᠢᠨ ᠤ ᠬᠠᠮᠲᠣᠷᠠᠭᠰᠠᠨ ᠲᠣᠰᠬᠠᠢ ᠬᠤᠷᠰᠢᠶᠠᠵᠢᠯ 152 ᠡᠷᠦᠬᠡ ᠬᠦᠷᠴᠦ᠂ ᠲᠠᠷᠢᠶᠠᠴᠢᠨ ᠤ ᠠᠵᠤ ᠦᠢᠯᠡᠰᠴᠢᠯᠡᠭᠰᠡᠨ ᠡᠵᠡᠩᠨᠡᠯᠳᠡ ᠶᠢᠨ ᠣᠷᠤᠯᠭ᠎ᠠ 40% ᠬᠦᠷᠴᠠᠢ᠃ ᠠᠵᠣ ᠥᠢᠯᠡᠳᠪᠥᠷᠢ ᠠᠵᠣ ᠠᠬᠤᠢ ᠳᠤᠭᠳᠠᠭᠤᠨ ᠤ ᠲᠣᠮᠲᠠ ᠣᠷᠣᠭᠰᠢᠯᠠᠪᠠ᠃ ᠪᠦᠬᠦ ᠲᠣᠭᠤᠷᠢᠭ ᠎ ᠶᠢᠨ 30 ᠡᠷᠦᠬᠡ ᠬᠡᠪᠴᠢᠶ᠎ᠡ ᠠᠴᠠ ᠲᠡᠬᠡᠭᠰᠢ ᠠᠵᠣ ᠥᠢᠯᠡᠳᠪᠥᠷᠢ ᠶᠢᠨ ᠥᠢᠯᠡᠳᠪᠥᠷᠢᠯᠡᠯ ᠤᠨ ᠶᠡᠷᠥᠩᠬᠡᠢ ᠥᠷᠲᠡᠭ ᠨᠢ 125.3 ᠳ᠋ᠥᠩᠰᠢᠭᠤᠷ ᠲᠥᠬᠦᠷᠢᠭ ᠢ ᠪᠡᠶᠡᠯᠡᠬᠦᠯᠵᠣ᠂ ᠠᠳᠠᠯᠢ ᠬᠤᠭᠤᠴᠠᠭᠠᠨ ᠤ ᠬᠢ ᠠᠴᠠ6.2%᠎ ᠪᠠᠷ ᠨᠡᠮᠡᠭᠳᠡᠭᠰᠡᠨ ᠪᠠᠶᠢᠨ᠎ᠠ᠃ ᠲᠠᠷᠢᠶᠠᠯᠠᠩ ᠮᠠᠯ ᠠᠵᠣ ᠠᠬᠤᠢ ᠶᠢᠨ ᠪᠥᠲᠥᠬᠡᠭᠲᠡᠬᠦᠨ ᠤ ᠪᠣᠯᠪᠠᠰᠣᠷᠠᠭᠤᠯᠣᠯᠲᠠ ᠶᠢᠨ ᠥᠢᠯᠡᠰ ᠪᠠᠭ᠎ᠠ ᠠᠴᠠ ᠶᠡᠭᠡ ᠲᠠᠶᠢᠰᠢ᠂ ᠲᠡᠬᠡᠲᠤ ᠲᠡᠰ ᠤᠨ ᠨᠡᠷᠡᠲᠥ ᠲᠡᠮᠲᠡᠭ ᠵᠥᠭ ᠲᠠᠪᠰᠢᠨ ᠣᠷᠣᠯ᠎ᠠ᠃  ᠴᠢᠦ ᠱᠢ ᠴᠠᠪᠠᠣᠯᠢᠭ ᠣᠭᠤᠷᠠᠭ᠂ ᠴᠠᠰᠣᠲᠣ ᠲᠠᠯ᠎ᠠ ᠰᠥᠨ ᠤ ᠥᠢᠯᠡᠳᠪᠥᠷᠢ ᠎ ᠶᠢᠨ ᠬᠤᠶᠠᠳᠤᠭᠠᠷ ᠬᠤᠭᠤᠴᠠᠭ᠎ᠠ᠂ ᠳ᠋ᠦᠩ ᠯᠠᠢ ᠱᠥᠨ ᠮᠢᠬ᠎ᠠ ᠪᠣᠯᠪᠠᠰᠣᠷᠠᠭᠤᠯᠬᠤ ᠲᠥᠷᠥᠯ ᠵᠥᠢᠯ ᠣᠲᠠᠯ ᠥᠬᠡᠢ ᠪᠠᠶᠢᠭᠤᠯᠣᠭᠲᠠᠨ ᠥᠢᠯᠡᠳᠪᠥᠷᠢᠯᠡᠯ ᠢᠶᠠᠨ ᠡᠬᠢᠯᠡᠬᠦᠯᠬᠦ ᠪᠣᠯᠣᠨ᠎ᠠ᠃ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠣ ᠥᠢᠯᠡᠰ ᠠᠯᠭᠤᠷ ᠬᠥᠴᠥᠷᠬᠡᠭᠵᠢᠵᠥ  ᠂ ᠠᠩᠬ᠎ᠠ  ᠠᠯᠬᠤᠮ ᠤᠨ ᠬᠡᠪᠴᠢᠶ᠎ᠡ ᠲᠠᠢ ᠪᠣᠯᠪᠠ᠃ ᠪᠡᠬᠡᠵᠢᠩ  ᠵᠢᠨᠢᠩ  ᠴᠠᠬᠢᠯᠭᠠᠨ ᠢᠯᠴᠢ ᠬᠠᠮᠲᠣᠷᠠᠨ ᠥᠢᠯᠡᠳᠬᠦ ᠲᠥᠷᠥᠯ ᠵᠥᠢᠯ᠂ ᠰᠠᠨ ᠰᠢᠨ ᠪᠣᠲᠠᠲᠣ ᠥᠢᠯᠡᠰ ᠵᠡᠷᠬᠡ ᠰᠢᠯᠭᠠᠷᠠᠭᠰᠠᠨ ᠠᠵᠣ ᠠᠬᠤᠶᠢᠯᠠᠯ ᠤᠨ ᠬᠥᠭᠵᠢᠯᠲᠡ ᠶᠢᠨ ᠬᠠᠨᠲᠣᠰᠢ ᠨᠢ ᠨᠡᠯᠢᠶᠡᠳ ᠰᠠᠶᠢᠨ ᠪᠠᠶᠢᠨ᠎ᠠ᠃ ᠬᠠᠢ ᠯᠢ ᠡᠯᠧᠺᠲᠷᠣᠨ᠂ ᠳ᠋ᠦᠩ ᠶᠠᠩ ᠭᠤᠸᠠᠩ ᠥᠨᠲᠥᠷ ᠳᠠᠷᠤᠯᠲᠠᠲᠤ ᠢᠯᠲᠡᠰᠥ᠂  ᠮᠦᠸᠧ ᠱᠧᠩ ᠲᠧᠭᠨᠢᠭ ᠮᠡᠷᠭᠡᠵᠢᠯ ᠵᠡᠷᠬᠡ ᠲᠥᠷᠥᠯ ᠵᠥᠢᠯ ᠢ ᠭᠠᠷᠲᠠᠨ ᠪᠠᠶᠢᠭᠤᠯᠵᠣ ᠡᠬᠢᠯᠡᠪᠡ᠃  ᠡᠮ ᠤᠨ ᠦᠢᠯᠡᠰ ᠤᠨ  ᠦᠳᠳᠦᠷ ᠳᠦᠷᠭᠡᠨ ᠬᠦᠭᠵᠢᠵᠦ᠂  ᠹᠦ᠋ ᠷᠦᠢ  ᠡᠮ ᠦᠢᠯᠡᠳᠬᠦ᠂ ᠵᠢᠩ ᠳ᠋ᠦᠩ ᠡᠮ ᠤᠨ ᠦᠢᠯᠡᠰ᠂ ᠲᠢᠶᠠᠨ ᠢᠤᠢ ᠳ᠋ᠠ ᠠᠮᠢᠳᠤ ᠪᠤᠳᠠᠰ ᠤᠨ ᠡᠮ ᠦᠢᠯᠡᠳᠬᠦ ᠦᠢᠯᠡᠰ ᠵᠡᠷᠭᠡ ᠶᠢᠨ ᠳᠦᠪᠯᠡᠷᠡᠨ ᠪᠦᠭᠡᠮᠨᠡᠷᠡᠭᠰᠡᠨ ᠦᠢᠯᠡᠴᠢᠯᠡᠭᠡ ᠡᠬᠢᠯᠡᠨ ᠢᠯᠡᠷᠬᠡᠢ ᠪᠣᠯᠪᠠ᠃ ᠶᠡᠭᠡ ᠳ᠋ᠸᠶᠢᠲᠨ ᠶᠢᠨ ᠠᠵᠣ ᠥᠢᠯᠡᠰ ᠠᠯᠭᠤᠷ ᠪᠠᠶᠢᠭᠤᠯᠣᠭᠲᠠᠨ ᠥᠳᠲᠥᠷ ᠲᠥᠷᠬᠡᠨ ᠬᠥᠭᠵᠢᠪᠡ᠃ ᠵᠢᠨᠢᠩ ᠠᠴᠠ ᠪᠡᠬᠡᠵᠢᠩ ᠤᠨ ᠬᠤᠭᠤᠷᠣᠨᠲᠣ ᠰᠢᠭᠤᠳ ᠨᠡᠪᠲᠡᠷᠡᠭᠦ ᠬᠡᠷᠡᠯ ᠲᠠᠲᠠᠯᠭ᠎ᠠ ᠶᠢ ᠲᠡᠪᠢᠰᠴᠣ ᠳᠠᠭᠤᠰᠬᠠᠨ ᠠᠵᠢᠯᠯᠠᠵᠤ ᠡᠬᠢᠯᠡᠪᠠ᠃  ᠠᠯᠮᠤᠷᠠᠳ᠂ ᠵᠦᠩ ᠯᠢᠶᠠᠨ ᠯᠢ ᠰᠢᠨ ᠵᠡᠷᠭᠡ ᠳ᠋ᠸᠶᠢᠲᠨ ᠶᠢᠨ ᠳᠦᠪ ᠠᠮᠵᠢᠯᠲᠠ ᠰᠠᠭᠤᠷᠢᠰᠢᠪᠠ᠂ ᠬᠤᠸᠠ ᠸᠧᠢ ᠡᠬᠦᠯᠡᠨ ᠳ᠋ᠸᠶᠢᠲᠨ ᠶᠢᠨ ᠲᠥᠪ  ᠤᠨ ᠬᠤᠶᠠᠳᠤᠭᠠᠷ ᠬᠤᠭᠤᠴᠠᠭ᠎ᠠ ᠪᠠᠶᠢᠭᠤᠯᠵᠤ ᠡᠬᠢᠯᠡᠪᠡ᠂᠂ ᠬᠤᠸᠠ ᠲᠠᠨᠩ᠂ ᠪᠦᠸᠧ ᠶᠦᠸᠧ᠂ ᠬᠤᠩ ᠯᠢᠶᠠᠨ ᠵᠡᠷᠬᠡ ᠡᠯ᠎ᠡ ᠳᠠᠪᠬᠤᠷᠭ᠎ᠠ ᠶᠢᠨ ᠠᠵᠤ ᠠᠬᠤᠶᠢᠯᠠᠯ ᠬᠤᠷᠠᠨ ᠴᠤᠭᠯᠠᠷᠠᠬᠤ ᠬᠤᠷᠳᠤᠴᠠ ᠨᠢ ᠨᠡᠮᠡᠭᠳᠡᠵᠦ᠂ ᠲᠠᠭᠤᠲᠠᠯᠭ᠎ᠠ ᠶᠢᠨ ᠲᠥᠪ ‍ᠦᠨ‌‍ᠰᠠᠭᠤᠲᠠᠯ ᠨᠢ 5000 ᠣᠷᠣ ᠬᠥᠷᠴᠣ᠂  ᠬᠡᠳᠦᠨ ᠳᠦᠮᠡᠨ ᠬᠦᠮᠦᠨ ᠠᠮᠠ ᠶᠢᠨ ᠠᠵᠢᠯ ᠣᠯᠭᠤᠯᠲᠠ ᠶᠢ ᠰᠢᠢᠳᠪᠦᠷᠢᠯᠡᠵᠣ᠂ ᠠᠵᠤ ᠦᠢᠯᠡᠰ ᠤᠨ ᠬᠡᠪᠴᠢᠶᠡᠵᠢᠯᠳᠡ ᠨᠢ ᠦᠪᠡᠷᠳᠡᠭᠡᠨ ᠵᠠᠰᠠᠬᠤ ᠣᠷᠤᠨ ᠤ ᠡᠮᠦᠨ᠎ᠡ ᠪᠠᠶᠢᠷᠢᠨ ᠳᠤ ᠣᠷᠣᠵᠤ ᠪᠤᠢ᠃ ᠤᠲᠤ ᠥᠶ᠎ᠡ ᠶᠢᠨ ᠥᠢᠯᠡᠴᠢᠯᠡᠯᠬᠡᠨ ᠤ ᠥᠢᠯᠡᠰ ᠥᠳᠲᠥᠷ ᠲᠥᠷᠬᠡᠨ ᠬᠥᠭᠵᠢᠪᠡ᠃ ᠭᠠᠵᠠᠷ ᠤᠷᠤᠨ ᠤ ᠴᠢᠨᠠᠷᠲᠠᠢ ᠠᠷᠠᠯᠵᠢᠶ᠎ᠠ ᠬᠤᠳᠠᠯᠳᠤᠭᠠᠨ ᠤ ᠪᠣᠲᠠᠰ ᠤᠨ ᠬᠥᠢᠯᠬᠡᠬᠡᠨ ᠤ ᠲᠥᠪ ᠤᠨ ᠪᠠᠶᠢᠭᠤᠯᠣᠯᠲᠠ ᠶᠢ ᠬᠥᠴᠥᠲᠠᠢ ᠠᠬᠢᠭᠤᠯᠵᠣ᠂ ᠵᠢᠨᠢᠩ ᠤᠨ ᠣᠲᠣ ᠥᠶ᠎ᠡ ᠶᠢᠨ  ᠪᠠᠷᠠᠭ᠎ᠠ ᠰᠣᠯᠢᠯᠴᠠᠭᠠᠨ ᠤ ᠬᠥᠷᠢᠶᠡᠯᠡᠩ ᠨᠢ ᠪᠥᠬᠦ ᠣᠯᠣᠰ ᠤᠨ ᠬᠤᠶᠠᠳᠤᠭᠠᠷ ᠤᠳᠠᠭᠠᠨ ᠤ ᠵᠢᠱᠢᠶ᠎ᠡ ᠦᠵᠡᠭᠦᠯᠬᠦ ᠪᠠᠷᠠᠭ᠎ᠠ ᠰᠣᠯᠢᠯᠴᠠᠭᠠᠨ ᠤ ᠬᠥᠷᠢᠶᠡᠯᠡᠩ ᠢᠶᠠᠷ  ᠦᠨᠡᠯᠡᠭᠳᠡᠪᠡ᠃ ᠵᠢᠨᠢᠩ ᠤᠨ ᠤᠯᠠᠨ ᠤᠯᠤᠰ ᠤᠨ ᠠᠷᠠᠰᠣ ᠰᠢᠷᠢ ᠎ ᠶᠢᠨ ᠬᠤᠲᠠ ᠎ ᠶᠢᠨ ᠪᠤᠷᠤᠯᠠᠭᠤᠯᠬᠤ ᠦᠢᠯᠡᠴᠢᠯᠡᠭᠡᠨ ᠤ ᠬᠡᠪᠴᠢᠶ᠎ᠡ ᠦᠷᠭᠦᠯᠵᠢᠯᠡᠨ ᠦᠷᠭᠡᠳᠴᠦ᠂ ᠪᠦᠬᠦ ᠵᠢᠯ ᠤᠨ ᠵᠣᠴᠢᠳ ᠤᠨ ᠬᠡᠮᠵᠢᠶ᠎ᠡ 200 ᠳᠦᠮᠡᠨ ᠬᠦᠮᠦᠨ ᠤᠳᠠᠭ᠎ᠠ ᠳᠤ ᠬᠦᠷᠦᠨ᠂ ︽ᠲᠠᠯ᠎ᠠ ᠨᠣᠲᠤᠭ ᠤᠨ ᠠᠷᠠᠰᠣ ᠰᠢᠷᠢ ᠶᠢᠨ ᠬᠤᠲᠠ︾᠎ ᠶᠢᠨ ᠨᠦᠯᠦᠭᠡ ᠲᠤᠰᠬᠠᠯ ᠲᠠᠰᠤᠷᠠᠯᠳᠠ ᠦᠭᠡᠢ ᠪᠤᠵᠠᠭᠠᠶᠢᠷᠠᠵᠠᠢ᠃ ᠵᠢᠨᠢᠩ ᠤᠨ  ᠬᠤᠪᠢᠰᠬᠠᠯ ᠤᠨ ᠪᠠᠶᠢᠯᠳᠤᠭᠠᠨ ᠤ ᠲᠣᠷᠠᠰᠬᠠᠯ ᠤᠨ ᠬᠥᠷᠢᠶᠡᠯᠡᠩ  ᠪᠦᠬᠦ ᠤᠯᠤᠰ ᠤᠨ ᠬᠤᠪᠢᠰᠬᠠᠯ ᠤᠨ ᠰᠢᠯᠢᠳᠡᠭ ᠵᠢᠭᠤᠴᠢᠯᠠᠯ ᠢᠶᠠᠷ ᠰᠤᠩᠭᠤᠭᠳᠠᠵᠤ᠂ ᠨᠠᠮᠴᠢ ᠰᠣᠷᠭᠠᠨ ᠬᠦᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠪᠣᠯᠭᠠᠨ ᠪᠠᠶᠢᠭᠤᠯᠵᠤ ᠨᠢᠭᠡᠨᠳᠡ ᠡᠭᠦᠳᠡ ᠪᠠᠨ ᠨᠡᠭᠡᠭᠡᠵᠤ ᠡᠷᠦᠬᠡ ᠪᠠᠨ ᠰᠡᠬᠦᠪᠡ᠃ ᠳᠤᠮᠳᠠᠳᠤ ᠣᠷᠣᠰ ᠮᠤᠩᠭᠤᠯ ᠤᠨ ᠠᠮᠳᠠᠳᠤ ᠢᠳᠡᠭᠡᠨ ᠤ ᠰᠣᠶᠣᠯ ᠤᠨ ᠨᠠᠶᠢᠷ ᠂ ᠲᠠᠯ᠎ᠠ ᠨᠤᠳᠤᠭ ᠤᠨ ᠰᠣᠶᠣᠯ ᠤᠨ ᠨᠠᠶᠢᠷ᠂ ᠠᠷᠠᠰᠤ ᠰᠢᠷᠢᠨ ᠬᠤᠪᠴᠠᠰᠤᠨ ᠦᠢᠯᠡᠰ ᠤᠨ ᠳᠡᠯᠭᠡᠨ ᠦᠵᠡᠭᠦᠯᠬᠦ ᠬᠤᠷᠠᠯ᠂ ᠠᠩᠬᠠᠳᠤᠭᠠᠷ ᠤᠳᠠᠭᠠᠨ ᠤ ᠴᠠᠰᠤ ᠮᠦᠰᠦᠨ ᠤ ᠤᠷᠠᠯᠢᠭ ᠤᠨ ᠨᠠᠶᠢᠷ᠂ ᠨᠠᠷᠠᠰᠤᠨ ᠭᠤᠤᠯ ᠤᠨ ᠳ᠋ᠧᠩ ᠤᠨ ᠪᠠᠶᠠᠷ ᠵᠡᠷᠭᠡ ᠲᠣᠮᠣ ᠬᠦᠳᠡᠯᠭᠡᠭᠡᠨ ᠢ ᠠᠮᠵᠢᠯᠲᠠᠲᠠᠢ ᠡᠷᠬᠢᠯᠡᠵᠦ᠂ ᠵᠣᠭᠠᠴᠠᠭᠰᠠᠳ ᠤᠨ ᠲᠤᠭ᠎ᠠ ᠪᠠ ᠵᠢᠭᠤᠴᠢᠯᠠᠯ ᠤᠨ ᠣᠷᠤᠯᠭ᠎ᠠ ᠲᠣᠰ ᠪᠦᠷᠢ10%  ᠪᠠ12%᠎ ᠪᠠᠷ ᠨᠡᠮᠡᠭᠳᠡᠵᠤ  ᠂ ᠵᠢᠭᠤᠴᠢᠯᠠᠯ ᠤᠨ ᠳᠦᠪᠯᠡᠷᠡᠭᠦᠯᠦᠨ ᠳᠠᠷᠠᠬᠠᠭᠠᠬᠤ ᠳᠦᠪ ᠨᠢ ᠴᠢᠳᠠᠮᠵᠢ ᠪᠠᠨ ᠤᠯᠠᠮ ᠨᠢᠭᠡ ᠠᠯᠬᠤᠮ ᠪᠠᠳᠠᠷᠠᠭᠤᠯᠤᠭᠰᠠᠨ ᠪᠦᠭᠡᠳ ︿︿ᠪᠡᠭᠡᠵᠢᠩ ᠤᠨ ᠳᠡᠭᠦᠷᠭᠡ ᠲᠠᠯ᠎ᠠ ᠨᠤᠳᠤᠭ᠂ ᠵᠣᠰᠠᠯᠠᠩ ᠤᠨ ᠳᠦᠪ﹀﹀ ᠭᠡᠮᠡᠬᠦ ᠨᠡᠷᠡᠳᠦ ᠳᠡᠮᠳᠡᠭ ᠢᠶᠠᠨ ᠤᠯᠠᠮ ᠢᠯᠡᠭᠦᠦ ᠬᠢᠯᠡᠯᠵᠠᠭᠤᠯᠤᠭᠰᠠᠨ ᠪᠠᠶᠢᠨ᠎ᠠ᠃       ︵ᠬᠤᠶᠠᠷ︶ ᠬᠤᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠳᠦᠷᠢ ᠳᠦᠷᠬᠦ ᠲᠠᠢ ᠪᠣᠯᠪᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠦᠪᠡᠷᠳᠡᠭᠡᠨ ᠵᠠᠰᠠᠬᠤ ᠣᠷᠤᠨ ᠪᠠᠶᠢᠭᠤᠯᠤᠭᠳᠠᠭᠰᠠᠨ70 ᠵᠢᠯ ᠤᠨ ᠣᠢ ᠶᠢ ᠪᠡᠯᠭᠡᠯᠡᠬᠦ ᠵᠡᠷᠭᠡ ᠳᠣᠮᠤ ᠶᠡᠭᠡ ᠬᠤᠷᠠᠯ ᠬᠦᠳᠡᠯᠭᠡᠭᠡᠨ ᠢ ᠠᠰᠢᠭᠯᠠᠵᠤ᠂ ︿︿ ᠲᠠᠪᠣᠨ ᠬᠤᠲᠠ ᠶᠢ ᠪᠦᠳᠦᠭᠡᠨ ᠪᠠᠶᠢᠭᠤᠯᠬᠤ﹀﹀ ᠪᠠ ︿︿ᠦᠵᠡᠰᠭᠦᠯᠡᠭᠳᠦ ᠬᠦᠳᠡᠭᠡ ᠲᠣᠰᠬᠤᠨ﹀﹀ ᠵᠡᠷᠭᠡ ᠪᠦᠳᠦᠭᠡᠨ ᠪᠠᠶᠢᠭᠤᠯᠤᠯᠳᠠ ᠪᠠᠷ ᠭᠠᠷᠳᠠᠵᠤ᠂  ᠰᠠᠭᠤᠷᠢ ᠲᠣᠨᠤᠭ ᠳᠦᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠳᠣᠳᠠᠭᠳᠠᠯ ᠢ ᠨᠦᠬᠦᠪᠦᠷᠢᠯᠡᠵᠦ᠂ ᠬᠦᠮᠦᠨ ᠠᠷᠠᠳ ᠤᠨ ᠠᠮᠢᠳᠤᠷᠠᠯ ᠤᠨ ᠤᠷᠴᠢᠨ ᠲᠣᠭᠤᠷᠢᠨ ᠢ ᠰᠠᠶᠢᠵᠢᠷᠠᠭᠤᠯᠵᠤ᠂ ᠬᠤᠲᠠ ᠶᠢᠨ ᠠᠴᠢᠶᠠᠯᠠᠬᠤ ᠴᠢᠳᠠᠪᠦᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠳᠦᠯᠦᠪᠵᠢᠭᠦᠯᠭᠡ ᠰᠢᠰᠲ᠋ᠧᠮ ᠢ ᠤᠯᠠᠮ ᠨᠢᠭᠡ ᠠᠯᠬᠤᠮ ᠪᠦᠷᠢᠨᠰᠢᠭᠰᠡᠨ᠃ ︿︿ᠤᠯᠠᠨ ᠳᠦᠯᠦᠪᠯᠡᠭᠡ ᠶᠢ ᠨᠢᠭᠡᠳᠭᠡᠬᠦ﹀﹀᠎ ᠶᠢ ᠪᠦᠬᠦ ᠲᠠᠯ᠎ᠠ ᠪᠠᠷ ᠳᠦᠯᠬᠢᠨ ᠠᠬᠢᠭᠤᠯᠵᠤ᠂ ᠰᠤᠷᠠᠭ ᠵᠠᠩᠬᠢ ᠶᠢᠨ ᠬᠠᠮᠢᠶᠠᠷᠤᠯᠲᠠ ᠶᠢᠨ ᠲᠠᠪᠴᠠᠩ ᠤᠨ ᠳᠦᠯᠦᠪᠯᠡᠭᠡ ᠶᠢ ᠦᠨᠳᠦᠰᠦᠨ ᠳᠡᠭᠡᠨ ᠪᠠᠶᠢᠭᠤᠯᠵᠠᠢ᠃ ᠭᠤᠤᠯ ᠤᠨ ᠵᠡᠭᠦᠨ ᠬᠤᠶᠢᠳᠤ ᠬᠡᠰᠡᠭ  ᠤᠨ19.8 ᠺᠤᠸᠠᠲ ᠺᠢᠯᠦᠮᠧᠲᠷ ᠭᠠᠵᠠᠷ ᠪᠠ ᠵᠢᠩ ᠬᠤᠩ ᠵᠠᠮ ᠠᠴᠠ ᠵᠡᠭᠦᠨ ᠲᠠᠯ᠎ᠠ ᠶᠢᠨ19.2 ᠺᠤᠸᠠᠲ ᠺᠢᠯᠦᠮᠧᠲᠷ ᠭᠠᠵᠠᠷ ᠎ ᠢ ᠳᠦᠷᠢᠮᠵᠢᠭᠦᠯᠦᠨ ᠲᠤᠭ᠎ᠠ ᠪᠠᠷᠢᠮᠳᠠᠯᠠᠬᠤ ᠠᠵᠢᠯ ᠢ ᠡᠬᠢᠯᠡᠭᠦᠯᠵᠠᠢ᠃ ᠬᠠᠭᠤᠴᠢᠨ ᠬᠤᠲᠠ ᠲᠣᠭᠤᠷᠢᠭ ᠤᠨ 36 ᠺᠤᠸᠠᠲ ᠺᠢᠯᠦᠮᠧᠲᠷ ᠭᠠᠵᠠᠷ ᠳᠤᠤᠷᠠᠬᠢ ᠶᠡᠷᠦᠩᠬᠡᠶᠢᠯᠡᠭᠰᠡᠨ ᠭᠤᠤᠷᠰᠤᠨ ᠤ ᠨᠡᠶᠢᠳᠡᠮ ᠪᠠᠶᠢᠴᠠᠭᠠᠬᠤ ᠠᠵᠢᠯ ᠦᠷᠨᠢᠭᠦᠯᠵᠦ᠂ ᠬᠤᠲᠠ ᠶᠢᠨ ᠳᠦᠪ ᠤᠨ ᠡᠵᠡᠮᠰᠢᠬᠦ ᠬᠡᠮᠵᠢᠶ᠎ᠡ ᠶᠢ ᠪᠡᠶᠡᠯᠡᠭᠦᠯᠵᠡᠢ᠃ ᠰᠠᠭᠤᠷᠢ ᠳᠦᠬᠦᠭᠡᠷᠦᠮᠵᠢ ᠨᠡᠩ ᠢᠯᠡᠭᠦᠦ ᠪᠦᠷᠢᠨ ᠳᠡᠭᠦᠯᠳᠡᠷ ᠪᠣᠯᠤᠭᠰᠠᠨ᠃ᠵᠢᠨᠢᠩ ᠤᠨ ᠨᠢᠰᠭᠡᠯ ᠲᠠᠯᠠᠪᠠᠢ ᠨᠢᠭᠡᠨᠳᠡ20 ᠭᠠᠷᠤᠢ ᠬᠤᠲᠠ ᠲᠠᠢ ᠨᠢᠰᠭᠡᠯ ᠨᠡᠪᠳᠡᠷᠡᠭᠰᠡᠨ ᠪᠦᠭᠡᠳ ᠪᠦᠬᠦ ᠵᠢᠯ ᠤᠨ ᠵᠤᠴᠢᠳ ᠤᠨ ᠬᠡᠮᠵᠢᠶ᠎ᠡ 30 ᠳᠦᠮᠡᠨ ᠬᠦᠮᠦᠨ ᠤᠳᠠᠭ᠎ᠠ ᠠᠴᠠ ᠳᠠᠪᠠᠵᠠᠢ᠃ ᠬᠦᠬᠡᠬᠤᠲᠠ ᠵᠢᠨᠢᠩ ᠤᠨ ᠳᠡᠭᠡᠳᠦ ᠬᠤᠷᠳᠤᠴᠠᠳᠤ ᠳᠡᠮᠤᠷ ᠵᠠᠮ ᠨᠡᠪᠳᠡᠷᠡᠵᠤ ᠠᠰᠢᠭᠯᠠᠯᠳᠠ ᠳᠤ ᠣᠷᠣᠯᠴᠠᠵᠤ᠂ ᠠᠭᠠᠷ ᠠᠶᠠᠯᠠᠯ ᠪᠠ ᠳᠡᠭᠡᠳᠦ ᠬᠤᠷᠳᠤᠴᠠᠳᠤ ᠳᠡᠮᠤᠷ ᠵᠠᠮ ᠤᠨ ᠴᠠᠭ ᠦᠶ᠎ᠡ ᠳᠤ ᠣᠷᠣᠵᠠᠢ᠃ ᠶᠡᠭᠡ ᠬᠦᠴᠦ ᠣᠷᠣᠭᠤᠯᠣᠨ ᠳᠡᠤᠬᠡᠨ ᠠᠴᠠ ᠠᠪᠤᠭᠠᠳ ᠬᠡᠪᠴᠢᠶ᠎ᠡ ᠪᠠᠷ ᠬᠠᠮᠤᠭ ᠶᠡᠭᠡ ᠬᠤᠲᠠ ᠶᠢᠨ ᠵᠠᠮ ᠱᠤᠭᠤᠮ᠂  ᠭᠤᠤᠷᠰᠤᠨ ᠬᠤᠭᠤᠯᠠᠢ ᠰᠢᠨᠡᠴᠢᠯᠡᠨ ᠵᠠᠰᠠᠬᠤ ᠢᠨ᠋ᠵᠧᠷᠢᠭ ᠪᠡᠶᠡᠯᠡᠭᠦᠯᠵᠦ᠂ ᠨᠡᠶᠢᠳᠡ19 ᠵᠤᠷᠪᠤᠰ ᠵᠠᠮ ᠰᠢᠨᠡᠴᠢᠯᠡᠨ᠂ 67 ᠳᠦᠮᠡᠨ ᠺᠤᠸᠠᠲ ᠺᠢᠯᠦᠮᠧᠲᠷ ᠵᠠᠮ ᠢ ᠪᠠᠷᠤᠭᠰᠢᠨ ᠢᠶᠠᠷ ᠪᠦᠷᠬᠦᠵᠦ᠂ 25.9 ᠳᠦᠮᠡᠨ ᠺᠤᠸᠠᠲ ᠺᠢᠯᠦᠮᠧᠲᠷ ᠳᠦᠳᠡ ᠵᠠᠮ ᠢ ᠵᠠᠰᠠᠨ ᠰᠠᠶᠢᠵᠢᠷᠠᠭᠤᠯᠵᠤ᠂ 3 ᠵᠣᠷᠪᠤᠰ ᠲᠣᠰᠬᠤᠨ ᠳᠤ ᠨᠡᠪᠳᠡᠷᠡᠬᠦ  ᠵᠠᠰᠠᠮᠠᠯ ᠵᠠᠮ ᠢ ᠪᠠᠶᠢᠭᠤᠯᠬᠤ ᠡᠭᠦᠷᠭᠡ ᠶᠢ ᠪᠡᠶᠡᠯᠡᠭᠦᠯᠵᠦ᠂ ᠳᠣᠰᠬᠤᠨ ᠤ ᠪᠠᠷᠤᠭᠰᠢᠨ᠂ ᠱᠦᠢᠨᠢ ᠵᠠᠮ ᠤᠨ ᠪᠦᠷᠬᠦᠯᠳᠡ ᠶᠢᠨ ᠨᠤᠷᠮ᠎ᠠ ᠎ ᠨᠢ100 %᠂ ᠡᠯ᠎ᠡ ᠳᠦᠷᠦᠯ ‍ᠦᠨ‌ᠭᠤᠤᠷᠰᠤᠨ ᠬᠤᠭᠤᠯᠠᠢ 87.1ᠺᠢᠯᠦᠮᠧᠲᠷ ᠳᠡᠪᠢᠰᠦᠭᠰᠡᠨ᠃ ᠨᠠᠨ ᠱᠠ ᠭᠤᠤᠯ ᠤᠨ ᠶᠡᠷᠦᠩᠬᠡᠶᠢᠯᠡᠨ ᠵᠠᠰᠠᠬᠤ ᠪᠠ ᠮᠧᠩ ᠸᠧᠢ ᠤᠰᠤᠨ ᠠᠰᠢᠭᠯᠠᠯᠳᠠ ᠶᠢᠨ ᠢᠨ᠋ᠵᠧᠷᠢᠭ  ᠳᠤᠭᠲᠠᠭᠤᠨ ᠢᠶᠠᠨ ᠤᠷᠤᠭᠰᠢᠯᠠᠵᠤ᠂ ᠬᠤᠲᠠ ᠶᠢᠨ ᠳᠦᠪ ᠤᠨ ᠭᠤᠤᠯ ᠵᠡᠭᠡᠯᠢ ᠭᠤᠳᠤᠮᠵᠢ᠂ ᠠᠰᠠᠷ ᠤᠨ ᠵᠡᠷᠭᠡ ᠶᠢᠨ ᠭᠤᠶᠤᠮᠰᠤᠭᠯᠠᠨ ᠵᠠᠰᠠᠬᠤ ᠢᠨᠵᠧᠨᠧᠷᠢᠩ ᠦᠨᠳᠦᠰᠦᠨ ᠳᠡᠭᠡᠨ ᠭᠦᠢᠴᠡᠳᠭᠡᠨ ᠪᠠᠷᠠᠵᠠᠢ᠃ ᠬᠤᠲᠠ ᠶᠢᠨ ᠠᠯᠭᠤᠷ ᠠᠶᠠᠯᠠᠬᠤ ᠵᠠᠮ ᠤᠨ ᠪᠦᠳᠦᠭᠡᠨ ᠪᠠᠶᠢᠭᠤᠯᠤᠯᠳᠠ ᠨᠢ 12 ᠺᠢᠯᠦᠮᠧᠲᠷ ᠪᠡᠶ᠎ᠡ ᠪᠣᠯᠪᠠᠰᠤᠷᠠᠬᠤ ᠵᠠᠮ ᠱᠤᠭᠤᠮ ᠢ ᠪᠠᠶᠢᠭᠤᠯᠤᠭᠰᠠᠨ ᠪᠠᠶᠢᠨ᠎ᠠ᠃ 5000  ᠨᠡᠶᠢᠳᠡ ᠶᠢᠨ ᠲᠤᠭᠤᠢ ᠳᠡᠷᠭᠡ ᠤᠭᠰᠠᠷᠴᠤ᠂ ᠬᠤᠲᠠ ᠶᠢᠨ ᠠᠷᠠᠳ ᠲᠤ ᠪᠣᠬᠢᠷᠳᠦᠯ ᠦᠭᠡᠢ ᠠᠶᠠᠯᠠᠬᠤ ᠰᠢᠨ᠎ᠡ ᠨᠦᠭᠦᠴᠡᠯ ᠣᠯᠭᠤᠭᠰᠠᠨ ᠪᠠᠶᠢᠨ᠎ᠠ᠃ ᠨᠡᠶᠢᠳᠡ ᠶᠢᠨ ᠮᠠᠰᠢᠨ ᠳᠡᠷᠭᠡᠨ ᠤ ᠦᠢᠯᠡᠰ ᠢ ᠶᠡᠭᠡ ᠪᠠᠷ ᠬᠦᠭᠵᠢᠭᠦᠯᠦᠭᠰᠡᠨ᠂ ᠰᠢᠨ᠎ᠡ ᠡᠨᠧᠷᠭᠢ ᠶᠢᠨ ᠨᠡᠶᠢᠳᠡ ᠶᠢᠨ ᠮᠠᠰᠢᠨ20 ᠰᠠᠭᠤᠷᠢ ᠬᠤᠳᠠᠯᠳᠤᠨ ᠠᠪᠴᠤ᠂ 4 ᠨᠡᠶᠢᠳᠡ ᠶᠢᠨ ᠮᠠᠰᠢᠨ ᠳᠡᠷᠭᠡᠨ ᠤ ᠡᠬᠢᠨ᠂ ᠡᠴᠦᠰ ᠤᠨ ᠦᠷᠳᠡᠭᠡ ᠶᠢ ᠦᠭᠡᠷᠡᠴᠢᠯᠡᠨ ᠦᠷᠭᠡᠳᠭᠡᠵᠦ 4 ᠵᠣᠷᠪᠤᠰ ᠨᠡᠶᠢᠳᠡ ᠶᠢᠨ ᠮᠠᠰᠢᠨ ᠳᠡᠷᠭᠡᠨ ᠤ ᠠᠶᠠᠯᠠᠯ ᠤᠨ ᠴᠠᠭ ᠢ ᠤᠷᠳᠤᠳᠬᠠᠭᠰᠠᠨ ᠪᠠᠶᠢᠨ᠎ᠠ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠭᠤᠷᠢ ᠳᠦᠬᠦᠭᠡᠷᠦᠮᠵᠢ ᠶᠢᠨ ᠪᠠᠶᠢᠭᠤᠯᠤᠯᠲᠠ ᠶᠢᠨ ᠬᠦᠴᠦᠯᠡᠴᠡ ᠶᠢ ᠴᠢᠩᠭᠠᠳᠬᠠᠵᠤ᠂ 4 ᠰᠠᠭᠤᠷᠢ ᠬᠤᠭ ᠯᠤᠪᠰᠢ ᠳᠠᠮᠵᠢᠭᠤᠯᠤᠨ ᠳᠡᠭᠡᠭᠡᠪᠦᠷᠢᠯᠡᠬᠦ ᠦᠷᠳᠡᠭᠡ ᠰᠢᠨ᠎ᠡ ᠪᠠᠷ ᠪᠠᠶᠢᠭᠤᠯᠵᠤ᠂35 ᠰᠠᠭᠤᠷᠢ ᠡᠯ᠎ᠡ  ᠳᠦᠷᠦᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠡᠷᠭᠡ ᠬᠤᠳᠠᠯᠳᠤᠨ ᠠᠪᠴᠤ᠂ ᠮᠠᠰᠢᠨᠴᠢᠯᠠᠭᠰᠠᠨ ᠳᠠᠰᠬᠠᠯᠵᠢᠭᠤᠯᠤᠲᠠ ᠶᠢᠨ ᠨᠤᠷᠮ᠎ᠠ 80%᠎ ᠳᠤ ᠬᠦᠷᠦᠭᠰᠡᠨ ᠪᠠᠶᠢᠨ᠎ᠠ᠃ ᠣᠶᠤᠨᠴᠢ ᠵᠢᠨᠢᠩ ᠬᠡᠷᠡᠭᠯᠡᠭᠡᠨ ᠳᠤ ᠣᠷᠤᠵᠤ ᠂ ᠦᠪᠡᠷᠳᠡᠭᠡᠨ ᠵᠠᠰᠠᠬᠤ ᠣᠷᠤᠨ ᠤ ᠬᠡᠪᠴᠢᠶᠡᠨ ᠳᠤ ᠳᠡᠷᠢᠭᠦᠨ ᠪᠠᠶᠢᠷᠢᠨ ᠳᠤ ᠠᠮᠤᠷ ᠳᠦᠪᠰᠢᠨ ᠬᠤᠲᠠ᠂ ᠤᠶᠤᠨᠴᠢ ᠬᠤᠲᠠ ᠶᠢᠨ ᠬᠠᠮᠢᠶᠠᠷᠤᠯᠲᠠ᠂ ᠤᠶᠤᠨᠴᠢ ᠰᠠᠭᠤᠭᠠᠯᠢ ᠠᠷᠠᠳ ᠤᠨ ᠲᠣᠭᠤᠷᠢᠭ᠂ ᠤᠯᠠᠨ ᠨᠡᠶᠢᠳᠡ ᠶᠢᠨWIFI ᠵᠡᠷᠭᠡ10 ᠬᠡᠰᠡᠭ ᠪᠦᠯᠦᠭ ᠢᠶᠠᠷ ᠪᠦᠷᠢᠯᠳᠦᠵᠡᠢ᠃ ᠠᠮᠢ ᠠᠬᠤᠢ ᠶᠢᠨ ᠪᠣᠯᠪᠠᠰᠤᠨ ᠤ ᠪᠦᠳᠦᠭᠡᠨ ᠪᠠᠶᠢᠭᠤᠯᠤᠯᠳᠠ ᠶᠢ ᠲᠠᠰᠤᠷᠠᠯᠳᠠ ᠦᠭᠡᠢ ᠴᠢᠩᠭᠠᠳᠬᠠᠭᠰᠠᠨ᠃ ᠤᠯᠤᠰ ᠤᠨ ᠭᠤᠤᠯᠳᠠᠯᠠᠭ᠎ᠠ ᠲᠠᠢ ᠠᠮᠢ ᠠᠬᠤᠢ ᠶᠢᠨ ᠪᠣᠯᠪᠠᠰᠤᠨ ᠤ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ ᠢ 5000 ᠮᠦ ᠭᠦᠢᠴᠡᠳᠭᠡᠨ᠂ ᠨᠤᠭᠤ ᠭᠠᠵᠠᠷ ᠤᠨ ᠴᠡᠴᠡᠷᠯᠢᠭ᠂ ᠣᠶᠢᠵᠢᠭᠤᠯᠤᠭᠰᠠᠨ ᠠᠭᠤᠳᠠᠮ ᠲᠠᠯᠠᠪᠠᠢ  ᠂ ᠬᠤᠲᠠ ᠵᠢᠨ‌ᠣᠶᠢᠵᠢᠭᠤᠯᠤᠭᠰᠠᠨ ᠵᠠᠮ᠂ ᠠᠷᠪᠢᠯᠠᠨ ᠭᠠᠮᠨᠠᠬᠤ ᠦᠭᠡᠷᠡᠴᠢᠯᠡᠯᠳᠡ ᠵᠡᠷᠭᠡ ᠬᠤᠲᠠ ᠲᠣᠭᠤᠷᠢᠭ ᠬᠤᠶᠠᠷ ᠱᠠᠳᠤᠨ ᠤ ᠴᠢᠬᠤᠯᠠ ᠲᠣᠮᠤ ᠨᠣᠭᠤᠭᠠᠷᠠᠭᠤᠯᠤᠯᠲᠠ ᠶᠢᠨ ᠢᠨᠵᠧᠨᠧᠷᠢᠩ 20 ᠳᠦᠷᠦᠯ ᠢ ᠬᠡᠷᠡᠭᠵᠢᠭᠦᠯᠵᠦ᠂ ᠰᠢᠨ᠎ᠡ ᠪᠠᠷ ᠨᠡᠮᠡᠭᠳᠡᠭᠰᠡᠨ ᠨᠣᠭᠤᠭᠠᠷᠠᠭᠤᠯᠤᠯᠲᠠ ᠶᠢᠨ ᠲᠠᠯᠠᠪᠠᠢ 87 ᠳᠦᠮᠡᠨ ᠺᠦᠸᠠᠲ ᠮᠧᠲᠷ ᠪᠣᠢ᠃ ᠦᠷᠭᠦᠯᠵᠢᠯᠡᠨ ᠣᠢ ᠰᠢᠭᠤᠢ᠂ ᠨᠤᠭᠤ ᠭᠠᠵᠠᠷ᠂ ᠠᠮᠢ ᠠᠬᠤᠢ ᠶᠢᠨ ᠬᠠᠮᠠᠭᠠᠯᠠᠯᠲᠠ ᠶᠢᠨ ᠣᠷᠤᠨ ᠤ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠪᠠ ᠠᠷᠠᠴᠢᠯᠠᠯᠲᠠ ᠶᠢ ᠴᠢᠩᠭᠠᠳᠬᠠᠵᠤ ᠂ ᠤᠯᠠᠮ ᠨᠢᠭᠡ ᠠᠯᠬᠤᠮ ᠠᠮᠢ ᠠᠬᠤᠢ ᠶᠢᠨ  ᠪᠦᠳᠦᠭᠡᠨ ᠪᠠᠶᠢᠭᠤᠯᠤᠯᠳᠠ ᠶᠢᠨ ᠦᠷ᠎ᠡ ᠪᠦᠳᠦᠮᠵᠢ ᠪᠠᠨ ᠪᠠᠳᠤᠵᠢᠭᠤᠯᠵᠤ ᠪᠠᠶᠢᠭ᠎ᠠ᠃ ᠪᠦᠳᠦᠭᠦᠯᠢᠭ ᠨᠡᠭᠦᠷᠡᠰᠦ ᠵᠠᠳᠠᠭᠠᠢ ᠰᠢᠳᠠᠭᠠᠬᠤ ᠶᠢ ᠵᠠᠰᠠᠨ ᠴᠡᠭᠴᠡᠯᠡᠬᠦ ᠠᠵᠢᠯ ᠦᠷᠨᠢᠭᠦᠯᠵᠦ᠂ ᠤᠷᠴᠢᠨ ᠲᠣᠭᠤᠷᠢᠨ ᠢ ᠬᠠᠮᠠᠭᠠᠯᠠᠬᠤ ᠨᠡᠭᠦᠷᠡᠰᠦ1 ᠳᠦᠮᠡᠨ ᠳᠤᠨ ᠲᠠᠷᠬᠠᠭᠠᠵᠤ᠂10ᠳᠤᠨ ᠠᠴᠠ ᠳᠡᠭᠡᠭᠰᠢᠬᠢ ᠵᠢᠩᠨᠡᠭᠦᠷ ᠤᠨ ᠨᠡᠭᠦᠷᠡᠰᠦ ᠰᠢᠳᠠᠭᠠᠬᠤ ᠭᠦᠸᠧᠯᠦ 49 ᠰᠠᠭᠤᠷᠢ ᠶᠢ ᠬᠤᠷᠢᠶᠠᠮᠵᠢᠯᠠᠨ ᠠᠪᠴᠠᠢ᠃《ᠭᠤᠤᠯ ᠤᠨ ᠳᠠᠷᠤᠭ᠎ᠠ ᠶᠢᠨ ᠳᠦᠷᠢᠮ》᠎ ᠢ ᠪᠦᠬᠦ ᠲᠠᠯ᠎ᠠ ᠪᠠᠷ ᠬᠡᠷᠡᠭᠵᠢᠭᠦᠯᠦᠭᠰᠡᠨ᠃ ᠤᠰᠤᠨ ᠤ ᠰᠤᠷᠪᠦᠯᠵᠢ ᠶᠢᠨ ᠪᠦᠳᠦᠭᠡᠨ ᠪᠠᠶᠢᠭᠤᠯᠤᠯᠳᠠ ᠪᠠ ᠬᠠᠮᠠᠭᠠᠯᠠᠯᠳᠠ ᠶᠢ ᠴᠢᠩᠭᠠᠳᠬᠠᠵᠤ᠂1 ᠰᠠᠭᠤᠷᠢ ᠰᠢᠨ᠎ᠡ‌ᠤᠰᠤᠨ ᠤ ᠰᠤᠷᠪᠦᠯᠵᠢ  ᠪᠠᠶᠢᠭᠤᠯᠵᠤ᠂ ᠡᠳᠦᠷ ᠪᠦᠷᠢ ᠶᠢᠨ ᠤᠰᠤ ᠬᠠᠩᠭᠠᠬᠤ ᠴᠢᠳᠠᠪᠦᠷᠢ7.1 ᠳᠦᠮᠡᠨ ᠳᠤᠨ  ᠳᠤ ᠬᠦᠷᠴᠦ᠂ ᠤᠰᠤᠨ ᠬᠠᠩᠭᠠᠯᠳᠠ ᠶᠢᠨ ᠪᠦᠷᠬᠦᠯᠳᠡ ᠶᠢᠨ ᠨᠤᠷᠮ᠎ᠠ 96%᠂ ᠬᠤᠳᠠ ᠶᠢᠨ ᠳᠦᠪ ᠤᠨ ᠦᠪᠡᠷᠳᠡᠭᠡᠨ ᠮᠠᠯᠳᠠᠭᠰᠠᠨ ᠬᠤᠳᠳᠤᠭ106 ᠰᠠᠭᠤᠷᠢ ᠶᠢ ᠪᠤᠯᠠᠵᠤ ᠪᠢᠳᠡᠭᠦᠮᠵᠢᠯᠡᠪᠠ᠃ ᠲᠠᠷᠢᠶᠠᠨ ᠭᠠᠵᠠᠷ ᠤᠨ ᠬᠠᠮᠠᠭᠠᠯᠠᠯᠳᠠ ᠪᠠ ᠭᠠᠵᠠᠷ ᠰᠢᠷᠤᠢ ᠶᠢᠨ ᠠᠰᠢᠭᠯᠠᠯᠳᠠ ᠶᠢ ᠴᠢᠩᠭᠠᠳᠬᠠᠵᠤ᠂ ᠠᠷᠠᠳ ᠳᠦᠮᠡᠨ ᠳᠤ ᠰᠢᠯᠢᠳᠡᠭ ᠰᠠᠶᠢᠨ ᠦᠢᠯᠡᠳᠪᠦᠷᠢᠯᠡᠯ ᠤᠨ ᠤᠷᠴᠢᠨ ᠢ ᠬᠠᠩᠭᠠᠬᠤ ᠪᠠᠷ ᠴᠢᠷᠮᠠᠶᠢᠨ᠎ᠠ᠃ ︽ᠲᠠᠪᠣᠨ ᠬᠤᠲᠠ ᠶᠢ ᠵᠡᠷᠬᠡᠪᠡᠷ ᠪᠠᠶᠢᠭᠤᠯᠬᠤ︾ ᠠᠵᠢᠯ  ᠶᠢ ᠭᠦᠨᠵᠡᠭᠡᠢ ᠳᠦᠯᠬᠢᠨ ᠠᠬᠢᠭᠤᠯᠤᠭᠰᠠᠨ᠃ ᠣᠯᠣᠰ ᠤᠨ ᠣᠢ ᠰᠢᠭᠤᠢ ᠶᠢᠨ ᠬᠤᠲᠠ᠂ ᠣᠯᠣᠰ ᠤᠨ ᠠᠷᠢᠭᠤᠨ ᠴᠡᠪᠡᠷ ᠤᠨ ᠬᠤᠲᠠ ᠶᠢ ᠪᠥᠲᠥᠬᠡᠨ ᠪᠠᠶᠢᠭᠤᠯᠤᠭᠰᠠᠨ ᠦᠷ᠎ᠡ  ᠪᠦᠳᠦᠮᠵᠢ ᠪᠠᠨ ᠪᠠᠳᠤᠵᠢᠭᠤᠯᠵᠤ᠂ ᠣᠯᠣᠰ ᠤᠨ ᠢᠳᠡᠭᠡᠨ ᠤ ᠠᠮᠣᠷ ᠲᠥᠪᠰᠢᠨ ᠤ ᠵᠢᠱᠢᠶᠡᠴᠢ ᠬᠤᠲᠠ ᠪᠥᠲᠥᠬᠡᠨ ᠪᠠᠶᠢᠭᠤᠯᠬᠤ ᠠᠵᠢᠯᠯᠠᠭ᠎ᠠ  ᠪᠦᠬᠦ ᠤᠯᠤᠰ ᠤᠨ ᠡᠮᠦᠨ᠎ᠡ ᠪᠠᠶᠢᠷᠢᠨ ᠳᠤ ᠶᠠᠪᠣᠭᠲᠠᠵᠣ  ᠪᠤᠢ᠂ ᠤᠷᠴᠢᠨ ᠲᠣᠭᠤᠷᠢᠨ ᠢ ᠬᠠᠮᠠᠭᠠᠯᠠᠬᠤ ᠵᠢᠱᠢᠶᠡᠴᠢ ᠬᠤᠲᠠ ᠶᠢ ᠪᠥᠲᠥᠬᠡᠨ ᠪᠠᠶᠢᠭᠤᠯᠬᠤ ᠠᠵᠢᠯᠯᠠᠭ᠎ᠠ ᠶᠢᠨ ᠡᠯ᠎ᠡ ᠠᠵᠢᠯ ᠢᠳᠡᠪᠬᠢᠲᠠᠢ ᠶᠠᠪᠤᠭᠳᠠᠵᠤ ᠪᠠᠶᠢᠨ᠎ᠠ᠃ ᠣᠯᠣᠰ ᠤᠨ ᠪᠣᠯᠪᠠᠰᠤᠨ ᠬᠤᠲᠠ ᠶᠢ ᠪᠥᠲᠥᠬᠡᠨ ᠪᠠᠶᠢᠭᠤᠯᠬᠤ ᠠᠵᠢᠯᠯᠠᠭ᠎ᠠ ᠰᠢᠷᠭᠠᠭᠤ ᠬᠠᠳᠠᠭᠤᠵᠢᠯᠲᠠᠢ ᠪᠣᠯᠪᠠᠴᠤ ᠬᠤᠲᠠ ᠶᠢᠨ ᠣᠷᠴᠢᠨ ᠲᠣᠭᠤᠷᠢᠨ ᠳᠤ ᠶᠡᠭᠡ ᠬᠤᠪᠢᠷᠠᠯᠲᠠ ᠭᠠᠷᠴᠣ᠂ ᠬᠤᠲᠠ ᠶᠢᠨ ᠲᠥᠷᠢ ᠲᠥᠷᠬᠦ ᠶᠡᠬᠡᠪᠡᠷ ᠰᠠᠶᠢᠵᠢᠷᠠᠵᠣ᠂ ᠬᠤᠲᠠ ᠶᠢᠨ ᠪᠣᠯᠪᠠᠰᠣᠨ ᠤ ᠬᠡᠮᠵᠢᠶ᠎ᠠ ᠶᠡᠬᠡᠪᠡᠷ ᠲᠡᠬᠡᠭᠰᠢᠯᠡᠭᠰᠡᠨ ᠪᠠᠶᠢᠨ᠎ᠠ᠃ ᠠᠷᠠᠳ ᠣᠯᠠᠨ ᠣᠯᠠᠮ ᠵᠣᠯ ᠵᠢᠷᠭᠠᠯᠲᠠᠢ᠂ ᠣᠯᠣᠯᠲᠠ ᠠᠮᠵᠢᠯᠲᠠ  ᠎ ᠲᠠᠢ᠂ ᠪᠣᠯᠪᠠᠰᠣᠨ ᠰᠤᠷᠲᠠᠯ ᠨᠢ ᠨᠡᠶᠢᠲᠡᠮ ᠴᠢᠩᠭᠠᠷᠠᠪᠠ᠃ ᠬᠤᠲᠠ ᠶᠢᠨ ᠨᠡᠷ᠎ᠡ ᠠᠯᠲᠠᠷ ᠴᠣᠣᠷᠢᠶᠠᠲᠣᠬᠤ ᠶᠢ ᠲᠠᠭᠠᠯᠲᠣᠨ ᠠᠷᠠᠳ ᠤᠨ ᠰᠡᠳᠬᠢᠯ  ᠪᠠᠶᠠᠰᠤᠨ᠂ ᠣᠯᠠᠮ ᠢᠲᠡᠬᠡᠯ ᠲᠡᠭᠦᠯᠳᠡᠷ ᠪᠣᠯᠣᠭᠰᠠᠨ ᠪᠠᠶᠢᠨ᠎ᠠ᠃      ︵ᠭᠤᠷᠪᠠ︶ ᠦᠭᠡᠷᠡᠴᠢᠯᠡᠯᠳᠡ ᠨᠡᠭᠡᠭᠡᠯᠳᠡ ᠶᠢᠨ ᠲᠣᠪᠤᠶᠢᠮ᠎ᠠ ᠠᠮᠵᠢᠯᠳᠠ ᠶᠢ ᠣᠯᠪᠠ᠃ ᠬᠡᠵᠢᠶᠡᠳᠡ ᠦᠭᠡᠷᠡᠴᠢᠯᠡᠯᠳᠡ ᠨᠡᠭᠡᠭᠡᠯᠳᠡ  ᠬᠢᠵᠦ ᠴᠢᠯᠦᠭᠡᠳᠡᠢ ᠶᠠᠪᠤᠯᠴᠠᠬᠤ ᠶᠢ ᠭᠤᠶᠢᠪᠢᠰᠢ ᠦᠭᠡᠢ ᠪᠠᠷᠢᠮᠳᠠᠯᠠᠵᠤ᠂ ᠬᠦᠨᠳᠦ ᠴᠢᠬᠤᠯᠠ ᠣᠷᠤᠨ ᠪᠦᠰᠠ ᠪᠠ ᠵᠠᠩᠭᠢᠯᠠᠭ᠎ᠠ ᠶᠢᠨ ᠶᠠᠪᠤᠴᠠ ᠳᠤ ᠦᠭᠡᠷᠡᠴᠢᠯᠡᠯᠳᠡ ᠬᠢᠵᠦ᠂ ᠨᠡᠩ ᠦᠨᠳᠦᠷ ᠬᠢᠷᠢ ᠪᠦᠳᠦᠮᠵᠢ ᠪᠠᠷ ᠬᠤᠶᠠᠷ ᠵᠦᠭ ᠲᠤ ᠬᠦᠭᠵᠢᠭᠦᠯᠵᠦ᠂ ᠤᠯᠠᠮ ᠨᠢᠭᠡ ᠠᠯᠬᠤᠮ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠠᠮᠢᠵᠢᠷᠠᠯ ᠤᠨ ᠬᠦᠴᠦᠨ ᠢ ᠪᠠᠳᠠᠷᠠᠭᠤᠯᠤᠨ᠎ᠠ᠃ ᠨᠢᠭᠡᠳᠦᠯᠳᠡᠢ ᠳᠦᠯᠦᠪᠯᠡᠭᠡ ᠪᠠᠷ ᠡᠯ᠎ᠡ ᠳᠦᠷᠦᠯ  ᠎ ᠤᠨ ᠴᠢᠬᠤᠯᠠ ᠦᠭᠡᠷᠡᠴᠢᠯᠡᠯᠳᠡ ᠶᠢ ᠠᠬᠢᠭᠤᠯᠤᠨ᠎ᠠ᠃ ︽ᠭᠤᠷᠪᠠ ᠶᠢ ᠪᠠᠭᠠᠰᠬᠠᠵᠤ ᠨᠢᠭᠡ ᠶᠢ ᠪᠠᠭᠤᠷᠠᠭᠤᠯᠵᠤ ᠨᠢᠭᠡ ᠶᠢ ᠨᠥᠬᠦᠪᠥᠷᠢᠯᠡᠬᠦ︾᠎ ᠪᠠᠷ ᠭᠤᠣᠯᠳᠠᠯᠭ᠎ᠠ ᠪᠣᠯᠭᠠᠭᠰᠠᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠢ ᠠᠬᠢᠭᠤᠯᠪᠠ᠃ ︽ᠵᠠᠰᠠᠭ ᠢ ᠴᠤᠮᠤᠳᠬᠠᠵᠤ ᠡᠷᠬᠡ ᠶᠢ ᠰᠤᠯᠠᠯᠠᠨ᠂ ᠰᠤᠯᠠᠯᠵᠤ ᠬᠠᠮᠢᠶᠠᠷᠬᠤ ᠶᠢ ᠤᠶᠠᠯᠳᠤᠭᠤᠯᠤᠨ᠂ ᠦᠢᠯᠡᠴᠢᠯᠡᠭᠡ ᠪᠠᠨ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠳᠤᠭᠤᠷᠢᠭ ᠤᠨ ᠲᠤᠰ ᠱᠠᠲᠤᠨ ᠤ ︽ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ︾᠎ ᠶᠢ ᠪᠦᠬᠦᠨ ᠢ ᠢᠯᠠ ᠪᠣᠯᠭᠠᠵᠤ᠂ ︽ᠬᠤᠶᠠᠷ ᠢ ᠰᠤᠭᠤᠴᠢᠵᠤ ᠨᠢᠭᠡ ᠶᠢ ᠢᠯᠠ ᠪᠣᠯᠭᠠᠬᠤ︾ ᠲᠣᠭᠲᠠᠴᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠴᠢᠬᠤᠯᠠ ᠶᠡᠭᠡ ᠲᠥᠷᠥᠯ ᠵᠦᠶᠯ ᠢ ᠬᠢᠨᠠᠨ ᠵᠥᠪᠰᠢᠶᠡᠷᠡᠬᠦ ︽ᠰᠠᠭᠠᠳ ᠥᠬᠡᠶ ᠳᠠᠷᠳᠠᠩ ᠵᠠᠮ︾᠎ ᠢ ᠨᠡᠪᠲᠡᠷᠡᠭᠦᠯᠦᠨ᠎ᠡ᠃ ︽ᠤᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶ ᠬᠡᠷᠡᠭᠵᠢᠭᠦᠯᠵᠦ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ 1.3 ᠲᠦᠮᠡᠨ ᠡᠷᠦᠬᠡ ᠰᠢᠨ᠎ᠡ ᠪᠠᠷ ᠨᠡᠮᠡᠭᠳᠡᠭᠦᠯᠪᠡ᠃ ᠰᠤᠷᠭᠠᠨ ᠬᠥᠮᠦᠵᠢᠯ ᠵᠢᠭᠠᠨ ᠰᠤᠷᠭᠠᠯᠲᠠ᠂ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ ᠵᠡᠷᠭᠡ ᠭᠤᠣᠯᠳᠠᠯᠭ᠎ᠠ ᠲᠠᠢ ᠥᠭᠡᠷᠡᠴᠢᠯᠡᠯᠲᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ᠂ ᠨᠡᠶᠢᠭᠡᠮ ᠲᠣᠭᠤᠷᠢᠭ ᠤᠨ ︽ᠳᠥᠷᠪᠡᠨ ᠵᠦᠢᠯ ᠤᠨ ᠥᠭᠡᠷᠡᠴᠢᠯᠡᠯᠲᠡ︾᠎ ᠶᠢ ᠯᠠᠪᠳᠠᠭᠤᠨ ᠪᠠᠲᠤᠲᠠᠢ ᠠᠬᠢᠭᠤᠯᠵᠤ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠭᠦᠢᠴᠡᠳ ᠮᠡᠳᠡᠷᠡᠭᠰᠡᠨ ᠭᠢᠯᠠᠰ ᠴᠡᠭ ᠤᠨ ᠠᠵᠢᠯ ᠪᠣᠯᠪᠠ᠃ ᠬᠥᠳᠡᠭᠡ ᠲᠣᠰᠬᠤᠨ ᠤ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠨ ᠦᠨᠡᠮᠯᠡᠯ ᠣᠯᠭᠤᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠬᠥᠳᠡᠭᠡ ᠲᠣᠰᠬᠤᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠨ ᠦᠨᠡᠮᠯᠡᠯ ᠣᠯᠭᠤᠬᠤ ᠠᠵᠢᠯ ᠢ ᠡᠮᠬᠢ ᠵᠢᠷᠤᠮ ᠲᠠᠢ ᠲᠦᠯᠬᠢᠨ ᠠᠬᠢᠭᠤᠯᠪᠠ᠃ ᠵᠠᠰᠠᠭ ᠤᠨ ᠣᠷᠳᠣᠨ ᠪᠠ ᠰᠠᠯᠠᠭ᠎ᠠ ᠮᠥᠴᠢᠷ ᠤᠨ ᠲᠥᠰᠦᠪ᠂ ︽ᠭᠤᠷᠪᠠᠨ ᠵᠦᠢᠯ ᠤᠨ ᠠᠯᠪᠠᠨ ᠵᠠᠷᠤᠳᠠᠯ︾᠎ ᠤᠨ ᠲᠥᠰᠦᠪ ᠪᠠ ᠲᠥᠰᠦᠪ ᠤᠨ ᠭᠦᠢᠴᠡᠳᠬᠡᠯ ᠢ ᠴᠥᠮ ᠨᠡᠶᠢᠭᠡᠮ ᠨᠡᠶᠢᠲᠡ ᠳᠤ ᠢᠯᠠ ᠪᠣᠯᠭᠠᠵᠤ᠂ ᠦᠯᠦ ᠬᠥᠳᠡᠯᠬᠦ ᠬᠥᠷᠥᠩᠭᠡ ᠶᠢᠨ ᠳᠠᠩᠰᠠᠯᠠᠯ ᠢ ︽ᠰᠢᠨ᠎ᠡ ᠪᠠᠷ ᠲᠠᠷᠬᠠᠭᠠᠵᠤ ᠬᠠᠭᠤᠴᠢᠨ ᠢ ᠵᠣᠭᠰᠣᠭᠠᠵᠤ︾᠂ ᠠᠯᠪᠠᠨ ᠲᠡᠷᠭᠡ ᠶᠢᠨ ᠥᠭᠡᠷᠡᠴᠢᠯᠡᠯᠲᠡ ᠶᠢ ᠤᠷᠤᠭᠰᠢᠲᠠᠶ ᠪᠡᠶᠡᠯᠡᠭᠦᠯᠪᠡ᠃ ᠭᠠᠳᠠᠭᠰᠢ ᠨᠡᠭᠡᠭᠡᠯᠲᠡ ᠬᠢᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠳᠣᠯᠣᠳᠤᠭᠠᠷ ᠰᠤᠮᠤ ᠶᠢᠨ ᠳᠤᠮᠳᠠᠳᠤ ᠧᠦ᠋ᠷᠣᠫᠠ ᠡᠭᠡᠯᠵᠢ ᠶᠢᠨ ᠭᠠᠯᠲᠤ ᠲᠡᠷᠭᠡ ᠶᠢᠨ ᠪᠠᠷᠠᠭ᠎ᠠ ᠰᠤᠯᠢᠯᠴᠠᠭᠠᠨ ᠤ ᠰᠠᠭᠤᠷᠢᠨ ᠭᠠᠵᠠᠷ ᠤᠨ ᠠᠵᠢᠯ ᠢ ᠡᠬᠢᠯᠡᠭᠦᠯᠦᠨ ᠪᠦᠲᠦᠭᠡᠨ ᠪᠠᠶᠢᠭᠤᠯᠬᠤ ᠶᠢᠨ ᠬᠠᠮᠲᠤ ᠡᠬᠢᠯᠡᠭᠦᠯᠦᠨ ᠠᠵᠢᠯᠯᠠᠭᠤᠯᠵᠤ᠂ ᠳᠤᠮᠳᠠᠳᠤ ᠧᠦ᠋ᠷᠣᠫᠠ ᠡᠭᠡᠯᠵᠢ ᠶᠢᠨ ᠭᠠᠯᠲᠤ ᠲᠡᠷᠭᠡ 70᠎ ᠶᠢ ᠡᠬᠢᠯᠡᠭᠦᠯᠦᠨ ᠠᠵᠢᠯᠯᠠᠭᠤᠯᠵᠤ᠂ ᠣᠴᠢᠬᠤ ᠮᠠᠰᠢᠨ ᠲᠡᠷᠭᠡ᠂ ᠡᠳᠦᠷ ᠲᠣᠲᠤᠮ ᠤᠨ ᠬᠡᠷᠡᠭᠯᠡᠭᠡᠨ ᠤ ᠵᠦᠶᠯ ᠬᠢᠭᠡᠳ ᠪᠤᠴᠠᠬᠤ ᠵᠠᠮ ᠤᠨ ᠮᠣᠳᠣᠨ ᠮᠠᠲ᠋ᠧᠷᠢᠶᠠᠯ ᠵᠡᠷᠭᠡ ᠲᠠᠸᠠᠷ ᠤᠨ ᠬᠤᠤᠰ ᠴᠢᠭᠯᠡᠯ ᠢᠶᠠᠷ ᠰᠢᠯᠵᠢᠬᠦ ᠶᠢ ᠪᠡᠶᠡᠯᠡᠭᠦᠯᠦᠨ᠎ᠡ᠃ ᠤᠮᠠᠷᠠᠲᠤ ᠣᠷᠣᠨ ᠤ ᠡᠬᠡ ᠬᠠᠭᠤᠷᠠᠶ ᠶᠢᠨ ᠭᠠᠷᠠᠮ ᠤᠨ ᠤᠯᠠᠨ ᠤᠯᠤᠰ ᠤᠨ ᠪᠠᠷᠠᠭ᠎ᠠ ᠰᠤᠯᠢᠯᠴᠠᠭᠠᠨ ᠤ ᠲᠥᠪ ᠤᠨ ᠵᠦᠢᠯᠡᠰ ᠤᠷᠤᠭᠰᠢᠲᠠᠶ ᠶᠠᠪᠤᠭᠳᠠᠵᠤ ᠪᠠᠶᠢᠨ᠎ᠠ᠃ ᠳᠤᠮᠳᠠᠳᠤ ᠤᠯᠤᠰ ᠤᠨ ᠰᠢᠨ᠎ᠡ ᠶᠠ ᠪᠦᠦ ᠯᠦ ᠤᠨ ᠬᠤᠳᠠᠯᠳᠤᠭᠠᠨ ᠤ ᠬᠤᠲᠠ ᠶᠢᠨ ᠵᠠᠬᠢᠶᠠᠯᠠᠭ᠎ᠠ ᠶᠢᠨ ᠶᠡᠷᠦᠩᠬᠡᠶ ᠬᠡᠮᠵᠢᠶ᠎ᠡ 2.5 ᠳ᠋ᠦᠩᠰᠢᠭᠤᠷ ᠲᠥᠭᠦᠷᠢᠭ ᠲᠤ ᠬᠦᠷᠴᠡᠶ᠃ ᠵᠢᠨᠢᠩ ᠪᠣᠭᠤᠮᠲᠠ ᠶᠢᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠳᠠᠩᠰᠠᠯᠠᠭᠤᠯᠤᠭᠰᠠᠨ ᠠᠵᠤ ᠠᠬᠤᠶᠢᠯᠠᠯ 64 ᠰᠢᠨ᠎ᠡ ᠪᠠᠷ ᠨᠡᠮᠡᠭᠳᠡᠵᠦ᠂ 375 ᠪᠣᠯᠵᠤ ᠂ ᠶᠡᠭᠡ ᠨᠡᠭᠡᠭᠡᠯᠲᠡ᠂ ᠶᠡᠭᠡ ᠬᠠᠮᠲᠤᠷᠠᠯᠴᠠᠭ᠎ᠠ ᠶᠠᠭ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠪᠣᠯᠵᠤ ᠪᠠᠶᠢᠨ᠎ᠠ᠃       ︵ᠳᠦᠷᠪᠡ︶  ᠠᠷᠠᠳ ᠤᠨ ᠠᠮᠢᠳᠤᠷᠠᠯ  ᠣᠨᠳᠤᠷᠤᠯᠭ᠎ᠠ ᠶᠢᠨ ᠪᠠᠳᠤᠯᠠᠭ᠎ᠠ ᠰᠢᠨ᠎ᠡ ᠦᠷ᠎ᠡ ᠪᠦᠳᠦᠮᠵᠢ ᠣᠯᠪᠠ ᠃  ᠬᠦᠮᠦᠨ ᠢᠶᠠᠷ ᠳᠦᠪ ᠪᠣᠯᠭᠠᠬᠤ ᠪᠠᠷ ᠬᠦᠭᠵᠢᠯᠳᠡ ᠶᠢᠨ ᠵᠣᠷᠢᠭ ᠰᠠᠨᠠᠭ᠎ᠠ ᠪᠣᠯᠭᠠᠵᠤ᠂ ᠬᠡᠵᠢᠶᠡᠳᠡ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ ᠠᠵᠢᠯ ᠤᠨ ᠡᠬᠢᠯᠡᠯᠳᠡ ᠪᠠ ᠳᠡᠭᠦᠰᠭᠡᠯ ᠪᠣᠯᠭᠠᠵᠤ᠂ ᠠᠷᠠᠳ ‍ᠤᠨ‌‍ᠴᠢᠬᠤᠯᠠ  ᠵᠠᠷᠤᠳᠠᠯ ᠢ ᠤᠷᠢᠳᠴᠢᠯᠠᠨ ᠪᠣᠳᠤᠯᠬᠢᠯᠠᠵᠤ᠂ ᠡᠳ᠋ ᠤᠨ ᠵᠠᠰᠠᠭ ᠤᠨ ᠵᠠᠷᠤᠳᠠᠯ ᠤᠨ80%᠎ ᠠᠴᠠ ᠳᠡᠭᠡᠭᠰᠢᠬᠢ ᠨᠢ ᠠᠷᠠᠳ ᠤᠨ ᠠᠮᠢᠳᠤᠷᠠᠯ ᠤᠨ ᠵᠠᠷᠤᠳᠠᠯ ᠪᠠᠶᠢᠵᠤ᠂ 2017 ᠣᠨ ᠤ ᠬᠤᠳᠠ ᠬᠦᠳᠡᠭᠡᠨ ᠤ ᠰᠠᠭᠤᠭᠠᠯᠢ ᠠᠷᠠᠳ ᠤᠨ ᠬᠦᠮᠦᠨ ᠪᠦᠷᠢ ᠶᠢᠨ ᠡᠵᠡᠮᠳᠡᠵᠦ ᠴᠢᠳᠠᠬᠤ ᠣᠷᠣᠯᠭ᠎ᠠ 30877 ᠳᠦᠭᠦᠷᠢᠭ ᠪᠠ14807ᠳᠦᠭᠦᠷᠢᠭ ᠬᠦᠷᠴᠦ᠂  ᠲᠣᠰ ᠪᠦᠷᠢ 8.4% ᠪᠠ 8.3%᠎ ᠪᠠᠷ ᠳᠡᠭᠡᠭᠰᠢᠯᠡᠭᠰᠡᠨ ᠪᠠᠶᠢᠨ᠎ᠠ᠃ ᠶᠠᠲᠠᠭᠤ ᠎ ᠠᠴᠠ ᠠᠩᠬᠢᠵᠢᠷᠠᠭᠤᠯᠬᠤ ᠪᠣᠭᠤᠮᠲᠠ ᠰᠢᠨ᠎ᠡ ᠠᠮᠵᠢᠯᠲᠠ ᠣᠯᠪᠠ᠃ ᠪᠦᠬᠦ ᠲᠠᠯ᠎ᠠ ᠪᠠᠷ  ᠺᠠᠷᠲ ᠪᠠᠶᠢᠭᠤᠯᠤᠨ ᠳᠠᠩᠰᠠᠯᠠᠬᠤ ᠠᠵᠢᠯ ᠤᠨ ᠪᠤᠴᠠᠨ ᠬᠠᠷᠠᠬᠤ ᠪᠠ ᠳᠠᠩᠰᠠᠨ ᠭᠠᠳᠠᠨᠠᠬᠢ ᠬᠦᠮᠦᠨ ᠠᠮᠠ ᠶᠢᠨ ᠲᠠᠬᠢᠨ ᠢᠯᠭᠠᠨ ᠳᠠᠨᠢᠬᠤ ᠠᠵᠢᠯ ᠢ ᠦᠷᠨᠢᠭᠦᠯᠵᠦ᠂ ᠮᠦᠩᠭᠦᠨ ᠭᠦᠢᠯᠭᠡᠨ ᠢᠶᠠᠷ ᠶᠠᠳᠠᠭᠤ ᠶᠢ ᠳᠡᠳᠭᠦᠬᠦ᠂ ᠠᠵᠤ ᠦᠢᠯᠡᠰ ᠵᠶ᠋ᠡᠷ‌‍ᠶᠠᠳᠠᠭᠤ ᠶᠢ ᠳᠡᠳᠭᠦᠬᠦ᠂ ᠡᠷᠡᠭᠦᠯ ᠡᠩᠬᠡ ᠪᠠᠷ ᠶᠠᠳᠠᠭᠤ ᠶᠢ ᠳᠡᠳᠭᠦᠬᠦ᠂ ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠭᠦᠬᠦ᠂ ᠨᠡᠶᠢᠭᠡᠮ ᠤᠨ ᠪᠠᠳᠤᠯᠠᠪᠦᠷᠢ ᠪᠠᠷ ᠶᠠᠳᠠᠭᠤ ᠶᠢ ᠳᠡᠳᠭᠦᠬᠦ᠂  ᠳᠤᠰᠬᠤᠨ ᠤ ᠨᠡᠶᠢᠳᠡ ᠶᠢᠨ ᠦᠮᠴᠢᠯᠡᠯ ᠢ ᠪᠤᠵᠠᠭᠠᠶᠢᠷᠠᠭᠤᠯᠬᠤ ᠪᠠᠷ ᠶᠠᠳᠠᠭᠤ ᠶᠢ ᠳᠡᠳᠭᠦᠬᠦ ᠵᠡᠷᠭᠡ ᠠᠷᠭ᠎ᠠ ᠪᠠᠷᠢᠯ ᠎ ᠢᠶᠠᠷ ᠳᠠᠮᠵᠢᠨ᠂ ᠤᠨᠢᠨ ᠲᠡᠬᠡᠷ᠎ᠡ ᠨᠢ ᠶᠠᠲᠠᠭᠤ ᠶᠢ ᠲᠡᠳᠬᠦᠵᠥ ᠶᠠᠲᠠᠭᠤ ᠠᠴᠠ ᠠᠩᠭᠢᠵᠢᠷᠠᠭᠤᠯᠬᠤ ᠡᠯ᠎ᠡ ᠵᠥᠢᠯ ᠤᠨ ᠲᠥᠷᠥ ᠶᠢᠨ ᠪᠣᠲᠣᠯᠭ᠎ᠠ ᠶᠢ ᠪᠥᠬᠦ ᠲᠠᠯ᠎ᠠ ᠪᠠᠷ ᠨᠡᠶᠢᠲᠠᠪᠣᠷᠢᠵᠢᠭᠤᠯᠵᠣ᠂ ᠶᠠᠲᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠣᠯᠬᠤ ᠥᠷ᠎ᠡ ᠪᠥᠲᠥᠮᠵᠢ ᠪᠠᠨ ᠤᠯᠠᠮ ᠨᠢᠭᠡ ᠠᠯᠬᠤᠮ ᠪᠠᠳᠤᠵᠢᠭᠤᠯᠤᠭᠰᠠᠨ ᠪᠠᠶᠢᠨ᠎ᠠ᠃ ᠠᠵᠢᠯ ᠤᠯᠭᠤᠵᠦ ᠠᠳᠠᠯ ᠤᠶᠢᠯᠡᠰ ᠪᠤᠰᠬᠠᠬᠤ ᠶᠢ ᠬᠦᠴᠦᠲᠠᠢ ᠠᠬᠢᠭᠤᠯᠣᠭᠰᠠᠨ ᠪᠠᠶᠢᠨ᠎ᠠ᠃ᠠᠵᠢᠯ ᠣᠯᠭᠤᠯᠲᠠ ᠶᠢᠨ ᠲᠥᠷᠥ ᠶᠢᠨ ᠪᠣᠲᠣᠯᠭ᠎ᠠ ᠶᠢ ᠢᠳᠡᠪᠬᠢᠲᠠᠢ ᠬᠡᠷᠡᠭᠵᠢᠬᠦᠯᠵᠥ᠂ ᠥᠢᠯᠡᠰ ᠪᠣᠰᠬᠠᠬᠤ ᠶᠢ ᠳᠠᠶᠢᠴᠢᠯᠠᠬᠤ᠂ ᠠᠵᠢᠯ ᠣᠯᠭᠤᠯᠲᠠ ᠶᠢᠨ ᠳᠠᠰᠬᠠᠯᠵᠢᠭᠤᠯᠤᠯᠲᠠ ᠬᠢᠬᠦ᠂ ᠵᠢᠬᠡᠯᠡᠯᠬᠡ ᠠᠪᠴᠣ ᠶᠠᠲᠠᠭᠤ ᠶᠢ ᠲᠡᠳᠬᠦᠬᠦ ᠵᠡᠷᠬᠡ ᠣᠯᠠᠨ ᠠᠷᠭ᠎ᠠ ᠬᠡᠮᠵᠢᠶ᠎ᠡ ᠠᠪᠴᠣ᠂  ᠪᠦᠬᠦ ᠵᠢᠯ ᠎ ᠳᠤ ᠰᠢᠨ᠎ᠡ ᠠᠵᠢᠯ ᠣᠯᠣᠭᠰᠠᠳ 5553 ᠬᠦᠮᠦᠨ ᠬᠦᠷᠦᠭᠰᠡᠨ ᠪᠠᠶᠢᠨ᠎ᠠ᠃1.8ᠳ᠋ᠥᠩᠰᠢᠭᠤᠷ ᠤᠨ ᠪᠡᠯᠡ ᠣᠷᠤᠭᠤᠯᠤᠯᠳᠠ ᠲᠠᠢ ᠬᠠᠮᠲᠣ ᠪᠠᠷ ᠥᠢᠯᠡᠰ ᠪᠣᠰᠬᠠᠬᠤ ᠲᠣᠮᠣ ᠠᠰᠠᠷ ᠬᠡᠷᠡᠭᠯᠡᠯᠲᠡ ᠳᠤ ᠤᠷᠤᠵᠦ᠂ ᠠᠮᠵᠢᠯᠲᠠ ᠲᠠᠢ ᠪᠠᠷ ᠣᠯᠣᠰ ᠤᠨ ᠲᠡᠰ ᠤᠨ ᠨᠣᠲᠤᠭ ᠲᠠᠭᠠᠨ ᠪᠣᠴᠠᠵᠣ ᠥᠢᠯᠡᠰ ᠪᠣᠰᠬᠠᠬᠤ ᠲᠣᠷᠰᠢᠯᠲᠠ ᠶᠢᠨ ᠬᠤᠲᠠ ᠪᠠᠷ ᠥᠨᠡᠯᠡᠭᠲᠡᠪᠡ᠃ ᠨᠡᠶᠢᠭᠡᠮ ᠤᠨ ᠪᠠᠳᠤᠯᠠᠭ᠎ᠠ ᠨᠡᠩ ᠬᠦᠴᠦ ᠳᠣᠷᠪᠢᠲᠠᠢ ᠪᠣᠯᠪᠠ᠃ ᠬᠤᠲᠠ ᠬᠥᠲᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ ᠲᠥᠷᠢᠮ ᠢ ᠪᠥᠬᠦ ᠲᠠᠯ᠎ᠠ ᠪᠠᠷ ᠪᠦᠷᠬᠦᠭᠦᠯᠵᠦ᠂ ᠠᠵᠢᠯ ᠠᠴᠠ ᠪᠠᠨ ᠠᠮᠠᠷᠠᠭᠰᠠᠨ ᠠᠵᠢᠯᠲᠠᠳ ᠤᠨ ᠠᠰᠠᠷᠠᠮᠵᠢ ᠶᠢᠨ ᠮᠥᠩᠬᠦ ᠶᠢ ᠳᠡᠭᠡᠭᠰᠢᠯᠡᠭᠦᠯᠬᠦ ᠠᠵᠢᠯ ᠢ ᠪᠦᠬᠦ ᠲᠠᠯ᠎ᠠ ᠪᠠᠷ ᠪᠡᠶᠡᠯᠡᠭᠦᠯᠪᠠ᠃ ᠡᠮᠴᠢᠯᠡᠬᠡᠨ ᠤ ᠠᠰᠠᠷᠠᠮᠵᠢ ᠶᠢᠨ ᠮᠥᠩᠬᠦ᠂ ᠲᠥᠷ ᠴᠠᠭ ᠎ ᠤᠨ ᠠᠰᠠᠷᠠᠮᠵᠢ ᠶᠢᠨ ᠮᠥᠩᠬᠦ᠂ ᠡᠪᠥᠯ ᠤᠨ ᠨᠡᠬᠦᠷᠡᠰᠥ ᠠᠪᠬᠤ ᠲᠡᠳᠬᠦᠮᠵᠢ ᠶᠢᠨ ᠮᠥᠩᠬᠦ ᠵᠡᠷᠭᠡ ᠶᠢ ᠦᠨᠳᠦᠰᠦᠨ ᠳᠤ ᠪᠠᠨ ᠭᠦᠢᠴᠡᠳ ᠳᠠᠷᠠᠬᠠᠭᠠᠨ ᠦᠭᠭᠦᠭᠰᠡᠨ ᠪᠠᠶᠢᠨ᠎ᠠ᠃ ᠤᠶᠤᠲᠠᠳ ‍ᠤᠨ‌‍ᠰᠣᠷᠣᠯᠭ᠎ᠠ ᠶᠢᠨ ᠲᠡᠳᠬᠦᠮᠵᠢ ᠶᠢᠨ ᠮᠥᠩᠬᠦ ᠶᠢ ᠠᠮᠢᠲᠣᠷᠠᠯ ᠤᠨ ᠳᠣᠣᠷ᠎ᠠ ᠪᠠᠲᠤᠯᠠᠭᠠᠲᠤ ᠬᠡᠷ ᠪᠥᠯᠢ ᠎ ᠠᠴᠠ ᠬᠦᠴᠢᠷᠳᠡᠯ ᠭᠡᠷ ᠪᠦᠯᠢ ᠵᠢᠨ‌ᠤᠶᠤᠲᠠᠳ ᠲᠤ ᠬᠦᠷᠳᠡᠯ᠎ᠡ ᠦᠷᠭᠡᠳᠭᠡᠨ᠂ ᠬᠤᠳᠠ ᠪᠠᠯᠭᠠᠰᠤᠨ ᠤ ᠶᠠᠳᠠᠭᠤ ᠬᠦᠴᠢᠷᠲᠡᠢ ᠭᠡᠷ ᠪᠦᠯᠢ ᠳᠤ ᠲᠥᠷ ᠴᠠᠭ ᠤᠨ ᠠᠰᠠᠷᠠᠮᠵᠢ ᠶᠢᠨ ᠮᠥᠩᠬᠦ ᠣᠯᠭᠤᠭᠰᠠᠨ ᠪᠠᠶᠢᠨ᠎ᠠ᠃ 80 ᠨᠠᠰᠤᠨ ᠠᠴᠠ ᠲᠡᠭᠡᠭᠰᠢᠬᠢ ᠨᠠᠰᠣᠲᠠᠶᠢᠴᠣᠳ ᠲᠤ ᠥᠨᠲᠥᠷ ᠨᠠᠰᠣᠨ ᠤ ᠠᠰᠠᠷᠠᠮᠵᠢ ᠶᠢᠨ ᠮᠥᠩᠬᠦ ᠲᠠᠷᠬᠠᠭᠠᠵᠣ᠂ ᠲᠥᠪᠯᠡᠷᠡᠩᠬᠦᠢ ᠪᠠ ᠲᠠᠷᠬᠠᠢ ᠪᠤᠲᠠᠷᠬᠠᠢ ᠬᠠᠩᠭᠠᠨ ᠲᠡᠵᠢᠬᠡᠬᠦ ᠲᠠᠪᠣᠨ ᠪᠠᠲᠣᠯᠭᠠᠲᠣ ᠡᠷᠥᠬᠡ ᠶᠢᠨ ᠲᠡᠵᠢᠬᠡᠨ ᠬᠠᠩᠭᠠᠬᠤ ᠪᠠᠷᠢᠮᠵᠢᠶ᠎ᠠ ᠶᠢ ᠳᠡᠭᠡᠭᠰᠢᠯᠡᠭᠦᠯᠪᠡ᠃ ᠰᠢᠨ᠎ᠡ ᠬᠥᠲᠡᠭᠡ ᠲᠣᠰᠬᠤᠨ ᠤ ᠬᠤᠷᠰᠢᠶᠠᠵᠢᠯ ᠤᠨ ᠥᠬᠡᠷᠡᠴᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠬᠤᠲᠠ ᠰᠢᠶᠠᠩ ᠤᠨ ᠰᠠᠭᠤᠭᠠᠯᠢ ᠠᠷᠠᠳ ᠤᠨ ᠡᠮᠴᠢᠯᠡᠬᠡᠨ ᠤ ᠲᠠᠭᠠᠳᠬᠠᠯ ᠤᠨ ᠲᠡᠳᠬᠦᠮᠵᠢ ᠶᠢᠨ ᠮᠦᠩᠭᠦ ᠶᠢᠨ ᠪᠠᠷᠢᠮᠵᠢᠶ᠎ᠠ ᠶᠢ ᠲᠡᠬᠡᠭᠰᠢᠯᠡᠬᠦᠯᠥᠭᠰᠡᠨ ᠪᠠᠶᠢᠨ᠎ᠠ᠃ ᠤᠷᠤᠨ ᠰᠠᠭᠤᠴᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠥᠷᠬᠡᠳᠬᠡᠪᠡ᠃  ᠠᠷᠠᠳ ᠳᠦᠮᠡᠨ ᠤ ᠬᠦᠰᠡᠯ ᠰᠠᠨᠠᠯ ᠪᠠ ᠠᠩᠬᠠᠷᠤᠯ ᠳᠤ ᠬᠠᠨᠳᠤᠭᠤᠯᠤᠨ ᠵᠠᠰᠠᠭ ᠤᠨ ᠤᠷᠳᠤᠨ ᠠᠴᠠ ᠪᠡᠯᠡ ᠣᠷᠣᠭᠤᠯᠬᠤ ᠵᠡᠷᠭᠡ ᠠᠷᠭ᠎ᠠ ᠪᠠᠷ《ᠵᠠᠭᠤᠷᠮᠠᠭ ᠣᠷᠬᠢᠭᠰᠠᠨ》ᠢᠨᠵᠧᠨᠢᠷᠢᠭ  ᠢ ᠡᠬᠢᠯᠡᠭᠦᠯᠵᠦ᠂ ᠨᠤᠷᠠᠭᠠᠨ ᠨᠡᠭᠦᠯᠭᠡᠬᠦ ᠬᠦᠴᠦᠯᠡᠴᠡ ᠪᠠᠨ ᠤᠯᠠᠮ ᠴᠢᠩᠭᠠᠳᠬᠠᠨ᠂ ᠦᠨᠳᠦᠰᠦᠳᠡᠨ ᠳᠤ ᠪᠠᠨ ᠤᠯᠠᠨ ᠵᠢᠯ ᠤᠨ ᠨᠤᠷᠠᠭᠠᠨ ᠨᠡᠭᠦᠯᠭᠡᠬᠦ ᠠᠵᠢᠯ ᠤᠨ ᠬᠦᠴᠢᠷᠳᠡᠯ ᠢ ᠰᠢᠢᠳᠪᠦᠷᠢᠯᠡᠭᠰᠡᠨ ᠪᠠᠶᠢᠨ᠎ᠠ ᠃ ᠳᠦᠭᠦᠮ ᠪᠦᠳᠦᠴᠡᠳᠦ ᠣᠷᠤᠨ ᠰᠠᠭᠤᠴᠠ ᠶᠢᠨ ᠦᠭᠡᠷᠡᠴᠢᠯᠡᠯᠳᠡ ᠶᠢᠨ ᠠᠵᠢᠯ ᠎ ᠤᠨ ᠬᠦᠴᠦᠯᠡᠴᠡ ᠪᠠᠨ ᠴᠢᠩᠭᠠᠳᠬᠠᠨ 1.6 ᠳᠦᠮᠡᠨ ᠡᠷᠦᠬᠡ 136 ᠳᠦᠮᠡᠨ ᠺᠦᠸᠠᠲ ᠮᠧᠲᠷ ᠭᠠᠵᠠᠷ ᠲᠠᠲᠠᠪᠤᠷᠢᠯᠠᠬᠤ ᠡᠭᠦᠷᠭᠡ ᠪᠠᠨ ᠪᠡᠶᠡᠯᠡᠭᠦᠯᠵᠡᠢ᠃ ᠲᠦᠷᠢᠶᠡᠰᠦᠯᠡᠭᠦᠯᠬᠦ ᠪᠠ ᠬᠤᠳᠠᠯᠳᠤᠬᠤ ᠶᠢ ᠵᠡᠷᠭᠡ ᠪᠠᠷ ᠡᠷᠬᠢᠮᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠳᠤᠮᠳᠠ ᠳᠣᠣᠷ᠎ᠠ ᠣᠷᠣᠯᠭ᠎ᠠ ᠲᠠᠢ ᠭᠡᠷ ᠪᠦᠯᠢ ᠶᠢᠨ ᠪᠠᠲᠤᠯᠠᠭ᠎ᠠ ᠶᠢᠨ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠵᠦ᠂ ᠪᠦᠬᠦ ᠵᠢᠯ ᠳᠤ ᠨᠡᠶᠢᠲᠡ 1079 ᠨᠡᠶᠢᠳᠡ ᠶᠢᠨ ᠲᠦᠷᠢᠶᠡᠰᠦᠨ ᠭᠡᠷ ᠬᠤᠪᠢᠶᠠᠷᠢᠯᠠᠵᠤ᠂ ᠣᠷᠣᠨ ᠰᠠᠭᠤᠴᠠ ᠶᠢᠨ ᠲᠦᠷᠢᠶᠡᠰᠦᠯᠡᠯ ᠤᠨ ᠨᠥᠬᠦᠪᠥᠷᠢ 780 ᠲᠦᠮᠡᠨ ᠲᠥᠭᠦᠷᠢᠭ ᠲᠠᠷᠬᠠᠭᠠᠪᠠ᠃ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠥᠮᠥᠷᠭᠡ ᠶᠢᠨ ᠬᠠᠳᠠᠭᠠᠯᠠᠯᠲᠠ ᠶᠢ ᠪᠠᠭᠠᠰᠬᠠᠬᠤ ᠶᠢ ᠪᠥᠬᠦ ᠬᠦᠴᠦᠨ ᠢᠶᠠᠷ ᠲᠦᠯᠬᠢᠨ ᠠᠬᠢᠭᠤᠯᠵᠤ᠂ ᠪᠥᠬᠦ ᠵᠢᠯ ᠳᠤ ᠨᠡᠶᠢᠢᠲᠡ 98.2 ᠲᠦᠮᠡᠨ ᠲᠡᠭᠰᠢ ᠳᠥᠷᠪᠡᠯᠵᠢᠨ ᠮᠧᠲᠷ ᠣᠷᠣᠨ ᠰᠠᠭᠤᠴᠠ ᠶᠢᠨ ᠬᠥᠮᠥᠷᠭᠡ ᠶᠢᠨ ᠬᠠᠳᠠᠭᠠᠯᠠᠯᠲᠠ ᠶᠢ ᠰᠢᠩᠭᠡᠭᠡᠨ ᠠᠪᠴᠤ᠂ 9066 ᠢᠵᠢ ᠣᠷᠣᠨ ᠰᠠᠭᠤᠴᠠ ᠶᠢᠨ ᠪᠤᠰᠤ ᠬᠥᠮᠥᠷᠭᠡ ᠶᠢᠨ ᠬᠠᠳᠠᠭᠠᠯᠠᠯᠲᠠ 100 ᠭᠠᠷᠤᠶ ᠲᠦᠮᠡᠨ ᠲᠡᠭᠰᠢ ᠳᠥᠷᠪᠡᠯᠵᠢᠨ ᠮᠧᠲᠷ ᠪᠣᠯᠪᠠ᠃ ᠰᠤᠷᠭᠠᠨ ᠬᠥᠮᠦᠵᠢᠯ ᠤᠨ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠪᠡ᠃ ᠤᠷᠢᠳᠴᠢᠯᠠᠨ ᠰᠤᠷᠭᠠᠨ ᠬᠥᠮᠦᠵᠢᠯ ᠡᠷᠬᠢᠯᠡᠬᠦ᠂ ᠪᠠᠷᠢᠮᠵᠢᠶᠠᠵᠢᠭᠤᠯᠤᠨ ᠰᠤᠷᠭᠠᠨ ᠬᠥᠮᠦᠵᠢᠯ ᠡᠷᠬᠢᠯᠡᠬᠦ ᠶᠢ ᠪᠠᠷᠢᠮᠲᠠᠯᠠᠵᠤ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ ᠠᠴᠠ ᠳᠡᠭᠡᠭᠰᠢᠬᠢ 163 ᠣᠶᠤᠲᠠᠨ ᠢ ᠢᠯᠡ ᠪᠠᠷ ᠤᠷᠢᠵᠤ ᠵᠢᠭᠠᠨ ᠰᠤᠷᠭᠠᠬᠤ ᠨᠢᠭᠡᠳᠦᠭᠡᠷ ᠹᠷᠣᠨᠲ ᠳᠤ ᠳᠤᠬᠢᠷᠠᠭᠤᠯᠤᠨ᠂ 5 ᠬᠢᠴᠢᠶᠡᠯ ᠢ ᠥᠭᠡᠷᠡᠴᠢᠯᠡᠨ ᠵᠢᠱᠢᠶ᠎ᠡ ᠦᠵᠡᠭᠦᠯᠬᠦ ᠰᠤᠷᠭᠠᠭᠤᠯᠢ ᠶᠢ ᠡᠭᠦᠳᠦᠨ ᠪᠠᠶᠢᠭᠤᠯᠵᠤ᠂ 6 ᠬᠡᠦᠬᠡᠳ ᠤᠨ ᠴᠡᠴᠡᠷᠯᠢᠭ ᠢ ᠲᠤᠬᠢᠷᠠᠭᠤᠯᠤᠨ ᠪᠠᠶᠢᠭᠤᠯᠵᠤ᠂ ᠢ ᠯᠢ ᠳ᠋ᠦᠩ ᠹᠠᠩ ᠰᠤᠷᠭᠠᠭᠤᠯᠢ ᠶᠢᠨ ᠬᠥᠯ ᠪᠥᠮᠪᠦᠭᠡ ᠶᠢᠨ ᠣᠷᠳᠣᠨ᠂ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠶᠡᠷᠦᠩᠬᠡᠶᠢᠯᠡᠭᠰᠡᠨ ᠪᠣᠯᠪᠠᠰᠤᠷᠠᠯ ᠤᠨ ᠣᠷᠳᠣᠨ ᠵᠡᠷᠭᠡ ᠲᠥᠷᠥᠯ ᠵᠦᠢᠯ ᠢ ᠤᠷᠤᠭᠰᠢᠲᠠᠢ ᠬᠡᠷᠡᠭᠵᠢᠭᠦᠯᠵᠦ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠵᠢᠨᠢᠩ ᠤᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠨᠣᠮ ᠤᠨ ᠰᠠᠩ ᠤᠨ ᠭᠤᠣᠯ ᠴᠣᠭᠴᠠ ᠶᠢ ᠪᠠᠶᠢᠭᠤᠯᠵᠤ ᠳᠠᠭᠤᠰᠬᠠᠪᠠ᠃ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢᠨ ᠰᠢᠯᠭᠠᠯᠲᠠ ᠶᠢ ᠤᠷᠤᠭᠰᠢᠲᠠᠶ ᠥᠩᠭᠡᠷᠡᠭᠡᠵᠦ᠂ ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠤᠰᠢᠭᠤᠴᠢ ᠪᠣᠯᠪᠠ᠃ ᠰᠣᠶᠣᠯ ᠪᠡᠶ᠎ᠡ ᠶᠢᠨ ᠲᠠᠮᠢᠷ ᠤᠨ ᠦᠶᠯᠡᠰ ᠥᠷᠨᠢᠨ ᠬᠥᠭᠵᠢᠪᠡ᠃ ᠤᠯᠠᠭᠠᠨᠮᠥ᠋ᠴᠢᠷ ᠤᠨ ᠵᠢᠭᠰᠠᠭᠠᠯ ᠤᠨ ᠭᠠᠵᠠᠷ ᠪᠣᠯᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠵᠠᠭᠤᠨ ᠬᠤᠷᠢᠶ᠎ᠠ ᠮᠢᠩᠭᠠᠨ ᠲᠠᠯᠠᠪᠠᠢ︾᠎ ᠶᠢᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠤᠯᠠᠭᠠᠨᠮᠥ᠋ᠴᠢᠷ ᠠᠮᠢᠵᠢᠷᠠᠯ ᠤᠨ ᠬᠦᠴᠦᠨ ᠲᠠᠢ ᠪᠣᠯᠪᠠ᠃ ᠪᠠᠷᠢᠮᠲᠠᠲᠤ ᠺᠢᠨᠣ᠋ ︽ᠤᠯᠠᠭᠠᠨᠬᠦᠦ︾᠎ ᠶᠢᠨ ᠡᠬᠢᠯᠡᠯᠲᠡ ᠶᠢᠨ ᠶᠣᠰᠣᠯᠠᠯ ᠪᠠ ᠦᠯᠢᠭᠡᠷᠲᠦ ᠺᠢᠨᠣ᠋ ︽ᠶᠦᠨ ᠱᠣ᠋ ᠪᠢ︾᠎ ᠶᠢ ᠠᠩᠬ᠎ᠠ ᠦᠵᠡᠭᠦᠯᠬᠦ ᠶᠣᠰᠣᠯᠠᠯ᠂ ︽ᠤᠯᠠᠭᠠᠨ ᠳᠤᠷᠠᠰᠤᠮᠵᠢ · ᠴᠡᠷᠢᠭ ᠤᠨ ᠳᠠᠭᠤᠤ ᠬᠠᠩᠭᠢᠨᠠᠲᠠᠯ᠎ᠠ ᠳᠠᠭᠤᠯᠠᠬᠤ︾ ᠨᠡᠶᠢᠳᠡ ᠶᠢᠨ ᠠᠰᠠᠷᠠᠮᠵᠢ ᠶᠢᠨ ᠲᠣᠭᠯᠠᠯᠲᠠ ᠪᠠ ᠲᠣᠮᠣ ᠬᠡᠯᠪᠡᠷᠢ ᠶᠢᠨ ᠠᠬᠤᠶ ᠪᠠᠶᠢᠳᠠᠯ ᠤᠨ ᠳᠠᠭᠤᠤ ᠪᠥᠵᠢᠭ ᠤᠨ ᠲᠡᠤᠬᠡᠨ ᠵᠦᠴᠦᠭᠡ ︽ᠰᠠᠯᠬᠢ  ᠪᠤᠷᠤᠭᠠᠨᠳᠤ ᠵᠢᠨᠢᠩ ᠵᠠᠮ︾ ᠵᠡᠷᠭᠡ ᠠᠵᠢᠯᠯᠠᠭ᠎ᠠ ᠶᠢ ᠡᠷᠬᠢᠯᠡᠵᠦ᠂ ᠵᠢᠨᠢᠩ ᠤᠨ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠪᠡ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠥᠷᠭᠡᠨ ᠢᠶᠠᠷ ᠥᠷᠨᠢᠭᠦᠯᠵᠦ᠂ 24 ᠰᠢᠩᠭᠡᠯᠢᠭ ᠬᠡᠯᠪᠡᠷᠢ ᠶᠢᠨ ᠬᠥᠯ ᠪᠥᠮᠪᠦᠭᠡ ᠶᠢᠨ ᠲᠠᠯᠠᠪᠤᠷ ᠪᠠ ᠰᠠᠭᠰᠤᠨ ᠪᠥᠮᠪᠦᠭᠡ ᠶᠢᠨ ᠲᠠᠯᠠᠪᠤᠷ ᠢ ᠪᠠᠶᠢᠭᠤᠯᠵᠤ᠂ 8 ᠰᠤᠷᠭᠠᠭᠤᠯᠢ ᠶᠢ ᠤᠯᠤᠰ ᠤᠨ ᠳᠡᠰ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ ᠪᠣᠯᠭᠠᠪᠠ᠃ ︽ᠣᠯᠠᠨ ᠤᠯᠤᠰ ᠤᠨ ᠮᠠᠷᠠᠰᠤᠨ ᠤᠷᠤᠯᠳᠤᠭᠠᠨ︾᠂ ︽ᠲᠠᠯ᠎ᠠ ᠨᠤᠲᠤᠭ ᠤᠨ ᠪᠠᠬ᠎ᠠ ᠶᠢᠨ ᠤᠷᠤᠯᠳᠤᠭᠠᠨ︾ ᠵᠡᠷᠭᠡ ᠲᠣᠮᠣ ᠬᠡᠯᠪᠡᠷᠢ ᠶᠢᠨ  ᠤᠷᠤᠯᠳᠤᠭᠠᠨ ᠢ ᠠᠮᠵᠢᠯᠲᠠ ᠲᠠᠢ ᠪᠠᠷ ᠳᠠᠭᠠᠭᠠᠴᠢᠯᠠᠨ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠡᠮᠬᠢ ᠵᠢᠷᠤᠮ ᠲᠠᠢ ᠠᠬᠢᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠪᠦᠬᠦ ᠲᠠᠯ᠎ᠠ ᠪᠠᠷ ᠳᠠᠪᠰᠢᠪᠠ᠃ ᠲᠣᠭᠤᠷᠢᠭ᠂ ᠰᠢᠶᠠᠩ ︵ᠵᠡᠭᠡᠯᠢ ᠭᠤᠳᠤᠮᠵᠢ︶᠂ ᠭᠠᠴᠠᠭ᠎ᠠ ︵ᠨᠡᠶᠢᠭᠡᠮ ᠲᠣᠭᠤᠷᠢᠭ︶ ᠭᠤᠷᠪᠠᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠤᠯᠠᠮ ᠨᠢᠭᠡ ᠠᠯᠬᠤᠮ ᠪᠥᠷᠢᠨᠰᠢᠬᠦᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢ ᠪᠥᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠬᠤᠲᠠ ᠶᠢᠨ ᠭᠤᠷᠪᠠᠳᠤᠭᠠᠷ ᠡᠮᠨᠡᠯᠭᠡ ᠶᠢᠨ ᠬᠤᠷᠢᠶᠠᠨ ᠤ ᠰᠢᠨ᠎ᠡ ᠬᠦᠷᠢᠶᠡᠯᠡᠩ ᠲᠣᠭᠤᠷᠢᠭ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠪᠠ᠃ ︽ᠪᠠᠭ᠎ᠠ ᠡᠪᠡᠳᠴᠢᠨ ᠢ ᠨᠡᠶᠢᠭᠡᠮ ᠲᠣᠭᠤᠷᠢᠭ ᠠᠴᠠ ᠭᠠᠷᠭᠠᠬᠤ ᠥᠬᠡᠶ᠂ ᠬᠦᠨᠳᠦ ᠡᠪᠡᠳᠴᠢᠨ ᠢ ᠰᠢᠶᠠᠨ ᠤ ᠲᠣᠭᠤᠷᠢᠭ ᠠᠴᠠ ᠭᠠᠷᠭᠠᠬᠤ ᠥᠬᠡᠶ︾᠎ ᠪᠠᠷ ᠬᠠᠷᠠᠯᠲᠠ ᠪᠣᠯᠭᠠᠵᠤ᠂ ᠭᠡᠷ ᠪᠦᠯᠢ ᠶᠢᠨ ᠡᠮᠴᠢ ᠶᠢᠨ ᠪᠠᠳᠤᠯᠭᠠᠳᠤ ᠦᠶᠯᠡᠴᠢᠯᠡᠭᠡ ᠶᠢ ᠬᠡᠷᠡᠭᠵᠢᠭᠦᠯᠵᠦ᠂ ︽ᠡᠮᠴᠢᠯᠡᠭᠡᠨ ᠤ ᠬᠤᠯᠪᠣᠭᠠᠲᠤ ᠴᠣᠭᠴᠠ︾᠎ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ︽ᠵᠣᠯ ᠵᠢᠷᠭᠠᠯᠲᠤ ᠭᠡᠷ ᠪᠦᠯᠢ ᠶᠢ ᠡᠭᠦᠳᠦᠨ ᠪᠠᠶᠢᠭᠤᠯᠬᠤ︾ ᠠᠵᠢᠯ ᠢ ᠭᠦᠨᠵᠡᠭᠡᠶ ᠥᠷᠨᠢᠭᠦᠯᠦᠨ᠎ᠡ᠃ ᠨᠡᠶᠢᠭᠡᠮ ᠤᠨ ᠵᠠᠰᠠᠯᠲᠠ ᠢᠯᠡᠳᠲᠡ ᠦᠷ᠎ᠡ ᠪᠦᠲᠦᠮᠵᠢ ᠣᠯᠪᠠ᠃ ᠠᠶᠤᠯᠭᠦᠶ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠪᠠ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠮᠤᠷ ᠲᠦᠪᠰᠢᠨ ᠤ ᠪᠠᠶᠢᠳᠠᠯ ᠢ ᠲᠣᠭᠲᠠᠭᠤᠨ ᠪᠠᠶᠢᠯᠭᠠᠪᠠ᠃ ︽ᠲᠣᠤᠷ ᠰᠦᠯᠵᠢᠶ᠎ᠡ ᠶᠢᠨ ᠢᠨᠵᠧᠨᠧᠷᠢᠩ︾᠎ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ 2000 ᠥᠨᠳᠥᠷ ᠲᠣᠳᠣᠷᠬᠠᠶ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠶᠢ ᠰᠢᠨ᠎ᠡ ᠪᠠᠷ ᠪᠠᠶᠢᠭᠤᠯᠵᠤ᠂ ᠪᠣᠰᠤᠭ᠎ᠠ ᠴᠣᠭᠴᠠᠵᠢᠭᠰᠠᠨ᠂ ᠮᠡᠳᠡᠭᠡ ᠵᠠᠩᠭᠢᠵᠢᠯᠲᠠ ᠶᠢᠨ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠪᠠᠶᠢᠭᠤᠯᠵᠤ᠂ ᠡᠯ᠎ᠡ ᠲᠥᠷᠥᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠰᠡᠷᠭᠡᠶᠢᠯᠡᠨ ᠬᠠᠤᠯᠢ ᠶᠣᠰᠣᠭᠠᠷ ᠴᠣᠬᠢᠯᠲᠠ ᠥᠭᠴᠦ᠂ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠨᠡᠮᠡᠭᠳᠡᠭᠦᠯᠪᠡ᠃ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠤᠭᠤᠷᠢᠭ ᠤᠨ ᠳᠡᠰ ᠤᠨ ᠤᠳᠤᠷᠢᠳᠤᠯᠭ᠎ᠠ ᠶᠢᠨ ︽ᠦᠨᠳᠦᠰᠦᠨ ᠱᠠᠲᠤᠨ ᠳᠤ ᠪᠠᠭᠤᠵᠤ ᠰᠤᠷᠪᠤᠯᠵᠢᠯᠠᠭ᠎ᠠ ᠬᠦᠯᠢᠶᠡᠬᠦ︾ ᠠᠵᠢᠯᠯᠠᠭ᠎ᠠ ᠪᠠ ᠨᠡᠶᠢᠭᠡᠮ ᠤᠨ ᠵᠥᠷᠢᠴᠡᠯ ᠤᠨ ᠳᠠᠷᠤᠭᠳᠠᠮᠠᠯ ᠬᠡᠷᠡᠭ ᠢ ᠰᠢᠶᠳᠪᠦᠷᠢᠯᠡᠬᠦ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠳᠤ ᠡᠶ᠎ᠡ ᠵᠣᠬᠢᠴᠠᠯ ᠲᠠᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠪᠠ᠃ ᠳᠣᠯᠣᠳᠤᠭᠠᠷ ᠲᠠᠪᠤᠨ ᠵᠢᠯ ᠤᠨ ᠬᠠᠤᠯᠢ ᠲᠦᠭᠡᠮᠡᠯᠵᠢᠭᠦᠯᠬᠦ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠠᠷᠠᠳ ᠤᠨ ᠡᠶᠡᠳᠡᠭᠦᠯᠭᠡ᠂ ᠬᠠᠤᠯᠢ ᠴᠠᠭᠠᠵᠠ ᠶᠢᠨ ᠲᠤᠰᠠᠯᠠᠮᠵᠢ᠂ ᠨᠡᠶᠢᠭᠡᠮ ᠲᠣᠭᠤᠷᠢᠭ ᠤᠨ ᠵᠠᠯᠠᠷᠠᠭᠤᠯᠭ᠎ᠠ᠂ ᠲᠥᠪᠬᠢᠨᠡᠭᠦᠯᠵᠦ ᠬᠠᠪᠰᠤᠷᠤᠨ ᠰᠤᠷᠭᠠᠬᠤ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ᠃ ᠪᠤᠰᠤᠳ ᠨᠡᠶᠢᠭᠡᠮ ᠤᠨ ᠠᠵᠢᠯ ᠦᠢᠯᠡᠰ ᠵᠣᠬᠢᠴᠠᠩᠭᠤᠶ ᠪᠠᠷ ᠠᠬᠢᠪᠠ᠃ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠲᠠᠷᠢᠶᠠᠯᠠᠩ ᠤᠨ ᠨᠡᠶᠢᠳᠡᠮ ᠤᠨ ᠪᠠᠶᠢᠴᠠᠭᠠᠯᠲᠠ ᠶᠢ ᠪᠡᠶᠡᠯᠡᠭᠦᠯᠪᠡ᠃ ᠰᠢᠨᠵᠢᠯᠡᠬᠦ ᠤᠬᠠᠭᠠᠨ ᠮᠡᠷᠭᠡᠵᠢᠯ ᠂ ᠬᠢᠨᠠᠨ ᠪᠣᠳᠣᠯᠲᠠ᠂ ᠳᠠᠩᠰᠠ ᠡᠪᠬᠡᠮᠡᠯ᠂ ᠴᠠᠭ ᠠᠭᠤᠷ᠂ ᠰᠣᠨᠢᠨ ᠮᠡᠳᠡᠭᠡᠨ ᠤ ᠦᠢᠯᠡᠰ ᠲᠠᠰᠤᠷᠠᠯᠲᠠ ᠦᠭᠡᠢ ᠴᠢᠩᠭᠠᠷᠠᠵᠤ᠂ ᠠᠷᠠᠳ ᠤᠨ ᠵᠡᠪᠰᠡᠭᠲᠦ ᠬᠦᠴᠦᠨ᠂ ᠦᠨᠳᠦᠰᠦᠲᠡᠨ ᠱᠠᠰᠢᠨ ᠰᠤᠷᠲᠠᠬᠤᠨ᠂ ᠵᠡᠮᠳᠡᠭᠴᠦᠳ ᠤᠨ ᠦᠢᠯᠡᠰ᠂ ᠠᠵᠢᠯᠴᠢᠨ ᠤ ᠡᠪᠯᠡᠯ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠬᠡᠦᠬᠡᠳ᠂ ᠤᠯᠠᠭᠠᠨ ᠵᠠᠭᠠᠯᠮᠠᠶ᠂ ᠠᠬᠠᠮᠠᠳ ᠺᠠᠳ᠋ᠷ᠂ ᠨᠠᠰᠤᠲᠠᠶᠢᠴᠤᠳ ᠵᠡᠷᠭᠡ ᠠᠵᠢᠯ ᠴᠥᠮ ᠰᠢᠨ᠎ᠡ ᠳᠠᠪᠰᠢᠯᠲᠠ ᠲᠠᠢ ᠪᠣᠯᠪᠠ᠃      ︵ᠲᠠᠪᠤ︶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠰᠢᠨ᠎ᠡ ᠳᠡᠭᠡᠭᠰᠢᠯᠡᠯᠲᠡ ᠲᠠᠢ ᠪᠣᠯᠪᠠ᠃ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠳᠦᠷᠢᠮᠵᠢᠭᠦᠯᠬᠦ ᠶᠢ ᠦᠷᠭᠦᠯᠵᠢᠯᠡᠨ ᠠᠬᠢᠭᠤᠯᠵᠤ᠂ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠬᠤ᠂ ᠤᠳᠤᠷᠢᠳᠬᠤ ᠪᠠᠭ ᠪᠠ ᠺᠠᠳ᠋ᠷ ᠤᠨ ᠡᠩᠨᠡᠭᠡᠨ ᠤ ᠰᠤᠷᠲᠠᠯ ᠤᠨ ᠪᠠᠶᠢᠭᠤᠯᠤᠯᠲᠠ ᠶᠢ ᠴᠢᠩᠭ᠎ᠠ ᠠᠳᠬᠤᠵᠤ᠂ ︽ᠭᠤᠷᠪᠠᠨ ᠴᠢᠬᠤᠯᠠ ᠨᠢᠭᠡ ᠶᠡᠭᠡ︾ ᠰᠢᠶᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠣᠯᠠᠨ ᠨᠡᠶᠢᠳᠡ ᠶᠢ ᠢᠲᠡᠭᠡᠭᠦᠯᠬᠦ ᠬᠦᠴᠦᠨ ᠪᠠ ᠬᠡᠷᠡᠭᠵᠢᠭᠦᠯᠬᠦ ᠬᠦᠴᠦᠨ ᠲᠠᠰᠤᠷᠠᠯᠲᠠ ᠥᠬᠡᠶ ᠳᠡᠭᠡᠭᠰᠢᠯᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ  ᠬᠤᠷᠠᠯ ᠳᠤ ᠰᠠᠨᠠᠭᠠᠴᠢᠯᠠᠭ᠎ᠠ ᠠᠴᠠ ᠪᠠᠨ ᠠᠵᠢᠯ ᠢᠶᠠᠨ ᠮᠡᠳᠡᠭᠦᠯᠵᠦ᠂ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ  ᠬᠤᠷᠠᠯ ᠳᠤ ᠪᠠᠶᠢᠳᠠᠯ ᠢᠶᠠᠨ ᠮᠡᠳᠡᠭᠳᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ ᠬᠤᠭᠤᠴᠠᠭ᠎ᠠ ᠶᠣᠰᠣᠭᠠᠷ 86 ᠬᠤᠪᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ 74 ᠬᠤᠪᠢ ᠰᠢᠶᠳᠪᠦᠷᠢᠯᠡᠨ ᠬᠠᠷᠢᠭᠤᠯᠵᠤ᠂ ᠬᠠᠷᠢᠭᠤᠯᠲᠠ ᠥᠭᠭᠦᠭᠰᠡᠨ ᠨᠤᠷᠮ᠎ᠠ ᠨᠢ 100 %᠎ ᠳᠤ ᠬᠥᠷᠪᠡ᠃ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ︽ᠭᠤᠷᠪᠠᠨ ᠵᠦᠢᠯ ᠤᠨ ᠠᠯᠪᠠᠨ ᠵᠠᠷᠤᠳᠠᠯ︾᠎ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠢᠳᠡᠪᠬᠢᠲᠡᠶ ᠠᠷᠢᠯᠭᠠᠪᠠ᠃ ᠪᠦᠬᠦ ᠲᠠᠯ᠎ᠠ ᠪᠠᠷ ᠨᠠᠮ ᠢᠶᠠᠨ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠢᠮᠠᠭᠲᠠ ᠪᠠᠷᠢᠮᠲᠠᠯᠠᠵᠤ᠂ ᠰᠤᠷᠲᠠᠯ ᠴᠢᠬᠡᠴᠢ ᠣᠪᠣᠷ ᠲᠥᠪ᠂ ᠠᠵᠢᠯᠴᠢ ᠬᠢᠴᠢᠶᠡᠩᠭᠦᠢ ᠠᠷᠢᠭᠤᠨ ᠴᠢᠬᠡᠴᠢ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ ᠤᠯᠠᠮ ᠴᠢᠨᠠᠭᠰᠢᠳᠠ ᠪᠣᠶ ᠪᠣᠯᠭᠠᠪᠠ᠃       ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠳᠤ᠂ ᠪᠢᠳᠡ ᠰᠢᠨ᠎ᠡ ᠴᠠᠭ ᠣᠢᠶ᠎ᠠ ᠳᠤ ᠰᠠᠭᠤᠷᠢᠯᠠᠵᠤ᠂ ᠰᠢᠨ᠎ᠡ ᠠᠵᠠ ᠲᠣᠬᠢᠶᠠᠯ  ᠶᠢ ᠠᠮᠵᠢᠵᠤ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠰᠢᠪᠲᠤᠯᠤᠯᠲᠠ ᠶᠢ ᠡᠷᠢᠯᠬᠢᠯᠡᠵᠦ᠂ ᠬᠦᠨᠳᠦ ᠡᠭᠦᠷᠭᠡ ᠶᠢ ᠡᠭᠦᠷᠭᠡᠯᠡᠨ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ᠂ ᠲᠣᠭᠲᠠᠭᠤᠨ ᠤ ᠳᠤᠮᠳᠠ ᠰᠠᠶᠢᠵᠢᠷᠠᠬᠤ ᠰᠠᠶᠢᠨ ᠰᠠᠶᠢᠬᠠᠨ ᠬᠠᠨᠳᠤᠰᠢ ᠶᠢ ᠪᠠᠲᠤᠯᠠᠵᠠᠢ᠃ ᠡᠳᠡᠭᠡᠷ ᠠᠮᠵᠢᠯᠲᠠ ᠶᠢ ᠣᠯᠤᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠶᠢᠨ ᠦᠷ᠎ᠡ ᠳ᠋ᠦᠩ ᠮᠥᠨ᠂ ᠪᠥᠬᠦ ᠲᠤᠭᠤᠷᠢᠭ ᠤᠨ ᠳᠡᠭᠡᠳᠦ ᠳᠣᠣᠷᠠᠳᠤ ᠱᠠᠲᠤ ᠨᠢᠭᠡ ᠰᠡᠳᠬᠢᠯ ᠨᠢᠭᠡ ᠵᠣᠷᠢᠭ ᠢᠶᠠᠷ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠂ ᠪᠠᠰᠠ ᠴᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠣᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠬᠦᠴᠦᠲᠡᠶ ᠳᠡᠮᠵᠢᠭᠰᠡᠨ ᠤ ᠦᠷ᠎ᠡ ᠳ᠋ᠦᠩ ᠮᠥᠨ᠃ ᠠᠳᠡ᠂ ᠪᠢ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠪᠦᠬᠦ ᠲᠤᠭᠤᠷᠢᠭ ᠤᠨ ᠡᠯ᠎ᠡ ᠠᠵᠢᠯ ᠲᠥᠷᠥᠯ ᠳᠤ ᠰᠢᠷᠭᠠᠭᠤ ᠬᠠᠲᠠᠭᠤᠵᠢᠯᠲᠠᠢ ᠠᠵᠢᠯᠯᠠᠵᠤ ᠪᠠᠶᠢᠭ᠎ᠠ ᠥᠷᠭᠡᠨ ᠤᠯᠠᠨ ᠺᠠᠳ᠋ᠷ ᠤᠯᠠᠨ ᠲᠦᠮᠡᠨ᠂ ᠵᠢᠨᠢᠩ ᠳᠤ ᠪᠡᠯᠡ ᠣᠷᠣᠭᠤᠯᠤᠨ ᠦᠢᠯᠡᠰ ᠪᠣᠰᠬᠠᠵᠤ ᠪᠠᠶᠢᠭ᠎ᠠ ᠨᠠᠶᠢᠵᠠ ᠨᠠᠷ᠂ ᠵᠢᠨᠢᠩ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠬᠠᠯᠠᠮᠵᠢᠯᠠᠨ ᠳᠠᠮᠵᠢᠵᠤ ᠪᠠᠶᠢᠭ᠎ᠠ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠪᠣᠯᠤᠨ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠦ ᠪᠠᠶᠢᠨ᠎ᠠ︕       ᠠᠮᠵᠢᠯᠲᠠ ᠪᠠᠨ ᠨᠤᠲᠠᠯᠠᠬᠤ ᠶᠢᠨ ᠬᠠᠮᠲᠤ᠂ ᠵᠢᠨᠢᠩ ᠤᠨ ᠬᠠᠮᠤᠭ ᠤᠨ ᠲᠣᠪᠣᠶᠢᠮ᠎ᠠ᠂ ᠬᠠᠮᠤᠭ ᠤᠨ ᠦᠨᠳᠦᠰᠦᠨ ᠠᠰᠠᠭᠤᠳᠠᠯ ᠪᠣᠯ ᠳᠠᠷᠤᠶ ᠬᠥᠭᠵᠢᠯᠲᠡ ᠭᠦᠢᠴᠡᠳ ᠪᠤᠰᠤ᠂ ᠲᠡᠩᠴᠡᠭᠦᠷᠢ ᠦᠭᠡᠢ ᠪᠠᠶᠢᠬᠤ ᠠᠰᠠᠭᠤᠳᠠᠯ ᠪᠣᠯᠤᠨ᠎ᠠ᠂ ᠡᠨᠡ ᠨᠢ ᠨᠢᠭᠡᠨᠲᠡ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠶᠢᠨ ᠭᠤᠣᠯ ᠬᠢᠵᠠᠭᠠᠷᠯᠠᠬᠤ ᠬᠦᠴᠦᠨ ᠵᠦᠢᠯ ᠪᠣᠯᠤᠭᠰᠠᠨ ᠪᠠᠶᠢᠨ᠎ᠠ᠂ ᠭᠤᠣᠯ ᠢᠯᠡᠷᠡᠯ ᠨᠢ᠄ ᠨᠢᠭᠡ ᠳᠤ ᠠᠵᠤ ᠦᠢᠯᠡᠰ ᠤᠨ ᠪᠦᠲᠦᠴᠡ ᠰᠢᠯᠢᠳᠡᠭ ᠪᠤᠰᠤ᠂ ᠳᠠᠪᠠᠭᠤᠯᠢᠭ ᠠᠵᠤ ᠦᠢᠯᠡᠰ ᠤᠨ ᠵᠦᠢᠯᠡᠰ ᠤᠯᠠᠨ ᠪᠢᠰᠢ᠂ ᠬᠡᠪᠴᠢᠶ᠎ᠡ ᠶᠡᠭᠡ ᠪᠢᠰᠢ᠂ ᠲᠠᠲᠠᠬᠤ ᠬᠦᠴᠦᠨ ᠴᠢᠩᠭ᠎ᠠ ᠪᠢᠰᠢ᠂ ᠠᠵᠤ ᠦᠢᠯᠡᠰ ᠤᠨ ᠲᠥᠪᠯᠡᠷᠡᠯ ᠤᠨ ᠦᠢᠯᠡᠳᠦᠯ ᠢᠯᠡᠷᠬᠡᠶ ᠪᠢᠰᠢ︔ ᠬᠤᠶᠠᠷ ᠲᠤ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠪᠡᠷᠬᠡ ᠬᠠᠲᠠᠭᠤᠵᠢᠯᠲᠠᠶ ᠪᠠᠶᠢᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠴᠥᠭᠡᠨ ᠪᠤᠰᠤ ᠳᠤᠲᠠᠭᠤᠳᠠᠯ ᠣᠷᠣᠰᠢᠵᠤ᠂ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠪᠠᠰᠠ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠡᠭᠦᠷᠭᠡ ᠮᠥᠨ ᠯᠠ ᠨᠦᠰᠡᠷ ᠬᠦᠨᠳᠦ ᠪᠠᠶᠢᠨ᠎ᠠ︔ ᠭᠤᠷᠪᠠ ᠳᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠮᠥᠨ ᠯᠠ ᠲᠣᠪᠣᠶᠢᠮ᠎ᠠ ᠪᠠᠶᠢᠵᠤ᠂ ᠡᠳ᠋ ᠤᠨ ᠵᠠᠰᠠᠭ ᠤᠨ ᠪᠠᠲᠤᠯᠠᠭ᠎ᠠ ᠪᠠ ᠥᠷᠢ ᠥᠭᠴᠡᠭᠡ ᠶᠢ ᠠᠷᠢᠯᠭᠠᠬᠤ ᠳᠠᠷᠤᠯᠲᠠ ᠨᠡᠯᠢᠶᠡᠳ ᠶᠡᠭᠡ ᠪᠠᠶᠢᠨ᠎ᠠ︔ ᠳᠥᠷᠪᠡ ᠳᠤ ᠤᠰᠤ᠂ ᠭᠠᠵᠠᠷ ᠰᠢᠷᠣᠶ ᠵᠡᠷᠭᠡ ᠡᠬᠢ ᠪᠠᠶᠠᠯᠢᠭ ᠣᠷᠴᠢᠨ ᠠᠬᠤᠢ ᠶᠢᠨ ᠬᠢᠵᠠᠭᠠᠷᠯᠠᠯ ᠡᠳᠦᠷ ᠢᠷᠡᠬᠦᠶ᠎ᠡ ᠲᠣᠪᠣᠶᠢᠮ᠎ᠠ ᠪᠣᠯᠵᠤ᠂ ᠠᠮᠢ ᠠᠬᠤᠢ ᠶᠢᠨ ᠣᠷᠴᠢᠨ ᠠᠬᠤᠢ ᠶᠢᠨ ᠬᠠᠮᠠᠭᠠᠯᠠᠯᠲᠠ ᠪᠠ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠮᠥᠨ ᠬᠦ ᠴᠢᠩᠭᠠᠳᠬᠠᠬᠤ ᠴᠢᠬᠤᠯᠠᠲᠠᠶ ᠪᠠᠶᠢᠨ᠎ᠠ︔ ᠲᠠᠪᠤ ᠳ᠋ᠤ᠋‌‍ᠬᠥ᠋ᠭᠵᠢᠯᠲᠡ ᠶᠢᠨ ᠣᠷᠴᠢᠨ ᠲᠣᠭᠤᠷᠢᠨ ᠨᠢ ᠬᠥᠭᠵᠢᠯᠲᠡ ᠶᠢᠨ ᠪᠠᠶᠢᠳᠠᠯ ᠲᠠᠢ ᠵᠣᠬᠢᠴᠠᠬᠤ ᠦᠭᠡᠢ ᠪᠠᠶᠢᠵᠤ᠂ ᠤᠴᠢᠷ ᠶᠠᠪᠤᠳᠠᠯ ᠪᠦᠲᠦᠭᠡᠬᠦ ᠳᠤ ᠬᠦᠴᠢᠷ ᠵᠡᠷᠭᠡ ᠦᠵᠡᠭᠳᠡᠯ ᠮᠥᠨ ᠣᠷᠣᠰᠢᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠣᠷᠴᠢᠨ ᠲᠣᠭᠤᠷᠢᠨ ᠢ ᠤᠯᠠᠮ ᠴᠢᠨᠠᠭᠰᠢᠳᠠ ᠰᠠᠶᠢᠵᠢᠷᠠᠭᠤᠯᠬᠤ ᠴᠢᠬᠤᠯᠠᠲᠠᠢ ᠪᠠᠶᠢᠨ᠎ᠠ︔ ᠵᠢᠷᠭᠤᠭ᠎ᠠ ᠳᠤ ᠵᠠᠷᠢᠮ ᠺᠠᠳ᠋ᠷ ᠲᠤ ᠪᠠᠰᠠ ᠦᠵᠡᠯ ᠰᠠᠨᠠᠭ᠎ᠠ ᠪᠠᠨ ᠴᠢᠯᠥᠭᠡᠯᠡᠬᠦ ᠦᠭᠡᠢ᠂ ᠦᠵᠡᠯᠲᠡ ᠪᠠᠨ ᠰᠢᠨᠡᠳᠬᠡᠬᠦ ᠦᠭᠡᠢ᠂ ᠣᠪᠣᠷ ᠰᠤᠷᠲᠠᠯ ᠢᠶᠠᠨ ᠬᠤᠪᠢᠷᠠᠭᠤᠯᠬᠤ ᠦᠭᠡᠢ᠂ ᠴᠢᠳᠠᠪᠤᠷᠢ ᠪᠠᠨ ᠳᠡᠭᠡᠭᠰᠢᠯᠡᠭᠦᠯᠬᠦ ᠦᠭᠡᠢ᠂ ᠤᠴᠢᠷ ᠶᠠᠪᠤᠳᠠᠯ ᠲᠣᠬᠢᠶᠠᠯᠳᠤᠪᠠᠯ ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠶᠠᠪᠤᠳᠠᠯ ᠬᠢᠬᠦ ᠳᠡᠭᠡᠨ ᠣᠶᠣᠨ ᠤᠬᠠᠭᠠᠨ ᠢᠶᠠᠨ ᠰᠢᠪᠬᠠᠬᠤ ᠦᠭᠡᠢ ᠪᠠᠶᠢᠬᠤ ᠵᠡᠷᠭᠡ ᠬᠥᠭᠵᠢᠯᠲᠡ ᠶᠢᠨ ᠪᠠᠶᠢᠳᠠᠯ ᠲᠠᠢ ᠵᠣᠬᠢᠴᠠᠬᠤ ᠦᠭᠡᠢ ᠪᠠᠶᠢᠬᠤ ᠠᠰᠠᠭᠤᠳᠠᠯ ᠣᠷᠣᠰᠢᠵᠤ ᠪᠠᠶᠢᠨ᠎ᠠ᠃ ᠡᠳᠡᠭᠡᠷ ᠠᠰᠠᠭᠤᠳᠠᠯ ᠤᠨ ᠲᠤᠬᠠᠢ᠂ ᠪᠢᠳᠡ ᠡᠷᠬᠡᠪᠰᠢ ᠬᠥᠭᠵᠢᠯᠲᠡ ᠶᠢᠨ ᠬᠠᠷᠠᠴᠠ ᠪᠠᠷ ᠰᠤᠳᠠᠯ ᠪᠠᠷᠢᠵᠤ ᠠᠰᠠᠭᠤᠵᠤ᠂ ᠬᠥᠭᠵᠢᠯᠲᠡ ᠶᠢᠨ ᠠᠷᠭ᠎ᠠ ᠪᠠᠷ ᠡᠪᠡᠳᠴᠢᠨ ᠳᠤᠨᠢ ᠲᠤᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠥᠭᠵᠢᠯᠲᠡ ᠶᠢᠨ ᠣᠪᠣᠷ ᠢᠶᠠᠷ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠪᠦᠬᠦ  ᠲᠤᠭᠤᠷᠢᠭ ᠲᠤ ᠬᠥᠮᠥᠨ ᠪᠦᠬᠦᠨ ᠬᠥᠭᠵᠢᠯᠲᠡ ᠶᠢ ᠪᠣᠳᠣᠬᠤ᠂ ᠬᠥᠮᠥᠨ ᠪᠦᠬᠦᠨ ᠬᠥᠭᠵᠢᠵᠦ ᠴᠢᠳᠠᠬᠤ᠂ ᠬᠥᠮᠥᠨ ᠪᠦᠬᠦᠨ ᠣᠷᠴᠢᠨ ᠲᠣᠭᠤᠷᠢᠨ ᠪᠣᠯᠬᠤ ᠠᠵᠢᠯ ᠬᠢᠵᠦ ᠦᠢᠯᠡᠰ ᠪᠣᠰᠬᠠᠬᠤ ᠠᠭᠤᠷ ᠠᠮᠢᠰᠬᠤᠯ ᠢ ᠦᠨᠡᠨᠬᠦ ᠪᠣᠶ ᠪᠣᠯᠭᠠᠵᠤ᠂ ᠮᠠᠨ ᠤ ᠲᠤᠭᠤᠷᠢᠭ ᠤᠨ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠳᠤ ᠬᠠᠷᠢᠭᠤᠯᠲᠠ ᠥᠭᠬᠦ ᠬᠡᠷᠡᠭᠲᠡᠢ᠃      ᠬᠤᠶᠠᠷ᠂ 2018 ᠣᠨ ᠤ ᠠᠵᠢᠯ ᠤᠨ  ᠪᠠᠶᠢᠷᠢᠯᠠᠭᠤᠯᠤᠯᠲᠠ      2018 ᠣᠨ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠤᠢ ᠶᠤᠮ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠲᠡᠮᠡᠴᠡᠨ ᠣᠯᠬᠤ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠮᠥᠨ᠂ ᠪᠠᠰᠠ ᠴᠤ ᠰᠢᠨ᠎ᠡ ᠨᠢᠭᠡ ᠡᠭᠡᠯᠵᠢ ᠶᠢᠨ ᠵᠠᠰᠠᠭ ᠤᠨ ᠣᠷᠳᠣᠨ ᠤ ᠲᠤᠰᠢᠶᠠᠯ ᠡᠭᠦᠷᠭᠡᠯᠡᠬᠦ ᠡᠬᠢᠯᠡᠯᠲᠡ ᠶᠢᠨ ᠵᠢᠯ ᠮᠥᠨ᠂ ᠥᠨᠥ ᠵᠢᠯ ᠤᠨ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠬᠤᠳᠠ ᠶᠢᠨ ᠨᠠᠮ ᠤᠨ ᠬᠤᠷᠢᠶ᠎ᠠ ᠶᠢᠨ ᠳᠥᠷᠪᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠪᠣᠯᠤᠨ ᠣᠷᠣᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠭᠰᠡᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠰᠡᠳᠬᠢᠴᠡ ᠪᠣᠯ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ ᠪᠣᠯᠤᠨ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠨ᠎ᠡ ᠬᠥᠭᠵᠢᠯᠲᠡ ᠶᠢᠨ ᠣᠢᠢᠯᠠᠭᠠᠭᠳᠠᠬᠤᠨ ᠢ ᠨᠠᠷᠢᠨ ᠬᠢᠨᠠᠮᠠᠭᠠᠢ ᠲᠤᠤᠱᠯᠠᠭᠤᠯᠵᠤ᠂ ᠯᠠᠪᠳᠠᠭᠤᠨ ᠢᠶᠠᠷ ᠤᠷᠤᠭᠰᠢᠯᠠᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠵᠤ᠂ ᠬᠥᠭᠵᠢᠯᠲᠡ᠂ ᠠᠮᠢ ᠠᠬᠤᠢ ᠪᠣᠯᠤᠨ ᠠᠷᠠᠳ ᠤᠨ ᠠᠮᠢᠳᠤᠷᠠᠯ ᠭᠡᠬᠦ ᠭᠤᠷᠪᠠᠨ ᠬᠤᠷᠢᠭ᠎ᠠ ᠱᠤᠭᠤᠮ ᠢ ᠪᠠᠲᠥ ᠰᠠᠬᠢᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾᠎ ᠢ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠨ᠎ᠠ᠃     ᠪᠦᠬᠦ ᠵᠢᠯ ᠤᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠥᠷᠲᠡᠭ ᠢ 6.5 %᠎ ᠢᠶᠠᠷ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10.0%᠎ ᠢᠶᠠᠷ ᠨᠡᠮᠡᠭᠳᠡᠭᠦᠯᠵᠦ᠂ ᠤᠯᠠᠨ ᠨᠡᠶᠢᠲᠡ ᠶᠢᠨ ᠡᠩ ᠤᠨ ᠲᠥᠰᠦᠪ ᠤᠨ ᠣᠷᠣᠯᠭ᠎ᠠ ᠶᠢ 5.2%᠎ ᠢᠶᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠥᠩᠭᠡᠢ ᠲᠤᠭ᠎ᠠ ᠶᠢ 8.0%᠎ ᠢᠶᠠᠷ ᠨᠡᠮᠡᠭᠳᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠣᠷᠣᠯᠭ᠎ᠠ ᠶᠢ 8.0 %᠎ ᠢᠶᠠᠷ ᠨᠡᠮᠡᠭᠳᠡᠭᠦᠯᠦᠨ᠎ᠡ᠃    ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ ᠪᠢᠳᠡ ᠳᠣᠣᠷᠠᠬᠢ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄      ︵ᠨᠢᠭᠡ︶ ᠭᠤᠣᠯᠳᠠᠯᠭ᠎ᠠ ᠶᠢ ᠲᠣᠪᠤᠶᠢᠯᠭᠠᠵᠤ ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾᠎ ᠢ ᠬᠦᠴᠦᠯᠡᠨ ᠬᠢᠬᠦ ᠶᠢ ᠪᠠᠷᠢᠮᠲᠠᠯᠠᠨ᠎ᠠ᠃     ᠬᠥᠨᠳᠥ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾᠎ ᠤ ᠢᠯᠠᠯᠲᠠ ᠶᠢ ᠣᠯᠬᠤ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠲᠣᠭᠲᠠᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠮᠥᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠲᠡᠮᠡᠴᠡᠨ ᠣᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠮᠠᠨ ᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠡᠷᠬᠡᠪᠰᠢ ᠳᠠᠪᠠᠯᠲᠠ ᠭᠠᠷᠭᠠᠬᠤ ᠴᠢᠬᠤᠯᠠ ᠶᠡᠭᠡ ᠪᠣᠭᠤᠮᠲᠠ ᠮᠥᠨ᠂ ᠪᠣᠳᠠᠲᠠᠢ ᠠᠷᠭ᠎ᠠ᠂ ᠬᠠᠲᠠᠭᠤ ᠠᠷᠭ᠎ᠠ᠂ ᠪᠦᠲᠦᠮᠵᠢᠲᠡᠢ ᠠᠷᠭ᠎ᠠ ᠠᠪᠴᠤ᠂ ᠤᠨᠢᠨ ᠳᠡᠭᠡᠷ᠎ᠡ ᠨᠢ ᠬᠦᠴᠦᠯᠡᠵᠦ᠂ ᠡᠷᠬᠡᠪᠰᠢ ᠪᠣᠳᠠᠲᠤ ᠦᠷ᠎ᠡ ᠪᠦᠲᠦᠮᠵᠢ ᠣᠯᠬᠤ ᠬᠡᠷᠡᠭᠲᠡᠢ᠃      ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠡᠷᠡᠰ ᠰᠠᠶᠢᠳᠦᠷ ᠬᠢᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠶᠠᠪᠤᠳᠠᠯ ᠢ ᠨᠢᠭᠡᠨ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠣᠯᠭᠠᠬᠤ ᠶᠢ ᠪᠠᠷᠢᠮᠲᠠᠯᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠰᠠᠭᠤᠷᠢ ᠲᠤᠭ᠎ᠠ ᠶᠢ ᠲᠣᠳᠣᠷᠬᠠᠶ ᠣᠢᠢᠯᠠᠭᠠᠨ᠂ ᠬᠠᠷᠢᠭᠤᠴᠠᠯᠭ᠎ᠠ ᠶᠢ ᠲᠣᠳᠣᠷᠬᠠᠶ ᠪᠣᠯᠭᠠᠵᠤ᠂ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠲᠥᠰᠦᠪ ᠤᠨ ᠲᠣᠬᠢᠷᠠᠭᠤᠯᠤᠯᠲᠠ᠂ ᠠᠪᠴᠠᠭᠠᠨ ᠤ ᠡᠷᠬᠡ ᠶᠢ ᠬᠤᠪᠢᠷᠠᠭᠤᠯᠬᠤ᠂ ᠬᠥᠷᠥᠩᠭᠡ ᠶᠢ ᠳᠠᠬᠢᠨ ᠨᠡᠶᠢᠳᠭᠡᠬᠦ᠂ ᠡᠬᠢ ᠪᠠᠶᠠᠯᠢᠭ ᠢ ᠠᠮᠢᠳᠤᠯᠢᠭ ᠪᠣᠯᠭᠠᠬᠤ ᠵᠡᠷᠭᠡ ᠪᠦᠲᠦᠮᠵᠢᠲᠡᠶ ᠠᠷᠭ᠎ᠠ ᠬᠡᠮᠵᠢᠶ᠎ᠡ ᠪᠠᠷ ᠳᠠᠮᠵᠢᠭᠤᠯᠤᠨ᠂ 3 — 5 ᠵᠢᠯ ᠤᠨ ᠴᠠᠭ ᠢ ᠬᠡᠷᠡᠭᠯᠡᠵᠦ ᠪᠠᠶᠢᠭᠠᠳ ᠵᠠᠰᠠᠭ ᠤᠨ ᠣᠷᠳᠣᠨ ᠤ ᠥᠷᠢ ᠥᠭᠴᠡᠭᠡ ᠶᠢ ᠵᠦᠶ ᠵᠣᠬᠢᠰᠲᠠᠶ ᠬᠢᠷᠢ ᠲᠦᠪᠰᠢᠨ ᠳᠤ ᠬᠦᠷᠲᠡᠯ᠎ᠡ ᠪᠠᠭᠤᠷᠠᠭᠤᠯᠵᠤ᠂ ᠵᠢᠯ ᠬᠤᠪᠢᠶᠠᠨ ᠰᠢᠶ᠋ᠳᠪᠦᠷᠢᠯᠡᠬᠦ ᠡᠭᠦᠷᠭᠡ ᠶᠢ ᠲᠡᠷᠡ ᠶᠣᠰᠣᠭᠠᠷ ᠨᠢ ᠪᠡᠶᠡᠯᠡᠭᠦᠯᠬᠦ ᠪᠠᠷ ᠴᠢᠷᠮᠠᠶᠢᠨ᠎ᠠ᠃ ᠡᠳ᠋ ᠤᠨ ᠵᠠᠰᠠᠭ ᠤᠨ ᠬᠢᠵᠠᠭᠠᠷᠯᠠᠯ ᠢ ᠴᠢᠩᠭᠠᠳᠬᠠᠵᠤ᠂ ᠴᠢᠳᠠᠯ ᠤᠨ ᠢᠶᠠᠨ ᠬᠢᠷᠢ ᠪᠠᠷ ᠠᠵᠢᠯᠯᠠᠬᠤ᠂ ᠣᠷᠣᠯᠭ᠎ᠠ ᠪᠠᠨ ᠦᠵᠡᠵᠦ ᠵᠠᠷᠤᠯᠭ᠎ᠠ ᠪᠠᠨ ᠲᠣᠬᠢᠷᠠᠭᠤᠯᠬᠤ ᠵᠠᠷᠴᠢᠮ ᠢ ᠪᠠᠷᠢᠮᠲᠠᠯᠠᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠵᠦᠢᠯᠡᠰ᠂ ᠵᠢᠭᠡᠯᠡᠯᠭᠡ ᠠᠪᠴᠤ ᠬᠥᠷᠥᠩᠭᠡ ᠬᠤᠷᠠᠮᠳᠤᠭᠤᠯᠬᠤ᠂ ᠰᠠᠭᠤᠷᠢ ᠮᠥᠩᠭᠦ ᠶᠢᠨ ᠠᠵᠢᠯᠯᠠᠭᠠᠨ ᠪᠠ ᠤᠯᠠᠨ ᠨᠡᠶᠢᠲᠡ ᠶᠢᠨ ᠦᠢᠯᠡᠴᠢᠯᠡᠭᠡ ᠶᠢ ᠬᠤᠳᠠᠯᠳᠤᠨ ᠠᠪᠬᠤ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠨᠡᠮᠡᠭᠳᠡᠯ ᠢ ᠴᠢᠩᠭ᠎ᠠ ᠬᠢᠵᠠᠭᠠᠷᠯᠠᠬᠤ ᠬᠡᠷᠡᠭᠲᠡᠶ᠃ ᠬᠤᠶᠢᠰᠢᠳᠠ ᠰᠢᠨ᠎ᠡ ᠪᠠᠷ ᠭᠠᠷᠬᠤ ᠵᠠᠰᠠᠭ ᠤᠨ ᠣᠷᠳᠣᠨ ᠤ ᠪᠡᠯᠡ ᠣᠷᠣᠭᠤᠯᠬᠤ ᠲᠥᠷᠥᠯ ᠵᠦᠢᠯ ᠳᠤ ᠥᠷᠢ ᠥᠭᠴᠡᠭᠡ ᠶᠢᠨ ᠲᠦᠭᠰᠢᠭᠦᠷᠢ ᠶᠢ ᠦᠨᠡᠯᠡᠨ ᠵᠢᠱᠢᠬᠦ ᠪᠠ ᠬᠠᠤᠯᠢ ᠶᠣᠰᠣᠨ ᠤ ᠴᠢᠨᠠᠷ ᠤᠨ ᠬᠢᠨᠠᠨ ᠪᠠᠶᠢᠴᠠᠭᠠᠯᠲᠠ ᠶᠢ ᠴᠢᠩᠭ᠎ᠠ ᠬᠡᠷᠡᠭᠵᠢᠭᠦᠯᠵᠦ᠂ ᠬᠡᠪ ᠤᠨ ᠲᠠᠰ ᠳᠠᠷᠠᠭᠠᠯᠠᠯ ᠢ ᠭᠦᠢᠴᠡᠳᠬᠡᠭᠰᠡᠨ ᠥᠬᠡᠶ ᠪᠠ ᠪᠡᠯᠡ ᠮᠥᠩᠭᠦ ᠶᠢ ᠨᠠᠶᠢᠳᠠᠪᠤᠷᠢᠵᠢᠭᠤᠯᠤᠭᠰᠠᠨ ᠥᠬᠡᠶ ᠪᠦᠬᠦᠨ ᠢ ᠴᠥᠮ ᠬᠢᠨᠠᠨ ᠵᠥᠪᠰᠢᠶᠡᠷᠡᠵᠦ ᠪᠣᠯᠬᠤ ᠥᠬᠡᠶ᠂ ᠪᠠᠷᠢᠯᠭ᠎ᠠ ᠡᠬᠢᠯᠡᠭᠦᠯᠬᠦ ᠶᠢ ᠬᠤᠷᠢᠭᠯᠠᠨ᠎ᠠ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠢᠢᠳᠪᠦᠷᠢᠯᠡᠬᠦ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃       ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠲᠡᠷᠢᠭᠦᠨ ᠴᠢᠬᠤᠯᠠ ᠶᠡᠭᠡ ᠶᠠᠪᠤᠳᠠᠯ ᠪᠠ ᠠᠷᠠᠳ ᠤᠨ ᠠᠮᠢᠳᠤᠷᠠᠯ ᠤᠨ ᠨᠢᠭᠡᠳᠦᠭᠡᠷ ᠢᠨᠵᠧᠨᠧᠷᠢᠩ ᠪᠣᠯᠭᠠᠬᠤ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ︽ᠲᠠᠪᠤᠨ ᠨᠢᠭᠡ ᠴᠤᠭᠴᠠ︾᠂ ︽ᠵᠢᠷᠭᠤᠭᠠᠨ ᠤᠨᠢᠨ ᠳᠡᠭᠡᠷ᠎ᠡ ᠨᠢ︾ ᠶᠠᠳᠠᠭᠤ ᠠᠴᠠ ᠠᠩᠭᠢᠵᠢᠷᠠᠭᠤᠯᠬᠤ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠨᠠᠶᠢᠳᠠᠪᠤᠷᠢᠵᠢᠭᠤᠯᠬᠤ᠂ ᠨᠡᠭᠡᠭᠡᠨ ᠬᠥᠭᠵᠢᠭᠦᠯᠬᠦ ᠮᠠᠶ᠋ᠢᠭ ᠤᠨ ᠶᠠᠳᠠᠭᠤ ᠶᠢ ᠲᠡᠳᠬᠦᠬᠦ ᠪᠠ ᠪᠠᠲᠤᠯᠠᠬᠤ ᠮᠠᠶ᠋ᠢᠭ ᠤᠨ ᠶᠠᠳᠠᠭᠤ ᠶᠢ ᠲᠡᠳᠬᠦᠬᠦ᠂ ᠶᠠᠳᠠᠭᠤ ᠶᠢ ᠲᠡᠳᠬᠦᠬᠦ ᠪᠠ ᠡᠷᠴᠢ ᠵᠣᠷᠢᠭ ᠢ ᠲᠡᠳᠬᠦᠬᠦ ᠣᠶᠣᠨ ᠤᠬᠠᠭᠠᠨ ᠢ ᠲᠡᠳᠬᠦᠬᠦ ᠶᠢᠨ ᠬᠠᠷᠢᠴᠠᠭ᠎ᠠ ᠶᠢ ᠨᠢᠭᠡᠳᠦᠯᠲᠡᠢ ᠳᠤ ᠲᠥᠯᠥᠪᠵᠢᠭᠦᠯᠦᠨ ᠰᠠᠶᠢᠲᠤᠷ ᠰᠢᠢᠳᠪᠦᠷᠢᠯᠡᠵᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠶᠠᠳᠠᠭᠤ ᠠᠴᠠ ᠠᠩᠭᠢᠵᠢᠷᠠ ᠪᠠᠶᠠᠵᠢᠨ ᠴᠢᠨᠡᠭᠡᠯᠢᠭᠵᠢᠬᠦ ᠳᠣᠲᠣᠭᠠᠳᠤ ᠬᠥᠳᠡᠯᠭᠡᠬᠦ ᠬᠦᠴᠦᠨ ᠪᠠ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠬᠥᠭᠵᠢᠭᠡᠬᠦ ᠶᠢ ᠴᠢᠬᠤᠯᠠᠴᠢᠯᠠᠨ᠎ᠠ᠃ ᠤᠯᠠᠮ ᠨᠢᠭᠡ ᠠᠯᠬᠤᠮ ᠡᠬᠢ ᠪᠠᠶᠠᠯᠢᠭ ᠢ ᠲᠥᠪᠯᠡᠷᠡᠭᠦᠯᠦᠨ᠂ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠯᠮᠦᠷᠢᠯᠡᠬᠦ ᠴᠢᠳᠠᠪᠤᠷᠢ ᠲᠠᠢ ᠬᠥᠮᠦᠰ ᠲᠤ ᠠᠵᠤ ᠦᠶ᠋ᠯᠡᠰ ᠢᠶᠠᠷ ᠶᠠᠳᠠᠭᠤ ᠶᠢ ᠲᠡᠳᠬᠦᠬᠦ᠂ ᠮᠥᠩᠭᠦᠨ ᠭᠦᠶ᠋ᠯᠭᠡᠭᠡᠨ ᠢᠶᠠᠷ ᠶᠠᠳᠠᠭᠤ ᠶᠢ ᠲᠡᠳᠬᠦᠬᠦ᠂ ᠰᠢᠯᠵᠢᠭᠦᠯᠦᠨ ᠠᠵᠢᠯ ᠣᠯᠭᠤᠬᠤ ᠵᠡᠷᠭᠡ ᠠᠷᠭ᠎ᠠ ᠬᠡᠮᠵᠢᠶ᠎ᠡ ᠠᠪᠴᠤ ᠪᠠᠶᠢᠭᠠᠳ ᠶᠠᠳᠠᠭᠤ ᠠᠴᠠ ᠠᠩᠭᠢᠵᠢᠷᠠᠭᠤᠯᠬᠤ ᠬᠡᠷᠡᠭᠲᠡᠶ︔ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠪᠠᠶᠢᠪᠠᠯ᠂ ᠡᠷᠡᠭᠦᠯ ᠮᠡᠨᠳᠦ ᠪᠠᠷ ᠡᠮ ᠡᠮᠨᠡᠯᠭᠡ ᠪᠠᠷ ᠶᠠᠳᠠᠭᠤ ᠶᠢ ᠲᠡᠳᠬᠦᠬᠦ᠂ ᠦᠨᠳᠦᠰᠦᠨ ᠵᠦᠢᠯ ᠢ ᠪᠠᠲᠤᠯᠠᠬᠤ ᠵᠡᠷᠭᠡ ᠠᠷᠭ᠎ᠠ ᠬᠡᠮᠵᠢᠶ᠎ᠡ ᠠᠪᠴᠤ ᠶᠠᠳᠠᠭᠤ ᠠᠴᠠ ᠠᠩᠭᠢᠵᠢᠷᠠᠭᠤᠯᠤᠨ᠎ᠠ︔ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠦᠶ᠎ᠡ ᠤᠯᠠᠷᠢᠨ ᠶᠠᠳᠠᠭᠤᠷᠠᠬᠤ ᠶᠢ ᠬᠤᠷᠢᠭᠯᠠᠨ ᠵᠣᠭᠰᠣᠭᠠᠨ᠎ᠠ᠃ ᠶᠠᠳᠠᠭᠤ ᠶᠢ ᠲᠡᠳᠬᠦᠬᠦ ᠬᠦᠷᠢᠶᠡᠨ ᠳᠠᠬᠢ ᠢᠯᠵᠢᠷᠡᠯ ᠪᠣᠯᠤᠨ ᠰᠤᠷᠲᠠᠯ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ᠂ ᠲᠤᠭ᠎ᠠ ᠪᠠᠷ ᠶᠠᠳᠠᠭᠤ ᠠᠴᠠ ᠠᠩᠭᠢᠵᠢᠷᠠᠭᠤᠯᠬᠤ ᠶᠢ ᠡᠷᠡᠰ ᠬᠤᠷᠢᠭᠯᠠᠵᠤ᠂ ᠶᠠᠳᠠᠭᠤ ᠠᠴᠠ ᠦᠨᠡᠨᠬᠦ ᠠᠩᠭᠢᠵᠢᠷᠠᠭᠤᠯᠬᠤ᠂ ᠪᠠᠬᠢᠵᠢᠭᠦᠯᠬᠦ᠂ ᠬᠥᠭᠵᠢᠭᠦᠯᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ᠃      ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠨ᠎ᠡ᠃ ︽ᠬᠥᠬᠡᠮᠳᠦᠭ ᠨᠣᠭᠤᠭᠠᠨ ᠠᠭᠤᠯᠠ ᠤᠰᠤ ᠪᠣᠯ ᠥᠨᠢ ᠮᠥᠩᠭᠡ ᠶᠢᠨ ᠡᠳ᠋ ᠬᠥᠷᠥᠩᠭᠡ ᠮᠥᠨ︾ ᠭᠡᠬᠦ ᠣᠢᠢᠯᠠᠭᠠᠭᠳᠠᠬᠤᠨ ᠢ ᠪᠠᠲᠤ ᠪᠣᠶ ᠪᠣᠯᠭᠠᠵᠤ᠂ ᠠᠮᠢ ᠠᠬᠤᠢ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠷᠢᠭ᠎ᠠ ᠱᠤᠭᠤᠮ ᠳᠤ ᠬᠠᠯᠳᠠᠬᠤ ᠦᠭᠡᠢ᠂ ᠮᠠᠨ ᠤ ᠬᠠᠮᠤᠭ ᠤᠨ ᠶᠡᠭᠡ ᠳᠠᠪᠠᠭᠤᠯᠢᠭ᠂ ᠬᠠᠮᠤᠭ ᠤᠨ ᠡᠷᠬᠢᠮ ᠨᠠᠨᠳᠢᠨ ᠡᠳ᠋ ᠪᠠᠶᠠᠯᠢᠭ ᠢ ᠰᠠᠶᠢᠲᠤᠷ ᠰᠠᠬᠢᠨ ᠬᠠᠮᠠᠭᠠᠯᠠᠨ᠎ᠠ᠃ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠦᠬᠦ ᠤᠯᠤᠰ ᠠᠴᠠ ᠬᠤᠶᠠᠳᠤᠭᠠᠷ ᠤᠳᠠᠭᠠᠨ ᠤ ᠪᠣᠬᠢᠷᠲᠤᠯ ᠤᠨ ᠡᠬᠢ ᠶᠢ ᠨᠡᠶᠢᠳᠡᠮ ᠪᠠᠶᠢᠴᠠᠭᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠭᠦᠨᠵᠡᠭᠡᠢ ᠠᠬᠢᠭᠤᠯᠵᠤ᠂ ᠤᠰᠤ᠂ ᠠᠭᠠᠷ ᠮᠠᠨᠳᠠᠯ᠂ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠥᠯᠥᠪᠯᠡᠭᠡ ᠶᠢ ᠶᠡᠬᠡᠪᠡᠷ ᠬᠡᠷᠡᠭᠵᠢᠭᠦᠯᠬᠦ ᠬᠡᠷᠡᠭᠲᠡᠢ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠳᠤ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠬᠢᠭᠡᠳ ᠬᠠᠮᠠᠭᠠᠯᠠᠯᠲᠠ ᠶᠢ ᠴᠢᠩᠭᠠᠳᠬᠠᠵᠤ᠂ ᠤᠰᠤᠨ ᠤ ᠡᠬᠢ ᠪᠠᠶᠠᠯᠢᠭ ᠤᠨ ᠬᠤᠷᠣᠭᠳᠠᠯ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠵᠡᠷᠭᠡ ᠶᠡᠷᠦᠩᠬᠡᠶ ᠬᠡᠮᠵᠢᠶ᠎ᠡ᠂ ᠬᠦᠴᠦᠯᠡᠴᠡ ᠬᠤᠶᠠᠷ ᠢ ᠬᠢᠵᠠᠭᠠᠷᠯᠠᠬᠤ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ︽ᠭᠤᠤᠯ ᠤᠨ ᠳᠠᠷᠤᠭ᠎ᠠ ᠶᠢᠨ ᠳᠦᠷᠢᠮ︾᠎ ᠤᠨ ᠤᠰᠤᠨ ᠤ ᠠᠮᠢ ᠠᠬᠤᠢ ᠶᠢᠨ ᠬᠠᠮᠠᠭᠠᠯᠠᠯᠲᠠ ᠶᠢᠨ ᠳᠦᠷᠢᠮ ᠢ ᠬᠢᠨᠠᠮᠠᠭᠠᠶ ᠨᠠᠶᠢᠳᠠᠪᠤᠷᠢᠵᠢᠭᠤᠯᠤᠨ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠵᠤ᠂ ᠬᠠᠮᠠᠭᠠᠯᠠᠯᠲᠠ ᠶᠢᠨ ᠣᠷᠣᠨ ᠤ ᠳᠣᠲᠣᠷᠠᠬᠢ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢ ᠨᠤᠷᠠᠭᠠᠬᠤ ᠡᠷᠴᠢᠮ ᠢ ᠴᠢᠩᠭᠠᠷᠠᠭᠤᠯᠵᠤ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠤ ᠳᠣᠲᠣᠷᠠᠬᠢ ᠥᠪᠡᠷᠲᠡᠭᠡᠨ ᠪᠡᠯᠡᠳᠬᠡᠭᠰᠡᠨ ᠬᠤᠳᠳᠤᠭ ᠢ ᠡᠷᠡᠰ ᠪᠢᠲᠡᠭᠦᠮᠵᠢᠯᠡᠨ ᠪᠥᠭᠯᠡᠬᠦ ᠬᠡᠷᠡᠭᠲᠡᠶ᠃ ᠤᠰᠤ ᠪᠣᠬᠢᠷᠲᠤᠭᠤᠯᠬᠤ ᠪᠣᠳᠠᠰ ᠤᠨ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠦᠷᠭᠦᠯᠵᠢᠯᠡᠨ ᠲᠦᠯᠬᠢᠨ ᠠᠬᠢᠭᠤᠯᠵᠤ ᠂ ᠬᠤᠳᠠ ᠪᠠ ᠠᠵᠤ ᠦᠶ᠋ᠯᠡᠳᠪᠦᠷᠢ ᠶᠢᠨ ᠪᠣᠬᠢᠷ ᠤᠰᠤ ᠶᠢ ᠰᠢ᠊ ᠰᠢᠢᠳᠪᠦᠷᠢᠯᠡᠬᠦ ᠵᠢᠴᠢ ᠳᠤᠮᠳᠠ ᠵᠡᠷᠭᠡ ᠶᠢᠨ ᠤᠰᠤ ᠶᠢ ᠡᠭᠡᠭᠦᠯᠦᠨ ᠬᠡᠷᠡᠭᠯᠡᠬᠦ ᠬᠢᠷᠢ ᠬᠡᠮᠵᠢᠶ᠎ᠡ ᠶᠢ ᠭᠤᠣᠯᠳᠠᠯᠭ᠎ᠠ ᠲᠠᠢ ᠪᠠᠷ ᠳᠡᠭᠡᠭᠰᠢᠯᠡᠭᠦᠯᠵᠦ᠂ ᠪᠣᠬᠢᠷ ᠤᠰᠤ ᠰᠢᠶ᠋ᠳᠪᠦᠷᠢᠯᠡᠬᠦ ᠦᠢᠯᠡᠳᠪᠦᠷᠢ ᠶᠢ ᠴᠥᠮ ᠨᠢᠭᠡᠳᠦᠭᠡᠷ ᠲᠡᠰ ᠤᠨ A ᠭᠠᠳᠠᠭᠰᠢᠯᠠᠭᠤᠯᠬᠤ ᠪᠠᠷᠢᠮᠵᠢᠶ᠎ᠠ ᠳᠤ ᠬᠦᠷᠭᠡᠵᠦ᠂ ᠪᠣᠬᠢᠷ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠨᠤᠷᠮ᠎ᠠ ᠶᠢ 90%᠎ ᠠᠴᠠ ᠳᠡᠭᠡᠭᠰᠢ ᠪᠣᠯᠭᠠᠨ᠎ᠠ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠳᠤ ᠲᠦᠭᠦᠬᠡᠢ ᠨᠡᠭᠦᠷᠡᠰᠦ ᠶᠢ ᠰᠠᠳᠠᠷᠠᠭᠤᠯᠤᠨ ᠰᠢᠲᠠᠭᠠᠬᠤ ᠶᠢ ᠶᠡᠬᠡᠪᠡᠷ ᠴᠡᠭᠴᠡᠯᠡᠨ ᠵᠠᠰᠠᠵᠤ᠂ ᠠᠭᠤᠷᠰᠢᠭᠤᠯᠬᠤ 10 ᠲᠣᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠵᠤᠤᠬ᠎ᠠ ᠶᠢ ᠪᠦᠬᠦ ᠲᠠᠯ᠎ᠠ ᠪᠠᠷ ᠬᠤᠷᠢᠭᠯᠠᠵᠤ᠂ ︽ᠴᠠᠬᠢᠯᠭᠠᠨ ᠢᠶᠠᠷ ᠨᠡᠭᠦᠷᠡᠰᠦ ᠶᠢ ᠣᠷᠣᠯᠠᠭᠤᠯᠬᠤ︾᠂ ︽ᠬᠡᠢ ᠪᠠᠷ ᠨᠡᠭᠦᠷᠡᠰᠦ ᠶᠢ ᠣᠷᠣᠯᠠᠭᠤᠯᠬᠤ︾᠎ ᠶᠢ ᠳᠡᠯᠭᠡᠷᠡᠭᠦᠯᠦᠨ᠂ ᠢᠳᠡᠭᠡᠨ ᠤᠮᠳᠠᠭᠠᠨ ᠤ ᠲᠣᠰᠣᠨ ᠤ ᠤᠲᠤᠭ᠎ᠠ ᠭᠠᠳᠠᠭᠰᠢᠯᠠᠭᠤᠯᠬᠤ ᠠᠰᠠᠭᠤᠳᠠᠯ ᠢ ᠪᠦᠲᠦᠮᠵᠢᠲᠡᠢ ᠵᠠᠰᠠᠵᠤ᠂ ᠬᠥᠬᠡ ᠣᠭᠲᠠᠷᠭᠤᠢ ᠶᠢ ᠬᠠᠮᠠᠭᠠᠯᠠᠬᠤ ᠪᠠᠶᠢᠯᠳᠤᠭᠠᠨ ᠤ ᠢᠯᠠᠯᠲᠠ ᠣᠯᠬᠤ ᠬᠡᠷᠡᠭᠲᠡᠢ᠃ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠳᠤ ᠬᠥᠷᠥᠰᠥ ᠰᠢᠷᠣᠶ ᠶᠢᠨ ᠪᠣᠬᠢᠷᠲᠤᠯ ᠢ ᠨᠠᠷᠢᠨ ᠪᠠᠶᠢᠴᠠᠭᠠᠬᠤ ᠠᠵᠢᠯ ᠢ ᠭᠤᠣᠯᠳᠠᠯᠭ᠎ᠠ ᠲᠠᠢ ᠪᠠᠷ ᠥᠷᠨᠢᠭᠦᠯᠵᠦ᠂ ᠪᠣᠷᠳᠣᠭᠤᠷ᠂ ᠡᠮ᠂ ᠬᠠᠯᠢᠰᠤ ᠶᠢ ᠨᠢ ᠡᠵᠡᠮᠳᠡᠵᠦ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠤᠯᠠᠮ ᠨᠢᠭᠡ ᠠᠯᠬᠤᠮ ᠡᠬᠢ ᠰᠤᠷᠪᠤᠯᠵᠢ ᠠᠴᠠ ᠨᠢ ᠵᠠᠰᠠᠬᠤ ᠬᠡᠷᠡᠭᠲᠡᠶ᠃ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠦᠳᠳᠡᠷ ᠲᠦᠷᠬᠡᠨ ᠠᠬᠢᠭᠤᠯᠵᠤ᠂ ᠬᠤᠭ ᠨᠣᠪᠰᠢ ᠶᠢ  ᠰᠢᠢᠳᠪᠦᠷᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠰᠢᠨ᠎ᠡ ᠪᠠᠷ ᠨᠡᠮᠡᠭᠳᠡᠬᠦ ᠪᠣᠬᠢᠷᠲᠤᠯ ᠢ ᠴᠢᠩᠭ᠎ᠠ ᠬᠢᠵᠠᠭᠠᠷᠯᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠠᠯᠬᠤᠮ ᠠᠯᠬᠤᠮ ᠢᠶᠠᠷ ᠪᠠᠭᠠᠰᠬᠠᠨ᠎ᠠ᠃ ᠣᠷᠴᠢᠨ ᠠᠬᠤᠢ ᠶᠢᠨ ᠬᠢᠨᠠᠯᠲᠠ ᠬᠠᠮᠢᠶᠠᠷᠤᠯᠲᠠ ᠶᠢᠨ ᠲᠤᠤᠷᠴᠢᠯᠠᠭᠰᠠᠨ ᠬᠠᠮᠢᠶᠠᠷᠤᠯᠲᠠ ᠶᠢ ᠭᠦᠨᠵᠡᠭᠡᠶᠢᠷᠡᠭᠦᠯᠵᠦ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ᠂ ᠰᠠᠯᠠᠭ᠎ᠠ ᠮᠥᠴᠢᠷ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠬᠢᠵᠠᠭᠠᠷᠯᠠᠬᠤ ᠶᠢ ᠲᠦᠯᠬᠢᠨ ᠠᠬᠢᠭᠤᠯᠵᠤ᠂ ᠣᠷᠴᠢᠨ ᠠᠬᠤᠢ ᠶᠢᠨ ᠬᠠᠤᠯᠢ ᠶᠢ ᠵᠥᠷᠢᠴᠡᠭᠰᠡᠨ ᠡᠯ᠎ᠡ ᠲᠥᠷᠥᠯ ᠤᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃      ︵ᠬᠤᠶᠠᠷ︶ ᠰᠢᠨ᠎ᠡ ᠬᠥᠭᠵᠢᠯᠲᠡ ᠶᠢᠨ ᠣᠢᠢᠯᠠᠭᠠᠭᠳᠠᠬᠤᠨ ᠢ ᠪᠠᠷᠢᠮᠲᠠᠯᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠨ᠎ᠠ      ᠰᠢᠨ᠎ᠡ ᠬᠥᠭᠵᠢᠯᠲᠡ ᠶᠢᠨ ᠣᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠲᠤᠤᠱᠯᠠᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯᠳᠠᠯᠭ᠎ᠠ ᠪᠣᠯᠭᠠᠵᠤ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠪᠣᠯᠤᠨ ᠦᠷ᠎ᠡ ᠠᠰᠢᠭ ᠢ ᠦᠨᠡᠨᠬᠦ ᠳᠡᠭᠡᠭᠰᠢᠯᠡᠭᠦᠯᠵᠦ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠨ ᠪᠠᠶᠢᠭᠤᠯᠵᠤ᠂ ᠬᠥᠭᠵᠢᠯᠲᠡ ᠶᠢᠨ ᠰᠠᠭᠤᠷᠢ ᠶᠢ ᠶᠡᠬᠡᠪᠡᠷ ᠪᠠᠶᠢᠭᠤᠯᠤᠨ ᠪᠠᠬᠢᠵᠢᠭᠦᠯᠦᠨ᠎ᠡ᠃      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠰᠢᠨ᠎ᠡ ᠴᠠᠭ ᠦᠶ᠎ᠡ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾᠎ ᠤ ᠠᠵᠢᠯ ᠤᠨ ᠶᠡᠷᠦᠩᠬᠡᠢ ᠭᠠᠷᠲᠠᠴᠠ ᠪᠣᠯᠭᠠᠬᠤ ᠶᠢ ᠪᠠᠷᠢᠮᠲᠠᠯᠠᠵᠤ᠂ ︽ᠠᠵᠤ ᠦᠢᠯᠡᠰ ᠬᠥᠭᠵᠢᠨ ᠮᠠᠨᠳᠤᠭᠰᠠᠨ᠂ ᠠᠮᠢ ᠠᠬᠤᠢ ᠣᠷᠣᠰᠢᠨ ᠰᠠᠭᠤᠬᠤ ᠳᠤ ᠲᠠᠭᠠᠯᠠᠮᠵᠢᠲᠠᠢ᠂ ᠬᠥᠳᠡᠭᠡ ᠲᠣᠰᠬᠤᠨ ᠤ ᠵᠠᠩ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠴᠢᠨᠡᠭᠡᠯᠢᠭ ᠠᠮᠢᠳᠤᠷᠠᠯ︾᠎ ᠤᠨ ᠶᠡᠷᠦᠩᠬᠡᠢ ᠱᠠᠭᠠᠷᠳᠠᠯᠭ᠎ᠠ ᠶᠣᠰᠣᠭᠠᠷ᠂ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ︾᠎ ᠤ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠬᠦᠯᠢ ᠴᠣᠭᠴᠠ ᠶᠢᠨ ᠲᠥᠯᠥᠪᠵᠢᠭᠦᠯᠭᠡ ᠶᠢ ᠦᠨᠡᠨᠬᠦ ᠰᠠᠶᠢᠲᠤᠷ ᠠᠳᠬᠤᠵᠤ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢ ᠪᠦᠬᠦ ᠲᠠᠯ᠎ᠠ ᠪᠠᠷ ᠲᠡᠭᠦᠯᠳᠡᠷᠵᠢᠭᠦᠯᠵᠦ᠂ ᠲᠣᠰᠬᠤᠨ ᠤ ᠳᠦᠷᠰᠦ ᠪᠠᠶᠢᠳᠠᠯ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠢ ᠰᠠᠶᠢᠲᠤᠷ ᠪᠠᠶᠢᠭᠤᠯᠵᠤ ᠰᠠᠶᠢᠲᠤᠷ ᠬᠠᠮᠢᠶᠠᠷᠤᠨ ᠰᠠᠶᠢᠲᠤᠷ ᠬᠠᠮᠠᠭᠠᠯᠠᠵᠤ ᠰᠠᠶᠢᠲᠤᠷ ᠡᠵᠡᠩᠨᠡᠵᠦ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠢ ᠦᠨᠡᠨᠬᠦ ᠦᠵᠡᠰᠬᠦᠯᠡᠩᠲᠦ ᠰᠠᠶᠢᠬᠠᠨ ᠪᠣᠯᠭᠠᠨ᠎ᠠ᠃ ᠣᠨᠴᠠᠯᠢᠭᠲᠤ ᠠᠵᠤ ᠦᠢᠯᠡᠰ ᠤᠨ ᠲᠤᠯᠭᠠᠭᠤᠷᠢᠯᠠᠯ ᠢ ᠳᠣᠪᠤᠶᠢᠯᠭᠠᠵᠤ᠂ ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ᠂ ᠪᠣᠬᠢᠷᠲᠤᠯ ᠦᠭᠡᠢ ᠪᠠᠷ ᠬᠥᠭᠵᠢᠭᠦᠯᠬᠦ ᠵᠠᠮ ᠢᠶᠠᠷ ᠵᠠᠮᠨᠠᠨ᠎ᠠ᠃ ᠮᠢᠨ ᠹᠧᠩ᠂ ᠫᠧᠩ ᠴᠧᠩ᠂ ᠰᠢᠩ ᠳ᠋ᠠ ᠶᠧ ᠵᠡᠷᠭᠡ ᠠᠵᠤ ᠠᠬᠤᠢᠢᠯᠠᠯ ᠢᠶᠠᠷ ᠬᠥᠲᠥᠴᠢ ᠪᠣᠯᠭᠠᠨ᠂ ᠦᠷ᠎ᠡ ᠶᠢᠨ ᠲᠥᠮᠥᠰᠥ᠂ ᠦᠷ᠎ᠡ ᠶᠢᠨ ᠮᠠᠯ ᠤᠨ ᠠᠵᠤ ᠦᠶ᠋ᠯᠡᠰ ᠢ ᠪᠤᠵᠠᠭᠠᠶᠢᠷᠠᠭᠤᠯᠵᠤ᠂ ᠪᠥᠬᠦ ᠤᠯᠤᠰ ᠲᠤ ᠬᠠᠨᠳᠤᠭᠤᠯᠤᠭᠰᠠᠨ ᠴᠢᠨᠠᠷ ᠰᠠᠶᠢᠲᠠᠶ ᠦᠷ᠎ᠡ ᠶᠢᠨ ᠲᠥᠮᠥᠰᠥ᠂ ᠦᠷ᠎ᠡ ᠶᠢᠨ ᠮᠠᠯ ᠤᠨ ᠦᠶ᠋ᠯᠡᠳᠪᠦᠷᠢᠯᠡᠯ ᠤᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠭᠠᠴᠠᠭᠠᠨ ᠤ ᠬᠠᠮᠲᠤ ᠶᠢᠨ ᠠᠵᠤ ᠠᠬᠤᠶ ᠶᠢ ᠶᠡᠬᠡᠪᠡᠷ ᠬᠥᠭᠵᠢᠭᠦᠯᠦᠨ᠎ᠡ᠃ ︽ᠨᠢᠭᠡ ᠲᠣᠰᠬᠤᠨ ᠤ ᠨᠢᠭᠡ ᠨᠠᠷᠠᠲᠤ ᠲᠥᠷᠥᠯ︾᠎ ᠤᠨ ᠬᠥᠭᠵᠢᠯᠲᠡ ᠶᠢᠨ ᠰᠡᠳᠬᠢᠴᠡ ᠪᠠᠷ᠂ ᠪᠣᠬᠢᠷᠲᠤᠯ ᠥᠬᠡᠶ ᠵᠢᠮᠢᠰ ᠢᠳᠡᠰᠢᠨ ᠨᠣᠭᠤᠭ᠎ᠠ ᠶᠢ ᠲᠣᠭᠤᠷᠢᠨ ᠦᠵᠡᠵᠦ ᠲᠡᠭᠦᠬᠦ᠂ ᠲᠥᠮᠥᠰᠥ ᠶᠢᠨ ᠥᠨᠳᠥᠷ ᠦᠷ᠎ᠡ ᠠᠰᠢᠭᠲᠤ ᠲᠠᠷᠢᠮᠠᠯ ᠤᠨ ᠦᠶ᠋ᠯᠡᠰ ᠲᠠᠷᠢᠬᠤ᠂ ᠲᠠᠷᠢᠶᠠᠯᠠᠩ ᠤᠨ ᠪᠦᠲᠦᠭᠡᠭᠳᠡᠬᠦᠨ ᠢ ᠬᠥᠮᠥᠷᠭᠡᠯᠡᠨ ᠬᠠᠳᠠᠭᠠᠯᠠᠬᠤ᠂ ᠣᠨᠴᠠᠯᠢᠠᠠᠳᠦ ᠲᠡᠵᠢᠭᠡᠨ ᠦᠷᠡᠵᠢᠭᠦᠯᠬᠦ ᠵᠡᠷᠭᠡ ᠠᠵᠤ ᠦᠶ᠋ᠯᠡᠰ ᠢ ᠶᠡᠬᠡᠪᠡᠷ ᠪᠤᠶᠢᠵᠢᠭᠤᠯᠵᠤ᠂ ᠲᠣᠰᠬᠤᠨ ᠤ ᠡᠷᠭᠢᠯᠡᠭᠰᠡᠨ ᠠᠵᠤ ᠠᠬᠤᠢᠢᠯᠠᠯ᠂ ᠲᠣᠰᠬᠤᠨ ᠤ ᠠᠵᠤ ᠠᠬᠤᠢᠢᠯᠠᠯ ᠤᠨ ᠬᠠᠮᠲᠤᠷᠠᠯᠴᠠᠭ᠎ᠠ᠂ ᠬᠤᠷᠰᠢᠶ᠎ᠠ ᠪᠠᠶᠢᠭᠤᠯᠬᠤ᠂ ᠬᠥᠳᠡᠯᠮᠦᠷᠢ  ᠦᠢᠯᠡᠴᠢᠯᠡᠭᠡᠨ ᠤ  ᠦᠢᠯᠡᠴᠢᠯᠡᠭᠡ ᠵᠡᠷᠭᠡ ᠵᠠᠭᠪᠤᠷ ᠢᠶᠠᠷ ᠳᠠᠮᠵᠢᠭᠤᠯᠤᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢ ᠪᠦᠷᠢᠨ ᠪᠦᠷᠬᠦᠭᠦᠯᠬᠦ ᠪᠠᠷ ᠴᠢᠷᠮᠠᠶᠢᠨ᠎ᠠ᠃ ᠬᠥᠳᠡᠭᠡ ᠲᠣᠰᠬᠤᠨ ᠤ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠳᠤᠨ ᠬᠥᠭᠵᠢᠬᠦ ᠶᠢ ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠶ ᠬᠢᠭᠡᠳ ᠰᠡᠯᠡᠭᠦᠴᠡᠯ ᠵᠢᠭᠤᠯᠴᠢᠯᠠᠯ᠂ ᠡᠷᠡᠭᠦᠯ ᠮᠡᠨᠳᠦ ᠪᠡᠶ᠎ᠡ ᠰᠤᠪᠢᠯᠠᠯᠲᠠ᠂  ᠡᠯᠧᠺᠲᠷᠣᠨ  ᠬᠤᠳᠠᠯᠳᠤᠭᠠᠨ ᠤ ᠶᠠᠪᠤᠳᠠᠯ ᠵᠡᠷᠭᠡ ᠶᠢᠨ ᠭᠦᠨᠵᠡᠭᠡᠶ ᠠᠭᠤᠰᠤᠯᠴᠠᠯ ᠢ ᠲᠦᠯᠬᠢᠨ ᠠᠬᠢᠭᠤᠯᠵᠤ᠂ ᠦᠵᠡᠭᠦᠯᠦᠯᠭᠡ ᠶᠢᠨ ᠲᠠᠷᠢᠶᠠᠯᠠᠩ᠂ ᠪᠡᠶᠡᠴᠢᠯᠡᠨ ᠣᠶᠢᠯᠠᠭᠠᠬᠤ ᠲᠠᠷᠢᠶᠠᠯᠠᠩ᠂ ᠪᠦᠲᠦᠭᠡᠯᠴᠢ ᠲᠠᠷᠢᠶᠠᠯᠠᠩ ᠵᠡᠷᠭᠡ ᠰᠢᠨ᠎ᠡ ᠠᠵᠤ ᠦᠶ᠋ᠯᠡᠰ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠵᠦ ᠂ ᠲᠠᠷᠢᠶᠠᠨ ᠭᠠᠵᠠᠷ ᠤᠨ ᠲᠠᠷᠢᠶᠠᠯᠠᠩ ᠤᠨ ᠰᠢᠨᠵᠢᠯᠡᠬᠦ ᠤᠬᠠᠭᠠᠨ᠂ ᠰᠢᠨ ᠯᠠᠨ ᠵᠠᠮ ᠤᠨ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ᠂ ᠢ ᠨᠦᠸᠧ ᠲᠥᠮᠡᠨ ᠮᠥ ᠰᠠᠷᠭᠠᠶ ᠴᠡᠴᠡᠭ ᠤᠨ ᠠᠵᠤ ᠦᠢᠯᠡᠰ ᠤᠨ ᠬᠦᠷᠢᠶᠡᠯᠡᠩ ᠪᠠ 5000 ᠮᠦ ᠠᠵᠤ ᠠᠬᠤᠢ ᠶᠢᠨ ᠣᠢ ᠶᠢᠨ ᠲᠥᠷᠥᠯ ᠵᠦᠶ᠋ᠯ ᠤᠨ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠬᠤ ᠪᠠ ᠡᠷᠭᠢᠯᠲᠡ ᠳᠤ ᠣᠷᠣᠭᠤᠯᠬᠤ ᠠᠵᠢᠯ ᠢ ᠢᠳᠡᠪᠬᠢᠲᠡᠶ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ ᠵᠠᠰᠠᠯᠲᠠ ᠶᠢ ᠤᠯᠠᠮ ᠨᠢᠭᠡ ᠠᠯᠬᠤᠮ ᠴᠢᠩᠭᠠᠳᠬᠠᠨ ᠰᠢᠨ᠎ᠡ ᠶᠢ ᠡᠭᠦᠳᠴᠦ᠂ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠨᠢᠭᠡ ᠪᠦᠯᠦᠭ ᠦᠢᠯᠡᠳᠪᠦᠷᠢᠯᠡᠯ ᠤᠨ ᠦᠷ᠎ᠡ ᠠᠰᠢᠭ᠂ ᠠᠮᠢᠳᠤᠷᠠᠯ ᠤᠨ ᠴᠢᠨᠠᠷ ᠴᠢᠨᠰᠠᠭ᠎ᠠ᠂ ᠠᠮᠢ ᠠᠬᠤᠢ ᠶᠢᠨ ᠦᠨ᠎ᠡ ᠥᠷᠲᠡᠭ ᠲᠠᠢ ᠦᠵᠡᠰᠬᠦᠯᠡᠩᠲᠦ ᠰᠠᠶᠢᠬᠠᠨ ᠵᠣᠯ ᠵᠢᠷᠭᠠᠯᠲᠤ ᠲᠣᠰᠬᠤᠨ ᠪᠠᠯᠭᠠᠰᠤ ᠶᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠢ ᠦᠵᠡᠰᠬᠦᠯᠡᠩᠲᠦ ᠰᠠᠶᠢᠬᠠᠨ ᠪᠠᠶᠢᠯᠭᠠᠵᠤ᠂ ᠨᠤᠲᠤᠭ ᠤᠰᠤ ᠪᠠᠨ ᠡᠷᠭᠢᠨ ᠰᠠᠨᠠᠬᠤ ᠳᠤ ᠤᠷᠮᠠᠲᠠᠢ ᠵᠥᠭ ᠬᠥᠲᠥᠯᠥᠨ᠎ᠡ᠃      ᠲᠣᠮᠣ ᠳ᠋ᠠᠶᠢᠲ᠋ᠠ ᠶᠢᠨ ᠠᠵᠤ ᠦᠢᠯᠡᠰ ᠢ ᠢᠳᠡᠪᠬᠢᠲᠡᠶ ᠬᠥᠭᠵᠢᠭᠦᠯᠦᠨ᠎ᠡ᠃ ᠤᠯᠤᠰ ᠠᠴᠠ ᠲᠣᠮᠣ ᠳ᠋ᠠᠶᠢᠲ᠋ᠠ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠠᠵᠠ ᠲᠣᠬᠢᠶᠠᠯ ᠢ ᠴᠢᠩᠭ᠎ᠠ ᠠᠳᠬᠤᠵᠤ᠂ ᠳᠤᠮᠳᠠᠳᠤ ᠤᠯᠤᠰ ᠠᠴᠠ ᠤᠮᠠᠷᠠᠲᠤ ᠶᠢᠨ ᠲᠣᠮᠣ ᠳ᠋ᠠᠶᠢᠲ᠋ᠠ ᠶᠢᠨ ᠲᠥᠪ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠲᠣᠮᠣ ᠳ᠋ᠠᠶᠢᠲ᠋ᠠ ᠶᠢᠨ ᠭᠤᠤᠯᠯᠠᠬᠤ ᠡᠵᠡᠩᠨᠡᠯᠲᠡ ᠶᠢᠨ ᠬᠡᠯᠪᠡᠷᠢ᠂ ᠬᠤᠯᠪᠣᠭᠳᠠᠬᠤ ᠡᠵᠡᠩᠨᠡᠯᠲᠡ ᠶᠢᠨ ᠬᠡᠯᠪᠡᠷᠢ ᠪᠠ ᠡᠭᠦᠰᠦᠮᠡᠯ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠢ ᠤᠶᠠᠯᠳᠤᠭᠤᠯᠤᠨ᠂ ᠲᠤᠭ᠎ᠠ ᠪᠠᠷᠢᠮᠲᠠ ᠶᠢ ᠬᠠᠳᠠᠭᠠᠯᠠᠬᠤ᠂ ᠳᠠᠭᠤᠳᠠᠨ ᠭᠠᠳᠠᠭᠰᠢ ᠳᠠᠭᠠᠭᠠᠴᠢᠯᠠᠭᠤᠯᠬᠤ᠂ ᠵᠥᠭᠡᠯᠡᠨ ᠲᠣᠨᠤᠭ ᠢ ᠨᠡᠭᠡᠭᠡᠨ ᠬᠥᠭᠵᠢᠭᠦᠯᠬᠦ ᠵᠡᠷᠭᠡ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃ ᠭᠤᠣᠯᠯᠠᠬᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠵᠢᠨᠢᠩ ᠠᠴᠠ ᠪᠡᠭᠡᠵᠢᠩ ᠬᠦᠷᠬᠦ ᠬᠤᠶᠠᠳᠤᠭᠠᠷ ᠶᠡᠭᠡ ᠪᠠᠭᠲᠠᠭᠠᠮᠵᠢ ᠶᠢᠨ ᠰᠢᠭᠤᠳ ᠨᠡᠪᠲᠡᠷᠡᠬᠦ ᠭᠡᠷᠡᠯᠯᠢᠭ ᠳᠡᠭᠡᠰᠦ ᠶᠢ ᠨᠡᠪᠲᠡᠷᠡᠭᠦᠯᠵᠦ᠂ ᠠᠯᠮᠤᠷᠠᠳ᠂ ᠠ ᠯᠢ ᠪᠠ ᠪᠠ᠂ ᠠᠽᠢᠶ᠎ᠠ ᠲᠢᠪ ᠤᠨ ᠬᠠᠮᠵᠢᠯᠴᠠᠬᠤ ᠪᠠ ᠢᠲᠡᠭᠡᠯᠴᠡᠬᠦ ᠠᠷᠭ᠎ᠠ ᠬᠡᠮᠵᠢᠶᠡᠨ ᠤ ᠬᠤᠷᠠᠯ ᠤᠨ ᠮᠡᠳᠡᠭᠡ ᠵᠠᠩᠭᠢ ᠶᠢᠨ ᠭᠠᠷᠠᠮ᠂ ᠶᠸᠦ ᠺᠧ ᠳ᠋ᠧ᠂ ᠲᠦᠩ ᠵᠧᠦ ᠬᠥᠢ ᠲᠥᠩ ᠵᠡᠷᠭᠡ ᠲᠣᠮᠣ ᠳ᠋ᠠᠶᠢᠲ᠋ᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠸᠠ ᠸᠧᠢ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠤᠯᠤᠰ᠂ ᠠᠵᠢᠯ ᠲᠥᠷᠥᠯ᠂ ᠣᠷᠣᠨ ᠪᠦᠰᠡ ᠶᠢᠨ ᠳ᠋ᠠᠶᠢᠲ᠋ᠠ ᠶᠢᠨ ᠡᠬᠢ ᠪᠠᠶᠠᠯᠢᠭ ᠢ ᠢᠳᠡᠪᠬᠢᠲᠡᠢ ᠣᠷᠣᠭᠤᠯᠤᠨ ᠠᠪᠴᠢᠷᠠᠵᠤ᠂ ᠤᠯᠤᠰ ᠠᠴᠠ ᠲᠣᠮᠣ ᠳ᠋ᠠᠶᠢᠲ᠋ᠠ ᠶᠢᠨ ᠭᠠᠮᠰᠢᠭ ᠠᠴᠠ ᠰᠡᠷᠭᠡᠶᠢᠯᠡᠬᠦ ᠲᠥᠪ ᠢ ᠪᠦᠲᠦᠭᠡᠨ ᠪᠠᠶᠢᠭᠤᠯᠵᠤ᠂ ᠲᠣᠮᠣ ᠳ᠋ᠠᠶᠢᠲ᠋ᠠ ᠶᠢᠨ ᠠᠵᠤ ᠦᠢᠯᠡᠰ ᠤᠨ ᠲᠥᠪᠯᠡᠷᠡᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠡᠨᠡ ᠵᠢᠯ ᠤᠨ ᠳᠣᠲᠣᠷ᠎ᠠ ᠦᠢᠯᠡᠴᠢᠯᠡᠭᠦᠷ ᠮᠠᠰᠢᠨ ᠢ 10 ᠲᠦᠮᠡᠨ ᠰᠠᠭᠤᠷᠢ ᠪᠣᠯᠭᠠᠬᠤ ᠪᠠᠷ ᠴᠢᠷᠮᠠᠶᠢᠨ᠎ᠠ᠃ ᠬᠤᠯᠪᠣᠭᠳᠠᠬᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠭᠦᠨᠵᠡᠭᠡᠶ ᠥᠷᠭᠡᠳᠬᠡᠪᠡ᠃ ᠳᠠᠭᠤᠳᠠᠵᠤ ᠭᠠᠳᠠᠭᠰᠢ ᠳᠠᠭᠠᠭᠠᠴᠢᠯᠠᠭᠤᠯᠬᠤ᠂ ᠬᠠᠷᠠᠭᠠᠨ ᠰᠡᠷᠡᠯ ᠤᠨ ᠠᠵᠤ ᠦᠢᠯᠡᠳᠪᠦᠷᠢ ᠵᠡᠷᠭᠡ ᠠᠵᠤ ᠦᠢᠯᠡᠰ ᠢ ᠭᠤᠣᠯᠳᠠᠯᠭ᠎ᠠ ᠲᠠᠢ ᠪᠠᠷ ᠬᠥᠭᠵᠢᠭᠦᠯᠦᠨ᠎ᠡ᠃ ᠬᠤᠸᠠ ᠳᠠᠩ᠂ ᠪᠥᠸᠧ ᠶᠤᠸᠠᠢ᠂ ᠬᠤᠩ ᠯᠢᠶᠠᠨ 95 ᠵᠡᠷᠭᠡ ᠠᠵᠤ ᠠᠬᠤᠢᠢᠯᠠᠯ ᠢᠶᠠᠷ ᠲᠦᠰᠢᠭ ᠪᠣᠯᠭᠠᠵᠤ᠂ ᠬᠤᠯᠪᠣᠭᠳᠠᠯ ᠪᠦᠬᠦᠢ ᠠᠵᠤ ᠠᠬᠤᠢᠯᠠᠯ ᠢ ᠣᠷᠣᠭᠤᠯᠤᠨ ᠠᠪᠴᠢᠷᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠳᠠᠭᠤᠳᠠᠯᠲᠠ ᠶᠢᠨ ᠭᠠᠳᠠᠭᠰᠢ ᠳᠠᠭᠠᠭᠠᠴᠢᠯᠠᠭᠤᠯᠬᠤ ᠰᠠᠭᠤᠳᠠᠯ ᠤᠨ ᠬᠡᠪᠴᠢᠶ᠎ᠡ ᠶᠢ ᠲᠦᠮᠡᠨ ᠰᠠᠭᠤᠳᠠᠯ ᠪᠣᠯᠭᠠᠵᠤ᠂ ᠤᠮᠠᠷᠠᠲᠤ ᠣᠷᠣᠨ ᠤ ᠬᠠᠮᠤᠭ ᠤᠨ ᠶᠡᠭᠡ ᠬᠡᠪᠴᠢᠶ᠎ᠡ ᠲᠠᠢ ᠳᠠᠭᠤᠳᠠᠯᠲᠠ ᠶᠢᠨ ᠲᠥᠪ ᠤᠨ ᠠᠵᠤ ᠦᠢᠯᠡᠰ ᠤᠨ ᠲᠥᠪᠯᠡᠷᠡᠭᠰᠡᠨ ᠣᠷᠣᠨ ᠢ ᠬᠦᠴᠦᠯᠡᠨ  ᠪᠠᠶᠢᠭᠤᠯᠤᠨ᠎ᠠ᠃ ᠡᠭᠦᠰᠦᠮᠡᠯ ᠡᠵᠡᠩᠨᠡᠯᠲᠡ ᠶᠢᠨ ᠬᠡᠯᠪᠡᠷᠢ ᠪᠠᠶᠢᠳᠠᠯ ᠢ ᠦᠳᠲᠡᠷ ᠲᠦᠷᠭᠡᠨ ᠥᠷᠭᠡᠳᠬᠡᠨ᠎ᠡ᠃ ᠪᠠᠶ ᠳ᠋ᠦ᠋ ᠠᠳᠠᠯ ᠦᠶ᠋ᠯᠡᠰ ᠴᠣᠭᠴᠠᠯᠠᠵᠤ ᠰᠢᠨ᠎ᠡ ᠶᠢ ᠡᠭᠦᠳᠬᠦ ᠲᠥᠪ᠂ ᠵᠥᠭᠡᠯᠡᠨ ᠨᠡᠪᠳᠡᠷᠡᠮᠡᠯ ᠬᠥᠳᠡᠯᠭᠡᠬᠦ ᠬᠦᠴᠦᠨ ᠤ ᠬᠥᠭᠵᠢᠮ ᠤᠨ ᠦᠢᠯᠡᠰ ᠤᠨ ᠣᠷᠣᠨ ᠵᠠᠶ ᠶᠢᠨ ᠨᠡᠪᠴᠢᠭᠦᠯᠬᠦ ᠦᠶ᠋ᠯᠡᠳᠦᠯ ᠢ ᠪᠠᠳᠠᠷᠠᠭᠤᠯᠵᠤ᠂ ᠨᠢᠭᠡ ᠪᠦᠯᠦᠭ ᠲᠣᠮᠣ ᠳ᠋ᠠᠶᠢᠲ᠋ᠠ ᠶᠢᠨ ᠬᠡᠷᠡᠭᠯᠡᠭᠡᠨ ᠤ ᠠᠵᠤ ᠠᠬᠤᠢᠢᠯᠠᠯ ᠢ ᠴᠤᠭᠯᠠᠭᠤᠯᠤᠨ᠂ ᠲᠣᠮᠣ ᠳ᠋ᠠᠶᠢᠲ᠋ᠠ ᠶᠢᠨ ᠠᠮᠢ ᠠᠬᠤᠢ ᠶᠢᠨ ᠣᠷᠴᠢᠨ ᠲᠣᠭᠤᠷᠢᠨ᠂ ᠰᠤᠷᠭᠠᠨ ᠬᠥᠮᠦᠵᠢᠯ ᠡᠮᠴᠢᠯᠡᠭᠡ᠂ ᠨᠡᠢᠭᠡᠮ ᠤᠨ ᠪᠠᠲᠤᠯᠠᠭ᠎ᠠ᠂ ᠵᠠᠰᠠᠭ ᠤᠨ ᠶᠠᠪᠤᠳᠠᠯ ᠤᠨ ᠦᠶ᠋ᠯᠡᠴᠢᠯᠡᠭᠡ ᠵᠡᠷᠭᠡ ᠡᠯ᠎ᠡ ᠬᠦᠷᠢᠶᠡᠨ ᠳᠠᠬᠢ ᠬᠡᠷᠡᠭᠯᠡᠯᠲᠡ ᠶᠢ ᠠᠬᠢᠭᠤᠯᠵᠤ᠂ ᠠᠳᠠᠯ ᠦᠶ᠋ᠯᠡᠰ ᠴᠣᠭᠴᠠᠯᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠬᠦᠴᠦᠯᠡᠨ ᠪᠠᠢᠭᠤᠯᠤᠨ᠎ᠠ᠃      ᠪᠠᠷᠠᠭ᠎ᠠ ᠰᠤᠯᠢᠯᠴᠠᠭᠠᠨ ᠤ ᠲᠣᠮᠣ ᠠᠵᠤ ᠦᠶ᠋ᠯᠡᠰ ᠢ ᠲᠦᠷᠭᠡᠳᠬᠡᠨ ᠬᠥᠭᠵᠢᠭᠦᠯᠦᠨ᠎ᠡ᠃ ᠣᠷᠣᠨ ᠪᠦᠰᠡ ᠶᠢᠨ ᠴᠢᠨᠠᠷᠲᠠᠶ ᠠᠷᠠᠯᠵᠢᠶ᠎ᠠ ᠬᠤᠳᠠᠯᠳᠤᠭᠠᠨ ᠤ ᠪᠠᠷᠠᠭ᠎ᠠ ᠶᠢᠨ ᠰᠤᠯᠢᠯᠴᠠᠭᠠᠨ ᠤ ᠲᠥᠪ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠵᠠᠰᠠᠮᠠᠯ ᠵᠠᠮ᠂ ᠲᠡᠮᠦᠷ ᠵᠠᠮ᠂ ᠠᠭᠠᠷ ᠠᠶᠠᠯᠠᠯ ᠤᠨ ᠵᠠᠮ ᠬᠠᠷᠢᠯᠴᠠᠭᠠᠨ ᠤ ᠲᠣᠤᠷ ᠰᠦᠯᠵᠢᠶᠡᠨ ᠤ ᠡᠳᠦᠷ ᠢᠷᠡᠬᠦᠶ᠎ᠡ ᠲᠡᠭᠦᠯᠳᠡᠷᠵᠢᠵᠦ ᠪᠠᠢᠶ᠋ᠭ᠎ᠠ ᠰᠢᠨ᠎ᠡ ᠳᠠᠪᠠᠭᠤᠯᠢᠭ ᠲᠤ ᠲᠦᠰᠢᠭᠯᠡᠨ᠂ ︽ᠨᠢᠭᠡ ᠪᠦᠰᠡ ᠨᠢᠭᠡ ᠵᠠᠮ︾ ᠪᠣᠯᠤᠨ ︽ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ︾᠎ ᠤᠨ ᠬᠤᠰᠢᠭᠤᠴᠢ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠰᠢᠨ᠎ᠡ ᠠᠵᠠ ᠲᠣᠬᠢᠶᠠᠯ ᠢ ᠠᠳᠬᠤᠨ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡᠨ ᠤ ᠠᠭᠤᠯᠵᠠᠷ ᠤᠨ ᠵᠠᠩᠭᠢᠯᠠᠭ᠎ᠠ ᠶᠢᠨ ᠬᠤᠲᠠ ᠪᠣᠯᠬᠤ ᠡᠨᠡ ᠬᠦ ᠰᠢᠨ᠎ᠡ ᠲᠠᠪᠴᠠᠩ ᠢ ᠰᠠᠶᠢᠲᠤᠷ ᠠᠰᠢᠭᠯᠠᠵᠤ᠂ ᠳᠣᠯᠣᠳᠤᠭᠠᠷ ᠰᠤᠮᠤ ᠶᠢᠨ ᠳᠤᠮᠳᠠᠳᠤ ᠧᠦ᠋ᠷᠣᠫᠠ ᠤᠨ ᠵᠢᠰᠢᠶᠠᠨ ᠤ ᠭᠠᠯᠲᠤ ᠲᠡᠷᠭᠡ ᠶᠢᠨ ᠪᠠᠷᠠᠭ᠎ᠠ ᠶᠢᠨ ᠭᠦᠶ᠋ᠯᠭᠡᠭᠡᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠲᠡᠮᠦᠷ ᠵᠠᠮ ᠤᠨ ᠪᠣᠭᠤᠮᠲᠠ᠂ ᠨᠢᠰᠬᠡᠯ ᠤᠨ ᠪᠠᠭᠤᠳᠠᠯ ᠤᠨ ᠲᠦᠷ ᠴᠠᠭ ᠤᠨ ᠪᠣᠭᠤᠮᠲᠠ ᠶᠢ ᠨᠡᠪᠲᠡᠷᠡᠭᠦᠯᠬᠦ ᠪᠠᠷ ᠴᠢᠷᠮᠠᠶᠢᠵᠤ᠂ ᠵᠢᠯ ᠤᠨ ᠳᠣᠲᠣᠷ᠎ᠠ 120 ᠳᠤᠮᠳᠠᠳᠤ ᠧᠦ᠋ᠷᠣᠫᠠ ᠤᠨ ᠵᠢᠰᠢᠶᠠᠨ ᠤ ᠭᠠᠯᠲᠤ ᠲᠡᠷᠭᠡ ᠶᠢ ᠪᠠᠶᠢᠭᠤᠯᠵᠤ᠂ ᠪᠠᠷᠠᠭ᠎ᠠ ᠣᠷᠣᠭᠤᠯᠵᠤ ᠭᠠᠷᠭᠠᠬᠤ ᠬᠡᠮᠵᠢᠶ᠎ᠡ ᠶᠢ 3 ᠲᠦᠮᠡᠨ ᠲᠣᠨ ᠳᠤ ᠬᠦᠷᠭᠡᠬᠦ ᠪᠠᠷ ᠲᠥᠯᠥᠪᠯᠡᠵᠦ ᠪᠠᠢᠨ᠎ᠠ᠃ ᠵᠢᠨᠢᠩ ᠤᠨ ᠣᠳᠣ ᠦᠶ᠎ᠡ ᠶᠢᠨ ᠪᠠᠷᠠᠭ᠎ᠠ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠢ ᠭᠤᠶᠤᠴᠢᠯᠠᠨ ᠮᠡᠳᠡᠭᠦᠯᠵᠦ ᠪᠦᠲᠦᠭᠡᠨ ᠪᠠᠶᠢᠭᠤᠯᠬᠤ ᠠᠵᠢᠯ ᠢ ᠲᠦᠷᠭᠡᠳᠬᠡᠨ᠂ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠣᠷᠣᠨ ᠪᠣᠯᠤᠨ ᠨᠡᠶᠢᠲᠡ ᠶᠢᠨ ᠬᠡᠷᠡᠭᠯᠡᠭᠡᠨ ᠤ ᠴᠢᠨᠠᠷᠲᠠᠢ ᠭᠠᠶᠢᠯᠢ ᠪᠠᠲᠤᠯᠠᠬᠤ ᠬᠥᠮᠥᠷᠭᠡ ᠶᠢ ᠭᠤᠶᠤᠴᠢᠯᠠᠨ ᠡᠵᠡᠩᠨᠡᠬᠦ ᠶᠢ ᠪᠡᠶᠡᠯᠡᠭᠦᠯᠵᠦ᠂ ᠠᠵᠤ ᠦᠢᠯᠡᠰ ᠤᠨ ᠲᠥᠪᠯᠡᠷᠡᠯ ᠤᠨ ᠬᠦᠴᠦᠨ ᠪᠣᠯᠤᠨ ᠳᠠᠭᠠᠭᠠᠴᠠ ᠶᠢ ᠳᠡᠭᠡᠭᠰᠢᠯᠡᠭᠦᠯᠦᠨ᠎ᠡ᠃ ᠤᠮᠠᠷᠠᠲᠤ ᠶᠢᠨ ᠡᠬᠡ ᠬᠠᠭᠤᠷᠠᠶ ᠶᠢᠨ ᠭᠠᠷᠠᠮ ᠤᠨ ᠬᠢᠯᠢ ᠠᠯᠤᠰᠯᠠᠭᠰᠠᠨ  ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠭᠠᠶᠢᠯᠢ ᠪᠠᠲᠤᠯᠠᠬᠤ ᠬᠥᠮᠥᠷᠭᠡᠯᠡᠨ ᠬᠠᠳᠠᠭᠠᠯᠠᠬᠤ᠂ ᠡᠳ᠋ ᠪᠠᠷᠠᠭ᠎ᠠ ᠶᠢᠨ ᠭᠦᠶ᠋ᠯᠭᠡᠭᠡᠨ ᠤ ᠲᠣᠬᠢᠷᠠᠭᠤᠯᠤᠨ ᠬᠦᠷᠭᠡᠬᠦ᠂ ᠬᠤᠪᠢᠶᠠᠨ ᠡᠳ᠋ᠰᠢᠭᠦᠯᠬᠦ ᠭᠤᠷᠪᠠᠨ ᠬᠦᠷᠢᠶᠡᠯᠡᠩ ᠲᠣᠭᠤᠷᠢᠭ ᠢ ᠪᠠᠶᠢᠭᠤᠯᠤᠨ ᠪᠦᠲᠦᠭᠡᠵᠦ᠂ ᠡᠳ᠋ ᠪᠠᠷᠠᠭ᠎ᠠ ᠶᠢᠨ ᠭᠦᠶ᠋ᠯᠭᠡᠭᠡᠨ ᠤ ᠡᠳ᠋ᠰᠢᠭᠦᠯᠦᠯᠲᠡ᠂ ᠲᠠᠸᠠᠷ ᠤᠨ ᠲᠥᠪᠯᠡᠷᠡᠭᠦᠯᠬᠦ ᠲᠠᠷᠬᠠᠭᠠᠬᠤ ᠬᠤᠪᠢᠶᠠᠨ ᠢᠯᠭᠠᠬᠤ ᠲᠦᠷᠭᠡᠨ ᠬᠦᠷᠭᠡᠬᠦ ᠵᠡᠷᠭᠡ ᠳᠡᠭᠡᠷ᠎ᠠ ᠳᠣᠣᠷ᠎ᠠ ᠤᠷᠤᠰᠬᠠᠯ ᠤᠨ ᠠᠵᠤ ᠦᠶ᠋ᠯᠡᠰ ᠢ ᠲᠠᠰᠤᠷᠠᠯᠲᠠ ᠥᠬᠡᠶ ᠥᠷᠭᠡᠳᠬᠡᠨ᠂ ᠣᠳᠣ ᠦᠶ᠎ᠡ ᠶᠢᠨ ᠡᠳ᠋ ᠪᠠᠷᠠᠭ᠎ᠠ  ᠰᠤᠯᠢᠯᠴᠠᠭᠠᠨ ᠤ ᠪᠥᠬᠦ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ᠂ ᠣᠷᠣᠰ ᠮᠣᠩᠭᠤᠯ ᠤᠨ ᠡᠯᠧᠺᠳ᠋ᠷᠣᠨ ᠬᠤᠳᠠᠯᠳᠤᠭᠠᠨ ᠤ ᠠᠵᠤ ᠠᠬᠤᠢᠢᠯᠠᠯ ᠤᠨ ᠣᠷᠣᠯᠠᠨ ᠮᠠᠯᠲᠠᠬᠤ ᠣᠷᠣᠯᠠᠨ ᠪᠣᠷᠣᠯᠠᠭᠤᠯᠬᠤ ᠰᠠᠭᠤᠷᠢᠨ ᠭᠠᠵᠠᠷ ᠢ ᠪᠠᠶᠢᠭᠤᠯᠤᠨ᠎ᠠ᠃      ᠵᠢᠭᠤᠯᠴᠢᠯᠠᠯ ᠤᠨ ᠲᠣᠮᠣ ᠠᠵᠤ ᠦᠢᠯᠡᠰ ᠢ ᠪᠦᠬᠦ ᠲᠠᠯ᠎ᠠ ᠪᠠᠷ ᠬᠥᠭᠵᠢᠭᠦᠯᠦᠨ᠎ᠡ᠃ ︽ᠪᠡᠭᠡᠵᠢᠩ ᠬᠤᠲᠠ ᠶᠢᠨ ᠲᠡᠭᠦᠷᠭᠡ ᠶᠢᠨ ᠲᠠᠯ᠎ᠠ ᠨᠤᠲᠤᠭ ᠵᠤᠰᠠᠯᠠᠩ ᠤᠨ ᠲᠥᠪ︾᠎ ᠤᠨ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠲᠣᠭᠤᠷᠢᠨ ᠳᠤ᠂ ᠮᠠᠨ ᠤ ᠣᠷᠣᠨ ᠤ ᠲᠩᠷᠢ ᠨᠢ ᠴᠡᠯᠮᠡᠭ᠂ ᠤᠰᠤ ᠨᠢ ᠴᠡᠩᠬᠡᠷ᠂ ᠠᠭᠠᠷ ᠨᠢ ᠰᠣᠷᠭᠤᠭ᠂ ᠠᠭᠤᠷ ᠠᠮᠢᠰᠬᠤᠯ ᠨᠢ ᠰᠡᠷᠢᠭᠦᠨ ᠪᠠᠶᠢᠳᠠᠭ ᠥᠪᠡᠷᠮᠢᠴᠡ ᠳᠠᠪᠠᠭᠤᠯᠢᠭ ᠢ ᠪᠠᠳᠠᠷᠠᠭᠤᠯᠵᠤ᠂ ᠪᠥᠬᠦ ᠲᠥᠷᠥᠯ ᠤᠨ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ ᠵᠢᠭᠤᠯᠴᠢᠯᠠᠯ ᠰᠡᠯᠡᠭᠦᠴᠡᠯ ᠤᠨ ᠲᠥᠪᠯᠡᠷᠡᠭᠦᠯᠦᠨ ᠲᠠᠷᠬᠠᠭᠠᠬᠤ ᠲᠥᠪ ᠢ ᠪᠤᠢ ᠪᠣᠯᠭᠠᠨ᠎ᠠ᠃ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ ᠪᠠ ᠨᠠᠮᠴᠢ ᠴᠢᠨᠠᠷ ᠤᠨ ᠬᠥᠮᠦᠵᠢᠯ ᠤᠨ ᠰᠠᠭᠤᠷᠢᠨ ᠭᠠᠵᠠᠷ ᠢ ᠨᠠᠷᠢᠨ ᠨᠢᠮᠪᠠᠶ ᠪᠠᠶᠢᠭᠤᠯᠵᠤ᠂ ᠦᠵᠡᠮᠵᠢ ᠶᠢᠨ ᠣᠷᠣᠨ ᠤ ᠠᠭᠤᠯᠤᠭᠳᠠᠬᠤᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠲᠠᠲᠠᠬᠤ ᠬᠦᠴᠦᠨ ᠪᠠ ᠨᠥᠯᠥᠭᠡᠯᠡᠬᠦ ᠬᠦᠴᠦᠨ ᠢ ᠴᠢᠩᠭᠠᠷᠠᠭᠤᠯᠤᠨ᠎ᠠ᠃ ᠦᠵᠡᠮᠵᠢ ᠶᠢᠨ ᠣᠷᠣᠨ ᠤ ᠳᠡᠰ ᠳᠡᠪᠰᠢᠯᠲᠠ ᠶᠢ ᠲᠦᠷᠭᠡᠳᠬᠡᠵᠦ᠂ ᠵᠢᠯ ᠤᠨ ᠳᠣᠲᠣᠷ᠎ᠠ ᠨᠠᠷᠠᠰᠤᠨ ᠭᠤᠤᠯ ᠤᠨ ᠠᠮᠢ ᠠᠬᠤᠢ ᠶᠢᠨ ᠴᠡᠴᠡᠷᠯᠢᠭ ᠢ ᠤᠯᠤᠰ ᠤᠨ ᠳᠡᠰ ᠤᠨ ᠣᠰᠣᠨ ᠠᠰᠢᠭᠯᠠᠯᠲᠠ ᠶᠢᠨ ᠦᠵᠡᠮᠵᠢ ᠶᠢᠨ ᠣᠷᠣᠨ ᠪᠣᠯᠭᠠᠨ ᠪᠠᠶᠢᠭᠤᠯᠬᠤ ᠪᠠᠷ ᠴᠢᠷᠮᠠᠶᠢᠬᠤ ᠪᠥᠭᠡᠳ 4A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠤᠯᠭᠠᠬᠤ ᠪᠠᠷ ᠢᠳᠡᠪᠬᠢᠲᠡᠶ ᠮᠡᠳᠡᠭᠦᠯᠦᠨ᠎ᠡ᠃ ᠭᠤᠣᠯ ᠬᠤᠳᠠ ᠲᠣᠭᠤᠷᠢᠭ ᠤᠨ ᠵᠢᠭᠤᠯᠴᠢᠯᠠᠯ ᠤᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ︽ᠣᠶᠤᠨᠴᠢ ᠵᠢᠭᠤᠯᠴᠢᠯᠠᠯ︾᠎ ᠢ ᠢᠳᠡᠪᠬᠢᠲᠡᠢ ᠬᠥᠭᠵᠢᠭᠦᠯᠵᠦ᠂ ᠵᠢᠭᠤᠯᠴᠢᠯᠠᠯ ᠤᠨ ᠬᠥᠲᠥᠯᠥᠨ ᠵᠢᠯᠣᠭᠤᠳᠬᠤ ᠰᠢᠰᠲ᠋ᠧᠮ ᠪᠣᠯᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ ᠰᠢᠨ᠎ᠡ ᠬᠠᠭᠤᠴᠢᠨ ᠬᠤᠳᠠ ᠲᠣᠭᠤᠷᠢᠭ ᠤᠨ ᠢᠳᠡᠵᠦ ᠤᠤᠭᠤᠬᠤ ᠬᠤᠨᠣᠵᠤ ᠬᠡᠪᠲᠡᠬᠦ᠂ ᠪᠠᠷᠠᠭ᠎ᠠ ᠬᠤᠳᠠᠯᠳᠤᠨ ᠠᠪᠬᠤ᠂ ᠵᠤᠭ᠎ᠠ ᠴᠡᠩᠭᠡᠯ᠂ ᠰᠡᠯᠡᠭᠦᠴᠡᠯ ᠵᠡᠷᠭᠡ ᠢᠵᠢ ᠪᠦᠷᠢᠳᠦᠭᠰᠡᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠣᠰᠣ ᠨᠡᠮᠡᠵᠦ ᠬᠡᠢ ᠨᠡᠮᠡᠬᠦ᠂ ᠤᠰᠤ ᠬᠠᠩᠭᠠᠬᠤ ᠴᠠᠬᠢᠯᠭᠠᠨ ᠬᠠᠩᠭᠠᠬᠤ᠂ ᠲᠡᠷᠭᠡ ᠵᠣᠭᠰᠣᠵᠤ ᠬᠡᠭᠡᠷ᠎ᠡ ᠪᠠᠭᠤᠳᠠᠯᠯᠠᠬᠤ᠂ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠡᠷᠭᠡᠪᠡᠷ ᠲᠦᠯᠬᠢᠨ ᠠᠬᠢᠭᠤᠯᠵᠤ᠂ ᠭᠤᠣᠯ ᠬᠤᠳᠠ ᠶᠢᠨ ᠲᠣᠭᠤᠷᠢᠭ ᠤᠨ ᠵᠢᠭᠤᠯᠴᠢᠯᠠᠯ ᠢ ᠲᠥᠪᠯᠡᠷᠡᠭᠦᠯᠦᠨ ᠲᠠᠷᠬᠠᠭᠠᠬᠤ ᠴᠢᠳᠠᠮᠵᠢ ᠶᠢ ᠳᠡᠭᠡᠭᠰᠢᠯᠡᠭᠦᠯᠦᠨ᠎ᠡ᠃ ᠬᠤᠷᠠᠯ ᠦᠵᠡᠬᠦᠯᠦᠯᠬᠡ ᠤᠨ ᠠᠵᠤ ᠠᠬᠤᠶ ᠬᠢᠭᠡᠳ ᠵᠢᠭᠤᠯᠴᠢᠯᠠᠯ ᠤᠨ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠳᠤᠮᠳᠠᠳᠤ ᠤᠯᠤᠰ ᠠᠴᠠ ᠠᠳᠠᠯ ᠦᠶ᠋ᠯᠡᠰ ᠴᠣᠭᠴᠠᠯᠠᠵᠤ ᠰᠢᠨ᠎ᠡ ᠶᠢ ᠡᠭᠦᠳᠬᠦ ᠦᠵᠡᠬᠦᠯᠦᠯᠬᠡ᠂ ᠳᠤᠮᠳᠠᠳᠤ ᠣᠷᠣᠰ ᠮᠣᠩᠭᠤᠯ ᠤᠨ ᠢᠳᠡᠭᠡᠨ ᠤᠮᠳᠠᠭᠠᠨ ᠤ ᠰᠣᠶᠣᠯ ᠤᠨ ᠨᠠᠶᠢᠷ ᠵᠡᠷᠭᠡ ᠬᠤᠷᠠᠯ ᠦᠵᠡᠬᠦᠯᠦᠯᠬᠡ ᠤᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠡᠷᠬᠢᠯᠡᠵᠦ᠂ ᠨᠢᠭᠡ ᠪᠦᠯᠦᠭ ᠭᠤᠤᠯᠳᠠᠯᠭ᠎ᠠ ᠲᠠᠢ ᠨᠠᠷᠠᠲᠤ ᠲᠥᠷᠥᠯ ᠲᠡᠮᠳᠡᠭᠲᠦ ᠶᠢᠨ ᠦᠵᠡᠬᠦᠯᠦᠯᠬᠡ ᠶᠢ ᠪᠤᠢ ᠪᠣᠯᠭᠠᠨ᠎ᠠ᠃      ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯ ᠤᠨ ᠠᠬᠢᠴᠠ ᠶᠢ ᠲᠦᠷᠭᠡᠳᠬᠡᠨ ᠠᠬᠢᠭᠤᠯᠤᠨ᠎ᠠ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠪᠣᠯᠪᠠᠰᠤᠷᠠᠭᠤᠯᠬᠤ ᠦᠢᠯᠡᠰ ᠵᠢᠯ ᠳᠤ 35 ᠳ᠋ᠦᠩᠰᠢᠭᠤᠷ ᠮᠧᠳ᠋ᠷ ᠤᠨ ᠴᠠᠪᠠᠤᠯᠢᠭ ᠤᠭᠤᠷᠠᠭ ᠦᠢᠯᠡᠳᠪᠦᠷᠢᠯᠡᠬᠦ ᠲᠥᠷᠥᠯ ᠵᠦᠢᠯ᠂ ᠵᠢᠯ ᠳᠤ 54 ᠲᠦᠮᠡᠨ ᠬᠤᠨᠢ ᠢᠮᠠᠭ᠎ᠠ ᠨᠢᠳᠤᠯᠠᠬᠤ ᠳ᠋ᠦᠩ ᠯᠠᠢ ᠱᠦᠨ ᠮᠢᠬᠠᠨ ᠤ ᠲᠦᠷᠦᠯ ᠢ ᠪᠤᠯᠪᠠᠰᠤᠷᠠᠭᠤᠯᠬᠤ ᠲᠥᠷᠥᠯ ᠵᠦᠢᠯ ᠪᠣᠯᠤᠨ ᠵᠢᠯ ᠳᠤ 4.2 ᠲᠦᠮᠡᠨ ᠲᠣᠨ ᠴᠠᠭᠠᠨ ᠢᠳᠡᠭᠡᠨ ᠦᠢᠯᠡᠳᠪᠦᠷᠢᠯᠡᠬᠦ ᠰᠢᠤᠸᠠᠢ ᠶᠤᠸᠠᠨ ᠴᠠᠭᠠᠨ ᠢᠳᠡᠬᠡᠨ ᠤ ᠤᠢᠢᠯᠡᠰ ᠤᠨ ᠲᠥᠷᠥᠯ ᠵᠦᠢᠯ ᠤᠨ ᠪᠠᠷᠢᠮᠵᠢᠶᠠᠨ ᠳᠤ ᠬᠦᠷᠬᠦ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠦ᠂ ᠲᠦᠮᠦᠰᠦᠨ ᠴᠠᠷᠳᠠᠭᠤᠯ ᠪᠤᠯᠪᠠᠰᠤᠷᠠᠭᠤᠯᠬᠤ ᠪᠠ ᠮᠦᠡᠭᠬᠦᠨ ᠠᠭᠤᠯᠠ ᠶᠢᠨ ᠦᠬᠡᠬᠦ ᠲᠤᠰᠤ ᠶᠢᠨ ᠲᠦᠷᠦᠯ ᠵᠦᠢᠯ ᠤᠨ ᠠᠵᠢᠯ ᠢ ᠡᠬᠢᠯᠡᠭᠦᠯᠦᠨ ᠪᠦᠲᠦᠭᠡᠨ ᠪᠠᠶᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠪᠣᠯᠪᠠᠰᠤᠷᠠᠭᠤᠯᠬᠤ ᠦᠢᠯᠡᠰ ᠢ ᠤᠯᠠᠮ ᠨᠢᠭᠡ ᠠᠯᠬᠤᠮ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠨᠡᠷᠡᠨ ᠤ ᠬᠡᠷᠡᠯ ᠤᠨ ᠥᠨᠳᠥᠷ ᠳᠠᠷᠤᠯᠲᠠᠳᠦ ᠴᠠᠭᠠᠰᠤ ᠪᠣᠯᠭᠠᠬᠤ᠂ ᠬᠠᠢ ᠯᠢ ᠡᠯᠺᠧᠳ᠋ᠷᠤᠨ ᠤ ᠬᠤᠶᠠᠳᠤᠭᠠᠷ ᠬᠤᠭᠤᠴᠠᠭ᠎ᠠ᠂ ᠮᠦ ᠱᠸᠡᠭ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠬᠡᠯᠪᠡᠷᠢ ᠶᠢᠨ ᠭᠤᠯᠭᠤᠷᠢᠭᠤᠯᠬᠤ ᠲᠣᠰᠣ ᠵᠡᠷᠭᠡ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠨ ᠠᠬᠢᠭᠤᠯᠵᠤ᠂ ᠬᠤᠭ ᠨᠣᠪᠰᠢ ᠴᠠᠬᠢᠯᠭᠠᠨ ᠭᠠᠷᠭᠠᠬᠤ᠂ ᠳᠤᠮᠳᠠ ᠪᠥᠭᠡᠭᠡᠨᠡᠷᠡᠯ ᠯᠢ ᠽᠢ ᠳ᠋ᠢᠶᠠᠨ ᡂᠢ᠂ ᠰᠠᠨ ᠰᠢᠨ ᠪᠤᠳᠠᠳᠦ ᠠᠵᠤ ᠦᠢᠯᠡᠰ ᠤᠨ ᠨᠡᠭᠦᠷᠡᠰᠦᠨ ᠤ ᠡᠳ᠋ ᠪᠣᠯᠤᠨ ᠯᠢ ᠳ᠋ᠢᠶᠠᠨ ᡂᠢ ᠶᠢᠨ ᠠᠷᠭ᠎ᠠ ᠪᠢᠯᠢᠭ ᠤᠨ ᠮᠠᠲ᠋ᠧᠷᠢᠶᠠᠯ ᠢ ᠥᠷᠭᠡᠳᠬᠡᠬᠦ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠳᠡᠬᠡᠷ᠎ᠠ ᠳᠣᠣᠷ᠎ᠠ ᠤᠷᠤᠰᠬᠠᠯ ᠶᠢᠨ ᠠᠵᠤ ᠦᠢᠯᠡᠰ ᠢ ᠲᠠᠰᠤᠷᠠᠯᠲᠠ ᠥᠬᠡᠶ ᠥᠷᠭᠡᠳᠬᠡᠨ᠂ ᠠᠵᠤ ᠦᠢᠯᠡᠰ ᠤᠨ ᠬᠡᠯᠬᠢᠶ᠎ᠠ ᠶᠢ ᠦᠷᠬᠡᠳᠬᠡᠵᠦ᠂ ᠠᠵᠦ ᠤᠢᠢᠯᠡᠰ ᠤᠨ ᠲᠦᠪᠯᠡᠷᠡᠭᠰᠡᠨ ᠬᠦᠭᠵᠢᠯᠳᠠ ᠶᠢ ᠪᠦᠷᠢᠯᠳᠦᠬᠦᠯᠦᠨ᠎ᠠ᠃ ᠯᠢᠶᠠᠩ ᠹᠠᠩ ᠡᠮ ᠡᠮᠨᠡᠯᠭᠡ ᠶᠢᠨ ᠠᠵᠤ ᠦᠢᠯᠡᠰ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠢᠶᠠᠨ ᠢᠦᠢ ᠳ᠋ᠠ ᠠᠮᠢᠳᠤ ᠪᠣᠳᠠᠰ ᠤᠨ ᠡᠮ ᠦᠢᠯᠡᠳᠬᠦ᠂ ᠵᠢᠩ ᠳ᠋ᠦᠩ ᠡᠮ ᠤᠨ ᠦᠢᠯᠡᠰ ᠤᠨ ᠲᠥᠷᠥᠯ ᠵᠦᠢᠯ ᠢ ᠤᠷᠤᠭᠰᠢᠲᠠᠢ ᠡᠵᠡᠩᠨᠡᠬᠦ ᠶᠢ ᠠᠬᠢᠭᠤᠯᠤᠨ᠎ᠠ᠃ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠲᠤ ᠮᠢᠩ ᠶᠠᠩ ᠤᠨ ᠰᠠᠯᠬᠢᠨ ᠬᠦᠴᠦᠨ ᠤ ᠴᠠᠬᠢᠯᠭᠠᠨ᠂ ᠹᠸᠡᠭ ᠳ᠋ᠢᠶᠠᠨ ᠡᠨᠧᠷᠭᠢ ᠶᠢᠨ ᠰᠤᠷᠪᠤᠯᠵᠢ᠂ ᠲᠦᠩ ᠱᠧᠩ ᠲᠠ ᠲᠦᠩ ᠵᠡᠷᠭᠡ 3 ᠺᠣᠮᠫᠠᠨᠢ ᠶᠢᠨ ᠦᠢᠯᠡᠳᠪᠦᠷᠢᠯᠡᠯ ᠢᠶᠠᠨ ᠡᠬᠢᠯᠡᠭᠦᠯᠬᠦ ᠶᠢ ᠭᠤᠣᠯᠳᠠᠯᠭ᠎ᠠ ᠲᠠᠢ ᠪᠠᠷ ᠲᠦᠯᠬᠢᠨ ᠠᠬᠢᠭᠤᠯᠵᠤ᠂ ᠪᠡᠭᠡᠵᠢᠩ ᠤᠨ ᠵᠥᠩ ᠨᠧᠩ ᠵᠢᠥ ᠵᠧᠦ ᠶᠢᠨ ᠵᠢᠯ ᠳᠤ 6000 ᠣᠶᠤᠨᠴᠢ ᠰᠤᠪᠤᠷᠭᠠᠨ ᠬᠡᠯᠪᠡᠷᠢ ᠶᠢᠨ ᠲᠣᠰᠣ ᠰᠤᠭᠤᠯᠬᠤ ᠮᠠᠰᠢᠨ ᠦᠢᠯᠡᠳᠬᠦ ᠵᠦᠢᠯᠡᠰ ᠢ ᠰᠠᠶᠢᠲᠤᠷ ᠠᠳᠬᠤᠨ᠎ᠠ᠃ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ᠂ ᠰᠢᠨ᠎ᠡ ᠡᠨᠧᠷᠭᠢ ᠶᠢᠨ ᠰᠤᠷᠪᠤᠯᠵᠢ ᠶᠢ ᠬᠡᠷᠡᠭᠯᠡᠬᠦ ᠮᠠᠰᠢᠨ ᠲᠡᠷᠭᠡ᠂ ᠤᠶᠤᠯᠢᠭ ᠦᠢᠯᠡᠳᠬᠦ ᠵᠡᠷᠭᠡ ᠬᠦᠷᠢᠶ᠎ᠡ ᠲᠠᠢ ᠤᠶᠠᠯᠳᠤᠭᠤᠯᠤᠨ᠂ ᠨᠢᠭᠡ ᠪᠦᠯᠦᠭ ᠲᠣᠨᠣᠭᠯᠠᠯ ᠦᠢᠯᠡᠳᠬᠦ ᠵᠦᠢᠯᠡᠰ ᠢ ᠣᠷᠣᠭᠤᠯᠤᠨ ᠠᠪᠴᠢᠷᠠᠨ᠎ᠠ᠃ ᠣᠷᠣᠨ ᠨᠤᠲᠤᠭ ᠤᠨ ᠣᠨᠴᠠᠯᠢᠭᠲᠤ ᠠᠵᠤ ᠦᠢᠯᠡᠰ ᠨᠢ ᠤᠯᠠᠨ ᠤᠯᠤᠰ ᠠᠴᠠ ᠠᠷᠠᠰᠤᠨ ᠡᠳ᠋ᠯᠡᠯ ᠤᠨ ᠬᠤᠲᠠ ᠪᠣᠯᠤᠨ ᠠᠷᠠᠰᠤ ᠰᠢᠷᠢ ᠪᠣᠯᠪᠠᠰᠤᠷᠠᠭᠤᠯᠬᠤ ᠬᠦᠷᠢᠶᠡᠯᠡᠩ ᠢᠶᠠᠷ ᠲᠠᠪᠴᠠᠩ ᠪᠣᠯᠭᠠᠵᠤ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠪᠠᠷ ᠠᠷᠠᠰᠤ ᠰᠢᠷᠢ ᠶᠢᠨ ᠦᠢᠯᠡᠳᠪᠦᠷᠢᠯᠡᠯ ᠢ ᠳᠠᠶᠢᠴᠢᠯᠠᠵᠤ᠂ ᠠᠵᠤ ᠦᠢᠯᠡᠰ ᠤᠨ ᠬᠡᠪᠴᠢᠶ᠎ᠡ᠂ ᠶᠠᠰᠤ ᠴᠢᠨᠠᠷ ᠪᠣᠯᠤᠨ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠨᠡᠶᠢᠭᠡᠮ ᠤᠨ ᠬᠥᠷᠥᠩᠭᠡ ᠶᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠠᠷᠠᠰᠤᠨ ᠡᠳ᠋ᠯᠡᠯ ᠬᠤᠪᠴᠠᠰᠤ ᠬᠤᠨᠠᠷ ᠢ ᠪᠠᠷᠢᠮᠵᠢᠶᠠᠵᠢᠭᠤᠯᠤᠭᠰᠠᠨ ᠦᠶ᠋ᠯᠡᠳᠪᠦᠷᠢ ᠶᠢᠨ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠷᠠᠰᠤᠨ ᠡᠳ᠋ᠯᠡᠯ ᠤᠨ ᠠᠵᠤ ᠦᠢᠯᠡᠰ ᠤᠨ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠤᠨ ᠳᠠᠭᠠᠭᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠰᠢᠨ ᠶᠠ ᠪᠦᠦ ᠯᠥ ᠬᠤᠳᠠᠯᠳᠤᠭᠠᠨ ᠤ ᠬᠤᠲᠠ ᠳᠤ ᠲᠦᠰᠢᠭᠯᠡᠨ᠂ ᠬᠤᠪᠴᠠᠰᠤ ᠬᠤᠨᠠᠷ ᠡᠳ᠋ᠰᠢᠭᠦᠯᠬᠦ ᠲᠣᠮᠣ ᠬᠡᠯᠪᠡᠷᠢ ᠶᠢᠨ ᠠᠵᠤ ᠠᠬᠤᠢᠢᠯᠠᠯ ᠢ ᠣᠷᠣᠭᠤᠯᠤᠨ ᠠᠪᠴᠢᠷᠠᠵᠤ᠂ ᠣᠷᠣᠰ ᠮᠣᠩᠭᠤᠯ ᠳᠤ ᠬᠠᠨᠳᠤᠭᠤᠯᠤᠭᠰᠠᠨ ᠬᠤᠪᠴᠠᠰᠤ ᠬᠤᠨᠠᠷ ᠤᠨ ᠠᠷᠠᠯᠵᠢᠶ᠎ᠠ ᠶᠢ ᠬᠥᠭᠵᠢᠭᠦᠯᠵᠦ᠂ ᠵᠢᠨᠢᠩ ᠣᠯᠠᠨ ᠤᠯᠤᠰ ᠤᠨ ᠠᠷᠠᠰᠤ ᠰᠢᠷᠢ ᠶᠢᠨ ᠬᠤᠲᠠ᠂ ᠰᠢᠨ᠎ᠡ ᠶᠠ ᠪᠦᠦ ᠯᠦ ᠬᠤᠳᠠᠯᠳᠤᠭᠠᠨ ᠤ ᠬᠤᠲᠠ ᠶᠢ ᠣᠷᠣᠰ ᠮᠣᠩᠭᠤᠯ ᠳᠤ ᠬᠠᠨᠳᠤᠭᠤᠯᠤᠭᠰᠠᠨ ᠲᠣᠮᠣ ᠬᠡᠯᠪᠡᠷᠢ ᠶᠢᠨ ᠠᠷᠠᠰᠤᠨ ᠡᠳ᠋ᠯᠡᠯ ᠤᠨ ᠰᠣᠯᠢᠯᠴᠠᠭᠠᠨ ᠤ ᠵᠠᠬ᠎ᠠ ᠳᠡᠯᠭᠡᠭᠦᠷ ᠪᠠ ᠳᠤᠮᠳᠠᠳᠤ ᠤᠯᠤᠰ ᠤᠨ ᠬᠤᠪᠴᠠᠰᠤ ᠬᠤᠨᠠᠷ ᠤᠨ ᠭᠠᠳᠠᠭᠠᠳᠤ ᠠᠷᠠᠯᠵᠢᠶᠠᠨ ᠤ ᠰᠢᠨ᠎ᠡ ᠰᠠᠭᠤᠷᠢᠨ ᠭᠠᠵᠠᠷ ᠪᠣᠯᠭᠠᠬᠤ ᠪᠠᠷ ᠴᠢᠷᠮᠠᠶᠢᠨ᠎ᠠ᠃ ︽ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ︾᠎ ᠤᠨ ᠪᠦᠲᠦᠭᠡᠨ ᠪᠠᠶᠢᠭᠤᠯᠤᠯᠲᠠ ᠶᠢᠨ ᠠᠵᠠ ᠲᠣᠬᠢᠶᠠᠯ ᠢ ᠠᠮᠵᠢᠵᠤ᠂ ᠳᠤᠮᠳᠠᠳᠤ ᠧᠦ᠋ᠷᠣᠫᠠ ᠤᠨ ᠵᠢᠰᠢᠶᠠᠨ ᠤ ᠭᠠᠯᠲᠤ ᠲᠡᠷᠭᠡ ᠶᠢᠨ ᠲᠡᠭᠡᠭᠡᠪᠦᠷᠢ ᠶᠢᠨ ᠳᠠᠪᠠᠭᠤᠯᠢᠭ ᠲᠤ ᠲᠦᠰᠢᠭᠯᠡᠨ᠂ ᠮᠣᠳᠣᠨ ᠮᠠᠲ᠋ᠧᠷᠢᠶᠠᠯ ᠢ ᠲᠥᠪᠯᠡᠷᠡᠭᠦᠯᠵᠦ ᠲᠠᠷᠬᠠᠭᠠᠬᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠮᠣᠳᠣᠨ ᠮᠠᠲ᠋ᠧᠷᠢᠶᠠᠯ ᠢ ᠡᠳ᠋ᠰᠢᠭᠦᠯᠬᠦ ᠠᠷᠠᠯᠵᠢᠶ᠎ᠠ ᠶᠢ ᠲᠡᠳᠬᠦᠨ ᠬᠥᠭᠵᠢᠭᠦᠯᠵᠦ᠂ ᠵᠣᠬᠢᠬᠤ ᠬᠡᠪᠴᠢᠶ᠎ᠡ ᠪᠠ ᠰᠠᠴᠤᠷᠠᠭ ᠴᠢᠳᠠᠪᠬᠢ ᠲᠠᠢ ᠮᠣᠳᠣᠨ ᠮᠠᠲ᠋ᠧᠷᠢᠶᠠᠯ ᠢ ᠲᠥᠪᠯᠡᠷᠡᠭᠦᠯᠵᠦ ᠲᠠᠷᠬᠠᠭᠠᠬᠤ ᠰᠠᠭᠤᠷᠢᠨ ᠭᠠᠵᠠᠷ ᠢ ᠪᠠᠶᠢᠭᠤᠯᠤᠨ᠎ᠠ᠃      ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠬᠢᠭᠡᠳ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠬᠠᠮᠳᠦ ᠲᠤᠨᠢ ᠴᠢᠬᠤᠯᠠᠴᠢᠯᠠᠬᠤ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠬᠢᠭᠡᠳ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠢ ᠵᠡᠷᠭᠡ ᠳᠤᠨᠢ ᠴᠢᠬᠤᠯᠠᠴᠢᠯᠠᠬᠤ ᠶᠢ ᠪᠠᠷᠢᠮᠲᠠᠯᠠᠨ᠂ ᠠᠵᠤ ᠦᠢᠯᠡᠰ ᠤᠨ ᠪᠠᠶᠢᠷᠢᠰᠢᠭᠤᠯᠤᠯ ᠢ ᠰᠢᠯᠢᠳᠡᠭᠵᠢᠭᠦᠯᠵᠦ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠤᠯᠠᠮᠵᠢᠯᠠᠯᠲᠤ ᠠᠷᠠᠯᠵᠢᠶ᠎ᠠ ᠬᠤᠳᠠᠯᠳᠤᠭᠠᠨ ᠤ ᠦᠶ᠋ᠯᠡᠴᠢᠯᠡᠭᠡᠨ ᠤ ᠦᠶ᠋ᠯᠡᠰ ᠢ ᠥᠭᠡᠷᠡᠴᠢᠯᠡᠨ ᠳᠡᠭᠡᠭᠰᠢᠯᠡᠭᠦᠯᠦᠨ᠎ᠡ᠃ ᠵᠠᠬ᠎ᠠ ᠳᠡᠯᠭᠡᠭᠦᠷ ᠤᠨ ᠲᠤᠰᠬᠠᠶᠢᠵᠢᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠤ᠂ ᠪᠣᠯᠣᠳ ᠮᠠᠲ᠋ᠧᠷᠢᠶᠠᠯ ᠤᠨ ᠵᠠᠬ᠎ᠠ ᠳᠡᠯᠭᠡᠭᠦᠷ᠂ ᠮᠣᠳᠣᠨ ᠮᠠᠲ᠋ᠧᠷᠢᠶᠠᠯ ᠤᠨ ᠵᠠᠬ᠎ᠠ ᠳᠡᠯᠭᠡᠭᠦᠷ᠂ ᠲᠠᠷᠢᠶᠠᠯᠠᠩ ᠤᠨ ᠮᠠᠰᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ᠂ ᠡᠯᠧᠺᠳ᠋ᠷᠣᠨ ᠲᠣᠭᠠᠴᠢᠯᠠᠭᠰᠠᠨ ᠵᠠᠬ᠎ᠠ ᠳᠡᠯᠭᠡᠭᠦᠷ ᠪᠠ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠢ ᠨᠡᠶᠢᠳᠬᠡᠨ ᠵᠢᠷᠤᠮᠵᠢᠭᠤᠯᠵᠤ᠂ ᠬᠠᠭᠤᠴᠢᠨ ᠬᠤᠳᠠ ᠲᠣᠭᠤᠷᠢᠭ ᠤᠨ ᠭᠤᠣᠯ ᠬᠤᠳᠠᠯᠳᠤᠭᠠᠨ ᠤ ᠲᠣᠭᠤᠷᠢᠭ ᠤᠨ ᠦᠢᠯᠡᠳᠬᠦᠨ ᠤ ᠲᠠᠰ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠰᠢᠨ᠎ᠡ ᠲᠣᠭᠤᠷᠢᠭ ᠤᠨ ᠡᠵᠡᠩᠨᠡᠯᠲᠡ ᠶᠢᠨ ᠬᠡᠯᠪᠡᠷᠢ ᠶᠢᠨ ᠪᠠᠶᠢᠷᠢᠰᠢᠯ ᠢ ᠲᠡᠭᠦᠯᠳᠡᠷᠵᠢᠭᠦᠯᠬᠦ᠂ ᠰᠢᠨ᠎ᠡ ᠲᠣᠭᠤᠷᠢᠭ ᠤᠨ ᠭᠤᠣᠯᠯᠠᠬᠤ ᠬᠤᠳᠠᠯᠳᠤᠭᠠᠨ ᠤ ᠲᠣᠭᠤᠷᠢᠭ ᠢ ᠪᠠᠶᠢᠭᠤᠯᠬᠤ ᠪᠠᠷ ᠭᠤᠣᠯᠳᠠᠯᠭ᠎ᠠ ᠪᠣᠯᠭᠠᠨ᠂ ᠨᠢᠭᠡ ᠪᠦᠯᠦᠭ ᠨᠥᠯᠥᠭᠡᠯᠡᠬᠦ ᠬᠦᠴᠦᠨ ᠲᠠᠢ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠪᠠᠷᠠᠭ᠎ᠠ ᠬᠤᠳᠠᠯᠳᠤᠨ ᠠᠪᠬᠤ ᠴᠢᠯᠥᠭᠡᠲᠥ ᠳᠡᠯᠭᠡᠭᠦᠷ ᠵᠡᠷᠭᠡ ᠬᠤᠳᠠᠯᠳᠤᠭᠠᠨ ᠤ ᠵᠦᠢᠯᠡᠰ ᠢ ᠣᠷᠣᠭᠤᠯᠤᠨ ᠠᠪᠴᠢᠷᠠᠵᠤ ᠪᠦᠲᠦᠭᠡᠨ ᠪᠠᠶᠢᠭᠤᠯᠵᠤ᠂ ᠵᠢᠤᠢ ᠷᠠᠨ ᡁᠢ ᠵᠢᠶᠠ᠂ ᠵᠢᠩ ᠬᠤᠸᠠ ᠪᠣᠯᠣᠳ ᠮᠠᠲ᠋ᠧᠷᠢᠶᠠᠯ ᠤᠨ ᠵᠠᠬ᠎ᠠ ᠳᠡᠯᠭᠡᠭᠦᠷ᠂ ᠬᠤᠩ ᠰᠢᠩ ᠮᠧᠶ ᠺᠠᠶ ᠯᠦᠩ ᠬᠤᠶᠠᠳᠤᠭᠠᠷ ᠬᠤᠭᠤᠴᠠᠭ᠎ᠠ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠪᠠᠷ ᠲᠦᠯᠬᠢᠨ ᠠᠬᠢᠭᠤᠯᠵᠤ᠂ ᠰᠢᠨ᠎ᠡ ᠬᠠᠭᠤᠴᠢᠨ ᠬᠤᠳᠠ ᠲᠣᠭᠤᠷᠢᠭ ᠤᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠤᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠎ᠠ᠃ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠢ ᠯᠠᠪᠳᠠᠭᠤᠨ ᠢᠶᠠᠷ ᠬᠥᠭᠵᠢᠭᠦᠯᠦᠨ᠎ᠡ᠃ ᠶᠡᠭᠡ ᠡᠷᠡᠭᠦᠯ ᠮᠡᠨᠳᠦ ᠶᠢᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠦᠨ᠎ᠡ᠃ ᠨᠡᠶᠢᠰᠯᠡᠯ ᠳᠤ ᠦᠶ᠋ᠯᠡᠴᠢᠯᠡᠬᠦ ᠡᠷᠡᠭᠦᠯ ᠮᠡᠨᠳᠦ ᠪᠡᠶ᠎ᠡ ᠰᠤᠪᠢᠯᠠᠯᠲᠠ ᠨᠠᠰᠤᠵᠢᠯ ᠤᠨ ᠠᠰᠠᠷᠠᠮᠵᠢ ᠶᠢᠨ ᠰᠠᠭᠤᠷᠢᠨ ᠭᠠᠵᠠᠷ ᠢ ᠪᠤᠢ ᠪᠣᠯᠭᠠᠬᠤ ᠶᠢᠨ ᠲᠣᠭᠤᠷᠢᠨ ᠳᠤ᠂ ᠡᠮᠴᠢᠯᠡᠭᠡ ᠰᠤᠪᠢᠯᠠᠯᠲᠠ ᠶᠢ ᠨᠢᠭᠡ ᠴᠣᠭᠴᠠᠵᠢᠭᠤᠯᠬᠤ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ᠂ ᠡᠷᠡᠭᠦᠯ ᠮᠡᠨᠳᠦ ᠶᠢᠨ ᠰᠤᠪᠢᠯᠠᠯᠲᠠ ᠵᠡᠷᠭᠡ ᠰᠢᠨ᠎ᠡ ᠪᠠᠷ ᠪᠤᠢ ᠪᠣᠯᠤᠭᠰᠠᠨ ᠠᠵᠤ ᠦᠶ᠋ᠯᠡᠰ ᠢ ᠶᠡᠬᠡᠪᠡᠷ ᠬᠥᠭᠵᠢᠭᠦᠯᠵᠦ᠂ ᠪᠠᠶ ᠸᠠᠩ᠂ ᠹᠦ᠋ ᠷᠦᠢ ᠡᠮᠴᠢᠯᠡᠭᠡ ᠰᠤᠪᠢᠯᠠᠯᠲᠠ ᠶᠢ ᠨᠢᠭᠡ ᠴᠣᠭᠴᠠᠵᠢᠭᠤᠯᠬᠤ ᠵᠡᠷᠭᠡ ᠲᠥᠷᠥᠯ ᠵᠦᠶ᠋ᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠯᠠᠨ ᠬᠡᠯᠪᠡᠷᠢ ᠶᠢᠨ᠂ ᠳᠡᠰ ᠳᠠᠪᠬᠤᠷᠭ᠎ᠠ ᠬᠤᠪᠢᠶᠠᠭᠰᠠᠨ ᠪᠡᠶ᠎ᠡ ᠰᠤᠪᠢᠯᠠᠯᠲᠠ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡᠨ ᠤ ᠰᠢᠰᠲ᠋ᠧᠮ ᠢ ᠴᠢᠷᠮᠠᠶᠢᠨ ᠪᠠᠶᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠶ᠋ᠯᠡᠴᠢᠯᠡᠭᠡᠨ ᠤ ᠵᠠᠬ᠎ᠠ ᠳᠡᠯᠭᠡᠭᠦᠷᠵᠢᠯᠳᠠ ᠶᠢ ᠢᠳᠡᠪᠬᠢᠲᠡᠶ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡ ᠬᠤᠳᠠᠯᠳᠤᠨ ᠠᠪᠬᠤ ᠡᠷᠴᠢᠮ ᠢ ᠴᠢᠩᠭᠠᠷᠠᠭᠤᠯᠤᠨ᠎ᠠ᠃ ᠨᠡᠶᠢᠰᠯᠡᠯ ᠤᠨ ᠡᠮ ᠡᠮᠨᠡᠯᠭᠡ ᠶᠢᠨ ᠡᠬᠢ ᠪᠠᠶᠠᠯᠢᠭ ᠢ ᠡᠷᠭᠢᠨ ᠲᠣᠭᠤᠷᠢᠨ ᠤ ᠭᠠᠵᠠᠷ ᠣᠷᠣᠨ ᠳᠤ ᠲᠠᠷᠬᠠᠭᠠᠬᠤ᠂ ᠰᠠᠯᠭᠠᠨ ᠲᠣᠬᠢᠷᠠᠭᠤᠯᠬᠤ ᠠᠵᠠ ᠲᠣᠬᠢᠶᠠᠯ ᠢ ᠠᠮᠵᠢᠵᠤ᠂ ᠪᠡᠭᠡᠵᠢᠩ ᠤᠨ ᠡᠮ ᠡᠮᠨᠡᠯᠭᠡ᠂ ᠡᠮᠴᠢᠯᠡᠭᠡ ᠡᠷᠡᠬᠦᠯᠵᠡᠯ ᠤᠨ ᠪᠠᠭᠠᠵᠢ ᠬᠡᠷᠡᠭᠰᠡᠯ ᠪᠠ ᠬᠤᠷᠣᠭᠳᠠᠭᠤᠯᠤᠯ ᠤᠨ ᠡᠳ᠋ ᠦᠢᠯᠡᠳᠪᠦᠷᠢᠯᠡᠬᠦ ᠠᠵᠤ ᠠᠬᠤᠢᠢᠯᠠᠯ ᠪᠠ ᠲᠥᠷᠥᠯ ᠵᠦᠶ᠋ᠯ ᠢ ᠢᠳᠡᠪᠬᠢᠲᠡᠶ ᠬᠦᠯᠢᠶᠡᠨ ᠠᠪᠴᠤ᠂ ᠬᠤᠲᠠ ᠶᠢᠨ ᠭᠤᠷᠪᠠᠳᠤᠭᠠᠷ ᠡᠮᠨᠡᠯᠭᠡ ᠶᠢᠨ ᠬᠤᠷᠢᠶ᠎ᠠ ᠬᠢᠭᠡᠳ ᠪᠡᠭᠡᠵᠢᠩ ᠤᠨ ᠨᠠᠷᠠᠲᠤ ᠡᠮᠴᠢᠯᠡᠭᠡᠨ ᠤ ᠪᠠᠶᠢᠭᠤᠯᠤᠮᠵᠢ ᠶᠢᠨ ᠠᠯᠤᠰ ᠵᠠᠶ ᠶᠢᠨ ᠡᠮᠴᠢᠯᠡᠭᠡ᠂ ᠲᠤᠰᠬᠠᠶ ᠮᠡᠷᠭᠡᠵᠢᠯᠲᠡᠨ ᠬᠠᠮᠲᠤᠷᠠᠨ ᠣᠨᠣᠰᠢᠯᠠᠬᠤ᠂ ᠠᠵᠢᠯᠲᠠᠨ ᠢ ᠪᠣᠯᠪᠠᠰᠤᠷᠠᠭᠤᠯᠬᠤ᠂ ᠡᠮᠨᠡᠯᠭᠡ ᠰᠢᠯᠵᠢᠨ ᠡᠮᠨᠡᠭᠦᠯᠬᠦ ᠵᠡᠷᠭᠡ ᠲᠠᠯ᠎ᠠ ᠪᠠᠷ ᠬᠢ ᠬᠠᠮᠲᠤᠷᠠᠯᠴᠠᠭ᠎ᠠ ᠶᠢ ᠥᠷᠭᠡᠳᠬᠡᠬᠦ ᠶᠢᠨ ᠬᠠᠮᠲᠤ ᠪᠣᠳᠠᠲᠠᠶ ᠠᠬᠢᠯᠲᠠ ᠲᠠᠢ ᠪᠣᠯᠭᠠᠨ᠎ᠠ᠃ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠬᠤ ᠠᠵᠤ ᠦᠶ᠋ᠯᠡᠰ ᠢ ᠶᠡᠬᠡᠪᠡᠷ ᠬᠥᠭᠵᠢᠭᠦᠯᠦᠨ᠎ᠡ ᠃ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠠᠵᠠ ᠲᠣᠬᠢᠶᠠᠯ ᠢ ᠠᠮᠵᠢᠵᠤ᠂ ᠬᠤᠩ ᠬᠠᠢ ᠽᠢ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠦᠷᠢᠶᠡᠯᠡᠩ ᠵᠢᠴᠢ ᠬᠠᠮᠢᠶ᠎ᠠ ᠪᠦᠬᠦᠢ ᠪᠡᠶ᠎ᠡ ᠶᠢᠨ ᠲᠠᠮᠢᠷ ᠤᠨ ᠲᠠᠯᠠᠪᠤᠷ ᠲᠠᠩᠬᠢᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠥᠨᠳᠥᠷ ᠪᠠᠷᠢᠮᠵᠢᠶ᠎ᠠ ᠪᠠᠷ ᠤᠮᠪᠠᠯᠲᠠ ᠶᠢᠨ ᠣᠷᠳᠣᠨ᠂ ᠲᠣᠣᠷ ᠪᠥᠮᠪᠦᠭᠡ ᠶᠢᠨ ᠣᠷᠳᠣᠨ᠂ ᠮᠥᠰᠥᠨ ᠳᠤ ᠭᠤᠯᠭᠤᠬᠤ ᠣᠷᠳᠣᠨ ᠪᠠ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠵᠤ᠂ ᠤᠯᠠᠨ ᠲᠦᠮᠡᠨ ᠤ ᠪᠡᠶ᠎ᠡ ᠶᠢᠨ ᠲᠠᠮᠢᠷ ᠬᠢᠭᠡᠳ ᠤᠷᠤᠯᠳᠤᠭᠠᠨ ᠤ ᠪᠡᠶ᠎ᠡ ᠶᠢᠨ ᠲᠠᠮᠢᠷ ᠤᠨ ᠥᠷᠢᠰᠦᠯᠳᠦᠨ ᠬᠥᠭᠵᠢᠬᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ ᠭᠦᠨ ᠠᠭᠤᠰᠤᠯᠴᠠᠬᠤ ᠶᠢ ᠠᠬᠢᠭᠤᠯᠤᠨ᠎ᠠ᠃ ᠣᠯᠢᠮᠫᠢᠺ ᠤᠨ ᠲᠠᠮᠢᠷ ᠤᠨ ᠴᠤᠭᠯᠠᠭᠠᠨ ᠤ ᠠᠵᠤ ᠠᠬᠤᠢ ᠳᠤ ᠢᠳᠡᠪᠬᠢᠲᠡᠢ ᠪᠠᠷ ᠠᠭᠤᠰᠤᠯᠴᠠᠵᠤ᠂ ᠶᠠᠪᠠᠭᠠᠨ ᠢᠶᠠᠷ ᠪᠡᠶ᠎ᠡ ᠴᠢᠭᠢᠷᠠᠭᠵᠢᠭᠤᠯᠬᠤ᠂ ᠠᠭᠤᠯᠠ ᠬᠠᠳᠠ ᠠᠪᠠᠷᠢᠬᠤ ᠵᠡᠷᠭᠡ ᠪᠠᠷ ᠣᠨᠴᠠᠯᠢᠭ ᠪᠣᠯᠭᠠᠭᠰᠠᠨ ᠵᠤᠭ᠎ᠠ ᠴᠡᠩᠭᠡᠯ ᠤᠨ ᠴᠢᠨᠠᠷᠲᠠᠢ᠂ ᠥᠩᠭᠡᠷᠡᠯᠲᠡ ᠶᠢᠨ ᠴᠢᠨᠠᠷᠲᠠᠢ ᠪᠠ ᠡᠷᠡᠭᠦᠯ ᠮᠡᠨᠳᠦ ᠶᠢᠨ ᠴᠢᠨᠠᠷᠲᠠᠢ ᠪᠡᠶ᠎ᠡ ᠶᠢᠨ ᠲᠠᠮᠢᠷ ᠤᠨ ᠰᠡᠯᠡᠭᠦᠴᠡᠯ ᠤᠨ ᠲᠥᠷᠥᠯ ᠵᠦᠢᠯ ᠢ ᠲᠦᠷᠭᠡᠳᠬᠡᠨ ᠬᠥᠭᠵᠢᠭᠦᠯᠵᠦ᠂ ᠨᠡᠶᠢᠰᠯᠡᠯ ᠠᠴᠠ ᠬᠠᠮᠤᠭ ᠤᠨ ᠣᠢᠢᠷ᠎ᠠ ᠪᠠᠢᠶ᠋ᠭ᠎ᠠ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠰᠠᠭᠤᠷᠢᠨ ᠭᠠᠵᠠᠷ ᠪᠠ ᠰᠡᠯᠡᠭᠦᠴᠡᠯ ᠤᠨ ᠬᠥᠳᠡᠯᠭᠡᠭᠡᠨ ᠤ ᠲᠥᠪ ᠢ ᠡᠭᠦᠳᠦᠨ ᠪᠠᠶᠢᠭᠤᠯᠤᠨ᠎ᠠ᠃ ᠵᠤᠬᠢᠶᠠᠨ ᠪᠠᠶᠢᠭᠤᠯᠤᠭᠴᠢ ᠲᠠᠯ᠎ᠠ ᠢᠶᠠᠨ ᠰᠠᠶᠢᠲᠤᠷ ᠵᠤᠬᠢᠶᠠᠨ ᠪᠠᠶᠢᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠠᠶ᠎ᠠ ᠶᠢᠨ ᠲᠠᠮᠢᠷ ᠤᠨ ᠬᠦᠳᠡᠯᠬᠡᠬᠡᠨ ᠢ ᠰᠠᠶᠢᠲᠤᠷ ᠡᠷᠬᠢᠯᠡᠨ᠎ᠡ᠃      ︵ᠭᠤᠷᠪᠠ︶ ᠲᠥᠷᠥᠯ ᠵᠦᠢᠯ ᠢᠶᠠᠷ ᠳᠠᠶᠢᠴᠢᠯᠠᠬᠤ ᠶᠢ ᠪᠠᠷᠢᠮᠲᠠᠯᠠᠵᠤ᠂ ᠠᠵᠤ ᠠᠬᠤᠢ ᠶᠢᠨ ᠦᠷᠭᠦᠯᠵᠢᠯᠡᠨ ᠬᠥᠭᠵᠢᠬᠦ ᠶᠢ ᠬᠦᠴᠦᠯᠡᠨ ᠴᠢᠩᠭᠠᠳᠬᠠᠪᠠ      ᠲᠥᠷᠥᠯ ᠵᠦᠢᠯ ᠪᠣᠯ ᠠᠵᠤ ᠠᠬᠤᠢ ᠶᠢᠨ ᠬᠥᠭᠵᠢᠯᠲᠡ ᠶᠢᠨ ︽ᠠᠮᠢᠨ ᠰᠤᠳᠠᠰᠤ︾ ᠮᠥᠨ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠪᠡᠯᠡ ᠮᠥᠩᠭᠦ ᠣᠯᠬᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠪᠡᠯᠡ ᠣᠷᠣᠭᠤᠯᠤᠯᠲᠠ ᠶᠢ ᠥᠷᠭᠡᠳᠬᠡᠬᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠨᠥᠭᠡᠴᠡ ᠬᠦᠴᠦᠨ ᠢ ᠴᠢᠩᠭᠠᠷᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠤᠷᠢᠳᠴᠢᠯᠠᠨ ᠲᠥᠯᠥᠪᠵᠢᠭᠦᠯᠵᠦ᠂ ᠦᠢᠯᠡᠴᠢᠯᠡᠭᠡ ᠶᠢ ᠴᠢᠩᠭᠠᠷᠠᠭᠤᠯᠤᠨ᠂ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ᠃      ᠠᠷᠠᠯᠵᠢᠶᠠᠴᠢᠨ ᠤᠷᠢᠵᠤ ᠪᠠᠯᠠ ᠤᠷᠤᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠠᠳᠬᠤᠨ᠎ᠠ᠃ ᠬᠤᠲᠠ ᠶᠢᠨ ᠬᠥᠭᠵᠢᠯᠲᠡ ᠨᠢ ᠡᠷᠬᠡᠪᠰᠢ ᠠᠵᠤ ᠦᠢᠯᠡᠰ ᠤᠨ ᠲᠤᠯᠭᠠᠭᠤᠷᠢᠯᠠᠯ ᠪᠠᠶᠢᠬᠤ ᠬᠡᠷᠡᠭᠲᠡᠶ᠂ ᠠᠵᠤ ᠦᠢᠯᠡᠰ ᠤᠨ ᠲᠤᠯᠭᠠᠭᠤᠷᠢᠯᠠᠯ ᠨᠢ ᠲᠥᠷᠥᠯ ᠵᠦᠢᠯ ᠤᠨ ᠦᠷᠭᠦᠯᠵᠢᠯᠡᠨ ᠳᠠᠶᠢᠴᠢᠯᠠᠬᠤ ᠳᠤ ᠲᠦᠰᠢᠭᠯᠡᠬᠦ ᠬᠡᠷᠡᠭᠲᠡᠶ᠃ ᠡᠭᠦᠨ ᠤ ᠲᠤᠯᠠᠳᠠ᠂ ᠵᠢᠨᠢᠩ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ 2018 ᠣᠨ ᠢ ︽ᠠᠷᠠᠯᠵᠢᠶᠠᠴᠢᠨ ᠤᠷᠢᠵᠤ ᠪᠠᠯᠠ ᠣᠷᠣᠭᠤᠯᠬᠤ ᠣᠨ︾᠎ ᠢᠶᠠᠷ ᠲᠣᠭᠲᠠᠭᠠᠵᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠠᠪᠤᠳᠠᠯ ᠢ ᠵᠠᠰᠠᠭ ᠤᠨ ᠣᠷᠳᠣᠨ ᠤ ᠭᠤᠤᠯ ᠠᠵᠢᠯ ᠪᠣᠯᠭᠠᠵᠤ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠪᠥᠬᠦ ᠬᠥᠴᠥᠨ ᠢᠶᠠᠨ ᠲᠥᠪᠯᠡᠷᠡᠭᠦᠯᠦᠨ᠂ ᠰᠠᠨᠠᠭᠠᠴᠢᠯᠠᠭ᠎ᠠ ᠲᠠᠢ ᠪᠠᠷ ᠳᠠᠭᠠᠷᠢᠯᠲᠠ ᠬᠢᠵᠦ᠂ ᠣᠯᠠᠨ ᠵᠦᠶ᠋ᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠦᠨᠡᠨᠬᠦ ᠴᠢᠩᠭᠠᠷᠠᠭᠤᠯᠵᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶ᠋ᠯ ᠳᠤ ᠲᠦᠰᠢᠭᠯᠡᠨ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠤ ᠦᠶ᠋ᠯᠡᠰ ᠢ ᠬᠥᠭᠵᠢᠭᠦᠯᠵᠦ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠡᠭᠡ ᠰᠢᠪᠲᠤᠯᠤᠯᠲᠠ ᠶᠢ ᠪᠡᠶᠡᠯᠡᠭᠦᠯᠬᠦ ᠬᠡᠷᠡᠭᠲᠡᠶ᠃ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢᠲᠤ ᠠᠵᠤ ᠦᠶ᠋ᠯᠡᠰ ᠢ ᠲᠠᠷᠬᠠᠭᠠᠬᠤ ᠪᠠ ᠰᠢᠶᠦ᠋ᠩ ᠠᠨ ᠰᠢᠨ᠎ᠡ ᠲᠣᠭᠤᠷᠢᠭ ᠤᠨ ᠬᠠᠮᠢᠶ᠎ᠠ ᠪᠦᠬᠦᠢ ᠠᠵᠤ ᠦᠶ᠋ᠯᠡᠰ ᠢ ᠭᠠᠳᠠᠭᠰᠢ ᠨᠡᠭᠦᠯᠭᠡᠬᠦ ᠠᠵᠠ ᠲᠣᠬᠢᠶᠠᠯ ᠢ ᠴᠢᠩᠭ᠎ᠠ ᠠᠳᠬᠤᠵᠤ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠠᠵᠠᠷ ᠣᠷᠣᠨ ᠢᠶᠠᠷ ᠭᠤᠤᠯᠳᠠᠯᠭ᠎ᠠ ᠪᠣᠯᠭᠠᠨ᠂ ᠲᠥᠪ ᠤᠨ ᠠᠵᠤ ᠠᠬᠤᠢᠢᠯᠠᠯ᠂ 500 ᠬᠦᠴᠦᠷᠬᠡᠭ ᠠᠵᠤ ᠠᠬᠤᠢᠢᠯᠠᠯ᠂ ᠰᠲ᠋ᠣᠺ ᠢᠶᠠᠨ ᠵᠠᠬ᠎ᠠ ᠳᠤ ᠭᠠᠷᠭᠠᠭᠰᠠᠨ ᠺᠣᠮᠫᠠᠨᠢ᠂ ᠠᠵᠢᠯ ᠲᠥᠷᠥᠯ ᠤᠨ ᠬᠥᠲᠥᠴᠢ ᠲᠠᠢ ᠨᠢᠭᠲᠠ ᠵᠣᠯᠭᠠᠯᠳᠤᠭᠤᠯᠵᠤ᠂ ᠴᠢᠭ᠋ ᠲᠣᠭᠲᠠᠭᠠᠨ ᠠᠷᠠᠯᠵᠢᠶᠠᠴᠢᠨ ᠤᠷᠢᠬᠤ᠂ ᠠᠵᠤ ᠦᠶ᠋ᠯᠡᠰ ᠢᠶᠠᠷ ᠠᠷᠠᠯᠵᠢᠶᠠᠴᠢᠨ ᠤᠷᠢᠬᠤ᠂ ᠠᠷᠠᠯᠵᠢᠶ᠎ᠠ ᠪᠠᠷ ᠠᠷᠠᠯᠵᠢᠶᠠᠴᠢᠨ ᠤᠷᠢᠬᠤ᠂ ᠬᠤᠷᠠᠯ ᠦᠵᠡᠬᠦᠯᠤᠯᠬᠡ ᠤᠨ ᠠᠷᠠᠯᠵᠢᠶᠠᠴᠢᠨ ᠤᠷᠢᠬᠤ ᠶᠢ ᠪᠥᠬᠦ ᠲᠠᠯ᠎ᠠ ᠪᠠᠷ ᠥᠷᠨᠢᠭᠦᠯᠬᠦ ᠬᠡᠷᠡᠭᠲᠡᠶ᠃ ᠣᠯᠠᠨ ᠠᠷᠭ᠎ᠠ ᠵᠠᠮ᠂ ᠥᠷᠭᠡᠨ ᠬᠦᠷᠢᠶ᠎ᠡ ᠴᠠᠷᠠᠭ᠎ᠠ ᠶᠢᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠪᠠᠷ ᠳᠠᠮᠵᠢᠭᠤᠯᠤᠨ᠂ ︽ᠨᠢᠭᠡ ᠡᠷᠦᠬᠡ ᠶᠢ ᠣᠷᠣᠭᠤᠯᠤᠨ ᠠᠪᠴᠢᠷᠠᠵᠤ᠂ ᠨᠢᠭᠡ ᠪᠦᠯᠦᠭ ᠢ ᠨᠢ ᠡᠯᠰᠡᠨ ᠠᠪᠴᠢᠷᠠᠵᠤ᠂ ᠨᠢᠭᠡ ᠪᠦᠯᠦᠭ ᠢ ᠨᠢ ᠳᠠᠶᠢᠴᠢᠯᠠᠬᠤ︾ ᠬᠤᠯᠪᠣᠭᠠᠯᠠᠨ ᠬᠥᠳᠡᠯᠦᠯᠴᠡᠬᠦ ᠦᠶ᠋ᠯᠡᠳᠦᠯ ᠢ ᠪᠦᠷᠢᠯᠳᠦᠭᠦᠯᠵᠦ᠂ ᠣᠨᠴᠠᠯᠢᠭ ᠢᠶᠠᠷ ᠢᠯᠠ ᠲᠣᠳᠣ᠂ ᠳᠠᠪᠠᠭᠤᠯᠢᠭ ᠢᠶᠠᠷ ᠲᠣᠪᠤᠶᠢᠮ᠎ᠠ᠂ ᠨᠡᠯᠢᠶᠡᠳ ᠴᠢᠩᠭ᠎ᠠ ᠥᠷᠢᠰᠦᠯᠳᠦᠬᠦ ᠬᠦᠴᠦᠨ ᠲᠠᠢ ᠠᠵᠤ ᠦᠢᠯᠡᠰ ᠤᠨ ᠬᠥᠭᠵᠢᠯᠲᠡ ᠶᠢᠨ ᠰᠦᠷᠦᠭᠵᠢᠯ ᠢ ᠪᠤᠢ ᠪᠣᠯᠭᠠᠨ᠎ᠠ᠃ ᠵᠢᠯ ᠤᠨ ᠳᠣᠲᠣᠷ᠎ᠠ ᠨᠢᠭᠡ ᠪᠦᠯᠦᠭ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠶ᠋ᠯ ᠢ ᠣᠷᠣᠭᠤᠯᠵᠤ ᠠᠪᠴᠢᠷᠠᠬᠤ ᠪᠠᠷ ᠴᠢᠷᠮᠠᠶᠢᠵᠤ᠂ ᠨᠢᠭᠡ ᠪᠦᠯᠦᠭ ᠪᠤᠳᠠᠲᠥ ᠬᠥᠴᠥᠨ ᠴᠢᠩᠭ᠎ᠠ᠂ ᠵᠠᠬ᠎ᠠ ᠳᠡᠯᠭᠡᠭᠦᠷ ᠤᠨ ᠬᠡᠲᠦ ᠶᠢᠨ ᠲᠥᠯᠥᠪ ᠴᠢᠨᠠᠷ ᠰᠠᠶᠢᠲᠠᠶ ᠲᠥᠷᠥᠯ ᠵᠦᠶ᠋ᠯ ᠢ ᠨᠥᠭᠡᠴᠡᠯᠡᠨ᠎ᠡ᠃       ᠬᠥᠭᠵᠢᠯᠲᠡ ᠶᠢᠨ ᠣᠷᠴᠢᠨ ᠨᠥᠬᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠦᠨ᠎ᠡ᠃ ︽ᠲᠥᠷᠥᠯ ᠵᠦᠢᠯ ᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠬᠤ︾᠂ ︽ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠴᠤ ᠮᠥᠨ ᠦᠢᠯᠡᠳᠪᠦᠷᠢᠯᠡᠯ ᠤᠨ ᠬᠦᠴᠦᠨ︾ ᠭᠡᠬᠦ ᠣᠢᠯᠠᠭᠠᠭᠳᠠᠬᠤᠨ ᠢ ᠪᠠᠲᠤ ᠪᠣᠶ ᠪᠣᠯᠭᠠᠵᠤ᠂ ︽ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠣᠨ︾᠎ ᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠦᠴᠦᠲᠡᠢ ᠡᠮ ᠢᠶᠠᠷ ᠡᠪᠡᠳᠴᠢᠨ ᠢ ᠵᠠᠰᠠᠬᠤ᠂ ᠶᠠᠰᠤ ᠶᠢ ᠬᠤᠰᠤᠨ ᠬᠤᠣᠷ ᠢ ᠠᠷᠢᠯᠭᠠᠬᠤ ᠰᠥᠰᠥ ᠵᠣᠷᠢᠭ ᠪᠠ ᠡᠷᠡᠰ ᠵᠣᠷᠢᠭ ᠢᠶᠠᠷ ᠺᠠᠳ᠋ᠷ ᠤᠨ ᠰᠤᠷᠲᠠᠯ ᠪᠠ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠲᠠᠯ᠎ᠠ ᠪᠠᠷ ᠣᠷᠣᠰᠢᠵᠤ ᠪᠠᠶ᠋ᠭ᠎ᠠ ᠲᠣᠪᠤᠶᠢᠮ᠎ᠠ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠨᠠᠩ ᠥᠨᠳᠥᠷ ᠪᠦᠲᠦᠮᠵᠢᠲᠡᠢ ᠳᠥᠭᠦᠮ ᠳᠥᠲᠡ ᠬᠥᠭᠵᠢᠯᠲᠡ ᠦᠢᠯᠡᠰ ᠪᠣᠰᠬᠠᠬᠤ ᠣᠷᠴᠢᠨ ᠲᠣᠭᠤᠷᠢᠨ ᠢ ᠬᠦᠴᠦᠯᠡᠨ ᠪᠣᠶ ᠪᠣᠯᠭᠠᠨ᠎ᠠ᠃ ᠤᠳᠤᠷᠢᠳᠬᠤ ᠺᠠᠳ᠋ᠷᠴᠤᠳ ᠤᠨ ᠳᠠᠭᠠᠭᠠᠴᠢᠯᠠᠨ ᠬᠤᠯᠪᠣᠭᠠᠯᠠᠬᠤ ᠵᠦᠢᠯᠡᠰ ᠤᠨ ᠬᠠᠷᠢᠭᠤᠴᠠᠯᠭ᠎ᠠ ᠶᠢᠨ ᠳᠦᠷᠢᠮ ᠢ ᠦᠷᠭᠦᠯᠵᠢᠯᠡᠨ ᠬᠡᠷᠡᠭᠵᠢᠭᠦᠯᠵᠦ᠂ ︽ᠨᠢᠭᠡ ᠲᠥᠷᠥᠯ ᠵᠦᠢᠯ᠂ ᠨᠢᠭᠡ ᠤᠳᠤᠷᠢᠳᠤᠯᠭ᠎ᠠ᠂ ᠨᠢᠭᠡ ᠤᠳᠤᠷᠢᠳᠬᠤ ᠪᠠᠭ᠂ ᠨᠢᠭᠡ ᠢᠵᠢ ᠲᠥᠰᠦᠯ᠂ ᠡᠴᠦᠰ ᠲᠤᠨᠢ ᠲᠤᠯᠲᠠᠯ᠎ᠠ ᠠᠳᠬᠤᠬᠤ︾᠂ ︽ᠲᠠᠪᠤᠨ ᠨᠢᠭᠡ︾᠎ ᠶᠢᠨ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠳᠤ ᠬᠠᠷᠢᠭᠤᠴᠠᠬᠤ ᠬᠥᠮᠦᠨ ᠲᠠᠢ᠂ ᠲᠦᠯᠬᠢᠨ ᠠᠬᠢᠭᠤᠯᠬᠤ ᠶᠠᠪᠤᠴᠠ ᠳᠤ ᠠᠬᠢᠭᠤᠯᠬᠤ ᠬᠥᠮᠦᠨ ᠲᠠᠢ᠂ ᠬᠦᠴᠢᠷᠳᠡᠯ ᠲᠤᠯᠭᠠᠷᠠᠪᠠᠯ ᠬᠠᠪᠰᠤᠷᠬᠤ ᠬᠥᠮᠦᠨ ᠲᠠᠢ ᠪᠠᠶᠢᠬᠤ ᠶᠢ ᠦᠨᠡᠨ ᠬᠦ ᠪᠠᠲᠤᠯᠠᠨ᠎ᠠ᠃ ᠨᠠᠶᠢᠳᠠᠪᠤᠷᠢᠵᠢᠭᠤᠯᠤᠭᠰᠠᠨ ᠠᠵᠤ ᠠᠬᠤᠢᠢᠯᠠᠯ ᠤᠨ ︽ᠬᠡᠦᠬᠡᠳ ᠠᠰᠠᠷᠠᠬᠤ ᠬᠡᠯᠪᠡᠷᠢ︾᠎ ᠶᠢᠨ ᠮᠥᠷᠳᠡᠯ ᠦᠢᠯᠡᠴᠢᠯᠡᠭᠡ ᠶᠢ ᠴᠢᠩᠭᠠᠳᠬᠠᠨ᠂ ᠬᠢᠨᠠᠨ ᠵᠥᠪᠰᠢᠶᠡᠷᠡᠬᠦ ︽ᠰᠠᠭᠠᠳ ᠥᠬᠡᠶ ᠨᠡᠪᠲᠡᠷᠡᠬᠦ ᠵᠠᠮ︾᠎ ᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠵᠤ ᠠᠬᠤᠢᠢᠯᠠᠯ ᠤᠨ ᠪᠡᠯᠡ ᠣᠷᠣᠭᠤᠯᠬᠤ ᠲᠥᠷᠥᠯ ᠵᠦᠢᠯ ᠤᠨ ᠠᠮᠠᠯᠠᠬᠤ ᠳᠦᠷᠢᠮ ᠢ ᠬᠡᠷᠡᠭᠵᠢᠭᠦᠯᠦᠨ᠂ ᠲᠥᠷᠥᠯ ᠵᠦᠢᠯ ᠤᠨ ᠪᠦᠬᠦ ᠶᠠᠪᠤᠴᠠ ᠳᠤ ᠣᠷᠣᠯᠠᠨ ᠭᠦᠢᠴᠡᠳᠬᠡᠬᠦ᠂ ᠬᠠᠮᠲᠤᠷᠠᠨ ᠬᠢᠨᠠᠨ ᠵᠥᠪᠰᠢᠶᠡᠷᠡᠬᠦ ᠵᠡᠷᠭᠡ ᠦᠢᠯᠡᠴᠢᠯᠡᠭᠡᠨ ᠢ ᠰᠢᠯᠢᠳᠡᠭᠵᠢᠭᠦᠯᠵᠦ᠂ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠤᠨ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠠᠵᠤ ᠠᠬᠤᠢᠢᠯᠠᠯ ᠪᠣᠯᠤᠨ ᠲᠥᠷᠥᠯ ᠵᠦᠢᠯ ᠳᠤ ᠬᠠᠮᠤᠭ ᠤᠨ ᠰᠢᠯᠢᠳᠡᠭ ᠲᠥᠷᠥ ᠶᠢᠨ ᠪᠣᠳᠣᠯᠭ᠎ᠠ ᠪᠣᠯᠤᠨ ᠦᠢᠯᠡᠴᠢᠯᠡᠭᠡᠨ ᠤ ᠣᠷᠴᠢᠨ ᠲᠣᠭᠤᠷᠢᠨ ᠢ ᠴᠢᠷᠮᠠᠶᠢᠨ ᠬᠠᠩᠭᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠡᠪᠳᠡᠭᠰᠡᠨ ᠠᠵᠢᠯᠯᠠᠭ᠎ᠠ ᠳᠤ ᠴᠢᠭᠯᠡᠭᠦᠯᠦᠨ᠂ ᠰᠠᠨᠠᠭᠠᠴᠢᠯᠠᠭ᠎ᠠ ᠠᠴᠠ ᠪᠠᠨ ᠲᠠᠨᠢᠵᠤ᠂ ᠨᠠᠷᠢᠨ ᠬᠢᠨᠠᠮᠠᠭᠠᠢ ᠴᠡᠭᠴᠡᠯᠡᠨ ᠰᠠᠶᠢᠵᠢᠷᠠᠭᠤᠯᠵᠤ᠂ ᠠᠵᠤ ᠠᠬᠤᠢᠢᠯᠠᠯ᠂ ᠦᠢᠯᠡᠴᠢᠯᠡᠭᠡᠨ ᠤ ᠲᠥᠷᠥᠯ ᠵᠦᠢᠯ ᠳᠤ ᠦᠢᠯᠡᠴᠢᠯᠡᠬᠦ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠠᠵᠤ ᠠᠬᠤᠢᠢᠯᠠᠯ ᠤᠨ ᠬᠥᠭᠵᠢᠯᠲᠡ ᠪᠣᠯᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠬᠦᠴᠢᠷᠳᠡᠯ ᠢ ᠰᠢᠢᠳᠪᠦᠷᠢᠯᠡᠵᠦ ᠥᠭᠬᠦ ᠬᠡᠷᠡᠭᠲᠡᠢ᠃ ᠢᠯᠠᠩᠭᠤᠶ᠎ᠠ ᠲᠡᠳᠡᠭᠡᠷ ᠠᠮᠠᠯᠠᠯᠲᠠ ᠶᠢ ᠴᠢᠬᠤᠯᠠᠴᠢᠯᠠᠨ ᠨᠠᠶᠢᠳᠠᠪᠤᠷᠢᠵᠢᠭᠤᠯᠤᠯᠲᠠ ᠶᠢ ᠬᠥᠩᠭᠡᠪᠴᠢᠯᠡᠬᠦ᠂ ᠠᠷᠠᠯᠵᠢᠶᠠᠴᠢᠨ ᠤᠷᠢᠬᠤ ᠡᠭᠦᠳᠡ ᠪᠠᠨ ᠬᠠᠭᠠᠬᠤ ᠵᠡᠷᠭᠡ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠡᠪᠳᠡᠭᠰᠡᠨ ᠦᠢᠯᠡ ᠠᠵᠢᠯᠯᠠᠭ᠎ᠠ ᠶᠢ ︽ᠥᠴᠦᠬᠡᠨ ᠴᠦ ᠠᠭᠤᠴᠢᠯᠠᠬᠤ ᠦᠭᠡᠢ︾ ᠣᠪᠣᠷ ᠢᠶᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠮᠠᠨ ᠤ ᠦᠨᠡᠨ ᠰᠡᠳᠬᠢᠯ ᠪᠠ ᠪᠣᠳᠠᠲᠤ ᠠᠵᠢᠯᠯᠠᠭ᠎ᠠ ᠪᠠᠷ ᠢᠶᠠᠨ ᠠᠷᠠᠯᠵᠢᠶᠠᠴᠢᠨ ᠢ ᠳᠣᠲᠣᠨᠣᠴᠢᠯᠠᠬᠤ᠂ ᠠᠷᠠᠯᠵᠢᠶᠠᠴᠢᠨ ᠢ ᠠᠮᠤᠷᠵᠢᠭᠤᠯᠬᠤ᠂ ᠠᠷᠠᠯᠵᠢᠶᠠᠴᠢᠨ ᠢ ᠪᠠᠶᠠᠵᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃      ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ ᠃ ᠣᠳᠣ ᠦᠶ᠎ᠡ ᠶᠢᠨ ᠪᠠᠷᠠᠭ᠎ᠠ ᠶᠢᠨ ᠭᠦᠶ᠋ᠯᠭᠡᠭᠡᠨ ᠤ ᠬᠦᠷᠢᠶᠡᠯᠡᠩ ᠲᠣᠭᠤᠷᠢᠭ᠂ ᠴᠠᠬᠠᠷ ᠠᠵᠤ ᠦᠶ᠋ᠯᠡᠳᠪᠦᠷᠢ ᠶᠢᠨ ᠬᠦᠷᠢᠶᠡᠯᠡᠩ ᠲᠣᠭᠤᠷᠢᠭ᠂ ᠳᠣᠯᠣᠳᠤᠭᠠᠷ ᠰᠤᠮᠤ ᠶᠢᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡᠨ ᠤ ᠪᠠᠷᠠᠭ᠎ᠠ ᠶᠢᠨ ᠭᠦᠶ᠋ᠯᠭᠡᠭᠡᠨ ᠤ ᠰᠠᠭᠤᠷᠢᠨ ᠭᠠᠵᠠᠷ᠂ ᠤᠮᠠᠷᠠᠲᠤ ᠶᠢᠨ ᠡᠬᠡ ᠬᠠᠭᠤᠷᠠᠶ ᠶᠢᠨ ᠭᠠᠷᠠᠮ ᠤᠨ ᠶᠡᠷᠦᠩᠬᠡᠶᠢᠯᠡᠭᠰᠡᠨ ᠪᠠᠷᠠᠭ᠎ᠠ ᠭᠦᠶ᠋ᠯᠭᠡᠭᠡᠨ ᠤ ᠬᠦᠷᠢᠶᠡᠯᠡᠩ ᠵᠡᠷᠭᠡ ᠲᠠᠪᠴᠠᠩ ᠤᠨ ᠳᠠᠶᠢᠴᠢᠯᠠᠬᠤ ᠦᠶ᠋ᠯᠡᠳᠦᠯ ᠢ ᠭᠦᠶ᠋ᠴᠡᠳ ᠪᠠᠳᠠᠷᠠᠭᠤᠯᠵᠤ᠂ ᠪᠠᠶᠢᠷᠢ ᠰᠢᠯᠵᠢᠨ ᠬᠥᠭᠵᠢᠬᠦ᠂ ᠲᠥᠪᠯᠡᠷᠡᠨ ᠬᠥᠭᠵᠢᠬᠦ᠂ ᠡᠷᠭᠢᠯᠳᠦᠨ ᠬᠥᠭᠵᠢᠬᠦ ᠶᠢ ᠪᠠᠷᠢᠮᠲᠠᠯᠠᠨ᠂ ᠬᠦᠷᠢᠶᠡᠯᠡᠩ ᠲᠣᠭᠤᠷᠢᠭ ᠤᠨ ᠣᠷᠣᠨ ᠵᠠᠶ ᠶᠢᠨ ᠪᠠᠶᠢᠷᠢᠰᠢᠯ ᠪᠠ ᠠᠵᠤ ᠦᠢᠯᠡᠰ ᠤᠨ ᠪᠠᠶᠢᠷᠢ ᠲᠣᠭᠲᠠᠭᠠᠯᠲᠠ ᠶᠢ ᠰᠢᠯᠢᠳᠡᠭᠵᠢᠭᠦᠯᠵᠦ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠶ᠋ᠯ ᠢ ᠬᠡᠦᠬᠡᠳ ᠤᠨ ᠴᠡᠴᠡᠷᠯᠢᠭ ᠲᠤ ᠪᠣᠳᠠᠲᠠᠶᠢᠵᠢᠭᠤᠯᠤᠨ ᠣᠷᠣᠭᠤᠯᠬᠤ ᠬᠠᠮᠢᠶ᠎ᠠ ᠪᠦᠬᠦᠢ ᠠᠵᠢᠯ ᠢ ᠦᠨᠡᠨᠬᠦ ᠰᠠᠶᠢᠲᠤᠷ ᠬᠢᠨ᠎ᠡ᠃ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠷᠭᠡᠳᠬᠡᠨ ᠠᠬᠢᠭᠤᠯᠵᠤ᠂ ᠬᠦᠷᠢᠶᠡᠯᠡᠩ ᠲᠣᠭᠤᠷᠢᠭ ᠤᠨ ᠵᠠᠮ᠂ ᠤᠰᠤ ᠬᠠᠩᠭᠠᠬᠤ᠂ ᠢᠯᠴᠢ ᠬᠠᠩᠭᠠᠬᠤ᠂ ᠪᠣᠬᠢᠷ ᠤᠰᠤ᠂ ᠬᠤᠭ ᠨᠣᠪᠰᠢ ᠰᠢᠢᠳᠪᠦᠷᠢᠯᠡᠬᠦ ᠪᠠ ᠰᠢᠭᠠᠷᠤ ᠶᠢᠨ ᠲᠠᠯᠠᠪᠠᠢ ᠵᠡᠷᠭᠡ ᠢᠵᠢ ᠪᠦᠷᠢᠳᠦᠭᠦᠯᠬᠦ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠦᠨ᠂ ᠬᠦᠷᠢᠶᠡᠯᠡᠩ ᠲᠣᠭᠤᠷᠢᠭ ᠤᠨ ᠳᠠᠭᠠᠭᠠᠬᠤ ᠴᠢᠳᠠᠪᠤᠷᠢ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠳᠠ ᠥᠬᠡᠶ ᠳᠡᠭᠡᠭᠰᠢᠯᠡᠭᠦᠯᠬᠦ ᠬᠡᠷᠡᠭᠲᠡᠢ᠃      ︵ᠳᠥᠷᠪᠡ︶ ᠬᠤᠳᠠ ᠬᠥᠳᠡᠭᠡ ᠶᠢ ᠨᠢᠭᠡᠳᠦᠯᠲᠡᠢ ᠳᠤ ᠲᠥᠯᠥᠪᠯᠡᠨ ᠬᠥᠭᠵᠢᠭᠦᠯᠬᠦ ᠶᠢ ᠪᠠᠷᠢᠮᠲᠠᠯᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠢ ᠤᠮᠪᠠᠭ᠋ᠤ ᠳᠤ ᠲᠣᠬᠢᠷᠠᠮᠵᠢᠲᠠᠢ ᠲᠦᠪᠰᠢᠨ ᠢ ᠬᠦᠴᠦᠯᠡᠨ ᠳᠡᠭᠡᠭᠰᠢᠯᠡᠭᠦᠯᠥᠨ᠎ᠡ      ︽ᠬᠤᠲᠠ ᠶᠢᠨ ᠠᠮᠢᠳᠤᠷᠠᠯ ᠢᠶᠠᠨ ᠨᠡᠩ ᠰᠠᠶᠢᠨ ᠪᠤᠯᠭᠠᠬᠤ︾ ᠬᠠᠷᠠᠯᠲᠠ ᠶᠢᠨ ᠲᠣᠭᠤᠷᠢᠨ ᠳᠤ᠂ ᠬᠤᠲᠠ ᠶᠢᠨ ᠲᠥᠯᠥᠪᠵᠢᠭᠦᠯᠪᠡ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠭᠤᠷᠢ ᠪᠡᠯᠡᠳᠬᠡᠮᠵᠢ ᠶᠢᠨ ᠲᠤᠯᠭᠠᠭᠤᠷᠢᠯᠠᠯ ᠢ ᠴᠢᠩᠭᠠᠷᠠᠭᠤᠯᠤᠨ᠂ ᠬᠤᠲᠠ ᠶᠢᠨ ᠳᠠᠭᠠᠭᠠᠴᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠢ ᠨᠠᠩ ᠰᠠᠶᠢᠨ ᠰᠠᠶᠢᠬᠠᠨ᠂ ᠬᠤᠲᠠ ᠶᠢ ᠨᠠᠩ ᠴᠡᠴᠡᠭᠯᠡᠭᠦᠯᠦᠨ ᠬᠥᠭᠵᠢᠭᠦᠯᠦᠨ᠎ᠡ᠃        ᠬᠤᠲᠠ ᠶᠢᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠲᠥᠯᠥᠪᠵᠢᠭᠦᠯᠭᠡ ᠶᠢᠨ ᠤᠳᠤᠷᠢᠳᠤᠮᠵᠢ ᠶᠢᠨ ᠴᠢᠨᠠᠷ ᠪᠠ ᠡᠷᠬᠡ ᠰᠦᠷᠲᠦ ᠴᠢᠨᠠᠷ ᠢ ᠪᠠᠷᠢᠮᠲᠠᠯᠠᠨ᠂ ᠭᠤᠤᠯ ᠬᠤᠲᠠ ᠲᠣᠭᠤᠷᠢᠭ ᠤᠨ ︽ᠣᠯᠠᠨ ᠲᠥᠯᠥᠪᠵᠢᠭᠦᠯᠭᠡ ᠶᠢ ᠨᠢᠭᠡᠳᠬᠡᠬᠦ︾᠎ ᠶᠢ ᠪᠡᠶᠡᠯᠡᠭᠦᠯᠵᠦ᠂ ᠣᠳᠣ ᠦᠶ᠎ᠡ ᠶᠢᠨ ᠪᠠᠷᠠᠭ᠎ᠠ ᠭᠦᠶ᠋ᠯᠭᠡᠭᠡᠨ ᠤ ᠬᠦᠷᠢᠶᠡᠯᠡᠩ ᠲᠣᠭᠤᠷᠢᠭ ᠢ 90 ᠲᠡᠭᠰᠢ ᠳᠥᠷᠪᠡᠯᠵᠢᠨ ᠺᠢᠯᠣᠮᠧᠲᠷ᠂ ᠴᠠᠬᠠᠷ ᠤᠨ ᠠᠵᠤ ᠠᠬᠤᠶ ᠮᠡᠷᠭᠡᠵᠢᠯ ᠤᠨ ᠨᠡᠭᠡᠭᠡᠨ ᠬᠥᠭᠵᠢᠭᠦᠯᠬᠦ ᠲᠣᠭᠤᠷᠢᠭ ᠢ 70 ᠲᠡᠭᠰᠢ ᠳᠥᠷᠪᠡᠯᠵᠢᠨ ᠺᠢᠯᠣᠮᠧᠲᠷ ᠢᠶᠠᠷ ᠬᠢᠵᠠᠭᠠᠷᠯᠠᠬᠤ ᠨᠠᠷᠢᠨ ᠲᠣᠭᠲᠠᠭᠠᠯ ᠢ ᠡᠬᠢᠯᠡᠨ ᠨᠠᠶᠢᠷᠠᠭᠤᠯᠤᠨ ᠵᠣᠬᠢᠶᠠᠵᠤ᠂ ᠲᠥᠯᠥᠪᠵᠢᠭᠦᠯᠭᠡ ᠶᠢᠨ ᠬᠠᠲᠠᠭᠤ ᠬᠢᠵᠠᠭᠠᠷᠯᠠᠯ ᠢ ᠴᠢᠩᠳᠠᠯᠠᠵᠤ᠂ ᠨᠢᠭᠡ ᠬᠠᠭᠤᠳᠠᠰᠤ ᠵᠢᠷᠤᠭ ᠲᠥᠯᠥᠪᠯᠡᠭᠡ ᠶᠢ ᠡᠴᠦᠰ ᠲᠤᠨᠢ ᠲᠤᠯᠲᠠᠯ᠎ᠠ ᠵᠢᠷᠤᠭᠯᠠᠬᠤ᠂ ᠡᠴᠦᠰ ᠲᠤᠨᠢ ᠲᠤᠯᠲᠠᠯ᠎ᠠ ᠬᠠᠮᠢᠶᠠᠷᠬᠤ᠂ ᠡᠴᠦᠰ ᠲᠤᠨᠢ ᠲᠤᠯᠲᠠᠯ᠎ᠠ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠤᠯᠤᠰ ᠠᠴᠠ ᠬᠤᠶᠠᠳᠤᠭᠠᠷ ᠪᠦᠯᠦᠭ ᠤᠨ ᠬᠤᠲᠠ ᠶᠢᠨ ᠵᠢᠷᠤᠭ ᠲᠥᠯᠥᠪᠯᠡᠭᠡ ᠶᠢᠨ ᠲᠤᠷᠰᠢᠯᠲᠠ ᠶᠢᠨ ᠠᠵᠢᠯ ᠢ ᠬᠢᠨᠠᠮᠠᠭᠠᠶ ᠨᠠᠶᠢᠳᠠᠪᠤᠷᠢᠵᠢᠭᠤᠯᠬᠤ᠂ ᠬᠤᠲᠠ ᠶᠢᠨ ᠵᠢᠷᠤᠭ ᠲᠥᠯᠥᠪᠯᠡᠭᠡ᠂ ᠣᠨᠴᠠᠯᠢᠭᠲᠤ ᠳᠦᠷᠰᠦ ᠪᠠᠶᠢᠳᠠᠯ᠂ ᠠᠵᠤ ᠦᠶ᠋ᠯᠡᠰ ᠪᠠ ᠬᠤᠲᠠ ᠶᠢ ᠨᠡᠶᠢᠯᠡᠭᠦᠯᠬᠦ ᠵᠡᠷᠭᠡ ᠲᠥᠯᠥᠪᠵᠢᠭᠦᠯᠭᠡ ᠶᠢᠨ ᠠᠵᠢᠯ ᠢ ᠰᠠᠶᠢᠲᠤᠷ ᠬᠢᠨ᠎ᠡ᠃ ᠴᠢᠳᠠᠯ ᠢᠶᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠬᠤᠯᠪᠣᠭᠳᠠᠬᠤ ᠰᠠᠭᠤᠷᠢ ᠲᠥᠬᠦᠭᠡᠷᠦᠮᠵᠢ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠬᠤᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠪᠠ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠬᠤᠲᠠ ᠶᠢᠨ ᠦᠩᠭᠡ ᠦᠵᠡᠮᠵᠢ ᠶᠢᠨ ᠣᠷᠴᠢᠨ ᠲᠣᠭᠤᠷᠢᠨ᠂ ᠵᠠᠮ ᠵᠡᠭᠡᠯᠢ ᠭᠤᠳᠤᠮᠵᠢ ᠶᠢᠨ ᠦᠵᠡᠮᠵᠢ᠂ ᠬᠤᠲᠠ ᠲᠡᠭᠦᠷᠭᠡ ᠶᠢᠨ ᠠᠭᠤᠯᠵᠠᠷ ᠬᠡᠰᠡᠭ ᠤᠨ ᠡᠷᠡᠭᠦᠯ ᠬᠠᠮᠠᠭᠠᠯᠠᠯ ᠵᠡᠷᠭᠡ ᠭᠤᠤᠯᠳᠠᠯᠭ᠎ᠠ ᠲᠠᠢ ᠴᠡᠭᠴᠡᠯᠡᠨ ᠵᠠᠰᠠᠬᠤ ᠠᠵᠢᠯ ᠢ ᠬᠦᠴᠦᠯᠡᠨ ᠰᠠᠶᠢᠲᠤᠷ ᠬᠢᠨ᠎ᠡ᠃ ︽ᠵᠣᠷᠯᠣᠩ ᠤᠨ ᠬᠤᠪᠢᠰᠬᠠᠯ︾᠎ ᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠬᠤᠳᠠ ᠬᠥᠳᠡᠭᠡ ᠪᠣᠯᠤᠨ ᠵᠢᠭᠤᠯᠴᠢᠯᠠᠯ ᠤᠨ ᠦᠵᠡᠮᠵᠢᠲᠦ ᠣᠷᠣᠨ ᠤ ᠵᠣᠷᠯᠣᠩ ᠤᠨ ᠲᠥᠯᠥᠪᠵᠢᠭᠦᠯᠪᠡ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠪᠠᠷ ᠲᠥᠯᠥᠪᠯᠡᠨ᠂ ︽ᠵᠣᠷᠯᠣᠩ ᠤᠨ ᠬᠤᠪᠢᠰᠬᠠᠯ︾᠎ ᠢᠶᠠᠷ ᠠᠮᠢᠳᠤᠷᠠᠯ ᠤᠨ ᠴᠢᠨᠠᠷ ᠤᠨ ᠳᠡᠭᠡᠭᠰᠢᠯᠡᠯᠲᠡ ᠶᠢ ᠳᠠᠶᠢᠴᠢᠯᠠᠬᠤ ᠬᠡᠷᠡᠭᠲᠡᠢ᠃ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠡᠷᠴᠢᠮ ᠢ ᠴᠢᠩᠭᠠᠷᠠᠭᠤᠯᠵᠤ᠂ ᠨᠡᠶᠢᠭᠡᠮ ᠤᠨ ᠬᠥᠷᠥᠩᠭᠡ ᠬᠤᠳᠠ ᠶᠢᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠬᠦᠷᠢᠶᠡᠨ ᠳᠤ ᠪᠦᠬᠦ ᠲᠠᠯ᠎ᠠ ᠪᠠᠷ ᠣᠷᠣᠬᠤ ᠶᠢ ᠬᠥᠲᠥᠯᠥᠨ ᠵᠢᠯᠣᠭᠤᠳᠴᠤ᠂ ᠰᠠᠭᠤᠭᠠᠯᠢ ᠠᠷᠠᠳ ᠤᠨ ᠤᠯᠠᠨ ᠶᠠᠩᠵᠤᠯᠠᠭᠰᠠᠨ᠂ ᠥᠪᠡᠷᠮᠢᠴᠡ ᠬᠡᠷᠡᠭᠴᠡᠭᠡ ᠶᠢ ᠬᠠᠩᠭᠠᠨ᠎ᠠ᠃ ᠠᠳᠠᠯ ᠠᠬᠤᠢ ᠶᠢᠨ ᠬᠠᠮᠢᠶᠠᠷᠤᠯᠲᠠ ᠶᠢ ᠴᠢᠩᠭᠠᠳᠬᠠᠨ ᠵᠢᠷᠤᠮᠵᠢᠭᠤᠯᠵᠤ᠂ ᠠᠳᠠᠯ ᠠᠬᠤᠢ ᠶᠢᠨ  ᠦᠢᠯᠡᠴᠢᠯᠡᠭᠡᠨ ᠤ ᠵᠠᠬ᠎ᠠ ᠳᠡᠯᠭᠡᠭᠦᠷᠴᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠠᠳᠠᠯ ᠠᠬᠤᠢ ᠶᠢᠨ ᠦᠶ᠋ᠯᠡᠴᠢᠯᠡᠭᠡᠨ ᠤ ᠶᠠᠰᠤ ᠴᠢᠨᠠᠷ ᠪᠠ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢ ᠬᠠᠮᠲᠤᠪᠠᠷ ᠡᠳ᠋ᠯᠡᠬᠦ ᠶᠢ ᠲᠦᠷᠭᠡᠳᠬᠡᠨ ᠠᠬᠢᠭᠤᠯᠵᠤ᠂ ᠤᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠪᠠ ᠬᠡᠷᠡᠭᠯᠡᠭᠡᠨ ᠤ ᠬᠦᠷᠢᠶ᠎ᠡ ᠬᠡᠪᠴᠢᠶ᠎ᠡ ᠶᠢ ᠥᠷᠭᠡᠳᠬᠡᠨ᠎ᠡ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠲᠤᠰᠬᠠᠶ ᠵᠦᠢᠯ ᠢᠶᠠᠷ ᠵᠠᠰᠠᠬᠤ ᠠᠵᠢᠯ ᠢ ᠥᠷᠨᠢᠭᠦᠯᠵᠦ᠂ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ᠂ ᠬᠠᠩᠭᠠᠭᠰᠠᠨ ᠪᠣᠯᠪᠠᠴᠤ ᠬᠡᠷᠡᠭᠯᠡᠭᠰᠡᠨ ᠦᠭᠡᠢ ᠭᠠᠵᠠᠷ ᠰᠢᠷᠣᠶ ᠶᠢ ᠪᠦᠬᠦ ᠲᠠᠯ᠎ᠠ ᠪᠠᠷ ᠲᠢᠭᠯᠡᠵᠦ᠂ ︽ᠬᠠᠭᠠᠰ ᠳᠤᠲᠠᠭᠤ︾ ᠢᠨᠵᠧᠨᠧᠷᠢᠩ ᠤᠨ ᠠᠰᠠᠭᠤᠳᠠᠯ ᠢ ᠰᠠᠶᠢᠲᠤᠷ ᠰᠢᠶ᠋ᠳᠪᠦᠷᠢᠯᠡᠵᠦ᠂ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠤᠨ᠎ᠠ᠃ ᠭᠠᠵᠠᠷ ᠰᠢᠷᠣᠢ ᠨᠥᠭᠡᠴᠡᠯᠡᠬᠦ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠮᠠᠨ ᠤ ᠣᠷᠣᠨ ᠤ ︽ᠭᠠᠵᠠᠷ ᠰᠢᠷᠣᠢ ᠨᠥᠭᠡᠴᠡᠯᠡᠬᠦ ᠬᠠᠮᠢᠶᠠᠷᠤᠯᠲᠠ ᠶᠢᠨ ᠠᠷᠭ᠎ᠠ︾᠎ ᠶᠢ ᠲᠦᠷᠭᠡᠬᠡᠨ ᠲᠣᠭᠲᠠᠭᠠᠨ ᠨᠡᠶᠢᠲᠡᠯᠡᠵᠦ᠂ ᠭᠠᠵᠠᠷ ᠰᠢᠷᠣᠢ ᠨᠥᠭᠡᠴᠡᠯᠡᠬᠦ ᠪᠠ ᠬᠠᠩᠭᠠᠬᠤ ᠠᠶᠢᠵᠠᠮ ᠢ ᠦᠨᠡᠨᠬᠦ ᠰᠠᠶᠢᠲᠤᠷ ᠡᠵᠡᠮᠳᠡᠵᠦ᠂ ᠭᠠᠵᠠᠷ ᠰᠢᠷᠣᠢ ᠶᠢ ᠠᠷᠪᠢᠲᠠᠢ ᠡᠷᠴᠢᠮᠯᠢᠭ ᠪᠥᠭᠡᠳ ᠥᠨᠳᠥᠷ ᠦᠷ᠎ᠡ ᠪᠦᠲᠦᠮᠵᠢᠲᠡᠢ ᠠᠰᠢᠭᠯᠠᠬᠤ ᠬᠡᠷᠡᠭᠲᠡᠢ᠃      ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠲᠦᠷᠭᠡᠳᠬᠡᠨ᠎ᠡ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠤᠯᠤᠰ ᠠᠴᠠ 5000 ᠮᠦ ᠭᠤᠣᠯᠳᠠᠯᠭ᠎ᠠ ᠲᠠᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠪᠡᠶᠡᠯᠡᠭᠦᠯᠪᠡ᠃ ᠬᠠᠭᠤᠴᠢᠨ ᠬᠤᠳᠠ ᠲᠣᠭᠤᠷᠢᠭ ᠤᠨ ᠴᠡᠴᠡᠷᠯᠢᠭ᠂ ᠲᠠᠯᠠᠪᠠᠢ᠂ ᠴᠠᠬᠠᠷ ᠠᠵᠤ ᠦᠶ᠋ᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠭᠤᠣᠯ ᠵᠠᠮ ᠪᠣᠯᠤᠨ ᠠᠷᠪᠠᠨ ᠳᠥᠷᠪᠡᠳᠦᠬᠡᠷ ᠬᠤᠭᠤᠴᠠᠭᠠᠨ ᠤ ᠪᠠᠶ᠎ᠠ ᠶᠢᠨ ᠲᠠᠮᠢᠷ ᠤᠨ ᠤᠷᠤᠯᠳᠤᠭᠠᠨ ᠤ ᠲᠠᠯᠠᠪᠠᠢ ᠣᠷᠳᠣᠨ ᠤ ᠡᠷᠭᠢᠨ ᠲᠣᠭᠤᠷᠢᠨ ᠤ ᠨᠣᠭᠤᠭᠠᠷᠠᠭᠤᠯᠤᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠨᠣᠭᠤᠭᠠᠷᠠᠭᠤᠯᠤᠯᠲᠠ ᠶᠢᠨ ᠶᠡᠷᠦᠩᠬᠡᠢ ᠬᠡᠮᠵᠢᠶ᠎ᠡ ᠶᠢ ᠨᠡᠮᠡᠭᠳᠡᠭᠦᠯᠦᠨ᠂ ᠨᠣᠭᠤᠭᠠᠷᠠᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠪᠦᠲᠦᠭᠡᠨ ᠪᠠᠶᠢᠭᠤᠯᠬᠤ ᠪᠠ ᠬᠠᠮᠠᠭᠠᠯᠠᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ︽ᠭᠤᠷᠪᠠᠨ ᠠᠭᠤᠯᠠ ᠬᠤᠶᠠᠷ ᠭᠤᠤᠯ︾᠂ ᠵᠠᠮ᠂ ᠴᠡᠴᠡᠷᠯᠢᠭ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠣᠢ ᠮᠣᠳᠣ ᠶᠢ ᠰᠡᠭᠦᠯᠴᠢ ᠶᠢᠨ ᠬᠤᠭᠤᠴᠠᠭᠠᠨ ᠳᠤ ᠬᠠᠮᠢᠶᠠᠷᠤᠨ ᠬᠠᠮᠠᠭᠠᠯᠠᠬᠤ ᠶᠢ ᠦᠷᠭᠦᠯᠵᠢᠯᠡᠨ ᠴᠢᠩᠭᠠᠳᠬᠠᠵᠤ᠂ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠠ ᠮᠠᠯᠵᠢᠬᠤ ᠶᠢ ᠴᠠᠭᠠᠵᠠᠯᠠᠬᠤ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠬᠤ᠂ ᠬᠢᠯᠪᠠᠷ ᠪᠤᠰᠤ ᠪᠠᠷ ᠣᠯᠤᠭᠰᠠᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠰᠠᠶᠢᠲᠤᠷ ᠬᠠᠮᠠᠭᠠᠯᠠᠨ᠎ᠠ᠃ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ᠂ ᠪᠣᠬᠢᠷᠲᠤᠯ ᠥᠬᠡᠶ ᠭᠡᠷ ᠪᠦᠯᠢ᠂ ᠪᠣᠬᠢᠷᠲᠤᠯ ᠥᠬᠡᠶ ᠰᠤᠷᠭᠠᠭᠤᠯᠢ᠂ ᠪᠣᠬᠢᠷᠲᠤᠯ ᠥᠬᠡᠶ ᠨᠡᠶᠢᠭᠡᠮ ᠲᠣᠭᠤᠷᠢᠭ᠂ ᠪᠣᠬᠢᠷᠲᠤᠯ ᠥᠬᠡᠶ ᠶᠠᠪᠤᠵᠤ ᠰᠠᠭᠤᠬᠤ ᠵᠡᠷᠭᠡ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠳᠥᠭᠦᠮ ᠪᠥᠭᠡᠳ ᠵᠣᠬᠢᠰᠲᠠᠶ᠂ ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠂ ᠠᠮᠢ ᠠᠬᠤᠢ ᠶᠢᠨ ᠪᠣᠯᠪᠠᠰᠤᠨ ᠤ ᠬᠥᠮᠦᠵᠢᠯ ᠢ ᠴᠢᠩᠭᠠᠳᠬᠠᠵᠤ᠂ ᠪᠣᠬᠢᠷᠲᠤᠯ ᠥᠬᠡᠶ ᠬᠡᠷᠡᠭᠯᠡᠭᠡ᠂ ᠪᠣᠬᠢᠷᠲᠤᠯ ᠥᠬᠡᠶ ᠠᠮᠢᠳᠤᠷᠠᠯ ᠢ ᠪᠤᠢ ᠪᠣᠯᠭᠠᠨ᠂ ᠪᠠᠶᠢᠭᠠᠯᠢ ᠶᠢ ᠬᠦᠨᠳᠦᠳᠬᠡᠬᠦ᠂ ᠪᠠᠶᠢᠭᠠᠯᠢ ᠶᠢ ᠬᠠᠮᠠᠭᠠᠯᠠᠬᠤ ᠵᠠᠩᠰᠢᠯ ᠲᠠᠢ ᠪᠣᠯᠭᠠᠨ᠎ᠠ᠃      ︽ᠲᠠᠪᠤᠨ ᠬᠤᠲᠠ ᠶᠢ ᠬᠠᠮᠲᠥ ᠳᠤᠨᠢ ᠪᠠᠶᠢᠭᠤᠯᠬᠤ︾ ᠠᠵᠢᠯ ᠢ ᠭᠦᠨᠵᠡᠭᠡᠶ ᠲᠦᠯᠬᠢᠨ ᠠᠬᠢᠭᠤᠯᠤᠨ᠎ᠠ᠃ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠦᠨ᠎ᠡ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠂ ᠤᠯᠠᠨ ᠲᠦᠮᠡᠨ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠬᠤᠲᠠ ᠪᠠᠶᠢᠭᠤᠯᠬᠤ ᠠᠵᠢᠯ ᠤᠨ ᠲᠤᠷᠰᠢᠯᠭ᠎ᠠ ᠪᠣᠯᠤᠨ ᠠᠰᠠᠭᠤᠳᠠᠯ ᠬᠦᠷᠦᠯᠴᠡᠬᠦ ᠦᠭᠡᠢ ᠪᠠᠶᠢᠬᠤ ᠶᠢ ᠨᠠᠷᠢᠨ ᠬᠢᠨᠠᠮᠠᠭᠠᠢ ᠳ᠋ᠦᠩᠨᠡᠵᠦ᠂ ᠵᠣᠷᠢᠭ ᠰᠢᠭᠤᠳᠴᠤ᠂ ᠡᠷᠴᠢᠮ ᠢᠶᠠᠨ ᠰᠤᠯᠠᠷᠠᠭᠤᠯᠬᠤ ᠦᠭᠡᠢ᠂ ᠪᠠᠷᠢᠮᠵᠢᠶ᠎ᠠ ᠪᠠᠨ ᠪᠠᠭᠤᠷᠠᠭᠤᠯᠬᠤ ᠦᠭᠡᠢ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠳᠤᠲᠠᠭᠳᠠᠯ ᠢᠶᠠᠨ ᠨᠥᠬᠦᠪᠥᠷᠢᠯᠡᠵᠦ᠂ ᠪᠦᠬᠦ ᠠᠷᠠᠳ ᠢᠶᠠᠷ ᠢᠶᠠᠨ ᠳᠠᠢᠴᠢᠯᠠᠵᠤ᠂ ᠵᠡᠷᠭᠡᠪᠡᠷ ᠠᠳᠬᠤᠨ ᠬᠠᠮᠲᠤᠪᠠᠷ ᠪᠠᠶᠢᠭᠤᠯᠵᠤ᠂ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠪᠠᠶᠢᠭᠤᠯᠤᠯᠭ᠎ᠠ ᠨᠢᠭᠡᠴᠡ ᠶᠢᠨ ᠳᠠᠭᠠᠭᠠᠴᠢᠯᠠᠨ ᠬᠤᠯᠪᠣᠭᠠᠯᠠᠬᠤ ᠵᠢᠵᠢᠭ ᠲᠣᠭᠤᠷᠢᠭ᠂ ᠪᠣᠯᠪᠠᠰᠤᠨ ᠵᠠᠮ ᠬᠠᠷᠢᠯᠴᠠᠭᠠᠨ ᠤ ᠰᠠᠶᠢᠨ ᠳᠤᠷ᠎ᠠ ᠶᠢᠨ ᠦᠶ᠋ᠯᠡᠴᠢᠯᠡᠭᠡ ᠵᠡᠷᠭᠡ ᠪᠦᠲᠦᠮᠵᠢᠲᠡᠶ ᠠᠷᠭ᠎ᠠ ᠬᠢᠳᠡᠯ ᠢ ᠦᠷᠭᠦᠯᠵᠢᠯᠡᠨ ᠬᠡᠷᠡᠭᠵᠢᠭᠦᠯᠵᠦ᠂ ᠨᠡᠶᠢᠭᠡᠮ ᠳᠠᠶᠠᠭᠠᠷ ᠤᠨ ᠰᠠᠶᠢᠨ ᠳᠤᠷ᠎ᠠ ᠶᠢᠨ ᠦᠶ᠋ᠯᠡᠴᠢᠯᠡᠭᠡ ᠶᠢᠨ ᠬᠤᠲᠠ ᠡᠭᠦᠳᠬᠦ ᠰᠢᠨ᠎ᠡ ᠵᠠᠭᠪᠤᠷ ᠢ ᠢᠳᠡᠪᠬᠢᠲᠡᠶ ᠰᠦᠪᠡᠭᠴᠢᠯᠡᠵᠦ᠂ ᠬᠤᠲᠠ ᠪᠠᠶᠢᠭᠤᠯᠬᠤ ᠠᠵᠢᠯ ᠢ ᠪᠠᠶᠢᠩᠭᠤᠵᠢᠭᠤᠯᠬᠤ᠂ ᠳᠦᠷᠢᠮᠵᠢᠭᠦᠯᠬᠦ ᠶᠢ ᠠᠬᠢᠭᠤᠯᠬᠤ ᠬᠡᠷᠡᠭᠲᠡᠶ᠃ ᠪᠣᠯᠪᠠᠰᠤᠨ ᠭᠠᠴᠠᠭ᠎ᠠ ᠪᠠᠯᠭᠠᠰᠤ᠂ ᠪᠣᠯᠪᠠᠰᠤᠨ ᠨᠢᠭᠡᠴᠡ᠂ ᠪᠣᠯᠪᠠᠰᠤᠨ ᠰᠤᠷᠭᠠᠭᠤᠯᠢ ᠶᠢᠨ ᠬᠦᠷᠢᠶ᠎ᠡ᠂ ᠪᠣᠯᠪᠠᠰᠤᠨ ᠨᠡᠶᠢᠭᠡᠮ ᠲᠣᠭᠤᠷᠢᠭ᠂ ᠪᠣᠯᠪᠠᠰᠤᠨ ᠭᠡᠷ ᠪᠦᠯᠢ ᠵᠡᠷᠭᠡ ᠣᠯᠠᠨ ᠲᠦᠮᠡᠨᠴᠢ ᠴᠢᠨᠠᠷᠲᠠᠶ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠵᠦ᠂ ᠪᠥᠬᠦ ᠨᠡᠶᠢᠭᠡᠮ ᠤᠨ ᠪᠣᠯᠪᠠᠰᠤᠨ ᠤ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠤᠯᠤᠰ ᠠᠴᠠ ᠴᠡᠴᠡᠷᠯᠢᠭᠲᠦ ᠬᠤᠲᠠ᠂ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠤᠯᠤᠰ ᠠᠴᠠ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠢᠱᠢᠶᠡᠴᠢ ᠬᠤᠲᠠ ᠶᠢ ᠡᠭᠦᠳᠦᠨ ᠪᠠᠶᠢᠭᠤᠯᠬᠤ ᠠᠯᠬᠤᠴᠠ ᠶᠢ ᠲᠦᠷᠭᠡᠳᠬᠡᠨ ᠠᠬᠢᠭᠤᠯᠵᠤ᠂ ︽ᠲᠠᠪᠤᠨ ᠬᠤᠲᠠ ᠶᠢ ᠬᠠᠮᠲᠥ ᠳᠤᠨᠢ ᠪᠠᠶᠢᠭᠤᠯᠬᠤ︾ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠬᠤ ᠬᠡᠷᠡᠭᠲᠡᠢ᠃      ︵ᠲᠠᠪᠤ︶ ᠥᠭᠡᠷᠡᠴᠢᠯᠡᠯᠲᠡ ᠨᠡᠭᠡᠭᠡᠯᠲᠡ ᠶᠢ ᠪᠠᠷᠢᠮᠲᠠᠯᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠮᠢᠳᠤᠯᠢᠭ ᠬᠦᠴᠦᠨ ᠢ ᠬᠦᠴᠦᠯᠡᠨ ᠨᠡᠮᠡᠭᠳᠡᠭᠦᠯᠪᠡ       ︽ᠨᠡᠭᠡᠭᠡᠯᠲᠡ ᠬᠢᠪᠡᠯ ᠤᠷᠤᠭᠰᠢᠯᠠᠨ ᠳᠠᠪᠰᠢᠵᠤ᠂ ᠪᠢᠲᠡᠭᠦᠮᠵᠢᠯᠡᠪᠡᠯ ᠯᠠᠪ ᠬᠤᠴᠣᠷᠤᠨ᠎ᠠ︾ ᠭᠡᠬᠦ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ᠪᠦᠬᠦ ᠲᠠᠯ᠎ᠠ ᠪᠠᠷ᠂ ᠤᠯᠠᠨ ᠲᠠᠰ ᠳᠠᠪᠬᠤᠷᠭ᠎ᠠ᠂ ᠥᠷᠭᠡᠨ ᠬᠦᠷᠢᠶᠡᠨ ᠳᠤ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠵᠢᠨᠢᠩ ᠢ ᠦᠨᠡᠨᠬᠦ ᠨᠡᠭᠡᠭᠡᠯᠲᠡᠲᠡᠢ᠂ ᠠᠮᠢᠵᠢᠷᠠᠯ ᠤᠨ ᠬᠦᠴᠦᠨ ᠲᠠᠢ᠂ ᠲᠠᠲᠠᠬᠤ ᠬᠦᠴᠦᠨ ᠲᠠᠢ ᠬᠥᠭᠵᠢᠯᠲᠡ ᠶᠢᠨ ᠬᠠᠯᠠᠭᠤᠨ ᠰᠢᠷᠤᠢ ᠪᠤᠯᠭᠠᠨ᠎ᠠ᠃      ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠲᠦᠷᠭᠡᠳᠬᠡᠨ᠎ᠡ᠃ ᠲᠥᠪ᠂ ᠥᠪᠡᠷᠲᠡᠭᠡᠨ ᠵᠠᠰᠠᠬᠤ ᠣᠷᠣᠨ ᠪᠠ ᠤᠯᠠᠭᠠᠨᠴᠠᠪ ᠬᠤᠲᠠ ᠶᠢᠨ ᠰᠢᠷᠢᠰ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠡᠪᠳᠡᠬᠦ︾᠂ ︽ᠪᠠᠶᠢᠭᠤᠯᠬᠤ︾᠂ ︽ᠪᠠᠭᠤᠷᠠᠭᠤᠯᠬᠤ︾ ᠳᠡᠭᠡᠷ᠎ᠡ ᠬᠦᠴᠦ ᠲᠠᠯᠪᠢᠵᠤ᠂ ᠠᠵᠤ ᠠᠬᠤᠢᠢᠯᠠᠯ ᠤᠨ ᠬᠦᠴᠦᠨ ᠵᠦᠶ᠋ᠯ ᠤᠨ ᠥᠪᠡᠷ ᠤᠨ ᠥᠷᠲᠡᠭ ᠪᠠ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠤᠯᠠᠮ ᠢᠭᠡ ᠠᠯᠬᠤᠮ ᠴᠢᠩᠭᠠᠷᠠᠭᠤᠯᠤᠨ᠎ᠠ᠃ ︽ᠲᠠᠯᠪᠢᠬᠤ ᠬᠠᠮᠢᠶᠠᠷᠬᠤ ᠤᠢᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠳᠠᠷᠦ᠋ᠢᠬᠠᠨ ᠭᠦᠶ᠋ᠴᠡᠳᠬᠡᠬᠦ︾᠂ ︽ᠨᠢᠭᠡ ᠯᠡ ᠤᠳᠠᠭ᠎ᠠ ᠭᠦᠶᠦᠬᠦ︾ ᠵᠢᠴᠢ ︽ᠭᠡᠷᠡᠴᠢ ᠦᠨᠡᠮᠯᠡᠯ ᠢ ᠰᠠᠯᠭᠠᠬᠤ︾᠂ ᠠᠵᠢᠯ ᠤᠨ ᠳᠤᠮᠳᠠ ᠪᠠ ᠠᠵᠢᠯ ᠤᠨ ᠳᠠᠷᠠᠭ᠎ᠠ ᠶᠡᠷᠦᠩᠬᠡᠶᠢᠯᠡᠨ ᠬᠢᠨᠠᠨ ᠬᠠᠮᠢᠶᠠᠷᠬᠤ ᠵᠡᠷᠭᠡ ᠠᠷᠭ᠎ᠠ ᠬᠢᠳᠡᠯ ᠢ ᠳᠡᠯᠭᠡᠷᠡᠭᠦᠯᠦᠨ᠎ᠡ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶ᠋ᠯᠡᠴᠢᠯᠡᠭᠡ︾᠎ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠡᠮᠬᠢᠯᠡᠨ ᠨᠡᠶᠢᠯᠡᠭᠦᠯᠵᠦ ᠬᠠᠮᠲᠤᠪᠠᠷ ᠡᠳ᠋ᠯᠡᠬᠦ ᠶᠢ ᠲᠦᠷᠭᠡᠳᠬᠡᠨ ᠠᠬᠢᠭᠤᠯᠵᠤ᠂ ᠪᠥᠬᠦ ᠣᠷᠣᠨ ᠤ ︽ᠨᠢᠭᠡ ᠯᠠ ᠴᠣᠩᠬᠤ ᠪᠠᠷ ᠲᠡᠮᠳᠡᠭᠯᠡᠨ ᠣᠷᠣᠭᠤᠯᠵᠤ᠂ ᠣᠯᠠᠨ ᠰᠠᠯᠠᠭ᠎ᠠ ᠮᠥᠴᠢᠷ ᠬᠠᠮᠲᠤᠪᠠᠷ ᠬᠦᠷᠲᠡᠬᠦ︾᠂ ︽ᠨᠢᠭᠡ ᠯᠠ ᠤᠳᠠᠭ᠎ᠠ ᠳᠤ ᠳᠠᠩᠰᠠᠯᠠᠵᠤ᠂ ᠨᠢᠭᠡ ᠰᠦᠯᠵᠢᠶ᠎ᠡ ᠪᠠᠷ ᠪᠦᠬᠦᠨ ᠢ ᠭᠦᠶ᠋ᠴᠡᠳᠬᠡᠬᠦ︾ ᠶᠡᠷᠦᠩᠬᠡᠶᠢᠯᠡᠭᠰᠡᠨ ᠣᠯᠠᠨ ᠨᠡᠶᠢᠲᠡ ᠶᠢᠨ ᠦᠶ᠋ᠯᠡᠴᠢᠯᠡᠭᠡᠨ ᠤ ᠲᠠᠪᠴᠠᠩ ᠢ ᠪᠠᠶᠢᠭᠤᠯᠵᠤ᠂ ᠪᠣᠳᠠᠲᠤ ᠴᠣᠭᠴᠠ ᠶᠢᠨ ᠵᠠᠰᠠᠭ ᠤᠨ ᠶᠠᠪᠤᠳᠠᠯ ᠤᠨ ᠲᠢᠩᠬᠢᠮ ᠯᠦᠭᠡ ᠣᠷᠭᠠᠨᠢᠭ ᠢᠶᠠᠷ ᠵᠣᠯᠭᠠᠭᠤᠯᠬᠤ ᠶᠢ ᠪᠡᠶᠡᠯᠡᠭᠦᠯᠦᠨ᠎ᠡ᠃ ᠤᠯᠤᠰ ᠠᠴᠠ ᠥᠮᠴᠢᠯᠡᠯ ᠤᠨ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠠᠵᠢᠯ ᠢ ᠥᠷᠨᠢᠭᠦᠯᠵᠦ᠂ ᠤᠯᠤᠰ ᠠᠴᠠ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠰᠠᠶᠢᠵᠢᠷᠠᠭᠤᠯᠤᠨ᠎ᠠ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠳᠠᠩᠰᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠷᠬᠡ ᠲᠡᠭᠰᠢ ᠪᠠᠷ ᠥᠷᠢᠰᠦᠯᠳᠦᠬᠦ ᠶᠢ ᠬᠠᠷᠰᠢᠯᠠᠵᠤ ᠪᠠᠢᠶ᠋ᠭ᠎ᠠ ᠡᠯ᠎ᠡ ᠵᠦᠢᠯ ᠤᠨ ᠲᠣᠭᠲᠠᠭᠠᠯ ᠪᠠ ᠠᠷᠭ᠎ᠠ ᠬᠢᠳᠡᠯ ᠢ ᠴᠡᠪᠡᠷᠯᠡᠨ ᠬᠦᠴᠦᠨ ᠦᠭᠡᠢ ᠪᠣᠯᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠳᠠᠮᠵᠢᠨ᠎ᠠ᠃ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠰᠤᠨ ᠤ ᠡᠬᠢ ᠪᠠᠶᠠᠯᠢᠭ ᠤᠨ ᠭᠠᠶᠢᠯᠢ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠭᠠᠶᠢᠯᠢ ᠵᠡᠷᠭᠡ ᠭᠠᠶᠢᠯᠢ ᠶᠢᠨ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠰᠠᠶᠢᠲᠤᠷ ᠬᠢᠨ᠎ᠡ᠃      ᠭᠠᠳᠠᠭᠰᠢ ᠨᠡᠭᠡᠭᠡᠯᠲᠡ ᠬᠢᠬᠦ ᠬᠠᠮᠲᠤᠷᠠᠯᠴᠠᠭ᠎ᠠ ᠶᠢ ᠥᠷᠭᠡᠳᠬᠡᠨ᠎ᠡ᠃ ᠨᠡᠭᠡᠭᠡᠯᠲᠡ ᠶᠢ ᠠᠳᠬᠤᠬᠤ ᠨᠢ ᠳᠠᠷᠤᠢ ᠬᠥᠭᠵᠢᠯᠲᠡ ᠶᠢ ᠠᠳᠬᠤᠵᠤ ᠪᠠᠶᠢᠭ᠎ᠠ ᠶᠠᠪᠤᠳᠠᠯ ᠮᠥᠨ᠂ ᠨᠡᠭᠡᠭᠡᠯᠲᠡ ᠶᠢ ᠰᠦᠪᠡᠭᠴᠢᠯᠡᠬᠦ ᠨᠢ ᠳᠠᠷᠤᠢ ᠢᠷᠡᠭᠡᠳᠦᠢ ᠶᠢ ᠪᠣᠳᠣᠯᠬᠢᠯᠠᠵᠤ ᠪᠠᠢᠶ᠋ᠭ᠎ᠠ ᠶᠠᠪᠤᠳᠠᠯ ᠮᠥᠨ᠃ ᠭᠤᠣᠯ ᠬᠤᠲᠠ ᠲᠣᠭᠤᠷᠢᠭ ᠪᠣᠯᠤᠭᠰᠠᠨ ᠤ ᠬᠤᠪᠢ ᠳᠤ᠂ ᠡᠷᠬᠡᠪᠰᠢ ᠨᠡᠭᠡᠭᠡᠯᠲᠡᠲᠦ ᠤᠬᠠᠮᠰᠠᠷ ᠪᠣᠯᠤᠨ ᠬᠥᠭᠵᠢᠯᠲᠡ ᠶᠢᠨ ᠤᠬᠠᠮᠰᠠᠷ ᠢᠶᠠᠨ ᠴᠢᠩᠭᠠᠳᠬᠠᠵᠤ᠂ ᠭᠠᠳᠠᠭᠠᠳᠤ ᠨᠡᠭᠡᠭᠡᠯᠲᠡ ᠶᠢᠨ ᠬᠠᠮᠲᠤᠷᠠᠯᠴᠠᠭ᠎ᠠ ᠪᠠᠨ ᠪᠦᠬᠦ ᠲᠠᠯ᠎ᠠ ᠪᠠᠷ ᠥᠷᠭᠡᠳᠬᠡᠵᠦ᠂ ᠨᠡᠭᠡᠭᠡᠯᠲᠡᠲᠦ ᠬᠥᠭᠵᠢᠯᠲᠡ ᠭᠡᠬᠦ ᠡᠨᠡ ᠬᠦ ᠶᠡᠭᠡ ᠶᠠᠪᠤᠳᠠᠯ ᠢ ᠴᠢᠷᠮᠠᠶᠢᠨ ᠰᠠᠶᠢᠲᠤᠷ ᠬᠢᠵᠦ᠂ ᠤᠯᠠᠭᠠᠨᠴᠠᠪ ᠤᠨ ᠨᠡᠭᠡᠭᠡᠯᠲᠡᠲᠦ ᠬᠥᠭᠵᠢᠯᠲᠡ ᠶᠢᠨ ᠰᠢᠨ᠎ᠡ ᠥᠨᠳᠦᠷᠯᠢᠭ ᠢ ᠴᠣᠭᠴᠠᠯᠠᠬᠤ ᠬᠡᠷᠡᠭᠲᠡᠢ᠃ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠶᠢ ᠠᠰᠢᠭᠯᠠᠵᠤ᠂ ᠪᠡᠭᠡᠵᠢᠩ ᠬᠤᠳᠠ ᠲᠣᠭᠤᠷᠢᠭ ᠤᠨ ᠰᠠᠯᠠᠭ᠎ᠠ ᠮᠥᠴᠢᠷ ᠲᠠᠢ ᠨᠢᠭᠲᠠ᠂ ᠪᠠᠶᠢᠩᠭᠤᠵᠢᠭᠰᠠᠨ ᠵᠣᠯᠭᠠᠯᠴᠠᠭᠤᠯᠤᠨ ᠬᠠᠮᠲᠤᠷᠠᠯᠴᠠᠬᠤ ᠲᠣᠭᠲᠠᠴᠠ ᠶᠢ ᠪᠠᠶᠢᠭᠤᠯᠵᠤ᠂ ᠪᠡᠭᠡᠵᠢᠩ ᠳᠠᠬᠢ ᠠᠵᠤ ᠠᠬᠤᠢ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ᠂ ᠰᠤᠷᠭᠠᠨ ᠬᠥᠮᠦᠵᠢᠯ᠂ ᠡᠮ ᠡᠮᠨᠡᠯᠭᠡ᠂ ᠶᠠᠳᠠᠭᠤ ᠶᠢ ᠲᠡᠳᠬᠦᠬᠦ ᠪᠠ ᠺᠠᠳ᠋ᠷ ᠤᠨ ᠰᠣᠯᠢᠯᠴᠠᠭ᠎ᠠ ᠵᠡᠷᠭᠡ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭᠠᠨ ᠤ ᠪᠡᠭᠡᠵᠢᠩ ᠬᠦᠷᠢᠶᠡᠯᠡᠩ ᠢ ᠡᠬᠢᠯᠡᠨ ᠪᠦᠲᠦᠭᠡᠨ ᠪᠠᠶᠢᠭᠤᠯᠬᠤ ᠬᠡᠷᠡᠭᠲᠡᠢ᠃ ᠤᠯᠠᠭᠠᠨᠴᠠᠪ ᠳ᠋ᠠᠲ᠋ᠦ᠋ᠩ ᠴᠢᠭᠤᠯᠤᠯᠲᠥ ᠬᠠᠭᠠᠯᠭ᠎ᠠ ᠶᠢᠨ ᠬᠠᠮᠲᠤᠷᠠᠯᠴᠠᠭᠠᠨ ᠤ ᠣᠷᠣᠨ ᠤ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠠᠵᠤ ᠦᠢᠯᠡᠰ ᠤᠨ ᠬᠥᠭᠵᠢᠯᠲᠡ ᠶᠢᠨ ᠬᠠᠷᠢᠯᠴᠠᠨ ᠨᠥᠬᠦᠪᠥᠷᠢᠯᠡᠵᠦ ᠬᠠᠷᠢᠯᠴᠠᠨ ᠠᠬᠢᠭᠤᠯᠬᠤ᠂ ᠤᠯᠠᠨ ᠨᠡᠶᠢᠲᠡ ᠶᠢᠨ ᠦᠢᠯᠡᠴᠢᠯᠡᠭᠡ ᠶᠢ ᠬᠠᠮᠲᠤᠪᠠᠷ ᠪᠠᠶᠢᠭᠤᠯᠵᠤ ᠬᠠᠮᠲᠤ ᠪᠠᠷ ᠡᠳ᠋ᠯᠡᠬᠦ ᠵᠡᠷᠭᠡ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠰᠢᠪᠲᠤᠯᠤᠯᠲᠠ ᠲᠠᠢ ᠪᠣᠯᠬᠤ ᠪᠠᠷ ᠴᠢᠷᠮᠠᠶᠢᠨ᠎ᠠ᠃ ︽ᠨᠢᠭᠡ ᠪᠦᠰᠡ ᠨᠢᠭᠡ ᠵᠠᠮ ︾ ᠪᠣᠯᠤᠨ ︽ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ︾᠎ ᠤᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠤᠮᠠᠷᠠᠰᠢ ᠨᠡᠭᠡᠭᠡᠯᠲᠡ ᠬᠢᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ ᠂ ᠳᠤᠮᠳᠠᠳᠤ ᠧᠦ᠋ᠷᠣᠫᠠ ᠤᠨ ᠵᠢᠰᠢᠶᠠᠨ ᠤ ᠭᠠᠯᠲᠥ ᠲᠡᠷᠭᠡ ᠳᠤ ᠲᠦᠰᠢᠭᠯᠡᠨ ᠵᠠᠮ ᠳᠠᠭᠠᠤ ᠶᠢᠨ ᠤᠯᠤᠰ ᠤᠳ ᠲᠠᠢ ᠨᠥᠬᠦᠷᠰᠡᠭ ᠬᠤᠲᠠ ᠪᠠᠶᠢᠭᠤᠯᠵᠤ᠂ ᠠᠭᠠᠷ ᠤᠨ ᠭᠠᠷᠠᠮ ᠤᠨ ᠠᠵᠤ ᠠᠬᠤᠶ ᠪᠣᠯᠤᠨ ᠣᠯᠠᠨ ᠤᠯᠤᠰ ᠠᠴᠠ ᠪᠠᠷᠠᠭ᠎ᠠ ᠶᠢᠨ ᠭᠦᠶ᠋ᠯᠭᠡᠭᠡ ᠶᠢ ᠶᠡᠬᠡᠪᠡᠷ ᠬᠥᠭᠵᠢᠭᠦᠯᠦᠨ᠂ ᠣᠷᠣᠰ ᠮᠣᠩᠭᠤᠯ ᠧᠦ᠋ᠷᠣᠫᠠ᠂ ᠪᠡᠭᠡᠵᠢᠩ ᠲᠢᠶᠠᠨᠵᠢᠨ ᠾᠧᠪᠧᠢ ᠳᠤ ᠦᠶ᠋ᠯᠡᠴᠢᠯᠡᠬᠦ ᠠᠵᠤ ᠠᠬᠤᠶ ᠮᠡᠷᠭᠡᠵᠢᠯ ᠤᠨ ᠬᠠᠮᠲᠤᠷᠠᠯᠴᠠᠭᠠᠨ ᠤ ᠣᠷᠣᠨ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠠᠸᠠᠷ ᠡᠳ᠋ᠰᠢᠭᠦᠯᠬᠦ ᠣᠷᠣᠨ ᠢ ᠪᠦᠲᠦᠭᠡᠨ ᠪᠠᠶᠢᠭᠤᠯᠤᠨ᠎ᠠ᠃ ᠠᠷᠠᠯᠵᠢᠶᠠᠨ ᠤ ᠣᠷᠴᠢᠨ ᠨᠥᠬᠦᠴᠡᠯ ᠢ ᠰᠠᠶᠢᠵᠢᠷᠠᠭᠤᠯᠵᠤ᠂ ᠨᠠᠩ ᠤᠯᠠᠨ ᠬᠤᠳᠠᠯᠳᠤᠭᠠᠴᠢᠨ ᠰᠢᠨ ᠶᠠ ᠪᠦᠦ ᠯᠦ ᠬᠤᠳᠠᠯᠳᠤᠭᠠᠨ ᠤ ᠬᠤᠲᠠ ᠳᠤ ᠣᠷᠣᠵᠤ ᠰᠠᠭᠤᠪᠠ᠃ ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ ᠥᠷᠭᠡᠳᠬᠡᠵᠦ᠂ ᠪᠦᠬᠦ ᠵᠢᠯ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠦᠬᠦ ᠲᠤᠭ᠎ᠠ ᠶᠢ ᠰᠢᠨ᠎ᠡ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠨ᠎ᠠ᠃      ︵ᠵᠢᠷᠭᠤᠭ᠎ᠠ︶ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ ᠂ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠵᠤ ᠰᠠᠶᠢᠵᠢᠷᠠᠭᠤᠯᠤᠨ᠎ᠠ    ᠰᠢᠨ᠎ᠡ ᠴᠠᠭ ᠦᠶ᠎ᠡ ᠶᠢᠨ ᠠᠷᠠᠳ ᠤᠨ ᠠᠮᠢᠳᠤᠷᠠᠯ ᠤᠨ ᠬᠡᠷᠡᠭᠴᠡᠭᠡ ᠶᠢᠨ ᠰᠢᠨ᠎ᠡ ᠬᠦᠰᠡᠯ ᠡᠷᠡᠮᠡᠯᠵᠡᠯ᠂ ᠰᠢᠨ᠎ᠡ ᠬᠤᠪᠢᠷᠠᠯᠲᠠ ᠳᠤ ᠰᠠᠭᠤᠷᠢᠯᠠᠵᠤ᠂ ᠴᠢᠳᠠᠯ ᠢᠶᠠᠷ ᠢᠶᠠᠨ ᠴᠢᠷᠮᠠᠶᠢᠬᠤ ᠮᠥᠷᠲᠡᠭᠡᠨ ᠴᠢᠳᠠᠯ ᠤᠨ ᠬᠢᠷᠢ ᠪᠠᠷ ᠢᠶᠠᠨ᠂ ᠨᠢᠭᠡ ᠨᠢᠭᠡ ᠪᠠᠷ᠂ ᠵᠢᠯ ᠳᠠᠷᠠᠭᠠᠯᠠᠨ ᠬᠢᠵᠦ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠠᠬᠢᠭᠤᠯᠵᠤ ᠲᠠᠰᠤᠷᠠᠯᠲᠠ ᠦᠭᠡᠢ ᠰᠢᠨ᠎ᠡ ᠠᠬᠢᠴᠠ ᠲᠠᠢ ᠪᠣᠯᠪᠠ᠃       ᠭᠦᠢᠴᠡᠳ ᠠᠵᠢᠯ ᠣᠯᠭᠤᠯᠲᠠ ᠶᠢ ᠴᠢᠷᠮᠠᠶᠢᠨ ᠪᠡᠶᠡᠯᠡᠭᠦᠯᠦᠨ᠎ᠡ᠃ ᠠᠵᠢᠯ ᠣᠯᠭᠤᠬᠤ ᠢᠳᠡᠪᠬᠢᠲᠡᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠢᠯ ᠣᠯᠭᠤᠬᠤ ᠤᠯᠠᠨ ᠨᠡᠶᠢᠲᠡ ᠶᠢᠨ ᠦᠢᠯᠡᠴᠢᠯᠡᠭᠡ ᠶᠢ ᠴᠢᠩᠭᠠᠳᠬᠠᠵᠤ᠂ ᠨᠠᠩ ᠴᠢᠨᠠᠷ ᠰᠠᠶᠢᠲᠠᠢ ᠨᠠᠩ ᠭᠦᠢᠴᠡᠳ ᠠᠵᠢᠯ ᠣᠯᠭᠤᠯᠲᠠ ᠶᠢ ᠴᠢᠷᠮᠠᠶᠢᠨ ᠪᠡᠶᠡᠯᠡᠭᠦᠯᠵᠦ᠂ ᠶᠡᠭᠡ ᠲᠡᠬᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ᠂ ᠨᠢᠭᠡ ᠴᠦ ᠠᠵᠢᠯ ᠣᠯᠤᠭᠰᠠᠨ ᠦᠭᠡᠢ ᠭᠡᠷ ᠪᠦᠯᠢ᠂ ᠲᠠᠷᠢᠶᠠᠯᠠᠩ ᠮᠠᠯ ᠠᠵᠤ ᠠᠬᠤᠢ ᠠᠴᠠ ᠰᠢᠯᠵᠢᠭᠰᠡᠨ ᠬᠥᠮᠥᠨ ᠠᠮᠠ᠂ ᠴᠡᠷᠢᠭ ᠠᠴᠠ ᠬᠠᠯᠠᠭᠳᠠᠭᠰᠠᠨ ᠴᠡᠷᠢᠭ᠂ ᠶᠠᠳᠠᠭᠤ ᠬᠦᠴᠢᠷᠳᠡᠯᠲᠡᠢ ᠭᠡᠷ ᠪᠦᠯᠢ ᠶᠢᠨ ᠦᠷ᠎ᠡ ᠬᠡᠦᠬᠡᠳ ᠵᠡᠷᠭᠡ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠵᠤ ᠦᠢᠯᠡᠰ ᠪᠣᠰᠬᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ᠠᠳᠠᠯ ᠦᠶ᠋ᠯᠡᠰ ᠴᠣᠭᠴᠠᠯᠠᠬᠤ ᠠᠴᠢᠶᠠᠯᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠣᠯᠠᠨ ᠤᠯᠤᠰ ᠠᠴᠠ ᠠᠷᠠᠰᠤᠨ ᠡᠳ᠋ᠯᠡᠯ ᠤᠨ ᠬᠤᠲᠠ᠂ ᠺᠠᠩ ᠲᠠᠢ ᠠᠷᠠᠳ ᠲᠤ ᠠᠰᠢᠭ ᠬᠦᠷᠲᠡᠭᠡᠬᠦ ᠬᠦᠷᠢᠶᠡᠯᠡᠩ᠂ ᠬᠤᠩ ᠰᠢᠩ ᠮᠧᠶ ᠺᠠᠶ ᠯᠦᠩ ᠵᠡᠷᠭᠡ ᠠᠳᠠᠯ ᠦᠶ᠋ᠯᠡᠰ ᠴᠣᠭᠴᠠᠯᠠᠬᠤ ᠠᠵᠢᠯ ᠣᠯᠭᠤᠬᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠲᠡᠭᠦᠯᠳᠡᠷᠵᠢᠭᠦᠯᠵᠦ᠂ ᠣᠯᠠᠨ ᠤᠯᠤᠰ ᠠᠴᠠ ᠠᠷᠠᠰᠤᠨ ᠡᠳ᠋ᠯᠡᠯ ᠤᠨ ᠬᠤᠲᠠ ᠶᠢ ︽ᠤᠯᠤᠰ ᠤᠨ ᠳᠡᠰ ᠤᠨ ᠵᠢᠱᠢᠶ᠎ᠡ ᠦᠵᠡᠭᠦᠯᠬᠦ ᠴᠢᠨᠠᠷᠲᠠᠶ ᠠᠳᠠᠯ ᠦᠶ᠋ᠯᠡᠰ ᠴᠣᠭᠴᠠᠯᠠᠬᠤ ᠠᠵᠢᠯ ᠣᠯᠭᠤᠯᠲᠠ ᠶᠢᠨ ᠬᠦᠷᠢᠶᠡᠯᠡᠩ ᠲᠣᠭᠤᠷᠢᠭ︾ ᠪᠣᠯᠭᠠᠨ ᠭᠤᠤᠯᠳᠠᠯᠭ᠎ᠠ ᠲᠠᠢ ᠪᠦᠲᠦᠭᠡᠨ ᠪᠠᠶᠢᠭᠤᠯᠵᠤ᠂ ᠬᠤᠩ ᠰᠢᠩ ᠮᠧᠶ ᠺᠠᠶ ᠯᠦᠩ ᠢ ︽ᠥᠪᠡᠷᠲᠡᠭᠡᠨ ᠵᠠᠰᠠᠬᠤ ᠣᠷᠣᠨ ᠤ ᠳᠡᠰ ᠤᠨ ᠵᠢᠱᠢᠶ᠎ᠡ ᠦᠵᠡᠭᠦᠯᠬᠦ ᠴᠢᠨᠠᠷᠲᠠᠶ ᠠᠳᠠᠯ ᠦᠶ᠋ᠯᠡᠰ ᠴᠣᠭᠴᠠᠯᠠᠬᠤ ᠠᠵᠢᠯ ᠣᠯᠭᠤᠯᠲᠠ ᠶᠢᠨ ᠬᠦᠷᠢᠶᠡᠯᠡᠩ ᠲᠣᠭᠤᠷᠢᠭ︾ ᠪᠣᠯᠭᠠᠨ ᠪᠦᠲᠦᠭᠡᠨ ᠪᠠᠶᠢᠭᠤᠯᠤᠨ᠎ᠠ᠃ ᠣᠯᠠᠨ ᠢᠶᠠᠷ ᠢᠶᠠᠨ ᠡᠭᠦᠳᠬᠦ᠂ ᠣᠯᠠᠨ ᠢᠶᠠᠷ ᠢᠶᠠᠨ ᠳᠠᠭᠠᠭᠠᠴᠢᠯᠠᠬᠤ᠂ ᠣᠯᠠᠨ ᠢᠶᠠᠷ ᠢᠶᠠᠨ ᠲᠡᠳᠬᠦᠬᠦ᠂ ᠣᠯᠠᠨ ᠢᠶᠠᠷ ᠢᠶᠠᠨ ᠪᠡᠯᠡ ᠴᠤᠭᠯᠠᠭᠤᠯᠬᠤ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠪᠤᠶᠢᠵᠢᠭᠤᠯᠤᠨ ᠬᠥᠭᠵᠢᠭᠦᠯᠵᠦ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠢᠴᠢᠯᠠᠵᠤ᠂ ︽ᠪᠥᠬᠦᠳᠡ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ︾ ᠰᠢᠨ᠎ᠡ ᠥᠷᠨᠢᠯᠲᠡ ᠶᠢ ᠪᠣᠶ ᠪᠣᠯᠭᠠᠨ᠎ᠠ᠃ ᠵᠢᠯ ᠤᠨ ᠳᠣᠲᠣᠷ᠎ᠠ ᠬᠤᠲᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠤᠭᠰᠠᠳ 5000 ᠬᠥᠮᠦᠨ ᠠᠴᠠ ᠳᠡᠭᠡᠭᠰᠢ ᠪᠠᠶᠢᠵᠤ᠂ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠤᠷᠮ᠎ᠠ ᠪᠠ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ ᠲᠤᠰ ᠲᠤᠰ 5.0 % ᠣᠷᠴᠢᠮ ᠪᠠ 4.0 %᠎ ᠤᠨ ᠳᠣᠲᠣᠷ᠎ᠠ ᠬᠢᠵᠠᠭᠠᠷᠯᠠᠨ᠎ᠠ᠃ ᠪᠠᠷᠢᠯᠭ᠎ᠠ ᠶᠢᠨ ᠵᠣᠭᠤᠰ ᠪᠠ ᠬᠥᠯᠥᠰᠥᠨ ᠠᠵᠢᠯᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠬᠤ ᠠᠵᠢᠯᠯᠠᠭ᠎ᠠ ᠶᠢ ᠴᠡᠭᠴᠡᠯᠡᠬᠦ ᠡᠷᠴᠢᠮ ᠢᠶᠠᠨ ᠴᠢᠩᠭᠠᠷᠠᠭᠤᠯᠵᠤ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠴᠢᠷᠮᠠᠶᠢᠨ ᠪᠠᠶᠢᠭᠤᠯᠤᠨ᠎ᠠ᠃      ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠨᠢᠭᠡ ᠴᠣᠭᠴᠠᠵᠢᠭᠤᠯᠬᠤ ᠠᠬᠢᠴᠠ ᠶᠢ ᠲᠦᠯᠬᠢᠨ ᠠᠬᠢᠭᠤᠯᠵᠤ᠂ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠪᠠᠷ ᠰᠠᠭᠤᠷᠢ ᠪᠣᠯᠭᠠᠭᠰᠠᠨ᠂ ᠡᠮᠴᠢᠯᠡᠭᠡ᠂ ᠰᠤᠷᠭᠠᠨ ᠬᠥᠮᠦᠵᠢᠯ᠂ ᠣᠷᠣᠨ ᠰᠠᠭᠤᠴᠠ ᠶᠢᠨ ᠠᠪᠤᠷᠠᠨ ᠲᠤᠰᠠᠯᠠᠯᠲᠠ ᠪᠠᠷ ᠬᠠᠪᠰᠤᠷᠤᠮᠵᠢ ᠪᠣᠯᠭᠠᠭᠰᠠᠨ᠂ ᠲᠦᠷ ᠴᠠᠭ ᠠᠪᠤᠷᠠᠨ ᠲᠤᠰᠠᠯᠠᠬᠤ᠂ ᠨᠡᠶᠢᠭᠡᠮ ᠤᠨ ᠬᠠᠪᠰᠤᠷᠤᠨ ᠲᠡᠳᠬᠦᠬᠦ ᠪᠠᠷ ᠨᠥᠬᠦᠪᠥᠷᠢ ᠪᠣᠯᠭᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠲᠦᠷᠭᠡᠪᠴᠢᠯᠡᠨ ᠲᠡᠭᠦᠯᠳᠡᠷᠵᠢᠭᠦᠯᠵᠦ᠂ ᠪᠠᠲᠤᠯᠠᠭ᠎ᠠ ᠶᠢᠨ ᠴᠢᠳᠠᠪᠤᠷᠢ ᠪᠠ ᠠᠪᠤᠷᠠᠨ ᠲᠤᠰᠠᠯᠠᠬᠤ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠳᠦᠷᠢᠮ ᠢ ᠲᠡᠭᠦᠯᠳᠡᠷᠵᠢᠭᠦᠯᠦᠨ᠂ ᠨᠡᠶᠢᠭᠡᠮ ᠤᠨ ᠳᠠᠭᠠᠳᠬᠠᠯ ᠤᠨ ᠪᠦᠷᠬᠦᠴᠡ ᠶᠢ 100 %᠎ ᠳᠤ ᠬᠦᠷᠭᠡᠬᠦ ᠪᠠᠷ ᠴᠢᠷᠮᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠪᠠᠶᠢᠭᠤᠯᠤᠯᠭ᠎ᠠ ᠶᠢᠨ ᠠᠵᠤ ᠠᠬᠤᠢᠢᠯᠠᠯ ᠠᠵᠢᠯ ᠦᠢᠯᠡᠰ ᠨᠢᠭᠡᠴᠡ ᠶᠢᠨ ᠨᠠᠰᠤᠵᠢᠯ ᠤᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠰᠠᠭᠤᠷᠢ ᠨᠠᠰᠤᠵᠢᠯ ᠤᠨ ᠮᠥᠩᠭᠦ᠂ ᠨᠠᠭᠠᠳᠤ ᠵᠠᠬ᠎ᠠ ᠶᠢᠨ ᠪᠠᠲᠤᠯᠠᠭ᠎ᠠ ᠪᠣᠯᠤᠨ ᠠᠰᠠᠷᠠᠮᠵᠢ ᠲᠤᠰᠠᠯᠠᠮᠵᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ︽ᠡᠪᠡᠳᠴᠢᠨ ᠤ ᠲᠥᠷᠥᠯ ᠢᠶᠠᠷ ᠵᠠᠷᠤᠳᠠᠯ ᠲᠤᠰᠢᠶᠠᠬᠤ︾᠎ ᠪᠠᠷ ᠭᠤᠤᠯ ᠪᠣᠯᠭᠠᠭᠰᠠᠨ ᠣᠯᠠᠨ ᠡᠰᠢᠲᠦ ᠨᠡᠶᠢᠯᠡᠮᠡᠯ ᠮᠠᠶ᠋ᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠢ ᠪᠥᠬᠦ ᠲᠠᠯ᠎ᠠ ᠪᠠᠷ ᠬᠡᠷᠡᠭᠵᠢᠭᠦᠯᠵᠦ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠦᠨ᠎ᠡ᠃ ᠬᠤᠳᠠ ᠬᠥᠳᠡᠭᠡ ᠶᠢᠨ ᠨᠡᠶᠢᠭᠡᠮ ᠤᠨ ᠠᠪᠤᠷᠠᠨ ᠲᠤᠰᠠᠯᠠᠬᠤ ᠪᠠ ᠨᠡᠢᠭᠡᠮ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨ ᠪᠣᠯᠭᠠᠨ ᠲᠡᠭᠦᠯᠳᠡᠷᠵᠢᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠳ᠋ᠦᠶ᠋ᠰᠢᠶᠠᠩ ᠤᠨ ᠨᠠᠷᠢᠯᠢᠭ ᠣᠨᠣᠪᠴᠢ ᠶᠢᠨ ᠬᠡᠮᠵᠢᠶ᠎ᠡ ᠪᠠ ᠠᠪᠤᠷᠠᠨ ᠲᠤᠰᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠵᠦ᠂ ᠡᠷᠦᠬᠡ ᠪᠠᠷ ᠪᠠᠲᠤᠯᠠᠭ᠎ᠠ ᠣᠯᠭᠤᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠥᠨᠥᠴᠢᠨ ᠬᠡᠦᠬᠡᠳ᠂ ᠬᠦᠴᠢᠷᠳᠡᠯᠲᠡᠢ ᠬᠡᠦᠬᠡᠳ᠂ ᠣᠨᠴᠠ ᠬᠦᠴᠢᠷᠳᠡᠯᠲᠡᠢ ᠠᠰᠠᠷᠠᠨ ᠲᠡᠵᠢᠭᠡᠬᠦ ᠬᠥᠮᠦᠰ᠂ ᠵᠡᠮᠳᠡᠭᠴᠦᠳ ᠵᠡᠷᠭᠡ ᠬᠦᠴᠢᠷᠳᠡᠯᠲᠡᠢ ᠬᠥᠮᠦᠰ ᠪᠣᠯᠤᠨ ᠥᠨᠳᠥᠷ ᠨᠠᠰᠤᠲᠠᠢ ᠬᠥᠮᠥᠨ᠂ ᠠᠰᠠᠷᠠᠨ ᠬᠠᠷᠠᠭᠠᠯᠵᠠᠬᠤ ᠡᠲᠡᠭᠡᠳ ᠲᠤ ᠨᠥᠬᠦᠪᠥᠷᠢ ᠥᠭᠬᠦ ᠪᠠᠷᠢᠮᠵᠢᠶ᠎ᠠ ᠶᠢ ᠳᠡᠭᠡᠭᠰᠢᠯᠡᠭᠦᠯᠵᠦ᠂ ᠦᠨᠳᠦᠰᠦᠨ ᠵᠦᠢᠯ ᠢ ᠪᠠᠲᠤᠯᠠᠬᠤ ᠲᠣᠣᠷ ᠢ ᠪᠠᠬᠢᠵᠢᠭᠦᠯᠦᠨ᠎ᠡ᠃      ᠲᠥᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠪᠦᠬᠦ ᠬᠦᠴᠦ ᠪᠠᠷ ᠢᠶᠠᠨ ᠲᠦᠯᠬᠢᠨ ᠠᠬᠢᠭᠤᠯᠤᠨ᠎ᠠ᠃ ᠳᠥᠭᠦᠮ ᠪᠦᠳᠦᠴᠡᠲᠥ ᠣᠷᠣᠨ ᠰᠠᠭᠤᠴᠠᠳᠤ ᠲᠣᠭᠤᠷᠢᠭ ᠢ ᠥᠭᠡᠷᠡᠴᠢᠯᠡᠬᠦ ᠡᠮᠦᠨᠡᠬᠢ ᠬᠤᠭᠤᠴᠠᠭᠠᠨ ᠤ ᠠᠵᠢᠯ ᠢ ᠱᠠᠯᠠᠪᠳᠠᠨ ᠰᠠᠶᠢᠲᠤᠷ ᠬᠢᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠳᠥᠭᠦᠮ ᠪᠦᠳᠦᠴᠡᠲᠥ ᠣᠷᠣᠨ ᠰᠠᠭᠤᠴᠠᠳᠤ ᠲᠣᠭᠤᠷᠢᠭ ᠢ ᠥᠭᠡᠷᠡᠴᠢᠯᠡᠬᠦ ᠲᠥᠷᠥᠯ ᠵᠦᠶ᠋ᠯ ᠪᠠ ᠪᠠᠯᠠ ᠮᠥᠩᠭᠦ ᠶᠢ ᠢᠳᠡᠪᠬᠢᠲᠡᠶ ᠲᠡᠮᠡᠴᠡᠨ ᠣᠯᠵᠤ᠂ ᠪᠠᠯᠠ ᠲᠣᠬᠢᠷᠠᠭᠤᠯᠵᠤ ᠵᠢᠭᠡᠯᠡᠯᠭᠡ ᠲᠠᠯᠪᠢᠬᠤ ᠡᠷᠴᠢᠮ ᠢᠶᠠᠨ ᠴᠢᠩᠭᠠᠷᠠᠭᠤᠯᠤᠨ᠂ ᠵᠤᠭᠤᠰᠵᠢᠭᠤᠯᠤᠨ ᠲᠥᠪᠬᠢᠨᠡᠭᠦᠯᠬᠦ᠂ ᠬᠥᠮᠥᠷᠭᠡ ᠳᠤ ᠬᠠᠳᠠᠭᠠᠯᠠᠵᠤ ᠪᠠᠢᠶ᠋ᠭ᠎ᠠ ᠲᠠᠸᠠᠷ ᠤᠨ ᠭᠡᠷ ᠪᠠᠶᠢᠰᠢᠩ ᠢ ᠡᠭᠡᠭᠦᠯᠦᠨ ᠬᠤᠳᠠᠯᠳᠤᠨ ᠠᠪᠬᠤ᠂ ᠨᠡᠶᠢᠲᠡ ᠶᠢᠨ ᠲᠦᠷᠢᠶᠡᠰᠦᠨ ᠭᠡᠷ ᠪᠠᠶᠢᠰᠢᠩ ᠪᠠ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠥᠭᠡᠷᠡᠴᠢᠯᠡᠵᠦ ᠲᠥᠪᠬᠢᠨᠡᠭᠦᠯᠬᠦ ᠭᠡᠷ ᠪᠠᠶᠢᠰᠢᠩ ᠪᠣᠯᠭᠠᠨ ᠥᠭᠡᠷᠡᠴᠢᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠥᠬᠦ ᠵᠢᠯ ᠤᠨ 10715 ᠢᠵᠢ ᠳᠥᠭᠦᠮ ᠪᠦᠳᠦᠴᠡᠲᠥ ᠣᠷᠣᠨ ᠰᠠᠭᠤᠴᠠᠳᠤ ᠲᠣᠭᠤᠷᠢᠭ ᠢ ᠥᠭᠡᠷᠡᠴᠢᠯᠡᠬᠦ ᠡᠭᠦᠷᠭᠡ ᠶᠢ ᠴᠢᠷᠮᠠᠶᠢᠨ ᠪᠡᠶᠡᠯᠡᠭᠦᠯᠦᠨ᠎ᠡ᠃ ᠵᠠᠩ ᠭᠠᠶ ᠶᠢᠩ ᠤᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠪᠤᠴᠠᠭᠠᠨ ᠨᠡᠭᠦᠯᠭᠡᠵᠦ ᠲᠥᠪᠬᠢᠨᠡᠭᠦᠯᠬᠦ ᠠᠰᠠᠭᠤᠳᠠᠯ ᠢ ᠲᠦᠢᠯᠪᠤᠷᠢᠲᠠᠶ ᠰᠢᠶ᠋ᠳᠪᠦᠷᠢᠯᠡᠵᠦ᠂ ᠤᠯᠠᠨ ᠲᠦᠮᠡᠨ ᠤ ᠣᠷᠣᠨ ᠰᠠᠭᠤᠴᠠ ᠶᠢᠨ ᠨᠥᠬᠦᠴᠡᠯ ᠢ ᠪᠦᠲᠦᠮᠵᠢᠲᠡᠶ ᠪᠠᠷ ᠰᠠᠶᠢᠵᠢᠷᠠᠭᠤᠯᠤᠨ᠎ᠠ᠃      ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠡ᠃ ᠰᠤᠷᠭᠠᠨ ᠬᠥᠮᠦᠵᠢᠯ ᠤᠨ ︽ᠭᠤᠷᠪᠠᠨ ᠵᠦᠢᠯ ᠤᠨ ᠥᠭᠡᠷᠡᠴᠢᠯᠡᠯᠲᠡ︾᠎ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠤᠷᠪᠠᠳᠤᠭᠠᠷ ᠡᠭᠡᠯᠵᠢ ᠶᠢᠨ ᠰᠤᠷᠭᠠᠭᠤᠯᠢ ᠶᠢᠨ ᠵᠠᠬᠢᠷᠤᠯ ︵ᠴᠡᠴᠡᠷᠯᠢᠭ ᠤᠨ ᠳᠠᠷᠤᠭ᠎ᠠ︶᠎ ᠢ ᠥᠷᠢᠰᠥᠯᠳᠦᠭᠦᠯᠦᠨ ᠤᠷᠢᠬᠤ ᠪᠠ ᠪᠠᠭᠰᠢ ᠪᠦᠬᠦ ᠠᠵᠢᠯᠲᠠᠨ ᠢ ᠤᠷᠢᠨ ᠲᠣᠮᠢᠯᠠᠬᠤ ᠠᠵᠢᠯ ᠢ ᠥᠷᠨᠢᠭᠦᠯᠦᠨ᠎ᠡ᠃ ᠬᠤᠯᠪᠣᠭᠠᠯᠠᠨ ᠰᠤᠷᠭᠠᠭᠤᠯᠢ ᠡᠷᠬᠢᠯᠡᠬᠦ᠂ ᠭᠠᠳᠠᠭᠰᠢ ᠨᠡᠭᠡᠭᠡᠯᠲᠡ ᠬᠢᠵᠦ ᠰᠤᠷᠭᠠᠭᠤᠯᠢ ᠡᠷᠬᠢᠯᠡᠬᠦ ᠡᠷᠴᠢᠮ ᠢᠶᠠᠨ ᠴᠢᠩᠭᠠᠷᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠷᠢᠮᠵᠢᠶᠠᠵᠢᠭᠰᠠᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠪᠠᠭᠰᠢ ᠶᠢᠨ ᠬᠡᠪ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠪᠥᠬᠦ ᠲᠠᠯ᠎ᠠ ᠪᠠᠷ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠣᠷᠣᠨ ᠪᠠ ᠲᠡᠷᠢᠭᠦᠨ ᠤ ᠣᠷᠣᠨ ᠢ ᠪᠤᠢ ᠪᠣᠯᠭᠠᠨ᠎ᠠ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠭᠤᠯᠢ ᠰᠣᠩᠭᠤᠬᠤ ᠠᠩᠭᠢ ᠰᠣᠩᠭᠤᠬᠤ ᠵᠢᠴᠢ ᠰᠤᠷᠭᠠᠭᠤᠯᠢ ᠶᠢᠨ ᠭᠠᠳᠠᠨ᠎ᠠ ᠳᠤᠷ᠎ᠠ ᠪᠠᠷ ᠢᠶᠠᠨ ᠬᠢᠴᠢᠶᠡᠯ ᠨᠥᠬᠦᠬᠦ ᠦᠵᠡᠭᠳᠡᠯ ᠢ ᠪᠥᠬᠦ ᠲᠠᠯ᠎ᠠ ᠪᠠᠷ ᠴᠡᠭᠴᠡᠯᠡᠨ ᠵᠠᠰᠠᠵᠤ᠂ ᠰᠤᠷᠤᠭᠴᠢ ᠨᠠᠷ ᠤᠨ ᠬᠢᠴᠢᠶᠡᠯ ᠤᠨ ᠭᠠᠳᠠᠨᠠᠬᠢ ᠳᠠᠷᠤᠭᠠᠰᠤ ᠶᠢ ᠦᠨᠡᠨ ᠬᠦ ᠬᠥᠩᠭᠡᠷᠡᠭᠦᠯᠦᠨ᠎ᠡ᠃ ᠬᠡᠦᠬᠡᠳ ᠤᠨ ᠴᠡᠴᠡᠷᠯᠢᠭ ᠤᠨ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠵᠤ᠂ ᠬᠡᠤᠬᠡᠳ ᠨᠢᠭᠡᠪᠦᠷᠢ ᠶᠢ ᠡᠷᠡᠭᠦᠯ ᠴᠢᠭᠢᠷᠠᠭ ᠪᠠᠶᠠᠷ ᠬᠥᠷ ᠲᠠᠢ ᠪᠠᠷ ᠥᠰᠬᠡᠨ ᠪᠤᠶᠢᠵᠢᠭᠤᠯᠤᠨ᠎ᠠ᠃       ᠰᠣᠶᠣᠯ ᠤᠨ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ᠃ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠬᠢᠨᠠᠮᠠᠭᠠᠶ ᠦᠢᠯᠡᠳᠦᠯᠭᠡᠵᠢᠭᠦᠯᠵᠦ᠂ ᠠᠷᠠᠳ ᠢᠷᠭᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠤᠯᠠᠭᠠᠨᠮᠥ᠋ᠴᠢᠷ ᠤᠨ ᠬᠥᠭᠵᠢᠯ ᠴᠡᠴᠡᠭᠯᠡᠯ ᠢ ᠳᠠᠮᠵᠢᠨ᠎ᠠ᠃ ᠤᠳᠬ᠎ᠠ ᠤᠷᠠᠯᠢᠭ ᠤᠨ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠬᠦ ᠡᠷᠴᠢᠮ ᠢᠶᠠᠨ ᠴᠢᠩᠭᠠᠷᠠᠭᠤᠯᠵᠤ᠂ ︽ᠵᠠᠭᠤᠨ ᠲᠠᠯᠠᠪᠤᠷ ᠰᠠᠶᠢᠨ ᠵᠦᠴᠦᠭᠡ ᠶᠢ ᠬᠥᠳᠡᠭᠡ ᠲᠣᠰᠬᠤᠨ ᠳᠤ ᠣᠷᠣᠭᠤᠯᠵᠤ ᠨᠡᠶᠢᠭᠡᠮ ᠲᠣᠭᠤᠷᠢᠭ ᠲᠤ ᠣᠷᠣᠭᠤᠯᠵᠤ ᠲᠠᠯᠠᠪᠠᠢ ᠳᠤ ᠣᠷᠣᠭᠤᠯᠬᠤ︾ ᠵᠡᠷᠭᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠦᠨᠳᠦᠰᠦᠨ ᠱᠠᠲᠤ᠂ ᠤᠯᠠᠨ ᠲᠦᠮᠡᠨ ᠳᠤ ᠨᠠᠩ ᠰᠠᠶᠢᠲᠤᠷ ᠦᠢᠯᠡᠴᠢᠯᠡᠨ᠎ᠠ᠃ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠵᠤ ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠠᠵᠢᠯ ᠢ ᠴᠢᠩᠭᠠᠳᠬᠠᠨ᠎ᠠ᠃       ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠮᠨᠡᠯᠭᠡ᠂ ᠡᠮ ᠡᠮᠨᠡᠯᠭᠡ᠂ ᠡᠮᠨᠡᠯᠭᠡ ᠶᠢᠨ ᠳᠠᠭᠠᠳᠬᠠᠯ ᠤᠨ ︽ᠡᠮᠨᠡᠯᠭᠡ ᠤᠨ ᠳᠠᠭᠠᠳᠬᠠᠯ ᠤᠨ ᠬᠠᠮᠲᠤᠷᠠᠨ ᠬᠥᠳᠡᠯᠦᠯᠴᠡᠬᠦ︾᠎ ᠶᠢ ᠠᠬᠢᠭᠤᠯᠵᠤ᠂ ᠡᠮ ᠢᠶᠠᠷ ᠡᠮᠨᠡᠯᠭᠡ ᠶᠢ ᠲᠡᠵᠢᠭᠡᠬᠦ ᠶᠢ ᠪᠦᠬᠦ ᠲᠠᠯ᠎ᠠ ᠪᠠᠷ ᠬᠦᠴᠦᠨ ᠦᠭᠡᠢ ᠪᠣᠯᠭᠠᠵᠤ᠂ ᠡᠮ ᠤᠨ ᠵᠦᠢᠯ ᠤᠨ ᠬᠠᠩᠭᠠᠯᠭ᠎ᠠ ᠶᠢᠨ ᠪᠠᠲᠤᠯᠠᠭ᠎ᠠ ᠶᠢᠨ ᠳᠦᠷᠢᠮ ᠢ ᠪᠦᠷᠢᠨ ᠪᠣᠯᠭᠠᠨ᠎ᠠ᠃ ᠭᠡᠷ ᠪᠦᠯᠢ ᠶᠢᠨ ᠡᠮᠴᠢ ᠶᠢᠨ ᠭᠡᠷᠡᠲᠦ ᠦᠶ᠋ᠯᠡᠴᠢᠯᠡᠭᠡ ᠶᠢ ᠬᠡᠷᠡᠭᠵᠢᠭᠦᠯᠵᠦ᠂ ᠭᠡᠷᠡᠲᠦ ᠪᠦᠷᠬᠦᠴᠡ ᠶᠢᠨ ᠨᠣᠷᠮ᠎ᠠ ᠶᠢᠨ 30 %᠎ ᠠᠴᠠ ᠳᠡᠭᠡᠭᠰᠢ ᠳᠤ ᠬᠦᠷᠦᠭᠦᠯᠵᠦ᠂ ᠭᠤᠤᠯᠳᠠᠯᠭ᠎ᠠ ᠲᠠᠢ ᠬᠥᠮᠦᠰ ᠢ 60 %᠎ ᠠᠴᠠ ᠳᠡᠭᠡᠭᠰᠢ ᠬᠥᠷᠭᠡᠨ᠎ᠡ᠃ ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠪᠣᠯᠤᠨ ᠶᠡᠷᠦᠩᠬᠡᠢ ᠰᠠᠯᠠᠭᠠᠨ ᠤ ᠡᠮᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠡᠬᠡ ᠣᠷᠣᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠨ᠎ᠡ᠃       ᠠᠮᠤᠷ ᠠᠮᠤᠭᠤᠯᠠᠩ ᠪᠠ ᠬᠠᠤᠯᠢ ᠪᠠᠷ ᠵᠠᠰᠠᠬᠤ ᠴᠤᠭᠯᠠᠷᠠᠯ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠨᠡᠶᠢᠭᠡᠮ ᠤᠨ ᠵᠠᠰᠠᠯᠲᠠ ᠶᠢᠨ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠬᠠᠷᠢᠭᠤᠴᠠᠬᠤ᠂ ᠨᠡᠶᠢᠭᠡᠮ ᠬᠠᠮᠵᠢᠯᠴᠠᠬᠤ᠂ ᠤᠯᠠᠨ ᠨᠡᠶᠢᠲᠡ ᠪᠠᠷ ᠢᠶᠠᠨ ᠣᠷᠣᠯᠴᠠᠬᠤ᠂ ᠬᠠᠤᠯᠢ ᠪᠠᠷ ᠵᠠᠰᠠᠬᠤ ᠪᠠᠲᠤᠯᠠᠭ᠎ᠠ ᠪᠦᠬᠦᠢ ᠨᠡᠶᠢᠭᠡᠮ ᠤᠨ ᠵᠠᠰᠠᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠵᠦ᠂ ᠨᠡᠶᠢᠭᠡᠮ ᠤᠨ ᠵᠠᠰᠠᠯᠲᠠ ᠶᠢᠨ ᠨᠡᠶᠢᠭᠡᠮᠴᠢᠯᠡᠭᠰᠡᠨ᠂ ᠬᠠᠤᠯᠢᠵᠢᠭᠰᠠᠨ᠂ ᠣᠶᠤᠨᠴᠢᠯᠠᠭᠰᠠᠨ᠂ ᠲᠤᠰᠬᠠᠶᠢᠵᠢᠭᠰᠠᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠶᠤᠯᠭᠦᠢ ᠦᠢᠯᠡᠳᠪᠦᠷᠢᠯᠡᠯ ᠤᠨ ᠤᠯᠠᠭᠠᠨ ᠱᠤᠭᠤᠮ ᠤᠨ ᠤᠬᠠᠮᠰᠠᠷ ᠢ ᠪᠠᠲᠤ ᠪᠣᠶ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠦᠷᠭᠦᠯᠵᠢᠯᠡᠨ ᠲᠠᠰᠤᠷᠠᠯᠲᠠ ᠦᠭᠡᠢ ᠥᠷᠨᠢᠭᠦᠯᠵᠦ᠂ ᠠᠮᠤᠷ ᠲᠦᠪᠰᠢᠨ ᠤ ᠬᠡᠮ ᠰᠣᠭᠤᠭ ᠢ ᠦᠨᠡᠨᠬᠦ ᠠᠷᠢᠯᠭᠠᠬᠤ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ᠃ ︽ᠰᠢᠤᠸᠠᠢ ᠯᠢᠶᠠᠩ ᠢᠨᠵᠧᠨᠧᠷᠢᠩ︾᠎ ᠤᠨ ᠪᠦᠲᠦᠭᠡᠨ ᠪᠠᠶᠢᠭᠤᠯᠤᠯᠲᠠ ᠶᠢ ᠦᠨᠡᠨ ᠬᠦ ᠲᠦᠯᠬᠢᠨ ᠠᠬᠢᠭᠤᠯᠵᠤ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠪᠡᠶᠡᠲᠦ ᠪᠣᠯᠭᠠᠭᠰᠠᠨ᠂ ᠮᠡᠳᠡᠭᠡ ᠵᠠᠩᠭᠢᠯᠠᠬᠤ ᠰᠢᠰᠲ᠋ᠧᠮ ᠢ ᠪᠠᠶᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠶᠡᠬᠡᠪᠡᠷ ᠥᠷᠨᠢᠭᠦᠯᠵᠦ᠂ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠶᠠᠯᠠᠲᠤ ᠠᠵᠢᠯᠯᠠᠭ᠎ᠠ ᠶᠢ ᠴᠢᠩᠭ᠎ᠠ ᠰᠡᠷᠭᠡᠶᠢᠯᠡᠨ ᠲᠡᠭᠦᠨ ᠳᠤ ᠬᠠᠤᠯᠢ ᠶᠣᠰᠣᠭᠠᠷ ᠴᠣᠬᠢᠯᠲᠠ ᠥᠭᠴᠦ᠂ ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠢᠳᠡᠭᠡᠨ ᠤ ᠵᠦᠶ᠋ᠯ ᠤᠨ ᠠᠮᠤᠷ ᠲᠦᠪᠰᠢᠨ ᠢ ᠡᠬᠢ ᠡᠭᠦᠰᠦᠯ ᠠᠴᠠ ᠨᠢ ᠵᠠᠰᠠᠬᠤ ᠪᠠ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾᠎ ᠢ ᠦᠨᠡᠨᠬᠦ ᠪᠠᠲᠤᠯᠠᠨ᠎ᠠ᠃       ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ︽ᠨᠡᠶᠢᠭᠡᠮ ᠲᠣᠭᠤᠷᠢᠭ ᠢ ᠠᠳᠬᠤᠬᠤ ᠪᠣᠯ ᠳᠠᠷᠤᠶ ᠠᠷᠠᠳ ᠤᠨ ᠠᠮᠢᠳᠤᠷᠠᠯ ᠢ ᠠᠳᠬᠤᠬᠤ ᠶᠠᠪᠤᠳᠠᠯ ᠮᠥᠨ᠂ ᠨᠡᠶᠢᠭᠡᠮ ᠲᠣᠭᠤᠷᠢᠭ ᠢ ᠠᠳᠬᠤᠬᠤ ᠪᠣᠯ ᠳᠠᠷᠤᠶ ᠬᠥᠭᠵᠢᠯᠲᠡ ᠶᠢ ᠠᠳᠬᠤᠬᠤ ᠶᠠᠪᠤᠳᠠᠯ ᠮᠥᠨ︾ ᠭᠡᠬᠦ ᠣᠢᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ︽ᠳᠥᠷᠪᠡᠨ ᠵᠦᠢᠯ ᠤᠨ ᠥᠭᠡᠷᠡᠴᠢᠯᠡᠯᠲᠡ︾᠎ ᠶᠢ ᠦᠷᠭᠦᠯᠵᠢᠯᠡᠨ ᠭᠦᠨᠵᠡᠭᠡᠶ ᠲᠦᠯᠬᠢᠨ ᠠᠬᠢᠭᠤᠯᠵᠤ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠦᠢᠯᠡᠴᠢᠯᠡᠭᠡᠨ ᠤ ᠠᠭᠤᠯᠭ᠎ᠠ ᠶᠢ ᠥᠷᠭᠡᠳᠬᠡᠵᠦ᠂ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠥᠪᠡᠷᠮᠢᠴᠡ᠂ ᠤᠯᠠᠨ ᠲᠠᠰ ᠳᠠᠪᠬᠤᠷᠭ᠎ᠠ ᠶᠢᠨ ᠦᠢᠯᠡᠴᠢᠯᠡᠭᠡᠨ ᠤ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠨ᠎ᠠ᠃ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠵᠠᠰᠠᠯᠲᠠ ᠪᠣᠯᠤᠨ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠰᠠᠶᠢᠨ ᠨᠥᠬᠦᠴᠡᠯᠳᠦᠯ ᠢ ᠪᠡᠶᠡᠯᠡᠭᠦᠯᠦᠨ᠎ᠡ᠃      ᠨᠡᠶᠢᠬᠡᠮ ᠤᠨ ᠡᠶ᠎ᠡ ᠵᠣᠬᠢᠴᠠᠯ ᠢ ᠬᠠᠮᠲᠤᠪᠠᠷ ᠪᠠᠶᠢᠭᠤᠯᠬᠤ ᠶᠢ ᠠᠬᠢᠭᠤᠯᠤᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠣᠷᠣᠨ ᠢᠶᠠᠨ ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠡᠯ᠎ᠡ ᠲᠥᠷᠥᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠶᠠᠰᠤ ᠴᠢᠨᠠᠷ ᠢᠶᠠᠷ ᠣᠷᠣᠨ ᠢᠶᠠᠨ ᠮᠠᠨᠳᠤᠭᠤᠯᠬᠤ ᠶᠢ ᠴᠢᠬᠤᠯᠠᠴᠢᠯᠠᠵᠤ᠂ ᠨᠠᠷᠠᠲᠤ ᠲᠡᠮᠳᠡᠭ ᠢ ᠡᠭᠦᠳᠦᠨ ᠪᠠᠶᠢᠭᠤᠯᠬᠤ ᠶᠢ ᠴᠢᠩᠭᠠᠳᠬᠠᠨ᠎ᠠ᠃ ᠨᠠᠮ ᠤᠨ ᠦᠨᠳᠦᠰᠦᠲᠡᠨ ᠱᠠᠰᠢᠨ ᠰᠤᠷᠲᠠᠬᠤᠨ ᠤ ᠲᠤᠬᠠᠢ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠪᠠ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ᠃ ᠡᠷᠦᠬᠡ ᠶᠢᠨ ᠴᠡᠷᠢᠭ ᠤᠨ ᠪᠡᠯᠡᠳᠬᠡᠯ ᠠᠯᠪᠠᠨ ᠠᠵᠢᠯ ᠢ ᠴᠢᠩᠭᠠᠳᠬᠠᠨ᠎ᠠ᠃ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ ᠵᠡᠷᠭᠡ ᠵᠣᠬᠢᠶᠠᠨ ᠪᠠᠶᠢᠭᠤᠯᠤᠯᠲᠠ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠤ᠂ ᠠᠬᠠᠮᠠᠳ ᠺᠠᠳ᠋ᠷ᠂ ᠨᠠᠰᠤᠵᠢᠭᠰᠠᠨ ᠬᠥᠮᠥᠨ ᠠᠮᠠ ᠪᠠ ᠵᠡᠮᠳᠡᠭᠴᠦᠳ ᠤᠨ ᠦᠢᠯᠡᠰ ᠢ ᠠᠩᠬᠠᠷᠤᠨ ᠬᠠᠯᠠᠮᠵᠢᠯᠠᠵᠤ᠂ ᠴᠠᠭ ᠠᠭᠤᠷ᠂ ᠳᠠᠩᠰᠠ ᠡᠪᠬᠡᠮᠡᠯ᠂ ᠳᠥᠷᠪᠡᠳᠦᠭᠡᠷ ᠤᠳᠠᠭᠠᠨ ᠤ ᠪᠦᠬᠦ ᠤᠯᠤᠰ ᠠᠴᠠ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠵᠡᠷᠭᠡ ᠠᠵᠢᠯ ᠢ ᠬᠢᠨᠠᠮᠠᠭᠠᠶ ᠰᠠᠶᠢᠲᠤᠷ ᠬᠢᠵᠦ᠂ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠤᠨ᠎ᠠ᠃      ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ     ᠰᠢᠨ᠎ᠡ ᠴᠠᠭ ᠦᠶ᠎ᠡ᠂ ᠰᠢᠨ᠎ᠡ ᠬᠠᠷᠠᠯᠲᠠ ᠳᠤ ᠵᠠᠰᠠᠭ ᠤᠨ ᠣᠷᠳᠣᠨ ᠰᠢᠨ᠎ᠡ ᠳᠦᠷᠰᠦ ᠪᠠᠶᠢᠳᠠᠯ ᠲᠠᠢ ᠪᠠᠶᠢᠬᠤ ᠬᠡᠷᠡᠭᠲᠡᠢ᠂ ᠨᠠᠩ ᠴᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠪᠢᠳᠡ ᠢᠮᠠᠭᠲᠠ ᠠᠷᠠᠳ ᠲᠦᠮᠡᠨ ᠤ ᠲᠥᠯᠥᠭᠡ ᠵᠢᠳᠬᠦᠬᠦ᠂ ᠪᠣᠳᠠᠲᠤ ᠠᠵᠢᠯᠯᠠᠭ᠎ᠠ ᠶᠢ ᠡᠷᠬᠢᠮᠯᠡᠬᠦ᠂ ᠠᠷᠢᠭᠤᠨ ᠴᠢᠬᠡᠴᠢ ᠪᠠᠶᠢᠬᠤ ᠶᠢ ᠥᠷᠲᠡᠭ ᠤᠨ ᠬᠥᠭᠡᠭᠡᠴᠡᠯᠳᠦᠯ ᠢᠶᠠᠨ ᠪᠣᠯᠭᠠᠵᠤ᠂ ᠴᠤᠭ ᠵᠢᠪᠬᠤᠭ᠎ᠠ ᠶᠢ ᠡᠭᠦᠷᠢᠳᠡ ᠬᠠᠳᠠᠭᠠᠯᠠᠵᠤ᠂ ᠥᠨᠢ ᠡᠭᠦᠷᠢᠳᠡ ᠠᠷᠠᠳ ᠲᠦᠮᠡᠨ ᠤ ᠠᠯᠪᠠᠨ ᠵᠠᠷᠤᠴᠠ ᠪᠣᠯᠵᠤ᠂ ᠦᠨᠡᠨ ᠪᠣᠳᠠᠲᠠᠶ ᠦᠷ᠎ᠡ ᠪᠦᠲᠦᠮᠵᠢ ᠪᠠᠷ ᠢᠶᠠᠨ ᠠᠷᠠᠳ ᠣᠯᠠᠨ ᠤ ᠰᠠᠨᠠᠭᠠᠨ ᠳᠤ ᠨᠡᠶᠢᠴᠡᠭᠰᠡᠨ ᠪᠠ ᠮᠠᠭᠲᠠᠭᠠᠯ ᠰᠠᠶᠢᠰᠢᠶᠠᠯ ᠢ ᠣᠯᠬᠤ ᠬᠡᠷᠡᠭᠲᠡᠶ᠃      ᠡᠭᠦᠷᠭᠡ ᠲᠤᠰᠢᠶᠠᠯ ᠢᠶᠠᠨ ᠰᠢᠳᠤᠷᠭᠤ ᠪᠠᠷ ᠭᠦᠢᠴᠡᠳᠬᠡᠵᠦ᠂ ᠵᠠᠰᠠᠭ ᠢ ᠴᠢᠩᠭ᠎ᠠ ᠵᠠᠰᠠᠨ᠎ᠠ᠃ ︽ᠳᠥᠷᠪᠡᠨ ᠤᠬᠠᠮᠰᠠᠷ︾᠎ ᠢ ᠪᠠᠲᠤ ᠪᠣᠶ ᠪᠣᠯᠭᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠭᠤᠣᠯᠯᠠᠭᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠬᠠᠮᠠᠭᠠᠯᠠᠵᠤ᠂ ᠦᠵᠡᠯ ᠰᠠᠨᠠᠭᠠᠨ ᠤ ᠲᠠᠯ᠎ᠠ ᠪᠠᠷ ᠪᠠᠷᠢᠮᠵᠢᠶ᠎ᠠ ᠲᠠᠢ ᠬᠠᠷᠢᠴᠠᠭᠤᠯᠵᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠴᠢᠩᠭ᠎ᠠ ᠳᠠᠭᠠᠵᠤ᠂ ᠬᠡᠷᠡᠭᠵᠢᠭᠦᠯᠬᠦ ᠲᠠᠯ᠎ᠠ ᠪᠠᠷ ᠡᠷᠡᠰ ᠪᠠᠲᠤ ᠪᠠᠢᠶ᠋ᠬᠤ ᠬᠡᠷᠡᠭᠲᠡᠢ᠃ ᠤᠯᠤᠰ ᠲᠥᠷᠥ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠤᠯᠤᠰ ᠲᠥᠷᠥ ᠶᠢᠨ ᠶᠣᠰᠣ ᠳᠦᠷᠢᠮ ᠢ ᠴᠢᠩᠳᠠᠯᠠᠨ᠂ ᠤᠯᠤᠰ ᠲᠥᠷᠥ ᠶᠢᠨ ᠲᠣᠭᠲᠠᠯ ᠬᠦᠴᠦᠨ ᠢ ᠨᠡᠮᠡᠭᠳᠡᠭᠦᠯᠵᠦ᠂ ᠲᠥᠪ ᠤᠨ ᠦᠨᠳᠦᠰᠦᠨ ᠪᠣᠳᠣᠯᠭ᠎ᠠ ᠴᠢᠭᠯᠡᠯᠲᠡ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠵᠠᠢ᠂ ᠵᠠᠰᠠᠭ ᠤᠨ ᠵᠠᠷᠯᠢᠭ ᠢ ᠰᠠᠭᠠᠳ ᠥᠬᠡᠶ ᠨᠡᠪᠲᠡᠷᠡᠭᠦᠯᠵᠦ᠂ ᠵᠠᠷᠯᠢᠭ ᠢ ᠬᠡᠷᠡᠭᠵᠢᠭᠦᠯᠬᠦ ᠶᠢ ᠴᠠᠭᠠᠵᠠᠯᠠᠬᠤ ᠬᠡᠷᠡᠭᠲᠡᠢ᠃ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠵᠢᠷᠤᠮᠵᠢᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ︽ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ᠃ ᠵᠠᠰᠠᠭ ᠤᠨ ᠣᠷᠳᠣᠨ ᠤ ᠲᠥᠷᠥ ᠪᠠᠷᠢᠬᠤ ᠴᠢᠳᠠᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠠᠯᠪᠠᠨ ᠲᠤᠰᠢᠶᠠᠯᠲᠠᠨ ᠤ ᠰᠤᠷᠤᠯᠴᠠᠬᠤ ᠴᠢᠳᠠᠪᠤᠷᠢ᠂ ᠵᠣᠬᠢᠶᠠᠨ ᠪᠠᠶᠢᠭᠤᠯᠵᠤ ᠤᠳᠤᠷᠢᠳᠬᠤ ᠴᠢᠳᠠᠪᠤᠷᠢ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠴᠢᠳᠠᠪᠤᠷᠢ᠂ ᠰᠢᠨᠵᠢᠯᠡᠬᠦ ᠤᠬᠠᠭᠠᠨᠴᠢ ᠪᠠᠷ ᠬᠥᠭᠵᠢᠭᠦᠯᠬᠦ ᠴᠢᠳᠠᠪᠤᠷᠢ᠂ ᠬᠠᠤᠯᠢ ᠶᠣᠰᠣᠭᠠᠷ ᠲᠥᠷᠥ ᠪᠠᠷᠢᠬᠤ ᠴᠢᠳᠠᠪᠤᠷᠢ᠂ ᠤᠯᠠᠨ ᠲᠦᠮᠡᠨ ᠤ ᠠᠵᠢᠯ ᠤᠨ ᠴᠢᠳᠠᠪᠤᠷᠢ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠴᠢᠳᠠᠪᠤᠷᠢ᠂ ᠠᠶᠤᠯ ᠲᠦᠭᠰᠢᠭᠦᠷᠢ ᠶᠢ ᠡᠵᠡᠮᠳᠡᠬᠦ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠳᠬᠠᠵᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢᠨ ᠰᠢᠨ᠎ᠡ ᠬᠢᠷᠢ ᠲᠦᠪᠰᠢᠨ ᠳᠤ ᠬᠦᠷᠬᠦ ᠶᠢ ᠲᠦᠯᠬᠢᠨ ᠠᠬᠢᠭᠤᠯᠤᠨ᠎ᠠ᠃      ᠬᠠᠤᠯᠢ ᠪᠠᠷ ᠵᠠᠰᠠᠬᠤ ᠶᠢ ᠴᠢᠩᠭ᠎ᠠ ᠬᠡᠷᠡᠭᠵᠢᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠤᠨ᠎ᠠ᠃ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠪᠠᠷᠢᠮᠲᠠᠯᠠᠵᠤ᠂ ᠬᠠᠤᠯᠢ ᠪᠠᠷ ᠵᠠᠰᠠᠬᠤ ᠣᠢᠢᠯᠠᠭᠠᠭᠳᠠᠬᠤᠨ ᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ ᠲᠤᠤᠱᠯᠠᠭᠤᠯᠵᠦ᠂ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠷᠬᠡ ᠲᠤᠰᠢᠶᠠᠯ ᠢ ᠬᠠᠤᠯᠢ ᠪᠠᠷ ᠲᠣᠭᠲᠠᠭᠠᠬᠤ᠂ ᠡᠷᠬᠡ ᠶᠢ ᠬᠠᠤᠯᠢ ᠶᠣᠰᠣᠭᠠᠷ ᠬᠡᠷᠡᠭᠯᠡᠬᠦ᠂ ᠬᠠᠤᠯᠢ ᠠᠴᠠ ᠭᠠᠳᠠᠭᠤᠷ ᠡᠷᠬᠡ ᠦᠭᠡᠢ ᠪᠠᠶᠢᠯᠭᠠᠬᠤ ᠶᠢ ᠪᠡᠶᠡᠯᠡᠭᠦᠯᠵᠦ᠂ ᠢᠮᠠᠭᠲᠠ ᠵᠠᠰᠠᠭ ᠤᠨ ᠣᠷᠳᠣᠨ ᠤ ᠡᠷᠬᠡ ᠶᠢ ᠬᠠᠤᠯᠢᠵᠢᠯ ᠤᠨ ᠵᠠᠮ ᠢᠶᠠᠷ ᠠᠵᠢᠯᠯᠠᠭᠤᠯᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠬᠢᠨᠠᠯᠲᠠ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠴᠢᠳ ᠤᠨ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠪᠠ ᠠᠷᠠᠳ ᠤᠨ ᠪᠦᠯᠬᠦᠮ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠬᠢᠨᠠᠮᠠᠭᠠᠶ ᠰᠢᠶ᠋ᠳᠪᠦᠷᠢᠯᠡᠨ᠎ᠠ᠃ ᠵᠠᠰᠠᠭ ᠤᠨ ᠶᠠᠪᠤᠳᠠᠯ ᠢ ᠢᠯᠠ ᠪᠣᠯᠭᠠᠬᠤ ᠶᠢ ᠶᠡᠬᠡᠪᠡᠷ ᠲᠦᠯᠬᠢᠨ ᠠᠬᠢᠭᠤᠯᠵᠤ᠂ ᠢᠯᠠ ᠲᠣᠳᠣ ᠪᠠᠶᠢᠯᠭᠠᠬᠤ ᠶᠢ ᠵᠠᠰᠠᠭ ᠤᠨ ᠣᠷᠳᠣᠨ ᠤ ᠠᠵᠢᠯ ᠤᠨ ᠬᠡᠪ ᠤᠨ ᠪᠠᠶᠢᠳᠠᠯ ᠪᠣᠯᠭᠠᠨ᠎ᠠ᠃ ᠴᠢᠬᠤᠯᠠ ᠶᠡᠭᠡ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠢ ᠴᠢᠩᠭ᠎ᠠ ᠬᠡᠷᠡᠭᠵᠢᠭᠦᠯᠵᠦ᠂ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠪᠠ ᠲᠤᠰᠬᠠᠶ ᠮᠡᠷᠭᠡᠵᠢᠯᠲᠡᠨ ᠤ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠳᠤ ᠵᠥᠪᠯᠡᠯᠭᠡ ᠥᠭᠬᠦ ᠳᠦᠷᠢᠮ ᠢ ᠲᠡᠭᠦᠯᠳᠡᠷᠵᠢᠭᠦᠯᠦᠨ᠎ᠡ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠡᠯᠡᠭᠰᠡᠨ ᠢᠶᠠᠨ ᠵᠠᠪᠠᠯ ᠬᠢᠵᠦ᠂ ᠠᠮᠠᠯᠠᠭᠰᠠᠨ ᠢᠶᠠᠨ ᠵᠠᠪᠠᠯ ᠦᠶ᠋ᠯᠡᠳᠦᠯᠭᠡᠵᠢᠭᠦᠯᠵᠦ ᠂ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃      ᠰᠤᠷᠲᠠᠯ ᠢᠶᠠᠨ ᠰᠠᠶᠢᠵᠢᠷᠠᠭᠤᠯᠵᠤ᠂ ᠪᠣᠳᠠᠲᠠᠶ ᠶᠢ ᠡᠷᠬᠢᠮᠯᠡᠨ ᠵᠠᠰᠠᠭ ᠶᠠᠪᠤᠭᠤᠯᠤᠨ᠎ᠠ᠃ ᠪᠣᠳᠠᠲᠠᠢ ᠶᠠᠪᠤᠳᠠᠯ ᠢ ᠪᠣᠳᠣᠯᠬᠢᠯᠠᠬᠤ᠂ ᠪᠣᠳᠠᠲᠠᠢ ᠠᠷᠭ᠎ᠠ ᠭᠠᠷᠭᠠᠬᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠶᠢ ᠪᠠᠷᠢᠮᠲᠠᠯᠠᠵᠤ᠂ ᠳᠠᠷᠦ᠋ᠢᠬᠠᠨ ᠬᠢᠬᠦ ᠰᠤᠷᠲᠠᠯ ᠢ ᠶᠡᠬᠡᠪᠡᠷ ᠪᠠᠳᠠᠷᠠᠭᠤᠯᠵᠤ᠂ ᠵᠣᠷᠢᠭᠲᠠᠢ ᠪᠠᠷ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠡᠯ᠎ᠡ ᠵᠦᠢᠯ ᠤᠨ ᠠᠵᠢᠯ ᠢᠶᠠᠨ ᠪᠣᠳᠠᠲᠠᠢ ᠪᠥᠭᠡᠳ ᠨᠠᠷᠢᠯᠢᠭ ᠰᠠᠶᠢᠲᠤᠷ ᠬᠢᠬᠦ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠠᠵᠢᠯ ᠤᠨ ᠠᠮᠢᠨ ᠰᠤᠳᠠᠰᠤ ᠪᠣᠯᠭᠠᠵᠤ᠂ ᠦᠨᠡᠨ ᠦᠭᠡ ᠶᠢ ᠲᠡᠷᠢᠭᠦᠨ ᠳᠤ ᠲᠠᠯᠪᠢᠵᠤ᠂ ᠪᠣᠳᠠᠲᠠᠢ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠬᠡᠢ ᠬᠤᠭᠤᠰᠣᠨ ᠵᠦᠢᠯ ᠢ ᠬᠥᠭᠡᠭᠡᠴᠡᠯᠳᠦᠬᠦ ᠦᠭᠡᠢ᠂ ᠬᠡᠶᠢᠰᠪᠦᠷᠢ ᠶᠠᠭᠤᠮ᠎ᠠ ᠶᠢ ᠬᠥᠭᠡᠭᠡᠴᠡᠯᠳᠦᠬᠦ ᠦᠭᠡᠢ᠂ ᠨᠢᠭᠡ ᠨᠢᠭᠡ ᠠᠯᠬᠤᠮ ᠢᠶᠠᠷ ᠯᠠᠪᠳᠠᠭᠤᠨ ᠪᠠᠲᠤᠲᠠᠢ ᠰᠠᠶᠢᠲᠤᠷ ᠠᠵᠢᠯᠯᠠᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠮᠠᠨᠳᠤᠭᠤᠯᠵᠤ᠂ ᠳᠤᠲᠠᠭᠳᠠᠯ ᠪᠠᠭᠤᠷᠠᠢ ᠲᠠᠯ᠎ᠠ ᠪᠠᠨ ᠣᠨᠣᠪᠴᠢᠲᠠᠢ ᠡᠷᠢᠵᠦ᠂ ᠠᠷᠠᠳ ᠣᠯᠠᠨ ᠤ ᠠᠩᠬᠠᠷᠤᠯ ᠲᠠᠯᠪᠢᠵᠤ ᠪᠠᠢᠶ᠋ᠭ᠎ᠠ ᠬᠠᠯᠠᠮᠰᠢᠯ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠤᠷᠳᠤ ᠬᠤᠭᠤᠴᠠᠭ᠎ᠠ ᠪᠠᠷ ᠠᠷᠪᠢᠯᠠᠨ ᠭᠠᠮᠨᠠᠵᠤ ᠠᠮᠢᠳᠤᠷᠠᠬᠤ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠰᠠᠶᠢᠲᠤᠷ ᠭᠠᠮᠨᠠᠨ ᠠᠷᠪᠢᠯᠠᠵᠤ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠬᠡᠷᠡᠭᠲᠡᠶ᠃ ᠭᠤᠣᠯᠳᠠᠯᠭ᠎ᠠ ᠲᠠᠢ ᠠᠵᠢᠯ ᠤᠨ ᠰᠢᠪᠠᠳᠠᠨ ᠪᠠᠶᠢᠴᠠᠭᠠᠬᠤ ᠲᠣᠭᠲᠠᠴᠠ ᠶᠢ ᠲᠡᠭᠦᠯᠳᠡᠷᠵᠢᠭᠦᠯᠵᠤ᠂ ᠦᠬᠡᠨᠴᠡ ᠵᠠᠰᠠᠭ ᠵᠠᠯᠬᠠᠭᠤ ᠵᠠᠰᠠᠭ ᠬᠤᠶᠢᠷᠭᠤ ᠵᠠᠰᠠᠭ ᠤᠨ ᠦᠵᠡᠭᠳᠡᠯ ᠢ ᠡᠷᠡᠰ ᠴᠡᠭᠴᠡᠯᠡᠨ ᠠᠷᠢᠯᠭᠠᠵᠤ᠂ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠠᠰᠠᠭᠤᠬᠤ ᠶᠢ ᠳᠦᠷᠢᠮᠵᠢᠭᠦᠯᠬᠦ᠂ ᠪᠠᠶᠢᠩᠭᠤᠵᠢᠭᠤᠯᠬᠤ ᠶᠢ ᠲᠦᠯᠬᠢᠨ ᠠᠬᠢᠭᠤᠯᠤᠨ᠎ᠠ᠃      ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ ᠠᠷᠢᠭᠤᠨ ᠴᠢᠬᠡᠴᠢ ᠪᠠᠷ ᠵᠠᠰᠠᠭ ᠤᠨ ᠠᠵᠢᠯ ᠬᠢᠨ᠎ᠡ᠃ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠬᠡᠷᠡᠭᠵᠢᠭᠦᠯᠬᠦ ᠠᠷᠭ᠎ᠠ ᠶᠢ ᠭᠦᠨᠵᠡᠭᠡᠢ ᠲᠤᠤᠱᠯᠠᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ︽ᠠᠷᠪᠠᠨ ᠵᠦᠢᠯ ᠤᠨ ᠢᠯᠡᠷᠡᠯ︾᠎ ᠢ ᠲᠥᠪᠯᠡᠷᠡᠭᠦᠯᠦᠨ ᠴᠡᠭᠴᠡᠯᠡᠨ ᠵᠠᠰᠠᠵᠤ᠂ ︽ᠳᠥᠷᠪᠡᠨ ᠰᠤᠷᠲᠠᠯ︾᠎ ᠤᠨ ᠲᠠᠬᠢᠨ ᠢᠯᠡᠷᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠰᠢᠯᠲᠠᠭᠯᠠᠨ ᠲᠦᠯᠬᠢᠯᠴᠡᠬᠦ᠂ ᠢᠳᠡᠬᠦ ᠠᠪᠬᠤ ᠭᠠᠴᠢᠬᠤ ᠨᠡᠬᠡᠬᠦ᠂ ᠲᠤᠭ᠎ᠠ ᠪᠠᠷᠢᠮᠲᠠ ᠪᠠᠷ ᠬᠠᠭᠤᠷᠮᠠᠭᠯᠠᠨ ᠵᠣᠬᠢᠶᠠᠬᠤ᠂ ᠵᠠᠷᠯᠢᠭ ᠪᠠᠶᠢᠪᠠᠴᠤ ᠬᠡᠷᠡᠭᠵᠢᠭᠦᠯᠬᠦ ᠦᠭᠡᠢ ᠵᠡᠷᠭᠡ ᠲᠣᠪᠤᠶᠢᠮ᠎ᠠ ᠠᠰᠠᠭᠤᠳᠠᠯ ᠢ ᠴᠢᠩᠭ᠎ᠠ ᠴᠡᠭᠴᠡᠯᠡᠨ ᠵᠠᠰᠠᠵᠤ᠂ ᠰᠤᠷᠲᠠᠯ ᠤᠨ ᠪᠠᠶᠢᠭᠤᠯᠤᠯᠲᠠ ᠶᠢ ︽ᠠᠭᠤᠵᠢᠭᠤ ᠰᠤᠯᠠ ᠰᠤᠯᠠ ᠬᠤᠭᠤᠰᠣᠨ︾ ᠪᠠᠶᠢᠭᠰᠠᠨ ᠠᠴᠠ ︽ᠴᠢᠩᠭ᠎ᠠ ᠬᠠᠲᠠᠭᠤ ᠪᠣᠳᠠᠲᠠᠶ︾ ᠪᠣᠯᠭᠠᠬᠤ ᠲᠡᠰᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠬᠢᠨᠠᠨ ᠪᠣᠳᠣᠬᠤ ᠬᠢᠨᠠᠯᠲᠠ ᠶᠢ ᠴᠢᠩᠭᠠᠳᠬᠠᠵᠤ᠂ ᠬᠢᠨᠠᠨ ᠪᠣᠳᠣᠬᠤ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠤᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ᠂ ᠪᠠᠶᠢᠭᠠᠯᠢ ᠶᠢᠨ ᠡᠬᠢ ᠪᠠᠶᠠᠯᠢᠭ᠂ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠵᠡᠷᠭᠡ ᠶᠢ ᠨᠡᠶᠢᠳᠡᠮ ᠬᠡᠷᠡᠭᠵᠢᠭᠦᠯᠬᠦ ᠶᠢ ᠪᠡᠶᠡᠯᠡᠭᠦᠯᠦᠨ᠎ᠡ᠃ ᠤᠯᠠᠨ ᠨᠡᠶᠢᠲᠡ ᠶᠢᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠵᠡᠷᠭᠡ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠬᠢᠵᠠᠭᠠᠷᠯᠠᠨ᠎ᠠ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ᠂ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠶ᠋ᠳᠪᠦᠷᠢᠯᠡᠨ᠎ᠡ᠃      ᠲᠥᠯᠥᠭᠡᠯᠡᠭᠴᠢᠳ ᠡ᠂ ᠵᠢᠨᠢᠩ ᠨᠢᠭᠡᠨᠲᠡ ᠲᠡᠤᠬᠡ ᠶᠢᠨ ᠰᠢᠨ᠎ᠡ ᠡᠬᠢᠯᠡᠯᠲᠡ ᠳᠡᠭᠡᠷ᠎ᠡ ᠵᠣᠭᠰᠣᠯ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠣᠭᠤᠳᠤᠯᠭ᠎ᠠ ᠳᠣᠣᠷ᠎ᠠ᠂ ᠬᠢᠯᠪᠠᠷ ᠪᠤᠰᠤ ᠪᠠᠷ ᠣᠯᠤᠭᠰᠠᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠪᠣᠯᠤᠨ ᠬᠥᠭᠵᠢᠯᠲᠡ ᠶᠢᠨ ᠦᠷ᠎ᠡ ᠪᠦᠲᠦᠭᠡᠯ ᠢ ᠬᠤᠪᠢ ᠲᠠᠬᠢᠨ ᠨᠠᠨᠳᠢᠩᠨᠠᠵᠤ᠂ ᠡᠭᠦᠷᠢᠳᠡ ᠬᠤᠶᠢᠷᠭᠤᠰᠢᠬᠤ ᠦᠭᠡᠢ᠂ ᠴᠤᠴᠠᠯᠲᠠ ᠦᠭᠡᠢ ᠤᠷᠤᠭᠰᠢᠯᠠᠵᠤ᠂ ᠰᠢᠷᠭᠠᠭᠤ ᠬᠠᠲᠠᠭᠤᠵᠢᠯᠲᠠᠢ ᠪᠣᠳᠠᠲᠠᠢ ᠠᠵᠢᠯᠯᠠᠵᠤ᠂ ᠡᠷᠡᠯᠬᠡᠭᠯᠡᠨ ᠴᠢᠷᠮᠠᠶᠢᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠢᠳᠪᠦᠷᠢᠲᠦ ᠢᠯᠠᠯᠲᠠ ᠶᠢ ᠲᠡᠮᠡᠴᠡᠨ ᠣᠯᠬᠤ᠂ ᠰᠢᠨ᠎ᠡ ᠴᠠᠭ ᠦᠶ᠎ᠡ ᠶᠢᠨ ᠵᠢᠨᠢᠩ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠢᠯᠠᠯᠲᠠ ᠶᠢ ᠲᠡᠮᠡᠴᠡᠨ ᠣᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ︕                                                           ︵ᠤᠷᠴᠢᠭᠤᠯᠤᠭᠴᠢ᠄ ᠡᠷᠬᠢᠮᠪᠠᠶᠠᠷ︶
 
ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2