ᠵᠢᠨᠢᠩ ᠲᠣᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠵᠢᠷᠠᠨ ᠨᠢᠭᠡᠳᠦᠭᠡᠷ  ᠤᠳᠠᠭᠠᠨ ᠤ  ᠪᠠᠶᠢᠡᠭᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019/8/27
     2019᠎  ᠤᠨ ᠤ 8 ᠰᠠᠷ᠎ᠠ ᠶᠢᠨ 20᠎ ᠤ ᠡᠳᠦᠷ᠂  ᠲᠤᠭᠤᠷᠢᠭ  ᠎ ᠤᠨ ᠨᠠᠮ ᠤᠨ  ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ᠂ ᠴᠠᠬᠠᠷ  ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠵᠦᠪᠯᠡᠯ ᠤᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠢᠶ ᠬᠤᠩ ᠵᠢᠨᠢᠩ ᠲᠣᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 61  ᠳ᠋ᠤᠭᠡᠷ  ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠬᠥᠳᠡᠭᠡ ᠲᠣᠰᠬᠤᠨ ᠤ ᠬᠥᠳᠡᠭᠡ ᠠᠵᠤ ᠠᠬᠤᠢ ᠶᠢᠨ ᠪᠣᠬᠢᠷᠲᠤᠯ ᠢ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠠᠵᠢᠯᠯᠠᠭ᠎ᠠ ᠶᠢᠨ ᠲᠥᠯᠥᠪᠯᠡᠭᠡ ᠶᠢ ᠬᠡᠷᠡᠭᠵᠢᠭᠦᠯᠬᠦ ᠲᠥᠰᠦᠯ︾ ᠵᠡᠷᠭᠡ ᠬᠠᠮᠢᠶ᠎ᠠ ᠪᠦᠬᠦᠢ ᠵᠦᠶᠯᠡᠰ ᠢ ᠬᠢᠨᠠᠨ ᠵᠥᠪᠯᠡᠪᠡ᠃      ᠬᠤᠷᠠᠯ ᠠᠴᠠ ᠵᠢᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠬᠥᠳᠡᠭᠡ ᠲᠣᠰᠬᠤᠨ ᠤ ᠪᠣᠬᠢᠷᠲᠤᠯ ᠢ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠠᠵᠢᠯᠯᠠᠭᠠᠨ ᠤ ᠲᠥᠯᠥᠪᠯᠡᠭᠡ ᠶᠢᠨ ᠬᠡᠷᠡᠭᠵᠢᠭᠦᠯᠬᠦ ᠲᠥᠰᠦᠯ︾ ︵ᠥᠪᠥᠷ ᠣᠷᠴᠢᠨ ᠠᠯᠪᠠᠨ ︹ 2019 ︺ 240 ᠳ᠋ᠤᠭᠡᠷ ᠲᠣᠭᠠᠲᠤ︶᠎ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ 2020᠎ ᠤᠨ ᠪᠣᠯᠬᠤ ᠳᠤ᠂ ︽ᠨᠢᠭᠡ ᠶᠢ ᠪᠠᠲᠤᠯᠠᠵᠤ ᠬᠤᠶᠠᠷ ᠢ ᠵᠠᠰᠠᠵᠤ ᠭᠤᠷᠪᠠ ᠶᠢ ᠪᠠᠭᠠᠰᠬᠠᠵᠤ ᠳᠥᠷᠪᠡ ᠶᠢ ᠳᠡᠭᠡᠭᠰᠢᠯᠡᠭᠦᠯᠬᠦ︾ ︵ᠪᠣᠳᠠᠲᠠᠶ ᠠᠭᠤᠯᠭ᠎ᠠ ᠶᠢ ᠠᠷᠤ ᠳᠤ ᠳᠠᠭᠠᠯᠳᠤᠭᠤᠯᠪᠠ︶ ᠬᠠᠷᠠᠯᠲᠠ ᠶᠢ ᠪᠡᠶᠡᠯᠡᠭᠦᠯᠵᠦ᠂ ᠮᠠᠨ ᠤ ᠲᠤᠭᠤᠷᠢᠭ ᠤᠨ ᠪᠣᠳᠠᠲᠠᠶ ᠲᠠᠢ ᠤᠶᠠᠯᠳᠤᠭᠤᠯᠤᠨ᠂ ︽ᠬᠥᠳᠡᠭᠡ ᠲᠣᠰᠬᠤᠨ ᠤ ᠲᠠᠷᠢᠶᠠᠯᠠᠩ ᠤᠨ ᠪᠣᠬᠢᠷᠲᠤᠯ ᠢ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠠᠵᠢᠯᠯᠠᠭᠠᠨ ᠤ ᠲᠥᠯᠥᠪᠯᠡᠭᠡ ᠶᠢᠨ ᠬᠡᠷᠡᠭᠵᠢᠭᠦᠯᠬᠦ ᠲᠥᠰᠦᠯ︾᠎ ᠢ ᠲᠣᠭᠲᠠᠭᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠠᠵᠢᠯ ᠎ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠬᠥᠳᠡᠭᠡ ᠠᠵᠤ ᠠᠬᠤᠢ ᠶᠢᠨ ᠦᠶᠯᠡᠳᠪᠦᠷᠢᠯᠡᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠠᠮᠢ ᠠᠬᠤᠶ ᠣᠷᠴᠢᠨ ᠲᠣᠭᠤᠷᠢᠨ ᠤ ᠰᠠᠶᠢᠵᠢᠷᠠᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠨᠠᠷᠢᠨ ᠨᠢᠮᠪᠠᠶ ᠪᠠᠶᠢᠷᠢᠯᠠᠭᠤᠯᠤᠨ᠂ ᠨᠠᠷᠢᠨ ᠬᠢᠨᠠᠮᠠᠭᠠᠶ ᠨᠠᠶᠢᠳᠠᠪᠤᠷᠢᠵᠢᠭᠤᠯᠬᠤ᠂ ᠠᠵᠢᠯ ᠤᠨ ᠡᠷᠴᠢᠮ ᠢᠶᠠᠨ ᠴᠢᠩᠭᠠᠷᠠᠭᠤᠯᠤᠨ᠂  ᠬᠦᠴᠦᠨ ᠢᠶᠠᠨ ᠬᠠᠮᠳᠤᠳᠬᠠᠵᠦ᠂ ᠡᠯ᠎ᠡ ᠵᠦᠶᠯ ᠤᠨ ᠠᠵᠢᠯ ᠢ ᠨᠠᠷᠢᠯᠢᠭ ᠬᠢᠬᠦ ᠶᠢ ᠲᠦᠯᠬᠢᠨ ᠠᠬᠢᠭᠤᠯᠬᠤ ᠬᠡᠷᠡᠭᠲᠡᠶ᠃       ᠬᠤᠷᠠᠯ ᠠᠴᠠ ᠪᠠᠰᠠ ︽ᠵᠢᠨᠢᠩ ᠲᠣᠭᠤᠷᠢᠭ ᠤᠨ ᠲᠦᠮᠦᠰᠦᠨ ᠤ ᠠᠵᠤ ᠦᠢᠯᠡᠰ ᠤᠨ ᠬᠥᠭᠵᠢᠯᠲᠡ ᠶᠢᠨ ᠬᠡᠷᠡᠭᠵᠢᠭᠦᠯᠬᠦ ᠲᠥᠰᠦᠯ︾᠂ ︽ᠵᠢᠨᠢᠩ ᠲᠣᠭᠤᠷᠢᠭ ᠤᠨ ᠨᠡᠶᠢᠭᠡᠮ ᠤᠨ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠦᠷᠨᠢᠭᠦᠯᠤᠨ ᠬᠡᠷᠡᠭᠵᠢᠭᠦᠯᠬᠦ ᠲᠥᠰᠦᠯ︾ ᠵᠡᠷᠭᠡ ᠬᠠᠮᠢᠶ᠎ᠠ ᠪᠦᠬᠦᠢ ᠵᠦᠶᠯᠡᠰ ᠢ ᠬᠢᠨᠠᠨ ᠵᠥᠪᠯᠡᠪᠡ᠃                                                                    ᠤᠷᠴᠢᠭᠤᠯᠤᠭᠴᠢ᠄ ᠲᠤᠶᠠᠭ᠎ᠠ                            
 
ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2