︽ᠭᠤᠷᠪᠠᠨ ᠠᠭᠤᠯᠠ ᠬᠤᠶᠠᠷ ᠭᠤᠤᠯ︾  ᠤᠨ ᠦᠡᠭᠭᠡ ᠦᠵᠡᠮᠵᠢ
ᠨᠡᠶᠢᠲᠡᠯᠡᠭᠰᠡᠨ ᠴᠠᠭ᠄
2019/8/16
       ᠪᠠᠶ ᠴᠢᠤᠸᠠᠨ ᠱᠠᠨ ᠭᠤᠤᠯ ᠰᠡᠳᠦᠪᠲᠦ ᠴᠡᠴᠡᠷᠯᠢᠭ        ᠪᠠᠶ ᠴᠢᠤᠸᠠᠨ ᠱᠠᠨ ᠴᠡᠴᠡᠷᠯᠢᠭ ᠨᠢ ᠵᠢᠨᠢᠩ ᠤᠨ ᠰᠢᠨ᠎ᠡ ᠬᠠᠭᠤᠴᠢᠨ ᠲᠣᠭᠤᠷᠢᠭ ᠤᠨ ᠠᠭᠤᠯᠵᠠᠷ ᠭᠠᠵᠠᠷ ᠲᠤ ᠪᠠᠶᠢᠷᠢᠯᠠᠵᠤ᠂ ︽ᠨᠢᠭᠡ ᠠᠭᠤᠯᠠ ᠬᠤᠶᠠᠷ ᠬᠤᠲᠠ ᠶᠢ ᠠᠯᠤᠰᠯᠠᠬᠤ︾ ᠴᠢᠬᠤᠯᠠ ᠵᠠᠩᠭᠢᠯᠠᠭ᠎ᠠ ᠶᠢᠨ ᠴᠡᠭ ᠪᠣᠯᠵᠤ᠂ ᠬᠤᠶᠢᠲᠤ ᠲᠠᠯ᠎ᠠ ᠨᠢ ᠬᠠᠭᠤᠴᠢᠨ ᠬᠤᠲᠠ ᠲᠣᠭᠤᠷᠢᠭ᠂ ᠡᠮᠦᠨ᠎ᠡ ᠲᠠᠯ᠎ᠠ ᠨᠢ ᠰᠢᠨ᠎ᠡ ᠬᠤᠲᠠ ᠲᠣᠭᠤᠷᠢᠭ ᠪᠠᠶᠢᠵᠤ᠂ ᠲᠥᠯᠥᠪᠵᠢᠭᠦᠯᠦᠨ ᠪᠦᠲᠦᠭᠡᠨ ᠪᠠᠶᠢᠭᠤᠯᠬᠤ ᠲᠠᠯᠠᠪᠠᠢ ᠨᠢ 7 ᠲᠡᠭᠰᠢ ᠳᠥᠷᠪᠡᠯᠵᠢᠨ ᠺᠢᠯᠤᠮᠧᠲᠷ ᠪᠣᠯᠤᠨ᠎ᠠ᠃        ᠴᠡᠴᠡᠷᠯᠢᠭ ᠤᠨ ᠪᠠᠶᠢᠷᠢᠰᠢᠭᠤᠯᠤᠯᠲᠠ ᠶᠢ ᠪᠡᠭᠡᠵᠢᠩ ᠤᠨ ᠠᠯᠳᠠᠷᠲᠤ ᠵᠢᠷᠤᠭ ᠲᠥᠯᠥᠪᠯᠡᠭᠡ ᠶᠢᠨ ᠺᠣᠮᠫᠠᠨᠢ ᠠᠴᠠ ᠵᠢᠷᠤᠭᠯᠠᠨ ᠲᠥᠯᠥᠪᠯᠡᠵᠦ᠂ ︽ᠪᠠᠭᠠᠲᠤᠷᠯᠢᠭ ᠴᠠᠬᠠᠷ᠂ ᠷᠢᠳᠢ  ᠰᠢᠳᠢᠳᠦ ᠪᠠᠶ ᠴᠢᠤᠸᠠᠨ ᠱᠠᠨ︾ ᠢᠶᠠᠷ ᠭᠤᠤᠯ ᠰᠡᠳᠦᠪ ᠪᠣᠯᠭᠠᠵᠤ᠂ ᠠᠮᠢ ᠠᠬᠤᠶ ᠶᠢ ᠲᠡᠷᠢᠭᠦᠨ ᠳᠤ ᠲᠠᠯᠪᠢᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ ᠵᠠᠷᠴᠢᠮ ᠢ ᠪᠠᠷᠢᠮᠲᠠᠯᠠᠵᠤ᠂ ᠠᠭᠤᠯᠠ ᠤᠰᠤᠨ ᠤ ᠪᠠᠶᠢᠭᠠᠯᠢ ᠶᠢᠨ ᠪᠠᠶᠢᠳᠠᠯ ᠢ ᠳᠣᠪᠤᠶᠢᠯᠭᠠᠨ᠂ ᠭᠠᠵᠠᠷ ᠣᠷᠣᠨ ᠤ ᠣᠨᠴᠠᠯᠢᠭ ᠢ ᠥᠷᠭᠡᠳᠬᠡᠵᠦ᠂ ᠰᠣᠶᠣᠯ ᠢᠷᠭᠡᠨᠰᠢᠯ ᠤᠨ ᠠᠵᠢᠯᠯᠠᠭ᠎ᠠ ᠶᠢ ᠠᠭᠤᠰᠤᠯᠴᠠᠭᠤᠯᠤᠨ᠂ ᠰᠣᠶᠣᠯ ᠤᠨ ᠠᠭᠤᠯᠤᠭᠳᠠᠬᠤᠨ ᠢ ᠴᠢᠩᠭᠠᠳᠬᠠᠨ᠎ᠠ᠃ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠳᠤ ᠭᠤᠤᠯ ᠡᠭᠦᠳᠡ᠂ ᠤᠰᠤᠨ ᠤ ᠦᠵᠡᠮᠵᠢ᠂ ᠣᠢ ᠰᠢᠭᠤᠶ ᠶᠢᠨ ᠠᠮᠢ ᠠᠬᠤᠶ᠂ ᠰᠣᠶᠣᠯ ᠰᠢᠨᠵᠢᠯᠡᠬᠦ ᠤᠬᠠᠭᠠᠨ ᠤ ᠲᠦᠭᠡᠮᠵᠢᠯᠡᠯ᠂ ᠠᠮᠢᠵᠢᠷᠠᠯ ᠤᠨ ᠬᠦᠴᠦᠨ ᠵᠡᠷᠭᠡ ᠲᠠᠪᠤᠨ ᠦᠵᠡᠮᠵᠢ ᠵᠢᠨ‌‍ᠲ᠋ᠤᠭᠤᠷᠢᠭ ᠢ ᠪᠠᠭᠲᠠᠭᠠᠵᠤ᠂ ᠪᠠᠷᠰ ᠠᠭᠤᠯᠠ ᠲᠠᠢ ᠨᠢᠭᠡ ᠴᠣᠭᠴᠠᠵᠢᠭᠤᠯᠵᠤ᠂ ᠰᠡᠯᠡᠭᠦᠴᠡᠯ ᠵᠤᠭ᠎ᠠ ᠴᠡᠩᠭᠡᠯ᠂ ᠲᠡᠤᠬᠡ ᠰᠣᠶᠣᠯ ᠰᠤᠷᠭᠠᠨ ᠬᠥᠮᠦᠵᠢᠯ ᠂ ᠣᠨᠴᠠᠯᠢᠭᠲᠤ ᠪᠡᠶ᠎ᠡ ᠶᠢᠨ ᠲᠠᠮᠢᠷ ᠤᠨ ᠬᠥᠳᠡᠯᠭᠡᠭᠡᠨ᠂ ᠠᠮᠢ ᠠᠬᠤᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠨᠢᠭᠡ ᠴᠣᠭᠴᠠᠵᠢᠭᠤᠯᠵᠤ᠂ ᠬᠤᠲᠠ ᠶᠢᠨ ᠲᠡᠤᠬᠡ  ᠰᠣᠶᠣᠯ ᠤᠨ ᠰᠤᠳᠠᠰᠤ ᠶᠢ ᠳᠡᠯᠭᠡᠨ ᠦᠵᠡᠭᠦᠯᠵᠦ ᠂ ᠣᠨᠴᠠᠯᠢᠭᠲᠤ ᠰᠣᠶᠣᠯ ᠢ ᠪᠠᠳᠠᠷᠠᠭᠤᠯᠤᠭᠰᠠᠨ ᠥᠪᠡᠷᠮᠢᠴᠡ ᠬᠤᠲᠠ ᠶᠢᠨ ᠴᠡᠴᠡᠷᠯᠢᠭ ᠤᠨ ᠦᠵᠡᠮᠵᠢ ᠪᠣᠯᠭᠠᠨ᠎ᠠ᠃        ᠪᠠᠶ ᠴᠢᠤᠸᠠᠨ ᠱᠠᠨ ᠠᠭᠤᠯᠠᠨ ᠤ ᠲᠤᠰ ᠪᠡᠶ᠎ᠡ ᠶᠢᠨ ᠴᠢᠯᠠᠭᠤ ᠨᠢ ᠵᠤᠵᠠᠭᠠᠨ ᠬᠥᠷᠥᠰᠥ ᠨᠢ ᠨᠢᠮᠭᠡᠨ᠂ ᠴᠢᠯᠠᠭᠤ ᠨᠢ ᠠᠷᠪᠢᠨ ᠰᠢᠷᠣᠶ ᠨᠢ ᠴᠥᠭᠡᠨ ᠲᠤᠯᠠ ᠴᠢᠬᠢ ᠮᠣᠳᠣᠨ ᠤ ᠡᠳᠡᠭᠡᠷᠡᠯᠲᠡ ᠶᠢ ᠪᠠᠲᠤᠯᠠᠬᠤ ᠶᠢᠨ ᠲᠥᠯᠥᠭᠡ ᠶᠡᠭᠡ ᠨᠦᠬᠡ ᠮᠠᠯᠲᠠᠵᠤ ᠰᠢᠷᠣᠶ ᠨᠤᠷᠠᠭᠠᠨ‌ᠮᠤᠳᠤ ᠲᠠᠷᠢᠬᠤ ᠠᠷᠭ᠎ᠠ ᠶᠢ ᠠᠪᠴᠠᠶ᠃ ᠢᠨᠵᠧᠨᠧᠷᠢᠩ ᠨᠢ 2011 ᠤᠨ ᠡᠬᠢ ᠪᠠᠷ ᠢᠯᠡ ᠪᠠᠷ ᠳᠠᠭᠠᠭᠠᠴᠢᠯᠠᠯᠲᠠ ᠵᠠᠷᠯᠠᠵᠤ᠂ ᠨᠡᠶᠢᠲᠡ ᠳᠥᠷᠪᠡᠨ ᠺᠣᠮᠫᠠᠨᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠬᠠᠷᠢᠭᠤᠴᠠᠵᠤ᠂ ᠭᠤᠷᠪᠠᠨ ᠵᠢᠯ ᠳᠤ᠂ ᠨᠡᠶᠢᠲᠡ 369 ᠲᠦᠮᠡᠨ ᠰᠠᠭᠤᠷᠢ ᠡᠯ᠎ᠡ ᠲᠥᠷᠥᠯ ᠤᠨ ᠮᠣᠳᠣ ᠵᠠᠶᠢᠯᠠᠵᠤ᠂ ᠡᠭᠦᠨ ᠳᠤ 102 ᠲᠦᠮᠡᠨ ᠰᠠᠭᠤᠷᠢ ᠮᠥᠩᠬᠡ ᠨᠣᠭᠤᠭᠠᠨ ᠮᠣᠳᠣ᠂ 110 ᠲᠦᠮᠡᠨ ᠰᠠᠭᠤᠷᠢ ᠨᠠᠪᠴᠢ ᠵᠤᠯᠭᠠᠷᠠᠬᠤ ᠮᠣᠳᠣ᠂ 157 ᠲᠦᠮᠡᠨ ᠪᠣᠳᠠ ᠴᠡᠴᠡᠭ ᠪᠣᠳᠠ ᠮᠣᠳᠣ ᠲᠠᠷᠢᠵᠤ᠂ ᠴᠢᠬᠢ ᠮᠣᠳᠣᠨ ᠤ ᠡᠳᠡᠭᠡᠷᠡᠯᠲᠡ ᠶᠢᠨ  ᠨᠣᠷᠮ᠎ᠠ 98 % ᠠᠴᠠ ᠳᠡᠭᠡᠭᠰᠢ ᠳᠤ ᠬᠦᠷᠪᠡ᠃ 68  ᠺᠢᠯᠤᠮᠧᠲᠷ ᠤᠨ ᠴᠡᠴᠡᠷᠯᠢᠭ ᠤᠨ ᠵᠠᠮ   ᠢ ᠵᠠᠰᠠᠵᠤ᠂ 18  ᠠᠭᠤᠳᠠᠮ ᠲᠠᠯᠠᠪᠠᠢ ᠪᠠᠶᠢᠭᠤᠯᠵᠤ᠂ 14 ᠲᠢᠩᠰᠡᠲᠦ ᠠᠰᠠᠷ ᠲᠠᠭᠲᠤ ᠶᠢ ᠪᠠᠶᠢᠭᠤᠯᠪᠠ᠃        ᠪᠠᠶ ᠴᠢᠤᠸᠠᠨ ᠱᠠᠨ ᠴᠡᠴᠡᠷᠯᠢᠭ ᠨᠢ ᠣᠳᠣ ᠨᠢᠭᠡᠨᠲᠡ ᠠᠷᠪᠠᠨ ᠶᠡᠭᠡ ᠦᠵᠡᠮᠵᠢ ᠶᠢᠨ ᠣᠷᠣᠨ᠂ ᠠᠷᠪᠠᠨ ᠨᠠᠶᠢᠮᠠᠨ ᠦᠵᠡᠮᠵᠢ ᠢ ᠨᠢᠭᠡ ᠴᠣᠭᠴᠠᠵᠢᠭᠤᠯᠤᠭᠰᠠᠨ ᠨᠡᠭᠡᠭᠡᠯᠲᠡᠲᠦ ᠶᠡᠷᠦᠩᠬᠡᠶᠢᠯᠡᠭᠰᠡᠨ ᠴᠡᠴᠡᠷᠯᠢᠭ ᠪᠣᠯᠵᠤ᠂ ᠲᠥᠪ ᠬᠤᠲᠠ ᠶᠢᠨ ᠲᠣᠭᠤᠷᠢᠭ ᠤᠨ ᠨᠡᠷ᠎ᠡ ᠨᠢᠳᠡᠷ ᠲᠡᠭᠡᠨ ᠨᠡᠶᠢᠴᠡᠭᠰᠡᠨ ︽ᠬᠤᠲᠠᠨ ᠳᠠᠬᠢ ᠨᠣᠭᠤᠭᠠᠨ ᠠᠷᠠᠯ︾᠂ ︽ᠪᠠᠶᠢᠭᠠᠯᠢ ᠶᠢᠨ ᠬᠦᠴᠢᠯᠲᠥ᠋ᠷᠥᠭᠴᠢ ᠶᠢᠨ ᠪᠠᠭᠠᠷ︾᠂ ᠥᠷᠭᠡᠨ ᠣᠯᠠᠨ ᠬᠤᠲᠠ ᠶᠢᠨ ᠠᠷᠠᠳ ᠤᠨ ᠰᠡᠯᠡᠭᠦᠴᠡᠯ᠂ ᠵᠤᠭ᠎ᠠ ᠴᠡᠩᠭᠡᠯ ᠤᠨ ᠭᠤᠤᠯ ᠲᠠᠯᠠᠪᠤᠷ ᠪᠣᠯᠤᠭᠰᠠᠨ ᠪᠠᠶᠢᠨ᠎ᠠ᠃       ᠪᠠᠶ ᠴᠢᠤᠸᠠᠨ ᠱᠠᠨ ᠠᠭᠤᠯᠠ ᠶᠢ ᠴᠢᠯᠥᠭᠡᠯᠡᠭᠳᠡᠬᠦ ᠠᠴᠠ ᠡᠮᠦᠨ᠎ᠡ ᠶᠢᠩ ᠱᠠᠨ ᠭᠡᠳᠡᠭ᠂ ᠠᠭᠤᠯᠠᠨ ᠳᠡᠭᠡᠷᠡᠬᠢ ᠰᠢᠷᠣᠶ ᠶᠢᠨ ᠴᠢᠨᠠᠷ ᠤᠨ ᠣᠯᠠᠩᠬᠢ ᠨᠢ ᠴᠠᠭᠠᠨ ᠦᠨᠡᠰᠦᠨ ᠴᠢᠯᠠᠭᠤ ᠪᠠᠶᠢᠵᠤ᠂  ᠠᠭᠤᠯᠠᠨ ᠤ ᠵᠠᠬᠦᠨ ᠲᠠᠯ᠎ᠠ ᠳᠤ ᠨᠢᠭᠡ ᠪᠤᠯᠠᠭ ᠪᠠᠶᠢᠳᠠᠭ ︵ᠲᠤᠬᠠᠶ ᠶᠢᠨ ᠭᠠᠵᠠᠷ ᠤᠨ ᠬᠥᠮᠦᠨ ᠮᠠᠤ ᠪᠦ᠋ ᠯᠠᠩ ᠭᠡᠳᠡᠭ᠂ ᠮᠣᠩᠭᠤᠯ ᠬᠡᠯᠡᠨ ᠤ ᠠᠪᠢᠶᠠᠴᠢᠯᠠᠭᠰᠠᠨ ᠣᠷᠴᠢᠭᠤᠯᠭ᠎ᠠ᠂ ᠤᠰᠤ ᠭᠠᠷᠬᠤ ᠨᠢ ᠲᠡᠶᠢᠮᠦ ᠰᠠᠶᠢᠨ ᠪᠤᠯᠠᠭ ᠭᠡᠰᠡᠨ ᠤᠳᠬ᠎ᠠ ᠲᠠᠢ︶᠃  ᠬᠦᠮᠦᠰ ᠳᠡᠭᠦᠨ ᠢ  ᠪᠠᠶ ᠴᠢᠤᠸᠠᠨ ᠱᠠᠨ ᠭᠡᠳᠡᠭ᠃       ᠲᠡᠷᠭᠡᠨ ᠳᠤ ᠰᠠᠭᠤᠬᠤ ᠵᠠᠮ ᠱᠤᠭᠤᠮ᠄ ᠯᠣᠤ  ᠬᠤ᠋ ᠱᠠᠨ ᠴᠡᠴᠡᠷᠯᠢᠭ ᠤᠨ ᠡᠮᠦᠨ᠎ᠡ ᠲᠠᠯ᠎ᠠ ᠳᠤ᠂ ᠰᠢᠩ ᠭᠦᠩ ᠵᠠᠮ ᠤᠨ 7 ᠳ᠋ᠤᠭᠠᠷ ᠵᠠᠮ ᠤᠨ ᠨᠡᠶᠢᠳᠡ ᠶᠢᠨ ᠮᠠᠰᠢᠨ ᠲᠡᠷᠭᠡᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠠᠩᠭᠢ ᠲᠡᠷᠭᠡᠨ ᠵᠤᠭᠰᠤᠭᠠᠯ ᠳᠤ ᠪᠠᠭᠤᠵᠤ  ᠂ 3᠂ 9᠂ 10 ᠳ᠋ᠤᠭᠠᠷ ᠵᠠᠮ ᠤᠨ  ᠨᠡᠶᠢᠳᠡ ᠶᠢᠨ ᠮᠠᠰᠢᠨ ᠲᠡᠷᠭᠡᠨ ᠳᠤ ᠰᠠᠭᠤᠵᠦ ᠬᠤᠲᠠ ᠶᠢᠨ ᠠᠷᠠᠳ ᠤᠨ ᠶᠠᠪᠤᠳᠠᠯ ᠤᠨ  ᠲᠤᠪᠴᠢᠶᠠᠨ ᠤ ᠲᠡᠷᠭᠡᠨ ᠵᠤᠭᠰᠤᠭᠠᠯ ᠳᠤ  ᠪᠠᠭᠤᠵᠦ ᠵᠠᠮ ᠤᠨ ᠠᠭᠤᠯᠵᠠᠷ  ᠠᠴᠠ ᠬᠤᠶᠢᠰᠢ 50 ᠮᠧᠲᠷ ᠶᠠᠪᠤᠨ᠎ᠠ  ᠃       ᠤᠲᠠᠰᠤ᠄ 0474 - 8205960
 
ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2