ᠵᠢᠨᠢᠩ ᠤᠨ ᠣᠯᠠᠨ ᠤᠯᠤᠰ ‍ᠤᠨ‌ᠠᠷᠠᠰᠤ ᠰᠢᠷᠢ ᠶᠢᠨ ᠬᠤᠲᠠ
ᠨᠡᠶᠢᠲᠡᠯᠡᠭᠰᠡᠨ ᠴᠠᠭ᠄
2019/7/17
     ᠵᠢᠨᠢᠩ ᠤᠨ ᠣᠯᠠᠨ ᠤᠯᠤᠰ ᠎ ᠤᠨ ᠠᠷᠠᠰᠤ ᠰᠢᠷᠢ ᠶᠢᠨ ᠬᠤᠲᠠ ᠪᠣᠯ ᠪᠠᠷᠠᠭ᠎ᠠ ᠬᠤᠳᠠᠯᠳᠤᠨ ᠠᠪᠬᠤ᠂ ᠬᠤᠭᠤᠯᠠ ᠤᠮᠳᠠ᠂ ᠰᠡᠯᠡᠭᠦᠴᠡᠯ᠂ ᠵᠤᠭ᠎ᠠ ᠴᠡᠩᠭᠡᠯ  ᠢ ᠨᠢᠭᠡ ᠴᠣᠭᠴᠠᠵᠢᠭᠤᠯᠤᠭᠰᠠᠨ ᠣᠳᠣᠬᠢᠴᠢᠯᠠᠭᠰᠠᠨ ᠠᠷᠠᠰᠤ ᠰᠢᠷᠢ ᠶᠢᠨ ᠤᠷᠤᠰᠬᠠᠯ ᠤᠨ ᠬᠤᠳᠠᠯᠳᠤᠭᠠᠨ ᠤ ᠲᠠᠯᠠᠪᠠᠢ ᠪᠣᠯᠤᠨ᠎ᠠ᠂ ᠳᠤᠮᠳᠠᠳᠤ ᠤᠯᠤᠰ ᠤᠨ ᠤᠮᠠᠷᠠᠲᠦ ᠶᠢᠨ ᠬᠠᠮᠤᠭ ᠤᠨ ᠲᠣᠮᠣ᠂ ᠬᠠᠮᠤᠭ ᠤᠨ  ᠲᠤᠰᠬᠠᠶᠢᠯᠠᠭᠰᠠᠨ ᠠᠷᠠᠰᠤ ᠰᠢᠷᠢ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠠᠷᠠᠯᠵᠢᠶᠠᠨ ᠤ ᠲᠥᠪ᠂ ᠳᠠᠩ ᠭᠠᠭᠴᠠ ᠭᠠᠵᠠᠷ ᠣᠷᠣᠨ ᠤ ᠬᠠᠮᠤᠭ ᠤᠨ ᠶᠡᠭᠡ ᠠᠷᠠᠰᠤ ᠰᠢᠷᠢ ᠬᠤᠳᠠᠯᠳᠤᠨ ᠠᠪᠬᠤ ᠠᠭᠤᠳᠠᠮ ᠲᠠᠯᠠᠪᠠᠢ᠂ ᠳᠤᠮᠳᠠᠳᠤ ᠤᠯᠤᠰ ᠎ ᠤᠨ ᠤᠮᠠᠷᠠᠲᠤ ᠶᠢᠨ ᠠᠷᠠᠰᠤ ᠰᠢᠷᠢ  ᠶᠢᠨ ᠴᠠᠭ  ᠤᠨ ᠤᠷᠤᠰᠬᠠᠯ ᠤᠨ ᠬᠡᠪ ᠰᠤᠷᠲᠠᠯ ᠤᠨ ᠲᠡᠮᠳᠡᠭ᠂ ᠤᠯᠤᠰ ᠤᠨ 4 A ᠲᠡᠰ ᠤᠨ ᠪᠠᠷᠠᠭ᠎ᠠ ᠬᠤᠳᠠᠯᠳᠤᠨ ᠠᠪᠬᠤ ᠦᠵᠡᠮᠵᠢ ᠶᠢᠨ ᠣᠷᠣᠨ᠂ ᠤᠯᠠᠭᠠᠨᠴᠠᠪ ᠬᠤᠲᠠ ᠶᠢᠨ ᠵᠢᠭᠤᠯᠴᠢᠯᠠᠯ ᠤᠨ ᠲᠣᠪᠴᠢᠶ᠎ᠠ ᠠᠴᠠ ᠵᠥᠪᠰᠢᠶᠡᠷᠡᠭᠰᠡᠨ ᠴᠣᠷ ᠤᠨ ᠭᠠᠭᠴᠠ ᠬᠤᠳᠠᠯᠳᠤᠭᠠᠨ ᠤ ᠵᠢᠭᠤᠯᠴᠢᠯᠠᠯ ᠤᠨ ᠲᠥᠪ ᠪᠣᠯᠤᠨ᠎ᠠ᠃
       ᠵᠢᠨᠢᠩ ᠤᠨ ᠣᠯᠠᠨ ᠤᠯᠤᠰ ᠤᠨ ᠠᠷᠠᠰᠤ ᠰᠢᠷᠢ ᠶᠢᠨ ᠬᠤᠲᠠ ᠨᠢ ᠲᠠᠯ᠎ᠠ ᠨᠤᠲᠤᠭ ‍ᠤᠨ‌ᠠᠷᠠᠰᠤᠨ ᠡᠳ᠋ᠯᠡᠯ ᠤᠨ ᠬᠤᠳᠠ ᠤᠯᠠᠭᠠᠨᠴᠠᠪ ᠬᠤᠲᠠ ᠶᠢᠨ ᠬᠤᠳᠠᠯᠳᠤᠭᠠᠨ ᠤ ᠭᠤᠣᠯ ᠲᠣᠭᠤᠷᠢᠭ ᠲᠤ ᠪᠠᠶᠢᠷᠢᠯᠠᠵᠤ᠂ ᠲᠥᠷᠥᠯ ᠵᠦᠢᠯ ᠤᠨ ᠪᠡᠯᠡ ᠣᠷᠣᠭᠤᠯᠤᠯᠲᠠ ᠨᠢ 12 ᠳ᠋ᠦᠩᠰᠢᠭᠤᠷ ᠲᠥᠭᠦᠷᠢᠭ᠂ 300 ᠮᠤ᠋᠂ ᠪᠠᠷᠢᠯᠭ᠎ᠠ ᠶᠢᠨ ᠲᠠᠯᠠᠪᠠᠢ ᠨᠢ 25 ᠲᠦᠮᠡᠨ ᠲᠡᠭᠰᠢ ᠳᠥᠷᠪᠡᠯᠵᠢᠨ ᠮᠧᠲᠷ᠂ 2000 ᠪᠠᠷᠢᠮᠵᠢᠶᠠᠲᠤ ᠬᠤᠳᠠᠯᠳᠤᠭᠠᠨ ᠤ ᠫᠦᠰᠡ ᠪᠠᠶᠢᠭᠤᠯᠤᠨ᠎ᠠ᠃ 25 ᠲᠦᠮᠡᠨ ᠲᠡᠭᠰᠢ ᠳᠥᠷᠪᠡᠯᠵᠢᠨ ᠮᠧᠲᠷ ᠤᠨ ᠢᠳᠡᠭᠡᠨ ᠤᠮᠳᠠᠭᠠᠨ᠂ ᠬᠤᠨᠤᠭ ᠪᠠᠭᠤᠳᠠᠯ᠂ ᠵᠤᠭ᠎ᠠ ᠴᠡᠩᠭᠡᠯ᠂ ᠪᠠᠷᠠᠭ᠎ᠠ ᠬᠤᠳᠠᠯᠳᠤᠨ ᠠᠪᠬᠤ᠂ ᠰᠡᠯᠡᠭᠦᠴᠡᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠭᠤᠷᠢᠭ ᠢ  ᠪᠦᠷᠢᠳᠦᠭᠦᠯᠦᠨ ᠪᠠᠶᠢᠭᠤᠯᠬᠤ ᠪᠠᠷ ᠲᠥᠯᠥᠪᠵᠢᠭᠦᠯᠵᠡᠶ᠃       ᠵᠢᠨᠢᠩ ᠤᠨ ᠣᠯᠠᠨ ᠤᠯᠤᠰ ᠤᠨ ᠠᠷᠠᠰᠤᠨ ᠡᠳ᠋ᠯᠡᠯ ᠤᠨ ᠬᠤᠲᠠ ᠨᠢ ᠲᠤᠬᠠᠶ ᠶᠢᠨ ᠭᠠᠵᠠᠷ ᠤᠨ ᠥᠨᠢ ᠤᠳᠠᠭᠠᠨ ᠠᠵᠤ ᠦᠢᠯᠡᠰ ᠤᠨ ᠲᠡᠤᠬᠡ ᠪᠠ ᠠᠵᠤ ᠦᠢᠯᠡᠰ ᠤᠨ ᠰᠠᠭᠤᠷᠢ ᠳᠤ ᠲᠦᠰᠢᠭᠯᠡᠨ᠂ ᠬᠤᠲᠠ᠂ ᠲᠣᠭᠤᠷᠢᠭ ᠬᠤᠶᠠᠷ ᠱᠠᠲᠤᠨ ᠤ ᠨᠠᠮ ᠤᠨ ᠬᠤᠷᠢᠶ᠎ᠠ᠂ ᠵᠠᠰᠠᠭ  ᠤᠨ ᠣᠷᠳᠣᠨ ᠤ ︽ᠠᠷᠠᠰᠤᠨ ᠡᠳ᠋ᠯᠡᠯ ᠤᠨ ᠠᠵᠤ ᠦᠢᠯᠡᠰ ᠢ ᠬᠥᠭᠵᠢᠭᠦᠯᠵᠦ᠂ ᠲᠠᠯ᠎ᠠ ᠨᠤᠲᠤᠭ ᠤᠨ ᠠᠷᠠᠰᠤᠨ ᠬᠤᠲᠠ ᠶᠢ ᠪᠦᠲᠦᠭᠡᠨ ᠪᠠᠶᠢᠭᠤᠯᠬᠤ︾ ᠪᠠᠶᠢᠯᠳᠤᠬᠤ ᠪᠣᠳᠣᠯᠭ᠎ᠠ ᠶᠢᠨ ᠰᠡᠳᠬᠢᠮᠵᠢ ᠶᠢ ᠢᠳᠡᠪᠬᠢᠲᠡᠢ ᠴᠤᠤᠷᠢᠶᠠᠲᠤᠨ ᠳᠠᠭᠠᠵᠤ᠂ ︽ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ᠂ ᠵᠢᠭᠤᠯᠴᠢᠯᠠᠯ᠂ ᠡᠯᠧᠺᠲᠷᠣᠨ ᠬᠤᠳᠠᠯᠳᠤᠭ᠎ᠠ᠂ ᠭᠠᠳᠠᠭᠠᠳᠤ ᠠᠷᠠᠯᠵᠢᠶ᠎ᠠ︾ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠢ ᠶᠡᠷᠦᠩᠬᠡᠶᠢᠯᠡᠭᠰᠡᠨ ᠴᠢᠨᠠᠷᠲᠠᠶ ᠠᠷᠠᠰᠤᠨ ᠡᠳ᠋ᠯᠡᠯ ᠤᠨ ᠠᠷᠠᠯᠵᠢᠶᠠᠨ ᠤ ᠲᠥᠪ ᠢ ᠴᠣᠭᠴᠠᠯᠠᠨ ᠪᠠᠶᠢᠭᠤᠯᠬᠤ ᠪᠠᠷ ᠴᠢᠷᠮᠠᠶᠢᠨ᠎ᠠ᠃ ᠬᠤᠳᠠᠯᠳᠤᠭᠠᠨ ᠤ ᠬᠤᠲᠠ ᠳᠤ ᠭᠤᠤᠯᠳᠠᠭᠤ ᠠᠷᠠᠰᠤᠨ ᠳᠡᠪᠡᠯ᠂  ᠨᠡᠬᠡᠢ ᠳᠡᠪᠡᠯ᠂ ᠪᠣᠭᠴᠣ᠂ ᠠᠷᠠᠰᠤᠨ ᠱᠠᠬᠠᠶ᠂ ᠨᠣᠤᠰᠣᠨ ᠡᠳ᠋ᠯᠡᠯ᠂ ᠭᠠᠷ ᠤᠷᠠᠯᠠᠯ ᠵᠡᠷᠭᠡ ᠲᠥᠷᠥᠯ  ᠵᠦᠢᠯ ᠢ ᠡᠵᠡᠩᠨᠡᠵᠦ᠂ ᠠᠳᠠᠯᠢ ᠪᠤᠰᠤ ᠬᠡᠷᠡᠭᠯᠡᠭᠡᠨ ᠤ ᠥᠪᠡᠷᠮᠢᠴᠡ ᠬᠡᠷᠡᠭᠴᠡᠭᠡ ᠶᠢ ᠬᠠᠩᠭᠠᠵᠤ᠂ ᠲᠣᠮᠣ ᠬᠡᠯᠪᠡᠷᠢ ᠶᠢᠨ ᠣᠳᠣᠬᠢᠴᠢᠯᠠᠭᠰᠠᠨ ᠠᠷᠠᠰᠤᠨ ᠡᠳ᠋ᠯᠡᠯ ᠤᠨ ᠪᠠᠷᠠᠭ᠎ᠠ ᠬᠤᠳᠠᠯᠳᠤᠨ ᠠᠪᠬᠤ ᠲᠠᠯᠠᠪᠠᠢ ᠶᠢ ᠬᠦᠴᠦᠯᠡᠨ ᠴᠣᠭᠴᠠᠯᠠᠨ᠎ᠠ᠃ 5000 ᠭᠠᠷᠤᠶ ᠬᠥᠮᠦᠨ ᠳᠤ ᠠᠵᠢᠯ  ᠲᠤᠬᠢᠷᠠᠭᠤᠯᠵᠦ᠂ 10000 ᠭᠠᠷᠤᠶ ᠬᠥᠮᠦᠨ ᠎ ᠤ ᠠᠵᠢᠯ ᠤᠯᠭᠤᠯᠳᠠ ᠶᠢ ᠳᠠᠶᠢᠴᠢᠯᠠᠨ᠂ ᠬᠤᠳᠠᠯᠳᠤᠭᠠᠨ ᠤ ᠬᠤᠲᠠ ᠶᠢᠨ ᠵᠢᠯ ᠤᠨ ᠳᠤᠮᠳᠠᠴᠢ  ᠵᠢᠭᠤᠯᠴᠢᠯᠠᠭᠴᠢᠳ ᠤᠨ ᠲᠤᠭ᠎ᠠ 200 ᠲᠦᠮᠡᠨ ᠬᠥᠮᠦᠨ ᠳᠤ ᠬᠦᠷᠴᠦ᠂ ᠤᠯᠠᠭᠠᠨᠴᠠᠪ ᠬᠤᠲᠠ ᠶᠢᠨ ᠵᠢᠭᠤᠯᠴᠢᠯᠠᠯ᠂ ᠬᠤᠭᠤᠯᠠ ᠤᠮᠳᠠ᠂ ᠬᠤᠨᠤᠭ ᠤᠨ ᠲᠦᠷᠭᠡᠨ ᠬᠥᠭᠵᠢᠯᠲᠡ ᠶᠢ ᠪᠦᠲᠦᠮᠵᠢᠲᠡᠶ ᠳᠠᠶᠢᠴᠢᠯᠠᠵᠤ᠂ ︽ᠵᠢᠨᠢᠩ ᠤᠨ ᠠᠷᠠᠰᠤᠨ ᠬᠤᠲᠠ︾᠎ ᠨᠢ ᠵᠢᠨᠢᠩ ᠲᠣᠭᠤᠷᠢᠭ ᠴᠢᠨᠠᠭᠰᠢᠯᠠᠪᠠᠯ ᠤᠯᠠᠭᠠᠨᠴᠠᠪ ᠬᠤᠲᠠ ᠶᠢᠨ ᠬᠤᠲᠠ ᠶᠢᠨ ᠨᠡᠷ᠎ᠡ ᠶᠢᠨ ᠬᠠᠭᠤᠳᠠᠰᠤ ᠪᠣᠯᠵᠠᠶ᠃ ᠬᠤᠳᠠᠯᠳᠤᠭᠠᠨ ᠤ ᠬᠤᠲᠠ ᠨᠢ ᠤᠷᠢᠳ ᠬᠤᠵᠢᠳ ︽ᠤᠯᠤᠰ ᠤᠨ 4 A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ︾᠂ ︽ᠤᠯᠤᠰ ‍ᠤᠨ‌‍ᠲ᠋ᠠᠪᠤᠨ ᠣᠳᠣᠨ ᠲᠡᠰ ᠤᠨ ᠲᠤᠰᠬᠠᠶ ᠵᠠᠬ᠎ᠠ ᠳᠡᠯᠭᠡᠭᠦᠷ︾᠂ ︽ᠪᠥᠬᠦ ᠤᠯᠤᠰ ᠎ ᠤᠨ ᠦᠨᠡᠨᠴᠢ ᠢᠲᠡᠭᠡᠮᠵᠢ ᠶᠢᠨ ᠵᠢᠱᠢᠶ᠎ᠡ ᠦᠵᠡᠭᠦᠯᠬᠦ ᠵᠠᠬ᠎ᠠ ᠳᠡᠯᠭᠡᠭᠦᠷ︾᠂ ︽ᠪᠥᠬᠦ ᠤᠯᠤᠰ ᠤᠨ ᠬᠠᠮᠤᠭ ᠤᠨ ᠬᠦᠷᠢᠶᠡᠯᠡᠯ ᠲᠠᠢ ᠲᠤᠰᠬᠠᠶ ᠵᠠᠬ᠎ᠠ ᠳᠡᠯᠭᠡᠭᠦᠷ︾ ᠵᠡᠷᠭᠡ ᠢᠷᠠᠭᠤ ᠠᠯᠳᠠᠷ ᠢ ᠬᠦᠷᠲᠡᠪᠡ᠃        ᠲᠡᠷᠭᠡᠨ ᠳᠤ ᠰᠠᠭᠤᠬᠤ ᠵᠠᠮ ᠱᠤᠭᠤᠮ᠄ ᠵᠢᠨᠢᠩ ᠰᠢᠨ᠎ᠡ ᠲᠣᠭᠤᠷᠢᠭ  ᠤᠨ ᠤᠯᠠᠭᠠᠨᠴᠠᠪ ᠪᠠᠷᠠᠭᠤᠨ ᠵᠠᠮ ᠤᠨ 3 ᠳ᠋ᠤᠭᠠᠷ ᠵᠠᠮ᠂ 8 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠤ ᠣᠯᠠᠨ ᠤᠯᠤᠰ ᠎ ᠤᠨ ᠠᠷᠠᠰᠤᠨ ᠬᠤᠲᠠ  ᠲᠡᠷᠭᠡᠨ ᠵᠤᠭᠰᠤᠭᠠᠯ ᠳᠤ ᠪᠠᠭᠤᠪᠠᠯ ᠬᠦᠷᠴᠢᠬᠡᠨ᠎ᠡ  ᠃ᠤᠲᠠᠰᠤ᠄ 188471123
 
ᠢᠷᠡᠯᠲᠡ᠄ ᠵᠢᠢᠩ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2