ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ  ᠤᠨ ᠬᠦᠷᠢᠶᠡᠯᠡᠩ
ᠨᠡᠶᠢᠲᠡᠯᠡᠭᠰᠡᠨ ᠴᠠᠭ᠄
2019/8/14
      ᠨᠢᠭᠡ᠂ ᠶᠡᠷᠦᠩᠬᠡᠶ ᠲᠦᠢᠮᠣ  ᠪᠠᠶᠢᠳᠠᠯ      ᠴᠢᠯᠥᠭᠡᠯᠡᠬᠦ ᠳᠠᠶᠢᠨ ᠤ ᠦᠶ᠎ᠡ ᠳᠤ᠂ ᠭᠤᠮᠢᠨᠳᠠᠩ  ᠬᠢᠭᠡᠳ ᠡᠪ ᠬᠠᠮᠲᠤ ᠨᠠᠮ ᠬᠤᠶᠠᠷ ᠲᠠᠯ᠎ᠠ ᠪᠠᠷ ᠢᠶᠠᠨ ᠤᠯᠠᠭᠠᠨᠴᠠᠪ ᠤᠨ ᠵᠢᠨᠢᠩ ᠣᠷᠣᠨ ᠳᠤ ᠭᠤᠷᠪᠠ ᠤᠳᠠᠭ᠎ᠠ ᠲᠣᠮᠣ ᠬᠡᠪᠴᠢᠶᠡᠨ ᠤ ᠳᠠᠶᠢᠯᠠᠯᠳᠤᠭᠠᠨ ᠡᠭᠦᠰᠴᠦ᠂ ᠲᠤᠰ ᠲᠤᠰ 1946 ᠣᠨ 1 ᠰᠠᠷ᠎ᠠ ᠳᠤ ︽ᠵᠢᠨᠢᠩ ᠤᠨ ᠪᠤᠯᠢᠶᠠᠯᠳᠤᠭᠠᠨ︾᠂ 1946 ᠣᠨ 9 ᠰᠠᠷ᠎ᠠ ᠳᠤ ︽ᠳ᠋ᠠᠲ᠋ᠤᠩ  ᠵᠢᠨᠢᠩ ᠤᠨ ᠳᠠᠶᠢᠯᠠᠯᠳᠤᠭᠠᠨ︾᠂ 1948 ᠣᠨ 9 ᠰᠠᠷ᠎ᠠ ᠳᠤ ︽ ᠵᠢᠨᠢᠩ ᠤᠨ ᠴᠢᠯᠤᠭᠡᠯᠡᠬᠦ ᠳᠠᠶᠢᠯᠠᠯᠳᠤᠭᠠᠨ︾᠎ ᠂ ᠶᠡᠷᠦᠩᠬᠡᠶ ᠳᠤᠨᠢ ︽ᠵᠢᠨᠢᠩ ᠤᠨ ᠳᠠᠶᠢᠯᠠᠯᠳᠤᠭᠠᠨ︾ ᠭᠡᠵᠡᠶ᠃ ᠵᠢᠨᠢᠩ ᠤᠨ 3 ᠤᠳᠠᠭᠠᠨ ᠤ ᠳᠠᠶᠢᠯᠠᠯᠳᠤᠭᠠᠨ ᠳᠤ᠂ ᠴᠡᠷᠢᠭ  ᠤᠨ ᠺᠤᠮᠠᠨᠳᠠᠯᠠᠬᠴᠢ ᠾᠧ ᠯᠦᠡᠭ  ᠤᠨ ᠤᠳᠤᠷᠢᠳᠤᠭᠰᠠᠨ ᠵᠢᠨᠰᠦᠢ ᠴᠡᠷᠢᠭ  ᠤᠨ ᠲᠣᠭᠤᠷᠢᠭ ᠵᠢᠴᠢ ᠲᠡᠭᠦᠨ ᠤ ᠬᠠᠷᠢᠶ᠎ᠠ ᠰᠦᠢᠶᠤᠸᠠᠨ ᠤ ᠮᠣᠩᠭᠤᠯ ᠴᠡᠷᠢᠭ  ᠤᠨ ᠲᠣᠭᠤᠷᠢᠭ ᠤᠨ ᠴᠡᠷᠢᠭ ᠠᠩᠭᠢ᠂  ᠨᠢᠶᠧ ᠷᠦᠡᠭ ᠵᠧᠨ ᠺᠤᠮᠠᠨᠳᠠᠯᠠᠬᠴᠢ ᠶᠢᠨ ᠤᠳᠤᠷᠢᠳᠤᠭᠰᠠᠨ ᠶᠢᠨ ᠴᠠ ᠵᠢᠢ ᠤᠷᠤᠨ ᠤ  ᠴᠡᠷᠢᠭ  ᠤᠨ ᠲᠣᠭᠤᠷᠢᠭ ᠤᠨ ᠴᠡᠷᠢᠭ ᠠᠩᠭᠢ᠂ ᠶᠠᠩ ᠴᠧᠩ ᠦ᠋ ᠴᠢᠯᠥᠭᠡᠯᠡᠬᠦ ᠴᠡᠷᠢᠭ  ᠤᠨ ᠭᠤᠷᠪᠠᠳᠤᠭᠠᠷ  ᠴᠡᠷᠢᠭ ᠤᠨ ᠲᠤᠭᠤᠷᠢᠭ ᠤᠷᠤᠯᠴᠠᠪᠠ᠃ ᠵᠢᠨᠢᠩ ᠤᠨ ᠳᠠᠶᠢᠯᠠᠯᠳᠤᠭᠠᠨ ᠳᠤ᠂ ᠭᠤᠮᠢᠨᠳᠠᠩ  ᠬᠢᠭᠡᠳ ᠡᠪ ᠬᠠᠮᠲᠤ ᠨᠠᠮ ᠬᠤᠶᠠᠷ ᠲᠠᠯ᠎ᠠ ᠪᠠᠷ ᠢᠶᠠᠨ ᠨᠡᠶᠢᠲᠡ 87400 ᠭᠠᠷᠤᠶ ᠴᠡᠷᠢᠭ  ᠤᠨ ᠬᠦᠴᠦᠨ ᠢ ᠣᠷᠣᠭᠤᠯᠵᠤ᠂ ᠡᠭᠦᠨ ᠤ ᠳᠣᠲᠣᠷ᠎ᠠ ᠴᠢᠯᠥᠭᠡᠯᠡᠬᠦ ᠴᠡᠷᠢᠭ 46000 ᠭᠠᠷᠤᠶ᠂ ᠭᠤᠮᠢᠨᠳᠠᠩ ᠎ ᠤᠨ ᠴᠡᠷᠢᠭ  480 ᠭᠠᠷᠤᠶ ᠪᠠᠶᠢᠪᠠ᠃ ᠴᠢᠯᠥᠭᠡᠯᠡᠬᠦ ᠴᠡᠷᠢᠭ 11950 ᠭᠠᠷᠤᠶ ᠬᠥᠮᠦᠨ ᠦᠬᠦᠵᠦ ᠰᠢᠷᠬᠠᠲᠤᠵᠤ᠂ 14000 ᠭᠠᠷᠤᠶ ᠬᠥᠮᠦᠨ ᠦᠯᠡᠳᠡᠵᠡᠢ  ᠃ ᠵᠢᠨᠢᠩ ᠤᠨ ᠳᠠᠶᠢᠯᠠᠯᠳᠤᠭᠠᠨ ᠪᠣᠯ ᠴᠢᠯᠥᠭᠡᠯᠡᠬᠦ ᠳᠠᠶᠢᠨ ᠤ ᠦᠶ᠎ᠡ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠬᠠᠮᠤᠭ ᠤᠨ ᠣᠯᠠᠨ ᠬᠥᠮᠦᠨ ᠲᠠᠢ᠂ ᠨᠥᠯᠥᠭᠡ ᠪᠠᠷ ᠬᠠᠮᠤᠭ ᠤᠨ ᠶᠡᠭᠡ ᠳᠠᠶᠢᠯᠠᠯᠳᠤᠭᠠᠨ ᠤ ᠨᠢᠭᠡ ᠪᠣᠯᠤᠨ᠎ᠠ᠃ ᠵᠢᠨᠢᠩ ᠤᠨ ᠳᠠᠶᠢᠯᠠᠯᠳᠤᠭᠠᠨ ᠤ ᠢᠯᠠᠯᠲᠠ ᠨᠢ ᠭᠤᠮᠢᠨᠳᠠᠩ ᠤᠨ ᠴᠡᠷᠢᠭ  ᠤᠨ ᠵᠡᠭᠦᠨ ᠬᠤᠶᠢᠲᠤ ᠣᠷᠣᠨ ᠢ ᠪᠤᠯᠢᠶᠠᠨ ᠡᠵᠡᠯᠡᠬᠦ ᠶᠢ ᠬᠤᠷᠢᠭᠯᠠᠵᠤ᠂ ᠮᠠᠨ ᠤ ᠴᠡᠷᠢᠭ ᠤᠨ ᠶᠠᠫᠣᠨ ᠢ ᠡᠰᠡᠷᠭᠦᠴᠡᠬᠦ ᠳᠠᠶᠢᠨ ᠤ ᠢᠯᠠᠯᠲᠠ ᠶᠢᠨ ᠦᠷ᠎ᠡ ᠪᠦᠲᠦᠭᠡᠯ ᠢ ᠬᠠᠮᠠᠭᠠᠯᠠᠭᠰᠠᠨ ᠪᠠᠶᠢᠨ᠎ᠠ  ᠃ ᠴᠢᠯᠥᠭᠡᠯᠡᠬᠦ ᠴᠡᠷᠢᠭ ᠭᠤᠮᠢᠨᠳᠠᠩ  ᠴᠡᠷᠢᠭ ᠲᠠᠢ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠳᠦ ᠪᠠᠶᠢᠯᠳᠤᠭᠠᠨ ᠬᠢᠬᠦ ᠳᠤ ᠡᠷᠬᠢᠮ ᠨᠠᠨᠳᠢᠨ ᠪᠠᠶᠢᠯᠳᠤᠭᠠᠨ ᠤ ᠲᠤᠷᠰᠢᠯᠭ᠎ᠠ ᠬᠠᠩᠭᠠᠪᠠ  ᠂ ᠯᠢᠶᠣᠤ ᠱᠸᠡ ᠤ ᠳᠠᠶᠢᠯᠠᠯᠳᠤᠭᠠᠨ᠂ ᠫᠢᠩ ᠶᠢᠨ ᠤ ᠳᠠᠶᠢᠯᠠᠯᠳᠤᠭᠠᠨ ᠤ ᠰᠢᠢᠳᠪᠦᠷᠢᠳᠦ ᠪᠠᠶᠢᠯᠳᠤᠭᠠᠨ ᠤ ᠢᠯᠠᠯᠲᠠ ᠲᠠᠢ ᠬᠦᠴᠦᠲᠡᠶ ᠬᠠᠮᠵᠢᠯᠴᠠᠵᠤ᠂ ᠭᠤᠮᠢᠨᠳᠠᠩ  ᠴᠡᠷᠢᠭ  ᠤᠨ ᠪᠠᠷᠠᠭᠤᠨᠰᠢ ᠳᠤᠲᠠᠭᠠᠬᠤ ᠵᠠᠮ  ᠢ ᠲᠠᠰᠤᠯᠵᠤ᠂ ᠪᠸᠢᠫᠢᠡᠭ᠂  ᠰᠦᠢᠶᠤᠸᠠᠨ ᠢ ᠨᠠᠶᠢᠷᠠᠮᠳᠠᠯ ᠢᠶᠠᠷ ᠴᠢᠯᠥᠭᠡᠯᠡᠪᠡ᠃      ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ  ᠤᠨ ᠬᠦᠷᠢᠶᠡᠯᠡᠩ ᠤᠨ ᠶᠡᠷᠦᠩᠬᠡᠶ ᠡᠵᠡᠯᠡᠬᠦ ᠲᠠᠯᠠᠪᠠᠢ 15.5 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠵᠢᠨᠢᠩ ᠤᠨ ᠳᠠᠶᠢᠯᠠᠯᠳᠤᠭᠠᠨ ᠤ ᠳᠤᠷᠠᠰᠬᠠᠯ  ᠤᠨ ᠣᠷᠳᠣᠨ᠂ ᠤᠯᠠᠭᠠᠨᠴᠠᠪ ᠤᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢᠶᠠᠷ ᠭᠤᠤᠯ ᠦᠵᠡᠭᠦᠯᠭᠡ ᠶᠢᠨ ᠲᠣᠭᠤᠷᠢᠭ ᠪᠣᠯᠭᠠᠵᠤ᠂ ᠱᠧᠩ ᠯᠢ ᠠᠭᠤᠳᠠᠮ ᠲᠠᠯᠠᠪᠠᠢ᠂ ᠳᠤᠷᠠᠰᠬᠠᠯ ᠤᠨ ᠲᠠᠯᠠᠪᠠᠢ᠂ ᠰᠦᠢᠶᠤᠸᠠᠨ ᠤ ᠮᠣᠩᠭᠤᠯ ᠵᠠᠰᠠᠭ  ᠤᠨ ᠣᠷᠳᠣᠨ ᠤ ᠳᠤᠷᠠᠰᠬᠠᠯ ᠤᠨ ᠲᠠᠯᠠᠪᠠᠢ᠂ ᠵᠠᠩᠵᠤᠨ ᠤ ᠬᠦᠷᠢᠶᠡᠯᠡᠩ᠂ ᠬᠥᠰᠢᠶᠡᠨ ᠤ ᠣᠢ᠂ ᠡᠮᠦᠨ᠎ᠡ ᠹᠷᠣᠨᠲ ᠢ ᠲᠤᠰᠠᠯᠠᠬᠤ ᠲᠠᠯᠠᠪᠠᠢ᠂ ᠪᠠᠭᠠᠲᠤᠷᠴᠤᠳ ᠤᠨ ᠠᠭᠤᠳᠠᠮ ᠲᠠᠯᠠᠪᠠᠢ᠂ 205 ᠳ᠋ᠤᠭᠠᠷ ᠳ᠋ᠢᠸᠢᠽᠢ ᠶᠢᠨ ᠳᠤᠷᠠᠰᠬᠠᠯ  ᠤᠨ ᠲᠠᠯᠠᠪᠠᠢ᠂ ᠡᠩᠬᠡ ᠲᠠᠶᠢᠪᠤᠩ ᠠᠭᠤᠳᠠᠮ ᠲᠠᠯᠠᠪᠠᠢ᠂ ᠠᠷᠠᠳ ᠤᠨ  ᠪᠠᠭᠠᠳᠤᠷᠴᠤᠳ ᠤᠨ ᠲᠤᠷᠠᠰᠬᠠᠯ ᠤᠨ  ᠬᠦᠰᠢᠶ᠎ᠡ᠂ ᠵᠢᠨᠢᠩ ᠤᠨ ᠳᠠᠶᠢᠯᠠᠯᠳᠤᠭᠠᠨ ᠤ ᠵᠢᠯᠣᠭᠤᠳᠬᠤ ᠭᠠᠵᠠᠷ ᠤᠨ ᠬᠠᠭᠤᠴᠢᠨ ᠪᠠᠭᠤᠷᠢ᠂ ᠨᠦᠬᠡᠨ ᠵᠠᠮ ᠤᠨ ᠪᠠᠭᠤᠷᠢ᠂ ᠦᠷᠡᠭᠳᠡᠭᠰᠡᠨ ᠪᠠᠭᠠᠲᠤᠷᠴᠤᠳ ᠤᠨ ᠬᠡᠷᠡᠮ᠂ ᠤᠯᠤᠰ ᠢᠶᠠᠨ ᠬᠠᠮᠠᠭᠠᠯᠠᠬᠤ ᠰᠤᠷᠭᠠᠨ ᠬᠦᠮᠦᠵᠢᠯ ᠤᠨ ᠲᠤᠭᠤᠷᠢᠭ᠂ ᠠᠬᠤᠢ ᠪᠠᠶᠢᠳᠠᠯ ᠢ ᠰᠡᠷᠭᠦᠭᠡᠬᠦ ᠲᠣᠭᠤᠷᠢᠭ᠂ ᠴᠡᠷᠢᠭ  ᠤᠨ ᠶᠠᠪᠤᠳᠠᠯ ᠤᠨ ᠪᠡᠶᠡᠴᠢᠯᠡᠨ ᠣᠶᠢᠯᠠᠭᠠᠬᠤ ᠣᠷᠳᠣᠨ᠂ ᠪᠦᠬᠦ ᠤᠯᠤᠰ ᠎ ᠤᠨ ᠬᠤᠪᠢᠰᠬᠠᠯ ᠤᠨ ᠵᠢᠭᠤᠯᠴᠢᠯᠠᠯ ᠤᠨ ᠨᠣᠮ ᠤᠨ ᠥᠷᠥᠭᠡ᠂ ᠵᠠᠯᠠᠭᠤᠴᠤᠳ  ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠷᠰᠢᠯᠲᠠ ᠶᠢᠨ ᠰᠠᠭᠤᠷᠢᠨ ᠭᠠᠵᠠᠷ ᠵᠡᠷᠭᠡ ᠶᠢ ᠪᠠᠭᠲᠠᠭᠠᠵᠤ ᠪᠠᠶᠢᠨ᠎ᠠ᠃ ᠣᠳᠣ ︽ᠤᠯᠤᠰ ᠎ ᠤᠨ ᠲᠡᠰ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ  ᠤᠨ ᠪᠡᠯᠡᠳᠬᠡᠮᠵᠢ︾᠂ ︽ᠪᠦᠬᠦ ᠤᠯᠤᠰ ᠎ ᠤᠨ ᠬᠤᠪᠢᠰᠬᠠᠯᠲᠤ ᠵᠤᠭᠠᠴᠠᠯ ᠤᠨ ᠰᠣᠩᠭᠤᠳᠠᠭ ᠦᠵᠡᠮᠵᠢ ᠶᠢᠨ ᠣᠷᠣᠨ︾᠂ ︽ᠤᠯᠤᠰ ᠎ ᠤᠨ 3 A ᠲᠡᠰ ᠤᠨ ᠵᠤᠭᠠᠴᠠᠯ ᠤᠨ ᠦᠵᠡᠮᠵᠢ ᠶᠢᠨ ᠣᠷᠣᠨ︾᠂ ︽ᠤᠯᠤᠰ ᠎ ᠤᠨ ᠲᠡᠰ ᠤᠨ ᠵᠢᠱᠢᠶ᠎ᠡ ᠦᠵᠡᠭᠦᠯᠬᠦ ᠰᠠᠭᠤᠷᠢᠨ︾᠂ ︽ᠳᠤᠮᠳᠠᠳᠤ ᠤᠯᠤᠰ ᠎ ᠤᠨ ᠬᠠᠮᠤᠭ ᠤᠨ ᠰᠠᠶᠢᠨ ᠰᠢᠨ᠎ᠡ ᠶᠢ ᠡᠭᠦᠳᠬᠦ ᠦᠵᠡᠮᠵᠢ ᠶᠢᠨ ᠣᠷᠣᠨ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠦᠵᠡᠯ ᠎ ᠤᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ‌‍ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠥᠮᠦᠵᠢᠯ ᠤᠨ ᠰᠠᠭᠤᠷᠢᠨ︾᠎ ᠢᠶᠠᠷ ᠪᠦᠷᠢᠯᠳᠦᠵᠦ᠂ ᠨᠡᠶᠢᠲᠡ 92 ᠲᠦᠮᠡ ᠭᠠᠷᠤᠶ ᠵᠤᠭᠠᠴᠠᠭᠰᠠᠳ ᠢ ᠬᠦᠯᠢᠶᠡᠨ ᠠᠪᠴᠤ ᠵᠣᠴᠢᠯᠠᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ  ᠤᠨ ᠣᠷᠳᠣᠨ ᠤ ᠲᠡᠷᠢᠭᠦᠯᠡᠭᠴᠢ ᠪᠦ᠋ ᠰᠢᠶᠣᠤ ᠯᠢᠨ ᠨᠥᠬᠦᠷ ᠤᠷᠢᠳ ᠬᠤᠵᠢᠳ 4 ᠤᠳᠠᠭ᠎ᠠ ᠬᠦᠷᠴᠦ ᠠᠵᠢᠯ ᠢ ᠵᠢᠯᠣᠭᠤᠳᠴᠤ᠂ ᠬᠦᠷᠢᠶᠡᠯᠡᠩ ᠲᠣᠭᠤᠷᠢᠭ  ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠳᠣᠬᠠᠨ ᠤ ᠬᠡᠪᠴᠢᠶ᠎ᠡ ᠪᠠᠷ ᠬᠠᠮᠤᠭ ᠤᠨ ᠶᠡᠭᠡ᠂ ᠮᠠᠲ᠋ᠧᠷᠢᠶᠠᠯ ᠬᠠᠮᠤᠭ ᠤᠨ ᠪᠦᠷᠢᠨ᠂ ᠠᠵᠢᠯᠲᠠᠨ ᠤ ᠬᠠᠮᠢᠶᠠᠷᠤᠯᠲᠠ ᠬᠠᠮᠤᠭ ᠤᠨ ᠰᠠᠶᠢᠨ ᠶᠡᠷᠦᠩᠬᠡᠶᠢᠯᠡᠭᠰᠡᠨ ᠴᠢᠨᠠᠷᠲᠠᠶ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ︾ ᠭᠡᠵᠦ ᠦᠨᠡᠯᠡᠪᠡ  ᠃     ᠬᠤᠶᠠᠷ᠂ ᠣᠷᠳᠣᠨ ᠤ ᠲᠣᠭᠤᠷᠢᠭ ᠤᠨ ᠦᠵᠡᠭᠦᠯᠦᠯᠭᠡ     1.ᠵᠢᠨᠢᠩ ᠤᠨ ᠳᠠᠶᠢᠯᠠᠯᠳᠤᠭᠠᠨ ᠤ ᠳᠤᠷᠠᠰᠬᠠᠯ  ᠤᠨ ᠣᠷᠳᠣᠨ      ᠵᠢᠨᠢᠩ ᠤᠨ ᠳᠠᠶᠢᠯᠠᠯᠳᠤᠭᠠᠨ ᠤ ᠳᠤᠷᠠᠰᠬᠠᠯ ‍ᠤᠨ‌ᠣᠷᠳᠣᠨ 10000 ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠢ 4710 ᠲᠡᠭᠰᠢ ᠳᠥᠷᠪᠡᠯᠵᠢᠨ ᠮᠧᠲᠷ ᠢ ᠡᠵᠡᠯᠡᠵᠦ᠂ 2010 ᠣᠨ 10 ᠰᠠᠷ᠎ᠠ ᠶᠢᠨ 29᠎ ᠤ ᠡᠳᠦᠷ ᠡᠭᠦᠳᠡ ᠪᠠᠨ ᠨᠡᠭᠡᠭᠡᠪᠡ᠃ ᠨᠣᠮ ᠤᠨ ᠰᠠᠩ ᠤᠨ ᠳᠣᠲᠣᠷᠠᠬᠢ ᠦᠨᠳᠦᠰᠦᠨ ᠬᠡᠰᠡᠭ ᠢ ᠳᠡᠭᠡᠷ᠎ᠡ ᠳᠣᠤᠷ᠎ᠠ ᠬᠤᠶᠠᠷ ᠳᠠᠪᠬᠤᠷᠭ᠎ᠠ ᠬᠤᠪᠢᠶᠠᠵᠤ᠂ ᠦᠵᠡᠭᠦᠯᠦᠯᠭᠡ ᠶᠢᠨ ᠱᠤᠭᠤᠮ ᠤᠨ ᠪᠦᠬᠦ ᠤᠷᠳᠤ ᠨᠢ 612 ᠮᠧᠲᠷ ᠪᠠᠶᠢᠵᠤ᠂ ᠦᠵᠡᠰᠬᠦᠯᠡᠩ ᠢ 8 ᠬᠡᠰᠡᠭ 19 ᠨᠢᠭᠡᠴᠢ᠂ 1  ᠲᠦᠷ  ᠴᠠᠭ ᠤᠨ ᠲᠢᠩᠬᠢᠮ ᠵᠢᠴᠢ 7 ᠰᠡᠷᠭᠦᠭᠡᠯᠲᠡ  ᠠᠬᠤᠢ  ᠦᠵᠡᠮᠵᠢ᠂ ᠡᠯ᠎ᠡ ᠲᠥᠷᠥᠯ ᠤᠨ ᠨᠡᠷᠡᠳᠦ ᠭᠡᠷᠡᠯ ᠵᠢᠷᠤᠭ᠂ ᠪᠠᠭᠤᠯᠭᠠᠪᠤᠷᠢ ᠪᠦᠲᠦᠭᠡᠯ ᠪᠠ ᠤᠷᠠᠯᠢᠭ ᠤᠨ ᠪᠦᠲᠦᠭᠡᠯ  1200 ᠭᠠᠷᠤᠶ ᠵᠦᠢᠯ ᠎ ᠢ ᠳᠡᠯᠭᠡᠨ ᠦᠵᠡᠭᠦᠯᠪᠡ  ᠃ ᠣᠷᠳᠣᠨ ᠤ ᠳᠣᠲᠣᠷ᠎ᠠ ᠪᠠᠰᠠ ᠳᠠᠭᠤ ᠭᠡᠷᠡᠯ ᠴᠠᠬᠢᠯᠭᠠᠨ ᠤ ᠬᠠᠭᠠᠰ ᠦᠵᠡᠮᠵᠢ ᠶᠢᠨ ᠵᠢᠷᠤᠭ᠂ ᠵᠡᠷᠭᠡᠯᠭᠡᠨ ᠵᠢᠷᠤᠭ᠂ 5 D ᠺᠢᠨᠣ᠋ ᠲᠧᠯᠸᠢᠰ ᠤᠨ ᠲᠢᠩᠬᠢᠮ ᠵᠡᠷᠭᠡ ᠣᠯᠠᠨ ᠵᠠᠭᠤᠴᠢᠳᠤ ᠲᠥᠬᠦᠭᠡᠷᠦᠮᠵᠢ ᠲᠣᠬᠢᠷᠠᠭᠤᠯᠵᠤ᠂ ᠲᠡᠷᠢᠭᠦᠨ ᠤ ᠳᠡᠯᠭᠡᠨ ᠦᠵᠡᠭᠦᠯᠬᠦ ᠮᠡᠷᠭᠡᠵᠢᠯ ᠪᠠ ᠨᠥᠯᠥᠭᠡᠯᠡᠬᠦ ᠬᠦᠴᠦᠨ ᠲᠡᠭᠦᠯᠳᠡᠷ ᠤᠷᠠᠯᠢᠭ ᠤᠨ ᠠᠷᠭ᠎ᠠ ᠪᠠᠷᠢᠯ ᠢᠶᠠᠷ ᠵᠢᠨᠢᠩ ᠤᠨ ᠳᠠᠶᠢᠯᠠᠯᠳᠤᠭᠠᠨ ᠤ ᠪᠦᠷᠢᠨ ᠪᠦᠲᠦᠨ ᠶᠠᠪᠤᠴᠠ ᠪᠠ ᠴᠢᠬᠤᠯᠠ ᠶᠡᠭᠡ ᠠᠴᠢ ᠬᠤᠯᠪᠣᠭᠳᠠᠯ ᠢ ᠠᠮᠢᠳᠤᠯᠢᠭ ᠢᠶᠠᠷ ᠢᠯᠡᠷᠡᠭᠦᠯᠦᠭᠰᠡᠨ ᠪᠠᠶᠢᠨ᠎ᠠ᠃      2. ᠤᠯᠠᠭᠠᠨᠴᠠᠪ ᠤᠨ  ᠨᠠᠮ ᠲᠡᠤᠬᠡ ᠵᠢᠨ‌ᠣᠷᠳᠣᠨ      ᠤᠯᠠᠭᠠᠨᠴᠠᠪ ᠤᠨ ᠨᠠᠮ ᠲᠡᠤᠬᠡ ᠶᠢᠨ ᠣᠷᠳᠣᠨ 20617 ᠲᠡᠭᠰᠢ ᠲᠦᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠢ 7700 ᠲᠡᠭᠰᠢ ᠲᠦᠷᠪᠡᠯᠵᠢᠨ ᠮᠧᠲᠷ᠂ ᠳᠡᠯᠭᠡᠨ ᠦᠵᠡᠭᠦᠯᠬᠦ ᠲᠠᠯᠠᠪᠠᠢ 6000 ᠲᠡᠭᠰᠢ ᠲᠦᠷᠪᠡᠯᠵᠢᠨ ᠮᠧᠲᠷ᠂ ᠦᠵᠡᠭᠦᠯᠦᠯᠭᠡ ᠶᠢᠨ ᠱᠤᠭᠤᠮ ᠤᠨ ᠪᠥᠬᠦ ᠤᠷᠲᠤ ᠨᠢ 2000 ᠮᠧᠲᠷ ᠪᠣᠯᠤᠨ᠎ᠠ᠃ ᠭᠤᠤᠯᠳᠠᠭᠤ ᠳᠤᠮᠳᠠᠳᠤ ᠤᠯᠤᠰ ᠎ ᠤᠨ ᠡᠪ ᠬᠠᠮᠲᠤ ᠨᠠᠮ ᠤᠨ ᠳᠠᠭᠠᠭᠤᠯᠭ᠎ᠠ ᠳᠣᠤᠷ᠎ᠠ᠂ 1921 ᠣᠨ ᠠᠴᠠ ᠤᠳᠤ ᠬᠦᠷᠳᠡᠯ᠎ᠡ᠂ ᠤᠯᠠᠭᠠᠨᠴᠠᠪ ᠎ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠂ ᠬᠥᠭᠵᠢᠯᠲᠡ ᠶᠢᠨ ᠥᠩᠭᠡᠷᠡᠯᠲᠡ ᠵᠢᠴᠢ ᠤᠯᠠᠭᠠᠨᠴᠠᠪ ᠣᠷᠣᠨ ᠤ ᠤᠯᠤᠰ ᠲᠥᠷᠥ᠂ ᠠᠵᠤ ᠠᠬᠤᠶ᠂ ᠰᠣᠶᠣᠯ᠂ ᠨᠡᠶᠢᠭᠡᠮ᠂ ᠠᠮᠢ ᠠᠬᠤᠢ ᠶᠢᠨ ᠡᠯ᠎ᠡ ᠵᠦᠢᠯ ᠤᠨ ᠦᠢᠯᠡᠰ ᠤᠨ ᠣᠯᠤᠭᠰᠠᠨ ᠯᠤᠲᠤ ᠶᠡᠭᠡ ᠠᠮᠵᠢᠯᠲᠠ ᠶᠢ ᠲᠣᠭᠠᠴᠢᠨ ᠶᠠᠷᠢᠪᠠ᠃ ᠨᠣᠮ ᠤᠨ ᠰᠠᠩ ᠤᠨ ᠦᠵᠡᠭᠦᠯᠦᠯᠭᠡ ᠶᠢᠨ ᠠᠭᠤᠯᠭ᠎ᠠ ᠶᠢ 4 ᠶᠡᠭᠡ ᠬᠡᠰᠡᠭ 11 ᠨᠢᠭᠡᠴᠡ ᠬᠤᠪᠢᠶᠠᠵᠤ᠂ 5 ᠰᠠᠭᠤᠷᠢ ᠣᠯᠠᠨ ᠵᠠᠭᠤᠴᠢᠲᠤ ᠦᠵᠡᠭᠦᠯᠦᠯᠭᠡ ᠶᠢᠨ ᠲᠥᠷᠥᠯ  ᠵᠦᠢᠯ ᠲᠠᠢ ᠬᠠᠮᠵᠢᠯᠴᠠᠨ᠂ ᠳᠤᠮᠳᠠᠳᠤ ᠤᠯᠤᠰ ᠎ ᠤᠨ ᠡᠪ ᠬᠠᠮᠲᠤ ᠨᠠᠮ ᠤᠨ ᠤᠯᠠᠭᠠᠨᠴᠠᠪ ᠣᠷᠣᠨ ᠳᠤ ᠬᠥᠭᠵᠢᠭᠰᠡᠨ ᠡᠨᠡ ᠬᠡᠰᠡᠭ ᠲᠡᠤᠬᠡ ᠶᠢ ᠪᠦᠬᠦ ᠲᠠᠯ᠎ᠠ ᠪᠠᠷ ᠳᠡᠯᠭᠡᠨ ᠦᠵᠡᠭᠦᠯᠵᠦ᠂ ᠤᠯᠠᠭᠠᠨᠴᠠᠪ ᠤᠨ ᠣᠷᠣᠨ ᠨᠤᠲᠤᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠠᠷᠠᠳ ᠤᠨ ᠬᠤᠪᠢᠰᠬᠠᠯ ᠢ ᠤᠳᠤᠷᠢᠳᠤᠭᠰᠠᠨ᠂ ᠨᠤᠲᠤᠭ ᠣᠷᠣᠨ ᠢᠶᠠᠨ ᠪᠦᠲᠦᠭᠡᠨ ᠪᠠᠶᠢᠭᠤᠯᠤᠭᠰᠠᠨ ᠲᠡᠮᠡᠴᠡᠯ ᠤᠨ ᠲᠡᠤᠬᠡ᠂ ᠰᠢᠨ᠎ᠡ ᠶᠢ ᠡᠭᠦᠳᠦᠭᠰᠡᠨ ᠲᠡᠤᠬᠡ ᠪᠣᠯᠤᠨ ᠲᠣᠰ ᠪᠡᠶ᠎ᠡ ᠶᠢᠨ ᠪᠦᠲᠦᠭᠡᠨ ᠪᠠᠶᠢᠭᠤᠯᠤᠯᠲᠠ ᠶᠢᠨ ᠲᠡᠤᠬᠡ ᠶᠢ ᠠᠮᠢᠳᠤᠯᠢᠭ ᠢᠶᠠᠷ ᠲᠤᠰᠬᠠᠵᠤ᠂ ᠤᠯᠠᠭᠠᠨᠴᠠᠪ ᠤᠨ ᠣᠷᠣᠨ ᠨᠤᠲᠤᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠣᠯᠤᠭᠰᠠᠨ ᠠᠭᠤᠤ ᠭᠠᠪᠢᠶ᠎ᠠ ᠠᠤᠭ᠎ᠠ ᠵᠢᠳᠬᠦᠯ ᠪᠣᠯᠤᠨ ᠲᠡᠤᠬᠡᠨ ᠲᠤᠷᠰᠢᠯᠭ᠎ᠠ ᠶᠢ ᠳᠡᠯᠭᠡᠨ ᠦᠵᠡᠭᠦᠯᠵᠡᠶ᠃      3. ᠢᠯᠠᠯᠲᠠ ᠲᠠᠯᠠᠪᠠᠢ      ᠢᠯᠠᠯᠲᠠ ᠶᠢᠨ ᠲᠠᠯᠠᠪᠠᠢ 3.4 ᠲᠦᠮᠡᠨ ᠲᠡᠭᠰᠢ ᠳᠥᠷᠪᠡᠯᠵᠢᠨ ᠮᠧᠲᠷ ᠡᠵᠡᠯᠡᠵᠦ᠂ ᠭᠤᠤᠯ ᠰᠡᠳᠦᠪ᠂ ᠡᠯᠪᠡᠭ ᠪᠠᠶᠠᠯᠢᠭ ᠠᠭᠤᠯᠭ᠎ᠠ ᠪᠠᠷ ᠲᠣᠭᠤᠷᠢᠨ ᠦᠵᠡᠭᠴᠢᠳ ᠲᠤ ᠡᠬᠡ ᠤᠯᠤᠰ ᠎ ᠤᠨ ᠤᠮᠠᠷᠠᠲᠤ ᠬᠢᠯᠢ ᠶᠢᠨ ᠠᠭᠤᠯᠠᠨ ᠬᠤᠲᠠ ᠵᠢᠨᠢᠩ ᠢ ᠳᠡᠯᠭᠡᠨ ᠦᠵᠡᠭᠦᠯᠵᠦ᠂ ᠭᠠᠰᠠᠯᠠᠩ ᠵᠣᠪᠠᠯᠠᠩ ᠠᠴᠠ ᠢᠯᠠᠯᠲᠠ ᠶᠢᠨ ᠲᠡᠤᠬᠡ ᠵᠦᠭ ᠤᠷᠤᠭᠰᠢᠯᠠᠪᠠ᠃ ᠠᠭᠤᠳᠠᠮ ᠲᠠᠯᠠᠪᠠᠢ ᠶᠢᠨ ᠭᠤᠤᠯ ᠲᠡᠩᠭᠡᠯᠢᠭ ᠱᠤᠭᠤᠮ ᠠᠴᠠ ᠡᠬᠢᠯᠡᠵᠦ᠂ ᠭᠠᠵᠠᠷ ᠤᠨ ᠭᠠᠳᠠᠷᠭᠤ ᠪᠠ ᠴᠠᠭᠠᠨ ᠬᠠᠰ ᠭᠦᠳᠦᠭᠦᠷ ᠰᠡᠶᠢᠯᠦᠮᠡᠯ ᠤᠨ ᠬᠡᠯᠪᠡᠷᠢ ᠪᠠᠷ᠂ ᠡᠷᠲᠡᠨ ᠤ ᠵᠢᠨᠢᠩ ᠤᠨ ᠬᠤᠲᠠ ᠪᠠᠶᠢᠭᠤᠯᠤᠭᠰᠠᠨ ᠲᠡᠤᠬᠡ᠂ ᠴᠡᠷᠢᠭ  ᠤᠨ ᠶᠠᠪᠤᠳᠠᠯ ᠤᠨ ᠴᠢᠬᠤᠯᠠ ᠪᠠᠯᠭᠠᠰᠤ ᠪᠣᠯᠤᠭᠰᠠᠨ ᠬᠥᠭᠵᠢᠯᠲᠡ ᠶᠢᠨ ᠲᠡᠤᠬᠡ᠂ ᠶᠠᠫᠣᠨ ᠢ ᠡᠰᠡᠷᠭᠦᠴᠡᠬᠦ ᠳᠠᠶᠢᠨ ᠤ ᠦᠶ᠎ᠡ ᠶᠢᠨ ᠲᠦᠷᠢᠮᠡᠬᠡᠶᠢᠯᠡᠯ ᠢ ᠡᠰᠡᠷᠭᠦᠴᠡᠭᠰᠡᠨ ᠲᠡᠤᠬᠡ ᠶᠢ ᠳᠡᠯᠭᠡᠨ ᠦᠵᠡᠭᠦᠯᠵᠡᠶ᠃ ᠠᠭᠤᠳᠠᠮ ᠲᠠᠯᠠᠪᠠᠢ ᠶᠢᠨ ᠭᠤᠤᠯ ᠰᠡᠳᠦᠪᠲᠦ ᠱᠤᠭᠤᠮᠠᠯ ᡺ ︽ᠢᠯᠠᠯᠲᠠ ᠶᠢᠨ ᠭᠤᠤᠯ ᠱᠤᠭᠤᠮᠠᠯ︾᠎ ᠨᠢ ᠴᠢᠯᠥᠭᠡᠯᠡᠬᠦ ᠴᠡᠷᠢᠭ  ᠤᠨ 3 ᠪᠠᠶᠢᠯᠳᠤᠭᠴᠢ ᠶᠢᠨ ᠬᠦᠷᠡᠯ ᠬᠥᠷᠥᠭ ᠪᠠ ︽1948︾ ᠭᠡᠰᠡᠨ ᠦᠰᠦᠭ ᠲᠠᠢ ᠬᠠᠳᠬᠤᠭᠤᠷ ᠪᠠᠷ ᠪᠦᠷᠢᠯᠳᠦᠵᠦ᠂ ︽ ᠳᠠᠶᠢᠨ ᠳᠤ ᠭᠠᠷᠴᠤ ᠳᠠᠶᠢᠰᠤᠨ ᠢ ᠠᠯᠠᠨ᠎ᠠ︾ ︽ᠰᠡᠯᠡᠮ᠎ᠡ ᠬᠤᠷᠦ᠋ᠢᠯᠠᠵᠤ ᠡᠶ᠎ᠡ ᠨᠠᠶᠢᠷᠠᠮᠳᠠᠭᠤ ᠶᠢ ᠲᠡᠮᠡᠴᠡᠨ ᠤᠯᠬᠤ︾ ᠭᠡᠰᠡᠨ ᠬᠤᠶᠠᠷ ᠬᠦᠰᠢᠭᠡ  ᠶᠢ ᠪᠤᠰᠬᠠᠵᠦ᠂ 1948 ᠣᠨ ᠵᠢᠨᠢᠩ ᠴᠢᠯᠥᠭᠡᠯᠡᠭᠳᠡᠬᠦ  ᠦᠶ᠎ᠡ ᠳᠤ ᠴᠡᠷᠢᠭ ᠠᠷᠠᠳ ᠬᠠᠮᠲᠤ ᠪᠠᠷ ᠢᠯᠠᠯᠲᠠ ᠪᠠᠨ ᠪᠡᠯᠭᠡᠯᠡᠵᠡᠶ᠃      4. ᠳᠤᠷᠠᠰᠬᠠᠯ  ᠤᠨ ᠠᠭᠤᠳᠠᠮ ᠲᠠᠯᠠᠪᠠᠢ      ᠳᠤᠷᠠᠰᠬᠠᠯ ᠤᠨ ᠲᠠᠯᠠᠪᠠᠢ 2 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂  ᠲᠠᠯᠠᠪᠠᠢ ᠶᠢᠨ ᠲᠥᠪ ᠲᠤ ᠳᠤᠷᠠᠰᠬᠠᠯ  ᠤᠨ ᠱᠤᠭᠤᠮᠠᠯ ᠪᠣᠶ᠃ ᠳᠤᠷᠠᠰᠬᠠᠯ  ᠤᠨ ᠱᠤᠭᠤᠮᠠᠯ ᠨᠢ ᠵᠢᠨᠢᠩ ᠤᠨ ᠳᠠᠶᠢᠯᠠᠯᠳᠤᠭᠠᠨ ᠤ 7 ᠭᠤᠤᠯ ᠵᠢᠯᠣᠭᠤᠳᠤᠮᠵᠢ ᠶᠢ ᠳᠡᠯᠭᠡᠨ ᠦᠵᠡᠭᠦᠯᠵᠡᠶ᠃  ᠾᠧ ᠯᠦᠡᠭ᠂ ᠨᠢᠶᠧ ᠷᠦᠡᠭ ᠵᠧᠨ᠂ ᠯᠦ ᠷᠦᠢ ᠴᠢᠩ᠂ ᠰᠢᠤᠢ ᠭᠤᠸᠠᠩ ᠳ᠋ᠠ᠂ ᠵᠠᠩ ᠽᠦᠩ ᠰᠢᠶᠦ᠋ᠨ᠂ ᠶᠠᠩ ᠴᠧᠩ ᠦ᠋  ᠂ ᠶᠣᠣ ᠵᠢᠢ ᠵᠡᠷᠭᠡ ᠬᠦᠮᠦᠰ ᠤᠨ ᠱᠤᠭᠤᠮᠠᠯ ᠎ ᠢ ᠠᠷᠤ ᠦᠵᠡᠭᠳᠡᠯ ᠤᠨ ᠬᠡᠷᠡᠮ ᠳᠡᠭᠡᠷ᠎ᠡ ᠰᠡᠶᠢᠯᠦᠭᠰᠡᠨ ᠪᠠᠶᠢᠳᠠᠭ᠃ ᠭᠤᠷᠪᠠᠨ ᠤᠳᠠᠭᠠᠨ ᠤ ᠵᠢᠨᠢᠩ ᠤᠨ ᠳᠠᠶᠢᠯᠠᠯᠳᠤᠭᠠᠨ ᠤ ᠲᠠᠶᠢᠯᠪᠤᠷᠢ ᠵᠢᠷᠤᠭ ᠪᠠ ᠮᠠᠤ ᠲᠡᠷᠢᠭᠦᠯᠡᠭᠴᠢ ᠶᠢᠨ ᠵᠢᠨᠢᠩ ᠤᠨ ᠡᠮᠦᠨ᠎ᠡ ᠹᠷᠣᠨᠲ ᠲᠤ ᠢᠯᠡᠭᠡᠭᠰᠡᠨ ᠬᠠᠳᠬᠤᠭᠤᠷ ᠰᠡᠶᠢᠯᠦᠭᠰᠡᠨ ᠵᠢᠷᠤᠭ  ᠪᠠᠶᠢᠳᠠᠭ᠂ ᠬᠠᠮᠤᠭ ᠳᠡᠭᠡᠷ᠎ᠡ ᠲᠠᠯ᠎ᠠ ᠳᠤᠨᠢ ᠤᠯᠠᠭᠠᠨ ᠪᠦᠰᠡ ᠪᠠ ᠳᠠᠭᠠᠷᠢᠯᠲᠠ ᠶᠢᠨ ᠪᠦᠷᠢᠶᠡᠨ ᠤ ᠰᠠᠨᠠᠭ᠎ᠠ ᠲᠥᠷᠬᠦ ᠶᠢᠨ ᠱᠤᠭᠤᠮᠠᠯ ᠪᠠᠶᠢᠳᠠᠭ᠂ ᠲᠡᠷᠡ ᠨᠢ ᠬᠤᠪᠢᠰᠬᠠᠯ ᠤᠨ ᠲᠥᠯᠥᠭᠡ ᠦᠷᠡᠭᠳᠡᠯ ᠰᠦᠢᠳᠦᠯ ᠠᠴᠠ ᠠᠶᠤᠬᠤ ᠦᠭᠡᠢ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠬᠤ ᠳᠠᠶᠢᠴᠢᠨ ᠵᠣᠷᠢᠭ ᠰᠠᠨᠠᠭ᠎ᠠ ᠶᠢ ᠲᠥᠯᠥᠭᠡᠯᠡᠵᠦ᠂ ᠬᠤᠶᠢᠴᠢ ᠦᠶ᠎ᠡ ᠶᠢᠨ ᠬᠢᠨ ᠢᠶᠠᠨ ᠰᠤᠷᠭᠠᠨ ᠬᠥᠮᠦᠵᠢᠭᠦᠯᠵᠦ  ᠂ ᠵᠢᠨᠢᠩ ᠤᠨ ᠡᠮᠦᠨ᠎ᠡ ᠹᠷᠣᠨᠲ ᠲᠤ ᠦᠯᠡᠳᠡᠭᠡᠭᠰᠡᠨ ᠭᠡᠷᠢᠶᠡᠰ ᠵᠣᠷᠢᠭ ᠢ ᠨᠢ ᠵᠠᠯᠭᠠᠮᠵᠢᠯᠠᠨ‌ᠡᠭᠦᠳᠦᠨ ᠨᠡᠭᠡᠭᠡᠭᠰᠡᠨ ᠪᠠᠶᠢᠨ᠎ᠠ᠃       5 .  ᠰᠦᠢᠶᠤᠸᠠᠨ ᠮᠣᠩᠭᠤᠯ ᠵᠠᠰᠠᠭ ‍ᠤᠨ‌ᠣᠷᠳᠣᠨ ᠤ ᠳᠤᠷᠠᠰᠬᠠᠯ  ᠤᠨ ᠲᠠᠯᠠᠪᠠᠢ      ᠰᠦᠢᠶᠤᠸᠠᠨ ᠤ ᠮᠣᠩᠭᠤᠯ ᠵᠠᠰᠠᠭ  ᠤᠨ ᠣᠷᠳᠣᠨ ᠤ ᠳᠤᠷᠠᠰᠬᠠᠯ ‍ᠤᠨ‌‍ᠲ᠋ᠠᠯᠠᠪᠠᠢ 300 ᠲᠡᠭᠰᠢ ᠳᠥᠷᠪᠡᠯᠵᠢᠨ ᠮᠧᠲᠷ ᠢ ᠡᠵᠡᠯᠡᠵᠦ᠂ ᠠᠭᠤᠳᠠᠮ ᠲᠠᠯᠠᠪᠠᠢ ᠶᠢᠨ ᠲᠥᠪ ᠲᠤ ᠰᠦᠢᠮᠧᠩ ᠤᠨ ᠵᠠᠰᠠᠭ  ᠤᠨ ᠣᠷᠳᠣᠨ ᠤ ᠲᠡᠷᠢᠭᠦᠯᠡᠭᠴᠢ ᠤᠯᠠᠭᠠᠨᠬᠦᠤ ᠪᠣᠯᠤᠨ ᠳᠡᠳ᠋ ᠲᠡᠷᠢᠭᠦᠯᠡᠭᠴᠢ ᠶᠠᠩ ᡁᠢ ᠯᠢᠨ ᠤ ᠬᠦᠷᠡᠯ ᠱᠤᠭᠤᠮᠠᠯ ᠰᠦᠨᠳᠡᠷᠯᠡᠵᠦ᠂ ᠬᠦᠷᠡᠯ ᠱᠤᠭᠤᠮᠠᠯ ᠤᠨ ᠠᠷᠤ ᠳᠤ ᠮᠣᠩᠭᠤᠯ ᠬᠢᠲᠠᠳ ᠠᠷᠠᠳ ᠲᠦᠮᠡᠨ ᠪᠦᠯᠬᠦᠮᠳᠡᠨ ᠨᠢᠭᠡᠳᠴᠦ᠂ ᠬᠠᠮᠲᠤ ᠪᠠᠷ ᠡᠮᠦᠨ᠎ᠡ ᠹᠷᠣᠨᠲ ᠢ ᠲᠤᠰᠠᠯᠠᠬᠤ ᠪᠦᠲᠦᠭᠡᠯᠴᠢ ᠱᠤᠭᠤᠮᠠᠯ ᠪᠣᠶ᠃       6. ᠵᠠᠩᠵᠤᠨ ᠤ ᠬᠦᠷᠢᠶᠡᠯᠡᠩ       ᠵᠠᠩᠵᠤᠨ ᠤ ᠴᠡᠴᠡᠷᠯᠢᠭ ᠲᠤ ᠵᠢᠨᠢᠩ ᠤᠨ 3 ᠤᠳᠠᠭᠠᠨ ᠤ ᠳᠠᠶᠢᠯᠠᠯᠳᠤᠭᠠᠨ ᠢ ᠵᠢᠯᠣᠭᠤᠳᠬᠤ ᠪᠠ ᠲᠡᠭᠦᠨ ᠳᠤ ᠣᠷᠣᠯᠴᠠᠵᠤ᠂ ᠤᠯᠤᠰ ᠪᠠᠶᠢᠭᠤᠯᠤᠭᠳᠠᠭᠰᠠᠨ ᠤ ᠳᠠᠷᠠᠭ᠎ᠠ ᠬᠤᠰᠢᠭᠤᠴᠢ ᠭᠧᠨᠧᠷᠠᠯ ᠠᠴᠠ ᠳᠡᠭᠡᠭᠰᠢᠬᠢ ᠴᠡᠷᠢᠭ  ᠤᠨ ᠴᠣᠯᠠ ᠣᠯᠤᠭᠰᠠᠨ 131 ᠬᠠᠭᠠᠰ ᠪᠡᠶ᠎ᠡ ᠶᠢᠨ ᠱᠤᠭᠤᠮᠠᠯ ᠬᠦᠷᠦᠭ ᠢ ᠳᠡᠯᠭᠡᠨ ᠦᠵᠡᠭᠦᠯᠵᠡᠶ᠃ ᠲᠡᠳᠡ ᠵᠢᠨᠢᠩ ᠤᠨ ᠳᠠᠶᠢᠯᠠᠯᠳᠤᠭᠠᠨ ᠳᠤ ᠭᠠᠪᠢᠶ᠎ᠠ ᠪᠠᠶᠢᠭᠤᠯᠵᠤ᠂ ᠴᠢᠯᠥᠭᠡᠯᠡᠬᠦ  ᠳᠠᠶᠢᠨ ᠳᠤ ᠭᠠᠷᠮᠠᠭᠠᠶ ᠬᠤᠪᠢ ᠨᠡᠮᠡᠷᠢ ᠦᠵᠡᠭᠦᠯᠵᠡᠶ᠃        7.  ᠨᠡᠷᠡᠳᠦ ᠬᠦᠮᠦᠰ ᠤᠨ ᠬᠦᠷᠢᠶᠡᠯᠡᠭ      ᠰᠦᠢᠶᠤᠸᠠᠨ ᠳᠤ ᠵᠢᠨᠢᠩ ᠤᠨ ᠭᠤᠷᠪᠠᠨ ᠤᠳᠠᠭᠠᠨ ᠤ ᠳᠠᠶᠢᠯᠠᠯᠳᠤᠭᠠᠨ ᠢ ᠵᠢᠯᠣᠭᠤᠳᠬᠤ ᠪᠠ ᠲᠡᠭᠦᠨ ᠳᠤ ᠣᠷᠣᠯᠴᠠᠵᠤ ᠥᠩᠭᠡᠷᠡᠭᠰᠡᠨ᠂ ᠤᠯᠤᠰ ᠪᠠᠶᠢᠭᠤᠯᠤᠭᠳᠠᠭᠰᠠᠨ ᠤ ᠳᠠᠷᠠᠭ᠎ᠠ ᠮᠣᠵᠢ ᠶᠠᠮᠤᠨ ᠤ ᠲᠡᠰ ᠠᠴᠠ ᠳᠡᠭᠡᠭᠰᠢᠬᠢ ᠲᠤᠰᠢᠶᠠᠯ ᠡᠭᠦᠷᠭᠡᠯᠡᠵᠦ ᠪᠠᠶᠢᠭᠰᠠᠨ 17 ᠨᠡᠷ᠎ᠡ ᠲᠤᠰᠢᠶᠠᠯ ᠣᠯᠭᠤᠭᠰᠠᠨ ᠦᠭᠡᠢ ᠤᠳᠤᠷᠢᠳᠤᠯᠭ᠎ᠠ ᠶᠢᠨ ᠱᠤᠭᠤᠮᠠᠯ ᠬᠦᠷᠦᠭ ᠪᠠᠶᠢᠵᠤ᠂ ᠡᠭᠦᠨ ᠤ ᠳᠣᠲᠣᠷ᠎ᠠ ᠵᠧᠤ  ᠡᠸ᠋ᠨ ᠯᠠᠶ᠂  ᠬᠤ᠋  ᠶᠤᠤ ᠪᠠᠨᠭ᠌  ᠂᠂ ᠯᠢ ᠵᠢᠩ ᠴᠢᠤᠸᠠᠨ᠂ ᠵᠧᠩ ᠲᠢᠶᠠᠨ ᠰᠢᠶᠠᠩ ᠵᠡᠷᠭᠡ ᠪᠠᠶᠢᠪᠠ᠃       8. ᠬᠥᠰᠢᠶᠡᠨ ᠤ ᠣᠢ ᠰᠢᠭᠤᠶ ᠶᠢᠨ ᠬᠦᠷᠢᠶᠡᠯᠡᠩ       ᠬᠥᠰᠢᠶᠡᠨ ᠤ ᠣᠢ ᠰᠢᠭᠤᠶ ᠶᠢᠨ ᠬᠦᠷᠢᠶᠡᠯᠡᠩ ᠳᠤ ᠬᠡᠯᠪᠡᠷᠢ ᠳᠦᠷᠰᠦ ᠨᠢ ᠣᠨᠴᠠᠭᠠᠢ 20 ᠴᠢᠯᠠᠭᠤᠨ ᠬᠥᠰᠢᠶ᠎ᠡ ᠪᠣᠰᠬᠠᠵᠤ᠂ ᠳᠡᠭᠡᠷ᠎ᠡ ᠨᠢ ᠮᠠᠤ ᠲᠡᠷᠢᠭᠦᠯᠡᠭᠴᠢ ᠶᠢᠨ ᠵᠢᠨᠢᠩ ᠤᠨ ᠳᠠᠶᠢᠯᠠᠯᠳᠤᠭᠠᠨ ᠤ ᠬᠤᠭᠤᠴᠠᠭᠠᠨ ᠳᠤ ᠡᠮᠦᠨ᠎ᠡ ᠹᠷᠣᠨᠲ ᠲᠤ ᠥᠭᠭᠦᠭᠰᠡᠨ ᠪᠠᠴᠢᠮ ᠬᠥᠰᠢᠶ᠎ᠡ ᠶᠢ ᠲᠤᠰ ᠲᠤᠰ ᠰᠡᠶᠢᠯᠵᠦ᠂ ᠤᠯᠤᠰ ᠪᠠᠶᠢᠭᠤᠯᠤᠭᠰᠠᠨ ᠮᠠᠷᠱᠠᠯ᠂ ᠡᠯ᠎ᠡ ᠱᠠᠲᠤᠨ ᠤ ᠳᠠᠷᠤᠭ᠎ᠠ ᠵᠢᠴᠢ ᠡᠯ᠎ᠡ ᠡᠲᠡᠭᠡᠳ ᠤᠨ ᠬᠥᠮᠦᠰ ᠤᠨ ᠲᠣᠭᠤᠷᠢᠨ ᠦᠵᠡᠭᠰᠡᠨ ᠪᠢᠴᠢᠭᠡᠰᠦ ᠶᠢ ᠲᠤᠰ ᠲᠤᠰ ᠰᠡᠶᠢᠯᠦᠭᠰᠡᠨ ᠪᠠᠶᠢᠨ᠎ᠠ᠃       9. ᠡᠮᠦᠨ᠎ᠡ ᠹᠷᠣᠨᠲ ᠢ ᠲᠤᠰᠠᠯᠠᠬᠤ ᠠᠭᠤᠳᠠᠮ ᠲᠠᠯᠠᠪᠠᠢ       ᠡᠮᠦᠨ᠎ᠡ ᠹᠷᠣᠨᠲ ᠢ ᠲᠤᠰᠠᠯᠠᠬᠤ ᠠᠭᠤᠳᠠᠮ ᠲᠠᠯᠠᠪᠠᠢ ᠨᠢ ᠵᠢᠨᠢᠩ ᠤᠨ ᠳᠠᠶᠢᠯᠠᠯᠳᠤᠭᠠᠨ ᠤ ᠳᠤᠷᠠᠰᠬᠠᠯ  ᠤᠨ ᠣᠷᠳᠣᠨ ᠤ  ᠬᠤᠶᠢᠳᠦ ᠲᠠᠯ᠎ᠠ ᠳᠤ ᠪᠠᠶᠢᠷᠢᠯᠠᠵᠤ᠂ ᠦᠷᠡᠭᠳᠡᠭᠰᠡᠨ ᠪᠠᠭᠠᠲᠤᠷᠴᠤᠳ ᠤᠨ ᠬᠡᠷᠡᠮ ᠲᠠᠢ ᠬᠥᠷᠰᠢᠯᠡᠵᠦ᠂ ᠤᠷᠲᠤ ᠨᠢ ᠪᠠᠷᠤᠭ 50 ᠮᠧᠲᠷ᠂ ᠥᠷᠭᠡᠨ ᠨᠢ ᠪᠠᠷᠤᠭ 8 ᠮᠧᠲᠷ ᠤᠷᠲᠤ ᠤᠷᠲᠤ ᠳᠥᠷᠪᠡᠯᠵᠢᠨ ᠬᠡᠯᠪᠡᠷᠢ ᠲᠠᠢ ᠠᠭᠤᠳᠠᠮ ᠲᠠᠯᠠᠪᠠᠢ ᠪᠠᠷ ᠪᠦᠷᠢᠯᠳᠦᠵᠦ᠂ ︽ ᠡᠮᠡᠭᠲᠠᠶᠢᠴᠤᠳ ᠤᠨ ᠱᠠᠬᠠᠢ ᠶᠢᠨ ᠤᠯᠠ︾᠂ ︽ᠾᠧ ᠯᠧ ᠲᠠᠷᠤᠬᠤ︾ ᠂ ︽ᠴᠡᠷᠢᠭ  ᠤᠨ ᠱᠠᠬᠠᠶ ᠬᠦᠷᠭᠡᠬᠦ︾᠂ ︽ᠡᠳ᠋ ᠪᠣᠳᠠᠰ ᠬᠦᠷᠭᠡᠬᠦ︾᠂ ︽ᠠᠮᠤ ᠪᠤᠳᠠᠭ᠎ᠠ ᠬᠦᠷᠭᠡᠬᠦ︾ ᠵᠡᠷᠭᠡ ᠪᠣᠶ᠃       10. ᠪᠠᠭᠠᠲᠤᠷᠴᠤᠳ ᠤᠨ ᠠᠭᠤᠳᠠᠮ ᠲᠠᠯᠠᠪᠠᠢ       ᠪᠠᠭᠠᠲᠤᠷ ᠤᠨ ᠠᠭᠤᠳᠠᠮ ᠲᠠᠯᠠᠪᠠᠢ ᠨᠢ  ᠲᠤᠷᠡᠰᠬᠠᠯ ‍ᠤᠨ‌ᠠᠭᠤᠳᠠᠮ ᠲᠠᠯᠠᠪᠠᠢ ᠶᠢᠨ ᠳᠣᠤᠷ᠎ᠠ‌‍ᠲ᠋ᠠᠯ᠎ᠠ ᠳᠤ ᠪᠠᠶᠢᠷᠢᠯᠠᠵᠤ᠂  ᠵᠢᠨᠢᠩ ᠤᠨ ᠳᠠᠶᠢᠯᠠᠯᠳᠤᠭᠠᠨ ᠳᠤ ᠴᠣᠯᠭᠤᠷᠠᠨ ᠭᠠᠷᠤᠭᠰᠠᠨ 6 ᠳᠤᠭᠤᠢᠯᠠᠩ ᠪᠠᠶᠢᠯᠳᠤᠭᠠᠨ ᠤ ᠪᠠᠭᠠᠲᠤᠷᠯᠢᠭ ᠦᠢᠯᠡ ᠠᠵᠢᠯᠯᠠᠭ᠎ᠠ ᠶᠢᠨ ᠱᠤᠭᠤᠮᠠᠯ ᠢ ᠳᠡᠯᠭᠡᠨ ᠦᠵᠡᠭᠦᠯᠵᠦ᠂ ᠪᠠᠭᠠᠲᠤᠷᠴᠤᠳ ᠤᠨ ᠦᠬᠦᠵᠦ ᠰᠡᠬᠡᠬᠦ ᠪᠠᠨ ᠦᠯᠦ ᠪᠤᠳᠤᠬᠤ᠂ ᠦᠷᠡᠭᠳᠡᠯ ᠰᠦᠢᠳᠦᠯ ᠠᠴᠠ ᠦᠯᠦ ᠠᠶᠤᠬᠤ ᠳᠠᠶᠢᠴᠢᠨ ᠵᠣᠷᠢᠭ ᠰᠠᠨᠠᠭ᠎ᠠ ᠶᠢ ᠪᠡᠯᠭᠡᠳᠡᠪᠡ᠃       11. 205 ᠳ᠋ᠤᠭᠠᠷ ᠳ᠋ᠢᠸᠢᠽᠢ ᠶᠢᠨ ᠳᠤᠷᠠᠰᠬᠠᠯ  ᠤᠨ ᠲᠠᠯᠠᠪᠠᠢ       ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ  ᠤᠨ  ᠶᠠᠪᠠᠭᠠᠨ ᠴᠡᠷᠢᠭ  ᠤᠨ  255 ᠳ᠋ᠤᠭᠠᠷ ᠳ᠋ᠢᠸᠢᠽᠢ 1969 ᠣᠨ 11 ᠰᠠᠷ᠎ᠠ ᠳᠤ ᠥᠪᠥᠷ ᠮᠣᠩᠭᠤᠯ ᠤᠨ ᠵᠢᠨᠢᠩ ᠣᠷᠣᠨ ᠳᠤ ᠬᠦᠷᠴᠦ᠂ ᠤᠷᠳᠤ ᠬᠤᠭᠤᠴᠠᠭ᠎ᠠ ᠪᠠᠷ ᠰᠡᠷᠭᠡᠶᠢᠯᠡᠨ ᠰᠠᠭᠤᠬᠤ ᠳᠤᠮᠳᠠ ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ  ᠤᠨ ᠣᠷᠳᠣᠨ ᠪᠣᠯᠤᠨ ᠠᠷᠠᠳ ᠣᠯᠠᠨ ᠲᠠᠢ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠣᠯᠵᠠᠶ᠃ 205 ᠳ᠋ᠤᠭᠠᠷ ᠳ᠋ᠢᠸᠢᠽᠢ ᠶᠢᠨ ᠳᠤᠷᠠᠰᠬᠠᠯ  ᠤᠨ ᠲᠠᠯᠠᠪᠠᠢ ᠳᠤ ︽ᠤᠮᠠᠷᠠᠲᠤ ᠬᠢᠯᠢ ᠶᠢᠨ ᠪᠠᠭᠠᠲᠤᠷ ᠳ᠋ᠢᠸᠢᠽᠢ︾ ᠭᠡᠬᠦ ᠪᠢᠴᠢᠭᠡᠰᠦ ᠲᠠᠢ᠂ ᠬᠥᠰᠢᠶᠡᠨ ᠤ ᠪᠢᠴᠢᠭᠡᠰᠦ ᠶᠢ ᠳᠤᠮᠳᠠᠳᠤ ᠤᠯᠤᠰ ᠎ ᠤᠨ ᠠᠷᠠᠳ ᠤᠨ ᠴᠢᠯᠥᠭᠡᠯᠡᠬᠦ ᠴᠡᠷᠢᠭ  ᠤᠨ ᠤᠤᠯ ᠤᠨ ᠪᠡᠭᠡᠵᠢᠩ ᠤᠨ ᠴᠡᠷᠢᠭ ᠎ ᠤᠨ ᠲᠣᠭᠤᠷᠢᠭ ᠤᠨ ᠺᠣᠮᠠᠨᠳ᠋ᠯᠠᠭᠴᠢ ᠯᠢ ᠯᠠᠶ ᠵᠦ ᠪᠢᠴᠢᠵᠦ᠂ 205 ᠳ᠋ᠤᠭᠠᠷ ᠳ᠋ᠢᠸᠢᠽᠢ ᠶᠢᠨ ︽ᠨᠤᠭᠤᠷᠠᠰᠢ ᠦᠭᠡᠢ᠂ ᠡᠷᠡᠯᠬᠡᠭ ᠳᠠᠶᠢᠴᠢᠨ ᠠᠮᠢ ᠪᠡᠶ᠎ᠡ ᠪᠠᠨ ᠦᠷᠡᠭᠳᠡᠭᠦᠯᠬᠦ ᠵᠣᠷᠢᠭ ᠰᠠᠨᠠᠭ᠎ᠠ ᠶᠢ  ᠪᠠᠳᠠᠷᠠᠭᠤᠯᠵᠦ᠂ ᠳᠠᠷᠤᠭ᠎ᠠ ᠪᠠᠶᠢᠯᠳᠤᠭᠴᠢ ᠨᠢᠭᠡᠳᠦᠯᠲᠡᠶ᠂  ᠠᠬ᠎ᠠ ᠳᠡᠭᠦᠤ ᠮᠡᠲᠦ ᠳᠣᠲᠣᠨᠣ ᠬᠠᠷᠢᠯᠴᠠᠨ ᠬᠠᠪᠰᠤᠷᠤᠯᠴᠠᠬᠤ ᠵᠣᠷᠢᠭ ᠰᠠᠨᠠᠭ᠎ᠠ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠬᠦᠴᠢᠷ ᠪᠡᠷᠬᠡᠰᠢᠶᠡᠯ ᠤᠨ ᠳᠤᠮᠳᠠ ᠤᠷᠤᠭᠰᠢᠯᠠᠨ ᠳᠠᠪᠰᠢᠬᠤ ᠬᠠᠷᠠᠮ ᠦᠭᠡᠢ ᠵᠢᠳᠬᠦᠬᠦ ᠵᠣᠷᠢᠭ ᠰᠠᠨᠠᠭ᠎ᠠ  ᠂ ᠵᠣᠷᠢᠭᠲᠠᠶ ᠪᠠᠷ ᠲᠦᠷᠦᠭᠦᠯᠡᠨ ᠠᠵᠢᠯᠯᠠᠵᠤ᠂ ᠠᠮᠢ ᠴᠦᠯᠡᠨ ᠲᠡᠮᠡᠴᠡᠬᠦ ᠵᠣᠷᠢᠭ ᠰᠠᠨᠠᠭ᠎ᠠ ᠶᠢ ᠴᠢᠷᠮᠠᠶᠢᠨ ᠡᠭᠦᠳᠬᠦ ᠬᠡᠷᠡᠭᠲᠡᠶ  ᠃ ᠴᠡᠷᠢᠭ ᠪᠠ ᠣᠷᠣᠨ ᠨᠤᠲᠤᠭ ᠤᠨ ᠪᠦᠯᠬᠦᠮᠳᠡᠯ᠂ ᠴᠢᠰᠤ ᠮᠢᠬᠠᠨ ᠤ ᠪᠠᠷᠢᠯᠳᠤᠯᠭ᠎ᠠ ᠲᠠᠢ ᠠᠷᠠᠳ ᠢᠶᠠᠨ ᠬᠠᠶᠢᠷᠠᠯᠠᠬᠤ ᠵᠣᠷᠢᠭ ᠰᠠᠨᠠᠭ᠎ᠠ  ᠎ ᠲᠠᠢ ᠪᠠᠶᠢᠬᠤ  ᠬᠡᠷᠡᠭᠲᠡᠢ᠃  ︾      12.  