ᠵᠢᠨᠢᠩ ᠲᠣᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠲᠠᠪᠢ ᠶᠢᠰᠦᠳᠦᠭᠡᠷ ᠤᠳᠠᠭᠠᠨ ᠤ  ᠪᠠᠶᠢᠡᠭᠭᠤ ᠵᠢᠨ‌ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019/8/27
     2019᠎  ᠤᠨ ᠤ 8 ᠰᠠᠷ᠎ᠠ ᠶᠢᠨ 1᠎ ᠤ ᠡᠳᠦᠷ᠂  ᠲᠤᠭᠤᠷᠢᠭ ᠤᠨ ᠨᠠᠮ ᠤᠨ  ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ᠂ ᠴᠠᠬᠠᠷ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠵᠦᠪᠯᠡᠯ ᠤᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠢᠶ ᠬᠤᠩ ᠵᠢᠨᠢᠩ ᠲᠣᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 59 ᠳ᠋ᠤᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠮᠠᠨ ᠤ ᠲᠤᠭᠤᠷᠢᠭ ᠤᠨ ᠬᠥᠳᠡᠭᠡ ᠲᠣᠰᠬᠤᠨ ᠤ ᠪᠣᠬᠢᠷ ᠤᠰᠤ ᠶᠢ ᠵᠠᠰᠠᠬᠤ ᠲᠥᠷᠥᠯ ᠵᠦᠶᠯ ᠵᠡᠷᠭᠡ ᠬᠠᠮᠢᠶ᠎ᠠ ᠪᠦᠬᠦᠢ ᠤᠴᠢᠷ ᠢ ᠰᠤᠳᠤᠯᠪᠠ᠃       ᠬᠤᠷᠠᠯ ᠠᠴᠠ ᠵᠢᠭᠠᠭᠰᠠᠨ ᠨᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠦᠨᠡᠨᠬᠦ ᠰᠠᠶᠢᠵᠢᠷᠠᠭᠤᠯᠬᠤ ᠶᠢᠨ ᠲᠥᠯᠥᠭᠡ᠂ ᠤᠮᠠᠷᠠᠲᠤ ᠶᠢᠨ ᠲᠠᠯ᠎ᠠ ᠨᠤᠲᠤᠭ ᠤᠨ ᠵᠤᠭᠠᠴᠠᠯ ᠤᠨ ᠲᠥᠷᠥᠯ ᠵᠦᠶᠯ᠂ ᠤᠨᠴᠠᠯᠢᠬᠳᠤ ᠪᠠᠭ᠎ᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ ᠬᠥᠳᠡᠭᠡ ᠲᠣᠰᠬᠤᠨ ᠤ ᠪᠣᠬᠢᠷ ᠤᠰᠤᠨ ᠤ ᠵᠠᠰᠠᠯᠲᠠ ᠶᠢ ᠢᠵᠢᠯ ᠠᠯᠬᠤᠮ ᠢᠶᠠᠷ ᠠᠬᠢᠭᠤᠯᠬᠤ ᠶᠢᠨ ᠲᠥᠯᠥᠭᠡ᠂ 2019 ᠣᠨ ᠳᠤ ᠨᠢᠭᠡ ᠰᠢᠶᠠᠩ ᠨᠢᠭᠡ ᠪᠠᠯᠭᠠᠰᠤ 32 ᠠᠶᠢᠯ ᠲᠣᠰᠬᠤᠨ ᠳᠤ ᠬᠥᠳᠡᠭᠡ ᠲᠣᠰᠬᠤᠨ ᠤ ᠪᠣᠬᠢᠷ ᠤᠰᠤᠨ ᠤ ᠢᠨᠵᠧᠨᠧᠷᠢᠩ ᠢ ᠬᠡᠷᠡᠭᠵᠢᠭᠦᠯᠬᠦ ᠪᠠᠷ ᠲᠥᠯᠥᠪᠯᠡᠵᠦ ᠪᠠᠶᠢᠨ᠎ᠠ᠃ ᠡᠭᠦᠨ ᠳᠤ᠂ ᠬᠤᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠰᠦᠯᠵᠢᠶ᠎ᠡ ᠶᠢᠨ 16 ᠠᠶᠢᠯ ᠲᠣᠰᠬᠤᠨ ᠢ ᠨᠢᠭᠡ ᠴᠣᠭᠴᠠᠵᠢᠭᠤᠯᠤᠨ ᠰᠢᠶᠳᠪᠦᠷᠢᠯᠡᠨ᠎ᠡ᠃       ᠬᠤᠷᠠᠯ ᠠᠴᠠ ᠴᠢᠬᠤᠯᠠᠴᠢᠯᠠᠭᠰᠠᠨ ᠨᠢ᠂ ᠬᠥᠳᠡᠭᠡ ᠲᠣᠰᠬᠤᠨ ᠤ ᠪᠣᠬᠢᠷ ᠤᠰᠤ ᠶᠢ ᠵᠠᠰᠠᠬᠤ ᠲᠥᠷᠥᠯ ᠵᠦᠶᠯ ᠪᠣᠯ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠨᠢᠭᠡ ᠵᠦᠶᠯ ᠤᠨ ᠪᠣᠳᠠᠲᠠᠶ ᠠᠵᠢᠯᠯᠠᠭ᠎ᠠ ᠪᠣᠯᠬᠤ ᠪᠥᠭᠡᠳ ᠪᠠᠰᠠ ᠴᠤ ᠲᠠᠷᠢᠶᠠᠴᠢᠳ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠦᠲᠦᠮᠵᠢᠲᠡᠶ ᠰᠠᠶᠢᠵᠢᠷᠠᠭᠤᠯᠬᠤ ᠨᠢᠭᠡ ᠵᠦᠶᠯ ᠤᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠮᠦᠨ ᠴᠦ ᠡᠷᠬᠡᠪᠰᠢ ᠪᠡᠶᠡᠯᠡᠭᠦᠯᠬᠦ ᠴᠢᠬᠤᠯᠠ ᠶᠡᠭᠡ ᠤᠯᠤᠰ ᠲᠥᠷᠦ ᠶᠢᠨ ᠡᠭᠦᠷᠭᠡ ᠪᠣᠯᠤᠨ᠎ᠠ᠃ ᠡᠯ᠎ᠡ ᠰᠠᠯᠠᠭ᠎ᠠ ᠮᠥᠴᠢᠷ ᠤᠳ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠦᠨ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠᠨ ᠴᠢᠩᠭᠠᠷᠠᠭᠤᠯᠵᠤ᠂ ᠨᠠᠷᠢᠨ ᠨᠢᠮᠪᠠᠶ ᠪᠠᠶᠢᠷᠢᠯᠠᠭᠤᠯᠤᠨ᠂ ᠬᠢᠨᠠᠮᠠᠭᠠᠶ ᠨᠠᠶᠢᠳᠠᠪᠤᠷᠢᠵᠢᠭᠤᠯᠬᠤ᠂ ᠠᠵᠢᠯ ᠤᠨ ᠡᠷᠴᠢᠮ ᠢᠶᠠᠨ ᠴᠢᠩᠭᠠᠷᠠᠭᠤᠯᠤᠨ᠂  ᠬᠦᠴᠦᠨ ᠎ ᠢᠶᠠᠨ ᠬᠠᠮᠳᠤᠳᠬᠠᠵᠦ᠂ ᠡᠯ᠎ᠡ ᠵᠦᠶᠯ ᠤᠨ  ᠠᠵᠢᠯ ᠢᠶᠠᠨ ᠨᠠᠷᠢᠯᠢᠭ ᠬᠢᠬᠦ ᠶᠢ ᠲᠦᠯᠬᠢᠨ ᠠᠬᠢᠭᠤᠯᠬᠤ ᠬᠡᠷᠡᠭᠲᠡᠶ᠃       ᠬᠤᠷᠠᠯ ᠠᠴᠠ ᠪᠠᠰᠠ ᠲᠣᠰᠬᠤᠨ ᠳᠤ ᠨᠡᠪᠲᠡᠷᠡᠬᠦ ᠵᠠᠰᠠᠮᠠᠯ ᠵᠠᠮ ᠤᠨ ᠢᠨᠵᠧᠨᠧᠷᠢᠩ ᠢ ᠬᠡᠷᠡᠭᠵᠢᠭᠦᠯᠬᠦ᠂  ᠠᠮᠤᠷ ᠲᠣᠭᠲᠠᠭᠤᠨ  ᠎ ᠢ ᠬᠠᠮᠠᠭᠠᠯᠠᠬᠤ ᠲᠤᠰᠬᠠᠶ ᠬᠡᠷᠡᠭᠯᠡᠭᠡᠨ ᠤ ᠲᠡᠷᠭᠡ ᠬᠤᠳᠠᠯᠳᠤᠨ ᠠᠪᠬᠤ ᠵᠡᠷᠭᠡ ᠬᠠᠮᠢᠶ᠎ᠠ ᠪᠦᠬᠦᠢ ᠶᠠᠪᠤᠳᠠᠯ ᠤᠨ ᠲᠤᠬᠠᠶ ᠰᠤᠳᠤᠯᠪᠠ᠃                                                           ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2