ᠵᠢᠨᠢᠩ ᠲᠣᠭᠤᠷᠢᠭ ᠤᠨ ᠠᠷᠠᠳ ᠤᠨ ᠵᠠᠰᠠᠭ  ᠤᠨ ᠣᠷᠳᠣᠨ ︽ᠵᠢᠨᠢᠩ ᠲᠣᠭᠤᠷᠢᠭ ᠤᠨ 2019 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠎ ᠤᠨ ᠬᠡᠷᠡᠭᠵᠢᠭᠦᠯᠬᠦ ᠰᠠᠨᠠᠯ︾᠎ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2019/8/2
ᠰᠢᠶᠠᠩ᠂ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂  ᠲᠤᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ  ᠪᠠᠶᠢᠭᠤᠯᠤᠯᠭ᠎ᠠ ᠳᠤ᠄      ︽ᠵᠢᠨᠢᠩ ᠲᠣᠭᠤᠷᠢᠭ ᠤᠨ 2019 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠤᠨ ᠬᠡᠷᠡᠭᠵᠢᠭᠦᠯᠬᠦ ᠰᠠᠨᠠᠯ︾᠎ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃                                             ᠣᠨᠴᠠᠭᠠᠶᠢᠯᠠᠨ ᠮᠡᠳᠡᠭᠳᠡᠪᠡ᠃                               2019 ᠣᠨ 7 ᠰᠠᠷ᠎ᠠ ᠶᠢᠨ 1᠎ ᠤ ᠡᠳᠦᠷ ᠵᠢᠨᠢᠩ ᠲᠣᠭᠤᠷᠢᠭ ᠤᠨ 2019 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠱᠠᠲᠤ ᠦᠶ᠎ᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠤᠨ ᠬᠡᠷᠡᠭᠵᠢᠭᠦᠯᠬᠦ ᠰᠠᠨᠠᠯ     ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠪᠥᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠱᠠᠭᠠᠷᠳᠠᠯᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠲᠤᠭᠤᠷᠢᠭ ᠤᠨ ᠡᠩ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠵᠦ ᠰᠤᠷᠭᠠᠭᠤᠯᠢ ᠳᠤ ᠣᠷᠣᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠰᠤᠷᠭᠠᠨ ᠬᠥᠮᠦᠵᠢᠯ ᠤᠨ ᠭᠤᠤᠯᠴᠢ ᠪᠠᠶᠢᠬᠤ ᠶᠢ ᠠᠬᠢᠭᠤᠯᠬᠤ ᠶᠢᠨ ᠲᠤᠰᠠᠳᠠ᠂ ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠎ ᠤᠨ ᠠᠯᠪᠠᠨ ᠲᠢᠩᠬᠢᠮ︾ ︽ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ︿2019 ᠣᠨ ᠤ ᠡᠩ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠵᠦ ᠰᠤᠷᠭᠠᠭᠤᠯᠢ ᠳᠤ ᠣᠷᠣᠭᠤᠯᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ﹀ ︵ᠰᠤᠷᠭᠠᠨ ᠬᠥᠮᠦᠵᠢᠯ ᠤᠨ ᠰᠠᠭᠤᠷᠢ ᠲᠢᠩᠬᠢᠮ ︹ 2019 ︺ 1 ᠳ᠋ᠦᠭᠡᠷ ᠲᠣᠭᠠᠲᠤ︶ ᠪᠣᠯᠤᠨ ᠤᠯᠠᠭᠠᠨᠴᠠᠪ ᠬᠤᠲᠠ ᠵᠢᠴᠢ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠲᠤᠬᠠᠶ ᠱᠠᠭᠠᠷᠳᠠᠯᠭ᠎ᠠ ᠶᠢ ᠦᠨᠳᠦᠰᠦᠯᠡᠨ᠂  ᠲᠤᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠵᠤ᠂ ᠵᠢᠨᠢᠩ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠤᠨ ᠬᠡᠷᠡᠭᠵᠢᠭᠦᠯᠬᠦ ᠰᠠᠨᠠᠯ ᠢ ᠬᠡᠷᠡᠭᠵᠢᠭᠦᠯᠬᠦ ᠰᠠᠨᠠᠯ ᠢ ᠰᠠᠨᠠᠯ ᠢ ᠲᠣᠭᠲᠠᠭᠠᠨ᠎ᠠ᠃ ᠨᠢᠭᠡ᠂ ᠵᠢᠯᠣᠭᠤᠳᠬᠤ ᠦᠵᠡᠯ ᠰᠠᠨᠠᠭ᠎ᠠ      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠪᠥᠬᠦ ᠤᠯᠤᠰ ᠎ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠬᠤᠯᠪᠣᠭᠳᠠᠯ ᠪᠦᠬᠦᠢ ᠲᠣᠭᠲᠠᠭᠠᠯ ᠢᠶᠠᠷ ᠦᠨᠳᠦᠰᠦᠯᠡᠯ ᠪᠣᠯᠭᠠᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠦᠢᠯᠡ ᠠᠵᠢᠯᠯᠠᠭ᠎ᠠ ᠶᠢ ᠦᠨᠡᠨᠬᠦ ᠵᠢᠷᠤᠮᠵᠢᠭᠤᠯᠤᠨ᠂  ᠲᠤᠭᠤᠷᠢᠭ ᠤᠨ ᠡᠷᠦᠬᠡ ᠠᠮᠠ ᠶᠢᠨ ᠬᠠᠷᠢᠶ᠎ᠠ ᠲᠠᠢ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ᠂ ᠪᠠᠭᠠᠴᠤᠳ ᠪᠠ ᠨᠥᠬᠦᠴᠡᠯ ᠳᠤ ᠨᠡᠶᠢᠴᠡᠬᠦ ᠳᠠᠭᠠᠵᠤ ᠨᠡᠭᠦᠭᠰᠡᠨ ᠦᠷ᠎ᠡ ᠬᠡᠤᠬᠡᠳ ᠤᠨ ᠬᠠᠷᠢᠴᠠᠩᠭᠤᠶ  ᠤᠶᠢᠷ᠎ᠡ ᠬᠠᠪᠢ ᠶᠢᠨ ᠰᠤᠷᠭᠠᠭᠤᠯᠢ ᠳᠤ ᠬᠦᠷᠴᠦ ᠰᠤᠷᠤᠯᠴᠠᠬᠤ ᠶᠢ ᠦᠨᠡᠨᠬᠦ ᠪᠠᠲᠤᠯᠠᠵᠤ᠂ ᠰᠢᠯᠵᠢᠭᠦᠯᠦᠨ ᠥᠭᠬᠦ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠡᠷᠡᠭᠲᠡᠶ᠃ ᠬᠤᠶᠠᠷ᠂ ᠦᠨᠳᠦᠰᠦᠨ ᠵᠠᠷᠴᠢᠮ      ︵ᠨᠢᠭᠡ︶ ᠬᠠᠷᠢᠴᠠᠩᠭᠤᠢ ᠲᠣᠭᠲᠠᠭᠤᠨ᠂ ᠵᠣᠬᠢᠰᠲᠠᠢ ᠲᠣᠬᠢᠷᠠᠭᠤᠯᠬᠤ ᠵᠠᠷᠴᠢᠮ ᠢ ᠪᠠᠷᠢᠮᠲᠠᠯᠠᠬᠤ ᠬᠡᠷᠡᠭᠲᠡᠢ   ᠲᠤᠭᠤᠷᠢᠭ ᠤᠨ ᠰᠤᠷᠬᠤ ᠨᠠᠰᠤᠨ ᠤ ᠬᠡᠤᠬᠡᠳ ᠪᠠᠭᠠᠴᠤᠳ ᠤᠨ ᠬᠠᠮᠢᠶ᠎ᠠ ᠪᠦᠬᠦᠢ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠬᠢᠨᠠᠮᠠᠭᠠᠶ ᠪᠦᠷᠢᠳᠬᠡᠨ ᠵᠠᠳᠠᠯᠵᠤ᠂   ᠰᠤᠷᠭᠠᠭᠤᠯᠢ ᠶᠢᠨ ᠪᠠᠶᠢᠷᠢᠯᠠᠭᠤᠯᠤᠯᠲᠠ ᠪᠠ ᠰᠤᠷᠭᠠᠭᠤᠯᠢ ᠡᠷᠬᠢᠯᠡᠬᠦ ᠬᠡᠪᠴᠢᠶ᠎ᠡ ᠲᠠᠢ ᠤᠶᠠᠯᠳᠤᠭᠤᠯᠤᠨ᠂ ᠰᠤᠷᠤᠭᠴᠢ ᠡᠯᠰᠡᠬᠦ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠶ᠃ ︽ᠬᠠᠷᠢᠴᠠᠩᠭᠤᠶ ᠣᠶᠢᠷᠠᠯᠴᠠᠭ᠎ᠠ ᠪᠠᠶᠢᠵᠤ᠂ ᠰᠢᠯᠭᠠᠬᠤ ᠦᠭᠡᠢ ᠪᠠᠷ ᠰᠤᠷᠭᠠᠭᠤᠯᠢ ᠳᠤ ᠣᠷᠣᠭᠤᠯᠬᠤ︾ ᠪᠠ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠱᠠᠭᠠᠷᠳᠠᠯᠭ᠎ᠠ ᠶᠣᠰᠣᠭᠠᠷ᠂ ︽ᠬᠠᠷᠢᠴᠠᠩᠭᠤᠶ ᠲᠣᠭᠲᠠᠭᠤᠨ᠂ ᠵᠣᠬᠢᠬᠤ ᠬᠡᠮᠵᠢᠶ᠎ᠡ ᠪᠠᠷ ᠲᠣᠬᠢᠷᠠᠭᠤᠯᠬᠤ︾ ᠵᠠᠷᠴᠢᠮ  ᠢ ᠪᠠᠷᠢᠮᠲᠠᠯᠠᠨ᠂ ᠰᠤᠷᠤᠭᠴᠢ ᠡᠯᠰᠡᠬᠦ ᠣᠷᠣᠨ ᠪᠦᠰᠡ ᠶᠢ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠪᠠᠷ ᠬᠤᠪᠢᠶᠠᠷᠢᠯᠠᠨ ᠲᠣᠭᠲᠠᠭᠠᠬᠤ ᠬᠡᠷᠡᠭᠲᠡᠶ᠃       ︵ᠬᠤᠶᠠᠷ︶ ᠢᠯᠡ‌‍ᠲ᠋ᠤᠳᠦ᠂ ᠡᠷᠬᠡ ᠲᠡᠭᠰᠢ᠂ ᠲᠥᠪ ᠭᠤᠤᠯᠴᠢ ᠪᠠᠶᠢᠬᠤ ᠵᠠᠷᠴᠢᠮ ᠢ ᠪᠠᠷᠢᠮᠲᠠᠯᠠᠬᠤ ᠬᠡᠷᠡᠭᠲᠡᠶ      ᠰᠤᠷᠤᠭᠴᠢ ᠡᠯᠰᠡᠬᠦ ᠠᠵᠢᠯ ᠨᠢ ᠵᠢᠨᠢᠩ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠰᠤᠷᠤᠭᠴᠢ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠰᠢᠭᠤᠳ ᠤᠳᠤᠷᠢᠳᠤᠯᠭ᠎ᠠ ᠶᠢᠨ ᠳᠣᠤᠷ᠎ᠠ ᠠᠵᠢᠯ ᠢᠶᠠᠨ ᠥᠷᠨᠢᠭᠦᠯᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠪᠦᠬᠦ ᠶᠠᠪᠤᠴᠠ ᠳᠤ ᠬᠢᠨᠠᠯᠲᠠ ᠲᠠᠯᠪᠢᠬᠤ ᠳᠤ ᠣᠷᠣᠯᠴᠠᠵᠤ᠂ ᠴᠢᠬᠤᠯᠠ ᠶᠡᠭᠡ ᠠᠰᠠᠭᠤᠳᠠᠯ ᠢ ᠤᠳᠤᠷᠢᠳᠬᠤ ᠳᠤᠭᠤᠶᠢᠯᠠᠩ ᠬᠠᠮᠲᠤ ᠪᠠᠷ ᠲᠣᠭᠲᠠᠭᠠᠨ᠎ᠠ᠃      ︵ᠭᠤᠷᠪᠠ︶ ︽ᠬᠡᠰᠡᠭ ᠬᠤᠪᠢᠶᠠᠨ ᠰᠤᠷᠤᠭᠴᠢ ᠡᠯᠰᠡᠬᠦ ᠪᠠ ᠺᠣᠮᠫᠢᠦ᠋ᠲ᠋ᠧᠷ ᠢᠶᠠᠷ ᠪᠠᠶᠢᠷᠢ ᠲᠣᠬᠢᠷᠠᠭᠤᠯᠬᠤ ᠶᠢ ᠤᠶᠠᠯᠳᠤᠭᠤᠯᠬᠤ︾ ᠰᠤᠷᠤᠭᠴᠢ ᠡᠯᠰᠡᠬᠦ ᠵᠠᠷᠴᠢᠮ ᠢ ᠪᠠᠷᠢᠮᠲᠠᠯᠠᠬᠤ ᠬᠡᠷᠡᠭᠲᠡᠶ  ᠃ ᠵᠢᠨᠢᠩ ᠲᠣᠭᠤᠷᠢᠭ ᠤᠨ ᠡᠷᠦᠬᠡ ᠠᠮᠠ ᠶᠢᠨ ᠬᠠᠷᠢᠶ᠎ᠠ ᠲᠠᠢ ᠰᠤᠷᠤᠭᠴᠢ ᠪᠣᠯ ᠰᠤᠷᠭᠠᠭᠤᠯᠢ ᠶᠢᠨ ᠦᠢᠯᠡᠴᠢᠯᠡᠭᠡᠨ ᠤ ᠣᠷᠣᠨ ᠪᠦᠰᠡ ᠪᠠᠷ ᠭᠡᠷ ᠨᠢ ᠣᠶᠢᠷᠠᠯᠴᠠᠭ᠎ᠠ ᠰᠤᠷᠭᠠᠭᠤᠯᠢ ᠳᠤ ᠣᠷᠣᠨ᠎ᠠ  ᠃ ᠭᠠᠳᠠᠨ᠎ᠠ ᠠᠴᠠ ᠢᠷᠡᠭᠰᠡᠨ ᠪᠠ ᠳᠠᠭᠠᠵᠤ ᠨᠡᠭᠦᠭᠰᠡᠨ  ᠬᠡᠤᠬᠡᠳ ᠢ ᠪᠠᠭ᠎ᠠ ᠰᠤᠷᠭᠠᠭᠤᠯᠢ ᠲᠡᠭᠦᠰᠦᠭᠰᠡᠨ ᠰᠤᠷᠭᠠᠭᠤᠯᠢ ᠪᠤᠶᠤ ᠲᠦᠷ ᠰᠠᠭᠤᠭ᠎ᠠ ᠬᠠᠶ᠋ᠢᠭ ᠢ ᠦᠨᠳᠦᠰᠦᠯᠡᠨ᠂ ᠣᠶᠢᠷᠠᠯᠴᠠᠭ᠎ᠠ ᠪᠠᠶᠢᠬᠤ ᠵᠠᠷᠴᠢᠮ ᠶᠣᠰᠣᠭᠠᠷ᠂ ︽ᠺᠣᠮᠫᠢᠦ᠋ᠲ᠋ᠧᠷ ᠢᠶᠠᠷ ᠣᠷᠣᠨ ᠪᠠᠶᠢᠷᠢ ᠲᠣᠬᠢᠷᠠᠭᠤᠯᠬᠤ︾ ᠠᠷᠭ᠎ᠠ ᠪᠠᠷ ᠳᠠᠮᠵᠢᠭᠤᠯᠤᠨ᠂ ᠠᠯᠪᠠᠨ ᠠᠴᠠ ᠡᠷᠬᠢᠯᠡᠭᠰᠡᠨ ᠰᠤᠷᠭᠠᠭᠤᠯᠢ ᠳᠤ ᠨᠢᠭᠡᠳᠦᠯᠲᠡᠶ ᠲᠤᠬᠢᠷᠠᠭᠤᠯᠤᠨ ᠰᠤᠷᠤᠯᠴᠠᠭᠤᠯᠬᠤ ᠬᠡᠷᠡᠭᠲᠡᠶ  ᠃ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ     ᠲᠤᠭᠤᠷᠢᠭ ᠤᠨ 2019 ᠣᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠤᠨ ᠤᠳᠤᠷᠢᠳᠤᠯᠭ᠎ᠠ ᠶᠢ ᠴᠢᠩᠭᠠᠳᠬᠠᠵᠤ᠂ ᠰᠤᠷᠤᠭᠴᠢ ᠡᠯᠰᠡᠬᠦ ᠠᠵᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ ᠰᠤᠳᠤᠯᠬᠤ ᠪᠠᠷ ᠳᠠᠮᠵᠢᠨ᠂ ᠵᠢᠨᠢᠩ ᠲᠣᠭᠤᠷᠢᠭ ᠤᠨ 2019 ᠣᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠰᠤᠷᠤᠭᠴᠢ ᠡᠯᠰᠡᠬᠦ ᠠᠵᠢᠯ ᠤᠨ ᠤᠳᠤᠷᠢᠳᠬᠤ  ᠲᠤᠭᠤᠶᠢᠯᠠᠩ ᠢ ᠪᠠᠶᠢᠭᠤᠯᠬᠤ ᠪᠠᠷ ᠲᠣᠭᠲᠠᠵᠤ᠂ ᠪᠦᠷᠢᠯᠳᠦᠬᠦᠨ ᠨᠢ ᠳᠣᠤᠷᠠᠬᠢ ᠮᠡᠲᠦ᠄      ᠳᠤᠭᠤᠶᠢᠯᠠᠩ ᠤᠨ ᠳᠠᠷᠤᠭ᠎ᠠ᠄ ᠪᠠᠨ ᠰᠢᠤ ᠫᠢᠩ         ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ  ᠤᠨ ᠣᠷᠳᠣᠨ ᠤ ᠳᠡᠳ᠋ ᠳᠠᠷᠤᠭ᠎ᠠ᠃     ᠳᠡᠳ᠋ ᠲᠤᠭᠤᠶᠢᠯᠠᠩ ᠤᠨ ᠲᠠᠷᠤᠭ᠎ᠠ᠄ ᠡᠤ  ᠸᠧᠨ ᠬᠤᠤ    ᠲᠤᠭᠤᠷᠢᠭ ᠤᠨ ᠳᠠᠷᠤᠭ᠎ᠠ ᠶᠢᠨ ᠲᠤᠰᠠᠯᠠᠭᠴᠢ                         ᠯᠢᠦ ᡁᠢ ᠷᠦᠩ      ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ  ᠠᠵᠢᠯ ᠤᠨ ᠵᠦᠪᠯᠡᠯ ᠤᠨ ᠱᠦᠵᠢ᠂ ᠲᠣᠪᠴᠢᠶᠠᠨ ᠳᠠᠷᠤᠭ᠎ᠠ   ᠭᠡᠰᠢᠭᠦᠨ᠄ ᠶᠢᠨ ᠴᠢᠶᠣᠤ ᠯᠠᠨ ᠲᠤᠭᠤᠷᠢᠭ ᠤᠨ ᠵᠠᠰᠠᠭ ᠤᠨ ᠤᠷᠳᠤᠨ ᠤ ᠠᠯᠪᠠᠨ ᠭᠡᠷ ᠤᠨ ᠳᠡᠳ᠋ ᠡᠷᠬᠢᠯᠡᠭᠴᠢ   ᠯᠢ ᠰᠢᠶᠣᠤ ᠯᠢᠨ       ᠲᠣᠭᠤᠷᠢᠭ ᠤᠨ ᠭᠡᠷ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ   ᠰᠢᠶᠠᠩ ᠢᠦᠶ          ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ   ᠵᠦ᠋ ᠶᠠᠨ ᠵᠢᠶᠦ᠋ᠨ       ᠲᠣᠭᠤᠷᠢᠭ ᠤᠨ ᠭᠡᠷ ᠪᠠᠶᠢᠰᠢᠩ ᠲᠠᠲᠠᠪᠤᠷᠢᠯᠠᠬᠤ ᠠᠯᠪᠠᠨ ᠭᠡᠷ ᠤᠨ ᠡᠷᠬᠢᠯᠡᠭᠴᠢ   ᠯᠢ ᠶᠢᠨ ᠳ᠋ᠦᠩ         ᠮᠠ ᠯᠢᠶᠠᠨ ᠴᠢᠦᠶ ᠰᠢᠶᠠᠩ  ᠤᠨ ᠲᠠᠷᠤᠭ᠎ᠠ   ᠪᠠᠶ ᠯᠢ ᠵᠢᠶᠦ᠋ᠨ        ᠪᠠᠶ ᠬᠠᠢ ᠽᠢ ᠪᠠᠯᠭᠠᠰᠤᠨ ᠤ ᠳᠠᠷᠤᠭ᠎ᠠ   ᠹᠠᠨ ᠲᠢᠩ             ᠴᠢᠶᠣᠤ  ᠰᠢ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ   ᠯᠢ  ᠸᠧᠨ ᠵᠧ          ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ   ᠰᠦᠩ ᠸᠧᠨ ᠵᠢᠶᠧ      ᠴᠢᠶᠠᠨ ᠶᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ   ᠴᠧᠨ ᠱᠢ ᠢᠦᠶ         ᠴᠠᠩ ᠴᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ   ᠵᠤᠤ ᠫᠧᠩ             ᠴᠢᠶᠣᠤ ᠳ᠋ᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ   ᠰᠢᠤᠸᠠᠢ ᠵᠢᠶᠦ᠋ᠨ        ᠰᠢᠨ ᠲᠢ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ   ᠭᠤᠤ ᠱᠦᠨ            ᠬᠡᠦ  ᠱᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ   ᠵᠠᠩ ᠯᠢᠩ              ᠴᠢᠤᠸᠠᠨ ᠱᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ   ᠡᠤ ᠰᠢᠤᠸᠠᠢ ᠹᠸᠢ       ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠲᠣᠪᠴᠢᠶᠠᠨ ᠳᠠᠷᠤᠭ᠎ᠠ ᠶᠢᠨ ᠲᠤᠰᠠᠯᠠᠭᠴᠢ    ᠵᠢᠶᠤᠤ ᠴᠤᠸᠠᠨ ᠵᠦ     ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ    ᠎ ᠶᠢᠨ  ᠸᠧᠨ ᠰᠢᠦᠸᠠᠨ   ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ    ᠵᠦ ᡁᠢ ᠳ᠋ᠦᠩ         ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ     ᠤᠳᠤᠷᠢᠳᠬᠤ ᠳᠤᠭᠤᠶᠢᠯᠠᠩ ᠤᠨ ᠳᠣᠤᠷ᠎ᠠ ᠠᠯᠪᠠᠨ ᠭᠡᠷ ᠪᠠᠶᠢᠭᠤᠯᠵᠤ᠂ ᠠᠯᠪᠠᠨ ᠭᠡᠷ ᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤ  ᠳᠤᠬᠢᠷᠠᠭᠤᠯᠵᠦ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠰᠤᠷᠭᠠᠨ ᠬᠥᠮᠦᠵᠢᠯ ᠵᠢᠭᠠᠨ ᠰᠤᠷᠭᠠᠬᠤ ᠶᠢ ᠬᠠᠪᠰᠤᠷᠭᠠᠵᠤ᠂ ᠠᠯᠪᠠᠨ ᠭᠡᠷ ᠤᠨ ᠪᠦᠷᠢᠯᠳᠦᠬᠦᠨ ᠨᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠡᠯ᠎ᠡ  ᠲᠠᠰᠤᠭ ᠤᠨ ᠬᠠᠷᠢᠭᠤᠴᠠᠯᠭᠠᠲᠠᠨ ᠪᠠ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠪᠣᠯᠤᠨ᠎ᠠ᠃  ᠲᠦᠷᠪᠡ᠂ ᠠᠰᠠᠷᠠᠨ ᠬᠠᠷᠠᠭᠠᠯᠵᠠᠬᠤ ᠲᠥᠷᠥ ᠶᠢᠨ ᠪᠣᠳᠣᠯᠭ᠎ᠠ     ᠵᠢᠨᠢᠩ ᠲᠣᠭᠤᠷᠢᠭ ᠲᠤ ᠰᠠᠭᠤᠵᠤ  ᠪᠠᠶᠢᠭ᠎ᠠ ᠪᠤᠶᠤ ᠵᠢᠨᠢᠩ ᠲᠣᠭᠤᠷᠢᠭ ᠤᠨ ᠡᠷᠦᠬᠡ ᠠᠮᠠ ᠲᠠᠢ ᠳᠣᠤᠷᠠᠬᠢ ᠮᠡᠲᠦ ᠬᠥᠮᠦᠰ ᠤᠨ ᠦᠷ᠎ᠡ ᠬᠡᠤᠬᠡᠳ ᠢ ᠨᠥᠬᠦᠴᠡᠯ ᠨᠢ ᠵᠥᠪᠰᠢᠶᠡᠷᠡᠭᠰᠡᠨ  ᠪᠠᠶᠢᠳᠠᠯ ᠳᠣᠤᠷ᠎ᠠ ᠤᠷᠢᠳᠠᠪᠠᠷ ᠰᠤᠷᠭᠠᠭᠤᠯᠢ ᠳᠤ ᠣᠷᠣᠭᠤᠯᠬᠤ ᠪᠠᠷ ᠲᠣᠬᠢᠷᠠᠭᠤᠯᠬᠤ ᠬᠡᠷᠡᠭᠲᠡᠶ᠃     ︵ᠨᠢᠭᠡ︶     ᠵᠢᠨᠢᠩ ᠳᠤ ᠰᠠᠭᠤᠭ᠎ᠠ ᠦᠷ᠎ᠡ ᠬᠡᠤᠬᠡᠳ︔     ︵ᠬᠤᠶᠠᠷ︶   ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠤᠬᠡᠳ︔     ︵ᠭᠤᠷᠪᠠ︶   1 ~ 4 ᠲᠡᠰ ᠤᠨ ᠵᠡᠮᠳᠡᠭ ᠴᠡᠷᠢᠭ ᠴᠠᠭᠳᠠᠭ᠎ᠠ ᠶᠢᠨ ᠦᠷ᠎ᠡ ᠬᠡᠤᠬᠡᠳ︔     ︵ᠳᠦᠷᠪᠡ︶   ᠨᠤᠲᠤᠭ ᠤᠨ ᠠᠬ᠎ᠠ ᠳᠡᠭᠦᠤ ᠨᠡᠷ ᠤᠨ ᠦᠷ᠎ᠡ ᠬᠡᠤᠬᠡᠳ᠂ ᠤᠯᠤᠰ ᠲᠠᠭᠠᠨ ᠪᠤᠴᠠᠵᠤ ᠢᠷᠡᠭᠰᠡᠨ ᠳᠤᠮᠳᠠᠳᠤ ᠶᠢᠨ ᠬᠠᠷᠢᠶᠠᠲᠤ ᠨᠠᠷ ᠤᠨ ᠦᠷ᠎ᠡ ᠬᠡᠤᠬᠡᠳ︔     ︵ᠲᠠᠪᠤ︶     ᠵᠢᠨᠢᠩ ᠲᠣᠭᠤᠷᠢᠭ ᠤᠨ  ᠨᠡᠶᠢᠭᠡᠮ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠳᠤ ᠬᠢᠵᠦ ᠥᠭᠭᠦᠭᠰᠡᠨ ᠪᠤᠶᠤ ᠵᠢᠨᠢᠩ ᠲᠣᠭᠤᠷᠢᠭ ᠲᠤ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠥᠮᠦᠰ ᠤᠨ ᠳᠠᠭᠠᠵᠤ ᠨᠡᠭᠦᠭᠰᠡᠨ ᠦᠷ᠎ᠡ ᠬᠡᠦᠬᠡᠳ ᡾      ︵ᠵᠢᠷᠭᠤᠭ᠎ᠠ︶ ᠲᠤᠭᠤᠷᠢᠭ ᠤᠨ ᠬᠠᠷᠢᠶ᠎ᠠ ᠪᠦᠬᠦᠢ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠨᠢ ᠲᠣᠭᠤᠷᠢᠭ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠲᠥᠷᠥᠯ ᠤᠨ ᠲᠡᠷᠢᠭᠦᠨ ᠤ ᠢᠷᠠᠭᠤ ᠠᠯᠳᠠᠷ ᠤᠨ ᠴᠣᠯᠠ ᠬᠦᠷᠲᠡᠭᠰᠡᠨ ᠪᠠᠭᠰᠢ ᠶᠢᠨ ᠦᠷ᠎ᠡ ᠬᠡᠤᠬᠡᠳ︔     ︵ᠳᠣᠯᠤᠭ᠎ᠠ︶  ᠵᠠᠰᠠᠭ  ᠤᠨ ᠣᠷᠳᠣᠨ ᠤ ᠨᠡᠮᠡᠭᠦᠷᠢ ᠶᠢ ᠬᠦᠷᠲᠡᠵᠦ ᠪᠠᠶ᠋ᠭ᠎ᠠ ᠣᠨᠴᠣᠭᠤᠶ ᠴᠢᠳᠠᠪᠤᠷᠢᠲᠠᠨ ᠤ ᠦᠷ᠎ᠡ ᠬᠡᠤᠬᠡᠳ       ︵ᠨᠠᠢᠮᠠ︶   ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠳᠠᠮᠵᠢᠵᠤ᠂ ᠵᠢᠨᠢᠩ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ  ᠤᠨᠴᠠᠭᠠᠢ ᠬᠤᠪᠢ ᠨᠡᠮᠡᠷᠢ ᠦᠵᠡᠭᠦᠯᠦᠭᠰᠡᠨ‌‍ᠬᠥ᠋ᠮᠦᠰ ᠤᠨ ᠦᠷ᠎ᠡ ᠬᠡᠤᠬᠡᠳ᠃     ᠠᠰᠠᠷᠠᠨ ᠬᠠᠷᠠᠭᠠᠯᠵᠠᠬᠤ ᠲᠥᠷᠥ ᠶᠢᠨ ᠪᠣᠳᠣᠯᠭ᠎ᠠ ᠳᠤ ᠨᠡᠶᠢᠴᠡᠬᠦ ᠦᠷ᠎ᠡ ᠬᠡᠦᠬᠡᠳ ᠤᠨ ᠬᠢᠨᠠᠨ ᠬᠠᠮᠠᠭᠠᠯᠠᠭᠴᠢ ᠨᠢ ᠬᠦᠴᠦᠨ ᠪᠦᠬᠦᠢ ᠦᠨᠡᠮᠯᠡᠯ ᠢᠶᠠᠨ ᠠᠪᠴᠤ᠂ ᠵᠢᠨᠢᠩ ᠲᠣᠭᠤᠷᠢᠭ ‍ᠤᠨ‌‍ᠰᠤᠷᠭᠠᠨ ᠬᠥᠮᠦᠵᠢᠯ ᠤᠨ ᠲᠣᠪᠴᠢᠶᠠᠨ ᠤ ᠰᠤᠷᠭᠠᠨ ᠬᠥᠮᠦᠵᠢᠯ ᠤᠨ ᠰᠲ᠋ᠣᠺ ᠤᠨ ᠳᠡᠩᠰᠡᠯᠡᠯᠲᠡ ︵ᠳᠡᠳ᠋ ᠵᠢᠷᠭᠤᠳᠤᠭᠠᠷ ᠣᠨ ᠲᠡᠭᠦᠰᠬᠦ ᠰᠤᠷᠤᠭᠴᠢᠳ ᠤᠨ ᠮᠡᠳᠡᠭᠡ ᠵᠠᠩᠭᠢ ᠶᠢ ᠴᠤᠭᠯᠠᠭᠤᠯᠬᠤ  ᠦᠶ᠎ᠡ ᠳᠤ ᠠᠩᠭᠢ ᠳᠠᠭᠠᠵᠤ ᠳᠡᠩᠰᠡᠯᠡᠨ᠎ᠡ᠂ ᠬᠤᠲᠠ ᠳᠤ ᠰᠠᠭᠤᠭ᠎ᠠ ᠴᠡᠷᠢᠭ ᠠᠩᠭᠢ ᠶᠢ ᠴᠡᠷᠢᠭ ᠠᠩᠭᠢ ᠶᠢᠨ ᠤᠯᠤᠰ ᠲᠥᠷᠥ ᠶᠢᠨ ᠬᠡᠯᠲᠡᠰ ᠬᠠᠮᠲᠤ ᠪᠠᠷ ᠮᠡᠳᠡᠭᠦᠯᠦᠨ ᠬᠦᠷᠭᠡᠨ᠎ᠡ︶᠎ ᠳᠤ ᠬᠦᠷᠴᠦ᠂ 7 ᠰᠠᠷ᠎ᠠ ᠶᠢᠨ 8᠎ ᠤ ᠡᠳᠦᠷ ᠳᠠᠭᠤᠰᠤᠨ᠎ᠠ᠂ ᠲᠣᠭᠤᠷᠢᠭ  ᠤᠨ  ᠰᠤᠷᠭᠠᠨ ᠬᠥᠮᠦᠵᠢᠯ ᠤᠨ ᠲᠣᠪᠴᠢᠶ᠎ᠠ ᠲᠣᠰ ᠬᠥᠮᠦᠨ ᠤ ᠬᠦᠰᠡᠯ ᠡᠷᠡᠮᠡᠯᠵᠡᠯ ᠪᠠ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠭᠰᠡᠨ ᠪᠠᠶᠢᠳᠠᠯ ᠢ ᠦᠨᠳᠦᠰᠦᠯᠡᠨ ᠨᠢᠭᠡᠳᠦᠯᠲᠡᠶ ᠲᠥᠯᠥᠪᠯᠡᠨ ᠲᠣᠬᠢᠷᠠᠭᠤᠯᠵᠤ ᠰᠤᠷᠭᠠᠭᠤᠯᠢ ᠳᠤ ᠣᠷᠣᠭᠤᠯᠤᠨ᠎ᠠ᠃ ᠲᠠᠪᠤ᠂ ᠰᠤᠷᠤᠭᠴᠢ ᠡᠯᠰᠡᠬᠦ ᠰᠠᠬᠢᠯᠭ᠎ᠠ ᠪᠠᠲᠤ     ᠲᠤᠭᠤᠷᠢᠭ ‍ᠤᠨ‌‍ᠰᠤᠷᠭᠠᠨ ᠬᠥᠮᠦᠵᠢᠯ ᠤᠨ ᠲᠣᠪᠴᠢᠶ᠎ᠠ ᠨᠢ ᠰᠤᠷᠤᠭᠴᠢ ᠡᠯᠰᠡᠬᠦ ᠲᠥᠷᠥ ᠶᠢᠨ ᠪᠣᠳᠣᠯᠭ᠎ᠠ᠂ ᠰᠤᠷᠤᠭᠴᠢ ᠡᠯᠰᠡᠬᠦ ᠲᠥᠯᠥᠪᠯᠡᠭᠡ᠂ ᠰᠤᠷᠤᠭᠴᠢ ᠡᠯᠰᠡᠬᠦ ᠠᠷᠭ᠎ᠠ᠂ ᠰᠤᠷᠤᠭᠴᠢ ᠡᠯᠰᠡᠬᠦ ᠬᠡᠪᠴᠢᠶ᠎ᠡ᠂ ᠰᠤᠷᠤᠭᠴᠢ ᠡᠯᠰᠡᠬᠦ ᠴᠠᠭ᠂ ᠰᠤᠷᠤᠭᠴᠢ ᠡᠯᠰᠡᠬᠦ ᠨᠡᠷᠡᠰ ᠵᠡᠷᠭᠡ ᠰᠤᠷᠤᠭᠴᠢ ᠡᠯᠰᠡᠬᠦ ᠠᠵᠢᠯ ᠳᠤ ᠬᠤᠯᠪᠣᠭᠳᠠᠬᠤ ᠬᠠᠮᠢᠶ᠎ᠠ ᠪᠦᠬᠦᠢ ᠲᠣᠭᠲᠠᠭᠠᠯ ᠪᠣᠯᠤᠨ ᠱᠠᠭᠠᠷᠳᠠᠯᠭ᠎ᠠ ᠶᠢ ᠴᠠᠭ ᠲᠤᠬᠠᠢ ᠲᠤᠨᠢ  ᠨᠡᠶᠢᠭᠡᠮ  ᠎ ᠳᠤ ᠨᠡᠶᠢᠲᠡᠯᠡᠵᠦ᠂  ᠨᠡᠶᠢᠭᠡᠮ ᠤᠨ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠢ᠃     ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠤᠨ ︽2019 ᠣᠨ ᠤ ᠡᠩ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠵᠦ ᠰᠤᠷᠭᠠᠭᠤᠯᠢ ᠳᠤ ᠣᠷᠣᠭᠤᠯᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠰᠤᠷᠭᠠᠨ ᠬᠥᠮᠦᠵᠢᠯ ᠤᠨ ᠰᠠᠭᠤᠷᠢ ᠲᠢᠩᠬᠢᠮ ︹ 2019 ︺ 1 ᠳ᠋ᠦᠭᠡᠷ ᠲᠣᠭᠠᠲᠤ︶᠎ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠳᠦᠭᠡ ᠰᠤᠷᠭᠠᠭᠤᠯᠢ ᠶᠢᠨ ᠰᠤᠷᠤᠭᠴᠢ ᠡᠯᠰᠡᠬᠦ ᠳᠤ ᠳᠣᠤᠷᠠᠬᠢ ᠮᠡᠲᠦ ᠰᠠᠬᠢᠯᠭ᠎ᠠ ᠪᠠᠲᠤ ᠶᠢᠨ ᠱᠠᠭᠠᠷᠳᠠᠯᠭ᠎ᠠ ᠳᠤᠷᠠᠳᠪᠠ᠄      ︵ᠨᠢᠭᠡ︶ ᠲᠥᠯᠥᠪᠯᠡᠭᠡ ᠦᠭᠡᠢ᠂ ᠲᠥᠯᠥᠪᠯᠡᠭᠡ ᠠᠴᠠ ᠳᠠᠪᠠᠭᠤᠯᠤᠨ ᠰᠤᠷᠤᠭᠴᠢ ᠡᠯᠰᠡᠬᠦ ᠶᠢ ᠴᠢᠩᠭ᠎ᠠ ᠴᠠᠭᠠᠵᠠᠯᠠᠵᠤ᠂ ᠪᠠᠭ᠎ᠠ ᠰᠤᠷᠭᠠᠭᠤᠯᠢ ᠶᠢᠨ ᠠᠩᠭᠢ ᠶᠢᠨ ᠪᠠᠭᠲᠠᠭᠠᠮᠵᠢ ᠶᠢ 45 ᠬᠥᠮᠦᠨ ᠤ ᠳᠣᠲᠣᠷ᠎ᠠ ᠬᠢᠵᠠᠭᠠᠷᠯᠠᠵᠤ᠂ ᠳᠤᠮᠳᠠᠳᠤ ᠰᠤᠷᠭᠠᠭᠤᠯᠢ ᠶᠢᠨ ᠠᠩᠭᠢ ᠶᠢᠨ ᠪᠠᠭᠲᠠᠭᠠᠮᠵᠢ ᠶᠢ 50 ᠬᠥᠮᠦᠨ ᠤ ᠳᠣᠲᠣᠷ᠎ᠠ ᠬᠢᠵᠠᠭᠠᠷᠯᠠᠨ᠎ᠠ᠃ ᠰᠤᠷᠤᠭᠴᠢ ᠡᠯᠰᠡᠬᠦ ᠠᠵᠢᠯ ᠳᠠᠭᠤᠰᠤᠭᠰᠠᠨ ᠤ ᠳᠠᠷᠠᠭ᠎ᠠ᠂ ᠶᠠᠮᠠᠷᠪᠠ ᠰᠤᠷᠭᠠᠭᠤᠯᠢ ᠭᠡᠳ ᠪᠤᠰᠤᠳ ᠰᠤᠷᠭᠠᠭᠤᠯᠢ ᠳᠤ ᠡᠯᠰᠡᠭᠳᠡᠭᠰᠡᠨ ᠰᠤᠷᠤᠭᠴᠢ ᠶᠢ ᠳᠤᠷ᠎ᠠ ᠪᠠᠷ ᠢᠶᠠᠨ ᠡᠯᠰᠡᠵᠦ ᠪᠣᠯᠬᠤ ᠦᠭᠡᠢ᠃     ︵ᠬᠤᠶᠠᠷ︶ ᠥᠪᠡᠷ ᠲᠡᠭᠡᠨ ᠵᠣᠬᠢᠶᠠᠨ ᠪᠠᠶᠢᠭᠤᠯᠬᠤ ᠪᠤᠶᠤ ᠨᠡᠶᠢᠭᠡᠮ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠯᠤᠭ᠎ᠠ ᠬᠠᠮᠲᠤᠷᠠᠨ ᠰᠤᠷᠤᠭᠴᠢ ᠶᠢᠨ ᠢᠷᠡᠯᠲᠡ ᠶᠢ ᠰᠢᠯᠭᠠᠷᠠᠭᠤᠯᠬᠤ ᠪᠠᠷ ᠵᠣᠷᠢᠯᠭ᠎ᠠ ᠪᠣᠯᠭᠠᠭᠰᠠᠨ ᠡᠯ᠎ᠡ ᠲᠥᠷᠥᠯ ᠤᠨ ᠰᠢᠯᠭᠠᠯᠲᠠ ᠶᠢ ᠵᠣᠬᠢᠶᠠᠨ ᠪᠠᠶᠢᠭᠤᠯᠬᠤ᠂ ᠡᠰᠡᠬᠦᠯ᠎ᠡ ᠨᠡᠶᠢᠭᠡᠮ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠥᠪᠡᠷ ᠲᠡᠭᠡᠨ ᠵᠣᠬᠢᠶᠠᠨ ᠪᠠᠶᠢᠭᠤᠯᠤᠭᠰᠠᠨ ᠡᠯ᠎ᠡ ᠲᠥᠷᠥᠯ ᠤᠨ ᠰᠢᠯᠭᠠᠯᠲᠠ ᠶᠢᠨ ᠦᠷ᠎ᠡ ᠳ᠋ᠦᠩ ᠢ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃     ︵ᠭᠤᠷᠪᠠ  ︶ ᠰᠤᠷᠤᠭᠴᠢ ᠡᠯᠰᠡᠬᠦ ᠶᠢ ᠤᠷᠢᠳᠴᠢᠯᠠᠨ ᠵᠣᠬᠢᠶᠠᠨ ᠪᠠᠶᠢᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ ︵ᠰᠤᠳᠤᠯᠵᠤ ᠵᠥᠪᠰᠢᠶᠡᠷᠡᠭᠰᠡᠨ ᠰᠢᠨ᠎ᠡ ᠲᠣᠭᠤᠷᠢᠭ ᠤᠨ ᠰᠤᠷᠭᠠᠭᠤᠯᠢ ᠪᠣᠯᠤᠨ ᠠᠷᠠᠳ ᠠᠴᠠ ᠡᠷᠬᠢᠯᠡᠭᠰᠡᠨ ᠰᠤᠷᠭᠠᠭᠤᠯᠢ ᠪᠠᠭᠲᠠᠬᠤ ᠦᠭᠡᠢ︶᠂ ᠰᠤᠷᠭᠠᠭᠤᠯᠢ ᠰᠣᠩᠭᠤᠬᠤ ᠰᠤᠷᠤᠭᠴᠢ ᠡᠯᠰᠡᠵᠦ ᠪᠣᠯᠬᠤ ᠦᠭᠡᠢ᠃     ︵ ᠳᠦᠷᠪᠡ︶ ᠠᠯᠪᠠᠨ ᠠᠴᠠ ᠡᠷᠬᠢᠯᠡᠭᠰᠡᠨ ᠰᠤᠷᠭᠠᠭᠤᠯᠢ ᠬᠢᠭᠡᠳ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠤᠯᠢᠯᠳᠤᠭᠤᠯᠤᠨ ᠰᠤᠷᠤᠭᠴᠢ ᠡᠯᠰᠡᠬᠦ᠂ ᠬᠤᠯᠢᠯᠳᠤᠭᠤᠯᠤᠨ ᠠᠩᠭᠢ ᠲᠣᠬᠢᠷᠠᠭᠤᠯᠬᠤ ᠶᠢ ᠴᠢᠩᠭ᠎ᠠ ᠴᠠᠭᠠᠵᠠᠯᠠᠨ᠎ᠠ᠃     ︵ᠲᠠᠪᠤ︶ ᠡᠳ᠋ ᠪᠣᠳᠠᠰ ᠢᠶᠠᠷ ᠱᠠᠩᠨᠠᠬᠤ᠂ ᠬᠤᠳᠠᠯ ᠬᠠᠭᠤᠷᠮᠠᠭ ᠢᠶᠠᠷ ᠤᠬᠠᠭᠤᠯᠬᠤ ᠵᠡᠷᠭᠡ ᠲᠥᠪ ᠪᠤᠰᠤ ᠠᠷᠭ᠎ᠠ ᠪᠠᠷᠢᠯ ᠢᠶᠠᠷ ᠰᠤᠷᠤᠭᠴᠢ ᠶᠢᠨ ᠢᠷᠡᠯᠲᠡ ᠶᠢ ᠲᠠᠲᠠᠵᠤ ᠠᠪᠴᠢᠷᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃     ︵ᠵᠢᠷᠭᠤᠭ᠎ᠠ︶ ᠶᠠᠮᠠᠷᠪᠠ ᠰᠤᠷᠭᠠᠭᠤᠯᠢ ᠶᠢᠨ ᠰᠤᠷᠭᠠᠭᠤᠯᠢ ᠳᠤ ᠣᠷᠣᠬᠤ ᠲᠠᠢ ᠬᠤᠯᠪᠣᠭᠳᠠᠭᠰᠠᠨ ︽ᠵᠣᠭᠤᠰ ᠲᠤᠰᠠᠯᠠᠨ ᠰᠤᠷᠤᠯᠭ᠎ᠠ ᠶᠢ ᠲᠡᠳᠬᠦᠬᠦ ᠵᠣᠭᠤᠰ︾ ᠬᠤᠷᠢᠶᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠬᠤᠷᠢᠶᠠᠬᠤ ᠶᠢ ᠴᠢᠩᠭ᠎ᠠ ᠴᠠᠭᠠᠵᠠᠯᠠᠨ᠎ᠠ᠃ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠶᠢ ᠲᠠᠰᠤ ᠵᠣᠭᠰᠣᠭᠠᠵᠤ᠂ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ ᠰᠤᠷᠭᠠᠭᠤᠯᠢ ᠶᠢ ᠴᠢᠩᠭ᠎ᠠ ᠪᠠᠶᠢᠴᠠᠭᠠᠨ  ᠰᠢᠢᠳᠪᠦᠷᠢᠯᠡᠨ᠎ᠡ  ᠃ ᠠᠷᠠᠳ ᠠᠴᠠ ᠡᠷᠬᠢᠯᠡᠭᠰᠡᠨ ᠰᠤᠷᠭᠠᠭᠤᠯᠢ ᠰᠤᠷᠤᠯᠭ᠎ᠠ ᠶᠢᠨ ᠣᠨ ᠠᠯᠤᠰᠯᠠᠨ  ᠰᠦᠢᠳᠭᠡᠯ ᠬᠤᠷᠢᠶᠠᠵᠤ ᠪᠣᠯᠬᠤ ᠦᠭᠡᠢ᠃      ︵ᠳᠣᠯᠤᠭ᠎ᠠ  ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠰᠤᠷᠭᠠᠭᠤᠯᠢ ᠨᠤᠭᠤᠳ ᠡᠯ᠎ᠡ ᠲᠥᠷᠥᠯ ᠤᠨ ᠤᠷᠤᠯᠳᠤᠭᠠᠨ ᠤ ᠦᠨᠡᠮᠯᠡᠯ᠂ ᠰᠢᠨᠵᠢᠯᠡᠭᠡᠨ ᠤ ᠰᠠᠯᠠᠭ᠎ᠠ ᠶᠢᠨ ᠤᠷᠤᠯᠳᠤᠭᠠᠨ ᠤ ᠬᠢᠷᠢ ᠪᠦᠲᠦᠮᠵᠢ ᠪᠤᠶᠤ ᠰᠢᠯᠭᠠᠯᠲᠠ ᠶᠢᠨ ᠲᠡᠰ ᠤᠨ ᠭᠡᠷᠡᠴᠢ ᠵᠡᠷᠭᠡ ᠪᠠᠷ ᠰᠤᠷᠤᠭᠴᠢ ᠡᠯᠰᠡᠬᠦ ᠦᠨᠳᠦᠰᠦᠯᠡᠯ ᠪᠣᠯᠭᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃     ︵ᠨᠠᠢᠮᠠ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠰᠤᠷᠭᠠᠭᠤᠯᠢ ᠳᠤ ᠶᠠᠮᠠᠷᠪᠠ ᠨᠡᠷ᠎ᠡ ᠪᠠᠷ ᠭᠤᠤᠯᠳᠠᠯᠭ᠎ᠠ ᠲᠠᠢ ᠠᠩᠭᠢ᠂ ᠲᠦᠷᠭᠡᠨ ᠤᠳᠠᠭᠠᠨ ᠠᠩᠭᠢ ᠪᠠᠶᠢᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ ᠃ ᠡᠯ᠎ᠡ ᠰᠤᠷᠭᠠᠭᠤᠯᠢ ᠨᠤᠭᠤᠳ ᠡᠷᠬᠡᠪᠰᠢ ᠨᠢᠭᠡᠳᠦᠭᠡᠷ ᠣᠨ ᠳᠤ ︽ᠢᠯᠡ ᠪᠠᠷ ᠠᠩᠭᠢ ᠬᠤᠪᠢᠶᠠᠬᠤ︾᠎ ᠶᠢ ᠬᠡᠷᠡᠭᠵᠢᠭᠦᠯᠬᠦ ᠶᠢ ᠪᠠᠷᠢᠮᠲᠠᠯᠠᠨ᠂ ᠠᠩᠭᠢ ᠬᠤᠪᠢᠶᠠᠬᠤ ᠲᠥᠰᠦᠯ ᠢ ᠨᠡᠶᠢᠲᠡᠯᠡᠵᠦ᠂ ᠢᠯᠡ ᠪᠠᠷ ᠠᠩᠭᠢ ᠬᠤᠪᠢᠶᠠᠬᠤ ᠶᠠᠪᠤᠴᠠ ᠶᠢ ᠨᠡᠶᠢᠲᠡᠯᠡᠨ᠂ ᠠᠩᠭᠢ ᠬᠤᠪᠢᠶᠠᠭᠰᠠᠨ ᠦᠷ᠎ᠡ ᠳ᠋ᠦᠩ ᠢ ᠨᠡᠶᠢᠲᠡ ᠳᠤ ᠵᠠᠷᠯᠠᠵᠤ᠂ ᠰᠤᠷᠭᠠᠨ ᠬᠥᠮᠦᠵᠢᠯ ᠤᠨ ᠡᠷᠬᠡ ᠲᠡᠭᠰᠢ᠂ ᠲᠥᠪ ᠭᠤᠤᠯᠴᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃     ︵ᠶᠢᠰᠦ︶  ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠲᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠬᠢᠷᠢ ᠪᠦᠲᠦᠮᠵᠢ ᠶᠢᠨ ᠵᠢᠭᠰᠠᠭᠠᠯᠲᠠ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠮᠠᠬᠠᠯᠠᠶ ᠪᠣᠯᠤᠨ ᠰᠤᠷᠭᠠᠭᠤᠯᠢ ᠳᠡᠪᠰᠢᠬᠦ ᠨᠣᠷᠮ᠎ᠠ ᠶᠢᠨ ᠤᠬᠠᠭᠤᠯᠬᠤ ᠶᠢ ᠴᠢᠩᠭ᠎ᠠ ᠴᠠᠭᠠᠵᠠᠯᠠᠵᠤ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠴᠦ ᠰᠤᠷᠭᠠᠭᠤᠯᠢ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠪᠠᠶᠢᠳᠠᠯ ᠢ ᠵᠢᠭᠰᠠᠭᠠᠯᠲᠠ ᠬᠢᠵᠦ ᠪᠣᠯᠬᠤ ᠦᠭᠡᠢ᠂ ᠰᠤᠷᠭᠠᠭᠤᠯᠢ ᠳᠤ ᠲᠣᠰ ᠰᠤᠷᠭᠠᠭᠤᠯᠢ ᠶᠢᠨ ᠪᠤᠰᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠬᠢᠷᠢ ᠪᠦᠲᠦᠮᠵᠢ ᠶᠢᠨ ᠲᠤᠭ᠎ᠠ ᠪᠠᠷᠢᠮᠲᠠ ᠶᠢ ᠬᠠᠩᠭᠠᠵᠤ ᠪᠣᠯᠬᠤ ᠦᠭᠡᠢ᠃      ︵ᠠᠷᠪᠠ︶ ᠬᠥᠮᠦᠨ ᠪᠠ ᠬᠠᠷᠢᠶ᠎ᠠ ᠨᠢ ᠰᠠᠯᠤᠩᠭᠢᠷᠠᠬᠤ᠂ ᠬᠤᠭᠤᠰᠣᠨ ᠡᠯᠭᠦᠬᠦ᠂ ᠬᠤᠳᠠᠯ ᠬᠠᠭᠤᠷᠮᠠᠭ ᠦᠶ᠋ᠯᠡᠳᠬᠦ ᠵᠡᠷᠭᠡ ᠦᠵᠡᠭᠳᠡᠯ ᠭᠠᠷᠬᠤ ᠶᠢ ᠴᠢᠩᠭ᠎ᠠ ᠴᠠᠭᠠᠵᠠᠯᠠᠵᠤ᠂ ᠲᠣᠭᠲᠠᠭᠠᠯ ᠠᠴᠠ ᠵᠥᠷᠢᠴᠡᠨ ᠣᠷᠣᠨ ᠪᠦᠰᠡ ᠠᠯᠤᠰᠯᠠᠨ ᠡᠯᠰᠡᠭᠰᠡᠨ ᠰᠤᠷᠤᠭᠴᠢ ᠪᠣᠯᠤᠨ ᠲᠣᠭᠲᠠᠭᠠᠯ ᠠᠴᠠ ᠵᠥᠷᠢᠴᠡᠨ ᠰᠤᠷᠭᠠᠭᠤᠯᠢ ᠰᠢᠯᠵᠢᠭᠰᠡᠨ ᠰᠤᠷᠤᠭᠴᠢ ᠳᠤ ᠵᠠᠷᠭᠤ ᠬᠢᠵᠦ ᠥᠭᠴᠦ ᠪᠣᠯᠬᠤ ᠦᠭᠡᠢ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠨᠢᠭᠡᠳᠦᠭᠡᠷ ᠣᠨ ᠪᠠ ᠳᠣᠯᠣᠳᠤᠭᠠᠷ ᠣᠨ ᠰᠢᠨ᠎ᠡ ᠰᠤᠷᠤᠭᠴᠢ ᠴᠤ ᠵᠢᠨᠢᠩ ᠲᠣᠭᠤᠷᠢᠭ ᠲᠤ ᠰᠤᠷᠭᠠᠭᠤᠯᠢ ᠰᠢᠯᠵᠢᠵᠦ ᠪᠣᠯᠬᠤ ᠦᠭᠡᠢ᠃ ᠵᠢᠷᠭᠤᠭ᠎ᠠ᠂ ᠬᠤᠯᠪᠣᠭᠳᠠᠯ ᠪᠦᠬᠦᠢ ᠲᠣᠭᠲᠠᠭᠠᠯ     ︵ᠨᠢᠭᠡ︶ ᠰᠤᠷᠬᠤ ᠨᠠᠰᠤᠨ ᠤ ᠬᠡᠤᠬᠡᠳ ᠪᠠᠭᠠᠴᠤᠳ ᠤᠨ ᠰᠤᠷᠭᠠᠭᠤᠯᠢ ᠳᠤ ᠣᠷᠣᠬᠤ ᠶᠢ ᠬᠠᠤᠯᠢ ᠶᠣᠰᠣᠭᠠᠷ ᠪᠠᠲᠤᠯᠠᠬᠤ ᠬᠡᠷᠡᠭᠲᠡᠶ   ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠬᠢᠨ ︽ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ︾ ᠵᠡᠷᠭᠡ ᠬᠠᠤᠯᠢ ᠴᠠᠭᠠᠵᠠ ᠶᠢᠨ ᠲᠣᠭᠲᠠᠭᠠᠯ ᠢ ᠴᠢᠩᠭ᠎ᠠ  ᠨᠠᠶᠢᠳᠠᠪᠤᠷᠢᠵᠢᠭᠤᠯᠬᠤ᠂ ᠰᠤᠷᠬᠤ ᠨᠠᠰᠤᠨ ᠤ ᠬᠡᠤᠬᠡᠳ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠲᠡᠬᠦ ᠡᠷᠬᠡ ᠶᠢ ᠦᠨᠡᠨᠬᠦ ᠪᠠᠲᠤᠯᠠᠬᠤ ᠬᠡᠷᠡᠭᠲᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨᠬᠦ  ᠬᠦᠢᠴᠡᠳᠭᠡᠵᠦ᠂ ᠬᠠᠤᠯᠢ ᠴᠠᠭᠠᠵᠠ ᠶᠢᠨ ᠲᠣᠭᠲᠠᠭᠠᠯ ᠪᠠ ᠤᠯᠤᠰ ᠠᠴᠠ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠰᠤᠷᠤᠯᠭ᠎ᠠ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠤᠨ ᠠᠵᠢᠯ ᠤᠨ ᠡᠬᠡ ᠳᠠᠩᠰᠠ ᠶᠢ ᠪᠠᠶᠢᠭᠤᠯᠵᠤ᠂ ᠬᠤᠯᠪᠣᠭᠠᠯᠠᠨ ᠡᠵᠡᠮᠳᠡᠵᠦ ᠬᠤᠯᠪᠣᠭᠠᠯᠠᠨ ᠪᠠᠲᠤᠯᠠᠬᠤ ᠠᠵᠢᠯ ᠤᠨ ᠲᠣᠭᠲᠠᠴᠠ ᠶᠢ ᠬᠢᠨᠠᠮᠠᠭᠠᠶ  ᠨᠠᠶᠢᠳᠠᠪᠤᠷᠢᠵᠢᠭᠤᠯᠬᠤ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠬᠦ ᠶᠢ ᠦᠨᠡᠨᠬᠦ ᠪᠠᠲᠤᠯᠠᠬᠤ ᠬᠡᠷᠡᠭᠲᠡᠶ᠃ ᠡᠴᠢᠭᠡ ᠡᠬᠡ ᠪᠣᠯᠤᠭᠰᠠᠳ ᠪᠤᠶᠤ ᠬᠠᠤᠯᠢ ᠪᠠᠷ ᠲᠣᠭᠲᠠᠭᠠᠭᠰᠠᠨ ᠪᠤᠰᠤᠳ ᠬᠢᠨᠠᠨ ᠬᠠᠮᠠᠭᠠᠯᠠᠭᠴᠢᠳ ᠵᠦᠶ ᠶᠣᠰᠣᠨ ᠤ ᠰᠢᠯᠲᠠᠭᠠᠨ ᠦᠭᠡᠢ ᠪᠠᠷ ᠰᠤᠷᠬᠤ ᠨᠠᠰᠤᠨ ᠤ ᠬᠡᠤᠬᠡᠳ ᠪᠠᠭᠠᠴᠤᠳ ᠢ ᠰᠤᠷᠭᠠᠭᠤᠯᠢ ᠳᠤ ᠣᠷᠣᠭᠤᠯᠵᠤ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠲᠡᠭᠡᠭᠰᠡᠨ ᠦᠭᠡᠢ ᠪᠤᠶᠤ ᠰᠤᠷᠤᠯᠭ᠎ᠠ ᠶᠢ ᠨᠢ ᠳᠣᠷᠭᠤᠨ ᠵᠣᠭᠰᠣᠭᠠᠵᠤ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠤᠶᠤ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ︵ᠬᠤᠶᠠᠷ︶ ᠣᠨᠴᠠᠭᠠᠢ ᠨᠡᠶᠢᠲᠡ ᠴᠣᠭᠴᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠲᠡᠬᠦ ᠶᠢ ᠪᠠᠲᠤᠯᠠᠨ᠎ᠠ     1.ᠳᠤᠮᠳᠠᠳᠤ ᠤᠯᠤᠰ ᠎ ᠤᠨ ᠡᠪ ᠬᠠᠮᠲᠤ ᠨᠠᠮ ᠤᠨ ᠲᠥᠪ ᠬᠤᠷᠢᠶᠠᠨ ᠤ ︽ᠬᠤᠲᠠ ᠳᠤ ᠣᠷᠣᠵᠤ ᠳᠠᠭᠠᠵᠤ ᠨᠡᠭᠦᠭᠰᠡᠨ ᠦᠷ᠎ᠡ ᠬᠡᠤᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠡᠷᠬᠡ ᠲᠡᠭᠰᠢ ᠪᠠᠷ ᠬᠦᠷᠲᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ︵ᠤᠯᠠᠭᠠᠨᠴᠠᠪ ᠰᠤᠷᠭᠠᠨ ᠬᠦᠮᠦᠵᠢᠯ︹ 2019 ︺ 23 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠢ ᠦᠨᠳᠦᠰᠦᠯᠡᠨ᠂ ᠣᠷᠣᠰᠢᠨ ᠰᠠᠭᠤᠬᠤ ᠦᠨᠡᠮᠯᠡᠯ ︵ᠲᠦᠷ ᠰᠠᠭᠤᠬᠤ ᠦᠨᠡᠮᠯᠡᠯ︶᠎ ᠢᠶᠠᠷ ᠭᠤᠤᠯ ᠦᠨᠳᠦᠰᠦᠯᠡᠯ ᠪᠣᠯᠭᠠᠭᠰᠠᠨ ᠳᠠᠭᠠᠵᠤ ᠨᠡᠭᠦᠭᠰᠡᠨ ᠦᠷ᠎ᠡ ᠬᠡᠤᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠲᠥᠷᠥ ᠶᠢᠨ ᠪᠣᠳᠣᠯᠭ᠎ᠠ ᠶᠢ ᠪᠦᠷᠢᠨᠰᠢᠭᠦᠯᠵᠦ᠂ ᠠᠯᠪᠠᠨ ᠠᠴᠠ ᠡᠷᠬᠢᠯᠡᠭᠰᠡᠨ ᠰᠤᠷᠭᠠᠭᠤᠯᠢ ᠪᠠᠷ ᠭᠤᠤᠯ ᠪᠣᠯᠭᠠᠨ ᠳᠠᠭᠠᠵᠤ ᠨᠡᠭᠦᠭᠰᠡᠨ ᠦᠷ᠎ᠡ ᠬᠡᠤᠬᠡᠳ ᠢ ᠲᠣᠬᠢᠷᠠᠭᠤᠯᠬᠤ ᠶᠢ ᠪᠠᠷᠢᠮᠲᠠᠯᠠᠨ᠎ᠠ᠃ ᠳᠠᠭᠠᠵᠤ ᠨᠡᠭᠦᠭᠰᠡᠨ ᠦᠷ᠎ᠡ ᠬᠡᠤᠬᠡᠳ ᠨᠢ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠲᠠᠭᠠᠨ ᠪᠤᠴᠠᠵᠤ ᠰᠤᠷᠤᠯᠴᠠᠭᠰᠠᠨ ᠪᠣᠯ ᠰᠤᠷᠭᠠᠨ ᠬᠥᠮᠦᠵᠢᠯ ᠤᠨ ᠲᠣᠪᠴᠢᠶ᠎ᠠ ᠠᠴᠠ ᠬᠠᠤᠯᠢ ᠶᠣᠰᠣᠭᠠᠷ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠬᠡᠷᠡᠭᠲᠡᠶ᠃ ᠵᠢᠨᠢᠩ ᠲᠣᠭᠤᠷᠢᠭ ᠤᠨ ᠡᠷᠦᠬᠡ ᠠᠮᠠ ᠶᠢᠨ ᠬᠠᠷᠢᠶ᠎ᠠ ᠪᠤᠰᠤ ᠬᠤᠲᠠ ᠣᠷᠣᠵᠤ ᠠᠵᠢᠯ ᠬᠥᠳᠡᠯᠮᠦᠷᠢ ᠬᠢᠵᠦ  ᠪᠠᠶᠢᠭ᠎ᠠ ᠦᠷ᠎ᠡ ᠬᠡᠤᠬᠡᠳ ᠰᠤᠷᠭᠠᠭᠤᠯᠢ ᠳᠤ ᠣᠷᠣᠬᠤ ᠳᠤ᠂ ᠬᠢᠨᠠᠨ ᠬᠠᠮᠠᠭᠠᠯᠠᠭᠴᠢ ᠨᠢ ᠰᠠᠭᠤᠭᠠᠯᠢ ᠠᠷᠠᠳ ᠤᠨ ᠳᠡᠪᠲᠡᠷ᠂ ᠠᠵᠢᠯ ᠣᠯᠬᠤ ᠭᠡᠷᠡᠴᠢ ︵ᠠᠵᠢᠯ ᠣᠯᠬᠤ ᠦᠨᠡᠮᠯᠡᠯ︶᠂ ᠣᠷᠣᠰᠢᠨ ᠰᠠᠭᠤᠬᠤ ᠦᠨᠡᠮᠯᠡᠯ ︵ᠲᠦᠷ ᠰᠠᠭᠤᠬᠤ ᠦᠨᠡᠮᠯᠡᠯ︶ ᠵᠢᠴᠢ ᠤᠭ ᠨᠤᠲᠤᠭ ᠤᠨ ᠢᠶᠠᠨ  ᠪᠠᠶᠢᠭ᠎ᠠ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠵᠦ ᠥᠭᠭᠦᠭᠰᠡᠨ ᠭᠠᠳᠠᠭᠰᠢ ᠭᠠᠷᠴᠤ ᠰᠤᠷᠤᠯᠴᠠᠬᠤ ᠭᠡᠷᠡᠴᠢ ︵ᠵᠢᠭᠡᠯᠡᠨ ᠤᠩᠰᠢᠬᠤ ᠦᠨᠡᠮᠯᠡᠯ︶ ᠵᠡᠷᠭᠡ ᠮᠠᠲ᠋ᠧᠷᠢᠶᠠᠯ ᠢᠶᠠᠨ ᠠᠪᠴᠤ ᠰᠤᠷᠭᠠᠨ ᠬᠥᠮᠦᠵᠢᠯ ‍ᠤᠨ‌‍ᠲ᠋ᠠᠩᠰᠠᠯᠠᠯ ᠬᠢᠵᠦ᠂ ᠰᠤᠷᠭᠠᠨ ᠬᠥᠮᠦᠵᠢᠯ ᠤᠨ ᠲᠣᠪᠴᠢᠶ᠎ᠠ ᠠᠴᠠ ᠨᠢᠭᠡᠳᠦᠯᠲᠡᠶ ᠬᠤᠪᠢᠶᠠᠷᠢᠯᠠᠬᠤ ᠪᠠ ᠺᠣᠮᠫᠢᠦ᠋ᠲ᠋ᠧᠷ ᠢᠶᠠᠷ ᠣᠷᠣᠨ ᠪᠠᠶᠢᠷᠢ ᠬᠤᠪᠢᠶᠠᠷᠢᠯᠠᠬᠤ ᠬᠡᠯᠪᠡᠷᠢ ᠪᠠᠷ ᠨᠢᠭᠡᠳᠦᠯᠲᠡᠶ ᠲᠥᠯᠥᠪᠯᠡᠨ ᠲᠥᠪᠬᠢᠨᠡᠭᠦᠯᠦᠨ᠎ᠡ᠃      2.ᠳᠤᠮᠳᠠᠳᠤ ᠤᠯᠤᠰ ᠎ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠤᠷᠭᠠᠨ ᠬᠥᠮᠦᠵᠢᠯ ᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠡᠩ ᠤᠨ ᠰᠤᠷᠭᠠᠨ ᠬᠥᠮᠦᠵᠢᠯ ᠢ ᠬᠦᠷᠲᠡᠵᠦ  ᠳᠡᠶᠢᠯᠬᠦ ᠰᠤᠷᠬᠤ ᠨᠠᠰᠤᠨ ᠤ ᠵᠡᠮᠳᠡᠭ ᠬᠡᠤᠬᠡᠳ ᠪᠠᠭᠠᠴᠤᠳ ᠤᠨ  ᠤᠶᠢᠷ᠎ᠠ ᠬᠠᠪᠢ ᠳᠠᠭᠠᠨ ᠠᠩᠭᠢ ᠳᠠᠭᠠᠵᠤ ᠰᠤᠷᠤᠯᠴᠠᠬᠤ ᠶᠢ ᠬᠠᠤᠯᠢ ᠶᠣᠰᠣᠭᠠᠷ ᠪᠠᠲᠤᠯᠠᠨ᠎ᠠ᠃ ᠰᠤᠷᠬᠤ ᠨᠠᠰᠤᠨ ᠤ ᠬᠡᠤᠬᠡᠳ ᠪᠠᠭᠠᠴᠤᠳ ᠪᠡᠶ᠎ᠡ ᠮᠠᠬᠠᠪᠣᠳ ᠤᠨ ᠪᠠᠶᠢᠳᠠᠯ ᠠᠴᠠ ᠪᠣᠯᠵᠤ ᠰᠤᠷᠭᠠᠭᠤᠯᠢ ᠳᠤ ᠣᠷᠣᠬᠤ ᠪᠤᠶᠤ ᠰᠤᠷᠤᠯᠭ᠎ᠠ ᠠᠴᠠ ᠪᠠᠨ ᠲᠦᠷ ᠵᠣᠭᠰᠣᠬᠤ ᠴᠢᠬᠤᠯᠠᠲᠠᠶ ᠪᠠᠶᠢᠪᠠᠯ᠂ ᠲᠡᠭᠦᠨ ᠤ ᠡᠴᠢᠭᠡ ᠡᠬᠡ ᠪᠤᠶᠤ ᠬᠠᠤᠯᠢ ᠪᠠᠷ ᠲᠣᠭᠲᠠᠭᠠᠭᠰᠠᠨ ᠪᠤᠰᠤᠳ ᠬᠢᠨᠠᠨ ᠬᠠᠮᠠᠭᠠᠯᠠᠭᠴᠢ ᠨᠢ ᠭᠤᠶᠤᠴᠢᠯᠠᠯ ᠭᠠᠷᠭᠠᠵᠤ᠂ ᠨᠡᠶᠢᠭᠡᠮ ᠲᠣᠭᠤᠷᠢᠭ ᠪᠠ ᠰᠤᠷᠭᠠᠭᠤᠯᠢ ᠶᠢᠨ ᠲᠣᠭᠤᠷᠢᠭ ᠤᠨ ᠰᠤᠷᠭᠠᠭᠤᠯᠢ ᠪᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠤ ᠳᠠᠷᠠᠭ᠎ᠠ᠂ ᠰᠤᠷᠭᠠᠨ ᠬᠥᠮᠦᠵᠢᠯ ᠤᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ     3. ᠳᠤᠮᠳᠠᠳᠤ ᠤᠯᠤᠰ ᠎ ᠤᠨ ᠡᠪ ᠬᠠᠮᠲᠤ ᠨᠠᠮ ᠤᠨ ᠲᠥᠪ ᠬᠤᠷᠢᠶᠠᠨ ᠤ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠭᠡᠷ ᠪᠦᠯᠢ ᠳᠤ ᠭᠦᠨᠵᠡᠭᠡᠶᠢᠷᠡᠨ᠂ ᠳᠠᠩᠰᠠᠯᠠᠵᠤ ᠺᠠᠷᠲᠯᠠᠭᠰᠠᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠤᠨ ᠰᠦᠢᠳᠭᠡᠯ ᠬᠤᠷᠢᠶᠠᠬᠤ ᠥᠬᠡᠶ ᠲᠥᠷᠥ ᠶᠢᠨ ᠪᠣᠳᠣᠯᠭ᠎ᠠ ᠪᠠ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠢ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠢᠳᠡᠪᠬᠢᠲᠡᠢ ᠤᠬᠠᠭᠤᠯᠵᠤ᠂ ᠶᠠᠳᠠᠭᠤ ᠬᠦᠴᠢᠷᠳᠡᠯᠲᠡᠶ ᠰᠤᠷᠤᠭᠴᠢᠳ ᠤᠨ ᠰᠤᠷᠭᠠᠭᠤᠯᠢ ᠳᠤ ᠣᠷᠣᠬᠤ ᠶᠢ ᠪᠠᠲᠤᠯᠠᠨ᠎ᠠ᠃  ᠲᠤᠭᠤᠷᠢᠭ ‍ᠤᠨ‌ᠬᠤᠲᠠ ᠶᠢᠨ ᠳᠡᠭᠦᠷᠭᠡ ᠶᠢᠨ ᠮᠠ ᠯᠢᠶᠠᠨ ᠴᠢᠦᠶ ᠰᠢᠶᠠᠩ᠂ ᠪᠠᠶ ᠬᠠᠢ ᠽᠢ ᠪᠠᠯᠭᠠᠰᠤᠨ ᠳᠤ ᠰᠠᠭᠤᠵᠤ ᠪᠠᠶᠢᠭ᠎ᠠ‌‍ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠪᠠᠭᠠᠴᠤᠳ ᠤᠨ ︽ᠰᠢᠯᠭᠠᠯᠲᠠ ᠬᠢᠬᠦ ᠦᠭᠡᠢ ᠪᠠᠷ ᠭᠡᠷ ᠣᠶᠢᠷᠠᠯᠴᠠᠭ᠎ᠠ ᠰᠤᠷᠭᠠᠭᠤᠯᠢ ᠳᠤ ᠣᠷᠣᠬᠤ︾ ᠡᠷᠬᠡ ᠶᠢ ᠪᠠᠲᠤᠯᠠᠬᠤ ᠶᠢᠨ ᠲᠤᠰᠠᠳᠠ᠂   ᠪᠸᠢ ᠴᠧᠨ ᠪᠠᠭ᠎ᠠ ᠰᠤᠷᠭᠠᠭᠤᠯᠢ᠂ ᠴᠢᠶᠠᠨ ᠶᠢᠨ ᠵᠠᠮ ᠤᠨ ᠪᠠᠭ᠎ᠠ ᠰᠤᠷᠭᠠᠭᠤᠯᠢ᠂ ᠢ ᠯᠢ ᠳ᠋ᠦᠩ  ᠹᠠᠨᠭ᠌ ᠪᠠᠭ᠎ᠠ ᠰᠤᠷᠭᠠᠭᠤᠯᠢ᠂ ᠾᠧ ᠱᠦᠨ ᠪᠠᠭ᠎ᠠ ᠰᠤᠷᠭᠠᠭᠤᠯᠢ᠂ ᠶᠦᠩ ᠠᠨ ᠵᠠᠮ ᠤᠨ ᠪᠠᠭ᠎ᠠ ᠰᠤᠷᠭᠠᠭᠤᠯᠢ᠂ ᠪᠢᠨ ᠬᠤ᠋ ᠪᠠᠭ᠎ᠠ ᠰᠤᠷᠭᠠᠭᠤᠯᠢ᠂ ᠳᠣᠯᠣᠳᠤᠭᠠᠷ ᠳᠤᠮᠳᠠᠳᠤ ᠰᠤᠷᠭᠠᠭᠤᠯᠢ᠂ ᠢ ᠯᠢ ᠳ᠋ᠦᠩ ᠹᠠᠩ ᠰᠤᠷᠭᠠᠭᠤᠯᠢ᠂ ᠪᠢᠨ ᠬᠤ᠋ ᠳᠤᠮᠳᠠᠳᠤ ᠰᠤᠷᠭᠠᠭᠤᠯᠢ᠂ ᠲᠤᠷᠰᠢᠯᠲᠠ ᠶᠢᠨ ᠳᠤᠮᠳᠠᠳᠤ ᠰᠤᠷᠭᠠᠭᠤᠯᠢ ᠵᠡᠷᠭᠡ ᠬᠤᠲᠠ ᠬᠥᠳᠡᠭᠡ ︵ᠪᠠᠯᠭᠠᠰᠤ︶᠎ ᠶᠢᠨ ᠠᠭᠤᠯᠵᠠᠷ ᠬᠡᠰᠡᠭ ᠤᠨ ᠰᠤᠷᠭᠠᠭᠤᠯᠢ ᠨᠢ ᠵᠣᠬᠢᠬᠤ ᠡᠷᠳᠡᠮ ᠤᠨ ᠴᠣᠯᠠ ᠬᠠᠩᠭᠠᠵᠤ᠂ ᠪᠦᠬᠦᠨ ᠢ ᠰᠤᠷᠭᠠᠭᠤᠯᠢ ᠳᠤ ᠣᠷᠣᠭᠤᠯᠬᠤ ᠶᠢ ᠪᠠᠲᠤᠯᠠᠪᠠ     ︵ᠭᠤᠷᠪᠠ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠠᠵᠢᠯ ᠤᠨ ᠦᠢᠯᠡ ᠠᠵᠢᠯᠯᠠᠭ᠎ᠠ ᠶᠢ ᠦᠨᠡᠨᠬᠦ ᠵᠢᠷᠤᠮᠵᠢᠭᠤᠯᠬᠤ ᠬᠡᠷᠡᠭᠲᠡᠢ      1. ᠳᠤᠮᠳᠠᠳᠤ ᠤᠯᠤᠰ ᠎ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠤᠷᠤᠭᠴᠢ ᠡᠯᠰᠡᠬᠦ ᠡᠲᠡᠭᠡᠳ ᠢ ᠨᠤᠲᠠᠯᠠᠬᠤ ᠬᠡᠷᠡᠭᠲᠡᠶ᠃ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ  ᠤ ᠰᠤᠷᠤᠭᠴᠢ ᠡᠯᠰᠡᠬᠦ ᠡᠲᠡᠭᠡᠳ ᠪᠣᠯ ᠪᠦᠬᠦᠯᠢ 6 ᠨᠠᠰᠤ ᠵᠢᠴᠢ ᠲᠡᠭᠦᠨ ᠠᠴᠠ ᠳᠡᠭᠡᠭᠰᠢᠬᠢ ᠬᠡᠤᠬᠡᠳ ᠪᠣᠯᠤᠨ᠎ᠠ᠂ ᠲᠤᠬᠠᠶᠢᠯᠠᠪᠠᠯ᠄ ᠰᠤᠷᠭᠠᠭᠤᠯᠢ ᠳᠤ ᠣᠷᠣᠬᠤ ᠲᠤᠬᠠᠶ ᠶᠢᠨ ᠵᠢᠯ ᠤᠨ 8 ᠰᠠᠷ᠎ᠠ ᠶᠢᠨ 31᠎ ᠤ ᠡᠳᠦᠷ ︵8 ᠰᠠᠷ᠎ᠠ ᠶᠢᠨ 31᠎ ᠤ ᠡᠳᠦᠷ ᠪᠠᠭᠲᠠᠨ᠎ᠠ︶᠎ ᠠᠴᠠ ᠡᠮᠦᠨ᠎ᠡ ᠲᠥᠷᠥᠵᠡᠢ᠃ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠰᠤᠷᠤᠭᠴᠢ ᠡᠯᠰᠡᠬᠦ ᠡᠲᠡᠭᠡᠳ ᠪᠣᠯ ᠲᠣᠭᠲᠠᠭᠰᠠᠨ ᠵᠢᠯ ᠬᠤᠭᠤᠴᠠᠭ᠎ᠠ ᠲᠠᠢ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠢ ᠬᠦᠷᠲᠡᠭᠰᠡᠨ ᠲᠣᠰ ᠵᠢᠯ ᠤᠨ ᠵᠢᠷᠭᠤᠳᠤᠭᠠᠷ ᠣᠨ ᠤ ᠰᠤᠷᠤᠭᠴᠢ ᠪᠣᠯᠤᠨ᠎ᠠ᠃     2. ᠳᠤᠮᠳᠠᠳᠤ ᠤᠯᠤᠰ  ‍ᠤᠨ‌ᠡᠪ ᠬᠠᠮᠲᠤ ᠨᠠᠮ ᠤᠨ ᠲᠥᠪ ᠬᠤᠷᠢᠶᠠᠨ ᠤ ᠰᠤᠷᠭᠠᠭᠤᠯᠢ ᠳᠤ ᠣᠷᠣᠬᠤ ᠳᠠᠩᠰᠠᠯᠠᠯ ᠤᠨ ᠠᠵᠢᠯ ᠢ ᠰᠠᠶᠢᠲᠤᠷ ᠬᠢᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠶᠢ ᠳᠠᠩᠰᠠᠯᠠᠬᠤ ᠴᠠᠭ ᠨᠢ 6 ᠳ᠋ᠤᠭᠠᠷ ᠰᠠᠷ᠎ᠠ ᠶᠢᠨ 8᠎ ᠤ ᠡᠳᠦᠷ ᠠᠴᠠ 7 ᠳ᠋ᠤᠭᠠᠷ ᠰᠠᠷ᠎ᠠ ᠶᠢᠨ 8᠎ ᠤ ᠡᠳᠦᠷ᠂ ᠤᠷᠢᠳᠴᠢᠯᠠᠨ ᠳᠠᠩᠰᠠᠯᠠᠵᠤ ᠪᠣᠯᠬᠤ ᠥᠬᠡᠶ᠃ ᠰᠤᠷᠬᠤ ᠨᠠᠰᠤᠨ ᠤ ᠵᠡᠮᠳᠡᠭ ᠬᠡᠤᠬᠡᠳ ᠪᠠᠭᠠᠴᠤᠳ ᠬᠤᠲᠠ ᠶᠢᠨ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠠᠴᠠ ᠡᠷᠳᠡᠮ ᠤᠨ ᠴᠣᠯᠠ ᠭᠤᠶᠤᠴᠢᠯᠠᠵᠤ ᠪᠣᠯᠤᠨ᠎ᠠ᠂ ᠠᠩᠭᠢ ᠳᠠᠭᠠᠵᠤ ᠰᠤᠷᠤᠯᠴᠠᠬᠤ ᠳᠤ ᠲᠣᠬᠢᠷᠠᠬᠤ ᠨᠢ ᠰᠤᠷᠭᠠᠭᠤᠯᠢ ᠶᠢᠨ ᠲᠣᠭᠤᠷᠢᠭ ᠤᠨ ᠰᠤᠷᠭᠠᠭᠤᠯᠢ ᠳᠤ ᠮᠡᠳᠡᠭᠦᠯᠵᠦ ᠰᠤᠷᠤᠯᠴᠠᠵᠤ ᠪᠣᠯᠤᠨ᠎ᠠ᠃ ᠰᠤᠷᠭᠠᠭᠤᠯᠢ ᠳᠤ ᠣᠴᠢᠵᠤ ᠪᠢᠴᠢᠭ ᠦᠵᠡᠵᠦ  ᠳᠡᠶᠢᠯᠬᠦ ᠦᠭᠡᠢ ᠵᠡᠮᠳᠡᠭ ᠬᠡᠤᠬᠡᠳ ᠪᠠᠭᠠᠴᠤᠳ ᠲᠤ ᠰᠤᠷᠭᠠᠭᠤᠯᠢ ᠶᠢᠨ ᠲᠣᠭᠤᠷᠢᠭ ᠤᠨ ᠰᠤᠷᠭᠠᠭᠤᠯᠢ ᠪᠠᠶᠢᠭᠤᠯᠵᠤ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢ ᠭᠤᠤᠯᠯᠠᠨ ᠬᠠᠮᠢᠶᠠᠷᠴᠤ ᠰᠤᠷᠭᠠᠨ ᠬᠥᠮᠦᠵᠢᠯ ᠢ ᠭᠡᠷ ᠲᠤ ᠨᠢ ᠬᠦᠷᠭᠡᠬᠦ  ᠦᠢᠯᠡᠴᠢᠯᠡᠭᠡ ᠬᠠᠩᠭᠠᠨ᠎ᠠ᠃ ᠡᠪᠡᠳᠴᠢᠨ ᠡᠮᠭᠡᠭ ᠵᠡᠷᠭᠡ ᠣᠨᠴᠠᠭᠠᠢ ᠪᠠᠶᠢᠳᠠᠯ ᠠᠴᠠ ᠪᠣᠯᠵᠤ ᠰᠤᠷᠭᠠᠭᠤᠯᠢ ᠳᠤ ᠤᠷᠤᠭᠰᠠᠨ  ᠪᠠᠶᠢᠪᠠᠯ᠂ ᠲᠡᠭᠦᠨ ᠤ ᠡᠴᠢᠭᠡ ᠡᠬᠡ ᠪᠤᠶᠤ ᠬᠠᠤᠯᠢ ᠪᠠᠷ ᠲᠣᠭᠲᠠᠭᠠᠭᠰᠠᠨ ᠪᠤᠰᠤᠳ ᠬᠢᠨᠠᠨ ᠬᠠᠮᠠᠭᠠᠯᠠᠭᠴᠢ ᠨᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤ ᠪᠢᠴᠢᠭ ᠤᠨ ᠭᠤᠶᠤᠴᠢᠯᠠᠯ ᠭᠠᠷᠭᠠᠵᠤ᠂ ᠵᠥᠪᠰᠢᠶᠡᠷᠡᠭᠦᠯᠦᠭᠰᠡᠨ ᠤ ᠳᠠᠷᠠᠭ᠎ᠠ ᠰᠤᠷᠭᠠᠭᠤᠯᠢ ᠳᠤ ᠣᠷᠣᠵᠤ ᠪᠣᠯᠤᠨ᠎ᠠ᠃ ᠬᠤᠭᠤᠴᠠᠭ᠎ᠠ ᠨᠢ ᠲᠤᠯᠪᠠᠯ ᠰᠤᠷᠭᠠᠭᠤᠯᠢ ᠳᠤ ᠰᠠᠭᠤᠯᠭᠠᠨ᠎ᠠ᠃    3. ᠳᠤᠮᠳᠠᠳᠤ ᠤᠯᠤᠰ ᠎ ᠤᠨ ᠡᠪ ᠬᠠᠮᠲᠤ ᠨᠠᠮ ᠤᠨ ᠲᠥᠪ ᠬᠤᠷᠢᠶᠠᠨ ᠤ ᠮᠠᠲ᠋ᠧᠷᠢᠶᠠᠯ ᠬᠢᠨᠠᠨ ᠬᠠᠷᠭᠤᠭᠤᠯᠬᠤ ᠶᠢ ᠴᠢᠩᠳᠠᠯᠠᠨ᠎ᠠ᠃    ︵1︶ ᠵᠢᠨᠢᠩ ᠲᠣᠭᠤᠷᠢᠭ ᠤᠨ ᠰᠤᠷᠬᠤ ᠨᠠᠰᠤᠨ ᠤ ᠬᠡᠤᠬᠡᠳ ᠪᠠᠭᠠᠴᠤᠳ ᠤᠨ ᠡᠷᠦᠬᠡ ᠠᠮᠠ ᠶᠢᠨ ᠳᠠᠩᠰᠠ ᠪᠠ ᠰᠠᠭᠤᠭ᠎ᠠ ᠭᠠᠵᠠᠷ ᠤᠨ ᠱᠠᠭᠠᠷᠳᠠᠯᠭ᠎ᠠ᠄   ᠰᠤᠷᠬᠤ ᠨᠠᠰᠤᠨ ᠤ ᠬᠡᠤᠬᠡᠳ ᠪᠠᠭᠠᠴᠤᠳ ᠤᠨ ᠡᠷᠦᠬᠡ ᠠᠮᠠ ᠶᠢᠨ ᠳᠠᠩᠰᠠ ᠬᠢᠭᠡᠳ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠶᠢᠨ ᠡᠷᠦᠬᠡ ᠠᠮᠠ ᠶᠢᠨ ᠳᠠᠩᠰᠠ ᠨᠢ ᠨᠢᠭᠡᠳᠦᠯᠲᠡᠶ ᠪᠠᠶᠢᠵᠤ᠂ ᠡᠷᠦᠬᠡ ᠠᠮᠠ ᠶᠢᠨ ᠬᠠᠷᠢᠶ᠎ᠠ ᠶᠢᠨ ᠬᠠᠶ᠋ᠢᠭ ᠬᠢᠭᠡᠳ ᠭᠡᠷ ᠬᠥᠷᠥᠩᠭᠡ ᠶᠢᠨ ᠦᠨᠡᠮᠯᠡᠯ ᠤᠨ ᠬᠠᠶ᠋ᠢᠭ ᠨᠢ ᠨᠢᠭᠡᠳᠦᠯᠲᠡᠶ  ᠪᠠᠶᠢᠬᠤ ᠬᠡᠷᠡᠭᠲᠡᠶ᠂ ᠳᠣᠷᠣᠭᠰᠢ ︽ᠬᠤᠶᠠᠷ ᠨᠢᠭᠡᠳᠦᠯᠲᠡᠶ︾ ᠭᠡᠵᠦ ᠲᠣᠪᠴᠢᠯᠠᠨ᠎ᠠ᠃    ᠣᠨᠴᠣᠭᠤᠶ ᠪᠠᠶᠢᠳᠠᠯ ᠠᠴᠠ ᠪᠣᠯᠵᠤ ᠡᠷᠦᠬᠡ ᠠᠮᠠ ᠶᠢᠨ ᠳᠠᠩᠰᠠ ᠬᠢᠭᠡᠳ ᠪᠣᠳᠠᠲᠠᠶ ᠰᠠᠭᠤᠭ᠎ᠠ ᠭᠠᠵᠠᠷ ᠨᠢ ᠨᠢᠭᠡᠳᠦᠯ ᠥᠬᠡᠶ ᠭᠡᠷ ᠪᠦᠯᠢ ᠪᠣᠯᠤᠭᠰᠠᠨ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠪᠠᠭᠠᠴᠤᠳ ᠢ ᠳᠣᠤᠷᠠᠬᠢ ᠲᠣᠭᠲᠠᠭᠠᠯ ᠶᠣᠰᠣᠭᠠᠷ ᠭᠦᠢᠴᠡᠳᠭᠡᠨ᠎ᠡ᠄  ①  ᠨᠤᠷᠠᠭᠠᠨ ᠨᠡᠭᠦᠯᠭᠡᠬᠦ ᠡᠷᠦᠬᠡ ᠨᠢ ᠨᠤᠷᠠᠭᠠᠵᠤ ᠨᠡᠭᠦᠯᠭᠡᠬᠦ ᠪᠠ ᠭᠡᠷ ᠪᠠᠶᠢᠰᠢᠩ ᠤᠨ ᠡᠬᠡ ᠮᠥᠩᠭᠦ ᠵᠡᠷᠭᠡ ᠠᠩᠬᠠᠨ ᠤ ᠭᠡᠷᠡᠴᠢ ᠮᠠᠲ᠋ᠧᠷᠢᠶᠠᠯ ᠢ ᠬᠠᠩᠭᠠᠬᠤ ᠬᠡᠷᠡᠭᠲᠡᠶ᠃    ②  ᠬᠠᠮᠲᠤ ᠶᠢᠨ ᠡᠷᠦᠬᠡ ᠶᠢᠨ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠪᠠᠭᠠᠴᠤᠳ ᠤᠨ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠲᠤᠰ ᠲᠣᠭᠤᠷᠢᠭ ᠲᠤ ᠲᠣᠭᠲᠠᠮᠠᠯ ᠭᠡᠷ ᠬᠥᠷᠥᠩᠭᠡ ᠲᠠᠢ ᠪᠠᠶᠢᠪᠠᠯ᠂ ᠭᠡᠷ ᠬᠥᠷᠥᠩᠭᠡ ᠶᠢᠨ ᠪᠠᠶᠢᠭ᠎ᠠ ᠭᠠᠵᠠᠷ ᠤᠨ ᠰᠤᠷᠭᠠᠭᠤᠯᠢ ᠶᠢᠨ ᠲᠣᠭᠤᠷᠢᠭ ᠢᠶᠠᠷ ᠰᠤᠷᠭᠠᠭᠤᠯᠢ ᠳᠤ ᠣᠷᠣᠨ᠎ᠠ᠂ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠲᠤᠰ ᠲᠣᠭᠤᠷᠢᠭ ᠲᠤ ᠲᠣᠭᠲᠠᠮᠠᠯ ᠭᠡᠷ ᠬᠥᠷᠥᠩᠭᠡ ᠦᠭᠡᠢ ᠪᠥᠭᠡᠳ ᠭᠡᠷ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶ᠎ᠠ ᠠᠴᠠ ᠭᠡᠷ ᠪᠠᠶᠢᠰᠢᠩ ᠦᠭᠡᠢ ᠭᠡᠷᠡᠴᠢ ᠭᠠᠷᠭᠠᠵᠤ ᠥᠭᠭᠦᠭᠰᠡᠨ ᠪᠠᠶ᠋ᠪᠠᠯ᠂ ᠡᠷᠦᠬᠡ ᠠᠮᠠ ᠶᠢᠨ ᠳᠠᠩᠰᠠ ᠶᠢᠨ ᠭᠠᠵᠠᠷ ᠢᠶᠠᠷ ᠨᠢ ᠰᠤᠷᠭᠠᠭᠤᠯᠢ ᠳᠤ ᠣᠷᠣᠨ᠎ᠠ᠃   ③ ᠰᠢᠨ᠎ᠡ ᠪᠠᠷ ᠬᠤᠳᠠᠯᠳᠤᠨ ᠠᠪᠤᠭᠰᠠᠨ ᠭᠡᠷ ᠪᠠᠶᠢᠰᠢᠩ ᠳᠤ ᠣᠷᠣᠵᠤ ᠰᠠᠭᠤᠭᠰᠠᠨ ᠪᠣᠯᠪᠠᠴᠤ ︽ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠦᠨᠡᠮᠯᠡᠯ︾᠎ ᠢ ᠲᠦᠷ ᠭᠦᠶ᠋ᠴᠡᠳᠬᠡᠭᠡᠳᠦᠶ ᠪᠤᠶᠤ ᠡᠷᠦᠬᠡ ᠠᠮᠠ ᠪᠠᠨ ᠰᠢᠯᠵᠢᠭᠦᠯᠦᠭᠡᠳᠦᠶ ᠭᠡᠷ ᠪᠦᠯᠢ ᠨᠢ ᠭᠡᠷ᠎ᠡ᠂ ᠵᠢᠩᠬᠢᠨᠢ ᠪᠠᠷᠢᠮᠲᠠ ᠪᠤᠶᠤ ᠪᠠᠩᠬᠢ ᠶᠢᠨ ᠬᠠᠩᠭᠠᠭᠰᠠᠨ ᠪᠠᠷᠢᠴᠠᠭᠠᠳᠤ ᠵᠢᠭᠡᠯᠡᠯᠭᠡ ᠶᠢᠨ ᠭᠡᠷᠡᠴᠢ ᠵᠡᠷᠭᠡ ᠬᠦᠴᠦᠨ ᠪᠦᠬᠦᠢ ᠭᠡᠷᠡᠴᠢ ᠮᠠᠲ᠋ᠧᠷᠢᠶᠠᠯ ᠢᠶᠠᠨ ᠠᠪᠴᠤ᠂ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠪᠠᠭᠠᠴᠤᠳ ᠤᠨ ᠨᠢᠭᠡᠨᠲᠡ ᠣᠷᠣᠵᠤ ᠰᠠᠭᠤᠭᠰᠠᠨ ᠰᠢᠨ᠎ᠡ ᠪᠠᠷ ᠬᠤᠳᠠᠯᠳᠤᠨ ᠠᠪᠤᠭᠰᠠᠨ ᠭᠡᠷ ᠪᠠᠶᠢᠰᠢᠩ ᠤᠨ ᠬᠠᠶ᠋ᠢᠭ ᠢᠶᠠᠷ ᠣᠶᠢᠷᠠᠯᠴᠠᠭ᠎ᠠ ᠰᠤᠷᠭᠠᠭᠤᠯᠢ ᠳᠤ ᠣᠷᠣᠨ᠎ᠠ᠃ ᠪᠠᠩᠬᠢ ᠶᠢᠨ ᠪᠠᠷᠢᠴᠠᠭᠠᠳᠤ ᠵᠢᠭᠡᠯᠡᠯᠭᠡ ᠪᠠᠷ ᠪᠠᠷᠢᠴᠠᠭᠠᠯᠠᠭᠰᠠᠨ ᠭᠡᠷ ᠬᠥᠷᠥᠩᠭᠡ ᠶᠢᠨ ᠦᠨᠡᠮᠯᠡᠯ ᠢ  ᠭᠦᠢᠴᠡᠳᠭᠡᠬᠦ ᠳᠤ᠂ ᠲᠣᠭᠤᠷᠢᠭ ᠤᠨ ᠭᠡᠷ ᠬᠥᠷᠥᠩᠭᠡ ᠶᠢᠨ ᠲᠣᠪᠴᠢᠶ᠎ᠠ ᠠᠴᠠ ᠭᠠᠷᠭᠠᠭᠰᠠᠨ ᠪᠠᠷᠢᠴᠠᠭᠠᠳᠦ ᠭᠡᠷᠡᠴᠢ ᠮᠠᠲ᠋ᠧᠷᠢᠶᠠᠯ ᠢ ᠬᠠᠩᠭᠠᠬᠤ ᠬᠡᠷᠡᠭᠲᠡᠶ᠃   ④ ᠡᠯᠭᠦᠭᠡ ᠡᠷᠦᠬᠡ ᠲᠠᠢ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠪᠠᠭᠠᠴᠤᠳ ᠤᠨ ᠲᠥᠯᠥᠭᠡ᠂  ᠤᠶᠢᠷ᠎ᠠ ᠬᠠᠪᠢ ᠶᠢᠨ ᠰᠤᠷᠭᠠᠭᠤᠯᠢ ᠶᠢᠨ ᠺᠣᠮᠫᠢᠦ᠋ᠲ᠋ᠧᠷ ᠲᠤ ᠣᠷᠣᠯᠴᠠᠬᠤ ᠪᠤᠶᠤ ᠲᠡᠭᠦᠨ ᠢ ᠤᠶᠢᠷ᠎ᠠ ᠬᠠᠪᠢ ᠶᠢᠨ ᠰᠤᠷᠭᠠᠭᠤᠯᠢ ᠳᠤ ᠲᠣᠬᠢᠷᠠᠭᠤᠯᠵᠤ ᠪᠣᠯᠤᠨ᠎ᠠ᠃    ⑤ ᠡᠷᠦᠬᠡ ᠠᠮᠠ ᠶᠢᠨ ᠳᠠᠩᠰᠠ ᠨᠢ ᠪᠣᠳᠠᠲᠠᠶ ᠰᠠᠭᠤᠭ᠎ᠠ ᠭᠠᠵᠠᠷ ᠲᠠᠢ ᠨᠢᠭᠡᠳᠦᠯ ᠦᠭᠡᠢ ᠭᠡᠷ ᠪᠦᠯᠢ ᠶᠢᠨ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠪᠠᠭᠠᠴᠤᠳ ᠢ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠶᠢᠨ ᠪᠣᠳᠠᠲᠠᠶ ᠰᠠᠭᠤᠭ᠎ᠠ ᠭᠠᠵᠠᠷ ᠠᠴᠠ ᠤᠶᠢᠷ᠎ᠠ ᠬᠠᠪᠢ ᠳᠤᠨᠢ ᠰᠤᠷᠭᠠᠭᠤᠯᠢ ᠳᠤ ᠣᠷᠣᠭᠤᠯᠤᠨ᠎ᠠ᠃ ᠰᠤᠷᠬᠤ ᠨᠠᠰᠤᠨ ᠤ ᠬᠡᠤᠬᠡᠳ ᠪᠠᠭᠠᠴᠤᠳ ᠤᠨ ᠪᠣᠳᠠᠲᠠᠶ ᠰᠠᠭᠤᠭ᠎ᠠ ᠭᠠᠵᠠᠷ ᠢ ᠨᠤᠲᠠᠯᠠᠨ ᠲᠣᠭᠲᠠᠭᠠᠬᠤ ᠳᠤ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠶᠢᠨ ᠭᠡᠷ ᠪᠠᠶᠢᠰᠢᠩ ︵ᠭᠡᠷ ᠪᠠᠶᠢᠰᠢᠩ ᠤᠨ ᠥᠮᠴᠢᠯᠡᠬᠦ ᠡᠷᠬᠡ᠂ ᠭᠠᠵᠠᠷ ᠰᠢᠷᠣᠶ  ᠵᠡᠷᠭᠡ ᠬᠦᠴᠦᠨ ᠪᠦᠬᠦᠢ ᠭᠡᠷᠡᠴᠢ ᠦᠨᠡᠮᠯᠡᠯ︶᠎ ᠢᠶᠠᠷ ᠪᠠᠷᠢᠮᠵᠢᠶ᠎ᠠ ᠪᠣᠯᠭᠠᠨ᠎ᠠ᠃    ⑥ ᠡᠴᠢᠭᠡ ᠡᠬᠡ ᠨᠢ ᠣᠷᠤᠭ ᠰᠠᠯᠤᠭᠰᠠᠨ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠪᠠᠭᠠᠴᠤᠳ ᠢ ᠰᠢᠭᠦᠬᠦ ᠬᠤᠷᠢᠶᠠᠨ ᠤ ᠰᠢᠭᠦᠨ ᠲᠠᠰᠤᠯᠤᠯᠲᠠ ᠶᠢᠨ ᠪᠢᠴᠢᠭ ᠪᠤᠶᠤ ᠣᠷᠤᠭ ᠰᠠᠯᠬᠤ ᠶᠢ ᠦᠨᠳᠦᠰᠦᠯᠡᠨ᠂ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠶᠢᠨ ᠪᠣᠳᠠᠲᠠᠶ ᠰᠠᠭᠤᠭ᠎ᠠ ᠭᠠᠵᠠᠷ ᠢᠶᠠᠷ ᠪᠠᠷᠢᠮᠵᠢᠶ᠎ᠠ ᠪᠣᠯᠭᠠᠨ᠎ᠠ᠃     ⑦ ᠲᠥᠷᠥᠭᠰᠡᠨ ᠡᠳᠦᠷ ᠲᠡᠭᠡᠨ ᠨᠡᠷ᠎ᠡ ᠮᠡᠳᠡᠭᠦᠯᠦᠭᠰᠡᠨ ᠪᠥᠭᠡᠳ ᠡᠴᠢᠭᠡ ᠡᠬᠡ ᠲᠠᠢ ᠪᠠᠨ ᠬᠠᠮᠲᠤ ᠡᠷᠦᠬᠡ ᠠᠮᠠ ᠣᠷᠣᠭᠤᠯᠤᠭᠰᠠᠨ ᠪᠤᠶᠤ ᠭᠠᠳᠠᠷ ᠡᠷᠦᠬᠡ ᠠᠮᠠ ᠶᠢᠨ ᠳᠠᠩᠰᠠ ᠲᠠᠢ ᠪᠥᠭᠡᠳ ᠡᠷᠳᠡᠮᠲᠡᠨ ᠤ ᠡᠷᠦᠬᠡ ᠠᠮᠠ ᠶᠢᠨ ᠳᠠᠩᠰᠠ ᠨᠢ ᠬᠠᠷᠢᠶ᠎ᠠ ᠣᠷᠣᠨ ᠠᠴᠠ ᠭᠠᠳᠠᠭᠰᠢ ᠰᠢᠯᠵᠢᠭᠰᠡᠨ᠂ ᠬᠤᠪᠢᠷᠠᠭᠰᠠᠨ ᠲᠡᠮᠳᠡᠭᠯᠡᠯ ᠦᠭᠡᠢ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠪᠠᠭᠠᠴᠤᠳ ᠢ ︽ᠬᠤᠶᠠᠷ ᠨᠢᠭᠡᠳᠦᠯᠲᠡᠶ︾ ᠵᠠᠷᠴᠢᠮ ᠣᠨ ᠱᠠᠭᠠᠷᠳᠠᠯᠭ᠎ᠠ ᠳᠤ ᠨᠡᠶᠢᠴᠡᠬᠦ ᠪᠠᠷ ᠦᠵᠡᠨ᠎ᠡ᠃      ⑧ ᠰᠠᠭᠤᠵᠤ  ᠪᠠᠶᠢᠭ᠎ᠠ ᠠᠯᠪᠠᠨ ᠭᠡᠷ ᠨᠢ ᠣᠷᠣᠨ ᠰᠠᠭᠤᠴᠠ ᠶᠢᠨ ᠳᠦᠷᠢᠮ  ᠤᠨ ᠥᠭᠡᠷᠡᠴᠢᠯᠡᠯᠲᠡ ᠳᠤ ᠣᠷᠣᠯᠴᠠᠭᠰᠠᠨ ᠦᠭᠡᠢ ᠪᠠ ᠥᠪᠡᠷ ᠢᠶᠠᠷ ᠪᠠᠷᠢᠭᠰᠠᠨ ᠣᠷᠣᠨ ᠰᠠᠭᠤᠴᠠ ᠨᠢ ᠣᠷᠣᠨ ᠰᠠᠭᠤᠴᠠ ᠶᠢᠨ ᠦᠨᠡᠮᠯᠡᠯ ᠠᠪᠴᠤ ᠳᠡᠶᠢᠯᠦᠭᠰᠡᠨ ᠦᠭᠡᠢ ᠪᠥᠭᠡᠳ ᠲᠤᠰ ᠲᠣᠭᠤᠷᠢᠭ ᠲᠤ ᠪᠤᠰᠤᠳ ᠣᠷᠣᠨ ᠰᠠᠭᠤᠴᠠ ᠦᠭᠡᠢ ︵ᠲᠣᠭᠤᠷᠢᠭ ᠤᠨ ᠣᠷᠣᠨ ᠰᠠᠭᠤᠴᠠ ᠶᠢᠨ ᠬᠠᠮᠢᠶᠠᠷᠤᠯᠲᠠ ᠶᠢᠨ ᠲᠣᠪᠴᠢᠶᠠᠨ ᠤ ᠭᠡᠷ ᠪᠠᠶᠢᠰᠢᠩ ᠤᠨ ᠬᠥᠷᠥᠩᠭᠡ ᠶᠢᠨ ᠳᠠᠩᠰᠠᠯᠠᠯ ᠤᠨ ᠮᠡᠳᠡᠭᠡ ᠵᠠᠩᠭᠢ ᠪᠠᠷ ᠪᠠᠷᠢᠮᠵᠢᠶ᠎ᠠ ᠪᠣᠯᠭᠠᠨ᠎ᠠ︶ ᠰᠠᠭᠤᠵᠤ  ᠪᠠᠶᠢᠭ᠎ᠠ ᠡᠷᠦᠬᠡ ᠶᠢᠨ ᠦᠷ᠎ᠡ ᠬᠡᠤᠬᠡᠳ ᠢ ᠰᠤᠷᠭᠠᠭᠤᠯᠢ ᠠᠴᠠ ᠬᠢᠨᠠᠨ ᠬᠠᠷᠭᠤᠭᠤᠯᠵᠤ᠂ ᠵᠠᠷᠯᠠᠨ ᠨᠡᠶᠢᠲᠡᠯᠡᠭᠡᠳ ᠣᠨᠳᠣᠤ ᠰᠠᠨᠠᠯ ᠦᠭᠡᠢ  ᠪᠠᠶᠢᠪᠠᠯ᠂ ︽ᠬᠤᠶᠠᠷ ᠨᠢᠭᠡᠳᠦᠯᠲᠡᠶ︾  ᠪᠠᠶᠢᠬᠤ ᠵᠠᠷᠴᠢᠮ ᠎ ᠤᠨ ᠱᠠᠭᠠᠷᠳᠠᠯᠭ᠎ᠠ ᠳᠤ ᠨᠡᠶᠢᠴᠡᠬᠦ ᠪᠠᠷ ᠦᠵᠡᠨ᠎ᠡ᠃    ⑨ ᠲᠤᠰ ᠨᠤᠲᠤᠭ ᠲᠤ ᠲᠣᠭᠲᠠᠮᠠᠯ ᠭᠡᠷ ᠬᠥᠷᠥᠩᠭᠡ ᠦᠭᠡᠢ ᠥᠨᠥᠴᠢᠨ ᠬᠡᠤᠬᠡᠳ ᠢ ᠪᠣᠳᠠᠲᠠᠶ ᠰᠠᠭᠤᠭ᠎ᠠ ᠭᠠᠵᠠᠷ ᠲᠤᠨᠢ ᠤᠶᠢᠷ᠎ᠠ ᠬᠠᠪᠢ ᠳᠤᠨᠢ ᠰᠤᠷᠭᠠᠭᠤᠯᠢ ᠳᠤ ᠣᠷᠣᠭᠤᠯᠤᠨ᠎ᠠ᠃    ︵2︶ ᠳᠣᠤᠷᠠᠬᠢ ᠪᠠᠶᠢᠳᠠᠯ ᠤᠨ ᠨᠢᠭᠡ ᠳᠤ ᠲᠣᠭᠠᠴᠠᠭᠳᠠᠪᠠᠯ᠂ ᠲᠣᠭᠤᠷᠢᠭ ᠤᠨ ᠰᠤᠷᠤᠭᠴᠢ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠠᠴᠠ ᠨᠢᠭᠡᠳᠦᠯᠲᠡᠶ ᠬᠤᠪᠢᠶᠠᠷᠢᠯᠠᠵᠤ᠂ ᠬᠤᠪᠢᠶᠠᠷᠢᠯᠠᠭᠰᠠᠨ ᠤ ᠳᠠᠷᠠᠭ᠎ᠠ ᠳᠠᠬᠢᠵᠤ ᠲᠣᠬᠢᠷᠠᠭᠤᠯᠤᠯᠲᠠ ᠬᠢᠬᠦ ᠦᠭᠡᠢ᠃     ① ᠰᠤᠷᠭᠠᠭᠤᠯᠢ ᠪᠠ ᠰᠤᠷᠭᠠᠨ ᠬᠥᠮᠦᠵᠢᠯ ᠤᠨ ᠲᠣᠪᠴᠢᠶ᠎ᠠ ᠳᠤ ᠲᠤᠰ ᠬᠥᠮᠦᠨ ᠵᠢᠴᠢ ᠲᠡᠭᠦᠨ ᠤ ᠬᠢᠨᠠᠨ ᠬᠠᠮᠠᠭᠠᠯᠠᠭᠴᠢ ᠶᠢᠨ ᠳᠡᠪᠲᠡᠷ᠂ ᠭᠡᠷ ᠬᠥᠷᠥᠩᠭᠡ ᠶᠢᠨ ᠦᠨᠡᠮᠯᠡᠯ ᠬᠠᠩᠭᠠᠬᠤ ᠶᠢ ᠣᠨᠴᠠᠭᠠᠢ ᠰᠢᠯᠲᠠᠭᠠᠨ ᠦᠭᠡᠢ ᠪᠠᠷ ᠲᠡᠪᠴᠢᠭᠰᠡᠨ᠃     ② ᠳᠠᠩᠰᠠ ᠬᠠᠷ᠎ᠠ᠂ ᠭᠡᠷ ᠬᠥᠷᠥᠩᠭᠡ ᠶᠢᠨ ᠭᠡᠷᠡᠴᠢ ᠶᠢᠨ ᠳᠠᠩᠰᠠᠯᠠᠯ ᠨᠢ ᠦᠨᠡᠨ ᠪᠣᠳᠠᠲᠠᠶ ᠪᠢᠰᠢ  ᠪᠠᠶᠢᠬᠤ᠃     ③ ᠲᠤᠰ ᠵᠢᠯ ᠳᠤ ᠬᠤᠶᠠᠷ ᠪᠤᠶᠤ ᠬᠤᠶᠠᠷ ᠠᠴᠠ ᠳᠡᠭᠡᠭᠰᠢ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠪᠠᠭᠠᠴᠤᠳ ᠲᠠᠢ ︵ᠠᠳᠠᠯᠢ ᠨᠢᠭᠡᠨ ᠡᠷᠦᠬᠡ ᠠᠮᠠ ᠶᠢᠨ ᠳᠠᠩᠰᠠ ᠨᠢ 6 ᠵᠢᠯ ᠤᠨ ᠳᠣᠲᠣᠷ᠎ᠠ ᠵᠥᠪᠬᠡᠨ 1 ᠨᠡᠷ᠎ᠡ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠪᠠᠭᠠᠴᠤᠳ ᠤᠨ ᠰᠤᠷᠭᠠᠭᠤᠯᠢ ᠳᠤ ᠣᠷᠣᠬᠤ ᠦᠨᠳᠦᠰᠦᠯᠡᠯ ᠪᠣᠯᠭᠠᠵᠤ ᠪᠣᠯᠤᠨ᠎ᠠ᠂ ᠣᠯᠠᠨ ᠬᠡᠤᠬᠡᠳ  ᠪᠠᠶᠢᠪᠠᠯ ᠡᠭᠦᠨ ᠳᠤ ᠪᠠᠭᠲᠠᠬᠤ ᠥᠬᠡᠶ︶᠃       ④ ᠰᠤᠷᠭᠠᠨ ᠬᠥᠮᠦᠵᠢᠯ ᠤᠨ ᠲᠣᠪᠴᠢᠶᠠᠨ ᠤ ᠲᠣᠭᠲᠠᠭᠠᠭᠰᠠᠨ ᠴᠠᠭ  ᠤᠨ ᠳᠣᠲᠣᠷ᠎ᠠ ᠨᠡᠷ᠎ᠡ ᠮᠡᠳᠡᠭᠦᠯᠬᠦ ᠭᠠᠷ  ᠬᠦᠢᠴᠡᠳᠭᠡᠯ ᠢ ᠭᠦᠢᠴᠡᠳᠭᠡᠭᠰᠡᠨ ᠦᠭᠡᠢ᠃      ︵3︶ ᠡᠷᠦᠬᠡ ᠠᠮᠠ ᠶᠢᠨ ᠳᠠᠩᠰᠠ᠂ ᠭᠡᠷ ᠬᠥᠷᠥᠩᠭᠡ ᠶᠢᠨ ᠦᠨᠡᠮᠯᠡᠯ ᠢ ᠮᠠᠭᠠᠳᠯᠠᠨ ᠲᠣᠭᠲᠠᠭᠠᠬᠤ ᠳᠤ ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠢᠭᠡᠨᠲᠡ ᠬᠢᠨᠠᠨ ᠬᠠᠷᠭᠤᠭᠤᠯᠵᠤ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠢᠶᠠᠷ ᠪᠠᠷᠢᠮᠵᠢᠶ᠎ᠠ ᠪᠣᠯᠭᠠᠨ᠎ᠠ᠂ ᠲᠦᠷ ᠴᠠᠭ ᠬᠤᠪᠢᠷᠠᠭᠤᠯᠤᠭᠰᠠᠨ ᠡᠷᠦᠬᠡ ᠠᠮᠠ ᠶᠢᠨ ᠳᠠᠩᠰᠠ᠂ ᠭᠡᠷ ᠬᠥᠷᠥᠩᠭᠡ ᠶᠢᠨ ᠦᠨᠡᠮᠯᠡᠯ ᠢ ᠳᠠᠬᠢᠨ ᠮᠠᠭᠠᠳᠯᠠᠨ ᠲᠣᠭᠲᠠᠭᠠᠬᠤ ᠥᠬᠡᠶ᠃      ︵4︶ ᠬᠡᠤᠬᠡᠳ ᠤᠨ ᠴᠡᠴᠡᠷᠯᠢᠭ  ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠠᠯᠪᠠᠨ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠵᠢᠴᠢ ᠰᠤᠷᠭᠠᠭᠤᠯᠢ ᠡᠷᠬᠢᠯᠡᠬᠦ ᠵᠥᠪᠰᠢᠶᠡᠷᠡᠯ ᠤᠨ ᠦᠨᠡᠮᠯᠡᠯ ᠣᠯᠤᠭᠰᠠᠨ ᠬᠡᠤᠬᠡᠳ ᠤᠨ ᠴᠡᠴᠡᠷᠯᠢᠭ ᠡᠷᠬᠡᠪᠰᠢ ᠴᠠᠭ ᠲᠤᠬᠠᠶ ᠳᠤᠨᠢ ᠬᠡᠤᠬᠡᠳ ᠤᠨ ᠴᠡᠴᠡᠷᠯᠢᠭ ᠤᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠳᠡᠭᠡᠭᠰᠢ ᠮᠡᠳᠡᠭᠦᠯᠵᠦ᠂ ᠰᠤᠷᠭᠠᠭᠤᠯᠢ ᠶᠢᠨ ᠪᠠᠶᠢᠷᠢᠯᠠᠭᠤᠯᠤᠯᠲᠠ ᠪᠠ ᠨᠢᠭᠡᠳᠦᠭᠡᠷ ᠣᠨ ᠤ ᠰᠤᠷᠤᠭᠴᠢ ᠡᠯᠰᠡᠬᠦ ᠶᠢ ᠲᠥᠰᠦᠭᠡᠯᠡᠬᠦ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠬᠤ ᠬᠡᠷᠡᠭᠲᠡᠶ᠃    4.