ᠡᠩᠬᠡ ᠲᠠᠶᠢᠪᠤᠡᠭ  ᠠᠭᠤᠳᠠᠮ ᠲᠠᠯᠠᠪᠠᠢ      ᠡᠩᠬᠡ  ᠲᠠᠶᠢᠪᠤᠡᠭ ᠠᠭᠤᠳᠠᠮ ᠲᠠᠯᠠᠪᠠᠢ ᠶᠢᠨ ᠬᠥᠰᠢᠶ᠎ᠡ ᠳᠤᠷᠠᠰᠬᠠᠯ  ᠤᠨ ᠬᠦᠷᠢᠶᠡᠯᠡᠩ ᠨᠢ ᠳᠤᠮᠳᠠᠳᠤ ᠤᠯᠤᠰ ᠎ ᠤᠨ ᠡᠪ ᠬᠠᠮᠲᠤ ᠨᠠᠮ ᠤᠨ ᠳᠠᠭᠠᠭᠤᠯᠭ᠎ᠠ ᠳᠣᠤᠷ᠎ᠠ᠂ ᠲᠤᠭ᠎ᠠ ᠲᠣᠮᠰᠢ ᠦᠭᠡᠢ  ᠬᠤᠪᠢᠰᠬᠠᠯᠴᠢᠳ ᠲᠣᠯᠣᠭᠠᠶ ᠪᠥᠬᠦ᠋ᠢᠨ᠂ ᠬᠠᠯᠠᠭᠤᠨ ᠴᠢᠰᠤ ᠪᠠᠨ ᠤᠷᠤᠰᠬᠠᠵᠤ᠂ ᠪᠢᠳᠡᠨ ᠳᠤ ᠥᠨᠥᠳᠥᠷ  ᠤᠨ ᠡᠩᠬᠡ ᠲᠠᠶᠢᠪᠤᠩ ᠵᠣᠯ ᠵᠢᠷᠭᠠᠯᠲᠤ ᠠᠮᠢᠳᠤᠷᠠᠯ ᠢ ᠡᠭᠦᠳᠦᠨ ᠥᠭᠴᠦ᠂ ᠲᠡᠤᠬᠡ ᠶᠢ ᠰᠤᠷᠭᠠᠨ ᠬᠥᠮᠦᠵᠢᠭᠦᠯᠵᠦ᠂ ᠳᠤᠷᠠᠰᠤᠨ ᠰᠠᠨᠠᠭᠠᠯᠵᠠᠵᠤ ᠪᠠᠶᠢᠬᠤ ᠶᠢ ᠪᠡᠯᠭᠡᠳᠡᠵᠦ ᠪᠠᠶᠢᠨ᠎ᠠ᠃      13. ᠠᠷᠠᠳ ᠤᠨ  ᠪᠠᠭᠠᠳᠤᠷᠴᠤᠳ ᠤᠨ ᠲᠤᠷᠠᠰᠬᠠᠯ ᠤᠨ  ᠬᠦᠰᠢᠶ᠎ᠡ      ᠠᠷᠠᠳ ᠤᠨ ᠪᠠᠭᠠᠳᠤᠷᠴᠤᠳ ᠤᠨ ᠲᠤᠷᠠᠰᠬᠠᠯ ᠤᠨ  ᠬᠦᠰᠢᠶ᠎ᠡ ᠳᠠᠯᠠᠢ ᠶᠢᠨ ᠲᠦᠪᠰᠢᠨ ᠠᠴᠠ 1447.5 ᠮᠧᠲᠷ ᠡᠷᠭᠦᠭᠳᠡᠭᠰᠡᠨ ᠪᠠᠷᠰ ᠠᠭᠤᠯᠠ ᠶᠢᠨ ᠣᠷᠣᠢ ᠳᠡᠭᠡᠷ᠎ᠡ ᠪᠠᠶᠢᠷᠢᠯᠠᠵᠤ᠂ 475.2 ᠲᠡᠭᠰᠢ ᠳᠥᠷᠪᠡᠯᠵᠢᠨ ᠮᠧᠲᠷ᠂ ᠬᠥᠰᠢᠶᠡᠨ ᠤ ᠥᠨᠳᠥᠷ ᠨᠢ 20 ᠮᠧᠲᠷ ᠪᠣᠯᠤᠨ᠎ᠠ᠃ 1959 ᠣᠨ ᠳᠤ ᠪᠠᠶᠢᠭᠤᠯᠵᠤ᠂ 1960 ᠣᠨ ᠳᠤ ᠪᠠᠷᠢᠵᠤ ᠳᠠᠭᠤᠰᠬᠠᠪᠠ᠃ ᠵᠢᠨᠢᠩ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠡᠭᠡᠷ᠎ᠡ ᠬᠥᠰᠢᠶᠡᠨ ᠤ ᠪᠢᠴᠢᠭ ᠭᠠᠷᠭᠠᠵᠤ᠂ ᠮᠠᠤ ᠲᠡᠷᠢᠭᠦᠯᠡᠭᠴᠢ ᠶᠢᠨ ᠪᠢᠴᠢᠭᠰᠡᠨ ︽ᠠᠷᠠᠳ ᠤᠨ ᠪᠠᠭᠠᠲᠤᠷ ᠥᠨᠢᠳᠡ ᠮᠥᠩᠬᠡᠷᠡᠨ᠎ᠡ︾ ᠭᠡᠰᠡᠨ ᠪᠢᠴᠢᠭᠡᠰᠦ ᠳᠡᠪᠰᠢᠭᠦᠯᠵᠡᠶ᠃ 1988 ᠣᠨ 3 ᠰᠠᠷ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠣᠨ ᠪᠠᠷᠢᠯᠭ᠎ᠠ ᠶᠢ ᠬᠠᠮᠠᠭᠠᠯᠠᠬᠤ ᠨᠢᠭᠡᠴᠢ︾᠎ ᠳᠤ ᠵᠢᠭᠰᠠᠭᠠᠭᠳᠠᠵᠤ᠂ 2009 ᠣᠨ 3 ᠰᠠᠷ᠎ᠠ ᠶᠢᠨ 2᠎ ᠤᠨ ᠡᠳᠦᠷ ᠲᠥᠷᠦ ᠶᠢᠨ ᠶᠠᠪᠤᠳᠠᠯ ᠤᠨ ᠬᠤᠷᠢᠶ᠎ᠠ ᠠᠴᠠ ︽ᠤᠯᠤᠰ ᠎ ᠤᠨ ᠲᠡᠰ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠎ ᠤᠨ ᠲᠥᠬᠦᠭᠡᠷᠦᠮᠵᠢ︾᠎ ᠪᠠᠷ ᠵᠥᠪᠰᠢᠶᠡᠷᠡᠭᠳᠡᠪᠡ᠃      14. ᠵᠢᠨᠢᠩ ᠤᠨ ᠳᠠᠶᠢᠯᠠᠯᠳᠤᠭᠠᠨ ᠤ ᠵᠢᠯᠣᠭᠤᠳᠬᠤ ᠭᠠᠵᠠᠷ ᠤᠨ ᠬᠠᠭᠤᠴᠢᠨ ᠪᠠᠭᠤᠷᠢ      ᠵᠢᠨᠢᠩ ᠤᠨ ᠳᠠᠶᠢᠯᠠᠯᠳᠤᠭᠠᠨ ᠤ ᠵᠢᠯᠣᠭᠤᠳᠬᠤ ᠭᠠᠵᠠᠷ ᠤᠨ ᠬᠠᠭᠤᠴᠢᠨ ᠪᠠᠭᠤᠷᠢ ᠨᠢ ᠯᠣᠤ  ᠬᠤ᠋ ᠱᠠᠨ ᠤ ᠪᠠᠷᠠᠭᠤᠨ ᠲᠠᠯ᠎ᠠ ᠶᠢᠨ ᠨᠠᠯᠠᠤ ᠪᠠᠯ ᠳᠤ ᠣᠷᠣᠰᠢᠵᠤ᠂ ᠲᠠᠯᠠᠪᠠᠢ ᠨᠢ ᠪᠠᠷᠤᠭ 40 ᠲᠡᠭᠰᠢ ᠳᠥᠷᠪᠡᠯᠵᠢᠨ ᠮᠧᠲᠷ᠂ ᠠᠭᠤᠯᠠᠨ ᠠᠭᠤᠶ ᠶᠢᠨ ᠭᠠᠵᠠᠷ ᠤᠨ ᠭᠠᠳᠠᠷᠭᠤ ᠠᠴᠠ 10 ᠮᠧᠲᠷ ᠥᠨᠳᠥᠷ᠂ ᠠᠭᠤᠶ ᠶᠢᠨ ᠳᠣᠲᠣᠷᠠᠬᠢ ᠤᠷᠳᠤ ᠨᠢ 10 ᠮᠧᠲᠷ  ᠪᠠᠶᠢᠳᠠᠭ᠃ 1946 ᠣᠨ 9 ᠰᠠᠷ᠎ᠠ ᠳᠤ ᠪᠣᠯᠤᠭᠰᠠᠨ ᠵᠢᠨᠢᠩ ᠤᠨ ᠳᠠᠶᠢᠯᠠᠯᠳᠤᠭᠠᠨ ᠳᠤ᠂  ᠰᠦᠢᠶᠤᠸᠠᠨ ᠤ ᠮᠣᠩᠭᠤᠯ ᠤᠨ ᠴᠡᠷᠢᠭ  ᠤᠨ ᠲᠣᠭᠤᠷᠢᠭ ᠤᠨ ᠺᠣᠮᠠᠨᠳ᠋ᠯᠠᠭᠴᠢ ᠶᠣᠣ  ᠵᠢᠢ᠂ ᠺᠣᠮᠢᠰᠰᠠᠷ ᠭᠤᠤ ᠺᠧ ᠯᠢᠨ ᠂ ᠳᠡᠳ᠋ ᠺᠣᠮᠢᠰᠰᠠᠷ ᠸᠠᠩ ᠴᠠᠩ ᠵᠢᠶᠠᠩ᠂ ᠳᠡᠳ᠋ ᠺᠣᠮᠢᠰᠰᠠᠷ ᠵᠠᠩ ᠳ᠋ᠠ ᡁᠢ ᠪᠣᠯᠤᠨ ᠤᠯᠤᠰ ᠲᠥᠷᠦ ᠶᠢᠨ ᠬᠡᠯᠲᠡᠰ ᠤᠨ ᠡᠷᠬᠢᠯᠡᠭᠴᠢ ᠷᠤᠤ ᠰᠢᠩ ᠵᠡᠷᠭᠡ ᠨᠥᠬᠦᠳ ᠠᠭᠤᠶ ᠶᠢᠨ ᠳᠣᠲᠣᠷ᠎ᠠ ᠪᠠᠶᠢᠯᠳᠤᠭᠠᠨ ᠢ ᠵᠢᠯᠣᠭᠤᠳᠴᠤ ᠥᠩᠭᠡᠷᠡᠪᠡ᠃     15. ᠨᠦᠬᠡᠨ ᠵᠠᠮ ᠤᠨ ᠪᠠᠭᠤᠷᠢ      ᠯᠤᠤ ᠬᠤ᠋ ᠱᠠᠨ ᠨᠦᠬᠡᠨ ᠵᠠᠮ ᠤᠨ ᠪᠠᠶᠢᠭᠤᠯᠤᠯᠳᠠ ᠨᠢ ᠶᠠᠫᠣᠨ ᠢ ᠡᠰᠡᠷᠭᠦᠴᠡᠬᠦ ᠳᠠᠶᠢᠨ ᠤ  ᠦᠶ᠎ᠡ ᠳᠤ ᠪᠠᠶᠢᠭᠤᠯᠵᠤ᠂ ᠴᠢᠯᠥᠭᠡᠯᠡᠬᠦ  ᠳᠠᠶᠢᠨ ᠤ ᠦᠶ᠎ᠡ ᠳᠤ ᠥᠭᠡᠷᠡᠴᠢᠯᠡᠯᠲᠡ ᠬᠢᠵᠡᠶ᠃ 20 ᠳ᠋ᠤᠭᠠᠷ ᠵᠠᠭᠤᠨ ᠤ ᠳᠠᠯᠠᠭᠠᠳ ᠣᠨ ᠳᠤ᠂ ᠳᠡᠯᠡᠬᠡᠶ ᠶᠢᠨ ᠪᠠᠶᠢᠳᠠᠯ ᠤᠨ ᠬᠤᠪᠢᠷᠠᠯᠲᠠ ᠶᠢ ᠳᠠᠭᠠᠯᠳᠤᠨ᠂ ᠨᠦᠬᠡᠨ ᠵᠠᠮ  ᠢ ᠪᠠᠬᠢᠯᠡᠨ ᠤᠷᠲᠤᠳᠬᠠᠵᠤ  ᠬᠡᠷᠡᠭᠯᠡᠪᠡ᠃ ᠪᠠᠷᠰ ᠨᠦᠬᠡᠨ ᠵᠠᠮ ᠨᠢ ᠬᠤᠲᠠ ᠶᠢᠨ ᠡᠯ᠎ᠡ ᠪᠠᠶᠢᠯᠳᠤᠬᠤ ᠪᠣᠳᠣᠯᠭ᠎ᠠ ᠶᠢᠨ ᠴᠢᠬᠤᠯᠠ ᠭᠠᠵᠠᠷ᠂ ᠨᠢᠭᠤᠴᠠ ᠪᠠᠬᠢᠯᠡᠯᠲᠡ᠂ ᠪᠠᠶᠢᠯᠳᠤᠭᠠᠨ ᠤ ᠰᠤᠪᠠᠭ ᠲᠠᠢ ᠵᠠᠯᠭᠠᠯᠳᠤᠵᠤ᠂ ᠤᠰᠤᠨ ᠵᠠᠮ ᠪᠠ ᠳᠠᠯᠳᠠ ᠴᠢᠨᠠᠷ  ᠤᠨ ᠣᠨᠴᠠᠯᠢᠭ ᠢ ᠪᠦᠷᠢᠯᠳᠦᠭᠦᠯᠵᠦ᠂  ᠳᠠᠶᠢᠨ ᠤ ᠳᠤᠮᠳᠠ ᠴᠢᠬᠤᠯᠠ  ᠦᠢᠯᠡᠳᠦᠯ ᠦᠵᠡᠭᠦᠯᠵᠡᠶ᠃ 2011 ᠣᠨ 9 ᠰᠠᠷ᠎ᠠ ᠶᠢᠨ 18᠎ ᠤ ᠡᠳᠦᠷ ᠨᠦᠬᠡᠨ ᠵᠠᠮ ᠤᠨ ᠳᠣᠲᠣᠷᠠᠬᠢ ᠠᠮᠤ ᠪᠤᠳᠠᠭ᠎ᠠ ᠶᠢ ᠭᠡᠷᠡᠯᠲᠦᠭᠦᠯᠬᠦ᠂ ᠵᠠᠰᠠᠵᠤ ᠴᠢᠮᠡᠭᠯᠡᠵᠦ᠂ ᠬᠤᠪᠢᠰᠬᠠᠯ ᠤᠨ ᠵᠢᠭᠤᠯᠴᠢᠯᠠᠯ ᠤᠨ ᠦᠵᠡᠮᠵᠢᠲᠦ ᠴᠡᠭ  ᠤᠨ ᠬᠤᠪᠢ ᠪᠠᠷ ᠭᠠᠳᠠᠭᠰᠢ ᠨᠡᠭᠡᠭᠡᠯᠲᠡ ᠬᠢᠪᠡ᠃ ᠥᠷᠭᠡᠨ ᠣᠯᠠᠨ ᠵᠤᠭᠠᠴᠠᠭᠰᠠᠳ ᠲᠤ ᠲᠡᠤᠬᠡ ᠶᠢ ᠨᠠᠩ ᠦᠨᠡᠨ ᠪᠣᠳᠠᠲᠠᠶ  ᠤᠶᠢᠯᠠᠭᠤᠯᠬᠤ ᠶᠢᠨ ᠲᠥᠯᠥᠭᠡ ᠨᠦᠬᠡᠨ ᠵᠠᠮ ᠤᠨ ᠡᠯ᠎ᠡ ᠴᠢᠬᠢᠨ ᠦᠷᠦᠭᠡ ᠶᠢ ᠳᠠᠬᠢᠨ ᠰᠡᠷᠭᠦᠭᠡᠵᠦ᠂ ᠳᠠᠯᠳᠠ ᠪᠠᠬᠢᠯᠡᠯᠲᠡ᠂ ᠲᠣᠭᠤᠭᠠᠨ ᠭᠡᠷ᠂ ᠰᠤᠮᠤ ᠳᠠᠷᠢ ᠶᠢᠨ ᠬᠥᠮᠥᠷᠭᠡ᠂ ᠶᠠᠫᠣᠨ ᠴᠡᠷᠢᠭ  ᠤᠨ ᠭᠢᠨᠳᠠᠨ᠂ ᠤᠰᠤᠨ ᠴᠥᠭᠦᠷᠥᠮ᠂ ᠴᠢᠮᠡᠭᠡ ᠬᠤᠯᠪᠣᠭᠠᠨ ᠤ ᠲᠠᠰᠤᠭ᠂ ᠪᠠᠶᠢᠯᠳᠤᠭᠠᠨ ᠤ ᠲᠠᠰᠤᠭ ᠵᠡᠷᠭᠡ ᠶᠢ ᠲᠣᠬᠢᠷᠠᠭᠤᠯᠵᠠᠢ᠃      16. ᠦᠷᠡᠭᠳᠡᠭᠰᠡᠨ ᠪᠠᠭᠠᠲᠤᠷ ᠤᠨ ᠬᠡᠷᠡᠮ      ᠦᠷᠡᠭᠳᠡᠭᠰᠡᠨ ᠪᠠᠭᠠᠲᠤᠷᠴᠤᠳ ᠤᠨ ᠬᠡᠷᠡᠮ ᠳᠡᠭᠡᠷ᠎ᠡ 5082 ᠦᠷᠡᠭᠳᠡᠭᠰᠡᠨ ᠪᠠᠭᠠᠲᠤᠷ ᠤᠨ ᠨᠡᠷ᠎ᠡ ᠶᠢ ᠰᠡᠶᠢᠯᠵᠦ ᠪᠣᠶ᠃ ᠵᠢᠨᠢᠩ ᠤᠨ ᠳᠠᠶᠢᠯᠠᠯᠳᠤᠭᠠᠨ ᠳᠤ᠂ ᠬᠤᠪᠢᠰᠬᠠᠯᠴᠢᠨ ᠠᠮᠢ ᠨᠠᠰᠤ ᠪᠠᠷ ᠢᠶᠠᠨ ᠳᠠᠶᠢᠰᠤᠨ ᠲᠠᠢ ᠦᠬᠦᠵᠦ ᠰᠡᠬᠡᠬᠦ ᠶᠢᠨ ᠲᠡᠮᠡᠴᠡᠯ ᠶᠠᠪᠤᠭᠤᠯᠵᠤ᠂ ᠪᠥᠬᠦᠳᠡ ᠨᠠᠶᠢᠷᠠᠮᠳᠠᠬᠤ ᠤᠯᠤᠰ ᠎ ᠤᠨ ᠮᠡᠨᠳᠦᠯᠡᠬᠦ ᠶᠢ ᠤᠭᠲᠤᠨ ᠠᠪᠴᠢᠷᠠᠪᠠ᠃ ᠭᠡᠲᠡᠯ᠎ᠡ  ᠪᠠᠰᠠ ᠲᠦᠮᠡ ᠭᠠᠷᠤᠶ ᠦᠷᠡᠭᠳᠡᠭᠰᠡᠨ ᠪᠠᠭᠠᠲᠤᠷ ᠣᠪᠣᠭ ᠨᠡᠷ᠎ᠡ ᠪᠠᠨ ᠴᠦ ᠦᠯᠡᠳᠡᠭᠡᠭᠰᠡᠨ ᠦᠭᠡᠢ᠃ ᠲᠦᠭ ᠲᠦᠮᠡᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠴᠢᠰᠤ ᠮᠢᠬᠠᠨ ᠤ ᠰᠠᠭᠤᠷᠢ  ᠪᠠᠶᠢᠬᠤ‌ᠦᠭᠡᠢ ᠪᠣᠯ᠂ ᠥᠨᠥᠳᠥᠷ ᠤᠨ ᠪᠥᠬᠦᠳᠡ ᠨᠠᠶᠢᠷᠠᠮᠳᠠᠬᠤ ᠤᠯᠤᠰ ᠎ ᠤᠨ ᠲᠣᠮᠣ ᠠᠰᠠᠷ ᠰᠡᠬᠦ᠋ᠢᠨ ᠰᠦᠨᠳᠡᠷᠯᠡᠵᠦ ᠴᠢᠳᠠᠬᠤ ᠦᠭᠡᠢ ᠶᠤᠮ᠃     17. ᠤᠯᠤᠰ ᠢᠶᠠᠨ ᠬᠠᠮᠠᠭᠠᠯᠠᠬᠤ ᠰᠤᠷᠭᠠᠨ ᠬᠦᠮᠦᠵᠢᠯ ᠤᠨ ᠦᠵᠡᠭᠦᠯᠦᠯᠭᠡ ᠶᠢᠨ ᠲᠣᠭᠤᠷᠢᠭ     ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ  ᠤᠨ ᠬᠦᠷᠢᠶᠡᠯᠡᠩ ᠪᠠ ᠦᠵᠡᠭᠦᠯᠦᠯᠭᠡ ᠶᠢᠨ ᠲᠣᠭᠤᠷᠢᠭ ᠨᠢ ᠤᠯᠤᠰ ᠎ ᠤᠨ ᠲᠡᠰ ᠤᠨ ᠰᠠᠭᠤᠷᠢᠨ ᠭᠠᠵᠠᠷ ᠪᠣᠯᠤᠭᠰᠠᠨ ᠤ ᠬᠤᠪᠢ ᠳᠤ᠂ ᠡᠯ᠎ᠡ ᠲᠥᠷᠥᠯ ᠤᠨ ᠳᠤᠮᠳᠠ ᠬᠦᠨᠳᠦ ᠬᠡᠯᠪᠡᠷᠢ ᠶᠢᠨ ᠵᠡᠪᠰᠡᠭ ᠲᠣᠨᠣᠭᠯᠠᠯ᠂ ᠤᠬᠠᠭᠤᠯᠭ᠎ᠠ ᠶᠢᠨ ᠵᠢᠷᠤᠭ ᠤᠨ ᠬᠡᠪᠯᠡᠯ ᠢᠶᠠᠷ ᠳᠠᠮᠵᠢᠭᠤᠯᠤᠨ᠂ ᠡᠯ᠎ᠡ ᠲᠥᠷᠥᠯ ᠤᠨ ᠵᠡᠪᠰᠡᠭ ᠲᠣᠨᠣᠭᠯᠠᠯ  ᠤᠨ ᠴᠢᠳᠠᠮᠵᠢ ᠪᠠ ᠤᠯᠤᠰ ᠎ ᠤᠨ ᠪᠠᠲᠤᠯᠠᠨ ᠬᠠᠮᠠᠭᠠᠯᠠᠯᠲᠠ ᠶᠢᠨ ᠲᠣᠨᠣᠭᠯᠠᠯ  ᠤᠨ ᠬᠥᠭᠵᠢᠯᠲᠡ ᠶᠢᠨ ᠲᠡᠤᠬᠡᠨ ᠶᠠᠪᠤᠴᠠ ᠶᠢ ᠨᠠᠷᠢᠨ ᠲᠠᠨᠢᠯᠴᠠᠭᠤᠯᠵᠠᠶ᠂ ᠡᠨᠡ ᠪᠣᠯ ᠵᠠᠯᠠᠭᠤ ᠪᠠᠭᠠᠴᠤᠳ ᠤᠨ ᠬᠦᠯᠢᠶᠡᠨ ᠠᠪᠬᠤ ᠴᠢᠬᠤᠯᠠ ᠵᠢᠭᠰᠠᠭᠠᠯ ᠤᠨ ᠭᠠᠵᠠᠷ ᠪᠣᠯᠤᠨ᠎ᠠ᠃     18. ᠠᠬᠤᠢ ᠳᠠᠯᠠᠪᠠᠢ ᠶᠢᠨ ᠰᠡᠷᠭᠦᠭᠡᠯᠲᠡ ᠶᠢᠨ ᠦᠵᠡᠭᠦᠯᠭᠡ ᠶᠢᠨ ᠲᠣᠭᠤᠷᠢᠭ     ᠦᠵᠡᠭᠦᠯᠦᠯᠭᠡ ᠶᠢᠨ ᠲᠣᠭᠤᠷᠢᠭ ᠢ ᠰᠡᠷᠭᠦᠭᠡᠬᠦ ᠳᠤ 1᠄ 1᠎ ᠶᠢᠨ ᠬᠠᠷᠢᠴᠠᠯ ᠢᠶᠠᠷ ᠵᠢᠨᠢᠩ  ᠤᠨ ᠵᠠᠰᠠᠭ  ᠤᠨ ᠣᠷᠳᠣᠨ ᠤ ᠬᠠᠭᠤᠴᠢᠨ ᠪᠠᠭᠤᠷᠢ  ᠬᠢᠭᠡᠳ ᠫᠢᠩ ᠳ᠋ᠢ ᠴᠢᠤᠸᠠᠨ ᠭᠠᠯᠲᠤ ᠲᠡᠷᠭᠡᠨ ᠥᠷᠲᠡᠭᠡᠨ ᠤ ᠬᠠᠭᠤᠴᠢᠨ ᠪᠠᠭᠤᠷᠢ ᠶᠢ ᠰᠡᠷᠭᠦᠭᠡᠭᠰᠡᠨ ᠪᠥᠭᠡᠳ ᠳᠣᠲᠣᠭᠠᠳᠤ ᠶᠢᠨ ᠣᠷᠣᠨ ᠵᠠᠶ ᠶᠢ ᠠᠰᠢᠭᠯᠠ ︽ᠪᠥᠬᠦ ᠤᠯᠤᠰ ᠎ ᠤᠨ ᠬᠤᠪᠢᠰᠬᠠᠯᠲᠤ ᠵᠢᠭᠤᠯᠴᠢᠯᠠᠯ ᠤᠨ ᠨᠣᠮ ᠤᠨ ᠥᠷᠥᠭᠡ︾᠂ ᠴᠡᠷᠢᠭ  ᠤᠨ ᠶᠠᠪᠤᠳᠠᠯ ᠤᠨ ᠪᠡᠶᠡᠴᠢᠯᠡᠨ ᠣᠶᠢᠯᠠᠭᠠᠬᠤ ᠣᠷᠳᠣᠨ ᠵᠢᠴᠢ ᠦᠵᠡᠭᠦᠯᠦᠯᠭᠡ ᠶᠢᠨ ᠲᠢᠩᠬᠢᠮ  ᠢ ᠨᠡᠭᠡᠭᠡᠭᠰᠡᠨ  ᠪᠠᠶᠢᠨ᠎ᠠ᠃ ᠦᠵᠡᠭᠦᠯᠦᠯᠭᠡ ᠶᠢᠨ ᠲᠢᠩᠬᠢᠮ ᠳᠤ ᠤᠯᠤᠰ ᠎ ᠤᠨ ᠠᠳᠠᠯᠢ ᠪᠤᠰᠤ ᠴᠠᠭ ᠦᠶ᠎ᠡ ᠶᠢᠨ ᠤᠬᠠᠭᠤᠯᠭ᠎ᠠ ᠶᠢᠨ ᠠᠭᠤᠯᠭ᠎ᠠ ᠶᠢ ᠦᠨᠳᠦᠰᠦᠯᠡᠨ ᠲᠣᠭᠲᠠᠮᠠᠯ ᠬᠤᠭᠤᠴᠠᠭ᠎ᠠ ᠲᠠᠢ ᠪᠠᠷ ᠰᠣᠯᠢᠵᠤ᠂ ᠣᠯᠠᠨ  ᠵᠦᠢᠯ ᠤᠨ ᠬᠡᠯᠪᠡᠷᠢ ᠶᠢᠨ ᠡᠬᠡ ᠣᠷᠣᠨᠴᠢ ᠦᠵᠡᠯ ᠎ ᠤᠨ ᠬᠥᠮᠦᠵᠢᠯ ᠢ ᠥᠷᠨᠢᠭᠦᠯᠪᠡ᠃     19. ᠴᠡᠷᠢᠭ  ᠤᠨ ᠶᠠᠪᠤᠳᠠᠯ ᠤᠨ ᠪᠡᠶᠡᠴᠢᠯᠡᠨ ᠣᠶᠢᠯᠠᠭᠠᠬᠤ ᠣᠷᠳᠣᠨ     ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ  ᠤᠨ ᠬᠦᠷᠢᠶᠡᠯᠡᠩ ᠤᠨ ᠤᠯᠤᠰ ᠢᠶᠠᠨ ᠬᠠᠶᠢᠷᠠᠯᠠᠬᠤ ᠦᠵᠡᠯ ᠎ ᠤᠨ ᠬᠥᠮᠦᠵᠢᠯ ᠤᠨ ᠰᠢᠨ᠎ᠡ ᠭᠢᠯᠠᠰ ᠴᠡᠭ  ᠢ ᠡᠭᠦᠳᠬᠦ ᠶᠢᠨ ᠲᠥᠯᠥᠭᠡ᠂ ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ  ᠤᠨ ᠬᠦᠷᠢᠶᠡᠯᠡᠩ ᠳᠤ ᠴᠡᠷᠢᠭ  ᠤᠨ ᠶᠠᠪᠤᠳᠠᠯ ᠤᠨ ᠪᠡᠶᠡᠴᠢᠯᠡᠨ ᠣᠶᠢᠯᠠᠭᠠᠬᠤ ᠣᠷᠳᠣᠨ  ᠪᠠᠶᠢᠭᠤᠯᠵᠦ᠂ ᠣᠷᠳᠣᠨ ᠤ ᠳᠣᠲᠣᠷ᠎ᠠ ︽ᠪᠠᠭᠠᠲᠤᠷᠴᠤᠳ ᠲᠠᠢ ᠬᠠᠮᠲᠤᠪᠠᠷ ᠪᠠᠶᠢᠯᠳᠤᠬᠤ︾᠂ ︽ᠠᠮᠢᠰᠬᠤᠭ᠎ᠠ ᠠᠪᠬᠤ  ᠭᠠᠵᠠᠷ︾᠂ ︽ ᠤᠰᠤᠨ ᠤᠷᠤᠰᠬᠠᠯ ᠤᠨ ᠬᠡᠷᠡᠮ︾ ᠵᠡᠷᠭᠡ ᠬᠠᠷᠢᠯᠴᠠᠨ ᠣᠶᠢᠯᠠᠭᠠᠯᠴᠠᠬᠤ ᠪᠦᠲᠦᠭᠡᠭᠳᠡᠬᠦᠨ ᠲᠣᠬᠢᠷᠠᠭᠤᠯᠵᠤ᠂ ᠵᠤᠭᠠᠴᠠᠭᠰᠠᠳ ᠲᠤ ᠪᠡᠶ᠎ᠡ ᠪᠠᠷ ᠢᠶᠠᠨ ᠬᠦᠷᠴᠦ  ᠂ ᠳᠠᠶᠢᠨ ᠤ ᠬᠠᠲᠠᠭᠤ ᠪᠡᠷᠬᠡ ᠪᠠ ᠬᠦᠴᠢᠷ ᠪᠡᠷᠬᠡᠰᠢᠶᠡᠯ ᠢ ᠣᠢᠯᠠᠭᠠᠭᠤᠯᠵᠤ᠂ ᠵᠢᠨᠢᠩ ᠤᠨ ᠳᠠᠶᠢᠯᠠᠯᠳᠤᠭᠠᠨ ᠤ ᠲᠡᠤᠬᠡ ᠶᠢ ᠨᠠᠩ ᠠᠮᠢᠳᠤᠯᠢᠭ ᠣᠨᠣᠪᠴᠢᠲᠠᠶ ᠣᠶᠢᠯᠠᠭᠠᠵᠤ᠂ ᠡᠩᠬᠡ ᠲᠠᠶᠢᠪᠤᠩ ᠢ ᠨᠠᠨᠳᠢᠩᠨᠠᠪᠠ᠃       20. ᠪᠦᠬᠦ ᠤᠯᠤᠰ ᠤᠨ  ᠬᠤᠪᠢᠰᠬᠠᠯᠲᠤ ᠵᠢᠭᠤᠯᠴᠢᠯᠠᠯ ᠤᠨ ᠨᠣᠮ ᠤᠨ ᠥᠷᠥᠭᠡ       2016 ᠣᠨ ᠳᠤ᠂ ᠪᠦᠬᠦ ᠤᠯᠤᠰ ᠎ ᠤᠨ ᠬᠤᠪᠢᠰᠬᠠᠯᠲᠤ ᠵᠤᠭᠠᠴᠠᠯ ᠤᠨ ᠵᠣᠬᠢᠴᠠᠭᠤᠯᠬᠤ ᠳᠤᠭᠤᠢᠯᠠᠩ ᠤᠨ ᠠᠯᠪᠠᠨ ᠭᠡᠷ ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ  ᠤᠨ ᠬᠦᠷᠢᠶᠡᠯᠡᠩ ᠳᠤ ᠪᠦᠬᠦ ᠤᠯᠤᠰ ᠎ ᠤᠨ ︽ᠬᠤᠪᠢᠰᠬᠠᠯᠲᠤ ᠵᠤᠭᠠᠴᠠᠯ ᠤᠨ ᠨᠣᠮ ᠤᠨ ᠥᠷᠥᠭᠡ︾᠎ ᠶᠢ ᠨᠡᠭᠡᠭᠡᠵᠡᠶ᠃ ᠨᠣᠮ ᠤᠨ ᠥᠷᠥᠭᠡ ᠶᠢᠨ ᠳᠣᠲᠣᠭᠠᠳᠤ ᠳᠤ ᠳᠤᠮᠳᠠᠳᠤ ᠤᠯᠤᠰ ᠎ ᠤᠨ ᠡᠪ ᠬᠠᠮᠲᠤ ᠨᠠᠮ ᠤᠨ ᠳᠣᠯᠣᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠷᠠᠯ ᠤᠨ ᠭᠠᠵᠠᠷ ᠶᠣᠰᠣᠭᠠᠷ ᠤᠤᠯ ᠤᠨ ᠬᠡᠪ ᠲᠡᠭᠡᠨ ᠣᠷᠣᠵᠤ᠂ ᠤᠯᠤᠰ ᠎ ᠤᠨ ᠳᠣᠲᠣᠭᠠᠳᠤ ᠭᠠᠳᠠᠭᠠᠳᠤ ᠶᠢᠨ ᠡᠯ᠎ᠡ ᠭᠠᠵᠠᠷ ᠤᠨ ᠬᠤᠪᠢᠰᠬᠠᠯ ᠤᠨ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠨᠣᠮ ᠪᠢᠴᠢᠭ ᠵᠢᠴᠢ ᠳᠤᠮᠳᠠᠳᠤ ᠤᠯᠤᠰ ᠎ ᠤᠨ ᠠᠷᠠᠳ ᠤᠨ ᠴᠢᠯᠥᠭᠡᠯᠡᠬᠦ ᠴᠡᠷᠢᠭ  ᠤᠨ ᠤᠤᠯ ᠤᠨ ᠪᠡᠭᠡᠵᠢᠩ ᠤᠨ ᠴᠡᠷᠢᠭ  ᠤᠨ ᠲᠣᠭᠤᠷᠢᠭ ᠤᠨ ᠺᠣᠮᠠᠨᠳ᠋ᠯᠠᠭᠴᠢ ᠯᠢ ᠯᠠᠶ ᠵᠤ᠋ 4000 ᠭᠠᠷᠤᠶ ᠳᠡᠪᠲᠡᠷ ᠨᠣᠮ ᠪᠢᠴᠢᠭ ᠢ ᠬᠠᠳᠠᠭᠠᠯᠠᠵᠤ ᠪᠠᠶᠢᠪᠠ᠃      21.  ᠵᠠᠯᠠᠭᠤ ᠪᠠᠭᠠᠴᠤᠤᠯ ᠤᠨ ᠲᠤᠷᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ      ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠷᠰᠢᠯᠲᠠ ᠶᠢᠨ ᠰᠠᠭᠤᠷᠢᠨ ᠭᠠᠵᠠᠷ ᠲᠤ ᠥᠪᠥᠷ ᠮᠣᠩᠭᠤᠯ ᠤᠨ ᠠᠩᠬᠠᠳᠠᠭᠴᠢ ᠣᠯᠠᠨ ᠤᠯᠤᠰ ᠎ ᠤᠨ ᠬᠢᠷᠢ ᠲᠦᠪᠰᠢᠨ ᠪᠦᠬᠦᠢ ᠪᠠᠷᠢᠮᠵᠢᠶᠠᠵᠢᠭᠰᠠᠨ ᠮᠠᠰᠢᠨ ᠲᠡᠷᠭᠡᠨ ᠤ ᠵᠠᠭᠪᠤᠷ  ᠤᠨ ᠤᠷᠤᠯᠳᠤᠭᠠᠨ ᠤ ᠲᠠᠯᠠᠪᠠᠢ ᠪᠣᠶ᠃ ᠵᠠᠯᠠᠭᠤᠴᠤᠳ ᠪᠠᠭᠠᠴᠤᠳ ᠤᠨ ᠣᠯᠠᠨ ᠵᠦᠢᠯ ᠤᠨ ᠬᠡᠯᠪᠡᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢ᠂ ᠰᠢᠨ᠎ᠡ ᠶᠢ ᠡᠭᠦᠳᠬᠦ ᠴᠢᠳᠠᠪᠤᠷᠢ᠂  ᠦᠢᠯᠡᠳᠦᠯᠭᠡ ᠶᠢᠨ ᠴᠢᠳᠠᠪᠤᠷᠢ ᠶᠢ ᠬᠥᠮᠦᠵᠢᠭᠦᠯᠬᠦ ᠪᠠ ᠥᠷᠭᠡᠳᠬᠡᠬᠦ ᠶᠢ ᠥᠷᠨᠢᠭᠦᠯᠦᠨ᠎ᠡ︔ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠪ ᠪᠣᠯᠪᠠᠰᠤᠷᠠᠯ᠂ ᠭᠠᠷ ᠬᠥᠳᠡᠯᠬᠦ ᠴᠢᠳᠠᠪᠤᠷᠢ ᠪᠠ ᠬᠠᠷᠢᠭᠤ ᠲᠤᠰᠬᠠᠬᠤ ᠴᠢᠳᠠᠪᠤᠷᠢ ᠶᠢ ᠳᠡᠭᠡᠭᠰᠢᠯᠡᠭᠦᠯᠵᠦ᠂ ᠰᠠᠶᠢᠨ ᠰᠠᠢᠬᠠᠨ ᠰᠡᠳᠬᠢᠴᠡ ᠶᠢᠨ ᠬᠡᠪ ᠴᠢᠨᠠᠷ ᠪᠠ ᠳᠠᠳᠬᠠᠯ ᠢ ᠬᠥᠮᠦᠵᠢᠭᠦᠯᠵᠦ᠂ ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ  ᠤᠨ ᠬᠦᠷᠢᠶᠡᠯᠡᠩ ᠤᠨ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠤᠨ ᠴᠢᠳᠠᠮᠵᠢ ᠶᠢ ᠪᠠᠶᠠᠯᠢᠭᠵᠢᠭᠤᠯᠵᠤ᠂ ᠥᠷᠭᠡᠨ ᠣᠯᠠᠨ ᠨᠠᠰᠤᠨ ᠳᠤ ᠦᠯᠦ ᠬᠦᠷᠦᠭᠰᠡᠳ ᠤᠨ  ᠭᠤᠶᠢᠳᠠ  ᠰᠠᠶᠢᠬᠠᠨ ᠠᠮᠢᠳᠤᠷᠠᠯ ᠤᠨ ᠵᠠᠮ  ᠢ ᠨᠡᠭᠡᠭᠡᠬᠦ ᠳᠤ ᠰᠠᠭᠤᠷᠢ ᠲᠠᠯᠪᠢᠵᠤ ᠥᠭᠭᠦᠨ᠎ᠡ ᠭᠤᠷᠪᠠ᠂ ᠪᠠᠭᠠᠲᠤᠷ ᠵᠢᠱᠢᠶᠡᠴᠢ 1.  