ᠵᠢᠨᠢᠩ ᠲᠣᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠵᠢᠷᠠᠳᠤᠭᠠᠷ ᠤᠳᠠᠭᠠᠨ ᠤ  ᠪᠠᠶᠢᠡᠭᠭᠤ ᠎ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019/8/27
     2019᠎  ᠤᠨ ᠤ 8 ᠰᠠᠷ᠎ᠠ ᠶᠢᠨ 15᠎ ᠤ ᠡᠳᠦᠷ᠂  ᠲᠤᠭᠤᠷᠢᠭ ᠤᠨ ᠨᠠᠮ ᠤᠨ  ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ  ᠂ ᠴᠠᠬᠠᠷ  ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠵᠦᠪᠯᠡᠯ ᠤᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠢᠶ ᠬᠤᠩ ᠵᠢᠨᠢᠩ ᠲᠣᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 60 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠩ ᠬᠠᠢ ᠽᠢ ᠤᠰᠤᠨ ᠰᠤᠷᠪᠤᠯᠵᠢ ᠶᠢᠨ ᠭᠠᠵᠠᠷ ᠲᠤ ᠤᠰᠤᠨ ᠤ ᠦᠶᠯᠡᠳᠪᠦᠷᠢ ᠶᠢ ᠲᠣᠬᠢᠷᠠᠭᠤᠯᠬᠤ ᠵᠡᠷᠭᠡ ᠬᠠᠮᠢᠶ᠎ᠠ ᠪᠦᠬᠦᠢ ᠤᠴᠢᠷ ᠢ ᠰᠤᠳᠤᠯᠪᠠ᠃      ᠬᠤᠷᠠᠯ ᠠᠴᠠ ᠵᠢᠭᠠᠭᠰᠠᠨ ᠨᠢ᠂ ᠵᠢᠨᠢᠩ ᠤᠨ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠳᠤ ᠣᠷᠣᠬᠤ ᠠᠵᠤ ᠠᠬᠤᠶᠢᠯᠠᠯ ᠣᠯᠠᠰᠢᠷᠠᠬᠤ ᠶᠢ ᠳᠠᠭᠠᠯᠳᠤᠨ᠂ ᠠᠵᠤ ᠠᠬᠤᠶᠢᠯᠠᠯ ᠤᠨ ᠦᠶᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠤᠰᠤ ᠭᠤᠶᠤᠴᠢᠯᠠᠬᠤ ᠬᠡᠷᠡᠭᠴᠡᠭᠡ ᠲᠤᠯᠭᠠᠮ᠎ᠠ ᠪᠣᠯᠪᠠ᠃ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠤᠰᠤ ᠲᠦᠭᠡᠭᠡᠬᠦ ᠬᠤᠭᠤᠯᠠᠶ ᠶᠢᠨ ᠲᠣᠤᠷ ᠪᠠᠶᠢᠬᠤ ᠦᠭᠡᠢ ᠪᠣᠯᠬᠤᠷ᠂ ᠣᠳᠣᠬᠠᠨ ᠳᠤ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠨᠢ ᠵᠥᠪᠬᠡᠨ ᠬᠤᠩ ᠬᠠᠢ ᠽᠢ ᠤᠰᠤᠨ ᠰᠤᠷᠪᠤᠯᠵᠢ ᠶᠢᠨ ᠭᠠᠵᠠᠷ ᠤᠨ ᠤᠰᠤ ᠳᠠᠮᠵᠢᠭᠤᠯᠬᠤ ᠱᠤᠭᠤᠮ ᠠᠴᠠ ᠤᠰᠤ ᠲᠠᠲᠠᠬᠤ ᠱᠤᠭᠤᠮ ᠢ ᠵᠠᠯᠭᠠᠵᠤ ᠬᠡᠷᠡᠭᠯᠡᠬᠦ ᠪᠣᠯᠤᠨ᠎ᠠ᠃ ᠣᠳᠣ ᠬᠤᠩ ᠬᠠᠢ ᠽᠢ ᠶᠢᠨ ᠤᠰᠤ ᠳᠠᠮᠵᠢᠭᠤᠯᠬᠤ ᠱᠤᠭᠤᠮ ᠳᠡᠭᠡᠷ᠎ᠡ 14 ᠠᠵᠤ ᠠᠬᠤᠶᠢᠯᠠᠯ ᠪᠣᠯᠤᠨ ᠤᠰᠤᠨ ᠰᠤᠷᠪᠤᠯᠵᠢ ᠶᠢᠨ ᠭᠠᠵᠠᠷ ᠤᠨ ᠡᠷᠭᠢᠨ ᠲᠣᠭᠤᠷᠢᠨ ᠤ ᠲᠣᠰᠬᠤᠨ ᠤ ᠠᠷᠠᠳ ᠤᠰᠤ ᠬᠡᠷᠡᠭᠯᠡᠵᠦ᠂ ᠬᠦᠷᠢᠶᠡᠯᠡᠩ ᠲᠣᠭᠤᠷᠢᠭ ᠤᠨ ᠳᠣᠲᠣᠷ᠎ᠠ ᠪᠠᠰᠠ 11 ᠠᠵᠤ ᠠᠬᠤᠶᠢᠯᠠᠯ ᠤᠰᠤ ᠳᠠᠳᠠᠵᠦ ᠬᠡᠷᠡᠭᠯᠡᠵᠦ ᠳᠡᠶᠢᠯᠦᠭᠰᠡᠨ ᠦᠭᠡᠢ᠃ ︽ᠠᠮᠢᠳᠤᠷᠠᠯ ᠤᠨ ᠤᠤᠭᠤᠬᠤ ᠤᠰᠤᠨ ᠤ ᠴᠢᠨᠠᠷ ᠤᠨ ᠠᠷᠢᠭᠤᠨ ᠴᠡᠪᠡᠷ ᠤᠨ ᠳᠦᠷᠢᠮᠵᠢᠯᠡᠯ︾᠎ ᠤᠨ ︽ᠤᠰᠤᠨ ᠤ ᠡᠬᠢ ᠰᠤᠷᠪᠤᠯᠵᠢ ᠎ ᠤᠨ ᠤᠰᠤ ᠲᠥᠪᠯᠡᠷᠡᠭᠦᠯᠦᠨ ᠠᠪᠴᠤ᠂ ᠨᠢᠭᠡᠳᠦᠯᠲᠡᠶ ᠴᠡᠪᠡᠷᠰᠢᠭᠦᠯᠦᠨ ᠰᠢᠶᠳᠪᠦᠷᠢᠯᠡᠬᠦ ᠪᠠ ᠠᠷᠢᠭᠤᠳᠬᠠᠭᠰᠠᠨ ᠤ ᠳᠠᠷᠠᠭ᠎ᠠ᠂ ᠤᠰᠤ ᠳᠠᠮᠵᠢᠭᠤᠯᠬᠤ ᠬᠤᠭᠤᠯᠠᠶ ᠶᠢᠨ ᠲᠣᠤᠷ ᠢᠶᠠᠷ ᠬᠡᠷᠡᠭᠯᠡᠭᠴᠢᠳ ᠤᠨ ᠤᠰᠤ ᠬᠠᠩᠭᠠᠬᠤ︾ ᠱᠠᠭᠠᠷᠳᠠᠯᠭ᠎ᠠ ᠶᠣᠰᠣᠭᠠᠷ ᠂ ᠤᠰᠤ ᠳᠠᠮᠵᠢᠭᠤᠯᠬᠤ ᠱᠤᠭᠤᠮ ᠳᠡᠭᠡᠷ᠎ᠡ ᠠᠴᠠ ᠤᠰᠤ ᠵᠠᠯᠭᠠᠭᠰᠠᠨ ᠨᠢ ᠲᠤᠭᠳᠠᠭᠠᠯ  ᠳᠤ ᠨᠡᠶᠢᠴᠡᠬᠦ ᠦᠭᠡᠢ᠃ ᠡᠭᠦᠨ ᠤ ᠳᠤ ᠬᠠᠮᠲᠤ ᠬᠤᠩ ᠬᠠᠢ ᠽᠢ ᠤᠰᠤᠨ ᠰᠤᠷᠪᠤᠯᠵᠢ ᠶᠢᠨ ᠭᠠᠵᠠᠷ ᠤᠨ ᠤᠰᠤ ᠳᠠᠮᠵᠢᠭᠤᠯᠬᠤ ᠬᠤᠭᠤᠯᠠᠶ ᠱᠤᠭᠤᠮ ᠨᠢ D N 400 m m ᠪᠡᠯᠡᠳᠬᠡᠯ ᠬᠤᠪᠢᠷᠠᠭᠠᠭᠳᠠᠯ ᠤᠨ ᠬᠦᠴᠦᠯᠡᠴᠡ ᠲᠠᠢ ᠱᠦᠶᠨᠢ ᠬᠤᠭᠤᠯᠠᠶ ᠪᠠᠶᠢᠵᠤ᠂ ᠤᠰᠤ ᠳᠠᠮᠵᠢᠭᠤᠯᠬᠤ ᠴᠢᠳᠠᠪᠤᠷᠢ ᠨᠢ 450 ᠪᠣᠰᠤᠭ᠎ᠠ ᠳᠥᠷᠪᠡᠯᠵᠢᠨ ᠮᠧᠲᠷ \ ᠴᠠᠭ ᠪᠠᠶᠢᠵᠤ᠂ ᠤᠰᠤᠨ ᠤ ᠬᠡᠮᠵᠢᠶ᠎ᠡ ᠨᠢ ᠨᠢᠭᠡᠨᠲᠡ 470 ᠪᠣᠰᠤᠭ᠎ᠠ ᠳᠥᠷᠪᠡᠯᠵᠢᠨ ᠮᠧᠲᠷ \ ᠴᠠᠭ ᠬᠦᠷᠦᠭᠰᠡᠨ ᠪᠠᠶᠢᠨ᠎ᠠ᠂ ᠬᠡᠷᠪᠡ ᠳᠠᠬᠢᠨ ᠤᠰᠤᠨ ᠰᠤᠷᠪᠤᠯᠵᠢ ᠶᠢᠨ ᠬᠤᠳᠳᠤᠭ ᠢ ᠨᠡᠮᠡᠪᠡᠯ ᠤᠰᠤ ᠳᠠᠮᠵᠢᠭᠤᠯᠬᠤ ᠬᠤᠭᠤᠯᠠᠶ ᠶᠢᠨ ᠱᠤᠭᠤᠮ ᠠᠴᠠ ᠳᠠᠪᠠᠭ᠋ᠤ ᠪᠣᠯᠤᠨ᠎ᠠ᠃      ᠬᠤᠷᠠᠯ ᠠᠴᠠ  ᠴᠢᠬᠤᠯᠠᠴᠢᠯᠠᠭᠰᠠᠨ ᠨᠢ᠂ ᠬᠤᠩ ᠬᠠᠢ ᠽᠢ ᠤᠰᠤᠨ ᠰᠤᠷᠪᠤᠯᠵᠢ ᠶᠢᠨ ᠭᠠᠵᠠᠷ ᠤᠨ ᠤᠰᠤᠨ ᠤ ᠦᠶᠯᠡᠳᠪᠦᠷᠢ ᠶᠢᠨ ᠢᠨᠵᠧᠨᠧᠷᠢᠩ ᠤᠨ ᠲᠥᠷᠥᠯ ᠵᠦᠶᠯ ᠪᠣᠯ ᠠᠷᠠᠳ ᠤᠨ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠴᠢᠬᠤᠯᠠ ᠶᠡᠭᠡ ᠠᠷᠭ᠎ᠠ ᠬᠡᠮᠵᠢᠶ᠎ᠡ ᠪᠣᠯᠤᠨ᠎ᠠ᠂ ᠮᠥᠨᠴᠦ ᠲᠣᠰ ᠬᠤᠭᠤᠴᠠᠭᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠷᠠᠳ ᠤᠨ ᠲᠥᠯᠥᠭᠡ ᠵᠢᠳᠬᠦᠬᠦ ᠴᠢᠬᠤᠯᠠ ᠶᠡᠭᠡ ᠲᠥᠷᠥᠯ ᠵᠦᠶᠯ ᠤᠨ ᠨᠢᠭᠡ ᠪᠣᠯᠤᠨ᠎ᠠ᠃ ᠡᠯ᠎ᠡ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠯᠠᠪᠳᠠᠭᠤᠨ ᠪᠠᠲᠤᠲᠠᠶ ᠠᠵᠢᠯᠯᠠᠵᠤ᠂ ᠡᠨᠡᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠦᠨᠡᠨᠬᠦ ᠰᠠᠶᠢᠲᠤᠷ ᠠᠳᠬᠤᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠴᠠᠭ ᠲᠤᠬᠠᠶ ᠳᠤᠨᠢ ᠶᠠᠰᠤ ᠴᠢᠨᠠᠷ ᠲᠠᠢ ᠪᠡᠶᠡᠯᠡᠭᠦᠯᠬᠦ ᠬᠡᠷᠡᠭᠲᠡᠶ᠃      ᠬᠤᠷᠠᠯ ᠠᠴᠠ ᠪᠠᠰᠠ ᠮᠠᠨ ᠤ  ᠲᠤᠭᠤᠷᠢᠭ  ᠎ ᠤᠨ ᠵᠠᠮ ᠤᠨ ᠲᠡᠮᠳᠡᠭ ᠱᠤᠭᠤᠮ ᠢ ᠳᠠᠬᠢᠨ ᠲᠣᠭᠲᠠᠭᠠᠬᠤ ᠵᠡᠷᠭᠡ ᠬᠠᠮᠢᠶ᠎ᠠ ᠪᠦᠬᠦᠢ ᠤᠴᠢᠷ ᠢ ᠰᠤᠳᠤᠯᠪᠠ᠃                                                                       ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2