ᠵᠢᠨᠢᠩ ᠲᠣᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠲᠠᠪᠢᠨ ᠨᠠᠶᠢᠮᠠᠳᠤᠭᠠᠷ  ᠤᠳᠠᠭᠠᠨ ᠤ  ᠪᠠᠶᠢᠡᠭᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019/8/27
      2019᠎  ᠤᠨ ᠤ 7 ᠰᠠᠷ᠎ᠠ ᠶᠢᠨ 17᠎ ᠤ ᠡᠳᠦᠷ᠂  ᠲᠤᠭᠤᠷᠢᠭ ᠤᠨ ᠨᠠᠮ ᠤᠨ  ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠠᠷᠤᠭ᠎ᠠ᠂ ᠴᠠᠬᠠᠷ  ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠵᠦᠪᠯᠠᠯ ᠤᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠢᠶ ᠬᠤᠩ ᠵᠢᠨᠢᠩ ᠲᠣᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 58 ᠳ᠋ᠤᠭᠠᠷ  ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠵᠢᠨᠢᠩ ᠲᠣᠭᠤᠷᠢᠭ ᠤᠨ ᠭᠤᠤᠯ ᠮᠥᠷᠡᠨ ᠤ ᠳᠠᠷᠤᠭ᠎ᠠ ᠶᠢᠨ ᠳᠦᠷᠢᠮ  ᠎ ᠢ ᠪᠦᠬᠦ ᠲᠠᠯ᠎ᠠ ᠪᠠᠷ ᠬᠡᠷᠡᠭᠵᠢᠭᠦᠯᠬᠦ ᠠᠵᠢᠯ ᠎ ᠤᠨ ᠲᠥᠰᠦᠯ︾ ᠵᠡᠷᠭᠡ ᠬᠠᠮᠢᠶ᠎ᠠ ᠪᠦᠬᠦᠢ ᠵᠦᠶᠯᠡᠰ ᠢ ᠬᠢᠨᠠᠨ ᠵᠥᠪᠯᠡᠪᠡ᠃       ᠬᠤᠷᠠᠯ ᠠᠴᠠ ᠵᠢᠭᠠᠭᠰᠠᠨ ᠨᠢ᠂ ︽ᠳᠤᠮᠳᠠᠳᠤ ᠤᠯᠤᠰ ᠎ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︿ᠭᠤᠤᠯ ᠮᠥᠷᠡᠨ ᠤ ᠳᠠᠷᠤᠭ᠎ᠠ ᠶᠢᠨ ᠳᠦᠷᠢᠮ  ᠎ ᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠶ ᠰᠠᠨᠠᠯ﹀᠎ ᠢ ᠳᠠᠷᠤᠮᠠᠯᠯᠠᠨ ᠲᠠᠷᠬᠠᠭᠠᠬᠤ ᠮᠡᠳᠡᠭᠳᠡᠯ︾ ︵ᠲᠢᠩᠬᠢᠮ ᠦᠰᠦᠭ ︹ 2016 ︺ 42 ᠳ᠋ᠤᠭᠠᠷ ᠲᠣᠭᠠᠲᠤ︶᠎ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠵᠢᠨᠢᠩ ᠲᠣᠭᠤᠷᠢᠭ ᠤᠨ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠤᠯᠠᠮ ᠴᠢᠨᠠᠭᠰᠢᠳᠠ ᠴᠢᠩᠭᠠᠳᠬᠠᠵᠤ᠂ ᠮᠠᠨ ᠤ ᠣᠷᠣᠨ ᠤ ᠭᠤᠤᠯ ᠮᠥᠷᠡᠨ ᠤ ᠳᠠᠷᠤᠭ᠎ᠠ ᠶᠢᠨ ᠳᠦᠷᠢᠮ ᠤᠨ ᠬᠠᠮᠢᠶ᠎ᠠ ᠪᠦᠬᠦᠢ ᠠᠵᠢᠯ ᠤᠨ ᠳᠦᠷᠢᠮ ᠢ ᠦᠨᠡᠨᠬᠦ ᠲᠡᠭᠦᠯᠳᠡᠷᠵᠢᠭᠦᠯᠬᠦ ᠶᠢᠨ ᠲᠥᠯᠥᠭᠡ᠂ ᠣᠷᠣᠨ ᠨᠤᠲᠤᠭ ᠤᠨ ᠬᠠᠷᠢᠶ᠎ᠠ ᠭᠠᠵᠠᠷ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠮᠥᠷᠡᠨ ᠤ ᠳᠠᠷᠤᠭ᠎ᠠ ᠶᠢᠨ ᠳᠦᠷᠢᠮ  ᠎ ᠢ ᠪᠦᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠲᠥᠰᠦᠯ︾᠎ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ‍ᠤᠨ‌ᠬᠤᠷᠢᠶᠠᠨ ᠤ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠲᠢᠩᠬᠢᠮ ᠲᠠᠷᠬᠠᠭᠠᠭᠰᠠᠨ ︹ 2017 ︺ 12 ᠳ᠋ᠤᠭᠠᠷ ᠲᠣᠭᠠᠲᠤ︶ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠮᠥᠷᠡᠨ ᠤ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠤ ᠶᠢᠨ ᠬᠡᠷᠡᠭ ᠤᠨ ᠬᠠᠤᠯᠢ ᠴᠠᠭᠠᠵᠠ ᠶᠢ ᠵᠣᠯᠭᠠᠭᠤᠯᠬᠤ ᠠᠵᠢᠯ ᠎ ᠤᠨ ᠠᠷᠭ᠎ᠠ﹀ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠮᠥᠷᠡᠨ ᠤ ᠳᠠᠷᠤᠭ᠎ᠠ ᠶᠢᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠮᠡᠳᠡᠭᠳᠡᠯ︾ ︵ᠥᠪᠥᠷ‌ᠮᠤᠩᠭᠤᠯ ᠭᠤᠤᠯ ᠤᠨ ᠳᠠᠷᠤᠭ᠎ᠠ ᠶᠢᠨ ᠠᠯᠪᠠᠨ ᠭᠡᠷ ︹ 2018 ︺ 3 ᠳ᠋ᠤᠭᠠᠷ ᠲᠣᠭᠠᠲᠤ︶᠎ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ  ᠲᠤᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ︽ᠵᠢᠨᠢᠩ ᠲᠣᠭᠤᠷᠢᠭ ᠤᠨ ᠭᠤᠤᠯ ᠮᠥᠷᠡᠨ ᠤ ᠳᠠᠷᠤᠭ᠎ᠠ ᠶᠢᠨ ᠳᠦᠷᠢᠮ  ᠎ ᠢ ᠪᠦᠬᠦ ᠲᠠᠯ᠎ᠠ ᠪᠠᠷ ᠬᠡᠷᠡᠭᠵᠢᠭᠦᠯᠬᠦ ᠠᠵᠢᠯ ᠎ ᠤᠨ ᠲᠥᠰᠦᠯ︾᠎ ᠳᠤ ᠵᠠᠰᠠᠪᠤᠷᠢ ᠣᠷᠣᠭᠤᠯᠵᠤ ᠲᠡᠭᠦᠯᠳᠡᠷᠵᠢᠭᠦᠯᠪᠡ᠃       ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠪᠣᠯ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠪᠦᠷᠢᠯᠳᠦᠭᠦᠯᠬᠦ‍ ᠨᠢᠭᠡ ᠬᠡᠰᠡᠭ ᠮᠥᠨ᠃ ᠭᠤᠤᠯ ᠮᠥᠷᠡᠨ ᠤ ᠳᠠᠷᠤᠭ᠎ᠠ ᠶᠢᠨ ᠳᠦᠷᠢᠮ  ᠎ ᠢ ᠪᠦᠬᠦ ᠲᠠᠯ᠎ᠠ ᠪᠠᠷ ᠬᠡᠷᠡᠭᠵᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠨ ᠥᠷᠨᠢᠭᠦᠯᠦᠭᠰᠡᠨ ᠴᠢᠬᠤᠯᠠ ᠥᠭᠡᠷᠡᠴᠢᠯᠡᠯᠲᠡ ᠶᠢᠨ ᠡᠭᠦᠷᠭᠡ ᠪᠣᠯᠤᠨ᠎ᠠ᠂ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠶᠴᠡᠳᠬᠡᠵᠦ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ᠂ ᠭᠤᠤᠯ ᠮᠥᠷᠡᠨ ᠤ ᠳᠠᠷᠤᠭ᠎ᠠ ᠶᠢᠨ ᠳᠦᠷᠢᠮ ᠢᠶᠠᠷ ᠳᠠᠮᠵᠢᠨ ᠦᠨᠡᠨᠬᠦ ᠤᠰᠤᠨ ᠤ ᠡᠬᠢ ᠪᠠᠶᠠᠯᠢᠭ ᠢ ᠬᠠᠮᠠᠭᠠᠯᠠᠵᠤ᠂ ᠤᠰᠤᠨ ᠤ ᠪᠣᠬᠢᠷᠲᠤᠯ ᠢ ᠵᠠᠰᠠᠵᠤ᠂ ᠤᠰᠤᠨ ᠤ ᠠᠮᠢ ᠠᠬᠤᠶ ᠶᠢ ᠰᠡᠷᠭᠦᠭᠡᠬᠦ ᠬᠡᠷᠡᠭᠲᠡᠶ᠃       ᠬᠤᠷᠠᠯ ᠠᠴᠠ ᠪᠠᠰᠠ ᠳᠥᠷᠪᠡᠳ ᠪᠠᠷᠠᠭᠤᠨ ᠵᠡᠭᠡᠯᠢ  ᠎ ᠶᠢ ᠬᠤᠯᠪᠤᠭᠰᠠᠨ ᠵᠢᠷᠭᠤᠭᠠᠨ ᠤᠰᠤ ᠬᠠᠩᠭᠠᠬᠤ ᠬᠤᠭᠤᠯᠠᠶ ᠱᠤᠭᠤᠮ ᠪᠠ 2019᠎  ᠤᠨ ᠤ ᠲᠥᠯᠥᠪᠯᠡᠭᠡᠲᠦ ᠦᠷᠡᠵᠢᠯ ᠤᠨ ᠣᠨᠴᠠᠭᠠᠢ ᠭᠡᠷ ᠪᠦᠯᠢ ᠶᠢ ᠨᠢᠭᠡ ᠯᠡ ᠤᠳᠠᠭ᠎ᠠ ᠳᠤ ᠳᠠᠮᠵᠢᠨ ᠲᠤᠰᠠᠯᠠᠬᠤ ᠮᠥᠩᠭᠦ ᠰᠢᠨ᠎ᠡ ᠪᠠᠷ ᠨᠡᠮᠡᠭᠰᠡᠨ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠶ ᠰᠤᠳᠤᠯᠪᠠ᠃                                                                ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2