ᠸᠧᠶ ᠵᠠᠨ ᠰᠢᠶᠠᠩ        ᠎ ᠶᠢᠨ ᠴᠠ ᠾᠧ ᠴᠡᠷᠢᠭ  ᠤᠨ ᠲᠣᠭᠤᠷᠢᠭ ᠤᠨ  ᠾᠧ ᠶᠢᠨ  ᠴᠤᠪᠤᠭ᠎ᠠ ᠠᠩᠭᠢ ᠶᠢᠨ 3 ᠳ᠋ᠤᠭᠠᠷ ᠪᠠᠷᠢᠭᠠᠳᠠ ᠶᠢᠨ 10 ᠳ᠋ᠤᠭᠠᠷ ᠬᠤᠷᠢᠶᠠᠨ ᠤ  3 ᠳ᠋ᠤᠭᠠᠷ ᠪᠠᠲᠯᠢᠶᠣᠨ ᠤ 4 ᠳ᠋ᠦᠭᠡᠷ ᠰᠤᠮᠤᠨ ᠤ ᠪᠠᠶᠢᠯᠳᠤᠭᠴᠢ       1946 ᠣᠨ 1 ᠰᠠᠷ᠎ᠠ ᠳᠤ ᠵᠢᠨᠢᠩ ᠪᠤᠯᠢᠶᠠᠯᠳᠤᠵᠤ᠂ 16᠎ ᠤ ᠡᠳᠦᠷ ᠤᠨ 20 ᠴᠠᠭ ᠲᠤ ᠶᠡᠷᠦᠩᠬᠡᠶ ᠳᠠᠭᠠᠷᠢᠯᠲᠠ ᠬᠢᠭᠰᠡᠨ ᠤ ᠳᠠᠷᠠᠭ᠎ᠠ᠂ ᠭᠤᠷᠪᠠᠨ ᠵᠠᠯᠠᠭᠤ ᠡᠪ ᠬᠠᠮᠲᠤ ᠨᠠᠮ ᠤᠨ ᠭᠡᠰᠢᠭᠦᠨ ᠪᠠᠶᠢᠯᠳᠤᠭᠴᠢ ᠰᠠᠶᠢᠨ ᠳᠤᠷ᠎ᠠ ᠠᠴᠠ ᠪᠠᠨ ᠴᠡᠭᠡᠵᠢ ᠲᠦᠷᠢᠨ ᠬᠤᠲᠠ ᠶᠢᠨ ᠬᠡᠷᠡᠮ ᠢ ᠳᠡᠯᠪᠡᠴᠢᠪᠡ᠃ ᠨᠢᠭᠡᠳᠦᠭᠡᠷ  ᠪᠠᠶᠢᠯᠳᠤᠭᠴᠢ ᠳᠠᠷᠢ ᠶᠢᠨ ᠪᠣᠭᠴᠣ ᠪᠠᠨ ᠠᠪᠴᠤ ᠳᠠᠭᠠᠷᠢᠨ ᠣᠷᠣᠵᠤ  ᠳᠠᠶᠢᠰᠤᠨ ᠳᠤ ᠴᠣᠬᠢᠭᠳᠠᠪᠠ᠃ ᠬᠤᠶᠠᠳᠤᠭᠠᠷ  ᠪᠠᠶᠢᠯᠳᠤᠭᠴᠢ ᠳᠠᠭᠠᠵᠤ ᠳᠠᠭᠠᠷᠢᠨ ᠣᠷᠣᠵᠤ᠂ ᠰᠤᠮᠤᠨ ᠳᠤ ᠣᠨᠣᠭᠳᠠᠪᠠ  ᠃ ︽ᠬᠦᠢᠴᠡᠳᠭᠡᠬᠦ ᠳᠤᠭᠤᠶᠢᠯᠠᠩ︾᠎ ᠠᠴᠠ ᠵᠢᠨᠢᠩ ᠳᠤ ᠣᠴᠢᠵᠤ ᠪᠠᠶᠢᠴᠠᠭᠠᠨ ᠦᠵᠡᠬᠦ ᠴᠠᠭ ᠬᠡᠳᠦᠬᠡᠨ ᠴᠠᠭ ᠪᠣᠯᠤᠭᠰᠠᠨ ᠢ ᠬᠡᠨ ᠴᠦ ᠪᠦᠷ ᠮᠡᠳᠡᠵᠦ ᠪᠠᠶᠢᠨ᠎ᠠ᠃ ᠨᠢᠩᠴᠧᠩ ᠬᠤᠲᠠᠨ ᠳᠠᠭᠠᠨ ᠪᠤᠴᠠᠵᠤ ᠴᠢᠳᠠᠬᠤ ᠦᠭᠡᠢ ᠪᠣᠯ ᠴᠢᠭᠤᠯᠤᠯᠲᠤ ᠬᠠᠭᠠᠯᠭ᠎ᠠ ᠪᠣᠯᠤᠨ  ᠰᠦᠢᠶᠤᠸᠠᠨ ᠤ ᠵᠡᠭᠦᠨ ᠬᠡᠰᠡᠭ ᠤᠨ ᠠᠮᠤᠷ ᠲᠦᠪᠰᠢᠨ ᠪᠠ ᠠᠶᠤᠯ ᠲᠦᠭᠰᠢᠭᠦᠷᠢ ᠳᠤ ᠬᠤᠯᠪᠣᠭᠳᠠᠬᠤ ᠪᠠᠷ ᠪᠠᠷᠠᠬᠤ ᠦᠭᠡᠢ᠂ ᠳᠠᠶᠢᠰᠤᠨ ᠤ ᠪᠠᠷᠲᠠᠭᠠᠨ ᠢ ᠤᠰᠠᠳᠬᠠᠵᠤ ᠴᠢᠳᠠᠬᠤ ᠦᠭᠡᠢ᠂ ᠪᠢᠳᠡ ᠤᠯᠤᠰ ᠲᠥᠷᠦ ᠶᠢᠨ ᠲᠠᠯ᠎ᠠ ᠪᠠᠷ ᠴᠤ ᠰᠠᠨᠠᠭᠠᠴᠢᠯᠠᠭ᠎ᠠ ᠦᠭᠡᠢ ᠪᠠᠶᠢᠳᠠᠯ ᠳᠤ ᠣᠷᠣᠬᠤ ᠪᠣᠯᠤᠨ᠎ᠠ᠃ ᠡᠨᠡ  ᠦᠶ᠎ᠡ ᠳᠤ᠂ ᠳᠥᠷᠪᠡᠳᠦᠭᠡᠷ ᠰᠤᠮᠤᠨ ᠤ ᠪᠠᠶᠢᠯᠳᠤᠭᠴᠢ᠂ ᠡᠪ ᠬᠠᠮᠲᠤ ᠨᠠᠮ ᠤᠨ ᠭᠡᠰᠢᠭᠦᠨ᠂ ᠸᠧᠶ ᠵᠠᠨ ᠰᠢᠶᠠᠩ ᠳᠠᠷᠢ ᠶᠢᠨ ᠪᠣᠭᠤᠯᠲᠠ ᠡᠭᠦᠷᠴᠦ᠂ ᠭᠠᠳᠠᠷ ᠭᠤᠤ ᠠᠴᠠ ᠦᠰᠦᠷᠦᠨ ᠭᠠᠷᠴᠤ ᠂ ᠬᠤᠲᠠ ᠶᠢᠨ ᠬᠡᠷᠡᠮ ᠤᠷᠤᠭᠤ ᠳᠠᠭᠠᠷᠢᠪᠠ᠃ ᠲᠡᠷᠡ ᠬᠤᠲᠠ ᠶᠢᠨ ᠬᠡᠷᠡᠮ ᠲᠠᠢ ᠤᠶᠢᠷᠠᠳᠬᠤ ᠭᠡᠵᠦ ᠪᠠᠶᠢᠳᠠᠯ᠎ᠠ ᠭᠡᠨᠡᠳᠲᠡ ᠰᠢᠷᠬᠠᠲᠤᠭᠠᠳ᠂  ᠸᠧᠶ ᠵᠠᠨ ᠰᠢᠶᠠᠩ ᠡᠮᠭᠡᠨᠢᠯ ᠵᠣᠪᠠᠨᠢᠯ ᠢᠶᠠᠨ ᠲᠡᠰᠪᠦᠷᠢᠯᠡᠨ ᠪᠣᠰᠴᠤ᠂ ᠬᠤᠲᠠ ᠶᠢᠨ ᠬᠡᠷᠡᠮ ᠤᠨ ᠢᠷᠣᠭᠠᠷ ᠲᠤ ᠳᠠᠭᠠᠷᠢᠨ ᠣᠷᠣᠵᠤ᠂ ᠬᠤᠲᠠ ᠶᠢᠨ ᠬᠡᠷᠡᠮ ᠤᠨ ᠠᠩ ᠵᠠᠪᠰᠠᠷ ᠲᠠᠢ ᠨᠠᠭᠠᠯᠳᠤᠵᠤ᠂ ᠭᠠᠯ ᠰᠢᠵᠢᠮ ᠢ ᠨᠣᠴᠣᠭᠠᠵᠤ᠂ ᠭᠠᠯ ᠤᠨ ᠭᠡᠷᠡᠯ ᠭᠢᠯᠠᠯᠵᠠᠨ᠂ ︽ᠨᠢᠵᠢᠭᠢᠨᠡᠭᠰᠡᠨ︾ ᠶᠡᠭᠡ ᠳᠠᠭᠤᠨ ᠭᠠᠷᠴᠤ᠂ ᠬᠤᠲᠠ ᠶᠢᠨ ᠬᠡᠷᠡᠮ ᠳᠡᠭᠡᠷ᠎ᠡ ᠡᠮᠲᠡᠷᠬᠡᠶ ᠭᠠᠷᠪᠠ᠃ ᠬᠤᠲᠠ ᠶᠢ ᠳᠠᠭᠠᠷᠢᠬᠤ ᠴᠡᠷᠢᠭ ᠠᠩᠭᠢ ᠸᠧᠶ ᠵᠠᠨ ᠰᠢᠶᠠᠩ ᠤᠨ ᠡᠷᠬᠢᠮ ᠨᠠᠨᠳᠢᠨ ᠠᠮᠢ ᠨᠠᠰᠤ ᠪᠠᠷ ᠢᠶᠠᠨ ᠦᠷᠡᠭᠳᠡᠯ ᠪᠣᠯᠭᠠᠨ ᠳᠡᠯᠪᠡᠴᠢᠬᠦ ᠵᠠᠮ ᠢ ᠳᠠᠭᠠᠵᠤ᠂ ᠲᠦᠯᠬᠢᠯᠲᠡ ᠮᠡᠲᠦ ᠳᠠᠭᠠᠷᠢᠨ ᠬᠤᠲᠠ ᠳᠤ ᠣᠷᠣᠵᠤ᠂ ᠭᠤᠮᠢᠨᠳᠠᠩ ᠎ ᠤᠨ ᠴᠡᠷᠢᠭ ᠲᠠᠢ ᠬᠤᠷᠴᠠ ᠰᠢᠷᠦᠭᠦᠨ ᠭᠤᠳᠤᠮᠵᠢ ᠶᠢᠨ ᠪᠠᠶᠢᠯᠳᠤᠭᠠᠨ ᠬᠢᠪᠡ᠃ ᠨᠢᠭᠡ ᠰᠥᠨᠢ ᠶᠢᠨ ᠴᠠᠭ  ᠢ ᠥᠩᠭᠡᠷᠡᠭᠡᠭᠡᠳ ᠡᠴᠦᠰ ᠲᠡᠭᠡᠨ 18᠎ ᠤ ᠡᠳᠦᠷ ᠤᠨ ᠥᠷᠯᠥᠭᠡ ᠶᠢᠨ ᠵᠢᠷᠭᠤᠭᠠᠨ ᠴᠠᠭ ᠲᠤ ᠢᠯᠠᠯᠲᠠ ᠣᠯᠵᠤ ᠵᠢᠨᠢᠩ ᠢ ᠡᠭᠡᠭᠦᠯᠦᠨ ᠠᠪᠤᠪᠠ᠃  ᠸᠧᠶ ᠵᠠᠨ ᠰᠢᠶᠠᠩ ᠤᠨ ᠬᠤᠲᠠ ᠶᠢᠨ ᠬᠡᠷᠡᠮ ᠢ ᠠᠮᠢ ᠴᠦᠯᠡᠨ ᠳᠡᠯᠪᠡᠴᠢᠭᠰᠡᠨ ᠪᠠᠭᠠᠲᠤᠷᠯᠢᠭ ᠦᠢᠯᠡ ᠠᠵᠢᠯᠯᠠᠭ᠎ᠠ ᠨᠢ ᠳ᠋ᠦᠩ ᠼᠦᠨ ᠷᠦᠢ ᠶᠢᠨ ᠪᠠᠬᠢᠯᠡᠯᠲᠡ ᠶᠢ ᠳᠡᠯᠪᠡᠴᠢᠭᠰᠡᠨ ᠵᠡᠷᠭᠡ ᠪᠠᠭᠠᠲᠤᠷᠯᠢᠭ ᠦᠢᠯᠡ ᠠᠵᠢᠯᠯᠠᠭ᠎ᠠ ᠲᠠᠢ ᠬᠠᠮᠲᠤᠪᠠᠷ ᠮᠠᠭᠲᠠᠨ ᠳᠠᠭᠤᠯᠠᠭᠤᠰᠢᠲᠠᠶ ᠪᠠᠭᠠᠲᠤᠷᠯᠢᠭ ᠮᠠᠭᠲᠠᠭᠠᠯ ᠳᠠᠭᠤᠤ ᠶᠢ ᠪᠢᠴᠢᠭᠯᠡᠭᠰᠡᠨ ᠪᠠᠶᠢᠨ᠎ᠠ᠃ 2. ᠮᠠ ᠴᠢᠩ ᠱᠠᠨ  ᠎ ᠶᠢᠨ ᠰᠦᠢ ᠴᠡᠷᠢᠭ  ᠤᠨ ᠲᠣᠭᠤᠷᠢᠭ ᠤᠨ ᠲᠤᠰᠠᠭᠠᠷ 2 ᠳ᠋ᠤᠭᠠᠷ ᠪᠠᠷᠢᠭᠠᠳᠠ ᠶᠢᠨ 27 ᠳ᠋ᠤᠭᠠᠷ ᠬᠤᠷᠢᠶᠠᠨ ᠤ 1 ᠳ᠋ᠦ᠋ᠭᠡᠷ ᠪᠠᠲᠯᠢᠶᠣᠨ ᠤ 1  ᠳ᠋ᠦ᠋ᠭᠡᠷ ᠰᠤᠮᠤᠨ ᠤ ᠲᠠᠰᠤᠭ ᠤᠨ ᠳᠠᠷᠤᠭ᠎ᠠ       1945 ᠣᠨ 11 ᠰᠠᠷ᠎ᠠ ᠳᠤ᠂ 27 ᠳ᠋ᠤᠭᠠᠷ ᠬᠤᠷᠢᠶ᠎ᠠ  ᠎ ᠶᠢᠨ ᠴᠠ ᠵᠢᠢ᠂  ᠎ ᠶᠢᠨ ᠰᠦᠢ ᠴᠡᠷᠢᠭ  ᠤᠨ ᠲᠣᠭᠤᠷᠢᠭ ᠤᠨ ᠵᠣᠬᠢᠶᠠᠨ ᠪᠠᠶᠢᠭᠤᠯᠤᠭᠰᠠᠨ ᠰᠦᠢᠶᠤᠸᠠᠨ  ᠤ ᠳᠠᠶᠢᠯᠠᠯᠳᠤᠭᠠᠨ ᠳᠤ ᠣᠷᠣᠯᠴᠠᠪᠠ᠃ 11 ᠰᠠᠷ᠎ᠠ ᠳᠤ᠂ 27 ᠳ᠋ᠤᠭᠠᠷ ᠬᠤᠷᠢᠶ᠎ᠠ ᠬᠦᠢᠰᠦ᠋ᠢ ᠶᠢᠨ ᠬᠠᠭᠤᠴᠢᠨ ᠬᠤᠲᠠ ᠶᠢᠨ ᠪᠠᠷᠠᠭᠤᠨ ᠳᠡᠭᠦᠷᠭᠡ ᠶᠢᠨ ᠺᠦᠩ ᠵᠢᠶᠠ ᠶᠢᠩᠽᠢ᠂ ᠪᠠ ᠯᠢ ᠵᠤᠸᠠᠩ ᠣᠷᠴᠢᠮ ᠢᠶᠠᠷ  35 ᠳ᠋ᠤᠭᠠᠷ ᠠᠷᠮᠢ ᠶᠢᠨ 101 ᠳ᠋ᠦ᠋ᠭᠡᠷ ᠳ᠋ᠢᠸᠢᠽᠢ ᠲᠠᠢ ᠲᠤᠯᠤᠯᠳᠤᠵᠤ᠂ ᠳᠠᠶᠢᠰᠤᠨ ᠤ ᠠᠷᠪᠠ ᠭᠠᠷᠤᠶ ᠤᠳᠠᠭᠠᠨ ᠤ ᠰᠢᠷᠦᠭᠦᠨ ᠳᠠᠭᠠᠷᠢᠯᠲᠠ ᠶᠢ ᠬᠤᠷᠢᠭᠯᠠᠪᠠ᠃ 11 ᠰᠠᠷ᠎ᠠ ᠶᠢᠨ 11᠎ ᠤ ᠡᠳᠦᠷ ᠳᠠᠶᠢᠰᠤᠨ ᠤ 101 ᠳ᠋ᠦᠭᠡᠷ ᠳ᠋ᠢᠸᠢᠽᠢ  303 ᠳ᠋ᠤᠭᠠᠷ ᠬᠤᠷᠢᠶ᠎ᠠ ᠳᠠᠭᠠᠷᠢᠯᠲᠠ ᠶᠠᠪᠤᠭᠤᠯᠵᠤ᠂ ᠪᠠᠶᠢᠯᠳᠤᠭᠠᠨ ᠲᠦᠢᠯ ᠤᠨ ᠬᠤᠷᠴᠠ ᠰᠢᠷᠦᠭᠦᠨ ᠪᠠᠶᠢᠪᠠ᠃ ᠰᠡᠭᠦᠯᠡᠷ ᠨᠢ ᠳᠠᠶᠢᠰᠤᠨ ᠤ ᠴᠡᠷᠢᠭ ᠬᠤᠶᠠᠷ ᠬᠤᠶᠠᠭᠲᠤ ᠲᠡᠷᠭᠡ ᠲᠣᠮᠢᠯᠠᠨ ᠳᠠᠭᠠᠷᠢᠯᠲᠠ ᠶᠢ ᠬᠠᠮᠠᠭᠠᠯᠠᠵᠤ᠂ ᠲᠠᠰᠤᠭ ᠤᠨ ᠳᠠᠷᠤᠭ᠎ᠠ ᠮᠠ ᠴᠢᠩ ᠱᠠᠨ ᠠᠮᠢ ᠴᠦᠯᠡᠨ ᠲᠡᠮᠡᠴᠡᠵᠦ᠂ ᠲᠡᠭᠦᠨ ᠤ ᠳᠣᠲᠣᠷᠠᠬᠢ ᠨᠢᠭᠡ ᠬᠤᠶᠠᠭᠲᠤ ᠲᠡᠷᠭᠡ ᠶᠢ ᠳᠡᠯᠪᠡᠴᠢᠨ ᠬᠠᠶᠠᠵᠠᠶ᠃ ᠬᠡᠭᠡᠷᠡᠯᠡᠨ ᠪᠠᠶᠢᠯᠳᠤᠬᠤ ᠠᠷᠮᠢ ᠮᠠ ᠴᠢᠩ ᠱᠠᠨ ᠎ ᠳᠤ ︽ᠳᠡᠯᠪᠡᠴᠢᠬᠦ ᠪᠠᠭᠠᠲᠤᠷ︾ ᠭᠡᠰᠡᠨ ᠴᠣᠯᠠ ᠶᠢ ᠣᠯᠭᠤᠪᠠ᠃ 3. ᠷᠠᠨ ᠯᠢᠩ ᠵᠦᠩ      ᠎ ᠶᠢᠨ ᠰᠦᠢ ᠴᠡᠷᠢᠭ  ᠤᠨ ᠲᠣᠭᠤᠷᠢᠭ ᠤᠨ ᠲᠤᠰᠠᠭᠠᠷ 2 ᠳ᠋ᠤᠭᠠᠷ ᠪᠠᠷᠢᠭᠠᠳᠠ ᠶᠢᠨ 27 ᠳ᠋ᠤᠭᠠᠷ ᠬᠤᠷᠢᠶᠠᠨ ᠤ 1  ᠳ᠋ᠦ᠋ᠭᠡᠷ ᠪᠠᠲᠯᠢᠶᠣᠨ ᠤ 2 ᠳ᠋ᠤᠭᠠᠷ ᠰᠤᠮᠤᠨ ᠤ 7 ᠳ᠋ᠤᠭᠠᠷ ᠲᠠᠰᠤᠭ ᠤᠨ ᠳᠠᠷᠤᠭ᠎ᠠ       1945 ᠣᠨ 9 ᠰᠠᠷ᠎ᠠ ᠳᠤ᠂ 27 ᠳ᠋ᠤᠭᠠᠷ ᠬᠤᠷᠢᠶ᠎ᠠ ᠯᠢᠶᠠᠩᠴᠧᠩ ᠢ ᠰᠠᠬᠢᠨ ᠰᠠᠭᠤᠪᠠ᠃ 12᠎ ᠤᠨ ᠡᠳᠦᠷ᠂ ᠴᠡᠷᠢᠭ ᠣᠨ ᠶᠠᠪᠤᠳᠠᠯ ᠤᠨ ᠶᠠᠮᠤᠨ ᠲᠦᠷ 17 ᠳ᠋ᠤᠭᠠᠷ ᠳ᠋ᠢᠸᠢᠽᠢ ᠠᠴᠠ ᠯᠢᠶᠠᠩᠴᠧᠩ ᠬᠤᠲᠠ ᠶᠢᠨ ᠰᠢᠨ᠎ᠡ ᠲᠠᠩᠬᠢᠮ ᠳᠤ ᠬᠠᠯᠳᠠᠪᠠ᠃ 27 ᠳ᠋ᠤᠭᠠᠷ ᠬᠤᠷᠢᠶ᠎ᠠ ᠪᠠ ᠠᠨᠳᠠ ᠴᠡᠷᠢᠭ  ᠤᠨ 32 ᠳ᠋ᠤᠭᠠᠷ ᠬᠤᠷᠢᠶ᠎ᠠ ᠬᠠᠮᠲᠤ ᠪᠠᠷ ᠳᠠᠶᠢᠰᠤᠨ ᠤ ᠳᠣᠪᠲᠣᠯᠤᠯᠲᠠ ᠶᠢ ᠳᠠᠭᠠᠷᠢᠪᠠ᠃ 27 ᠳ᠋ᠤᠭᠠᠷ ᠬᠤᠷᠢᠶᠠᠨ ᠤ 1  ᠳ᠋ᠦ᠋ᠭᠡᠷ ᠪᠠᠲᠯᠢᠶᠣᠨ ᠤ 2 ᠳ᠋ᠤᠭᠠᠷ ᠰᠤᠮᠤᠨ ᠤ 7 ᠳ᠋ᠤᠭᠠᠷ ᠲᠠᠰᠤᠭ ᠲᠣᠰ ᠤᠳᠠᠭ᠎ᠠ ᠶᠢᠨ  ᠪᠠᠶᠢᠯᠳᠤᠭᠠᠨ ᠳᠤ  ᠲᠤᠪᠤᠶᠢᠮ᠎ᠠ ᠢᠯᠡᠷᠡᠯ ᠲᠠᠢ ᠪᠠᠶᠢᠵᠤ᠂ ᠲᠠᠰᠤᠭ ᠤᠨ ᠳᠠᠷᠤᠭ᠎ᠠ ᠷᠠᠨ ᠵᠦᠩ 8 ᠠᠷᠠᠳ ᠤᠨ ᠪᠠᠶᠢᠯᠳᠤᠭᠴᠢ ᠶᠢ ᠳᠠᠭᠠᠭᠤᠯᠤᠨ᠂ 3 ᠣᠨᠴᠠ ᠲᠡᠰ ᠤᠨ ᠫᠤᠤᠴᠢ ᠶᠢ ᠵᠣᠬᠢᠶᠠᠨ  ᠪᠠᠶᠢᠭᠤᠯᠵᠦ᠂ ᠳᠠᠶᠢᠰᠤᠨ ᠤ 4 ᠵᠢᠯᠣᠭᠤᠳᠤᠭᠴᠢ᠂ 20 ᠭᠠᠷᠤᠶ ᠴᠡᠷᠢᠭ  ᠢ ᠠᠯᠠᠵᠤ᠂ ᠠᠷᠤ ᠠᠴᠠ ᠨᠢ ᠬᠠᠳᠬᠤᠵᠤ ᠢᠷᠡᠭᠰᠡᠨ ᠨᠢᠭᠡ ᠰᠤᠮᠤᠨ ᠤ ᠳᠠᠶᠢᠰᠤᠨ ᠢ ᠪᠣᠳᠠ ᠨᠢᠷᠭᠡᠵᠦ᠂ ᠳᠠᠶᠢᠰᠤᠨ ᠢ ᠳᠠᠷᠤᠬᠤ  ᠦᠶ᠎ᠡ ᠳᠤ ᠪᠠᠰᠠ 20 ᠭᠠᠷᠤᠶ ᠳᠠᠶᠢᠰᠤᠨ ᠢ ᠭᠠᠷ ᠢᠶᠠᠷ ᠢᠶᠠᠨ ᠳᠡᠯᠪᠡᠴᠢᠵᠦ ᠠᠯᠠᠪᠠ᠃  ᠳᠡᠭᠡᠳᠦ ᠱᠠᠲᠤᠨ ᠠᠴᠠ ᠷᠠᠨ ᠯᠢᠩ ᠵᠦᠩ ᠳᠤ ︽ᠬᠥᠬᠡ ᠲᠡᠰ ᠤᠨ ᠪᠠᠶᠢᠯᠳᠤᠭᠠᠨ ᠤ ᠪᠠᠭᠠᠲᠤᠷ︾ ᠴᠣᠯᠠ ᠣᠯᠭᠤᠪᠠ᠃       1946 ᠣᠨ 1 ᠰᠠᠷ᠎ᠠ ᠶᠢᠨ 14᠎ ᠤ ᠡᠳᠦᠷ᠂ ᠴᠡᠷᠢᠭ ᠲᠣᠮᠢᠯᠠᠨ ᠵᠢᠨᠢᠩ ᠢ ᠡᠵᠡᠯᠡᠪᠡ᠃  ᠵᠢᠨᠢᠩ ᠤᠨ ᠪᠠᠶᠢᠯᠳᠤᠭᠠᠨ ᠳᠤ᠂ ᠷᠠᠨ ᠯᠢᠩ ᠵᠦᠩ 27 ᠳ᠋ᠤᠭᠠᠷ ᠬᠤᠷᠢᠶᠠᠨ ᠤ 1  ᠳ᠋ᠦ᠋ᠭᠡᠷ ᠰᠤᠮᠤᠨ ᠤ ᠰᠢᠪᠲᠤᠯᠤᠨ ᠲᠠᠭᠠᠷᠢᠬᠤ ᠲᠠᠰᠤᠭ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠪᠠ᠃ 1 ᠰᠠᠷ᠎ᠠ ᠶᠢᠨ 17᠎ ᠤ ᠰᠥᠨᠢ᠂ ᠮᠠ ᠴᠢᠩ ᠱᠠᠨ ᠬᠤᠲᠠ ᠶᠢᠨ ᠬᠡᠷᠡᠮ ᠢ ᠳᠡᠯᠪᠡᠴᠢᠵᠦ ᠠᠮᠵᠢᠯᠲᠠ ᠣᠯᠤᠭᠰᠠᠨ ᠤ ᠳᠠᠷᠠᠭ᠎ᠠ᠂ ᠷᠠᠨ ᠯᠢᠩ ᠵᠦᠩ ᠡᠩ ᠲᠡᠷᠢᠭᠦᠨ ᠳᠤ ᠪᠦᠬᠦ ᠲᠠᠰᠤᠭ ᠢᠶᠠᠨ ᠳᠠᠭᠠᠭᠤᠯᠤᠨ ᠨᠡᠯᠦᠩᠬᠡᠶ ᠳᠠᠷᠢ ᠶᠢᠨ ᠤᠲᠤᠭ᠎ᠠ ᠶᠢ ᠤᠭᠲᠤᠨ ᠬᠤᠲᠠ ᠳᠤ ᠣᠷᠣᠵᠤ᠂ ᠨᠢᠭᠡᠳᠦᠭᠡᠷ ᠰᠤᠮᠤ ᠶᠢ ᠵᠠᠯᠭᠠᠨ ᠳᠠᠭᠠᠵᠤ᠂ 2 ᠳ᠋ᠤᠭᠠᠷ᠂ 3 ᠳ᠋ᠤᠭᠠᠷ ᠰᠤᠮᠤ ᠲᠤᠰᠠᠯᠠᠨ ᠣᠷᠣᠵᠤ᠂ ᠬᠤᠲᠠ ᠶᠢᠨ ᠡᠭᠦᠳᠡ ᠶᠢ ᠨᠡᠭᠡᠭᠡᠵᠦ᠂ ᠬᠤᠶᠢᠨᠠᠬᠢ ᠴᠡᠷᠢᠭ ᠠᠩᠭᠢ ᠨᠢ ᠲᠦᠯᠬᠢᠯᠲᠡ ᠮᠡᠲᠦ ᠬᠤᠲᠠ ᠳᠤ ᠣᠷᠣᠪᠠ᠃ 18᠎ ᠤ ᠦᠳᠡ ᠡᠮᠦᠨ᠎ᠡ᠂ ᠮᠠᠨ ᠤ ᠴᠡᠷᠢᠭ ᠵᠢᠨᠢᠩ ᠢ ᠡᠵᠡᠯᠡᠪᠡ᠃ ᠳᠠᠷᠠᠭ᠎ᠠ ᠨᠢ 27 ᠳ᠋ᠤᠭᠠᠷ ᠬᠤᠷᠢᠶ᠎ᠠ ᠶᠢᠨ ᠬᠤᠷᠠᠯᠳᠤᠭᠤᠯᠤᠭᠰᠠᠨ ᠭᠠᠪᠢᠶ᠎ᠠ ᠲᠡᠮᠳᠡᠭᠯᠡᠬᠦ ᠬᠤᠷᠠᠯ ᠳᠡᠭᠡᠷ᠎ᠡ᠂ ᠪᠠᠶᠢᠯᠳᠤᠭᠠᠨ ᠤ ᠪᠠᠭᠠᠲᠤᠷ ᠷᠠᠨ ᠯᠢᠩ ᠵᠦᠩ ᠬᠥᠬᠢᠭᠦᠯᠦᠨ ᠰᠠᠶᠢᠰᠢᠶᠠᠭᠳᠠᠪᠠ᠃4.  ᠭᠦᠸᠧ ᠵᠦᠩ ᠮᠢᠨ        ︽᠎ ᠶᠢᠨ ᠰᠦᠢ ᠤᠨ ᠡᠳᠦᠷ ᠤᠨ ᠰᠣᠨᠢᠨ︾ 1946 ᠣᠨ 9 ᠰᠠᠷ᠎ᠠ ᠶᠢᠨ 26᠎ ᠤ ᠡᠳᠦᠷ᠂ ︽ᠭᠡᠷ ᠤᠨ ᠣᠷᠣᠢ ᠶᠢ ᠰᠠᠬᠢᠵᠤ ᠡᠷᠡᠯᠬᠡᠭ ᠪᠠᠭᠠᠲᠤᠷᠯᠢᠭ ᠢᠶᠠᠷ ᠴᠢᠰᠤᠨ ᠪᠠᠶᠢᠯᠳᠤᠭᠠᠨ ᠬᠢᠵᠦ᠂ ᠮᠤᠵᠢᠭᠤᠳᠠ ᠴᠡᠷᠢᠭ ᠬᠠᠭᠤᠷᠮᠠᠭ ᠴᠡᠷᠢᠭ ᠲᠤ ᠬᠦᠴᠦᠲᠡᠶ ᠴᠣᠬᠢᠯᠲᠠ ᠥᠭᠭᠦᠭᠰᠡᠨ ᠨᠢ︾᠂ ᠳᠡᠳ᠋ ᠭᠠᠷᠴᠠᠭ ᠨᠢ ︽ᠵᠢᠨᠢᠩ ᠢ ᠬᠠᠮᠠᠭᠠᠯᠠᠬᠤ ᠳᠠᠶᠢᠨ ᠤ ᠳᠤᠮᠳᠠᠬᠢ ᠭᠦᠸᠧ ᠵᠥᠩ  ᠮᠢᠨ ᠪᠠᠭᠠᠲᠤᠷᠯᠢᠭ ᠠᠭᠤᠤ ᠭᠠᠪᠢᠶ᠎ᠠ  ᠪᠠᠶᠢᠭᠤᠯᠪᠠ︾ ᠭᠡᠬᠦ ᠵᠣᠬᠢᠶᠠᠯ ᠢᠶᠠᠷ ᠵᠢᠨᠢᠩ ᠬᠤᠲᠠ ᠳᠤ ᠰᠠᠭᠤᠭ᠎ᠠ   ᠨᠠᠶᠢᠮᠠᠳᠤᠭᠠᠷ  ᠵᠠᠮ ᠤᠨ ᠴᠡᠷᠢᠭ  ᠤᠨ ᠨᠢᠭᠡᠨ ᠴᠡᠷᠢᠭ ᠠᠩᠭᠢ ᠶᠢᠨ ᠳᠡᠳ᠋ ᠨᠣᠶᠠᠨ ᠭᠦᠸᠧ ᠵᠥᠩ ᠮᠢᠨ ᠤ ᠪᠠᠭᠠᠲᠤᠷᠯᠢᠭ ᠦᠢᠯᠡ ᠠᠵᠢᠯᠯᠠᠭ᠎ᠠ ᠶᠢ ᠮᠡᠳᠡᠭᠡᠯᠡᠪᠡ᠃ ᠪᠥᠬᠦ ᠵᠣᠬᠢᠶᠠᠯ ᠨᠢ ᠳᠣᠤᠷᠠᠬᠢ ᠮᠡᠲᠦ᠄ ︵ᠰᠢᠨᠬᠤᠸᠠ ᠬᠤᠷᠢᠶᠠᠨ ᠤ  ᠰᠦᠢᠶᠤᠸᠠᠨ ᠤ ᠵᠡᠭᠦᠨ ᠬᠡᠰᠡᠭ ᠤᠨ ᠡᠮᠦᠨ᠎ᠡ ᠹᠷᠣᠨᠲ ᠤᠨ ᠴᠠᠬᠢᠯᠭᠠᠨ ᠮᠡᠳᠡᠭᠡ︶ ᠵᠢᠨᠢᠩ ᠢ ᠬᠠᠮᠠᠭᠠᠯᠠᠬᠤ  ᠳᠠᠶᠢᠨ ᠤ ᠪᠠᠭᠠᠲᠤᠷᠴᠤᠳ᠂ ᠮᠠᠰᠢ ᠣᠯᠠᠨ ᠡᠷᠡᠯᠬᠡᠭ ᠪᠠᠭᠠᠲᠤᠷᠯᠢᠭ ᠠᠤᠭ᠎ᠠ ᠭᠠᠪᠢᠶ᠎ᠠ ᠵᠢᠳᠬᠦᠯ ᠭᠠᠷᠭᠠᠵᠠᠶ᠂ ᠭᠦᠸᠧ ᠵᠦᠩ ᠮᠢᠨ ᠪᠣᠯ ᠲᠦᠭ ᠲᠦᠮᠡᠨ ᠪᠠᠭᠠᠲᠤᠷᠴᠤᠳ ᠤᠨ ᠳᠣᠲᠣᠷᠠᠬᠢ ᠨᠢᠭᠡᠨ ᠨᠡᠶᠢᠲᠡᠯᠢᠭ ᠵᠢᠱᠢᠶ᠎ᠡ ᠪᠣᠯᠤᠨ᠎ᠠ᠃ ᠲᠡᠷᠡ ᠤᠤᠯ ᠨᠢ ᠵᠢᠨᠢᠩ ᠬᠤᠲᠠ ᠶᠢᠨ  ᠨᠠᠢᠮᠠᠳᠤᠭᠠᠷ ᠵᠠᠮ ᠤᠨ ᠴᠡᠷᠢᠭ  ᠤᠨ ᠨᠢᠭᠡᠨ ᠴᠡᠷᠢᠭ ᠠᠩᠭᠢ ᠎ ᠶᠢ ᠰᠠᠬᠢᠨ ᠬᠠᠮᠠᠭᠠᠯᠠᠵᠤ ᠪᠠᠶᠢᠭᠰᠠᠨ ᠰᠢᠳᠠᠷ ᠨᠣᠶᠠᠨ ᠪᠠᠶᠢᠵᠠᠶ᠃ ᠬᠦᠴᠦᠷᠬᠡᠭ ᠳᠠᠶᠢᠰᠤᠨ ᠬᠤᠲᠠ ᠳᠤ ᠳᠠᠭᠠᠷᠢᠨ ᠣᠷᠣᠬᠤ ᠳᠤ᠂ ᠮᠠᠨ ᠤ ᠴᠡᠷᠢᠭ ᠵᠡᠭᠡᠯᠢ ᠭᠤᠳᠤᠮᠵᠢ ᠨᠢᠭᠡᠪᠦᠷᠢ ᠪᠠ ᠭᠡᠷ ᠪᠠᠶᠢᠰᠢᠩ ᠨᠢᠭᠡᠪᠦᠷᠢ ᠶᠢ ᠪᠠᠲᠤ ᠰᠠᠬᠢᠬᠤ ᠳᠤ᠂ ᠲᠡᠷᠡ ᠬᠠᠶᠢᠰᠠᠩ ᠪᠠᠷᠢᠵᠤ ᠪᠠᠶᠢᠯᠳᠤᠭᠠᠨ ᠳᠤ ᠣᠷᠣᠯᠴᠠᠪᠠ᠂ ᠦᠳᠡ ᠳᠤ ᠳᠠᠶᠢᠰᠤᠨ ᠴᠢᠶᠣᠤ ᠰᠢ ᠪᠦ᠋ ᠺᠣᠮᠫᠠᠨᠢ ᠶᠢ ᠡᠵᠡᠯᠡᠬᠦ  ᠦᠶ᠎ᠡ  ᠳᠤ᠂ ᠲᠡᠷᠡ ᠤᠷᠢᠳ ᠢᠶᠠᠷ ᠵᠠᠪᠳᠤᠨ ᠺᠣᠮᠫᠠᠨᠢ ᠶᠢᠨ ᠪᠠᠶᠢᠰᠢᠩ ᠭᠡᠷ ᠤᠨ ᠣᠷᠣᠢ ᠳᠡᠭᠡᠷ᠎ᠡ ᠭᠠᠷᠴᠤ᠂ ᠳᠠᠶᠢᠰᠤᠨ ᠤ ᠨᠢᠭᠡ ᠰᠤᠮᠤ ᠬᠦᠷᠢᠶᠡᠨ ᠳᠤ ᠴᠤᠭᠯᠠᠷᠠᠵᠠᠶ᠃ ᠭᠦᠸᠧ ᠵᠦᠩ ᠮᠢᠨ ᠭᠡᠷ ᠳᠠᠷᠠᠭᠠᠯᠠᠨ ᠳᠠᠶᠢᠰᠤᠨ ᠲᠠᠢ ᠴᠢᠰᠤᠨ ᠪᠠᠶᠢᠯᠳᠤᠭᠠᠨ ᠬᠢᠵᠦ᠂ ᠣᠷᠣᠢ ᠪᠣᠯᠲᠠᠯ᠎ᠠ ᠲᠡᠰᠪᠦᠷᠢᠯᠡᠵᠦ ᠪᠠᠶᠢᠭᠰᠠᠨ ᠪᠥᠭᠡᠳ ᠬᠤᠯᠪᠣᠭ᠎ᠠ ᠠᠪᠤᠭᠰᠠᠨ ᠳᠣᠯᠤᠭ᠎ᠠ  ᠨᠠᠶᠢᠮᠠᠨ ᠪᠠᠶᠢᠯᠳᠤᠭᠴᠢ ᠶᠢ ᠬᠤᠷᠢᠶᠠᠨ ᠠᠪᠴᠤ᠂ ︽ᠭᠡᠷ ᠤᠨ ᠣᠷᠣᠢ ᠶᠢᠨ ᠫᠠᠷᠲ᠋ᠢᠽᠠᠨ ᠠᠩᠭᠢ︾᠎ ᠶᠢ ᠪᠠᠶᠢᠭᠤᠯᠪᠠ᠃ ᠰᠥᠨᠢ ᠪᠣᠯᠬᠤ ᠳᠤ ᠲᠡᠷᠡ ᠵᠢᠯᠣᠭᠤᠳᠬᠤ ᠭᠠᠵᠠᠷ ᠲᠠᠢ ᠬᠤᠯᠪᠣᠭ᠎ᠠ ᠠᠪᠴᠤ᠂ ᠰᠤᠮᠤ ᠳᠠᠷᠢ ᠶᠢᠨ ᠳᠡᠮᠵᠢᠯᠭᠡ ᠶᠢ ᠣᠯᠵᠤ᠂ ᠦᠷᠭᠦᠯᠵᠢᠯᠡᠨ ᠭᠡᠷ ᠳᠠᠷᠠᠭᠠᠯᠠᠨ ᠪᠠᠶᠢᠯᠳᠤᠵᠤ᠂ ᠠᠷᠤ ᠳᠤᠨᠢ ᠮᠠᠨ ᠤ ᠨᠢᠭᠡᠨ ᠬᠤᠷᠢᠶᠠᠨ ᠤ ᠵᠢᠭᠰᠠᠭᠠᠯ ᠤᠨ ᠭᠠᠵᠠᠷ ᠪᠠᠶᠢᠪᠠ᠂ ᠲᠡᠷᠡ ᠨᠢᠭᠡ ᠭᠠᠷ ᠢᠶᠠᠷ ᠢᠶᠠᠨ ᠰᠢᠳᠡᠬᠦ ᠪᠦᠷᠢ ᠪᠠᠶᠢᠯᠳᠤᠭᠴᠢᠳ ᠪᠠᠶᠠᠷᠯᠠᠯᠳᠤᠨ ᠬᠠᠰᠬᠢᠷᠤᠯᠳᠤᠵᠤ᠂ ᠵᠡᠭᠡᠯᠢ ᠳᠠᠭᠠᠤ ᠬᠤᠲᠠ ᠶᠢᠨ ᠠᠷᠠᠳ ᠪᠣᠯᠪᠠ᠃ ᠰᠦᠨᠢᠵᠢᠨ ᠪᠠᠶᠢᠯᠳᠤᠭᠠᠳ  ᠂ ᠬᠠᠮᠤᠭ ᠰᠡᠭᠦᠯᠴᠢ ᠶᠢᠨ ᠨᠢᠭᠡ ᠴᠠᠭ  ᠤᠨ ᠰᠢᠷᠦᠭᠦᠨ ᠪᠠᠶᠢᠯᠳᠤᠭᠠᠨ ᠳᠤ ᠲᠠᠪᠢ ᠭᠠᠷᠤᠶ ᠬᠠᠯᠳᠠᠷ᠎ᠠ ᠢᠷᠡᠭᠰᠡᠳ ᠢ ᠤᠰᠠᠳᠬᠠᠵᠤ᠂ ᠭᠡᠷ ᠤᠨ ᠣᠷᠣᠢ ᠠᠴᠠ ᠦᠰᠦᠷᠦᠨ ᠪᠠᠭᠤᠬᠤ ᠳᠤ᠂  ᠭᠦᠸᠧ ᠵᠦᠩ ᠮᠢᠨ ᠨᠥᠬᠦᠷ ᠲᠡᠷᠡ ᠳᠣᠤᠷ᠎ᠠ ᠨᠢ ᠨᠢᠭᠡᠨ ᠬᠤᠷᠢᠶᠠᠨ ᠤ ᠪᠠᠶᠢᠯᠳᠤᠭᠴᠢᠳ ᠲᠤ ᠲᠡᠪᠡᠷᠢᠭᠳᠡᠵᠦ ᠠᠪᠤᠭᠠᠳ ᠠᠷᠤ ᠲᠠᠯ᠎ᠠ ᠳᠠᠭᠠᠨ ᠠᠮᠤᠷ ᠲᠦᠪᠰᠢᠨ ᠪᠤᠴᠠᠪᠠ᠃ 5.  ᠸᠠᠩ ᠰᠢᠤᠸᠠᠢ ᡁᠢ      ᠴᠡᠷᠢᠭ  ᠤᠨ  ᠲᠣᠭᠤᠷᠢᠭ ᠤᠨ 358 ᠳ᠋ᠤᠭᠠᠷ ᠪᠠᠷᠢᠭᠠᠳᠠ ᠶᠢᠨ 8 ᠳ᠋ᠤᠭᠠᠷ ᠬᠤᠷᠢᠶ᠎ᠠ ᠶᠢᠨ 1  ᠳ᠋ᠤᠭᠡᠷ ᠪᠠᠲᠯᠢᠶᠣᠨ ᠤ 2 ᠳ᠋ᠤᠭᠠᠷ ᠰᠤᠮᠤ ᠶᠢᠨ 3 ᠳ᠋ᠤᠭᠠᠷ ᠰᠠᠯᠠᠭ᠎ᠠ ᠶᠢᠨ ᠫᠦᠯᠧᠮᠶᠣᠲ ᠤᠨ ᠳᠤᠭᠤᠢᠯᠠᠩ ᠤᠨ ᠳᠠᠷᠤᠭ᠎ᠠ        1946 ᠣᠨ 9 ᠰᠠᠷ᠎ᠠ ᠳᠤ᠂ ᠵᠢᠨᠢᠩ ᠢ ᠬᠠᠮᠠᠭᠠᠯᠠᠬᠤ ᠪᠠᠶᠢᠯᠳᠤᠭᠠᠨ ᠳᠤ᠂ ᠪᠠᠷᠠᠭᠤᠨ ᠪᠠᠶ ᠱᠢ ᠬᠦᠢ ᠠᠭᠤᠯᠠ ᠶᠢ ᠪᠤᠯᠢᠶᠠᠯᠳᠤᠬᠤ  ᠪᠠᠶᠢᠯᠳᠤᠭᠠᠨ ᠳᠤ ᠣᠷᠣᠯᠴᠠᠪᠠ᠃ ᠪᠠᠶᠢᠯᠳᠤᠭᠠᠨ ᠤ ᠳᠤᠮᠳᠠ ᠸᠠᠩ ᠰᠢᠤᠸᠠᠢ ᡁᠢ ᠫᠦᠯᠧᠮᠶᠣᠲ ᠢᠶᠠᠷ ᠶᠠᠪᠠᠭᠠᠨ ᠴᠡᠷᠢᠭ  ᠎ ᠤᠨ ᠳᠠᠭᠠᠷᠢᠯᠲᠠ ᠶᠢ ᠬᠠᠮᠠᠭᠠᠯᠠᠪᠠ᠃ ᠭᠡᠨᠡᠳᠲᠡ ᠪᠠᠷᠠᠭᠤᠨ ᠭᠠᠷ ᠨᠢ ᠰᠢᠷᠬᠠᠲᠤᠵᠤ᠂ ᠳᠥᠭᠦᠮᠬᠡᠨ ᠢᠶᠠᠷ ᠪᠣᠭᠤᠭᠠᠳ ᠵᠡᠭᠦᠨ ᠭᠠᠷ ᠢᠶᠠᠷ ᠢᠶᠠᠨ ᠫᠤᠤᠳᠠᠬᠤ ᠪᠣᠯᠵᠠᠶ᠂ ᠫᠤᠤᠳᠠᠭᠰᠠᠨ ᠬᠤᠭᠤᠯᠠᠶ ᠨᠢ ᠤᠯᠠᠶᠢᠵᠤ᠂ ᠭᠠᠷ ᠨᠢ ᠴᠥᠪᠥᠷᠢᠭᠦᠲᠦᠵᠦ᠂ ᠮᠥᠨ ᠯᠡ ᠪᠠᠷᠢᠮᠲᠠᠯᠠᠵᠤ ᠪᠠᠶᠢᠪᠠ᠃ ᠫᠦᠯᠧᠮᠶᠣᠲ ᠡᠪᠳᠡᠷᠡᠭᠰᠡᠨ ᠤ ᠳᠠᠷᠠᠭ᠎ᠠ᠂ ᠶᠠᠪᠠᠭᠠᠨ ᠴᠡᠷᠢᠭ  ᠢ ᠳᠠᠭᠠᠵᠤ ᠠᠭᠤᠯᠠᠨ ᠣᠷᠣᠢ ᠳᠡᠭᠡᠷ᠎ᠡ ᠳᠠᠭᠠᠷᠢᠨ ᠭᠠᠷᠴᠤ ᠳᠠᠶᠢᠰᠤᠨ ᠤ ᠫᠦᠯᠧᠮᠶᠣᠲ ᠢ ᠦᠷᠭᠦᠯᠵᠢᠯᠡᠨ ᠫᠤᠤᠳᠠᠪᠠ᠃ ᠬᠤᠶᠠᠳᠤᠭᠠᠷ ᠡᠳᠦᠷ ᠨᠢ᠂ ᠬᠤᠶᠠᠳᠤᠭᠠᠷ ᠰᠠᠯᠠᠭ᠎ᠠ ᠨᠢ ᠭᠤᠷᠪᠠᠳᠤᠭᠠᠷ ᠰᠠᠯᠠᠭ᠎ᠠ ᠲᠠᠢ ᠬᠠᠮᠵᠢᠯᠴᠠᠨ᠂ ᠨᠢᠭᠡ ᠰᠤᠮᠤᠨ ᠤ ᠳᠠᠶᠢᠰᠤᠨ ᠢ ᠠᠭᠤᠯᠠᠨ ᠭᠤᠤ ᠠᠴᠠ ᠬᠥᠭᠡᠭᠡᠨ ᠪᠠᠭᠤᠯᠭᠠᠪᠠ᠂ ᠡᠨᠡ ᠦᠶ᠎ᠡ ᠳᠤ ᠬᠠᠷᠠᠩᠭᠤᠶ ᠪᠣᠯᠪᠠ᠂ 4 ᠳ᠋ᠤᠭᠡᠷ ᠲᠠᠰᠤᠭ ᠤᠨ ᠪᠠᠶᠢᠯᠳᠤᠭᠴᠢ ᠯᠢᠦ ᠾᠧᠦ ᠲᠦᠩ ᠡᠮᠦᠨ᠎ᠡ ᠨᠢ ᠳᠠᠭᠠᠷᠢᠨ ᠣᠷᠣᠵᠤ᠂ ᠳᠠᠶᠢᠰᠤᠨ ᠤ ᠫᠦᠯᠧᠮᠶᠣᠲ ᠤᠨ ᠠᠮᠠᠰᠠᠷ ᠢ ᠨᠢᠭᠡ ᠯᠡ ᠢᠰᠬᠦᠯᠦᠨ ᠮᠥᠷᠭᠦᠵᠡᠶ᠃ ᠸᠠᠩ ᠰᠢᠤᠸᠠᠢ ᡁᠢ ᠲᠡᠷᠡ ᠳᠠᠷᠤᠶ ᠳᠤᠨᠢ ᠡᠷᠡᠰ ᠰᠢᠭᠤᠷᠬᠠᠶ ᠪᠠᠷ᠂ ᠨᠢᠭᠡ ᠭᠠᠷ ᠢᠶᠠᠷ ᠢᠶᠠᠨ ᠫᠦᠯᠧᠮᠶᠤᠲ ᠢ ᠳᠠᠷᠤᠵᠤ᠂ ᠵᠢᠳᠠ ᠪᠠᠨ ᠪᠠᠷᠢᠨ ᠵᠢᠳᠠᠯᠠᠵᠤ᠂ ᠳᠠᠶᠢᠰᠤᠨ  ᠳᠠᠷᠤᠶᠢᠬᠠᠨ ᠰᠥᠭᠦᠳᠴᠦ ᠭᠠᠷ ᠡᠷᠭᠦᠨ ᠪᠠᠭᠤᠵᠤ ᠥᠭᠪᠡ᠃       358 ᠳ᠋ᠤᠭᠠᠷ ᠪᠠᠷᠢᠭᠠᠳᠠ ᠶᠢᠨ ᠠᠩᠬᠠᠳᠤᠭᠠᠷ ᠬᠤᠭᠤᠴᠠᠭᠠᠨ ᠤ ᠪᠠᠭᠠᠲᠤᠷ ᠵᠢᠱᠢᠶᠡᠴᠢ ᠶᠢᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ᠂ ᠸᠠᠩ ᠰᠢᠤᠸᠠᠢ ᡁᠢ ᠬᠥᠬᠡ ᠲᠡᠰ ᠤᠨ ᠪᠠᠶᠢᠯᠳᠤᠭᠠᠨ ᠤ ᠪᠠᠭᠠᠲᠤᠷ ᠢᠶᠠᠷ ᠰᠣᠩᠭᠤᠭᠳᠠᠪᠠ᠃ 6. ᠯᠢᠦ ᠽᠧᠩ ᠮᠢᠨ        ᠎ ᠶᠢᠨ ᠰᠦᠢ ᠴᠡᠷᠢᠭ  ᠤᠨ ᠲᠣᠭᠤᠷᠢᠭ ᠤᠨ 358 ᠳ᠋ᠤᠭᠠᠷ ᠪᠠᠷᠢᠭᠠᠳᠠ ᠶᠢᠨ 716 ᠳ᠋ᠤᠭᠠᠷ ᠬᠤᠷᠢᠶ᠎ᠠ ᠶᠢᠨ 2 ᠳ᠋ᠤᠭᠠᠷ ᠪᠠᠲᠯᠢᠶᠣᠨ ᠤ ᠳᠡᠳ᠋ ᠳᠠᠷᠤᠭ᠎ᠠ᠃       1946 ᠣᠨ 9 ᠰᠠᠷ᠎ᠠ ᠳᠤ᠂ ᠵᠢᠨᠢᠩ ᠢ ᠬᠠᠮᠠᠭᠠᠯᠠᠬᠤ ᠪᠠᠶᠢᠯᠳᠤᠭᠠᠨ ᠳᠤ᠂  ᠳ᠋ᠠ  ᠨᠤᠤ ᠪᠦᠦ ᠠᠭᠤᠯᠠ ᠶᠢ ᠳᠠᠭᠠᠷᠢᠨ ᠴᠣᠬᠢᠬᠤ ᠪᠠᠶᠢᠯᠳᠤᠭᠠᠨ ᠳᠤ ᠣᠷᠣᠯᠴᠠᠪᠠ᠃ ᠪᠠᠶᠢᠯᠳᠤᠭᠠᠨ ᠤ ᠳᠤᠮᠳᠠ᠂ ᠯᠢᠦ ᠽᠧᠩ ᠮᠢᠨ 50 ᠭᠠᠷᠤᠶ ᠫᠤᠦᠴᠢᠨ᠂ ᠭᠠᠷᠨᠠᠲᠠ ᠰᠢᠳᠡᠭᠴᠢ ᠪᠠᠷ ᠪᠦᠷᠢᠯᠳᠦᠭᠰᠡᠨ ᠭᠠᠪᠰᠢᠭᠠᠶ ᠴᠡᠷᠢᠭ ᠠᠩᠭᠢ ᠶᠢ ᠵᠢᠯᠣᠭᠤᠳᠤᠨ ᠲᠡᠳᠡᠨ ᠢ ᠳᠠᠭᠠᠵᠤ᠂ ᠶᠡᠭᠡ ᠪᠠᠭ᠎ᠠ ᠭᠤᠷᠪᠠᠨ ᠳᠣᠪᠣᠴᠠᠭ ᠢ ᠦᠳᠲᠡᠷ ᠲᠦᠷᠭᠡᠨ ᠡᠵᠡᠯᠡᠪᠡ᠃ ᠡᠨᠡ  ᠦᠶ᠎ᠡ ᠳᠤ᠂ ᠯᠢᠦ ᠽᠧᠩ ᠮᠢᠨ ᠭᠠᠷ  ᠎ ᠤᠨ ᠪᠠᠭᠤᠤ ᠰᠢᠷᠬᠠᠲᠤᠵᠤ᠂ ᠦᠷᠭᠦᠯᠵᠢᠯᠡᠨ ᠪᠠᠶᠢᠯᠳᠤᠵᠤ ᠳᠡᠶᠢᠯᠬᠦ ᠦᠭᠡᠢ ᠪᠣᠯᠵᠤ᠂ ᠳᠠᠮᠨᠠᠭᠤᠷ ᠲᠠᠭᠠᠨ ᠳᠠᠮᠨᠠᠭᠳᠠᠵᠤ᠂ ᠪᠠᠷᠢᠭᠠᠳᠠ ᠶᠢᠨ ᠵᠠᠬᠢᠷᠭ᠎ᠠ ᠳᠤ ᠬᠦᠷᠴᠦ ᠪᠣᠭᠤᠵᠠᠶ᠃ ᠲᠠᠷᠠᠭ᠎ᠠ ᠡᠳᠦᠷ ᠨᠢ᠂ ᠲᠡᠷᠡ ᠴᠡᠷᠢᠭ ᠠᠩᠭᠢ ᠪᠠᠨ ᠡᠷᠭᠢᠨ ᠦᠵᠡᠵᠦ᠂ ᠶᠠᠭ ᠳᠠᠶᠢᠰᠤᠨ ᠤ ᠮᠣᠷᠢᠲᠤ ᠴᠡᠷᠢᠭ  ᠤᠨ 2 ᠳ᠋ᠤᠭᠠᠷ ᠪᠠᠲᠯᠢᠶᠣᠨ ᠲᠠᠢ ᠲᠠᠭᠠᠷᠠᠯᠳᠤᠵᠤ᠂ ᠲᠡᠷᠡ ᠳᠠᠷᠤᠶ ᠴᠡᠷᠢᠭ ᠠᠩᠭᠢ ᠪᠠᠨ ᠵᠢᠯᠣᠭᠤᠳᠤᠨ ᠠᠭᠤᠯᠠᠨ ᠳᠤ ᠭᠠᠷᠴᠤ ᠵᠢᠭᠰᠠᠭᠠᠯ ᠤᠨ ᠭᠠᠵᠠᠷ ᠢ ᠡᠵᠡᠯᠡᠨ ᠠᠪᠴᠤ᠂ ᠬᠤᠷᠢᠭᠯᠠᠨ ᠴᠣᠬᠢᠬᠤ ᠪᠠᠶᠢᠯᠳᠤᠭᠠᠨ ᠥᠷᠨᠢᠭᠦᠯᠪᠡ᠃       358 ᠳ᠋ᠤᠭᠠᠷ ᠪᠠᠷᠢᠭᠠᠳᠠ ᠶᠢᠨ ᠠᠩᠬᠠᠳᠤᠭᠠᠷ ᠬᠤᠭᠤᠴᠠᠭᠠᠨ ᠤ ᠪᠠᠭᠠᠲᠤᠷ ᠵᠢᠱᠢᠶᠡᠴᠢ ᠶᠢᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ᠂ ᠯᠢᠦ ᠽᠧᠩ ᠮᠢᠨ ᠬᠥᠬᠡ ᠵᠡᠷᠭᠡ ᠠᠵᠢᠯ ᠎ ᠤᠨ ᠵᠢᠱᠢᠶᠡᠴᠢ ᠪᠠᠷ ᠰᠣᠩᠭᠤᠭᠳᠠᠪᠠ᠃ 7.   ᠫᠦ᠋ ᠴᠧᠩ ᠢᠦᠶ    ᠎ ᠶᠢᠨ ᠰᠦᠢ ᠴᠡᠷᠢᠭ  ᠤᠨ ᠲᠣᠭᠤᠷᠢᠭ ᠤᠨ 358 ᠳ᠋ᠤᠭᠠᠷ ᠪᠠᠷᠢᠭᠠᠳᠠ ᠶᠢᠨ 716 ᠳ᠋ᠤᠭᠠᠷ ᠬᠤᠷᠢᠶ᠎ᠠ ᠶᠢᠨ 1   ᠳ᠋ᠤᠭᠡᠷ ᠪᠠᠲᠯᠢᠶᠣᠨ ᠤ 1 ᠳ᠋ᠤᠭᠡᠷ ᠰᠤᠮᠤᠨ ᠤ 6 ᠳ᠋ᠤᠭᠠᠷ ᠲᠠᠰᠤᠭ ᠤᠨ ᠪᠠᠶᠢᠯᠳᠤᠭᠴᠢ       18 ᠨᠠᠰᠤᠲᠠᠶ  ᠫᠦ᠋ ᠴᠧᠩ ᠢᠦᠶ 716 ᠳ᠋ᠤᠭᠠᠷ ᠬᠤᠷᠢᠶᠠᠨ ᠤ 1  ᠳ᠋ᠤᠭᠡᠷ ᠪᠠᠲᠯᠢᠶᠣᠨ ᠤ 1  ᠳ᠋ᠤᠭᠡᠷ ᠰᠤᠮᠤ ᠬᠦᠷᠬᠦ ᠦᠭᠡᠢ ᠪᠠᠷ ᠵᠢᠨᠢᠩ ᠬᠤᠲᠠ ᠶᠢᠨ ᠪᠠᠷᠠᠭᠤᠨ  ᠪᠠᠶ  ᠱᠢ ᠬᠦᠢ ᠠᠭᠤᠯᠠ ᠶᠢ ᠳᠠᠭᠠᠷᠢᠨ ᠴᠣᠬᠢᠬᠤ  ᠪᠠᠶᠢᠯᠳᠤᠭᠠᠨ ᠳᠤ ᠣᠷᠣᠯᠴᠠᠪᠠ᠃ ᠲᠤᠬᠠᠶ ᠶᠢᠨ ᠦᠶ᠎ᠡ  ᠳᠤ ᠪᠠᠶᠢᠳᠠᠯ ᠪᠠᠴᠢᠮ ᠪᠣᠯᠵᠤ᠂ ᠰᠤᠮᠤᠨ ᠳᠠᠷᠤᠭ᠎ᠠ ᠵᠢᠷᠭᠤᠳᠤᠭᠠᠷ ᠲᠠᠰᠤᠭ ᠤᠨ ᠳᠠᠷᠤᠭ᠎ᠠ ᠶᠢ ᠳᠠᠭᠤᠳᠠᠵᠤ ᠲᠡᠭᠦᠨ ᠢ ᠥᠭᠡᠷ᠎ᠡ ᠨᠢᠭᠡ ᠪᠠᠶᠢᠯᠳᠤᠭᠴᠢ ᠲᠠᠢ ᠬᠠᠮᠲᠤ ᠮᠠᠨ ᠤ ᠴᠡᠷᠢᠭ  ᠤᠨ ᠵᠢᠭᠰᠠᠭᠠᠯ ᠤᠨ ᠭᠠᠵᠠᠷ ᠢ ᠲᠤᠰᠠᠯᠠᠭᠤᠯᠪᠠ᠃ ᠲᠡᠳᠡ ᠰᠠᠶ᠋ᠢᠬᠠᠨ ᠬᠦᠷᠴᠦ ᠢᠷᠡᠭᠰᠡᠨ ᠳᠤ ᠳᠠᠶᠢᠰᠤᠨ ᠨᠢᠭᠡᠨᠲᠡ ᠠᠷᠪᠠᠨ ᠬᠡᠳᠦᠨ ᠮᠧᠲᠷ ᠣᠶᠢᠷᠠᠲᠤᠵᠤ  ᠪᠠᠶᠢᠨ᠎ᠠ  ᠃  ᠫᠦ᠋ ᠴᠧᠩ ᠢᠦᠶ ᠡᠷᠡᠰ ᠰᠢᠭᠤᠷᠬᠠᠶ  ᠎ ᠪᠠᠷ ᠨᠢᠭᠡ ᠲᠠᠯ᠎ᠠ ᠪᠠᠷ ᠫᠤᠤ ᠪᠠᠷᠢᠵᠤ᠂ ᠨᠥᠬᠦᠭᠡ ᠲᠠᠯ᠎ᠠ ᠪᠠᠷ  ᠭᠠᠷᠨᠠᠳᠠ ᠪᠠᠨ‌‍ᠰᠠᠶᠢᠲᠤᠷ ᠪᠡᠯᠡᠳᠬᠡᠵᠦ᠂  ᠭᠠᠷᠨᠠᠳᠠ ᠪᠠᠨ ᠳᠠᠶᠢᠰᠤᠨ ᠤ ᠰᠦᠷᠦᠭ ᠲᠤ ᠣᠨᠣᠪᠴᠢᠲᠠᠶ ᠣᠷᠣᠭᠤᠯᠵᠤ᠂ ᠳᠡᠯᠪᠡᠷᠡᠭᠰᠡᠨ ᠳᠠᠷᠢ ᠶᠢᠨ ᠤᠲᠤᠭ᠎ᠠ ᠶᠢ ᠵᠠᠪᠳᠤᠵᠤ᠂ ᠪᠠᠰᠠ ᠵᠠᠯᠭᠠᠭ᠎ᠠ ᠪᠠᠷ ᠫᠦᠯᠧᠮᠶᠣᠲ ᠬᠠᠷᠪᠤᠵᠤ᠂ ᠵᠠᠯᠭᠠᠭᠠᠳ  ᠭᠠᠷᠨᠠᠳᠠ ᠪᠠᠨ ᠬᠦᠴᠦᠲᠡᠶ ᠴᠣᠬᠢᠪᠠ᠃ ᠳᠠᠶᠢᠰᠤᠨ ᠮᠠᠰᠢ ᠣᠯᠠᠨ ᠲᠤᠰᠠᠯᠠᠬᠤ ᠴᠡᠷᠢᠭ ᠢᠷᠡᠯ᠎ᠡ ᠭᠡᠵᠦ ᠪᠣᠳᠣᠭᠠᠳ ᠰᠡᠩᠳᠡ ᠮᠡᠩᠳᠡ ᠪᠤᠳᠠᠷᠠᠨ ᠪᠤᠷᠤᠭᠤᠯᠠᠵᠤ᠂ ᠲᠡᠷᠡ ᠬᠥᠯ ᠢᠶᠠᠨ ᠰᠤᠭᠤᠯᠵᠤ ᠨᠡᠬᠡᠪᠡ᠃ ᠡᠨᠡ ᠦᠶ᠎ᠡ ᠳᠤ᠂ ᠠᠩᠭᠢ ᠶᠢᠨ ᠳᠠᠷᠤᠭ᠎ᠠ ᠨᠢ ᠲᠡᠭᠦᠨ ᠤ ᠰᠢᠷᠬᠠᠲᠤᠭᠰᠠᠨ ᠢ ᠦᠵᠡᠭᠡᠳ ᠪᠠᠭᠤᠵᠤ ᠠᠮᠠᠷᠠ ᠭᠡᠰᠡᠨ ᠳᠤ᠂ ᠲᠡᠷᠡ᠄ ︽ᠬᠥᠶ᠋ᠢ᠂ ᠮᠢᠨᠦ ᠬᠥᠯ ᠳᠡᠭᠡᠷ᠎ᠡ ᠠᠯᠢ  ᠬᠡᠳᠦᠶᠢᠨ ᠬᠤᠸᠠᠷ ᠡᠯᠭᠦᠴᠢᠬᠡᠭᠰᠡᠨ᠂ ᠡᠨᠡ ᠴᠢᠨᠢ ᠶᠠᠭᠤ ᠪᠣᠯᠪᠠ᠂ ᠳᠠᠶᠢᠰᠤᠨ ᠢ ᠴᠣᠬᠢᠬᠤ ᠨᠢ ᠴᠢᠬᠤᠯᠠ︕  ᠡᠷᠭᠢᠵᠦ ᠬᠠᠷᠠᠭᠰᠠᠨ ᠦᠭᠡᠢ ᠪᠠᠷ ᠳᠠᠶᠢᠰᠦᠨ ᠢ‌ᠨᠡᠬᠡᠮᠵᠢᠯᠡᠨ ᠠᠯᠠᠵᠠᠶ᠃ 8. ᠯᠢᠦᠶ ᠱᠦᠨ ᠪᠦᠦ        ᠎ ᠶᠢᠨ ᠴᠠ ᠵᠢᠢ ᠬᠡᠭᠡᠷᠡᠯᠡᠨ ᠪᠠᠶᠢᠯᠳᠤᠬᠤ ᠴᠡᠷᠢᠭ  ᠎ ᠤᠨ 2 ᠳ᠋ᠤᠭᠠᠷ ᠴᠤᠪᠤᠭ᠎ᠠ ᠠᠩᠭᠢ ᠶᠢᠨ 4  ᠳ᠋ᠤᠭᠡᠷ ᠪᠠᠷᠢᠭᠠᠳᠠ ᠶᠢᠨ 10 ᠳ᠋ᠤᠭᠠᠷ ᠬᠤᠷᠢᠶᠠᠨ ᠤ 3 ᠳ᠋ᠤᠭᠠᠷ ᠪᠠᠲᠯᠢᠶᠣᠨ ᠤ ᠫᠦᠯᠧᠮᠶᠣᠲ ᠤᠨ ᠰᠤᠮᠤᠨ ᠤ 2 ᠳ᠋ᠤᠭᠠᠷ ᠰᠠᠯᠠᠭᠠᠨ ᠤ ᠪᠠᠶᠢᠯᠳᠤᠭᠴᠢ        1946 ᠣᠨ 9 ᠰᠠᠷ᠎ᠠ ᠶᠢᠨ 13᠎ ᠤ ᠡᠳᠦᠷ᠂ ᠳᠠᠶᠢᠰᠤᠨ ᠤ ᠲᠤᠰᠠᠯᠠᠬᠤ ᠴᠡᠷᠢᠭ ᠠᠩᠭᠢ ᠶᠢᠨ ᠮᠣᠷᠢᠲᠤ ᠴᠡᠷᠢᠭ  ᠤᠨ 4 ᠳ᠋ᠤᠭᠡᠷ ᠳ᠋ᠢᠸᠢᠽᠢ᠂ ᠰᠢᠨ᠎ᠡ 32 ᠳ᠋ᠤᠭᠠᠷ ᠳ᠋ᠢᠸᠢᠽᠢ ᠵᠢᠨᠢᠩ ᠳᠤ ᠬᠦᠷᠴᠦ᠂ 2 ᠳ᠋ᠤᠭᠠᠷ ᠴᠤᠪᠤᠭ᠎ᠠ ᠠᠩᠭᠢ ᠶᠢᠨ 4 ᠳ᠋ᠦᠭᠡᠷ ᠪᠠᠷᠢᠭᠠᠳᠠ᠂ ᠵᠢᠭᠠᠨ ᠰᠤᠷᠭᠠᠬᠤ ᠪᠠᠷᠢᠭᠠᠳᠠ ᠶᠢᠨ ᠪᠠᠬᠢᠯᠡᠯᠲᠡ ᠵᠦᠭ ᠰᠢᠷᠦᠭᠦᠨ ᠳᠠᠭᠠᠷᠢᠯᠲᠠ ᠶᠠᠪᠤᠭᠤᠯᠪᠠ᠃ ᠰᠥᠨᠢ ᠳᠦᠯᠢ ᠪᠣᠯᠲᠠᠯ᠎ᠠ ᠪᠠᠶᠢᠯᠳᠤᠭᠠᠨ ᠤ ᠵᠠᠷᠯᠢᠭ  ᠢ ᠣᠯᠤᠮᠠᠭᠴᠠ ᠴᠡᠷᠢᠭ ᠠᠩᠭᠢ ᠳᠠᠷᠤᠶ ᠴᠠᠢ ᠭᠸᠦ ᠪᠦᠦ ᠣᠷᠣᠨ ᠵᠦᠭ ᠰᠢᠯᠵᠢᠪᠡ᠃ ᠯᠢᠦᠶ ᠱᠦᠨ ᠪᠦᠦ ᠫᠦᠯᠧᠮᠶᠤᠲᠴᠢᠨ ᠪᠣᠯᠤᠭᠰᠠᠨ ᠤ ᠬᠤᠪᠢ ᠳᠤ᠂ 92 ᠮᠠᠶ᠋ᠢᠭ ᠤᠨ ᠬᠦᠨᠳᠦ ᠫᠦᠯᠧᠮᠶᠤᠲ ᠢᠶᠠᠷ ᠳᠠᠶᠢᠰᠤᠨ ᠤ ᠳᠠᠭᠠᠷᠢᠯᠲᠠ ᠶᠢ ᠣᠯᠠᠨ ᠤᠳᠠᠭ᠎ᠠ ᠴᠣᠬᠢᠨ ᠤᠬᠤᠷᠢᠭᠤᠯᠵᠤ᠂ ᠪᠦᠬᠦ ᠬᠤᠷᠢᠶᠠᠨ ᠤ ᠤᠬᠤᠷᠢᠵᠤ ᠭᠠᠷᠬᠤ ᠶᠢ ᠬᠠᠮᠠᠭᠠᠯᠠᠪᠠ᠃ ᠰᠡᠭᠦᠯᠡᠷ ᠨᠢ ᠬᠠᠪᠰᠤᠷᠤᠭᠴᠢ ᠨᠢ ᠰᠢᠷᠬᠠᠲᠤᠵᠤ᠂ ᠫᠤᠤ ᠶᠢᠨ ᠬᠤᠭᠤᠯᠠᠶ ᠨᠢ ᠤᠯᠠᠶᠢᠵᠤ᠂ ᠰᠤᠮᠤ ᠨᠢ  ᠳᠠᠭᠤᠰᠤᠭᠰᠠᠨ  ᠲᠤᠯᠠ ᠲᠡᠷᠡ ᠰᠠᠶ᠋ᠢ ᠤᠬᠤᠷᠢᠨ ᠭᠠᠷᠪᠠ᠃ ᠲᠡᠷᠡ 95 ᠵᠢᠩ ᠬᠦᠨᠳᠦ ᠫᠤᠤ ᠶᠢᠨ ᠪᠡᠶ᠎ᠡ ᠨᠢ ᠬᠠᠯᠠᠭᠰᠠᠨ ᠬᠦᠨᠳᠦ ᠫᠦᠯᠧᠮᠶᠣᠲ ᠢ ᠡᠭᠦᠷᠦᠨ ᠮᠥᠷᠥ ᠎ ᠨᠢ ᠲᠦᠯᠡᠵᠦ ᠬᠡᠤᠷᠰᠢᠨ᠂ ᠱᠠᠬᠠᠶ ᠪᠠᠨ ᠭᠡᠭᠡᠵᠦ᠂ ᠬᠥᠯ ᠨᠢ ᠤᠷᠠᠭᠳᠠᠵᠤ᠂ ᠨᠢᠭᠡ ᠯᠡ ᠠᠮᠢᠰᠬᠤᠭ᠎ᠠ ᠪᠠᠷ ᠠᠷᠪᠠᠨ ᠬᠡᠳᠦᠨ ᠭᠠᠵᠠᠷ ᠭᠦᠶᠦᠨ ᠭᠠᠷᠴᠤ᠂ ᠳᠠᠶᠢᠰᠤᠨ ᠤ ᠪᠦᠰᠡᠯᠡᠯᠲᠡ ᠶᠢᠨ ᠴᠠᠭᠠᠷᠢᠭ ᠢᠶᠠᠷ ᠴᠡᠷᠢᠭ ᠠᠩᠭᠢ ᠶᠢ ᠬᠥᠭᠡᠭᠡᠵᠦ ᠬᠦᠢᠴᠡᠪᠡ᠃  ᠯᠢᠦᠶ ᠱᠦᠨ ᠪᠦᠦ ᠶᠢ ᠬᠤᠶᠠᠳᠤᠭᠠᠷ ᠴᠤᠪᠤᠭ᠎ᠠ ᠠᠩᠭᠢ ᠶᠢᠨ ᠰᠧᠯᠢᠩᠪᠦ᠋ ᠠᠴᠠ ︽ᠵᠡᠪᠰᠡᠭ  ᠢ ᠬᠠᠶᠢᠷᠠᠯᠠᠨ ᠬᠠᠮᠠᠭᠠᠯᠠᠬᠤ ᠵᠢᠱᠢᠶᠡᠴᠢ︾ ᠭᠡᠰᠡᠨ ᠴᠣᠯᠠ ᠣᠯᠭᠤᠪᠠ᠃ ᠰᠤᠮᠤᠨ ᠤ ᠵᠢᠭᠠᠨ ᠵᠢᠯᠣᠭᠤᠳᠤᠭᠴᠢ ᠪᠣᠯᠤᠭᠰᠠᠨ ᠤ ᠳᠠᠷᠠᠭ᠎ᠠ᠂ ᠪᠦᠬᠦ  ᠴᠡᠷᠢᠭ ᠤᠨ ᠲᠤᠭᠤᠷᠢᠭ ᠤᠨ ᠴᠡᠷᠢᠭ ᠳᠠᠭᠠᠭᠤᠯᠤᠭᠰᠠᠨ ᠠᠯᠳᠠᠷᠲᠤ ᠵᠢᠱᠢᠶᠡᠴᠢ ᠪᠣᠯᠵᠤ᠂ ᠪᠦᠬᠦ ᠤᠯᠤᠰ ᠎ ᠤᠨ ᠠᠩᠬᠠᠳᠤᠭᠠᠷ ᠤᠳᠠᠭᠠᠨ ᠤ ᠪᠠᠶᠢᠯᠳᠤᠭᠠᠨ ᠤ ᠪᠠᠭᠠᠲᠤᠷᠴᠤᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠵᠤ᠂  ᠵᠤ᠋ ᠳ᠋ᠧ ᠶᠡᠷᠦᠩᠬᠡᠶ ᠰᠧᠯᠢᠩ  ᠬᠦᠯᠢᠶᠡᠨ ᠠᠪᠴᠤ ᠠᠭᠤᠯᠵᠠᠪᠠ᠃
 
ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2