ᠵᠢᠨᠢᠩ ᠤᠨ ᠵᠢᠭᠤᠯᠴᠢᠯᠠᠯ ᠤᠨ ᠡᠬᠢ ᠪᠠᠶᠠᠯᠢᠭ
ᠨᠡᠶᠢᠲᠡᠯᠡᠭᠰᠡᠨ ᠴᠠᠭ᠄
2019/7/16
                          ᠥᠨᠳᠥᠷ ᠰᠦᠷᠯᠢᠭ ᠬᠥᠬᠡᠮᠳᠦᠭ ᠠᠭᠤᠯᠠᠰ᠂ ᠡᠨᠡᠬᠦ ᠬᠠᠯᠠᠭᠤᠨ ᠬᠥᠷᠥᠰᠥ ᠶᠢ ᠰᠠᠬᠢᠨ ᠬᠠᠮᠠᠭᠠᠯᠠᠨ᠎ᠠ  ᠃ ᠦᠷᠭᠡᠨ ᠠᠭᠤᠳᠠᠮ ᠲᠠᠯ᠎ᠠ ᠨᠤᠲᠤᠭ  ᠂ ᠡᠨᠡ ᠬᠦ ᠬᠤᠲᠠ ᠪᠠᠯᠭᠠᠰᠤ ᠶᠢ ᠮᠥᠷᠥᠭᠡᠳᠦᠨ ᠰᠠᠨᠠᠭᠠᠯᠵᠠᠭᠤᠯᠤᠨ᠎ᠠ᠃ ᠵᠢᠨᠢᠩ  ᠨᠢ ᠮᠤᠨᠢ ᠠᠭᠤᠯᠠ ᠨᠢᠷᠤᠭᠤ ᠶᠢᠨ ᠬᠦᠢᠳᠡᠨ ᠰᠢᠯᠢ ᠶᠢᠨ ᠡᠮᠦᠨ᠎ᠡ ᠬᠤᠷᠮᠣᠶ ᠳᠤ ᠪᠠᠶᠢᠷᠢᠯᠠᠵᠤ ᠪᠠᠶᠢᠭ᠎ᠠ ᠲᠠᠯ᠎ᠠ ᠨᠤᠲᠤᠭ ᠤᠨ ᠬᠤᠲᠠ ᠪᠠᠶᠢᠵᠦ᠂ ᠨᠢᠭᠡ ᠲᠠᠯ᠎ᠠ ᠨᠢ ᠵᠦᠩᠶᠤᠸᠠᠨ ᠣᠷᠣᠨ ᠤ ᠥᠷᠥᠴᠡ ᠭᠠᠵᠠᠷ ᠲᠠᠢ ᠵᠠᠯᠭᠠᠨ᠂ ᠨᠦᠭᠦᠭᠡ ᠲᠠᠯ᠎ᠠ ᠨᠢ ᠭᠤᠪᠢ ᠶᠢᠨ ᠠᠷᠤ ᠶᠢᠨ ᠮᠤᠬᠤᠷ ᠲᠡᠰᠢ ᠦᠷᠬᠦᠯᠵᠢᠯᠡᠵᠦ᠂ ᠶᠠᠭ ᠯᠠ ᠨᠢᠭᠡᠨ ᠭᠡᠷᠡᠯ ᠰᠠᠴᠤᠷᠠᠭᠰᠠᠨ ᠭᠡᠷᠡᠯᠲᠦ ᠰᠤᠪᠤᠳ ᠧᠦ᠋ᠷᠣᠫᠠ ᠠᠽᠢᠶ᠎ᠠ ᠳᠤ ᠨᠡᠪᠲᠡᠷᠡᠬᠦ ᠪᠠᠷᠠᠭᠤᠨ ᠬᠤᠶᠢᠲᠤ ᠶᠢᠨ ᠪᠦᠸᠧᠬᠠᠶ ᠲᠠᠩᠭᠢᠰ ᠢ ᠲᠣᠭᠤᠷᠢᠭᠰᠠᠨ ᠪᠡᠭᠡᠵᠢᠩ ᠲᠢᠶᠠᠨᠵᠢᠨ ᠤ ᠵᠠᠮ ᠬᠠᠷᠢᠯᠴᠠᠭ᠎ᠠ ᠠᠷᠠᠯᠵᠢᠶ᠎ᠠ ᠬᠤᠳᠠᠯᠳᠤᠭᠠᠨ ᠤ ᠲᠥᠪ ᠲᠤ ᠰᠢᠭᠢᠳᠭᠡᠭᠰᠡᠨ ᠮᠡᠳᠦ᠃ ᠲᠡᠷᠡ ᠪᠣᠯ ᠨᠡᠶᠢᠰᠯᠡᠯ ᠪᠡᠭᠡᠵᠢᠩ ᠤᠨ ᠲᠠᠯ᠎ᠠ ᠨᠤᠲᠤᠭ ᠤᠨ ᠠᠷᠤ ᠴᠡᠴᠡᠷᠯᠢᠭ ᠪᠣᠯᠬᠤ ᠪᠥᠭᠡᠳ ᠤᠯᠠᠭᠠᠨᠴᠠᠪ ᠬᠤᠲᠠ ᠶᠢᠨ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠲᠥᠪ ᠪᠣᠯᠤᠨ᠎ᠠ᠃ ᠠᠳᠡ ᠵᠦᠩᠶᠤᠸᠠᠨ ᠣᠷᠣᠨ ᠪᠣᠯᠤᠨ ᠲᠠᠯ᠎ᠠ ᠨᠤᠲᠤᠭ ᠤᠨ ᠥᠪᠡᠷᠮᠢᠴᠡ ᠵᠠᠩ ᠦᠢᠯᠡ ᠲᠠᠢ ᠠᠭᠤᠰᠤᠯᠴᠠᠵᠤ᠂ ᠠᠳᠡ ᠲᠡᠤᠬᠡ ᠪᠣᠯᠤᠨ ᠰᠣᠶᠣᠯ ᠤᠨ ᠲᠠᠰᠤᠷᠠᠰᠢ ᠦᠭᠡᠢ ᠠᠮᠢᠨ ᠰᠤᠳᠠᠰᠤ ᠶᠢ ᠠᠴᠢᠶᠠᠯᠠᠵᠤ᠂ ᠠᠳᠡ ᠡᠮᠦᠨ᠎ᠡ ᠤᠮᠠᠷ᠎ᠠ ᠶᠢᠨ ᠬᠤᠳᠠᠯᠳᠤᠭ᠎ᠠ ᠵᠢᠭᠤᠯᠴᠢᠯᠠᠯ ᠤᠨ ᠵᠠᠮ ᠬᠠᠷᠢᠯᠴᠠᠭᠠᠨ ᠤ ᠴᠢᠬᠤᠯᠠ ᠵᠠᠮ ᠱᠤᠭᠤᠮ ᠪᠠᠶᠢᠵᠤ᠂ ᠠᠳᠡ ᠡᠷᠲᠡᠨ ᠠᠴᠠ ᠠᠪᠤᠭᠠᠳ ᠤᠮᠠᠷᠠᠲᠤ ᠬᠢᠯᠢ ᠬᠢᠵᠠᠭᠠᠷ ᠤᠨ ᠴᠢᠬᠤᠯᠠ ᠡᠭᠦᠳᠡ ᠬᠠᠭᠠᠯᠭ᠎ᠠ ᠪᠣᠯᠵᠤ ᠪᠠᠶᠢᠵᠠᠶ᠃ ᠮᠢᠩᠭᠠᠨ ᠣᠨ ᠤ ᠳᠠᠶᠢᠨ ᠪᠠᠶᠢᠯᠳᠤᠭᠠᠨ ᠶᠢ ᠦᠡᠭᠭᠡᠷᠭᠡᠵᠦ᠂  ᠬᠦᠮᠦᠰ ᠤᠨ ᠮᠡᠳᠡᠳᠡᠭ ᠦᠭᠡᠢ ᠡᠳᠦᠶ ᠲᠡᠳᠦᠶ ᠲᠡᠤᠬᠡ ᠶᠢᠨ ᠤᠶᠠᠷᠠᠭᠤᠨ ᠵᠢᠪᠬᠤᠯᠠᠩᠲᠤ ᠪᠠᠶᠢᠳᠠᠯ᠂ ᠲᠤᠭ᠎ᠠ ᠲᠣᠮᠰᠢ ᠦᠭᠡᠢ ᠬᠥᠭᠵᠢᠯ ᠳᠤᠷᠤᠶᠢᠳᠠᠯ ᠤᠨ ᠤᠯᠠᠷᠢᠯ ᠬᠤᠪᠢᠰᠤᠯ ᠶᠢ ᠦᠡᠭᠭᠡᠷᠡᠬᠦᠯᠵᠦ᠂ ᠥᠨᠢ ᠤᠳᠠᠭᠠᠨ ᠴᠤᠭ ᠰᠦᠯᠳᠡ ᠶᠢ ᠰᠠᠴᠤᠷᠠᠭᠤᠯᠤᠭᠰᠠᠨ ᠤᠳᠤ ᠦᠶ᠎ᠡ ᠶᠢᠨ ᠪᠣᠯᠪᠠᠰᠤᠨ ᠪᠠᠶᠢᠳᠠᠯ  ᠲᠠᠢ ᠪᠣᠯᠤᠭᠰᠠᠨ ᠪᠠᠶᠢᠨ᠎ᠠ᠃      ᠡᠨᠡ ᠬᠦ ᠠᠭᠤᠯᠠᠨ ᠬᠤᠲᠠ ᠨᠢ ᠥᠪᠡᠷᠮᠢᠴᠡ ᠣᠨᠴᠠᠯᠢᠭ ᠪᠦᠬᠦᠢ ᠬᠡᠪ ᠨᠠᠮᠪᠠ  ᠪᠠᠷ ᠢᠶᠠᠨ ᠳᠡᠤᠬᠡᠨ ᠳᠤ  ᠦᠯᠡᠳᠡᠭᠰᠡᠨ ᠪᠠᠶᠢᠨ᠎ᠠ᠃ ᠪᠣᠭᠤᠮᠲᠠ ᠶᠢᠨ ᠭᠠᠳᠠᠨᠠᠬᠢ ᠵᠢᠨᠢᠩ ᠨᠢ ᠠᠮᠤᠷ ᠲᠠᠶᠢᠪᠤᠩ ᠪᠠ ᠥᠯᠵᠡᠶ ᠪᠡᠯᠭᠡ ᠲᠠᠢ ᠪᠠᠶᠢᠬᠤ ᠶᠢ ᠪᠡᠯᠭᠡᠳᠡᠵᠦ᠂ ᠴᠠᠬᠠᠷ ᠰᠣᠶᠣᠯ ᠤᠨ ᠬᠡᠪ ᠨᠠᠮᠪᠠ ᠶᠢ ᠭᠠᠶᠢᠬᠠᠭᠤᠯᠵᠦ᠂ ︽ᠲᠩᠷᠢ ᠴᠡᠯᠮᠡᠭᠰᠢᠵᠦ ᠬᠥᠳᠡᠭᠡ ᠬᠡᠭᠡᠷ᠎ᠡ‌ᠨᠢ ᠨᠡᠯᠦ᠋ᠢᠭᠰᠡᠨ︾ ᠳᠦᠷᠬᠦ ᠪᠠᠷ ᠰᠡᠬᠦ᠋ᠢᠵᠦ ᠪᠠᠶᠢᠳᠠᠭ᠃ ᠪᠣᠭᠤᠮᠲᠠ ᠶᠢᠨ ᠭᠠᠳᠠᠨᠠᠬᠢ ᠲᠠᠯ᠎ᠠ ᠨᠤᠲᠤᠭ  ᠨᠢ ᠥᠷᠭᠡᠨ ᠠᠭᠤᠳᠠᠮ ᠦᠵᠡᠰᠬᠦᠯᠡᠩᠲᠦ ᠰᠠᠶᠢᠬᠠᠨ᠂ ᠴᠠᠭᠠᠨ ᠡᠭᠦᠯᠡ ᠨᠢ ᠬᠤᠷᠭᠤᠳᠠᠨ᠂ ᠨᠣᠮᠢᠨ ᠨᠤᠭᠤᠭᠠᠨ ᠲᠠᠯ᠎ᠠ   ᠨᠢ ᠮᠢᠷᠠᠯᠵᠠᠨ‌ᠮᠢᠷᠠᠯᠵᠠᠵᠦ  ᠂ ᠠᠵᠢᠨᠠᠶ ᠬᠥᠯᠥᠭ ᠳᠡᠪᠬᠡᠷᠦᠨ ᠳᠡᠪᠬᠡᠷᠦᠨ᠂ ᠦᠬᠡᠷ ᠬᠤᠨᠢ ᠰᠠᠨᠠᠭᠠᠨ ᠲᠠᠪᠠ ᠪᠠᠷ ᠢᠶᠠᠨ ᠢᠳᠡᠭᠡᠰᠢᠯᠡᠵᠦ᠂ ᠰᠡᠳᠬᠢᠯ ᠪᠤᠯᠢᠶᠠᠮ᠎ᠠ ᠦᠵᠡᠮᠵᠢ ᠪᠠᠶᠢᠳᠠᠯ ᠢ ᠵᠢᠷᠤᠭᠯᠠᠭᠰᠠᠨ ᠪᠠᠶᠢᠨ᠎ᠠ᠃ ᠪᠠᠷᠰ ᠠᠭᠤᠯᠠ ᠶᠢᠨ ᠰᠦᠷᠯᠢᠭ ᠳᠦᠷᠢ ᠨᠢ ᠭᠠᠶᠢᠬᠠᠮᠰᠢᠭᠲᠤ ᠵᠢᠨᠢᠩ ᠢ ᠰᠠᠬᠢᠨ ᠪᠠᠷᠠᠭᠠᠯᠠᠵᠤ᠂ ᠪᠠ ᠸᠠᠩ ᠾᠧ ᠭᠤᠤᠯ ᠤᠨ ᠤᠰᠤ ᠨᠢ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠠᠭᠤᠯᠠᠨ ᠬᠤᠲᠠ ᠶᠢᠨ ᠴᠤᠭ ᠵᠢᠪᠬᠤᠭ᠎ᠠ ᠵᠢᠨᠢᠩ ᠤᠨ ᠬᠠᠭᠤᠴᠢᠨ ᠪᠠᠭᠤᠷᠢ᠂ ᠪᠣᠭᠤᠮᠲᠠ ᠶᠢᠨ ᠭᠠᠳᠠᠨᠠᠬᠢ ᠬᠤᠳᠠᠯᠳᠤᠭᠠᠨ ᠤ ᠬᠤᠲᠠ ᠶᠢᠨ ᠬᠥᠭᠵᠢᠯ ᠪᠠᠳᠠᠷᠠᠯ ᠢ ᠦᠷᠭᠦᠯᠵᠢᠯᠡᠭᠦᠯᠦᠨ᠂ ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ  ᠤᠨ ᠬᠦᠷᠢᠶᠡᠯᠡᠩ ᠳᠤ ᠬᠤᠪᠢᠰᠬᠠᠯ ᠤᠨ ᠲᠡᠤᠬᠡ ᠶᠢᠨ ᠢᠷᠠᠭᠤ ᠠᠯᠳᠠᠷ ᠢ ᠰᠡᠶᠢᠯᠵᠦ ᠪᠠᠶᠢᠳᠠᠭ᠃ ᠠᠳᠡ ︽ᠭᠤᠷᠪᠠᠨ ᠠᠭᠤᠯᠠ ᠬᠤᠶᠠᠷ ᠭᠤᠤᠯ︾᠂ ᠣᠯᠠᠨ ᠤᠯᠤᠰ  ᠤᠨ ᠠᠷᠠᠰᠤᠨ ᠬᠤᠲᠠ᠂ ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ  ᠤᠨ ᠬᠦᠷᠢᠶᠡᠯᠡᠩ ᠢᠶᠠᠷ ᠭᠤᠤᠯ ᠪᠣᠯᠭᠠᠭᠰᠠᠨ ᠠᠮᠢ ᠠᠬᠤᠶ᠂ ᠪᠠᠷᠠᠭ᠎ᠠ  ᠬᠤᠳᠠᠯᠳᠤᠭ᠎ᠠ᠂ ᠬᠤᠪᠢᠰᠬᠠᠯ ᠤᠨ ᠰᠣᠶᠣᠯ ᠵᠤᠭᠠᠴᠠᠯ ᠤᠨ ᠰᠢᠨ᠎ᠡ ᠪᠠᠶᠢᠷᠢᠰᠢᠯ ᠢ ᠪᠦᠷᠢᠯᠳᠦᠭᠦᠯᠵᠦ᠂ ︽ ᠦᠵᠡᠰᠭᠦᠯᠡᠩᠳᠦ ᠭᠡᠷ ᠣᠷᠣᠨ᠂ ᠵᠢᠨᠢᠩ ᠳᠤ  ᠪᠠᠶᠢᠬᠤ︾ ᠵᠤᠭᠠᠴᠠᠯ ᠤᠨ ᠰᠢᠨ᠎ᠡ ᠨᠡᠷ᠎ᠡ ᠶᠢᠨ ᠬᠠᠭᠤᠳᠠᠰᠤ ᠶᠢ ᠪᠢᠴᠢᠭᠯᠡᠪᠡ᠃       ᠲᠠᠯ᠎ᠠ ᠨᠤᠲᠤᠭ ᠤᠨ ᠰᠣᠶᠣᠯ ᠤᠨ ᠭᠦᠨ ᠵᠤᠵᠠᠭᠠᠨ  ᠦᠪ  ᠤᠯᠠᠮᠵᠢᠯᠠᠯ ᠶᠢ ᠬᠠᠶᠢᠨ ᠰᠦᠪᠡᠭᠴᠢᠯᠡᠵᠦ᠂ ᠪᠣᠭᠤᠮᠲᠠ ᠶᠢᠨ ᠭᠠᠳᠠᠨᠠᠬᠢ ᠠᠭᠤᠯᠠᠨ ᠬᠤᠲᠠ ᠶᠢᠨ ᠥᠪᠡᠷᠮᠢᠴᠡ ᠷᠢᠳᠢ ᠰᠢᠳᠢ ᠶᠢ ᠣᠶᠢᠯᠠᠭᠠᠵᠤ᠂ ᠬᠤᠳᠠᠯᠳᠤᠭ᠎ᠠ ᠵᠢᠭᠤᠯᠴᠢᠯᠠᠯ ᠤᠨ ᠬᠥᠮᠥᠨ ᠰᠣᠶᠣᠯ ᠤᠨ ᠵᠠᠩ ᠠᠭᠠᠯᠢ ᠶᠢ ᠤᠶᠢᠯᠠᠭᠠᠶ᠎ᠠ ᠭᠡᠪᠡᠯ ᠵᠢᠨᠢᠩ   ᠳᠤ ᠮᠤᠷᠢᠯᠠᠨ ᠰᠠᠭᠠᠲᠠᠭᠠᠷᠠᠢ᠃       ᠵᠢᠨᠢᠩ ᠲᠠᠨ ᠶᠢ ᠪᠠᠶᠠᠷᠯᠠᠨ ᠤᠭᠳᠤᠵᠤ ᠪᠠᠶᠢᠨ᠎ᠠ︕
       ᠨᠡᠯᠦᠭᠡᠷ ᠠᠭᠤᠳᠠᠮ ᠲᠠᠯ᠎ᠠ ᠨᠤᠲᠤᠭ᠂ ᠭᠦᠨ ᠵᠤᠵᠠᠭᠠᠨ ᠬᠠᠶᠢᠷ᠎ᠠ ᠰᠡᠳᠬᠢᠯᠭᠡ᠃ ᠵᠢᠨᠢᠩ ᠤᠨ ᠭᠠᠵᠠᠷ ᠣᠷᠣᠨ ᠤ ᠠᠮᠲᠠᠲᠤ ᠢᠳᠡᠭᠡᠨ ᠨᠢ ᠨᠠᠩ ᠴᠤ ᠶᠠᠩᠵᠤ ᠪᠦᠷᠢ ᠶᠢᠨ ᠣᠨᠴᠠᠯᠢᠭ ᠲᠠᠢ ᠪᠠᠶᠢᠳᠠᠭ᠃ ᠵᠢᠨᠢᠩ ᠳᠤ ᠢᠷᠡᠪᠡᠯ ᠲᠠ ᠬᠤᠶᠠᠷ ᠵᠦᠢᠯ ᠤᠨ ᠠᠮᠲᠠᠲᠤ ᠢᠳᠡᠭᠡᠨ ᠢ ᠠᠮᠲᠠᠯᠠᠬᠤ ᠦᠭᠡᠢ  ᠪᠠᠶᠢᠬᠤ ᠶᠢᠨ ᠠᠷᠭ᠎ᠠ ᠦᠭᠡᠢ ᠶᠤᠮ᠂ ᠳᠠᠷᠤᠶ ᠶᠤᠸᠠᠮᠢᠶᠠᠨ ᠪᠣᠯᠤᠨ ᠮᠣᠩᠭᠤᠯ ᠬᠤᠭᠤᠯᠠ ᠪᠣᠯᠤᠨ᠎ᠠ᠃
      ᠤᠯᠠᠭᠠᠨᠴᠠᠪ ᠪᠣᠯ ᠶᠤᠤᠮᠠᠶ ᠵᠢᠨ‌ᠡᠯᠪᠡᠭ ᠭᠠᠷᠤᠯᠲᠠ  ᠶᠢᠨ ᠤᠷᠤᠨ᠂ ᠶᠤᠤᠮᠠᠶ   ᠨᠢ ᠲᠤᠬᠠᠶ ᠶᠢᠨ ᠭᠠᠵᠠᠷ ‍ᠤᠨ‌ᠤᠨᠴᠠ ᠭᠠᠷᠤᠯᠳᠠ ᠶᠢᠨ ᠨᠢᠭᠡ ᠪᠣᠯᠤᠨ᠎ᠠ᠃ ᠶᠤᠤᠮᠠᠶ ᠪᠣᠯ ᠦᠶᠡᠲᠦ ᠠᠮᠤ ᠶᠢᠨ ᠲᠥᠷᠥᠯ ᠤᠨ ᠲᠠᠷᠢᠮᠠᠯ᠃ ᠨᠠᠷᠢᠯᠢᠭ ᠦᠢᠯᠡᠳᠦᠭᠡᠳ ᠠᠮᠳᠠᠳᠦ ᠢᠳᠡᠭᠡᠨ ᠪᠤᠯᠭᠠᠳᠠᠭ᠃ ᠶᠤᠤᠮᠠᠶ ᠶᠢᠨ ᠭᠤᠯᠢᠷ ᠤᠨ ᠰᠢᠮ᠎ᠡ ᠲᠡᠵᠢᠭᠡᠯ ᠨᠢ ᠪᠤᠰᠤᠳ ᠭᠤᠯᠢᠷ ᠤᠨ ᠰᠢᠮ᠎ᠡ ᠲᠡᠵᠢᠭᠡᠯ ᠠᠴᠠ ᠰᠠᠶᠢᠨ ᠪᠠᠶᠢᠳᠠᠭ᠃ ᠶᠤᠤᠮᠠᠶ ᠶᠢᠨ ᠭᠤᠯᠢᠷ ᠲᠤ ᠺᠠᠯᠼ᠂ ᠹᠣᠰᠹᠣᠷ᠂ ᠲᠡᠮᠦᠷ᠂ ᠪᠥᠭᠡᠮ ᠤᠨ ᠰᠢᠷ᠎ᠠ ᠡᠳ᠋ ᠵᠡᠷᠭᠡ ᠣᠯᠠᠨ ᠵᠦᠢᠯ ᠤᠨ ᠬᠥᠮᠦᠨ ᠤ ᠪᠡᠶ᠎ᠡ ᠳᠤ ᠬᠡᠷᠡᠭᠴᠡᠭᠡ ᠲᠠᠢ ᠰᠢᠮ᠎ᠡ ᠲᠡᠵᠢᠭᠡᠯ  ᠤᠨ ᠡᠯᠧᠮᠧᠨ᠋ᠲ ᠪᠠ ᠡᠮᠲᠦ ᠬᠠᠶᠢᠰᠤ ᠠᠭᠤᠯᠤᠭᠳᠠᠵᠤ᠂ ᠰᠢᠬᠢᠷ ᠰᠢᠵᠢᠩ ᠡᠪᠡᠳᠴᠢᠨ᠂ ᠲᠢᠳᠢᠮ ᠵᠢᠷᠦᠬᠡᠨ ᠤ ᠡᠪᠡᠳᠴᠢᠨ᠂ ᠯᠤᠭᠰᠢᠭᠤᠨ ᠰᠤᠳᠠᠯ ᠤᠨ ᠬᠠᠳᠠᠭᠤᠷᠠᠯ᠂ ᠴᠢᠰᠤᠨ ᠳᠠᠷᠤᠯᠲᠠ ᠥᠨᠳᠥᠷ ᠵᠡᠷᠭᠡ ᠣᠯᠠᠨ ᠵᠦᠢᠯ ᠤᠨ ᠡᠪᠡᠳᠴᠢᠨ ᠢ ᠡᠮᠨᠡᠨ ᠵᠠᠰᠠᠬᠤ ᠪᠠ ᠤᠷᠢᠳᠴᠢᠯᠠᠨ ᠰᠡᠷᠭᠡᠶᠢᠯᠡᠵᠦ ᠪᠣᠯᠤᠨ᠎ᠠ᠃       ᠮᠣᠩᠭᠤᠯ ᠬᠤᠭᠤᠯᠠ ᠪᠣᠯ ᠮᠣᠩᠭᠤᠯ ᠦᠨᠳᠦᠰᠦᠲᠡᠨ ᠤᠷᠳᠤ ᠬᠤᠭᠤᠴᠠᠭ᠎ᠠ ᠪᠠᠷ ᠤᠷᠤᠰᠢᠨ ᠠᠮᠢᠳᠤᠷᠠᠵᠦ᠂  ᠦᠢᠯᠡᠳᠪᠦᠷᠢᠯᠡᠯ ᠠᠮᠢᠳᠤᠷᠠᠯ ᠤᠨ ᠳᠤᠮᠳᠠ ᠪᠦᠷᠢᠯᠳᠦᠭᠰᠡᠨ ᠢᠳᠡᠭᠡᠨ ᠤᠮᠳᠠᠭᠠᠨ ᠤ ᠲᠥᠷᠥᠯ ᠵᠦᠢᠯ  ᠪᠦᠭᠡᠳ ᠡᠭᠦᠨ ᠠᠴᠠ ᠡᠭᠦᠰᠦᠭᠰᠡᠨ ᠢᠳᠡᠭᠡᠨ ᠤᠮᠳᠠᠭᠠᠨ ᠤ ᠰᠣᠶᠣᠯ᠂ ᠵᠠᠩ ᠳᠠᠳᠬᠠᠯ᠂ ᠢᠳᠡᠭᠡᠨ ᠤᠮᠳᠠᠭᠠᠨ ᠤ ᠤᠯᠠᠮᠵᠢᠯᠠᠯ ᠵᠢᠴᠢ ᠶᠣᠰᠣ ᠵᠠᠩᠰᠢᠯ ᠵᠡᠷᠭᠡ ᠪᠣᠯᠤᠨ᠎ᠠ᠃ ᠮᠣᠩᠭᠤᠯ ᠬᠤᠭᠤᠯᠠ ᠨᠢ ᠭᠤᠤᠯᠳᠠᠭᠤ ︽ᠤᠷᠢᠳ ᠢᠶᠠᠷ ᠶᠤᠰᠤ ᠪᠠᠨ ᠬᠦᠢᠴᠡᠳᠭᠡᠵᠦ ᠳᠠᠷᠠᠭ᠎ᠠ ᠳᠤ ᠨᠢ ᠵᠤᠭᠤᠭᠯᠠᠬᠤ︾ ᠶᠢ ᠡᠷᠬᠢᠮᠯᠡᠵᠦ᠂ ᠳᠠᠭᠤᠤ ᠳᠠᠭᠤᠯᠠᠵᠦ ᠪᠥᠵᠢᠭ ᠪᠦᠵᠢᠭᠯᠡᠨ᠂ ᠴᠠᠢ  ᠂ ᠴᠠᠭᠠᠨ ᠢᠳᠡᠭᠡ᠂ ᠮᠢᠬ᠎ᠠ᠂ ᠠᠷᠢᠬᠢ ᠵᠡᠷᠭᠡ ᠶᠢ  ᠰᠢᠷᠡᠭᠡ ᠳᠦᠭᠦᠷᠡᠩ ᠵᠠᠰᠠᠳᠠᠭ᠃   ᠤᠯᠠᠭᠠᠨᠴᠠᠪ ᠤᠨ ᠵᠢᠨᠢᠩ ᠲᠣᠭᠤᠷᠢᠭ ᠨᠢ ᠠᠷᠠᠰᠦ ᠰᠢᠷᠢ ᠪᠤᠯᠪᠠᠰᠤᠷᠠᠭᠤᠯᠬᠤ ᠲᠡᠤᠬᠡ ᠥᠨᠢ ᠤᠳᠠᠭᠠᠨ᠂ ᠠᠷᠠᠰᠤ ᠰᠢᠷᠢ ᠶᠢᠨ ᠠᠵᠤ ᠦᠢᠯᠡᠰ ᠤᠨ ᠰᠠᠭᠤᠷᠢ ᠵᠤᠵᠠᠭᠠᠨ᠃ ᠲᠠᠯ᠎ᠠ ᠨᠤᠲᠤᠭ ᠤᠨ ᠠᠷᠠᠰᠤᠨ ᠬᠤᠳᠠ ᠶᠢᠨ ᠭᠤᠤᠯ ᠣᠷᠣᠨ — ᠵᠢᠨᠢᠩ ᠤᠨ ᠣᠯᠠᠨ ᠤᠯᠤᠰ  ᠤᠨ ᠠᠷᠠᠰᠤᠨ ᠡᠳ᠋ᠯᠡᠯ ᠤᠨ ᠬᠤᠲᠠ ᠶᠢᠨ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 12 ᠳ᠋ᠦᠩᠰᠢᠭᠤᠷ ᠲᠥᠭᠦᠷᠢᠭ ᠪᠠᠶᠢᠵᠤ᠂ ᠪᠦᠲᠦᠭᠡᠨ ᠪᠠᠶᠢᠭᠤᠯᠤᠯᠲᠠ ᠶᠢᠨ ᠲᠠᠯᠠᠪᠠᠢ ᠨᠢ 24 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠲᠤᠰᠬᠠᠶ ᠬᠤᠳᠠᠯᠳᠤᠭᠠᠨ ᠤ ᠫᠦᠰᠡ 2000 ᠪᠠᠶᠢᠵᠤ᠂ ᠭᠤᠤᠯᠳᠠᠭᠤ ᠠᠷᠠᠰᠤᠨ ᠳᠡᠪᠡᠯ ᠳᠠᠬᠤ  ᠶᠢᠨ ᠲᠤᠭᠤᠷᠢᠭ᠂ ᠵᠢᠩᠬᠢᠨᠢ  ᠠᠷᠠᠰᠤᠨ ᠰᠠᠭᠤᠳᠠᠯ  ︵ᠱᠠᠹᠠ︶᠂ ᠱᠤᠰᠢᠭ᠎ᠠ ᠲᠡᠮᠳᠡᠭᠲᠦ ᠬᠠᠶᠢᠷᠴᠠᠭ ᠪᠤᠭᠴᠤ ᠶᠢᠨ ᠲᠤᠭᠤᠷᠢᠭ᠂ ᠠᠷᠠᠰᠤᠨ ᠱᠠᠬᠠᠶ ᠵᠢᠴᠢ ᠵᠠᠰᠠᠯ ᠴᠢᠮᠡᠭᠯᠡᠯ  ᠤᠨ ᠡᠳ᠋ᠯᠡᠯ ᠤᠨ ᠲᠤᠭᠤᠷᠢᠭ ᠵᠡᠷᠭᠡ ᠲᠤᠰᠬᠠᠶ ᠪᠣᠷᠣᠯᠠᠭᠤᠯᠤᠯᠲᠠ ᠶᠢᠨ ᠣᠷᠣᠨ ᠪᠠᠶᠢᠵᠤ᠂ ᠪᠠᠷᠠᠭ᠎ᠠ ᠬᠤᠳᠠᠯᠳᠤᠨ‌ᠠᠪᠬᠤ᠂ ᠵᠢᠭᠤᠯᠴᠢᠯᠠᠯ᠂ ᠢᠳᠡᠭᠡᠨ ᠤᠮᠳᠠᠭᠠᠨ᠂ ᠴᠠᠭ ᠤᠨ ᠤᠷᠤᠰᠬᠠᠯ ᠢ ᠨᠡᠶᠢᠲᠡᠯᠡᠬᠦ᠂ ᠰᠡᠯᠡᠭᠦᠴᠡᠯ ᠵᠤᠭ᠎ᠠ ᠴᠡᠩᠭᠡᠯ  ᠶᠢ ᠨᠢᠭᠡ ᠴᠣᠭᠴᠠᠵᠢᠭᠤᠯᠤᠭᠰᠠᠨ ᠣᠳᠣᠬᠢᠴᠢᠯᠠᠭᠰᠠᠨ ᠠᠷᠠᠰᠤ ᠰᠢᠷᠢ ᠬᠤᠳᠠᠯᠳᠤᠨ ᠠᠪᠬᠤ ᠠᠭᠤᠳᠠᠮ ᠲᠠᠯᠠᠪᠠᠢ ᠪᠣᠯᠤᠨ᠎ᠠ᠃ ᠲᠡᠷᠡ ᠪᠣᠯ ᠳᠤᠮᠳᠠᠳᠤ ᠤᠯᠤᠰ  ᠤᠨ ᠬᠠᠮᠤᠭ ᠤᠨ ᠲᠣᠮᠣ ᠬᠠᠮᠤᠭ ᠤᠨ ᠲᠤᠰᠬᠠᠶ ᠮᠡᠷᠭᠡᠵᠢᠯ ᠤᠨ ᠠᠷᠠᠰᠤ ᠰᠢᠷᠢ ᠶᠢᠨ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠠᠷᠠᠯᠵᠢᠶᠠᠨ ᠤ ᠲᠥᠪ᠂ ᠳᠤᠮᠳᠠᠳᠤ ᠤᠯᠤᠰ  ᠤᠨ ᠤᠮᠠᠷᠠᠲᠤ ᠶᠢᠨ ᠠᠷᠠᠰᠤ ᠰᠢᠷᠢ ᠶᠢᠨ ᠴᠠᠭ ᠤᠨ ᠤᠷᠤᠰᠬᠠᠯ ᠤᠨ ᠲᠠᠸᠠᠷ ᠤᠨ ᠲᠡᠮᠳᠡᠭ᠂ ᠠᠷᠠᠰᠤ ᠰᠢᠷᠢ ᠵᠡᠷᠭᠡ ᠪᠣᠳᠠᠰ ᠢ ᠶᠡᠭᠡ ᠪᠠᠷ ᠬᠤᠳᠠᠯᠳᠤᠨ ᠠᠪᠬᠤ  ᠠᠷᠠᠯᠵᠢᠶᠠᠨ ᠤ ᠲᠠᠯᠠᠪᠤᠷ ᠪᠣᠯᠤᠨ᠎ᠠ᠃ ᠡᠭᠦᠨ ᠠᠴᠠ ᠭᠠᠳᠠᠨ᠎ᠠ᠂ ᠮᠣᠩᠭᠤᠯ ᠦᠨᠳᠦᠰᠦᠲᠡᠨ ᠤ ᠬᠤᠪᠴᠠᠰᠤ ᠵᠠᠰᠠᠯ᠂ ᠮᠤᠩᠭᠤᠯ ᠵᠠᠩ ᠵᠠᠩᠰᠢᠯ ᠵᠡᠷᠭᠡ ᠨᠢ ᠨᠠᠩ ᠴᠤ ᠥᠪᠡᠷᠮᠢᠴᠡ ᠣᠨᠴᠠᠯᠢᠭ ᠲᠠᠢ ᠪᠠᠶᠢᠵᠤ᠂ ᠲᠠᠨ ᠳᠤ ᠮᠤᠩᠭᠤᠯ ᠵᠠᠩ ᠠᠭᠠᠯᠢ  ᠪᠠᠷ ᠢᠶᠠᠨ ᠦᠢᠯᠡᠴᠢᠯᠡᠬᠦ ᠪᠣᠯᠤᠨ᠎ᠠ᠃        ᠳᠠᠯᠠᠨ ᠬᠠᠷ᠎ᠠ ᠠᠭᠤᠯᠠ ᠰᠡᠬᠦ᠋ᠢᠨ ᠰᠦᠨᠳᠡᠷᠯᠡᠨ᠂ ᠠᠭᠤᠯᠠ ᠬᠠᠳᠠ ᠨᠢ ᠬᠥᠬᠡᠷᠡᠨ ᠨᠣᠭᠤᠭᠠᠷᠠᠵᠤ᠂ ᠤᠯᠠᠭᠠᠨᠴᠠᠪ ᠤᠨ ᠲᠠᠯ᠎ᠠ ᠨᠤᠲᠤᠭ ᠨᠢ ᠬᠥᠪᠡᠭᠡ ᠬᠢᠵᠠᠭᠠᠷ ᠦᠭᠡᠢ ᠦᠷᠭᠡᠨ ᠠᠭᠤᠳᠠᠮ᠂ ᠴᠡᠴᠡᠭ ᠬᠤᠸᠠᠷ ᠨᠢ ᠲᠠᠯ᠎ᠠ ᠳᠦᠭᠦᠷᠡᠩ ᠮᠢᠷᠠᠯᠵᠠᠨ ᠳᠡᠯᠭᠡᠷᠡᠵᠦ ᠪᠠᠶᠢᠳᠠᠭ᠃ ᠵᠢᠨᠢᠩ  ᠬᠤᠳᠠ ᠶᠢᠨ ᠡᠷᠭᠢᠨ ᠲᠣᠭᠤᠷᠢᠨ ᠤ ᠦᠵᠡᠮᠵᠢ ᠨᠢ ᠨᠠᠩ ᠴᠤ ᠭᠤᠶᠢᠳᠠ ᠰᠠᠶᠢᠬᠠᠨ᠂ ᠥᠪᠡᠷᠮᠢᠴᠡ ᠤᠨᠴᠠᠯᠢᠭ ᠲᠠᠢ ᠪᠠᠶᠢᠳᠠᠭ᠃
 
ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2