ᠵᠢᠨᠢᠩ ᠲᠣᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠲᠠᠪᠢᠨ ᠵᠢᠷᠭᠤᠳᠤᠭᠠᠷ ᠤᠳᠠᠭᠠᠨ ᠤ  ᠪᠠᠶᠢᠡᠭᠭᠤ ᠎ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019/8/27
     2019᠎  ᠤᠨ ᠤ 6 ᠰᠠᠷ᠎ᠠ ᠶᠢᠨ 13᠎ ᠤ ᠡᠳᠦᠷ᠂  ᠲᠤᠭᠤᠷᠢᠭ ᠤᠨ ᠨᠠᠮ ᠤᠨ  ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ᠂ ᠴᠠᠬᠠᠷ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠵᠦᠪᠯᠡᠯ ᠤᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠢᠶ ᠬᠤᠩ ᠵᠢᠨᠢᠩ ᠲᠣᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 56 ᠳ᠋ᠤᠭᠠᠷ  ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠵᠢᠨᠢᠩ ᠲᠣᠭᠤᠷᠢᠭ ᠤᠨ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠥᠭᠡᠷᠡᠴᠢᠯᠡᠯᠲᠡ ᠶᠢᠨ ᠲᠥᠰᠦᠯ︾ ᠵᠡᠷᠭᠡ ᠬᠤᠯᠪᠣᠭᠳᠠᠯ ᠪᠦᠬᠦᠢ ᠵᠦᠶᠯᠡᠰ ᠢ ᠬᠢᠨᠠᠨ ᠵᠥᠪᠯᠡᠪᠡ᠃      ᠬᠤᠷᠠᠯ ᠠᠴᠠ ᠵᠢᠭᠠᠭᠰᠠᠨ ᠨᠢ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠭᠦᠨᠵᠡᠭᠡᠶ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ︹ 2018 ︺ 35 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ︵2018 — 2020᠎ ᠤᠨ︶︾ ︵ᠥᠪᠥᠷ ᠵᠠᠰᠠᠭ ᠲᠠᠷᠬᠠᠭᠠᠭᠰᠠᠨ ︹ 2018 ︺ 60 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ︽ᠵᠢᠨᠢᠩ ᠲᠣᠭᠤᠷᠢᠭ ᠤᠨ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠥᠭᠡᠷᠡᠴᠢᠯᠡᠯᠲᠡ ᠶᠢᠨ ᠲᠥᠰᠦᠯ︾᠎ ᠢ ᠣᠨᠴᠠᠭᠠᠶᠢᠯᠠᠨ‌‍ᠲ᠋ᠣᠭᠲᠠᠭᠠᠭᠰᠠᠨ ᠪᠥᠭᠡᠳ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠤᠳᠤᠷᠢᠳᠬᠤ ᠠᠵᠢᠯ ᠤᠨ ᠳᠤᠭᠤᠶᠢᠯᠠᠩ ᠢ ᠪᠠᠶᠢᠭᠤᠯᠵᠤ᠂ ᠬᠤᠲᠠ ᠶᠢᠨ ᠬᠠᠮᠢᠶᠠᠷᠤᠯᠲᠠ ᠶᠢᠨ ︽ᠨᠠᠷᠢᠯᠢᠭᠵᠢᠭᠤᠯᠤᠭᠰᠠᠨ︾ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠪᠦᠲᠦᠮᠵᠢᠲᠡᠶ ᠥᠷᠨᠢᠭᠦᠯᠵᠦ᠂ ᠬᠤᠲᠠ ᠶᠢᠨ ᠴᠢᠳᠠᠮᠵᠢ ᠶᠢ ᠴᠢᠨᠠᠭᠰᠢᠳᠠ ᠲᠡᠭᠦᠯᠳᠡᠷᠵᠢᠭᠦᠯᠵᠦ᠂ ᠬᠤᠲᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂  ᠮᠠᠨ ᠤ ᠲᠤᠭᠤᠷᠢᠭ ᠤᠨ ᠬᠤᠲᠠ ᠶᠢᠨ ᠪᠣᠬᠢᠷᠲᠤᠯ ᠥᠬᠡᠶ᠂  ᠦᠷᠭᠦᠯᠵᠢᠯᠡᠨ ᠬᠦᠭᠵᠢᠬᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃      ᠬᠤᠷᠠᠯ ᠠᠴᠠ ᠱᠠᠭᠠᠷᠳᠠᠭᠰᠠᠨ ᠨᠢ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠠᠬᠢᠭᠤᠯᠬᠤ ᠳᠤ ︽ᠠᠷᠠᠳ ᠲᠦᠮᠡᠨ ᠢᠶᠠᠷ ᠭᠤᠤᠯ ᠪᠣᠯᠭᠠᠬᠤ︾ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ︽ᠬᠤᠲᠠ ᠶᠢᠨ ᠬᠠᠮᠢᠶᠠᠷᠤᠯᠲᠠ ᠨᠢ ᠬᠠᠳᠬᠤᠮᠠᠯ ᠰᠢᠭ᠋ ᠨᠠᠷᠢᠯᠢᠭ ᠪᠠᠶᠢᠬᠤ︾᠎ ᠎ ᠪᠠᠷ ᠤᠳᠤᠷᠢᠳᠤᠮᠵᠢ ᠪᠣᠯᠭᠠᠵᠤ᠂ ︽ᠦᠶᠯᠡᠴᠢᠯᠡᠬᠦ ᠶᠢ ᠰᠢᠯᠢᠳᠡᠭᠵᠢᠬᠦᠯᠦᠨ᠂ ᠴᠢᠳᠠᠮᠵᠢ ᠶᠢ ᠪᠠᠷᠢᠮᠵᠢᠶᠠᠵᠢᠭᠤᠯᠬᠤ᠂ ᠰᠠᠭᠤᠷᠢᠰᠢᠬᠤ ᠳᠤ ᠲᠣᠬᠢᠷᠠᠮᠵᠢᠲᠠᠶ ᠪᠦᠲᠦᠭᠡᠨ ᠪᠠᠶᠢᠭᠤᠯᠬᠤ ᠂ ᠠᠷᠭ᠎ᠠ ᠪᠠᠷᠢᠯ ᠢ ᠤᠶᠤᠨᠴᠢᠯᠠᠬᠤ᠂ ᠠᠷᠭ᠎ᠠ ᠬᠡᠯᠪᠡᠷᠢ ᠶᠢ ᠬᠠᠤᠯᠢᠵᠢᠭᠤᠯᠬᠤ︾ ᠱᠠᠭᠠᠷᠳᠠᠯᠭ᠎ᠠ ᠶᠣᠰᠣᠭᠠᠷ᠂ ᠲᠤᠷᠰᠢᠯᠭ᠎ᠠ ᠶᠢᠨ ᠦᠵᠡᠯ ᠪᠣᠯᠤᠨ ᠤᠯᠠᠮᠵᠢᠯᠠᠯᠲᠤ ᠰᠡᠳᠬᠢᠬᠦᠶ ᠶᠢᠨ ᠵᠠᠭᠪᠤᠷ  ᠎ ᠢ ᠡᠷᠡᠰ ᠲᠠᠶᠠᠭᠳᠠᠵᠤ᠂ ᠥᠭᠡᠷᠡᠴᠢᠯᠡᠯᠲᠡ ᠶᠢᠨ ᠰᠥᠰᠥ ᠵᠣᠷᠢᠭ ᠢᠶᠠᠷ ᠬᠤᠲᠠ ᠶᠢᠨ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠭᠦᠨᠵᠡᠭᠡᠶ ᠬᠤᠪᠢᠰᠤᠯᠲᠠ ᠶᠢ ᠠᠬᠢᠭᠤᠯᠵᠤ᠂  ᠴᠤ᠋ ᠰᠢᠨ᠎ᠡ ᠣᠶᠢᠯᠠᠭᠠᠭᠳᠠᠬᠤᠨ᠂ ᠴᠤ᠋ ᠰᠢᠨ᠎ᠡ ᠰᠡᠳᠬᠢᠴᠡ᠂ ᠴᠤ᠋  ᠰᠢᠨ᠎ᠡ ᠵᠠᠭᠪᠤᠷ ᠢᠶᠠᠷ ᠬᠤᠲᠠ ᠶᠢᠨ ᠪᠣᠬᠢᠷᠲᠤᠯ ᠦᠭᠡᠢ ᠬᠥᠭᠵᠢᠯᠲᠡ᠂ ᠦᠷᠭᠦᠯᠵᠢᠯᠡᠬᠦ ᠬᠥᠭᠵᠢᠯᠲᠡ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ 2020᠎  ᠤᠨ ᠪᠣᠯᠬᠤ ᠳᠤ᠂ ᠮᠠᠨ ᠤ  ᠲᠤᠭᠤᠷᠢᠭ ᠢᠶᠠᠨ ︽ᠣᠷᠴᠢᠨ ᠲᠣᠭᠤᠷᠢᠨ ᠭᠤᠶᠤ ᠰᠠᠶᠢᠬᠠᠨ᠂ ᠠᠵᠢᠯᠯᠠᠭᠠᠨ ᠤᠷᠤᠭᠰᠢᠲᠠᠢ᠂ ᠠᠷᠠᠳ ᠲᠤ ᠳᠥᠭᠦᠮ ᠦᠵᠡᠭᠦᠯᠬᠦ ᠦᠶᠯᠡᠴᠢᠯᠡᠭᠡ  ᠂ ᠵᠣᠯ ᠵᠢᠷᠭᠠᠯ ᠲᠠᠢ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ︾ ᠣᠳᠣᠬᠢᠴᠢᠯᠠᠭᠰᠠᠨ ᠬᠤᠲᠠ ᠪᠣᠯᠭᠠᠬᠤ ᠪᠠᠷ ᠴᠢᠷᠮᠠᠶᠢᠨ᠎ᠠ        ᠬᠤᠷᠠᠯ ᠠᠴᠠ᠂  ᠪᠠᠰᠠ ︽ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠤᠯᠠᠭᠠᠨᠴᠠᠪ ᠬᠤᠲᠠ ᠶᠢᠨ ᠭᠤᠷᠪᠠᠳᠤᠭᠠᠷ ᠡᠮᠨᠡᠯᠭᠡ ᠶᠢᠨ ᠬᠤᠷᠢᠶ᠎ᠠ᠂ ᠪᠡᠭᠡᠵᠢᠩ ᠤᠨ ᠴᠠᠩ ᠴᠦᠨ ᠳ᠋ᠧᠩ ᠠᠨᠠᠭᠠᠬᠤ ᠤᠬᠠᠭᠠᠨ ᠤ  ᠳᠡᠭᠡᠳᠦ ᠲᠡᠰ ᠤᠨ ᠴᠢᠳᠠᠪᠤᠷᠢᠲᠠᠨ ᠤ ᠬᠤᠯᠪᠣᠭ᠎ᠠ ᠶᠢᠨ ᠬᠠᠮᠲᠤᠷᠠᠯᠴᠠᠭᠠᠨ ᠤ ᠲᠥᠰᠦᠯ︾᠂ ︽ᠵᠢᠨᠢᠩ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ᠪᠦᠲᠦᠭᠡᠨ ᠪᠠᠶᠢᠭᠤᠯᠤᠯᠲᠠ ᠶᠢᠨ ᠵᠢᠷᠤᠭ ᠲᠥᠯᠥᠪᠯᠡᠭᠡ ᠶᠢᠨ ᠲᠥᠰᠦᠯ︾ ᠵᠡᠷᠭᠡ ᠬᠤᠯᠪᠣᠭᠳᠠᠯ ᠪᠦᠬᠦᠢ ᠵᠦᠶᠯᠡᠰ ᠢ ᠬᠢᠨᠠᠨ ᠵᠥᠪᠯᠡᠪᠡ᠃                                                                             ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2