2019 ᠣᠨ ᠤ ᠵᠢᠨᠢᠩ ᠲᠣᠭᠤᠷᠢᠭ ᠤᠨ ᠵᠠᠰᠠᠭ ᠤᠨ ᠣᠷᠳᠤᠨ ᠤ ᠠᠵᠢᠯ ᠤᠨ ᠢᠯᠡᠳᠭᠡᠯ
ᠨᠡᠶᠢᠲᠡᠯᠡᠭᠰᠡᠨ ᠴᠠᠭ᠄
2019/7/2
——2019 ᠣᠨ ᠤ 3 ᠰᠠᠷ᠎ᠠ ᠶᠢᠨ 1᠎ ᠤ ᠡᠲᠥᠷ ᠵᠢᠨᠢᠩ ᠲᠣᠭᠤᠷᠢᠭ ᠤᠨ ᠠᠷᠪᠠᠨ ᠲᠠᠪᠣᠲᠣᠭᠠᠷ  ᠬᠤᠭᠤᠴᠠᠭᠠᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠲᠠᠭᠠᠨ ᠤ ᠬᠤᠷᠠᠯᠲᠣᠭᠠᠨ ᠲᠡᠬᠡᠷ᠎ᠡ                                         ᠣᠷᠤᠯᠠᠭᠴᠢ ᠲᠣᠭᠤᠷᠢᠭ ᠤᠨ ᠳᠠᠷᠤᠭ᠎ᠠ    ᠵᠢᠢ ᠬᠤᠩᠲᠥᠯᠥᠬᠡᠯᠡᠭᠴᠢᠳ ᠡ᠄       ᠣᠳᠤ ᠪᠢ ᠠᠷᠠᠳ ᠤᠨ ᠵᠠᠰᠠᠭ ᠤᠨ ᠤᠷᠲᠤᠨ ᠢ ᠲᠥᠯᠥᠬᠡᠯᠡᠵᠤ ᠶᠡᠭᠡ ᠬᠤᠷᠠᠯ ᠳᠤ ᠠᠵᠢᠯ ᠢᠶᠠᠨ ᠬᠠᠷᠢᠭᠤ ᠮᠡᠲᠡᠬᠦᠯᠥᠶ᠎ᠡ᠂  ᠬᠢᠨᠠᠨ ᠵᠥᠪᠯᠡᠬᠦ ᠪᠤᠯᠪᠠᠤ᠂ ᠡᠬᠦᠨ ᠤ ᠬᠠᠮᠲᠣ ᠣᠯᠣᠰ ᠲᠥᠷᠥ ᠶᠢᠨ ᠵᠥᠪᠯᠡᠯᠬᠡᠨ ᠤ ᠬᠡᠰᠢᠬᠦᠳ ᠪᠠ ᠬᠤᠷᠠᠯᠲᠣᠭᠠᠨ ᠳᠤ ᠰᠣᠯᠠ ᠣᠷᠣᠯᠴᠠᠭᠰᠠᠨ ᠨᠥᠬᠦᠳ‌‍ᠰᠠᠨᠠᠭᠤᠯᠭ᠎ᠠ ᠲᠣᠷᠠᠲᠣᠭᠠᠷᠠᠢ᠃        ᠨᠢᠬᠡ᠂ 2018 ᠣᠨ ᠤ ᠠᠵᠢᠯ ᠤᠨ ᠡᠷᠬᠢᠴᠠᠬᠦᠯᠥᠯ      ᠦᠩᠭᠡᠷᠡᠭᠰᠡᠨ ᠨᠢᠭᠡ ᠵᠢᠯ ᠳᠤ ᠪᠦᠬᠦ ᠲᠣᠭᠤᠷᠢᠭ ᠤᠨ ᠠᠷᠠᠳ ᠳᠦᠮᠡᠨ ᠬᠦᠴᠢᠷ ᠪᠡᠷᠬᠡᠰᠢᠶᠡᠯ ᠢ ᠢᠯᠡᠨ ᠳᠠᠪᠠᠵᠤ᠂  ᠬᠦᠴᠦ ᠪᠠᠨ ᠬᠠᠮᠳᠤᠳᠬᠠᠨ ᠮᠡᠷᠡᠶᠢᠨ ᠴᠢᠷᠮᠠᠶᠢᠵᠤ᠂ ᠯᠤᠳᠤ ᠶᠡᠭᠡ ᠠᠮᠵᠢᠯᠲᠠ ᠪᠦᠳᠦᠮᠵᠢ ᠤᠯᠤᠭᠰᠠᠨ‌ᠵᠢᠯ ᠪᠣᠯᠤᠨ᠎ᠠ᠃ ᠨᠢᠭᠡ  ᠵᠢᠯ ᠤᠨ ᠲᠣᠷᠰᠢ ᠳᠡᠭᠡᠳᠦ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠤᠨ ᠪᠠ ᠲᠣᠭᠤᠷᠢᠭ ᠤᠨ ᠨᠠᠮ ᠤᠨ ᠬᠤᠷᠢᠶᠠᠨ ᠤ ᠵᠦᠪ ᠤᠳᠤᠷᠢᠳᠤᠯᠭ᠎ᠠ ᠪᠠ ᠲᠣᠭᠤᠷᠢᠭ ᠤᠨ ᠠᠷᠠᠳ ᠤᠨ ᠳᠦᠯᠦᠭᠡᠯᠡᠭᠴᠢ᠂ ᠤᠯᠤᠰ ᠳᠦᠷᠦ ᠶᠢᠨ ᠵᠦᠪᠯᠡᠯᠭᠡᠨ ᠤ ᠬᠢᠨᠠᠯᠲᠠ ᠲᠣᠣᠷ᠎ᠠ᠂ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠰᠢ ᠶᠢᠨ ᠫᠢᠩ ‍ᠤᠨ‌‍ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮᠳᠤ ᠦᠵᠡᠯ ᠰᠠᠨᠠᠭ᠎ᠠ ᠪᠠᠷ ᠵᠢᠯᠦᠭᠤᠳᠤᠯᠭ᠎ᠠ  ᠪᠣᠯᠭᠠᠨ《ᠳᠦᠷᠪᠡᠨ ᠢᠳᠡᠭᠡᠯ》᠎ ᠢ ᠪᠠᠷᠢᠮᠳᠠᠯᠠᠨ《 ᠬᠤᠶᠠᠷ ᠢ ᠬᠠᠮᠠᠭᠠᠯᠠᠬᠤ》᠎ ᠶᠢ ᠪᠡᠶᠡᠯᠡᠭᠦᠯᠵᠦ᠂ ᠰᠢᠨ᠎ᠡ  ᠬᠦᠭᠵᠢᠯᠳᠡ ᠶᠢᠨ ᠳᠦᠰᠦᠪ ᠢᠶᠠᠷ ᠦᠨᠳᠦᠷ ᠴᠢᠨᠠᠷᠳᠤ ᠠᠵᠤ ᠠᠬᠤᠢ ᠶᠢᠨ ᠬᠦᠭᠵᠢᠯᠳᠡ ᠢ ᠳᠠᠶᠢᠴᠢᠯᠠᠬᠤ ᠶᠢ ᠪᠠᠷᠢᠮᠳᠠᠯᠠᠵᠤ᠂ ᠲᠣᠭᠲᠠᠭᠤᠨ ᠢᠶᠠᠷ ᠬᠦᠭᠵᠢᠬᠦ᠂ ᠦᠭᠡᠷᠡᠴᠢᠯᠡᠯᠳᠡ ᠶᠢ ᠠᠬᠢᠭᠤᠯᠬᠤ᠂ ᠪᠦᠳᠦᠴᠡ ᠶᠢ ᠲᠣᠬᠢᠷᠠᠭᠤᠯᠬᠤ᠂ ᠠᠷᠠᠳ ᠲᠤ ᠠᠰᠢᠭ ᠬᠦᠷᠳᠡᠭᠡᠬᠦ᠂ ᠠᠶᠤᠯ ᠠᠴᠠ ᠰᠡᠷᠭᠡᠶᠢᠯᠡᠬᠦ ᠵᠡᠷᠭᠡ ᠠᠵᠢᠯ ᠢ ᠯᠠᠪᠳᠠᠭᠤᠨ ᠢᠶᠠᠷ ᠳᠦᠯᠬᠢᠨ ᠠᠬᠢᠭᠤᠯᠵᠤ᠂ ᠪᠦᠬᠦ ᠲᠣᠭᠤᠷᠢᠭ ᠤᠨ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠰᠢᠨ᠎ᠡ ᠠᠮᠵᠢᠯᠲᠠ ᠶᠢ ᠣᠯᠪᠠ᠃  ᠪᠦᠬᠦ ᠵᠢᠯ ᠳᠤ᠂ ᠭᠠᠵᠠᠷ ᠣᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ169.28 ᠳ᠋ᠦᠩᠰᠢᠭᠤᠷ ᠳᠦᠭᠦᠷᠢᠭ ᠢ ᠪᠡᠶᠡᠯᠡᠭᠦᠯᠵᠦ᠂7.8%᠎ ᠪᠠᠷ ᠨᠡᠮᠡᠭᠳᠡᠪᠡ᠃ ᠳᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ50.4ᠳ᠋ᠦᠩᠰᠢᠭᠤᠷ ᠳᠦᠭᠦᠷᠢᠭ᠂10.3%᠎ ᠪᠠᠷ ᠨᠡᠮᠡᠭᠳᠡᠪᠡ᠃ ᠬᠡᠪᠴᠢᠶᠡᠨ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ ᠨᠡᠮᠡᠭᠳᠡᠬᠦ ᠬᠤᠷᠳᠤᠴᠠ14.8% ᠪᠠᠶᠢᠵᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠦᠷᠲᠡᠭ 97.58 ᠳ᠋ᠦᠩᠰᠢᠭᠤᠷ ᠳᠦᠭᠦᠷᠢᠭ ᠢ ᠪᠡᠶᠡᠯᠡᠭᠦᠯᠵᠦ᠂7.4%᠎ ᠪᠠᠷ ᠨᠡᠮᠡᠭᠳᠡᠪᠡ᠃ ᠶᠡᠷᠥᠲᠡ ᠶᠢᠨ  ᠨᠡᠶᠢᠲᠡ ᠶᠢᠨ ᠣᠷᠢᠳᠴᠢᠯᠠᠨ ᠪᠤᠲᠤᠯᠲᠠ ᠶᠢᠨ ᠣᠷᠣᠯᠭ᠎ᠠ ᠨᠢ ᠨᠡᠶᠢᠲᠡ 11.99 ᠳ᠋ᠥᠩᠰᠢᠭᠤᠷ ᠲᠥᠬᠦᠷᠢᠭ ᠢ  ᠪᠡᠶᠡᠯᠡᠬᠦᠯᠵᠣ᠂ 5.3%᠎ ᠪᠠᠷ ᠨᠡᠮᠡᠭᠳᠡᠪᠡ᠃ ᠬᠤᠲᠠ ᠬᠦᠳᠡᠭᠡᠨ ᠤ ᠰᠠᠭᠤᠭᠠᠯᠢ ᠠᠷᠠᠳ ᠤᠨ ᠬᠥᠮᠥᠨ ᠪᠥᠷᠢ ᠶᠢᠨ ᠡᠵᠡᠮᠰᠢᠵᠣ ᠪᠣᠯᠬᠤ ᠣᠷᠣᠯᠭ᠎ᠠ ᠨᠢ  ᠲᠣᠰ ᠪᠦᠷᠢ 33176ᠲᠥᠬᠦᠷᠢᠭ᠂ 16162ᠲᠥᠬᠦᠷᠢᠭ ᠬᠥᠷᠴᠣ ᠂ 7.4%ᠪᠠ 9.2 %᠎ ᠪᠠᠷ ᠨᠡᠮᠡᠭᠲᠡᠪᠡ᠃ ᠡᠯ᠎ᠡ ᠳᠦᠷᠦᠯ ᠤᠨ ᠠᠵᠤ ᠠᠬᠤᠢ ᠶᠢᠨ ᠭᠦᠢᠴᠡᠳᠭᠡᠬᠦ ᠲᠤᠭ᠎ᠠ ᠨᠣᠷᠮ᠎ᠠ ᠴᠦᠮ ᠪᠦᠬᠦ ᠬᠤᠳᠠ ᠶᠢᠨ ᠳᠡᠷᠢᠭᠦᠨ ᠪᠠᠶᠢᠷᠢᠨ ᠳᠤ ᠶᠠᠪᠤᠵᠤ ᠪᠠᠶᠢᠨ᠎ᠠ᠃     ᠨᠢᠭᠡ ᠵᠢᠯ ᠤᠨ ᠲᠣᠷᠰᠢ᠂ ᠪᠢᠳᠡ ᠬᠦᠴᠦ ᠪᠠᠨ ᠳᠦᠪᠯᠡᠷᠡᠭᠦᠯᠦᠨ《ᠭᠤᠤᠯᠳᠠᠯᠭ᠎ᠠ ᠪᠠᠨ ᠠᠳᠬᠤᠨ ᠠᠷᠭ᠎ᠠ ᠪᠠᠷᠢᠯ ᠢᠶᠠᠨ ᠴᠢᠬᠤᠯᠠᠴᠢᠯᠠᠵᠤ》ᠭᠤᠷᠪᠠᠨ ᠶᠡᠭᠡ ᠰᠢᠪᠳᠤᠯᠤᠯᠳᠠ ᠶᠢᠨ ᠲᠠᠶᠢᠨ ᠤ ᠰᠢᠨ᠎ᠡ ᠠᠯᠬᠤᠴᠠ ᠶᠢ  ᠨᠡᠭᠡᠭᠡᠪᠡ᠃ ᠢᠮᠠᠭᠲᠠ‌ᠭᠤᠷᠪᠠᠨ ᠶᠡᠭᠡ ᠰᠢᠪᠳᠤᠯᠤᠯᠳᠠ ᠶᠢᠨ ᠲᠠᠶᠢᠨ ᠢ ᠰᠠᠶᠢᠳᠤᠷ ᠬᠢᠵᠤ ᠢᠯᠠᠯᠲᠠ ᠣᠯᠬᠤ ᠨᠢ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠦᠳᠦᠭᠡᠨ ᠪᠠᠶᠢᠭᠤᠯᠬᠤ ᠶᠢᠨ ᠴᠢᠬᠤᠯᠠ ᠬᠦᠨᠳᠦ ᠬᠡᠷᠡᠭ ᠣᠴᠢᠷ ᠪᠣᠯᠣᠨ᠎ᠠ᠂ ᠠᠰᠠᠭᠤᠳᠠᠯ ᠢᠶᠠᠷ ᠵᠢᠯᠤᠭᠤᠳᠤᠮᠵᠢ ᠪᠣᠯᠭᠠᠵᠤ᠂ ᠣᠨᠤᠪᠴᠢᠲᠠᠢ ᠪᠠᠷ ᠳᠦᠷᠦ ᠶᠢᠨ ᠪᠣᠳᠤᠯᠭ᠎ᠠ ᠬᠡᠷᠡᠭᠯᠡᠬᠦ ᠶᠢ ᠴᠢᠬᠤᠯᠠᠴᠢᠯᠠᠵᠤ᠂ ᠭᠤᠤᠯᠳᠠᠯᠭᠠᠳᠤ ᠴᠡᠭ ᠢᠶᠠᠷ ᠪᠦᠬᠦᠯᠢ ᠴᠣᠭᠴᠠ ᠶᠢ ᠳᠠᠶᠢᠴᠢᠯᠠᠬᠤ ᠶᠢ ᠳᠦᠯᠬᠢᠨ ᠠᠬᠢᠭᠤᠯᠤᠨ᠎ᠠ᠃ ᠬᠦᠨᠳᠦ ᠨᠣᠴᠢᠲᠠᠢ ᠡᠷᠡᠰᠳᠡᠯ ᠢ ᠰᠡᠷᠭᠡᠶᠢᠯᠡᠵᠦ ᠰᠢᠢᠳᠪᠦᠷᠢᠯᠡᠪᠡ᠃ ᠵᠠᠰᠠᠭ ᠤᠨ ᠣᠷᠳᠤᠨ ᠤ ᠦᠷᠢ ᠲᠠᠯᠪᠢᠵᠤ ᠪᠡᠯᠡ ᠴᠣᠭᠯᠠᠭᠤᠯᠬᠤ ᠠᠵᠢᠯᠯᠠᠭ᠎ᠠ ᠶᠢ ᠳᠦᠷᠢᠵᠢᠭᠦᠯᠵᠦ᠂ ᠵᠠᠰᠠᠭ ᠤᠨ ᠣᠷᠳᠤᠨ ᠤ ᠪᠡᠯᠡ ᠣᠷᠤᠭᠤᠯᠬᠤ ᠳᠦᠷᠦᠯ ᠵᠦᠢᠯ ᠢ ᠬᠢᠨᠠᠨ ᠬᠠᠮᠢᠶᠠᠷᠬᠤ ᠶᠢ ᠴᠢᠩᠭᠠᠳᠬᠠᠨ᠂ ᠨᠢᠭᠡ ᠪᠦᠯᠦᠭ ᠵᠠᠰᠠᠭ ᠤᠨ ᠣᠷᠳᠤᠨ ᠤ ᠪᠡᠯᠡ ᠣᠷᠤᠭᠤᠯᠬᠤ ᠳᠦᠷᠦᠯ ᠵᠦᠢᠯ ᠤᠨ ᠪᠠᠷᠢᠯᠭ᠎ᠠ ᠶᠢ ᠵᠣᠭᠰᠤᠭᠠᠵᠤ᠂ ᠠᠯᠭᠤᠷᠵᠢᠭᠤᠯᠤᠨ ᠠᠪᠴᠢᠭᠤᠯᠪᠡ᠃ ᠬᠠᠤᠯᠢ ᠪᠤᠰᠤ ᠪᠡᠯᠡ ᠴᠣᠭᠯᠠᠭᠤᠯᠬᠤ ᠠᠵᠢᠯᠯᠠᠭ᠎ᠠ ᠳᠤ ᠬᠠᠤᠯᠢ ᠶᠣᠰᠤᠭᠠᠷ ᠬᠦᠨᠳᠦ ᠴᠣᠬᠢᠯᠲᠠ ᠦᠭᠴᠦ᠂ ᠦᠷᠢᠳᠦᠵᠦ ᠪᠠᠶᠢᠭ᠎ᠠ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠢᠨᠵᠧᠨᠧᠷᠢᠩ ᠤᠨ ᠮᠦᠩᠭᠦ ᠪᠠ ᠬᠦᠯᠦᠰᠦᠨ ᠠᠵᠢᠯᠴᠢᠨ ᠤ ᠬᠦᠯᠦᠰᠦ ᠮᠦᠩᠭᠦᠨ ᠤ ᠠᠰᠠᠭᠤᠳᠠᠯ ᠢ ᠢᠳᠡᠪᠬᠢᠯᠡᠨ ᠰᠢᠢᠳᠪᠦᠷᠢᠯᠡᠨ᠎ᠡ᠃  ᠭᠠᠵᠠᠷ ᠰᠢᠷᠦᠢ ᠶᠢᠨ ᠵᠠᠶᠢᠯᠠᠯᠲᠠ ᠬᠢᠬᠦ᠂ ᠬᠦᠷᠦᠩᠭᠡ ᠮᠦᠩᠭᠦ ᠶᠢ ᠢᠳᠡᠪᠬᠢᠵᠢᠭᠦᠯᠬᠦ᠂ ᠰᠲᠤᠺ ᠤᠨ ᠡᠷᠬᠡ ᠰᠢᠯᠵᠢᠭᠦᠯᠦᠨ ᠦᠭᠬᠦ᠂ ᠵᠢᠭᠡᠯᠡᠯᠭᠡ ᠶᠢᠨ ᠳᠡᠮᠳᠡᠭ ᠰᠣᠯᠢᠬᠤ ᠵᠡᠷᠭᠡ ᠠᠷᠭ᠎ᠠ ᠠᠪᠴᠠᠯ ᠢᠶᠠᠷ ᠳᠠᠮᠵᠢᠨ ᠪᠦᠬᠦ ᠵᠢᠯ ᠤᠨ ᠵᠠᠰᠠᠭ ᠤᠨ ᠣᠷᠳᠤᠨ ᠤ ᠦᠷᠢ ᠰᠢᠷᠢ ᠶᠢ 25.83 ᠳ᠋ᠥᠩᠰᠢᠭᠤᠷ ᠲᠥᠬᠦᠷᠢᠭ ᠰᠢᠢᠳᠪᠦᠷᠢᠯᠡᠵᠦ ᠪᠦᠬᠦ ᠵᠢᠯ ᠤᠨ ᠦᠷᠢ ᠳᠦᠯᠦᠬᠦ ᠡᠭᠦᠷᠭᠡ ᠶᠢ ᠠᠮᠵᠢᠯᠲᠠ ᠲᠠᠢ ᠪᠡᠶᠡᠯᠡᠭᠦᠯᠵᠤ᠂ ᠣᠷᠤᠨ ᠪᠦᠰᠡ ᠶᠢᠨ ᠴᠢᠨᠠᠷᠲᠠᠢ᠂ ᠰᠢᠰᠲ᠋ᠧᠮ ᠤᠨ ᠴᠢᠨᠠᠷᠲᠠᠢ ᠡᠷᠡᠰᠳᠡᠯ ᠡᠭᠦᠰᠬᠦ ᠬᠠᠮᠤᠭ ᠳᠤᠤᠷ᠎ᠠ ᠱᠤᠭᠤᠮ ᠢ ᠪᠠᠳᠤᠯᠠᠵᠤ ᠴᠢᠳᠠᠪᠠ᠃ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠲᠠ ᠶᠢᠨ ᠲᠠᠶᠢᠨ ᠳᠤ ᠬᠦᠴᠦᠯᠡᠪᠡ᠃《ᠬᠤᠶᠠᠷ ᠵᠣᠪᠠᠭ᠋ᠤ ᠦᠭᠡᠢ ᠭᠤᠷᠪᠠᠨ ᠪᠠᠳᠤᠯᠠᠭ᠎ᠠ》᠎ ᠶᠢᠨ ᠬᠠᠷᠠᠯᠲᠠ ᠶᠢ ᠬᠦᠷᠢᠶᠡᠯᠡᠵᠦ᠂《ᠲᠠᠪᠤᠨ ᠨᠢᠭᠡ ᠪᠦᠯᠦᠭ》ᠪᠠ《ᠵᠢᠷᠭᠤᠭᠠᠨ ᠣᠨᠣᠪᠴᠢᠲᠠᠢ》᠎ ᠶᠢᠨ ᠱᠠᠭᠠᠷᠳᠠᠯᠭ᠎ᠠ ᠶᠣᠰᠤᠭᠠᠷ  ︽ᠬᠤᠸᠠᠷ ᠬᠠᠳᠬᠤᠬᠤ︾ ᠴᠢᠷᠮᠠᠶᠢᠯᠭ᠎ᠠ ᠭᠠᠷᠭᠠᠵᠤ᠂ ᠳᠣᠰᠬᠤᠨ ᠳᠤ ᠰᠠᠭᠤᠭ᠎ᠠ ᠠᠵᠢᠯᠯᠠᠬᠤ ᠲᠣᠭᠤᠶᠢᠯᠠᠩ ᠪᠠ ᠨᠢᠭᠡᠳᠦᠭᠡᠷ ᠱᠦᠵᠢ ᠶᠢᠨ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ ᠳᠡᠭᠦᠯᠳᠡᠷᠵᠢᠭᠦᠯᠵᠦ᠂ ᠦᠢᠯᠡᠰ ᠢᠶᠠᠷ ᠶᠠᠳᠠᠭᠤ ᠶᠢ ᠳᠡᠳᠭᠦᠬᠦ᠂ ᠮᠦᠩᠭᠦᠨ ᠭᠦᠢᠯᠭᠡᠭᠡᠨ ᠢᠶᠠᠷ ᠶᠠᠳᠠᠭᠤ ᠶᠢ ᠳᠡᠳᠭᠦᠬᠦ᠂ ᠠᠵᠢᠯ ᠣᠯᠭᠤᠯᠲᠠ ᠪᠠᠷ ᠶᠠᠳᠠᠭᠤ ᠶᠢ ᠳᠡᠳᠭᠦᠬᠦ ᠵᠡᠷᠭᠡ12 ᠶᠡᠭᠡ ᠠᠩᠭᠢ ᠶᠢᠨ 35ᠳᠦᠷᠦᠯ ᠠᠷᠭ᠎ᠠ ᠠᠪᠴᠠᠯ ᠢ ᠴᠢᠩᠭᠠᠳᠬᠠᠪᠠ᠃ ᠤᠳᠤᠷᠢᠳᠤᠯᠭ᠎ᠠ ᠬᠡᠰᠡᠭ ᠣᠷᠤᠨ ᠳᠠᠭᠠᠭᠠᠴᠢᠯᠠᠬᠤ᠂ ᠵᠢᠷᠤᠭ ᠳᠦᠰᠦᠪ ᠲᠣᠭᠳᠠᠭᠠᠨ ᠠᠵᠢᠯᠯᠠᠬᠤ᠂ ᠬᠢᠷᠢ ᠪᠦᠳᠦᠮᠵᠢ ᠶᠢᠨ ᠬᠢᠨᠠᠨ ᠲᠣᠭᠲᠠᠭᠠᠯᠲᠠ ᠬᠢᠬᠦ ᠵᠡᠷᠭᠡ ᠳᠦᠷᠢᠮ ᠲᠣᠭᠲᠠᠭᠠᠯ ᠬᠡᠷᠡᠭᠯᠡᠵᠦ᠂1403 ᠡᠷᠦᠬᠡ ᠬᠦᠳᠡᠭᠡ ᠳᠣᠰᠬᠤᠨ ᠤ ᠠᠶᠤᠯ ᠲᠠᠢ ᠭᠡᠷ ᠪᠠᠶᠢᠰᠢᠩ ᠢ ᠦᠭᠡᠷᠡᠴᠢᠯᠡᠬᠦ ᠡᠭᠦᠷᠭᠡ ᠶᠢ ᠠᠮᠵᠢᠯᠲᠠ ᠲᠠᠢ ᠪᠠᠶᠡᠯᠡᠭᠦᠯᠪᠡ᠃ ᠳᠣᠰᠬᠤᠨ ᠤ ᠬᠠᠮᠳᠤ ᠶᠢᠨ ᠠᠵᠤ ᠠᠬᠤᠢ ᠶᠢᠨ ᠤᠰᠠᠳᠬᠠᠨ ᠠᠬᠢᠭᠤᠯᠬᠤ ᠶᠢ ᠪᠡᠶᠡᠯᠡᠭᠦᠯᠵᠦ᠂ 754 ᠡᠷᠦᠬᠡ᠂1462 ᠬᠦᠮᠦᠨ ᠢ ᠲᠣᠭᠲᠠᠭᠤᠨ ᠢᠶᠠᠷ ᠶᠠᠳᠠᠭᠤ ᠡᠴᠠ‌ᠠᠩᠭᠢᠵᠢᠷᠠᠭᠤᠯᠵᠤ᠂ ᠶᠠᠳᠠᠭᠤ ᠬᠦᠴᠢᠷᠳᠡᠯ ᠡᠭᠦᠰᠬᠦ ᠨᠣᠷᠮ᠎ᠠ ᠨᠢ ᠳᠡᠭᠡᠷ᠎ᠡ ᠵᠢᠯ ᠤᠨ ᠬᠢ ᠠᠴᠠ 3.68%᠎ ᠠᠴᠠ ᠪᠠᠭᠤᠷᠠᠭᠠᠳ 0.7%ᠪᠣᠯᠵᠠᠢ᠃ ᠪᠤᠬᠢᠷᠳᠦᠯ ᠠᠴᠠ ᠰᠡᠷᠭᠡᠶᠢᠯᠡᠨ ᠴᠡᠭᠴᠡᠯᠡᠬᠦ ᠶᠢ ᠴᠢᠩᠭ᠎ᠠ ᠠᠳᠬᠤᠪᠠ᠃ ᠢᠮᠠᠭᠳᠠ ᠠᠮᠢ ᠠᠬᠤᠢ ᠪᠠ ᠬᠦᠭᠵᠢᠯᠳᠡ ᠶᠢᠨ ᠬᠤᠶᠠᠷ ᠵᠣᠷᠪᠤᠰ ᠱᠣᠭᠤᠮ ᠢ ᠪᠠᠷᠢᠮᠳᠠᠯᠠᠨ᠂ ᠪᠦᠬᠦ ᠲᠠᠯ᠎ᠠ ᠪᠠᠷ ᠤᠯᠤᠰ ᠳᠦᠷᠦ ᠶᠢᠨ ᠵᠣᠭᠰᠤᠴᠠ ᠪᠠ ᠬᠠᠷᠢᠭᠤᠴᠠᠯᠭᠠᠳᠤ ᠣᠪᠤᠷ ᠢᠶᠠᠨ ᠳᠡᠭᠡᠭᠰᠢᠯᠡᠭᠦᠯᠦᠨ ᠳᠦᠪ ᠬᠤᠷᠢᠶᠠᠨ ᠤ ᠤᠷᠴᠢᠨ ᠲᠣᠭᠤᠷᠢᠨ ᠤ ᠬᠢᠨᠠᠨ ᠪᠠᠶᠢᠴᠠᠭᠠᠭᠰᠠᠨ ᠬᠠᠷᠢᠭᠤ ᠳᠣᠰᠬᠠᠯ ᠤᠨ ᠠᠰᠠᠭᠤᠳᠠᠯ ᠢ ᠵᠠᠰᠠᠨ ᠴᠡᠭᠴᠡᠯᠡᠬᠦ ᠶᠢ ᠠᠬᠢᠭᠤᠯᠤᠨ ᠳᠦᠷᠭᠡᠳᠭᠡᠵᠦ᠂  ᠳᠦᠪ ᠬᠤᠷᠢᠶᠠᠨ ᠤ ᠬᠢᠨᠠᠨ  ᠪᠠᠶᠢᠴᠠᠭᠠᠯᠲᠠ ᠶᠢᠨ ︿ᠡᠷᠭᠢᠵᠦ ᠬᠠᠷᠠᠬᠤ﹀ ᠬᠤᠭᠤᠴᠠᠭᠠᠨ ᠳᠤ ᠲᠣᠰᠢᠶᠠᠨ ᠦᠭᠭᠦᠭᠰᠡᠨ ᠬᠡᠷᠡᠭ ᠣᠴᠢᠷ ᠢ ᠪᠦᠬᠦ ᠬᠦᠴᠦ ᠪᠠᠷ ᠭᠦᠢᠴᠡᠳᠭᠡᠵᠦ᠂ ᠤᠷᠴᠢᠨ ᠲᠣᠭᠤᠷᠢᠨ ᠤ ᠴᠡᠭᠴᠡᠯᠡᠯᠳᠡ ᠶᠢ ᠪᠠᠶᠢᠩᠭᠤᠴᠢᠯᠠᠨ ᠳᠦᠷᠢᠮ ᠲᠣᠭᠳᠠᠭᠠᠯ ᠢ ᠳᠦᠯᠦᠪᠰᠢᠭᠦᠯᠤᠨ ᠤᠯᠠᠮ ᠨᠢᠭᠡ ᠠᠯᠬᠤᠮ ᠪᠦᠷᠢᠨᠰᠢᠭᠦᠯᠪᠡ    ᠨᠢᠭᠡ ᠵᠢᠯ ᠤᠨ ᠲᠣᠷᠰᠢ᠂ ᠪᠢᠳᠡ ᠬᠦᠴᠦ ᠪᠠᠨ ᠳᠦᠪᠯᠡᠷᠡᠭᠦᠯᠦᠨ《ᠴᠢᠨᠠᠷ ᠪᠠᠨ ᠳᠡᠭᠡᠭᠰᠢᠯᠡᠭᠦᠯᠦᠨ ᠠᠮᠵᠢᠯᠲᠠ ᠪᠦᠳᠦᠮᠵᠢ ᠪᠠᠨ ᠦᠷᠭᠡᠳᠭᠡᠵᠤ》ᠠᠵᠤ ᠦᠢᠯᠡᠰ ᠤᠨ ᠬᠦᠭᠵᠢᠯᠳᠡ ᠶᠢᠨ ᠰᠢᠨ᠎ᠡ ᠪᠠᠶᠢᠳᠠᠯ ᠳᠤ ᠣᠷᠤᠪᠠ᠃ ᠰᠢᠨ᠎ᠡ ᠬᠦᠭᠵᠢᠯᠳᠡ ᠶᠢᠨ ᠳᠦᠰᠦᠪ ᠢᠶᠠᠷ ᠪᠠᠶᠢᠷᠢᠰᠢᠯᠠᠭᠤᠯᠤᠯᠳᠠ ᠬᠢᠬᠦ ᠶᠢ ᠪᠠᠷᠢᠮᠳᠠᠯᠠᠵᠤ᠂ ᠠᠵᠤ ᠦᠢᠯᠡᠰ ᠤᠨ ᠬᠦᠭᠵᠢᠯᠳᠡ ᠶᠢᠨ ᠡᠷᠡᠰ ᠪᠠᠳᠤ ᠢᠳᠡᠭᠡᠯ ᠪᠠ ᠪᠠᠶᠢᠯᠳᠤᠬᠤ ᠳᠡᠪᠴᠢᠶᠡᠷᠢ ᠶᠢ ᠢᠮᠠᠭᠲᠠ ᠪᠠᠳᠤᠯᠠᠵᠤ᠂ ᠪᠦᠬᠦ ᠲᠠᠯ᠎ᠠ ᠪᠠᠷ ᠠᠵᠤ ᠦᠢᠯᠡᠰ ᠢ ᠰᠢᠯᠢᠭᠳᠡᠭᠵᠢᠭᠦᠯᠦᠨ  ᠰᠠᠶᠢᠵᠢᠷᠠᠭᠤᠯᠵᠡᠢ᠃ ᠲᠠᠷᠢᠶᠠᠯᠠᠩ ᠬᠦᠳᠡᠭᠡ ᠠᠵᠤ ᠠᠬᠤᠢ ᠶᠢᠨ ᠲᠣᠭᠲᠠᠭᠤᠨ ᠢᠶᠠᠷ ᠬᠦᠭᠵᠢᠭᠦᠯᠪᠠ᠃《ᠬᠦᠳᠡᠭᠡ ᠳᠣᠰᠬᠤᠨ ᠤ ᠬᠦᠭᠵᠢᠯ ᠮᠠᠨᠳᠤᠯ》᠎ ᠤᠨ ᠪᠠᠶᠢᠯᠳᠤᠬᠤ ᠪᠣᠳᠤᠯᠭ᠎ᠠ ᠶᠢ ᠬᠦᠴᠦᠯᠡᠨ ᠬᠡᠷᠡᠭᠵᠢᠭᠦᠯᠵᠦ᠂ ᠲᠠᠷᠢᠶᠠᠯᠠᠩ ᠬᠦᠳᠡᠭᠡ ᠳᠤᠰᠬᠤᠨ ᠤ ᠣᠳᠤᠬᠢᠴᠢᠯᠠᠭᠰᠠᠨ ᠪᠦᠳᠦᠭᠡᠨ ᠪᠠᠶᠢᠭᠤᠯᠤᠯᠳᠠ ᠶᠢ ᠳᠦᠷᠭᠡᠳᠭᠡᠵᠡᠢ᠃ ᠮᠢᠨ ᠹᠧᠩ ᠲᠠᠷᠢᠮᠠᠯ ᠤᠨ ᠦᠷ᠎ᠡ ᠶᠢᠨ ᠦᠢᠯᠡᠰ᠂ ᠵᠢᠶ᠋ᠨ ᠾᠧᠩ ᠲᠠᠷᠢᠶᠠᠯᠠᠩ ᠲᠧᠭᠨᠢᠭ ᠤᠨ ᠺᠤᠮᠫᠠᠨᠢ ᠵᠢᠯ ᠤᠨ ᠭᠠᠷᠤᠯᠲᠠ 2800 ᠳᠦᠮᠡᠨ ᠰᠢᠷᠭᠡᠭ ᠬᠤᠤᠷ ᠠᠩᠭᠢᠵᠢᠷᠠᠭᠤᠯᠤᠭᠰᠠᠨ ᠰᠣᠶᠤᠭ᠎ᠠ᠂ 3800 ᠳᠦᠮᠡᠨ ᠮᠦᠬᠦᠯᠢᠭ ᠶᠤᠸᠠᠨ ᠶᠤᠸᠠᠨ ᠦᠷ᠎ᠡ ᠳᠤ ᠬᠦᠷᠴᠦ᠂ ᠳᠦᠮᠦᠰᠦᠨ ᠲᠠᠷᠢᠮᠠᠯ ᠤᠨ ᠦᠢᠯᠡᠳᠪᠦᠷᠢᠯᠡᠯ ᠤᠨ ᠴᠢᠳᠠᠪᠦᠷᠢ ᠲᠠᠰᠤᠷᠠᠯᠲᠠ ᠦᠭᠡᠢ ᠳᠡᠭᠡᠭᠰᠢᠯᠡᠵᠡᠢ᠃ ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠤᠨ ᠲᠣᠯᠣᠭᠠᠶᠢᠯᠠᠭᠴᠢ ᠠᠵᠤ ᠠᠬᠤᠶᠢᠯᠠᠯ ᠢ 13 ᠡᠷᠦᠬᠡ᠂ ᠡᠯ᠎ᠡ ᠳᠦᠷᠦᠯ ᠤᠨ ᠮᠡᠷᠭᠡᠵᠢᠯ ᠤᠨ ᠬᠤᠷᠰᠢᠶᠠᠵᠢᠯ 176 ᠡᠷᠦᠬᠡ᠂ ᠭᠡᠷ ᠪᠦᠯᠢ ᠶᠢᠨ ᠮᠠᠯᠵᠢᠯ ᠤᠨ ᠲᠠᠯᠠᠪᠠᠢ 11 ᠡᠷᠦᠬᠡ ᠶᠢ ᠪᠣᠶᠢᠵᠢᠭᠤᠯᠤᠨ ᠬᠦᠮᠦᠵᠢᠭᠦᠯᠵᠤ᠂《ᠲᠣᠯᠣᠭᠠᠶᠢᠯᠠᠭᠴᠢ ᠠᠵᠤ ᠠᠬᠤᠶᠢᠯᠠᠯ + ᠬᠤᠷᠰᠢᠶᠠᠵᠢᠯ + ᠲᠠᠷᠢᠶᠠᠴᠢᠨ ᠡᠷᠦᠬᠡ》᠎ ᠶᠢᠨ ᠬᠦᠭᠵᠢᠯᠳᠡ ᠶᠢᠨ ᠵᠠᠭᠪᠤᠷ ᠤᠯᠠᠮ ᠨᠢᠭᠡ ᠠᠯᠬᠤᠮ ᠪᠦᠷᠢᠯᠳᠦᠪᠡ᠃ ᠰᠢᠨ ᠯᠠᠨ ᠲᠦ᠋ ᠲᠠᠷᠢᠶᠠᠨ ᠬᠦᠷᠢᠶᠠᠨ ᠤ ᠶᠡᠷᠦᠩᠬᠡᠢ ᠴᠣᠭᠴᠠ᠂ ᠢ ᠨᠦᠸᠧ ᠳᠦᠮᠡᠨ ᠮᠦ ᠰᠠᠷᠭᠠᠢ ᠴᠡᠴᠡᠭ ᠤᠨ ᠦᠢᠯᠡᠰ ᠤᠨ ᠬᠦᠷᠢᠶᠡᠯᠡᠩ ᠢ ᠯᠠᠪᠳᠠᠭᠤᠨ ᠢᠶᠠᠷ ᠳᠦᠯᠬᠢᠨ ᠠᠬᠢᠭᠤᠯᠵᠤ᠂ ᠦᠵᠡᠮᠵᠢ ᠰᠣᠨᠢᠷᠬᠠᠨ ᠲᠣᠷᠰᠢᠨ ᠦᠵᠡᠬᠦ᠂ ᠠᠮᠠᠷᠠᠵᠤ ᠰᠣᠪᠢᠯᠠᠬᠤ᠂ ᠢᠳᠡᠵᠦ ᠤᠤᠭᠤᠬᠤ ᠴᠡᠩᠭᠡᠬᠦ᠂ ᠲᠠᠮᠢᠷ ᠤᠨ ᠬᠦᠳᠡᠯᠭᠡᠭᠡᠨ ᠳᠤ ᠣᠷᠤᠯᠴᠠᠬᠤ ᠵᠡᠷᠭᠡ ᠶᠢ ᠨᠢᠭᠡ ᠴᠣᠭᠴᠠ ᠪᠣᠯᠭᠠᠭᠰᠠᠨ ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠶᠠᠭ ᠰᠠᠶᠢᠬᠠᠨ ᠪᠦᠷᠢᠯᠳᠦᠵᠦ ᠪᠠᠶᠢᠨ᠎ᠠ᠃ ᠬᠤᠶᠢᠳᠤ ᠬᠡᠰᠡᠭ ᠤᠨ ᠰᠢᠯᠢᠳᠡᠭ ᠰᠠᠶᠢᠨ ᠪᠠᠶᠢᠭᠠᠯᠢ ᠠᠮᠢ ᠠᠬᠤᠢ ᠶᠢᠨ ᠡᠬᠢ ᠪᠠᠶᠠᠯᠢᠭ ᠲᠤ ᠳᠦᠰᠢᠭᠯᠡᠨ ᠤᠯᠠᠭᠠᠨᠴᠠᠪ ᠤᠨ ᠲᠠᠯ᠎ᠠ ᠨᠤᠳᠤᠭ ᠤᠨ ᠠᠮᠢ ᠠᠬᠤᠢ ᠶᠢᠨ ᠵᠣᠭᠠᠴᠠᠯ ᠤᠨ ᠳᠦᠷᠦᠯ ᠵᠦᠢᠯ ᠢ ᠪᠦᠬᠦ ᠲᠠᠯ᠎ᠠ ᠪᠠᠷ ᠡᠬᠢᠯᠡᠭᠦᠯᠵᠦ᠂ ᠣᠨᠴᠠᠯᠢᠭᠳᠤ ᠳᠤᠰᠬᠤᠨ᠂ ᠲᠠᠷᠢᠶᠠᠯᠠᠩ ᠤᠨ ᠦᠵᠡᠮᠵᠢ ᠰᠣᠨᠢᠷᠬᠠᠬᠤ᠂ ᠠᠵᠤ ᠦᠢᠯᠡᠰ ᠢᠶᠠᠷ ᠳᠠᠶᠢᠴᠢᠯᠠᠬᠤ ᠵᠡᠷᠭᠡ ᠳᠦᠷᠦᠯ ᠵᠦᠢᠯ ᠤᠨ ᠳᠦᠯᠦᠪᠯᠡᠭᠡ ᠶᠢ ᠠᠮᠵᠢᠯᠲᠠ ᠲᠠᠢ ᠳᠦᠯᠬᠢᠨ ᠠᠬᠢᠭᠤᠯᠵᠤ ᠪᠠᠶᠢᠨ᠎ᠠ᠃  ᠰᠢ ᠶᠢᠨ ᠫᠢᠩ ᠶᠡᠷᠦᠩᠬᠡᠢ ᠱᠦᠵᠢ ᠶᠢᠨ《ᠭᠤᠷᠪᠠᠨ ᠳ᠋ᠥᠩᠰᠢᠭᠤᠷ ᠬᠦᠮᠦᠨ ᠮᠦᠰᠦ ᠴᠠᠰᠤᠨ ᠬᠦᠳᠡᠯᠭᠡᠭᠡᠨ ᠳᠤ ᠣᠷᠤᠯᠴᠠᠶ᠎ᠠ》ᠭᠡᠰᠡᠨ ᠤᠷᠢᠶᠠᠯᠠᠭ᠎ᠠ ᠶᠢ ᠪᠤᠳᠠᠳᠤ ᠦᠢᠯᠡ ᠠᠵᠢᠯᠯᠠᠭ᠎ᠠ ᠪᠠᠷ ᠢᠶᠠᠨ ᠨᠠᠶᠢᠳᠠᠪᠤᠷᠢᠵᠢᠭᠤᠯᠬᠤ ᠶᠢᠨ ᠳᠦᠯᠦᠭᠡ ᠴᠠᠬᠠᠷ ᠠᠶᠢᠯ ᠴᠠᠰᠤᠨ ᠴᠠᠨ᠎ᠠ ᠶᠢᠨ ᠲᠠᠯᠠᠪᠤᠷ᠂ ᠳ᠋ᠠ ᠾᠧ ᠸᠠᠨ ᠴᠠᠰᠤᠨ ᠴᠠᠨ᠎ᠠ ᠶᠢᠨ ᠲᠠᠯᠠᠪᠤᠷ ᠢ ᠪᠠᠶᠢᠭᠤᠯᠵᠤ ᠠᠰᠢᠭᠯᠠᠯᠲᠠ ᠳᠤ ᠣᠷᠤᠭᠤᠯᠤᠨ᠂ ᠡᠪᠦᠯ ᠤᠨ ᠤᠯᠠᠷᠢᠯ ᠤᠨ ᠵᠣᠭᠠᠴᠠᠯ ᠎ ᠤᠨ ᠦᠢᠯᠡᠰ ᠤᠨ ᠬᠤᠭᠤᠰᠤᠨ ᠢ ᠨᠦᠬᠦᠪᠦᠷᠢᠯᠡᠵᠡᠢ᠃ ᠰᠢᠨ᠎ᠡ ᠬᠠᠭᠤᠴᠢᠨ ᠡᠨᠧᠷᠬᠢ ᠶᠢ ᠬᠤᠪᠢᠷᠠᠭᠤᠯᠤᠨ ᠳᠦᠷᠭᠡᠳᠭᠡᠪᠠ᠃ ᠬᠦᠷᠢᠶᠡᠯᠡᠩ ᠤᠨ ᠬᠦᠭᠵᠢᠯᠳᠡ ᠠᠴᠠ ᠭᠠᠷ ᠳᠦᠷᠦᠵᠦ᠂ ᠴᠠᠬᠠᠷ ᠠᠵᠤ ᠠᠬᠤᠢ ᠮᠡᠷᠭᠡᠵᠢᠯ ᠤᠨ ᠨᠡᠭᠡᠭᠡᠯᠳᠡ ᠶᠢᠨ ᠣᠷᠤᠨ ᠤ〈ᠭᠤᠤᠯ ᠲᠠᠶᠢᠨ ᠤ ᠲᠠᠯᠠᠪᠤᠷ〉᠎ ᠤᠨ ᠦᠢᠯᠡᠳᠦᠯ ᠢ ᠪᠠᠳᠠᠷᠠᠭᠤᠯᠵᠤ᠂ ᠢᠦ ᠺᠧ ᠳ᠋ᠧ ᠶᠡᠭᠡ ᠵᠠᠮ᠂ ᠠᠯᠮᠤᠷᠠᠳ ᠪᠠᠷᠠᠭᠤᠨ ᠵᠡᠭᠡᠯᠢ ᠵᠡᠷᠭᠡ 6 ᠵᠣᠷᠪᠤᠰ ᠵᠠᠮ ᠢ ᠰᠢᠨ᠎ᠡ ᠪᠠᠷ ᠪᠠᠶᠢᠭᠤᠯᠵᠤ᠂ ᠳᠤᠯᠠᠭᠠᠯᠠᠭ᠎ᠠ᠂ ᠪᠣᠬᠢᠷ ᠤᠰᠤ᠂ ᠴᠠᠬᠢᠯᠭᠠᠨ ᠤ ᠭᠤᠤᠷᠰᠤᠨ ᠬᠤᠩᠬᠢᠯ ᠪᠠ ᠪᠠᠶᠢᠭᠠᠯᠢ ᠶᠢᠨ ᠰᠢᠲᠠᠮᠠᠬᠠᠢ ᠬᠡᠢ ᠶᠢᠨ ᠭᠤᠤᠷᠰᠤᠨ ᠬᠤᠭᠤᠯᠠᠢ ᠶᠢ 33 ᠺᠢᠯᠦᠮᠧᠲᠷ ᠳᠡᠪᠢᠰᠴᠦ᠂ ᠬᠠᠳᠠᠭᠤ ᠪᠡᠶᠡᠳᠦ ᠬᠠᠶᠠᠭᠳᠠᠮᠠᠯ ᠪᠤᠳᠠᠰ ᠤᠨ ᠲᠠᠯᠠᠪᠤᠷ1 ᠲᠠᠯᠠᠪᠤᠷ ᠪᠠᠶᠢᠭᠤᠯᠵᠤ᠂ ᠪᠠᠶᠠᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠮᠡᠷᠭᠡᠵᠢᠯ ᠦᠭᠡᠷᠡᠴᠢᠯᠡᠬᠦ ᠢᠨᠵᠧᠨᠧᠷᠢᠩ ᠢ ᠲᠣᠭᠳᠠᠭᠤᠨ ᠢᠶᠠᠷ ᠳᠦᠯᠬᠢᠨ ᠠᠬᠢᠭᠤᠯᠵᠤ᠂ 4 ᠰᠠᠭᠤᠷᠢ 220kv᠎ ᠤᠨ᠂ 5 ᠰᠠᠭᠤᠷᠢ110kv᠎ ᠤᠨ ᠬᠦᠴᠦᠳᠡᠯ ᠦᠭᠡᠷᠡᠴᠢᠯᠡᠬᠦ ᠢᠨᠵᠧᠨᠧᠷᠢᠩ ᠶᠢ ᠢᠳᠡᠪᠬᠢᠯᠡᠨ ᠳᠦᠯᠬᠢᠵᠦ ᠪᠠᠶᠢᠨ᠎ᠠ᠃《 ᠵᠢᠨᠢᠩ--- ᠪᠡᠭᠡᠵᠢᠩ》ᠴᠡᠭ ᠴᠡᠭ ᠲᠠᠢ ᠬᠠᠷᠠᠭᠠᠯᠵᠠᠬᠤ144 ᠭᠤᠤᠯ ᠬᠤᠣᠰ ᠴᠢᠭᠯᠡᠯᠳᠦ ᠵᠠᠮ ᠤᠨ ᠳᠤᠰᠬᠠᠢ ᠬᠡᠷᠡᠯ ᠲᠠᠲᠠᠯᠠᠭ᠎ᠠ ᠳᠠᠷᠤᠶᠢᠬᠠᠨ ᠬᠡᠷᠡᠭᠯᠡᠯᠳᠡ ᠳᠤ ᠣᠷᠤᠬᠤ ᠪᠣᠯᠤᠨ᠎ᠠ᠂ ᠬᠤᠸᠠ ᠸᠧᠢ ᠬᠤᠶᠠᠳᠤᠭᠠᠷ ᠬᠤᠭᠤᠴᠠᠭ᠎ᠠ᠂ ᠠ ᠯᠢ ᠪᠠ ᠪᠠ ᠲᠤᠭ᠎ᠠ ᠪᠠᠷᠢᠮᠳᠠ ᠶᠢᠨ ᠳᠦᠪ ᠪᠠᠷᠢᠯᠭ᠎ᠠ ᠡᠬᠢᠯᠡᠵᠦ᠂ ᠠᠯᠮᠤᠷᠠᠳ᠂ ᠢᠦ ᠺᠧ ᠳ᠋ᠧ᠂ ᠲᠤᠩ ᠵᠸᠤ ᠬᠤᠢ ᠲᠤᠩ᠂ ᠶᠠ ᠰᠢᠨ ᠡᠭᠦᠳᠦᠨ ᠪᠦᠳᠦᠭᠡᠬᠦ ᠲᠤᠭ᠎ᠠ ᠪᠠᠷᠢᠮᠳᠠ ᠶᠢᠨ ᠳᠦᠪ ᠵᠡᠷᠭᠡ ᠤᠯᠤᠰ ᠤᠨ ᠳᠤᠳᠤᠭᠠᠳᠤ ᠭᠠᠳᠠᠭᠠᠳᠤ ᠶᠢᠨ ᠨᠡᠷᠡᠳᠦ ᠠᠵᠤ ᠠᠬᠤᠶᠢᠯᠠᠯ ᠵᠠᠯᠭᠠᠭ᠎ᠠ ᠵᠠᠯᠭᠠᠭ᠎ᠠ ᠪᠠᠷ ᠰᠠᠭᠤᠷᠢᠰᠢᠵᠤ᠂ ᠬᠤᠸᠠ ᠲᠠᠩ᠂ ᠪᠦᠸᠧ ᠶᠦᠸᠧ᠂ ᠬᠤᠩ ᠯᠢᠶᠠᠨ ᠵᠡᠷᠭᠡ ᠭᠠᠳᠠᠭᠠᠳᠤ ᠳᠠᠭᠤᠳᠠᠯᠭ᠎ᠠ ᠶᠢᠨ ᠦᠢᠯᠡᠴᠢᠯᠡᠭᠡ ᠳᠦᠷᠭᠡᠨ ᠬᠦᠭᠵᠢᠵᠦ᠂ ᠲᠣᠮᠤ ᠳ᠋ᠠᠶᠢᠲ᠋ᠠ ᠶᠢᠨ ᠦᠢᠯᠡᠴᠢᠯᠡᠭᠦᠷ ᠤᠨ ᠳᠦᠯᠦᠪᠯᠡᠭᠡ ᠶᠢᠨ ᠬᠡᠪᠴᠢᠶᠡᠵᠢᠯ 100 ᠳᠦᠮᠡᠨ ᠰᠠᠭᠤᠷᠢ ᠳᠤ ᠬᠦᠷᠴᠦ《ᠳᠤᠮᠳᠠᠳᠤ ᠤᠯᠤᠰ ᠤᠨ ᠬᠠᠮᠤᠭ ᠲᠣᠬᠢᠷᠠᠮᠵᠢᠲᠠᠢ ᠪᠡᠯᠡ  ᠲᠣᠮᠤ ᠳ᠋ᠠᠶᠢᠲ᠋ᠠ ᠶᠢᠨ ᠦᠢᠯᠡᠰ ᠲᠤ ᠣᠷᠤᠭᠤᠯᠬᠤ ᠬᠤᠳᠠ》᠂《ᠡᠮᠤᠨᠡᠳᠦ ᠶᠢᠨ ᠭᠦᠢ ᠶᠠᠩ᠂ ᠤᠮᠠᠷᠠᠳᠤ ᠶᠢᠨ ᠤᠯᠠᠭᠠᠨᠴᠠᠪ》ᠬᠦᠭᠵᠢᠯᠳᠡ ᠶᠢᠨ ᠳᠦᠰᠦᠪ ᠤᠯᠠᠮ ᠨᠢᠭᠡ ᠠᠯᠬᠤᠮ ᠪᠠᠳᠤᠵᠢᠭᠤᠯᠵᠤ᠂ ᠳᠦᠷᠦ ᠶᠢᠨ ᠶᠠᠪᠤᠳᠠᠯ ᠤᠨ ᠬᠤᠷᠢᠶᠠᠨ ᠤ ᠰᠠᠶᠢᠰᠢᠶᠠᠯᠲᠠ ᠶᠢ ᠣᠯᠣᠭᠰᠠᠨ ᠪᠠᠶᠢᠨ᠎ᠠ᠃ ᠪᠠᠶᠢᠭᠠᠯᠢᠯᠢᠭ ᠢᠳᠡᠭᠡᠨ ᠤ ᠪᠣᠯᠪᠠᠰᠤᠷᠠᠭᠤᠯᠤᠯᠲᠠ ᠶᠢᠨ ᠬᠦᠭᠵᠢᠯᠳᠡ ᠢᠳᠡ ᠬᠦᠴᠦᠳᠡᠢ ᠶᠠᠪᠤᠭᠳᠠᠵᠤ᠂  ᠰᠢᠤᠸᠢ ᠶᠤᠸᠠᠨ ᠰᠦᠨ ᠦᠢᠯᠡᠰ᠂ ᠳ᠋ᠦᠡᠭ ᠯᠠᠢ ᠱᠦᠨ ᠵᠢᠩᠬᠢᠨᠢ ᠪᠠᠷ ᠠᠰᠢᠭᠯᠠᠯᠲᠠ ᠳᠤ ᠣᠷᠤᠵᠤ᠂ ᠴᠢᠦ ᠱᠢ ᠠᠮᠢᠳᠤ ᠪᠤᠳᠠᠰ ᠤᠨ ᠺᠤᠮᠫᠠᠨᠢ ᠎ ᠨᠢ ᠲᠣᠨᠤᠭ ᠳᠦᠬᠦᠭᠡᠷᠦᠮᠵᠢ ᠣᠷᠤᠭᠤᠯᠤᠨ ᠤᠭᠰᠠᠷᠠᠬᠤ ᠱᠠᠳᠤᠨ ᠳᠤ ᠣᠷᠤᠵᠤ᠂  ᠮᠸᠡᠭ ᠭᠧᠨ ᠱᠠᠨ ᠦᠭᠡᠬᠦ ᠳᠣᠰᠤᠨ ᠤ ᠺᠣᠮᠫᠠᠨᠢ ᠎ ᠨᠢ ᠪᠦᠬᠦ ᠲᠠᠯ᠎ᠠ ᠪᠠᠷ ᠠᠵᠢᠯ ᠢᠶᠠᠨ ᠡᠬᠢᠯᠡᠭᠦᠯᠪᠡ᠃ ᠰᠢᠨ᠎ᠡ ᠡᠨᠧᠷᠬᠢ ᠰᠢᠨ᠎ᠡ ᠮᠠᠲ᠋ᠧᠷᠢᠶᠠᠯ ᠤᠨ ᠬᠤᠷᠠᠨ ᠴᠣᠭᠯᠠᠷᠠᠬᠤ ᠦᠢᠯᠡᠳᠦᠯ ᠤᠯᠠᠮ ᠨᠢᠭᠡ ᠠᠯᠬᠤᠮ ᠲᠣᠪᠤᠶᠢᠨ ᠢᠯᠡᠷᠡᠵᠦ᠂ ᠬᠠᠢ ᠯᠢ ᠬᠤᠶᠠᠳᠤᠭᠠᠷ ᠬᠤᠭᠤᠴᠠᠭ᠎ᠠ ᠲᠣᠷᠰᠢᠨ ᠬᠡᠷᠡᠭᠯᠡᠵᠦ ᠡᠬᠢᠯᠡᠨ᠂ ᠳ᠋ᠦᠡᠭ ᠶᠠᠩ ᠭᠤᠸᠠᠩ ᠬᠤᠸᠠ ᠴᠧᠩ ᠪᠦᠸᠧ ᠠᠮᠵᠢᠯᠲᠠ ᠲᠠᠢ ᠶᠠᠪᠤᠭᠳᠠᠵᠤ᠂ ᠮᠦᠸᠧ ᠱᠧᠩ ᠲᠧᠭᠨᠢᠭ ᠮᠡᠷᠭᠡᠵᠢᠯ᠂ ᠬᠤᠸᠠ ᠷᠦᠢ ᠳᠦᠷᠪᠡᠳᠦᠭᠡᠷ ᠬᠤᠭᠤᠴᠠᠭ᠎ᠠ ᠠᠬᠢᠴᠠ ᠪᠠᠨ ᠳᠦᠷᠭᠡᠳᠭᠡᠨ ᠤᠷᠤᠭᠰᠢᠯᠠᠵᠤ ᠪᠠᠶᠢᠨ᠎ᠠ᠃ ᠳᠡᠭᠡᠳᠦ ᠳᠡᠰ ᠤᠨ ᠲᠣᠨᠤᠭ ᠳᠦᠬᠦᠭᠡᠷᠦᠮᠵᠢ ᠦᠢᠯᠡᠳᠬᠦ ᠲᠠᠯ᠎ᠠ ᠳᠤ ᠬᠠᠩᠭᠠᠮᠵᠢ ᠲᠠᠢ ᠪᠡᠯᠡᠳᠭᠡᠯ ᠬᠢᠵᠦ᠂ ᠵᠢᠩ ᠰᠢ ᠡᠨᠧᠷᠬᠢ ᠪᠠᠶᠢᠭᠤᠯᠬᠤ ᠪᠠᠷ ᠪᠡᠯᠡᠳᠭᠡᠵᠦ᠂ ᠷᠦᠩ ᠶᠤᠤ ᠣᠶᠤᠨᠴᠢ ᠮᠠᠰᠢᠨ ᠬᠦᠮᠦᠨ  ᠶᠠᠭ ᠰᠠᠶᠢᠬᠠᠨ ᠵᠢᠩᠬᠢᠨᠢ ᠪᠠᠷ ᠰᠠᠭᠤᠷᠢᠰᠢᠵᠤ ᠪᠠᠶᠢᠨ᠎ᠠ᠃ ᠡᠮ ᠡᠮᠨᠡᠯᠭᠡ ᠶᠢᠨ ᠦᠢᠯᠡᠰ ᠳᠦᠷᠭᠡᠨ ᠬᠦᠭᠵᠢᠵᠦ᠂ ᠵᠢᠩ ᠳ᠋ᠦᠡᠭ᠂ ᠲᠢᠶᠠᠨ ᠢᠦᠢ ᠳ᠋ᠠ ᠡᠮ ᠤᠨ ᠦᠢᠯᠡᠰ ᠪᠠᠶᠢᠭᠤᠯᠤᠨ ᠬᠡᠷᠡᠭᠯᠡᠯᠳᠡ ᠳᠤ ᠣᠷᠤᠵᠤ᠂ ᠠᠮᠢᠳᠤ ᠪᠤᠳᠠᠰ ᠤᠨ ᠡᠮ ᠤᠨ ᠦᠢᠯᠡᠰ ᠤᠨ ᠬᠦᠷᠢᠶᠡᠯᠡᠩ ᠰᠠᠭᠤᠷᠢ ᠳᠦᠬᠦᠭᠡᠷᠦᠮᠵᠢ ᠪᠦᠷᠢᠳᠴᠦ᠂ ᠠᠷᠠᠯᠵᠢᠶᠠᠴᠢᠨ ᠤᠷᠢᠬᠤ ᠳᠤ ᠪᠡᠯᠡᠨ ᠪᠣᠯᠵᠠᠢ᠃  ᠣᠳᠤᠬᠢᠴᠢᠯᠠᠭᠰᠠᠨ ᠦᠢᠯᠡᠴᠢᠯᠡᠭᠡ ᠶᠢ ᠦᠭᠡᠷᠡᠴᠢᠯᠡᠨ ᠠᠬᠢᠭᠤᠯᠪᠠ᠃  ᠣᠷᠤᠨ ᠪᠠᠶᠢᠷᠢᠰᠢᠯ᠂ ᠵᠠᠮ ᠬᠠᠷᠢᠯᠴᠠᠭᠠᠨ ᠤ ᠳᠠᠪᠠᠭᠤᠯᠢᠭ ᠨᠦᠭᠦᠴᠡᠯ ᠢ ᠠᠰᠢᠭᠯᠠᠨ᠂ ᠳᠣᠯᠤᠳᠤᠭᠠᠷ ᠰᠤᠮᠤ  ᠶᠢᠨ ᠪᠤᠳᠠᠰ ᠤᠨ ᠭᠦᠢᠯᠭᠡᠭᠡᠨ ᠤ ᠰᠠᠭᠤᠷᠢᠨ ᠭᠠᠵᠠᠷ ᠤᠨ ᠨᠢᠭᠡᠳᠦᠭᠡᠷ ᠬᠤᠭᠤᠴᠠᠭ᠎ᠠ ᠎ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠪᠡᠶᠡᠯᠡᠭᠦᠯᠪᠡ᠃ ᠳᠤᠮᠳᠠᠳᠤ ᠤᠷᠤᠰ ᠤᠨ ᠡᠭᠡᠯᠵᠢ ᠶᠢᠨ ᠳᠡᠷᠭᠡ 80 ᠳᠡᠷᠭᠡ ᠬᠦᠳᠡᠯᠵᠦ᠂ 5 ᠵᠣᠷᠪᠤᠰ ᠤᠯᠠᠨ ᠤᠯᠤᠰ ᠤᠨ ᠵᠠᠮ ᠱᠣᠭᠤᠮ ᠨᠡᠪᠳᠡᠷᠡᠵᠦ᠂ ᠮᠤᠰᠺᠸᠠ ᠪᠠ ᠤᠯᠠᠭᠠᠨᠪᠠᠭᠠᠳᠤᠷ ᠪᠤᠳᠠᠰ ᠤᠨ ᠭᠦᠢᠯᠭᠡᠭᠡᠨ ᠤ ᠬᠦᠷᠢᠶᠡᠯᠡᠩ ᠢ ᠪᠠᠶᠢᠭᠤᠯᠵᠤ ᠡᠵᠡᠩᠨᠡᠬᠦ ᠦᠨᠳᠦᠰᠦᠨ ᠨᠦᠭᠦᠴᠡᠯ ᠢ ᠪᠦᠷᠢᠯᠳᠦᠭᠦᠯᠵᠡᠢ᠃B ᠬᠡᠯᠪᠡᠷᠢ ᠶᠢᠨ ᠭᠠᠶᠢᠯᠢ ᠦᠭᠡᠢ ᠪᠤᠳᠠᠰ ᠤᠨ ᠭᠦᠢᠯᠭᠡᠭᠡᠨ ᠤ ᠳᠦᠪ ᠪᠠ ᠤᠯᠠᠨ ᠤᠯᠤᠰ ᠤᠨ ᠠᠭᠠᠷ ᠤᠨ ᠠᠶᠠᠯᠠᠯ ᠤᠨ ᠬᠢᠯᠢ ᠶᠢᠨ ᠪᠣᠭᠤᠮᠲᠠ ᠶᠢ ᠭᠤᠶᠤᠴᠢᠯᠠᠬᠤ ᠠᠵᠢᠯ ᠢ ᠡᠬᠢᠯᠡᠭᠦᠯᠵᠦ᠂ ᠭᠠᠳᠠᠭᠠᠳᠤ ᠠᠷᠠᠯᠵᠢᠶᠠᠨ ᠤ  ᠣᠷᠤᠭᠤᠯᠤᠯᠲᠠ ᠭᠠᠷᠭᠠᠯᠲᠠ ᠶᠢᠨ ᠶᠡᠷᠦᠩᠬᠡᠢ ᠬᠡᠮᠵᠢᠶ᠎ᠡ ᠲᠣᠭᠳᠠᠭᠤᠨ ᠢᠶᠠᠷ ᠦᠰᠴᠦ《ᠳᠤᠮᠳᠠᠳᠤ ᠤᠯᠤᠰ ᠤᠨ ᠭᠠᠳᠠᠭᠠᠳᠤ ᠠᠷᠠᠯᠵᠢᠶᠠᠨ ᠤ ᠵᠠᠭᠤᠨ ᠬᠦᠴᠦᠷᠭᠡᠭ ᠬᠤᠳᠠ》᠎ ᠶᠢᠨ ᠡᠩᠨᠡᠭᠡᠨ ᠳᠤ ᠣᠷᠤᠵᠠᠢ᠃ ᠤᠮᠠᠷᠠᠳᠤ ᠣᠷᠤᠨ ᠤ ᠡᠬᠡ ᠬᠠᠭᠤᠷᠠᠢ ᠶᠢᠨ ᠭᠠᠷᠠᠮ ᠤᠨ ᠬᠤᠶᠠᠳᠤᠭᠠᠷ ᠬᠤᠭᠤᠴᠠᠭ᠎ᠠ ᠶᠢ ᠳᠦᠷᠭᠡᠨ ᠳᠦᠯᠬᠢᠨ ᠠᠬᠢᠭᠤᠯᠵᠤ᠂ ᠠᠮᠵᠢᠯᠲᠠ ᠲᠠᠢ ᠪᠠᠷ《ᠳᠡᠷᠭᠡ ᠦᠭᠡᠢ ᠳᠡᠭᠡᠭᠡᠪᠦᠷᠢ》᠎ ᠶᠢᠨ ᠲᠣᠷᠰᠢᠨ ᠬᠡᠷᠡᠭᠯᠡᠬᠦ ᠴᠡᠭ᠂《ᠭᠤᠷᠪᠠᠨ ᠤᠯᠠᠭᠠᠨ ︵ᠤᠯᠠᠭᠠᠨᠴᠠᠪ᠂ ᠤᠯᠠᠭᠠᠨᠪᠠᠭᠠᠳᠤᠷ᠂ ᠤᠯᠠᠭᠠᠨ ᠡᠭᠦᠳᠡ︶᠎ ᠳᠤ ᠰᠠᠭᠠᠳ ᠦᠭᠡᠢ ᠨᠡᠪᠳᠡᠷᠡᠬᠦ ᠵᠠᠮ》ᠳᠡᠭᠡᠭᠡᠪᠦᠷᠢ ᠶᠢᠨ ᠵᠦᠪᠰᠢᠶᠡᠷᠡᠯ ᠢ ᠣᠯᠵᠠᠢ᠃ ᠠᠮᠵᠢᠯᠲᠠ ᠲᠠᠢ ᠪᠠᠷ ᠤᠯᠤᠰ ᠤᠨ ᠳᠡᠰ ᠤᠨ ᠠᠩᠬᠠᠨ ᠤ ᠪᠦᠯᠦᠭ ᠡᠬᠡ ᠬᠠᠭᠤᠷᠠᠢ ᠶᠢᠨ ᠭᠠᠷᠠᠮ ᠤᠨ ᠬᠡᠯᠪᠡᠷᠢᠳᠦ ᠪᠤᠳᠠᠰ ᠤᠨ ᠭᠦᠢᠯᠭᠡᠭᠡᠨ ᠤ ᠠᠭᠤᠯᠵᠠᠪᠤᠷᠢ ᠪᠠ ᠠᠴᠢᠶᠠᠯᠠᠭᠴᠢ ᠬᠤᠳᠠ ᠪᠣᠯᠵᠤ᠂ ᠳᠦᠪᠯᠡᠷᠡᠩᠭᠦᠢ ᠬᠠᠳᠠᠭᠠᠯᠠᠨ ᠪᠤᠯᠪᠠᠰᠤᠷᠠᠭᠤᠯᠤᠯᠲᠠ᠂ ᠪᠤᠳᠠᠰ ᠤᠨ ᠭᠦᠢᠯᠭᠡᠭᠡᠨ ᠤ ᠬᠦᠷᠭᠡᠯᠲᠡ᠂ ᠰᠤᠷᠠᠭ ᠵᠠᠩᠬᠢ ᠶᠢᠨ ᠦᠢᠯᠡᠴᠢᠯᠡᠭᠡ᠂ ᠶᠡᠷᠦᠩᠬᠡᠶᠢᠯᠡᠭᠰᠡᠨ ᠢᠵᠢ ᠪᠦᠷᠢᠳᠦᠭᠰᠡᠨ ᠲᠣᠨᠤᠭ ᠢᠶᠠᠷ ᠨᠢᠭᠡ ᠴᠣᠭᠴᠠ ᠪᠣᠯᠭᠠᠭᠰᠠᠨ ᠵᠢᠨᠢᠩ ᠤᠨ ᠪᠣᠳᠠᠰ ᠤᠨ ᠭᠦᠢᠯᠭᠡᠭᠡᠨ ᠤ ᠳᠦᠪ ᠶᠠᠭ ᠰᠠᠶᠢᠬᠠᠨ ᠪᠦᠷᠢᠯᠳᠦᠵᠦ ᠪᠠᠶᠢᠨ᠎ᠠ᠃ ᠵᠢᠨᠢᠩ ᠤᠨ ᠤᠯᠠᠨ ᠤᠯᠤᠰ ᠤᠨ ᠠᠷᠠᠰᠤᠨ ᠡᠳ᠋ᠯᠡᠯ ᠤᠨ ᠬᠤᠳᠠ ᠶᠢᠨ ᠪᠦᠬᠦ ᠵᠢᠯ ᠤᠨ ᠡᠵᠡᠩᠨᠡᠯᠳᠡ ᠶᠢᠨ ᠣᠷᠤᠯᠭ᠎ᠠ 5.4 ᠳ᠋ᠥᠩᠰᠢᠭᠤᠷ ᠲᠥᠬᠦᠷᠢᠭ ᠬᠦᠷᠴᠦ《ᠲᠠᠯ᠎ᠠ ᠨᠤᠲᠤᠭ ᠤᠨ ᠠᠷᠠᠰᠤᠨ ᠤ ᠳᠦᠪ》᠎ ᠤᠨ ᠨᠥᠯᠦᠭᠡ ᠲᠤᠰᠬᠠᠯ ᠲᠠᠰᠤᠷᠠᠯᠲᠠ ᠦᠭᠡᠢ ᠦᠷᠭᠡᠳᠴᠠᠢ᠃ ᠭᠠᠳᠠᠨ᠎ᠠ ᠠᠴᠠ ᠸᠠᠨ ᠳ᠋ᠠ᠂ ᠬᠤᠩ ᠰᠢᠩ ᠮᠸᠢ ᠺᠠᠢ ᠯᠦᠩ ᠵᠡᠷᠭᠡ ᠳᠣᠯᠤᠭᠠᠶᠢᠯᠠᠭᠴᠢ ᠠᠵᠤ ᠠᠬᠤᠶᠢᠯᠠᠯ ᠢ ᠤᠷᠢᠨ ᠪᠡᠯᠡ ᠣᠷᠤᠭᠤᠯᠵᠤ᠂ ᠳᠡᠭᠡᠳᠦ ᠳᠡᠰ ᠤᠨ ᠬᠤᠳᠠᠯᠳᠤᠭᠠᠨ ᠤ ᠶᠡᠷᠦᠩᠬᠡᠶᠢᠯᠡᠭᠰᠡᠨ ᠴᠤᠭᠴᠨ ᠶᠢ ᠪᠦᠳᠦᠭᠡᠨ ᠪᠠᠶᠢᠭᠤᠯᠵᠤ᠂ ᠸᠧᠨ ᠳ᠋ᠧ ᠮᠦ ᠵᠡᠷᠭᠡ ᠣᠳᠤᠨ ᠳᠡᠰ ᠤᠨ ᠪᠠᠭᠤᠳᠠᠯ ᠤᠨ ᠳᠦᠷᠦᠯ ᠵᠦᠢᠯ ᠪᠠᠶᠢᠭᠤᠯᠬᠤ ᠶᠢ ᠳᠦᠷᠭᠡᠳᠭᠡᠵᠦ᠂ ᠵᠢᠨᠢᠩ ᠤᠨ ᠡᠷᠳᠡᠨ ᠤ ᠬᠤᠲᠠ᠂ ᠴᠠᠬᠠᠷ ᠡᠷᠳᠡᠨ ᠤ ᠵᠡᠭᠡᠯᠢ᠂ ᠵᠢᠨᠢᠩ ᠵᠠᠮ ᠢᠳᠡᠭᠡᠨ ᠤ ᠵᠡᠭᠡᠯᠢ ᠵᠡᠷᠭᠡ ᠶᠢᠨ ᠪᠡᠯᠡ ᠣᠷᠤᠭᠤᠯᠬᠤ ᠠᠵᠢᠯ ᠢ ᠡᠮᠬᠢ ᠴᠡᠭᠴᠡ ᠲᠠᠢ ᠪᠠᠷ ᠦᠷᠨᠢᠭᠦᠯᠵᠦ ᠤᠯᠠᠮ ᠨᠢᠭᠡ ᠠᠯᠬᠤᠮ  ᠬᠦᠷ ᠬᠦᠭᠵᠢᠶᠡᠨ ᠢᠶᠠᠷ ᠪᠢᠯᠬᠠᠭᠰᠠᠨ ᠠᠷᠠᠯᠵᠢᠶ᠎ᠠ ᠬᠤᠳᠠᠯᠳᠤᠭᠠᠨ ᠤ ᠠᠭᠤᠷ ᠠᠮᠢᠰᠬᠤᠯ ᠢ ᠪᠣᠢ ᠪᠣᠯᠭᠠᠵᠤ ᠪᠠᠶᠢᠨ᠎ᠠ᠃ ᠬᠤᠪᠢᠰᠬᠠᠯ ᠤᠨ ᠵᠣᠭᠠᠴᠠᠯ ᠤᠨ ᠦᠢᠯᠡᠰ ᠤᠯᠠᠮ ᠬᠦᠭᠵᠢᠵᠦ《ᠵᠢᠨᠢᠩ ᠤᠨ ᠪᠠᠶᠢᠯᠳᠤᠭᠠᠨ》ᠡᠬᠢᠯᠡᠵᠦ ᠵᠢᠷᠤᠭᠯᠠᠨ᠂ ᠵᠢᠨᠢᠩ ᠤᠨ ᠬᠤᠪᠢᠰᠬᠠᠯᠳᠤ ᠳᠣᠷᠠᠰᠬᠠᠯ ᠤᠨ ᠬᠦᠷᠢᠶᠡᠯᠡᠩ ᠨᠢ ᠳᠤᠮᠳᠠᠳᠤ ᠤᠯᠤᠰ ᠤᠨ ᠵᠣᠭᠠᠴᠠᠯ ᠤᠨ ᠦᠢᠯᠡᠰ ᠤᠨ ᠨᠥᠯᠦᠭᠡ ᠲᠣᠰᠬᠠᠯ ᠲᠠᠢ ᠦᠵᠡᠮᠵᠢ ᠶᠢᠨ ᠣᠷᠤᠨ ᠪᠣᠯᠵᠠᠢ᠃ ᠳᠤᠮᠳᠠᠳᠤ ᠤᠯᠤᠰ ᠤᠨ ᠦᠢᠯᠡᠰ ᠪᠣᠰᠬᠠᠬᠤ ᠰᠢᠨ᠎ᠡ ᠶᠢ ᠡᠭᠦᠳᠬᠦ ᠦᠵᠡᠰᠭᠦᠯᠡᠩ᠂ ᠳᠤᠮᠳᠠᠳᠤ ᠤᠷᠤᠰ ᠮᠤᠩᠭᠤᠯ ᠤᠨ ᠠᠮᠳᠠᠳᠤ ᠢᠳᠡᠭᠡᠨ ᠤ ᠪᠠᠶᠠᠷ ᠵᠡᠷᠭᠡ ᠨᠢᠭᠡ ᠪᠦᠯᠦᠭ ᠰᠣᠶᠣᠯ ᠵᠣᠭᠠᠴᠠᠯ ᠠᠷᠠᠯᠵᠢᠶᠠᠨ ᠤ ᠠᠵᠢᠯᠯᠠᠭ᠎ᠠ ᠶᠢ ᠠᠮᠵᠢᠯᠲᠠ ᠡᠷᠬᠢᠯᠡᠨ ᠶᠠᠪᠤᠭᠳᠠᠭᠤᠯᠵᠤ᠂ ᠬᠤᠳᠠ ᠶᠢᠨ ᠨᠥᠯᠦᠭᠡ ᠲᠣᠰᠬᠠᠯ ᠪᠠ ᠲᠠᠲᠠᠬᠤ ᠬᠦᠴᠦ ᠶᠢ ᠳᠡᠭᠡᠭᠰᠢᠯᠡᠭᠦᠯᠦᠭᠰᠡᠨ ᠪᠠᠶᠢᠨ᠎ᠠ᠃     ᠨᠢᠭᠡ ᠵᠢᠯ ᠤᠨ ᠲᠣᠷᠰᠢ᠂ ᠪᠢᠳᠡ ᠬᠦᠴᠦ ᠪᠠᠨ ᠳᠦᠪᠯᠡᠷᠡᠭᠦᠯᠦᠨ《ᠰᠠᠭᠤᠷᠢ ᠪᠠᠨ ᠪᠠᠬᠢᠯᠡᠨ ᠴᠢᠳᠠᠮᠵᠢ ᠪᠠᠨ ᠳᠡᠯᠡᠵᠦ》ᠬᠤᠳᠠ ᠶᠢᠨ ᠪᠦᠳᠦᠭᠡᠨ ᠪᠠᠶᠢᠭᠤᠯᠤᠯᠳᠠ ᠶᠢᠨ ᠰᠢᠨ᠎ᠡ ᠳᠦᠷᠢ ᠳᠦᠷᠬᠦ ᠶᠢ ᠦᠵᠡᠭᠦᠯᠪᠡ᠃ ᠰᠢᠨ᠎ᠡ ᠬᠡᠯᠪᠡᠷᠢ ᠶᠢᠨ ᠬᠤᠳᠠ ᠪᠠᠯᠭᠠᠰᠤᠴᠢᠯᠠᠯᠲᠠ ᠶᠢᠨ ᠠᠵᠢᠯ ᠤᠨ ᠭᠤᠤᠯᠳᠠᠯᠭ᠎ᠠ〈ᠪᠠᠶᠢᠭᠤᠯᠬᠤ ᠪᠠᠷ ᠭᠤᠤᠯ〉ᠪᠣᠯᠭᠠᠵᠤ ᠪᠠᠶᠢᠭᠰᠠᠨ ᠠᠴᠠ〈ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ〉᠎ ᠳᠤ ᠤᠯᠠᠷᠢᠨ ᠬᠤᠪᠢᠷᠠᠵᠠᠢ᠃ ᠳᠦᠯᠦᠪᠯᠡᠭᠡ ᠪᠠᠨ ᠨᠡᠩ ᠢᠯᠡᠭᠦᠦ ᠪᠦᠷᠢᠨᠰᠢᠭᠦᠯᠪᠡ᠃ 〈ᠤᠯᠠᠨ ᠳᠦᠷᠢᠮ ᠢ ᠬᠠᠮᠳᠤᠳᠬᠠᠬᠤ〉᠎ ᠶᠢ ᠯᠠᠪᠳᠠᠭᠤᠨ ᠢᠶᠠᠷ ᠳᠦᠯᠬᠢᠨ ᠠᠬᠢᠭᠤᠯᠵᠤ᠂《ᠤᠯᠠᠭᠠᠨᠴᠠᠪ ᠬᠤᠳᠠ ᠶᠢᠨ ᠬᠤᠳᠠ ᠶᠢᠨ ᠶᠡᠷᠦᠩᠬᠡᠢ ᠳᠦᠯᠦᠪᠯᠡᠭᠡ ︵2011-2030︶》《 ᠤᠯᠠᠭᠠᠨᠴᠠᠪ ᠬᠤᠳᠠ ᠶᠢᠨ ᠮᠠ ᠯᠢᠶᠠᠨ ᠴᠢᠦᠢ ᠰᠢᠶᠠᠩ ᠰᠢᠨ᠎ᠡ ᠪᠠᠯᠭᠠᠰᠤ ᠶᠢᠨ ᠳᠦᠪ ᠤᠨ ᠶᠡᠷᠦᠩᠬᠡᠢ ᠳᠦᠯᠦᠪᠯᠡᠭᠡ ︵2011-2030︶》ᠪᠠ《 ᠦᠪᠦᠷ ᠮᠤᠩᠭᠤᠯ ᠤᠨ ᠴᠠᠬᠠᠷ ᠠᠵᠤ ᠦᠢᠯᠡᠳᠪᠦᠷᠢ ᠶᠢᠨ ᠲᠣᠭᠤᠷᠢᠭ ᠤᠨ ᠶᠡᠷᠦᠩᠬᠡᠢ ᠳᠦᠯᠦᠪᠯᠡᠭᠡ ︵2014-2030︶》᠎ ᠶᠢ ᠵᠠᠰᠠᠨ ᠨᠠᠶᠢᠷᠠᠭᠤᠯᠵᠤ ᠪᠠᠷᠠᠨ᠂ ᠴᠠᠬᠠᠷ ᠠᠵᠤ ᠦᠢᠯᠡᠳᠪᠦᠷᠢ ᠶᠢᠨ ᠲᠣᠭᠤᠷᠢᠭ ᠤᠨ ᠠᠵᠤ ᠦᠢᠯᠡᠰ ᠤᠨ ᠪᠠᠶᠢᠷᠢᠯᠠᠭᠤᠯᠤᠯᠲᠠ ᠪᠠ ᠰᠠᠭᠤᠷᠢ ᠲᠣᠨᠤᠭ ᠳᠦᠬᠦᠭᠡᠷᠦᠮᠵᠢ ᠵᠡᠷᠭᠡ ᠳᠤᠰᠬᠠᠢ ᠳᠦᠯᠦᠪᠯᠡᠭᠡ ᠶᠢ ᠦᠷᠨᠢᠭᠦᠯᠵᠡᠢ᠃《ᠤᠯᠠᠭᠠᠨᠴᠠᠪ ᠬᠤᠳᠠ ᠶᠢᠨ ᠭᠤᠤᠯ ᠪᠠᠶᠢᠷᠢᠰᠢᠯ ᠳᠤ ᠪᠠᠶᠢᠭ᠎ᠠ ᠬᠤᠳᠠ ᠶᠢᠨ ᠭᠤᠤᠯ ᠤᠨ ᠵᠡᠭᠦᠨ ᠡᠮᠦᠨ᠎ᠡ ᠬᠤᠶᠢᠳᠤ ᠬᠡᠰᠡᠭ ᠤᠨ ᠡᠵᠡᠮᠰᠢᠯᠳᠦ ᠴᠢᠨᠠᠷ ᠤᠨ ᠨᠠᠷᠢᠯᠢᠭ ᠳᠦᠯᠦᠪᠯᠡᠭᠡ ︵2018-2030︶》ᠪᠠ ᠣᠲᠣ ᠦᠶ᠎ᠡ ᠎ ᠶᠢᠨ ᠪᠠᠷᠠᠭ᠎ᠠ ᠰᠣᠯᠢᠯᠴᠠᠭᠠᠨ ᠤ ᠲᠣᠭᠤᠷᠢᠭ ᠤᠨ20 ᠺᠦᠸᠠᠲ ᠺᠢᠯᠤᠮᠧᠲᠷ ᠡᠵᠡᠮᠰᠢᠯᠳᠦ ᠴᠢᠨᠠᠷ ᠤᠨ ᠨᠠᠷᠢᠯᠢᠭ ᠳᠦᠷᠢᠮᠳᠦ ᠨᠠᠶᠢᠷᠠᠭᠤᠯᠤᠨ ᠦᠢᠯᠡᠳᠬᠦ ᠠᠵᠢᠯ ᠢ ᠡᠬᠢᠯᠡᠭᠦᠯᠵᠦ᠂ ᠬᠠᠭᠤᠴᠢᠨ ᠬᠤᠳᠠ ᠲᠣᠭᠤᠷᠢᠭ ᠤᠨ36 ᠺᠦᠸᠠᠲ ᠺᠢᠯᠤᠮᠧᠲᠷ ᠭᠠᠵᠠᠷ ᠳᠤᠤᠷᠠᠬᠢ ᠭᠤᠤᠷᠰᠤ ᠤᠳᠠᠰᠤ ᠶᠢ ᠨᠡᠶᠢᠳᠡᠮ ᠪᠠᠶᠢᠴᠠᠭᠠᠬᠤ ᠪᠠ ᠬᠤᠳᠠ ᠶᠢᠨ ᠭᠠᠵᠠᠷ ᠵᠦᠢ ᠶᠢᠨ ᠰᠤᠷᠠᠭ ᠵᠠᠩᠬᠢ ᠶᠢᠨ ᠰᠢᠰᠲ᠋ᠧᠮ ᠠᠵᠢᠯ ᠢ ᠪᠡᠶᠡᠯᠡᠭᠦᠯᠵᠤ᠂ ᠬᠤᠳᠠ ᠶᠢᠨ ᠳᠦᠪ ᠤᠨ ᠡᠵᠡᠮᠰᠢᠯᠳᠦ ᠳᠦᠷᠢᠮ ᠪᠦᠬᠦ ᠲᠠᠯ᠎ᠠ ᠶᠢᠨ ᠪᠦᠷᠬᠦᠯᠲᠡ ᠶᠢ ᠭᠦᠢᠴᠡᠳᠭᠡᠪᠡ᠃ ᠬᠤᠳᠠ ᠶᠢᠨ ᠪᠦᠳᠦᠭᠡᠨ ᠪᠠᠶᠢᠭᠤᠯᠤᠯᠳᠠ ᠶᠢ ᠦᠷᠭᠦᠯᠵᠢᠯᠡᠨ ᠳᠦᠯᠬᠢᠨ ᠠᠬᠢᠭᠤᠯᠪᠡ᠃  ᠨᠠᠨ ᠱᠠ ᠭᠤᠤᠯ ᠤᠨ ᠦᠭᠡᠷᠡᠴᠢᠯᠡᠯᠳᠡ ᠶᠢᠨ ᠳᠦᠷᠦᠯ ᠵᠦᠢᠯ ᠤᠨ ᠲᠠᠲᠠᠪᠤᠷᠢᠯᠠᠨ ᠬᠤᠷᠢᠶᠠᠬᠤ ᠠᠵᠢᠯ ᠦᠨᠳᠦᠰᠦᠨ ᠳᠤ ᠪᠠᠨ ᠪᠡᠶᠡᠯᠡᠭᠦᠯᠵᠦ᠂ ᠲᠧᠭᠨᠢᠭ ᠮᠡᠷᠭᠡᠵᠢᠯ ᠤᠨ ᠣᠷᠳᠤᠨ᠂ ᠮᠦᠽᠸᠢ ᠶᠢᠨ ᠪᠦᠳᠦᠭᠡᠨ ᠪᠠᠶᠢᠭᠤᠯᠤᠯᠳᠠ  ᠰᠡᠭᠦᠯ ᠰᠢᠪᠳᠤᠷᠬᠤ ᠣᠶᠢᠷᠠᠳᠴᠠᠢ᠃ ᠰᠢᠨ᠎ᠡ ᠪᠠᠷ ᠵᠠᠰᠠᠭᠰᠠᠨ ᠦᠭᠡᠷᠡᠴᠢᠯᠡᠵᠦ ᠵᠠᠰᠠᠭᠰᠠᠨ ᠶᠢᠨ ᠨᠢᠩ ᠨᠠᠨ ᠯᠦ ᠵᠡᠷᠭᠡ 7 ᠵᠣᠷᠪᠤᠰ ᠵᠠᠮ ᠢ ᠵᠠᠰᠠᠵᠤ᠂ ᠴᠠᠩ ᠱᠧᠩ ᠵᠡᠭᠦᠨ ᠵᠡᠭᠡᠯᠢ ᠵᠡᠷᠭᠡ 4 ᠵᠣᠷᠪᠤᠰ ᠲᠤᠲᠠᠭᠤ ᠵᠠᠰᠠᠭᠰᠠᠨ ᠵᠠᠮ ᠢ ᠵᠠᠰᠠᠵᠤ ᠨᠡᠪᠳᠡᠷᠡᠭᠦᠯᠪᠡ᠃ ᠳᠣᠯᠠᠭᠠᠯᠭ᠎ᠠ ᠪᠠ ᠪᠣᠬᠢᠷ ᠤᠰᠤᠨ ᠤ ᠭᠤᠤᠷᠰᠤ ᠵᠡᠷᠭᠡ ᠶᠢ 48.4 ᠺᠢᠯᠤᠮᠧᠲᠷ ᠳᠡᠪᠢᠰᠴᠦ᠂ ᠪᠦᠬᠦ ᠲᠣᠭᠤᠷᠢᠭ ᠤᠨ ᠭᠤᠤᠷᠰᠤᠨ ᠲᠣᠣᠷ ᠤᠨ ᠪᠦᠬᠦ ᠤᠷᠳᠤ1600 ᠺᠢᠯᠤᠮᠧᠲᠷ ᠢ ᠳᠠᠪᠠᠵᠠᠢ᠃  ᠴᠢᠬᠤᠯᠠ ᠴᠡᠭ ᠤᠨ ᠦᠵᠡᠮᠵᠢ ᠶᠢᠨ ᠭᠤᠸᠠᠯᠢᠭᠵᠢᠭᠤᠯᠬᠤ ᠢᠨᠵᠧᠨᠧᠷᠢᠩ ᠭᠦᠨᠵᠡᠭᠡᠢ ᠳᠦᠯᠬᠢᠨ ᠠᠬᠢᠭᠤᠯᠵᠤ᠂ ᠭᠤᠸᠠᠯᠢᠭᠵᠢᠭᠤᠯᠬᠤ ᠴᠢᠨᠠᠷ ᠢ ᠳᠡᠭᠡᠭᠰᠢᠯᠡᠭᠦᠯᠪᠡ᠃ ᠾᠧᠩ ᠳ᠋ᠠ᠂ ᠯᠢᠦᠢ ᠳ᠋ᠢ᠂ ᠹᠦ᠋ ᠯᠢ ᠵᠡᠷᠭᠡ ᠤᠯᠤᠰ ᠤᠨ ᠳᠤᠳᠤᠭᠠᠳᠤ ᠶᠢᠨ ᠨᠡᠷᠡᠳᠦ ᠭᠠᠵᠠᠷ ᠬᠦᠷᠦᠩᠭᠡ ᠶᠢᠨ ᠺᠤᠮᠫᠠᠨᠢ ᠦᠷᠢᠰᠦᠯᠳᠦᠨ ᠤᠷᠤᠵᠤ ᠰᠠᠭᠤᠷᠢᠰᠢᠨ᠂ ᠬᠤᠳᠠ ᠶᠢᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃《 ᠣᠶᠤᠨᠴᠢ ᠨᠡᠶᠢᠳᠡ ᠶᠢᠨ ᠮᠠᠰᠢᠨ》᠎ ᠤ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠳᠦᠯᠬᠢᠨ ᠠᠬᠢᠭᠤᠯᠵᠤ᠂ ᠰᠢᠨ᠎ᠡ ᠡᠨᠧᠷᠬᠢ ᠶᠢᠨ ᠨᠡᠶᠢᠳᠡ ᠶᠢᠨ ᠮᠠᠰᠢᠨ ᠳᠡᠷᠭᠡ 25 ᠰᠠᠭᠤᠷᠢ ᠬᠤᠳᠠᠯᠳᠤᠨ ᠠᠪᠴᠤ᠂ 8 ᠵᠣᠷᠪᠤᠰ ᠵᠠᠮ ᠢ ᠰᠢᠨ᠎ᠡ ᠪᠠᠷ ᠨᠡᠮᠡᠵᠤ ᠰᠠᠶᠢᠵᠢᠷᠠᠭᠤᠯᠪᠠ᠃ ᠨᠡᠶᠢᠳᠡ ᠶᠢᠨ ᠮᠠᠰᠢᠨ ᠳᠡᠷᠭᠡ ᠨᠡᠶᠢᠳᠡ442 ᠰᠠᠭᠤᠷᠢ ᠳᠤ ᠬᠦᠷᠦᠨ᠂ ᠨᠡᠶᠢᠳᠡ ᠶᠢᠨ ᠮᠠᠰᠢᠨ ᠳᠡᠷᠭᠡᠨ ᠵᠠᠮ ᠱᠣᠭᠤᠮ ᠨᠡᠶᠢᠳᠡ31ᠵᠣᠷᠪᠤᠰ ᠲᠤ ᠬᠦᠷᠴᠦ᠂ ᠡᠵᠡᠩᠨᠡᠯᠳᠡ ᠶᠢᠨ ᠵᠠᠮ ᠱᠣᠭᠤᠮ ᠨᠡᠶᠢᠳᠡ 687 ᠺᠢᠯᠤᠮᠧᠲᠷ ᠲᠤ ᠬᠦᠷᠴᠦ᠂ ᠬᠤᠳᠠ ᠶᠢᠨ ᠠᠷᠠᠳ ᠳᠦᠮᠡᠨ ᠤ ᠭᠠᠷᠴᠦ ᠣᠷᠤᠬᠤ ᠳᠤ ᠳᠦᠭᠦᠮ ᠨᠦᠭᠦᠴᠡᠯ ᠬᠠᠩᠭᠠᠪᠠ᠃ ᠬᠤᠳᠠ ᠬᠦᠳᠡᠭᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠪᠡ᠃ ᠤᠯᠤᠰ ᠤᠨ ᠴᠡᠴᠡᠷᠯᠢᠭᠳᠦ ᠬᠤᠳᠠ᠂ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢᠨ ᠦᠷ᠎ᠡ ᠪᠦᠳᠦᠮᠵᠢ ᠶᠢ ᠪᠠᠳᠤᠵᠢᠭᠤᠯᠵᠤ᠂ ᠰᠢᠨ᠎ᠡ ᠨᠢᠭᠡᠨ ᠡᠷᠬᠢᠯᠳᠡ ᠶᠢᠨ ᠪᠦᠬᠦ ᠤᠯᠤᠰ ᠤᠨ ᠪᠤᠯᠪᠠᠰᠤᠨ ᠬᠤᠳᠠ ᠶᠢᠨ ᠪᠦᠳᠦᠭᠡᠨ ᠪᠠᠶᠢᠭᠤᠯᠤᠯᠲᠠ ᠶᠢ ᠳᠦᠯᠬᠢᠨ ᠠᠬᠢᠭᠤᠯᠵᠤ᠂ ᠬᠤᠳᠠ ᠶᠢᠨ ᠳᠦᠷᠢ ᠳᠦᠷᠬᠦ ᠵᠠᠰᠠᠨ ᠴᠡᠭᠴᠡᠯᠡᠬᠦ᠂ ᠬᠠᠤᠯᠢ ᠪᠣᠰᠤ ᠪᠠᠷᠢᠯᠭ᠎ᠠ ᠶᠢ 2.7 ᠺᠦᠸᠠᠲ ᠮᠧᠲᠷ ᠨᠤᠷᠠᠭᠠᠨ ᠨᠡᠭᠦᠯᠭᠡᠬᠦ ᠠᠵᠢᠯ ᠢ ᠭᠦᠨᠵᠡᠭᠡᠢ ᠦᠷᠨᠢᠭᠦᠯᠵᠦ᠂ ᠡᠩᠬᠡ ᠶᠡᠭᠡ ᠵᠡᠭᠡᠯᠢ  ᠵᠡᠷᠭᠡ〈ᠲᠠᠪᠤᠨ ᠭᠤᠯᠳᠤ ᠲᠠᠪᠤᠨ ᠬᠦᠨᠳᠡᠯᠡᠨ〉ᠦᠵᠡᠮᠵᠢᠳᠦ ᠵᠢᠱᠢᠶ᠎ᠡ ᠦᠵᠡᠭᠦᠯᠬᠦ ᠵᠡᠭᠡᠯᠢ ᠶᠢ ᠪᠦᠳᠦᠭᠡᠨ ᠪᠠᠶᠢᠭᠤᠯᠵᠤ᠂ ᠨᠠᠢᠮᠠᠨ ᠭᠠᠷᠴᠤ ᠣᠷᠤᠬᠤ ᠡᠭᠦᠳᠡ ᠶᠢ  ᠳᠦᠯᠦᠪᠯᠡᠨ ᠳᠠᠭᠤᠰᠪᠠ᠃ ᠬᠦᠳᠡᠭᠡ ᠳᠤᠰᠬᠤᠨ ᠤ ᠯᠤᠪᠰᠢ᠂ ᠪᠣᠬᠢᠷ ᠤᠰᠤᠨ ᠤ ᠰᠢᠢᠳᠪᠦᠷᠢᠯᠡᠯᠳᠡ ᠪᠠ ᠳᠤᠰᠬᠤᠨ ᠳᠦᠷᠢ ᠳᠦᠷᠬᠦ ᠶᠢᠨ ᠳᠡᠭᠡᠭᠰᠢᠯᠡᠭᠦᠯᠦᠳᠡ ᠪᠠᠷ ᠭᠤᠤᠯ ᠰᠢᠪᠳᠤᠯᠤᠯᠲᠠ ᠶᠢᠨ ᠴᠢᠭᠯᠡᠯ ᠪᠣᠯᠭᠠᠵᠤ᠂ ᠬᠦᠳᠡᠭᠡ ᠳᠤᠰᠬᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠴᠡᠭᠴᠡᠯᠡᠯᠳᠡ ᠶᠢ ᠯᠠᠪᠳᠠᠭᠤᠨ ᠢᠶᠠᠷ ᠬᠢᠵᠤ᠂ ᠨᠡᠶᠢᠳᠡ ᠶᠢᠨ ᠦᠢᠯᠡᠴᠢᠯᠡᠭᠡ ᠶᠢ ᠲᠠᠰᠤᠷᠠᠯᠲᠠ ᠦᠭᠡᠢ ᠬᠦᠳᠡᠭᠡ ᠳᠤᠰᠬᠤᠨ ᠳᠤ ᠣᠷᠤᠭᠤᠯᠵᠤ᠂ ᠦᠵᠡᠰᠭᠦᠯᠡᠩᠳᠦ ᠰᠠᠶᠢᠬᠠᠨ ᠬᠦᠳᠡᠭᠡ ᠳᠣᠰᠬᠤᠨ ᠢ ᠬᠦᠴᠦᠯᠡᠨ ᠪᠦᠳᠦᠭᠡᠨ ᠪᠠᠶᠢᠭᠤᠯᠪᠠ᠃ ᠬᠤᠳᠠ ᠶᠢᠨ ᠬᠠᠮᠢᠶᠠᠷᠤᠯᠳᠠ ᠶᠢ ᠴᠢᠩᠭᠠᠳᠬᠠᠪᠡ᠃  ᠬᠤᠳᠠ ᠶᠢᠨ ᠬᠠᠮᠢᠶᠠᠷᠤᠯᠳᠠ ᠶᠢᠨ ᠳᠦᠷᠢᠮ ᠲᠣᠭᠳᠠᠭᠠᠯ ᠤᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂《 ᠵᠣᠷᠯᠤᠩ ᠤᠨ ᠬᠤᠪᠢᠰᠬᠠᠯ》᠎ ᠢ ᠳᠦᠯᠬᠢᠨ ᠠᠬᠢᠭᠤᠯᠬᠤ ᠶᠢ ᠳᠦᠷᠭᠡᠳᠭᠡᠵᠦ᠂ 20 ᠰᠠᠭᠤᠷᠢ ᠤᠰᠤ ᠪᠠᠷ ᠵᠠᠶᠢᠯᠠᠬᠤ ᠵᠤᠷᠯᠤᠩ ᠤᠨ ᠭᠠᠵᠠᠷ ᠰᠣᠩᠭᠤᠨ ᠳᠦᠯᠦᠪᠯᠡᠬᠦ ᠶᠢ ᠪᠡᠶᠡᠯᠡᠭᠦᠯᠵᠦ᠂ ᠬᠤᠭᠤᠯᠠᠨ ᠭᠡᠷ ᠤᠨ ᠯᠤᠪᠰᠢ ᠬᠤᠷᠢᠶᠠᠬᠤ ᠳᠡᠷᠭᠡ 4 ᠰᠠᠭᠤᠷᠢ ᠶᠢ ᠬᠤᠳᠠᠯᠳᠤᠨ ᠠᠪᠴᠤ᠂ ᠬᠤᠭᠤᠯᠠᠨ ᠭᠡᠷ ‍ᠦᠨ‌ᠡᠳᠦᠷ ᠳᠣᠳᠤᠮ ᠤᠨ ᠯᠤᠪᠰᠢ ᠬᠤᠷᠢᠶᠠᠨ ᠰᠢᠢᠳᠪᠦᠷᠢᠯᠡᠬᠦ ᠴᠢᠳᠠᠪᠦᠷᠢ ᠨᠢ 30 ᠳᠣᠨ ᠬᠦᠷᠴᠦ᠂ ᠤᠯᠠᠮ ᠨᠢᠭᠡ ᠠᠯᠬᠤᠮ ᠲᠣᠭᠠᠴᠢᠯᠠᠭᠰᠠᠨ ᠬᠤᠳᠠ ᠶᠢᠨ ᠬᠠᠮᠢᠶᠠᠷᠤᠯᠳᠠ ᠶᠢ ᠪᠦᠷᠢᠨᠰᠢᠭᠦᠯᠵᠦ᠂ ᠬᠤᠳᠠ ᠶᠢᠨ ᠣᠳᠤᠬᠢᠴᠢᠯᠠᠭᠰᠠᠨ ᠬᠤᠯᠠ ᠡᠵᠡᠮᠰᠢᠯᠳᠦ ᠬᠢᠨᠠᠯᠳᠠ᠂ ᠰᠢᠯᠭᠠᠯᠳᠠ᠂ ᠲᠣᠬᠢᠷᠠᠭᠤᠯᠤᠯᠲᠠ ᠵᠡᠷᠭᠡ ᠬᠠᠮᠢᠶᠠᠷᠤᠯᠳᠠ ᠶᠢᠨ ᠨᠡᠶᠢᠳᠡᠮ ᠪᠦᠷᠬᠦᠯᠲᠡ ᠶᠢ ᠪᠡᠶᠡᠯᠡᠭᠦᠯᠵᠦ᠂ ᠰᠢᠨ᠎ᠡ ᠬᠠᠭᠤᠴᠢᠨ ᠬᠤᠳᠠ ᠶᠢᠨ ᠨᠢᠭᠡ ᠴᠣᠭᠴᠠᠯᠠᠴᠢᠯᠠᠭᠰᠠᠨ᠂ ᠨᠠᠷᠢᠯᠢᠭᠵᠢᠭᠤᠯᠤᠭᠰᠠᠨ᠂ ᠲᠣᠣᠷ ᠰᠦᠯᠵᠢᠶᠡᠴᠢᠯᠡᠭᠰᠡᠨ〈ᠶᠡᠭᠡ ᠬᠤᠳᠠ ᠶᠢᠨ ᠬᠠᠮᠢᠶᠠᠷᠤᠯᠳᠠ〉᠎ ᠶᠢᠨ ᠪᠠᠶᠢᠷᠢᠰᠢᠭᠤᠯᠤᠯᠲᠠ ᠦᠨᠳᠦᠰᠦᠨ ᠳᠤ ᠪᠠᠨ ᠪᠦᠷᠢᠯᠳᠦᠭᠰᠡᠨ ᠪᠠᠶᠢᠨ᠎ᠠ  ᠃     ᠨᠢᠭᠡ ᠵᠢᠯ ᠤᠨ ᠲᠣᠷᠰᠢ᠂  ᠪᠢᠳᠡ ᠬᠦᠴᠦ ᠪᠠᠨ ᠳᠦᠪᠯᠡᠷᠡᠭᠦᠯᠦᠨ《ᠤᠷᠴᠢᠨ ᠲᠣᠭᠤᠷᠢᠨ ᠤ ᠬᠠᠮᠠᠭᠠᠯᠠᠯᠲᠠ ᠶᠢ ᠠᠳᠬᠤᠨ ᠵᠠᠰᠠᠨ ᠴᠡᠭᠴᠡᠯᠡᠬᠦ ᠶᠢ ᠴᠢᠬᠤᠯᠠᠴᠢᠯᠠᠵᠤ》ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠰᠢᠨ᠎ᠡ ᠠᠮᠵᠢᠯᠲᠠ ᠶᠢ ᠣᠯᠪᠡ᠃ ᠠᠮᠢ ᠠᠬᠤᠢ ᠶᠢᠨ ᠪᠣᠯᠪᠠᠰᠤᠨ ᠤ ᠪᠦᠳᠦᠭᠡᠨ ᠪᠠᠶᠢᠭᠤᠯᠤᠯᠲᠠ ᠶᠢᠨ ᠡᠭᠦᠷᠭᠡᠯᠡᠵᠦ ᠪᠠᠶᠢᠭ᠎ᠠ ᠤᠯᠤᠰ ᠳᠦᠷᠦ ᠶᠢᠨ ᠬᠠᠷᠢᠭᠤᠴᠠᠯᠭ᠎ᠠ ᠪᠠ ᠳᠡᠤᠬᠡᠨ ᠡᠭᠦᠷᠭᠡ ᠶᠢ ᠡᠭᠦᠷᠢᠳᠡ ᠮᠠᠷᠳᠠᠯ ᠦᠭᠡᠢ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠨ ᠴᠡᠭᠴᠡᠯᠡᠯᠳᠡ ᠶᠢ ᠴᠢᠩᠭ᠎ᠠ ᠠᠳᠬᠤᠵᠤ᠂ ᠤᠷᠴᠢᠨ ᠲᠣᠭᠤᠷᠢᠨ ᠤ ᠵᠠᠰᠠᠨ ᠴᠡᠭᠴᠡᠯᠡᠬᠦ ᠴᠢᠩᠭ᠎ᠠ ᠡᠵᠡᠮᠰᠢᠨ ᠬᠠᠮᠢᠶᠠᠷᠬᠤ ᠦᠨᠳᠦᠷ ᠳᠠᠷᠤᠴᠠᠳᠤ ᠳᠦᠯᠦᠪ ᠪᠠ ᠪᠠᠶᠢᠩᠭᠤ ᠶᠢᠨ ᠠᠵᠢᠯ ᠤᠨ ᠳᠦᠷᠢᠮ ᠲᠣᠭᠲᠠᠭᠠᠯ ᠢ ᠪᠦᠷᠢᠯᠳᠦᠭᠦᠯᠵᠡᠢ᠃ ᠬᠤᠳᠠ ᠶᠢᠨ ᠣᠶᠢᠵᠢᠭᠤᠯᠤᠯᠲᠠ ᠮᠡᠳᠡᠭᠳᠡᠮ᠎ᠡ ᠳᠡᠭᠡᠭᠰᠢᠯᠡᠪᠡ᠃ 3000 ᠮᠦ ᠶᠢᠨ ᠵᠢᠩ ᠶᠢᠨ ᠰᠠᠯᠬᠢ ᠰᠢᠭᠤᠷᠭ᠎ᠠ ᠶᠢ ᠵᠠᠰᠠᠨ ᠴᠡᠭᠴᠡᠯᠡᠯᠳᠡ ᠪᠠ 2220 ᠮᠦ ᠣᠶᠢᠵᠢᠭᠤᠯᠤᠯᠳᠠ ᠶᠢᠨ ᠡᠭᠦᠷᠭᠡ ᠶᠢ ᠦᠨᠳᠦᠷ ᠪᠠᠷᠢᠮᠵᠢᠶ᠎ᠠ ᠪᠠᠷ ᠪᠡᠶᠡᠯᠡᠭᠦᠯᠵᠦ᠂ ᠬᠤᠳᠠ ᠶᠢᠨ ᠳᠦᠪ ᠤᠨ ᠨᠣᠭᠤᠭᠠᠷᠠᠭᠤᠯᠤᠲᠠ ᠣᠶᠢᠵᠢᠭᠤᠯᠤᠯᠲᠠ ᠶᠢ ᠳᠡᠭᠡᠭᠰᠢᠯᠡᠭᠦᠯᠦᠨ ᠦᠭᠡᠷᠡᠴᠢᠯᠡᠵᠦ᠂ ᠡᠯ᠎ᠡ ᠳᠦᠷᠦᠯ ᠤᠨ ᠴᠢᠬᠢ ᠮᠣᠳᠤ 3.2 ᠳᠦᠮᠡᠨ ᠰᠠᠭᠤᠷᠢ ᠨᠦᠬᠦᠨ ᠵᠠᠶᠢᠯᠠᠵᠤ᠂ ᠨᠣᠭᠤᠭᠠᠨ ᠬᠦᠷᠦᠰᠦ ᠶᠢᠨ ᠲᠠᠯᠠᠪᠠᠢ 2600 ᠳᠦᠮᠡᠨ ᠬᠦᠸᠠᠲ ᠮᠧᠲᠷ ᠬᠦᠷᠴᠦ᠂ ᠨᠣᠭᠤᠭᠠᠨ ᠬᠦᠷᠦᠰᠦ ᠶᠢᠨ ᠨᠣᠷᠮ᠎ᠠ37.23%ᠬᠦᠷᠴᠦ᠂ ᠨᠣᠭᠤᠭᠠᠷᠠᠭᠤᠯᠤᠲᠠ ᠶᠢᠨ ᠲᠠᠯᠠᠪᠠᠢ 2800 ᠳᠦᠮᠡᠨ ᠬᠦᠸᠠᠲ ᠮᠧᠲᠷ᠂ ᠨᠣᠭᠤᠭᠠᠷᠠᠭᠤᠯᠤᠲᠠ ᠵᠢᠨ‌ᠨᠣᠷᠮ᠎ᠠ 40% ᠬᠦᠷᠪᠡ᠃ ᠴᠡᠴᠡᠷᠯᠢᠭ ᠤᠨ ᠨᠤᠭᠤᠭᠠᠨ ᠬᠦᠷᠦᠰᠦ ᠶᠢᠨ ᠳᠠᠯᠠᠪᠠᠢ786ᠳᠦᠮᠡᠨ ᠬᠦᠸᠠᠲ ᠮᠧᠲᠷ ᠪᠠᠶᠢᠵᠤ᠂ ᠬᠦᠮᠦᠨ ᠪᠦᠷᠢ ᠶᠢᠨ ᠴᠡᠴᠡᠷᠯᠢᠭ ‍ᠦᠨ‌ᠨᠤᠭᠤᠭᠠᠨ ᠬᠦᠷᠦᠰᠦ ᠶᠢᠨ ᠳᠠᠯᠠᠪᠠᠢ 26.14 ᠬᠦᠸᠠᠲ ᠮᠧᠲᠷ ᠬᠦᠷᠴᠡᠢ᠃ ᠣᠷᠴᠢᠨ ᠲᠣᠭᠤᠷᠢᠨ ᠤ ᠴᠡᠭᠴᠡᠯᠡᠯᠳᠡ ᠤᠷᠢᠳ ᠡᠮᠦᠨ᠎ᠡ ᠭᠠᠷᠤᠭ᠎ᠠ ᠦᠭᠡᠢ ᠰᠠᠶᠢᠵᠢᠷᠠᠪᠡ᠃ ᠬᠢᠬᠢᠷᠢ ᠶᠢᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠤᠨ᠂ ᠤᠰᠤᠨ ᠤ ᠡᠬᠢ ᠰᠤᠷᠪᠤᠯᠵᠢ ᠵᠡᠷᠭᠡ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠣᠷᠤᠰᠢᠵᠤ ᠪᠠᠶᠢᠭ᠎ᠠ ᠬᠠᠤᠯᠢ ᠳᠦᠷᠢᠮ ᠵᠦᠷᠢᠴᠡᠭᠰᠡᠨ 20 ᠠᠵᠤ ᠠᠬᠤᠶᠢᠯᠠᠯ ᠢ ᠡᠮᠬᠢᠳᠭᠡᠨ ᠴᠡᠭᠴᠡᠯᠡᠵᠦ᠂ ᠨᠣᠷᠠᠭᠠᠨ ᠠᠷᠢᠯᠭᠠᠵᠤ᠂ ᠬᠠᠭᠠᠵᠤ ᠵᠣᠭᠰᠤᠭᠠᠪᠠ᠃ ᠨᠢᠭᠡ ᠪᠦᠯᠦᠭ ᠠᠷᠠᠳ ᠳᠦᠮᠡᠨ ᠤ ᠬᠤᠷᠴᠠ ᠰᠢᠷᠦᠭᠦᠨ ᠳᠣᠰᠬᠠᠯ ᠲᠠᠢ᠂ ᠤᠳᠠᠭᠠᠨ ᠵᠢᠯ ᠤᠨ ᠳᠡᠤᠬᠡᠨ ᠦᠯᠡᠳᠡᠭᠳᠡᠯ ᠣᠷᠴᠢᠨ ᠲᠣᠭᠤᠷᠢᠨ ᠤ ᠠᠰᠠᠭᠤᠳᠠᠯ ᠤᠳ ᠦᠷ᠎ᠡ ᠪᠦᠳᠦᠮᠵᠢ ᠲᠠᠢ ᠰᠢᠢᠳᠪᠦᠷᠢᠯᠡᠭᠳᠡᠭᠰᠡᠨ ᠪᠠᠶᠢᠨ᠎ᠠ᠃ ᠠᠭᠠᠷ ᠤᠨ ᠪᠣᠬᠢᠷᠳᠤᠯ ᠤᠨ ᠶᠡᠷᠦᠩᠬᠡᠶᠢᠯᠡᠨ ᠵᠠᠰᠠᠬᠤ ᠠᠵᠢᠯᠯᠠᠭ᠎ᠠ ᠶᠢ ᠨᠠᠷᠢᠨ ᠬᠢᠨᠠᠮᠠᠭᠠᠢ ᠦᠷᠨᠢᠭᠦᠯᠵᠦ᠂ ᠪᠦᠬᠦ ᠲᠠᠯ᠎ᠠ ᠪᠠᠷ ᠢᠯᠴᠢ ᠵᠢᠨ‌ᠡᠨᠧᠷᠬᠢ ᠦᠢᠯᠡᠳᠪᠦᠷᠢ  ᠶᠢᠨ ᠬᠠᠭᠤᠷᠠᠢ ᠨᠡᠭᠦᠷᠡᠰᠦ ᠶᠢᠨ ᠫᠧᠩ ᠤᠨ ᠦᠭᠡᠷᠡᠴᠢᠯᠡᠯᠳᠡ ᠪᠠ ᠬᠦᠬᠦᠷ ᠦᠬᠡᠶᠢᠳᠡᠭᠦᠯᠤᠨ ᠲᠣᠭᠤᠰᠤ ᠠᠷᠢᠯᠭᠠᠬᠤ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠪᠡ᠃  ᠪᠦᠬᠦ ᠬᠦᠴᠦ ᠪᠠᠷ ᠪᠦᠳᠦᠭᠦᠯᠢᠭ ᠨᠡᠭᠦᠷᠡᠰᠦ ᠶᠢ ᠵᠠᠳᠠᠭᠠᠢ ᠰᠢᠲᠠᠭᠠᠬᠤ ᠶᠢ ᠵᠠᠰᠠᠨ ᠴᠡᠭᠴᠡᠯᠡᠬᠦ ᠶᠢ ᠳᠦᠯᠬᠢᠨ ᠠᠬᠢᠭᠤᠯᠵᠤ᠂ ᠬᠤᠳᠠ ᠶᠢᠨ ᠳᠦᠪ ᠤᠨ ᠠᠭᠠᠷ ᠤᠨ ᠴᠢᠨᠠᠷ ᠣᠬᠢ ᠰᠢᠯᠢᠳᠡᠭ ᠡᠳᠦᠷ ᠤᠨ ᠲᠤᠭ᠎ᠠ 310 ᠡᠳᠦᠷ ᠢ ᠦᠩᠭᠡᠷᠡᠵᠠᠢ᠃ ᠲᠠᠷᠢᠶᠠᠯᠠᠩ ᠤᠨ ᠪᠣᠬᠢᠷᠳᠤᠯ ᠤᠯᠠᠮ ᠨᠢᠭᠡ ᠠᠯᠬᠤᠮ ᠵᠠᠰᠠᠨ ᠰᠠᠶᠢᠵᠢᠷᠠᠭᠤᠯᠵᠤ᠂ ᠬᠦᠳᠡᠭᠡ ᠳᠤᠰᠬᠤᠨ ᠤ ᠠᠮᠢ ᠠᠬᠤᠢ ᠶᠢᠨ ᠤᠷᠴᠢᠨ ᠲᠣᠭᠤᠷᠢᠨ ᠤ ᠴᠢᠨᠠᠷ ᠴᠢᠨᠰᠠᠭ᠎ᠠ ᠢᠯᠡᠷᠬᠡᠢ ᠳᠡᠭᠡᠭᠰᠢᠯᠡᠪᠡ᠃ ᠪᠣᠬᠢᠷ ᠤᠰᠤᠨ ᠤ ᠴᠡᠭᠴᠡᠯᠡᠯᠳᠡ ᠶᠢ ᠲᠠᠰᠤᠷᠠᠯᠲᠠ ᠦᠭᠡᠢ ᠴᠢᠩᠭᠠᠳᠬᠠᠪᠡ᠃ ᠲᠣᠩᠭᠠᠯᠠᠭ ᠤᠰᠤ ᠴᠡᠩᠭᠡᠷ ᠠᠭᠠᠷ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠰᠢᠶᠤᠤ ᠳ᠋ᠦᠡᠭ ᠲᠠᠨ‌‍ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠤᠰᠤᠭᠠᠷ ᠦᠭᠡᠷᠡᠴᠢᠯᠡᠨ ᠵᠠᠰᠠᠬᠤ ᠢᠨᠵᠧᠨᠧᠷᠢᠩ ᠢ ᠪᠡᠶᠡᠯᠡᠭᠦᠯᠵᠦ᠂ ᠳᠤᠮᠳᠠ ᠵᠡᠷᠭᠡ ᠵᠢᠨ‌ᠤᠰᠤ ᠢ ᠲᠠᠬᠢᠨᠲᠠ ᠬᠡᠷᠡᠭᠯᠡᠬᠦ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢ ᠳᠦᠷᠭᠡᠳᠭᠡᠪᠡ᠃《 ᠭᠤᠤᠯ ᠤᠨ ᠳᠠᠷᠤᠭ᠎ᠠ ᠶᠢᠨ ᠳᠦᠷᠢᠮ》᠎ ᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠣᠭᠤᠷᠢᠭ᠂ ᠰᠢᠶᠠᠩ᠂ ᠳᠤᠰᠬᠤᠨ ᠤ ᠭᠤᠷᠪᠠᠨ ᠳᠡᠰ ᠤᠨ《 ᠭᠤᠤᠯ ᠤᠨ ᠳᠠᠷᠤᠭ᠎ᠠ ᠶᠢᠨ ᠳᠦᠷᠢᠮ》ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠵᠤ᠂ ᠭᠤᠤᠯ ᠤᠨ ᠬᠠᠮᠢᠶᠠᠷᠤᠯᠳᠠ ᠶᠢᠨ ᠪᠠᠶᠢᠩᠭᠤ ᠶᠢᠨ ᠳᠦᠷᠢᠮ ᠲᠣᠭᠳᠠᠭᠠᠯ ᠪᠦᠷᠢᠯᠳᠦᠵᠦ᠂ ᠬᠦᠬᠡᠮᠳᠦᠭ ᠳᠡᠭᠷᠢ᠂ ᠨᠣᠮᠢᠨ ᠤᠰᠤ᠂ ᠦᠵᠡᠰᠭᠦᠯᠡᠩᠳᠦ ᠦᠵᠡᠮᠵᠢ ᠶᠢᠨ ᠬᠠᠷᠠᠯᠲᠠ ᠠᠯᠭᠤᠷ ᠠᠭᠠᠵᠢᠮ ᠪᠡᠶᠡᠯᠡᠭᠳᠡᠵᠡᠢ᠃       ᠨᠢᠭᠡ ᠵᠢᠯ ᠤᠨ ᠲᠣᠷᠰᠢ᠂ ᠪᠢᠳᠡ ᠬᠦᠴᠦ ᠪᠠᠨ ᠳᠦᠪᠯᠡᠷᠡᠭᠦᠯᠦᠨ《ᠪᠤᠳᠠᠳᠤ ᠬᠡᠷᠡᠭ ᠪᠡᠶᠡᠯᠡᠭᠦᠯᠦᠨ ᠪᠣᠶᠠᠨ ᠬᠡᠰᠢᠭ ᠨᠡᠮᠡᠷᠢᠯᠡᠵᠦ》ᠠᠷᠠᠳ ᠤᠨ ᠠᠮᠢᠳᠤᠷᠠᠯ ᠦᠢᠯᠡᠰ ᠤᠨ ᠬᠢᠷᠢ ᠳᠦᠪᠰᠢᠨ ᠲᠠᠬᠢᠨ ᠰᠢᠨ᠎ᠡ ᠱᠠᠳᠤᠨ ᠳᠤ ᠭᠠᠷᠪᠡ᠃ ᠢᠮᠠᠭᠲᠠ ᠠᠷᠠᠳ ᠳᠦᠮᠡᠨ ᠤ ᠴᠢᠨᠡᠭᠡᠯᠢᠭ ᠠᠮᠢᠳᠤᠷᠠᠯ ᠤᠨ ᠬᠦᠰᠡᠯ ᠵᠣᠷᠢᠯᠲᠠ ᠪᠠᠷ ᠳᠡᠮᠡᠴᠡᠬᠦ ᠬᠠᠷᠠᠯᠲᠠ ᠪᠠᠨ ᠪᠣᠯᠭᠠᠵᠤ᠂ ᠠᠷᠠᠳ ᠤᠨ ᠠᠮᠢᠳᠤᠷᠠᠯ ᠤᠨᠳᠤᠷᠤᠯᠭ᠎ᠠ ᠶᠢ ᠪᠠᠳᠤᠯᠠᠨ ᠰᠠᠶᠢᠵᠢᠷᠠᠭᠤᠯᠵᠤ᠂ ᠠᠰᠢᠭ ᠬᠦᠷᠳᠡᠭᠡᠮᠵᠢ ᠶᠢ ᠬᠦᠭᠵᠢᠭᠦᠯᠦᠨ ᠦᠨᠡᠨ ᠬᠦ ᠠᠷᠠᠳ ᠤᠨ ᠠᠮᠢᠳᠤᠷᠠᠯ ᠤᠨ ᠪᠤᠶᠠᠨ ᠬᠡᠰᠢᠭ ᠪᠣᠯᠭᠠᠨ ᠤᠯᠠᠷᠢᠨ ᠬᠤᠪᠢᠷᠠᠭᠤᠯᠬᠤ ᠪᠠᠷ ᠴᠢᠷᠮᠠᠶᠢᠨ᠎ᠠ᠃ ᠨᠡᠶᠢᠭᠡᠮ ᠤᠨ ᠪᠠᠳᠤᠯᠠᠭ᠎ᠠ ᠶᠢ ᠲᠠᠰᠤᠷᠠᠯᠲᠠ ᠦᠭᠡᠢ ᠴᠢᠩᠭᠠᠳᠬᠠᠪᠡ᠃  ᠬᠤᠳᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠭᠤᠭᠰᠠᠨ 5300 ᠬᠦᠮᠦᠨ᠂ ᠬᠦᠳᠡᠭᠡ ᠳᠤᠰᠬᠤᠨ ᠤ ᠬᠦᠳᠡᠯᠮᠦᠷᠢ ᠬᠦᠴᠦ ᠰᠢᠨ᠎ᠡ ᠪᠠᠷ ᠨᠡᠮᠡᠭᠳᠡᠨ ᠰᠢᠯᠵᠢᠭᠦᠯᠦᠨ ᠠᠵᠢᠯ ᠣᠯᠭᠤᠭᠰᠠᠨ16002 ᠬᠦᠮᠦᠨ᠂ ᠦᠢᠯᠡᠰ ᠪᠦᠳᠦᠭᠡᠬᠦ ᠪᠠᠷᠢᠴᠠᠭᠠᠳᠤ ᠵᠢᠭᠡᠯᠡᠯᠭᠡ 1200 ᠳᠦᠮᠡᠨ ᠳᠦᠭᠦᠷᠢᠭ ᠲᠠᠯᠪᠢᠵᠤ᠂ ᠬᠤᠳᠠ ᠪᠠᠯᠭᠠᠰᠤᠨ ᠤ《ᠠᠵᠢᠯ ᠠᠯᠳᠠᠭᠰᠠᠨ ᠭᠡᠷ ᠪᠦᠯᠢ》ᠪᠠᠶᠢᠬᠤ ᠦᠭᠡᠢ᠂ ᠬᠤᠳᠠ ᠪᠠᠯᠭᠠᠰᠤᠨ ᠤ ᠳᠠᠩᠰᠠᠯᠠᠨ ᠳᠡᠮᠳᠡᠭᠯᠡᠭᠰᠡᠨ ᠠᠵᠢᠯ ᠠᠯᠳᠠᠭᠰᠠᠳ ᠤᠨ ᠨᠣᠷᠮ᠎ᠠ ᠶᠢ 4.0%᠎ ᠶᠢᠨ ᠳᠤᠳᠤᠷ᠎ᠠ ᠡᠵᠡᠮᠰᠢᠵᠤ ᠪᠠᠶᠢᠨ᠎ᠠ᠃ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ ᠮᠦᠩᠭᠦ ᠬᠦᠮᠦᠨ ᠪᠣᠯᠭᠠᠨ ᠰᠠᠷ᠎ᠠ ᠪᠦᠷᠢ 2202ᠳᠦᠭᠦᠷᠢᠭ ᠪᠣᠯᠵᠤ᠂ 6.5%᠎ ᠪᠠᠷ ᠨᠡᠮᠡᠭᠳᠡᠵᠦ᠂ ᠬᠤᠳᠠ ᠶᠢᠨ ᠳᠤᠤᠷ᠎ᠠ ᠪᠠᠳᠤᠯᠠᠭᠠᠨ ᠤ ᠨᠦᠬᠦᠪᠦᠷᠢ ᠶᠢᠨ ᠬᠠᠮᠤᠭ ᠳᠡᠭᠡᠳᠦ ᠪᠠᠷᠢᠮᠵᠢᠶ᠎ᠠ ᠳᠡᠭᠡᠭᠰᠢᠯᠡᠭᠡᠳ ᠬᠦᠮᠦᠨ ᠪᠣᠯᠭᠠᠨ ᠰᠠᠷ᠎ᠠ ᠪᠦᠷᠢ 590 ᠳᠦᠭᠦᠷᠢᠭ ᠬᠦᠷᠴᠦ  ᠂ ᠬᠦᠳᠡᠭᠡ ᠳᠣᠰᠬᠤᠨ ᠤ ᠳᠤᠤᠷ᠎ᠠ ᠪᠠᠳᠤᠯᠠᠭᠠᠨ ᠤ ᠨᠦᠬᠦᠪᠦᠷᠢ ᠶᠢᠨ ᠬᠠᠮᠤᠭ ᠳᠡᠭᠡᠳᠦ ᠪᠠᠷᠢᠮᠵᠢᠶ᠎ᠠ ᠳᠡᠭᠡᠭᠰᠢᠯᠡᠭᠡᠳ ᠬᠦᠮᠦᠨ ᠪᠣᠯᠭᠠᠨ ᠰᠠᠷ᠎ᠠ ᠪᠦᠷᠢ 7080 ᠳᠦᠭᠦᠷᠢᠭ ᠬᠦᠷᠴᠡᠢ᠂ ᠲᠣᠰ ᠪᠦᠷᠢ 4.2% ᠪᠠ 66.3%᠎ ᠪᠠᠷ ᠨᠡᠮᠡᠭᠳᠡᠪᠡ᠃ ᠲᠠᠪᠤᠨ ᠪᠠᠳᠤᠯᠭᠠᠳᠤ ᠡᠷᠦᠬᠡ᠂ ᠵᠠᠮᠳᠡᠭ᠂ ᠥᠨᠥᠴᠢᠨ ᠵᠡᠷᠭᠡ ᠠᠮᠢᠳᠤᠷᠠᠯ ᠬᠦᠴᠢᠷᠳᠠᠯ ᠲᠠᠢ ᠠᠷᠠᠳ ᠲᠤ ᠠᠮᠢᠳᠤᠷᠠᠯ ᠤᠨ ᠪᠠᠳᠤᠯᠠᠭᠠᠨ ᠤ ᠨᠥᠬᠦᠪᠦᠷᠢ ᠨᠡᠩ ᠢᠯᠡᠭᠦᠦ ᠬᠠᠩᠭᠠᠮᠵᠢ ᠲᠠᠢ᠃ ᠠᠮᠤᠷ ᠲᠣᠭᠳᠠᠭᠤᠨ ᠰᠠᠭᠤᠷᠢᠰᠢᠯ ᠤᠨ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠪᠡ᠃ᠳᠡᠤᠬᠡᠨ ᠠᠴᠠ ᠠᠪᠤᠭᠠᠳ ᠬᠡᠪᠴᠢᠶ᠎ᠡ ᠪᠠᠷ ᠬᠠᠮᠤᠭ ᠶᠡᠭᠡ ᠳᠦᠭᠦᠮ ᠪᠦᠳᠦᠴᠡᠳᠦ ᠣᠷᠤᠨ ᠰᠠᠭᠤᠴᠠ ᠶᠢᠨ ᠦᠭᠡᠷᠡᠴᠢᠯᠡᠯᠳᠡ ᠶᠢᠨ ᠢᠨᠵᠧᠨᠧᠷᠢᠩ ᠢ ᠬᠡᠷᠡᠭᠵᠢᠭᠦᠯᠵᠦ᠂1.2ᠳᠦᠮᠡᠨ‌‍ᠰᠠᠭᠤᠭᠠᠯᠢ ᠠᠷᠠᠳ ᠢ〈ᠪᠦᠷᠭᠡ ᠠᠴᠠ ᠭᠠᠷᠭᠠᠨ ᠠᠰᠠᠷ ᠲᠤ ᠣᠷᠤᠭᠤᠯᠤᠭᠰᠠᠨ〉ᠪᠠᠶᠢᠨ᠎ᠠ᠃7 ᠰᠠᠭᠤᠭᠠᠯᠢ ᠠᠷᠠᠳ ᠤᠨ ᠪᠠᠭ᠎ᠠ ᠲᠣᠭᠤᠷᠢᠭ᠂ 68.46 ᠳᠦᠮᠡᠨ ᠺᠦᠸᠠᠲ ᠮᠧᠲᠷ᠂ 5424 ᠢᠵᠢ ᠳᠦᠭᠦᠮ ᠪᠦᠳᠦᠴᠡᠳᠦ ᠣᠷᠤᠨ ᠰᠠᠭᠤᠴᠠ ᠵᠢᠨ‌ᠦᠭᠡᠷᠡᠴᠢᠯᠡᠯᠳᠡ ᠶᠢᠨ ᠲᠣᠬᠢᠷᠠᠭᠤᠯᠤᠯᠲᠠ ᠶᠢᠨ ᠭᠡᠷ ᠪᠠᠶᠢᠰᠢᠩ ᠤᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠡᠬᠢᠯᠡᠭᠦᠯᠵᠦ᠂ ᠲᠣᠬᠢᠷᠠᠭᠤᠯᠤᠯᠲᠠ ᠶᠢᠨ ᠭᠡᠷ ᠪᠠᠶᠢᠰᠢᠩ ᠤᠨ ᠢᠷᠡᠯᠳᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠬᠠᠩᠭᠠᠠᠭᠰᠠᠨ ᠪᠠᠶᠢᠨ᠎ᠠ᠃《ᠵᠢᠨᠢᠩ ᠲᠣᠭᠤᠷᠢᠭ ᠤᠨ ᠨᠤᠷᠠᠭᠠᠨ ᠨᠡᠭᠦᠯᠭᠡᠭᠡᠳ ᠲᠣᠬᠢᠷᠠᠭᠤᠯᠭ᠎ᠠ ᠦᠭᠡᠢ ᠳᠦᠷᠦᠯ ᠵᠦᠢᠯ ᠤᠨ ᠦᠯᠡᠳᠡᠭᠳᠡᠯ ᠠᠰᠠᠭᠤᠳᠠᠯ ᠤᠳ ᠢ ᠳᠠᠷᠤᠢ ᠳᠦᠷᠭᠡᠨ ᠰᠢᠢᠳᠪᠦᠷᠢᠯᠡᠬᠦ ᠬᠡᠷᠡᠭᠵᠢᠭᠦᠯᠬᠦ ᠳᠦᠰᠦᠪ》᠎ ᠢ ᠨᠡᠶᠢᠳᠡᠯᠡᠵᠦ᠂  ᠨᠡᠶᠢᠳᠡ23 ᠲᠤᠲᠠᠭᠤ ᠵᠢᠭᠤᠷᠠᠮᠠᠭ ᠣᠷᠬᠢᠭᠰᠠᠨ ᠢᠨᠵᠧᠨᠧᠷᠢᠩ 3386 ᠡᠷᠦᠬᠡ ᠠᠷᠠᠳ ᠳᠦᠮᠡᠨ ᠤ ᠨᠣᠷᠠᠭᠠᠨ ᠨᠡᠭᠦᠯᠭᠡᠬᠦ ᠳᠤ ᠬᠤᠯᠪᠤᠭᠳᠠᠭᠰᠠᠨ ᠠᠰᠠᠭᠤᠳᠠᠯ ᠢ ᠰᠢᠢᠳᠪᠦᠷᠢᠯᠡᠨ᠂ ᠤᠯᠠᠨ ᠵᠢᠯ ᠤᠨ ᠲᠤᠷᠰᠢ ᠨᠤᠷᠠᠭᠠᠨ  ᠨᠡᠭᠦᠯᠭᠡᠬᠦ ᠳᠤ ᠬᠦᠴᠢᠷ ᠪᠠᠶᠢᠭᠰᠠᠨ ᠠᠴᠠ  ᠠᠮᠤᠷ ᠲᠣᠭᠳᠠᠭᠤᠨ ᠭᠡᠷ ᠤᠷᠤᠨ ᠳᠤ ᠰᠠᠭᠤᠷᠢᠰᠢᠬᠤ ᠬᠦᠰᠡᠯ ᠢ ᠳᠤᠭᠳᠠᠭᠤᠨ ᠢᠶᠠᠷ ᠪᠡᠶᠡᠯᠡᠭᠦᠯᠦᠭᠰᠡᠨ ᠪᠠᠶᠢᠨ᠎ᠠ᠃  ᠲᠠᠰᠤᠷᠠᠯᠲᠠ ᠦᠭᠡᠢ ᠳᠤᠮᠳᠠ ᠳᠤᠤᠷ᠎ᠠ ᠣᠷᠤᠯᠭᠠᠳᠤ ᠡᠷᠦᠬᠡ ᠶᠢᠨ ᠣᠷᠤᠨ ᠰᠠᠭᠤᠴᠠ ᠶᠢᠨ ᠪᠠᠳᠤᠯᠠᠭᠠᠨ ᠤ ᠬᠡᠪᠴᠢᠶ᠎ᠡ ᠶᠢ ᠦᠷᠭᠡᠳᠭᠡᠵᠦ᠂ ᠪᠦᠬᠦ ᠵᠢᠯ ᠨᠡᠶᠢᠳᠡ1743 ᠢᠵᠢ ᠨᠡᠶᠢᠳᠡ ᠶᠢᠨ ᠳᠦᠷᠢᠶᠡᠰᠦᠨ ᠪᠠᠶᠢᠰᠢᠩ ᠢ ᠬᠤᠪᠢᠶᠠᠷᠢᠯᠠᠵᠤ᠂ ᠣᠷᠤᠨ ᠰᠠᠭᠤᠴᠠ ᠶᠢᠨ ᠳᠦᠷᠢᠶᠡᠰᠦᠨ ᠨᠦᠬᠦᠪᠦᠷᠢ ᠮᠦᠩᠭᠦ 496 ᠳᠦᠮᠡᠨ ᠳᠦᠭᠦᠷᠢᠭ ᠳᠠᠷᠬᠠᠭᠰᠠᠨ ᠪᠠᠶᠢᠨ᠎ᠠ᠃ ᠨᠡᠶᠢᠭᠡᠮ ᠤᠨ ᠠᠵᠢᠯᠯᠠᠭ᠎ᠠ ᠶᠢ ᠦᠷᠭᠦᠯᠵᠢᠯᠡᠨ ᠰᠠᠶᠢᠵᠢᠷᠠᠭᠤᠯᠪᠡ᠃ ᠰᠤᠷᠭᠠᠨ ᠬᠦᠮᠦᠵᠢᠯ ᠢ ᠤᠷᠢᠳᠠᠪᠠᠷ ᠬᠦᠭᠵᠢᠭᠦᠯᠬᠦ ᠪᠣᠳᠤᠯᠭ᠎ᠠ ᠶᠢ ᠪᠠᠷᠢᠮᠳᠠᠯᠠᠵᠤ᠂ ᠪᠡᠭᠡᠵᠢᠩ ᠤᠨ ᠪᠠᠭᠰᠢ ᠶᠢᠨ ᠰᠣᠷᠭᠠᠭᠤᠯᠢ ᠶᠢᠨ ᠬᠠᠷᠢᠶᠠᠳᠤ ᠳᠤᠮᠳᠠᠳᠤ ᠰᠤᠷᠭᠠᠭᠤᠯᠢ ᠶᠢᠨ ᠵᠢᠩᠬᠢᠨᠢ ᠠᠩᠭᠢ ᠶᠢᠨ ᠬᠤᠶᠠᠳᠤᠭᠠᠷ ᠬᠤᠪᠢ ᠶᠢᠨ ᠬᠢᠵᠠᠭᠠᠷ ᠲᠤ ᠬᠦᠷᠦᠭᠰᠡᠨ ᠨᠣᠷᠮ᠎ᠠ 98.2%᠎ ᠳᠤ ᠬᠦᠷᠴᠦ᠂ ᠭᠤᠷᠪᠠᠳᠤᠭᠠᠷ ᠤᠳᠠᠭᠠᠨ ᠤ ᠰᠤᠷᠭᠠᠭᠤᠯᠢ ᠶᠢᠨ ᠵᠠᠬᠢᠷᠤᠯ ᠤᠨ ᠢᠯᠡ ᠦᠷᠢᠰᠦᠯᠳᠦᠭᠡᠨ ᠢᠶᠠᠷ ᠠᠵᠢᠯ ᠡᠯᠰᠡᠬᠦ ᠠᠵᠢᠯ ᠪᠦᠬᠦ ᠲᠠᠯ᠎ᠠ ᠪᠡᠶᠡᠯᠡᠭᠦᠯᠵᠦ᠂76 ᠨᠡᠷ᠎ᠡ ᠵᠢᠩᠬᠢᠨᠢ ᠠᠩᠭᠢ ᠠᠴᠠ ᠳᠡᠭᠡᠭᠰᠢ ᠨᠠᠮᠲᠠᠷ ᠲᠠᠢ ᠳᠡᠭᠦᠰᠦᠭᠰᠡᠨ ᠰᠤᠷᠤᠭᠴᠢ ᠶᠢ ᠢᠯᠡ ᠪᠠᠷ ᠡᠯᠰᠡᠨ ᠠᠪᠴᠤ᠂ ᠰᠤᠷᠭᠠᠨ ᠬᠦᠮᠦᠵᠢᠯ ᠤᠨ ᠨᠢᠭᠡᠳᠦᠭᠡᠷ ᠹᠷᠤᠨᠲ ᠲᠤ ᠠᠵᠢᠯᠯᠠᠭᠤᠯᠤᠭᠰᠠᠨ ᠪᠠᠶᠢᠨ᠎ᠠ᠃ ᠰᠤᠷᠭᠠᠭᠤᠯᠢ ᠶᠢᠨ ᠵᠠᠬᠢᠷᠤᠯ᠂ ᠪᠠᠭᠰᠢ ᠶᠢᠨ ᠡᠩᠨᠡᠭᠡ ᠶᠢᠨ ᠪᠦᠳᠦᠴᠡ ᠤᠯᠠᠮ ᠨᠢᠭᠡ ᠠᠯᠬᠤᠮ ᠰᠠᠶᠢᠵᠢᠷᠠᠵᠠᠢ᠃ ᠰᠤᠷᠭᠠᠨ ᠬᠦᠮᠦᠵᠢᠯ ᠤᠨ ᠰᠠᠭᠤᠷᠢ ᠲᠣᠨᠤᠭ ᠳᠦᠬᠦᠭᠡᠷᠦᠮᠵᠢ ᠪᠦᠳᠦᠭᠡᠨ ᠪᠠᠶᠢᠭᠤᠯᠤᠯᠲᠠ ᠶᠢᠨ ᠪᠡᠯᠡ ᠣᠷᠤᠭᠤᠯᠤᠯᠲᠠ ᠶᠢ ᠲᠠᠰᠤᠷᠠᠯᠲᠠ ᠦᠭᠡᠢ ᠶᠡᠭᠡᠳᠬᠡᠵᠦ᠂ ᠪᠡᠭᠡᠵᠢᠩ ᠤᠨ ᠪᠠᠭᠰᠢ ᠶᠢᠨ ᠰᠣᠷᠭᠠᠭᠤᠯᠢ ᠶᠢᠨ ᠬᠠᠷᠢᠶᠠᠳᠤ ᠳᠤᠮᠳᠠᠳᠤ ᠰᠤᠷᠭᠠᠭᠤᠯᠢ ᠶᠢᠨ ᠨᠣᠮ ᠤᠨ ᠰᠠᠩ ᠪᠠ ᠪᠠᠢ ᠸᠠᠩ ᠵᠢᠶ᠋ᠨ ᠶᠤᠸᠠᠨB ᠲᠣᠭᠤᠷᠢᠭ ᠤᠨ ᠬᠡᠤᠬᠡᠳ ᠤᠨ ᠴᠡᠴᠡᠷᠯᠢᠭ ᠤᠨ ᠵᠠᠰᠠᠨ ᠴᠢᠮᠡᠭᠯᠡᠬᠦ ᠢᠨᠵᠧᠨᠧᠷᠢᠩ ᠢ ᠪᠡᠶᠡᠯᠡᠭᠦᠯᠵᠦ᠂ ᠢ ᠯᠢ ᠳ᠋ᠦᠡᠭ ᠹᠠᠩ ᠰᠣᠷᠭᠠᠭᠤᠯᠢ ᠶᠢᠨ ᠬᠦᠯ ᠪᠦᠮᠪᠦᠭᠡᠨ ᠣᠷᠳᠤᠨ ᠤ ᠪᠦᠳᠦᠭᠡᠨ ᠪᠠᠶᠢᠭᠤᠯᠬᠤ ᠶᠢ ᠳᠦᠯᠬᠢᠨ ᠠᠬᠢᠭᠤᠯᠵᠤ᠂ ᠳᠤᠷᠰᠢᠯᠲᠠ ᠶᠢᠨ ᠪᠠᠭ᠎ᠠ ᠰᠤᠷᠭᠠᠭᠤᠯᠢ ᠶᠢᠨ ᠰᠢᠨ᠎ᠡ ᠲᠣᠭᠤᠷᠢᠭ᠂ ᠪᠢᠨ ᠬᠤ᠋ ᠪᠠᠭ᠎ᠠ ᠰᠤᠷᠭᠠᠭᠤᠯᠢ᠂ ᠵᠠᠩ ᠭᠠᠢ ᠶᠢᠩ ᠪᠠᠭ᠎ᠠ ᠰᠤᠷᠭᠠᠭᠤᠯᠢ ᠶᠢᠨ ᠪᠦᠳᠦᠭᠡᠨ ᠪᠠᠶᠢᠭᠤᠯᠤᠯᠲᠠ ᠶᠢᠨ ᠪᠡᠯᠡᠳᠭᠡᠯ ᠠᠵᠢᠯ ᠢ ᠡᠬᠢᠯᠡᠭᠦᠯᠵᠡᠢ᠃  ᠡᠮ ᠡᠮᠴᠢᠯᠡᠭᠡ ᠠᠷᠢᠭᠤᠨ ᠴᠡᠪᠡᠷ ᠤᠨ ᠳᠦᠷᠢᠮ ᠲᠣᠭᠳᠠᠭᠠᠯ ᠤᠨ ᠬᠤᠪᠢᠰᠬᠠᠯ ᠭᠦᠨᠵᠡᠭᠡᠢ ᠳᠦᠯᠬᠢᠨ ᠠᠬᠢᠭᠤᠯᠵᠤ᠂《 ᠪᠡᠭᠡᠵᠢᠩ ᠮᠤᠩᠭᠤᠯ ᠬᠠᠷᠠᠭᠠᠯᠵᠠᠨ ᠬᠠᠪᠰᠤᠷᠬᠤ》᠎ ᠪᠠᠷ ᠲᠠᠪᠴᠠᠩ ᠪᠣᠯᠭᠠᠵᠤ᠂ ᠭᠤᠷᠪᠠᠳᠤᠭᠠᠷ ᠡᠮᠴᠢ ᠶᠢᠨ ᠬᠤᠷᠢᠶ᠎ᠠ ᠪᠠ ᠨᠡᠶᠢᠰᠯᠠᠯ ᠤᠨ ᠡᠮᠴᠢᠯᠡᠭᠡᠨ ᠤ ᠪᠠᠶᠢᠭᠤᠯᠤᠮᠵᠢ ᠬᠠᠮᠳᠤᠷᠠᠯᠴᠠᠨ ᠬᠤᠯᠪᠤᠭᠠᠯᠬᠤ ᠬᠦᠴᠦᠯᠡᠴᠡ  ᠎ ᠪᠠᠨ ᠨᠡᠮᠡᠭᠳᠡᠭᠦᠯᠦᠨ᠂ ᠡᠮᠨᠡᠯᠭᠡ ᠶᠢᠨ ᠦᠢᠯᠡᠴᠢᠯᠡᠭᠡᠨ ᠤ ᠬᠢᠷᠢ ᠳᠦᠪᠰᠢᠨ ᠢᠶᠠᠨ ᠳᠡᠭᠡᠭᠰᠢᠯᠡᠭᠦᠯᠦᠨ᠎ᠡ᠃《ᠶᠡᠭᠡ ᠠᠷᠢᠭᠤᠨ ᠴᠡᠪᠡᠷ ᠶᠡᠭᠡ ᠡᠷᠡᠭᠦᠯ ᠮᠡᠨᠳᠦ》ᠭᠡᠬᠦ ᠠᠵᠢᠯ ᠤᠨ ᠰᠡᠳᠭᠢᠮᠵᠢ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ《 ᠪᠦᠬᠦ ᠤᠯᠤᠰ ᠤᠨ ᠡᠷᠡᠭᠦᠯ ᠮᠡᠨᠳᠦ ᠶᠢᠨ ᠠᠬᠢᠭᠤᠯᠤᠯᠲᠠ ᠲᠣᠭᠤᠷᠢᠭ ᠲᠤ ᠣᠷᠤᠬᠤ》ᠡᠭᠦᠳᠦᠨ ᠪᠦᠳᠦᠭᠡᠬᠦ ᠠᠵᠢᠯ ᠢ ᠡᠬᠢᠯᠡᠭᠦᠯᠵᠦ᠂ ᠦᠪᠡᠷᠳᠡᠭᠡᠨ ᠵᠠᠰᠠᠬᠤ ᠣᠷᠤᠨ ᠤ ᠡᠷᠡᠭᠦᠯ ᠮᠡᠨᠳᠦ ᠳᠦᠯᠦᠪᠯᠡᠭᠡᠳᠦ ᠦᠷᠡᠵᠢᠯ ᠤᠨ ᠵᠦᠪᠯᠡᠯ ᠠᠴᠠ《 ᠵᠣᠯ ᠵᠢᠷᠭᠠᠯᠳᠤ ᠭᠡᠷ ᠪᠦᠯᠢ ᠶᠢᠨ ᠵᠢᠱᠢᠶ᠎ᠡ ᠦᠵᠡᠭᠦᠯᠬᠦ ᠲᠣᠭᠤᠷᠢᠭ》᠎ ᠢᠶᠠᠷ ᠠᠮᠵᠢᠯᠲᠠ ᠲᠠᠢ ᠦᠨᠡᠯᠡᠭᠳᠡᠵᠡᠢ᠃ ᠰᠣᠶᠣᠯ ᠲᠠᠮᠢᠷ ᠤᠨ ᠦᠢᠯᠡᠰ ᠤᠨ ᠡᠷᠡᠭᠦᠯ ᠬᠦᠭᠵᠢᠬᠦ ᠶᠢ ᠯᠠᠪᠳᠠᠭᠤᠨ ᠢᠶᠠᠷ  ᠳᠦᠯᠬᠢᠨ ᠠᠬᠢᠭᠤᠯᠵᠤ᠂ ᠨᠠᠢᠮᠠᠨ ᠶᠡᠭᠡ ᠬᠦᠮᠦᠷᠭᠡ ᠪᠠ ᠮᠢᠬᠠᠨ ᠤ ᠦᠢᠯᠡᠳᠪᠦᠷᠢ ᠨᠢ ᠦᠪᠡᠷᠳᠡᠭᠡᠨ ᠵᠠᠰᠠᠬᠤ ᠣᠷᠤᠨ ᠤ ᠵᠢᠷᠭᠤᠳᠤᠭᠠᠷ ᠤᠳᠠᠭᠠᠨ ᠤ ᠰᠣᠶᠣᠯ ᠳᠡᠤᠬᠡᠨ ᠵᠡᠭᠡᠯᠢ ᠪᠠᠷ ᠦᠨᠡᠯᠡᠭᠳᠡᠵᠦ᠂〈ᠤᠯᠠᠭᠠᠨᠮᠦ᠋ᠴᠢᠷ ᠤ ᠪᠦᠳᠦᠭᠡᠨ ᠪᠠᠶᠢᠭᠤᠯᠤᠯᠲᠠ ᠶᠢᠨ ᠵᠢᠯ〉᠎ ᠤᠨ ᠠᠵᠢᠯᠯᠠᠭ᠎ᠠ ᠠᠮᠵᠢᠯᠲᠠᠲᠠᠢ  ᠶᠠᠪᠤᠭᠳᠠᠵᠤ᠂ ᠦᠪᠡᠷᠳᠡᠭᠡᠨ ᠵᠠᠰᠠᠬᠤ ᠣᠷᠤᠨ ᠤ〈ᠠᠷᠪᠠᠨ ᠳᠦᠷᠪᠡᠳᠦᠭᠡᠷ ᠤᠳᠠᠭᠠᠨ ᠤ ᠪᠡᠶ᠎ᠡ ᠲᠠᠮᠢᠷ ᠤᠨ ᠬᠦᠳᠡᠯᠭᠡᠭᠡᠨ〉ᠪᠠ〈ᠲᠠᠪᠤᠳᠤᠭᠠᠷ ᠬᠤᠭᠤᠴᠠᠭᠠᠨ ᠤ ᠵᠡᠮᠳᠡᠭᠴᠦᠳ ᠤᠨ ᠪᠡᠶ᠎ᠡ ᠲᠠᠮᠢᠷ ᠤᠨ ᠴᠣᠭᠯᠠᠭᠠᠨ〉᠎ ᠢ ᠠᠮᠵᠢᠯᠲᠠ ᠲᠠᠢ ᠳᠠᠭᠠᠭᠠᠴᠢᠯᠠᠨ ᠡᠷᠬᠢᠯᠡᠵᠠᠢ᠃  ᠠᠮᠤᠷ ᠲᠠᠶᠢᠪᠤᠩ ᠪᠦᠳᠦᠭᠡᠨ ᠪᠠᠶᠢᠭᠤᠯᠤᠯᠲᠠ ᠰᠢᠨ᠎ᠡ ᠦᠷ᠎ᠡ  ᠪᠦᠳᠦᠮᠵᠢ ᠣᠯᠪᠡ᠃  《 ᠳᠣᠯᠤᠭ᠎ᠠ ᠲᠠᠪᠤ》ᠬᠠᠤᠯᠢ ᠳᠦᠭᠡᠮᠡᠯᠵᠢᠯᠡᠬᠦ ᠠᠵᠢᠯ ᠢ ᠨᠠᠷᠢᠨ ᠬᠢᠨᠠᠮᠠᠭᠠᠢ ᠰᠠᠶᠢᠳᠤᠷ ᠬᠢᠵᠤ᠂ ᠦᠨᠳᠦᠰᠦᠨ ᠬᠠᠤᠯᠢ ᠰᠤᠷᠤᠯᠴᠠᠬᠤ ᠤᠬᠠᠭᠤᠯᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠭᠦᠨᠵᠡᠭᠡᠢ ᠳᠦᠯᠬᠢᠨ ᠠᠬᠢᠭᠤᠯᠪᠡ᠃ ᠬᠠᠷ᠎ᠠ ᠪᠦᠯᠦᠭᠳᠠᠨ ᠬᠠᠷᠬᠢᠰ ᠬᠦᠴᠦᠨ ᠪᠠ ᠳᠡᠭᠦᠨ ᠤ ᠦᠮᠦᠭ ᠳᠦᠰᠢᠭ ᠲᠤ ᠬᠠᠤᠯᠢ ᠪᠠᠷ ᠴᠣᠬᠢᠯᠲᠠ ᠦᠭᠴᠦ᠂ ᠬᠠᠷ᠎ᠠ ᠪᠦᠯᠦᠭᠳᠠᠨ ᠬᠠᠷᠬᠢᠰ ᠬᠦᠴᠦᠨ ᠢ ᠠᠷᠢᠯᠭᠠᠬᠤ ᠳᠤᠰᠬᠠᠢ ᠳᠡᠮᠡᠴᠡᠯ ᠴᠠᠭ ᠦᠶ᠎ᠡ ᠶᠢᠨ ᠴᠢᠨᠠᠷ ᠲᠠᠢ ᠦᠷ᠎ᠡ ᠪᠦᠳᠦᠮᠵᠢ ᠣᠯᠵᠠᠢ᠃ ᠨᠡᠶᠢᠭᠡᠮ ᠤᠨ ᠵᠦᠷᠢᠴᠡᠯ ᠮᠦᠷᠭᠦᠯᠳᠦᠭᠡᠨ ᠪᠠ ᠵᠠᠬᠢᠳᠠᠯ ᠰᠤᠷᠪᠤᠯᠵᠢᠯᠠᠭ᠎ᠠ ᠶᠢᠨ ᠪᠠᠶᠢᠴᠠᠭᠠᠨ ᠨᠠᠮᠬᠠᠳᠬᠠᠵᠤ᠂ ᠨᠡᠶᠢᠭᠡᠮ ᠤᠨ ᠠᠮᠤᠷ ᠲᠣᠭᠳᠠᠭᠤᠨ᠂ ᠨᠡᠶᠢᠳᠡ ᠶᠢᠨ ᠠᠮᠤᠷ ᠳᠦᠪᠰᠢᠨ᠂ ᠭᠠᠯ ᠤᠨ ᠰᠡᠷᠭᠡᠶᠢᠯᠡᠯᠳᠡ᠂ ᠢᠳᠡᠭᠡᠨ ᠤᠮᠳᠠᠭᠠᠨ ᠡᠮ ᠤᠨ ᠵᠦᠢᠯᠡᠰ ᠤᠨ ᠠᠮᠤᠷ ᠳᠦᠪᠰᠢᠨ᠂ ᠪᠠᠴᠢᠮ ᠪᠠᠶᠢᠳᠠᠯ ᠤᠨ ᠬᠠᠮᠢᠶᠠᠷᠤᠯᠲᠠ ᠵᠡᠷᠭᠡ ᠠᠵᠢᠯ ᠶᠡᠷᠦᠩᠬᠡᠢ ᠳᠤ ᠪᠠᠨ ᠲᠣᠭᠳᠠᠭᠤᠨ ᠪᠠᠶᠢᠵᠤ᠂ ᠠᠷᠠᠳ ᠳᠦᠮᠡᠨ ᠤ ᠠᠮᠤᠷ ᠳᠦᠪᠰᠢᠨ ᠳᠦᠷᠦᠭᠳᠡᠯ ᠪᠠ ᠬᠠᠨᠤᠮᠵᠢ ᠶᠢᠨ ᠬᠡᠮᠵᠢᠶ᠎ᠡ ᠢᠯᠡᠷᠬᠡᠢ ᠳᠡᠭᠡᠭᠰᠢᠯᠡᠪᠡ᠃      ᠨᠢᠭᠡ ᠵᠢᠯ ᠤᠨ ᠲᠣᠷᠰᠢ᠂ ᠪᠢᠳᠡ ᠬᠦᠴᠦ ᠪᠠᠨ ᠳᠦᠪᠯᠡᠷᠡᠭᠦᠯᠦᠨ《ᠠᠷᠭ᠎ᠠ ᠤᠬᠠᠭᠠᠨ ᠰᠦᠪᠡᠭᠴᠢᠯᠡᠨ ᠦᠨᠡᠨ ᠬᠦ ᠦᠢᠯᠡᠳᠦᠯᠭᠡᠵᠢᠭᠦᠯᠵᠤ》ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠰᠢᠨ᠎ᠡ ᠬᠦᠴᠦᠨ ᠢ ᠢᠯᠡᠷᠡᠭᠦᠯᠪᠡ᠃ ᠨᠠᠮ ᠤᠨ ᠤᠳᠤᠷᠢᠳᠤᠯᠭ᠎ᠠ ᠪᠠᠷ ᠵᠠᠰᠠᠭ ᠤᠨ ᠣᠷᠳᠤᠨ ᠤ ᠠᠵᠢᠯ ᠢ ᠢᠮᠠᠭᠲᠠ ᠨᠠᠶᠢᠲᠠᠪᠤᠷᠢᠵᠢᠭᠤᠯᠬᠤ ᠶᠢ ᠪᠠᠷᠢᠮᠲᠠᠯᠠᠨ《ᠬᠤᠶᠠᠷ ᠢ ᠰᠤᠷᠤᠯᠴᠠᠨ ᠨᠢᠭᠡ ᠶᠢ ᠬᠢᠬᠦ》ᠰᠤᠷᠭᠠᠨ ᠬᠦᠮᠦᠵᠢᠯ ᠢ ᠳᠦᠯᠦᠪᠵᠢᠭᠦᠯᠬᠦ ᠶᠢ ᠦᠷᠭᠦᠯᠵᠢᠯᠡᠨ ᠳᠦᠯᠬᠢᠨ ᠠᠬᠢᠭᠤᠯᠵᠤ᠂ ᠤᠯᠠᠮ ᠨᠢᠭᠡ ᠠᠯᠬᠤᠮ ᠬᠠᠷᠢᠭᠤᠴᠠᠯᠭᠠᠳᠤ ᠣᠪᠤᠷ ᠢᠶᠠᠨ ᠴᠢᠩᠭᠠᠳᠬᠠᠨ ᠯᠠᠪᠳᠠᠭᠤᠨ ᠲᠣᠭᠳᠠᠭᠤᠨ ᠢᠶᠠᠷ ᠪᠦᠬᠦ ᠲᠠᠯ᠎ᠠ ᠪᠠᠷ ᠦᠭᠡᠷᠡᠴᠢᠯᠡᠯᠳᠡ ᠶᠢ ᠭᠦᠨᠵᠡᠭᠡᠶᠢᠷᠡᠭᠦᠯᠪᠡ᠃ ᠵᠠᠰᠠᠭ ᠢ ᠴᠣᠮᠬᠠᠳᠬᠠᠵᠤ ᠡᠷᠬᠡ ᠶᠢ ᠰᠤᠯᠠᠯᠠᠨ ᠰᠤᠯᠠᠯᠠᠵᠤ ᠬᠠᠮᠢᠶᠠᠷᠬᠤ ᠢ ᠤᠶᠠᠯᠳᠤᠭᠤᠯᠤᠨ ᠦᠢᠯᠡᠳᠦᠯᠭᠡ ᠪᠠᠨ ᠰᠢᠯᠢᠳᠡᠭᠵᠢᠭᠦᠯᠬᠦ ᠦᠭᠡᠷᠡᠴᠢᠯᠡᠯᠳᠡ ᠶᠢ ᠭᠦᠨᠵᠡᠭᠡᠢ ᠬᠡᠷᠡᠭᠵᠢᠭᠦᠯᠦᠨ ᠂  ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ《ᠨᠢᠭᠡ ᠰᠦᠯᠵᠢᠶ᠎ᠡ》《 ᠨᠢᠭᠡ ᠡᠭᠦᠳᠡ》《ᠨᠢᠭᠡ ᠤᠳᠠᠭ᠎ᠠ》ᠪᠣᠯᠭᠠᠨ ᠦᠭᠡᠷᠡᠴᠢᠯᠡᠬᠦ ᠶᠢ ᠪᠦᠬᠦ ᠲᠠᠯ᠎ᠠ ᠪᠠᠷ ᠳᠦᠯᠬᠢᠨ ᠠᠬᠢᠭᠤᠯᠵᠤ᠂《 ᠣᠶᠢᠷᠠᠬᠠᠨ ᠭᠠᠵᠠᠷ ᠲᠤ ᠭᠦᠢᠴᠡᠳᠭᠡᠬᠦ》《ᠳᠠᠷᠤᠶᠢᠬᠠᠨ ᠭᠦᠢᠴᠡᠳᠭᠡᠬᠦ》《ᠲᠣᠬᠠᠢ ᠶᠢᠨ ᠲᠠᠯᠠᠪᠤᠷ ᠲᠤ ᠭᠦᠢᠴᠡᠳᠭᠡᠬᠦ》ᠬᠦᠴᠦᠯᠡᠨ ᠠᠬᠢᠭᠤᠯᠤᠨ᠎ᠠ᠃ ᠠᠵᠤ ᠠᠬᠤᠶᠢᠯᠠᠯ ᠤᠨ ᠡᠵᠡᠩᠨᠡᠬᠦ ᠴᠠᠭ ᠢᠶᠠᠨ ᠪᠠᠭᠠᠰᠬᠠᠵᠤ 5 ᠠᠵᠢᠯ ᠤᠨ ᠡᠳᠦᠷ ᠤᠨ ᠳᠣᠳᠤᠷ᠎ᠠ ᠪᠣᠯᠭᠠᠨ᠎ᠠ᠂ ᠦᠯᠦ ᠬᠦᠳᠡᠯᠬᠦ ᠬᠦᠷᠦᠩᠭᠡ ᠶᠢ ᠳᠠᠩᠰᠠᠯᠠᠬᠤ ᠳᠦᠪ ᠨᠢ《ᠪᠦᠬᠦ ᠤᠯᠤᠰ ᠤᠨ ᠵᠠᠭᠤᠨ ᠰᠢᠯᠢᠳᠡᠭ ᠠᠷᠠᠳ ᠲᠤ ᠳᠦᠭᠦᠮ ᠦᠵᠡᠭᠦᠯᠬᠦ ᠵᠢᠱᠢᠶ᠎ᠡ ᠦᠵᠡᠭᠦᠯᠬᠦ ᠴᠤᠩᠬᠤ》᠎ ᠪᠠᠷ ᠰᠣᠩᠭᠤᠭᠳᠠᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠬᠦ ᠦᠶᠡᠰ ᠤᠨ ᠭᠦᠢᠴᠡᠳᠭᠡᠨ ᠪᠡᠶᠡᠯᠡᠭᠦᠯᠦᠭᠰᠡᠨ ᠨᠣᠷᠮ᠎ᠠ100%ᠬᠦᠷᠴᠡᠢ᠃ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠦᠭᠡᠷᠡᠴᠢᠯᠡᠯᠳᠡ ᠶᠢ ᠲᠣᠭᠲᠠᠭᠤᠨ ᠢᠶᠠᠷ ᠳᠦᠯᠬᠢᠨ ᠠᠬᠢᠭᠤᠯᠵᠤ᠂《 ᠤᠯᠠᠨ ᠭᠡᠷᠡᠴᠢ ᠢ ᠨᠢᠭᠡᠳᠭᠡᠬᠦ》《 ᠨᠢᠭᠡ ᠦᠨᠡᠮᠡᠯ ᠨᠢᠭᠡ ᠨᠣᠮᠧᠷ》《 ᠬᠡᠷᠡᠴᠢ ᠦᠨᠡᠮᠡᠯ ᠢ ᠰᠠᠯᠭᠠᠬᠤ》 ᠪᠠ ᠪᠦᠬᠦ ᠶᠠᠪᠤᠴᠠ ᠳᠤ ᠰᠦᠯᠵᠢᠶᠡᠨ ᠳᠡᠭᠡᠷ᠎ᠡ ᠳᠡᠮᠳᠡᠭᠯᠡᠯ ᠬᠢᠬᠦ ᠦᠭᠡᠷᠡᠴᠢᠯᠡᠯᠳᠡ ᠶᠢ ᠪᠦᠬᠦ ᠲᠠᠯ᠎ᠠ ᠪᠠᠷ ᠡᠬᠢᠯᠡᠭᠦᠯᠵᠦ᠂ ᠰᠢᠨ᠎ᠡ ᠪᠠᠷ ᠨᠡᠮᠡᠭᠳᠡᠭᠰᠡᠨ ᠵᠠᠬ᠎ᠠ ᠳᠡᠯᠭᠡᠭᠦᠷ ᠤᠨ ᠡᠳᠡᠭᠡᠳ 5800 ᠡᠷᠦᠬᠡ ᠪᠣᠢ᠃ ᠴᠧᠩ ᠲᠸᠦ᠂ ᠭᠦᠸᠧ ᠷᠦᠩ ᠬᠤᠶᠠᠷ ᠵᠠᠰᠠᠭ ᠤᠨ ᠣᠷᠳᠤᠨ ᠤ ᠪᠡᠯᠡ ᠣᠷᠤᠭᠤᠯᠬᠤ ᠲᠠᠪᠴᠠᠩ ᠨᠢ ᠪᠤᠳᠠᠳᠤ ᠺᠤᠮᠫᠠᠨᠢ ᠳᠤ  ᠠᠮᠵᠢᠯᠲᠠᠲᠠᠢ ᠰᠢᠯᠵᠢᠬᠦ ᠶᠢ ᠪᠦᠬᠦ ᠲᠠᠯ᠎ᠠ ᠪᠠᠷ ᠪᠡᠶᠡᠯᠡᠭᠦᠯᠪᠡ᠃ ᠬᠠᠷᠢᠭᠤᠴᠠᠯᠭ᠎ᠠ ᠡᠭᠦᠷᠭᠡᠯᠡᠬᠦ ᠶᠢ ᠦᠨᠡᠨ ᠬᠦ ᠪᠡᠶᠡᠯᠡᠭᠦᠯᠵᠦ《ᠵᠢᠨᠢᠩ ᠲᠣᠭᠤᠷᠢᠭ ᠤᠨ ᠠᠵᠤ ᠦᠢᠯᠡᠳᠪᠦᠷᠢ ᠠᠵᠤ ᠠᠬᠤᠶᠢᠯᠠᠯ ᠤᠨ ᠬᠠᠮᠢᠶ᠎ᠠ ᠪᠦᠬᠦᠢ ᠭᠠᠷ ᠭᠦᠢᠴᠡᠳᠭᠡᠯ ᠢ ᠪᠦᠷᠢᠨᠰᠢᠭᠦᠯᠵᠦ ᠳᠡᠤᠬᠡᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠳᠦᠰᠦᠪ》《ᠵᠢᠨᠢᠩ ᠲᠣᠭᠤᠷᠢᠭ ᠤᠨ ᠬᠤᠳᠠ ᠶᠢᠨ ᠳᠦᠯᠦᠪᠯᠡᠭᠡᠳᠦ ᠣᠷᠤᠨ ᠤ ᠭᠡᠷ᠎ᠡ ᠪᠠᠶᠢᠰᠢᠩ  ᠬᠦᠷᠦᠩᠭᠡ ᠶᠢᠨ ᠡᠷᠬᠡ ᠶᠢᠨ ᠳᠠᠩᠰᠠᠯᠠᠬᠤ ᠳᠤᠰᠬᠠᠢ ᠵᠠᠰᠠᠨ ᠴᠡᠭᠴᠡᠯᠡᠬᠦ ᠠᠵᠢᠯ ᠤᠨ ᠬᠡᠷᠡᠭᠵᠢᠭᠦᠯᠬᠦ ᠳᠦᠰᠦᠪ》ᠪᠠ《 ᠵᠢᠨᠢᠩ ᠲᠣᠭᠤᠷᠢᠭ ᠤᠨ ᠬᠤᠳᠠᠯᠳᠤᠭᠠᠨ ᠤ ᠠᠰᠠᠷ ᠪᠠ ᠰᠠᠠᠭᠤᠭᠠᠯᠢ ᠠᠰᠠᠷ ᠤᠨ ᠳᠦᠷᠦᠯ ᠵᠦᠢᠯ ᠤᠨ ᠭᠠᠵᠠᠷ ᠰᠢᠷᠦᠢ ᠶᠢᠨ ᠬᠡᠷᠡᠭᠯᠡᠯᠳᠡ ᠶᠢᠨ ᠳᠡᠤᠬᠡᠨ ᠦᠯᠡᠳᠡᠭᠳᠡᠯ ᠠᠰᠠᠭᠤᠳᠠᠯ ᠢ ᠳᠦᠪᠯᠡᠷᠡᠭᠦᠯᠦᠨ ᠰᠢᠢᠳᠪᠦᠷᠢᠯᠡᠬᠦ ᠬᠡᠷᠡᠭᠵᠢᠭᠦᠯᠬᠦ ᠳᠦᠰᠦᠪ》᠎ ᠢ ᠨᠡᠶᠢᠳᠡᠯᠡᠵᠦ᠂ ᠨᠢᠭᠡ ᠰᠢᠷᠢᠰ ᠳᠡᠤᠬᠡᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃ ᠬᠤᠳᠠ ᠬᠦᠳᠡᠭᠡ ᠶᠢᠨ ᠤᠷᠴᠢᠨ ᠲᠣᠭᠤᠷᠢᠨ ᠤ ᠠᠷᠢᠭᠤᠨ ᠴᠡᠪᠡᠷ᠂ ᠰᠠᠭᠤᠷᠢ ᠲᠣᠨᠤᠭ ᠳᠦᠬᠦᠭᠡᠷᠦᠮᠵᠢ᠂ ᠶᠡᠷᠦᠩᠬᠡᠶᠢᠯᠡᠨ ᠬᠠᠤᠯᠢ ᠬᠡᠷᠡᠭᠵᠢᠭᠦᠯᠬᠦ《 ᠭᠤᠷᠪᠠ ᠶᠢ ᠨᠢᠭᠡ ᠴᠣᠭᠴᠠ ᠪᠣᠯᠭᠠᠬᠤ》 ᠦᠭᠡᠷᠡᠴᠢᠯᠡᠯᠳᠡ ᠶᠢ ᠬᠦᠴᠦᠯᠡᠨ ᠬᠡᠷᠡᠭᠵᠢᠭᠦᠯᠵᠦ᠂ ᠬᠤᠳᠠ ᠬᠦᠳᠡᠭᠡ ᠶᠢ ᠨᠢᠭᠡ ᠴᠣᠭᠴᠠ ᠪᠣᠯᠭᠠᠬᠤ ᠠᠯᠬᠤᠴᠠ ᠶᠢ ᠰᠢᠨ᠎ᠡ ᠪᠠᠷ ᠲᠠᠯᠪᠢᠭᠰᠠᠨ ᠪᠠᠶᠢᠨ᠎ᠠ᠃ ᠬᠦᠳᠡᠭᠡ ᠳᠤᠰᠬᠤᠨ ᠤ ᠭᠠᠵᠠᠷ ᠰᠢᠷᠦᠢ ᠶᠢᠨ ᠳᠦᠷᠢᠮ ᠢ ᠦᠭᠡᠷᠡᠴᠢᠯᠡᠬᠦ ᠶᠢ ᠨᠠᠷᠢᠨ ᠬᠢᠨᠠᠮᠠᠭᠠᠢ ᠠᠳᠬᠤᠵᠤ᠂ ᠨᠢᠭᠡ ᠰᠢᠶᠠᠩ ᠨᠢᠭᠡ ᠪᠠᠯᠭᠠᠰᠤ ᠶᠢᠨ 25 ᠵᠠᠰᠠᠭ ᠵᠠᠬᠢᠷᠭᠠᠨ ᠤ ᠳᠤᠰᠬᠤᠨ 114 ᠪᠠᠶᠢᠭᠠᠯᠢᠭ ᠳᠤᠰᠬᠤᠨ᠂14 ᠳᠦᠮᠡᠨ ᠮᠦ ᠭᠠᠵᠠᠷ ᠰᠢᠷᠦᠢ ᠶᠢᠨ ᠡᠷᠬᠡ ᠲᠣᠭᠲᠠᠭᠠᠬᠤ ᠠᠵᠢᠯ ᠢ ᠠᠮᠵᠢᠯᠲᠠ ᠲᠠᠢ ᠪᠡᠶᠡᠯᠡᠭᠦᠯᠵᠡᠢ᠃ ᠭᠠᠵᠠᠷ ᠰᠢᠷᠦᠢ ᠬᠤᠷᠢᠶᠠᠵᠤ ᠬᠠᠳᠠᠭᠠᠯᠠᠬᠤ《 ᠨᠢᠭᠡ ᠰᠠᠨᠠᠯ》《 ᠲᠠᠪᠤᠨ ᠠᠷᠭ᠎ᠠ》 ᠲᠣᠭᠳᠠᠭᠠᠨ ᠨᠡᠶᠢᠳᠡᠯᠡᠵᠦ᠂ ᠭᠠᠵᠠᠷ ᠰᠢᠷᠤᠢ ᠶᠢᠨ ᠡᠵᠡᠩᠨᠡᠯᠳᠡ ᠶᠢᠨ ᠵᠠᠭᠪᠤᠷ ᠢ ᠡᠭᠦᠳᠦᠨ᠂ ᠡᠵᠡᠩᠨᠡᠯᠳᠡ ᠶᠢᠨ ᠰᠢᠨ᠎ᠡ ᠠᠯᠬᠤᠮ ᠢ ᠨᠡᠭᠡᠭᠡᠭᠰᠡᠨ ᠪᠠᠶᠢᠨ᠎ᠠ᠃      ᠲᠦᠯᠦᠭᠡᠯᠡᠭᠴᠢᠳ ᠡ︕ ᠤᠭ ᠰᠠᠨᠠᠭ᠎ᠠ ᠪᠠᠨ ᠦᠯᠦ ᠮᠠᠷᠲᠠᠪᠠᠰᠤ᠂ ᠡᠴᠦᠰ ᠤᠨ ᠢᠯᠠᠯᠲᠠ ᠶᠢ ᠣᠯᠵᠤ ᠴᠢᠳᠠᠮᠤᠢ᠃ ᠥᠩᠭᠡᠷᠡᠭᠰᠡᠨ ᠨᠢᠭᠡ ᠵᠢᠯ ᠳᠤ᠂ ᠠᠮᠵᠢᠯᠲᠠ ᠪᠦᠲᠦᠮᠵᠢ ᠬᠢᠯᠪᠠᠷ ᠪᠤᠰᠤ ᠪᠠᠷ ᠢᠷᠡᠭᠰᠡᠨ ᠶᠤᠮ᠂ ᠤᠷᠢᠳ ᠡᠮᠦᠨ᠎ᠡ ᠪᠠᠶᠢᠭ᠎ᠠ ᠦᠭᠡᠢ ᠥᠷᠢᠰᠥᠯᠳᠦᠭᠡᠨ ᠪᠠ ᠳᠠᠷᠤᠯᠲᠠ ᠶᠢᠨ ᠡᠮᠦᠨ᠎ᠡ᠂ ᠪᠦᠬᠦ ᠲᠤᠭᠤᠷᠢᠭ ᠤᠨ  ᠳᠡᠭᠡᠳᠦ ᠳᠣᠣᠷᠠᠳᠤ ᠱᠠᠲᠤ ᠨᠢᠭᠡ ᠰᠡᠳᠬᠢᠯ ᠨᠢᠭᠡ ᠵᠣᠷᠢᠭ ᠢᠶᠠᠷ᠂ ᠵᠣᠷᠢᠭᠲᠠᠢ ᠪᠠᠷ ᠤᠷᠤᠭᠰᠢᠯᠠᠨ ᠳᠠᠪᠰᠢᠵᠤ᠂  ᠪᠠᠳᠤ ᠰᠠᠭᠤᠷᠢ ᠲᠠᠯᠪᠢᠬᠤ᠂ ᠠᠯᠤᠰ ᠢᠷᠡᠭᠡᠳᠦᠢ ᠳᠤ ᠠᠰᠢᠭᠲᠠᠢ ᠨᠢᠭᠡ ᠪᠦᠯᠦᠭ ᠶᠡᠭᠡ ᠶᠠᠪᠤᠳᠠᠯ ᠢ ᠪᠦᠲᠦᠭᠡᠵᠦ᠂ ᠤᠯᠠᠨ ᠵᠢᠯ ᠤᠨ ᠲᠤᠷᠰᠢ ᠬᠢᠶ᠎ᠡ ᠭᠡᠵᠦ ᠪᠣᠳᠣᠭᠰᠠᠨ᠂ ᠬᠢᠵᠦ ᠲᠠᠶᠢᠯᠬᠤ ᠦᠭᠡᠢ ᠨᠢᠭᠡ ᠪᠦᠯᠦᠭ ᠬᠦᠴᠢᠷ ᠶᠠᠪᠤᠳᠠᠯ ᠢ ᠪᠦᠲᠦᠭᠡᠵᠦ᠂ ᠤᠯᠠᠨ ᠲᠦᠮᠡᠨ ᠢ ᠭᠠᠴᠢᠭᠳᠠᠭᠤᠯᠵᠤ ᠪᠠᠶᠢᠭ᠎ᠠ ᠬᠠᠮᠤᠭ ᠤᠨ ᠪᠠᠴᠢᠮ᠂ ᠬᠠᠮᠤᠭ ᠤᠨ ᠠᠳᠡᠬᠦ ᠲᠠᠢ᠂ ᠬᠠᠮᠤᠭ ᠤᠨ ᠪᠡᠷᠬᠡᠰᠢᠶᠡᠯ ᠲᠠᠢ ᠨᠢᠭᠡ ᠪᠦᠯᠦᠭ ᠬᠦᠴᠢᠷ ᠠᠰᠠᠭᠤᠳᠠᠯ ᠢ ᠰᠢᠢᠳᠪᠦᠷᠢᠯᠡᠪᠡ᠃ ᠨᠢᠭᠡ ᠵᠢᠯ ᠤᠨ ᠲᠤᠷᠰᠢ᠂ ᠪᠢᠳᠡ ᠵᠢᠳᠬᠦᠯ ᠴᠢᠷᠮᠠᠶᠢᠯᠭ᠎ᠠ ᠭᠠᠷᠭᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠦᠨᠡᠨᠬᠦ ᠬᠤᠪᠢᠷᠠᠭᠤᠯᠵᠤ᠂ ᠦᠢᠯᠡᠴᠢᠯᠡᠭᠡᠨ ᠤ ᠴᠢᠳᠠᠮᠵᠢ ᠶᠢ ᠲᠠᠰᠤᠷᠠᠯᠲᠠ ᠦᠭᠡᠢ ᠴᠢᠩᠭᠠᠳᠬᠠᠵᠤ᠂ ᠵᠠᠰᠠᠭ ᠤᠨ ᠣᠷᠳᠣᠨ ᠤ ᠦᠢᠯᠡᠳᠦᠯ ᠴᠢᠳᠠᠪᠬᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠪᠦᠬᠦ ᠲᠠᠯ᠎ᠠ ᠪᠠᠷ ᠨᠠᠮ ᠢᠶᠠᠨ ᠴᠡᠭᠴᠡᠯᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ᠂ ᠢᠯᠵᠠᠷᠠᠯ ᠤᠨ ᠬᠡᠷᠡᠭ ᠤᠨ ᠭᠦᠨᠵᠡᠭᠡᠢ ᠰᠤᠷᠭᠠᠮᠵᠢ ᠶᠢ ᠨᠠᠷᠢᠨ ᠬᠢᠨᠠᠮᠠᠭᠠᠢ ᠬᠦᠯᠢᠶᠡᠨ ᠠᠪᠴᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠪᠣᠯᠤᠨ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠢ ᠤᠬᠠᠮᠰᠠᠷ ᠠᠴᠠ ᠪᠠᠨ ᠬᠡᠷᠡᠭᠵᠢᠭᠦᠯᠵᠦ᠂ ᠺᠠᠳ᠋ᠷ ᠤᠨ ᠰᠤᠷᠲᠠᠯ ᠢᠯᠡᠳᠲᠡ ᠰᠠᠶᠢᠵᠢᠷᠠᠪᠠ᠃ ᠳᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠰᠢᠶᠳᠪᠦᠷᠢ᠂ ᠲᠣᠭᠲᠠᠭᠠᠯ ᠢ ᠨᠠᠷᠢᠨ ᠬᠢᠨᠠᠮᠠᠭᠠᠶ ᠬᠡᠷᠡᠭᠵᠢᠭᠦᠯᠵᠦ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ ᠣᠯᠠᠨ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠤᠲᠠ ᠲᠣᠭᠤᠷᠢᠭ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ 150 ᠬᠤᠪᠢ ᠰᠠᠨᠠᠭᠤᠯᠭ᠎ᠠ ᠶᠢ ᠰᠢᠶᠳᠪᠦᠷᠢᠯᠡᠵᠦ ᠬᠠᠷᠢᠭᠤᠯᠲᠠ ᠥᠭᠴᠦ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ 45 ᠬᠤᠪᠢ ᠰᠠᠨᠠᠯ ᠵᠥᠪᠯᠡᠯᠭᠡ ᠶᠢ ᠰᠢᠶᠳᠪᠦᠷᠢᠯᠡᠵᠦ᠂ ᠰᠢᠶᠳᠪᠦᠷᠢᠯᠡᠵᠦ ᠳᠠᠭᠤᠰᠬᠠᠭᠰᠠᠨ ᠨᠣᠷᠮ᠎ᠠ ᠨᠢ 100 %᠎ ᠳᠤ ᠬᠦᠷᠴᠡᠶ︔ ᠠᠷᠠᠳ ᠤᠨ ᠰᠡᠳᠬᠢᠯ ᠰᠦᠯᠵᠢᠶ᠎ᠡ ᠤᠨ 275 ᠬᠤᠪᠢ ᠰᠠᠨᠠᠭᠤᠯᠭ᠎ᠠ ᠶᠢ ᠰᠢᠯᠵᠢᠭᠦᠯᠦᠨ ᠰᠢᠶᠳᠪᠦᠷᠢᠯᠡᠵᠦ᠂ ᠬᠤᠲᠠ ᠶᠢᠨ ᠳᠠᠷᠤᠭ᠎ᠠ ᠶᠢᠨ ᠵᠠᠬᠢᠳᠠᠯ ᠤᠨ ᠬᠠᠶᠢᠷᠴᠠᠭ ᠲᠠᠬᠢ ᠰᠢᠯᠵᠢᠭᠦᠯᠦᠨ ᠰᠢᠶᠳᠪᠦᠷᠢᠯᠡᠵᠦ ᠳᠠᠭᠤᠰᠬᠠᠭᠰᠠᠨ ᠬᠡᠷᠡᠭ 28 ᠬᠤᠪᠢ᠂ ᠲᠣᠭᠤᠷᠢᠭ ᠤᠨ ᠳᠠᠷᠤᠭ᠎ᠠ ᠶᠢᠨ ᠵᠠᠬᠢᠳᠠᠯ ᠤᠨ ᠬᠠᠶᠢᠷᠴᠠᠭ ᠲᠠᠬᠢ 235 ᠬᠤᠪᠢ ᠪᠠᠶᠢᠵᠤ᠂ ᠰᠢᠶᠳᠪᠦᠷᠢᠯᠡᠵᠦ ᠳᠠᠭᠤᠰᠬᠠᠭᠰᠠᠨ ᠨᠣᠷᠮ᠎ᠠ ᠨᠢ 100 % ᠪᠠᠶᠢᠪᠠ᠃ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠦᠨᠳᠦᠰᠦᠲᠡᠨ ᠱᠠᠰᠢᠨ ᠰᠤᠷᠲᠠᠬᠤᠨ᠂ ᠰᠣᠨᠢᠨ ᠮᠡᠳᠡᠭᠡᠨ ᠤ ᠵᠠᠭᠤᠴᠢᠯᠠᠭᠤᠷ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠬᠠᠩᠭᠠᠨ ᠪᠣᠷᠣᠯᠠᠭᠤᠯᠬᠤ ᠬᠠᠮᠲᠤᠷᠠᠯᠴᠠᠭ᠎ᠠ᠂ ᠴᠠᠭ ᠠᠭᠤᠷ᠂ ᠠᠮᠤ ᠪᠤᠳᠠᠭ᠎ᠠ᠂  ᠪᠠᠷᠠᠭᠠᠨ ᠤ ᠦᠨ᠎ᠡ᠂ ᠲᠤᠭ᠎ᠠ ᠪᠦᠷᠢᠳᠬᠡᠯ᠂ ᠶᠠᠰᠤ ᠴᠢᠨᠠᠷ ᠲᠤ ᠬᠢᠨᠠᠯᠲᠠ ᠲᠠᠯᠪᠢᠬᠤ᠂ ᠳᠠᠩᠰᠠ ᠡᠪᠬᠡᠮᠡᠯ᠂ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ ᠵᠡᠮᠳᠡᠭᠴᠦᠳ᠂ ᠤᠯᠠᠭᠠᠨ ᠵᠠᠭᠠᠯᠮᠠᠶ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠪᠦᠬᠦ ᠲᠠᠯ᠎ᠠ ᠪᠠᠷ ᠡᠷᠡᠭᠦᠯ ᠬᠦᠭᠵᠢᠯᠳᠡ ᠲᠠᠢ ᠪᠤᠯᠪᠠ᠃        