ᠳᠤᠮᠳᠠᠳᠤ ᠤᠯᠤᠰ ᠎ ᠤᠨ ᠡᠪ ᠬᠠᠮᠲᠤ ᠨᠠᠮ ᠤᠨ ᠲᠥᠪ ᠬᠤᠷᠢᠶᠠᠨ ᠤ ᠢᠯᠡ ᠪᠠᠷ ᠰᠤᠷᠤᠭᠴᠢ ᠡᠯᠰᠡᠬᠦ ᠠᠵᠢᠯ ᠢ ᠥᠷᠨᠢᠭᠦᠯᠦᠨ᠎ᠡ᠃ ᠡᠯ᠎ᠡ ᠳᠤᠮᠳᠠᠳᠤ ᠪᠠᠭ᠎ᠠ ᠰᠤᠷᠭᠠᠭᠤᠯᠢ ᠨᠤᠭᠤᠳ ᠰᠤᠷᠤᠭᠴᠢᠳ ᠢ ᠢᠯᠡ ᠪᠠᠷ ᠠᠩᠭᠢ ᠬᠤᠪᠢᠶᠠᠬᠤ᠂ ᠲᠡᠩᠴᠡᠭᠦᠷᠢᠲᠡᠶ ᠠᠩᠭᠢ ᠲᠣᠬᠢᠷᠠᠭᠤᠯᠬᠤ ᠠᠵᠢᠯ ᠢ ᠰᠠᠶᠢᠲᠤᠷ ᠬᠢᠵᠦ᠂ ᠴᠢᠩᠭ᠎ᠠ ᠬᠠᠮᠢᠶᠠᠷᠤᠯᠲᠠ ᠶᠢ ᠴᠢᠩᠭᠠᠳᠬᠠᠨ᠂ ᠰᠤᠷᠭᠠᠭᠤᠯᠢ ᠡᠷᠬᠢᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠶ᠃ ᠰᠤᠷᠭᠠᠨ ᠬᠥᠮᠦᠵᠢᠯ ᠤᠨ ᠲᠣᠪᠴᠢᠶ᠎ᠠ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠳᠡᠰ ᠳᠠᠪᠬᠤᠷᠭ᠎ᠠ᠂ ᠰᠤᠷᠭᠠᠭᠤᠯᠢ ᠡᠷᠬᠢᠯᠡᠬᠦ ᠬᠡᠪᠴᠢᠶ᠎ᠡ ᠶᠣᠰᠣᠭᠠᠷ᠂ ᠰᠤᠷᠤᠭᠴᠢ ᠡᠯᠰᠡᠬᠦ ᠲᠥᠯᠥᠪᠯᠡᠭᠡ ᠶᠢ ᠨᠢ ᠬᠢᠨᠠᠨ ᠵᠥᠪᠰᠢᠶᠡᠷᠡᠨ᠎ᠡ᠃ ᠠᠷᠠᠳ ᠠᠴᠠ ᠡᠷᠬᠢᠯᠡᠭᠰᠡᠨ ᠰᠤᠷᠭᠠᠭᠤᠯᠢ ᠨᠤᠭᠤᠳ ᠰᠤᠷᠤᠭᠴᠢ ᠡᠯᠰᠡᠬᠦ ᠬᠡᠪᠴᠢᠶ᠎ᠡ ᠪᠠ ᠰᠤᠷᠤᠭᠴᠢ ᠡᠯᠰᠡᠬᠦ ᠬᠡᠪᠴᠢᠶ᠎ᠡ ᠪᠠᠨ ᠥᠪᠡᠰᠦᠪᠡᠨ ᠥᠷᠭᠡᠳᠬᠡᠵᠦ ᠪᠣᠯᠬᠤ ᠦᠭᠡᠢ᠂ ᠶᠠᠮᠠᠷᠪᠠ ᠬᠡᠯᠪᠡᠷᠢ ᠶᠢᠨ ᠬᠢ ᠶᠢ ᠵᠣᠬᠢᠶᠠᠨ ᠪᠠᠶᠢᠭᠤᠯᠵᠤ ᠪᠣᠯᠬᠤ ᠦᠭᠡᠢ᠂ ᠪᠦᠬᠦᠯᠢ 6 ᠨᠠᠰᠤ ᠬᠦᠷᠦᠭᠰᠡᠨ ᠬᠡᠤᠬᠡᠳ ᠡᠯᠰᠡᠵᠦ ᠪᠣᠯᠬᠤ ᠦᠭᠡᠢ᠂ ᠰᠤᠷᠬᠤ ᠨᠠᠰᠤᠨ ᠠᠴᠠ ᠡᠮᠦᠨᠡᠬᠢ ᠠᠩᠭᠢ ᠭᠠᠷᠭᠠᠵᠤ ᠪᠣᠯᠬᠤ ᠦᠭᠡᠢ᠃ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ᠂ ᠰᠠᠭᠰᠤᠨ ᠪᠥᠮᠪᠦᠭᠡ᠂ ᠲᠣᠤᠷ ᠪᠥᠮᠪᠦᠭᠡ ᠶᠢᠨ ᠣᠨᠴᠠ ᠴᠢᠳᠠᠪᠤᠷᠢᠲᠠᠶ ᠰᠤᠷᠤᠭᠴᠢ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ︽ᠪᠣᠬᠢᠷᠲᠤᠯ ᠥᠬᠡᠶ ᠰᠢᠭᠤᠳ ᠨᠡᠪᠲᠡᠷᠡᠬᠦ ᠲᠡᠷᠭᠡ︾᠎ ᠶᠢᠨ ᠨᠡᠷᠡᠨ ᠭᠡᠷᠡᠯᠲᠦ ᠲᠥᠷᠥ ᠶᠢᠨ ᠪᠣᠳᠣᠯᠭ᠎ᠠ ᠶᠢ ᠬᠦᠷᠲᠡᠨ᠎ᠡ᠃    5. ᠳᠤᠮᠳᠠᠳᠤ ᠤᠯᠤᠰ ᠎ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ ᠬᠠᠷᠢᠭᠤᠴᠠᠯᠭ᠎ᠠ ᠨᠡᠬᠡᠮᠵᠢᠯᠡᠪᠡ᠃ ᠰᠤᠷᠤᠭᠴᠢ ᠡᠯᠰᠡᠬᠦ ᠬᠡᠪᠴᠢᠶ᠎ᠡ᠂ ᠰᠤᠷᠤᠭᠴᠢ ᠡᠯᠰᠡᠬᠦ ᠲᠥᠯᠥᠪᠯᠡᠭᠡ ᠪᠠ ᠰᠤᠷᠤᠭᠴᠢ ᠡᠯᠰᠡᠭᠰᠡᠨ ᠦᠷ᠎ᠡ ᠳ᠋ᠦᠩ ᠢ ᠢᠯᠡ ᠨᠡᠶᠢᠲᠡᠯᠡᠬᠦ ᠳᠦᠷᠢᠮ  ᠢ  ᠪᠠᠶᠢᠭᠤᠯᠵᠤ᠂ ᠲᠣᠭᠲᠠᠭᠠᠯ ᠠᠴᠠ ᠵᠥᠷᠢᠴᠡᠨ ᠰᠤᠷᠤᠭᠴᠢ ᠡᠯᠰᠡᠬᠦ ᠶᠢ ᠪᠠᠶᠢᠴᠠᠭᠠᠨ ᠰᠢᠶ᠋ᠳᠪᠦᠷᠢᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠦᠷᠢᠨᠰᠢᠭᠦᠯᠵᠦ᠂ ᠢᠯᠡᠴᠢᠯᠡᠨ ᠮᠡᠳᠡᠭᠦᠯᠬᠦ ᠪᠠ ᠭᠤᠮᠣᠳᠠᠯ ᠲᠣᠭᠠᠴᠢᠬᠤ ᠶᠢ ᠬᠦᠯᠢᠶᠡᠨ ᠠᠪᠴᠤ  ᠰᠢᠢᠳᠪᠦᠷᠢᠯᠡᠬᠦ ᠠᠷᠭ᠎ᠠ ᠵᠠᠮ  ᠢ ᠰᠠᠭᠠᠳ ᠦᠭᠡᠢ ᠨᠡᠪᠲᠡᠷᠡᠭᠦᠯᠵᠦ᠂ ᠨᠡᠶᠢᠭᠡᠮ ᠤᠨ ᠬᠢᠨ ᠤ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ ︵ᠳ᠋ᠢᠶᠠᠩᠬᠤᠸᠠ 8989396︶ ᠰᠤᠷᠤᠭᠴᠢ ᠡᠯᠰᠡᠬᠦ ᠠᠵᠢᠯ ᠳᠠᠭᠤᠰᠤᠭᠰᠠᠨ ᠤ ᠳᠠᠷᠠᠭ᠎ᠠ᠂ ᠰᠤᠷᠭᠠᠨ ᠬᠥᠮᠦᠵᠢᠯ ᠤᠨ ᠲᠣᠪᠴᠢᠶ᠎ᠠ ᠠᠴᠠ ᠰᠤᠷᠭᠠᠭᠤᠯᠢ ᠳᠠᠷᠠᠭᠠᠯᠠᠨ ᠵᠢᠭᠰᠠᠭᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠣᠭᠲᠠᠭᠠᠯ ᠠᠴᠠ ᠵᠥᠷᠢᠴᠡᠨ ᠰᠤᠷᠤᠭᠴᠢ ᠡᠯᠰᠡᠵᠦ ᠥᠩᠭᠡᠷᠡᠭᠰᠡᠨ ᠰᠤᠷᠭᠠᠭᠤᠯᠢ ᠶᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠲᠣᠭᠲᠠᠭᠠᠯ ᠠᠴᠠ ᠵᠥᠷᠢᠴᠡᠨ ᠰᠠᠬᠢᠯᠭ᠎ᠠ ᠪᠠᠲᠤ ᠠᠴᠠ ᠵᠥᠷᠢᠴᠡᠨ ᠰᠤᠷᠤᠭᠴᠢ ᠡᠯᠰᠡᠬᠦ ᠡᠯ᠎ᠡ ᠵᠦᠶ᠋ᠯ ᠤᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠵᠠᠯᠠᠷᠠᠭᠤᠯᠬᠤ ᠪᠠ ᠴᠢᠩᠭ᠎ᠠ ᠪᠠᠶᠢᠴᠠᠭᠠᠨ ᠰᠢᠶ᠋ᠳᠪᠦᠷᠢᠯᠡᠬᠦ ᠬᠡᠷᠡᠭᠲᠡᠶ᠃ ᠮᠠᠭᠤ ᠨᠥᠯᠥᠭᠡ ᠭᠠᠷᠭᠠᠭᠰᠠᠨ ᠪᠤᠶᠤ ᠬᠦᠨᠳᠦ ᠨᠣᠴᠢᠲᠠᠶ ᠤᠷᠰᠢᠭ ᠲᠠᠲᠠᠭᠰᠠᠨ ᠰᠤᠷᠭᠠᠭᠤᠯᠢ ᠳᠤ ᠦᠢᠯᠡ ᠪᠠᠶᠢᠳᠠᠯ ᠤᠨ ᠬᠦᠨᠳᠦ ᠬᠥᠩᠭᠡᠨ ᠢ ᠨᠢ ᠦᠵᠡᠵᠦ ᠪᠠᠶᠢᠭᠠᠳ ᠪᠣᠯᠵᠣᠨ ᠶᠠᠷᠢᠯᠴᠠᠬᠤ᠂ ᠨᠡᠪᠲᠡᠷᠡᠭᠦᠯᠦᠨ ᠰᠢᠭᠦᠮᠵᠢᠯᠡᠬᠦ᠂ ᠬᠠᠮᠢᠶ᠎ᠠ ᠪᠦᠬᠦᠢ ᠬᠥᠮᠦᠰ ᠤᠨ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠶ᠃ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠰᠠᠯᠠᠭ᠎ᠠ ᠮᠥᠴᠢᠷ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠵᠦ ᠰᠤᠷᠭᠠᠭᠤᠯᠢ ᠳᠤ ᠣᠷᠣᠭᠤᠯᠬᠤ ᠠᠵᠢᠯ ᠢ ᠬᠠᠷᠢᠭᠤᠴᠠᠯᠭ᠎ᠠ ᠶᠢᠨ ᠬᠢᠨᠠᠨ ᠵᠢᠯᠣᠭᠤᠳᠬᠤ ᠡᠳᠦᠷ ᠲᠤᠲᠤᠮ ᠤᠨ ᠬᠢᠨᠠᠨ ᠵᠢᠯᠣᠭᠤᠳᠬᠤ ᠬᠡᠪᠴᠢᠶᠡᠨ ᠳᠤ ᠣᠷᠣᠭᠤᠯᠵᠤ᠂ ᠡᠯ᠎ᠡ ᠰᠤᠷᠭᠠᠭᠤᠯᠢ ᠶᠢᠨ ᠰᠤᠷᠤᠭᠴᠢ ᠡᠯᠰᠡᠵᠦ ᠰᠤᠷᠭᠠᠭᠤᠯᠢ ᠳᠤ ᠣᠷᠣᠭᠤᠯᠬᠤ ᠲᠥᠷᠥ ᠶᠢᠨ ᠪᠣᠳᠣᠯᠭ᠎ᠠ ᠶᠢ  ᠨᠠᠶᠢᠳᠠᠪᠤᠷᠢᠵᠢᠭᠤᠯᠵᠦ ᠪᠠᠶᠢᠭ᠎ᠠ ᠪᠠᠶᠢᠳᠠᠯ ᠢ ᠴᠠᠭ ᠲᠤᠨᠢ ᠲᠤᠬᠢᠷᠠᠭᠤᠯᠤᠨ ᠬᠢᠨᠠᠨ ᠵᠢᠯᠣᠭᠤᠳᠬᠤ ᠬᠡᠷᠡᠭᠲᠡᠶ᠃ ᠨᠡᠶᠢᠭᠡᠮ ᠤᠨ ᠮᠠᠭᠤ ᠨᠥᠯᠥᠭᠡ ᠭᠠᠷᠭᠠᠭᠰᠠᠨ ᠲᠣᠭᠲᠠᠭᠠᠯ ᠠᠴᠠ ᠵᠥᠷᠢᠴᠡᠨ ᠰᠤᠷᠤᠭᠴᠢ ᠡᠯᠰᠡᠬᠦ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ  ᠰᠢᠢᠳᠪᠦᠷᠢᠯᠡᠬᠦ ᠬᠡᠷᠡᠭᠲᠡᠶ᠃      ︵ ᠳᠦᠷᠪᠡ︶ ᠬᠢᠵᠦ ᠳᠠᠭᠤᠰᠤᠭᠠᠳᠤᠶ  ᠵᠦᠢᠯᠡᠰ ᠢ  ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ  ᠃                                                      ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠩ ᠲᠤᠭᠤᠷᠢᠭ`᠎ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2