ᠵᠢᠨᠢᠩ ᠤᠨ ᠵᠢᠭᠤᠯᠴᠢᠯᠠᠯ ᠤᠨ ᠡᠬᠢ ᠪᠠᠶᠠᠯᠢᠭ
ᠨᠡᠶᠢᠲᠡᠯᠡᠭᠰᠡᠨ ᠴᠠᠭ᠄
2019/7/16
                          ᠥᠨᠳᠥᠷ ᠰᠦᠷᠯᠢᠭ ᠬᠥᠬᠡᠮᠳᠦᠭ ᠠᠭᠤᠯᠠᠰ᠂ ᠡᠨᠡᠬᠦ ᠬᠠᠯᠠᠭᠤᠨ ᠬᠥᠷᠥᠰᠥ ᠶᠢ ᠰᠠᠬᠢᠨ ᠬᠠᠮᠠᠭᠠᠯᠠᠨ᠎ᠠ  ᠃ ᠦᠷᠭᠡᠨ ᠠᠭᠤᠳᠠᠮ ᠲᠠᠯ᠎ᠠ ᠨᠤᠲᠤᠭ  ᠂ ᠡᠨᠡ ᠬᠦ ᠬᠤᠲᠠ ᠪᠠᠯᠭᠠᠰᠤ ᠶᠢ ᠮᠥᠷᠥᠭᠡᠳᠦᠨ ᠰᠠᠨᠠᠭᠠᠯᠵᠠᠭᠤᠯᠤᠨ᠎ᠠ᠃ ᠵᠢᠨᠢᠩ ᠎ ᠨᠢ ᠮᠤᠨᠢ ᠠᠭᠤᠯᠠ ᠨᠢᠷᠤᠭᠤ ᠶᠢᠨ ᠬᠦᠢᠳᠡᠨ ᠰᠢᠯᠢ ᠶᠢᠨ ᠡᠮᠦᠨ᠎ᠡ ᠬᠤᠷᠮᠣᠶ ᠳᠤ ᠪᠠᠶᠢᠷᠢᠯᠠᠵᠤ ᠪᠠᠶᠢᠭ᠎ᠠ ᠲᠠᠯ᠎ᠠ ᠨᠤᠲᠤᠭ ᠤᠨ ᠬᠤᠲᠠ ᠪᠠᠶᠢᠵᠦ᠂ ᠨᠢᠭᠡ ᠲᠠᠯ᠎ᠠ ᠨᠢ ᠵᠦᠩᠶᠤᠸᠠᠨ ᠣᠷᠣᠨ ᠤ ᠥᠷᠥᠴᠡ ᠭᠠᠵᠠᠷ ᠲᠠᠢ ᠵᠠᠯᠭᠠᠨ᠂ ᠨᠦᠭᠦᠭᠡ ᠲᠠᠯ᠎ᠠ ᠨᠢ ᠭᠤᠪᠢ ᠶᠢᠨ ᠠᠷᠤ ᠶᠢᠨ ᠮᠤᠬᠤᠷ ᠲᠡᠰᠢ ᠦᠷᠬᠦᠯᠵᠢᠯᠡᠵᠦ᠂ ᠶᠠᠭ ᠯᠠ ᠨᠢᠭᠡᠨ ᠭᠡᠷᠡᠯ ᠰᠠᠴᠤᠷᠠᠭᠰᠠᠨ ᠭᠡᠷᠡᠯᠲᠦ ᠰᠤᠪᠤᠳ ᠧᠦ᠋ᠷᠣᠫᠠ ᠠᠽᠢᠶ᠎ᠠ ᠳᠤ ᠨᠡᠪᠲᠡᠷᠡᠬᠦ ᠪᠠᠷᠠᠭᠤᠨ ᠬᠤᠶᠢᠲᠤ ᠶᠢᠨ ᠪᠦᠸᠧᠬᠠᠶ ᠲᠠᠩᠭᠢᠰ ᠢ ᠲᠣᠭᠤᠷᠢᠭᠰᠠᠨ ᠪᠡᠭᠡᠵᠢᠩ ᠲᠢᠶᠠᠨᠵᠢᠨ ᠤ ᠵᠠᠮ ᠬᠠᠷᠢᠯᠴᠠᠭ᠎ᠠ ᠠᠷᠠᠯᠵᠢᠶ᠎ᠠ ᠬᠤᠳᠠᠯᠳᠤᠭᠠᠨ ᠤ ᠲᠥᠪ ᠲᠤ ᠰᠢᠭᠢᠳᠭᠡᠭᠰᠡᠨ ᠮᠡᠳᠦ᠃ ᠲᠡᠷᠡ ᠪᠣᠯ ᠨᠡᠶᠢᠰᠯᠡᠯ ᠪᠡᠭᠡᠵᠢᠩ ᠤᠨ ᠲᠠᠯ᠎ᠠ ᠨᠤᠲᠤᠭ ᠤᠨ ᠠᠷᠤ ᠴᠡᠴᠡᠷᠯᠢᠭ ᠪᠣᠯᠬᠤ ᠪᠥᠭᠡᠳ ᠤᠯᠠᠭᠠᠨᠴᠠᠪ ᠬᠤᠲᠠ ᠶᠢᠨ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠲᠥᠪ ᠪᠣᠯᠤᠨ᠎ᠠ᠃ ᠠᠳᠡ ᠵᠦᠩᠶᠤᠸᠠᠨ ᠣᠷᠣᠨ ᠪᠣᠯᠤᠨ ᠲᠠᠯ᠎ᠠ ᠨᠤᠲᠤᠭ ᠤᠨ ᠥᠪᠡᠷᠮᠢᠴᠡ ᠵᠠᠩ ᠦᠢᠯᠡ ᠲᠠᠢ ᠠᠭᠤᠰᠤᠯᠴᠠᠵᠤ᠂ ᠠᠳᠡ ᠲᠡᠤᠬᠡ ᠪᠣᠯᠤᠨ ᠰᠣᠶᠣᠯ ᠤᠨ ᠲᠠᠰᠤᠷᠠᠰᠢ ᠦᠭᠡᠢ ᠠᠮᠢᠨ ᠰᠤᠳᠠᠰᠤ ᠶᠢ ᠠᠴᠢᠶᠠᠯᠠᠵᠤ᠂ ᠠᠳᠡ ᠡᠮᠦᠨ᠎ᠡ ᠤᠮᠠᠷ᠎ᠠ ᠶᠢᠨ ᠬᠤᠳᠠᠯᠳᠤᠭ᠎ᠠ ᠵᠢᠭᠤᠯᠴᠢᠯᠠᠯ ᠤᠨ ᠵᠠᠮ ᠬᠠᠷᠢᠯᠴᠠᠭᠠᠨ ᠤ ᠴᠢᠬᠤᠯᠠ ᠵᠠᠮ ᠱᠤᠭᠤᠮ ᠪᠠᠶᠢᠵᠤ᠂ ᠠᠳᠡ ᠡᠷᠲᠡᠨ ᠠᠴᠠ ᠠᠪᠤᠭᠠᠳ ᠤᠮᠠᠷᠠᠲᠤ ᠬᠢᠯᠢ ᠬᠢᠵᠠᠭᠠᠷ ᠤᠨ ᠴᠢᠬᠤᠯᠠ ᠡᠭᠦᠳᠡ ᠬᠠᠭᠠᠯᠭ᠎ᠠ ᠪᠣᠯᠵᠤ ᠪᠠᠶᠢᠵᠠᠶ᠃ ᠮᠢᠩᠭᠠᠨ ᠣᠨ ᠤ ᠳᠠᠶᠢᠨ ᠪᠠᠶᠢᠯᠳᠤᠭᠠᠨ ᠶᠢ ᠦᠡᠭᠭᠡᠷᠭᠡᠵᠦ᠂  ᠬᠦᠮᠦᠰ ᠤᠨ ᠮᠡᠳᠡᠳᠡᠭ ᠦᠭᠡᠢ ᠡᠳᠦᠶ ᠲᠡᠳᠦᠶ ᠲᠡᠤᠬᠡ ᠶᠢᠨ ᠤᠶᠠᠷᠠᠭᠤᠨ ᠵᠢᠪᠬᠤᠯᠠᠩᠲᠤ ᠪᠠᠶᠢᠳᠠᠯ᠂ ᠲᠤᠭ᠎ᠠ ᠲᠣᠮᠰᠢ ᠦᠭᠡᠢ ᠬᠥᠭᠵᠢᠯ ᠳᠤᠷᠤᠶᠢᠳᠠᠯ ᠤᠨ ᠤᠯᠠᠷᠢᠯ ᠬᠤᠪᠢᠰᠤᠯ ᠶᠢ ᠦᠡᠭᠭᠡᠷᠡᠬᠦᠯᠵᠦ᠂ ᠥᠨᠢ ᠤᠳᠠᠭᠠᠨ ᠴᠤᠭ ᠰᠦᠯᠳᠡ ᠶᠢ ᠰᠠᠴᠤᠷᠠᠭᠤᠯᠤᠭᠰᠠᠨ ᠤᠳᠤ ᠦᠶ᠎ᠡ ᠶᠢᠨ ᠪᠣᠯᠪᠠᠰᠤᠨ ᠪᠠᠶᠢᠳᠠᠯ ᠎ ᠲᠠᠢ ᠪᠣᠯᠤᠭᠰᠠᠨ ᠪᠠᠶᠢᠨ᠎ᠠ᠃      ᠡᠨᠡ ᠬᠦ ᠠᠭᠤᠯᠠᠨ ᠬᠤᠲᠠ ᠨᠢ ᠥᠪᠡᠷᠮᠢᠴᠡ ᠣᠨᠴᠠᠯᠢᠭ ᠪᠦᠬᠦᠢ ᠬᠡᠪ ᠨᠠᠮᠪᠠ ᠎ ᠪᠠᠷ ᠢᠶᠠᠨ ᠳᠡᠤᠬᠡᠨ ᠳᠤ  ᠦᠯᠡᠳᠡᠭᠰᠡᠨ ᠪᠠᠶᠢᠨ᠎ᠠ᠃ ᠪᠣᠭᠤᠮᠲᠠ ᠶᠢᠨ ᠭᠠᠳᠠᠨᠠᠬᠢ ᠵᠢᠨᠢᠩ ᠨᠢ ᠠᠮᠤᠷ ᠲᠠᠶᠢᠪᠤᠩ ᠪᠠ ᠥᠯᠵᠡᠶ ᠪᠡᠯᠭᠡ ᠲᠠᠢ ᠪᠠᠶᠢᠬᠤ ᠶᠢ ᠪᠡᠯᠭᠡᠳᠡᠵᠦ᠂ ᠴᠠᠬᠠᠷ ᠰᠣᠶᠣᠯ ᠤᠨ ᠬᠡᠪ ᠨᠠᠮᠪᠠ ᠶᠢ ᠭᠠᠶᠢᠬᠠᠭᠤᠯᠵᠦ᠂ ︽ᠲᠩᠷᠢ ᠴᠡᠯᠮᠡᠭᠰᠢᠵᠦ ᠬᠥᠳᠡᠭᠡ ᠬᠡᠭᠡᠷ᠎ᠡ‌ᠨᠢ ᠨᠡᠯᠦ᠋ᠢᠭᠰᠡᠨ︾ ᠳᠦᠷᠬᠦ ᠪᠠᠷ ᠰᠡᠬᠦ᠋ᠢᠵᠦ ᠪᠠᠶᠢᠳᠠᠭ᠃ ᠪᠣᠭᠤᠮᠲᠠ ᠶᠢᠨ ᠭᠠᠳᠠᠨᠠᠬᠢ ᠲᠠᠯ᠎ᠠ ᠨᠤᠲᠤᠭ ᠎ ᠨᠢ ᠥᠷᠭᠡᠨ ᠠᠭᠤᠳᠠᠮ ᠦᠵᠡᠰᠬᠦᠯᠡᠩᠲᠦ ᠰᠠᠶᠢᠬᠠᠨ᠂ ᠴᠠᠭᠠᠨ ᠡᠭᠦᠯᠡ ᠨᠢ ᠬᠤᠷᠭᠤᠳᠠᠨ᠂ ᠨᠣᠮᠢᠨ ᠨᠤᠭᠤᠭᠠᠨ ᠲᠠᠯ᠎ᠠ  ᠎ ᠨᠢ ᠮᠢᠷᠠᠯᠵᠠᠨ‌ᠮᠢᠷᠠᠯᠵᠠᠵᠦ  ᠂ ᠠᠵᠢᠨᠠᠶ ᠬᠥᠯᠥᠭ ᠳᠡᠪᠬᠡᠷᠦᠨ ᠳᠡᠪᠬᠡᠷᠦᠨ᠂ ᠦᠬᠡᠷ ᠬᠤᠨᠢ ᠰᠠᠨᠠᠭᠠᠨ ᠲᠠᠪᠠ ᠪᠠᠷ ᠢᠶᠠᠨ ᠢᠳᠡᠭᠡᠰᠢᠯᠡᠵᠦ᠂ ᠰᠡᠳᠬᠢᠯ ᠪᠤᠯᠢᠶᠠᠮ᠎ᠠ ᠦᠵᠡᠮᠵᠢ ᠪᠠᠶᠢᠳᠠᠯ ᠢ ᠵᠢᠷᠤᠭᠯᠠᠭᠰᠠᠨ ᠪᠠᠶᠢᠨ᠎ᠠ᠃ ᠪᠠᠷᠰ ᠠᠭᠤᠯᠠ ᠶᠢᠨ ᠰᠦᠷᠯᠢᠭ ᠳᠦᠷᠢ ᠨᠢ ᠭᠠᠶᠢᠬᠠᠮᠰᠢᠭᠲᠤ ᠵᠢᠨᠢᠩ ᠢ ᠰᠠᠬᠢᠨ ᠪᠠᠷᠠᠭᠠᠯᠠᠵᠤ᠂ ᠪᠠ ᠸᠠᠩ ᠾᠧ ᠭᠤᠤᠯ ᠤᠨ ᠤᠰᠤ ᠨᠢ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠠᠭᠤᠯᠠᠨ ᠬᠤᠲᠠ ᠶᠢᠨ ᠴᠤᠭ ᠵᠢᠪᠬᠤᠭ᠎ᠠ ᠵᠢᠨᠢᠩ ᠤᠨ ᠬᠠᠭᠤᠴᠢᠨ ᠪᠠᠭᠤᠷᠢ᠂ ᠪᠣᠭᠤᠮᠲᠠ ᠶᠢᠨ ᠭᠠᠳᠠᠨᠠᠬᠢ ᠬᠤᠳᠠᠯᠳᠤᠭᠠᠨ ᠤ ᠬᠤᠲᠠ ᠶᠢᠨ ᠬᠥᠭᠵᠢᠯ ᠪᠠᠳᠠᠷᠠᠯ ᠢ ᠦᠷᠭᠦᠯᠵᠢᠯᠡᠭᠦᠯᠦᠨ᠂ ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ  ᠤᠨ ᠬᠦᠷᠢᠶᠡᠯᠡᠩ ᠳᠤ ᠬᠤᠪᠢᠰᠬᠠᠯ ᠤᠨ ᠲᠡᠤᠬᠡ ᠶᠢᠨ ᠢᠷᠠᠭᠤ ᠠᠯᠳᠠᠷ ᠢ ᠰᠡᠶᠢᠯᠵᠦ ᠪᠠᠶᠢᠳᠠᠭ᠃ ᠠᠳᠡ ︽ᠭᠤᠷᠪᠠᠨ ᠠᠭᠤᠯᠠ ᠬᠤᠶᠠᠷ ᠭᠤᠤᠯ︾᠂ ᠣᠯᠠᠨ ᠤᠯᠤᠰ ᠎ ᠤᠨ ᠠᠷᠠᠰᠤᠨ ᠬᠤᠲᠠ᠂ ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ  ᠤᠨ ᠬᠦᠷᠢᠶᠡᠯᠡᠩ ᠢᠶᠠᠷ ᠭᠤᠤᠯ ᠪᠣᠯᠭᠠᠭᠰᠠᠨ ᠠᠮᠢ ᠠᠬᠤᠶ᠂ ᠪᠠᠷᠠᠭ᠎ᠠ  ᠬᠤᠳᠠᠯᠳᠤᠭ᠎ᠠ᠂ ᠬᠤᠪᠢᠰᠬᠠᠯ ᠤᠨ ᠰᠣᠶᠣᠯ ᠵᠤᠭᠠᠴᠠᠯ ᠤᠨ ᠰᠢᠨ᠎ᠡ ᠪᠠᠶᠢᠷᠢᠰᠢᠯ ᠢ ᠪᠦᠷᠢᠯᠳᠦᠭᠦᠯᠵᠦ᠂ ︽ ᠦᠵᠡᠰᠭᠦᠯᠡᠩᠳᠦ ᠭᠡᠷ ᠣᠷᠣᠨ᠂ ᠵᠢᠨᠢᠩ ᠳᠤ  ᠪᠠᠶᠢᠬᠤ︾ ᠵᠤᠭᠠᠴᠠᠯ ᠤᠨ ᠰᠢᠨ᠎ᠡ ᠨᠡᠷ᠎ᠡ ᠶᠢᠨ ᠬᠠᠭᠤᠳᠠᠰᠤ ᠶᠢ ᠪᠢᠴᠢᠭᠯᠡᠪᠡ᠃       ᠲᠠᠯ᠎ᠠ ᠨᠤᠲᠤᠭ ᠤᠨ ᠰᠣᠶᠣᠯ ᠤᠨ ᠭᠦᠨ ᠵᠤᠵᠠᠭᠠᠨ  ᠦᠪ  ᠤᠯᠠᠮᠵᠢᠯᠠᠯ ᠶᠢ ᠬᠠᠶᠢᠨ ᠰᠦᠪᠡᠭᠴᠢᠯᠡᠵᠦ᠂ ᠪᠣᠭᠤᠮᠲᠠ ᠶᠢᠨ ᠭᠠᠳᠠᠨᠠᠬᠢ ᠠᠭᠤᠯᠠᠨ ᠬᠤᠲᠠ ᠶᠢᠨ ᠥᠪᠡᠷᠮᠢᠴᠡ ᠷᠢᠳᠢ ᠰᠢᠳᠢ ᠶᠢ ᠣᠶᠢᠯᠠᠭᠠᠵᠤ᠂ ᠬᠤᠳᠠᠯᠳᠤᠭ᠎ᠠ ᠵᠢᠭᠤᠯᠴᠢᠯᠠᠯ ᠤᠨ ᠬᠥᠮᠥᠨ ᠰᠣᠶᠣᠯ ᠤᠨ ᠵᠠᠩ ᠠᠭᠠᠯᠢ ᠶᠢ ᠤᠶᠢᠯᠠᠭᠠᠶ᠎ᠠ ᠭᠡᠪᠡᠯ ᠵᠢᠨᠢᠩ  ᠎ ᠳᠤ ᠮᠤᠷᠢᠯᠠᠨ ᠰᠠᠭᠠᠲᠠᠭᠠᠷᠠᠢ᠃       ᠵᠢᠨᠢᠩ ᠲᠠᠨ ᠶᠢ ᠪᠠᠶᠠᠷᠯᠠᠨ ᠤᠭᠳᠤᠵᠤ ᠪᠠᠶᠢᠨ᠎ᠠ︕
       ᠨᠡᠯᠦᠭᠡᠷ ᠠᠭᠤᠳᠠᠮ ᠲᠠᠯ᠎ᠠ ᠨᠤᠲᠤᠭ᠂ ᠭᠦᠨ ᠵᠤᠵᠠᠭᠠᠨ ᠬᠠᠶᠢᠷ᠎ᠠ ᠰᠡᠳᠬᠢᠯᠭᠡ᠃ ᠵᠢᠨᠢᠩ ᠤᠨ ᠭᠠᠵᠠᠷ ᠣᠷᠣᠨ ᠤ ᠠᠮᠲᠠᠲᠤ ᠢᠳᠡᠭᠡᠨ ᠨᠢ ᠨᠠᠩ ᠴᠤ ᠶᠠᠩᠵᠤ ᠪᠦᠷᠢ ᠶᠢᠨ ᠣᠨᠴᠠᠯᠢᠭ ᠲᠠᠢ ᠪᠠᠶᠢᠳᠠᠭ᠃ ᠵᠢᠨᠢᠩ ᠳᠤ ᠢᠷᠡᠪᠡᠯ ᠲᠠ ᠬᠤᠶᠠᠷ ᠵᠦᠢᠯ ᠤᠨ ᠠᠮᠲᠠᠲᠤ ᠢᠳᠡᠭᠡᠨ ᠢ ᠠᠮᠲᠠᠯᠠᠬᠤ ᠦᠭᠡᠢ  ᠪᠠᠶᠢᠬᠤ ᠶᠢᠨ ᠠᠷᠭ᠎ᠠ ᠦᠭᠡᠢ ᠶᠤᠮ᠂ ᠳᠠᠷᠤᠶ ᠶᠤᠸᠠᠮᠢᠶᠠᠨ ᠪᠣᠯᠤᠨ ᠮᠣᠩᠭᠤᠯ ᠬᠤᠭᠤᠯᠠ ᠪᠣᠯᠤᠨ᠎ᠠ᠃
      ᠤᠯᠠᠭᠠᠨᠴᠠᠪ ᠪᠣᠯ ᠶᠤᠤᠮᠠᠶ ᠵᠢᠨ‌ᠡᠯᠪᠡᠭ ᠭᠠᠷᠤᠯᠲᠠ ᠎ ᠶᠢᠨ ᠤᠷᠤᠨ᠂ ᠶᠤᠤᠮᠠᠶ  ᠎ ᠨᠢ ᠲᠤᠬᠠᠶ ᠶᠢᠨ ᠭᠠᠵᠠᠷ ‍ᠤᠨ‌ᠤᠨᠴᠠ ᠭᠠᠷᠤᠯᠳᠠ ᠶᠢᠨ ᠨᠢᠭᠡ ᠪᠣᠯᠤᠨ᠎ᠠ᠃ ᠶᠤᠤᠮᠠᠶ ᠪᠣᠯ ᠦᠶᠡᠲᠦ ᠠᠮᠤ ᠶᠢᠨ ᠲᠥᠷᠥᠯ ᠤᠨ ᠲᠠᠷᠢᠮᠠᠯ᠃ ᠨᠠᠷᠢᠯᠢᠭ ᠦᠢᠯᠡᠳᠦᠭᠡᠳ ᠠᠮᠳᠠᠳᠦ ᠢᠳᠡᠭᠡᠨ ᠪᠤᠯᠭᠠᠳᠠᠭ᠃ ᠶᠤᠤᠮᠠᠶ ᠶᠢᠨ ᠭᠤᠯᠢᠷ ᠤᠨ ᠰᠢᠮ᠎ᠡ ᠲᠡᠵᠢᠭᠡᠯ ᠨᠢ ᠪᠤᠰᠤᠳ ᠭᠤᠯᠢᠷ ᠤᠨ ᠰᠢᠮ᠎ᠡ ᠲᠡᠵᠢᠭᠡᠯ ᠠᠴᠠ ᠰᠠᠶᠢᠨ ᠪᠠᠶᠢᠳᠠᠭ᠃ ᠶᠤᠤᠮᠠᠶ ᠶᠢᠨ ᠭᠤᠯᠢᠷ ᠲᠤ ᠺᠠᠯᠼ᠂ ᠹᠣᠰᠹᠣᠷ᠂ ᠲᠡᠮᠦᠷ᠂ ᠪᠥᠭᠡᠮ ᠤᠨ ᠰᠢᠷ᠎ᠠ ᠡᠳ᠋ ᠵᠡᠷᠭᠡ ᠣᠯᠠᠨ ᠵᠦᠢᠯ ᠤᠨ ᠬᠥᠮᠦᠨ ᠤ ᠪᠡᠶ᠎ᠡ ᠳᠤ ᠬᠡᠷᠡᠭᠴᠡᠭᠡ ᠲᠠᠢ ᠰᠢᠮ᠎ᠡ ᠲᠡᠵᠢᠭᠡᠯ  ᠤᠨ ᠡᠯᠧᠮᠧᠨ᠋ᠲ ᠪᠠ ᠡᠮᠲᠦ ᠬᠠᠶᠢᠰᠤ ᠠᠭᠤᠯᠤᠭᠳᠠᠵᠤ᠂ ᠰᠢᠬᠢᠷ ᠰᠢᠵᠢᠩ ᠡᠪᠡᠳᠴᠢᠨ᠂ ᠲᠢᠳᠢᠮ ᠵᠢᠷᠦᠬᠡᠨ ᠤ ᠡᠪᠡᠳᠴᠢᠨ᠂ ᠯᠤᠭᠰᠢᠭᠤᠨ ᠰᠤᠳᠠᠯ ᠤᠨ ᠬᠠᠳᠠᠭᠤᠷᠠᠯ᠂ ᠴᠢᠰᠤᠨ ᠳᠠᠷᠤᠯᠲᠠ ᠥᠨᠳᠥᠷ ᠵᠡᠷᠭᠡ ᠣᠯᠠᠨ ᠵᠦᠢᠯ ᠤᠨ ᠡᠪᠡᠳᠴᠢᠨ ᠢ ᠡᠮᠨᠡᠨ ᠵᠠᠰᠠᠬᠤ ᠪᠠ ᠤᠷᠢᠳᠴᠢᠯᠠᠨ ᠰᠡᠷᠭᠡᠶᠢᠯᠡᠵᠦ ᠪᠣᠯᠤᠨ᠎ᠠ᠃       ᠮᠣᠩᠭᠤᠯ ᠬᠤᠭᠤᠯᠠ ᠪᠣᠯ ᠮᠣᠩᠭᠤᠯ ᠦᠨᠳᠦᠰᠦᠲᠡᠨ ᠤᠷᠳᠤ ᠬᠤᠭᠤᠴᠠᠭ᠎ᠠ ᠪᠠᠷ ᠤᠷᠤᠰᠢᠨ ᠠᠮᠢᠳᠤᠷᠠᠵᠦ᠂  ᠦᠢᠯᠡᠳᠪᠦᠷᠢᠯᠡᠯ ᠠᠮᠢᠳᠤᠷᠠᠯ ᠤᠨ ᠳᠤᠮᠳᠠ ᠪᠦᠷᠢᠯᠳᠦᠭᠰᠡᠨ ᠢᠳᠡᠭᠡᠨ ᠤᠮᠳᠠᠭᠠᠨ ᠤ ᠲᠥᠷᠥᠯ ᠵᠦᠢᠯ  ᠪᠦᠭᠡᠳ ᠡᠭᠦᠨ ᠠᠴᠠ ᠡᠭᠦᠰᠦᠭᠰᠡᠨ ᠢᠳᠡᠭᠡᠨ ᠤᠮᠳᠠᠭᠠᠨ ᠤ ᠰᠣᠶᠣᠯ᠂ ᠵᠠᠩ ᠳᠠᠳᠬᠠᠯ᠂ ᠢᠳᠡᠭᠡᠨ ᠤᠮᠳᠠᠭᠠᠨ ᠤ ᠤᠯᠠᠮᠵᠢᠯᠠᠯ ᠵᠢᠴᠢ ᠶᠣᠰᠣ ᠵᠠᠩᠰᠢᠯ ᠵᠡᠷᠭᠡ ᠪᠣᠯᠤᠨ᠎ᠠ᠃ ᠮᠣᠩᠭᠤᠯ ᠬᠤᠭᠤᠯᠠ ᠨᠢ ᠭᠤᠤᠯᠳᠠᠭᠤ ︽ᠤᠷᠢᠳ ᠢᠶᠠᠷ ᠶᠤᠰᠤ ᠪᠠᠨ ᠬᠦᠢᠴᠡᠳᠭᠡᠵᠦ ᠳᠠᠷᠠᠭ᠎ᠠ ᠳᠤ ᠨᠢ ᠵᠤᠭᠤᠭᠯᠠᠬᠤ︾᠎ ᠶᠢ ᠡᠷᠬᠢᠮᠯᠡᠵᠦ᠂ ᠳᠠᠭᠤᠤ ᠳᠠᠭᠤᠯᠠᠵᠦ ᠪᠥᠵᠢᠭ ᠪᠦᠵᠢᠭᠯᠡᠨ᠂ ᠴᠠᠢ  ᠂ ᠴᠠᠭᠠᠨ ᠢᠳᠡᠭᠡ᠂ ᠮᠢᠬ᠎ᠠ᠂ ᠠᠷᠢᠬᠢ ᠵᠡᠷᠭᠡ ᠶᠢ  ᠰᠢᠷᠡᠭᠡ ᠳᠦᠭᠦᠷᠡᠩ ᠵᠠᠰᠠᠳᠠᠭ᠃   ᠤᠯᠠᠭᠠᠨᠴᠠᠪ ᠤᠨ ᠵᠢᠨᠢᠩ ᠲᠣᠭᠤᠷᠢᠭ ᠨᠢ ᠠᠷᠠᠰᠦ ᠰᠢᠷᠢ ᠪᠤᠯᠪᠠᠰᠤᠷᠠᠭᠤᠯᠬᠤ ᠲᠡᠤᠬᠡ ᠥᠨᠢ ᠤᠳᠠᠭᠠᠨ᠂ ᠠᠷᠠᠰᠤ ᠰᠢᠷᠢ ᠶᠢᠨ ᠠᠵᠤ ᠦᠢᠯᠡᠰ ᠤᠨ ᠰᠠᠭᠤᠷᠢ ᠵᠤᠵᠠᠭᠠᠨ᠃ ᠲᠠᠯ᠎ᠠ ᠨᠤᠲᠤᠭ ᠤᠨ ᠠᠷᠠᠰᠤᠨ ᠬᠤᠳᠠ ᠶᠢᠨ ᠭᠤᠤᠯ ᠣᠷᠣᠨ — ᠵᠢᠨᠢᠩ ᠤᠨ ᠣᠯᠠᠨ ᠤᠯᠤᠰ ᠎ ᠤᠨ ᠠᠷᠠᠰᠤᠨ ᠡᠳ᠋ᠯᠡᠯ ᠤᠨ ᠬᠤᠲᠠ ᠶᠢᠨ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 12 ᠳ᠋ᠦᠩᠰᠢᠭᠤᠷ ᠲᠥᠭᠦᠷᠢᠭ ᠪᠠᠶᠢᠵᠤ᠂ ᠪᠦᠲᠦᠭᠡᠨ ᠪᠠᠶᠢᠭᠤᠯᠤᠯᠲᠠ ᠶᠢᠨ ᠲᠠᠯᠠᠪᠠᠢ ᠨᠢ 24 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠲᠤᠰᠬᠠᠶ ᠬᠤᠳᠠᠯᠳᠤᠭᠠᠨ ᠤ ᠫᠦᠰᠡ 2000 ᠪᠠᠶᠢᠵᠤ᠂ ᠭᠤᠤᠯᠳᠠᠭᠤ ᠠᠷᠠᠰᠤᠨ ᠳᠡᠪᠡᠯ ᠳᠠᠬᠤ ᠎ ᠶᠢᠨ ᠲᠤᠭᠤᠷᠢᠭ᠂ ᠵᠢᠩᠬᠢᠨᠢ  ᠠᠷᠠᠰᠤᠨ ᠰᠠᠭᠤᠳᠠᠯ  ︵ᠱᠠᠹᠠ︶᠂ ᠱᠤᠰᠢᠭ᠎ᠠ ᠲᠡᠮᠳᠡᠭᠲᠦ ᠬᠠᠶᠢᠷᠴᠠᠭ ᠪᠤᠭᠴᠤ ᠶᠢᠨ ᠲᠤᠭᠤᠷᠢᠭ᠂ ᠠᠷᠠᠰᠤᠨ ᠱᠠᠬᠠᠶ ᠵᠢᠴᠢ ᠵᠠᠰᠠᠯ ᠴᠢᠮᠡᠭᠯᠡᠯ  ᠤᠨ ᠡᠳ᠋ᠯᠡᠯ ᠤᠨ ᠲᠤᠭᠤᠷᠢᠭ ᠵᠡᠷᠭᠡ ᠲᠤᠰᠬᠠᠶ ᠪᠣᠷᠣᠯᠠᠭᠤᠯᠤᠯᠲᠠ ᠶᠢᠨ ᠣᠷᠣᠨ ᠪᠠᠶᠢᠵᠤ᠂ ᠪᠠᠷᠠᠭ᠎ᠠ ᠬᠤᠳᠠᠯᠳᠤᠨ‌ᠠᠪᠬᠤ᠂ ᠵᠢᠭᠤᠯᠴᠢᠯᠠᠯ᠂ ᠢᠳᠡᠭᠡᠨ ᠤᠮᠳᠠᠭᠠᠨ᠂ ᠴᠠᠭ ᠤᠨ ᠤᠷᠤᠰᠬᠠᠯ ᠢ ᠨᠡᠶᠢᠲᠡᠯᠡᠬᠦ᠂ ᠰᠡᠯᠡᠭᠦᠴᠡᠯ ᠵᠤᠭ᠎ᠠ ᠴᠡᠩᠭᠡᠯ  ᠶᠢ ᠨᠢᠭᠡ ᠴᠣᠭᠴᠠᠵᠢᠭᠤᠯᠤᠭᠰᠠᠨ ᠣᠳᠣᠬᠢᠴᠢᠯᠠᠭᠰᠠᠨ ᠠᠷᠠᠰᠤ ᠰᠢᠷᠢ ᠬᠤᠳᠠᠯᠳᠤᠨ ᠠᠪᠬᠤ ᠠᠭᠤᠳᠠᠮ ᠲᠠᠯᠠᠪᠠᠢ ᠪᠣᠯᠤᠨ᠎ᠠ᠃ ᠲᠡᠷᠡ ᠪᠣᠯ ᠳᠤᠮᠳᠠᠳᠤ ᠤᠯᠤᠰ ᠎ ᠤᠨ ᠬᠠᠮᠤᠭ ᠤᠨ ᠲᠣᠮᠣ ᠬᠠᠮᠤᠭ ᠤᠨ ᠲᠤᠰᠬᠠᠶ ᠮᠡᠷᠭᠡᠵᠢᠯ ᠤᠨ ᠠᠷᠠᠰᠤ ᠰᠢᠷᠢ ᠶᠢᠨ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠠᠷᠠᠯᠵᠢᠶᠠᠨ ᠤ ᠲᠥᠪ᠂ ᠳᠤᠮᠳᠠᠳᠤ ᠤᠯᠤᠰ ᠎ ᠤᠨ ᠤᠮᠠᠷᠠᠲᠤ ᠶᠢᠨ ᠠᠷᠠᠰᠤ ᠰᠢᠷᠢ ᠶᠢᠨ ᠴᠠᠭ ᠤᠨ ᠤᠷᠤᠰᠬᠠᠯ ᠤᠨ ᠲᠠᠸᠠᠷ ᠤᠨ ᠲᠡᠮᠳᠡᠭ᠂ ᠠᠷᠠᠰᠤ ᠰᠢᠷᠢ ᠵᠡᠷᠭᠡ ᠪᠣᠳᠠᠰ ᠢ ᠶᠡᠭᠡ ᠪᠠᠷ ᠬᠤᠳᠠᠯᠳᠤᠨ ᠠᠪᠬᠤ  ᠠᠷᠠᠯᠵᠢᠶᠠᠨ ᠤ ᠲᠠᠯᠠᠪᠤᠷ ᠪᠣᠯᠤᠨ᠎ᠠ᠃ ᠡᠭᠦᠨ ᠠᠴᠠ ᠭᠠᠳᠠᠨ᠎ᠠ᠂ ᠮᠣᠩᠭᠤᠯ ᠦᠨᠳᠦᠰᠦᠲᠡᠨ ᠤ ᠬᠤᠪᠴᠠᠰᠤ ᠵᠠᠰᠠᠯ᠂ ᠮᠤᠩᠭᠤᠯ ᠵᠠᠩ ᠵᠠᠩᠰᠢᠯ ᠵᠡᠷᠭᠡ ᠨᠢ ᠨᠠᠩ ᠴᠤ ᠥᠪᠡᠷᠮᠢᠴᠡ ᠣᠨᠴᠠᠯᠢᠭ ᠲᠠᠢ ᠪᠠᠶᠢᠵᠤ᠂ ᠲᠠᠨ ᠳᠤ ᠮᠤᠩᠭᠤᠯ ᠵᠠᠩ ᠠᠭᠠᠯᠢ ᠎ ᠪᠠᠷ ᠢᠶᠠᠨ ᠦᠢᠯᠡᠴᠢᠯᠡᠬᠦ ᠪᠣᠯᠤᠨ᠎ᠠ᠃        ᠳᠠᠯᠠᠨ ᠬᠠᠷ᠎ᠠ ᠠᠭᠤᠯᠠ ᠰᠡᠬᠦ᠋ᠢᠨ ᠰᠦᠨᠳᠡᠷᠯᠡᠨ᠂ ᠠᠭᠤᠯᠠ ᠬᠠᠳᠠ ᠨᠢ ᠬᠥᠬᠡᠷᠡᠨ ᠨᠣᠭᠤᠭᠠᠷᠠᠵᠤ᠂ ᠤᠯᠠᠭᠠᠨᠴᠠᠪ ᠤᠨ ᠲᠠᠯ᠎ᠠ ᠨᠤᠲᠤᠭ ᠨᠢ ᠬᠥᠪᠡᠭᠡ ᠬᠢᠵᠠᠭᠠᠷ ᠦᠭᠡᠢ ᠦᠷᠭᠡᠨ ᠠᠭᠤᠳᠠᠮ᠂ ᠴᠡᠴᠡᠭ ᠬᠤᠸᠠᠷ ᠨᠢ ᠲᠠᠯ᠎ᠠ ᠳᠦᠭᠦᠷᠡᠩ ᠮᠢᠷᠠᠯᠵᠠᠨ ᠳᠡᠯᠭᠡᠷᠡᠵᠦ ᠪᠠᠶᠢᠳᠠᠭ᠃ ᠵᠢᠨᠢᠩ  ᠬᠤᠳᠠ ᠶᠢᠨ ᠡᠷᠭᠢᠨ ᠲᠣᠭᠤᠷᠢᠨ ᠤ ᠦᠵᠡᠮᠵᠢ ᠨᠢ ᠨᠠᠩ ᠴᠤ ᠭᠤᠶᠢᠳᠠ ᠰᠠᠶᠢᠬᠠᠨ᠂ ᠥᠪᠡᠷᠮᠢᠴᠡ ᠤᠨᠴᠠᠯᠢᠭ ᠲᠠᠢ ᠪᠠᠶᠢᠳᠠᠭ᠃
 
ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2