ᠲᠥᠯᠥᠬᠡᠯᠡᠭᠴᠢᠳ ᠡ︕ ᠴᠠᠭ ᠬᠤᠭᠤᠴᠠᠭ᠎ᠠ ᠬᠦᠮᠦᠨ ᠢ ᠦᠯᠦ ᠬᠦᠯᠢᠶᠡᠨᠡᠮ᠂ ᠰᠡᠳᠭᠢᠯ ᠵᠠᠷᠤᠴᠠᠭᠤᠯᠤᠭᠰᠠᠳ ᠠᠮᠵᠢᠯᠲᠠ ᠯᠠᠪ ᠣᠯᠣᠨ᠎ᠠ᠃ ᠴᠢᠷᠮᠠᠶᠢᠯᠭ᠎ᠠ ᠬᠦᠮᠦᠨ ᠢ ᠦᠯᠦ ᠭᠤᠮᠤᠳᠠᠭᠠᠨᠠᠮ᠂ ᠬᠦᠴᠦ ᠭᠠᠷᠭᠠᠭᠰᠠᠳ ᠡᠴᠦᠰ ᠤᠨ ᠣᠯᠵᠠ ᠣᠮᠤᠭ ᠢ ᠬᠤᠷᠢᠶᠠᠨ᠎ᠠ᠃ ᠦᠩᠭᠡᠷᠡᠭᠰᠡᠨ ᠨᠢᠭᠡ ᠵᠢᠯ ᠳᠤ᠂ ᠪᠢᠳᠡᠨ ᠴᠠᠭ ᠮᠦᠴᠡ ᠪᠣᠯᠭᠠᠨ ᠳᠤ ᠦᠷᠢᠰᠦᠯᠳᠦᠭᠡᠨ ᠢᠶᠠᠷ ᠳᠦᠭᠦᠷᠴᠦ᠂ ᠤᠴᠢᠷ ᠪᠣᠯᠭᠠᠨ ᠳᠤ ᠰᠢᠯᠭᠠᠯᠲᠠ ᠶᠢ ᠳᠠᠪᠠᠵᠤ᠂ ᠭᠠᠵᠠᠷ ᠪᠦᠬᠦᠨ ᠳᠤ ᠰᠡᠳᠭᠢᠯ ᠲᠣᠭᠳᠤᠯᠤᠮ᠎ᠠ ᠠᠮᠵᠢᠯᠲᠠ ᠣᠯᠵᠤ ᠪᠠᠶᠢᠯ᠎ᠠ᠃ ᠪᠢᠳ᠋ᠨ ᠬᠦᠴᠢᠷ ᠪᠡᠷᠬᠡᠰᠢᠶᠠᠯ ᠤᠨ ᠳᠤᠮᠳᠠ ᠲᠣᠭᠳᠠᠭᠤᠨ ᠢᠶᠠᠷ ᠬᠦᠭᠵᠢᠬᠦ ᠶᠢ ᠪᠠᠳᠤᠯᠠᠵᠤ᠂ ᠰᠦᠷᠭᠡᠦ ᠤᠷᠴᠢᠨ ᠳᠤ ᠳᠤᠮᠳᠠ ᠬᠠᠳᠠᠭᠤ ᠰᠢᠷᠦᠭᠦᠨ ᠰᠢᠯᠭᠠᠯᠲᠠ ᠶᠢ ᠳᠠᠪᠠᠵᠤ᠂ ᠡᠷᠡᠯᠭᠡᠭ ᠢᠶᠠᠷ ᠣᠷᠤᠭᠰᠢᠯᠠᠬᠤ ᠳᠤᠮᠲᠠ ᠢᠳᠡᠭᠡᠯ ᠰᠢᠢᠳᠪᠦᠷᠢ ᠶᠢ ᠪᠠᠳᠤᠵᠢᠭᠤᠯᠵᠤ᠂ ᠰᠢᠷᠭᠠᠭᠤ ᠠᠵᠢᠯᠯᠠᠬᠤ ᠳᠤᠮᠳᠠ ᠰᠢᠨ᠎ᠡ ᠠᠮᠵᠢᠯᠲᠠ ᠶᠢ ᠡᠭᠦᠳᠴᠦ᠂ ᠵᠢᠨᠢᠩ ᠲᠣᠭᠤᠷᠢᠭ ᠤᠨ ᠬᠦᠭᠵᠢᠯᠳᠡ  ᠶᠠᠭ ᠰᠠᠶᠢᠬᠠᠨ ᠰᠦᠷ ᠳᠠᠯᠠᠶᠢᠴᠠᠲᠠᠢ ᠠᠯᠬᠤᠮ ᠠᠯᠬᠤᠮ ᠢᠶᠠᠷ ᠳᠡᠭᠡᠭᠰᠢᠯᠡᠵᠦ  ᠬᠦᠭᠵᠢᠯᠳᠡ ᠶᠢᠨ ᠬᠡᠷᠡᠯ ᠭᠡᠭᠡ ᠡᠳᠦᠷ ᠢᠷᠡᠬᠦᠶ᠎ᠡ ᠨᠡᠮᠡᠭᠳᠡᠨ ᠪᠤᠵᠠᠭᠠᠶᠢᠷᠠᠵᠤ ᠪᠠᠶᠢᠨ᠎ᠠ᠃ ᠨᠢᠭᠡ ᠰᠢᠷᠢᠰ ᠠᠮᠵᠢᠯᠲᠠ ᠪᠦᠳᠦᠮᠵᠢ ᠨᠢ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠤᠨ ᠪᠠ ᠲᠣᠭᠤᠷᠢᠭ ᠤᠨ ᠨᠠᠮ ᠤᠨ ᠬᠤᠷᠢᠶᠠᠨ ᠤ ᠡᠷᠡᠰ ᠪᠠᠳᠤ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠳᠦᠯᠦᠪᠯᠡᠭᠡ᠂ ᠨᠢᠭᠡᠳᠦᠯᠳᠡᠢ ᠲᠣᠬᠢᠷᠠᠭᠤᠯᠭ᠎ᠠ᠂ ᠲᠣᠭᠤᠷᠢᠭ ᠤᠨ ᠠᠷᠠᠳ ᠤᠨ ᠳᠦᠯᠦᠭᠡᠯᠡᠭᠴᠢ᠂ ᠤᠯᠤᠰ ᠳᠦᠷᠦ ᠶᠢᠨ ᠵᠦᠪᠯᠡᠯᠭᠡᠨ ᠤ ᠪᠦᠳᠦᠮᠵᠢᠳᠡᠢ ᠬᠢᠨᠠᠯᠲᠠ᠂ ᠬᠦᠴᠦᠳᠡᠢ ᠳᠡᠮᠵᠢᠯᠭᠡ ᠪᠠ ᠪᠦᠬᠦ ᠲᠣᠭᠤᠷᠢᠭ ᠤᠨ ᠠᠷᠠᠳ ᠳᠦᠮᠡᠨ ᠤ ᠰᠡᠳᠭᠢᠯ ᠨᠢᠭᠡᠳᠦᠨ ᠬᠦᠴᠦᠨ ᠢᠶᠠᠨ ᠳᠦᠪᠯᠡᠷᠡᠭᠦᠯᠦᠨ ᠪᠦᠯᠬᠦᠮᠳᠡᠨ ᠳᠡᠮᠡᠴᠡᠭᠰᠡᠨ ᠤ ᠦᠷ᠎ᠡ ᠪᠦᠳᠦᠮᠵᠢ ᠪᠣᠯᠤᠨ᠎ᠠ᠃ ᠠᠳᠡ ᠪᠢ ᠠᠷᠠᠳ ᠤᠨ ᠵᠠᠰᠠᠭ ᠤᠨ ᠣᠷᠳᠤᠨ ᠢ ᠳᠦᠯᠦᠭᠡᠯᠡᠨ᠂ ᠲᠥᠯᠥᠬᠡᠯᠡᠭᠴᠢᠳ ᠪᠠ ᠪᠦᠬᠦ ᠲᠣᠭᠤᠷᠢᠭ ᠤᠨ ᠠᠷᠠᠳ ᠳᠦᠮᠡᠨ ᠳᠤ ᠤᠷᠳᠤ ᠬᠤᠭᠤᠴᠠᠭᠠᠨ ᠤ ᠲᠣᠷᠰᠢ ᠵᠢᠨᠢᠩ ᠲᠣᠭᠤᠷᠢᠭ ᠤᠨ ᠦᠭᠡᠷᠡᠴᠢᠯᠡᠯᠳᠡ ᠬᠦᠭᠵᠢᠯᠳᠡ ᠶᠢ ᠬᠠᠯᠠᠮᠵᠢᠯᠠᠨ ᠳᠡᠮᠵᠢᠭᠰᠡᠨ ᠡᠯ᠎ᠡ ᠡᠳᠡᠭᠡᠳ ᠤᠨ ᠨᠠᠶᠢᠵᠠ ᠨᠠᠷ ᠲᠤ ᠭᠦᠨ ᠰᠡᠳᠭᠢᠯ ᠤᠨ ᠲᠠᠯᠠᠷᠬᠠᠯ ᠢᠶᠠᠨ ᠳᠡᠪᠰᠢᠭᠦᠯᠵᠦ ᠂ ᠡᠷᠬᠢᠮ ᠳᠡᠭᠡᠳᠦ ᠬᠦᠨᠳᠦᠳᠭᠡᠯ ᠢᠶᠠᠨ ᠢᠯᠡᠷᠬᠡᠶᠢᠯᠡᠶ᠎ᠡ︕    ᠠᠮᠵᠢᠯᠲᠠ ᠪᠦᠳᠦᠮᠵᠢ ᠬᠦᠮᠦᠰ ᠢ ᠤᠷᠮᠠᠰᠢᠭᠤᠯᠲᠠᠭ᠂ ᠬᠦᠭᠵᠢᠯᠳᠡ ᠶᠢᠨ ᠡᠭᠦᠷᠭᠡ ᠬᠦᠨᠳᠦ ᠵᠠᠮ ᠬᠤᠯᠠ ᠪᠠᠶᠢᠭᠰᠠᠭᠠᠷ᠃ ᠪᠢᠳᠡ ᠵᠠᠪᠠᠯ ᠳᠣᠳᠤᠷᠬᠠᠢ ᠲᠠᠨᠢᠵᠤ ᠤᠬᠠᠭᠠᠷᠠᠬᠤ ᠴᠢᠬᠤᠯᠠᠲᠠᠢ ᠨᠢ᠂ ᠬᠦᠭᠵᠢᠯᠳᠡ ᠶᠢᠨ ᠬᠡᠯᠪᠡᠷᠢ ᠪᠠᠨ ᠦᠭᠡᠷᠡᠴᠢᠯᠡᠬᠦ ᠶᠠᠪᠤᠴᠠ ᠳᠤ ᠪᠠᠰᠠ ᠤᠯᠠᠨ ᠠᠷᠪᠢᠨ ᠦᠷᠢᠰᠦᠯᠳᠦᠭᠡᠨ ᠣᠷᠤᠰᠢᠵᠤ ᠪᠠᠶᠢᠭᠰᠠᠭᠠᠷ᠂ ᠬᠡᠷᠪᠡ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠡᠭᠡ ᠦᠭᠡᠢ᠂ ᠪᠦᠳᠦᠴᠡ ᠰᠢᠯᠢᠳᠡᠭ ᠪᠣᠰᠤ᠂ ᠠᠵᠤ ᠦᠢᠯᠡᠳᠪᠦᠷᠢ ᠶᠢᠨ ᠰᠠᠭᠤᠷᠢ ᠨᠢᠮᠭᠡᠨ᠂ ᠬᠦᠭᠵᠢᠯᠳᠡ ᠳᠡᠩᠴᠡᠭᠦᠷᠢ ᠦᠭᠡᠢ ᠭᠦᠢᠴᠡᠳ ᠪᠣᠰᠤ ᠵᠡᠷᠭᠡ ᠠᠰᠠᠭᠤᠳᠠᠯ ᠪᠠᠰᠠ ᠯᠠ ᠲᠣᠪᠤᠶᠢᠮ᠎ᠠ ᠪᠠᠶᠢᠭᠰᠠᠭᠠᠷ᠃ ᠪᠤᠳᠠᠳᠤ ᠴᠣᠭᠴᠠ ᠶᠢᠨ ᠠᠵᠤ ᠠᠬᠤᠢ ᠶᠢᠨ ᠬᠦᠭᠵᠢᠯᠳᠡ ᠬᠦᠴᠢᠷᠳᠡᠯ ᠨᠡᠯᠢᠶᠡᠳ ᠠᠷᠪᠢᠨ᠂ ᠪᠡᠯᠡ ᠨᠡᠶᠢᠯᠡᠭᠦᠯᠬᠦ ᠳᠤ ᠬᠦᠴᠢᠷ᠂ ᠠᠵᠢᠯᠯᠠᠬᠤ ᠳᠤ ᠬᠦᠴᠢᠷ ᠵᠡᠷᠭᠡ ᠠᠰᠠᠭᠤᠳᠠᠯ ᠪᠠᠰᠠ ᠯᠡ ᠬᠦᠨᠳᠦ ᠨᠣᠴᠢᠲᠠᠢ ᠪᠠᠶᠢᠭᠰᠠᠭᠠᠷ ᠃ ᠭᠠᠵᠠᠷ ᠣᠷᠤᠨ ᠤ ᠡᠳ᠋ ᠤᠨ ᠵᠠᠰᠠᠭ ᠤᠨ ᠣᠷᠤᠯᠭ᠎ᠠ ᠨᠡᠮᠡᠭᠳᠡᠬᠦ ᠨᠢ ᠠᠯᠭᠤᠷ᠂ ᠠᠷᠠᠳ ᠤᠨ ᠠᠮᠢᠳᠤᠷᠠᠯ ᠤᠨ ᠪᠠᠳᠤᠯᠠᠭᠠᠨ ᠤ ᠵᠠᠷᠤᠯᠭ᠎ᠠ ᠶᠢᠨ ᠤᠶᠠᠨ ᠬᠠᠳᠠᠨ ᠴᠢᠨᠠᠷ ᠨᠡᠮᠡᠭᠳᠡᠵᠦ᠂ ᠣᠷᠤᠯᠭ᠎ᠠ ᠵᠠᠷᠤᠯᠭ᠎ᠠ ᠶᠢᠨ ᠵᠦᠷᠢᠴᠡᠯ ᠢᠯᠡᠷᠬᠡᠢ᠃ ᠵᠠᠰᠠᠭ ᠤᠨ ᠣᠷᠳᠤᠨ ᠤ ᠴᠢᠨᠠᠷ ᠲᠠᠢ ᠦᠷᠢ ᠰᠢᠷᠢ ᠬᠦᠨᠳᠤ᠂ ᠰᠢᠢᠳᠪᠦᠷᠢᠯᠡᠬᠦ ᠬᠦᠴᠢᠷ ᠤᠨ ᠬᠡᠮᠵᠢᠶ᠎ᠡ ᠶᠡᠭᠡ᠂  ᠬᠤᠵᠢᠮ ᠬᠡᠷᠡᠭᠯᠡᠬᠦ ᠬᠦᠭᠵᠢᠯᠳᠡ ᠶᠢ ᠳᠡᠮᠵᠢᠬᠦ ᠡᠳ᠋ ᠤᠨ ᠵᠠᠰᠠᠭ ᠤᠨ ᠬᠦᠴᠦᠨ ᠰᠢᠭᠤᠳ ᠨᠥᠯᠦᠭᠡᠯᠡᠭᠳᠡᠵᠡᠢ᠃ ᠤᠯᠤᠰ ᠤᠨ ᠦᠮᠴᠢᠯᠡᠯᠳᠦ ᠺᠤᠮᠫᠠᠨᠢ ᠶᠢᠨ ᠵᠠᠬ᠎ᠠ ᠳᠡᠯᠭᠡᠭᠦᠷ ᠬᠡᠯᠪᠡᠷᠢ ᠦᠭᠡᠷᠡᠴᠢᠯᠡᠬᠦ ᠡᠭᠦᠷᠭᠡ ᠬᠦᠨᠳᠦ ᠵᠠᠮ ᠬᠤᠯᠠ ᠪᠠᠶᠢᠭᠰᠠᠭᠠᠷ᠃ ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠪᠣᠶᠠᠨ ᠬᠡᠰᠢᠭ ᠤᠨ ᠰᠠᠭᠤᠷᠢ ᠳᠦᠬᠦᠭᠡᠷᠦᠮᠵᠢ ᠶᠢᠨ ᠪᠡᠯᠡ ᠣᠷᠤᠭᠤᠯᠤᠯᠲᠠ ᠪᠤᠯᠤᠨ ᠪᠦᠬᠦ ᠲᠣᠭᠤᠷᠢᠭ ᠠᠵᠤ ᠠᠬᠤᠢ ᠨᠡᠶᠢᠭᠡᠮ ᠤᠨ ᠦᠨᠳᠦᠷ ᠴᠢᠨᠠᠷ ᠴᠢᠨᠰᠠᠭᠠᠳᠤ ᠬᠦᠭᠵᠢᠯᠳᠡ ᠶᠢᠨ ᠬᠡᠷᠡᠭᠴᠡᠭᠡ ᠬᠠᠷᠢᠯᠴᠠᠨ ᠲᠣᠬᠢᠷᠠᠯᠴᠠᠬᠤ ᠦᠭᠡᠢ᠃ ᠠᠮᠢ ᠠᠬᠤᠢ ᠶᠢᠨ ᠰᠡᠷᠭᠦᠭᠡᠯᠳᠡ ᠶᠢᠨ ᠦᠷᠢ ᠰᠢᠷᠢ ᠨᠡᠯᠢᠶᠡᠳ ᠠᠷᠪᠢᠨ᠂ ᠳᠦᠭᠦᠮ ᠪᠦᠳᠦᠴᠡᠳᠦ ᠣᠷᠤᠨ ᠰᠠᠭᠤᠴᠠ ᠶᠢᠨ ᠦᠭᠡᠷᠡᠴᠢᠯᠡᠯᠳᠡ ᠪᠠ ᠬᠠᠭᠤᠴᠢᠨ ᠰᠠᠭᠤᠭᠠᠯᠢ ᠲᠣᠭᠤᠷᠢᠭ ᠦᠭᠡᠷᠡᠴᠢᠯᠡᠬᠦ ᠡᠭᠦᠷᠭᠡ ᠨᠦᠰᠡᠷ ᠬᠦᠨᠳᠦ᠂ ᠨᠡᠶᠢᠳᠡ ᠶᠢᠨ ᠦᠢᠯᠡᠴᠢᠯᠡᠭᠡᠨ ᠤ ᠬᠢᠷᠢ ᠳᠦᠪᠰᠢᠨ ᠪᠣᠯᠤᠨ ᠠᠷᠠᠳ ᠳᠦᠮᠡᠨ ᠤ ᠬᠡᠷᠡᠭᠴᠡᠭᠡ ᠱᠠᠭᠠᠷᠳᠠᠯᠭ᠎ᠠ ᠨᠡᠯᠢᠶᠡᠳ ᠵᠦᠷᠢᠶ᠎ᠡ ᠲᠠᠢ᠃ ᠳᠤᠰᠬᠠᠢ ᠮᠡᠷᠭᠡᠵᠢᠯ ᠤᠨ ᠴᠢᠳᠠᠪᠦᠷᠢᠳᠡᠨ ᠲᠣᠲᠠᠮᠠᠭ᠂ ᠴᠦᠭᠡᠨ ᠲᠣᠭᠠᠨ ᠤ ᠺᠠᠲᠠᠷ ᠠᠵᠢᠯᠲᠠᠨ ᠤ  ᠵᠣᠷᠢᠯᠭ᠎ᠠ ᠵᠢᠨ‌ᠤᠬᠠᠮᠰᠠᠷ᠂ ᠬᠠᠷᠢᠭᠤᠴᠠᠯᠭᠠᠳᠤ ᠤᠬᠠᠮᠰᠠᠷ ᠦᠨᠳᠦᠷ ᠪᠣᠰᠤ᠂ ᠠᠵᠢᠯᠯᠠᠬᠤ ᠲᠣᠷ᠎ᠠ ᠦᠭᠡᠢ᠂ ᠡᠭᠦᠷᠭᠡᠯᠡᠬᠦ ᠵᠣᠷᠢᠭ ᠦᠭᠡᠢ᠂ ᠬᠠᠷᠢᠭᠤᠴᠠᠯᠭ᠎ᠠ ᠡᠭᠦᠷᠭᠡᠯᠡᠬᠦ ᠦᠭᠡᠢ ᠵᠡᠷᠭᠡ ᠦᠵᠡᠭᠳᠡᠯ ᠠᠳᠠᠯᠢ ᠪᠣᠰᠤ ᠬᠡᠮᠵᠢᠶᠡᠨ ᠳᠤ ᠣᠷᠤᠰᠢᠵᠤ ᠪᠠᠶᠢᠨ᠎ᠠ᠃ ᠠᠰᠠᠭᠤᠳᠠᠯ ᠪᠣᠯ ᠴᠢᠭᠯᠡᠯ᠂ ᠳᠠᠷᠤᠯᠲᠠ ᠦᠭᠡᠢ ᠬᠦᠳᠡᠯᠭᠡᠬᠦ ᠬᠦᠴᠦ᠂ ᠪᠢᠳᠡ ᠬᠤᠵᠢᠮ ᠤᠨ ᠠᠵᠢᠯ ᠤᠨ ᠳᠤᠮᠳᠠ ᠨᠡᠩ ᠢᠯᠡᠭᠦᠦ ᠡᠷᠴᠢ ᠬᠦᠴᠦᠨ ᠵᠠᠷᠤᠴᠠᠭᠤᠯᠵᠤ᠂ ᠨᠡᠩ ᠪᠤᠳᠠᠲᠠᠢ ᠠᠷᠭ᠎ᠠ ᠠᠪᠴᠠᠯ ᠬᠡᠷᠡᠭᠯᠡᠨ ᠠᠰᠠᠭᠤᠳᠠᠯ ᠪᠦᠬᠦᠨ ᠢ ᠠᠷᠭᠠᠴᠠᠭᠠᠨ ᠰᠢᠢᠳᠪᠦᠷᠢᠯᠡᠨ᠎ᠡ᠃       ᠬᠤᠶᠠᠷ᠂  2019 ᠣᠨ ᠤ ᠠᠵᠢᠯ ᠤᠨ ᠭᠤᠤᠯ ᠬᠠᠷᠠᠯᠲᠠ ᠪᠠ ᠴᠢᠬᠤᠯᠠ ᠡᠭᠦᠷᠭᠡ ᠬᠠᠷᠢᠭᠤᠴᠠᠯᠭ᠎ᠠ      2019 ᠣᠨ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠪᠠᠶᠢᠵᠤ᠂ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠦᠳᠦᠭᠡᠨ ᠪᠠᠶᠢᠭᠤᠯᠬᠤ ᠨᠢᠭᠡᠳᠦᠭᠡᠷ ᠵᠠᠭᠤᠨ ᠵᠢᠯ ᠤᠨ ᠳᠡᠮᠡᠴᠡᠬᠦ ᠬᠠᠷᠠᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠵᠢᠯ ᠪᠣᠯᠣᠨ᠎ᠠ᠃ᠴᠠᠭᠠᠨ ᠰᠠᠷ᠎ᠠ ᠠᠴᠠ ᠡᠮᠦᠨᠡᠬᠡᠨ ᠳᠤᠮᠳᠠᠳᠤ ᠤᠯᠤᠰ ᠤᠨ ᠡᠪ ᠬᠠᠮᠳᠤ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠳᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠳᠦᠪ ᠬᠤᠷᠢᠶ᠎ᠠ ᠪᠠ ᠳᠦᠷᠦ ᠶᠢᠨ ᠶᠠᠪᠤᠳᠠᠯ ᠤᠨ ᠬᠤᠷᠢᠶᠠᠨ ᠤ ᠳᠤᠳᠤᠨᠣ ᠬᠠᠯᠠᠮᠵᠢᠯᠠᠯ ᠢ ᠡᠪᠦᠷᠯᠡᠨ ᠤᠯᠠᠭᠠᠨᠴᠠᠪ ᠬᠤᠳᠠ ᠳᠤ ᠢᠷᠡᠭᠰᠡᠨ ᠪᠢᠯᠡ᠃ ᠰᠢᠨ ᠲᠢ ᠯᠦ ᠠᠷᠠᠳ ᠲᠤ ᠠᠰᠢᠭ ᠬᠦᠷᠳᠡᠭᠡᠬᠦ ᠲᠠᠷᠢᠶᠠᠯᠠᠩ ᠤᠨ ᠪᠦᠳᠦᠭᠡᠭᠳᠦᠭᠦᠨ ᠤ ᠵᠠᠬ᠎ᠠ ᠳᠡᠯᠭᠡᠭᠦᠷ᠂ ᠵᠢᠨᠢᠩ ᠡᠮᠦᠨ᠎ᠡ ᠦᠷᠳᠡᠭᠡ᠂ ᠸᠧ ᠯᠦᠩ ᠱᠠᠨ ᠪᠦᠭᠦᠮ ᠪᠦᠳᠦᠴᠡᠳᠦ ᠣᠷᠤᠨ ᠰᠠᠭᠤᠴᠠ ᠶᠢᠨ ᠦᠭᠡᠷᠡᠴᠢᠯᠡᠯᠳᠡ ᠶᠢᠨ ᠲᠣᠬᠠᠢ ᠶᠢᠨ ᠲᠠᠯᠠᠪᠤᠷ᠂ ᠵᠢᠩ ᠨᠢᠩ ᠢᠯᠴᠢ ᠴᠠᠬᠢᠯᠭᠠᠨ ᠤ ᠺᠤᠮᠫᠠᠨᠢ ᠳᠤ ᠭᠦᠨᠵᠡᠭᠡᠶᠢᠷᠡᠨ ᠵᠠᠬ᠎ᠠ ᠳᠡᠯᠭᠡᠭᠦᠷ ᠤᠨ ᠬᠠᠩᠭᠠᠯᠠᠭ᠎ᠠ ᠢ ᠤᠶᠢᠯᠠᠭᠠᠵᠤ᠂ ᠨᠣᠳᠤᠭ ᠪᠤᠴᠠᠵᠤ ᠪᠠᠶᠢᠭ᠎ᠠ ᠠᠶᠠᠨᠴᠢᠳ ᠢ ᠡᠷᠬᠢᠨ ᠦᠵᠡᠵᠦ᠂ ᠦᠨᠳᠦᠰᠦᠨ ᠱᠠᠳᠤᠨ ᠤ ᠺᠠᠲᠠᠷ ᠠᠵᠢᠯᠲᠠᠨ ᠠᠷᠠᠳ ᠳᠦᠮᠡᠨ ᠢ ᠪᠣᠯᠭᠤᠭᠠᠨ ᠲᠣᠬᠤᠨᠢᠭᠤᠯᠪᠡ᠃ ᠣᠨᠴᠠᠭᠠᠶᠢᠯᠠᠨ ᠳᠦᠮᠦᠰᠦᠨ ᠦᠢᠯᠡᠰ ᠤᠨ ᠬᠦᠭᠵᠢᠯᠳᠡ᠂ ᠵᠢᠢ ᠳ᠋ᠠ ᠳᠡᠭᠡᠳᠦ ᠬᠤᠷᠳᠤᠴᠠᠳᠤ ᠳᠡᠮᠦᠷ ᠵᠠᠮ ᠤᠨ ᠳᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠪᠦᠭᠦᠮ ᠪᠦᠳᠦᠴᠡᠳᠦ ᠣᠷᠤᠨ ᠰᠠᠭᠤᠴᠠ ᠶᠢᠨ ᠦᠭᠡᠷᠡᠴᠢᠯᠡᠯᠳᠡ᠂ ᠵᠢᠩ ᠨᠢᠩ ᠢᠯᠴᠢ ᠴᠠᠬᠢᠯᠭᠠᠨ ᠤ ᠬᠤᠶᠠᠳᠤᠭᠠᠷ ᠬᠤᠭᠤᠴᠠᠭᠠᠨ ᠤ ᠳᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠭᠠᠷ ᠠᠶᠠᠯᠠᠯ ᠤᠨ ᠪᠤᠭᠤᠮᠳᠠ ᠡᠷᠡᠮᠡᠯᠵᠡᠯᠡᠬᠦ ᠵᠡᠷᠭᠡ ᠵᠢᠨᠢᠩ ᠲᠣᠭᠤᠷᠢᠭ ᠤᠨ ᠬᠦᠭᠵᠢᠯᠳᠡ ᠳᠤ ᠬᠤᠯᠪᠤᠭᠳᠠᠭᠰᠠᠨ ᠲᠣᠮᠤ ᠴᠢᠬᠤᠯᠠ ᠬᠡᠷᠡᠭ ᠤᠴᠢᠷ ᠲᠤ ᠶᠡᠭᠡ ᠳᠡᠮᠵᠢᠯᠭᠡ ᠦᠵᠡᠭᠦᠯᠦᠭᠰᠡᠨ ᠪᠠᠶᠢᠨ᠎ᠠ᠃ ᠡᠨᠡ ᠨᠢ ᠪᠢᠳᠡᠨ ᠤ ᠬᠦᠭᠵᠢᠯᠳᠡ ᠳᠤ ᠵᠠᠭᠤᠨ ᠵᠢᠯ ᠳᠤ ᠤᠴᠠᠷᠠᠬᠤ ᠦᠭᠡᠢ  ᠵᠠᠪᠰᠢᠶᠠᠨ ᠢ ᠣᠯᠭᠤᠭᠰᠠᠨ ᠪᠦᠭᠡᠳ ᠪᠢᠳᠡᠨ ᠳᠤ ᠵᠣᠷᠢᠭᠵᠢᠭᠤᠯᠤᠯ ᠪᠠ ᠤᠷᠮᠠᠰᠢᠭᠤᠯᠭ᠎ᠠ ᠦᠭᠭᠦᠭᠰᠡᠨ ᠪᠠᠶᠢᠨ᠎ᠠ᠃ ᠳᠡᠶᠢᠮᠦ ᠠᠴᠠ ᠪᠢᠳᠡ ᠵᠠᠪᠠᠯ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ  ᠳᠦᠪ ᠬᠤᠷᠢᠶᠠᠨ ᠤ ᠪᠠᠶᠢᠷᠢᠰᠢᠯᠠᠭᠤᠯᠤᠯᠲᠠ ᠱᠠᠭᠠᠷᠳᠠᠯᠭ᠎ᠠ ᠲᠠᠢ ᠨᠢᠭᠡᠳᠭᠡᠨ《 ᠳᠦᠷᠪᠡᠨ ᠤᠬᠠᠮᠰᠠᠷ》᠎ ᠢ ᠴᠢᠩᠭᠠᠳᠬᠠᠨ᠂  ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠤᠩᠭᠤᠯ ᠳᠤ ᠶᠠᠷᠢᠭᠰᠠᠨ ᠰᠢᠷᠢᠰ ᠵᠢᠭᠠᠪᠦᠷᠢ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠯᠢ ᠺᠧ ᠴᠢᠶᠠᠩ ᠶᠡᠷᠦᠩᠬᠡᠢ ᠰᠠᠶᠢᠳ ᠤᠨ ᠲᠣᠰᠢᠶᠠᠭᠰᠠᠨ ᠴᠢᠬᠤᠯᠠ ᠡᠭᠦᠷᠬᠡ ᠶᠢ ᠨᠠᠶᠢᠳᠠᠪᠤᠷᠢᠵᠢᠭᠤᠯᠵᠤ᠂ ᠡᠭᠦᠷᠢᠳᠡ ᠦᠨᠳᠦᠷ ᠴᠢᠨᠠᠷ ᠴᠢᠨᠰᠠᠭ᠎ᠠ ᠪᠦᠬᠦᠢ ᠬᠦᠭᠵᠢᠯᠳᠡ ᠶᠢᠨ ᠱᠤᠭᠤᠮ ᠢ ᠢᠮᠠᠭᠲᠠ ᠠᠳᠬᠤᠵᠤ᠂ ᠤᠯᠠᠮ ᠨᠢᠭᠡ ᠠᠯᠬᠤᠮ ᠰᠡᠳᠭᠢᠮᠵᠢ ᠪᠠᠨ ᠪᠦᠷᠢᠨᠰᠢᠭᠦᠯᠦᠨ᠂ ᠠᠷᠭ᠎ᠠ ᠪᠠᠷᠢᠯ ᠢᠶᠠᠨ ᠴᠢᠩᠭᠠᠳᠬᠠᠵᠤ᠂ ᠪᠤᠳᠠᠳᠤ ᠪᠠᠶᠢᠳᠠᠯ ᠳᠤ ᠰᠠᠭᠤᠷᠢᠯᠠᠨ  ᠰᠢᠷᠤᠩᠬᠠᠶᠢᠯᠠᠨ ᠴᠢᠷᠮᠠᠶᠢᠵᠤ᠂《 ᠪᠡᠭᠡᠵᠢᠩ ᠎ ᠠᠴᠠ ᠪᠠᠷᠠᠭᠤᠨᠰᠢ ᠨᠢᠭᠡ ᠠᠯᠬᠤᠮ ᠳᠤ ᠪᠠᠶᠢᠭ᠎ᠠ ᠤᠯᠠᠭᠠᠨᠴᠠᠪ》᠎ ᠶᠢ ᠦᠨᠡᠨ ᠬᠦ ᠨᠡᠶᠢᠰᠯᠠᠯ ᠤᠨ《 ᠠᠷᠤ ᠴᠡᠴᠡᠷᠯᠢᠭ》ᠪᠣᠯᠭᠠᠨ ᠪᠦᠳᠦᠭᠡᠨ ᠪᠠᠶᠢᠭᠤᠯᠤᠨ᠎ᠠ ᠭᠡᠵᠡᠢ᠃      ᠡᠨᠡ ᠵᠢᠯ ᠤᠨ ᠵᠠᠰᠠᠭ ᠤᠨ ᠣᠷᠳᠤᠨ ᠤ ᠠᠵᠢᠯ ᠤᠨ ᠢᠯᠡᠳᠭᠡᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ‍ᠤᠨ‌‍ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮᠳᠤ ᠨᠡᠶᠢᠭᠡᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠲᠤᠤᠱᠯᠠᠭᠤᠯᠵᠤ᠂《ᠲᠠᠪᠤ ᠶᠢ ᠨᠢᠭᠡ ᠴᠣᠭᠴᠠ ᠪᠣᠯᠭᠠᠬᠤ》ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠳᠡᠢ ᠳᠦᠯᠬᠢᠨ ᠠᠬᠢᠭᠤᠯᠵᠤ᠂《ᠳᠦᠷᠪᠡᠨ ᠪᠦᠬᠦ ᠲᠠᠯ᠎ᠠ》᠎ ᠶᠢᠨ ᠪᠠᠶᠢᠯᠳᠤᠬᠤ ᠪᠣᠳᠤᠯᠭ᠎ᠠ ᠶᠢ ᠪᠠᠶᠢᠷᠢᠯᠠᠭᠤᠯᠤᠯᠲᠠ ᠶᠢ ᠵᠣᠬᠢᠴᠠᠩᠭᠤᠢ ᠳᠦᠯᠬᠢᠨ ᠠᠬᠢᠭᠤᠯᠵᠤ᠂ ᠨᠠᠷᠢᠨ ᠬᠢᠨᠠᠮᠠᠭᠠᠢ ᠳᠦᠪ ᠬᠤᠷᠢᠶ᠎ᠠ᠂ ᠦᠪᠡᠷᠳᠡᠭᠡᠨ ᠵᠠᠰᠠᠬᠤ ᠣᠷᠤᠨ᠂ ᠬᠤᠳᠠ ᠶᠢᠨ ᠨᠠᠮ ᠤᠨ ᠬᠤᠷᠢᠶ᠎ᠠ᠂ ᠲᠣᠭᠤᠷᠢᠭ ᠤᠨ ᠨᠠᠮ ᠤᠨ ᠬᠤᠷᠢᠶᠠᠨ ᠤ ᠡᠯ᠎ᠡ ᠪᠣᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠦᠷᠢᠵᠢᠭᠤᠯᠵᠤ᠂ ᠲᠣᠭᠳᠠᠭᠤᠨ ᠢᠶᠠᠷ ᠬᠦᠭᠵᠢᠬᠦ ᠠᠵᠢᠯ ᠤᠨ ᠶᠡᠷᠦᠩᠬᠡᠢ ᠦᠨᠳᠦᠰᠦᠨ ᠬᠦᠭ ᠢ ᠪᠠᠷᠢᠮᠳᠠᠯᠠᠨ᠂ ᠦᠷᠭᠦᠯᠵᠢᠯᠡᠨ ᠭᠤᠷᠪᠠᠨ ᠶᠡᠭᠡ ᠰᠢᠪᠳᠤᠯᠤᠯᠲᠠ ᠶᠢᠨ ᠲᠠᠶᠢᠨ ᠢ ᠰᠠᠶᠢᠳᠤᠷ ᠬᠢᠵᠤ᠂《ᠨᠢᠭᠡ ᠶᠡᠷᠦᠩᠬᠡᠢ ᠬᠠᠷᠠᠯᠲᠠ》《ᠭᠤᠷᠪᠠᠨ ᠬᠡᠰᠡᠭ ᠣᠷᠤᠨ》《ᠳᠦᠷᠪᠡᠨ ᠴᠢᠬᠤᠯᠠ ᠴᠡᠭ》《 ᠲᠠᠪᠤᠨ ᠰᠠᠭᠤᠷᠢᠨ ᠭᠠᠵᠠᠷ》᠎ ᠤᠨ《1345》ᠬᠦᠭᠵᠢᠯᠳᠡ ᠶᠢᠨ ᠪᠠᠶᠢᠷᠢᠰᠢᠯᠠᠭᠤᠯᠤᠲᠠ ᠶᠣᠰᠤᠭᠠᠷ᠂ ᠨᠢᠭᠡᠳᠦᠯᠳᠡᠢ ᠳᠦᠯᠦᠪᠯᠡᠨ ᠲᠣᠭᠳᠠᠭᠤᠨ ᠢᠶᠠᠷ ᠬᠦᠭᠵᠢᠭᠦᠯᠦᠨ᠂ ᠦᠭᠡᠷᠡᠴᠢᠯᠡᠯᠳᠡ ᠶᠢ ᠠᠬᠢᠭᠤᠯᠵᠤ᠂ ᠪᠦᠳᠦᠴᠡ ᠶᠢ ᠲᠣᠬᠢᠷᠠᠭᠤᠯᠤᠨ᠂ ᠠᠷᠠᠳ ᠲᠤ ᠠᠰᠢᠭ ᠬᠦᠷᠳᠡᠭᠡᠵᠦ᠂ ᠡᠷᠡᠰᠳᠡᠯ ᠠᠴᠠ ᠰᠡᠷᠭᠡᠶᠢᠯᠡᠨ ᠠᠵᠤ ᠠᠬᠤᠢ ᠶᠢᠨ ᠡᠷᠬᠢᠯᠳᠡ ᠶᠢ ᠳᠣᠬᠢᠷᠠᠮᠵᠢᠲᠠᠢ ᠬᠡᠪᠴᠢᠶᠡᠨ ᠳᠤ ᠪᠠᠳᠤᠯᠠᠵᠤ᠂ ᠤᠯᠠᠮ ᠨᠢᠭᠡ ᠠᠯᠬᠤᠮ ᠠᠵᠢᠯ ᠣᠯᠭᠤᠯᠲᠠ᠂ ᠮᠦᠩᠭᠦᠨ ᠬᠦᠢᠯᠭᠡᠭᠡᠨ᠂ ᠭᠠᠳᠠᠭᠠᠳᠤ ᠠᠷᠠᠯᠵᠢᠶ᠎ᠠ᠂ ᠭᠠᠳᠠᠭᠠᠳᠤ ᠪᠡᠯᠡ᠂ ᠪᠡᠯᠡ ᠣᠷᠤᠭᠤᠯᠤᠯᠲᠠ᠂ ᠬᠤᠭᠤᠴᠠᠭᠠᠨ ᠵᠢᠱᠢᠯᠳᠡ ᠶᠢ ᠲᠣᠭᠳᠠᠭᠤᠨ ᠪᠠᠶᠢᠯᠭᠠᠵᠤ᠂ ᠵᠠᠬ᠎ᠠ ᠳᠡᠯᠭᠡᠭᠦᠷ ᠤᠨ ᠢᠳᠡᠭᠡᠯ ᠢ ᠬᠦᠪᠴᠢᠯᠡᠨ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠪᠠ ᠨᠡᠶᠢᠭᠡᠮ ᠤᠨ ᠶᠡᠷᠦᠩᠬᠡᠢ ᠪᠠᠶᠢᠳᠠᠯ ᠲᠣᠭᠳᠠᠭᠤᠨ ᠪᠠᠶᠢᠬᠤ ᠶᠢ ᠪᠠᠳᠤᠯᠠᠵᠤ᠂ ᠴᠢᠨᠡᠭᠡᠯᠢᠭ ᠨᠡᠶᠢᠭᠡᠮ ᠢ‌‍ᠪᠦ᠋ᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠰᠢᠢᠳᠪᠦᠷᠢᠯᠡᠬᠦ ᠴᠢᠨᠠᠷ ᠲᠠᠢ ᠰᠠᠭᠤᠷᠢ ᠶᠢ ᠲᠠᠯᠪᠢᠵᠤ᠂ ᠰᠢᠯᠢᠳᠡᠭ ᠠᠮᠵᠢᠯᠳᠡ ᠪᠠᠷ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠠᠶᠠᠷᠯᠠᠨ ᠤᠭᠳᠤᠶ᠎ᠠ       ᠭᠤᠤᠯ ᠳᠦᠯᠦᠪᠯᠡᠭᠡ ᠬᠠᠷᠠᠯᠲᠠ᠄ ᠭᠠᠵᠠᠷ ᠣᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 6.0%᠎ ᠪᠠᠷ  ᠨᠡᠮᠡᠭᠳᠡᠭᠦᠯᠦᠨ᠎ᠡ᠃ ᠳᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠢ 6%᠎ ᠪᠠᠷ ᠨᠡᠮᠡᠭᠳᠡᠭᠦᠯᠦᠨ᠎ᠡ᠃ ᠬᠡᠪᠴᠢᠶᠡᠨ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ ᠨᠡᠮᠡᠭᠳᠡᠬᠦ ᠬᠤᠷᠳᠤᠴᠠ ᠪᠠᠷ 7%ᠨᠡᠮᠡᠭᠳᠡᠭᠦᠯᠦᠨ᠎ᠡ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠦᠷᠲᠡᠭ ᠢ 6.5%᠎ ᠪᠠᠷ ᠨᠡᠮᠡᠭᠳᠡᠭᠦᠯᠦᠨ᠎ᠡ᠃ ᠶᠡᠷᠥᠲᠡ ᠶᠢᠨ  ᠨᠡᠶᠢᠲᠡ ᠶᠢᠨ ᠣᠷᠢᠳᠴᠢᠯᠠᠨ ᠪᠤᠲᠤᠯᠲᠠ ᠶᠢᠨ ᠣᠷᠣᠯᠭ᠎ᠠ 12.68 ᠳ᠋ᠥᠩᠰᠢᠭᠤᠷ ᠲᠥᠬᠦᠷᠢᠭ ᠲᠤ ᠬᠦᠷᠭᠡᠵᠦ᠂ ᠠᠳᠠᠯᠢ ᠬᠤᠭᠤᠴᠠᠭᠠᠨ ᠤ ᠬᠢ ᠠᠴᠠ5.7%᠎ ᠪᠠᠷ ᠨᠡᠮᠡᠭᠳᠡᠭᠦᠯᠦᠨ᠎ᠡ᠃ ᠬᠤᠲᠠ ᠬᠦᠳᠡᠭᠡᠨ ᠤ ᠰᠠᠭᠤᠭᠠᠯᠢ ᠠᠷᠠᠳ ᠤᠨ ᠬᠥᠮᠥᠨ ᠪᠥᠷᠢ ᠶᠢᠨ ᠡᠵᠡᠮᠰᠢᠵᠣ ᠪᠣᠯᠬᠤ ᠣᠷᠣᠯᠭ᠎ᠠ ᠢ ᠲᠣᠰ ᠪᠦᠷᠢ 7.6%ᠪᠠ 7.8%᠎ ᠪᠠᠷ ᠨᠡᠮᠡᠭᠳᠡᠭᠦᠯᠦᠨ᠎ᠡ᠃     ᠳᠡᠭᠡᠷᠡᠬᠢ ᠬᠠᠷᠠᠯᠲᠠ ᠶᠢ ᠪᠡᠶᠡᠯᠡᠭᠦᠯᠬᠦ ᠶᠢᠨ ᠲᠤᠯᠠᠳᠠ ᠪᠢᠳᠡ ᠳᠤᠤᠷᠠᠬᠢ ᠳᠣᠯᠣᠭᠠᠨ ᠲᠠᠯ᠎ᠠ ᠤᠨ ᠠᠵᠢᠯ ᠢ ᠭᠤᠤᠯᠳᠠᠯᠭ᠎ᠠ ᠲᠠᠢ ᠰᠠᠶᠢᠳᠤᠷ ᠪᠡᠶᠡᠯᠡᠭᠦᠯᠦᠨ᠎ᠡ᠃     ︵ᠨᠢᠭᠡ︶ ᠠᠰᠠᠭᠤᠳᠠᠯ ᠢᠶᠠᠷ ᠵᠢᠯᠤᠭᠤᠳᠤᠮᠵᠢ ᠪᠣᠯᠭᠠᠵᠤ᠂ ᠭᠤᠷᠪᠠᠨ ᠶᠡᠭᠡ ᠰᠢᠪᠳᠤᠯᠤᠯᠲᠠ ᠶᠢᠨ ᠲᠠᠶᠢᠨ ᠢ ᠰᠠᠶᠢᠳᠤᠷ ᠬᠢᠨ᠎ᠡ᠃ ᠨᠠᠮ ᠤᠨ ᠳᠦᠪ ᠬᠤᠷᠢᠶᠠᠨ ᠤ ᠲᠣᠭᠳᠠᠭᠠᠭᠰᠠᠨ ᠭᠤᠷᠪᠠᠨ ᠶᠡᠭᠡ ᠰᠢᠪᠳᠤᠯᠤᠯᠲᠠ ᠶᠢᠨ ᠲᠠᠶᠢᠨ ᠪᠣᠯ ᠦᠨᠳᠦᠷ ᠴᠢᠨᠠᠷᠳᠤ ᠬᠦᠭᠵᠢᠯᠳᠡ ᠶᠢ ᠳᠦᠯᠬᠢᠨ ᠠᠬᠢᠭᠤᠯᠵᠤ᠂ ᠴᠢᠨᠡᠭᠡᠯᠢᠭ ᠨᠡᠶᠢᠭᠡᠮ ᠤᠨ ᠪᠦᠬᠦ ᠲᠠᠯ᠎ᠠ ᠪᠠᠷ ᠪᠦᠳᠦᠭᠡᠨ ᠪᠠᠶᠢᠭᠤᠯᠤᠯᠲᠠ ᠶᠢᠨ ᠢᠯᠠᠯᠲᠠ ᠣᠯᠬᠤ ᠴᠢᠬᠤᠯᠠ ᠠᠷᠭ᠎ᠠ ᠠᠪᠴᠠᠯ ᠪᠣᠯᠣᠨ᠎ᠠ᠂ ᠪᠢᠳᠡ ᠦᠨᠡᠨ ᠬᠦ ᠤᠯᠤᠰ ᠳᠦᠷᠦ ᠶᠢᠨ ᠵᠣᠭᠰᠤᠴᠠ ᠪᠠᠨ ᠳᠡᠭᠡᠭᠰᠢᠯᠡᠭᠦᠯᠦᠨ ᠭᠤᠷᠪᠠᠨ ᠶᠡᠭᠡ ᠰᠢᠪᠳᠤᠯᠤᠯᠲᠠ ᠶᠢᠨ ᠲᠠᠶᠢᠨ ᠤ ᠲᠠᠬᠢᠨᠲᠠ ᠪᠤᠳᠠᠳᠤ ᠠᠮᠵᠢᠯᠲᠠ ᠣᠯᠬᠤ ᠶᠢ ᠪᠠᠳᠤᠯᠠᠨ᠎ᠠ᠃ ᠡᠷᠡᠰᠳᠡᠯ ᠢ ᠰᠡᠷᠭᠡᠶᠢᠯᠡᠬᠦ ᠰᠢᠪᠳᠤᠯᠤᠯᠲᠠ ᠶᠢᠨ ᠲᠠᠶᠢᠨ ᠢ ᠰᠠᠶᠢᠳᠤᠷ ᠬᠢᠨ᠎ᠡ᠃ ᠬᠢᠵᠠᠭᠠᠷ ᠱᠤᠭᠤᠮ ᠤᠨ ᠰᠡᠳᠭᠢᠬᠦᠢ ᠶᠢ ᠪᠠᠳᠤ ᠪᠠᠬᠢ ᠪᠣᠯᠭᠠᠵᠤ᠂ ᠬᠢᠮᠤᠷᠠᠯ ᠤᠨ ᠤᠬᠠᠮᠰᠠᠷ ᠢ ᠴᠢᠩᠭᠠᠳᠬᠠᠵᠤ᠂ ᠡᠷᠡᠰᠳᠡᠯ ᠢ ᠰᠡᠷᠡᠵᠦ ᠮᠡᠳᠡᠬᠦ ᠴᠢᠳᠠᠪᠦᠷᠢ᠂ ᠰᠣᠳᠤᠯᠤᠨ ᠮᠠᠭᠠᠳᠯᠠᠬᠤ ᠴᠢᠳᠠᠪᠦᠷᠢ᠂ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠤᠯᠤᠰ ᠳᠦᠷᠦ᠂ ᠦᠵᠡᠯ ᠤᠬᠠᠮᠰᠠᠷ ᠤᠨ ᠬᠡᠯᠪᠡᠷᠢ᠂ ᠠᠵᠤ ᠠᠬᠤᠢ᠂ ᠨᠡᠶᠢᠭᠡᠮ ᠵᠡᠷᠭᠡ ᠬᠡᠪᠴᠢᠶᠡᠨ ᠳᠠᠬᠢ ᠡᠷᠡᠰᠳᠡᠯ ᠤᠨ ᠳᠠᠯᠳᠠ ᠭᠡᠮ ᠢ ᠨᠢᠭᠡᠳᠦᠯᠳᠡᠢ ᠰᠡᠷᠭᠡᠶᠢᠯᠡᠨ ᠰᠢᠢᠳᠪᠦᠷᠢᠯᠡᠨ᠎ᠡ᠃ ᠵᠠᠰᠠᠭ ᠤᠨ ᠣᠷᠳᠤᠨ ᠠᠴᠠ ᠦᠷᠢ ᠰᠢᠷᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠳᠦᠯᠦᠪᠯᠡᠬᠦ᠂ ᠭᠠᠵᠠᠷ ᠰᠢᠷᠦᠢ ᠶᠢᠨ ᠵᠠᠶᠢᠯᠠᠯᠲᠠ᠂ ᠬᠦᠷᠦᠩᠭᠡ ᠰᠢᠢᠳᠪᠦᠷᠢᠯᠡᠬᠦ᠂ ᠰᠲᠤᠺ ᠤᠨ ᠡᠷᠬᠡ ᠰᠢᠯᠵᠢᠭᠦᠯᠬᠦ  ᠵᠡᠷᠭᠡ ᠠᠷᠭ᠎ᠠ ᠪᠠᠷᠢᠯ ᠢᠶᠠᠷ ᠳᠠᠮᠵᠢᠨ ᠢᠳᠡᠪᠬᠢᠯᠡᠨ ᠵᠠᠰᠠᠭ ᠤᠨ ᠣᠷᠳᠤᠨ ᠤ ᠦᠷᠢ ᠰᠢᠷᠢ ᠶᠢ ᠰᠢᠢᠳᠪᠦᠷᠢᠯᠡᠪᠡ  ᠃ ᠬᠤᠶᠢᠳᠤ ᠡᠭᠦᠳᠡ ᠶᠢ ᠬᠠᠭᠠᠬᠤ ᠪᠠ ᠡᠮᠦᠨ᠎ᠡ ᠡᠭᠦᠳᠡ ᠨᠡᠭᠡᠭᠡᠬᠦ ᠶᠢ ᠤᠶᠠᠯᠳᠤᠭᠤᠯᠤᠨ᠂ ᠡᠳ᠋ ᠤᠨ ᠵᠠᠰᠠᠭ ᠤᠨ ᠬᠦᠯᠢᠶᠡᠰᠦᠯᠡᠯ ᠢ ᠴᠢᠩᠭᠠᠷᠠᠭᠤᠯᠵᠤ᠂ ᠭᠠᠵᠠᠷ ᠣᠷᠤᠨ ᠤ ᠵᠠᠰᠠᠭ ᠤᠨ ᠣᠷᠳᠤᠨ ᠤ ᠪᠡᠯᠡ ᠣᠷᠤᠭᠤᠯᠬᠤ ᠳᠦᠷᠦᠯ ᠵᠦᠢᠯ ᠢ ᠴᠢᠩᠭ᠎ᠠ ᠳᠦᠷᠢᠮᠵᠢᠭᠦᠯᠵᠦ᠂ ᠰᠢᠨ᠎ᠡ ᠪᠠᠷ ᠵᠠᠰᠠᠭ ᠤᠨ ᠣᠷᠳᠤᠨ ᠤ ᠦᠷᠢ ᠰᠢᠷᠢ ᠨᠡᠮᠡᠭᠳᠡᠬᠦ ᠶᠢ ᠡᠷᠡᠰ ᠴᠢᠩᠭ᠎ᠠ ᠴᠠᠭᠠᠵᠠᠯᠠᠨ᠎ᠠ᠃ ᠪᠡᠯᠡ ᠨᠡᠶᠢᠯᠡᠭᠦᠯᠦᠨ ᠪᠠᠷᠢᠴᠠᠭᠠᠳᠤ ᠵᠢᠭᠡᠯᠡᠯᠭᠡ ᠲᠠᠯᠪᠢᠬᠤ ᠪᠠᠶᠢᠭᠤᠯᠤᠮᠵᠢ ᠰᠣᠯᠢᠯᠴᠠᠭᠠᠨ ᠤ ᠲᠠᠯᠠᠪᠤᠷ᠂ ᠪᠠᠭ᠎ᠠ ᠲᠣᠭᠠᠳᠤ ᠵᠢᠭᠡᠯᠡᠯᠭᠡ ᠶᠢᠨ ᠺᠤᠮᠫᠠᠨᠢ ᠶᠢ ᠴᠡᠪᠡᠷᠯᠡᠨ ᠴᠡᠭᠴᠡᠯᠡᠬᠦ ᠪᠠ ᠢᠨᠲ᠋ᠧᠷᠨᠠᠲ ᠰᠦᠯᠵᠢᠶᠡᠨ ᠤ ᠮᠦᠩᠭᠦᠨ ᠭᠦᠢᠯᠭᠡᠭᠡᠨ ᠤ ᠡᠷᠡᠰᠳᠡᠯ ᠪᠠᠶᠢᠴᠠᠭᠠᠬᠤ ᠠᠵᠢᠯᠯᠠᠭ᠎ᠠ ᠶᠢ ᠶᠡᠭᠡ ᠬᠦᠴᠦ ᠪᠠᠷ ᠦᠷᠨᠢᠭᠦᠯᠵᠤ᠂ ᠪᠦᠬᠦ ᠲᠠᠯ᠎ᠠ ᠪᠠᠷ ᠠᠯᠪᠠᠨ ᠠᠵᠢᠯᠲᠠᠨ ᠤ ᠡᠷᠭᠦᠯ ᠪᠤᠰᠤ ᠵᠢᠭᠡᠯᠡᠯᠭᠡ ᠶᠢᠨ ᠠᠵᠢᠯᠯᠠᠭ᠎ᠠ ᠶᠢ ᠴᠡᠪᠡᠷᠯᠡᠨ ᠠᠷᠢᠯᠭᠠᠵᠤ᠂ ᠰᠢᠰᠲ᠋ᠧᠮ ᠤᠨ ᠴᠢᠨᠠᠷ ᠲᠠᠢ᠂ ᠣᠷᠤᠨ ᠪᠦᠰᠡ ᠶᠢᠨ ᠴᠢᠨᠠᠷ ᠎ ᠲᠠᠢ ᠮᠦᠩᠭᠦᠨ ᠭᠦᠢᠯᠭᠡᠭᠡᠨ ᠤ ᠡᠷᠡᠰᠳᠡᠯ ᠡᠭᠦᠰᠬᠦ ᠦᠭᠡᠢ ᠪᠠᠶᠢᠬᠤ ᠶᠢ ᠪᠠᠳᠤᠯᠠᠨ᠎ᠠ᠃ ᠣᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠳᠠᠶᠢᠨ ᠢ ᠰᠠᠶᠢᠳᠤᠷ ᠬᠢᠨ᠎ᠡ᠃《ᠨᠢᠭᠡ ᠰᠢᠶᠠᠩ ᠨᠢᠭᠡ ᠪᠠᠯᠭᠠᠰᠤ》᠎ ᠶᠢᠨ ᠭᠤᠤᠯ ᠳᠠᠶᠢᠨ ᠤ ᠲᠠᠯᠠᠪᠤᠷ ᠳᠤ  ᠬᠦᠴᠦ ᠪᠠᠨ ᠲᠠᠯᠪᠢᠨ᠂《ᠬᠤᠶᠠᠷ ᠵᠣᠪᠠᠭ᠋ᠤ ᠦᠭᠡᠢ ᠭᠤᠷᠪᠠᠨ ᠪᠠᠳᠤᠯᠠᠭ᠎ᠠ》᠎ ᠶᠢᠨ ᠬᠠᠷᠠᠯᠲᠠ ᠳᠤ ᠴᠢᠭᠯᠡᠭᠦᠯᠦᠨ᠂ ᠵᠣᠬᠢᠶᠠᠨ ᠪᠠᠶᠢᠭᠤᠯᠵᠤ ᠤᠳᠤᠷᠢᠳᠬᠤ ᠬᠦᠴᠦᠯᠡᠴᠡ ᠪᠠᠨ ᠪᠠᠭᠤᠷᠠᠭᠤᠯᠬᠤ ᠦᠭᠡᠢ᠂ ᠬᠠᠪᠰᠤᠷᠤᠨ ᠳᠡᠮᠵᠢᠬᠦ ᠬᠦᠴᠦᠯᠡᠴᠡ ᠪᠠᠨ ᠪᠠᠭᠤᠷᠠᠭᠤᠯᠬᠤ ᠦᠭᠡᠢ᠂ ᠳᠦᠯᠬᠢᠨ ᠠᠬᠢᠭᠤᠯᠵᠤ ᠨᠠᠶᠢᠳᠠᠪᠤᠷᠢᠵᠢᠭᠤᠯᠬᠤ ᠬᠦᠴᠦᠯᠡᠴᠡ ᠪᠠᠨ ᠪᠠᠭᠤᠷᠠᠭᠤᠯᠬᠤ ᠦᠭᠡᠢ᠂ ᠦᠯᠡᠳᠡᠭᠰᠡᠨ 144 ᠡᠷᠦᠬᠡ 280 ᠬᠦᠮᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠪᠠᠨ ᠪᠡᠶᠡᠯᠡᠭᠦᠯᠦᠨ᠎ᠡ᠃ ᠳᠦᠪ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠳᠤᠰᠬᠠᠢ ᠲᠣᠭᠤᠷᠢᠨ ᠪᠠᠶᠢᠴᠠᠭᠠᠬᠤ ᠦᠶᠡᠰ ᠤᠨ ᠬᠠᠷᠢᠭᠤ ᠳᠤᠰᠬᠠᠭᠰᠠᠨ ᠠᠰᠠᠭᠤᠳᠠᠯ ᠤᠳ ᠢ ᠵᠠᠰᠠᠨ ᠴᠡᠭᠴᠡᠯᠡᠬᠦ ᠠᠵᠢᠯ ᠢ ᠴᠢᠩᠭ᠎ᠠ ᠨᠢᠮᠪᠠᠢ ᠪᠡᠶᠡᠯᠡᠭᠦᠯᠵᠤ《ᠶᠠᠳᠠᠭᠤ ᠡᠷᠦᠬᠡ ᠶᠢ ᠦᠭᠡᠶᠢᠰᠭᠡᠨ ᠪᠠᠷᠢᠮᠵᠢᠶᠠᠨ ᠳᠤ ᠬᠦᠷᠭᠡᠬᠦ》ᠠᠵᠢᠯᠯᠠᠭ᠎ᠠ ᠶᠢ ᠲᠣᠭᠳᠠᠭᠤᠨ ᠢᠶᠠᠷ ᠳᠦᠯᠬᠢᠨ ᠠᠬᠢᠭᠤᠯᠵᠤ᠂ ᠦᠷᠭᠦᠯᠵᠢᠯᠡᠨ ᠶᠠᠳᠠᠭᠤ ᠶᠢ ᠳᠡᠳᠭᠦᠬᠦ ᠦᠢᠯᠡᠰ ᠢ ᠬᠦᠭᠵᠢᠭᠦᠯᠬᠦ᠂ ᠲᠣᠯᠣᠭᠠᠶᠢᠯᠠᠭᠴᠢ ᠠᠵᠤ ᠦᠢᠯᠡᠰ ᠢ ᠪᠤᠵᠠᠭᠠᠶᠢᠷᠠᠭᠤᠯᠤᠨ ᠬᠦᠭᠵᠢᠭᠦᠯᠬᠦ᠂ ᠠᠵᠢᠯ ᠣᠯᠭᠤᠯᠲᠠ ᠪᠠᠷ ᠶᠠᠳᠠᠭᠤ ᠶᠢ ᠳᠡᠳᠭᠦᠬᠦ ᠶᠢ ᠴᠢᠩᠭᠠᠳᠬᠵᠤ ᠬᠦᠴᠢᠷᠳᠡᠯ ᠎ ᠲᠠᠢ ᠡᠷᠦᠬᠡ ᠠᠮᠠ ᠶᠢᠨ ᠲᠣᠭᠲᠠᠮᠠᠯ ᠣᠷᠤᠯᠭ᠎ᠠ ᠲᠠᠢ ᠪᠣᠯᠬᠤ ᠶᠢ ᠪᠡᠶᠡᠯᠡᠭᠦᠯᠦᠨ᠎ᠡ᠃《ᠤᠶᠤᠨ ᠵᠣᠷᠢᠭ ᠤᠨ ᠬᠤᠣᠰ ᠳᠡᠮᠵᠢᠯᠭᠡ》᠎ ᠶᠢᠨ ᠬᠦᠴᠦᠯᠡᠴᠡ ᠪᠠᠨ ᠶᠡᠬᠡᠰᠬᠡᠵᠦ᠂ ᠲᠠᠰᠤᠷᠠᠯᠲᠠ ᠦᠭᠡᠢ ᠬᠦᠴᠢᠷᠲᠡᠯ ᠲᠠᠢ ᠠᠷᠠᠳ ᠳᠦᠮᠡᠨ ᠤ ᠳᠤᠳᠤᠭᠠᠳᠤ ᠬᠦᠴᠦᠨ ᠴᠢᠳᠠᠯ ᠢ ᠪᠠᠳᠠᠷᠠᠭᠤᠯᠵᠤ᠂ ᠦᠪᠡᠷ ᠢᠶᠠᠨ ᠬᠦᠭᠵᠢᠬᠦ ᠴᠢᠳᠠᠪᠤᠷᠢ ᠶᠢ ᠳᠡᠭᠡᠭᠰᠢᠯᠡᠭᠦᠯᠦᠨ ᠪᠤᠴᠠᠵᠤ ᠶᠠᠳᠠᠭᠤᠷᠠᠬᠤ ᠠᠴᠠ ᠰᠡᠷᠭᠡᠶᠢᠯᠡᠬᠦ ᠤᠷᠳᠤ ᠬᠤᠭᠤᠴᠠᠭᠠᠨ ᠤ ᠳᠦᠷᠢᠮ ᠲᠣᠭᠳᠠᠭᠠᠯ ᠢ ᠪᠠᠶᠢᠭᠤᠯᠵᠤ ᠪᠦᠷᠢᠨᠰᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠵᠤ ᠬᠠᠪᠰᠤᠷᠤᠨ ᠳᠡᠮᠵᠢᠬᠦ ᠬᠠᠷᠢᠭᠤᠴᠠᠯᠭ᠎ᠠ ᠶᠢ ᠴᠢᠩᠭ᠎ᠠ ᠨᠢᠮᠪᠠᠢ ᠨᠠᠶᠢᠳᠠᠪᠤᠷᠢᠵᠢᠭᠤᠯᠤᠨ ᠂ ᠠᠵᠢᠯ ᠤᠨ ᠬᠦᠴᠦᠯᠡᠴᠡ ᠬᠦᠷᠦᠯᠴᠡᠬᠦ᠂ ᠰᠣᠷᠳᠠᠯ ᠴᠡᠭᠴᠡ ᠪᠣᠰᠤ᠂ ᠬᠤᠳᠠᠯ ᠬᠠᠭᠤᠷᠮᠠᠭ ᠦᠢᠯᠡᠳᠬᠦ ᠵᠡᠷᠭᠡ ᠠᠰᠠᠭᠤᠳᠠᠯ ᠢ ᠡᠷᠡᠰ ᠳᠡᠪᠴᠠᠵᠦ᠂ ᠶᠠᠳᠠᠭᠤ ᠠᠴᠠ ᠠᠩᠭᠢᠵᠢᠷᠠᠭᠤᠯᠵᠤ ᠬᠠᠪᠰᠤᠷᠤᠨ ᠳᠡᠮᠵᠢᠬᠦ ᠠᠵᠢᠯ ᠤᠨ ᠦᠷ᠎ᠡ ᠪᠦᠳᠦᠮᠵᠢ ᠳᠡᠦᠬᠡ ᠪᠠ ᠦᠢᠯᠡᠳᠦᠯᠭᠡ ᠶᠢᠨ ᠬᠠᠳᠠᠭᠤ ᠰᠢᠯᠭᠠᠯᠳᠠ ᠶᠢ ᠳᠠᠭᠠᠭᠠᠨ ᠳᠠᠪᠠᠵᠤ ᠴᠢᠳᠠᠬᠤ ᠶᠢ ᠪᠠᠳᠤᠯᠠᠨ᠎ᠠ᠃ ᠪᠤᠬᠢᠷᠳᠦᠯ ᠠᠴᠠ ᠰᠡᠷᠭᠡᠶᠢᠯᠡᠨ ᠵᠠᠰᠠᠬᠤ ᠰᠢᠪᠳᠤᠯᠤᠯᠲᠠ ᠶᠢᠨ ᠳᠠᠶᠢᠨ ᠢ ᠰᠠᠶᠢᠳᠤᠷ ᠬᠢᠨ᠎ᠡ᠃ ᠳᠦᠪ ᠬᠤᠷᠢᠶᠠᠨ ᠤ ᠬᠢᠨᠠᠨ  ᠪᠠᠶᠢᠴᠠᠭᠠᠯᠲᠠ‌ᠵᠢᠴᠢ ︿ᠡᠷᠭᠢᠵᠦ ᠬᠠᠷᠠᠬᠤ﹀ ᠳᠤᠰᠬᠠᠯ ᠰᠠᠨᠠᠯ ᠢ ᠨᠠᠷᠢᠨ ᠨᠢᠮᠪᠠᠢ ᠡᠮᠬᠢᠳᠭᠡᠨ ᠴᠡᠭᠴᠡᠯᠡᠵᠦ᠂ ᠦᠨᠡᠨ ᠬᠦ᠋‍ ᠨᠢᠭᠡ ᠶᠢ ᠵᠠᠰᠠᠪᠠᠯ ᠨᠢᠭᠡ ᠶᠢ ᠰᠢᠯᠭᠠᠨ ᠬᠤᠷᠢᠶᠠᠵᠤ ᠳᠠᠩᠰᠠᠨ ᠠᠴᠠ ᠠᠷᠢᠯᠭᠠᠨ᠎ᠠ᠃ ᠠᠭᠠᠷ ᠤᠨ ᠪᠣᠬᠢᠷᠳᠤᠯ ᠤᠨ ᠵᠠᠰᠠᠨ ᠴᠡᠭᠴᠡᠯᠡᠯᠳᠡ ᠶᠢ ᠰᠠᠶᠢᠳᠤᠷ ᠬᠢᠵᠤ᠂ ᠪᠦᠳᠦᠭᠦᠯᠢᠭ ᠨᠡᠭᠦᠷᠡᠰᠦ ᠶᠢ ᠵᠠᠳᠠᠭᠠᠢ ᠰᠢᠲᠠᠭᠠᠬᠤ ᠴᠡᠭᠴᠡᠯᠡᠯᠳᠡ ᠶᠢᠨ ᠬᠦᠴᠦ ᠪᠠᠨ ᠨᠡᠮᠡᠵᠦ᠂ ᠡᠪᠤᠯ ᠤᠨ ᠤᠯᠠᠷᠢᠯ ᠤᠨ ᠴᠡᠪᠡᠷ ᠴᠡᠪᠡᠷᠬᠡᠨ ᠲᠤᠯᠠᠭᠠᠯᠭ᠎ᠠ ᠶᠢᠨ ᠢᠨᠵᠧᠨᠧᠷᠢᠩ ᠢ ᠢᠳᠡᠪᠬᠢᠯᠡᠨ ᠳᠦᠯᠬᠢᠨ ᠠᠬᠢᠭᠤᠯᠵᠤ《ᠲᠠᠷᠠᠬᠠᠢ ᠯᠤᠪᠰᠢᠷᠬᠠᠭ ᠪᠣᠬᠢᠷᠳᠤᠯ ᠲᠠᠢ》ᠠᠵᠤ ᠠᠬᠤᠶᠢᠯᠠᠯ ᠢ ᠴᠠᠭᠠᠵᠠᠯᠠᠭᠰᠠᠨ ᠦᠷ᠎ᠡ ᠪᠦᠳᠦᠮᠵᠢ ᠪᠠᠨ ᠪᠠᠬᠢᠵᠢᠭᠦᠯᠵᠤ᠂ ᠪᠠᠷᠢᠯᠭ᠎ᠠ ᠶᠢᠨ ᠭᠠᠵᠠᠷ ᠤᠨ ᠲᠣᠭᠤᠰᠤ ᠮᠠᠨᠠᠨ ᠳᠡᠭᠳᠡᠭᠡᠬᠦ ᠶᠢ ᠬᠠᠮᠢᠶᠠᠷᠬᠤ ᠶᠢ ᠴᠢᠩᠭᠠᠳᠬᠠᠨ᠂ ᠬᠦᠬᠡ ᠴᠡᠩᠬᠡᠷ ᠳᠡᠭᠷᠢ ᠪᠠᠨ ᠬᠠᠮᠠᠭᠠᠯᠠᠬᠤ ᠳᠠᠶᠢᠨ ᠤ ᠢᠯᠠᠯᠲᠠ ᠣᠯᠬᠤ ᠶᠢ ᠵᠠᠪᠠᠯ ᠪᠠᠳᠤᠯᠠᠨ᠎ᠡ᠃ ᠤᠰᠤᠨ ᠤ ᠪᠣᠬᠢᠷᠳᠤᠯ ᠢ ᠵᠠᠰᠠᠨ ᠴᠡᠭᠴᠡᠯᠡᠬᠦ ᠶᠢ ᠴᠢᠩᠭ᠎ᠠ ᠠᠳᠬᠤᠨ᠎ᠠ᠃ ᠭᠤᠤᠯ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠤᠤᠭᠤᠬᠤ ᠤᠰᠤᠨ ᠡᠬᠢ ᠰᠣᠷᠪᠤᠯᠵᠢ ᠶᠢᠨ ᠪᠦᠳᠦᠭᠡᠨ ᠪᠠᠶᠢᠭᠤᠯᠤᠯᠲᠠ ᠶᠢᠨ ᠬᠠᠮᠠᠭᠠᠯᠠᠬᠤ ᠬᠦᠴᠦ ᠶᠢ ᠨᠡᠮᠡᠭᠳᠡᠭᠦᠯᠵᠦ᠂ ᠳᠤᠮᠳᠠ ᠵᠡᠷᠭᠡ ᠶᠢᠨ ᠤᠰᠤ ᠶᠢ ᠲᠠᠬᠢᠨᠲᠠ ᠠᠰᠢᠭᠯᠠᠬᠤ ᠢᠨᠵᠧᠨᠧᠷᠢᠩ ᠢ ᠦᠨᠳᠦᠷ ᠪᠠᠷᠢᠮᠵᠢᠶ᠎ᠠ ᠪᠠᠷ ᠪᠡᠶᠡᠯᠡᠭᠦᠯᠵᠦ᠂ ᠳᠤᠮᠳᠠ ᠵᠡᠷᠭᠡ ᠶᠢᠨ ᠤᠰᠤᠨ ᠤ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠨ 55% ᠪᠣᠯᠭᠠᠨ᠎ᠠ᠃ ᠭᠠᠵᠠᠷ ᠬᠦᠷᠦᠰᠦ ᠶᠢᠨ ᠪᠣᠬᠢᠷᠳᠤᠯ ᠢ ᠵᠠᠰᠠᠨ ᠴᠡᠭᠴᠡᠯᠡᠵᠦ᠂ ᠭᠠᠵᠠᠷ ᠤᠨ ᠤ ᠬᠦᠷᠦᠰᠦᠨ ᠤ ᠤᠷᠴᠢᠨ ᠲᠣᠭᠤᠷᠢᠨ ᠤ ᠬᠢᠨᠠᠨ ᠬᠡᠮᠵᠢᠵᠦ ᠬᠢᠨᠠᠨ ᠪᠠᠶᠢᠴᠠᠭᠠᠬᠤ ᠴᠢᠳᠠᠪᠤᠷᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠯᠠᠮ ᠨᠢᠭᠡ ᠠᠯᠬᠤᠮ ᠬᠢᠮᠢ ᠶᠢᠨ ᠪᠣᠷᠳᠤᠭᠤᠷ᠂ ᠡᠮ᠂  ᠪᠦᠷᠬᠦᠪᠴᠢ ᠢ ᠡᠵᠡᠮᠰᠢᠵᠦ ᠡᠬᠢ ᠰᠤᠷᠪᠤᠯᠵᠢ ᠠᠴᠠ ᠨᠢ ᠲᠠᠷᠢᠶᠠᠯᠠᠩ ᠤᠨ ᠭᠠᠳᠠᠷᠭᠤ ᠶᠢᠨ ᠪᠣᠬᠢᠷᠳᠤᠯ ᠢ ᠵᠠᠰᠠᠵᠤ᠂ ᠵᠢᠨᠢᠩ ᠤᠨ ᠳᠡᠭᠷᠢ ᠢ ᠤᠯᠠᠮ ᠬᠦᠬᠡᠮᠳᠦᠭ᠂ ᠤᠰᠤ ᠶᠢ ᠤᠯᠠᠮ ᠲᠣᠩᠭᠠᠯᠠᠭ᠂ ᠭᠠᠵᠠᠷ ᠢ ᠤᠯᠠᠮ ᠴᠡᠪᠡᠷᠬᠡᠨ᠂ ᠠᠭᠠᠷ ᠢ ᠤᠯᠠᠮ ᠰᠢᠨ᠎ᠡ ᠰᠣᠷᠭᠤᠭ ᠪᠣᠯᠭᠠᠨ᠎ᠠ᠃     ︵ᠬᠤᠶᠠᠷ︶ ᠰᠢᠨ᠎ᠡ ᠦᠨᠳᠦᠷ ᠴᠢᠨᠠᠷ ᠢᠶᠠᠷ ᠳᠠᠶᠢᠴᠢᠯᠠᠯᠲᠠ ᠪᠣᠯᠭᠠᠬᠤ ᠶᠢ ᠪᠠᠷᠢᠮᠳᠠᠯᠠᠵᠤ᠂ ᠪᠤᠳᠠᠳᠤ ᠦᠢᠯᠡᠰ ᠢ ᠬᠦᠴᠦᠷᠭᠡᠭᠵᠢᠭᠦᠯᠵᠦ ᠪᠤᠵᠠᠭᠠᠶᠢᠷᠠᠭᠤᠯᠤᠨ᠎ᠠ᠃《ᠳᠡᠷᠢᠭᠦᠨ ᠳᠡᠰ ᠤᠨ ᠬᠦᠷᠢᠶᠡᠯᠡᠩ》᠎ ᠢ ᠪᠠᠶᠢᠭᠤᠯᠬᠤ ᠬᠦᠭᠵᠢᠯᠳᠡ ᠶᠢᠨ ᠬᠠᠷᠠᠯᠲᠠ ᠶᠢ ᠴᠢᠩᠭ᠎ᠠ ᠪᠠᠷᠢᠮᠳᠠᠯᠠᠵᠤ᠂ ᠬᠦᠷᠢᠶᠡᠯᠡᠩ ᠤᠨ ᠰᠤᠯᠠ ᠰᠡᠯᠡᠭᠦᠦ ᠭᠠᠵᠠᠷ᠂ ᠦᠢᠯᠡᠳᠪᠦᠷᠢ ᠶᠢᠨ ᠪᠠᠶᠢᠰᠢᠩ᠂ ᠣᠷᠤᠨᠴᠤᠭ ᠠᠵᠤ ᠠᠬᠤᠶᠢᠯᠠᠯ ᠢ ᠴᠡᠪᠡᠷᠯᠡᠬᠦ ᠬᠦᠴᠦᠯᠡᠴᠡ ᠪᠠᠨ ᠴᠢᠩᠭᠠᠳᠬᠠᠵᠤ᠂ ᠨᠡᠩ ᠠᠷᠪᠢᠨ ᠡᠯᠧᠮᠧᠨ᠋ᠲ ᠵᠢᠭᠠᠯᠲᠠ ᠲᠤᠭ᠎ᠠ ᠶᠢ ᠶᠡᠭᠦᠯᠡᠨ ᠭᠠᠷᠭᠠᠵᠤ᠂ ᠰᠢᠯᠢᠳᠡᠭ ᠳᠦᠷᠦᠯ ᠵᠦᠢᠯ ᠢ ᠬᠦᠷᠢᠶᠡᠯᠡᠩ ᠳᠤ ᠣᠷᠤᠭᠤᠯᠤᠨ ᠬᠦᠭᠵᠢᠭᠦᠯᠬᠦ ᠶᠢ ᠪᠠᠳᠤᠯᠠᠨ᠎ᠠ᠃ ᠳᠣᠮᠤ ᠳ᠋ᠸᠶᠢᠲ᠋ᠠ᠂ ᠪᠠᠶᠢᠭᠠᠯᠢᠭ ᠢᠳᠡᠭᠡᠨ ᠤ ᠪᠣᠯᠪᠠᠰᠤᠷᠠᠭᠤᠯᠤᠯᠲᠠ᠂ ᠰᠢᠨ᠎ᠡ ᠡᠨᠧᠷᠬᠢ ᠰᠢᠨ᠎ᠡ ᠮᠠᠲ᠋ᠧᠷᠢᠶᠠᠯ᠂ ᠳᠡᠭᠡᠳᠦ ᠳᠡᠰ ᠤᠨ ᠲᠣᠨᠤᠭ ᠳᠦᠬᠦᠭᠡᠷᠤᠮᠵᠢ ᠦᠢᠯᠡᠳᠬᠦ᠂ ᠠᠮᠢᠳᠤ ᠪᠣᠳᠠᠰ ᠢᠶᠠᠷ ᠡᠮ ᠦᠢᠯᠡᠳᠬᠦ ᠦᠢᠯᠡᠰ ᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠲᠣᠪᠤᠶᠢᠯᠭᠠᠵᠤ᠂ ᠭᠤᠤᠯ ᠠᠵᠤ ᠦᠢᠯᠡᠰ ᠳᠦᠪᠯᠡᠷᠡᠩᠭᠦᠢ ᠣᠷᠤᠨ ᠢᠶᠠᠷ ᠰᠠᠭᠤᠷᠢ ᠪᠣᠯᠭᠠᠭᠰᠠᠨ᠂ ᠭᠤᠤᠯᠯᠠᠬᠤ ᠠᠵᠤ ᠠᠬᠤᠶᠢᠯᠠᠯ ᠢᠶᠠᠷ ᠲᠣᠯᠭᠠᠭᠤᠷᠢ ᠪᠣᠯᠭᠠᠭᠰᠠᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠪᠦᠷᠢᠯᠳᠦᠭᠦᠯᠬᠦ ᠪᠠᠷ ᠴᠢᠷᠮᠠᠶᠢᠨ᠎ᠠ᠃ ᠬᠤᠸᠠ ᠸᠧᠢ ᠬᠤᠶᠠᠳᠤᠭᠠᠷ ᠬᠤᠭᠤᠴᠠᠭ᠎ᠠ᠂ ᠠ ᠯᠢ ᠪᠠ ᠪᠠ ᠳ᠋ᠸᠶᠢᠲ᠋ᠠ ᠶᠢᠨ ᠳᠦᠪ ᠤᠨ ᠪᠠᠶᠢᠭᠤᠯᠵᠤ ᠳᠠᠭᠤᠰᠤᠨ ᠡᠵᠡᠩᠨᠡᠯᠳᠡ ᠳᠤ ᠣᠷᠤᠬᠤ ᠶᠢ ᠳᠦᠷᠭᠡᠳᠭᠡᠵᠦ᠂ ᠬᠤᠸᠠ ᠸᠧᠢ ᠭᠤᠷᠪᠠᠳᠤᠭᠠᠷ ᠬᠤᠭᠤᠴᠠᠭ᠎ᠠ᠂ ᠠᠯᠮᠤᠷᠠᠳ᠂ ᠢᠦ ᠺᠧ ᠳ᠋ᠧ᠂ ᠶᠠ ᠰᠢᠨ ᠡᠭᠦᠳᠦᠯᠳᠡ᠂ ᠲᠤᠩ ᠵᠸᠦ ᠬᠤᠢ ᠲᠤᠩ ᠵᠡᠷᠭᠡ ᠳᠦᠷᠦᠯ ᠵᠦᠢᠯ ᠢ ᠡᠬᠢᠯᠡᠭᠦᠯᠵᠦ᠂ ᠲᠧᠩ ᠰᠢᠶᠦ᠋ᠨ ᠂ ᠲᠣᠬᠢᠭᠤᠷ ᠣᠳᠤ ᠵᠠᠮᠴᠢᠯᠠᠭᠤᠷ ᠵᠡᠷᠭᠡ ᠳ᠋ᠸᠶᠢᠲ᠋ᠠ ᠶᠢᠨ ᠳᠦᠷᠦᠯ ᠵᠦᠢᠯ ᠲᠠᠢ ᠢᠳᠡᠪᠬᠢᠯᠡᠨ ᠬᠠᠷᠢᠴᠠᠵᠤ᠂ ᠬᠠᠮᠳᠤ ᠎ ᠳᠤᠨᠢ ᠳ᠋ᠠ ᠬᠤᠸᠠ ᠲᠠᠩ᠂ ᠪᠦᠸᠧ ᠶᠦᠸᠧ᠂ ᠬᠤᠩ ᠯᠢᠶᠠᠨ ᠵᠡᠷᠭᠡ ᠦᠢᠯᠡᠴᠢᠯᠡᠭᠡᠨ ᠤ ᠭᠠᠳᠠᠭᠠᠳᠤ ᠳᠠᠭᠠᠭᠠᠴᠢᠯᠠᠯᠳᠠ ᠶᠢᠨ ᠠᠵᠤ ᠠᠬᠤᠶᠢᠯᠠᠯ ᠪᠠ ᠪᠠᠢ ᠳ᠋ᠦ᠋᠂ ᠳ᠋ᠢᠩ ᠰᠢᠨ ᠲᠧᠭᠨᠢᠭ ᠮᠡᠷᠭᠡᠵᠢᠯ ᠵᠡᠷᠭᠡ ᠳ᠋ᠸᠶᠢᠲ᠋ᠠ ᠶᠢᠨ ᠬᠡᠷᠡᠭᠯᠡᠭᠡᠨ ᠤ ᠦᠢᠯᠡᠰ ᠤᠨ ᠳᠦᠷᠦᠯ ᠵᠦᠢᠯ ᠢ ᠪᠤᠵᠠᠭᠠᠶᠢᠷᠠᠭᠤᠯᠵᠤ᠂ ᠬᠤᠸᠠ ᠪᠸᠢ ᠤᠷᠤᠨ ᠳᠤ ᠴᠢᠭᠯᠡᠭᠦᠯᠦᠨ᠂ ᠪᠡᠭᠡᠵᠢᠩ᠂ ᠲᠢᠶᠠᠨᠵᠢᠨ᠂ ᠾᠪᠸᠢ ᠣᠷᠤᠨ ᠳᠤ ᠦᠢᠯᠡᠴᠢᠯᠡᠭᠰᠡᠨ ᠤᠯᠤᠰ ᠤᠨ ᠳᠣᠮᠤ ᠳ᠋ᠸᠶᠢᠲ᠋ᠠ ᠶᠢᠨ ᠰᠠᠭᠤᠷᠢᠨ ᠭᠠᠵᠠᠷ ᠢ ᠪᠦᠬᠦ ᠬᠦᠴᠦ ᠪᠠᠷ ᠪᠦᠳᠦᠭᠡᠨ ᠪᠠᠶᠢᠭᠤᠯᠤᠨ᠎ᠠ᠃ ᠯᠤᠤ ᠮᠠ ᠯᠠᠯᠤ᠂ ᠨᠠᠷᠠᠰᠤᠨ ᠠᠷᠢᠬᠢᠨ ᠦᠢᠯᠡᠰ ᠵᠡᠷᠭᠡ ᠭᠠᠵᠠᠷ ᠣᠷᠤᠨ ᠤ ᠨᠡᠷᠡᠳᠦ ᠳᠡᠮᠳᠡᠭ ᠢ ᠬᠦᠷᠢᠶᠡᠯᠡᠩ ᠳᠤ ᠣᠷᠤᠵᠤ ᠦᠢᠯᠡᠳᠪᠦᠷᠢ ᠪᠠᠶᠢᠭᠤᠯᠬᠤ ᠶᠢ ᠳᠦᠯᠬᠢᠨ ᠠᠬᠢᠭᠤᠯᠵᠤ᠂ ᠮᠢᠨ ᠹᠧᠩ ᠳᠦᠮᠦᠰᠦᠨ ᠦᠢᠯᠡᠰ᠂ ᠲᠦ᠋ ᠲᠸᠦ ᠵᠢᠢ ᠵᠡᠷᠭᠡ ᠳᠦᠮᠦᠰᠦᠨ ᠦᠢᠯᠡᠰ ᠤᠨ ᠨᠡᠩ ᠨᠠᠷᠢᠯᠢᠭ ᠪᠣᠯᠪᠠᠰᠤᠷᠠᠭᠤᠯᠤᠯᠲᠠ ᠢ ᠪᠣᠶᠢᠵᠢᠭᠤᠯᠤᠨ ᠪᠤᠵᠠᠭᠠᠶᠢᠷᠠᠭᠤᠯᠵᠤ᠂ ᠴᠢᠦ ᠱᠢ ᠠᠮᠢᠳᠤ ᠪᠣᠳᠠᠰ᠂  ᠮᠸᠡᠭ ᠭᠧᠨ ᠱᠠᠨ ᠦᠭᠡᠬᠦ ᠲᠣᠰᠣᠨ ᠳᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠳᠦᠷᠭᠡᠳᠭᠡᠵᠦ᠂ ᠲᠠᠯ᠎ᠠ ᠨᠣᠳᠤᠭ ᠤᠨ ᠯᠢ ᠰᠢᠨ᠂ ᠵᠦᠩ ᠶᠠᠩ ᠮᠠᠯᠵᠢᠯ ᠤᠨ ᠦᠢᠯᠡᠰ᠂ ᠵᠦᠩ ᠶᠠᠩ ᠲᠣᠭᠤᠭᠠᠨ ᠭᠡᠷ᠂ ᠱᠤᠸᠠᠩ ᠬᠤᠢ ᠮᠢᠬᠠᠨ ᠢᠳᠡᠭᠡᠨ ᠤ ᠪᠣᠯᠪᠠᠰᠤᠷᠠᠭᠤᠯᠤᠯᠲᠠ ᠵᠡᠷᠭᠡ ᠳᠦᠷᠦᠯ ᠵᠦᠢᠯ ᠢ ᠤᠷᠢᠨ ᠣᠷᠣᠭᠤᠯᠵᠤ《ᠨᠡᠶᠢᠰᠯᠡᠯ ᠲᠠᠢ ᠨᠢᠭᠤᠷᠯᠠᠵᠤ᠂ ᠣᠷᠤᠨ ᠤ ᠳᠦᠪ ᠢ ᠳᠦᠰᠢᠨ᠂ ᠣᠶᠢᠷ᠎ᠠ ᠤᠷᠴᠢᠮ ᠢᠶᠠᠨ ᠭᠡᠶᠢᠭᠦᠯᠦᠭᠰᠡᠨ》ᠪᠠᠶᠢᠭᠠᠯᠢᠭ ᠢᠳᠡᠭᠡᠨ ᠤ ᠪᠣᠯᠪᠠᠰᠤᠷᠠᠭᠤᠯᠤᠯᠲᠠ ᠶᠢᠨ ᠰᠠᠭᠤᠷᠢᠨ ᠭᠠᠵᠠᠷ ᠢ ᠴᠤᠭᠴᠠᠯᠠᠨ ᠪᠠᠶᠢᠭᠤᠯᠤᠨ᠎ᠠ᠃ ᠳ᠋ᠦᠡᠭ ᠶᠠᠩ ᠭᠤᠸᠠᠩ ᠬᠤᠸᠠ ᠴᠧᠩ ᠪᠦᠸᠧ᠂ ᠬᠤᠸᠠ ᠷᠦᠢ ᠳᠦᠷᠪᠡᠳᠦᠭᠡᠷ ᠬᠤᠭᠤᠴᠠᠭ᠎ᠠ ᠪᠠᠷᠢᠯᠭ᠎ᠠ ᠳᠠᠭᠤᠰᠬᠠᠵᠤ ᠪᠠᠷᠢᠮᠵᠢᠶᠠᠨ ᠳᠤ ᠨᠡᠶᠢᠴᠡᠵᠡᠢ᠃ ᠵᠢᠩ ᠰᠢ ᠡᠨᠧᠷᠬᠢ ᠤᠨ ᠵᠢᠯ ᠤᠨ ᠭᠠᠷᠤᠯᠲᠠ 5 ᠳᠦᠮᠡᠨ ᠲᠣᠨ ᠦᠨᠳᠦᠷ ᠴᠡᠪᠡᠷᠴᠡ ᠲᠠᠢ ᠴᠠᠶᠢᠷ ᠬᠦᠩᠭᠡᠨᠴᠠᠭᠠᠨ ᠤ ᠬᠤᠯᠪᠤᠭᠳᠠᠯ ᠪᠦᠬᠦᠢ ᠳᠦᠷᠦᠯ ᠵᠦᠢᠯ ᠢ ᠡᠬᠢᠯᠡᠭᠦᠯᠵᠡᠢ᠃ ᠱᠠᠨᠰᠢ -- ᠪᠡᠭᠡᠵᠢᠩ ᠳᠥᠷᠪᠡᠨ ᠱᠤᠭᠤᠮ ᠤᠨ ᠰᠠᠯᠪᠤᠷᠢ ᠱᠤᠭᠤᠮ ᠤᠨ ᠳᠠᠮᠵᠢᠭᠤᠯᠬᠤ ᠬᠤᠭᠤᠯᠠᠶ ᠪᠠ ᠪᠠᠷᠠᠭᠤᠨ ᠬᠡᠰᠡᠭ ᠤᠨ ᠭᠠᠵᠠᠷ ᠣᠷᠣᠨ ᠤ ᠪᠠᠶᠢᠭᠠᠯᠢ ᠶᠢᠨ ᠰᠢᠲᠠᠮᠠᠬᠠᠶ ᠬᠡᠢ ᠶᠢᠨ ᠬᠢᠯᠢ ᠪᠠᠷ ᠥᠩᠭᠡᠷᠡᠬᠦ ᠳᠠᠪᠠᠭᠤᠯᠢᠭ ᠢ ᠠᠳᠬᠤᠵᠤ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠬᠠᠩᠭᠠᠨ ᠪᠣᠷᠣᠯᠠᠭᠤᠯᠬᠤ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ︔ ᠪᠡᠭᠡᠵᠢᠩ ᠨᠢᠩᠰᠢᠶᠠ ᠶᠢᠨ ᠬᠤᠶᠠᠳᠤᠭᠠᠷ ᠬᠤᠭᠤᠴᠠᠭᠠᠨ ᠤ 2 × 100 ᠲᠦᠮᠡᠨ ᠺᠢᠯᠣᠸᠠᠲ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠳᠠᠰᠢᠷᠠᠮ ᠢᠶᠠᠷ ᠪᠦᠬᠦ ᠤᠯᠤᠰ ᠤᠨ ᠴᠢᠬᠤᠯᠠ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠢ ᠴᠣᠭᠴᠠᠯᠠᠨ᠎ᠠ᠃ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ᠂ ᠪᠠᠷᠢᠯᠭ᠎ᠠ ᠶᠢᠨ ᠮᠠᠰᠢᠨ ᠵᠡᠷᠭᠡ ᠠᠵᠤ ᠠᠬᠤᠶᠢᠯᠠᠯ ᠢ ᠥᠭᠡᠷᠡᠴᠢᠯᠡᠨ ᠲᠠᠰ ᠳᠡᠪᠰᠢᠭᠦᠯᠬᠦ ᠶᠢ ᠵᠣᠷᠢᠭᠵᠢᠭᠤᠯᠵᠤ᠂ ᠮᠢᠩ ᠶᠠᠩ ᠰᠠᠯᠬᠢᠨ ᠬᠦᠴᠦᠨ ᠤ ᠴᠠᠬᠢᠯᠭᠠᠨ᠂  ᠹᠸᠡᠩ ᠳ᠋ᠢᠶᠠᠨ ᠡᠨᠧᠷᠭᠢ ᠶᠢᠨ ᠰᠡᠷᠭᠦᠭᠡᠨ ᠦᠢᠯᠡᠳᠪᠦᠷᠢᠯᠡᠬᠦ ᠶᠢ ᠲᠦᠯᠬᠢᠨ ᠠᠬᠢᠭᠤᠯᠵᠤ᠂ ᠵᠧᠩ ᠳ᠋ᠤᠤ᠂ ᠴᠢ ᠷᠦᠢ ᠶᠢᠨ ᠴᠡᠪᠡᠷ ᠡᠨᠧᠷᠭᠢ ᠶᠢᠨ ᠮᠠᠰᠢᠨ ᠲᠡᠷᠭᠡ᠂ ᠬᠠᠩᠵᠧᠦ ᠶᠢᠨ ᠦᠨᠳᠦᠷ ᠬᠤᠷᠳᠤᠴᠠᠲᠤ ᠲᠡᠮᠦᠷ ᠵᠠᠮ ᠤᠨ ᠴᠠᠬᠢᠯᠭᠠᠨ ᠬᠠᠩᠭᠠᠬᠤ ᠰᠢᠰᠲ᠋ᠧᠮ ᠤᠨ ᠨᠥᠬᠦᠪᠥᠷᠢᠯᠡᠬᠦ ᠲᠣᠨᠣᠭᠯᠠᠯ᠂ ᠵᠢᠩ ᠶᠠᠩ ᠴᠠᠬᠢᠯᠭᠠᠨ ᠴᠡᠨᠡᠭᠯᠡᠬᠦ ᠱᠣᠩ ᠵᠡᠷᠭᠡ ᠲᠥᠷᠥᠯ ᠵᠦᠢᠯ ᠤᠨ ᠪᠠᠶᠢᠭᠤᠯᠤᠯᠳᠡ ᠶᠢ ᠲᠦᠷᠭᠡᠳᠭᠡᠨ᠂ ᠮᠠᠰᠢᠨ ᠲᠡᠷᠭᠡ ᠵᠢᠴᠢ ᠲᠡᠭᠦᠨ ᠤ ᠵᠠᠩᠭᠢᠯᠠᠭ᠎ᠠ ᠶᠢᠨ ᠰᠡᠯᠪᠢᠭ ᠲᠣᠨᠤᠭ᠂ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠲᠥᠬᠦᠭᠡᠷᠦᠮᠵᠢ ᠵᠡᠷᠭᠡ ᠪᠠᠷ ᠭᠤᠣᠯ ᠪᠣᠯᠭᠠᠭᠰᠠᠨ ᠳᠡᠭᠡᠳᠦ ᠲᠠᠰ ᠤᠨ ᠲᠣᠨᠤᠭ ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠲᠢᠶᠠᠨ ᠢᠦᠶ ᠳ᠋ᠠ᠂ ᠵᠢᠩ ᠳ᠋ᠦᠩ ᠵᠡᠷᠭᠡ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠯᠢᠶᠠᠩ ᠹᠠᠩ ᠡᠮ ᠡᠮᠨᠡᠯᠭᠡ᠂ ᠱᠧᠩ ᠺᠠᠩ ᠤᠨ ᠡᠮ ᠡᠮᠨᠡᠯᠭᠡ ᠵᠡᠷᠭᠡ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠡᠭᠡᠵᠢᠩ ᠤᠨ ᠹᠦ᠋ ᠺᠠᠩ ᠷᠧᠨ᠂ ᠰᠾᠢ ᠹᠧᠨ ᠺᠧ ᠵᠡᠷᠭᠡ ᠲᠦᠭᠦᠬᠡᠶ ᠮᠠᠲ᠋ᠧᠷᠢᠶᠠᠯ ᠤᠨ ᠡᠮ ᠪᠣᠯᠤᠨ ᠰᠢᠦᠶᠢᠵᠧᠤ ᠶᠢᠨ ᠮᠦᠸᠧ ᠡᠯ ᠡᠮ ᠡᠮᠨᠡᠯᠭᠡ ᠶᠢᠨ ᠲᠤᠷᠰᠢᠯᠲᠠ ᠶᠢᠨ ᠡᠮ ᠤᠨ ᠦᠶᠯᠡᠳᠪᠦᠷᠢᠯᠡᠯ ᠤᠨ ᠲᠥᠷᠥᠯ ᠵᠦᠶᠯ ᠢ ᠵᠣᠯᠭᠠᠭᠤᠯᠤᠨ ᠣᠷᠣᠭᠤᠯᠵᠤ᠂ ᠪᠥᠬᠦ ᠤᠯᠤᠰ ᠎ ᠤᠨ ᠠᠮᠢᠳᠤ ᠪᠣᠳᠠᠰ ᠤᠨ ᠡᠮ ᠤᠨ ᠴᠢᠬᠤᠯᠠ ᠰᠠᠭᠤᠷᠢᠨ ᠭᠠᠵᠠᠷ ᠢ ᠪᠠᠶᠢᠭᠤᠯᠤᠨ᠎ᠠ᠃    ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾᠎ ᠤ ᠬᠥᠭᠵᠢᠯᠲᠡ ᠶᠢᠨ ᠰᠠᠭᠤᠷᠢ ᠶᠢ ᠬᠦᠴᠦᠯᠡᠨ ᠪᠠᠬᠢᠵᠢᠭᠦᠯᠦᠨ᠎ᠡ᠃ ︽ᠠᠵᠤ ᠦᠢᠯᠡᠰ ᠬᠥᠭᠵᠢᠨ ᠴᠡᠴᠡᠭᠯᠡᠬᠦ᠂ ᠠᠮᠢ ᠠᠬᠤᠢ ᠣᠷᠣᠰᠢᠨ ᠰᠠᠭᠤᠬᠤ ᠳᠤ ᠲᠠᠭᠠᠯᠠᠮᠵᠢᠲᠠᠢ᠂ ᠬᠥᠳᠡᠭᠡ ᠲᠣᠰᠬᠤᠨ ᠤ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠴᠢᠨᠡᠭᠡᠯᠢᠭ ᠠᠮᠢᠳᠤᠷᠠᠯ︾ ᠶᠡᠷᠦᠩᠬᠡᠢ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠤᠬᠠᠢ ᠶᠢᠨ ᠲᠠᠯᠠᠪᠠᠢ ᠶᠢᠨ ᠬᠤᠷᠠᠯ ᠢ ᠳᠠᠭᠠᠭᠠᠴᠢᠯᠠᠨ ᠡᠷᠬᠢᠯᠡᠬᠦ ᠪᠠᠷ ᠠᠵᠠ ᠲᠣᠬᠢᠶᠠᠯ ᠪᠣᠯᠭᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠵᠢᠱᠢᠶ᠎ᠡ ᠦᠵᠡᠭᠦᠯᠬᠦ ᠣᠷᠣᠨ ᠢ ᠬᠦᠴᠦᠯᠡᠨ ᠪᠠᠶᠢᠭᠤᠯᠤᠨ᠎ᠠ᠃ ᠣᠳᠣ ᠦᠶ᠎ᠡ ᠶᠢᠨ ᠲᠠᠷᠢᠶᠠᠯᠠᠩ ᠤᠨ ᠬᠦᠭᠵᠢᠯᠳᠡ ᠶᠢ ᠲᠦᠷᠭᠡᠳᠭᠡᠨ᠎ᠡ᠃ ︽ᠲᠣᠮᠣ ᠰᠠᠷᠠᠪᠴᠢᠨ ᠭᠡᠷ ᠪᠠᠶᠢᠰᠢᠩ︾᠎ ᠢ ᠪᠦᠬᠦ ᠲᠠᠯ᠎ᠠ ᠪᠠᠷ ᠴᠡᠭᠴᠡᠯᠡᠵᠦ᠂ ︽ᠲᠠᠷᠢᠶᠠᠨ ᠭᠠᠵᠠᠷ ᠤᠨ ᠲᠠᠷᠢᠶᠠᠯᠠᠬᠤ ᠪᠤᠰᠤ︾ ᠦᠵᠡᠭᠳᠡᠯ ᠢ ᠡᠷᠡᠰ ᠬᠤᠷᠢᠭᠯᠠᠨ ᠵᠣᠭᠰᠣᠭᠠᠵᠤ᠂ ᠲᠠᠷᠢᠶᠠᠨ ᠭᠠᠵᠠᠷ ᠢ ᠲᠠᠷᠢᠶᠠᠯᠠᠩ ᠳᠤ ᠬᠡᠷᠡᠭᠯᠡᠵᠦ᠂ ᠲᠠᠷᠢᠶᠠᠨ ᠭᠠᠵᠠᠷ ᠢ ᠲᠠᠷᠢᠶᠠᠴᠢᠳ ᠲᠤ ᠪᠤᠴᠠᠭᠠᠵᠤ ᠥᠭᠬᠦ ᠶᠢ ᠦᠨᠡᠨ ᠬᠦ ᠪᠡᠶᠡᠯᠡᠭᠦᠯᠦᠨ᠎ᠡ᠃ ᠲᠥᠮᠥᠰᠥ ᠪᠠᠷ ᠭᠤᠣᠯ ᠠᠮᠤ ᠪᠤᠳᠠᠭ᠎ᠠ ᠪᠤᠯᠭᠠᠬᠤ ᠤᠯᠤᠰ ᠤᠨ ᠲᠤᠷᠰᠢᠯᠲᠠ ᠶᠢᠨ ᠴᠡᠭ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠲᠥᠮᠥᠰᠥ ᠶᠢ ᠲᠠᠷᠢᠵᠤ ᠡᠳ᠋ᠰᠢᠭᠦᠯᠬᠦ᠂ ᠬᠥᠮᠥᠷᠭᠡᠯᠡᠵᠦ ᠬᠠᠳᠠᠭᠠᠯᠠᠬᠤ ᠪᠠᠷᠠᠭ᠎ᠠ ᠰᠤᠯᠢᠯᠴᠠᠭ᠎ᠠ᠂ ᠰᠣᠶᠣᠯ ᠤᠨ ᠪᠦᠲᠦᠭᠡᠯᠴᠢ ᠦᠵᠡᠯᠲᠡ ᠶᠢᠨ ᠲᠠᠯ᠎ᠠ ᠪᠠᠷ ᠤᠷᠢᠳᠴᠢᠯᠠᠭᠰᠠᠨ ᠪᠤᠳᠠᠳᠤ ᠰᠢᠪᠲᠤᠯᠤᠯᠲᠠ ᠲᠠᠢ ᠪᠣᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠢ ᠨᠦᠸᠧ ᠲᠦᠮᠡᠨ ᠮᠤ᠋ ᠰᠠᠷᠭᠠᠶ ᠴᠡᠴᠡᠭ ᠤᠨ ᠠᠵᠤ ᠦᠢᠯᠡᠰ ᠤᠨ ᠬᠦᠷᠢᠶᠡᠯᠡᠩ ᠵᠢᠴᠢ ᠰᠢᠨ ᠯᠠᠨ ᠲᠤ ᠲᠠᠷᠢᠶᠠᠯᠠᠩ ᠤᠨ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠮᠠ ᠭᠠᠢ ᠶᠢᠨ ᠦᠵᠡᠮᠦᠷᠢ ᠶᠢᠨ ᠲᠠᠷᠢᠶᠠᠯᠠᠩ᠂ ᠶᠡᠭᠡ ᠠᠷᠪᠠᠳᠤᠭᠠᠷ ᠲᠠᠷᠢᠶᠠᠯᠠᠩ ᠤᠨ ᠶᠡᠷᠦᠩᠬᠡᠶᠢᠯᠡᠭᠰᠡᠨ ᠴᠣᠭᠴᠠ ᠵᠡᠷᠭᠡ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠲᠥᠷᠥᠯ ᠵᠦᠶᠯ ᠢ ᠢᠳᠡᠪᠬᠢᠲᠡᠶ ᠵᠣᠯᠭᠠᠭᠤᠯᠵᠤ᠂ ᠣᠳᠣ ᠦᠶ᠎ᠡ ᠶᠢᠨ ᠲᠠᠷᠢᠶᠠᠯᠠᠩ᠂ ᠦᠵᠡᠮᠦᠷᠢ ᠶᠢᠨ ᠲᠠᠷᠢᠶᠠᠯᠠᠩ᠂ ᠰᠡᠯᠡᠭᠦᠴᠡᠯ ᠤᠨ ᠲᠠᠷᠢᠶᠠᠯᠠᠩ ᠢ ᠨᠢᠭᠡ ᠴᠣᠭᠴᠠᠵᠢᠭᠤᠯᠤᠭᠰᠠᠨ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠤᠯᠠᠮ ᠨᠢᠭᠡ ᠠᠯᠬᠤᠮ ᠪᠤᠢ ᠪᠣᠯᠭᠠᠨ᠎ᠠ᠃ ᠬᠥᠳᠡᠭᠡ ᠲᠣᠰᠬᠤᠨ ᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠠᠭᠠᠭᠠᠴᠢᠯᠠᠭᠰᠠᠨ ᠭᠠᠵᠠᠷ ᠤᠨ ︽ᠭᠤᠷᠪᠠᠨ ᠡᠷᠬᠡ ᠶᠢ ᠰᠠᠯᠭᠠᠬᠤ︾ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠶᠢ ᠲᠣᠭᠲᠠᠭᠤᠨ ᠪᠠᠶᠢᠯᠭᠠᠬᠤ ᠪᠥᠭᠡᠳ ᠤᠷᠳᠤ ᠬᠤᠭᠤᠴᠠᠭ᠎ᠠ ᠪᠠᠷ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠨ᠎ᠠ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠲᠠᠷᠢᠶᠠᠯᠠᠩ ᠢ ᠳᠠᠮᠵᠢᠵᠤ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠤᠭᠳᠠᠯᠴᠠᠭ᠎ᠠ ᠥᠭᠡᠷᠡᠴᠢᠯᠡᠯᠲᠡ ᠶᠢ ᠲᠦᠷᠭᠡᠪᠴᠢᠯᠡᠨ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠦᠷᠢᠮ ᠤᠨ ᠣᠷᠴᠢᠨ ᠨᠥᠬᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠦᠨ᠎ᠡ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠨ᠎ᠠ᠃ ︽ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠰᠠᠶᠢᠲᠤᠷ ᠪᠦᠲᠦᠭᠡᠨ ᠪᠠᠶᠢᠭᠤᠯᠬᠤ︾᠎ ᠪᠠᠷ ᠬᠠᠷᠠᠯᠲᠠ ᠪᠣᠯᠭᠠᠵᠤ᠂ ᠬᠤᠲᠠ ᠬᠥᠳᠡᠭᠡ ᠶᠢᠨ ︽ᠭᠤᠷᠪᠠ ᠶᠢ ᠨᠢᠭᠡ ᠴᠣᠭᠴᠠᠵᠢᠭᠤᠯᠬᠤ︾᠎ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠪᠠᠶᠢᠭᠠᠯᠢ ᠶᠢᠨ ᠰᠢᠲᠠᠮᠠᠬᠠᠢ ᠬᠡᠢ ᠶᠢ ᠡᠷᠦᠬᠡ ᠳᠤ ᠣᠷᠣᠭᠤᠯᠬᠤ᠂ ᠪᠣᠬᠢᠷ ᠤᠰᠤ ᠶᠢ ᠴᠤᠭᠯᠠᠭᠤᠯᠬᠤ᠂ ᠬᠤᠭ ᠨᠣᠪᠰᠢ ᠶᠢ ᠰᠢᠢᠳᠪᠦᠷᠢᠯᠡᠬᠦ᠂ ᠵᠣᠷᠯᠣᠩ ᠤᠨ ᠬᠤᠪᠢᠰᠬᠠᠯ᠂ ᠰᠦᠯᠵᠢᠶ᠎ᠡ ᠶᠢ ᠪᠦᠷᠬᠦᠬᠦ ︽ᠲᠠᠪᠤᠨ ᠶᠡᠭᠡ ᠢᠨᠵᠧᠨᠧᠷᠢᠩ︾᠎ ᠢ ᠶᠡᠬᠡᠪᠡᠷ ᠬᠡᠷᠡᠭᠵᠢᠭᠦᠯᠵᠦ᠂ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠦᠨᠡᠨᠬᠦ ︽ᠬᠥᠬᠡᠮᠳᠦᠭ ᠠᠭᠤᠯᠠ ᠪᠠᠨ ᠦᠯᠡᠳᠡᠭᠡᠵᠦ᠂ ᠨᠤᠲᠤᠭ ᠤᠰᠤ ᠪᠠᠨ ᠰᠠᠨᠠᠬᠤ︾ ᠪᠣᠯᠭᠠᠨ᠎ᠠ᠃       ︵ᠳᠥᠷᠪᠡ︶ ᠴᠢᠨᠠᠷ ᠰᠠᠶᠢᠲᠠᠶ ᠳᠠᠶᠢᠴᠢᠯᠠᠬᠤ ᠶᠢ ᠪᠠᠷᠢᠮᠲᠠᠯᠠᠵᠤ᠂ ᠦᠶᠯᠡᠴᠢᠯᠡᠭᠡᠨ ᠤ ᠦᠢᠯᠡᠰ ᠤᠨ ᠳᠡᠰ ᠳᠡᠪᠰᠢᠬᠦ ᠶᠢ ᠬᠦᠴᠦᠯᠡᠨ ᠠᠬᠢᠭᠤᠯᠤᠨ᠎ᠠ᠃ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠲᠤᠰᠬᠠᠶᠢᠵᠢᠭᠤᠯᠬᠤ ᠪᠠ ᠥᠷᠲᠡᠭ ᠤᠨ ᠬᠡᠯᠬᠢᠶ᠎ᠡ ᠶᠢᠨ ᠳᠡᠭᠡᠳᠦ ᠳᠡᠰ ᠵᠦᠭ ᠲᠦᠷᠭᠡᠪᠴᠢᠯᠡᠨ ᠥᠷᠭᠡᠳᠬᠡᠵᠦ᠂ ᠠᠮᠢᠳᠤᠷᠠᠯ ᠤᠨ ᠴᠢᠨᠠᠷᠲᠠᠶ ᠦᠢᠯᠡᠴᠢᠯᠡᠭᠡ ᠶᠢ ᠨᠠᠷᠢᠯᠢᠭᠵᠢᠭᠤᠯᠬᠤ ᠪᠠ ᠴᠢᠨᠠᠷ ᠰᠠᠶᠢᠲᠠᠶ ᠪᠣᠯᠭᠠᠬᠤ ᠵᠦᠭ ᠬᠤᠪᠢᠷᠠᠭᠤᠯᠵᠤ᠂ ᠬᠡᠷᠡᠭᠯᠡᠭᠡ ᠶᠢ ᠤᠯᠠᠮ ᠨᠢᠭᠡ ᠠᠯᠬᠤᠮ ᠥᠷᠭᠡᠳᠬᠡᠨ᠂ ᠳᠣᠲᠣᠭᠠᠳᠤ ᠬᠡᠷᠡᠭᠴᠡᠭᠡ ᠶᠢ ᠲᠡᠶᠢᠴᠢᠯᠡᠨ᠎ᠡ᠃ ᠬᠤᠲᠠ ᠶᠢᠨ ᠳᠡᠭᠡᠳᠦ ᠲᠠᠰ ᠤᠨ ᠬᠤᠳᠠᠯᠳᠤᠭᠠᠨ ᠤ ᠲᠣᠭᠤᠷᠢᠭ ᠢ ᠭᠤᠣᠯᠳᠠᠯᠭ᠎ᠠ ᠲᠠᠢ ᠪᠠᠶᠢᠭᠤᠯᠤᠨ᠎ᠠ᠃ ᠰᠢᠨ᠎ᠡ ᠲᠣᠭᠤᠷᠢᠭ ᠤᠨ ᠡᠵᠡᠩᠨᠡᠯᠲᠡ ᠶᠢᠨ ᠬᠡᠯᠪᠡᠷᠢ ᠶᠢᠨ ᠪᠠᠶᠢᠷᠢᠰᠢᠯ ᠢ ᠲᠡᠭᠦᠯᠳᠡᠷᠵᠢᠭᠦᠯᠬᠦ᠂ ᠭᠤᠣᠯᠯᠠᠭᠴᠢ ᠬᠤᠳᠠᠯᠳᠤᠭᠠᠨ ᠤ ᠲᠣᠭᠤᠷᠢᠭ ᠢ ᠪᠠᠶᠢᠭᠤᠯᠬᠤ ᠪᠠᠷ ᠭᠤᠣᠯᠳᠠᠯᠭ᠎ᠠ ᠪᠣᠯᠭᠠᠵᠤ᠂ ᠬᠤᠩ ᠰᠢᠩ ᠮᠧᠶ ᠺᠠᠶ ᠯᠦᠩ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠸᠠᠨ ᠳ᠋ᠠ ᠠᠭᠤᠳᠠᠮ ᠲᠠᠯᠠᠪᠠᠶ᠂ ᠱᠠᠩᠬᠠᠶ ᠶᠢᠨ ᠤᠤ ᠲᠧ ᠯᠠᠢ ᠰᠾᠢ ᠵᠡᠷᠭᠡ ᠲᠣᠮᠣ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢ ᠭᠤᠣᠯᠳᠠᠯᠭ᠎ᠠ ᠲᠠᠢ ᠣᠷᠣᠭᠤᠯᠤᠨ ᠠᠪᠴᠢᠷᠠᠵᠤ ᠬᠡᠷᠡᠭᠵᠢᠭᠦᠯᠵᠦ᠂ ᠰᠢᠨ᠎ᠡ ᠲᠣᠭᠤᠷᠢᠭ ᠤᠨ ᠬᠥᠮᠦᠰ ᠤᠨ ᠬᠦᠷᠢᠶᠡᠯᠡᠯ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠠᠷᠠᠯᠵᠢᠶᠠᠴᠢᠨ ᠤᠷᠢᠵᠤ ᠴᠠᠬᠠᠷ ᠤᠨ ᠮᠥᠩᠭᠦᠨ ᠣᠳᠣᠨ ᠣᠷᠣᠨ᠂ ᠡᠩᠬᠡ ᠵᠠᠭᠤᠨ ᠤ ᠲᠠᠯᠠᠪᠠᠶ᠂ ᠰᠢᠨ  ᠰᠢᠶᠠ ᠰᠢᠨ᠎ᠡ ᠰᠣᠶᠣᠯ ᠤᠨ ᠲᠠᠯᠠᠪᠠᠢ ᠵᠡᠷᠭᠡ ᠪᠠᠶᠢᠭᠤᠯᠵᠤ ᠪᠠᠶᠢᠭ᠎ᠠ ᠲᠥᠷᠥᠯ ᠵᠦᠢᠯ ᠢ ᠡᠬᠢᠯᠡᠭᠦᠯᠵᠦ᠂ ᠠᠷᠠᠯᠵᠢᠶ᠎ᠠ ᠬᠤᠳᠠᠯᠳᠤᠭ᠎ᠠ ᠠᠵᠤ ᠠᠬᠤᠶ ᠶᠢᠨ ᠬᠥᠭᠵᠢᠯᠲᠡ ᠶᠢᠨ ᠨᠥᠭᠡᠴᠡ ᠬᠦᠴᠦᠨ ᠢ ᠴᠢᠨᠠᠭᠰᠢᠳᠠ ᠴᠢᠩᠭᠠᠳᠬᠠᠪᠠ᠃ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠲᠣᠮᠣ ᠠᠰᠠᠷ᠂ ᠲᠥᠪ ᠤᠨ ᠬᠤᠳᠠᠯᠳᠤᠭᠠᠨ ᠤ ᠶᠠᠪᠤᠳᠠᠯ ᠤᠨ ᠠᠭᠤᠳᠠᠮ ᠲᠠᠯᠠᠪᠠᠶ ᠪᠣᠯᠤᠨ ᠲᠠᠯ᠎ᠠ ᠨᠤᠲᠤᠭ ᠤᠨ ᠲᠣᠷᠭᠠᠨ ᠵᠠᠮ ᠤᠨ ᠦᠵᠡᠭᠦᠯᠦᠯᠭᠡ ᠶᠢᠨ ᠲᠥᠪ ᠢᠶᠠᠷ ᠲᠦᠰᠢᠭ ᠪᠣᠯᠭᠠᠨ᠂ ᠬᠤᠷᠠᠯ ᠦᠵᠡᠰᠬᠦᠯᠡᠩ ᠤᠨ ᠠᠵᠤ ᠠᠬᠤᠶ᠂ ᠶᠡᠷᠦᠩᠬᠡᠶ ᠬᠡᠯᠲᠡᠰ ᠤᠨ ᠠᠵᠤ ᠠᠬᠤᠶ᠂ ᠠᠰᠠᠷ ᠲᠠᠭᠲᠤ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ᠂ ᠮᠣᠩᠭᠤᠯ ᠬᠤᠳᠠᠯᠳᠤᠭᠠᠴᠢᠨ ᠤ ᠶᠡᠭᠡ ᠬᠤᠷᠠᠯ᠂ ᠳᠤᠮᠳᠠᠳᠤ ᠤᠯᠤᠰ ᠤᠨ ᠠᠳᠠᠯ ᠦᠶᠯᠡᠰ ᠴᠣᠭᠴᠠᠯᠠᠵᠤ ᠰᠢᠨ᠎ᠡ ᠶᠢ ᠡᠭᠦᠳᠬᠦ ᠦᠵᠡᠰᠬᠦᠯᠡᠩ ᠤᠨ ᠴᠤᠭᠯᠠᠭᠠᠨ ᠵᠡᠷᠭᠡ ᠶᠢ ᠢᠳᠡᠪᠬᠢᠲᠡᠶ ᠰᠠᠶᠢᠲᠤᠷ ᠳᠠᠭᠠᠭᠠᠨ ᠡᠷᠬᠢᠯᠡᠵᠦ᠂ ᠨᠢᠭᠡ ᠪᠦᠯᠦᠭ ᠨᠡᠷ᠎ᠡ ᠠᠯᠳᠠᠷᠰᠢᠭᠰᠠᠨ ᠬᠤᠷᠠᠯ ᠦᠵᠡᠰᠬᠦᠯᠡᠩ ᠤᠨ ᠨᠡᠷᠡᠲᠦ ᠲᠡᠮᠳᠡᠭᠲᠦ ᠶᠢ ᠪᠤᠶ ᠪᠣᠯᠭᠠᠨ᠎ᠠ᠃ ᠠᠷᠠᠳ ᠲᠤ ᠠᠰᠢᠭ ᠬᠦᠷᠲᠡᠭᠡᠬᠦ ᠴᠡᠴᠡᠷᠯᠢᠭ ᠤᠨ ᠬᠤᠯᠪᠤᠭᠠᠯᠠᠭᠰᠠᠨ ᠡᠵᠡᠩᠨᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠦᠬᠦ ᠤᠯᠤᠰ ᠤᠨ ᠲᠡᠷᠢᠭᠦᠨ ᠤ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠪᠤᠯᠭᠠᠬᠤ ᠪᠠᠷ ᠴᠢᠷᠮᠠᠶᠢᠨ᠎ᠠ᠃ ᠬᠤᠳᠠᠯᠳᠤᠭᠠᠨ ᠤ ᠵᠡᠭᠡᠯᠢ ᠲᠣᠭᠤᠷᠢᠭ ᠢ ᠤᠬᠠᠭᠤᠯᠤᠨ ᠳᠡᠯᠭᠡᠷᠡᠭᠦᠯᠬᠦ ᠡᠷᠴᠢᠮ ᠢ ᠴᠢᠩᠭᠠᠳᠬᠠᠨ᠂ ᠵᠢᠨᠢᠩ ᠤᠨ ᠡᠷᠲᠡᠨ ᠤ ᠬᠤᠳᠠ᠂ ᠴᠠᠬᠠᠷ ᠤᠨ ᠡᠷᠲᠡᠨ ᠤ ᠵᠡᠭᠡᠯᠢ᠂ ᠵᠢᠨᠢᠩ ᠵᠠᠮ ᠤᠨ ᠢᠳᠡᠭᠡᠨ ᠤ ᠵᠡᠭᠡᠯᠢ ᠵᠡᠷᠭᠡ ᠶᠢ ᠥᠪᠡᠷᠮᠢᠴᠡ ᠣᠨᠴᠠᠯᠢᠭ ᠲᠠᠢ᠂ ᠬᠤᠯᠠ ᠤᠶᠢᠷ᠎ᠠ ᠳᠠᠭᠠᠨ ᠠᠯᠳᠠᠷᠰᠢᠭᠰᠠᠨ ᠨᠡᠷᠡᠲᠦ ᠲᠡᠮᠳᠡᠭᠲᠦ ᠵᠡᠭᠡᠯᠢ ᠲᠣᠭᠤᠷᠢᠭ ᠪᠣᠯᠭᠠᠨ ᠪᠥᠲᠥᠭᠡᠨ ᠪᠠᠶᠢᠭᠤᠯᠤᠨ᠎ᠠ᠃ ᠵᠢᠭᠤᠯᠴᠢᠯᠠᠯ ᠤᠨ ᠲᠤᠮᠦ ᠠᠵᠤ ᠦᠢᠯᠡᠰ ᠢ ᠪᠦᠬᠦ ᠲᠠᠯ᠎ᠠ ᠪᠠᠷ ᠪᠠᠶᠢᠷᠢᠯᠠᠭᠤᠯᠤᠨ᠎ᠠ᠃ ︽ᠪᠡᠭᠡᠵᠢᠩ ᠬᠤᠲᠠ ᠶᠢᠨ ᠲᠡᠭᠦᠷᠭᠡ ᠶᠢᠨ ᠲᠠᠯ᠎ᠠ ᠨᠤᠲᠤᠭ · ᠤᠯᠠᠭᠠᠨᠴᠠᠪ︾  ᠵᠢᠭᠤᠯᠴᠢᠯᠠᠯ ᠤᠨ ᠲᠡᠮᠳᠡᠭ ᠤᠨ ᠲᠣᠭᠤᠷᠢᠨ ᠳᠤ᠂ ᠪᠡᠭᠡᠵᠢᠩ ᠠᠴᠠ ᠬᠥᠬᠡᠬᠤᠲᠠ ᠬᠦᠷᠬᠦ ᠦᠨᠳᠦᠷ ᠬᠤᠷᠳᠤᠴᠠᠲᠤ ᠲᠡᠮᠦᠷ ᠵᠠᠮ ᠤᠨ ᠪᠦᠬᠦ ᠱᠤᠭᠤᠮ ᠢᠶᠠᠷ ᠲᠡᠷᠭᠡ ᠨᠡᠪᠲᠡᠷᠡᠬᠦ ᠪᠠᠷ ᠠᠵᠠ ᠲᠣᠬᠢᠶᠠᠯ ᠪᠣᠯᠭᠠᠵᠤ᠂ ᠪᠦᠬᠦ ᠣᠷᠣᠨ ᠤ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ ᠢ ᠶᠡᠬᠡᠪᠡᠷ ᠬᠥᠭᠵᠢᠭᠦᠯᠦᠨ᠂ ᠮᠠᠨ ᠤ ᠣᠷᠣᠨ ᠢᠶᠠᠨ ᠬᠥᠬᠡᠬᠤᠲᠠ ᠪᠤᠭᠤᠲᠤ ᠣᠷᠳᠣᠰ ᠲᠠᠢ ᠵᠡᠷᠭᠡᠯᠳᠦᠭᠡᠨ᠂ ᠪᠡᠭᠡᠵᠢᠩ ᠲᠢᠶᠠᠨᠵᠢᠨ ᠾᠧᠪᠧᠶ ᠲᠠᠢ ᠤᠶᠢᠷ᠎ᠠ ᠵᠢᠭᠤᠯᠴᠢᠯᠠᠯ ᠤᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ ᠲᠠᠯ᠎ᠠ ᠨᠤᠲᠤᠭ ᠤᠨ ᠵᠤᠭᠠᠴᠠᠯ ᠢ ᠶᠡᠬᠡᠪᠡᠷ ᠬᠥᠭᠵᠢᠭᠦᠯᠵᠦ᠂ ︽ᠨᠢᠭᠡ ᠬᠤᠩᠭᠢᠯ᠂ ᠬᠤᠶᠠᠷ ᠴᠠᠭᠠᠷᠢᠭ᠂ ᠭᠤᠷᠪᠠᠨ ᠬᠡᠰᠡᠭ ᠲᠣᠭᠤᠷᠢᠭ︾᠎ ᠤᠨ ᠶᠡᠷᠦᠩᠬᠡᠶ ᠲᠥᠯᠥᠪᠵᠢᠭᠦᠯᠭᠡ ᠲᠠᠢ ᠤᠶᠠᠯᠳᠤᠭᠤᠯᠤᠨ᠂ ᠤᠯᠠᠭᠠᠨᠴᠠᠪ ᠤᠨ ᠲᠠᠯ᠎ᠠ ᠨᠤᠲᠤᠭ ᠤᠨ ᠶᠡᠷᠦᠩᠬᠡᠶᠢᠯᠡᠭᠰᠡᠨ ᠵᠤᠭᠠᠴᠠᠯ ᠤᠨ ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ ᠵᠤᠭᠠᠴᠠᠨ ᠳᠤᠭᠤᠷᠢᠵᠤ ᠳᠤᠷᠰᠢᠨ ᠣᠶᠢᠯᠠᠭᠠᠬᠤ᠂ ᠠᠮᠠᠷᠠᠯᠲᠠ ᠬᠢᠵᠤ ᠪᠡᠶ᠎ᠡ ᠰᠤᠪᠢᠯᠠᠬᠤ᠂ ᠢᠳᠡᠭᠡᠨ ᠤᠮᠳᠠᠭᠠᠨ ᠵᠤᠭ᠎ᠠ ᠴᠡᠩᠭᠡᠯ᠂ ᠪᠡᠶ᠎ᠡ ᠶᠢᠨ ᠲᠠᠮᠢᠷ ᠤᠨ ᠡᠷᠡᠭᠦᠯ ᠰᠤᠪᠢᠯᠠᠯᠲᠠ ᠶᠢ ᠨᠢᠭᠡ ᠴᠤᠭᠴᠠ ᠪᠤᠯᠭᠠᠭᠰᠠᠨ ᠬᠤᠲᠠ ᠶᠢᠨ ᠵᠤᠭᠠᠴᠠᠯ ᠤᠨ ᠰᠢᠨ᠎ᠡ ᠡᠵᠡᠩᠨᠡᠯᠲᠡ ᠶᠢᠨ ᠪᠠᠶᠢᠳᠠᠯ ᠢ ᠪᠤᠶ ᠪᠣᠯᠭᠠᠨ᠎ᠠ︔ ᠬᠤᠪᠢᠰᠬᠠᠯ ᠤᠨ ᠳᠤᠷᠠᠰᠬᠠᠯᠲᠤ ᠵᠤᠭᠠᠴᠠᠯ ᠢ ᠶᠡᠬᠡᠪᠡᠷ ᠬᠥᠭᠵᠢᠭᠦᠯᠵᠦ᠂ ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ ᠢ ᠨᠢᠮᠪᠠᠶ ᠪᠠᠶᠢᠭᠤᠯᠵᠤ᠂ ᠦᠵᠡᠮᠵᠢ ᠶᠢᠨ ᠣᠷᠣᠨ ᠤ ᠠᠭᠤᠯᠤᠭᠳᠠᠬᠤᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠪᠢᠰᠬᠠᠯ ᠤᠨ ᠳᠤᠷᠠᠰᠬᠠᠯᠲᠤ ᠵᠤᠭᠠᠴᠠᠯ ᠤᠨ ᠲᠠᠲᠠᠬᠤ ᠬᠦᠴᠦᠨ ᠪᠠ ᠨᠥᠯᠥᠭᠡᠯᠡᠬᠦ ᠬᠦᠴᠦᠨ ᠢ ᠨᠡᠮᠡᠭᠳᠡᠭᠦᠯᠦᠨ᠎ᠡ︔ ᠡᠪᠦᠯ ᠤᠨ ᠤᠯᠠᠷᠢᠯ ᠤᠨ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ ᠴᠠᠬᠠᠷ ᠤᠨ ᠪᠠᠭᠤᠴᠠ᠂ ᠳ᠋ᠠ ᠾᠧ ᠸᠠᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠶ ᠪᠠᠷ ᠠᠴᠢᠶᠠᠯᠠᠪᠤᠷᠢ ᠪᠣᠯᠭᠠᠵᠤ᠂ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠵᠢᠭᠤᠯᠴᠢᠯᠠᠯ ᠤᠨ ᠣᠷᠣᠨ ᠢ ᠪᠦᠳᠦᠭᠡᠨ ᠪᠠᠶᠢᠭᠤᠯᠵᠤ᠂ ᠡᠯ᠎ᠡ ᠲᠥᠷᠥᠯ ᠤᠨ ᠮᠥᠰᠥ ᠴᠠᠰᠤᠨ ᠤ ᠤᠷᠤᠯᠳᠤᠭᠠᠨ ᠵᠢᠴᠢ ᠵᠢᠭᠤᠯᠴᠢᠯᠠᠯ ᠤᠨ ᠠᠵᠢᠯᠯᠠᠭ᠎ᠠ ᠶᠢ ᠳᠠᠭᠠᠭᠠᠨ ᠡᠷᠬᠢᠯᠡᠬᠦ ᠪᠤᠶᠤ ᠭᠤᠣᠯᠯᠠᠨ ᠡᠷᠬᠢᠯᠡᠵᠦ᠂ ᠬᠦᠢᠲᠡᠨ ᠡᠬᠢ ᠪᠠᠶᠠᠯᠢᠭ ᠢ ᠦᠨᠡᠨ ᠬᠦ ᠬᠠᠯᠠᠮᠰᠢᠯ ᠠᠵᠤ ᠦᠶᠯᠡᠰ ᠪᠣᠯᠭᠠᠨ᠎ᠠ︔ ᠪᠣᠬᠢᠷᠲᠤᠯ ᠦᠭᠡᠶ ᠵᠤᠭᠠᠴᠠᠯ ᠢ ᠶᠡᠬᠡᠪᠡᠷ ᠬᠥᠭᠵᠢᠭᠦᠯᠵᠦ᠂ ︽ᠭᠤᠷᠪᠠᠨ ᠠᠭᠤᠯᠠ ᠬᠤᠶᠠᠷ ᠭᠤᠣᠯ︾᠎ ᠤᠨ ᠵᠤᠭᠠᠴᠠᠯ ᠤᠨ ᠪᠦᠰᠡ ᠶᠢ ᠨᠠᠷᠢᠯᠢᠭᠵᠢᠭᠤᠯᠤᠨ ᠪᠠᠶᠢᠭᠤᠯᠵᠤ᠂ ᠬᠤᠲᠠ ᠶᠢᠨ ᠴᠡᠴᠡᠷᠯᠢᠭ᠂ ᠵᠦᠷᠢᠭ ᠵᠠᠮ᠂ ᠰᠡᠯᠡᠭᠦᠴᠡᠯ ᠤᠨ ᠵᠠᠮ ᠵᠡᠷᠭᠡ ᠵᠤᠭᠠᠴᠠᠯ ᠤᠨ ᠦᠢᠯᠡᠴᠢᠯᠡᠭᠡᠨ ᠤ ᠴᠢᠳᠠᠮᠵᠢ ᠶᠢ ᠲᠦᠷᠭᠡᠨ ᠲᠡᠭᠦᠯᠳᠡᠷᠵᠢᠭᠦᠯᠵᠦ᠂ ᠠᠭᠤᠯᠠ ᠤᠰᠤᠨ ᠤ ᠦᠵᠡᠮᠵᠢ ᠵᠤᠭᠠᠴᠠᠨ ᠲᠣᠭᠤᠷᠢᠬᠤ ᠪᠠ ᠬᠤᠲᠠ ᠶᠢᠨ ᠰᠡᠯᠡᠭᠦᠴᠡᠯ ᠤᠨ ᠰᠢᠨ᠎ᠡ ᠦᠢᠯᠡᠳᠬᠦᠨ ᠢ ᠪᠤᠶᠢᠵᠢᠭᠤᠯᠤᠨ᠎ᠠ᠂ ᠰᠣᠶᠣᠯ ᠺᠢᠨᠣ᠋ ᠲᠧᠯᠸᠢᠰ ᠤᠨ ᠵᠢᠭᠤᠯᠴᠢᠯᠠᠯ ᠢ ᠶᠡᠬᠡᠪᠡᠷ ᠬᠥᠭᠵᠢᠭᠦᠯᠦᠨ᠂ ᠬᠤᠳᠠ ᠶᠢᠨ ᠰᠣᠶᠣᠯ ᠢ ᠭᠦᠨᠵᠡᠭᠡᠶ ᠠᠭᠤᠳᠠᠯᠵᠤ᠂ ᠨᠡᠢᠮᠠᠨ ᠶᠡᠭᠡ ᠰᠠᠩ ᠬᠥᠮᠥᠷᠭᠡ᠂ ᠮᠢᠬᠠᠨ ᠤ ᠬᠤᠯᠪᠣᠭᠠᠲᠤ ᠦᠢᠯᠡᠳᠪᠦᠷᠢ ᠵᠡᠷᠭᠡ ᠰᠣᠶᠣᠯ ᠵᠢᠭᠤᠯᠴᠢᠯᠠᠯ᠂ ᠺᠢᠨᠣ᠋ ᠲᠧᠯᠸᠢᠰ ᠬᠢᠭᠡᠳ ᠤᠷᠠᠯᠢᠭ ᠤᠨ ᠵᠣᠬᠢᠶᠠᠨ ᠪᠦᠲᠦᠭᠡᠬᠦ ᠰᠠᠭᠤᠷᠢᠨ ᠭᠠᠵᠠᠷ ᠢ ᠪᠦᠳᠦᠭᠡᠨ ᠪᠠᠶᠢᠭᠤᠯᠵᠤ᠂ ᠰᠣᠶᠣᠯ ᠵᠢᠭᠤᠯᠴᠢᠯᠠᠯ ᠤᠨ ᠠᠯᠳᠠᠷᠰᠢᠯ ᠪᠠ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠲᠥᠪ ᠬᠤᠲᠠ ᠶᠢᠨ ᠲᠣᠭᠤᠷᠢᠭ ᠤᠨ ᠵᠢᠭᠤᠯᠴᠢᠯᠠᠯ ᠤᠨ ᠦᠢᠯᠡᠴᠢᠯᠡᠭᠡᠨ ᠤ ᠲᠦᠬᠦᠭᠡᠷᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠥᠪᠥᠷ ᠮᠣᠩᠭᠤᠯ ᠤᠨ ᠪᠠᠩᠬᠢ ᠶᠢᠨ ᠭᠤᠣᠯ ᠰᠡᠳᠦᠪᠲᠦ ᠪᠠᠭᠤᠳᠠᠯ᠂ ᠸᠧᠨ ᠳ᠋ᠧ ᠮᠦ ᠪᠠᠭᠤᠳᠠᠯ ᠢ ᠪᠠᠶᠢᠭᠤᠯᠤᠨ ᠡᠵᠡᠩᠨᠡᠬᠦ ᠶᠢ ᠲᠦᠯᠬᠢᠨ ᠠᠬᠢᠭᠤᠯᠵᠤ᠂ ᠷᠦᠩ ᠴᠤᠸᠠᠩ ᠲᠠᠪᠤᠨ ᠣᠳᠣᠨ ᠳᠡᠰ ᠤᠨ ᠪᠠᠭᠤᠳᠠᠯ ᠢ ᠰᠢᠨ᠎ᠡ ᠪᠠᠷ ᠪᠠᠶᠢᠭᠤᠯᠤᠨ᠂ ᠭᠤᠣᠯ ᠬᠤᠲᠠ ᠶᠢᠨ ᠲᠣᠭᠤᠷᠢᠭ ᠤᠨ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠴᠢᠳᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠦᠬᠦ ᠵᠢᠯ ᠤᠨ ᠬᠦᠯᠢᠶᠡᠨ ᠠᠪᠬᠤ ᠵᠤᠭᠠᠴᠠᠭᠰᠠᠳ ᠢ 150 ᠲᠦᠮᠡᠨ ᠬᠥᠮᠦᠨ ᠠᠴᠠ ᠳᠠᠪᠠᠭᠤᠯᠵᠤ᠂ ᠶᠡᠷᠦᠩᠬᠡᠶᠢᠯᠡᠭᠰᠡᠨ ᠣᠷᠣᠯᠭ᠎ᠠ ᠶᠢ 18 ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ ᠴᠢᠷᠮᠠᠶᠢᠨ᠎ᠠ᠃ ᠶᠡᠭᠡ ᠡᠷᠡᠭᠦᠯ ᠮᠡᠨᠳᠦ ᠶᠢᠨ ᠠᠵᠤ ᠦᠢᠯᠡᠰ ᠢ ᠢᠳᠡᠪᠬᠢᠲᠡᠶ ᠬᠥᠭᠵᠢᠭᠦᠯᠦᠨ᠎ᠡ᠃ ︽ᠡᠷᠡᠭᠦᠯ ᠮᠡᠨᠳᠦ + ᠨᠠᠰᠤᠵᠢᠯ ᠤᠨ ᠠᠰᠠᠷᠠᠮᠵᠢ︾᠎ ᠶᠢᠨ ᠭᠤᠤᠯ ᠰᠡᠳᠭᠢᠬᠦᠢ ᠶᠢᠨ ᠲᠣᠭᠤᠷᠢᠨ ᠳᠤ᠂ ᠮᠠᠨ ᠤ ᠣᠷᠣᠨ ᠤ ᠥᠪᠡᠷᠮᠢᠴᠡ ᠠᠭᠤᠷ ᠠᠮᠢᠰᠬᠤᠯ ᠪᠠ ᠣᠷᠣᠨ ᠪᠠᠶᠢᠷᠢ ᠶᠢᠨ ᠳᠠᠪᠠᠭᠤᠯᠢᠭ ᠢ ᠭᠦᠶᠴᠡᠳ ᠠᠰᠢᠭᠯᠠ᠂ ᠡᠮᠨᠡᠬᠦ ᠪᠠ ᠰᠤᠪᠢᠯᠠᠬᠤ ᠶᠢ ᠨᠢᠭᠡ ᠴᠤᠭᠴᠠ ᠪᠤᠯᠭᠠᠬᠤ ᠠᠬᠢᠴᠠ ᠶᠢ ᠪᠦᠬᠦ ᠲᠠᠯ᠎ᠠ ᠪᠠᠷ ᠠᠬᠢᠭᠤᠯᠤᠨ᠎ᠠ᠃  ᠯᠢᠤᠢ ᠳ᠋ᠢ ᠬᠤᠩ ᠬᠠᠢ ᠽᠢ᠂ ᠹᠦ᠋ ᠯᠢ ᠪᠠᠶ ᠬᠠᠶ ᠽᠢ᠂ ᠪᠠᠷᠠᠭᠤᠨ ᠬᠡᠰᠡᠭ ᠤᠨ ᠬᠤᠪᠢ ᠡᠵᠡᠮᠳᠡᠭᠰᠡᠨ ᠪᠠᠶ ᠸᠠᠩ ᠰᠤᠪᠢᠯᠠᠯᠲᠠ᠂ ᠾᠧᠩ ᠳ᠋ᠡ ᠡᠷᠡᠭᠦᠯᠵᠢᠯ ᠰᠤᠪᠢᠯᠠᠯᠲᠠ ᠵᠡᠷᠭᠡ ᠲᠥᠷᠥᠯ ᠵᠦᠶᠯ ᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠵᠠᠬ᠎ᠠ ᠳᠡᠯᠭᠡᠭᠦᠷᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠪᠡᠶ᠎ᠡ ᠰᠤᠪᠢᠯᠠᠬᠤ ᠨᠠᠰᠤᠵᠢᠯ ᠤᠨ ᠠᠰᠠᠷᠠᠮᠵᠢ᠂ ᠡᠮᠴᠢᠯᠡᠭᠡ ᠡᠷᠡᠭᠦᠯᠵᠢᠯ᠂ ᠰᠠᠷ᠎ᠠ ᠳᠤ ᠰᠠᠭᠤᠬᠤ ᠲᠥᠪ᠂ ᠵᠢᠭᠤᠯᠴᠢᠯᠠᠯ ᠡᠷᠡᠭᠦᠯᠵᠢᠯ ᠵᠡᠷᠭᠡ ᠶᠢ ᠨᠢᠭᠡ ᠴᠣᠭᠴᠠᠵᠢᠭᠤᠯᠤᠭᠰᠠᠨ ︽ᠶᠡᠭᠡ ᠡᠷᠡᠭᠦᠯ ᠴᠢᠭᠢᠷᠠᠭ︾ ᠬᠥᠭᠵᠢᠯᠲᠡ ᠶᠢᠨ ᠪᠠᠶᠢᠷᠢᠰᠢᠯ ᠢ ᠬᠦᠴᠦᠯᠡᠨ ᠪᠤᠶ ᠪᠣᠯᠭᠠᠨ᠎ᠠ᠃ ᠮᠣᠩᠭᠤᠯ ᠬᠢᠲᠠᠳ ᠡᠮ ᠡᠮᠨᠡᠯᠭᠡ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ᠂ ᠡᠷᠡᠭᠦᠯ ᠮᠡᠨᠳᠦ ᠶᠢᠨ ᠰᠤᠪᠢᠯᠠᠯᠲᠠ ᠵᠡᠷᠭᠡ ᠰᠢᠨ᠎ᠡ ᠪᠠᠷ ᠪᠤᠶ ᠪᠣᠯᠤᠭᠰᠠᠨ ᠠᠵᠤ ᠦᠶᠯᠡᠰ ᠢ ᠶᠡᠬᠡᠪᠡᠷ ᠬᠥᠭᠵᠢᠭᠦᠯᠵᠦ᠂ ᠤᠯᠠᠨ ᠬᠦᠮᠦᠰ ᠲᠤ ᠲᠣᠬᠢᠷᠠᠬᠤ ᠡᠷᠡᠭᠦᠯ ᠢ ᠬᠠᠮᠠᠭᠠᠯᠠᠬᠤ ᠡᠵᠡᠩᠨᠡᠯᠲᠡ ᠶᠢᠨ ᠬᠡᠯᠪᠡᠷᠢ ᠪᠠᠶᠢᠳᠠᠯ᠂ ᠡᠷᠡᠭᠦᠯ ᠢ ᠬᠠᠮᠠᠭᠠᠯᠠᠬᠤ ᠦᠶᠯᠡᠳᠬᠦᠨ ᠢ ᠪᠤᠶᠢᠵᠢᠭᠤᠯᠵᠤ᠂ ᠪᠦᠬᠦ ᠲᠠᠯ᠎ᠠ ᠪᠠᠷ᠂ ᠣᠯᠠᠨ ᠳᠠᠪᠬᠤᠷᠭ᠎ᠠ ᠪᠦᠬᠦᠢ ᠪᠡᠶ᠎ᠡ ᠰᠡᠳᠬᠢᠯ ᠰᠤᠪᠢᠯᠠᠬᠤ᠂ ᠨᠠᠰᠤᠵᠢᠯ ᠤᠨ ᠠᠰᠠᠷᠠᠮᠵᠢ ᠶᠢᠨ ᠰᠠᠭᠤᠷᠢᠨ ᠭᠠᠵᠠᠷ ᠢ ᠪᠠᠶᠢᠭᠤᠯᠵᠤ᠂ ᠪᠡᠭᠡᠵᠢᠩ ᠲᠢᠶᠠᠨᠵᠢᠨ ᠾᠧᠪᠧᠶ ᠳᠤ ᠬᠠᠨᠳᠤᠭᠤᠯᠤᠭᠰᠠᠨ ᠶᠡᠭᠡ ᠠᠰᠠᠷᠠᠮᠵᠢ ᠶᠢᠨ ᠨᠡᠷᠡᠲᠦ ᠲᠡᠮᠳᠡᠭᠲᠦ ᠶᠢ ᠪᠦᠬᠦ ᠲᠠᠯ᠎ᠠ ᠪᠠᠷ ᠬᠦᠭᠵᠢᠭᠦᠯᠦᠨ᠎ᠡ᠃ ᠪᠠᠷᠠᠭ᠎ᠠ ᠰᠤᠯᠢᠯᠴᠠᠭᠠᠨ ᠤ ᠲᠤᠮᠦ ᠠᠵᠤ ᠦᠶᠯᠡᠰ ᠢ ᠪᠣᠰᠤᠭ᠎ᠠ ᠴᠣᠭᠴᠠ ᠪᠠᠷ ᠪᠤᠶ ᠪᠣᠯᠭᠠᠨ᠎ᠠ᠃ ᠵᠠᠰᠠᠮᠠᠯ ᠵᠠᠮ᠂ ᠲᠡᠮᠦᠷ ᠵᠠᠮ᠂ ᠠᠭᠠᠷ ᠤᠨ ᠠᠶᠠᠯᠠᠯ ᠤᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠰᠦᠯᠵᠢᠶ᠎ᠡ ᠶᠢᠨ ᠡᠳᠦᠷ ᠢᠷᠡᠬᠦᠶ᠎ᠡ ᠲᠡᠭᠦᠯᠳᠡᠷᠵᠢᠵᠦ ᠪᠠᠶᠢᠭ᠎ᠠ ᠰᠢᠨ᠎ᠡ ᠳᠠᠪᠠᠭᠤᠯᠢᠭ ᠲᠤ ᠲᠦᠰᠢᠭᠯᠡᠨ᠂ ᠵᠢᠨᠢᠩ ᠪᠠᠷᠠᠭ᠎ᠠ ᠶᠢᠨ ᠭᠦᠶᠯᠭᠡᠭᠡᠨ ᠤ ᠲᠥᠪ ᠢ ᠲᠦᠷᠭᠡᠳᠬᠡᠨ ᠪᠠᠶᠢᠭᠤᠯᠵᠤ᠂ ᠲᠢᠶᠠᠨᠵᠢᠨ ᠭᠠᠷᠠᠮ᠂ ᠼᠤᠤ ᠹᠧᠶ ᠳ᠋ᠢᠶᠠᠨ ᠭᠠᠷᠠᠮ ᠤᠨ ᠳᠣᠲᠣᠭᠠᠳᠤ ᠬᠠᠭᠤᠷᠠᠶ ᠶᠢᠨ ᠭᠠᠷᠠᠮ ᠤᠨ ᠴᠢᠳᠠᠮᠵᠢ ᠶᠢ ᠲᠡᠭᠦᠯᠳᠡᠷᠵᠢᠭᠦᠯᠦᠨ᠂ ᠤᠮᠠᠷᠠᠲᠤ ᠶᠢᠨ ᠡᠬᠡ ᠬᠠᠭᠤᠷᠠᠶ ᠶᠢᠨ ᠭᠠᠷᠠᠮ ᠤᠨ ᠣᠯᠠᠨ ᠤᠯᠤᠰ ᠤᠨ ᠪᠠᠷᠠᠭ᠎ᠠ ᠰᠤᠯᠢᠯᠴᠠᠭᠠᠨ ᠤ ᠲᠥᠪ᠂  ᠪᠤᠤᠬᠢᠶ᠎ᠠ ᠰᠢᠤᠳᠠᠨ ᠤ ᠪᠠᠷᠠᠭ᠎ᠠ ᠰᠤᠯᠢᠯᠴᠠᠭᠠᠨ ᠤ ᠬᠦᠷᠢᠶᠡᠯᠡᠩ᠂ ᠳᠣᠯᠣᠳᠤᠭᠠᠷ ᠰᠤᠮᠤ ᠶᠢᠨ ᠣᠯᠠᠨ ᠤᠯᠤᠰ ᠤᠨ ᠪᠠᠷᠠᠭ᠎ᠠ ᠰᠤᠯᠢᠯᠴᠠᠭᠠᠨ ᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠲᠦᠯᠬᠢᠨ ᠠᠬᠢᠭᠤᠯᠵᠤ᠂ ᠡᠬᠡ ᠬᠠᠭᠤᠷᠠᠶ ᠶᠢᠨ ᠭᠠᠷᠠᠮ ᠤᠨ ᠬᠡᠯᠪᠡᠷᠢ ᠶᠢᠨ ᠤᠯᠤᠰ ᠤᠨ ᠪᠠᠷᠠᠭ᠎ᠠ ᠰᠤᠯᠢᠯᠴᠠᠭᠠᠨ ᠤ ᠵᠠᠩᠭᠢᠯᠠᠭ᠎ᠠ ᠶᠢᠨ ᠠᠴᠢᠶᠠᠯᠠᠬᠤ ᠬᠤᠲᠠ ᠶᠢ ᠥᠨᠳᠥᠷ ᠪᠠᠷᠢᠮᠵᠢᠶ᠎ᠠ ᠪᠠᠷ ᠪᠠᠶᠢᠭᠤᠯᠤᠨ᠎ᠠ᠃ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢᠨ ᠨᠢᠭᠡᠳᠦᠭᠡᠷ ᠬᠤᠭᠤᠴᠠᠭᠠᠨ ᠤ ᠲᠥᠷᠥᠯ ᠵᠦᠶᠯ ᠤᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠭᠤᠷᠢᠭ᠂ ᠭᠠᠶᠢᠯᠢ ᠪᠠᠲᠤᠯᠠᠬᠤ ᠬᠥᠮᠥᠷᠭᠡ᠂ B ᠬᠡᠯᠪᠡᠷᠢ ᠶᠢᠨ ᠭᠠᠶᠢᠯᠢ ᠪᠠᠲᠤᠯᠠᠬᠤ ᠪᠠᠷᠠᠭ᠎ᠠ ᠰᠤᠯᠢᠯᠴᠠᠭᠠᠨ ᠤ ᠲᠥᠪ ᠢ ᠳᠠᠩᠰᠠᠯᠠᠵᠤ ᠰᠢᠯᠭᠠᠨ ᠠᠪᠬᠤ ᠵᠢᠴᠢ ᠠᠭᠠᠷ ᠤᠨ ᠠᠶᠠᠯᠠᠯ ᠤᠨ ᠪᠣᠭᠤᠮᠲᠠ ᠳᠤ ᠮᠡᠳᠡᠭᠦᠯᠬᠦ ᠠᠵᠢᠯ ᠢ ᠠᠬᠢᠭᠤᠯᠵᠤ᠂ ᠡᠷᠢᠶᠡᠨ ᠤ ᠪᠣᠭᠤᠮᠲᠠ ᠶᠢᠨ ᠬᠡᠰᠡᠭ ᠴᠢᠳᠠᠮᠵᠢ ᠶᠢᠨ ᠰᠢᠯᠵᠢᠯᠲᠡ ᠶᠢ ᠰᠠᠶᠢᠲᠤᠷ ᠬᠦᠯᠢᠶᠡᠨ ᠠᠪᠴᠤ᠂ ᠳᠤᠮᠳᠠ ᠬᠥᠩᠭᠡᠨ ᠠᠵᠤ ᠦᠶᠯᠡᠳᠪᠦᠷᠢ ᠶᠢᠨ ᠪᠦᠯᠦᠭᠯᠡᠯ᠂ ᠵᠦᠩ ᠷᠠᠨ ᠪᠦᠯᠦᠭᠯᠡᠯ ᠤᠨ L N G᠂ ᠮᠣᠳᠣᠨ ᠮᠠᠲ᠋ᠧᠷᠢᠶᠠᠯ᠂ ᠬᠦᠳᠡᠷ᠂ ᠠᠮᠤ ᠪᠤᠳᠠᠭ᠎ᠠ᠂ ᠴᠠᠭᠠᠰᠤᠨ ᠡᠭᠡᠳᠡᠩ ᠵᠡᠷᠭᠡ ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢᠨ ︽ᠳᠠᠬᠢᠨ ᠬᠦᠷᠴᠦ ᠳᠠᠬᠢᠨ ᠪᠤᠴᠠᠬᠤ︾᠎ ᠶᠢ ᠠᠬᠢᠭᠤᠯᠵᠤ ᠪᠠᠶᠢᠩᠭᠤᠵᠢᠭᠤᠯᠤᠨ ᠠᠵᠢᠯᠯᠠᠭᠤᠯᠤᠨ᠎ᠠ︔ ᠤᠮᠠᠷᠠᠲᠤ ᠶᠢᠨ ᠡᠬᠡ ᠬᠠᠭᠤᠷᠠᠶ ᠶᠢᠨ ᠭᠠᠷᠠᠮ ᠤᠨ ᠨᠢᠭᠡᠳᠦᠭᠡᠷ ᠬᠤᠶᠠᠳᠤᠭᠠᠷ ᠬᠤᠭᠤᠴᠠᠭᠠᠨ ᠤ ᠲᠥᠷᠥᠯ ᠵᠦᠶᠯ ᠤᠨ ᠡᠵᠡᠩᠨᠡᠯᠲᠡ ᠶᠢ ᠲᠦᠷᠭᠡᠳᠬᠡᠵᠦ᠂ ᠳᠤᠮᠳᠠᠳᠤ ᠮᠣᠩᠭᠤᠯ ᠣᠷᠣᠰ ᠤᠨ ︽ᠭᠤᠷᠪᠠᠨ ᠤᠯᠠᠭᠠᠨ ᠨᠡᠪᠲᠡᠷᠡᠬᠦ ᠵᠠᠮ︾᠎ ᠢ ᠨᠡᠪᠲᠡᠷᠡᠭᠦᠯᠵᠦ᠂ ︽ᠲᠡᠷᠭᠡ ᠦᠭᠡᠶ ᠪᠠᠷ ᠲᠡᠭᠡᠭᠡᠪᠦᠷᠢ ᠶᠢ ᠳᠠᠭᠠᠭᠠᠴᠢᠯᠠᠬᠤ︾ ᠲᠥᠷᠥ ᠶᠢᠨ ᠪᠣᠳᠣᠯᠭ᠎ᠠ ᠶᠢᠨ ᠨᠥᠬᠦᠴᠡᠯ ᠢ ᠰᠠᠶᠢᠲᠤᠷ ᠠᠰᠢᠭᠯᠠ᠂ ᠤᠯᠤᠰ ᠤᠨ ᠳᠣᠲᠣᠭᠠᠳᠤ ᠶᠢᠨ ᠪᠠᠷᠠᠭ᠎ᠠ ᠲᠡᠭᠡᠭᠡᠪᠦᠷᠢ ᠶᠢᠨ ᠲᠣᠬᠢᠷᠠᠭᠤᠯᠤᠨ ᠬᠦᠷᠭᠡᠬᠦ ᠲᠣᠣᠷ ᠰᠦᠯᠵᠢᠶ᠎ᠡ ᠶᠢ ᠪᠠᠶᠢᠭᠤᠯᠤᠨ ᠪᠦᠷᠢᠨᠰᠢᠭᠦᠯᠵᠦ᠂ ᠲᠣᠮᠣ ᠪᠠᠷᠠᠭ᠎ᠠ ᠰᠤᠯᠢᠯᠴᠠᠭ᠎ᠠ ᠶᠢ ᠦᠨᠡᠨᠬᠦ ᠠᠵᠤ ᠠᠬᠤᠶ ᠶᠢᠨ ᠬᠥᠭᠵᠢᠯᠲᠡ ᠶᠢᠨ ᠪᠠᠰᠠ ᠨᠢᠭᠡᠨ ᠴᠢᠬᠤᠯᠠ ᠶᠡᠭᠡ ᠬᠥᠳᠡᠯᠭᠡᠭᠦᠷ ᠪᠣᠯᠭᠠᠨ᠎ᠠ᠃       ︵ᠲᠠᠪᠤ︶ ᠬᠤᠳᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠬᠦᠴᠦᠯᠡᠨ ᠠᠬᠢᠭᠤᠯᠤᠨ᠎ᠠ᠃ ︽ᠨᠡᠶᠢᠰᠯᠡᠯ ᠠᠴᠠ ᠪᠠᠷᠠᠭᠤᠨᠰᠢ ᠬᠠᠮᠤᠭ ᠤᠨ ᠴᠡᠪᠡᠷ᠂ ᠬᠠᠮᠤᠭ ᠤᠨ ᠪᠣᠬᠢᠷᠲᠤᠯ ᠥᠬᠡᠶ᠂ ᠬᠠᠮᠤᠭ ᠤᠨ ᠰᠠᠭᠤᠷᠢᠰᠢᠬᠤ ᠳᠤ ᠲᠣᠬᠢᠷᠠᠮᠵᠢᠲᠠᠶ ᠣᠳᠣᠬᠢᠴᠢᠯᠠᠭᠰᠠᠨ ᠭᠤᠤᠯ ᠬᠤᠲᠠ ᠲᠣᠭᠤᠷᠢᠭ︾᠎ ᠤᠨ ᠬᠥᠭᠵᠢᠯᠲᠡ ᠶᠢᠨ ᠬᠠᠷᠠᠯᠲᠠ ᠲᠠᠢ ᠨᠢᠭᠲᠠ ᠤᠶᠠᠯᠳᠤᠭᠤᠯᠤᠨ᠂ ᠪᠠᠶᠢᠷᠢᠰᠢᠯ ᠨᠢ ᠵᠦᠶ ᠵᠣᠬᠢᠰᠲᠠᠶ᠂ ᠴᠢᠳᠠᠮᠵᠢ ᠨᠢ ᠪᠦᠷᠢᠨ ᠲᠡᠭᠦᠯᠳᠡᠷ᠂ ᠠᠮᠤᠷ ᠲᠦᠪᠰᠢᠨ ᠥᠨᠳᠥᠷ ᠪᠦᠲᠦᠮᠵᠢᠲᠡᠶ ᠬᠤᠲᠠ ᠪᠠᠯᠭᠠᠰᠤᠨ ᠤ ᠲᠦᠬᠦᠭᠡᠷᠦᠮᠵᠢ ᠶᠢᠨ ᠰᠢᠰᠲ᠋ᠧᠮᠵᠢ ᠶᠢ ᠪᠠᠶᠢᠭᠤᠯᠤᠨ᠎ᠠ᠃ ᠬᠤᠲᠠ ᠶᠢᠨ ᠴᠢᠳᠠᠮᠵᠢ ᠶᠢ ᠳᠠᠬᠢᠨ ᠳᠡᠭᠡᠭᠰᠢᠯᠡᠭᠦᠯᠦᠨ᠎ᠡ᠃ ᠣᠷᠣᠨ ᠪᠦᠰᠡ ᠶᠢᠨ ᠬᠥᠭᠵᠢᠯᠲᠡ ᠶᠢᠨ ᠪᠠᠶᠢᠷᠢᠰᠢᠯ ᠢ ᠦᠷᠭᠦᠯᠵᠢᠯᠡᠨ ᠰᠢᠯᠢᠳᠡᠭᠵᠢᠭᠦᠯᠵᠦ᠂ ᠬᠤᠲᠠ ᠶᠢᠨ ᠶᠡᠷᠦᠩᠬᠡᠶ ᠲᠥᠯᠥᠪᠵᠢᠭᠦᠯᠭᠡ ᠪᠠᠷ ᠪᠣᠷᠣ ᠲᠥᠰᠦᠪ ᠪᠣᠯᠭᠠᠨ᠂ ︽ᠣᠯᠠᠨ ᠲᠥᠯᠥᠪᠵᠢᠭᠦᠯᠭᠡ ᠶᠢ ᠨᠢᠭᠡᠳᠬᠡᠬᠦ︾᠎ ᠶᠢ ᠪᠥᠬᠦ ᠲᠠᠯ᠎ᠠ ᠪᠠᠷ ᠪᠡᠶᠡᠯᠡᠭᠦᠯᠵᠦ᠂ ᠬᠤᠲᠠ ᠬᠥᠳᠡᠭᠡ ᠶᠢᠨ ᠶᠡᠷᠦᠩᠬᠡᠶ ᠲᠥᠯᠥᠪᠵᠢᠭᠦᠯᠪᠡ ᠬᠢᠭᠡᠳ ᠡᠯ᠎ᠡ ᠲᠤᠰᠬᠠᠶ ᠵᠦᠶᠯ ᠤᠨ ᠲᠥᠯᠥᠪᠵᠢᠭᠦᠯᠭᠡ ᠶᠢ ᠬᠠᠷᠢᠯᠴᠠᠨ ᠵᠣᠯᠭᠠᠭᠤᠯᠵᠤ᠂ ᠣᠷᠭᠠᠨᠢᠭ ᠢᠶᠠᠷ ᠨᠢᠭᠡᠳᠦᠭᠦᠯᠬᠦ ᠶᠢ ᠪᠡᠶᠡᠯᠡᠭᠦᠯᠦᠨ᠎ᠡ᠃ ᠵᠠᠮ ᠤᠨ ᠲᠣᠣᠷ ᠤᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂  ᠪᠤᠯᠠᠭ ᠤᠨ ᠵᠡᠭᠦᠨ ᠵᠡᠭᠡᠯᠢ ᠵᠡᠷᠭᠡ 14 ᠵᠠᠮ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠬᠤ᠋ ᠱᠠᠨ ᠪᠠᠷᠠᠭᠤᠨ ᠲᠣᠭᠤᠷᠢᠭ ᠵᠠᠮ᠂ ᠬᠦᠭᠵᠢᠯ ᠵᠡᠭᠦᠨ ᠵᠡᠭᠡᠯᠢ ᠵᠡᠷᠭᠡ 13 ᠲᠠᠰᠤᠷᠬᠠᠶ ᠵᠠᠮ ᠢ ᠨᠡᠪᠲᠡᠷᠡᠭᠦᠯᠵᠦ᠂ ᠬᠤᠲᠠ ᠶᠢᠨ ᠨᠡᠪᠲᠡᠷᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠤᠰᠤ ᠴᠠᠬᠢᠯᠭᠠᠨ ᠬᠡᠢ ᠳᠤᠯᠠᠭᠠᠯᠠᠭ᠎ᠠ ᠪᠣᠬᠢᠷᠲᠤᠯ ᠵᠡᠷᠭᠡ ᠰᠠᠭᠤᠷᠢ ᠲᠦᠬᠦᠭᠡᠷᠦᠮᠵᠢ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠶᠡᠬᠡᠪᠡᠷ ᠬᠡᠷᠡᠭᠵᠢᠭᠦᠯᠵᠦ᠂ ᠪᠠᠶᠠᠨ᠂ ᠲᠣᠰᠣᠨ ᠬᠤᠯᠤ ᠶᠢᠨ ᠤᠰᠤᠨ ᠤ ᠡᠬᠢ ᠭᠠᠵᠠᠷ ᠤᠨ 14 ᠣᠰᠣᠨ ᠰᠤᠷᠪᠤᠯᠵᠢ ᠶᠢᠨ ᠬᠤᠳᠳᠤᠭ ᠤᠨ ᠪᠦᠲᠦᠭᠡᠨ ᠪᠠᠶᠢᠭᠤᠯᠤᠯᠲᠠ ᠵᠢᠴᠢ 46.1 ᠺᠢᠯᠣᠮᠧᠲᠷ ᠬᠤᠭᠤᠯᠠᠶ ᠱᠤᠭᠤᠮ ᠳᠡᠪᠢᠰᠬᠦ ᠢᠨᠵᠧᠨᠧᠷᠢᠩ ᠢ ᠲᠦᠷᠭᠡᠳᠬᠡᠨ ᠠᠬᠢᠭᠤᠯᠵᠤ ᠂ ᠨᠢᠭᠡ ᠣᠰᠣᠨ ᠦᠶᠯᠡᠳᠪᠦᠷᠢ ᠶᠢᠨ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠡᠳᠦᠷ ᠤᠨ ᠤᠰᠤ ᠬᠠᠩᠭᠠᠬᠤ ᠴᠢᠳᠠᠪᠤᠷᠢ ᠶᠢ 1.2 ᠲᠦᠮᠡᠨ ᠲᠣᠨ ᠨᠡᠮᠡᠭᠳᠡᠭᠦᠯᠦᠨ᠎ᠡ︔ ᠭᠤᠸᠠᠩ ᠮᠢᠩ᠂ ᠶᠦᠩ ᠠᠨ ᠵᠡᠷᠭᠡ 110 kV ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ 4 ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠬᠤᠲᠠ ᠲᠣᠭᠤᠷᠢᠭ ᠤᠨ ᠴᠠᠬᠢᠯᠭᠠᠨ ᠬᠠᠩᠭᠠᠬᠤ ᠳᠠᠭᠠᠭᠠᠴᠠ ᠬᠦᠷᠦᠯᠴᠡᠬᠦ ᠥᠬᠡᠶ ᠪᠠᠶᠢᠬᠤ ᠠᠰᠠᠭᠤᠳᠠᠯ ᠢ ᠦᠨᠡᠨᠬᠦ ᠰᠢᠶᠳᠪᠦᠷᠢᠯᠡᠵᠦ᠂ ᠮᠠᠨᠳᠠ 220 kV᠂ ᠬᠤᠩ ᠬᠠᠢ ᠽᠢ 220 kV᠂ ᠠᠯᠮᠤᠷᠠᠳ 110 kV ᠵᠡᠷᠭᠡ 8 ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠦᠶᠯᠡᠳᠪᠦᠷᠢᠯᠡᠯ ᠤᠨ ᠬᠦᠴᠦᠨ ᠵᠦᠶᠯ ᠤᠨ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠥᠬᠡᠶ ᠪᠠᠬᠢᠵᠢᠭᠦᠯᠪᠡ︔  ᠵᠢᠶᠠᠨ ᠭᠦᠸᠧ ᠭᠤᠷᠪᠠᠳᠤᠭᠠᠷ ᠵᠠᠮ ᠵᠡᠷᠭᠡ 32 ᠵᠡᠭᠡᠯᠢ ᠭᠤᠳᠤᠮᠵᠢ᠂ 88 ᠺᠢᠯᠣᠮᠧᠲᠷ ᠤᠨ ᠪᠠᠶᠢᠭᠠᠯᠢ ᠶᠢᠨ ᠰᠢᠲᠠᠮᠠᠬᠠᠶ ᠬᠡᠢ ᠶᠢ ᠬᠤᠳᠠ ᠳᠤ ᠤᠷᠤᠭᠤᠯᠵᠤ ᠡᠷᠦᠬᠡ ᠳᠤ ᠬᠦᠷᠭᠡᠬᠦ ᠢᠨᠵᠧᠨᠧᠷᠢᠩ ᠢ ᠪᠡᠶᠡᠯᠡᠭᠦᠯᠵᠦ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ ᠶᠢᠨ ᠲᠣᠣᠷ ᠤᠨ ᠪᠦᠷᠬᠦᠴᠡ ᠶᠢᠨ ᠨᠤᠷᠮ᠎ᠠ ᠶᠢ 80%᠎ ᠳᠤ ᠬᠦᠷᠭᠡᠨ᠎ᠡ︔ ᠪᠠᠶᠠᠨ ᠪᠣᠬᠢᠷ ᠤᠰᠤ ᠶᠢ ᠰᠢᠶᠳᠪᠦᠷᠢᠯᠡᠬᠦ ᠦᠢᠯᠡᠳᠪᠦᠷᠢ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠵᠤ᠂ ᠵᠢᠵᠢᠭ ᠵᠡᠭᠦᠨ ᠲᠠᠩ ᠤᠨ ᠪᠣᠬᠢᠷ ᠤᠰᠤᠨ ᠤ ᠬᠤᠭᠤᠯᠠᠶ ᠱᠤᠭᠤᠮ ᠢ 8.2 ᠺᠢᠯᠣᠮᠧᠲᠷ ᠳᠡᠪᠢᠰᠬᠦ ᠢᠨᠵᠧᠨᠧᠷᠢᠩ ᠢ ᠪᠡᠶᠡᠯᠡᠭᠦᠯᠪᠡ︔ ᠤᠯᠠᠭᠠᠨᠴᠠᠪ ᠤᠨ ᠢᠯᠴᠢ ᠶᠢᠨ ᠬᠦᠴᠦᠨ ᠤ ᠺᠣᠮᠫᠠᠨᠢ ᠶᠢᠨ ᠬᠤᠳᠠ ᠬᠥᠳᠡᠭᠡ ᠶᠢᠨ ᠨᠢᠭᠡᠳᠦᠯᠲᠡᠢ ᠳᠤ ᠲᠥᠯᠥᠪᠯᠡᠬᠦ ᠪᠠ ᠨᠢᠭᠡᠳᠦᠭᠡᠷ ᠭᠠᠵᠠᠷ ᠤᠨ ᠢᠯᠴᠢ ᠶᠢᠨ ᠰᠤᠷᠪᠤᠯᠵᠢ ᠶᠢᠨ ᠦᠢᠯᠡᠳᠪᠦᠷᠢ ᠶᠢᠨ ᠨᠡᠭᠦᠷᠡᠰᠦ ᠶᠢ ᠬᠡᠢ ᠪᠣᠯᠭᠠᠨ ᠥᠭᠡᠷᠡᠴᠢᠯᠡᠬᠦ ᠢᠨᠵᠧᠨᠧᠷᠢᠩ ᠢ ᠡᠬᠢᠯᠡᠭᠦᠯᠵᠦ᠂ ᠨᠢᠭᠡ ᠬᠤᠶᠠᠳᠤᠭᠠᠷ ᠤᠳᠠᠭ᠎ᠠ ᠶᠢᠨ ᠢᠯᠴᠢ ᠬᠠᠩᠭᠠᠬᠤ ᠬᠤᠭᠤᠯᠠᠢ ᠶᠢᠨ ᠲᠣᠣᠷ ᠢ 40 ᠺᠢᠯᠣᠮᠧᠲᠷ ᠳᠡᠪᠢᠰᠴᠦ᠂ ᠢᠯᠴᠢ ᠬᠠᠩᠭᠠᠬᠤ ᠶᠢ ᠣᠶᠤᠨᠴᠢᠯᠠᠭᠰᠠᠨ ᠥᠭᠡᠷᠡᠴᠢᠯᠡᠯᠲᠡ ᠪᠠ ᠬᠦᠬᠦᠷ ᠦᠭᠡᠶᠢᠳᠡᠭᠦᠯᠬᠦ ᠲᠣᠭᠤᠰᠣ ᠠᠷᠢᠯᠭᠠᠬᠤ ᠵᠢᠴᠢ ᠬᠠᠭᠤᠷᠠᠢ ᠨᠡᠭᠦᠷᠡᠰᠦᠨ ᠫᠧᠩ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠪᠡᠶᠡᠯᠡᠭᠦᠯᠵᠦ᠂ ᠢᠯᠴᠢ ᠶᠢᠨ ᠰᠤᠷᠪᠤᠯᠵᠢ᠂ ᠢᠯᠴᠢ ᠶᠢᠨ ᠲᠣᠣᠷ᠂ ᠢᠯᠴᠢ ᠶᠢᠨ ᠬᠦᠴᠦᠨ ᠤ ᠥᠷᠲᠡᠭᠡ ᠶᠢ ᠨᠢᠭᠡ ᠴᠣᠭᠴᠠᠵᠢᠭᠤᠯᠤᠨ ᠬᠢᠨᠠᠨ ᠡᠵᠡᠮᠳᠡᠬᠦ ᠶᠢ ᠪᠡᠶᠡᠯᠡᠭᠦᠯᠦᠨ᠎ᠡ᠃ ︽ᠵᠣᠷᠯᠣᠩ ᠤᠨ ᠬᠤᠪᠢᠰᠬᠠᠯ︾᠎ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠥᠷᠨᠢᠭᠦᠯᠵᠦ᠂ 42 ᠬᠤᠲᠠ ᠬᠥᠳᠡᠭᠡ ᠶᠢᠨ ᠤᠯᠠᠨ ᠨᠡᠶᠢᠳᠡ ᠶᠢᠨ ᠵᠣᠷᠯᠣᠩ ᠢ ᠰᠢᠨ᠎ᠡ ᠪᠠᠷ ᠥᠭᠡᠷᠡᠴᠢᠯᠡᠨ ᠪᠠᠶᠢᠭᠤᠯᠪᠠ᠃ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠰ ᠢ ᠯᠠᠪᠳᠠᠭᠤᠨ ᠢᠶᠠᠷ ᠬᠥᠭᠵᠢᠭᠦᠯᠵᠦ᠂ ᠴᠤᠯᠤ ᠴᠠᠬᠢᠯᠭᠠᠨ ᠬᠥᠳᠡᠯᠭᠡᠭᠦᠷᠲᠦ ᠤᠯᠠᠨ ᠨᠡᠶᠢᠲᠡ ᠶᠢᠨ ᠮᠠᠰᠢᠨ ᠲᠡᠷᠭᠡ ᠶᠢ 30 ᠰᠢᠨ᠎ᠡ ᠪᠠᠷ ᠨᠡᠮᠡᠭᠳᠡᠭᠦᠯᠵᠦ᠂ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠡᠬᠢᠨ ᠤ ᠪᠠ ᠲᠡᠭᠦᠰᠬᠡᠯ  ᠤᠨ ᠥᠷᠲᠡᠭᠡ ᠶᠢ 3 ᠰᠢᠨ᠎ᠡ ᠪᠠᠷ ᠪᠠᠶᠢᠭᠤᠯᠵᠤ᠂ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠬᠤᠳᠠ ᠬᠥᠳᠡᠭᠡ ᠶᠢ ᠨᠢᠭᠡ ᠴᠣᠭᠴᠠᠵᠢᠭᠤᠯᠬᠤ ᠶᠢ ᠠᠯᠬᠤᠮ ᠠᠯᠬᠤᠮ ᠎ ᠢᠶᠠᠷ ᠪᠡᠶᠡᠯᠡᠭᠦᠯᠦᠨ᠎ᠡ᠃ ︽ᠭᠤᠷᠪᠠ ᠶᠢ ᠬᠠᠩᠭᠠᠬᠤ ᠨᠢᠭᠡ ᠦᠢᠯᠡᠰ︾ ᠬᠤᠷᠢᠶᠠᠯᠠᠯ ᠢ ᠥᠭᠡᠷᠡᠴᠢᠯᠡᠬᠦ ᠪᠠᠷ ᠭᠠᠷᠳᠠᠬᠤ ᠴᠡᠭ ᠪᠣᠯᠭᠠᠵᠤ᠂ ᠹᠦ᠋ ᠵᠢᠶᠠ ᠶᠤᠸᠠᠨ ᠵᠡᠷᠭᠡ 47 ᠬᠠᠭᠤᠴᠢᠨ ᠵᠢᠵᠢᠭ ᠲᠣᠭᠤᠷᠢᠭ ᠤᠨ ᠤᠰᠤ ᠬᠠᠩᠭᠠᠬᠤ᠂ ᠴᠠᠬᠢᠯᠭᠠᠨ ᠬᠠᠩᠭᠠᠬᠤ᠂ ᠳᠤᠯᠠᠭᠠᠯᠠᠭ᠎ᠠ ᠬᠠᠩᠭᠠᠬᠤ᠂ ᠬᠡᠢ ᠬᠠᠩᠭᠠᠬᠤ᠂ ᠭᠠᠯ ᠤᠨᠲᠠᠷᠠᠭᠠᠬᠤ᠂ ᠤᠰᠤ ᠵᠠᠯᠠᠬᠤ ᠵᠢᠴᠢ ᠬᠦᠷᠢᠶᠠᠨ ᠳᠣᠲᠣᠷᠠᠬᠢ ᠨᠣᠭᠤᠭᠠᠷᠠᠭᠤᠯᠤᠯᠲᠠ᠂ ᠭᠠᠵᠠᠷ ᠬᠠᠳᠠᠭᠤᠷᠠᠭᠤᠯᠬᠤ ᠶᠢ ᠳᠡᠰ ᠳᠡᠪᠰᠢᠭᠦᠯᠦᠨ ᠥᠭᠡᠷᠡᠴᠢᠯᠡᠬᠦ ᠶᠢ ᠪᠡᠶᠡᠯᠡᠭᠦᠯᠵᠦ᠂ ᠬᠠᠭᠤᠴᠢᠨ ᠬᠤᠷᠢᠶᠠᠯᠠᠯ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠦᠨᠡᠨᠬᠦ ᠰᠠᠶᠢᠵᠢᠷᠠᠭᠤᠯᠤᠨ᠎ᠠ᠃ ᠬᠤᠲᠠ ᠶᠢᠨ ᠦᠵᠡᠮᠵᠢ ᠶᠢ ᠳᠠᠬᠢᠨ ᠰᠠᠶᠢᠵᠢᠷᠠᠭᠤᠯᠤᠨ᠎ᠠ᠃ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠᠷ ᠭᠠᠷᠲᠠᠨ ᠪᠣᠯᠭᠠᠵᠤ᠂ ᠣᠷᠣᠰᠢᠨ ᠰᠠᠭᠤᠬᠤ ᠣᠷᠴᠢᠨ ᠠᠬᠤᠢ ᠶᠢᠨ ᠶᠠᠰᠤ ᠴᠢᠨᠠᠷ ᠢ ᠰᠠᠶᠢᠵᠢᠷᠠᠭᠤᠯᠬᠤ ᠪᠠᠷ ᠬᠠᠷᠠᠯᠲᠠ ᠪᠣᠯᠭᠠᠵᠤ᠂ ᠬᠤᠲᠠ ᠶᠢᠨ ᠦᠵᠡᠮᠵᠢ ᠪᠤᠯᠤᠨ ᠬᠤᠲᠠ ᠶᠢᠨ ᠳᠦᠷᠰᠦ ᠪᠠᠶᠢᠳᠠᠯ ᠢ ᠴᠡᠭᠴᠡᠯᠡᠨ ᠵᠠᠰᠠᠬᠤ ᠠᠵᠢᠯ ᠢ ᠶᠡᠬᠡᠪᠡᠷ ᠥᠷᠨᠢᠭᠦᠯᠦᠨ᠎ᠡ᠃ ᠡᠨᠡ ᠱᠠ ᠾᠧ ᠭᠤᠣᠯ ᠤᠨ ᠱᠤᠭᠤᠮ ᠢ ᠶᠡᠷᠦᠩᠬᠡᠶᠢᠯᠡᠨ ᠵᠠᠰᠠᠬᠤ᠂ ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠶ ᠶᠢᠨ ᠲᠣᠣᠷ᠂ ᠵᠠᠮ ᠬᠥᠭᠦᠷᠭᠡ ᠶᠢᠨ ᠥᠭᠡᠷᠡᠴᠢᠯᠡᠯᠲᠡ᠂ ᠦᠮᠡᠬᠡᠶ ᠣᠰᠣᠨ ᠴᠣᠭᠴᠠ ᠶᠢ ᠵᠠᠰᠠᠬᠤ᠂ ᠠᠮᠢ ᠠᠬᠤᠢ ᠶᠢᠨ ᠴᠡᠴᠡᠷᠯᠢᠭ ᠵᠡᠷᠭᠡ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠪᠦᠬᠦ ᠲᠠᠯ᠎ᠠ ᠪᠠᠷ ᠪᠡᠶᠡᠯᠡᠭᠦᠯᠵᠦ᠂ ᠬᠥᠮᠥᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠪᠠ ᠬᠤᠳᠠ ᠶᠢᠨ ᠬᠤᠣᠰ ᠵᠠᠰᠠᠯᠲᠠ ᠶᠢᠨ ᠠᠮᠵᠢᠯᠲᠠ ᠲᠠᠢ ᠦᠯᠢᠭᠡᠷ ᠵᠢᠱᠢᠶ᠎ᠡ ᠶᠢ ᠪᠠᠶᠢᠭᠤᠯᠤᠨ᠎ᠠ᠃ ᠶᠡᠷᠦᠩᠬᠡᠢ ᠰᠠᠶᠢᠳ ᠤᠨ ᠵᠢᠭᠠᠪᠤᠷᠢ ᠶᠢ ᠨᠠᠶᠢᠳᠠᠪᠤᠷᠢᠵᠢᠭᠤᠯᠬᠤ ᠪᠠ ᠥᠪᠡᠷᠲᠡᠭᠡᠨ ᠵᠠᠰᠠᠬᠤ ᠣᠷᠣᠨ ᠤ ᠲᠥᠬᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠲᠤᠬᠠᠢ ᠶᠢᠨ ᠲᠠᠯᠠᠪᠠᠢ ᠶᠢᠨ ᠬᠤᠷᠠᠯ ᠢ ᠳᠠᠭᠠᠭᠠᠴᠢᠯᠠᠨ ᠡᠷᠬᠢᠯᠡᠬᠦ ᠪᠠᠷ ᠠᠵᠠ ᠲᠣᠬᠢᠶᠠᠯ ᠪᠣᠯᠭᠠᠵᠤ᠂ ᠴᠢᠶᠣᠤ ᠰᠢ ᠵᠡᠷᠭᠡ 7 ᠲᠣᠭᠤᠷᠢᠭ᠂ 1.2 ᠲᠦᠮᠡᠨ ᠡᠷᠦᠬᠡ ᠶᠢᠨ ᠲᠥᠬᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠡᠬᠢᠯᠡᠭᠦᠯᠵᠦ᠂  ᠸᠧᠨ ᠰᠢᠨ ᠯᠢ ᠶᠤᠸᠠᠨ ᠵᠡᠷᠭᠡ 8  ᠬᠤᠷᠢᠶᠠᠯᠠᠯ᠂ 5918 ᠢᠵᠢ ᠲᠥᠬᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠨ ᠲᠥᠪᠬᠢᠨᠡᠭᠦᠯᠬᠦ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠥᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ ᠰᠠᠭᠤᠭᠠᠯᠢ ᠠᠷᠠᠳ ᠢ ᠡᠷᠲᠡᠬᠡᠨ ︽ᠰᠢᠨ᠎ᠡ ᠭᠡᠷ᠂ ᠳᠤᠯᠠᠭᠠᠨ ᠭᠡᠷ᠂ ᠰᠠᠨᠠᠭ᠎ᠠ ᠠᠮᠤᠷ ᠭᠡᠷ︾᠎ ᠳᠤ ᠰᠠᠭᠤᠯᠭᠠᠪᠠ᠃ ᠬᠤᠸᠠᠢ ᠶᠤᠸᠠᠨ ᠬᠤᠶᠢᠲᠤ ᠵᠠᠮ᠂ ᠪᠦᠯᠬᠦᠮᠳᠡᠯ ᠶᠡᠭᠡ ᠵᠡᠭᠡᠯᠢ ᠵᠡᠷᠭᠡ 10 ᠵᠤᠷᠪᠤᠰ ᠦᠵᠡᠮᠵᠢ ᠶᠢᠨ ᠵᠢᠱᠢᠶ᠎ᠡ ᠦᠵᠡᠭᠦᠯᠬᠦ ᠵᠡᠭᠡᠯᠢ ᠪᠠ 8 ᠬᠤᠲᠠ ᠳᠤ ᠣᠷᠣᠵᠤ ᠭᠠᠷᠬᠤ ᠭᠠᠵᠠᠷ ᠢ ᠨᠣᠭᠤᠭᠠᠷᠠᠭᠤᠯᠤᠨ ᠭᠤᠶᠤᠵᠢᠭᠤᠯᠬᠤ ᠢᠨᠵᠧᠨᠧᠷᠢᠩ ᠢ ᠪᠡᠶᠡᠯᠡᠭᠦᠯᠦᠨ᠎ᠡ᠃ ᠯᠢᠤᠢ ᠳ᠋ᠢ᠂ ᠹᠦ᠋ ᠯᠢ᠂ ᠾᠧᠩ ᠳ᠋ᠠ ᠪᠣᠯᠤᠨ ᠬᠤᠩ ᠰᠢᠩ ᠮᠧᠶ ᠺᠠᠶ ᠯᠦᠩ᠂ ᠬᠤᠩ ᠱᠠᠨ ᠵᠢᠶᠦ᠋ᠨ ᠵᠡᠷᠭᠡ ᠨᠠᠷᠠᠲᠤ ᠲᠡᠮᠳᠡᠭᠲᠦ ᠭᠠᠵᠠᠷ ᠰᠢᠷᠣᠶ ᠶᠢᠨ ᠬᠥᠷᠥᠩᠭᠡ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠸᠠᠨ ᠺᠧ᠂ ᠪᠢ ᠬᠦᠶ ᠶᠤᠸᠠᠨ᠂ ᠷᠦᠩ ᠴᠤᠸᠠᠩ ᠵᠡᠷᠭᠡ ᠵᠢᠨᠢᠩ ᠳᠤ ᠵᠣᠯᠭᠠᠭᠤᠯᠤᠨ᠂  ᠳᠡᠭᠡᠳᠦ ᠳᠡᠰ ᠤᠨ ᠣᠷᠣᠨ ᠰᠠᠭᠤᠴᠠ ᠶᠢ ᠬᠦᠴᠦᠯᠡᠨ ᠪᠠᠶᠢᠭᠤᠯᠵᠤ᠂ ᠬᠤᠲᠠ ᠶᠢᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠬᠤᠲᠠ ᠶᠢᠨ ᠬᠠᠮᠢᠶᠠᠷᠤᠯᠲᠠ ᠳᠤ ᠳᠠᠬᠢᠨ ᠪᠠᠷᠢᠮᠵᠢᠶ᠎ᠠ ᠥᠰᠬᠡᠨ᠎ᠡ᠃ ᠬᠤᠳᠠ ᠶᠢᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠤᠬᠠᠢ ᠶᠢᠨ ᠲᠠᠯᠠᠪᠠᠢ ᠶᠢᠨ ᠬᠤᠷᠠᠯ ᠢ ᠥᠨᠳᠥᠷ ᠬᠢᠷᠢ ᠬᠡᠮᠵᠢᠶ᠎ᠡ ᠪᠠᠷ ᠰᠠᠶᠢᠲᠤᠷ ᠡᠷᠬᠢᠯᠡᠨ᠎ᠡ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠬᠡᠯᠪᠡᠷᠢ ᠶᠢ ᠠᠪᠴᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠨᠡᠶᠢᠭᠡᠮᠴᠢᠯᠡᠬᠦ᠂ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠠᠬᠢᠭᠤᠯᠪᠠ︔ ᠱᠧᠩ ᠶᠦᠨ ᠬᠤᠭ ᠨᠣᠪᠰᠢ ᠶᠢ ᠲᠥᠪᠯᠡᠷᠡᠭᠦᠯᠦᠨ ᠰᠢᠶᠳᠪᠦᠷᠢᠯᠡᠵᠦ ᠴᠠᠬᠢᠯᠭᠠᠨ ᠭᠠᠷᠭᠠᠬᠤ ᠲᠥᠷᠥᠯ ᠵᠦᠶᠯ ᠳᠤ ᠲᠦᠰᠢᠭᠯᠡᠨ᠂ ᠬᠤᠲᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠴᠤᠭᠯᠠᠭᠤᠯᠤᠨ ᠰᠢᠶᠳᠪᠦᠷᠢᠯᠡᠬᠦ ᠶᠢ ᠪᠡᠶᠡᠯᠡᠭᠦᠯᠦᠨ᠎ᠡ᠃ ᠤᠶᠤᠨᠲᠤ ᠬᠤᠳᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠡᠶᠢᠭᠡᠮ ᠤᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠲᠠᠪᠴᠠᠩ ᠢ ᠡᠬᠢᠯᠡᠨ ᠬᠡᠷᠡᠭᠵᠢᠭᠦᠯᠵᠦ᠂ ᠪᠦᠬᠦ ᠲᠠᠯ᠎ᠠ ᠶᠢᠨ᠂ ᠤᠯᠠᠨ ᠬᠦᠷᠢᠶᠡᠨ ᠤ ᠲᠣᠭᠠᠴᠢᠯᠠᠭᠰᠠᠨ ᠵᠢᠯᠣᠭᠤᠳᠬᠤ ᠰᠢᠰᠲ᠋ᠧᠮ ᠢ ᠪᠠᠶᠢᠭᠤᠯᠤᠨ᠎ᠠ᠃ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ ᠶᠢ ᠪᠠᠷᠢᠮᠲᠠᠯᠠᠨ᠂ ᠬᠠᠤᠯᠢ ᠬᠡᠷᠡᠭᠵᠢᠭᠦᠯᠦᠯᠲᠡ ᠶᠢ ᠪᠠᠶᠢᠩᠭᠤᠵᠢᠭᠤᠯᠬᠤ᠂ ᠨᠠᠷᠢᠯᠢᠭᠵᠢᠭᠤᠯᠬᠤ ᠶᠢ ᠪᠡᠶᠡᠯᠡᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠦᠨ᠎ᠡ᠃ ᠠᠳᠠᠯ ᠠᠬᠤᠢ ᠶᠢᠨ ᠦᠶᠯᠡᠴᠢᠯᠡᠭᠡᠨ ᠤ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠬᠠᠮᠢᠶᠠᠷᠤᠯᠲᠠ ᠶᠢᠨ ᠵᠠᠭᠪᠤᠷ ᠲᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ ᠬᠠᠷᠢᠶ᠎ᠠ ᠣᠷᠣᠨ ᠤ ᠳᠣᠲᠣᠷᠠᠬᠢ ᠳᠠᠩ ᠴᠣᠭᠴᠠᠲᠤ ᠠᠰᠠᠷ᠂ ᠬᠠᠶᠠᠭᠳᠠᠭᠰᠠᠨ ᠬᠠᠮᠢᠶᠠᠷᠤᠯᠲᠠ ᠶᠢᠨ ᠠᠰᠠᠷ᠂ ᠥᠮᠴᠢᠲᠡᠨ ᠤ ᠥᠪᠡᠰᠦᠪᠡᠨ ᠬᠠᠮᠢᠶᠠᠷᠬᠤ ᠠᠰᠠᠷ ᠤᠨ ᠠᠳᠠᠯ ᠠᠬᠤᠢ ᠶᠢᠨ ᠬᠠᠮᠢᠶᠠᠷᠤᠯᠲᠠ ᠵᠢᠷᠤᠮᠵᠢᠯ ᠥᠬᠡᠶ ᠵᠡᠷᠭᠡ ᠠᠰᠠᠭᠤᠳᠠᠯ ᠢ ᠭᠤᠤᠯᠳᠠᠯᠭ᠎ᠠ ᠲᠠᠢ ᠰᠢᠶᠳᠪᠦᠷᠢᠯᠡᠵᠦ᠂ 2020 ᠣᠨ ᠪᠣᠯᠬᠤ ᠳᠤ ᠠᠳᠠᠯ ᠠᠬᠤᠢ ᠶᠢᠨ ᠬᠠᠮᠢᠶᠠᠷᠤᠯᠲᠠ ᠶᠢ ᠨᠡᠶᠢᠳᠡᠮ ᠪᠦᠷᠬᠦᠭᠦᠯᠬᠦ ᠪᠠᠷ ᠴᠢᠷᠮᠠᠶᠢᠨ᠎ᠠ᠃        ︵ᠵᠢᠷᠭᠤᠭ᠎ᠠ︶ ᠥᠭᠡᠷᠡᠴᠢᠯᠡᠯᠲᠡ ᠨᠡᠭᠡᠭᠡᠯᠲᠡ ᠶᠢ ᠪᠠᠷᠢᠮᠲᠠᠯᠠᠵᠤ᠂ ᠠᠵᠤ ᠠᠬᠤᠢ ᠶᠢᠨ ᠬᠥᠭᠵᠢᠯᠲᠡ ᠶᠢᠨ ᠠᠮᠢᠳᠤᠯᠢᠭ ᠬᠦᠴᠦᠨ ᠢ ᠬᠦᠴᠦᠯᠡᠨ ᠪᠠᠳᠠᠷᠠᠭᠤᠯᠪᠠ᠃ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠣᠢ ᠪᠠᠷ ᠰᠢᠨ᠎ᠡ ᠭᠠᠷᠤᠭ᠎ᠠ ᠪᠣᠯᠭᠠᠵᠤ᠂ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠭᠡᠭᠡᠯᠲᠡ ᠶᠢ ᠲᠠᠰᠤᠷᠠᠯᠲᠠ ᠦᠭᠡᠢ ᠥᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠨᠡᠮᠡᠷᠢᠯᠡᠨ᠎ᠡ᠃ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠤᠯᠠᠭᠠᠨᠴᠠᠪ ᠬᠤᠲᠠ ᠶᠢᠨ ᠡᠯ᠎ᠡ ᠵᠦᠶᠯ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠵᠠᠯᠭᠠᠨ ᠠᠪᠴᠤ᠂ ᠵᠢᠨᠢᠩ ᠤᠨ ᠣᠨᠴᠠᠯᠢᠭ ᠲᠠᠢ ᠥᠭᠡᠷᠡᠴᠢᠯᠡᠯᠲᠡ ᠶᠢᠨ ᠵᠠᠭᠪᠤᠷ ᠢ ᠢᠳᠡᠪᠬᠢᠲᠡᠶ ᠰᠦᠪᠡᠭᠴᠢᠯᠡᠨ᠂ ᠨᠢᠭᠡ ᠪᠦᠯᠦᠭ ᠰᠤᠷᠤᠯᠴᠠᠵᠤ ᠪᠣᠯᠬᠤ ᠂ ᠬᠠᠭᠤᠯᠪᠤᠷᠢᠯᠠᠵᠤ ᠪᠣᠯᠬᠤ᠂ ᠲᠣᠯᠢᠳᠠᠵᠤ ᠪᠣᠯᠬᠤ ᠥᠭᠡᠷᠡᠴᠢᠯᠡᠯᠲᠡ ᠶᠢᠨ ᠥᠯᠢᠭᠡᠷ ᠡᠳ᠋ ᠢ ᠪᠤᠢ ᠪᠣᠯᠭᠠᠨ᠎ᠠ᠃ ︽ᠪᠠᠭᠤᠯᠭᠠᠬᠤ ᠤᠶᠠᠯᠳᠤᠭᠤᠯᠬᠤ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠳᠥᠭᠦᠮᠴᠢᠯᠡᠭᠰᠡᠨ ᠬᠡᠮᠵᠢᠶ᠎ᠡ ᠶᠢ ᠳᠡᠭᠡᠭᠰᠢᠯᠡᠭᠦᠯᠦᠨ᠂ ᠪᠠᠯᠠ ᠣᠷᠣᠭᠤᠯᠤᠯᠲᠠ ᠶᠢᠨ ᠲᠥᠷᠥᠯ ᠵᠦᠶᠯ ᠳᠤ ︽ᠨᠢᠭᠡ ᠰᠦᠯᠵᠢᠶ᠎ᠡ ᠪᠠᠷ ᠪᠦᠬᠦᠨ ᠢ ᠭᠦᠶᠴᠡᠳᠬᠡᠬᠦ︾ ︽ᠨᠢᠭᠡ ᠯᠠ ᠡᠭᠦᠳᠡ ᠪᠠᠷ ᠣᠷᠣᠬᠤ︾᠎ ᠶᠢ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠦᠶᠯᠡᠴᠢᠯᠡᠭᠡᠨ ᠤ ᠵᠦᠶᠯᠡᠰ ᠢ ︽ᠨᠢᠭᠡ ᠯᠠ ᠤᠳᠠᠭ᠎ᠠ ᠳᠤ ᠪᠡᠶᠡᠯᠡᠭᠦᠯᠦᠨ᠎ᠡ︾᠃ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠠᠵᠢᠯ ᠢ ᠰᠠᠶᠢᠲᠤᠷ ᠬᠢᠵᠦ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠵᠠᠬ᠎ᠠ ᠳᠡᠯᠭᠡᠭᠦᠷᠴᠢᠯᠡᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠠᠬᠢᠭᠤᠯᠤᠨ᠎ᠠ᠃ ᠰᠤᠷᠭᠠᠨ ᠬᠥᠮᠦᠵᠢᠯ᠂ ᠰᠣᠶᠣᠯ᠂ ᠪᠡᠶ᠎ᠡ ᠶᠢᠨ ᠲᠠᠮᠢᠷ ᠪᠠ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠥᠭᠡᠷᠡᠴᠢᠯᠡᠯᠲᠡ ᠶᠢᠨ ᠠᠰᠢᠭ ᠢ ᠤᠯᠠᠮ ᠨᠢᠭᠡ ᠠᠯᠬᠤᠮ ᠪᠠᠳᠠᠷᠠᠭᠤᠯᠤᠨ᠎ᠠ᠃ ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠶᠢ ᠶᠡᠬᠡᠪᠡᠷ ᠬᠥᠭᠵᠢᠭᠦᠯᠦᠨ᠎ᠡ᠃ ᠤᠯᠠᠨ ᠬᠦᠷᠢᠶ᠎ᠡ ᠴᠠᠷᠠᠭ᠎ᠠ ᠳᠤ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠤᠨ ᠬᠠᠮᠵᠢᠯᠴᠠᠭ᠎ᠠ ᠪᠠᠨ ᠴᠢᠩᠭᠠᠳᠬᠠᠵᠤ᠂ ᠰᠢᠦ᠋ᠩ ᠠᠨ ᠰᠢᠨ᠎ᠡ ᠲᠣᠭᠤᠷᠢᠭ ᠤᠨ ᠲᠥᠯᠥᠪᠵᠢᠭᠦᠯᠪᠡ ᠪᠦᠲᠦᠭᠡᠨ ᠪᠠᠶᠢᠭᠤᠯᠤᠯᠲᠠ᠂ 2022 ᠣᠨ ᠤ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠵᠡᠷᠭᠡ ᠴᠢᠬᠤᠯᠠ ᠶᠡᠭᠡ ᠠᠵᠠ ᠲᠣᠬᠢᠶᠠᠯ ᠢ ᠠᠮᠵᠢᠵᠤ᠂ ᠪᠡᠭᠡᠵᠢᠩ ᠲᠢᠶᠠᠨᠵᠢᠨ ᠾᠧᠪᠧᠢ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠠᠮᠵᠢᠯᠴᠠᠨ ᠬᠥᠭᠵᠢᠬᠦ ᠪᠠ ᠤᠯᠠᠭᠠᠨᠴᠠᠪ  ᠳ᠋ᠠᠲ᠋ᠦ᠋ᠩ ᠴᠢᠭᠤᠯᠭᠠᠳᠤ ᠬᠠᠭᠠᠯᠭ᠎ᠠ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠳᠤ ᠭᠦᠨᠵᠡᠭᠡᠢ ᠣᠷᠣᠯᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ᠂ ᠬᠥᠭᠵᠢᠯᠲᠡ ᠶᠢᠨ ᠳᠠᠯᠳᠠ ᠬᠦᠴᠦᠨ ᠢᠶᠠᠷ ᠶᠡᠭᠡ ᠳᠠᠭᠠᠭᠤᠯᠤᠭᠴᠢ ᠠᠵᠤ ᠠᠬᠤᠶᠢᠯᠠᠯ ᠪᠣᠯᠤᠨ ᠲᠥᠷᠥᠯ ᠵᠦᠢᠯ ᠢ ᠶᠡᠬᠡᠪᠡᠷ ᠣᠷᠣᠭᠤᠯᠤᠨ ᠠᠪᠴᠢᠷᠠᠨ᠎ᠠ᠃ ᠣᠯᠠᠨ ᠤᠯᠤᠰ ᠤᠨ ᠨᠡᠭᠡᠭᠡᠯᠲᠡ ᠬᠠᠮᠲᠤᠷᠠᠯᠴᠠᠭ᠎ᠠ ᠳᠤ ᠤᠯᠠᠨ ᠲᠠᠯ᠎ᠠ ᠪᠠᠷ ᠣᠷᠣᠯᠴᠠᠵᠤ᠂ ︽ᠨᠢᠭᠡ ᠪᠦᠰᠡ ᠨᠢᠭᠡ ᠵᠠᠮ︾ ᠪᠣᠯᠤᠨ ︽ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ︾᠎ ᠤᠨ ᠪᠦᠲᠦᠭᠡᠨ ᠪᠠᠶᠢᠭᠤᠯᠤᠯᠲᠠ ᠳᠤ ᠪᠥᠬᠦ ᠲᠠᠯ᠎ᠠ ᠪᠠᠷ ᠠᠭᠤᠰᠤᠯᠴᠠᠵᠤ᠂ ᠳᠤᠮᠳᠠᠳᠤ ᠧᠦ᠋ᠷᠣᠫᠠ ᠡᠭᠡᠯᠵᠢ ᠶᠢᠨ ᠭᠠᠯᠲᠤ ᠲᠡᠷᠭᠡ᠂ ︽ᠭᠤᠷᠪᠠᠨ ᠤᠯᠠᠭᠠᠨ ᠤ ᠨᠡᠪᠲᠡᠷᠡᠬᠦ ᠵᠠᠮ︾᠎ ᠢᠶᠠᠷ ᠲᠤᠰ ᠭᠠᠵᠠᠷ ᠤᠨ ᠪᠣᠬᠢᠷᠲᠤᠯ ᠥᠬᠡᠶ ᠢᠳᠡᠭᠡᠨ ᠵᠡᠷᠭᠡ ︽ᠭᠠᠳᠠᠭᠰᠢ ᠭᠠᠷᠭᠠᠬᠤ︾᠎ ᠪᠠᠷ ᠴᠢᠷᠮᠠᠶᠢᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠦᠨ᠎ᠡ᠃ ᠶᠡᠷᠦᠩᠬᠡᠢ ᠱᠦᠵᠢ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠬᠤᠷᠢᠨ ᠵᠢᠷᠭᠤᠭᠠᠨ ᠵᠤᠷᠪᠤᠰ ᠠᠷᠭ᠎ᠠ ᠬᠡᠮᠵᠢᠶ᠎ᠡ ᠶᠢ ᠬᠢᠨᠠᠮᠠᠭᠠᠢ ᠲᠤᠭᠤᠰᠢᠯᠠᠭᠤᠯᠵᠠᠢ᠂ ᠮᠠᠨ  ᠤ ᠣᠷᠣᠨ ᠤ ᠬᠡᠷᠡᠭᠵᠢᠭᠦᠯᠬᠦ ᠰᠠᠨᠠᠯ ᠢ ᠰᠤᠳᠤᠯᠤᠨ ᠲᠣᠭᠲᠠᠭᠠᠨ᠎ᠠ᠃ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠬᠤᠬᠢᠷᠠᠭᠤᠯᠤᠭᠰᠠᠨ ︽ᠠᠵᠢᠯ ᠢᠶᠠᠨ ᠤᠳᠠᠭᠠᠨ ᠬᠢᠬᠦ᠂ ᠬᠤᠳᠠᠯ ᠢᠶᠠᠷ ᠬᠢᠬᠦ᠂ ᠠᠵᠢᠯ ᠢᠶᠠᠨ ᠦᠯᠦ ᠬᠢᠬᠦ᠂ ᠳᠤᠷ᠎ᠠ ᠪᠠᠷ ᠢᠶᠠᠨ ᠬᠢᠬᠦ︾᠎ ᠶᠢ ᠴᠢᠩᠭ᠎ᠠ ᠴᠡᠭᠴᠡᠯᠡᠨ ᠵᠠᠰᠠᠵᠤ ᠂ ︽ᠡᠭᠦᠳᠡ ᠪᠠᠷ ᠣᠷᠣᠬᠤ ᠳᠤ ᠬᠦᠴᠢᠷ᠂ ᠴᠢᠷᠠᠢ ᠶᠢ ᠦᠵᠡᠬᠦ ᠳᠤ ᠬᠦᠴᠢᠷ᠂ ᠤᠴᠢᠷ ᠶᠠᠪᠤᠳᠠᠯ ᠢ ᠰᠢᠢᠳᠪᠦᠷᠢᠯᠡᠬᠦ ᠳᠤ ᠬᠦᠴᠢᠷ︾᠎ ᠢ ᠡᠷᠡᠰ ᠬᠤᠷᠢᠭᠯᠠᠵᠤ᠂ ᠦᠢᠯᠡᠴᠢᠯᠡᠭᠡᠨ ᠤ ᠣᠶᠢᠯᠠᠭᠠᠭᠳᠠᠬᠤᠨ ᠢ ᠴᠢᠩᠭᠠᠳᠬᠠᠵᠤ᠂ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠬᠦ ᠠᠷᠭ᠎ᠠ ᠵᠠᠮ ᠢ ᠥᠷᠭᠡᠳᠬᠡᠵᠦ᠂ ︽ᠳᠣᠲᠣᠨᠣ︾ ︽ᠠᠷᠢᠭᠤᠨ ᠴᠢᠬᠡᠴᠢ︾ ᠰᠢᠨ᠎ᠡ ᠬᠡᠯᠪᠡᠷᠢ ᠶᠢᠨ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠤᠨ᠎ᠠ᠃ ᠠᠷᠠᠯᠵᠢᠶᠠᠴᠢᠨ ᠤᠷᠢᠵᠤ ᠪᠠᠯᠠ ᠲᠠᠲᠠᠬᠤ ᠠᠵᠢᠯ ᠢ ᠲᠣᠪᠣᠶᠢᠮ᠎ᠠ ᠰᠠᠶᠢᠲᠤᠷ ᠠᠳᠬᠤᠨ᠎ᠠ᠃ ︽ᠠᠯᠢᠪᠠ ᠪᠦᠬᠦᠨ ᠢ ᠲᠥᠷᠥᠯ ᠵᠦᠢᠯ ᠢᠶᠠᠷ ᠭᠤᠣᠯᠳᠠᠭᠤᠯᠬᠤ ᠶᠢ ᠬᠠᠷᠠᠵᠤ᠂ ᠠᠯᠢᠪᠠ ᠪᠦᠬᠦᠨ ᠢ ᠲᠥᠷᠥᠯ ᠵᠦᠢᠯ ᠢᠶᠠᠷ ᠭᠤᠣᠯᠳᠠᠭᠤᠯᠬᠤ ᠶᠢ ᠎ ᠲᠠᠭᠠᠨ᠂ ᠠᠯᠢᠪᠠ ᠪᠦᠬᠦᠨ ᠢ ᠲᠥᠷᠥᠯ ᠵᠦᠢᠯ ᠢᠶᠠᠷ ᠭᠤᠣᠯᠳᠠᠭᠤᠯᠬᠤ ᠪᠠᠷ ᠬᠢᠬᠦ︾ ᠣᠪᠣᠷ ᠪᠠ ᠰᠢᠢᠳᠮᠡᠭᠡᠢ ᠵᠣᠷᠢᠭ ᠢᠶᠠᠷ᠂ ᠪᠠᠶᠢᠭᠤᠯᠤᠮᠵᠢ ᠲᠣᠭᠲᠠᠴᠠ ᠶᠢ ᠰᠢᠯᠤᠭᠤᠳᠬᠠᠬᠤ᠂ ᠡᠩᠨᠡᠭᠡ ᠶᠢ ᠲᠡᠭᠦᠯᠳᠡᠷᠵᠢᠭᠦᠯᠬᠦ᠂ ᠪᠠᠲᠤᠯᠠᠭ᠎ᠠ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠡᠬᠢ ᠪᠠᠶᠠᠯᠢᠭ᠂ ᠣᠷᠣᠨ ᠪᠠᠶᠢᠷᠢ᠂ ᠠᠵᠤ ᠦᠢᠯᠡᠰ ᠵᠡᠷᠭᠡ ᠳᠠᠪᠠᠭᠤᠯᠢᠭ ᠢᠶᠠᠨ ᠠᠰᠢᠭᠯᠠᠵᠤ᠂ ᠲᠥᠷᠥᠯ ᠵᠦᠶᠯ ᠢᠶᠠᠷ ᠬᠤᠳᠠᠯᠳᠤᠭᠠᠴᠢᠨ ᠤᠷᠢᠬᠤ᠂ ᠬᠦᠷᠢᠶᠡᠯᠡᠩ ᠲᠣᠭᠤᠷᠢᠭ ᠢᠶᠠᠷ ᠬᠤᠳᠠᠯᠳᠤᠭᠠᠴᠢᠨ ᠤᠷᠢᠬᠤ᠂ ᠬᠤᠳᠠᠯᠳᠤᠭ᠎ᠠ ᠪᠠᠷ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ᠂ ᠨᠠᠶᠢᠳᠠᠵᠤ ᠬᠤᠳᠠᠯᠳᠤᠭᠠᠴᠢᠨ ᠤᠷᠢᠬᠤ ᠵᠡᠷᠭᠡ ᠣᠯᠠᠨ ᠵᠦᠶᠯ ᠤᠨ ᠬᠡᠯᠪᠡᠷᠢ ᠶᠢ ᠠᠪᠴᠤ᠂ ᠤᠯᠤᠰ ᠤᠨ ᠳᠣᠲᠣᠭᠠᠳᠤ ᠭᠠᠳᠠᠭᠠᠳᠤ ᠶᠢᠨ 500 ᠬᠦᠴᠦᠷᠬᠡᠭ᠂ ᠲᠥᠪ ᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠡ ᠠᠵᠤ ᠠᠬᠤᠶᠢᠯᠠᠯ ᠪᠠ ᠵᠠᠬ᠎ᠠ ᠳᠡᠯᠭᠡᠭᠦᠷ ᠲᠤ ᠭᠠᠷᠤᠭᠰᠠᠨ ᠠᠷᠠᠳ ᠤᠨ ᠥᠮᠴᠢᠯᠡᠯᠲᠡ ᠠᠵᠤ ᠠᠬᠤᠶᠢᠯᠠᠯ ᠲᠤ ᠴᠢᠭᠯᠡᠭᠦᠯᠦᠨ᠂ ᠨᠢᠭᠡ ᠪᠦᠯᠦᠭ ᠳᠠᠭᠠᠭᠤᠯᠤᠭᠴᠢ ᠬᠡᠯᠪᠡᠷᠢ ᠶᠢᠨ᠂ ᠰᠠᠭᠤᠷᠢᠨ ᠭᠠᠵᠠᠷ ᠤᠨ ᠮᠠᠶ᠋ᠢᠭ ᠤᠨ ᠳᠠᠭᠠᠭᠤᠯᠤᠭᠴᠢ ᠠᠵᠤ ᠠᠬᠤᠶᠢᠯᠠᠯ ᠢ ᠭᠤᠤᠯᠳᠠᠯᠭ᠎ᠠ ᠲᠠᠢ ᠣᠷᠣᠭᠤᠯᠤᠨ ᠠᠪᠴᠢᠷᠠᠵᠤ᠂ ᠵᠢᠯ ᠤᠨ ᠳᠣᠲᠣᠷ᠎ᠠ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠶᠯ ᠢ 30᠎ ᠠᠴᠠ ᠳᠡᠭᠡᠭᠰᠢ ᠣᠷᠣᠭᠤᠯᠬᠤ ᠶᠢ ᠦᠨᠡᠨ ᠬᠦ ᠪᠠᠲᠤᠯᠠᠨ᠎ᠠ᠃        ︵ᠲᠤᠯᠤᠭ᠎ᠠ︶ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠬᠦᠴᠦᠯᠡᠨ ᠨᠡᠮᠡᠭᠳᠡᠭᠦᠯᠪᠡ᠃ ᠠᠷᠠᠳ ᠣᠯᠠᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠪᠠᠲᠤ ᠠᠳᠬᠤᠵᠤ᠂ ᠨᠠᠷᠢᠨ ᠨᠢᠮᠪᠠᠶ ᠲᠥᠯᠥᠪᠯᠡᠨ ᠂ ᠰᠡᠳᠬᠢᠯ ᠲᠠᠯᠪᠢᠨ ᠠᠵᠢᠯᠯᠠᠵᠤ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠠᠷᠠᠳ ᠲᠦᠮᠡᠨ ᠳᠤ ᠨᠠᠩ ᠠᠷᠪᠢᠨ ᠨᠠᠩ ᠭᠤᠣᠯᠴᠢ ᠪᠠᠷ ᠬᠦᠷᠲᠡᠭᠡᠬᠦ ᠬᠡᠷᠡᠭᠲᠡᠶ᠃ ᠠᠷᠠᠳ ᠤᠯᠠᠨ ᠳᠤ ᠨᠠᠩ ᠰᠠᠶᠢᠨ ᠨᠡᠶᠢᠭᠡᠮ ᠤᠨ ᠪᠠᠲᠤᠯᠠᠭ᠎ᠠ ᠶᠢ ᠡᠳ᠋ᠯᠡᠭᠦᠯᠬᠦ ᠪᠠᠷ ᠴᠢᠷᠮᠠᠶᠢᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠪᠠ ᠢᠳᠡᠪᠬᠢᠲᠡᠶ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠪᠠᠷᠢᠮᠲᠠᠯᠠᠵᠤ᠂ ᠷᠤᠸᠠᠨ ᠲᠦᠩ ᠤᠶᠤᠨᠴᠢ ᠦᠢᠯᠡᠰ ᠤᠨ ᠣᠷᠣᠨ ᠵᠠᠶ᠂ ᠵᠦᠩ ᠴᠤᠸᠠᠩ ᠲᠣᠮᠣ ᠠᠰᠠᠷ ᠵᠡᠷᠭᠡ ᠠᠳᠠᠯ ᠦᠶᠯᠡᠰ ᠴᠣᠭᠴᠠᠯᠠᠬᠤ ᠲᠠᠪᠴᠠᠩ ᠢ ᠠᠰᠢᠭᠯᠠ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠲᠤ ᠠᠵᠢᠯ ᠣᠯᠭᠤᠬᠤ ᠭᠤᠤᠯ ᠠᠷᠭ᠎ᠠ ᠵᠠᠮ ᠤᠨ ᠦᠶᠯᠡᠳᠦᠯ ᠢ ᠭᠦᠶᠴᠡᠳ ᠪᠠᠳᠠᠷᠠᠭᠤᠯᠵᠤ᠂ ᠳᠡᠭᠡᠳᠦ ᠰᠤᠷᠭᠠᠭᠤᠯᠢ ᠲᠡᠭᠦᠰᠦᠭᠰᠡᠳ᠂ ᠬᠥᠯᠥᠰᠥᠨ ᠠᠵᠢᠯᠴᠢᠨ ᠪᠠ ᠴᠡᠷᠢᠭ ᠠᠴᠠ ᠬᠠᠯᠠᠭᠳᠠᠭᠰᠠᠳ ᠵᠡᠷᠭᠡ ᠭᠤᠤᠯᠳᠠᠯᠭ᠎ᠠ ᠲᠠᠢ ᠬᠠᠮᠲᠤᠯᠢᠭ ᠤᠨ ᠠᠵᠢᠯ ᠣᠯᠵᠤ ᠠᠳᠠᠯ ᠦᠶᠯᠡᠰ ᠴᠣᠭᠴᠠᠯᠠᠬᠤ ᠠᠵᠢᠯ ᠢ ᠦᠨᠡᠨ ᠬᠦ ᠰᠠᠶᠢᠲᠤᠷ ᠬᠢᠵᠦ᠂ ᠪᠥᠬᠦ ᠵᠢᠯ ᠳᠤ ᠬᠤᠲᠠ ᠪᠠᠯᠭᠠᠰᠤᠨ ᠳᠤ 5200 ᠬᠥᠮᠦᠨ ᠠᠴᠠ ᠳᠡᠭᠡᠭᠰᠢ ᠰᠢᠨ᠎ᠡ ᠪᠠᠷ ᠠᠵᠢᠯ ᠣᠯᠬᠤ ᠶᠢ ᠦᠨᠡᠨ ᠬᠦ ᠪᠠᠲᠤᠯᠠᠨ᠎ᠠ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠶᠡᠬᠡᠪᠡᠷ ᠲᠦᠯᠬᠢᠨ ᠠᠬᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ ᠪᠠᠶᠢᠳᠠᠯ ᠢ ᠨᠠᠷᠢᠨ ᠬᠢᠨᠠᠮᠠᠭᠠᠶ ᠵᠢᠭᠰᠠᠭᠠᠨ ᠪᠠᠶᠢᠴᠠᠭᠠᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠳᠠᠭᠠᠳᠬᠠᠯ ᠳᠤ ᠣᠷᠣᠯᠴᠠᠬᠤ ᠨᠣᠷᠮ᠎ᠠ ᠶᠢᠨ ᠳᠡᠭᠡᠭᠰᠢᠯᠡᠭᠦᠯᠦᠨ᠎ᠡ᠃ ᠬᠤᠲᠠ ᠬᠥᠳᠡᠭᠡ ᠶᠢᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠨᠢᠭᠡᠳᠦᠯᠲᠡᠶ ᠲᠥᠯᠥᠪᠯᠡᠨ ᠲᠡᠭᠦᠯᠳᠡᠷᠵᠢᠭᠦᠯᠵᠦ᠂ ᠣᠨᠴᠠᠭᠠᠢ ᠬᠦᠴᠢᠷᠳᠡᠯᠲᠡᠶ ᠬᠠᠮᠲᠤᠯᠢᠭ ᠤᠨ ᠪᠠᠲᠤᠯᠠᠭ᠎ᠠ ᠶᠢᠨ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠣᠷᠣᠨ ᠰᠠᠭᠤᠴᠠ ᠶᠢᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠭᠡᠷ ᠪᠠᠶᠢᠰᠢᠩ ᠤᠨ ᠦᠨ᠎ᠡ ᠶᠢᠨ ᠬᠡᠲᠦ ᠲᠦᠷᠭᠡᠨ ᠨᠡᠮᠡᠭᠳᠡᠯ ᠢ ᠬᠤᠷᠢᠭᠯᠠᠬᠤ ᠪᠠ ᠬᠦᠴᠢᠷᠳᠡᠯᠲᠡᠶ ᠣᠯᠠᠨ ᠲᠦᠮᠡᠨ ᠤ ᠰᠠᠭᠤᠬᠤ ᠠᠴᠠ ᠣᠷᠣᠨ ᠰᠠᠭᠤᠴᠠ ᠲᠠᠢ ᠪᠠᠶᠢᠬᠤ ᠶᠢ ᠪᠠᠲᠤᠯᠠᠨ᠎ᠠ ᠃ ᠠᠷᠠᠳ ᠤᠯᠠᠨ ᠳᠤ ᠨᠠᠩ ᠰᠢᠯᠢᠳᠡᠭ ᠰᠤᠷᠭᠠᠨ ᠬᠥᠮᠦᠵᠢᠯ ᠬᠦᠷᠲᠡᠭᠡᠬᠦ ᠪᠠᠷ ᠴᠢᠷᠮᠠᠶᠢᠨ᠎ᠠ᠃ ︽ᠭᠤᠷᠪᠠᠨ ᠨᠠᠷᠠᠲᠤ ᠢᠨᠵᠧᠨᠧᠷᠢᠩ︾ ᠪᠠ ᠰᠤᠷᠭᠠᠨ ᠬᠥᠮᠦᠵᠢᠯ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠶ ᠠᠬᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ︔ ᠬᠥᠯ ᠪᠥᠮᠪᠦᠭᠡ ᠰᠤᠷᠭᠠᠭᠤᠯᠢ ᠶᠢᠨ ᠬᠦᠷᠢᠶᠡᠨ ᠳᠤ ᠣᠷᠣᠭᠰᠠᠨ ᠤ ᠳᠠᠷᠠᠭ᠎ᠠ᠂ ᠮᠥᠰᠥ ᠴᠠᠰᠤ᠂ ᠲᠣᠣᠷ ᠪᠥᠮᠪᠦᠭᠡ᠂ ᠤᠮᠪᠠᠯᠲᠠ ᠶᠢᠨ ᠰᠤᠷᠭᠠᠭᠤᠯᠢ ᠶᠢᠨ ᠬᠦᠷᠢᠶᠡᠨ ᠳᠤ ᠣᠷᠣᠬᠤ ᠶᠢ ᠯᠠᠪᠳᠠᠭᠤᠨ ᠢᠶᠠᠷ ᠠᠬᠢᠭᠤᠯᠵᠤ᠂ ᠬᠡᠦᠬᠡᠳ ᠲᠤ ᠲᠥᠪ ᠭᠤᠣᠯᠴᠢ ᠪᠥᠭᠡᠳ ᠴᠢᠨᠠᠷ ᠰᠠᠶᠢᠲᠠᠢ ᠰᠤᠷᠭᠠᠨ ᠬᠥᠮᠦᠵᠢᠯ ᠬᠦᠷᠲᠡᠭᠡᠬᠦ ᠪᠠᠷ ᠴᠢᠷᠮᠠᠶᠢᠪᠠ᠃ ᠰᠤᠷᠭᠠᠭᠤᠯᠢ ᠶᠢᠨ ᠪᠠᠶᠢᠷᠢᠰᠢᠯ ᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ᠂ ᠪᠢᠨ ᠬᠤ᠋ ᠪᠠᠭ᠎ᠠ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ᠂ ᠵᠠᠩ ᠭᠠᠶ ᠶᠢᠩ ᠪᠠᠭ᠎ᠠ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠡᠷᠲᠡᠬᠡᠨ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠡᠶᠢᠳᠡᠮ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠵᠦ᠂ ᠪᠠᠷᠠᠭ᠎ᠠ ᠰᠤᠯᠢᠯᠴᠠᠭᠠᠨ ᠤ ᠬᠦᠷᠢᠶᠡᠯᠡᠩ ᠲᠣᠭᠤᠷᠢᠭ ᠵᠡᠷᠭᠡ 5 ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠠᠯᠪᠠᠨ ᠠᠴᠠ ᠡᠷᠬᠢᠯᠡᠭᠰᠡᠨ ᠪᠠ ᠨᠡᠶᠢᠳᠡᠮ ᠬᠠᠷᠠᠭᠠᠯᠵᠠᠬᠤ ᠴᠢᠨᠠᠷᠲᠠᠢ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ ᠨᠤᠷᠮ᠎ᠠ ᠶᠢ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠳᠤ ᠬᠥᠷᠥᠭᠦᠯᠬᠦ ᠶᠢ ᠦᠨᠡᠨᠬᠦ ᠪᠠᠲᠤᠯᠠᠨ᠎ᠠ᠃ ᠠᠷᠠᠳ ᠤᠯᠠᠨ ᠳᠤ ᠨᠠᠩ ᠥᠨᠳᠥᠷ ᠲᠦᠪᠰᠢᠨ ᠪᠦᠬᠦᠢ ᠡᠮᠴᠢᠯᠡᠭᠡ ᠬᠦᠷᠲᠡᠭᠡᠬᠦ ᠪᠠᠷ ᠴᠢᠷᠮᠠᠶᠢᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠠᠯᠬᠤᠴᠠ ᠶᠢ ᠲᠦᠷᠭᠡᠳᠬᠡᠵᠦ᠂ ᠡᠮ ᠡᠮᠨᠡᠯᠭᠡ ᠶᠢᠨ ᠳᠠᠭᠠᠳᠬᠠᠯ ᠤᠨ ᠲᠥᠯᠥᠬᠦ ᠬᠡᠪᠴᠢᠶ᠎ᠡ ᠶᠢ ᠥᠷᠭᠡᠳᠬᠡᠵᠦ᠂ ᠡᠮ ᠡᠮᠨᠡᠯᠭᠡ ᠶᠢᠨ ᠵᠠᠷᠤᠳᠠᠯ ᠤᠨ ᠵᠦᠢ ᠵᠣᠬᠢᠰ ᠦᠭᠡᠢ ᠪᠠᠷ ᠨᠡᠮᠡᠭᠳᠡᠬᠦ ᠶᠢ ᠬᠢᠵᠠᠭᠠᠷᠯᠠᠨ᠎ᠠ᠃ ᠨᠡᠶᠢᠭᠡᠮ ᠤᠨ ᠬᠥᠷᠥᠩᠭᠡ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠦᠷᠢᠶᠡᠨ ᠳᠤ ᠣᠷᠣᠬᠤ ᠶᠢ ᠵᠣᠷᠢᠭᠵᠢᠭᠤᠯᠵᠤ᠂ ᠡᠮ ᠡᠮᠨᠡᠯᠭᠡ ᠶᠢᠨ ᠦᠨᠳᠦᠰᠦᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠵᠦ᠂ ᠤᠯᠠᠨ ᠨᠡᠶᠢᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠠᠬᠢᠭᠤᠯᠤᠨ᠎ᠠ᠃ ︽ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ︾ ᠠᠵᠠ ᠲᠣᠬᠢᠶᠠᠯ ᠤᠨ ᠲᠥᠷᠥ ᠶᠢᠨ ᠪᠣᠳᠣᠯᠭ᠎ᠠ ᠶᠢ ᠴᠢᠩᠭ᠎ᠠ ᠠᠳᠬᠤᠵᠤ᠂ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠲᠦᠷᠭᠡᠳᠬᠡᠵᠦ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ ᠶᠢᠨ ᠮᠡᠷᠭᠡᠵᠢᠯ ᠤᠨ ᠰᠢᠨ᠎ᠡ ᠡᠭᠦᠳᠦᠯᠲᠡ ᠳᠤ ᠲᠦᠰᠢᠭᠯᠡᠨ᠂ ᠭᠤᠷᠪᠠᠳᠤᠭᠠᠷ ᠡᠮᠨᠡᠯᠭᠡ ᠶᠢᠨ ᠬᠤᠷᠢᠶ᠎ᠠ ᠶᠢᠨ ᠦᠶᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠣᠯᠠᠨ ᠲᠦᠮᠡᠨ ᠢ ᠦᠨᠡᠨᠬᠦ ᠭᠡᠷ ᠤᠨ ᠡᠭᠦᠳᠡᠨ ᠳᠡᠭᠡᠨ ︽ᠡᠪᠡᠳᠴᠢᠨ ᠢᠶᠠᠨ ᠦᠵᠡᠭᠦᠯᠵᠦ  ᠳᠡᠶᠢᠯᠬᠦ ᠂ ᠡᠪᠡᠳᠴᠢᠨ ᠢᠶᠠᠨ ᠰᠠᠶᠢᠲᠤᠷ ᠦᠵᠡᠭᠦᠯᠬᠦ︾ ᠪᠣᠯᠭᠠᠨ᠎ᠠ᠃ ᠠᠷᠠᠳ ᠤᠯᠠᠨ ᠳᠤ ᠤᠳᠬ᠎ᠠ ᠤᠷᠠᠯᠢᠭ ᠪᠡᠶ᠎ᠡ ᠲᠠᠮᠢᠷ ᠤᠨ ᠨᠠᠩ ᠪᠠᠶᠠᠯᠢᠭ ᠠᠵᠢᠯᠯᠠᠭ᠎ᠠ ᠶᠢ ᠡᠳ᠋ᠯᠡᠭᠦᠯᠬᠦ ᠪᠠᠷ ᠴᠢᠷᠮᠠᠶᠢᠨ᠎ᠠ᠃ ᠤᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠤᠯᠠᠭᠠᠨᠮᠥ᠋ᠴᠢᠷ ᠤᠨ ᠰᠢᠨ᠎ᠡ ᠴᠠᠭ ᠣᠶᠢᠶ᠎ᠠ ᠳᠤ ᠰᠢᠨ᠎ᠡ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠵᠤ᠂ ᠤᠯᠠᠨ ᠲᠦᠮᠡᠨ ᠤ ᠣᠶᠣᠨ ᠤ ᠠᠮᠢᠳᠤᠷᠠᠯ ᠢ ᠨᠠᠩ ᠡᠯᠪᠡᠭ ᠪᠠᠶᠠᠯᠢᠭ ᠪᠣᠯᠭᠠᠬᠤ ᠪᠠᠷ ᠴᠢᠷᠮᠠᠶᠢᠨ᠎ᠠ᠃ ᠲᠣᠣᠷ ᠪᠥᠮᠪᠦᠭᠡ ᠶᠢᠨ ᠣᠷᠳᠣᠨ᠂ ᠤᠮᠪᠠᠯᠲᠠ ᠶᠢᠨ ᠣᠷᠳᠣᠨ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠮᠦᠽᠧᠢ ᠵᠡᠷᠭᠡ ᠲᠣᠮᠣ ᠬᠡᠯᠪᠡᠷᠢ ᠶᠢᠨ ᠰᠣᠶᠣᠯ ᠪᠡᠶ᠎ᠡ ᠶᠢᠨ ᠲᠠᠮᠢᠷ ᠤᠨ ᠲᠠᠯᠠᠪᠠᠢ ᠣᠷᠳᠣᠨ ᠲᠥᠪᠯᠡᠷᠡᠭᠰᠡᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠡᠵᠡᠩᠨᠡᠯᠲᠡ ᠶᠢᠨ ᠵᠠᠭᠪᠤᠷ ᠪᠣᠯᠤᠨ ᠬᠠᠮᠢᠶᠠᠷᠤᠯᠲᠠ ᠶᠢᠨ ᠲᠣᠭᠲᠠᠴᠠ ᠶᠢ ᠰᠢᠨ᠎ᠡ ᠪᠠᠷ ᠡᠭᠦᠳᠴᠦ ᠲᠡᠭᠦᠯᠳᠡᠷᠵᠢᠭᠦᠯᠦᠨ᠂ ᠵᠠᠬ᠎ᠠ ᠳᠡᠯᠭᠡᠭᠦᠷᠴᠢᠯᠡᠬᠦ ᠣᠶᠢᠯᠠᠭᠠᠭᠳᠠᠬᠤᠨ ᠢᠶᠠᠷ ᠶᠡᠭᠡ ᠤᠷᠤᠯᠳᠤᠭᠠᠨ ᠢ ᠲᠠᠲᠠᠵᠤ᠂ ᠶᠡᠭᠡ ᠲᠣᠭᠯᠠᠯᠲᠠ ᠶᠢ ᠵᠣᠬᠢᠶᠠᠨ ᠪᠠᠶᠢᠭᠤᠯᠵᠤ᠂ ᠶᠡᠭᠡ ᠦᠵᠡᠭᠦᠯᠦᠯᠭᠡ ᠡᠷᠬᠢᠯᠡᠵᠦ᠂ ᠮᠠᠨ ᠤ ᠣᠷᠣᠨ ᠤ ᠰᠣᠶᠣᠯ ᠪᠡᠶ᠎ᠡ ᠶᠢᠨ ᠲᠠᠮᠢᠷ ᠤᠨ ᠦᠢᠯᠡᠰ ᠤᠨ ᠴᠡᠴᠡᠭᠯᠡᠨ ᠬᠥᠭᠵᠢᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ᠃ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢᠨ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠯᠠᠪᠳᠠᠭᠤᠨ ᠪᠠᠲᠤᠲᠠᠶ ᠰᠠᠭᠤᠷᠢ ᠲᠠᠯᠪᠢᠵᠤ ᠥᠭᠭᠦᠨ᠎ᠡ᠃ ᠠᠷᠠᠳ ᠤᠯᠠᠨ ᠳᠤ ᠨᠠᠩ ᠠᠮᠤᠷ ᠲᠦᠪᠰᠢᠨ ᠡᠶ᠎ᠡ ᠵᠣᠬᠢᠴᠠᠯ ᠲᠠᠢ ᠨᠡᠶᠢᠭᠡᠮ ᠤᠨ ᠣᠷᠴᠢᠨ ᠨᠥᠬᠦᠴᠡᠯ ᠢ ᠴᠢᠷᠮᠠᠶᠢᠨ ᠡᠳ᠋ᠯᠡᠭᠦᠯᠦᠨ᠎ᠡ᠃ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠶᠤᠯᠭᠦᠶ ᠦᠢᠯᠡᠳᠪᠦᠷᠢᠯᠡᠯ ᠤᠨ ᠬᠦᠨᠳᠦ ᠣᠨᠴᠠ ᠶᠡᠭᠡ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠶᠢ ᠲᠦᠯᠬᠢᠨ ᠠᠬᠢᠭᠤᠯᠵᠤ᠂ ᠤᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠨ᠎ᠠ᠃ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠪᠠ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠡᠷᠴᠢᠮ ᠢ ᠴᠢᠩᠭᠠᠷᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠶᠳᠪᠦᠷᠢᠯᠡᠬᠦ ᠶᠢ ᠢᠳᠡᠪᠬᠢᠲᠡᠶ ᠲᠦᠯᠬᠢᠨ ᠠᠬᠢᠭᠤᠯᠤᠨ᠎ᠠ᠃ ︽ᠴᠠᠰᠤ ᠰᠢᠭᠤᠷᠠᠭᠤᠯᠬᠤ ᠢᠨᠵᠧᠨᠧᠷᠢᠩ︾᠎ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠪᠣᠰᠤᠭ᠎ᠠ ᠴᠣᠭᠴᠠᠲᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠢ ᠠᠬᠢᠭᠤᠯᠵᠤ᠂ ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠨ᠎ᠡ ᠶᠢ ᠡᠭᠦᠳᠴᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠥᠪᠡᠷᠮᠢᠴᠡ᠂ ᠣᠯᠠᠨ ᠳᠡᠰ ᠳᠠᠪᠬᠤᠷᠭ᠎ᠠ ᠶᠢᠨ ᠦᠶᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠥᠬᠡᠶ ᠬᠠᠩᠭᠠᠨ᠎ᠠ᠃ ᠨᠠᠮ ᠤᠨ ᠦᠨᠳᠦᠰᠦᠲᠡᠨ ᠱᠠᠰᠢᠨ ᠰᠤᠷᠲᠠᠬᠤᠨ ᠤ ᠲᠤᠬᠠᠢ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ᠂ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠨᠤᠲᠤᠭ ᠳᠡᠪᠢᠰᠬᠡᠷ ᠤᠨ ᠪᠠᠶᠢᠴᠠᠭᠠᠯᠲᠠ ᠵᠢᠴᠢ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠪᠡᠶᠡᠯᠡᠭᠦᠯᠪᠡ᠃ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ ᠵᠡᠷᠭᠡ ᠵᠣᠬᠢᠶᠠᠨ ᠪᠠᠶᠢᠭᠤᠯᠤᠯᠲᠠ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠤ᠂ ᠠᠬᠠᠮᠠᠳ ᠺᠠᠳ᠋ᠷ᠂ ᠨᠠᠰᠤᠵᠢᠭᠰᠠᠨ ᠬᠥᠮᠥᠨ ᠠᠮᠠ ᠪᠠ ᠵᠡᠮᠳᠡᠭᠴᠦᠳ ᠤᠨ ᠦᠢᠯᠡᠰ ᠢ ᠠᠩᠬᠠᠷᠤᠨ ᠬᠠᠯᠠᠮᠵᠢᠯᠠᠵᠤ᠂ ᠴᠠᠭ ᠠᠭᠤᠷ᠂ ᠳᠠᠩᠰᠠ ᠡᠪᠬᠡᠮᠡᠯ ᠵᠡᠷᠭᠡ ᠠᠵᠢᠯ ᠢ ᠬᠢᠨᠠᠮᠠᠭᠠᠶ ᠰᠠᠶᠢᠲᠤᠷ ᠬᠢᠵᠦ᠂ ᠨᠡᠶᠢᠭᠡᠮ ᠤᠨ ᠡᠶ᠎ᠡ ᠵᠣᠬᠢᠴᠠᠯ ᠲᠠᠢ ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃       ᠭᠤᠷᠪᠠ᠂ ᠠᠷᠠᠳ ᠳᠦᠮᠡᠨ ᠤ ᠬᠠᠨᠤᠮᠵᠢ ᠲᠠᠢ ᠵᠠᠰᠠᠭ ᠤᠨ ᠣᠷᠳᠤᠨ ᠢ ᠪᠦᠳᠦᠭᠡᠨ ᠪᠠᠶᠢᠭᠤᠯᠤᠨ᠎ᠠ     ᠰᠢᠨ᠎ᠡ ᠦᠵᠡᠯ ᠰᠠᠨᠠᠭ᠎ᠠ ᠪᠠᠷ ᠰᠢᠨ᠎ᠡ ᠴᠠᠭ ᠦᠶ᠎ᠡ ᠶᠢ ᠳᠠᠶᠢᠴᠢᠯᠠᠨ᠂ ᠰᠢᠨ᠎ᠡ ᠴᠠᠭ ᠦᠶ᠎ᠡ ᠶᠢᠨ ᠰᠢᠨ᠎ᠡ ᠦᠢᠯᠡ ᠠᠵᠢᠯᠯᠠᠭ᠎ᠠ ᠶᠢ ᠤᠷᠢᠶᠠᠯᠠᠶ᠎ᠠ᠃ ᠪᠢᠳᠡ ᠵᠠᠪᠠᠯ ᠤᠭ ᠰᠠᠨᠠᠭ᠎ᠠ ᠪᠠᠨ ᠮᠠᠷᠲᠠᠯ ᠦᠭᠡᠢ ᠦᠷᠭᠦᠯᠵᠢᠯᠡᠨ ᠣᠷᠤᠭᠰᠢᠯᠠᠵᠤ᠂ ᠵᠣᠷᠢᠭᠲᠠᠢ ᠪᠠᠷ ᠴᠠᠭ ᠦᠶ᠎ᠡ ᠶᠢᠨ ᠳᠠᠭᠠᠭᠤᠯᠤᠭᠴᠢ ᠪᠣᠯᠵᠤ᠂ ᠵᠠᠰᠠᠭ ᠤᠨ ᠣᠷᠳᠤᠨ ᠤ ᠠᠵᠢᠯ ᠤᠨ ᠰᠢᠨ᠎ᠡ ᠠᠬᠤᠢ ᠪᠠᠶᠢᠳᠠᠯ ᠢ ᠴᠢᠷᠮᠠᠶᠢᠨ  ᠴᠣᠭᠴᠠᠯᠠᠶ᠎ᠠ᠃      ᠤᠯᠤᠰ ᠳᠦᠷᠦ ᠶᠢᠨ ᠵᠣᠭᠰᠤᠴᠠ ᠪᠠᠨ ᠳᠡᠭᠡᠭᠰᠢᠯᠡᠭᠦᠯᠦᠶ᠎ᠡ᠃ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂《 ᠳᠦᠷᠪᠡᠨ ᠤᠬᠠᠮᠰᠠᠷ》᠎ ᠢ ᠪᠠᠳᠤᠵᠢᠭᠤᠯᠤᠨ《ᠳᠦᠷᠪᠡᠨ ᠢᠳᠡᠭᠡᠯ》᠎ ᠢ ᠪᠠᠬᠢᠵᠢᠭᠦᠯᠵᠤ《ᠬᠤᠶᠠᠷ ᠡᠷᠡᠰ ᠬᠠᠮᠠᠭᠠᠯᠠᠬᠤ》᠎ ᠢ ᠢᠮᠠᠭᠲᠠ ᠳᠦᠪ ᠴᠢᠩᠭ᠎ᠠ ᠤᠯᠤᠰ ᠳᠦᠷᠦ ᠶᠢᠨ ᠵᠠᠷᠴᠢᠮ ᠪᠠ ᠤᠯᠤᠰ ᠳᠦᠷᠦ ᠶᠢᠨ ᠦᠨᠳᠦᠰᠦᠨ ᠱᠠᠭᠠᠷᠳᠠᠯᠭ᠎ᠠ ᠪᠣᠯᠭᠠᠵᠤ᠂ ᠦᠵᠡᠯ ᠰᠠᠨᠠᠭᠠᠨ ᠤ ᠲᠠᠯ᠎ᠠ ᠠᠴᠠ ᠳᠡᠭᠡᠳᠦ ᠬᠡᠮᠵᠢᠶ᠎ᠡ ᠪᠠᠷ ᠮᠡᠳᠡᠷᠡᠵᠦ᠂ ᠤᠯᠤᠰ ᠳᠦᠷᠦ ᠶᠢᠨ ᠲᠠᠯ᠎ᠠ ᠪᠠᠷ ᠡᠷᠡᠰ ᠬᠠᠮᠠᠭᠠᠯᠠᠵᠤ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠰᠠᠶᠢᠨ ᠲᠣᠷ᠎ᠠ ᠠᠴᠠ ᠪᠠᠨ ᠠᠶᠠᠳᠠᠨ ᠳᠠᠭᠠᠵᠤ᠂ ᠦᠢᠯᠡ ᠠᠵᠢᠯᠯᠠᠭᠠᠨ ᠤ ᠲᠠᠯ᠎ᠠ ᠠᠴᠠ ᠮᠦᠷᠳᠡᠨ ᠳᠠᠭᠠᠵᠤ᠂ ᠲᠠᠰᠤᠷᠠᠯᠲᠠ ᠦᠭᠡᠢ ᠤᠯᠤᠰ ᠳᠦᠷᠦ ᠶᠢᠨ ᠤᠳᠤᠷᠢᠳᠬᠤ ᠴᠢᠳᠠᠪᠦᠷᠢ ᠪᠠᠨ ᠴᠢᠩᠭᠠᠳᠬᠠᠨ᠂ ᠦᠵᠡᠯ ᠰᠠᠨᠠᠭᠠᠨ ᠤ ᠳᠠᠶᠢᠴᠢᠯᠠᠬᠤ ᠬᠦᠴᠦ᠂ ᠤᠯᠠᠨ ᠳᠦᠮᠡᠨ ᠢ ᠵᠣᠬᠢᠶᠠᠨ ᠪᠠᠶᠢᠭᠤᠯᠬᠤ ᠬᠦᠴᠦ᠂ ᠨᠡᠶᠢᠭᠡᠮ ᠤᠨ ᠤᠷᠢᠶᠠᠯᠠᠬᠤ ᠬᠦᠴᠦ ᠶᠢ ᠳᠡᠭᠡᠭᠰᠢᠯᠡᠭᠦᠯᠦᠨ᠎ᠡ᠃ ᠤᠯᠤᠰ ᠳᠦᠷᠦ ᠰᠣᠶᠣᠯ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠨᠡᠨᠴᠢ ᠰᠢᠳᠤᠷᠭᠤ᠂ ᠳᠦᠪ ᠴᠢᠭᠡᠴᠢ ᠰᠢᠯᠤᠭᠤᠨ ᠰᠢᠳᠤᠷᠭᠤ᠂ ᠦᠨᠡᠨ ᠠᠴᠠ ᠵᠦᠪ ᠢ ᠡᠷᠢᠵᠦ᠂ ᠠᠷᠢᠭᠤᠨ ᠴᠢᠭᠡᠴᠢ ᠵᠡᠷᠭᠡ ᠦᠷᠳᠡᠭ ᠤᠨ ᠦᠵᠡᠯᠳᠡ ᠶᠢ ᠤᠷᠢᠶᠠᠯᠠᠨ᠂ ᠰᠢᠰᠲ᠋ᠧᠮᠴᠢᠯᠡᠭᠰᠡᠨ ᠠᠷᠢᠭᠤᠨ ᠴᠢᠭᠡᠴᠢ ᠵᠠᠰᠠᠭ ᠪᠠᠷᠢᠭᠰᠠᠨ ᠰᠢᠯᠢᠳᠡᠭ ᠰᠠᠶᠢᠨ ᠤᠯᠤᠰ ᠳᠦᠷᠦ ᠶᠢᠨ ᠠᠮᠢ ᠠᠬᠤᠢ ᠶᠢ ᠪᠠᠶᠢᠭᠤᠯᠤᠨ᠎ᠠ᠃       ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠳᠠᠯᠠᠨ᠎ᠠ᠃ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠡᠷᠡᠰ ᠴᠢᠩᠭ᠎ᠠ ᠵᠢᠷᠤᠮᠯᠠᠵᠤ᠂ ᠬᠠᠤᠯᠢ ᠪᠠᠷ ᠵᠠᠰᠠᠭᠰᠠᠨ ᠵᠠᠰᠠᠭ ᠤᠨ ᠣᠷᠳᠤᠨ᠂ ᠬᠠᠤᠯᠢ ᠪᠠᠷ ᠵᠠᠰᠠᠭᠰᠠᠨ ᠨᠡᠶᠢᠭᠡᠮ ᠢ ᠨᠢᠭᠡ ᠴᠤᠭᠴᠠ ᠪᠤᠯᠭᠠᠭᠰᠠᠨ ᠪᠦᠳᠦᠭᠡᠨ ᠪᠠᠶᠢᠭᠤᠯᠵᠤ᠂ ᠦᠨᠡᠨ ᠬᠦ᠋ ᠵᠠᠰᠠᠭ ᠤᠨ ᠣᠷᠳᠤᠨ ᠤ ᠠᠵᠢᠯ ᠤᠨ ᠬᠠᠤᠯᠢᠴᠢᠯᠠᠭᠰᠠᠨ ᠬᠢᠷᠢ ᠳᠦᠪᠰᠢᠨ ᠢ ᠳᠡᠭᠡᠭᠰᠢᠯᠡᠭᠦᠯᠦᠨ᠎ᠡ᠃ ᠵᠠᠰᠠᠭ ᠤᠨ ᠣᠷᠳᠤᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠨᠠᠷᠢᠨ ᠬᠢᠨᠠᠮᠠᠭᠠᠢ ᠪᠡᠶᠡᠯᠡᠭᠦᠯᠵᠦ᠂ ᠡᠷᠬᠡ ᠲᠣᠰᠢᠶᠠᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠦᠭᠡᠷᠡᠴᠢᠯᠡᠯᠳᠡ ᠶᠢᠨ ᠦᠷ᠎ᠡ ᠪᠦᠳᠦᠮᠵᠢ ᠶᠢ ᠳᠡᠭᠡᠭᠰᠢᠯᠡᠭᠦᠯᠦᠨ᠎ᠡ᠃ ᠬᠠᠤᠯᠢ ᠶᠤᠰᠤᠭᠠᠷ ᠠᠷᠠᠳ ᠤᠨ ᠳᠦᠯᠦᠭᠡᠯᠡᠭᠴᠢᠳ ᠪᠠ ᠳᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠬᠦᠯᠢᠶᠡᠵᠦ᠂ ᠤᠬᠠᠮᠰᠠᠷ ᠠᠴᠠ ᠪᠠᠨ ᠤᠯᠤᠰ ᠳᠦᠷᠦ ᠶᠢᠨ ᠵᠦᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠬᠦᠯᠢᠶᠡᠵᠦ᠂ ᠠᠷᠠᠳ ᠤᠨ ᠳᠦᠯᠦᠭᠡᠯᠡᠭᠴᠢᠳ ᠤᠨ ᠰᠠᠨᠠᠯ ᠪᠠ ᠤᠯᠤᠰ ᠳᠦᠷᠦ ᠶᠢᠨ ᠵᠦᠪᠯᠡᠯᠭᠡᠨ ᠤ ᠳᠣᠷᠠᠳᠤᠯᠭ᠎ᠠ ᠶᠢ ᠴᠠᠭ ᠳᠣᠬᠠᠢ ᠳᠤ ᠨᠢ ᠭᠦᠢᠴᠡᠳᠭᠡᠨ ᠪᠡᠶᠡᠯᠡᠭᠦᠯᠦᠨ᠎ᠡ᠃ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ ᠪᠦᠯᠦᠭ ᠤᠨ ᠪᠣᠰᠤ ᠬᠦᠮᠦᠰ ᠪᠠ ᠠᠷᠠᠳ ᠤᠨ ᠪᠦᠯᠬᠦᠮ ᠤᠨ ᠰᠠᠨᠠᠯ ᠳᠤᠷᠠᠳᠤᠯᠭ᠎ᠠ ᠶᠢ ᠦᠷᠭᠡᠨ ᠢᠶᠠᠷ ᠰᠣᠨᠣᠰᠤᠨ᠎ᠠ᠃ ᠨᠡᠶᠢᠭᠡᠮ ᠤᠨ ᠰᠠᠨᠠᠯ ᠰᠢᠭᠦᠮᠵᠢ ᠪᠠ ᠠᠷᠠᠳ ᠳᠦᠮᠡᠨ ᠤ ᠬᠢᠨᠠᠯᠲᠠ ᠶᠢ ᠰᠠᠶᠢᠨ ᠲᠣᠷ᠎ᠠ ᠠᠴᠠ ᠪᠠᠨ ᠬᠦᠯᠢᠶᠡᠵᠦ᠂ ᠠᠷᠠᠳ ᠳᠦᠮᠡᠨ ᠤ ᠪᠠᠶᠢᠳᠠᠯ ᠢ ᠮᠡᠳᠡᠬᠦ ᠡᠷᠬᠡ᠂ ᠣᠷᠤᠯᠴᠠᠬᠤ ᠡᠷᠬᠡ ᠪᠠ  ᠬᠢᠨᠠᠬᠤ ᠡᠷᠬᠡ ᠶᠢ ᠪᠠᠳᠤᠯᠠᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠭᠦᠨᠵᠡᠭᠡᠢ ᠳᠦᠯᠬᠢᠨ ᠠᠬᠢᠭᠤᠯᠵᠤ᠂ ᠵᠠᠰᠠᠭ ᠤᠨ ᠣᠷᠳᠤᠨ ᠤ ᠠᠵᠢᠯ ᠢ ᠢᠯᠡ ᠲᠣᠳᠤ ᠲᠣᠳᠤᠷᠬᠠᠢ ᠪᠣᠯᠭᠠᠵᠤ᠂ ᠡᠷᠭᠡ ᠮᠡᠳᠡᠯ ᠢ ᠬᠡᠷᠡᠯᠳᠦ ᠨᠠᠷᠠᠨ ᠤ ᠳᠤᠤᠷ᠎ᠠ ᠬᠡᠷᠡᠭᠵᠢᠭᠦᠯᠦᠨ᠎ᠡ᠃       ᠠᠷᠢᠭᠤᠨ ᠴᠢᠬᠡᠴᠢ ᠮᠥᠨ ᠴᠢᠨᠠᠷ ᠢ ᠪᠠᠲᠤᠯᠠᠨ᠎ᠠ᠃ ᠨᠠᠮ ᠢᠶᠠᠨ ᠪᠦᠬᠦ ᠲᠠᠯ᠎ᠠ ᠪᠠᠷ ᠴᠡᠭᠴᠡᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾᠎ ᠶᠢ ᠨᠠᠷᠢᠨ ᠬᠢᠨᠠᠮᠠᠭᠠᠢ ᠭᠦᠢᠴᠡᠳᠬᠡᠵᠦ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠠᠵᠢᠯ ᠢ ᠶᠡᠬᠡᠪᠡᠷ ᠥᠷᠨᠢᠭᠦᠯᠵᠦ᠂ ︽ᠲᠥᠪ ᠤᠨ ᠨᠠᠢᠮᠠᠨ ᠵᠤᠷᠪᠤᠰ ᠲᠣᠭᠲᠠᠭᠠᠯ︾ ᠵᠢᠴᠢ ᠬᠡᠷᠡᠭᠵᠢᠭᠦᠯᠬᠦ ᠨᠠᠷᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠪᠢᠰᠢᠷᠡᠨ ᠵᠢᠷᠦᠬᠡᠰᠢᠶᠡᠬᠦ ᠦᠭᠡᠢ᠂ ᠬᠠᠶᠢᠬᠤᠷᠬᠤ ᠦᠭᠡᠢ᠂ ᠤᠷᠢᠶ᠎ᠠ ᠬᠠᠰᠬᠢᠷᠬᠤ᠂ ᠣᠪᠯᠠᠬᠤ ᠵᠡᠷᠭᠡ ᠠᠰᠠᠭᠤᠳᠠᠯ ᠢ ᠴᠢᠩᠭ᠎ᠠ ᠠᠩᠬᠠᠷᠴᠤ᠂ ︽ᠳᠥᠷᠪᠡᠨ ᠰᠤᠷᠲᠠᠯ︾᠎ ᠢ ᠲᠠᠰᠤᠷᠠᠯᠲᠠ ᠦᠭᠡᠢ ᠵᠠᠯᠠᠷᠠᠭᠤᠯᠵᠤ᠂ ︽ᠳᠥᠷᠪᠡᠨ ᠰᠤᠷᠲᠠᠯ︾᠎ ᠢ ᠴᠡᠭᠴᠡᠯᠡᠨ ᠵᠠᠰᠠᠪᠠ᠃ ᠵᠠᠰᠠᠭ ᠵᠠᠬᠢᠷᠭᠠᠨ ᠤ ᠡᠷᠬᠡ ᠶᠢᠨ ᠬᠢᠨᠠᠯᠲᠠ ᠲᠠᠯᠪᠢᠵᠤ ᠬᠢᠵᠠᠭᠠᠷᠯᠠᠬᠤ ᠲᠣᠭᠲᠠᠴᠠ ᠶᠢ ᠪᠦᠷᠢᠨᠰᠢᠭᠦᠯᠵᠦ᠂ ᠵᠠᠰᠠᠭ ᠵᠠᠬᠢᠷᠭᠠᠨ ᠤ ᠬᠢᠨᠠᠯᠲᠠ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠰᠠᠬᠢᠯᠭ᠎ᠠ ᠪᠠᠲᠤ ᠶᠢᠨ ᠬᠢᠨᠠᠯᠲᠠ ᠲᠠᠯᠪᠢᠬᠤ ᠪᠠ ᠬᠢᠨᠠᠨ ᠪᠣᠳᠣᠵᠤ ᠬᠢᠨᠠᠯᠲᠠ ᠲᠠᠯᠪᠢᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠲᠣᠭᠤᠷᠢᠨ ᠪᠠᠶᠢᠴᠠᠭᠠᠬᠤ᠂ ᠬᠢᠨᠠᠯᠲᠠ ᠲᠠᠯᠪᠢᠬᠤ ᠪᠠ ᠬᠢᠨᠠᠨ ᠰᠢᠯᠭᠠᠬᠤ ᠳᠣᠣᠷ᠎ᠠ ᠠᠵᠢᠯ ᠢᠶᠠᠨ ᠥᠷᠨᠢᠭᠦᠯᠬᠦ ᠳᠤ ᠳᠠᠳᠪᠠ᠃ ︽ᠭᠤᠷᠪᠠᠨ ᠴᠢᠬᠤᠯᠠ ᠨᠢᠭᠡ ᠶᠡᠭᠡ︾ ᠵᠢᠴᠢ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠳᠦᠷᠢᠮ ᠪᠣᠯᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ ᠢ ᠴᠢᠩᠭ᠎ᠠ ᠬᠡᠷᠡᠭᠵᠢᠭᠦᠯᠵᠦ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠪᠣᠯᠤᠨ ᠡᠩ ᠤᠨ ᠴᠢᠨᠠᠷᠲᠠᠶ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠢᠯᠵᠠᠷᠠᠯ ᠤᠨ ᠠᠵᠢᠯᠯᠠᠭ᠎ᠠ ᠶᠢ ᠡᠷᠡᠰ ᠰᠡᠷᠭᠡᠶᠢᠯᠡᠬᠦ ᠪᠠ ᠵᠠᠯᠬᠠᠭᠠᠨ ᠰᠢᠳᠬᠡᠵᠦ᠂ ᠵᠠᠰᠠᠭ ᠤᠨ ᠣᠷᠳᠣᠨ ᠤ ᠠᠵᠢᠯᠲᠠᠨ ᠨᠢᠭᠡᠪᠦᠷᠢ ᠶᠢ ᠠᠷᠢᠭᠤᠨ ᠴᠢᠬᠡᠴᠢ ᠪᠠᠷ ᠠᠷᠠᠳ ᠲᠦᠮᠡᠨ ᠤ ᠲᠥᠯᠥᠭᠡ ᠠᠵᠢᠯᠯᠠᠭᠤᠯᠤᠨ᠎ᠠ᠃       ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠪᠠ᠃ ᠬᠥᠳᠡᠯᠭᠡᠬᠦ ᠬᠦᠴᠦᠨ ᠬᠦᠷᠦᠯᠴᠡᠬᠦ ᠦᠭᠡᠢ ︽ᠠᠵᠢᠯ ᠬᠢᠬᠦ ᠶᠢ ᠪᠣᠳᠣᠬᠤ ᠦᠭᠡᠢ︾᠂ ᠴᠢᠳᠠᠪᠤᠷᠢ ᠬᠦᠷᠦᠯᠴᠡᠬᠦ ᠦᠭᠡᠢ ︽ᠠᠵᠢᠯ ᠬᠢᠵᠦ ᠴᠢᠳᠠᠬᠤ ᠦᠭᠡᠢ︾᠂ ᠡᠭᠦᠷᠭᠡᠯᠡᠯ ᠬᠦᠷᠦᠯᠴᠡᠬᠦ ᠦᠭᠡᠢ ︽ᠠᠵᠢᠯ ᠬᠢᠬᠦ ᠠᠴᠠ ᠵᠢᠷᠦᠬᠡᠰᠢᠶᠡᠬᠦ︾ ᠵᠡᠷᠭᠡ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠯᠪᠠᠲᠠᠨ ᠤ ᠤᠯᠤᠰ ᠲᠥᠷᠥ ᠶᠢᠨ ᠡᠭᠦᠷᠭᠡᠯᠡᠯ᠂ ᠲᠡᠤᠬᠡ ᠶᠢᠨ ᠡᠭᠦᠷᠭᠡᠯᠡᠯ᠂ ᠬᠠᠷᠢᠭᠤᠴᠠᠯᠭ᠎ᠠ ᠡᠭᠦᠷᠭᠡᠯᠡᠯ ᠢᠶᠠᠨ ᠦᠨᠡᠨᠬᠦ ᠴᠢᠩᠭᠠᠳᠬᠠᠨ᠎ᠠ᠃ ᠳᠡᠭᠡᠳᠦ ᠬᠡᠪ ᠴᠢᠨᠠᠷ ᠪᠦᠬᠦᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠪᠠᠶᠢᠭᠤᠯᠬᠤ ᠪᠠᠷ ᠭᠤᠣᠯᠯᠠᠭᠤᠯᠤᠨ᠂ ᠲᠤᠰᠬᠠᠶ ᠮᠡᠷᠭᠡᠵᠢᠯ ᠤᠨ ᠮᠡᠳᠡᠯᠭᠡ᠂ ᠲᠤᠰᠬᠠᠶ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠪᠠ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠴᠢᠩᠭᠠᠳᠬᠠᠨ᠎ᠠ᠃ ᠤᠷᠮᠠᠰᠢᠭᠤᠯᠬᠤ ᠲᠣᠭᠲᠠᠴᠠ ᠪᠠ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠪᠠᠶᠢᠭᠤᠯᠵᠤ᠂ ᠺᠠᠳ᠋ᠷ ᠤᠨ ᠡᠩᠨᠡᠭᠡᠨ ᠤ ᠦᠵᠡᠯ ᠰᠠᠨᠠᠭᠠᠨ ᠤ ᠬᠥᠮᠦᠵᠢᠯ ᠢ ᠴᠢᠩᠭᠠᠳᠬᠠᠵᠤ᠂ ᠥᠷᠭᠡᠨ ᠤᠯᠠᠨ ᠠᠯᠪᠠᠲᠠᠨ ᠤ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠬᠤ᠂ ᠢᠳᠡᠪᠬᠢᠲᠡᠢ ᠪᠠᠷ ᠠᠵᠢᠯ ᠶᠠᠪᠤᠳᠠᠯ ᠬᠢᠬᠦ ᠶᠢ ᠤᠷᠮᠠᠰᠢᠭᠤᠯᠤᠨ ᠬᠥᠭᠵᠢᠭᠡᠵᠦ᠂ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠪᠠᠷ ᠴᠢᠷᠮᠠᠶᠢᠵᠤ᠂ ᠰᠢᠨ᠎ᠡ ᠠᠮᠵᠢᠯᠲᠠ ᠪᠦᠲᠦᠮᠵᠢ ᠭᠠᠷᠭᠠᠨ᠎ᠠ᠃        ᠲᠥᠯᠥᠬᠡᠯᠡᠭᠴᠢᠳ ᠡ︕        ᠪᠦᠬᠦ ᠲᠣᠭᠤᠷᠢᠭ ᠤᠨ ᠠᠷᠠᠳ ᠳᠦᠮᠡᠨ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠨᠦᠬᠦᠷ ᠢᠶᠠᠷ ᠭᠤᠤᠯ ᠪᠣᠯᠭᠠᠭᠰᠠᠨ ᠨᠠᠮ ᠤᠨ ᠳᠦᠪ ᠬᠤᠷᠢᠶᠠᠨ ᠤ ᠲᠣᠭᠤᠷᠢᠨ ᠳᠤ ᠤᠭ ᠰᠠᠨᠠᠭ᠎ᠠ ᠪᠠᠨ ᠮᠠᠷᠳᠠᠯ ᠦᠭᠡᠢ ᠦᠷᠭᠦᠯᠵᠢᠯᠡᠨ ᠴᠢᠷᠮᠠᠶᠢᠵᠤ᠂ ᠵᠢᠨᠢᠩ ᠲᠣᠭᠤᠷᠢᠭ ᠤᠨ ᠦᠨᠳᠦᠷ ᠬᠦᠭᠵᠢᠯᠳᠡ ᠪᠠ ᠰᠢᠯᠢᠳᠡᠭ ᠠᠮᠵᠢᠯᠳᠠ ᠪᠠᠷ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠠᠶᠠᠷᠯᠠᠨ ᠣᠭᠳᠤᠶ᠎ᠠ︕                                                       ᠤᠷᠴᠢᠭᠤᠯᠤᠭᠴᠢ: ᠡᠷᠬᠢᠮᠪᠠᠶᠠᠷ
 
ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2