ᠴᠠᠬᠠᠷ ᠤᠨ ᠵᠠᠩ ᠦᠢᠯᠡ ᠶᠢᠨ ᠮᠦᠽᠧᠶ
ᠨᠡᠶᠢᠲᠡᠯᠡᠭᠰᠡᠨ ᠴᠠᠭ᠄
2019/7/22
    ᠵᠢᠨᠢᠩ ᠲᠣᠭᠤᠷᠢᠭ ᠤᠨ ᠴᠠᠬᠠᠷ  ᠤᠨ ᠵᠠᠩ ᠦᠢᠯᠡ ᠶᠢᠨ ᠮᠦᠽᠧᠶ ᠯᠣᠤ  ᠬᠤ᠋ ᠱᠠᠨ ᠠᠭᠤᠯᠠ ᠶᠢᠨ ᠡᠮᠦᠨ᠎ᠡ ᠬᠤᠷᠮᠣᠶ ᠳᠤ ᠪᠠᠶᠢᠷᠢᠯᠠᠵᠤ᠂ ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ  ᠤᠨ ᠬᠦᠷᠢᠶᠡᠯᠡᠩ ᠎ ᠤᠨ ᠪᠠᠷᠠᠭᠤᠨ ᠡᠮᠦᠨ᠎ᠡ ᠲᠠᠯ᠎ᠠ ᠳᠤ ᠪᠠᠶᠢᠷᠢᠯᠠᠵᠦ ᠪᠠᠶᠢᠳᠠᠭ᠃ ᠮᠦᠽᠧᠶ ᠶᠢᠨ ᠲᠠᠯᠠᠪᠠᠢ 24267 ᠲᠡᠭᠰᠢ ᠳᠥᠷᠪᠡᠯᠵᠢᠨ ᠮᠧᠲᠷ᠂ ᠭᠤᠤᠯ ᠪᠠᠷᠢᠯᠭ᠎ᠠ ᠶᠢᠨ ᠲᠠᠯᠠᠪᠠᠢ ᠨᠢ 4687 ᠲᠡᠭᠰᠢ ᠳᠥᠷᠪᠡᠯᠵᠢᠨ ᠮᠧᠲᠷ᠂ ᠳᠠᠭᠠᠯᠲᠠ ᠲᠥᠬᠦᠭᠡᠷᠦᠮᠵᠢ ᠶᠢᠨ ᠪᠠᠷᠢᠯᠭ᠎ᠠ ᠶᠢᠨ ᠲᠠᠯᠠᠪᠠᠢ ᠨᠢ 7000 ᠭᠠᠷᠤᠶ ᠲᠡᠭᠰᠢ ᠳᠥᠷᠪᠡᠯᠵᠢᠨ ᠮᠧᠲᠷ  ᠪᠤᠯᠤᠨ᠎ᠠ᠃ ᠮᠦᠽᠧᠶ ᠨᠢ ᠬᠠᠷᠠᠴᠤ ᠠᠷᠠᠳ ᠤᠨ ᠰᠣᠶᠣᠯ ᠪᠠ ᠤᠳᠤ ᠦᠶ᠎ᠡ ᠶᠢᠨ ᠰᠣᠶᠣᠯ ᠤᠨ ᠣᠬᠢ ᠰᠣᠳᠣ ᠶᠢ ᠠᠭᠤᠰᠬᠠᠨ ᠨᠡᠶᠢᠯᠡᠭᠦᠯᠵᠦ᠂ ᠭᠤᠤᠯ ᠣᠷᠳᠣᠨ ᠪᠠ ᠬᠠᠷᠢᠶᠠᠲᠤ ᠪᠠᠷᠢᠯᠭ᠎ᠠ ᠶᠢᠨ  ᠲᠥᠯᠥᠪ ᠱᠤᠭᠤᠮ ᠬᠠᠷᠢᠯᠴᠠᠨ ᠵᠠᠯᠭᠠᠯᠳᠤᠵᠤ᠂ ᠴᠢᠳᠠᠮᠵᠢ ᠨᠢ ᠠᠳᠠᠯᠢ ᠪᠤᠰᠤ ᠪᠥᠭᠡᠳ ᠬᠠᠷᠢᠯᠴᠠᠨ ᠬᠠᠷᠠᠭᠠᠯᠵᠠᠭᠰᠠᠨ ᠪᠠᠷᠢᠯᠭ᠎ᠠ ᠶᠢᠨ ᠬᠡᠪ ᠨᠠᠮᠪᠠ ᠶᠢ ᠪᠦᠷᠢᠯᠳᠦᠭᠦᠯᠦᠨ᠂ ᠴᠠᠬᠠᠷ  ᠤᠨ ᠰᠣᠶᠣᠯ ᠤᠨ ᠣᠨᠴᠠᠯᠢᠭ ᠢ ᠭᠦᠢᠴᠡᠳ ᠢᠯᠡᠷᠡᠭᠦᠯᠵᠦ᠂ ᠤᠯᠠᠮᠵᠢᠯᠠᠯᠲᠤ ᠮᠣᠩᠭᠤᠯ ᠶᠤᠸᠠᠨ ᠤᠯᠤᠰ ᠎ ᠤᠨ ᠰᠣᠶᠣᠯ ᠢ ᠤᠳᠤ ᠦᠶ᠎ᠡ ᠶᠢᠨ ᠰᠣᠶᠣᠯ ᠤᠨ ᠣᠶᠢᠯᠠᠭᠠᠭᠳᠠᠬᠤᠨ ᠲᠠᠢ ᠣᠷᠭᠠᠨᠢᠭ ᠢᠶᠠᠷ  ᠤᠶᠠᠯᠳᠠᠭᠤᠯᠵᠠᠢ᠃ ᠮᠦᠽᠧᠶ ᠨᠢ ᠭᠤᠤᠯᠳᠠᠭᠤ ᠮᠣᠩᠭᠤᠯ ᠦᠨᠳᠦᠰᠦᠲᠡᠨ ᠤ ᠴᠠᠬᠠᠷ ᠠᠶᠢᠮᠠᠭ ᠤᠨ  ᠦᠢᠯᠡᠳᠪᠦᠷᠢᠯᠡᠯ᠂ ᠠᠮᠢᠳᠤᠷᠠᠯ᠂ ᠬᠤᠪᠴᠠᠰᠤ ᠵᠠᠰᠠᠯ᠂ ᠠᠷᠠᠳ ᠤᠨ ᠵᠠᠩ ᠦᠢᠯᠡ ᠵᠡᠷᠭᠡ ᠲᠠᠯ᠎ᠠ ᠶᠢᠨ ᠪᠣᠳᠠᠲᠤ ᠶᠠᠭᠤᠮ᠎ᠠ᠂ ᠭᠡᠷᠡᠯ ᠵᠢᠷᠤᠭ ᠢ ᠬᠤᠷᠢᠶᠠᠨ ᠬᠠᠳᠠᠭᠠᠯᠠᠵᠤ᠂ ᠭᠠᠳᠠᠭᠠᠳᠤ ᠶᠢᠨ ᠬᠢᠨ ᠤ ᠤᠯᠠᠭᠠᠨᠴᠠᠪ ᠠᠶᠢᠮᠠᠭ ᠤᠨ ᠲᠡᠤᠬᠡ ᠰᠣᠶᠣᠯ ᠪᠠ ᠴᠠᠬᠠᠷ ᠠᠶᠢᠮᠠᠭ ᠤᠨ ᠨᠤᠲᠤᠭ ᠳᠡᠪᠢᠰᠬᠡᠷ ᠢ ᠣᠶᠢᠯᠠᠭᠠᠬᠤ ᠴᠢᠬᠤᠯᠠ ᠴᠣᠩᠬᠤ ᠪᠣᠯᠤᠨ᠎ᠠ᠃
 
ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2