ᠵᠢᠨᠢᠩ ᠲᠣᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠲᠠᠪᠢᠨ ᠳᠣᠯᠣᠳᠤᠭᠠᠷ ᠤᠳᠠᠭᠠᠨ ᠤ  ᠪᠠᠶᠢᠡᠭᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019/8/27
     2019᠎  ᠤᠨ ᠤ 6 ᠰᠠᠷ᠎ᠠ ᠶᠢᠨ 19᠎ ᠤ ᠡᠳᠦᠷ᠂  ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠲᠠᠷᠤᠭ᠎ᠠ᠂ ᠴᠠᠬᠠᠷ  ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠵᠦᠪᠯᠡᠯ ᠤᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠢᠶ ᠬᠤᠩ ᠵᠢᠨᠢᠩ ᠲᠣᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 57 ᠳ᠋ᠤᠭᠠᠷ  ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠵᠢᠨᠢᠩ ᠲᠣᠭᠤᠷᠢᠭ ᠤᠨ ᠲᠥᠪ ‍ᠤᠨ‌ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ︿ᠡᠷᠭᠢᠨ ᠬᠠᠷᠠᠬᠤ﹀ ᠵᠢᠴᠢ ᠨᠤᠲᠤᠭ ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠤᠨ ᠲᠤᠰᠬᠠᠶ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠶᠣᠰᠣᠭᠠᠷ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠥᠰᠦᠯ︾ ᠵᠡᠷᠭᠡ ᠬᠤᠯᠪᠣᠭᠳᠠᠯ ᠪᠦᠬᠦᠢ ᠵᠦᠶᠯᠡᠰ ᠢ ᠬᠢᠨᠠᠨ ᠵᠥᠪᠯᠡᠪᠡ᠃      ᠬᠤᠷᠠᠯ ᠠᠴᠠ ᠵᠢᠭᠠᠭᠰᠠᠨ ᠨᠢ᠂ ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ︽ᠡᠷᠭᠢᠨ ᠬᠠᠷᠠᠬᠤ︾ ᠵᠢᠴᠢ ᠨᠤᠲᠤᠭ ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠤᠨ ᠲᠤᠬᠠᠶ ᠲᠤᠰᠬᠠᠶ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠶᠣᠰᠣᠭᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨᠬᠦ ᠰᠠᠶᠢᠲᠤᠷ ᠬᠢᠵᠦ᠂ ︽ᠤᠯᠠᠭᠠᠨᠴᠠᠪ ᠬᠤᠲᠠ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ︿ᠡᠷᠭᠢᠨ ᠬᠠᠷᠠᠬᠤ ﹀ ᠵᠢᠴᠢ ᠨᠤᠲᠤᠭ ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠤᠨ ᠲᠤᠬᠠᠶ ᠲᠤᠰᠬᠠᠶ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠶᠣᠰᠣᠭᠠᠷ ᠴᠡᠭᠴᠡᠯᠡᠨ ᠰᠠᠶᠢᠵᠢᠷᠠᠭᠤᠯᠬᠤ ᠲᠥᠰᠦᠯ︾᠎ ᠢ ᠣᠨᠴᠠᠭᠠᠶᠢᠯᠠᠨ ᠲᠣᠭᠲᠠᠭᠠᠵᠤ᠂ ︽ᠵᠢᠨᠢᠩ ᠲᠣᠭᠤᠷᠢᠭ ᠤᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ︽ᠡᠷᠭᠢᠨ ᠬᠠᠷᠠᠬᠤ︾ ᠵᠢᠴᠢ ᠨᠤᠲᠤᠭ ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠤᠨ ᠲᠤᠬᠠᠶ ᠲᠤᠰᠬᠠᠶ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠶᠣᠰᠣᠭᠠᠷ ᠴᠡᠭᠴᠡᠯᠡᠨ ᠰᠠᠶᠢᠵᠢᠷᠠᠭᠤᠯᠬᠤ ᠠᠵᠢᠯ ᠶᠢᠨ ᠲᠥᠰᠦᠯ︾᠎ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ     ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠠᠮᠢ ᠠᠬᠤᠶ ᠣᠷᠴᠢᠨ ᠲᠣᠭᠤᠷᠢᠨ ᠤ ᠲᠤᠰᠬᠠᠶ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠭᠤᠤᠯᠳᠠᠯᠭ᠎ᠠ ᠲᠠᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠠᠬᠢᠴᠠ ᠶᠢ ᠠᠳᠬᠤᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠦᠨᠡᠨᠬᠦ ᠪᠡᠶᠡᠯᠡᠭᠦᠯᠵᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ︽ᠡᠷᠭᠢᠨ ᠬᠠᠷᠠᠬᠤ︾ ᠵᠢᠴᠢ ᠨᠤᠲᠤᠭ ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠤᠨ ᠲᠤᠰᠬᠠᠶ  ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠱᠠᠭᠠᠷᠳᠠᠯᠭ᠎ᠠ ᠶᠣᠰᠣᠭᠠᠷ ᠥᠷᠨᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃     ᠬᠤᠷᠠᠯ ᠠᠴᠠ ᠪᠠᠰᠠ ︽ᠵᠢᠨᠢᠩ ᠲᠣᠭᠤᠷᠢᠭ ᠤᠨ 2019 — 2020᠎ ᠤᠨ ᠪᠣᠯᠲᠠᠯ᠎ᠠ ᠨᠡᠭᠦᠷᠡᠰᠦᠨ ᠤ ᠲᠠᠷᠠᠬᠠᠶ ᠰᠢᠲᠠᠭᠠᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠥᠰᠦᠯ︾ ᠵᠡᠷᠭᠡ ᠬᠤᠯᠪᠣᠭᠳᠠᠯ ᠪᠦᠬᠦᠢ ᠵᠦᠶᠯᠡᠰ ᠢ ᠬᠢᠨᠠᠨ ᠵᠥᠪᠯᠡᠪᠡ᠃                                                                   ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠩ ᠲᠤᠭᠤᠷᠢᠭ  ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2